ᠤᠯᠠᠭᠠᠨᠴᠠᠪ ᠬᠤᠲᠠ ᠶᠢᠨ 12345 ᠵᠠᠰᠠᠭ ᠤᠨ ᠣᠷᠳᠣᠨ ᠤ ᠦᠢᠯᠡᠴᠢᠯᠡᠭᠡᠨ ᠤ | ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠠᠷᠭ᠎ᠠ | ᠨᠢᠭᠡᠳᠦᠭᠡᠷ ᠪᠦᠯᠦᠭ᠂ ᠶᠡᠷᠣᠩᠬᠢ ᠲᠦᠷᠢᠮ | ᠨᠢᠭᠡᠳᠦᠭᠡᠷ ᠵᠣᠶᠢᠯ᠂ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠣᠯᠠᠨ ᠲᠦᠮᠡᠨ ᠤ | ᠠᠵᠢᠯ ᠢ ᠰᠠᠶᠢᠲᠤᠷ ᠬᠢᠬᠦ᠂ ᠠᠷᠠᠳᠴᠢᠯᠠᠯ ᠤᠨ ᠠᠷᠭ᠎ᠠ ᠵᠠᠮ ᠢ ᠰᠠᠭᠠᠳ ᠥᠬᠡᠶ ᠨᠡᠪᠲᠡᠷᠡᠭᠦᠯᠬᠦ᠂ ᠠᠷᠠᠳ ᠤᠨ | ᠠᠮᠢᠳᠤᠷᠠᠯ ᠳᠤ ᠦᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ | ᠠᠷᠠᠳ ᠤᠨ ᠵᠠᠰᠠᠭ ᠤᠨ ᠣᠷᠳᠣᠨ ᠠᠴᠠ ᠪᠥᠬᠦ ᠬᠤᠲᠠ ᠶᠢᠨ ᠡᠯ᠎ᠡ ᠲᠥᠷᠥᠯ ᠤᠨ ᠪᠠᠴᠢᠮ ᠪᠤᠰᠤ ᠲᠥᠷᠥᠯ ᠤᠨ | ᠵᠠᠰᠠᠭ ᠤᠨ ᠣᠷᠳᠣᠨ ᠤ ᠦᠢᠯᠡᠴᠢᠯᠡᠭᠡᠨ ᠤ ᠲᠤᠰᠬᠠᠶ ᠱᠤᠭᠤᠮ ᠢ ᠡᠮᠬᠢᠯᠡᠨ ᠨᠡᠶᠢᠯᠡᠭᠦᠯᠵᠦ᠂ 12345 ᠵᠠᠰᠠᠭ ᠤᠨ | ᠣᠷᠳᠣᠨ ᠤ ᠦᠢᠯᠡᠴᠢᠯᠡᠭᠡᠨ ᠤ ᠬᠠᠯᠠᠮᠰᠢᠯ ᠤᠲᠠᠰᠤᠨ ᠤ ᠲᠠᠪᠴᠠᠩ ᠢ ᠪᠠᠶᠢᠭᠤᠯᠪᠠ᠃ 12345 ᠵᠠᠰᠠᠭ ᠤᠨ | ᠣᠷᠳᠣᠨ ᠤ ᠦᠢᠯᠡᠴᠢᠯᠡᠭᠡᠨ ᠤ ᠬᠠᠯᠠᠭᠤᠨ ᠤᠲᠠᠰᠤ ︵ᠳᠣᠷᠣᠭᠰᠢ ᠬᠠᠯᠠᠭᠤᠨ ᠤᠲᠠᠰᠤ ᠭᠡᠵᠦ ᠲᠣᠪᠴᠢᠯᠠᠨ᠎ᠠ︶ ᠪᠣᠯ | ᠬᠤᠳᠠ ᠶᠢᠨ ᠵᠠᠰᠠᠭ ᠤᠨ ᠣᠷᠳᠣᠨ ᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠬᠤᠯᠠ ᠲᠠᠪᠴᠠᠩ ᠪᠠ | ᠠᠷᠠᠳ ᠲᠦᠮᠡᠨ ᠳᠤ ᠦᠢᠯᠡᠴᠢᠯᠡᠬᠦ ᠴᠢᠬᠤᠯᠠ ᠠᠷᠭ᠎ᠠ ᠵᠠᠮ ᠮᠥᠨ᠂ ᠪᠠᠰᠠ ᠴᠤ ᠬᠠᠤᠯᠢ ᠪᠠᠷ ᠵᠠᠰᠠᠬᠤ ᠵᠠᠰᠠᠭ ᠤᠨ | ᠣᠷᠳᠣᠨ᠂ ᠰᠢᠨ᠎ᠡ ᠶᠢ ᠡᠭᠦᠳᠬᠦ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠪᠠ | ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠪᠠᠶᠢᠭᠤᠯᠬᠤ ᠪᠦᠲᠦᠮᠵᠢᠲᠡᠶ ᠠᠷᠭ᠎ᠠ ᠵᠠᠮ ᠮᠥᠨ᠃ ᠪᠥᠬᠦ | ᠬᠤᠲᠠ ᠶᠢᠨ ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠬᠠᠯᠠᠮᠰᠢᠯ ᠤᠲᠠᠰᠤ ᠶᠢᠨ | ᠦᠢᠯᠡᠴᠢᠯᠡᠭᠡᠨ ᠤ ᠴᠢᠳᠠᠪᠤᠷᠢ ᠪᠠ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢᠨ | ᠦᠢᠯᠡᠴᠢᠯᠡᠭᠡ ᠶᠢ ᠰᠢᠯᠢᠳᠡᠭᠵᠢᠭᠦᠯᠬᠦ ᠶᠢᠨ ᠲᠤᠰᠠᠳᠠ᠂ ᠪᠥᠬᠦ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ | ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠣᠶᠢᠯ᠂ ᠬᠠᠯᠠᠮᠰᠢᠯ ᠤᠲᠠᠰᠤ ᠨᠢ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠱᠠᠲᠤ ᠬᠤᠪᠢᠶᠠᠨ | ᠬᠠᠷᠢᠭᠤᠴᠠᠬᠤ᠂ ᠬᠢᠨᠠᠯᠲᠠ ᠲᠠᠯᠪᠢᠬᠤ ᠶᠢ ᠴᠢᠩᠭᠠᠷᠠᠭᠤᠯᠬᠤ᠂ ᠪᠣᠳᠠᠲᠤ ᠦᠷ᠎ᠡ ᠪᠦᠲᠦᠮᠵᠢ ᠶᠢ ᠴᠢᠬᠤᠯᠠᠴᠢᠯᠠᠬᠤ | ᠵᠠᠷᠴᠢᠮ ᠢ ᠵᠢᠷᠤᠮᠯᠠᠨ᠂ ᠨᠢᠭᠡᠳᠦᠯᠲᠡᠶ ᠭᠥᠯᠢᠶᠡᠨ ᠠᠪᠴᠤ ᠰᠣᠨᠣᠰᠬᠤ᠂ ᠬᠠᠷᠢᠭᠤᠴᠠᠯᠭ᠎ᠠ ᠶᠣᠰᠣᠭᠠᠷ ᠰᠢᠯᠵᠢᠭᠦᠯᠦᠨ | ᠭᠦᠢᠴᠡᠳᠭᠡᠬᠦ᠂ ᠬᠤᠭᠤᠴᠠᠭ᠎ᠠ ᠬᠢᠵᠠᠭᠠᠷᠯᠠᠨ ᠰᠢᠢᠳᠪᠣᠷᠢᠯᠡᠵᠦ ᠳᠠᠭᠤᠰᠬᠠᠬᠤ᠂ ᠨᠢᠭᠡᠳᠦᠯᠲᠡᠶ ᠰᠢᠮᠳᠠᠭᠤᠯᠤᠨ | ᠭᠦᠢᠴᠡᠳᠭᠡᠬᠦ᠂ ᠨᠢᠭᠡᠳᠦᠯᠲᠡᠶ ᠰᠢᠯᠭᠠᠨ ᠬᠢᠨᠠᠬᠤ ᠠᠵᠢᠯ ᠤᠨ ᠲᠣᠭᠲᠠᠴᠠ ᠶᠢ ᠬᠡᠷᠡᠭᠵᠢᠭᠦᠯᠦᠨ᠎ᠡ᠃ | ᠭᠤᠷᠪᠠᠳᠤᠭᠠᠷ ᠵᠣᠶᠢᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠪᠣᠯ ᠬᠠᠯᠠᠮᠰᠢᠯ ᠤᠲᠠᠰᠤ ᠶᠢᠨ | ᠠᠵᠢᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠᠶᠢᠵᠤ᠂ ᠬᠠᠯᠠᠮᠰᠢᠯ ᠤᠲᠠᠰᠤ ᠶᠢᠨ ᠬᠤᠯᠪᠣᠭᠳᠠᠯ ᠪᠥᠬᠦᠶ | ᠪᠥᠲᠥᠭᠡᠨ ᠪᠠᠶᠢᠭᠤᠯᠤᠯᠲᠠ᠂ ᠬᠠᠮᠢᠶᠠᠷᠤᠯᠲᠠ ᠶᠢᠨ ᠠᠵᠢᠯ ᠢ ᠲᠦᠷᠦᠭᠦᠯᠡᠨ ᠬᠠᠷᠢᠭᠤᠴᠠᠨ᠎ᠠ᠃ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠤᠨ ᠵᠠᠰᠠᠭ ᠤᠨ ᠶᠠᠪᠤᠳᠠᠯ ᠢ ᠢᠯᠡ ᠪᠣᠯᠭᠠᠬᠤ ᠠᠯᠪᠠᠨ ᠬᠡᠷ ᠠᠴᠠ ᠬᠠᠯᠠᠮᠰᠢᠯ ᠤᠲᠠᠰᠤ ᠶᠢᠨ | ᠪᠣᠳᠠᠲᠠᠶ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠬᠡᠷᠡᠭ ᠶᠠᠪᠤᠳᠠᠯ ᠢ ᠰᠢᠮᠳᠠᠭᠤᠯᠤᠨ ᠭᠦᠢᠴᠡᠳᠭᠡᠬᠦ᠂ | ᠰᠢᠯᠭᠠᠨ ᠬᠢᠨᠠᠬᠤ᠂ ᠢᠯᠡ ᠪᠣᠯᠭᠠᠬᠤ ᠵᠡᠷᠭᠡ ᠡᠳᠦᠷ ᠲᠤᠲᠤᠮ ᠤᠨ ᠬᠠᠮᠢᠶᠠᠷᠤᠯᠲᠠ ᠶᠢᠨ ᠠᠵᠢᠯ ᠢ ᠬᠠᠷᠢᠭᠤᠴᠠᠨ᠂ ᠲᠣᠰ | ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ︵ᠨᠢᠭᠡ︶ ᠪᠥᠬᠦ ᠬᠤᠲᠠ ᠶᠢᠨ ᠡᠯ᠎ᠡ ᠬᠠᠯᠠᠭᠤᠨ ᠤᠲᠠᠰᠤᠨ ᠤ ᠤᠲᠠᠰᠤ ᠶᠢ ᠡᠮᠬᠢᠯᠡᠨ ᠨᠡᠶᠢᠯᠡᠭᠦᠯᠬᠦ ᠪᠠ ᠬᠢᠨᠠᠨ | ᠬᠠᠮᠢᠶᠠᠷᠬᠤ ᠶᠢ ᠬᠠᠷᠢᠭᠤᠴᠠᠨ᠎ᠠ ᠃ | ︵ᠬᠤᠶᠠᠷ︶ ᠬᠠᠯᠠᠮᠰᠢᠯ ᠤᠲᠠᠰᠤ ᠶᠢᠨ ᠠᠵᠢᠯ ᠤᠨ ᠵᠢᠷᠤᠮᠵᠢᠯ᠂ ᠦᠢᠯᠡᠴᠢᠯᠡᠭᠡᠨ ᠤ ᠪᠠᠷᠢᠮᠵᠢᠶ᠎ᠠ᠂ ᠲᠤᠬᠠᠶᠢᠯᠠᠭᠰᠠᠨ | ᠠᠵᠢᠯ ᠤᠨ ᠴᠤᠪᠤᠷᠠᠯ ᠪᠠ ᠰᠢᠯᠭᠠᠨ ᠬᠢᠨᠠᠬᠤ ᠠᠷᠭ᠎ᠠ ᠶᠢ ᠲᠣᠭᠲᠠᠭᠠᠨ᠎ᠠ ᠃ | ︵ᠭᠤᠷᠪᠠ︶ ᠳᠠᠭᠠᠭᠠᠨ ᠠᠪᠴᠤ ᠭᠦᠢᠴᠡᠳᠭᠡᠬᠦ ᠨᠢᠭᠡᠴᠡ ᠶᠢᠨ ᠭᠦᠢᠴᠡᠳᠭᠡᠬᠦ ᠠᠵᠢᠯ ᠢ ᠵᠣᠬᠢᠴᠠᠭᠤᠯᠵᠤ᠂ | ᠬᠢᠨᠠᠯᠲᠠ ᠲᠠᠯᠪᠢᠬᠤ ᠪᠠ ᠬᠢᠨᠠᠨ ᠰᠢᠯᠭᠠᠨ᠎ᠠ᠃ | ︵ᠳᠥᠷᠪᠡ︶ ᠡᠵᠡᠩᠨᠡᠯᠲᠡ ᠶᠢᠨ ᠬᠤᠳᠠᠯᠳᠤᠭᠠᠴᠢᠨ ᠤ ᠬᠠᠯᠠᠮᠰᠢᠯ ᠤᠲᠠᠰᠤᠨ ᠤ ᠲᠠᠪᠴᠠᠩ ᠤᠨ ᠡᠵᠡᠩᠨᠡᠯᠲᠡ | ᠬᠠᠮᠢᠶᠠᠷᠤᠯᠲᠠ ᠳᠤ ᠬᠢᠨᠠᠯᠲᠠ ᠲᠠᠯᠪᠢᠵᠤ᠂ ᠬᠠᠮᠢᠶ᠎ᠠ ᠪᠥᠬᠦᠶ ᠦᠢᠯᠡᠴᠢᠯᠡᠭᠡᠨ ᠳᠤ ᠦᠨᠡᠯᠡᠨ ᠵᠢᠱᠢᠯᠲᠡ᠂ ᠬᠢᠨᠠᠨ | ᠰᠢᠯᠭᠠᠯᠲᠠ ᠬᠢᠨ᠎ᠠ᠃ | ︵ᠲᠠᠪᠤ︶ ᠤᠯᠠᠨ ᠨᠡᠶᠢᠳᠡ ᠶᠢᠨ ᠠᠰᠠᠷᠠᠮᠵᠢ ᠶᠢᠨ ᠵᠠᠷ ᠮᠡᠳᠡᠭᠡ ᠶᠢᠨ ᠤᠬᠠᠭᠤᠯᠭ᠎ᠠ ᠶᠢᠨ ᠠᠵᠢᠯ ᠢ ᠵᠣᠬᠢᠶᠠᠨ | ᠪᠠᠶᠢᠭᠤᠯᠤᠨ ᠥᠷᠨᠢᠭᠦᠯᠬᠦ | ︵ᠵᠢᠷᠭᠤᠭ᠎ᠠ︶ ᠬᠠᠯᠠᠭᠤᠨ ᠤᠲᠠᠰᠤ ᠲᠠᠢ ᠬᠤᠯᠪᠣᠭᠳᠠᠬᠤ ᠪᠤᠰᠤᠳ ᠠᠵᠢᠯ ᠤᠨ ᠡᠭᠦᠷᠭᠡ ᠶᠢ ᠳᠠᠭᠠᠭᠠᠨ | ᠭᠦᠢᠴᠡᠳᠭᠡᠨ᠎ᠡ᠃ | ᠳᠥᠷᠪᠡᠳᠦᠭᠡᠷ ᠵᠣᠶᠢᠯ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ | ᠬᠤᠲᠠ ᠶᠢᠨ ᠵᠠᠰᠠᠭ ᠤᠨ ᠣᠷᠳᠣᠨ ᠤ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠣᠯᠠᠨ ᠨᠡᠶᠢᠲᠡ ᠶᠢᠨ | ᠦᠢᠯᠡᠴᠢᠯᠡᠭᠡᠨ ᠤ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠪᠠᠷ ᠬᠠᠯᠠᠮᠰᠢᠯ ᠤᠲᠠᠰᠤ ᠶᠢ ᠳᠠᠭᠠᠭᠠᠨ | ᠭᠦᠢᠴᠡᠳᠭᠡᠬᠦ ᠨᠢᠭᠡᠴᠡ ᠪᠣᠯᠭᠠᠵᠤ᠂ ᠬᠤᠪᠢᠳᠠᠨ ᠬᠠᠮᠢᠶᠠᠷᠴᠤ ᠪᠥᠬᠦᠶ ᠤᠳᠤᠷᠢᠳᠤᠯᠭ᠎ᠠ᠂ ᠬᠠᠷᠢᠭᠤᠴᠠᠯᠭᠠᠲᠠᠨ᠂ | ᠳᠠᠭᠠᠭᠠᠨ ᠭᠦᠢᠴᠡᠳᠭᠡᠭᠡᠴᠢ ᠶᠢ ᠲᠣᠳᠣᠷᠬᠠᠶᠢᠯᠠᠵᠤ᠂ ᠬᠠᠯᠠᠮᠰᠢᠯ ᠤᠲᠠᠰᠤ ᠶᠢᠨ ᠲᠠᠪᠴᠠᠩ ᠤᠨ ᠳᠠᠮᠵᠢᠭᠤᠯᠤᠨ | ᠲᠤᠰᠢᠶᠠᠭᠰᠠᠨ ᠵᠣᠶᠢᠯᠡᠰ ᠢ ᠭᠥᠯᠢᠶᠡᠨ ᠠᠪᠬᠤ᠂ ᠭᠦᠢᠴᠡᠳᠭᠡᠬᠦ᠂ ᠬᠠᠷᠢᠭᠤ ᠥᠭᠬᠦ ᠶᠢ ᠬᠠᠷᠢᠭᠤᠴᠠᠵᠤ᠂ ᠵᠠᠰᠠᠭ ᠤᠨ | ᠶᠠᠪᠤᠳᠠᠯ ᠤᠨ ᠮᠡᠳᠡᠭᠡ ᠵᠠᠩᠭᠢ ᠶᠢ ᠰᠢᠨᠡᠳᠬᠡᠵᠦ᠂ ᠬᠠᠯᠠᠮᠰᠢᠯ ᠤᠲᠠᠰᠤ ᠶᠢᠨ ᠮᠡᠳᠡᠯᠭᠡ ᠶᠢᠨ ᠬᠥᠮᠥᠷᠭᠡ ᠶᠢ | ᠲᠡᠭᠦᠯᠳᠡᠷᠵᠢᠭᠦᠯᠬᠦ ᠬᠡᠷᠡᠭᠲᠡᠶ᠃ | ᠡᠯ᠎ᠡ ᠱᠠᠲᠤᠨ ᠤ ᠳᠠᠭᠠᠭᠠᠨ ᠭᠦᠢᠴᠡᠳᠭᠡᠬᠦ ᠨᠢᠭᠡᠴᠡ ᠨᠢ ᠡᠭᠦᠷᠭᠡ ᠬᠠᠷᠢᠭᠤᠴᠠᠯᠭ᠎ᠠ ᠶᠢᠨ ᠲᠣᠭᠲᠠᠭᠠᠯ ᠶᠣᠰᠣᠭᠠᠷ | ᠱᠠᠲᠤ ᠬᠤᠪᠢᠶᠠᠨ ᠭᠦᠢᠴᠡᠳᠭᠡᠬᠦ ᠵᠣᠶᠢᠯᠡᠰ ᠢ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ | ᠭᠦᠢᠴᠡᠳᠭᠡᠭᠰᠡᠨ ᠦᠢᠯᠡ ᠠᠵᠢᠯᠯᠠᠭ᠎ᠠ ᠪᠠ ᠦᠷ᠎ᠡ ᠳ᠋ᠦᠩ ᠳᠤ ᠬᠠᠷᠢᠭᠤᠴᠠᠬᠤ ᠬᠡᠷᠡᠭᠲᠡᠶ᠃ | ᠬᠤᠶᠠᠳᠤᠭᠠᠷ ᠪᠦᠯᠦᠭ᠂ ᠲᠠᠪᠴᠠᠩ ᠤᠨ ᠪᠠᠶᠢᠭᠤᠯᠤᠯᠲᠠ | ᠲᠠᠪᠤᠳᠤᠭᠠᠷ ᠵᠣᠶᠢᠯ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠨᠢᠭᠡᠳᠦᠭᠡᠷ ᠨᠣᠮᠧᠷᠲᠤ ᠭᠥᠯᠢᠶᠡᠨ ᠠᠪᠴᠤ | ᠰᠢᠢᠳᠪᠣᠷᠢᠯᠡᠨ᠎ᠡ᠃ ᠪᠥᠬᠦ ᠬᠤᠲᠠ ᠶᠢᠨ ᠬᠠᠯᠠᠭᠤᠨ ᠤᠲᠠᠰᠤᠨ ᠤ ᠡᠬᠢ ᠪᠠᠶᠠᠯᠢᠭ ᠢ ᠡᠮᠬᠢᠯᠡᠨ ᠨᠡᠶᠢᠯᠡᠭᠦᠯᠬᠦ | ᠡᠷᠴᠢᠮ ᠢᠶᠠᠨ ᠴᠢᠩᠭᠠᠷᠠᠭᠤᠯᠵᠤ᠂ 12345 ᠬᠠᠯᠠᠭᠤᠨ ᠤᠲᠠᠰᠤ ᠶᠢ ᠪᠥᠬᠦ ᠬᠤᠲᠠ ᠶᠢᠨ ᠡᠯ᠎ᠡ ᠱᠠᠲᠤᠨ ᠤ ᠡᠯ᠎ᠡ | ᠰᠠᠯᠠᠭ᠎ᠠ ᠮᠥᠴᠢᠷ ᠤᠨ ᠭᠠᠳᠠᠭᠠᠳᠤ ᠳᠤ ᠦᠢᠯᠡᠴᠢᠯᠡᠬᠦ ᠪᠠ ᠬᠢᠨᠠᠯᠲᠠ ᠲᠠᠯᠪᠢᠬᠤ ᠶᠢᠨ ᠨᠢᠭᠡᠳᠦᠯᠲᠡᠶ ᠢᠯᠡ ᠳ᠋ᠢᠶᠠᠩᠬᠤᠸᠠ | ᠪᠠ ᠭᠥᠯᠢᠶᠡᠨ ᠠᠪᠴᠤ ᠰᠢᠢᠳᠪᠣᠷᠢᠯᠡᠬᠦ ᠲᠠᠪᠴᠠᠩ ᠪᠣᠯᠭᠠᠵᠤ᠂ ᠪᠥᠬᠦ ᠬᠤᠲᠠ ᠶᠢᠨ ᠬᠠᠯᠠᠭᠤᠨ ᠤᠲᠠᠰᠤᠨ ᠤ ᠡᠬᠢ | ᠪᠠᠶᠠᠯᠢᠭ ᠢ ᠦᠨᠡᠨ ᠪᠣᠳᠠᠲᠠᠶ ᠪᠠᠷ ᠡᠮᠬᠢᠯᠡᠨ ᠨᠡᠶᠢᠯᠡᠭᠦᠯᠵᠦ᠂ ︽ᠨᠢᠭᠡᠳᠦᠭᠡᠷ ᠨᠣᠮᠧᠷᠲᠤ ᠭᠠᠳᠠᠭᠠᠳᠤ ᠳᠤ ᠦᠢᠯᠡᠴᠢᠯᠡᠬᠦ︾ | ︽ᠨᠢᠭᠡ ᠥᠷᠲᠡᠭᠡᠨ ᠤ ᠮᠠᠶ᠋ᠢᠭ ᠤᠨ ᠦᠢᠯᠡᠴᠢᠯᠡᠭᠡ︾ ᠶᠢ ᠪᠥᠬᠦ ᠲᠠᠯ᠎ᠠ ᠪᠠᠷ ᠬᠡᠷᠡᠭᠵᠢᠭᠦᠯᠦᠨ᠂ ᠠᠪᠢᠶ᠎ᠠ᠂ ᠣᠬᠤᠷ | ᠮᠡᠳᠡᠭᠡ᠂ ᠰᠦᠯᠵᠢᠶ᠎ᠡ᠂ ᠹᠠᠺᠰ ᠵᠡᠷᠭᠡ ᠠᠷᠭ᠎ᠠ ᠵᠠᠮ ᠢᠶᠠᠷ ᠨᠢᠭᠡᠳᠦᠯᠲᠡᠶ ᠭᠥᠯᠢᠶᠡᠨ ᠠᠪᠤᠨ᠎ᠠ᠃ ᠤᠯᠤᠰ ᠤᠨ ᠶᠠᠮᠤᠨ | ᠵᠥᠪᠯᠡᠯ᠂ ᠳᠡᠭᠡᠳᠦ ᠱᠠᠲᠤᠨ ᠤ ᠨᠢᠭᠡᠴᠡ ᠳᠤ ᠬᠠᠷᠢᠶᠠᠯᠠᠭᠳᠠᠬᠤ ᠬᠠᠯᠠᠭᠤᠨ ᠤᠲᠠᠰᠤᠨ ᠤ ᠨᠣᠮᠧᠷ ᠢ ᠲᠦᠷ | ᠦᠯᠡᠳᠡᠭᠡᠵᠦ᠂ ᠬᠠᠯᠠᠭᠤᠨ ᠤᠲᠠᠰᠤᠨ ᠤ ᠬᠤᠤᠰ ᠨᠣᠮᠧᠷ ᠲᠠᠢ ᠵᠡᠷᠭᠡᠴᠡᠭᠦᠯᠵᠦ ᠪᠣᠯᠤᠨ᠎ᠠ᠂ ᠭᠡᠬᠦ ᠳᠡᠭᠡᠨ ᠬᠠᠯᠠᠭᠤᠨ | ᠤᠲᠠᠰᠤᠨ ᠤ ᠬᠢᠨᠠᠯᠲᠠ᠂ ᠬᠢᠨᠠᠨ ᠰᠢᠯᠭᠠᠯᠲᠠ ᠶᠢ ᠬᠦᠯᠢᠶᠡᠬᠦ ᠶᠢᠨ ᠬᠠᠮᠲᠤ ᠠᠯᠬᠤᠮ ᠠᠯᠬᠤᠮ ᠢᠶᠠᠷ ᠡᠮᠬᠢᠯᠡᠨ | ᠨᠡᠶᠢᠯᠡᠭᠦᠯᠬᠦ ᠬᠡᠷᠡᠭᠲᠡᠶ᠃ | ᠵᠢᠷᠭᠤᠳᠤᠭᠠᠷ ᠵᠦᠢᠯ᠂ ᠪᠠᠷᠢᠮᠵᠢᠶᠠᠵᠢᠭᠤᠯᠬᠤ ᠪᠥᠳᠥᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠬᠠᠯᠠᠭᠤᠨ | ᠤᠲᠠᠰᠤ ᠨᠢ ᠲᠠᠩ ᠵᠠᠮᠲᠤ ᠲᠦᠷᠢᠮ ᠤᠨ ᠪᠢᠲᠡᠭᠦᠦ ᠴᠠᠭᠠᠷᠢᠭ ᠤᠨ ᠠᠵᠢᠯᠯᠠᠭᠠᠨ ᠤ ᠪᠠᠷᠢᠮᠵᠢᠶ᠎ᠠ ᠶᠢ ᠬᠡᠷᠡᠭᠵᠢᠭᠦᠯᠵᠦ᠂ | ᠦᠢᠯᠡᠴᠢᠯᠡᠭᠡ᠂ ᠲᠤᠭ᠎ᠠ ᠪᠠᠷᠢᠮᠲᠠ᠂ ᠬᠠᠮᠢᠶᠠᠷᠤᠯᠲᠠ ᠶᠢᠨ ᠵᠢᠷᠤᠮᠵᠢᠯᠲᠠ ᠪᠠ ᠪᠠᠷᠢᠮᠵᠢᠶᠠᠵᠢᠯᠲᠠ ᠶᠢ ᠪᠡᠶᠡᠯᠡᠭᠦᠯᠦᠨ᠎ᠡ᠃ | ᠬᠠᠯᠠᠭᠤᠨ ᠤᠲᠠᠰᠤᠨ ᠤ ᠲᠤᠭ᠎ᠠ ᠪᠠᠷᠢᠮᠲᠠ ᠶᠢᠨ ᠵᠠᠳᠠᠯᠤᠯᠲᠠ ᠪᠠ ᠬᠡᠷᠡᠭᠯᠡᠯᠲᠡ ᠶᠢ ᠴᠢᠩᠭᠠᠳᠬᠠᠵᠤ᠂ ᠲᠤᠭ᠎ᠠ | ᠪᠠᠷᠢᠮᠲᠠ ᠶᠢ ᠬᠠᠮᠲᠤᠪᠠᠷ ᠭᠥᠷᠳᠡᠵᠦ ᠬᠠᠮᠲᠤᠪᠠᠷ ᠬᠡᠷᠡᠭᠯᠡᠬᠦ ᠶᠢ ᠪᠡᠶᠡᠯᠡᠭᠦᠯᠦᠨ᠎ᠡ᠃ | ᠳᠣᠯᠣᠳᠤᠭᠠᠷ ᠵᠦᠢᠯ᠂ ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠪᠠ ᠬᠠᠮᠢᠶᠠᠷᠤᠯᠲᠠ ᠳᠤ ︽ᠨᠢᠭᠡᠳᠦᠯᠲᠡᠶ | ᠪᠠᠶᠢᠭᠤᠯᠬᠤ᠂ ᠱᠠᠳᠤ ᠬᠤᠪᠢᠶᠠᠨ ᠬᠠᠮᠠᠭᠠᠯᠠᠬᠤ᠂ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ︾ ᠵᠠᠷᠴᠢᠮ ᠢ ᠵᠢᠷᠤᠮᠯᠠᠬᠤ | ᠬᠡᠷᠡᠭᠲᠡᠶ᠃ ᠲᠤᠭ᠎ᠠ ᠪᠠᠷᠢᠮᠲᠠ ᠶᠢᠨ ᠬᠠᠮᠠᠭᠠᠯᠠᠯᠲᠠ ᠳᠤ ︽ᠬᠡᠨ ᠬᠠᠩᠭᠠᠭᠰᠠᠨ ᠪᠣᠯ ᠲᠡᠷᠡ ᠬᠠᠮᠠᠭᠠᠯᠠᠭᠰᠠᠨ ᠪᠣᠯ ᠲᠡᠷᠡ | ᠬᠠᠷᠢᠭᠤᠴᠠᠬᠤ︾ ᠵᠠᠷᠴᠢᠮ ᠢ ᠬᠡᠷᠡᠭᠵᠢᠭᠦᠯᠵᠦ᠂ ᠳᠠᠭᠠᠭᠠᠨ ᠭᠦᠢᠴᠡᠳᠭᠡᠭᠦ ᠨᠢᠭᠡᠴᠡ ᠨᠢ ᠲᠣᠭᠲᠠᠭᠠᠯ ᠶᠣᠰᠣᠭᠠᠷ ᠲᠣᠰ | ᠨᠢᠭᠡᠴᠡ ᠳᠤ ᠬᠤᠯᠪᠣᠭᠳᠠᠬᠤ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢᠨ ᠮᠡᠳᠡᠭᠡ ᠵᠠᠩᠭᠢ ᠶᠢ ᠬᠠᠩᠭᠠᠵᠤ᠂ | ᠰᠢᠨᠡᠳᠬᠡᠵᠦ᠂ ᠬᠠᠮᠠᠭᠠᠯᠠᠵᠤ᠂ ᠦᠨᠡᠨ ᠪᠣᠳᠠᠲᠠᠶ ᠡᠷᠬᠡ ᠰᠦᠷ ᠲᠠᠢ᠂ ᠴᠠᠭ ᠲᠤᠬᠠᠶ ᠳᠤᠨᠢ ᠣᠨᠣᠪᠴᠢᠲᠠᠶ ᠪᠠᠶᠢᠬᠤ ᠶᠢ | ᠦᠨᠡᠨᠬᠦ ᠪᠠᠲᠤᠯᠠᠵᠤ᠂ ᠴᠠᠭ ᠲᠤᠬᠠᠶ ᠳᠤᠨᠢ ᠬᠠᠷᠢᠭᠤᠯᠬᠤ ᠪᠠ ᠪᠠᠶᠢᠴᠠᠭᠠᠨ ᠯᠠᠪᠯᠠᠬᠤ ᠳᠤ ᠲᠤᠯᠭᠠᠭᠤᠷᠢᠯᠠᠯ | ᠬᠠᠩᠭᠠᠬᠤ ᠶᠢᠨ ᠬᠠᠮᠲᠤ᠂ ᠬᠠᠩᠭᠠᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ | ᠣᠨᠣᠪᠴᠢᠲᠤ ᠴᠢᠨᠠᠷ ᠲᠤ ᠪᠥᠬᠦ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠃ | ᠡᠯ᠎ᠡ ᠳᠠᠭᠠᠭᠠᠨ ᠭᠦᠢᠴᠡᠳᠭᠡᠬᠦ ᠨᠢᠭᠡᠴᠡ ᠨᠦᠭᠦᠳ ᠣᠯᠠᠨ ᠲᠦᠮᠡᠨ ᠤ ᠲᠣᠰ ᠪᠡᠶ᠎ᠡ ᠶᠢᠨ ᠠᠰᠢᠭ ᠲᠤᠰᠠ ᠳᠤ | ᠬᠤᠯᠪᠣᠭᠳᠠᠬᠤ ᠴᠢᠬᠤᠯᠠ ᠵᠣᠶᠢᠯᠡᠰ ᠪᠠ ᠲᠥᠷᠥ ᠶᠢᠨ ᠪᠣᠳᠣᠯᠭ᠎ᠠ ᠳᠤ᠂ ᠬᠠᠮᠢᠶ᠎ᠠ ᠪᠥᠬᠦᠶ ᠮᠡᠳᠡᠭᠡ ᠵᠠᠩᠭᠢ ᠶᠢ | ᠨᠡᠶᠢᠲᠡᠯᠡᠭᠰᠡᠨ 1 ᠠᠵᠢᠯ ᠤᠨ ᠡᠳᠦᠷ ᠤᠨ ᠳᠣᠲᠣᠷ᠎ᠠ ᠬᠠᠯᠠᠮᠰᠢᠯ ᠤᠲᠠᠰᠤᠨ ᠤ ᠮᠡᠳᠡᠯᠭᠡ ᠶᠢᠨ ᠬᠥᠮᠥᠷᠭᠡ ᠶᠢᠨ ᠬᠠᠮᠢᠶ᠎ᠠ | ᠪᠥᠬᠦᠶ ᠮᠡᠳᠡᠭᠡ ᠵᠠᠩᠭᠢ ᠶᠢ ᠰᠢᠨᠡᠳᠬᠡᠨ ᠬᠠᠮᠠᠭᠠᠯᠠᠬᠤ ᠬᠡᠷᠡᠭᠲᠡᠶ᠃ | ᠨᠠᠢᠮᠠᠳᠣᠭᠠᠷ ᠵᠣᠶᠢᠯ᠂ ᠬᠠᠯᠠᠮᠰᠢᠯ ᠤᠲᠠᠰᠤᠨ ᠤ ᠲᠠᠪᠴᠠᠩ ᠤᠨ ᠡᠵᠡᠩᠨᠡᠯᠲᠡ ᠶᠢᠨ ᠲᠠᠯ᠎ᠠ ᠪᠣᠯ ᠬᠠᠯᠠᠮᠰᠢᠯ | ᠤᠲᠠᠰᠤᠨ ᠤ ᠲᠠᠪᠴᠠᠩ ᠤᠨ ᠡᠵᠡᠩᠨᠡᠯᠲᠡ ᠬᠠᠮᠢᠶᠠᠷᠤᠯᠲᠠ ᠶᠢᠨ ᠪᠣᠳᠠᠲᠠᠶ ᠨᠢᠭᠡᠴᠡ ᠪᠠᠶᠢᠵᠤ᠂ ᠲᠠᠪᠴᠠᠩ ᠤᠨ | ᠠᠵᠢᠯᠯᠠᠭᠠᠨ ᠳᠤᠮᠳᠠᠬᠢ ᠡᠯ᠎ᠡ ᠵᠣᠶᠢᠯ ᠤᠨ ᠮᠡᠷᠭᠡᠵᠢᠯ ᠤᠨ ᠠᠰᠠᠭᠤᠳᠠᠯ ᠢ ᠴᠠᠭ ᠲᠤᠬᠠᠶ ᠳᠤᠨᠢ ᠰᠢᠢᠳᠪᠣᠷᠢᠯᠡᠵᠦ᠂ | ᠡᠳᠦᠷ ᠪᠦᠷᠢ 12 ᠴᠠᠭ ︵8 — 20 ᠴᠠᠭ︶ ᠤᠨ ᠬᠥᠮᠦᠨ ᠤ ᠬᠦᠴᠦ ᠪᠠᠷ ᠭᠥᠯᠢᠶᠡᠨ ᠠᠪᠴᠤ ᠰᠣᠨᠣᠰᠬᠤ | ᠦᠢᠯᠡᠴᠢᠯᠡᠭᠡ ᠬᠠᠩᠭᠠᠨ᠎ᠠ᠃ | ︵ᠨᠢᠭᠡ︶ ᠬᠡᠷᠡᠭᠴᠡᠭᠡ ᠶᠣᠰᠣᠭᠠᠷ ᠵᠢᠷᠤᠭᠯᠠᠨ ᠲᠥᠯᠥᠪᠯᠡᠬᠦ᠂ ᠨᠡᠭᠡᠭᠡᠨ ᠬᠥᠭᠵᠢᠭᠦᠯᠵᠦ ᠪᠥᠲᠥᠭᠡᠨ ᠪᠠᠶᠢᠭᠤᠯᠬᠤ᠂ | ᠰᠢᠨᠡᠳᠬᠡᠵᠦ ᠬᠠᠮᠠᠭᠠᠯᠠᠬᠤ ᠪᠠ ᠡᠳᠦᠷ ᠲᠤᠲᠤᠮ ᠤᠨ ᠡᠵᠡᠩᠨᠡᠯᠲᠡ ᠬᠠᠮᠢᠶᠠᠷᠤᠯᠲᠠ ᠶᠢᠨ ᠬᠠᠯᠠᠮᠰᠢᠯ ᠤᠲᠠᠰᠤᠨ ᠤ | ᠲᠠᠪᠴᠠᠩ ᠢ ᠪᠠᠶᠢᠭᠤᠯᠵᠤ᠂ ᠬᠠᠯᠠᠮᠰᠢᠯ ᠤᠲᠠᠰᠤᠨ ᠤ ᠲᠠᠪᠴᠠᠩ ᠤᠨ ᠠᠵᠢᠯᠲᠠᠨ ᠢ ᠤᠷᠢᠬᠤ᠂ ᠬᠠᠮᠢᠶᠠᠷᠬᠤ ᠪᠠ | ᠪᠣᠯᠪᠠᠰᠤᠷᠠᠭᠤᠯᠤᠨ᠎ᠠ᠃ | ︵ᠬᠤᠶᠠᠷ︶ ᠲᠤᠰᠬᠠᠭᠰᠠᠨ ᠵᠣᠶᠢᠯᠡᠰ ᠢ ᠳᠠᠩᠰᠠᠯᠠᠬᠤ᠂ ᠳᠠᠷᠤᠶ ᠳᠤᠨᠢ ᠭᠦᠢᠴᠡᠳᠭᠡᠬᠦ᠂ ᠰᠢᠯᠵᠢᠭᠦᠯᠦᠨ | ᠭᠦᠢᠴᠡᠳᠭᠡᠬᠦ᠂ ᠱᠠᠭᠠᠷᠳᠠᠨ ᠭᠦᠢᠴᠡᠳᠭᠡᠬᠦ᠂ ᠬᠠᠷᠢᠭᠤ ᠲᠤᠰᠬᠠᠬᠤ᠂ ᠪᠦᠷᠢᠳᠬᠡᠨ ᠲᠠᠩᠰᠠ ᠡᠪᠬᠡᠮᠡᠯ ᠳᠤ ᠣᠷᠣᠭᠤᠯᠬᠤ | ᠵᠡᠷᠭᠡ ᠠᠵᠢᠯ ᠢ ᠰᠠᠶᠢᠲᠤᠷ ᠬᠢᠨ᠎ᠠ᠃ | ︵ᠭᠤᠷᠪᠠ︶ ᠬᠠᠯᠠᠭᠤᠨ ᠤᠲᠠᠰᠤᠨ ᠤ ᠲᠠᠪᠴᠠᠩ ᠤᠨ ᠡᠯ᠎ᠡ ᠵᠣᠶᠢᠯ ᠤᠨ ᠲᠤᠭ᠎ᠠ ᠪᠠᠷᠢᠮᠲᠠ ᠶᠢ ᠴᠠᠭ | ᠲᠤᠬᠠᠶ ᠳᠤᠨᠢ ᠬᠢᠨᠠᠨ ᠡᠵᠡᠮᠳᠡᠵᠦ᠂ ᠡᠳᠦᠷ᠂ ᠭᠠᠷᠠᠭ᠂ ᠰᠠᠷ᠎ᠠ᠂ ᠤᠯᠠᠷᠢᠯ᠂ ᠣᠨ ᠵᠡᠷᠭᠡ ᠦᠨᠳᠦᠰᠦᠨ ᠲᠤᠭ᠎ᠠ | ᠪᠠᠷᠢᠮᠲᠠ ᠶᠢᠨ ᠮᠡᠳᠡᠭᠦᠯᠬᠦ ᠬᠦᠰᠦᠨᠦᠭᠲᠦ ᠶᠢ ᠲᠣᠭᠲᠠᠮᠠᠯ ᠬᠤᠭᠤᠴᠠᠭ᠎ᠠ ᠲᠠᠢ ᠪᠠᠷ ᠰᠠᠶᠢᠲᠤᠷ ᠬᠢᠨ᠎ᠠ᠃ | ᠭᠤᠷᠪᠠᠳᠤᠭᠠᠷ ᠪᠦᠯᠦᠭ᠂ ᠬᠦᠯᠢᠶᠡᠨ ᠠᠪᠴᠤ ᠰᠢᠢᠳᠪᠣᠷᠢᠯᠡᠬᠦ ᠬᠡᠪᠴᠢᠶ᠎ᠡ | ᠶᠢᠰᠦᠳᠦᠭᠡᠷ ᠵᠣᠶᠢᠯ᠂ ᠬᠠᠯᠠᠮᠰᠢᠯ ᠤᠲᠠᠰᠤᠨ ᠤ ᠲᠠᠪᠴᠠᠩ ᠨᠢ ᠳᠣᠤᠷᠠᠬᠢ ᠵᠣᠶᠢᠯᠡᠰ ᠢ ᠭᠥᠯᠢᠶᠡᠨ ᠠᠪᠴᠤ | ᠰᠢᠢᠳᠪᠣᠷᠢᠯᠡᠨ᠎ᠡ᠄ | ︵ᠨᠢᠭᠡ︶ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠠᠵᠢᠯ ᠤᠨ | ᠡᠭᠦᠷᠭᠡ ᠬᠠᠷᠢᠭᠤᠴᠠᠯᠭ᠎ᠠ᠂ ᠲᠥᠷᠥ ᠶᠢᠨ ᠪᠣᠳᠣᠯᠭ᠎ᠠ ᠬᠠᠤᠯᠢ ᠲᠣᠭᠲᠠᠭᠠᠯ᠂ ᠬᠡᠷᠡᠭ ᠭᠦᠢᠴᠡᠳᠭᠡᠬᠦ ᠶᠠᠪᠤᠴᠠ᠂ ᠬᠠᠤᠯᠢ | ᠬᠡᠷᠡᠭᠵᠢᠭᠦᠯᠬᠦ ᠲᠠᠰ ᠳᠠᠷᠠᠭᠠᠯᠠᠯ ᠵᠡᠷᠭᠡ ᠵᠠᠰᠠᠭ ᠤᠨ ᠶᠠᠪᠤᠳᠠᠯ ᠤᠨ ᠮᠡᠳᠡᠭᠡ ᠵᠠᠩᠭᠢ ᠵᠢᠴᠢ ᠣᠯᠠᠨ ᠨᠡᠶᠢᠲᠡ ᠶᠢᠨ | ᠦᠢᠯᠡᠴᠢᠯᠡᠭᠡᠨ ᠤ ᠮᠡᠳᠡᠭᠡ ᠵᠠᠩᠭᠢ ᠶᠢᠨ ᠯᠠᠪᠯᠠᠭ᠎ᠠ᠃ | ︵ᠬᠤᠶᠠᠷ︶ ᠡᠯ᠎ᠡ ᠱᠠᠲᠤᠨ ᠤ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠡᠭᠦᠷᠭᠡ | ᠬᠠᠷᠢᠭᠤᠴᠠᠯᠭ᠎ᠠ ᠶᠢᠨ ᠬᠡᠪᠴᠢᠶᠡᠨ ᠳᠠᠬᠢ ᠪᠠᠴᠢᠮ ᠪᠤᠰᠤ ᠲᠥᠷᠥᠯ ᠤᠨ ᠲᠤᠰᠠᠯᠠᠮᠵᠢ ᠭᠤᠶᠤᠴᠢᠯᠠᠬᠤ᠃ | ︵ᠭᠤᠷᠪᠠ︶ ᠬᠤᠳᠠ ᠶᠢᠨ ᠵᠠᠰᠠᠯᠲᠠ᠂ ᠤᠯᠠᠨ ᠨᠡᠶᠢᠲᠡ ᠶᠢᠨ ᠦᠢᠯᠡᠴᠢᠯᠡᠭᠡ᠂ ᠵᠠᠬ᠎ᠠ ᠳᠡᠯᠭᠡᠭᠦᠷ ᠤᠨ ᠬᠢᠨᠠᠯᠲᠠ | ᠬᠠᠮᠢᠶᠠᠷᠤᠯᠲᠠ᠂ ᠠᠵᠤ ᠠᠬᠤᠢ ᠨᠡᠶᠢᠭᠡᠮ ᠤᠨ ᠬᠥᠭᠵᠢᠯᠲᠡ ᠵᠡᠷᠭᠡ ᠲᠠᠯ᠎ᠠ ᠪᠠᠷ ᠬᠢ ᠵᠠᠭᠠᠯᠳᠤᠯᠭ᠎ᠠ ᠢᠯᠡᠴᠢᠯᠡᠨ | ᠮᠡᠳᠡᠭᠦᠯᠦᠯᠲᠡ ᠪᠠ ᠰᠠᠨᠠᠭᠤᠯᠭ᠎ᠠ᠃ | ︵ᠳᠥᠷᠪᠡ︶ ᠵᠠᠰᠠᠭ ᠵᠠᠬᠢᠷᠭᠠᠨ ᠤ ᠪᠠᠶᠢᠭᠤᠯᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠠᠵᠤ ᠠᠬᠤᠶᠢᠯᠠᠯ | ᠠᠵᠢᠯ ᠦᠢᠯᠡᠰ ᠤᠨ ᠨᠢᠭᠡᠴᠡ ᠶᠢᠨ ᠠᠵᠢᠯᠲᠠᠨ ᠤ ᠠᠵᠢᠯ ᠤᠨ ᠰᠤᠷᠲᠠᠯ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ | ᠵᠡᠷᠭᠡ ᠲᠠᠯ᠎ᠠ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ᠃ | ︵ᠲᠠᠪᠤ︶ ᠬᠦᠯᠢᠶᠡᠨ ᠠᠪᠴᠤ ᠰᠢᠢᠳᠪᠣᠷᠢᠯᠡᠬᠦ ᠶᠣᠰᠣᠲᠠᠶ ᠪᠤᠰᠤᠳ ᠵᠦᠢᠯᠡᠰ᠃ | ᠠᠷᠪᠠᠳᠣᠭᠠᠷ ᠵᠣᠶᠢᠯ᠂ ᠬᠥᠲᠥᠯᠦᠨ ᠵᠢᠯᠣᠭᠤᠳᠬᠤ ᠪᠤᠶᠤ ᠰᠢᠯᠵᠢᠭᠦᠯᠦᠨ ᠭᠦᠢᠴᠡᠳᠭᠡᠬᠦ ᠵᠣᠶᠢᠯᠡᠰ᠄ | ︵ᠨᠢᠭᠡ︶ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ᠂ ᠰᠢᠭᠦᠬᠦ | ᠬᠤᠷᠢᠶ᠎ᠠ᠂ ᠪᠠᠶᠢᠴᠠᠭᠠᠬᠤ ᠬᠤᠷᠢᠶᠠᠨ ᠤ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠤ ᠬᠠᠷᠢᠶᠠᠯᠠᠭᠳᠠᠬᠤ ᠵᠦᠢᠯᠡᠰ ᠢ | ᠭᠤᠮᠣᠳᠠᠯ ᠲᠣᠭᠠᠴᠢᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ | ᠰᠢᠭᠤᠳ ᠲᠤᠰᠬᠠᠬᠤ᠃ | ︵ᠬᠤᠶᠠᠷ︶ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ᠂ ᠺᠠᠳ᠋ᠷ ᠢ ᠲᠣᠮᠢᠯᠠᠵᠤ ᠪᠠᠭᠤᠯᠭᠠᠬᠤ ᠵᠢᠴᠢ ᠬᠠᠮᠢᠶᠠᠷᠬᠤ | ᠵᠡᠷᠭᠡ ᠲᠠᠯ᠎ᠠ ᠪᠠᠷ ᠬᠢ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠬᠤᠳᠠ ᠶᠢᠨ ᠠᠷᠠᠳ ᠢ ᠬᠥᠲᠥᠯᠥᠨ | ᠵᠢᠯᠣᠭᠤᠳᠴᠤ ᠪᠠᠶᠢᠭᠠᠳ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠠᠯᠠᠭ᠎ᠠ ᠮᠥᠴᠢᠷ᠂ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠲᠤ ᠲᠤᠰᠬᠠᠨ᠎ᠠ᠃ | ︵ᠭᠤᠷᠪᠠ︶ ᠬᠠᠤᠯᠢ ᠶᠣᠰᠣᠭᠠᠷ ᠵᠠᠷᠭᠤᠯᠳᠤᠬᠤ᠂ ᠬᠥᠨᠳᠡᠯᠡᠨ ᠠᠴᠠ ᠲᠠᠰᠤᠯᠬᠤ᠂ ᠵᠠᠰᠠᠭ ᠵᠠᠬᠢᠷᠭᠠᠨ ᠢᠶᠠᠷ ᠳᠠᠬᠢᠨ | ᠵᠥᠪᠯᠡᠬᠦ᠂ ᠵᠠᠬᠢᠳᠠᠯ ᠰᠤᠷᠪᠤᠯᠵᠢᠯᠠᠭ᠎ᠠ ᠬᠢᠬᠦ᠂ ᠮᠡᠳᠡᠭᠡ ᠵᠠᠩᠭᠢ ᠶᠢ ᠢᠯᠡ ᠪᠣᠯᠭᠠᠬᠤ ᠪᠠᠷ ᠳᠠᠮᠵᠢᠭᠤᠯᠤᠨ ᠰᠢᠢᠳᠪᠣᠷᠢᠯᠡᠬᠦ | ᠶᠣᠰᠣᠲᠠᠶ ᠵᠦᠢᠯᠡᠰ ᠢ ᠭᠤᠮᠣᠳᠠᠯ ᠲᠣᠭᠠᠴᠢᠭᠴᠢ ᠶᠢ ᠬᠥᠲᠥᠯᠥᠨ ᠵᠢᠯᠣᠭᠤᠳᠴᠤ ᠪᠠᠶᠢᠭᠠᠳ ᠬᠤᠯᠪᠣᠭᠳᠠᠯ ᠪᠦᠬᠦᠢ | ᠰᠠᠯᠠᠭ᠎ᠠ ᠮᠥᠴᠢᠷ ᠲᠤ ᠲᠤᠰᠬᠠᠬᠤ ᠬᠡᠷᠡᠭᠲᠡᠶ᠃ | ︵ᠳᠥᠷᠪᠡ︶ ᠬᠡᠷᠪᠡ ᠵᠠᠰᠠᠭ ᠤᠨ ᠣᠷᠳᠣᠨ ᠤ ᠬᠠᠯᠠᠭᠤᠨ ᠤᠲᠠᠰᠤ ᠪᠠᠷ ᠳᠡᠮᠵᠢᠨ ᠪᠠᠴᠢᠮ ᠲᠤᠰᠠᠯᠠᠮᠵᠢ | ᠭᠤᠶᠤᠴᠢᠯᠠᠪᠠᠯ᠂ ᠬᠠᠯᠠᠭᠤᠨ ᠤᠲᠠᠰᠤᠨ ᠤ ᠲᠠᠪᠴᠠᠩ ᠤᠨ ᠠᠵᠢᠯᠲᠠᠨ ᠠᠴᠠ ᠰᠢᠭᠤᠳ 110᠂ 119᠂ 120 | ᠪᠠᠴᠢᠮ ᠪᠠᠶᠢᠳᠠᠯ ᠢ ᠠᠷᠭᠠᠴᠠᠬᠤ ᠬᠠᠯᠠᠭᠤᠨ ᠤᠲᠠᠰᠤᠨ ᠳᠤ ᠰᠢᠯᠵᠢᠭᠦᠯᠦᠨ᠎ᠡ᠃ | ᠠᠷᠪᠠᠨ ᠨᠢᠭᠡᠳᠦᠭᠡᠷ ᠵᠣᠶᠢᠯ᠂ ᠬᠠᠯᠠᠭᠤᠨ ᠤᠲᠠᠰᠤ ᠳᠣᠤᠷᠠᠬᠢ ᠵᠣᠶᠢᠯᠡᠰ ᠢ ᠭᠥᠯᠢᠶᠡᠨ ᠠᠪᠴᠤ ᠰᠢᠢᠳᠪᠣᠷᠢᠯᠡᠬᠦ | ᠥᠬᠡᠶ᠄ | ︵ᠨᠢᠭᠡ︶ ᠬᠤᠲᠠ ᠶᠢᠨ ᠠᠷᠠᠳ ᠤᠨ ᠵᠠᠰᠠᠭ ᠤᠨ ᠣᠷᠳᠣᠨ᠂ ᠳᠠᠭᠠᠭᠠᠨ ᠭᠦᠢᠴᠡᠳᠭᠡᠬᠦ ᠨᠢᠭᠡᠴᠡ ᠶᠢᠨ ᠡᠭᠦᠷᠭᠡ | ᠬᠠᠷᠢᠭᠤᠴᠠᠯᠭ᠎ᠠ ᠪᠤᠶᠤ ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠬᠠᠷᠢᠶᠠᠯᠠᠭᠳᠠᠬᠤ ᠥᠬᠡᠶ ᠵᠦᠶ᠋ᠯᠡᠰ᠃ | ︵ᠬᠤᠶᠠᠷ︶ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ᠂ ᠬᠤᠪᠢ ᠬᠥᠮᠦᠨ ᠤ ᠨᠢᠭᠤᠴᠠ ᠳᠤ | ᠬᠤᠯᠪᠣᠭᠳᠠᠬᠤ ᠵᠦᠢᠯᠡᠰ᠃ | ︵ᠭᠤᠷᠪᠠ︶ ᠶᠠᠭ ᠰᠢᠢᠳᠪᠣᠷᠢᠯᠡᠵᠦ ᠪᠠᠶᠢᠭ᠎ᠠ ᠶᠠᠪᠤᠴᠠ ᠳᠤ ᠪᠤᠶᠤ ᠨᠢᠭᠡᠨᠲᠡ ᠬᠠᠤᠯᠢ ᠶᠣᠰᠣᠭᠠᠷ ᠰᠢᠢᠳᠪᠣᠷᠢᠯᠡᠵᠦ | ᠳᠠᠭᠤᠰᠤᠭᠰᠠᠨ᠂ ᠭᠤᠮᠣᠳᠠᠯ ᠲᠣᠭᠠᠴᠢᠭᠴᠢ ᠳᠤ ᠰᠢᠨ᠎ᠡ ᠪᠠᠶᠢᠳᠠᠯ᠂ ᠰᠢᠨ᠎ᠡ ᠰᠢᠯᠲᠠᠭᠠᠨ ᠥᠬᠡᠶ ᠪᠠᠷ᠂ ᠬᠠᠯᠠᠭᠤᠨ | ᠤᠲᠠᠰᠤᠨ ᠳᠤ ᠳᠤᠷᠠᠳᠤᠭᠰᠠᠨ ᠠᠳᠠᠯᠢ ᠨᠢᠭᠡᠨ ᠤᠴᠢᠷ ᠶᠠᠪᠤᠳᠠᠯ᠃ | ︵ᠲᠦᠷᠪᠡ︶ ᠬᠠᠤᠯᠢ ᠴᠠᠭᠠᠵᠠ ᠬᠠᠤᠯᠢ ᠲᠣᠭᠲᠠᠭᠠᠯ᠂ ᠨᠡᠶᠢᠭᠡᠮ ᠨᠡᠶᠢᠲᠡ ᠶᠢᠨ ᠡᠮᠬᠢ ᠵᠢᠷᠤᠮ ᠪᠠ ᠰᠠᠶᠢᠨ | ᠰᠠᠶᠢᠬᠠᠨ ᠬᠡᠪ ᠵᠠᠩᠰᠢᠯ ᠢ ᠵᠥᠷᠢᠴᠡᠭᠰᠡᠨ ᠵᠢᠴᠢ ᠮᠠᠭᠤ ᠰᠠᠨᠠᠭ᠎ᠠ ᠲᠠᠢ ᠪᠠᠷ ᠲᠠᠭᠠᠷᠢᠬᠰᠠᠨ᠂ ᠲᠦᠢᠪᠡᠭᠡᠭᠰᠡᠨ ᠪᠤᠶᠤ | ᠪᠣᠳᠠᠲᠤ ᠭᠤᠮᠣᠳᠠᠯ ᠱᠠᠭᠠᠷᠳᠠᠯᠭ᠎ᠠ ᠶᠢᠨ ᠠᠭᠤᠯᠭ᠎ᠠ ᠦᠭᠡᠢ ᠵᠦᠢᠯᠡᠰ᠃ | ︵ᠲᠠᠪᠤ︶ ᠬᠦᠯᠢᠶᠡᠨ ᠠᠪᠴᠤ ᠰᠢᠢᠳᠪᠣᠷᠢᠯᠡᠬᠦ ᠦᠭᠡᠢ ᠪᠤᠰᠤᠳ ᠵᠦᠢᠯᠡᠰ᠃ | ᠠᠷᠪᠠᠨ ᠬᠤᠶᠠᠳᠤᠭᠠᠷ ᠵᠦᠢᠯ᠂ ᠬᠠᠯᠠᠭᠤᠨ ᠤᠲᠠᠰᠤ ᠲᠣᠭᠲᠠᠮᠠᠯ ᠬᠤᠭᠤᠴᠠᠭ᠎ᠠ ᠲᠠᠢ ᠪᠠᠷ ᠬᠤᠲᠠ ᠶᠢᠨ | ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ᠂ ᠬᠤᠲᠠ ᠶᠢᠨ ᠵᠠᠰᠠᠭ ᠤᠨ ᠣᠷᠳᠣᠨ ᠤ ᠡᠭᠦᠷᠭᠡ ᠴᠢᠳᠠᠪᠤᠷᠢᠲᠤ | ᠰᠠᠯᠠᠭ᠎ᠠ ᠮᠥᠴᠢᠷ ᠤᠨ ᠤᠳᠤᠷᠢᠳᠤᠯᠭ᠎ᠠ ᠶᠢᠨ ᠤᠲᠠᠰᠤ ᠲᠤᠰᠬᠤ ᠠᠵᠢᠯᠯᠠᠭ᠎ᠠ ᠶᠢ ᠶᠠᠪᠤᠭᠳᠠᠭᠤᠯᠵᠤ᠂ ᠭᠤᠮᠣᠳᠠᠯ | ᠲᠣᠭᠠᠴᠢᠭᠴᠢ ᠶᠢᠨ ᠤᠲᠠᠰᠤ ᠢᠷᠡᠭᠦᠯᠦᠭᠰᠡᠨ ᠤᠴᠢᠷ ᠶᠠᠪᠤᠳᠠᠯ ᠢ ᠬᠦᠯᠢᠶᠡᠨ ᠠᠪᠴᠤ ᠰᠢᠢᠳᠪᠣᠷᠢᠯᠡᠨ᠂ ᠰᠦᠯᠵᠢᠶᠡᠨ | ᠳᠡᠭᠡᠷ᠎ᠡ ᠠᠰᠠᠭᠤᠨ ᠯᠠᠪᠯᠠᠭᠰᠠᠨ ᠵᠦᠢᠯ ᠢ ᠬᠠᠷᠢᠭᠤᠯᠵᠤ᠂ ᠰᠠᠨᠠᠭᠤᠯᠭ᠎ᠠ ᠶᠢ ᠰᠣᠨᠣᠰᠴᠤ᠂ ᠠᠩᠬᠠᠷᠤᠯ ᠲᠠᠯᠪᠢᠵᠤ | ᠪᠠᠶᠢᠭ᠎ᠠ ᠠᠰᠠᠭᠤᠳᠠᠯ ᠢ ᠰᠢᠢᠳᠪᠣᠷᠢᠯᠡᠨ᠎ᠡ᠃ | ᠠᠷᠪᠠᠨ ᠭᠤᠷᠪᠠᠳᠤᠭᠠᠷ ᠵᠣᠶᠢᠯ᠂ ᠣᠯᠠᠨ ᠲᠦᠮᠡᠨ ᠤ ᠲᠤᠰᠬᠠᠭᠰᠠᠨ ᠠᠰᠠᠭᠤᠳᠠᠯ ᠳᠤ᠂ ᠡᠩ ᠲᠡᠷᠢᠭᠦᠨ ᠳᠤ | ᠬᠠᠯᠠᠭᠤᠨ ᠤᠲᠠᠰᠤ ᠶᠢ ᠭᠥᠯᠢᠶᠡᠨ ᠠᠪᠴᠤ ᠰᠢᠢᠳᠪᠣᠷᠢᠯᠡᠬᠦ ᠠᠵᠢᠯᠲᠠᠨ ᠮᠡᠳᠡᠯᠭᠡ ᠶᠢᠨ ᠬᠥᠮᠥᠷᠭᠡ ᠶᠢᠨ ᠬᠠᠮᠢᠶ᠎ᠠ ᠪᠥᠬᠦᠶ | ᠠᠭᠤᠯᠭ᠎ᠠ ᠶᠢ ᠦᠨᠳᠦᠰᠦᠯᠡᠨ ᠰᠢᠭᠤᠳ ᠬᠠᠷᠢᠭᠤᠯᠲᠠ ᠥᠭᠬᠦ ᠪᠤᠶᠤ ︽ᠭᠤᠷᠪᠠᠨ ᠲᠠᠯ᠎ᠠ ᠪᠠᠷ ᠢᠶᠠᠨ ᠤᠲᠠᠰᠤ ᠪᠠᠷ | ᠶᠠᠷᠢᠯᠴᠠᠬᠤ︾ ᠠᠷᠭ᠎ᠠ ᠮᠠᠶ᠋ᠢᠭ ᠢᠶᠠᠷ ᠲᠤᠬᠠᠶ ᠶᠢᠨ ᠲᠠᠯᠠᠪᠤᠷ ᠲᠤᠨᠢ ᠬᠠᠷᠢᠭᠤᠯᠲᠠ ᠥᠭᠭᠦᠨ᠎ᠡ᠃ ᠲᠤᠬᠠᠶ ᠶᠢᠨ | ᠲᠠᠯᠠᠪᠤᠷ ᠲᠤᠨᠢ ᠬᠠᠷᠢᠭᠤᠯᠲᠠ ᠥᠭᠴᠦ ᠴᠢᠳᠠᠬᠤ ᠦᠭᠡᠢ ᠪᠠᠶᠢᠪᠠᠯ᠂ ᠲᠦᠷᠦᠯ ᠬᠤᠪᠢᠶᠠᠨ ᠰᠢᠢᠳᠪᠣᠷᠢᠯᠡᠬᠦ ᠵᠠᠷᠴᠢᠮ | ᠶᠣᠰᠣᠭᠠᠷ᠂ ᠬᠦᠯᠢᠶᠡᠨ ᠠᠪᠴᠤ ᠰᠢᠢᠳᠪᠣᠷᠢᠯᠡᠬᠦ ᠠᠵᠢᠯᠲᠠᠨ ᠠᠴᠠ ᠦᠢᠯᠡᠴᠢᠯᠡᠭᠡᠨ ᠤ ᠭᠤᠮᠣᠳᠠᠯ ᠱᠠᠭᠠᠷᠳᠠᠯᠭ᠎ᠠ ᠶᠢ | ᠠᠵᠢᠯ ᠤᠨ ᠬᠠᠭᠤᠳᠠᠰᠤ ᠪᠣᠯᠭᠠᠵᠤ ᠬᠤᠯᠪᠣᠭᠳᠠᠯ ᠪᠦᠬᠦᠢ ᠨᠢᠭᠡᠴᠢ ᠳᠤ ᠰᠢᠯᠵᠢᠭᠦᠯᠦᠨ ᠥᠭᠴᠦ ᠰᠢᠢᠳᠪᠣᠷᠢᠯᠡᠭᠦᠯᠣᠨᠡ᠃ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠥᠬᠦ ᠲᠠᠯ᠎ᠠ ᠳᠤ ᠬᠤᠯᠪᠣᠭᠳᠠᠬᠤ ᠴᠢᠬᠤᠯᠠ ᠶᠡᠭᠡ ᠵᠣᠶᠢᠯᠡᠰ ᠪᠠ | ᠬᠠᠯᠠᠮᠰᠢᠯ ᠪᠠ ᠲᠦᠪᠡᠭᠲᠡᠶ ᠠᠰᠠᠭᠤᠳᠠᠯ ᠳᠤ᠂ ᠰᠢᠰᠲ᠋ᠧᠮᠵᠢᠭᠦᠯᠦᠨ ᠭᠦᠢᠴᠡᠳᠭᠡᠬᠦ ᠵᠠᠷᠴᠢᠮ ᠶᠣᠰᠣᠭᠠᠷ ᠲᠤᠰᠬᠠᠶ | ᠮᠡᠳᠡᠭᠦᠯᠬᠦ ᠶᠢ ᠪᠣᠶ ᠪᠣᠯᠭᠠᠵᠤ᠂ ᠬᠤᠲᠠ ᠶᠢᠨ ᠤᠳᠤᠷᠢᠳᠤᠯᠭ᠎ᠠ ᠪᠠᠷ ᠴᠤᠬᠤᠯᠠᠪᠤᠷᠢᠯᠠᠭᠤᠯᠤᠭᠰᠠᠨ ᠤ ᠳᠠᠷᠠᠭ᠎ᠠ ᠲᠠᠰ | ᠳᠠᠷᠠᠭᠠᠯᠠᠯ ᠢᠶᠠᠷ ᠭᠦᠢᠴᠡᠳᠭᠡᠨ᠎ᠡ᠃ | ᠳᠥᠷᠪᠡᠳᠦᠭᠡᠷ ᠪᠦᠯᠦᠭ ᠂ ᠰᠢᠢᠳᠪᠣᠷᠢᠯᠡᠬᠦ ᠲᠣᠭᠲᠠᠴᠠ | ᠠᠷᠪᠠᠨ ᠳᠥᠷᠪᠡᠳᠦᠭᠡᠷ ᠵᠦᠢᠯ᠂ ᠳᠠᠭᠠᠭᠠᠨ ᠠᠪᠴᠤ ᠰᠢᠢᠳᠪᠣᠷᠢᠯᠡᠬᠦ ᠨᠢᠭᠡᠴᠡ ᠬᠦᠯᠢᠶᠡᠨ ᠠᠪᠤᠭᠰᠠᠨ | ᠵᠦᠢᠯ ᠤᠳ ᠢᠶᠠᠨ ᠲᠥᠷᠥᠯ ᠬᠤᠪᠢᠶᠠᠨ ᠰᠢᠢᠳᠪᠣᠷᠢᠯᠡᠨ᠎ᠡ᠄ | ︵ᠨᠢᠭᠡ︶ ᠲᠣᠰ ᠨᠢᠭᠡᠴᠡ ᠶᠢᠨ ᠡᠭᠦᠷᠭᠡ ᠬᠠᠷᠢᠭᠤᠴᠠᠯᠭ᠎ᠠ ᠳᠤ ᠬᠠᠷᠢᠶᠠᠯᠠᠭᠳᠠᠪᠠᠯ᠂ ᠲᠣᠰ ᠠᠷᠭ᠎ᠠ ᠳᠤ | ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠰᠢᠢᠳᠪᠣᠷᠢᠯᠡᠵᠦ ᠳᠠᠭᠤᠰᠬᠠᠬᠤ ᠬᠡᠷᠡᠭᠲᠡᠶ᠃ | ︵ᠬᠤᠶᠠᠷ︶ ᠲᠤᠰ ᠨᠢᠭᠡᠴᠢ ᠶᠢᠨ ᠲᠤᠰᠢᠶᠠᠯ ᠬᠠᠷᠢᠭᠤᠴᠠᠯᠭ᠎ᠠ ᠪᠤᠶᠤ ᠬᠦᠯᠢᠶᠡᠨ ᠠᠪᠴᠤ ᠰᠢᠢᠳᠪᠣᠷᠢᠯᠡᠬᠦ | ᠬᠡᠪᠴᠢᠶᠡᠨ ᠳᠤ ᠪᠠᠭᠲᠠᠬᠤ ᠦᠭᠡᠢ ᠭᠡᠵᠦ ᠦᠵᠡᠪᠡᠯ᠂ ᠤᠴᠢᠷ ᠶᠠᠪᠤᠳᠠᠯ ᠢ ᠬᠦᠯᠢᠶᠡᠨ ᠠᠪᠤᠭᠰᠠᠨ ᠡᠳᠦᠷ ᠠᠴᠠ ᠡᠬᠢᠯᠡᠨ | 2 ᠠᠵᠢᠯᠯᠠᠬᠤ ᠡᠳᠦᠷ ᠤᠨ ᠳᠣᠲᠣᠷ᠎ᠠ ᠪᠤᠴᠠᠭᠠᠬᠤ ᠪᠠᠷ ᠭᠤᠶᠤᠴᠢᠯᠠᠬᠤ ᠶᠢᠨ ᠬᠠᠮᠲᠤ ᠤᠴᠢᠷ ᠰᠢᠯᠲᠠᠭᠠᠨ ᠪᠠ | ᠦᠨᠳᠦᠰᠦ ᠪᠠᠷᠢᠮᠲᠠ ᠪᠠᠨ ᠲᠣᠳᠣᠷᠬᠠᠶᠢᠯᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠪᠤᠴᠠᠭᠠᠬᠤ | ᠭᠤᠶᠤᠴᠢᠯᠠᠯ ᠢ ᠬᠢᠨᠠᠨ ᠬᠠᠷᠭᠤᠭᠤᠯᠤᠨ᠎ᠠ᠂ ᠪᠤᠴᠠᠭᠠᠬᠤ ᠶᠢ ᠵᠥᠪᠰᠢᠶᠡᠷᠡᠭᠰᠡᠨ ᠪᠠᠶᠢᠪᠠᠯ᠂ ᠲᠤᠰᠢᠶᠠᠯ | ᠬᠠᠷᠢᠭᠤᠴᠠᠯᠭ᠎ᠠ ᠶᠢ ᠨᠢ ᠵᠠᠭᠠᠭᠯᠠᠨ ᠲᠣᠭᠲᠠᠭᠠᠭᠰᠠᠨ ᠤ ᠳᠠᠷᠠᠭ᠎ᠠ ᠳᠠᠬᠢᠵᠤ ᠰᠢᠯᠵᠢᠭᠦᠯᠦᠨ ᠲᠣᠮᠢᠯᠠᠨ᠎ᠠ᠃ ᠪᠤᠴᠠᠭᠠᠬᠤ ᠶᠢ | ᠵᠥᠪᠰᠢᠶᠡᠷᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠳᠠᠭᠠᠭᠠᠨ ᠠᠪᠴᠤ ᠰᠢᠢᠳᠪᠣᠷᠢᠯᠡᠬᠦ | ᠨᠢᠭᠡᠴᠢ ᠠᠴᠠ ᠦᠷᠭᠦᠯᠵᠢᠯᠡᠨ ᠭᠦᠢᠴᠡᠳᠬᠡᠨ᠎ᠡ᠃ | ᠠᠷᠪᠠᠨ ᠵᠢᠷᠭᠤᠳᠤᠭᠠᠷ ᠵᠣᠶᠢᠯ᠂ ᠡᠭᠦᠷᠭᠡ ᠬᠠᠷᠢᠭᠤᠴᠠᠯᠭ᠎ᠠ ᠨᠢ ᠲᠣᠳᠣᠷᠬᠠᠶ ᠥᠬᠡᠶ ᠡᠩ ᠤᠨ ᠵᠣᠶᠢᠯᠡᠰ ᠲᠤ᠂ | ᠲᠦᠷᠭᠡᠨ ᠵᠣᠬᠢᠴᠠᠭᠤᠯᠬᠤ ᠲᠣᠭᠲᠠᠴᠠ ᠪᠠᠷ ᠳᠡᠮᠵᠢᠨ ᠳᠠᠭᠠᠭᠠᠨ ᠭᠦᠢᠴᠡᠳᠭᠡᠬᠦ ᠨᠢᠭᠡᠴᠡ ᠶᠢ ᠲᠣᠭᠲᠠᠭᠠᠨ᠎ᠠ᠃ | ᠣᠯᠠᠨ ᠳᠠᠭᠠᠭᠠᠨ ᠭᠦᠢᠴᠡᠳᠭᠡᠬᠦ ᠨᠢᠭᠡᠴᠡ ᠶᠢᠨ ᠡᠭᠦᠷᠭᠡ ᠬᠠᠷᠢᠭᠤᠴᠠᠯᠭ᠎ᠠ᠂ ᠬᠠᠷᠢᠶᠠᠯᠠᠯ ᠤᠨ ᠵᠠᠭᠠᠭ ᠬᠢᠵᠠᠭᠠᠷ | ᠪᠤᠶᠤ ᠬᠠᠤᠯᠢ ᠴᠠᠭᠠᠵᠠ ᠶᠢ ᠬᠡᠷᠡᠭᠯᠡᠬᠦ ᠳᠤ ᠬᠤᠯᠪᠣᠭᠳᠠᠭᠰᠠᠨ ᠮᠠᠷᠭᠤᠯᠳᠤᠭᠠᠨ ᠲᠠᠢ ᠬᠦᠴᠢᠷ ᠲᠦᠪᠡᠭᠲᠡᠶ ᠪᠤᠳᠤᠯᠢᠶᠠᠨᠲᠠᠶ | ᠵᠣᠶᠢᠯᠡᠰ ᠲᠤ᠂ ᠬᠤᠷᠠᠯ ᠢᠶᠠᠷ ᠵᠣᠬᠢᠴᠠᠭᠤᠯᠬᠤ᠂ ᠲᠤᠬᠠᠶᠢᠯᠠᠭᠰᠠᠨ ᠠᠵᠢᠯ ᠤᠨ ᠵᠢᠯᠣᠭᠤᠳᠬᠤ ᠰᠠᠯᠠᠭ᠎ᠠ ᠮᠥᠴᠢᠷ ᠤᠨ | ᠰᠠᠨᠠᠯ ᠢ ᠬᠤᠷᠢᠶᠠᠬᠤ᠂ ᠬᠤᠲᠠ ᠶᠢᠨ ᠣᠷᠣᠨ ᠲᠤᠭ᠎ᠠ ᠶᠢᠨ ᠠᠯᠪᠠᠨ ᠬᠡᠷ ᠪᠤᠶᠤ ᠬᠤᠲᠠ ᠶᠢᠨ ᠵᠠᠰᠠᠭ ᠤᠨ ᠣᠷᠳᠣᠨ ᠤ | ᠬᠠᠤᠯᠢ ᠴᠠᠭᠠᠵᠠ ᠶᠢᠨ ᠰᠠᠯᠠᠭ᠎ᠠ ᠮᠥᠴᠢᠷ ᠲᠤ ᠲᠤᠰᠢᠶᠠᠵᠤ ᠬᠢᠨᠠᠨ ᠲᠣᠭᠲᠠᠭᠠᠯᠭᠠᠬᠤ ᠵᠡᠷᠭᠡ ᠠᠷᠭ᠎ᠠ ᠮᠠᠶ᠋ᠢᠭ ᠢᠶᠠᠷ | ᠳᠠᠮᠵᠢᠭᠤᠯᠤᠨ ᠳᠠᠭᠠᠭᠠᠨ ᠭᠦᠢᠴᠡᠳᠭᠡᠬᠦ ᠨᠢᠭᠡᠴᠡ ᠶᠢ ᠲᠣᠭᠲᠠᠭᠠᠨ᠎ᠠ᠃ | ᠠᠷᠪᠠᠨ ᠳᠣᠯᠣᠳᠤᠭᠠᠷ ᠵᠣᠶᠢᠯ᠂ ᠬᠠᠯᠠᠭᠤᠨ ᠤᠲᠠᠰᠤᠨ ᠳᠤ ᠤᠴᠢᠷ ᠶᠠᠪᠤᠳᠠᠯ ᠢ ᠴᠠᠭ ᠬᠢᠵᠠᠭᠠᠷᠯᠠᠨ | ᠰᠢᠢᠳᠪᠣᠷᠢᠯᠡᠵᠦ ᠳᠠᠭᠤᠰᠬᠠᠬᠤ ᠲᠦᠷᠢᠮ ᠢ ᠬᠡᠷᠡᠭᠵᠢᠭᠦᠯᠵᠦ᠂ ᠳᠠᠭᠠᠭᠠᠨ ᠠᠪᠴᠤ ᠭᠦᠢᠴᠡᠳᠭᠡᠬᠦ ᠨᠢᠭᠡᠴᠡ ᠨᠢ | ᠳᠣᠤᠷᠠᠬᠢ ᠲᠣᠭᠲᠠᠭᠠᠯ ᠶᠣᠰᠣᠭᠠᠷ ᠤᠴᠢᠷ ᠶᠠᠪᠤᠳᠠᠯ ᠢ ᠭᠦᠢᠴᠡᠳᠭᠡᠬᠦ ᠬᠡᠷᠡᠭᠲᠡᠶ᠄ | ︵ᠨᠢᠭᠡ︶ ᠯᠠᠪᠯᠠᠯᠭ᠎ᠠ ᠥᠭᠬᠦ ᠲᠥᠷᠥᠯ ᠤᠨ ᠵᠦᠢᠯᠡᠰ ᠢ ᠪᠣᠯ ᠤᠴᠢᠷ ᠶᠠᠪᠤᠳᠠᠯ ᠢ ᠬᠥᠯᠢᠶᠡᠨ ᠠᠪᠤᠭᠰᠠᠨ | ᠡᠳᠦᠷ ᠠᠴᠠ ᠡᠬᠢᠯᠡᠨ 1 ᠠᠵᠢᠯᠯᠠᠬᠤ ᠡᠳᠦᠷ ᠤᠨ ᠳᠣᠲᠣᠷ᠎ᠠ ᠭᠦᠢᠴᠡᠳᠬᠡᠵᠦ ᠳᠠᠭᠤᠰᠬᠠᠨ᠎ᠠ | ︵ᠬᠤᠶᠠᠷ︶ ᠵᠠᠭᠠᠯᠳᠤᠵᠤ ᠢᠯᠡᠴᠢᠯᠡᠨ ᠮᠡᠳᠡᠭᠦᠯᠬᠦ᠂ ᠲᠤᠰᠠᠯᠠᠮᠵᠢ ᠭᠤᠶᠤᠴᠢᠯᠠᠬᠤ᠂ ᠰᠠᠨᠠᠭᠤᠯᠭ᠎ᠠ ᠭᠠᠷᠭᠠᠬᠤ | ᠲᠥᠷᠥᠯ ᠤᠨ ᠵᠣᠶᠢᠯᠡᠰ ᠢ ᠪᠣᠯ᠂ ᠵᠣᠶᠢᠯᠡᠰ ᠢ ᠭᠥᠯᠢᠶᠡᠨ ᠠᠪᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ | ᠳᠣᠲᠣᠷ᠎ᠠ ᠬᠠᠷᠢᠭᠤᠯᠲᠠ ᠥᠭᠭᠦᠨ᠎ᠡ᠃ | ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ᠂ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠤ | ᠲᠣᠳᠣᠷᠬᠠᠶ ᠲᠣᠭᠲᠠᠭᠠᠭᠰᠠᠨ ᠬᠤᠭᠤᠴᠠᠭ᠎ᠠ ᠲᠠᠢ ᠪᠠᠶᠢᠪᠠᠯ᠂ ᠲᠡᠷᠡ ᠲᠣᠭᠲᠠᠭᠠᠯ ᠠᠴᠠ ᠭᠦᠢᠴᠡᠳᠬᠡᠬᠦ ᠬᠡᠷᠡᠭᠲᠡᠶ᠃ | ᠠᠷᠪᠠᠨ ᠨᠠᠢᠮᠠᠳᠤᠭᠠᠷ ᠵᠦᠢᠯ᠂ ᠭᠡᠨᠡᠳᠲᠡ ᠶᠢᠨ ᠴᠢᠨᠠᠷᠲᠠᠶ ᠬᠡᠷᠡᠭ ᠶᠠᠪᠤᠳᠠᠯ ᠢ ᠭᠠᠷᠭᠠᠪᠠᠯ᠂ ᠳᠠᠭᠠᠭᠠᠨ ᠠᠪᠴᠤ | ᠰᠢᠢᠳᠪᠣᠷᠢᠯᠡᠬᠦ ᠨᠢᠭᠡᠴᠢ ᠨᠢ ᠰᠢᠢᠳᠪᠣᠷᠢᠯᠡᠬᠦ ᠬᠤᠭᠤᠴᠠᠭᠠᠨ ᠤ ᠳᠣᠲᠣᠷ᠎ᠠ ᠰᠢᠢᠳᠪᠣᠷᠢᠯᠡᠵᠦ ᠳᠠᠭᠤᠰᠬᠠᠬᠤ ᠶᠢᠨ ᠠᠷᠭ᠎ᠠ | ᠦᠭᠡᠢ ᠪᠠᠶᠢᠪᠠᠯ᠂ ᠰᠢᠢᠳᠪᠣᠷᠢᠯᠡᠬᠦ ᠬᠤᠭᠤᠴᠠᠭ᠎ᠠ ᠳᠦᠭᠦᠷᠬᠦ ᠠᠴᠠ ᠡᠮᠦᠨ᠎ᠡ ᠬᠤᠭᠤᠴᠠᠭ᠎ᠠ ᠤᠷᠲᠤᠳᠬᠠᠬᠤ | ᠭᠤᠶᠤᠴᠢᠯᠠᠯ ᠭᠠᠷᠭᠠᠬᠤ ᠬᠡᠷᠡᠭᠲᠡᠶ᠂ ᠬᠤᠭᠤᠴᠠᠭ᠎ᠠ ᠬᠤᠶᠢᠰᠢᠯᠠᠭᠤᠯᠤᠨ ᠰᠢᠢᠳᠪᠣᠷᠢᠯᠡᠬᠦ ᠶᠢ 2 ᠤᠳᠠᠭ᠎ᠠ ᠪᠠᠷ | ᠬᠢᠵᠠᠭᠠᠷᠯᠠᠨ᠎ᠠ᠃ | ᠬᠤᠳᠠ ᠶᠢᠨ ᠵᠠᠰᠠᠭ ᠤᠨ ᠣᠷᠳᠣᠨ ᠤ ᠠᠯᠪᠠᠨ ᠭᠡᠷ ᠠᠴᠠ ᠬᠤᠭᠤᠴᠠᠭ᠎ᠠ ᠤᠷᠲᠤᠳᠬᠠᠬᠤ ᠭᠤᠶᠤᠴᠢᠯᠠᠯ ᠢ ᠬᠢᠨᠠᠨ | ᠬᠠᠷᠭᠤᠭᠤᠯᠵᠤ᠂ ᠬᠤᠭᠤᠴᠠᠭ᠎ᠠ ᠤᠷᠲᠤᠳᠬᠠᠬᠤ ᠶᠢ ᠵᠥᠪᠰᠢᠶᠡᠷᠡᠭᠰᠡᠨ ᠪᠠᠶᠢᠪᠠᠯ᠂ ᠭᠤᠶᠤᠴᠢᠯᠠᠯ ᠭᠠᠷᠭᠠᠭᠴᠢ ᠳᠤ | ᠬᠤᠭᠤᠴᠠᠭ᠎ᠠ ᠤᠷᠲᠤᠳᠬᠠᠭᠰᠠᠨ ᠪᠠᠶᠢᠳᠠᠯ ᠢ ᠬᠡᠯᠡᠵᠦ ᠥᠭᠭᠦᠨ᠎ᠡ᠃ ᠬᠤᠭᠤᠴᠠᠭ᠎ᠠ ᠶᠢ ᠤᠷᠲᠤᠳᠬᠠᠬᠤ ᠶᠢ | ᠵᠥᠪᠰᠢᠶᠡᠷᠡᠬᠦ ᠦᠭᠡᠢ ᠪᠣᠯ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠳᠠᠭᠠᠭᠠᠨ ᠠᠪᠴᠤ ᠰᠢᠢᠳᠪᠣᠷᠢᠯᠡᠬᠦ | ᠨᠢᠭᠡᠴᠢ ᠠᠴᠠ ᠦᠷᠭᠦᠯᠵᠢᠯᠡᠨ ᠭᠦᠢᠴᠡᠳᠬᠡᠨ᠎ᠡ᠃ | ᠠᠷᠪᠠ ᠶᠢᠰᠦᠳᠦᠭᠡᠷ ᠵᠣᠶᠢᠯ᠂ ᠬᠠᠯᠠᠮᠰᠢᠯ ᠤᠲᠠᠰᠤᠨ ᠳᠤ ᠬᠠᠨᠤᠮᠵᠢ ᠶᠢᠨ ᠬᠡᠮᠵᠢᠶ᠎ᠡ ᠶᠢ ᠦᠨᠡᠯᠡᠬᠦ ᠲᠣᠭᠲᠠᠴᠠ ᠶᠢ | ᠪᠠᠶᠢᠭᠤᠯᠵᠤ᠂ ᠭᠤᠮᠣᠳᠠᠯ ᠲᠣᠭᠠᠴᠢᠭᠴᠢ ᠶᠢᠨ ᠶᠠᠷᠢᠯᠴᠠᠭᠠᠨ ᠤ ᠶᠠᠪᠤᠳᠠᠯ ᠤᠨ ᠦᠢᠯᠡᠴᠢᠯᠡᠭᠡ ᠪᠠ ᠭᠦᠢᠴᠡᠳᠭᠡᠭᠰᠡᠨ | ᠪᠠᠶᠢᠳᠠᠯ ᠳᠤ ᠬᠠᠨᠤᠮᠵᠢ ᠶᠢᠨ ᠬᠡᠮᠵᠢᠶ᠎ᠡ ᠶᠢᠨ ᠦᠨᠡᠯᠡᠯᠲᠡ ᠬᠢᠨ᠎ᠠ᠃ ᠬᠠᠨᠤᠮᠵᠢ ᠶᠢᠨ ᠬᠡᠮᠵᠢᠶ᠎ᠡ ᠶᠢᠨ ᠲᠤᠬᠠᠶ | ᠦᠨᠡᠯᠡᠯᠲᠡ ᠳᠤ᠄ ᠬᠠᠨᠤᠮᠵᠢᠲᠠᠶ᠂ ᠦᠨᠳᠦᠰᠦᠨ ᠳᠡᠭᠡᠨ ᠬᠠᠨᠤᠮᠵᠢᠲᠠᠶ᠂ ᠬᠠᠨᠤᠮᠵᠢ ᠥᠬᠡᠶ ᠪᠠᠶᠢᠨ᠎ᠠ᠃ | ᠲᠠᠪᠤᠳᠤᠭᠠᠷ ᠪᠦᠯᠦᠭ᠂ ᠬᠢᠨᠠᠯᠲᠠ ᠲᠠᠯᠪᠢᠵᠤ ᠬᠢᠨᠠᠨ ᠰᠢᠯᠭᠠᠬᠤ | ᠬᠤᠷᠢᠳᠤᠭᠠᠷ ᠵᠣᠶᠢᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠠᠴᠠ ᠬᠠᠯᠠᠮᠰᠢᠯ ᠤᠲᠠᠰᠤ ᠶᠢ | ᠭᠥᠯᠢᠶᠡᠨ ᠠᠪᠴᠤ ᠰᠢᠢᠳᠪᠣᠷᠢᠯᠡᠬᠦ ᠠᠷᠭ᠎ᠠ ᠵᠠᠮ ᠪᠠ ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠠᠵᠢᠯ ᠤᠨ | ᠬᠠᠮᠢᠶ᠎ᠠ ᠪᠥᠬᠦᠶ ᠲᠣᠭᠲᠠᠭᠠᠯ ᠢ ᠨᠡᠶᠢᠭᠡᠮ ᠨᠡᠶᠢᠲᠡ ᠳᠤ ᠨᠡᠶᠢᠲᠡᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ᠂ ᠤᠯᠤᠰ ᠲᠥᠷᠥ ᠶᠢᠨ ᠵᠥᠪᠯᠡᠯᠭᠡᠨ ᠪᠠ ᠠᠷᠠᠳᠴᠢᠯᠠᠭᠰᠠᠨ ᠨᠠᠮ | ᠪᠦᠯᠦᠭ ᠤᠨ ᠠᠷᠠᠳᠴᠢᠯᠠᠭᠰᠠᠨ ᠬᠢᠨᠠᠯᠲᠠ᠂ ᠨᠡᠶᠢᠭᠡᠮ ᠤᠨ ᠣᠯᠠᠨ ᠨᠡᠶᠢᠲᠡ ᠪᠠ ᠵᠠᠭᠤᠴᠢᠯᠠᠭᠤᠷ ᠤᠨ ᠣᠯᠠᠨ | ᠨᠡᠶᠢᠲᠡ ᠶᠢᠨ ᠬᠢᠨᠠᠯᠲᠠ ᠲᠠᠯᠪᠢᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠬᠠᠯᠠᠮᠰᠢᠯ ᠤᠲᠠᠰᠤ ᠶᠢᠨ | ᠬᠠᠮᠢᠶᠠᠷᠤᠯᠲᠠ ᠶᠢᠨ ᠠᠵᠢᠯ ᠢ ᠰᠠᠶᠢᠵᠢᠷᠠᠭᠤᠯᠬᠤ ᠰᠠᠨᠠᠯ ᠪᠠ ᠰᠠᠨᠠᠭᠤᠯᠭ᠎ᠠ ᠶᠢ ᠰᠣᠨᠣᠰᠬᠤ ᠬᠡᠷᠡᠭᠲᠡᠶ᠃ | ᠬᠤᠷᠢᠨ ᠨᠢᠭᠡᠳᠦᠭᠡᠷ ᠵᠦᠢᠯ᠂ ᠵᠠᠰᠠᠭ ᠤᠨ ᠣᠷᠳᠣᠨ ᠤ ᠠᠯᠪᠠᠨ ᠭᠡᠷ ᠠᠴᠠ ᠳᠣᠣᠷᠠᠬᠢ ᠵᠦᠢᠯ ᠤᠳ ᠢ ᠰᠢᠪᠠᠳᠠᠨ | ᠰᠢᠢᠳᠪᠣᠷᠢᠯᠡᠭᠦᠯᠣᠨᠡ᠄ | ︵ᠨᠢᠭᠡ︶ ᠬᠤᠲᠠ ᠶᠢᠨ ᠤᠳᠤᠷᠢᠳᠤᠯᠭ᠎ᠠ ᠶᠢᠨ ᠴᠣᠬᠤᠯᠠᠪᠤᠷᠢ ᠪᠤᠶᠤ ᠲᠤᠰᠢᠶᠠᠨ ᠰᠢᠢᠳᠪᠣᠷᠢᠯᠡᠭᠦᠯᠣᠭᠰᠡᠨ | ︵ᠬᠤᠶᠠᠷ︶ ᠲᠥᠪᠯᠡᠷᠡᠭᠦᠯᠦᠨ ᠵᠠᠭᠠᠯᠳᠤᠵᠤ ᠢᠯᠡᠴᠢᠯᠡᠨ ᠮᠡᠳᠡᠭᠦᠯᠬᠦ ᠬᠠᠯᠠᠮᠰᠢᠯ᠂ ᠬᠦᠴᠢᠷ ᠠᠰᠠᠭᠤᠳᠠᠯ ᠲᠠᠢ | ᠵᠣᠶᠢᠯᠡᠰ᠃ | ︵ᠭᠤᠷᠪᠠ︶ ᠬᠤᠭᠤᠴᠠᠭ᠎ᠠ ᠬᠡᠲᠦᠷᠡᠲᠡᠯ᠎ᠡ ᠰᠢᠢᠳᠪᠣᠷᠢᠯᠡᠵᠦ ᠳᠠᠭᠤᠰᠬᠠᠭᠰᠠᠨ ᠦᠭᠡᠢ ᠵᠦᠢᠯᠡᠰ᠃ | ︵ᠲᠦᠷᠪᠡ︶ ᠲᠠᠬᠢᠨ ᠰᠢᠢᠳᠪᠣᠷᠢᠯᠡᠭᠦᠯᠬᠦ ᠪᠠᠷ ᠪᠤᠴᠠᠭᠠᠭᠰᠠᠨ ᠤ ᠲᠠᠷᠠᠭ᠎ᠠ ᠭᠤᠮᠣᠳᠠᠯ ᠭᠤᠶᠤᠴᠢᠯᠠᠭᠴᠢ ᠮᠥᠨ ᠯᠡ | ᠬᠠᠨᠤᠮᠵᠢ ᠦᠭᠡᠢ ᠪᠠᠶᠢᠵᠤ᠂ ᠳᠠᠭᠠᠭᠠᠨ ᠠᠪᠴᠤ ᠰᠢᠢᠳᠪᠣᠷᠢᠯᠡᠬᠦ ᠨᠢᠭᠡᠴᠢ ᠶᠢᠨ ᠤᠴᠢᠷ ᠰᠢᠯᠲᠠᠭᠠᠨ ᠳᠤ ᠦᠨᠡᠬᠡᠷ | ᠲᠣᠭᠠᠴᠠᠭᠳᠠᠬᠤ ᠪᠠᠷ ᠮᠠᠭᠠᠳᠯᠠᠨ ᠲᠣᠭᠲᠠᠭᠠᠭᠰᠠᠨ ᠵᠦᠢᠯᠡᠰ᠃ | ᠬᠤᠷᠢᠨ ᠬᠤᠶᠠᠳᠤᠭᠠᠷ ᠵᠣᠶᠢᠯ᠂ ᠰᠢᠮᠳᠠᠭᠤᠯᠤᠨ ᠭᠦᠢᠴᠡᠳᠭᠡᠬᠦ ᠠᠷᠭ᠎ᠠ ᠮᠠᠶ᠋ᠢᠭ᠄ | ︵ᠨᠢᠭᠡ︶ ᠣᠬᠤᠷ ᠮᠡᠳᠡᠭᠡ᠂ ᠳ᠋ᠢᠶᠠᠩᠬᠤᠸᠠ ᠪᠠᠷ ᠰᠢᠮᠳᠠᠭᠤᠯᠤᠨ ᠭᠦᠢᠴᠡᠳᠭᠡᠨ᠎ᠡ᠃ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠬᠠᠯᠠᠭᠤᠨ ᠤᠲᠠᠰᠤᠨ ᠤ ᠣᠬᠤᠷ ᠴᠢᠮᠡᠭᠡᠨ ᠤ ᠲᠠᠪᠴᠠᠩ ᠢ ᠠᠰᠢᠭᠯᠠᠨ ᠳᠠᠭᠠᠭᠠᠨ | ᠭᠦᠢᠴᠡᠳᠭᠡᠬᠦ ᠨᠢᠭᠡᠴᠡ ᠶᠢᠨ ᠬᠤᠯᠪᠣᠭᠳᠠᠯ ᠪᠥᠬᠦᠶ ᠬᠠᠷᠢᠭᠤᠴᠠᠯᠭᠠᠲᠠᠨ ᠳᠤ ᠱᠠᠭᠠᠷᠳᠠᠨ ᠰᠢᠢᠳᠪᠣᠷᠢᠯᠡᠭᠦᠯᠬᠦ ᠪᠠᠷ | ᠰᠠᠨᠠᠭᠤᠯᠬᠤ ᠣᠬᠤᠷ ᠮᠡᠳᠡᠭᠡ ᠶᠠᠪᠤᠭᠤᠯᠬᠤ ᠪᠤᠶᠤ ᠳᠠᠭᠠᠭᠠᠨ ᠭᠦᠢᠴᠳᠭᠡᠬᠦ ᠨᠢᠭᠡᠴᠡ ᠶᠢᠨ ᠰᠢᠮᠳᠠᠭᠤᠯᠤᠨ | ᠰᠢᠢᠳᠪᠣᠷᠢᠯᠡᠭᠦᠯᠬᠦ ᠵᠣᠶᠢᠯᠡᠰ ᠢ ᠨᠠᠶᠢᠳᠠᠪᠤᠷᠢᠵᠢᠭᠤᠯᠤᠭᠰᠠᠨ ᠬᠤᠯᠪᠣᠭᠳᠠᠯ ᠪᠥᠬᠦᠶ ᠪᠠᠶᠢᠳᠠᠯ ᠢ ᠤᠲᠠᠰᠤ ᠪᠠᠷ | ᠳᠣᠭᠢᠷᠠᠭᠤᠯᠤᠨ᠎ᠠ᠃ ᠳᠠᠭᠠᠭᠠᠨ ᠭᠦᠢᠴᠳᠭᠡᠬᠦ ᠨᠢᠭᠡᠴᠡ ᠣᠬᠤᠷ ᠮᠡᠳᠡᠭᠡ᠂ ᠤᠲᠠᠰᠤ ᠪᠠᠷ ᠰᠢᠮᠳᠠᠭᠤᠯᠤᠨ | ᠰᠢᠢᠳᠪᠣᠷᠢᠯᠡᠭᠦᠯᠬᠦ ᠵᠣᠶᠢᠯᠡᠰ ᠢ ᠣᠯᠤᠭᠰᠠᠨ ᠤ ᠳᠠᠷᠠᠭ᠎ᠠ᠂ 2 ᠠᠵᠢᠯᠯᠠᠬᠤ ᠡᠳᠦᠷ ᠤᠨ ᠳᠣᠲᠣᠷ᠎ᠠ ᠭᠦᠢᠴᠡᠳᠭᠡᠵᠦ | ᠳᠠᠭᠤᠰᠬᠠᠬᠤ ᠬᠡᠷᠡᠭᠲᠡᠶ᠃ | ︵ᠬᠤᠶᠠᠷ︶ ᠮᠡᠳᠡᠭᠳᠡᠯ ᠪᠠᠭᠤᠯᠭᠠᠵᠤ ᠰᠢᠮᠳᠠᠭᠤᠯᠤᠨ ᠰᠢᠢᠳᠪᠣᠷᠢᠯᠡᠭᠦᠯᠣᠨᠡ᠃ ᠬᠤᠲᠠ ᠶᠢᠨ ᠵᠠᠰᠠᠭ ᠤᠨ | ᠣᠷᠳᠣᠨ ᠤ ᠠᠯᠪᠠᠨ ᠬᠡᠷ ᠰᠢᠪᠠᠳᠠᠨ ᠰᠢᠢᠳᠪᠣᠷᠢᠯᠡᠭᠦᠯᠬᠦ ᠮᠡᠳᠡᠭᠳᠡᠯ ᠪᠠᠭᠤᠯᠭᠠᠵᠤ᠂ ᠳᠠᠭᠠᠭᠠᠨ ᠭᠦᠢᠴᠳᠭᠡᠬᠦ ᠨᠢᠭᠡᠴᠡ | ᠮᠡᠳᠡᠭᠳᠡᠯ ᠢ ᠣᠯᠤᠭᠰᠠᠨ ᠤ ᠳᠠᠷᠠᠭ᠎ᠠ 2 ᠠᠵᠢᠯᠯᠠᠬᠤ ᠡᠳᠦᠷ ᠤᠨ ᠳᠣᠲᠣᠷ᠎ᠠ ᠰᠢᠢᠳᠪᠣᠷᠢᠯᠡᠵᠦ ᠳᠠᠭᠤᠰᠬᠠᠨ᠎ᠠ᠃ | ︵ᠭᠤᠷᠪᠠ︶ ᠲᠤᠬᠠᠶ ᠶᠢᠨ ᠲᠠᠯᠠᠪᠤᠷ ᠲᠤᠨᠢ ᠵᠣᠬᠢᠴᠠᠭᠤᠯᠤᠨ ᠰᠢᠮᠳᠠᠭᠤᠯᠤᠨ ᠰᠢᠢᠳᠪᠣᠷᠢᠯᠡᠭᠦᠯᠣᠨᠡ᠃ ᠬᠤᠲᠠ ᠶᠢᠨ | ᠵᠠᠰᠠᠭ ᠤᠨ ᠣᠷᠳᠣᠨ ᠤ ᠠᠯᠪᠠᠨ ᠬᠡᠷ ᠲᠦᠷᠦᠭᠦᠯᠡᠨ ᠬᠠᠮᠢᠶ᠎ᠠ ᠪᠥᠬᠦᠶ ᠬᠠᠷᠢᠭᠤᠴᠠᠯᠭᠠᠲᠤ ᠨᠢᠭᠡᠴᠡ ᠶᠢᠨ ᠲᠤᠬᠠᠶ ᠶᠢᠨ | ᠲᠠᠯᠠᠪᠤᠷ ᠲᠤ ᠪᠠᠶᠢᠴᠠᠭᠠᠨ ᠦᠵᠡᠬᠦ ᠶᠢ ᠵᠣᠬᠢᠴᠠᠭᠤᠯᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠭᠰᠠᠨ ᠤ ᠳᠠᠷᠠᠭ᠎ᠠ᠂ ᠳᠠᠭᠠᠭᠠᠨ ᠭᠦᠢᠴᠡᠳᠭᠡᠬᠦ ᠨᠢᠭᠡᠴᠡ ᠨᠢ ᠲᠣᠭᠲᠠᠭᠰᠠᠨ ᠴᠠᠭ ᠤᠨ ᠬᠢᠵᠠᠭᠠᠷ ᠤᠨ | ᠳᠣᠲᠣᠷ᠎ᠠ ᠭᠦᠢᠴᠳᠭᠡᠵᠦ ᠳᠠᠭᠤᠰᠬᠠᠬᠤ᠃ | ︵ᠳᠥᠷᠪᠡ︶ ᠲᠤᠰᠬᠠᠶᠢᠯᠠᠨ ᠮᠡᠳᠡᠭᠦᠯᠵᠦ ᠴᠤᠬᠤᠯᠠᠪᠤᠷᠢᠯᠠᠨ ᠰᠢᠮᠳᠠᠭᠤᠯᠤᠨ ᠰᠢᠢᠳᠪᠣᠷᠢᠯᠡᠭᠦᠯᠣᠨᠡ᠃ ᠬᠤᠲᠠ ᠶᠢᠨ | ᠤᠳᠤᠷᠢᠳᠤᠯᠭ᠎ᠠ ᠶᠢᠨ ᠴᠤᠬᠤᠯᠠᠪᠤᠷᠢᠯᠠᠭᠰᠠᠨ ᠰᠠᠨᠠᠯ ᠪᠠ ᠱᠠᠭᠠᠷᠳᠠᠯᠭ᠎ᠠ ᠶᠣᠰᠣᠭᠠᠷ᠂ ᠳᠠᠭᠠᠭᠠᠨ ᠰᠢᠳᠬᠡᠭᠰᠡᠨ | ᠨᠢᠭᠡᠴᠡ ᠠᠴᠠ ᠲᠣᠭᠲᠠᠭᠰᠠᠨ ᠴᠠᠭ ᠬᠤᠭᠤᠴᠠᠭᠠᠨ ᠳᠣᠲᠣᠷ᠎ᠠ ᠰᠢᠢᠳᠪᠣᠷᠢᠯᠡᠵᠦ ᠳᠠᠭᠤᠰᠬᠠᠨ᠎ᠠ᠃ | ᠬᠤᠷᠢᠨ ᠭᠤᠷᠪᠠᠳᠤᠭᠠᠷ ᠵᠣᠶᠢᠯ᠂ ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ | ᠬᠠᠯᠠᠮᠰᠢᠯ ᠤᠲᠠᠰᠤ ᠶᠢᠨ ᠮᠡᠳᠡᠭᠡ ᠵᠠᠩᠭᠢ ᠶᠢᠨ ᠰᠢᠰᠲ᠋ᠧᠮ ᠢ ᠠᠰᠢᠭᠯᠠᠨ᠂ ᠬᠡᠷᠡᠭ ᠶᠠᠪᠤᠳᠠᠯ ᠢ ᠭᠥᠯᠢᠶᠡᠨ ᠠᠪᠴᠤ | ᠰᠢᠢᠳᠪᠣᠷᠢᠯᠡᠬᠦ᠂ ᠭᠦᠢᠴᠡᠳᠭᠡᠬᠦ᠂ ᠰᠢᠮᠳᠠᠭᠤᠯᠤᠨ ᠭᠦᠢᠴᠡᠳᠭᠡᠬᠦ ᠵᠡᠷᠭᠡ ᠭᠤᠭᠴᠤᠭ᠎ᠠ ᠶᠢᠨ ᠬᠢᠨᠠᠨ ᠬᠡᠮᠵᠢᠬᠦ᠂ | ᠤᠷᠢᠳᠴᠢᠯᠠᠨ ᠮᠠᠭᠠᠳᠯᠠᠬᠤ ᠪᠠ ᠬᠠᠮᠢᠶᠠᠷᠤᠨ ᠡᠵᠡᠮᠳᠡᠬᠦ ᠶᠢ ᠴᠢᠩᠭᠠᠳᠬᠠᠵᠤ᠂ ᠡᠯ᠎ᠡ ᠭᠤᠭᠴᠤᠭ᠎ᠠ ᠶᠢᠨ ᠬᠡᠪ ᠤᠨ ᠪᠤᠰᠤ | ᠪᠠᠶᠢᠳᠠᠯ ᠳᠤ ᠴᠠᠭ ᠲᠤᠬᠠᠶ ᠳᠤᠨᠢ ᠣᠶᠤᠨᠴᠢ ᠪᠠᠷ ᠰᠡᠷᠡᠮᠵᠢᠯᠡᠭᠦᠯᠬᠦ ᠬᠡᠷᠡᠭᠲᠡᠶ᠃ | ᠬᠤᠷᠢᠨ ᠳᠥᠷᠪᠡᠳᠦᠭᠡᠷ ᠵᠣᠶᠢᠯ᠂ ᠬᠠᠯᠠᠮᠰᠢᠯ ᠤᠲᠠᠰᠤ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠲᠤᠭ᠎ᠠ | ᠪᠠᠷᠢᠮᠲᠠ ᠶᠢᠨ ᠵᠠᠳᠠᠯᠤᠯᠲᠠ ᠶᠢ ᠴᠢᠩᠭᠠᠳᠬᠠᠵᠤ᠂ ᠨᠡᠶᠢᠭᠡᠮ ᠤᠨ ᠬᠠᠯᠠᠮᠰᠢᠯ ᠠᠰᠠᠭᠤᠳᠠᠯ᠂ ᠬᠦᠴᠢᠷ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ᠠᠵᠢᠯ ᠤᠨ ᠲᠣᠪᠴᠢ ᠮᠡᠳᠡᠭᠡ᠂ ᠲᠤᠰᠬᠠᠶ ᠮᠡᠳᠡᠭᠦᠯᠦᠯᠲᠡ ᠪᠠ ᠲᠤᠭ᠎ᠠ | ᠪᠠᠷᠢᠮᠲᠠ ᠶᠢᠨ ᠦᠵᠡᠭᠦᠯᠦᠯᠭᠡ ᠵᠡᠷᠭᠡ ᠬᠡᠯᠪᠡᠷᠢ ᠪᠠᠷ ᠳᠠᠮᠵᠢᠭᠤᠯᠤᠨ᠂ ᠵᠠᠰᠠᠭ ᠤᠨ ᠣᠷᠳᠣᠨ ᠤ ᠰᠢᠨᠵᠢᠯᠡᠬᠦ | ᠤᠬᠠᠭᠠᠨᠴᠢ ᠪᠠᠷ ᠰᠢᠢᠳᠪᠣᠷᠢᠳᠦ ᠪᠣᠳᠣᠯᠭ᠎ᠠ ᠲᠣᠭᠲᠠᠭᠠᠬᠤ᠂ ᠨᠠᠷᠢᠯᠢᠭ ᠣᠨᠣᠴᠠᠲᠠᠶ ᠪᠠᠷ ᠵᠠᠰᠠᠭ ᠶᠠᠪᠤᠭᠤᠯᠬᠤ ᠳᠤ | ᠦᠨᠳᠦᠰᠦᠯᠡᠯ ᠬᠠᠩᠭᠠᠬᠤ ᠬᠡᠷᠡᠭᠲᠡᠶ᠃ | ᠬᠤᠷᠢᠨ ᠲᠠᠪᠣᠳᠣᠭᠠᠷ ᠵᠣᠶᠢᠯ᠂ ᠠᠵᠢᠯ ᠤᠨ ᠬᠦᠴᠦᠨ ᠴᠢᠳᠠᠪᠤᠷᠢ ᠵᠡᠷᠭᠡ ᠶᠢ ᠰᠢᠯᠭᠠᠨ ᠬᠢᠨᠠᠵᠤ᠂ ᠳᠠᠭᠠᠭᠠᠨ | ᠭᠦᠢᠴᠡᠳᠭᠡᠬᠦ ᠨᠢᠭᠡᠴᠡ ᠶᠢᠨ ᠭᠦᠢᠴᠡᠳᠭᠡᠭᠰᠡᠨ ᠪᠠᠶᠢᠳᠠᠯ᠂ ᠬᠠᠨᠤᠮᠵᠢ ᠶᠢᠨ ᠬᠡᠮᠵᠢᠶ᠎ᠡ᠂ ᠬᠠᠯᠠᠮᠰᠢᠯ ᠤᠲᠠᠰᠤᠨ ᠤ | ᠮᠡᠳᠡᠯᠭᠡ ᠶᠢᠨ ᠬᠥᠮᠥᠷᠭᠡ ᠶᠢᠨ ᠪᠠᠶᠢᠭᠤᠯᠤᠯᠲᠠ ᠶᠢ ᠰᠢᠨᠡᠳᠬᠡᠭᠰᠡᠨ ᠪᠠᠶᠢᠳᠠᠯ ᠵᠡᠷᠭᠡ ᠶᠢ ᠰᠢᠯᠭᠠᠨ ᠬᠢᠨᠠᠬᠤ ᠶᠢᠨ ᠬᠠᠮᠲᠤ | ᠰᠢᠯᠭᠠᠨ ᠬᠢᠨᠠᠭᠰᠠᠨ ᠦᠷ᠎ᠡ ᠳ᠋ᠦᠩ ᠢ ᠨᠡᠪᠲᠡᠷᠡᠭᠦᠯᠦᠨ᠎ᠡ᠃ ᠰᠢᠯᠭᠠᠨ ᠬᠢᠨᠠᠭᠰᠠᠨ ᠦᠷ᠎ᠡ ᠳ᠋ᠦᠩ ᠢ ᠵᠠᠰᠠᠭ ᠤᠨ | ᠣᠷᠳᠣᠨ ᠤ ᠬᠠᠷᠠᠯᠲᠠᠲᠤ ᠬᠠᠮᠢᠶᠠᠷᠤᠯᠲᠠ ᠶᠢᠨ ᠰᠢᠯᠭᠠᠨ ᠬᠢᠨᠠᠬᠤ ᠰᠢᠰᠲ᠋ᠧᠮᠵᠢ ᠳᠤ ᠣᠷᠣᠭᠤᠯᠬᠤ ᠬᠡᠷᠡᠭᠲᠡᠶ᠃ | ᠬᠠᠯᠠᠭᠤᠨ ᠤᠲᠠᠰᠤᠨ ᠤ ᠠᠵᠢᠯ ᠤᠨ ᠠᠮᠵᠢᠯᠲᠠ ᠪᠦᠲᠦᠮᠵᠢ ᠪᠠᠷ ᠲᠣᠪᠤᠶᠢᠮ᠎ᠠ ᠨᠢᠭᠡᠴᠡ ᠪᠠ ᠠᠵᠢᠯᠲᠠᠨ ᠢ ᠬᠥᠬᠢᠭᠦᠯᠦᠨ | ᠰᠠᠶᠢᠰᠢᠶᠠᠬᠤ ᠪᠠ ᠱᠠᠩᠨᠠᠨ᠎ᠠ᠃ ᠤᠳᠤᠷᠢᠳᠤᠯᠭ᠎ᠠ ᠨᠢ ᠬᠦᠨᠳᠦᠳᠬᠡᠬᠦ ᠦᠭᠡᠢ᠂ ᠠᠵᠢᠯᠯᠠᠭ᠎ᠠ ᠨᠢ ᠢᠳᠡᠪᠬᠢᠲᠡᠶ ᠪᠢᠰᠢ᠂ | ᠠᠵᠢᠯ ᠨᠢ ᠬᠤᠴᠣᠷᠤᠩᠭᠤᠶ ᠨᠢᠭᠡᠴᠢ ᠶᠢ ᠵᠠᠷᠯᠠᠨ ᠰᠢᠭᠦᠮᠵᠢᠯᠡᠨ᠎ᠡ᠃ ᠬᠦᠨᠳᠦ ᠨᠣᠴᠢᠲᠠᠶ ᠦᠷ᠎ᠡ ᠤᠷᠰᠢᠭ ᠲᠠᠲᠠᠬᠤ ᠶᠢᠨ | ᠬᠠᠮᠲᠤ ᠨᠡᠶᠢᠭᠡᠮ ᠳᠤ ᠮᠠᠭᠤ ᠨᠥᠯᠥᠭᠡ ᠦᠵᠡᠭᠦᠯᠦᠭᠰᠡᠨ ᠨᠢᠭᠡᠴᠡ ᠠᠴᠠ ᠬᠤᠯᠪᠣᠭᠳᠠᠯ ᠪᠥᠬᠦᠶ ᠬᠠᠷᠢᠭᠤᠴᠠᠯᠭᠠᠲᠠᠨ ᠤ | ᠬᠠᠮᠢᠶ᠎ᠠ ᠪᠥᠬᠦᠶ ᠬᠠᠷᠢᠭᠤᠴᠠᠯᠭ᠎ᠠ ᠶᠢ ᠬᠠᠤᠯᠢ ᠲᠣᠭᠲᠠᠭᠠᠯ ᠶᠣᠰᠣᠭᠠᠷ ᠨᠡᠬᠡᠮᠵᠢᠯᠡᠨ᠎ᠡ᠃ | ᠵᠢᠷᠭᠤᠳᠤᠭᠠᠷ ᠪᠦᠯᠦᠭ᠂ ᠲᠠᠭᠠᠯᠳᠠᠭᠤᠯᠣᠭᠰᠡᠨ ᠲᠦᠷᠢᠮ | ᠬᠤᠷᠢᠨ ᠵᠢᠷᠭᠤᠳᠤᠭᠠᠷ ᠵᠣᠶᠢᠯ᠂ ᠬᠤᠲᠠ ᠶᠢᠨ ᠵᠠᠰᠠᠭ ᠤᠨ ᠣᠷᠳᠣᠨ ᠤ ᠠᠯᠪᠠᠨ ᠬᠡᠷ ᠲᠤᠬᠠᠶᠢᠯᠠᠭᠰᠠᠨ ᠠᠵᠢᠯ ᠤᠨ | ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ᠂ ᠬᠠᠮᠢᠶ᠎ᠠ ᠪᠥᠬᠦᠶ ᠳᠠᠭᠠᠭᠠᠨ ᠭᠦᠢᠴᠡᠳᠭᠡᠬᠦ ᠨᠢᠭᠡᠴᠡ ᠪᠤᠶᠤ ᠲᠤᠰᠬᠠᠶ | ᠪᠠᠶᠢᠭᠤᠯᠤᠮᠵᠢ ᠲᠠᠢ ᠬᠠᠮᠲᠤᠷᠠᠨ ᠡᠯ᠎ᠡ ᠱᠠᠲᠤᠨ ᠤ ᠬᠠᠯᠠᠮᠰᠢᠯ ᠤᠲᠠᠰᠤᠨ ᠤ ᠬᠠᠮᠢᠶᠠᠷᠤᠯᠲᠠ ᠶᠢᠨ ᠠᠵᠢᠯᠲᠠᠨ᠂ | ᠭᠥᠯᠢᠶᠡᠨ ᠠᠪᠴᠤ ᠰᠢᠢᠳᠪᠣᠷᠢᠯᠡᠬᠦ ᠠᠵᠢᠯᠲᠠᠨ ᠳᠤ ᠪᠣᠯᠪᠠᠰᠤᠷᠠᠭᠤᠯᠤᠯ ᠬᠢᠵᠦ᠂ ᠬᠠᠮᠢᠶ᠎ᠠ ᠪᠥᠬᠦᠶ ᠳᠠᠭᠠᠭᠠᠨ | ᠭᠦᠢᠴᠡᠳᠭᠡᠬᠦ ᠨᠢᠭᠡᠴᠡ ᠨᠦᠭᠦᠳ ᠢᠳᠡᠪᠬᠢᠲᠡᠶ ᠬᠠᠮᠵᠢᠯᠴᠠᠬᠤ ᠬᠡᠷᠡᠭᠲᠡᠶ᠃ | ᠬᠤᠷᠢᠨ ᠲᠣᠯᠣᠳᠣᠭᠠᠷ ᠵᠣᠶᠢᠯ᠂ ᠡᠯ᠎ᠡ ᠱᠠᠲᠤᠨ ᠤ ᠳᠠᠭᠠᠭᠠᠨ ᠠᠪᠴᠤ ᠰᠢᠢᠳᠪᠣᠷᠢᠯᠡᠬᠦ ᠨᠢᠭᠡᠴᠢ ᠵᠢᠴᠢ ᠲᠡᠭᠦᠨ ᠤ | ᠠᠵᠢᠯᠳᠠᠨ ᠨᠢᠭᠤᠴᠠ ᠶᠢ ᠬᠠᠮᠠᠭᠠᠯᠠᠬᠤ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠬᠤ ᠬᠡᠷᠡᠭᠲᠡᠶ᠂ ᠭᠤᠮᠣᠳᠠᠯ | ᠲᠣᠭᠠᠴᠢᠭᠴᠢ ᠶᠢᠨ ᠮᠡᠳᠡᠭᠡ ᠵᠠᠩᠭᠢ᠂ ᠭᠠᠷᠳᠠᠨ ᠭᠦᠢᠴᠡᠳᠬᠡᠭᠴᠢ ᠶᠢᠨ ᠮᠡᠳᠡᠭᠡ ᠵᠠᠩᠭᠢ ᠪᠣᠯᠤᠨ ᠢᠯᠡ ᠪᠣᠯᠭᠠᠬᠤ ᠳᠤ | ᠲᠣᠬᠢᠷᠠᠮᠵᠢ ᠦᠭᠡᠢ ᠪᠤᠰᠤᠳ ᠬᠤᠯᠪᠣᠭᠳᠠᠯ ᠪᠦᠬᠦᠢ ᠠᠭᠤᠯᠭ᠎ᠠ ᠶᠢ ᠭᠠᠳᠠᠭᠰᠢ ᠵᠠᠳᠠᠷᠠᠭᠤᠯᠵᠤ ᠪᠣᠯᠬᠤ ᠦᠭᠡᠢ᠃ | ᠬᠤᠷᠢᠨ ᠨᠠᠢᠮᠠᠳᠣᠭᠠᠷ ᠵᠦᠢᠯ᠂ ᠭᠤᠮᠣᠳᠠᠯ ᠭᠤᠶᠤᠴᠢᠯᠠᠭᠴᠢ ᠵᠠᠭᠠᠯᠳᠤᠬᠤ ᠢᠯᠡᠴᠢᠯᠡᠨ ᠮᠡᠳᠡᠭᠦᠯᠬᠦ ᠡᠷᠬᠡ ᠪᠠᠨ | ᠬᠠᠤᠯᠢ ᠶᠣᠰᠣᠭᠠᠷ ᠬᠡᠷᠡᠭᠵᠢᠭᠦᠯᠬᠦ ᠬᠡᠷᠡᠭᠲᠡᠶ᠂ ᠵᠣᠷᠢᠭᠤᠳᠠ ᠬᠤᠳᠠᠯ ᠬᠠᠭᠤᠷᠮᠠᠭ ᠬᠡᠷᠡᠭ ᠶᠠᠪᠤᠳᠠᠯ ᠬᠠᠩᠭᠠᠵᠤ᠂ ᠮᠠᠭᠤ | ᠰᠠᠨᠠᠭ᠎ᠠ ᠲᠠᠢ ᠪᠠᠷ ᠳ᠋ᠢᠶᠠᠩᠬᠤᠸᠠ ᠵᠠᠯᠭᠠᠯᠲᠠ ᠶᠢᠨ ᠡᠬᠢ ᠪᠠᠶᠠᠯᠢᠭ ᠢ ᠲᠠᠭᠠᠷᠢᠵᠤ᠂ ᠲᠦᠢᠪᠡᠭᠡᠵᠦ᠂ ᠡᠵᠡᠯᠡᠨ ᠬᠡᠷᠡᠭᠯᠡᠵᠦ | ᠪᠣᠯᠬᠤ ᠦᠭᠡᠢ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠵᠥᠷᠢᠴᠡᠭᠰᠡᠨ | ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠲᠤᠰᠢᠶᠠᠨ ᠥᠭᠴᠦ ᠰᠢᠢᠳᠪᠣᠷᠢᠯᠡᠭᠦᠯᠣᠨᠡ᠃ ᠶᠠᠯ᠎ᠠ | ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠶᠣᠰᠣᠭᠠᠷ ᠬᠠᠤᠯᠢ ᠪᠠᠷᠢᠬᠤ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ | ᠰᠢᠢᠳᠪᠣᠷᠢᠯᠡᠭᠦᠯᠣᠨᠡ᠃ | ᠣᠷᠴᠢᠭᠤᠯᠣᠭᠴᠢ᠄ ᠰᠡᠴᠡᠩᠭᠤᠸ᠎ᠠ |