ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ‌‍ᠶᠢᠨ ᠵᠥᠪᠯᠡᠯ 2021 ᠣᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠷᠥᠯ ᠵᠤᠶᠢᠯ ᠢ ᠬᠢᠨᠠᠨ ᠵᠢᠯᠣᠭᠤᠳᠴᠤ ᠬᠢᠨᠠᠨ ᠰᠢᠯᠭᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/12/16
       ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ        ᠮᠡᠨᠳᠦ ᠶᠢᠨ ᠵᠥᠪᠯᠡᠯ 2021 ᠣᠨ ᠤ ᠦᠨᠳᠦᠰᠦᠨ ᠣᠯᠠᠨ ᠨᠡᠶᠢᠲᠡ ᠶᠢᠨ        ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠷᠥᠯ ᠵᠤᠶᠢᠯ ᠢ ᠬᠢᠨᠠᠨ        ᠵᠢᠯᠣᠭᠤᠳᠴᠤ ᠬᠢᠨᠠᠨ ᠰᠢᠯᠭᠠᠬᠤ ᠠᠵᠢᠯ ᠥᠷᠨᠢᠭᠦᠯᠪᠡ        ᠮᠠᠨ ᠤ ᠬᠤᠰᠢᠭᠤᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠤᠨ ᠬᠠᠮᠢᠶᠠᠷᠤᠯᠲᠠ ᠶᠢ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠡᠭᠦᠷᠭᠡ ᠴᠢᠳᠠᠪᠬᠢ ᠶᠢᠨ ᠦᠢᠯᠡᠳᠦᠯ ᠢ ᠪᠠᠳᠠᠷᠠᠭᠤᠯᠵᠤ᠂ ᠦᠨᠳᠦᠰᠦᠨ ᠱᠠᠲᠤᠨ ᠤ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠴᠢᠳᠠᠪᠤᠷᠢ ᠪᠠ ᠬᠢᠷᠢ ᠲᠦᠪᠰᠢᠨ ᠢ ᠳᠡᠭᠡᠭᠰᠢᠯᠡᠭᠦᠯᠵᠦ᠂ 2021 ᠣᠨ ᠤ 11 ᠰᠠᠷ᠎ᠠ ᠶᠢᠨ 16 ᠤ ᠡᠳᠦᠷ ᠠᠴᠠ 26 ᠤ ᠡᠳᠦᠷ ᠪᠣᠯᠲᠠᠯ᠎ᠠ᠂ 10 ᠡᠳᠦᠷ‌‍ᠤᠨ ᠴᠠᠭ ᠢ ᠠᠰᠢᠭᠯᠠᠵᠤ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠤᠳᠤᠷᠢᠳᠤᠯᠭ᠎ᠠ ᠪᠠᠷ ᠲᠦᠷᠦᠭᠦᠯᠡᠭᠦᠯᠦᠨ᠂ ᠬᠤᠰᠢᠭᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠦᠨᠳᠦᠰᠦᠨ ᠱᠠᠲᠤᠨ ᠤ ᠰᠲ᠋ᠣᠺ᠂ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ᠂ ᠡᠬᠡ ᠨᠢᠯᠬᠠᠰ ᠤᠨ ᠡᠷᠡᠭᠦᠯᠵᠢᠯ ᠲᠥᠯᠥᠪᠯᠡᠭᠡᠲᠦ ᠦᠷᠡᠵᠢᠯ ᠤᠨ ᠤᠶᠢᠯᠡᠴᠢᠯᠡᠬᠡᠨ ᠤ ᠲᠥᠪ ᠤᠨ ᠲᠤᠰᠬᠠᠶ ᠮᠡᠷᠭᠡᠵᠢᠯ ᠤᠨ ᠠᠵᠢᠯᠲᠠᠨ ᠢ ᠰᠣᠩᠭᠤᠨ ᠬᠢᠨᠠᠨ ᠰᠢᠯᠭᠠᠬᠤ ᠳᠤᠭᠤᠶᠢᠯᠠᠩ ᠪᠠᠶᠢᠭᠤᠯᠵᠤ᠂ ᠪᠥᠬᠦ ᠬᠤᠰᠢᠭᠤᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠷᠥᠯ  ᠵᠤᠶᠢᠯ ᠤᠨ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢ ᠬᠢᠨᠠᠨ ᠵᠢᠯᠣᠭᠤᠳᠴᠤ ᠬᠢᠨᠠᠨ ᠰᠢᠯᠭᠠᠨ᠎ᠠ᠃
     ᠬᠢᠨᠠᠨ ᠰᠢᠯᠭᠠᠬᠤ ᠳᠤᠭᠤᠶᠢᠯᠠᠩ ᠨᠢ ᠬᠠᠷᠢᠭᠤ ᠮᠡᠳᠡᠭᠦᠯᠦᠯᠲᠡ ᠶᠢ ᠰᠣᠨᠣᠰᠬᠤ᠂ ᠮᠠᠲ᠋ᠧᠷᠢᠶᠠᠯ ᠪᠠᠶᠢᠴᠠᠭᠠᠨ ᠦᠵᠡᠬᠦ᠂ ᠲᠤᠬᠠᠶ ᠶᠢᠨ ᠲᠠᠯᠠᠪᠤᠷ ᠲᠤ ᠡᠷᠦᠬᠡ ᠳᠤ ᠣᠷᠣᠵᠤ ᠤᠲᠠᠰᠤ ᠪᠠᠷ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠶᠠᠪᠤᠭᠳᠠᠭᠤᠯᠤᠨ᠎ᠠ᠃ ᠰᠤᠮᠤ ᠰᠢᠶᠠᠩ ᠪᠠᠯᠭᠠᠰᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ︵ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠪ︶ ᠳᠤ ᠬᠥᠷᠬᠦ ᠪᠦᠷᠢ ᠬᠤᠶᠠᠷ ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠲᠣᠬᠢᠶᠠᠯᠳᠤᠯ ᠢᠶᠠᠷ ᠰᠣᠩᠭᠤᠨ ᠠᠪᠴᠤ ᠵᠣᠬᠢᠶᠠᠨ ᠪᠠᠶᠢᠭᠤᠯᠤᠨ ᠬᠠᠮᠢᠶᠠᠷᠬᠤ᠂ ᠲᠥᠷᠥᠯ ᠵᠤᠶᠢᠯ ᠢ ᠬᠡᠷᠡᠭᠵᠢᠭᠦᠯᠬᠦ᠂ ᠲᠥᠷᠥᠯ ᠵᠤᠶᠢᠯ ᠤᠨ ᠦᠷ᠎ᠡ ᠪᠦᠲᠦᠮᠵᠢ᠂ ᠬᠡᠷ ᠪᠦᠯᠢ ᠶᠢᠨ ᠡᠮᠴᠢ ᠶᠢᠨ ᠭᠡᠷ᠎ᠡ ᠲᠣᠭᠲᠠᠬᠤ ᠵᠢᠴᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠲᠠᠯ᠎ᠠ ᠪᠠᠷ ᠨᠠᠷᠢᠨ ᠨᠢᠮᠪᠠᠶ ᠪᠠᠶᠢᠴᠠᠭᠠᠯᠲᠠ ᠬᠢᠵᠦ᠂ ᠠᠰᠠᠭᠤᠳᠠᠯ ᠢ ᠣᠯᠵᠤ ᠮᠡᠳᠡᠪᠡᠯ ᠴᠠᠭ ᠲᠤᠬᠠᠶ‌‍ᠳᠤᠨᠢ ᠵᠢᠯᠣᠭᠤᠳᠤᠨ ᠵᠠᠯᠠᠷᠠᠭᠤᠯᠬᠤ ᠶᠢᠨ ᠬᠠᠮᠲᠤ ᠲᠤᠬᠠᠶ ᠶᠢᠨ ᠲᠠᠯᠠᠪᠤᠷ ᠲᠤ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ ᠲᠤᠰᠬᠠᠵᠤ᠂ ᠰᠠᠨᠠᠭᠤᠯᠭ᠎ᠠ ᠪᠠ ᠰᠠᠨᠠᠯ ᠦᠯᠡᠳᠡᠭᠡᠵᠦ᠂ ᠬᠤᠭᠤᠴᠠᠭ᠎ᠠ ᠬᠢᠵᠠᠭᠠᠷᠯᠠᠨ ᠴᠡᠭᠴᠡᠯᠡᠨ ᠥᠭᠡᠷᠡᠴᠢᠯᠡᠭᠦᠯᠪᠡ᠃
     ᠲᠣᠰ ᠤᠳᠠᠭ᠎ᠠ ᠳᠤ 8 ᠰᠤᠮᠤ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ ᠬᠤᠷᠢᠶ᠎ᠠ᠂ 2 ᠨᠡᠶᠢᠭᠡᠮ ᠲᠣᠭᠤᠷᠢᠭ ᠤᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠪ᠂ 16 ᠲᠣᠰᠬᠤᠨ ᠤ ᠡᠷᠡᠭᠦᠯ ᠬᠠᠮᠠᠭᠠᠯᠠᠯ ᠤᠨ ᠲᠠᠰᠤᠭ ᠢ ᠬᠢᠨᠠᠨ ᠵᠢᠯᠣᠭᠤᠳᠴᠤ ᠬᠢᠨᠠᠨ ᠰᠢᠯᠭᠠᠵᠤ᠂ 200 ᠭᠠᠷᠤᠶ ᠤᠳᠠᠭᠠᠨ ᠴᠢᠨᠠᠷᠲᠠᠶ ᠡᠪᠡᠳᠴᠢᠨ ᠢ ᠡᠷᠦᠬᠡ ᠳᠤ ᠪᠤᠶᠤ ᠤᠲᠠᠰᠤ ᠪᠠᠷ ᠰᠤᠷᠪᠤᠯᠵᠢᠯᠠᠵᠤ᠂ 50 ᠡᠷᠦᠬᠡ ᠶᠢ ᠣᠶᠢᠯᠠᠭᠠᠭᠰᠠᠨ ᠨᠣᠷᠮ᠎ᠠ ᠪᠠ ᠰᠡᠳᠬᠢᠯ ᠬᠠᠨᠤᠮᠵᠢᠲᠠᠶ ᠪᠠᠶᠢᠬᠤ ᠬᠡᠮᠵᠢᠶ᠎ᠡ ᠶᠢᠨ ᠲᠤᠬᠠᠶ ᠪᠠᠶᠢᠴᠠᠭᠠᠯᠲᠠ ᠬᠢᠪᠠ᠃     ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠷᠥᠯ ᠵᠤᠶᠢᠯ ᠢ ᠬᠢᠨᠠᠨ ᠵᠢᠯᠣᠭᠤᠳᠴᠤ ᠬᠢᠨᠠᠨ ᠰᠢᠯᠭᠠᠬᠤ ᠪᠠᠷ ᠳᠡᠮᠵᠢᠨ᠂ ᠮᠠᠨ ᠤ ᠬᠤᠰᠢᠭᠤᠨ ᠤ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠷᠥᠯ ᠵᠤᠶᠢᠯ ᠤᠨ ᠶᠠᠰᠤ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠦᠨᠳᠦᠰᠦᠨ ᠱᠠᠲᠤᠨ ᠤ ᠡᠮᠴᠢᠯᠡᠭᠡᠨ ᠤ ᠪᠠᠶᠢᠭᠤᠯᠤᠮᠵᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠤᠬᠠᠮᠰᠠᠷ ᠢ ᠴᠢᠩᠭᠠᠷᠠᠭᠤᠯᠤᠨ᠂ ᠬᠠᠷᠢᠶᠠᠲᠤ ᠣᠷᠣᠨ ᠤ ᠣᠯᠠᠨ ᠲᠦᠮᠡᠨ ᠤ ᠤᠯᠤᠰ ᠤᠨ ᠦᠨᠳᠦᠰᠦᠨ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠤᠶᠢᠯᠡᠴᠢᠯᠡᠬᠡᠨ ᠤ ᠲᠥᠷᠥᠯ ᠵᠤᠶᠢᠯ ᠢ ᠣᠶᠢᠯᠠᠭᠠᠬᠤ ᠨᠣᠷᠮ᠎ᠠ ᠪᠠ ᠬᠠᠨᠤᠮᠵᠢ ᠶᠢᠨ ᠬᠡᠮᠵᠢᠶ᠎ᠡ ᠶᠢ ᠨᠡᠮᠡᠭᠳᠡᠭᠦᠯᠦᠨ᠎ᠡ᠃                                        ᠵᠣᠬᠢᠶᠠᠭᠴᠢ᠄ ᠬᠤᠥ  ᠰᠢᠶᠠᠩ ᠴᠧᠩ                                        ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠡᠷᠡᠭᠦᠯ ᠬᠠᠮᠠᠭᠠᠯᠡᠯ ᠡᠷᠡᠭᠦᠯ ᠮᠡᠨᠳᠣ ᠶᠢᠨ ᠵᠦᠪᠯᠡᠯ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号