ᠠᠯᠪᠠᠲᠠᠨ ᠤ ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡᠴᠡᠭᠦᠯᠬᠦ ᠲᠣᠭᠲᠠᠭᠠᠯ | ᠨᠢᠭᠡᠳᠦᠭᠡᠷ ᠪᠦᠯᠦᠭ ᠵᠡᠷᠦᠩᠬᠡᠶ ᠲᠦᠷᠢᠮ | ᠨᠢᠭᠡᠳᠦᠭᠡᠷ ᠵᠣᠶᠢᠯ ᠠᠯᠪᠠᠲᠠᠨ ᠤ ᠲᠥᠷᠥᠯ ᠬᠤᠪᠢᠶᠠᠬᠤ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠯᠪᠠᠲᠠᠨ ᠤ | ᠲᠤᠰᠢᠶᠠᠯ ᠬᠢᠭᠡᠳ ᠲᠤᠰᠢᠶᠠᠯ ᠤᠨ ᠲᠠᠰ ᠢ ᠵᠡᠷᠭᠡᠪᠡᠷ ᠶᠠᠪᠤᠭᠤᠯᠬᠤ᠂ ᠲᠤᠰᠢᠶᠠᠯ ᠤᠨ ᠲᠠᠰ ᠬᠢᠭᠡᠳ ᠣᠯᠭᠤᠮᠵᠢ ᠶᠢ | ᠬᠤᠯᠪᠣᠭᠳᠠᠭᠤᠯᠬᠤ ᠲᠦᠷᠢᠮ ᠢ ᠬᠡᠷᠡᠭᠵᠢᠭᠦᠯᠦᠨ᠂ ᠠᠯᠪᠠᠲᠠᠨ ᠤ ᠤᠷᠮᠠᠰᠢᠭᠤᠯᠵᠤ ᠪᠠᠲᠤᠯᠠᠬᠤ ᠲᠣᠭᠲᠠᠴᠠ ᠶᠢ | ᠪᠦᠷᠢᠨᠰᠢᠬᠦᠯᠵᠦ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠪᠣᠯᠪᠠᠰᠤᠷᠠᠯ ᠲᠠᠢ | ᠲᠤᠰᠬᠠᠶᠢᠵᠢᠭᠰᠠᠨ ᠠᠯᠪᠠᠲᠠᠨ ᠤ ᠡᠩᠨᠡᠭᠡ ᠶᠢ ᠪᠠᠶᠢᠭᠤᠯᠬᠤ ᠶᠢᠨ ᠲᠥᠯᠥᠭᠡ᠂ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠯᠪᠠᠲᠠᠨ ᠤ ᠬᠠᠤᠯᠢ︾ ᠵᠡᠷᠭᠡ ᠬᠤᠯᠪᠣᠭᠳᠠᠯ ᠪᠥᠬᠦᠶ ᠬᠠᠤᠯᠢ ᠴᠠᠭᠠᠵᠠ ᠬᠠᠤᠯᠢ ᠲᠣᠭᠲᠠᠭᠠᠯ ᠢ | ᠦᠨᠳᠦᠰᠦᠯᠡᠨ ᠲᠣᠰ ᠲᠣᠭᠲᠠᠭᠠᠯ ᠢ ᠲᠣᠭᠲᠠᠭᠠᠪᠠ᠃ | ᠬᠤᠶᠠᠳᠤᠭᠠᠷ ᠵᠦᠢᠯ ᠣᠯᠣᠰ ᠠᠴᠠ ᠠᠯᠪᠠᠲᠠᠨ ᠤ ᠲᠤᠰᠢᠶᠠᠯ ᠤᠨ ᠪᠠᠶᠢᠷᠢ ᠶᠢᠨ ᠲᠦᠷᠦᠯ ᠢᠯᠭᠠᠯ ᠪᠠ ᠲᠤᠰᠢᠶᠠᠯ | ᠬᠠᠷᠢᠭᠤᠴᠠᠯᠭ᠎ᠠ ᠶᠢ ᠦᠨᠳᠦᠰᠦᠯᠡᠨ ᠠᠯᠪᠠᠲᠠᠨ ᠤ ᠤᠳᠤᠷᠢᠳᠬᠤ ᠲᠤᠰᠢᠶᠠᠯ ᠪᠠ ᠲᠤᠰᠢᠶᠠᠯ ᠤᠨ ᠳᠡᠰ ᠤᠨ ᠳᠡᠰ | ᠳᠠᠷᠠᠭᠠᠯᠠᠯ ᠢ ᠲᠣᠬᠢᠷᠠᠭᠤᠯᠤᠨ᠎ᠠ᠃ | ᠲᠣᠰ ᠲᠣᠭᠲᠠᠭᠠᠯ ᠳᠤ ᠬᠡᠯᠡᠵᠦ ᠪᠠᠶᠢᠭ᠎ᠠ ᠲᠤᠰᠢᠶᠠᠯ ᠤᠨ ᠲᠠᠰ ᠭᠡᠳᠡᠭ ᠪᠣᠯ ᠠᠯᠪᠠᠲᠠᠨ ᠤ ᠵᠡᠷᠭᠡ ᠳᠡᠰ ᠤᠨ | ᠳᠠᠷᠠᠭᠠᠯᠠᠯ ᠮᠥᠨ᠂ ᠲᠡᠷᠡ ᠨᠢ ᠤᠳᠤᠷᠢᠳᠬᠤ ᠲᠤᠰᠢᠶᠠᠯ ᠲᠠᠢ ᠵᠡᠷᠭᠡ ᠪᠠᠷ ᠳᠡᠪᠰᠢᠬᠦ ᠵᠠᠮ ᠮᠥᠨ᠂ ᠠᠯᠪᠠᠲᠠᠨ ᠤ ᠤᠯᠤᠰ | ᠲᠥᠷᠥ ᠶᠢᠨ ᠬᠡᠪ ᠴᠢᠨᠠᠷ᠂ ᠲᠤᠬᠠᠶᠢᠯᠠᠭᠰᠠᠨ ᠠᠵᠢᠯ ᠤᠨ ᠴᠢᠳᠠᠪᠤᠷᠢ᠂ ᠬᠢᠷᠢ ᠬᠡᠮ ᠤᠨ ᠬᠤᠪᠢ ᠨᠡᠮᠡᠷᠢ ᠶᠢ ᠢᠯᠡᠷᠡᠭᠦᠯᠵᠦ᠂ | ᠴᠠᠯᠢᠩ᠂ ᠣᠷᠣᠨ ᠰᠠᠭᠤᠴᠠ᠂ ᠡᠮ ᠡᠮᠨᠡᠯᠭᠡ ᠵᠡᠷᠭᠡ ᠶᠢᠨ ᠬᠠᠷᠠᠭᠠᠯᠵᠠᠯ ᠢ ᠲᠣᠭᠲᠠᠭᠠᠬᠤ ᠴᠢᠬᠤᠯᠠ ᠦᠨᠳᠦᠰᠦᠯᠡᠯ ᠮᠥᠨ᠂ | ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠶᠢᠬᠤ ᠥᠬᠡᠶ᠃ | ᠠᠯᠪᠠᠲᠠᠨ ᠢ ᠤᠳᠤᠷᠢᠳᠬᠤ ᠲᠤᠰᠢᠶᠠᠯ ᠪᠤᠶᠤ ᠲᠤᠰᠢᠶᠠᠯ ᠤᠨ ᠳᠡᠰ ᠢᠶᠠᠷ ᠳᠡᠪᠰᠢᠭᠦᠯᠵᠦ ᠪᠣᠯᠤᠨ᠎ᠠ᠃ | ᠤᠳᠤᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠠᠯᠪᠠᠲᠠᠨ ᠤᠳᠤᠷᠢᠳᠬᠤ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠬᠡᠵᠦ᠂ ᠤᠳᠤᠷᠢᠳᠬᠤ ᠲᠤᠰᠢᠶᠠᠯ ᠡᠭᠦᠷᠭᠡᠯᠡᠬᠦ ᠦᠭᠡᠢ ᠲᠤᠰᠢᠶᠠᠯ ᠤᠨ ᠳᠡᠰ ᠤᠨ ᠠᠯᠪᠠᠲᠠᠨ ᠬᠠᠷᠢᠶᠠᠯᠠᠭᠳᠠᠬᠤ | ᠬᠠᠷᠢᠴᠠᠭ᠎ᠠ ᠪᠠᠨ ᠦᠨᠳᠦᠰᠦᠯᠡᠨ ᠤᠳᠤᠷᠢᠳᠤᠯᠭ᠎ᠠ ᠶᠢᠨ ᠵᠢᠯᠤᠭᠤᠳᠤᠯᠭ᠎ᠠ ᠶᠢ ᠬᠦᠯᠢᠶᠡᠵᠦ᠂ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠬᠡᠨ᠎ᠡ᠃ | ᠭᠤᠷᠪᠠᠳᠤᠭᠠᠷ ᠵᠦᠢᠯ ᠠᠯᠪᠠᠲᠠᠨ ᠤ ᠲᠤᠰᠢᠶᠠᠯ ᠪᠣᠯᠤᠨ ᠲᠤᠰᠢᠶᠠᠯ ᠤᠨ ᠳᠡᠰ ᠢ ᠵᠡᠷᠭᠡᠴᠡᠭᠦᠯᠬᠦ ᠳᠦᠷᠢᠮ ᠢ | ᠬᠡᠷᠡᠭᠵᠢᠭᠦᠯᠬᠦ ᠵᠣᠷᠢᠯᠭ᠎ᠠ ᠨᠢ ᠤᠯᠤᠰ ᠤᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ | ᠣᠳᠣᠬᠢᠴᠢᠯᠠᠯᠲᠠ ᠶᠢ ᠠᠬᠢᠭᠤᠯᠬᠤ ᠱᠠᠭᠠᠷᠳᠠᠯᠭ᠎ᠠ ᠳᠤ ᠵᠣᠬᠢᠴᠠᠭᠤᠯᠵᠤ᠂ ᠳᠤᠮᠳᠠᠳᠤ ᠤᠯᠤᠰ ᠤᠨ ᠣᠨᠴᠠᠯᠢᠭ ᠪᠦᠬᠦᠢ | ᠠᠯᠪᠠᠲᠠᠨ ᠤ ᠳᠦᠷᠢᠮ ᠢ ᠲᠡᠭᠦᠯᠳᠡᠷᠵᠢᠭᠦᠯᠵᠦ᠂ ᠠᠯᠪᠠᠲᠠᠨ ᠤ ᠲᠤᠰᠢᠶᠠᠯ ᠢ ᠲᠣᠬᠢᠷᠠᠭᠤᠯᠬᠤ ᠠᠷᠭ᠎ᠠ ᠶᠢ ᠥᠭᠡᠷᠡᠴᠢᠯᠡᠵᠦ᠂ | ᠲᠤᠰᠢᠶᠠᠯ ᠤᠨ ᠳᠡᠰ ᠤᠨ ᠳᠡᠰ ᠳᠠᠷᠠᠭᠠᠯᠠᠯ ᠢ ᠪᠠᠶᠢᠭᠤᠯᠵᠤ᠂ ᠲᠤᠰᠢᠶᠠᠯ ᠤᠨ ᠳᠡᠰ ᠢ ᠳᠡᠪᠰᠢᠭᠦᠯᠬᠦ ᠵᠠᠮ ᠢ ᠰᠠᠭᠠᠳ | ᠦᠭᠡᠢ ᠨᠡᠪᠲᠡᠷᠡᠭᠦᠯᠵᠦ᠂ ᠲᠤᠰᠢᠶᠠᠯ ᠤᠨ ᠳᠡᠰ ᠢ ᠳᠡᠪᠰᠢᠭᠦᠯᠬᠦ ᠣᠷᠣᠨ ᠵᠠᠶ ᠶᠢ ᠥᠷᠭᠡᠳᠬᠡᠵᠦ᠂ ᠠᠯᠪᠠᠲᠠᠨ ᠤ | ᠲᠤᠬᠠᠶᠢᠯᠠᠭᠰᠠᠨ ᠠᠵᠢᠯ ᠳᠠᠭᠠᠨ ᠰᠠᠭᠤᠷᠢᠯᠠᠨ ᠰᠡᠳᠬᠢᠯ ᠠᠮᠤᠷ ᠠᠵᠢᠯᠯᠠᠬᠤ ᠶᠢ ᠠᠬᠢᠭᠤᠯᠵᠤ᠂ ᠲᠤᠰᠬᠠᠶᠢᠵᠢᠭᠤᠯᠬᠤ | ᠪᠠᠶᠢᠭᠤᠯᠤᠯᠲᠠ ᠶᠢ ᠴᠢᠩᠭᠠᠳᠬᠠᠵᠤ᠂ ᠠᠯᠪᠠᠲᠠᠨ ᠤ ᠠᠵᠢᠯ ᠬᠢᠵᠦ ᠠᠳᠠᠯ ᠦᠢᠯᠡᠰ ᠴᠣᠭᠴᠠᠯᠠᠬᠤ᠂ ᠬᠠᠷᠢᠭᠤᠴᠠᠯᠭ᠎ᠠ | ᠡᠭᠦᠷᠭᠡᠯᠡᠵᠦ ᠠᠵᠢᠯ ᠦᠢᠯᠡᠰ ᠪᠦᠲᠦᠭᠡᠬᠦ ᠶᠢ ᠵᠣᠷᠢᠭᠵᠢᠭᠤᠯᠤᠨ᠎ᠠ᠃ | ᠳᠥᠷᠪᠡᠳᠦᠭᠡᠷ ᠵᠦᠢᠯ ᠠᠯᠪᠠᠲᠠᠨ ᠤ ᠲᠤᠰᠢᠶᠠᠯ ᠪᠣᠯᠤᠨ ᠲᠤᠰᠢᠶᠠᠯ ᠤᠨ ᠳᠡᠰ ᠢ ᠵᠡᠷᠭᠡᠴᠡᠭᠦᠯᠬᠦ ᠳᠦᠷᠢᠮ ᠨᠢ | ᠰᠢ ᠶᠢᠨ ᠫᠢᠩ᠂ ᠯᠧᠨᠢᠨ ᠤ ᠦᠵᠡᠯ᠂ ᠮᠠᠤ ᠽᠤ᠋ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠣᠨᠣᠯ᠂ | ︽ᠭᠤᠷᠪᠠ ᠶᠢ ᠲᠥᠯᠥᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠦᠵᠡᠯᠲᠡ᠂ | ᠮᠠᠷᠺᠰ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠤᠭᠤᠮ ᠢ ᠲᠤᠤᠱᠯᠠᠭᠤᠯᠵᠤ᠂ ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠵᠤ᠂ | ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠭᠠᠵᠠᠷ ᠣᠷᠣᠨ ᠢ | ᠬᠠᠮᠢᠶᠠᠷᠤᠯ ᠦᠭᠡᠢ ᠡᠷᠳᠡᠮᠲᠡᠨ ᠮᠡᠷᠭᠡᠳ ᠢ ᠯᠡ ᠬᠡᠷᠡᠭᠯᠡᠬᠦ ᠶᠢ ᠪᠠᠷᠢᠮᠲᠠᠯᠠᠵᠤ᠂ ᠠᠵᠢᠯ ᠦᠢᠯᠡᠰ ᠢᠶᠠᠨ ᠳᠡᠭᠡᠳᠦᠯᠡᠬᠦ᠂ | ᠲᠥᠪ ᠭᠤᠣᠯᠴᠢ ᠪᠠᠶᠢᠬᠤ ᠶᠢ ᠪᠠᠷᠢᠮᠲᠠᠯᠠᠵᠤ᠂ ᠦᠨᠳᠦᠰᠦᠨ ᠱᠠᠳᠤ ᠲᠡᠰᠢ ᠬᠡᠯᠪᠠᠶᠢᠯᠭᠡᠬᠦ ᠶᠢ ᠪᠠᠷᠢᠮᠲᠠᠯᠠᠵᠤ᠂ ᠴᠢᠩᠭ᠎ᠠ | ᠬᠠᠮᠢᠶᠠᠷᠬᠤ ᠪᠠ ᠭᠦᠨ ᠬᠠᠶᠢᠷᠠᠯᠠᠬᠤ ᠶᠢ ᠤᠶᠠᠯᠳᠤᠭᠤᠯᠬᠤ᠂ ᠤᠷᠮᠠᠰᠢᠭᠤᠯᠤᠨ ᠵᠣᠷᠢᠭᠵᠢᠭᠤᠯᠬᠤ ᠪᠠ ᠬᠢᠵᠠᠭᠠᠷᠯᠠᠬᠤ ᠶᠢ | ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ | ᠲᠠᠪᠤᠳᠤᠭᠠᠷ ᠵᠦᠢᠯ ᠡᠯᠪᠠᠳᠠᠨ ᠤ ᠲᠤᠰᠢᠶᠠᠯ ᠪᠣᠯᠤᠨ ᠲᠤᠰᠢᠶᠠᠯ ᠤᠨ ᠲᠡᠰ ᠢ ᠵᠡᠷᠭᠡᠴᠡᠭᠦᠯᠬᠦ ᠲᠦᠷᠢᠮ ᠢ | ᠬᠡᠷᠡᠭᠵᠢᠭᠦᠯᠬᠦ ᠠᠵᠢᠯ ᠢ ᠡᠯ᠎ᠡ ᠱᠠᠲᠤᠨ ᠤ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠵᠢᠴᠢ | ᠲᠡᠭᠦᠨ ᠤ ᠵᠣᠬᠢᠶᠠᠨ ᠪᠠᠶᠢᠭᠤᠯᠤᠯᠲᠠ ︵ᠠᠵᠢᠯᠳᠠᠨ ᠤ ᠶᠠᠪᠤᠳᠠᠯ︶ ᠶᠢᠨ ᠰᠠᠯᠠᠭ᠎ᠠ ᠮᠥᠴᠢᠷ ᠠᠴᠠ ᠱᠠᠳᠤ ᠬᠤᠪᠢᠶᠠᠨ | ᠬᠠᠷᠢᠭᠤᠴᠠᠨ᠎ᠠ᠃ ᠲᠥᠪ ᠤᠨ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠦᠬᠦ ᠤᠯᠤᠰ ᠤᠨ ᠠᠯᠪᠠᠲᠠᠨ ᠤ | ᠲᠤᠰᠢᠶᠠᠯ ᠬᠢᠭᠡᠳ ᠲᠤᠰᠢᠶᠠᠯ ᠤᠨ ᠳᠡᠰ ᠢ ᠵᠡᠷᠭᠡᠴᠡᠭᠦᠯᠬᠦ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠬᠤᠷᠸ᠎ᠠ | ᠵᠢᠯᠤᠭᠤᠳᠤᠯᠭ᠎ᠠ ᠶᠢ ᠬᠠᠷᠢᠭᠤᠴᠠᠨ᠎ᠠ᠃ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ | ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠬᠠᠷᠢᠶ᠎ᠠ ᠣᠷᠣᠨ ᠤ ᠪᠠᠨ ᠠᠯᠪᠠᠲᠠᠨ ᠤ ᠲᠤᠰᠢᠶᠠᠯ | ᠬᠢᠭᠡᠳ ᠲᠤᠰᠢᠶᠠᠯ ᠤᠨ ᠳᠡᠰ ᠢ ᠵᠡᠷᠭᠡᠴᠡᠭᠦᠯᠬᠦ ᠳᠦᠷᠢᠮ ᠢ ᠵᠣᠬᠢᠶᠠᠨ ᠪᠠᠶᠢᠭᠤᠯᠵᠤ ᠬᠡᠷᠡᠭᠵᠢᠭᠦᠯᠬᠦ ᠠᠵᠢᠯ ᠢ | ᠪᠣᠳᠠᠲᠠᠶ ᠪᠠᠷ ᠵᠢᠯᠣᠭᠤᠳᠤᠨ᠎ᠠ᠃ | ᠬᠤᠶᠠᠳᠤᠭᠠᠷ ᠪᠦᠯᠦᠭ ᠲᠤᠰᠢᠶᠠᠯ ᠬᠢᠭᠡᠳ ᠲᠤᠰᠢᠶᠠᠯ ᠤᠨ ᠲᠡᠰ ᠤᠨ ᠳᠠᠷᠠᠭᠠᠯᠠᠯ | ᠵᠢᠷᠭᠤᠳᠤᠭᠠᠷ ᠵᠦᠢᠯ ᠣᠳᠣᠷᠢᠳᠬᠤ ᠲᠤᠰᠢᠶᠠᠯ ᠢ ᠦᠨᠳᠦᠰᠦᠨ ᠬᠠᠤᠯᠢ᠂ ᠬᠤᠯᠪᠣᠭᠳᠠᠯ ᠪᠦᠬᠦᠢ ᠬᠠᠤᠯᠢ | ᠴᠠᠭᠠᠵᠠ ᠪᠠ ᠪᠠᠶᠢᠭᠤᠯᠤᠮᠵᠢ ᠶᠢᠨ ᠬᠡᠪ ᠪᠠᠷᠢᠮᠵᠢᠶ᠎ᠠ ᠶᠢ ᠦᠨᠳᠦᠰᠦᠯᠡᠨ ᠲᠣᠬᠢᠷᠠᠭᠤᠯᠤᠨ᠎ᠠ᠃ | ᠤᠳᠤᠷᠢᠳᠬᠤ ᠲᠤᠰᠢᠶᠠᠯ ᠤᠨ ᠳᠡᠰ ᠳᠠᠪᠬᠤᠷᠭ᠎ᠠ ᠶᠢ ᠤᠯᠤᠰ ᠤᠨ ᠳᠡᠰ ᠤᠨ ᠵᠢᠩᠬᠢᠨᠢ ᠲᠤᠰᠢᠶᠠᠯ᠂ ᠤᠯᠤᠰ ᠤᠨ | ᠳᠡᠰ ᠤᠨ ᠳᠡᠳ᠋ ᠲᠤᠰᠢᠶᠠᠯ᠂ ᠮᠤᠵᠢ ᠶᠠᠮᠤᠨ ᠤ ᠳᠡᠰ ᠤᠨ ᠵᠢᠩᠬᠢᠨᠢ ᠲᠤᠰᠢᠶᠠᠯ᠂ ᠮᠤᠵᠢ ᠶᠠᠮᠤᠨ ᠤ ᠳᠡᠰ ᠤᠨ ᠳᠡᠳ᠋ | ᠲᠤᠰᠢᠶᠠᠯ᠂ ᠲᠢᠩᠬᠢᠮ ᠲᠣᠪᠴᠢᠶᠠᠨ ᠤ ᠳᠡᠰ ᠤᠨ ᠵᠢᠩᠬᠢᠨᠢ ᠲᠤᠰᠢᠶᠠᠯ᠂ ᠲᠢᠩᠬᠢᠮ ᠲᠣᠪᠴᠢᠶᠠᠨ ᠤ ᠳᠡᠰ ᠤᠨ ᠳᠡᠳ᠋ | ᠲᠤᠰᠢᠶᠠᠯ᠂ ᠰᠢᠶᠠᠨ ᠭᠠᠵᠠᠷ ᠤᠨ ᠳᠡᠰ ᠤᠨ ᠵᠢᠩᠬᠢᠨᠢ ᠲᠤᠰᠢᠶᠠᠯ᠂ ᠰᠢᠶᠠᠨ ᠭᠠᠵᠠᠷ ᠤᠨ ᠳᠡᠰ ᠤᠨ ᠳᠡᠳ᠋ ᠲᠤᠰᠢᠶᠠᠯ᠂ | ᠰᠢᠶᠠᠩ ᠰᠠᠯᠠᠭᠠᠨ ᠤ ᠳᠡᠰ ᠤᠨ ᠵᠢᠩᠬᠢᠨᠢ ᠲᠤᠰᠢᠶᠠᠯ᠂ ᠰᠢᠶᠠᠩ ᠰᠠᠯᠠᠭᠠᠨ ᠤ ᠳᠡᠰ ᠤᠨ ᠳᠡᠳ᠋ ᠲᠤᠰᠢᠶᠠᠯ ᠭᠡᠵᠦ | ᠬᠤᠪᠢᠶᠠᠨ᠎ᠠ᠃ | ᠳᠣᠯᠣᠳᠤᠭᠠᠷ ᠵᠣᠶᠢᠯ ᠲᠤᠰᠢᠶᠠᠯ ᠤᠨ ᠲᠠᠰ ᠤᠨ ᠳᠠᠷᠠᠭᠠᠯᠠᠯ ᠢ ᠶᠡᠷᠦᠩᠬᠡᠶᠢᠯᠡᠨ ᠬᠠᠮᠢᠶᠠᠷᠬᠤ ᠲᠥᠷᠥᠯ᠂ ᠲᠤᠰᠬᠠᠶ | ᠮᠡᠷᠭᠡᠵᠢᠯ ᠤᠨ ᠲᠥᠷᠥᠯ᠂ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠥᠷᠥᠯ ᠵᠡᠷᠭᠡ ᠠᠯᠪᠠᠲᠠᠨ ᠤ ᠲᠤᠰᠢᠶᠠᠯ ᠤᠨ | ᠪᠠᠶᠢᠷᠢ ᠶᠢᠨ ᠲᠥᠷᠥᠯ ᠢᠯᠭᠠᠯ ᠢᠶᠠᠷ ᠲᠣᠰ ᠲᠣᠰ ᠳᠣᠭᠢᠷᠠᠭᠤᠯᠤᠨ᠎ᠠ᠃ | ᠶᠡᠷᠦᠩᠬᠡᠶᠢᠯᠡᠨ ᠬᠠᠮᠢᠶᠠᠷᠬᠤ ᠲᠥᠷᠥᠯ ᠤᠨ ᠠᠯᠪᠠᠲᠠᠨ ᠤ ᠲᠤᠰᠢᠶᠠᠯ ᠤᠨ ᠲᠠᠰ ᠤᠨ ᠳᠠᠷᠠᠭᠠᠯᠠᠯ ᠢ᠄ ᠨᠢᠭᠡᠳᠦᠭᠡᠷ | ᠳᠡᠰ ᠤᠨ ᠲᠣᠭᠤᠷᠢᠨ ᠪᠠᠶᠢᠴᠠᠭᠠᠭᠴᠢ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠂ ᠨᠢᠭᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠂ ᠭᠤᠷᠪᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠨᠢᠭᠡᠳᠦᠭᠡᠷ ᠳᠡᠰ ᠤᠨ | ᠡᠷᠬᠢᠯᠡᠭᠴᠢ ᠭᠡᠰᠢᠭᠦᠴᠢ᠂ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠂ ᠭᠤᠷᠪᠠᠳᠤᠭᠠᠷ ᠳᠡᠰ ᠤᠨ ᠡᠷᠬᠢᠯᠡᠭᠴᠢ | ᠭᠡᠰᠢᠭᠦᠴᠢ᠂ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ᠂ ᠨᠢᠭᠡᠳᠦᠭᠡᠷ ᠳᠡᠰ ᠤᠨ ᠭᠡᠰᠢᠭᠦᠴᠢ᠂ ᠬᠤᠶᠠᠳᠤᠭᠠᠷ | ᠳᠡᠰ ᠤᠨ ᠭᠡᠰᠢᠭᠦᠴᠢ ᠭᠡᠵᠦ ᠬᠤᠪᠢᠶᠠᠨ᠎ᠠ᠃ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠠᠴᠠ ᠭᠠᠳᠠᠨᠠᠬᠢ ᠪᠤᠰᠤᠳ ᠲᠤᠰᠢᠶᠠᠯ ᠤᠨ ᠪᠠᠶᠢᠷᠢ ᠶᠢᠨ ᠲᠥᠷᠥᠯ | ᠢᠯᠭᠠᠯ ᠤᠨ ᠠᠯᠪᠠᠲᠠᠨ ᠤ ᠲᠤᠰᠢᠶᠠᠯ ᠤᠨ ᠲᠠᠰ ᠤᠨ ᠲᠠᠰ ᠳᠠᠷᠠᠭᠠᠯᠠᠯ ᠢ ᠠᠰᠲᠠᠭᠠᠨ ᠲᠣᠭᠲᠠᠭᠠᠨ᠎ᠠ᠃ | ᠨᠠᠢᠮᠠᠳᠤᠭᠠᠷ ᠵᠦᠢᠯ ᠡᠯᠪᠠᠲᠠᠨ ᠤ ᠤᠳᠤᠷᠢᠳᠬᠤ ᠲᠤᠰᠢᠶᠠᠯ᠂ ᠲᠤᠰᠢᠶᠠᠯ ᠤᠨ ᠲᠡᠰ ᠢ ᠵᠣᠬᠢᠴᠠᠩᠭᠤᠶ ᠵᠡᠷᠭᠡ | ᠳᠡᠰ ᠲᠠᠢ ᠵᠣᠬᠢᠴᠠᠭᠤᠯᠤᠨ᠎ᠠ᠃ | ᠤᠳᠤᠷᠢᠳᠬᠤ ᠲᠤᠰᠢᠶᠠᠯ ᠤᠨ ᠵᠣᠬᠢᠴᠠᠯᠳᠤᠬᠤ ᠵᠡᠷᠭᠡ ᠳᠡᠰ ᠢ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠭᠦᠢᠴᠡᠳᠬᠡᠨ᠎ᠡ᠃ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠠᠯᠪᠠᠲᠠᠨ ᠤ ᠲᠤᠰᠢᠶᠠᠯ ᠤᠨ ᠲᠠᠰ ᠤᠨ ᠬᠠᠷᠠᠭᠠᠯᠵᠠᠭᠰᠠᠨ | ᠵᠡᠷᠭᠡ ᠳᠡᠰ ᠪᠣᠯ᠄ | ︵ᠨᠢᠭᠡ︶ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ᠄ ᠠᠷᠪᠠᠨ ᠭᠤᠷᠪᠠᠳᠤᠭᠠᠷ ᠳᠡᠰ ᠠᠴᠠ ᠨᠠᠢᠮᠠᠳᠤᠭᠠᠷ | ᠳᠡᠰ᠃ | ︵ᠬᠤᠶᠠᠷ︶ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ᠄ ᠠᠷᠪᠠᠨ ᠲᠠᠪᠤᠳᠤᠭᠠᠷ ᠳᠡᠰ ᠠᠴᠠ | ᠠᠷᠪᠠᠳᠤᠭᠠᠷ ᠳᠡᠰ᠃ | ︵ᠭᠤᠷᠪᠠ︶ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠄ ᠠᠷᠪᠠᠨ ᠳᠣᠯᠣᠳᠤᠭᠠᠷ ᠳᠡᠰ ᠠᠴᠠ ᠠᠷᠪᠠᠨ | ᠨᠢᠭᠡᠳᠦᠭᠡᠷ ᠳᠡᠰ᠃ | ︵ᠲᠦᠷᠪᠡ︶ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠄ ᠠᠷᠪᠠᠨ ᠨᠠᠢᠮᠠᠳᠤᠭᠠᠷ ᠳᠡᠰ ᠠᠴᠠ ᠠᠷᠪᠠᠨ | ᠬᠤᠶᠠᠳᠤᠭᠠᠷ ᠳᠡᠰ᠃ | ︵ᠲᠠᠪᠤ︶ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ᠄ ᠠᠷᠪᠠ ᠶᠢᠰᠦᠳᠦᠭᠡᠷ ᠳᠡᠰ ᠠᠴᠠ ᠠᠷᠪᠠᠨ | ᠭᠤᠷᠪᠠᠳᠤᠭᠠᠷ ᠳᠡᠰ᠃ | ︵ᠵᠢᠷᠭᠤᠭ᠎ᠠ︶ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠄ ᠬᠤᠷᠢᠳᠤᠭᠠᠷ ᠳᠡᠰ ᠠᠴᠠ ᠠᠷᠪᠠᠨ | ᠳᠥᠷᠪᠡᠳᠦᠭᠡᠷ ᠳᠡᠰ᠃ | ︵ᠲᠤᠯᠤᠭ᠎ᠠ︶ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ᠄ ᠬᠤᠷᠢᠨ ᠨᠢᠭᠡᠳᠦᠭᠡᠷ ᠳᠡᠰ ᠠᠴᠠ ᠠᠷᠪᠠᠨ | ᠲᠠᠪᠤᠳᠤᠭᠠᠷ ᠳᠡᠰ᠃ | ︵ᠨᠠᠢᠮᠠ︶ ᠬᠤᠶᠠᠳᠤᠭᠠᠷ ᠳᠡᠰ ᠤᠨ ᠡᠷᠬᠢᠯᠡᠭᠴᠢ ᠭᠡᠰᠢᠭᠦᠴᠢ᠄ ᠬᠤᠷᠢᠨ ᠬᠤᠶᠠᠳᠤᠭᠠᠷ ᠳᠡᠰ ᠠᠴᠠ ᠠᠷᠪᠠᠨ | ᠵᠢᠷᠭᠤᠳᠤᠭᠠᠷ ᠳᠡᠰ᠃ | ︵ᠶᠢᠰᠦ︶ ᠭᠤᠷᠪᠠᠳᠤᠭᠠᠷ ᠳᠡᠰ ᠤᠨ ᠡᠷᠬᠢᠯᠡᠭᠴᠢ ᠭᠡᠰᠢᠭᠦᠴᠢ᠄ ᠬᠤᠷᠢᠨ ᠭᠤᠷᠪᠠᠳᠤᠭᠠᠷ ᠳᠡᠰ ᠠᠴᠠ ᠠᠷᠪᠠᠨ | ᠳᠣᠯᠣᠳᠤᠭᠠᠷ ᠳᠡᠰ᠃ | ︵ᠠᠷᠪᠠ︶ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ᠄ ᠬᠤᠷᠢᠨ ᠳᠥᠷᠪᠡᠳᠦᠭᠡᠷ ᠳᠡᠰ ᠠᠴᠠ ᠠᠷᠪᠠᠨ | ᠨᠠᠢᠮᠠᠳᠤᠭᠠᠷ ᠳᠡᠰ᠃ | ︵ᠠᠷᠪᠠᠨ ᠨᠢᠭᠡ︶ ᠨᠢᠭᠡᠳᠦᠭᠡᠷ ᠳᠡᠰ ᠤᠨ ᠭᠡᠰᠢᠭᠦᠴᠢ᠄ ᠬᠤᠷᠢᠨ ᠵᠢᠷᠭᠤᠳᠤᠭᠠᠷ ᠳᠡᠰ ᠠᠴᠠ ᠠᠷᠪᠠᠨ ᠨᠠᠢᠮᠠᠳᠤᠭᠠᠷ | ᠳᠡᠰ᠃ | ︵ᠠᠷᠪᠠᠨ ᠬᠤᠶᠠᠷ︶ ᠬᠤᠶᠠᠳᠤᠭᠠᠷ ᠳᠡᠰ ᠤᠨ ᠭᠡᠰᠢᠭᠦᠴᠢ᠄ ᠬᠤᠷᠢᠨ ᠳᠣᠯᠣᠳᠤᠭᠠᠷ ᠳᠡᠰ ᠠᠴᠠ ᠠᠷᠪᠠ | ᠶᠢᠰᠦᠳᠦᠭᠡᠷ ᠳᠡᠰ᠃ | ᠶᠢᠰᠦᠳᠦᠭᠡᠷ ᠵᠣᠶᠢᠯ ᠲᠢᠩᠬᠢᠮ ᠲᠣᠪᠴᠢᠶ᠎ᠠ ᠶᠢᠨ ᠲᠠᠰ ᠠᠴᠠ ᠳᠣᠷᠣᠭᠰᠢᠬᠢ ᠤᠳᠤᠷᠢᠳᠬᠤ ᠲᠤᠰᠢᠶᠠᠯ ᠲᠠᠢ | ᠵᠣᠬᠢᠴᠠᠯᠳᠤᠭᠰᠠᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠠᠯᠪᠠᠲᠠᠨ ᠤ ᠬᠠᠮᠤᠭ ᠤᠨ ᠳᠣᠤᠷ᠎ᠠ | ᠲᠤᠰᠢᠶᠠᠯ ᠤᠨ ᠲᠠᠰ ᠪᠣᠯ᠄ | ︵ᠨᠢᠭᠡ︶ ᠲᠢᠩᠬᠢᠮ ᠲᠣᠪᠴᠢᠶ᠎ᠠ ᠶᠢᠨ ᠲᠡᠰ ᠤᠨ ᠵᠢᠩᠬᠢᠨᠢ ᠲᠤᠰᠢᠶᠠᠯ᠄ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ᠃ | ︵ᠬᠤᠶᠠᠷ︶ ᠲᠢᠩᠬᠢᠮ ᠲᠣᠪᠴᠢᠶ᠎ᠠ ᠶᠢᠨ ᠲᠡᠰ ᠤᠨ ᠳᠡᠳ᠋ ᠲᠤᠰᠢᠶᠠᠯ᠄ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ᠃ | ︵ᠭᠤᠷᠪᠠ︶ ᠰᠢᠶᠠᠨ ᠭᠠᠵᠠᠷ ᠤᠨ ᠲᠡᠰ ᠤᠨ ᠵᠢᠩᠬᠢᠨᠢ ᠲᠤᠰᠢᠶᠠᠯ᠄ ᠬᠤᠶᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ᠃ | ︵ᠲᠦᠷᠪᠡ︶ ᠰᠢᠶᠠᠨ ᠭᠠᠵᠠᠷ ᠤᠨ ᠲᠡᠰ ᠤᠨ ᠳᠡᠳ᠋ ᠲᠤᠰᠢᠶᠠᠯ᠄ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠃ | ︵ᠲᠠᠪᠤ︶ ᠰᠤᠮᠤ ᠰᠠᠯᠠᠭ᠎ᠠ ᠶᠢᠨ ᠲᠡᠰ ᠤᠨ ᠵᠢᠩᠬᠢᠨᠢ ᠲᠤᠰᠢᠶᠠᠯ᠄ ᠬᠤᠶᠠᠳᠤᠭᠠᠷ ᠳᠡᠰ ᠤᠨ ᠡᠷᠬᠢᠯᠡᠭᠴᠢ | ᠭᠡᠰᠢᠭᠦᠴᠢ᠃ | ︵ᠵᠢᠷᠭᠤᠭ᠎ᠠ︶ ᠰᠤᠮᠤ ᠰᠠᠯᠠᠭ᠎ᠠ ᠶᠢᠨ ᠲᠡᠰ ᠤᠨ ᠳᠡᠳ᠋ ᠲᠤᠰᠢᠶᠠᠯ᠄ ᠳᠥᠷᠪᠡᠳᠦᠭᠡᠷ ᠳᠡᠰ ᠤᠨ ᠡᠷᠬᠢᠯᠡᠭᠴᠢ | ᠭᠡᠰᠢᠭᠦᠴᠢ᠃ | ᠭᠤᠷᠪᠠᠳᠤᠭᠠᠷ ᠪᠦᠯᠦᠭ ᠲᠤᠰᠢᠶᠠᠯ ᠤᠨ ᠲᠡᠰ ᠤᠨ ᠪᠠᠶᠢᠷᠢᠯᠠᠭᠤᠯᠤᠯᠲᠠ ᠪᠠ ᠲᠤᠰᠢᠶᠠᠯ ᠤᠨ ᠲᠤᠭ᠎ᠠ ᠶᠢᠨ | ᠬᠠᠷᠢᠴᠠᠯ | ᠠᠷᠪᠠᠳᠤᠭᠠᠷ ᠵᠦᠢᠯ ᠵᠡᠷᠦᠩᠬᠡᠶᠢᠯᠡᠭᠰᠡᠨ ᠬᠠᠮᠢᠶᠠᠷᠤᠯᠲᠠ ᠶᠢᠨ ᠲᠦᠷᠦᠯ ᠤᠨ ᠠᠯᠪᠠᠲᠠᠨ ᠤ ᠲᠤᠰᠢᠶᠠᠯ ᠤᠨ ᠲᠡᠰ ᠢ | ᠳᠣᠣᠷ᠎ᠠ ᠵᠢᠭᠰᠠᠭᠠᠭᠰᠠᠨ ᠬᠡᠪ ᠪᠠᠷᠢᠮᠵᠢᠶ᠎ᠠ ᠪᠠᠷ ᠲᠣᠬᠢᠷᠠᠭᠤᠯᠤᠨ᠎ᠠ᠄ | ︵ᠨᠢᠭᠡ︶ ᠲᠥᠪ ᠤᠨ ᠪᠠᠶᠢᠭᠤᠯᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ | ᠬᠤᠲᠠ ᠶᠢᠨ ᠪᠠᠶᠢᠭᠤᠯᠭ᠎ᠠ ᠳᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠠᠴᠠ ᠳᠣᠷᠣᠭᠰᠢᠬᠢ ᠲᠤᠰᠢᠶᠠᠯ ᠤᠨ | ᠳᠡᠰ ᠢ ᠲᠣᠬᠢᠷᠠᠭᠤᠯᠤᠨ᠎ᠠ᠃ | ︵ᠬᠤᠶᠠᠷ︶ ᠳᠡᠳ᠋ ᠮᠤᠵᠢ ᠶᠢᠨ ᠱᠠᠲᠤᠨ ᠤ ᠬᠤᠳᠠ ᠶᠢᠨ ᠪᠠᠶᠢᠭᠤᠯᠭ᠎ᠠ ᠳᠤ ᠨᠢᠭᠡᠳᠦᠭᠡᠷ ᠳᠡᠰ ᠤᠨ ᠲᠣᠭᠤᠷᠢᠨ | ᠪᠠᠶᠢᠴᠠᠭᠠᠭᠴᠢ ᠠᠴᠠ ᠳᠣᠷᠣᠭᠰᠢᠬᠢ ᠲᠤᠰᠢᠶᠠᠯ ᠤᠨ ᠳᠡᠰ ᠢ ᠲᠣᠬᠢᠷᠠᠭᠤᠯᠵᠤ᠂ ᠳᠡᠳ᠋ ᠮᠤᠵᠢ ᠶᠢᠨ ᠱᠠᠲᠤᠨ ᠤ | ᠬᠤᠳᠠ ᠶᠢᠨ ᠲᠣᠭᠤᠷᠢᠭ ᠤᠨ ᠤᠳᠤᠷᠢᠳᠬᠤ ᠪᠠᠭ ᠲᠤ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠲᠣᠬᠢᠷᠠᠭᠤᠯᠤᠨ᠎ᠠ᠃ | ︵ᠭᠤᠷᠪᠠ︶ ᠬᠤᠲᠠ ︵ᠲᠤᠰᠬᠠᠶ ᠣᠷᠣᠨ᠂ ᠵᠧᠤ᠂ ᠠᠶᠢᠮᠠᠭ︶᠂ ᠰᠢᠭᠤᠳ ᠬᠠᠷᠢᠶ᠎ᠠ ᠬᠤᠲᠠ ᠶᠢᠨ | ᠲᠣᠭᠤᠷᠢᠭ ᠤᠨ ᠤᠳᠤᠷᠢᠳᠬᠤ ᠪᠠᠭ ᠲᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠳᠣᠭᠢᠷᠠᠭᠤᠯᠵᠤ᠂ ᠬᠤᠲᠠ | ︵ᠲᠤᠰᠬᠠᠶ ᠣᠷᠣᠨ᠂ ᠵᠧᠤ᠂ ᠠᠶᠢᠮᠠᠭ︶᠂ ᠰᠢᠭᠤᠳ ᠬᠠᠷᠢᠶ᠎ᠠ ᠬᠤᠲᠠ ᠶᠢᠨ ᠲᠣᠭᠤᠷᠢᠭ ᠤᠨ ᠪᠠᠶᠢᠭᠤᠯᠭ᠎ᠠ ᠳᠤ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠠᠴᠠ ᠳᠣᠷᠣᠭᠰᠢᠬᠢ ᠲᠤᠰᠢᠶᠠᠯ ᠤᠨ ᠲᠠᠰ ᠳᠣᠭᠢᠷᠠᠭᠤᠯᠵᠤ᠂ ᠳᠡᠳ᠋ | ᠮᠤᠵᠢ ᠶᠢᠨ ᠱᠠᠲᠤᠨ ᠤ ᠬᠤᠲᠠ ᠶᠢᠨ ᠲᠣᠭᠤᠷᠢᠭ ᠤᠨ ᠪᠠᠶᠢᠭᠤᠯᠭ᠎ᠠ ᠳᠤ ᠨᠢᠭᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠠᠴᠠ ᠳᠣᠷᠣᠭᠰᠢᠬᠢ ᠲᠤᠰᠢᠶᠠᠯ ᠤᠨ ᠲᠠᠰ ᠳᠣᠭᠢᠷᠠᠭᠤᠯᠤᠨ᠎ᠠ᠃ | ︵ᠳᠥᠷᠪᠡ︶ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠤᠳᠤᠷᠢᠳᠬᠤ ᠪᠠᠭ ᠲᠤ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ᠂ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ᠂ ᠬᠤᠶᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ᠂ ᠭᠤᠷᠪᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠳᠣᠭᠢᠷᠠᠭᠤᠯᠵᠤ᠂ ᠰᠢᠶᠠᠨ ︵ | ᠬᠤᠲᠠ᠂ ᠲᠣᠭᠤᠷᠢᠭ᠂ ᠬᠤᠰᠢᠭᠤ︶᠂ ᠰᠢᠶᠠᠩ ᠪᠠᠯᠭᠠᠰᠤ ᠶᠢᠨ ᠪᠠᠶᠢᠭᠤᠯᠭ᠎ᠠ ᠳᠤ ᠬᠤᠶᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ ᠠᠴᠠ ᠳᠣᠷᠣᠭᠰᠢᠬᠢ ᠲᠤᠰᠢᠶᠠᠯ ᠤᠨ ᠲᠠᠰ ᠳᠣᠭᠢᠷᠠᠭᠤᠯᠤᠨ᠎ᠠ᠃ | ᠠᠷᠪᠠᠨ ᠨᠢᠭᠡᠳᠦᠭᠡᠷ ᠵᠦᠢᠯ ᠲᠤᠰᠢᠶᠠᠯ ᠤᠨ ᠲᠡᠰ ᠤᠨ ᠲᠤᠰᠢᠶᠠᠯ ᠤᠨ ᠲᠤᠭ᠎ᠠ ᠶᠢ ᠡᠯ᠎ᠡ ᠲᠦᠷᠦᠯ ᠤᠨ | ᠠᠯᠪᠠᠲᠠᠨ ᠤ ᠵᠠᠰᠠᠭ ᠵᠠᠬᠢᠷᠭᠠᠨ ᠤ ᠣᠷᠣᠨ ᠲᠤᠭ᠎ᠠ ᠶᠢᠨ ᠲᠤᠭ᠎ᠠ ᠬᠡᠮᠵᠢᠶ᠎ᠡ ᠶᠢᠨ ᠵᠣᠬᠢᠬᠤ ᠬᠠᠷᠢᠴᠠᠯ ᠢᠶᠠᠷ ᠬᠢᠨᠠᠨ | ᠲᠣᠭᠲᠠᠭᠠᠨ᠎ᠠ᠃ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠠᠯᠪᠠᠲᠠᠨ ᠤ ᠲᠤᠰᠢᠶᠠᠯ ᠤᠨ ᠲᠠᠰ ᠤᠨ | ᠲᠤᠰᠢᠶᠠᠯ ᠤᠨ ᠲᠤᠭ᠎ᠠ ᠶᠢ ᠳᠣᠤᠷᠠᠬᠢ ᠬᠠᠷᠢᠴᠠᠯ ᠢᠶᠠᠷ ᠬᠢᠨᠠᠨ ᠲᠣᠭᠲᠠᠭᠠᠨ᠎ᠠ᠄ | ︵ᠨᠢᠭᠡ︶ ᠲᠥᠪ ᠤᠨ ᠪᠠᠶᠢᠭᠤᠯᠭ᠎ᠠ ᠶᠢᠨ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ | ᠪᠠᠶᠢᠴᠠᠭᠠᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 12% ᠠᠴᠠ ᠬᠡᠲᠦᠷᠡᠵᠦ ᠪᠣᠯᠬᠤ ᠥᠬᠡᠶ᠂ ᠡᠭᠦᠨ ᠳᠤ᠂ ᠵᠢᠩᠬᠢᠨᠢ ᠶᠠᠮᠤᠨ ᠤ ᠲᠠᠰ ᠤᠨ | ᠨᠢᠭᠡᠴᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠨᠢ ᠨᠢᠭᠡᠳᠦᠭᠡᠷ ᠳᠡᠰ ᠠᠴᠠ ᠬᠡᠲᠦᠷᠡᠵᠦ ᠪᠣᠯᠬᠤ ᠥᠬᠡᠶ | ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠶᠡᠷᠦᠩᠬᠡᠶ ᠲᠣᠭᠠᠨ ᠤ 40% ᠠᠴᠠ ᠬᠡᠲᠦᠷᠡᠵᠦ ᠪᠣᠯᠬᠤ | ᠥᠬᠡᠶ᠂ ᠳᠡᠳ᠋ ᠶᠠᠮᠤᠨ ᠤ ᠲᠠᠰ ᠤᠨ ᠨᠢᠭᠡᠴᠢ ᠶᠢᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠨᠢ ᠨᠢᠭᠡᠳᠦᠭᠡᠷ | ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠶᠡᠷᠦᠩᠬᠡᠶ ᠲᠣᠭᠠᠨ ᠤ 20% ᠠᠴᠠ ᠬᠡᠲᠦᠷᠡᠵᠦ | ᠪᠣᠯᠬᠤ ᠥᠬᠡᠶ᠃ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠨᠢ ᠪᠠᠶᠢᠭᠤᠯᠭ᠎ᠠ ᠶᠢᠨ | ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ ᠪᠠᠶᠢᠷᠢ ᠶᠢᠨ ᠲᠣᠭᠠᠨ ᠤ 65% ᠠᠴᠠ | ᠬᠡᠲᠦᠷᠡᠵᠦ ᠪᠣᠯᠬᠤ ᠥᠬᠡᠶ᠃ | ︵ᠬᠤᠶᠠᠷ︶ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠪᠠᠶᠢᠭᠤᠯᠭ᠎ᠠ ᠶᠢᠨ | ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠨ | ᠬᠠᠮᠢᠶᠠᠷᠬᠤ ᠲᠥᠷᠥᠯ ᠤᠨ ᠲᠤᠰᠢᠶᠠᠯ ᠤᠨ ᠪᠠᠶᠢᠷᠢ ᠶᠢᠨ ᠲᠣᠭᠠᠨ ᠤ 5% ᠠᠴᠠ ᠬᠡᠲᠦᠷᠡᠵᠦ ᠪᠣᠯᠬᠤ ᠥᠬᠡᠶ᠂ | ᠡᠭᠦᠨ ᠳᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠶᠢᠨ ᠶᠡᠷᠦᠩᠬᠡᠶ ᠲᠣᠭᠠᠨ ᠤ 30% ᠠᠴᠠ ᠬᠡᠲᠦᠷᠡᠵᠦ ᠪᠣᠯᠬᠤ ᠥᠬᠡᠶ᠃ ᠨᠢᠭᠡᠳᠦᠭᠡᠷ | ᠳᠡᠰ ᠠᠴᠠ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠨᠢ ᠪᠠᠶᠢᠭᠤᠯᠤᠯᠭ᠎ᠠ ᠶᠢᠨ ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ ᠪᠠᠶᠢᠷᠢ ᠶᠢᠨ ᠲᠤᠭ᠎ᠠ ᠶᠢᠨ 45% ᠠᠴᠠ ᠬᠡᠲᠦᠷᠡᠵᠦ ᠪᠣᠯᠬᠤ ᠥᠬᠡᠶ | ᠃ | ︵ᠭᠤᠷᠪᠠ︶ ᠳᠡᠳ᠋ ᠮᠤᠵᠢ ᠶᠢᠨ ᠱᠠᠲᠤᠨ ᠤ ᠬᠤᠲᠠ ᠶᠢᠨ ᠪᠠᠶᠢᠭᠤᠯᠭ᠎ᠠ ᠶᠢᠨ ᠨᠢᠭᠡᠳᠦᠭᠡᠷ ᠳᠡᠰ᠂ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ | ᠲᠤᠰᠢᠶᠠᠯ ᠤᠨ ᠪᠠᠶᠢᠷᠢ ᠶᠢᠨ ᠲᠣᠭᠠᠨ ᠤ 2% ᠠᠴᠠ ᠬᠡᠲᠦᠷᠡᠵᠦ ᠪᠣᠯᠬᠤ ᠥᠬᠡᠶ᠂ ᠡᠭᠦᠨ ᠳᠤ ᠨᠢᠭᠡᠳᠦᠭᠡᠷ ᠳᠡᠰ ᠤᠨ | ᠲᠣᠭᠤᠷᠢᠨ ᠪᠠᠶᠢᠴᠠᠭᠠᠭᠴᠢ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠶᠡᠷᠦᠩᠬᠡᠶ | ᠲᠣᠭᠠᠨ ᠤ 30% ᠠᠴᠠ ᠬᠡᠲᠦᠷᠡᠵᠦ ᠪᠣᠯᠬᠤ ᠥᠬᠡᠶ᠃ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 43% ᠠᠴᠠ ᠬᠡᠲᠦᠷᠡᠵᠦ ᠪᠣᠯᠬᠤ ᠥᠬᠡᠶ᠂ ᠡᠭᠦᠨ ᠳᠤ ᠨᠢᠭᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠨᠢ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠶᠡᠷᠦᠩᠬᠡᠶ | ᠲᠣᠭᠠᠨ ᠤ 20% ᠠᠴᠠ ᠬᠡᠲᠦᠷᠡᠵᠦ ᠪᠣᠯᠬᠤ ᠥᠬᠡᠶ᠃ | ︵ᠳᠥᠷᠪᠡ︶ ᠬᠤᠲᠠ ︵ᠲᠤᠰᠬᠠᠶ ᠣᠷᠣᠨ᠂ ᠵᠧᠤ᠂ ᠠᠶᠢᠮᠠᠭ︶᠂ ᠰᠢᠭᠤᠳ ᠬᠠᠷᠢᠶ᠎ᠠ ᠬᠤᠲᠠ ᠶᠢᠨ | ᠲᠣᠭᠤᠷᠢᠭ ᠤᠨ ᠤᠳᠤᠷᠢᠳᠬᠤ ᠪᠠᠭ ᠤᠨ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠨᠢ ᠤᠳᠤᠷᠢᠳᠬᠤ | ᠪᠠᠭ ᠤᠨ ᠲᠤᠰᠢᠶᠠᠯ ᠤᠨ ᠲᠣᠭᠠᠨ ᠤ 15% ᠠᠴᠠ ᠬᠡᠲᠦᠷᠡᠵᠦ ᠪᠣᠯᠬᠤ ᠥᠬᠡᠶ᠃ ᠬᠤᠲᠠ ︵ᠲᠤᠰᠬᠠᠶ ᠣᠷᠣᠨ᠂ | ᠵᠧᠤ᠂ ᠠᠶᠢᠮᠠᠭ︶᠂ ᠰᠢᠭᠤᠳ ᠬᠠᠷᠢᠶ᠎ᠠ ᠬᠤᠲᠠ ᠶᠢᠨ ᠲᠣᠭᠤᠷᠢᠭ ᠤᠨ ᠪᠠᠶᠢᠭᠤᠯᠭ᠎ᠠ ᠶᠢᠨ ᠬᠤᠶᠠᠳᠤᠭᠠᠷ ᠳᠡᠰ ᠤᠨ | ᠲᠣᠭᠤᠷᠢᠨ ᠪᠠᠶᠢᠴᠠᠭᠠᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 1% ᠠᠴᠠ ᠬᠡᠲᠦᠷᠡᠵᠦ ᠪᠣᠯᠬᠤ ᠥᠬᠡᠶ᠃ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 20% ᠠᠴᠠ ᠬᠡᠲᠦᠷᠡᠵᠦ ᠪᠣᠯᠬᠤ ᠥᠬᠡᠶ᠂ ᠡᠭᠦᠨ ᠳᠤ ᠨᠢᠭᠡᠳᠦᠭᠡᠷ ᠳᠡᠰ᠂ ᠬᠤᠶᠠᠳᠤᠭᠠᠷ | ᠳᠡᠰ ᠤᠨ ᠪᠠᠶᠢᠴᠠᠭᠠᠨ ᠰᠤᠳᠤᠯᠤᠭᠴᠢ ᠨᠢ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠶᠢᠨ ᠶᠡᠷᠦᠩᠬᠡᠶ ᠲᠣᠭᠠᠨ ᠤ 40% ᠠᠴᠠ ᠬᠡᠲᠦᠷᠡᠵᠦ ᠪᠣᠯᠬᠤ ᠥᠬᠡᠶ᠂ ᠨᠢᠭᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠨᠢ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ | ᠶᠡᠷᠦᠩᠬᠡᠶ ᠲᠣᠭᠠᠨ ᠤ 50% ᠠᠴᠠ ᠬᠡᠲᠦᠷᠡᠵᠦ ᠪᠣᠯᠬᠤ ᠥᠬᠡᠶ᠃ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ | ᠡᠷᠬᠢᠯᠡᠭᠴᠢ ᠭᠡᠰᠢᠭᠦᠴᠢ ᠶᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 60% ᠠᠴᠠ ᠬᠡᠲᠦᠷᠡᠭᠦᠯᠵᠦ ᠪᠣᠯᠬᠤ ᠥᠬᠡᠶ᠂ ᠡᠭᠦᠨ ᠳᠤ ᠨᠢᠭᠡᠳᠦᠭᠡᠷ ᠳᠡᠰ᠂ ᠬᠤᠶᠠᠳᠤᠭᠠᠷ | ᠳᠡᠰ ᠤᠨ ᠡᠷᠬᠢᠯᠡᠭᠴᠢ ᠭᠡᠰᠢᠭᠦᠴᠢ ᠶᠢ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ | ᠶᠡᠷᠦᠩᠬᠡᠶ ᠲᠣᠭᠠᠨ ᠤ 50% ᠠᠴᠠ ᠬᠡᠲᠦᠷᠡᠭᠦᠯᠵᠦ ᠪᠣᠯᠬᠤ ᠥᠬᠡᠶ᠃ | ︵ᠲᠠᠪᠤ︶ ᠳᠡᠳ᠋ ᠮᠤᠵᠢ ᠶᠢᠨ ᠱᠠᠲᠤᠨ ᠤ ᠬᠤᠲᠠ ᠶᠢᠨ ᠲᠣᠭᠤᠷᠢᠭ ᠤᠨ ᠤᠳᠤᠷᠢᠳᠬᠤ ᠪᠠᠭ ᠤᠨ ᠨᠢᠭᠡᠳᠦᠭᠡᠷ ᠳᠡᠰ | ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠨᠢ ᠤᠳᠤᠷᠢᠳᠬᠤ ᠪᠠᠭ ᠤᠨ ᠲᠤᠰᠢᠶᠠᠯ ᠤᠨ ᠲᠣᠭᠠᠨ ᠤ | 15% ᠠᠴᠠ ᠬᠡᠲᠦᠷᠡᠵᠦ ᠪᠣᠯᠬᠤ ᠥᠬᠡᠶ᠂ ᠡᠭᠦᠨ ᠳᠤ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠨᠢ | ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠪᠥᠬᠦ ᠲᠣᠭᠠᠨ ᠤ 40% ᠠᠴᠠ | ᠬᠡᠲᠦᠷᠡᠵᠦ ᠪᠣᠯᠬᠤ ᠥᠬᠡᠶ᠃ ᠳᠡᠳ᠋ ᠮᠤᠵᠢ ᠶᠢᠨ ᠱᠠᠲᠤᠨ ᠤ ᠬᠤᠲᠠ ᠶᠢᠨ ᠲᠣᠭᠤᠷᠢᠭ ᠤᠨ ᠪᠠᠶᠢᠭᠤᠯᠭ᠎ᠠ ᠶᠢᠨ | ᠱᠠᠲᠤᠨ ᠤ ᠪᠠᠶᠢᠴᠠᠭᠠᠨ ᠰᠤᠳᠤᠯᠤᠭᠴᠢ ᠠᠴᠠ ᠳᠣᠷᠣᠭᠰᠢᠬᠢ ᠲᠤᠰᠢᠶᠠᠯ ᠤᠨ ᠲᠠᠰ ᠤᠨ ᠲᠤᠰᠢᠶᠠᠯ ᠤᠨ ᠲᠤᠭ᠎ᠠ ᠶᠢ | ᠳᠥᠷᠪᠡᠳᠦᠭᠡᠷ ᠵᠤᠷᠪᠤᠰ ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠵᠢᠷᠭᠤᠭ᠎ᠠ︶ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠤᠳᠤᠷᠢᠳᠬᠤ ᠪᠠᠭ ᠤᠨ ᠬᠤᠶᠠᠳᠤᠭᠠᠷ | ᠳᠡᠰ ᠤᠨ ᠲᠣᠭᠤᠷᠢᠨ ᠪᠠᠶᠢᠴᠠᠭᠠᠭᠴᠢ ᠶᠢ ᠤᠳᠤᠷᠢᠳᠬᠤ ᠪᠠᠭ ᠤᠨ ᠲᠤᠰᠢᠶᠠᠯ ᠤᠨ ᠲᠣᠭᠠᠨ ᠤ 10% ᠠᠴᠠ | ᠬᠡᠲᠦᠷᠡᠭᠦᠯᠵᠦ ᠪᠣᠯᠬᠤ ᠥᠬᠡᠶ᠂ ᠨᠢᠭᠡᠳᠦᠭᠡᠷ ᠳᠡᠰ᠂ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢ | ᠤᠳᠤᠷᠢᠳᠬᠤ ᠪᠠᠭ ᠤᠨ ᠲᠤᠰᠢᠶᠠᠯ ᠤᠨ ᠲᠣᠭᠠᠨ ᠤ 20% ᠠᠴᠠ ᠬᠡᠲᠦᠷᠡᠭᠦᠯᠵᠦ ᠪᠣᠯᠬᠤ ᠥᠬᠡᠶ᠃ ᠰᠢᠶᠠᠨ ︵ | ᠬᠤᠲᠠ᠂ ᠲᠣᠭᠤᠷᠢᠭ᠂ ᠬᠤᠰᠢᠭᠤ︶᠂ ᠰᠢᠶᠠᠩ ᠪᠠᠯᠭᠠᠰᠤᠨ ᠤ ᠪᠠᠶᠢᠭᠤᠯᠭ᠎ᠠ ᠶᠢᠨ ᠬᠤᠶᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 2% ᠠᠴᠠ ᠬᠡᠲᠦᠷᠡᠵᠦ ᠪᠣᠯᠬᠤ ᠥᠬᠡᠶ᠃ ᠭᠤᠷᠪᠠᠳᠤᠭᠠᠷ ᠳᠡᠰ᠂ ᠳᠥᠷᠪᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠨᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 10% ᠠᠴᠠ ᠬᠡᠲᠦᠷᠡᠵᠦ ᠪᠣᠯᠬᠤ ᠥᠬᠡᠶ᠂ ᠡᠭᠦᠨ ᠳᠤ ᠭᠤᠷᠪᠠᠳᠤᠭᠠᠷ ᠳᠡᠰ ᠤᠨ ᠪᠠᠶᠢᠴᠠᠭᠠᠨ | ᠰᠤᠳᠤᠯᠤᠭᠴᠢ ᠨᠢ ᠭᠤᠷᠪᠠᠳᠤᠭᠠᠷ ᠳᠡᠰ᠂ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠶᠡᠷᠦᠩᠬᠡᠶ | ᠲᠣᠭᠠᠨ ᠤ 40% ᠠᠴᠠ ᠬᠡᠲᠦᠷᠡᠵᠦ ᠪᠣᠯᠬᠤ ᠥᠬᠡᠶ᠃ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ | ᠡᠷᠬᠢᠯᠡᠭᠴᠢ ᠭᠡᠰᠢᠭᠦᠴᠢ ᠶᠢ ᠪᠠᠶᠢᠭᠤᠯᠭ᠎ᠠ ᠶᠢᠨ ᠶᠡᠷᠦᠩᠬᠡᠶᠢᠯᠡᠭᠰᠡᠨ ᠬᠠᠮᠢᠶᠠᠷᠤᠯᠲᠠ ᠶᠢᠨ ᠲᠥᠷᠥᠯ ᠤᠨ ᠲᠤᠰᠢᠶᠠᠯ ᠤᠨ | ᠪᠠᠶᠢᠷᠢ ᠶᠢᠨ ᠲᠣᠭᠠᠨ ᠤ 60% ᠠᠴᠠ ᠬᠡᠲᠦᠷᠡᠭᠦᠯᠵᠦ ᠪᠣᠯᠬᠤ ᠥᠬᠡᠶ᠂ ᠡᠭᠦᠨ ᠳᠤ ᠨᠢᠭᠡᠳᠦᠭᠡᠷ ᠳᠡᠰ᠂ ᠬᠤᠶᠠᠳᠤᠭᠠᠷ | ᠳᠡᠰ ᠤᠨ ᠡᠷᠬᠢᠯᠡᠭᠴᠢ ᠭᠡᠰᠢᠭᠦᠴᠢ ᠶᠢ ᠨᠢᠭᠡᠳᠦᠭᠡᠷ ᠳᠡᠰ ᠠᠴᠠ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ | ᠶᠡᠷᠦᠩᠬᠡᠶ ᠲᠣᠭᠠᠨ ᠤ 50% ᠠᠴᠠ ᠬᠡᠲᠦᠷᠡᠭᠦᠯᠵᠦ ᠪᠣᠯᠬᠤ ᠥᠬᠡᠶ᠃ | ᠲᠥᠪ ᠤᠨ ᠪᠠ ᠣᠷᠣᠨ ᠨᠤᠲᠤᠭ ᠤᠨ ᠡᠯ᠎ᠡ ᠱᠠᠲᠤᠨ ᠤ ᠪᠠᠶᠢᠭᠤᠯᠭ᠎ᠠ ᠶᠢᠨ ᠳᠣᠲᠣᠷᠠᠬᠢ ᠣᠨᠴᠠᠭᠠᠶ ᠪᠠᠶᠢᠳᠠᠯ ᠠᠴᠠ | ᠪᠤᠯᠵᠤ ᠲᠤᠰᠢᠶᠠᠯ ᠤᠨ ᠲᠡᠰ ᠤᠨ ᠬᠠᠷᠢᠴᠠᠯ ᠳᠤ ᠣᠨᠴᠠᠭᠠᠶ ᠲᠤᠬᠢᠷᠠᠭᠤᠯᠤᠯᠳᠠ ᠬᠢᠬᠦ ᠴᠢᠬᠤᠯᠠᠲᠠᠶ ᠪᠠᠶᠢᠪᠠᠯ᠂ | ᠲᠥᠪ ᠤᠨ ᠠᠯᠪᠠᠳᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ | ᠃ ᠲᠥᠪ ᠤᠨ ᠪᠠᠶᠢᠭᠤᠯᠭ᠎ᠠ ᠪᠠ ᠮᠤᠵᠢ ᠶᠢᠨ ᠱᠠᠲᠤᠨ ᠤ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ | ᠠᠵᠢᠯ ᠤᠨ ᠬᠡᠷᠡᠭᠴᠡᠭᠡ ᠪᠠ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠮᠦᠨᠡᠬᠢ ᠪᠠᠳᠠᠭ ᠤᠨ ᠲᠣᠭᠲᠠᠭᠠᠯ ᠳᠠᠬᠢ | ᠢᠯᠭᠠᠭ᠎ᠠ ᠦᠭᠡᠢ ᠡᠯ᠎ᠡ ᠲᠤᠰᠢᠶᠠᠯ ᠤᠨ ᠳᠡᠰ ᠤᠨ ᠳᠡᠰ ᠳᠠᠪᠬᠤᠷᠭ᠎ᠠ ᠶᠢᠨ ᠬᠠᠷᠢᠴᠠᠯ ᠢ ᠨᠠᠷᠢᠯᠢᠬᠵᠢᠭᠤᠯᠵᠤ ᠪᠣᠯᠤᠨ᠎ᠠ᠃ | | ᠠᠷᠪᠠᠨ ᠬᠤᠶᠠᠳᠤᠭᠠᠷ ᠵᠦᠢᠯ ᠲᠥ᠋ᠪ ᠤᠨ ᠪᠠ ᠮᠤᠵᠢ ᠶᠢᠨ ᠱᠠᠲᠤᠨ ᠤ ᠪᠠᠶᠢᠭᠤᠯᠭ᠎ᠠ ᠶᠢᠨ ᠰᠢᠭᠤᠳ ᠬᠠᠮᠢᠶᠠᠷᠴᠤ | ᠪᠠᠶᠢᠭ᠎ᠠ ᠪᠠᠶᠢᠭᠤᠯᠤᠮᠵᠢ᠂ ᠬᠤᠳᠠ ᠲᠤᠰᠬᠠᠶ ᠣᠷᠣᠨ ᠤ ᠱᠠᠲᠤᠨ ᠠᠴᠠ ᠳᠡᠭᠡᠭᠰᠢᠬᠢ ᠪᠠᠶᠢᠭᠤᠯᠭ᠎ᠠ ᠶᠢᠨ ᠰᠢᠭᠤᠳ | ᠬᠠᠷᠢᠶ᠎ᠠ ᠨᠢᠭᠡᠴᠢ ᠪᠤᠶᠤ ᠲᠣᠮᠢᠯᠠᠭᠰᠠᠨ ᠪᠠᠶᠢᠭᠤᠯᠤᠮᠵᠢ ᠨᠢ ᠪᠠᠶᠢᠭᠤᠯᠤᠮᠵᠢ ᠶᠢᠨ ᠬᠡᠪ ᠪᠠᠷᠢᠮᠵᠢᠶ᠎ᠠ ᠶᠢ ᠦᠨᠳᠦᠰᠦᠯᠡᠨ᠂ | ᠠᠷᠪᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ᠂ ᠲᠤᠰᠢᠶᠠᠯ ᠤᠨ ᠲᠡᠰ | ᠭᠠᠷᠭᠠᠬᠤ ᠪᠠ ᠲᠤᠰᠢᠶᠠᠯ ᠤᠨ ᠲᠤᠭ᠎ᠠ ᠶᠢ ᠬᠢᠨᠠᠨ ᠲᠣᠭᠲᠠᠭᠠᠨ᠎ᠠ᠃ | ᠰᠢᠭᠤᠳ ᠬᠠᠷᠢᠶ᠎ᠠ ᠬᠤᠲᠠ ᠶᠢᠨ ᠰᠢᠶᠠᠨ ᠤ ᠤᠳᠤᠷᠢᠳᠬᠤ ᠪᠠᠭ ᠪᠠ ᠰᠢᠶᠠᠨ᠂ ᠰᠢᠶᠠᠩ ᠪᠠᠯᠭᠠᠰᠤᠨ ᠤ | ᠪᠠᠶᠢᠭᠤᠯᠭ᠎ᠠ᠂ ᠳᠡᠳ᠋ ᠮᠤᠵᠢ ᠶᠢᠨ ᠱᠠᠲᠤᠨ ᠤ ᠬᠤᠲᠠ ᠶᠢᠨ ᠰᠢᠶᠠᠩ ᠪᠠᠯᠭᠠᠰᠤᠨ ᠤ ᠪᠠᠶᠢᠭᠤᠯᠭ᠎ᠠ ᠳᠤ | ᠪᠠᠶᠢᠭᠤᠯᠤᠮᠵᠢ ᠶᠢᠨ ᠬᠡᠪ ᠪᠠᠷᠢᠮᠵᠢᠶ᠎ᠠ ᠶᠢ ᠦᠨᠳᠦᠰᠦᠯᠡᠨ᠂ ᠮᠤᠵᠢ ᠶᠢᠨ ᠱᠠᠲᠤᠨ ᠤ ᠠᠯᠪᠠᠲᠠᠨ ᠤ ᠡᠷᠬᠢᠯᠡᠨ ᠬᠠᠮᠢᠶᠠᠷᠬᠤ | ᠰᠠᠯᠠᠭ᠎ᠠ ᠮᠥᠴᠢᠷ ᠠᠴᠠ ᠠᠷᠪᠠᠳᠤᠭᠠᠷ ᠵᠦᠢᠯ᠂ ᠠᠷᠪᠠᠨ ᠨᠢᠭᠡᠳᠦᠭᠡᠷ ᠵᠦᠢᠯ ᠤᠨ ᠲᠣᠭᠲᠠᠭᠠᠯ ᠢᠶᠠᠷ ᠯᠠᠪᠯᠠᠯᠲᠠ ᠪᠣᠯᠭᠠᠵᠤ | ᠂ ᠲᠤᠰᠢᠶᠠᠯ ᠤᠨ ᠳᠡᠰ ᠤᠨ ᠪᠠᠶᠢᠷᠢᠯᠠᠭᠤᠯᠤᠯᠲᠠ ᠪᠠ ᠬᠠᠷᠢᠴᠠᠯ ᠢ ᠰᠤᠳᠤᠯᠤᠨ ᠲᠣᠭᠲᠠᠭᠠᠨ᠎ᠠ᠃ | ᠠᠷᠪᠠᠨ ᠭᠤᠷᠪᠠᠳᠤᠭᠠᠷ ᠵᠦᠢᠯ ᠲᠤᠰᠢᠶᠠᠯ ᠤᠨ ᠲᠡᠰ ᠤᠨ ᠲᠤᠰᠢᠶᠠᠯ ᠤᠨ ᠲᠤᠭ᠎ᠠ ᠶᠢ ᠡᠩ ᠤᠨ ᠪᠠᠶᠢᠳᠠᠯ ᠳᠤ ᠡᠯ᠎ᠡ | ᠪᠠᠶᠢᠭᠤᠯᠭ᠎ᠠ ᠶᠢᠨ ᠶᠣᠰᠣᠭᠠᠷ ᠲᠤᠰ ᠲᠤᠰ ᠲᠤᠨᠢ ᠬᠢᠨᠠᠨ ᠲᠣᠭᠲᠠᠭᠠᠨ᠎ᠠ᠃ ᠲᠤᠰᠢᠶᠠᠯ ᠤᠨ ᠲᠤᠭ᠎ᠠ ᠨᠢ ᠨᠡᠯᠢᠶᠡᠳ | ᠴᠥᠭᠡᠨ ᠪᠤᠶᠤ ᠡᠯ᠎ᠡ ᠪᠠᠶᠢᠭᠤᠯᠭ᠎ᠠ ᠶᠢᠨ ᠲᠤᠰ ᠲᠤᠰ ᠲᠤᠨᠢ ᠬᠢᠨᠠᠨ ᠲᠣᠭᠲᠠᠭᠠᠬᠤ ᠳᠤ ᠪᠡᠷᠬᠡᠲᠡᠶ ᠲᠤᠰᠢᠶᠠᠯ ᠤᠨ | ᠳᠡᠰ ᠢ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠨᠠᠮ ᠤᠨ ᠬᠤᠷᠢᠶ᠎ᠠ ᠵᠢᠴᠢ ᠲᠡᠭᠦᠨ ᠤ | ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠪᠣᠳᠠᠲᠤ ᠪᠠᠶᠢᠳᠠᠯ ᠪᠠ ᠲᠤᠰᠢᠶᠠᠯ ᠤᠨ ᠳᠡᠰ ᠢ | ᠳᠡᠪᠰᠢᠭᠦᠯᠬᠦ ᠶᠢ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠢ ᠦᠨᠳᠦᠰᠦᠯᠡᠨ᠂ ᠱᠠᠳᠤ ᠬᠤᠪᠢᠶᠠᠨ ᠨᠢᠭᠡᠳᠦᠯᠲᠡᠶ | ᠲᠥᠯᠥᠪᠯᠡᠨ ᠬᠢᠨᠠᠨ ᠲᠣᠭᠲᠠᠭᠠᠵᠤ ᠬᠡᠷᠡᠭᠯᠡᠨ᠎ᠡ᠃ ᠬᠤᠲᠠ ︵ᠲᠤᠰᠬᠠᠶ ᠣᠷᠣᠨ᠂ ᠵᠧᠤ᠂ ᠠᠶᠢᠮᠠᠭ︶᠂ ᠰᠢᠭᠤᠳ | ᠬᠠᠷᠢᠶ᠎ᠠ ᠬᠤᠲᠠ ᠶᠢᠨ ᠲᠣᠭᠤᠷᠢᠭ᠂ ᠰᠢᠶᠠᠨ ︵ᠬᠤᠲᠠ᠂ ᠲᠣᠭᠤᠷᠢᠭ᠂ ᠬᠤᠰᠢᠭᠤ︶ ᠤ ᠤᠳᠤᠷᠢᠳᠬᠤ ᠪᠠᠭ ᠬᠢᠭᠡᠳ | ᠬᠠᠷᠢᠶ᠎ᠠ ᠰᠠᠯᠠᠭ᠎ᠠ ᠮᠥᠴᠢᠷ ᠤᠨ ᠢᠶᠠᠨ ᠲᠤᠰᠢᠶᠠᠯ ᠤᠨ ᠲᠠᠰ ᠤᠨ ᠲᠤᠰᠢᠶᠠᠯ ᠤᠨ ᠲᠤᠭ᠎ᠠ ᠶᠢ ᠰᠠᠯᠭᠠᠵᠤ ᠨᠢᠭᠡᠳᠦᠯᠲᠡᠶ | ᠲᠥᠯᠥᠪᠯᠡᠨ ᠬᠢᠨᠠᠨ ᠲᠣᠭᠲᠠᠭᠠᠬᠤ ᠪᠠ ᠬᠡᠷᠡᠭᠯᠡᠨ᠎ᠡ᠃ | ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠨᠢ ᠡᠳᠦᠶ | ᠲᠡᠳᠦᠶ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠶᠢᠨ ᠲᠤᠰᠢᠶᠠᠯ ᠤᠨ ᠲᠤᠭ᠎ᠠ ᠶᠢ ᠨᠢᠭᠡᠳᠦᠯᠲᠡᠶ ᠲᠥᠯᠥᠪᠯᠡᠨ | ᠬᠡᠷᠡᠭᠯᠡᠵᠦ᠂ ᠴᠥᠭᠡᠨ ᠲᠣᠭᠠᠨ ᠤ ᠣᠨᠴᠠ ᠰᠢᠯᠢᠳᠡᠭ ᠰᠢᠶᠠᠨ ︵ᠬᠤᠳᠠ᠂ ᠲᠣᠭᠤᠷᠢᠭ᠂ ᠬᠤᠰᠢᠭᠤ︶ ᠤ ᠨᠠᠮ ᠤᠨ | ᠬᠤᠷᠢᠶᠠᠨ ᠤ ᠱᠦᠵᠢ ᠶᠢ ᠤᠷᠮᠠᠰᠢᠭᠤᠯᠤᠨ ᠵᠣᠷᠢᠭᠵᠢᠭᠤᠯᠬᠤ ᠳᠤ ᠬᠡᠷᠡᠭᠯᠡᠵᠦ ᠪᠣᠯᠤᠨ᠎ᠠ᠃ | ᠠᠷᠪᠠᠨ ᠳᠥᠷᠪᠡᠳᠦᠭᠡᠷ ᠵᠦᠢᠯ ᠲᠥ᠋ᠪ ᠤᠨ ᠪᠠᠶᠢᠭᠤᠯᠭ᠎ᠠ ᠵᠢᠴᠢ ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ | ᠲᠤᠰᠢᠶᠠᠯ ᠤᠨ ᠲᠡᠰ ᠢ ᠲᠣᠬᠢᠷᠠᠭᠤᠯᠬᠤ ᠲᠥᠰᠦᠯ ᠢ ᠲᠥᠪ ᠤᠨ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠮᠤᠵᠢ ᠶᠢᠨ ᠱᠠᠲᠤᠨ ᠠᠴᠠ ᠳᠣᠷᠣᠭᠰᠢᠬᠢ ᠪᠠᠶᠢᠭᠤᠯᠭ᠎ᠠ ᠵᠢᠴᠢ | ᠲᠡᠭᠦᠨ ᠤ ᠰᠢᠭᠤᠳ ᠬᠠᠷᠢᠶ᠎ᠠ ᠪᠠᠶᠢᠭᠤᠯᠤᠮᠵᠢ ᠶᠢᠨ ᠲᠤᠰᠢᠶᠠᠯ ᠤᠨ ᠳᠡᠰ ᠢ ᠲᠣᠬᠢᠷᠠᠭᠤᠯᠬᠤ ᠲᠥᠰᠦᠯ ᠢ ᠬᠢᠨᠠᠨ | ᠵᠥᠪᠰᠢᠶᠡᠷᠡᠬᠦ ᠪᠤᠶᠤ ᠳᠠᠩᠰᠠᠯᠠᠭᠤᠯᠬᠤ ᠵᠢᠷᠤᠮ ᠢ ᠮᠤᠵᠢ ᠶᠢᠨ ᠱᠠᠲᠤᠨ ᠤ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠲᠣᠭᠲᠠᠭᠠᠨ᠎ᠠ᠃ | ᠳᠥᠷᠪᠡᠳᠦᠭᠡᠷ ᠪᠦᠯᠦᠭ ᠲᠤᠰᠢᠶᠠᠯ ᠤᠨ ᠲᠡᠰ ᠢ ᠲᠣᠭᠲᠠᠭᠠᠬᠤ ᠪᠠ ᠳᠡᠪᠰᠢᠭᠦᠯᠵᠦ ᠪᠠᠭᠤᠷᠠᠭᠤᠯᠬᠤ | ᠠᠷᠪᠠᠨ ᠲᠠᠪᠤᠳᠤᠭᠠᠷ ᠵᠦᠢᠯ ᠡᠯᠪᠠᠲᠠᠨ ᠤ ᠤᠳᠤᠷᠢᠳᠬᠤ ᠲᠤᠰᠢᠶᠠᠯ ᠢ ᠲᠣᠮᠢᠯᠠᠬᠤ ᠪᠠᠭᠤᠯᠭᠠᠬᠤ ᠪᠠ ᠳᠡᠪᠰᠢᠭᠦᠯᠵᠦ | ᠪᠠᠭᠤᠷᠠᠭᠤᠯᠬᠤ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠠᠷᠪᠠᠨ ᠵᠢᠷᠭᠤᠳᠤᠭᠠᠷ ᠵᠦᠢᠯ ᠡᠯᠪᠠᠲᠠᠨ ᠤ ᠲᠤᠰᠢᠶᠠᠯ ᠤᠨ ᠳᠡᠰ ᠢ ᠲᠡᠭᠦᠨ ᠤ ᠮᠣᠷᠠᠯ ᠴᠢᠳᠠᠪᠤᠷᠢ ᠶᠢᠨ ᠢᠯᠡᠷᠡᠯ᠂ | ᠠᠵᠢᠯ ᠤᠨ ᠪᠣᠳᠠᠲᠤ ᠪᠦᠲᠦᠮᠵᠢ ᠪᠠ ᠬᠢᠷᠢ ᠬᠡᠮ ᠢ ᠦᠨᠳᠦᠰᠦᠯᠡᠨ ᠲᠣᠭᠲᠠᠭᠠᠨ᠎ᠠ᠃ | ᠤᠳᠤᠷᠢᠳᠬᠤ ᠲᠤᠰᠢᠶᠠᠯ ᠤᠨ ᠪᠤᠰᠤ ᠠᠯᠪᠠᠲᠠᠨ ᠤ ᠲᠤᠰᠢᠶᠠᠯ ᠤᠨ ᠳᠡᠰ ᠢ ᠠᠩᠬ᠎ᠠ ᠤᠳᠠᠭ᠎ᠠ ᠲᠣᠭᠲᠠᠭᠠᠵᠤ᠂ | ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠢᠵᠢ ᠪᠦᠷᠢᠳᠦᠭᠦᠯᠦᠨ ᠰᠢᠯᠵᠢᠭᠦᠯᠵᠡᠶ᠃ ᠰᠢᠨ᠎ᠡ ᠪᠠᠷ ᠡᠯᠰᠡᠭᠰᠡᠨ | ᠠᠯᠪᠠᠲᠠᠨ ᠳᠤ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠨᠢᠭᠡᠳᠦᠭᠡᠷ ᠳᠡᠰ ᠤᠨ ᠡᠷᠬᠢᠯᠡᠭᠴᠢ ᠶᠢᠨ ᠭᠡᠰᠢᠭᠦᠴᠢ ᠠᠴᠠ | ᠳᠣᠷᠣᠭᠰᠢᠬᠢ ᠵᠢᠴᠢ ᠵᠣᠬᠢᠬᠤ ᠳᠡᠰ ᠳᠠᠪᠬᠤᠷᠭ᠎ᠠ ᠶᠢᠨ ᠲᠤᠰᠢᠶᠠᠯ ᠤᠨ ᠳᠡᠰ ᠢ ᠲᠣᠭᠲᠠᠭᠠᠨ᠎ᠠ᠃ ᠤᠯᠤᠰ ᠤᠨ | ᠥᠮᠴᠢᠯᠡᠯ ᠤᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠢ᠂ ᠠᠷᠠᠳ ᠤᠨ ᠪᠦᠯᠬᠦᠮ ᠪᠠ ᠣᠯᠠᠨ ᠲᠦᠮᠡᠨ ᠤ | ᠪᠦᠯᠬᠦᠮ ᠠᠴᠠ ᠰᠢᠯᠵᠢᠭᠦᠯᠦᠨ ᠲᠣᠮᠢᠯᠠᠭᠰᠠᠨ ᠠᠵᠢᠯᠲᠠᠨ ᠢ ᠠᠯᠪᠠᠲᠠᠨ ᠢ ᠰᠢᠯᠵᠢᠭᠦᠯᠦᠨ ᠲᠣᠮᠢᠯᠠᠬᠤ ᠬᠤᠯᠪᠣᠭᠳᠠᠯ | ᠪᠦᠬᠦᠢ ᠲᠣᠭᠲᠠᠭᠠᠯ ᠶᠣᠰᠣᠭᠠᠷ᠂ ᠲᠡᠭᠦᠨ ᠤ ᠤᠤᠯ ᠤᠨ ᠡᠭᠦᠷᠭᠡᠯᠡᠵᠦ ᠪᠠᠶᠢᠭᠰᠠᠨ ᠲᠤᠰᠢᠶᠠᠯ᠂ ᠰᠢᠯᠵᠢᠭᠦᠯᠦᠨ | ᠲᠣᠮᠢᠯᠠᠭᠰᠠᠨ ᠲᠤᠰᠢᠶᠠᠯ ᠤᠨ ᠪᠠᠶᠢᠷᠢ ᠪᠠ ᠠᠵᠢᠯ ᠤᠨ ᠥᠩᠭᠡᠷᠡᠯᠲᠡ ᠶᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ | ᠲᠤᠰᠢᠶᠠᠯ ᠤᠨ ᠳᠡᠰ ᠢ ᠨᠢ ᠲᠣᠭᠲᠠᠭᠠᠨ᠎ᠠ᠃ ᠪᠠᠶᠢᠭᠤᠯᠭ᠎ᠠ ᠶᠢᠨ ᠬᠦᠯᠢᠶᠡᠨ ᠠᠪᠤᠭᠰᠠᠨ ᠴᠡᠷᠢᠭ ᠠᠴᠠ ᠬᠠᠯᠠᠭᠳᠠᠭᠰᠠᠨ | ᠺᠠᠳ᠋ᠷ ᠢ ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠬᠦ ᠲᠤᠬᠠᠶ ᠤᠯᠤᠰ ᠤᠨ ᠬᠤᠯᠪᠣᠭᠳᠠᠯ ᠪᠦᠬᠦᠢ ᠲᠣᠭᠲᠠᠭᠠᠯ | ᠶᠣᠰᠣᠭᠠᠷ ᠲᠤᠰᠢᠶᠠᠯ ᠤᠨ ᠳᠡᠰ ᠢ ᠨᠢ ᠲᠣᠭᠲᠠᠭᠠᠨ᠎ᠠ᠃ | ᠠᠷᠪᠠᠨ ᠳᠣᠯᠣᠳᠤᠭᠠᠷ ᠵᠦᠢᠯ ᠡᠯᠪᠠᠲᠠᠨ ᠤ ᠲᠤᠰᠢᠶᠠᠯ ᠤᠨ ᠲᠡᠰ ᠢ ᠳᠡᠪᠰᠢᠭᠦᠯᠬᠦ ᠳᠤ ᠲᠤᠰᠢᠶᠠᠯ ᠤᠨ ᠲᠡᠰ ᠤᠨ | ᠲᠤᠰᠢᠶᠠᠯ ᠤᠨ ᠲᠣᠭᠠᠨ ᠤ ᠳᠣᠲᠣᠷ᠎ᠠ ᠱᠠᠳᠤ ᠳᠠᠷᠠᠭᠠᠯᠠᠨ ᠳᠡᠪᠰᠢᠭᠦᠯᠬᠦ ᠬᠡᠷᠡᠭᠲᠡᠶ ᠪᠥᠭᠡᠳ ᠳᠣᠣᠷ᠎ᠠ ᠵᠢᠭᠰᠠᠭᠠᠭᠰᠠᠨ | ᠦᠨᠳᠦᠰᠦᠨ ᠨᠥᠬᠦᠴᠡᠯ ᠤᠳ ᠢ ᠪᠦᠷᠢᠯᠳᠦᠭᠦᠯᠬᠦ ᠬᠡᠷᠡᠭᠲᠡᠶ᠄ | ︵ᠨᠢᠭᠡ︶ ᠤᠯᠤᠰ ᠲᠦᠷᠦ ᠶᠢᠨ ᠬᠡᠪ ᠴᠢᠨᠠᠷ ᠰᠠᠶᠢᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ | ᠤᠳᠤᠷᠢᠳᠤᠯᠭ᠎ᠠ ᠪᠠ ᠨᠡᠶᠢᠭᠡᠮ ᠵᠢᠷᠤᠮ ᠤᠨ ᠪᠠᠶᠢᠭᠤᠯᠤᠯ ᠢ ᠬᠦᠷᠢᠶᠡᠯᠡᠵᠦ᠂ ᠰᠢ ᠶᠢᠨ ᠫᠢᠩ ᠶᠡᠷᠦᠩᠬᠡᠢ ᠱᠦᠵᠢ ᠶᠢᠨ | ᠭᠤᠣᠯᠯᠠᠬᠤ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ ᠬᠤᠷᠢᠶᠠᠨ ᠤ ᠡᠷᠬᠡ ᠰᠦᠷ ᠪᠠ | ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠨ᠎ᠠ᠃ | ︵ᠬᠤᠶᠠᠷ︶ ᠲᠤᠰᠢᠶᠠᠯ ᠤᠨ ᠪᠠᠶᠢᠷᠢ ᠶᠢᠨ ᠱᠠᠭᠠᠷᠳᠠᠯᠭ᠎ᠠ ᠲᠠᠢ ᠠᠵᠢᠯ ᠤᠨ ᠴᠢᠳᠠᠪᠤᠷᠢ ᠪᠠ ᠲᠤᠰᠬᠠᠶ ᠮᠡᠷᠭᠡᠵᠢᠯ ᠤᠨ | ᠮᠡᠳᠡᠯᠭᠡ ᠲᠠᠢ ᠪᠠᠶᠢᠵᠤ᠂ ᠡᠭᠦᠷᠭᠡ ᠲᠤᠰᠢᠶᠠᠯ ᠳᠠᠭᠠᠨ ᠦᠨᠡᠨᠴᠢ ᠰᠢᠳᠤᠷᠭᠤ ᠪᠠᠶᠢᠵᠤ᠂ ᠡᠭᠦᠷᠭᠡ ᠬᠠᠷᠢᠭᠤᠴᠠᠯᠭ᠎ᠠ ᠪᠠᠨ | ᠴᠢᠷᠮᠠᠶᠢᠨ ᠭᠦᠢᠴᠡᠳᠬᠡᠵᠦ᠂ ᠵᠣᠷᠢᠭᠲᠠᠶ ᠪᠠᠷ ᠬᠠᠷᠢᠭᠤᠴᠠᠯᠭ᠎ᠠ ᠡᠭᠦᠷᠭᠡᠯᠡᠵᠦ᠂ ᠠᠵᠢᠯ ᠤᠨ ᠪᠣᠳᠠᠲᠤ ᠪᠦᠲᠦᠮᠵᠢ ᠨᠢ | ᠨᠡᠯᠢᠶᠡᠳ ᠰᠡᠶᠢᠠ ᠪᠠᠶᠢᠬᠤ᠃ | ︵ᠭᠤᠷᠪᠠ︶ ᠤᠯᠠᠨ ᠲᠦᠮᠡᠨ ᠤ ᠨᠡᠶᠢᠲᠡ ᠳᠤ ᠮᠡᠳᠡᠷᠡᠭᠳᠡᠭᠰᠡᠨ ᠬᠡᠮᠵᠢᠶ᠎ᠡ ᠨᠡᠯᠢᠶᠡᠳ ᠥᠨᠳᠥᠷ ᠪᠠᠶᠢᠬᠤ᠃ | ︵ᠲᠦᠷᠪᠡ︶ ᠵᠡᠷᠭᠡ ᠳᠡᠪᠰᠢᠬᠦ ᠭᠡᠵᠦ ᠪᠠᠶᠢᠭ᠎ᠠ ᠲᠤᠰᠢᠶᠠᠯ ᠤᠨ ᠲᠡᠰ ᠤᠨ ᠱᠠᠭᠠᠷᠳᠠᠯᠭ᠎ᠠ ᠶᠢᠨ ᠲᠤᠰᠢᠶᠠᠯ | ᠡᠭᠦᠷᠭᠡᠯᠡᠬᠦ ᠵᠢᠯ ᠬᠤᠭᠤᠴᠠᠭ᠎ᠠ ᠪᠠ ᠬᠢᠷᠢ ᠬᠡᠮ ᠳᠤ ᠨᠡᠶᠢᠴᠡᠭᠰᠡᠨ ᠪᠠᠶᠢᠬᠤ᠃ | ︵ᠲᠠᠪᠤ︶ ᠣᠪᠣᠷ ᠰᠤᠷᠲᠠᠯ ᠵᠠᠩ ᠰᠤᠷᠲᠠᠯ ᠰᠠᠶᠢᠨ᠂ ᠰᠠᠬᠢᠯᠭ᠎ᠠ ᠪᠠᠲᠤ ᠶᠢ ᠵᠢᠷᠤᠮᠯᠠᠨ ᠬᠠᠤᠯᠢ ᠴᠠᠭᠠᠵᠠ ᠶᠢ | ᠰᠠᠬᠢᠵᠤ᠂ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠶᠢ ᠤᠬᠠᠮᠰᠠᠷ ᠠᠴᠠ ᠪᠠᠨ | ᠦᠢᠯᠡᠳᠦᠯᠭᠡᠵᠢᠭᠦᠯᠵᠦ᠂ ᠲᠥᠪ ᠭᠤᠣᠯᠴᠢ ᠠᠷᠢᠭᠤᠨ ᠴᠢᠬᠡᠴᠢ ᠪᠠᠶᠢᠬᠤ ᠬᠡᠷᠡᠭᠲᠡᠢ᠃ | ᠠᠷᠪᠠᠨ ᠨᠠᠢᠮᠠᠳᠤᠭᠠᠷ ᠵᠦᠢᠯ ᠡᠯᠪᠠᠲᠠᠨ ᠤ ᠲᠤᠰᠢᠶᠠᠯ ᠤᠨ ᠲᠡᠰ ᠢ ᠳᠡᠪᠰᠢᠭᠦᠯᠬᠦ ᠳᠤ ᠳᠣᠣᠷ᠎ᠠ ᠵᠢᠭᠰᠠᠭᠠᠭᠰᠠᠨ | ᠦᠨᠳᠦᠰᠦᠨ ᠬᠢᠷᠢ ᠬᠡᠮ ᠢ ᠪᠦᠷᠢᠯᠳᠦᠭᠦᠯᠦᠭᠰᠡᠨ ᠪᠠᠶᠢᠬᠤ ᠬᠡᠷᠡᠭᠲᠡᠶ᠄ | ︵ᠨᠢᠭᠡ︶ ᠨᠢᠭᠡᠳᠦᠭᠡᠷ ᠳᠡᠰ ᠤᠨ ᠲᠣᠭᠤᠷᠢᠨ ᠪᠠᠶᠢᠴᠠᠭᠠᠭᠴᠢ ᠪᠠᠷ ᠳᠡᠪᠰᠢᠬᠦ ᠳᠤ ᠲᠢᠩᠬᠢᠮ ᠲᠣᠪᠴᠢᠶ᠎ᠠ ᠶᠢᠨ | ᠳᠡᠰ ᠤᠨ ᠳᠡᠳ᠋ ᠲᠤᠰᠢᠶᠠᠯ ᠪᠤᠶᠤ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠠᠷ 4 ᠵᠢᠯ ᠠᠴᠠ ᠳᠡᠭᠡᠭᠰᠢ | ᠲᠤᠰᠢᠶᠠᠯ ᠡᠭᠦᠷᠭᠡᠯᠡᠬᠦ ᠬᠡᠷᠡᠭᠲᠡᠶ᠃ | ︵ᠬᠤᠶᠠᠷ︶ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠤᠯᠵᠤ ᠳᠡᠪᠰᠢᠬᠦ ᠳᠤ ᠨᠢᠭᠡᠳᠦᠭᠡᠷ ᠳᠡᠰ ᠤᠨ | ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ 4 ᠵᠢᠯ ᠠᠴᠠ ᠳᠡᠭᠡᠭᠰᠢ ᠡᠭᠦᠷᠭᠡᠯᠡᠬᠦ ᠬᠡᠷᠡᠭᠲᠡᠶ᠃ | ︵ᠭᠤᠷᠪᠠ︶ ᠨᠢᠭᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠳᠡᠪᠰᠢᠭᠦᠯᠬᠦ ᠳᠤ ᠰᠢᠶᠠᠨ | ᠭᠠᠵᠠᠷ ᠤᠨ ᠲᠡᠰ ᠤᠨ ᠵᠢᠩᠬᠢᠨᠢ ᠲᠤᠰᠢᠶᠠᠯ ᠪᠤᠶᠤ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠶᠢᠨ | ᠲᠤᠰᠢᠶᠠᠯ ᠢ 3 ᠵᠢᠯ ᠠᠴᠠ ᠳᠡᠭᠡᠭᠰᠢ ᠡᠭᠦᠷᠭᠡᠯᠡᠬᠦ ᠬᠡᠷᠡᠭᠲᠡᠶ ᠃ | ︵ᠲᠦᠷᠪᠡ︶ ᠬᠤᠶᠠᠳᠤᠭᠠᠷ ᠳᠡᠰ ᠤᠨ ᠪᠠᠶᠢᠴᠠᠭᠠᠨ ᠰᠤᠳᠤᠯᠤᠭᠴᠢ ᠪᠠᠷ ᠳᠡᠪᠰᠢᠬᠦ ᠳᠤ ᠭᠤᠷᠪᠠᠳᠤᠭᠠᠷ ᠳᠡᠰ ᠤᠨ | ᠪᠠᠶᠢᠴᠠᠭᠠᠨ ᠰᠤᠳᠤᠯᠤᠭᠴᠢ ᠪᠠᠷ 2 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠬᠦ ᠬᠡᠷᠡᠭᠲᠡᠶ᠃ | ︵ᠲᠠᠪᠤ︶ ᠭᠤᠷᠪᠠᠨ ᠳᠡᠰ ᠤᠨ ᠪᠠᠶᠢᠴᠠᠭᠠᠨ ᠰᠤᠳᠤᠯᠤᠭᠴᠢ ᠶᠢᠨ ᠲᠤᠰᠢᠶᠠᠯ ᠢ ᠳᠡᠪᠰᠢᠭᠦᠯᠬᠦ ᠳᠤ ᠰᠢᠶᠠᠨ | ᠭᠠᠵᠠᠷ ᠤᠨ ᠳᠡᠰ ᠤᠨ ᠳᠡᠳ᠋ ᠲᠤᠰᠢᠶᠠᠯ ᠢ ᠡᠭᠦᠷᠭᠡᠯᠡᠬᠦ ᠪᠤᠶᠤ ᠳᠥᠷᠪᠡᠳᠦᠭᠡᠷ ᠳᠡᠰ ᠤᠨ ᠪᠠᠶᠢᠴᠠᠭᠠᠨ | ᠰᠤᠳᠤᠯᠤᠭᠴᠢ ᠶᠢᠨ ᠲᠤᠰᠢᠶᠠᠯ ᠢ 2 ᠵᠢᠯ ᠠᠴᠠ ᠳᠡᠭᠡᠭᠰᠢ ᠡᠭᠦᠷᠭᠡᠯᠡᠬᠦ ᠬᠡᠷᠡᠭᠲᠡᠶ᠃ | ︵ᠵᠢᠷᠭᠤᠭ᠎ᠠ︶ ᠳᠥᠷᠪᠡᠳᠦᠭᠡᠷ ᠳᠡᠰ ᠤᠨ ᠪᠠᠶᠢᠴᠠᠭᠠᠨ ᠰᠤᠳᠤᠯᠤᠭᠴᠢ ᠪᠠᠷ ᠳᠡᠪᠰᠢᠭᠦᠯᠬᠦ ᠳᠤ ᠨᠢᠭᠡᠳᠦᠭᠡᠷ | ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠢ 2 ᠵᠢᠯ ᠠᠴᠠ ᠳᠡᠭᠡᠭᠰᠢ ᠡᠭᠦᠷᠭᠡᠯᠡᠬᠦ ᠬᠡᠷᠡᠭᠲᠡᠶ᠃ | ︵ᠲᠤᠯᠤᠭ᠎ᠠ︶ ᠨᠢᠭᠡᠳᠦᠭᠡᠷ ᠳᠡᠰ ᠤᠨ ᠡᠷᠬᠢᠯᠡᠭᠴᠢ ᠶᠢᠨ ᠭᠡᠰᠢᠭᠦᠴᠢ ᠪᠠᠷ ᠳᠡᠪᠰᠢᠬᠦ ᠳᠤ ᠰᠤᠮᠤ ᠰᠠᠯᠠᠭ᠎ᠠ ᠶᠢᠨ | ᠲᠡᠰ ᠤᠨ ᠵᠢᠩᠬᠢᠨᠢ ᠲᠤᠰᠢᠶᠠᠯ ᠪᠤᠶᠤ ᠬᠤᠶᠠᠳᠤᠭᠠᠷ ᠳᠡᠰ ᠤᠨ ᠡᠷᠬᠢᠯᠡᠭᠴᠢ ᠶᠢᠨ ᠭᠡᠰᠢᠭᠦᠴᠢ ᠪᠠᠷ 2 ᠵᠢᠯ ᠠᠴᠠ | ᠳᠡᠭᠡᠭᠰᠢ ᠲᠤᠰᠢᠶᠠᠯ ᠡᠭᠦᠷᠭᠡᠯᠡᠬᠦ ᠬᠡᠷᠡᠭᠲᠡᠶ᠃ | ︵ᠨᠠᠢᠮᠠ︶ ᠬᠤᠶᠠᠳᠤᠭᠠᠷ ᠳᠡᠰ ᠤᠨ ᠡᠷᠬᠢᠯᠡᠭᠴᠢ ᠶᠢᠨ ᠭᠡᠰᠢᠭᠦᠴᠢ ᠪᠠᠷ ᠳᠡᠪᠰᠢᠬᠦ ᠳᠤ ᠭᠤᠷᠪᠠᠳᠤᠭᠠᠷ ᠳᠡᠰ ᠤᠨ | ᠡᠷᠬᠢᠯᠡᠭᠴᠢ ᠶᠢᠨ ᠭᠡᠰᠢᠭᠦᠴᠢ ᠪᠠᠷ 2 ᠵᠢᠯ ᠠᠴᠠ ᠳᠡᠭᠡᠭᠰᠢ ᠲᠤᠰᠢᠶᠠᠯ ᠡᠭᠦᠷᠭᠡᠯᠡᠬᠦ ᠬᠡᠷᠡᠭᠲᠡᠶ᠃ | ︵ᠶᠢᠰᠦ︶ ᠭᠤᠷᠪᠠᠳᠤᠭᠠᠷ ᠳᠡᠰ ᠤᠨ ᠡᠷᠬᠢᠯᠡᠭᠴᠢ ᠶᠢᠨ ᠭᠡᠰᠢᠭᠦᠴᠢ ᠪᠠᠷ ᠳᠡᠪᠰᠢᠬᠦ ᠳᠤ ᠰᠤᠮᠤ ᠰᠠᠯᠠᠭ᠎ᠠ ᠶᠢᠨ | ᠳᠡᠰ ᠤᠨ ᠳᠡᠳ᠋ ᠲᠤᠰᠢᠶᠠᠯᠲᠠᠨ ᠪᠤᠶᠤ ᠳᠥᠷᠪᠡᠳᠦᠭᠡᠷ ᠳᠡᠰ ᠤᠨ ᠡᠷᠬᠢᠯᠡᠭᠴᠢ ᠶᠢᠨ ᠭᠡᠰᠢᠭᠦᠴᠢ ᠪᠠᠷ 2 ᠵᠢᠯ ᠠᠴᠠ | ᠳᠡᠭᠡᠭᠰᠢ ᠲᠤᠰᠢᠶᠠᠯ ᠡᠭᠦᠷᠭᠡᠯᠡᠬᠦ ᠬᠡᠷᠡᠭᠲᠡᠶ᠃ | ︵ᠠᠷᠪᠠ︶ ᠳᠥᠷᠪᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠪᠤᠯᠵᠦ ᠳᠡᠪᠰᠢᠬᠦ ᠳᠤ ᠨᠢᠭᠡᠳᠦᠭᠡᠷ ᠳᠡᠰ ᠤᠨ | ᠭᠡᠰᠢᠭᠦᠴᠢ ᠶᠢᠨ ᠲᠤᠰᠢᠶᠠᠯ ᠢ 2 ᠵᠢᠯ ᠠᠴᠠ ᠳᠡᠭᠡᠭᠰᠢ ᠡᠭᠦᠷᠭᠡᠯᠡᠬᠦ ᠬᠡᠷᠡᠭᠲᠡᠶ᠃ | ︵ᠠᠷᠪᠠᠨ ᠨᠢᠭᠡ︶ ᠨᠢᠭᠡᠳᠦᠭᠡᠷ ᠳᠡᠰ ᠤᠨ ᠭᠡᠰᠢᠭᠦᠴᠢ ᠪᠤᠯᠵᠦ ᠳᠡᠪᠰᠢᠬᠦ ᠳᠤ ᠬᠤᠶᠠᠳᠤᠭᠠᠷ ᠳᠡᠰ ᠤᠨ | ᠭᠡᠰᠢᠭᠦᠴᠢ ᠶᠢᠨ ᠲᠤᠰᠢᠶᠠᠯ ᠢ 2 ᠵᠢᠯ ᠠᠴᠠ ᠳᠡᠭᠡᠭᠰᠢ ᠡᠭᠦᠷᠭᠡᠯᠡᠬᠦ ᠬᠡᠷᠡᠭᠲᠡᠶ᠃ | ᠠᠯᠪᠠᠲᠠᠨ ᠤ ᠲᠤᠰᠢᠶᠠᠯ ᠤᠨ ᠳᠡᠰ ᠢ ᠳᠡᠪᠰᠢᠭᠦᠯᠬᠦ ᠳᠤ ᠠᠵᠢᠯ ᠤᠨ ᠬᠡᠷᠡᠭᠴᠡᠭᠡ᠂ ᠤᠬᠠᠮᠰᠠᠷ ᠴᠢᠳᠠᠪᠤᠷᠢ ᠶᠢᠨ | ᠢᠯᠡᠷᠡᠯ᠂ ᠲᠤᠰᠢᠶᠠᠯ ᠬᠠᠷᠢᠭᠤᠴᠠᠯᠭ᠎ᠠ ᠶᠢᠨ ᠬᠦᠨᠳᠦ ᠬᠦᠩᠭᠡᠨ᠂ ᠠᠵᠢᠯ ᠤᠨ ᠪᠣᠳᠠᠲᠤ ᠪᠦᠲᠦᠮᠵᠢ ᠪᠠ ᠬᠢᠷᠢ ᠬᠡᠮ | ᠵᠡᠷᠭᠡ ᠬᠦᠴᠦᠨ ᠵᠦᠢᠯ ᠢ ᠦᠨᠳᠦᠰᠦᠯᠡᠨ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠶ᠂ ᠲᠤᠰᠢᠶᠠᠯ ᠡᠭᠦᠷᠭᠡᠯᠡᠬᠦ | ᠬᠠᠮᠤᠭ ᠤᠨ ᠳᠣᠣᠷ᠎ᠠ ᠵᠢᠯ ᠬᠤᠭᠤᠴᠠᠭ᠎ᠠ ᠳᠤ ᠬᠦᠷᠦᠭᠰᠡᠨ ᠤ ᠳᠠᠷᠠᠭ᠎ᠠ ᠵᠠᠪᠠᠯ ᠳᠡᠪᠰᠢᠭᠦᠯᠬᠦ ᠬᠡᠷᠡᠭᠲᠡᠶ ᠭᠡᠰᠡᠨ ᠶᠠᠪᠤᠳᠠᠯ | ᠪᠢᠰᠢ᠂ ᠪᠠᠰᠠ ᠳᠥᠭᠦᠮᠬᠡᠨ ᠢᠶᠠᠷ ᠲᠤᠰᠢᠶᠠᠯ ᠡᠭᠦᠷᠭᠡᠯᠡᠭᠰᠡᠨ ᠵᠢᠯ ᠬᠤᠭᠤᠴᠠᠭ᠎ᠠ ᠪᠠᠷ ᠨᠢ ᠬᠢᠷᠢ ᠬᠡᠮ ᠢ ᠨᠢ ᠦᠵᠡᠵᠦ᠂ | ᠬᠥᠮᠦᠨ ᠬᠡᠷᠡᠭᠯᠡᠬᠦ ᠵᠥᠪ ᠤᠳᠤᠷᠢᠳᠤᠮᠵᠢ ᠶᠢ ᠢᠯᠡᠷᠡᠭᠦᠯᠵᠦ ᠪᠣᠯᠬᠤ ᠦᠭᠡᠢ᠃ | ᠠᠷᠪᠠ ᠶᠢᠰᠦᠳᠦᠭᠡᠷ ᠵᠦᠢᠯ ᠡᠯᠪᠠᠲᠠᠨ ᠤ ᠲᠤᠰᠢᠶᠠᠯ ᠤᠨ ᠲᠡᠰ ᠳᠡᠪᠰᠢᠬᠦ ᠳᠤ ᠱᠠᠭᠠᠷᠳᠠᠭᠰᠠᠨ ᠲᠤᠰᠢᠶᠠᠯ | ᠡᠭᠦᠷᠭᠡᠯᠡᠬᠦ ᠵᠢᠯ ᠬᠤᠭᠤᠴᠠᠭ᠎ᠠ ᠶᠢᠨ ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ ᠨᠢ ᠴᠥᠮ ᠲᠤᠰᠢᠶᠠᠯ ᠳᠠᠭᠠᠨ | ᠲᠡᠩᠴᠡᠭᠰᠡᠨ ᠠᠴᠠ ᠳᠡᠭᠡᠭᠰᠢ ᠵᠡᠷᠭᠡ ᠳᠡᠰ ᠪᠠᠶᠢᠬᠤ ᠬᠡᠷᠡᠭᠲᠡᠶ᠂ ᠡᠨᠡ ᠬᠤᠭᠤᠴᠠᠭᠠᠨ ᠳᠤ ᠣᠨ ᠤ ᠬᠢᠨᠠᠨ | ᠰᠢᠯᠭᠠᠯᠲᠠ ᠶᠢᠨ 1 ᠦᠷ᠎ᠡ ᠳ᠋ᠦᠩ ᠨᠢ ᠰᠢᠯᠢᠳᠡᠭ ᠵᠡᠷᠭᠡ ᠳᠡᠰ ᠪᠣᠯᠬᠤ ᠪᠦᠷᠢ ᠲᠤᠰᠢᠶᠠᠯ ᠡᠭᠦᠷᠭᠡᠯᠡᠬᠦ ᠵᠢᠯ | ᠬᠤᠭᠤᠴᠠᠭ᠎ᠠ ᠶᠢ ᠬᠠᠭᠠᠰ ᠵᠢᠯ ᠢᠶᠠᠷ ᠪᠣᠭᠤᠨᠢᠰᠬᠠᠨ᠎ᠠ︔ ᠣᠨ ᠤ ᠬᠢᠨᠠᠨ ᠰᠢᠯᠭᠠᠯᠲᠠ ᠶᠢᠨ ᠦᠷ᠎ᠡ ᠳ᠋ᠦᠩ ᠨᠢ | ᠦᠨᠳᠦᠰᠦᠨ ᠳᠡᠭᠡᠨ ᠲᠤᠰᠢᠶᠠᠯ ᠳᠠᠭᠠᠨ ᠲᠡᠩᠴᠡᠭᠰᠡᠨ ᠵᠡᠷᠭᠡ ᠳᠡᠰ ᠪᠤᠶᠤ ᠲᠣᠭᠲᠠᠮᠠᠯ ᠪᠤᠰᠤ ᠵᠡᠷᠭᠡ ᠳᠡᠰ ᠪᠠᠶᠢᠬᠤ | ᠪᠦᠷᠢ ᠳᠤ᠂ ᠲᠣᠰ ᠣᠨ ᠢ ᠲᠤᠰᠢᠶᠠᠯ ᠤᠨ ᠲᠠᠰ ᠳᠡᠪᠰᠢᠭᠰᠡᠨ ᠤ ᠲᠤᠰᠢᠶᠠᠯ ᠡᠭᠦᠷᠭᠡᠯᠡᠬᠦ ᠵᠢᠯ ᠬᠤᠭᠤᠴᠠᠭ᠎ᠠ ᠪᠠᠷ | ᠪᠤᠳᠤᠬᠤ ᠥᠬᠡᠶ᠃ | ᠬᠤᠷᠢᠳᠤᠭᠠᠷ ᠵᠦᠢᠯ ᠡᠯᠪᠠᠲᠠᠨ ᠤ ᠲᠤᠰᠢᠶᠠᠯ ᠤᠨ ᠲᠡᠰ ᠢ ᠳᠡᠪᠰᠢᠭᠦᠯᠬᠦ ᠳᠤ ᠳᠣᠣᠷ᠎ᠠ ᠵᠢᠭᠰᠠᠭᠠᠭᠰᠠᠨ | ᠵᠢᠷᠤᠮ ᠢᠶᠠᠷ ᠭᠦᠢᠴᠡᠳᠬᠡᠨ᠎ᠡ᠄ | ︵ᠨᠢᠭᠡ︶ ᠨᠠᠮ ᠤᠨ ᠬᠤᠷᠢᠶ᠎ᠠ ︵ᠨᠠᠮ ᠤᠨ ᠤᠳᠤᠷᠢᠳᠬᠤ ᠳᠤᠭᠤᠶᠢᠯᠠᠩ︶ ᠪᠤᠶᠤ ᠵᠣᠬᠢᠶᠠᠨ ᠪᠠᠶᠢᠭᠤᠯᠬᠤ ︵ | ᠠᠵᠢᠯᠳᠠᠨ ᠤ ᠶᠠᠪᠤᠳᠠᠯ︶ ᠶᠢᠨ ᠰᠠᠯᠠᠭ᠎ᠠ ᠮᠥᠴᠢᠷ ᠠᠵᠢᠯ ᠤᠨ ᠲᠥᠰᠦᠯ ᠢ ᠰᠤᠳᠤᠯᠵᠤ ᠳᠤᠷᠠᠳᠤᠨ ᠭᠠᠷᠭᠠᠨ᠎ᠠ᠃ | ︵ᠬᠤᠶᠠᠷ︶ ᠲᠤᠰᠢᠶᠠᠯ ᠤᠨ ᠲᠡᠰ ᠳᠡᠪᠰᠢᠬᠦ ᠬᠢᠷᠢ ᠬᠡᠮ ᠤᠨ ᠨᠥᠬᠦᠴᠡᠯ ᠳᠤ ᠨᠡᠶᠢᠴᠡᠬᠦ ᠬᠥᠮᠦᠰ ᠢ | ᠠᠷᠠᠳᠴᠢᠯᠠᠯ ᠢᠶᠠᠷ ᠲᠠᠨᠢᠯᠴᠠᠭᠤᠯᠬᠤ ᠪᠤᠶᠤ ᠠᠷᠠᠳᠴᠢᠯᠠᠯ ᠢᠶᠠᠷ ᠰᠢᠯᠭᠠᠨ ᠦᠨᠡᠯᠡᠵᠦ᠂ ᠠᠩᠬ᠎ᠠ ᠠᠯᠬᠤᠮ ᠤᠨ | ᠵᠢᠱᠢᠭᠳᠡᠭᠴᠢ ᠶᠢ ᠳᠤᠷᠠᠳᠤᠨ᠎ᠠ᠃ | ︵ᠭᠤᠷᠪᠠ︶ ᠲᠤᠰᠢᠶᠠᠯ ᠤᠨ ᠲᠡᠰ ᠲᠤ ᠳᠡᠪᠰᠢᠭᠦᠯᠬᠦ ᠪᠠᠷ ᠪᠠᠶᠢᠭ᠎ᠠ ᠵᠢᠱᠢᠭᠳᠡᠭᠴᠢ ᠶᠢ ᠪᠠᠶᠢᠴᠠᠭᠠᠨ | ᠣᠶᠢᠯᠠᠭᠠᠬᠤ ᠶᠢᠨ ᠬᠠᠮᠲᠤ ᠲᠣᠭᠲᠠᠭᠠᠨ᠎ᠠ᠃ ᠲᠥᠪ ᠤᠨ ᠪᠠᠶᠢᠭᠤᠯᠭ᠎ᠠ ᠶᠢᠨ ᠠᠯᠪᠠᠲᠠᠨ ᠢ ᠨᠢᠭᠡᠳᠦᠭᠡᠷ ᠳᠡᠰ᠂ | ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠪᠣᠯᠭᠠᠨ ᠳᠡᠪᠰᠢᠭᠦᠯᠬᠦ ᠳᠤ ᠰᠢᠯᠭᠠᠨ ᠪᠠᠶᠢᠴᠠᠭᠠᠬᠤ ᠬᠡᠷᠡᠭᠲᠡᠢ᠃ | ᠪᠤᠰᠤᠳ ᠲᠤᠰᠢᠶᠠᠯ ᠤᠨ ᠳᠡᠰ ᠢ ᠳᠡᠪᠰᠢᠭᠦᠯᠬᠦ ᠳᠤ ᠠᠷᠠᠳᠴᠢᠯᠠᠯ ᠢᠶᠠᠷ ᠲᠠᠨᠢᠯᠴᠠᠭᠤᠯᠬᠤ᠂ ᠠᠷᠠᠳᠴᠢᠯᠠᠯ ᠢᠶᠠᠷ ᠰᠢᠯᠭᠠᠨ | ᠦᠨᠡᠯᠡᠬᠦ ᠪᠠ ᠡᠩ ᠤᠨ ᠦᠶ᠎ᠡ ᠶᠢᠨ ᠬᠢᠨᠠᠨ ᠰᠢᠯᠭᠠᠯᠲᠠ᠂ ᠣᠨ ᠤ ᠬᠢᠨᠠᠨ ᠰᠢᠯᠭᠠᠯᠲᠠ᠂ ᠢᠮᠠᠭᠲᠠ ᠶᠢᠨ ᠢᠯᠡᠷᠡᠯ ᠵᠡᠷᠭᠡ | ᠪᠠᠶᠢᠳᠠᠯ ᠢ ᠶᠡᠷᠦᠩᠬᠡᠶᠢᠯᠡᠨ ᠪᠣᠳᠣᠯᠬᠢᠯᠠᠵᠤ ᠪᠠᠶᠢᠭᠠᠳ ᠵᠢᠱᠢᠭᠳᠡᠭᠴᠢ ᠶᠢ ᠲᠣᠭᠲᠠᠭᠠᠵᠤ ᠪᠣᠯᠤᠨ᠎ᠠ᠃ ᠮᠤᠵᠢ ᠶᠢᠨ | ᠱᠠᠲᠤᠨ ᠠᠴᠠ ᠳᠣᠭᠤᠭᠰᠢᠬᠢ ᠪᠠᠶᠢᠭᠤᠯᠭ᠎ᠠ ᠶᠢᠨ ᠠᠯᠪᠠᠲᠠᠨ ᠤ ᠲᠤᠰᠢᠶᠠᠯ ᠤᠨ ᠳᠡᠰ ᠳᠡᠪᠰᠢᠬᠦ ᠶᠢ ᠰᠢᠯᠭᠠᠨ | ᠪᠠᠶᠢᠴᠠᠭᠠᠵᠤ ᠣᠶᠢᠯᠠᠭᠠᠬᠤ ᠠᠷᠭ᠎ᠠ ᠮᠠᠶ᠋ᠢᠭ ᠢ ᠮᠤᠵᠢ ᠶᠢᠨ ᠱᠠᠲᠤᠨ ᠤ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ | ᠮᠥᠴᠢᠷ ᠠᠴᠠ ᠪᠣᠳᠠᠲᠤ ᠪᠠᠶᠢᠳᠠᠯ ᠲᠠᠢ ᠪᠠᠨ ᠣᠶᠠᠯᠳᠣᠭᠤᠯᠣᠨ᠎ᠠ᠃ | ︵ᠳᠥᠷᠪᠡ︶ ᠵᠡᠷᠭᠡ ᠳᠡᠪᠰᠢᠬᠦ ᠭᠡᠵᠦ ᠪᠠᠶᠢᠭ᠎ᠠ ᠲᠤᠰᠢᠶᠠᠯ ᠤᠨ ᠲᠠᠰ ᠤᠨ ᠵᠢᠱᠢᠭᠳᠡᠭᠴᠢ ᠶᠢ ᠢᠯᠡ ᠨᠡᠶᠢᠲᠡᠯᠡᠵᠦ᠂ | ᠢᠯᠡ ᠨᠡᠶᠢᠲᠡᠯᠡᠬᠦ ᠬᠤᠭᠤᠴᠠᠭ᠎ᠠ ᠨᠢ 5 ᠠᠵᠢᠯᠯᠠᠬᠤ ᠡᠳᠦᠷ ᠠᠴᠠ ᠳᠤᠲᠠᠭᠤ ᠪᠠᠶᠢᠵᠤ ᠪᠣᠯᠬᠤ ᠥᠬᠡᠶ᠃ | ︵ᠲᠠᠪᠤ︶ ᠬᠢᠨᠠᠨ ᠵᠥᠪᠰᠢᠶᠡᠷᠡᠬᠦ᠃ ᠲᠥᠪ ᠤᠨ ᠪᠠᠶᠢᠭᠤᠯᠤᠯᠭ᠎ᠠ ᠶᠢᠨ ᠠᠯᠪᠠᠲᠠᠨ ᠤ ᠲᠤᠰᠢᠶᠠᠯ ᠤᠨ ᠲᠠᠰ | ᠳᠡᠪᠰᠢᠬᠦ ᠶᠢ ᠲᠣᠰ ᠪᠠᠶᠢᠭᠤᠯᠤᠯᠭ᠎ᠠ ᠶᠢᠨ ᠨᠠᠮ ᠤᠨ ᠤᠳᠤᠷᠢᠳᠬᠤ ᠳᠤᠭᠤᠶᠢᠯᠠᠩ ︵ᠨᠠᠮ ᠤᠨ ᠬᠤᠷᠢᠶ᠎ᠠ︶ ᠵᠢᠴᠢ | ᠲᠡᠭᠦᠨ ᠤ ᠵᠣᠬᠢᠶᠠᠨ ᠪᠠᠶᠢᠭᠤᠯᠬᠤ ︵ᠠᠵᠢᠯᠲᠠᠨ ᠤ ᠶᠠᠪᠤᠳᠠᠯ︶ ᠤᠨ ᠰᠠᠯᠠᠭ᠎ᠠ ᠮᠥᠴᠢᠷ ᠠᠴᠠ ᠬᠢᠨᠠᠨ ᠵᠥᠪᠰᠢᠶᠡᠷᠡᠵᠦ᠂ | ᠨᠢᠭᠡᠳᠦᠭᠡᠷ ᠳᠡᠰ᠂ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠶᠢᠨ ᠲᠤᠰᠢᠶᠠᠯ ᠤᠨ ᠲᠠᠰ ᠤᠨ ᠲᠤᠰᠢᠶᠠᠯ ᠤᠨ | ᠲᠤᠭ᠎ᠠ ᠶᠢ ᠬᠡᠷᠡᠭᠯᠡᠭᠰᠡᠨ ᠵᠡᠷᠭᠡ ᠪᠠᠶᠢᠳᠠᠯ ᠢ ᠣᠨ ᠢᠶᠠᠷ ᠲᠥᠪ ᠤᠨ ᠠᠯᠪᠠᠲᠠᠨ ᠤ ᠡᠷᠭᠢᠯᠡᠨ ᠬᠠᠮᠢᠶᠠᠷᠬᠤ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠤᠨ᠎ᠠ᠃ ᠮᠤᠵᠢ ᠶᠢᠨ ᠱᠠᠲᠤᠨ ᠠᠴᠠ ᠳᠣᠷᠣᠭᠰᠢᠬᠢ ᠪᠠᠶᠢᠭᠤᠯᠭ᠎ᠠ ᠶᠢᠨ | ᠠᠯᠪᠠᠲᠠᠨ ᠤ ᠲᠤᠰᠢᠶᠠᠯ ᠤᠨ ᠳᠡᠰ ᠳᠡᠪᠰᠢᠬᠦ ᠶᠢ ᠬᠢᠨᠠᠨ ᠵᠥᠪᠰᠢᠶᠡᠷᠡᠬᠦ ᠡᠷᠬᠡ ᠶᠢᠨ ᠬᠡᠪᠴᠢᠶ᠎ᠡ ᠶᠢ ᠮᠤᠵᠢ ᠶᠢᠨ | ᠱᠠᠲᠤᠨ ᠤ ᠠᠯᠪᠠᠲᠠᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠠᠴᠠ ᠰᠠᠨᠠᠯ ᠳᠤᠷᠠᠳᠴᠤ᠂ ᠮᠤᠵᠢ᠂ ᠥᠪᠡᠷᠲᠡᠭᠡᠨ | ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠨᠠᠮ ᠤᠨ ᠬᠤᠷᠢᠶ᠎ᠠ ᠳᠤ ᠮᠡᠳᠡᠭᠦᠯᠵᠦ ᠬᠢᠨᠠᠨ ᠲᠣᠭᠲᠠᠭᠠᠯᠭᠠᠨ᠎ᠠ᠃ | ᠡᠯ᠎ᠡ ᠱᠠᠲᠤᠨ ᠤ ᠪᠠᠶᠢᠭᠤᠯᠭ᠎ᠠ ᠶᠢᠨ ᠳᠣᠲᠣᠷᠠᠬᠢ ᠲᠤᠰᠢᠶᠠᠯ ᠤᠨ ᠲᠣᠭᠠᠨ ᠤ ᠬᠠᠷᠢᠴᠠᠯ ᠢ ᠬᠢᠵᠠᠭᠠᠷᠯᠠᠨ | ᠲᠣᠭᠲᠠᠭᠠᠭᠰᠠᠨ ᠦᠭᠡᠢ ᠲᠤᠰᠢᠶᠠᠯ ᠤᠨ ᠲᠡᠰ ᠢ ᠳᠡᠪᠰᠢᠭᠦᠯᠬᠦ ᠵᠢᠷᠤᠮ ᠢ ᠵᠣᠬᠢᠰᠲᠠᠶ ᠪᠠᠷ ᠳᠥᠭᠦᠮᠴᠢᠯᠡᠵᠦ ᠪᠣᠯᠤᠨ᠎ᠠ᠃ | ᠬᠤᠷᠢᠨ ᠨᠢᠭᠡᠳᠦᠭᠡᠷ ᠵᠦᠢᠯ ᠡᠯᠪᠠᠲᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ | ᠲᠤᠰᠢᠶᠠᠯ ᠤᠨ ᠲᠡᠰ ᠳᠡᠪᠰᠢᠭᠦᠯᠵᠦ ᠪᠣᠯᠬᠤ ᠦᠭᠡᠢ᠄ | ︵ᠨᠢᠭᠡ︶ ᠠᠷᠪᠠᠨ ᠳᠣᠯᠣᠳᠤᠭᠠᠷ ᠵᠦᠢᠯ᠂ ᠠᠷᠪᠠᠨ ᠨᠠᠢᠮᠠᠳᠤᠭᠠᠷ ᠵᠦᠢᠯ ᠤᠨ ᠲᠣᠭᠲᠠᠭᠠᠯ ᠳᠤ ᠤᠢᠯᠦ ᠨᠡᠶᠢᠴᠡᠬᠦ᠃ | | ︵ᠬᠤᠶᠠᠷ︶ ᠰᠡᠷᠡᠮᠵᠢᠯᠡᠭᠦᠯᠦᠨ ᠢᠳᠬᠠᠭᠰᠠᠨ᠂ ᠵᠣᠬᠢᠶᠠᠨ ᠪᠠᠶᠢᠭᠤᠯᠤᠯᠲᠠ ᠶᠢᠨ ᠰᠢᠶ᠋ᠳᠪᠦᠷᠢᠯᠡᠯᠲᠡ ᠪᠤᠶᠤ | ᠰᠢᠳᠬᠡᠯ ᠵᠡᠷᠭᠡ ᠳᠤ ᠨᠥᠯᠥᠭᠡᠯᠡᠭᠳᠡᠭᠰᠡᠨ ᠬᠤᠭᠤᠴᠠᠭ᠎ᠠ ᠨᠢ ᠳᠦᠭᠦᠷᠦᠭᠡᠳᠦᠶ ᠪᠤᠶᠤ ᠬᠤᠭᠤᠴᠠᠭ᠎ᠠ ᠨᠢ ᠳᠦᠭᠦᠷᠦᠭᠡᠳ | ᠬᠡᠷᠡᠭᠯᠡᠬᠦ ᠶᠢ ᠨᠥᠯᠥᠭᠡᠯᠡᠭᠰᠡᠨ᠃ | ︵ᠭᠤᠷᠪᠠ︶ ᠬᠠᠤᠯᠢ ᠰᠠᠬᠢᠯᠭ᠎ᠠ ᠶᠢ ᠵᠥᠷᠢᠴᠡᠭᠰᠡᠨ ᠰᠡᠵᠢᠭᠯᠡᠯᠲᠡᠶ ᠪᠠᠶᠢᠵᠤ᠂ ᠶᠠᠭ ᠬᠢᠨᠠᠨ ᠪᠠᠶᠢᠴᠠᠭᠠᠯᠲᠠ ᠶᠢ | ᠬᠦᠯᠢᠶᠡᠵᠦ ᠪᠠᠶᠢᠲᠠᠯ᠎ᠠ ᠬᠠᠷᠠᠬᠠᠨ ᠳ᠋ᠦᠩᠨᠡᠯᠲᠡ ᠭᠠᠷᠭᠠᠭᠠᠳᠤᠶ ᠪᠠᠶᠢᠬᠤ᠃ | ︵ᠲᠦᠷᠪᠡ︶ ᠲᠤᠰᠢᠶᠠᠯ ᠤᠨ ᠲᠡᠰ ᠳᠡᠪᠰᠢᠬᠦ ᠶᠢ ᠨᠥᠯᠥᠭᠡᠯᠡᠬᠦ ᠪᠤᠰᠤᠳ ᠪᠠᠶᠢᠳᠠᠯ᠃ | ᠬᠤᠷᠢᠨ ᠬᠤᠶᠠᠳᠤᠭᠠᠷ ᠵᠦᠢᠯ ᠡᠯᠪᠠᠲᠠᠨ ᠤ ᠲᠤᠰᠢᠶᠠᠯ ᠤᠨ ᠳᠡᠰ ᠲᠤ ᠳᠠᠪᠰᠢᠵᠤ ᠪᠣᠯᠬᠤ ᠮᠥᠷᠲᠡᠭᠡᠨ ᠪᠠᠭᠤᠵᠤ | ᠴᠤ ᠪᠣᠯᠬᠤ ᠶᠢ ᠬᠡᠷᠡᠭᠵᠢᠭᠦᠯᠵᠦ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠲᠣᠭᠲᠠᠭᠠᠯ ᠶᠣᠰᠣᠭᠠᠷ | ᠲᠤᠰᠢᠶᠠᠯ ᠤᠨ ᠳᠡᠰ ᠢ ᠨᠢ ᠪᠠᠭᠤᠷᠠᠭᠤᠯᠬᠤ ᠬᠡᠷᠡᠭᠲᠡᠶ᠄ | ︵ᠨᠢᠭᠡ︶ ᠲᠤᠰᠢᠶᠠᠯ ᠤᠨ ᠪᠠᠶᠢᠷᠢ ᠲᠤᠰᠢᠶᠠᠯ ᠬᠠᠷᠢᠭᠤᠴᠠᠯᠭ᠎ᠠ ᠶᠢᠨ ᠱᠠᠭᠠᠷᠳᠠᠯᠭ᠎ᠠ ᠶᠢ ᠡᠭᠦᠷᠭᠡᠯᠡᠵᠦ ᠳᠡᠶᠢᠯᠬᠦ | ᠦᠭᠡᠢ ᠪᠠᠶᠢᠬᠤ᠃ | ︵ᠬᠤᠶᠠᠷ︶ ᠣᠨ ᠤ ᠬᠢᠨᠠᠨ ᠰᠢᠯᠭᠠᠯᠲᠠ ᠳᠤ ᠲᠤᠰᠢᠶᠠᠯ ᠳᠠᠭᠠᠨ ᠤᠢᠯᠦ ᠲᠡᠩᠴᠡᠬᠦ ᠲᠡᠰ ᠢᠶᠠᠷ | ᠲᠣᠭᠳᠠᠭᠠᠭᠳᠠᠭᠰᠠᠨ᠃ | ︵ᠭᠤᠷᠪᠠ︶ ᠲᠤᠰᠢᠶᠠᠯ ᠪᠠᠭᠤᠷᠠᠭᠤᠯᠬᠤ ᠪᠠᠷ ᠰᠢᠳᠬᠡᠭᠳᠡᠭᠰᠡᠨ ᠪᠤᠶᠤ ᠲᠤᠰᠢᠶᠠᠯ ᠠᠴᠠ ᠨᠢ ᠤᠭᠴᠠᠷᠠᠭᠤᠯᠬᠤ | ᠰᠢᠳᠬᠡᠯ ᠣᠯᠤᠭᠰᠠᠨ᠃ | ︵ᠲᠦᠷᠪᠡ︶ ᠬᠠᠤᠯᠢ ᠴᠠᠭᠠᠵᠠ ᠬᠠᠤᠯᠢ ᠲᠣᠭᠲᠠᠭᠠᠯ ᠪᠠ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠳᠤ | ᠲᠣᠭᠲᠠᠭᠠᠭᠰᠠᠨ ᠪᠤᠰᠤᠳ ᠪᠠᠶᠢᠳᠠᠯ ᠤᠳ᠃ | ᠬᠤᠷᠢᠨ ᠭᠤᠷᠪᠠᠳᠤᠭᠠᠷ ᠵᠦᠢᠯ ᠲᠥ᠋ᠪ ᠤᠨ ᠪᠠᠶᠢᠭᠤᠯᠭ᠎ᠠ ᠪᠠ ᠣᠷᠣᠨ ᠨᠤᠲᠤᠭ ᠤᠨ ᠡᠯ᠎ᠡ ᠱᠠᠲᠤᠨ ᠤ ᠠᠯᠪᠠᠲᠠᠨ ᠤ | ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤᠰ ᠪᠦᠯᠦᠭ ᠤᠨ ᠲᠣᠭᠲᠠᠭᠠᠯ ᠢ ᠦᠨᠳᠦᠰᠦᠯᠡᠨ᠂ ᠺᠠᠳ᠋ᠷ ᠤᠨ | ᠪᠠᠷᠢᠮᠵᠢᠶ᠎ᠠ ᠶᠢ ᠰᠠᠶᠢᠲᠤᠷ ᠨᠠᠶᠢᠳᠠᠪᠤᠷᠢᠵᠢᠭᠤᠯᠬᠤ᠂ ᠺᠠᠳ᠋ᠷ ᠢ ᠴᠢᠩᠭ᠎ᠠ ᠬᠠᠮᠢᠶᠠᠷᠬᠤ ᠪᠠ ᠠᠵᠢᠯ ᠬᠢᠵᠦ ᠠᠳᠠᠯ ᠦᠢᠯᠡᠰ | ᠴᠣᠭᠴᠠᠯᠠᠬᠤ᠂ ᠬᠠᠷᠢᠭᠤᠴᠠᠯᠭ᠎ᠠ ᠡᠭᠦᠷᠭᠡᠯᠡᠬᠦ ᠪᠠᠷ ᠤᠳᠤᠷᠢᠳᠤᠮᠵᠢ ᠪᠣᠯᠭᠠᠬᠤ ᠶᠢ ᠵᠣᠷᠢᠭᠵᠢᠭᠤᠯᠬᠤ ᠱᠠᠭᠠᠷᠳᠠᠯᠭ᠎ᠠ | ᠶᠣᠰᠣᠭᠠᠷ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠠᠯᠪᠠᠲᠠᠨ ᠤ ᠲᠤᠰᠢᠶᠠᠯ ᠤᠨ ᠳᠡᠰ ᠢ ᠳᠡᠪᠰᠢᠭᠦᠯᠵᠦ | ᠪᠠᠭᠤᠷᠠᠭᠤᠯᠬᠤ ᠨᠥᠬᠦᠴᠡᠯ ᠪᠠ ᠪᠠᠶᠢᠳᠠᠯ ᠢ ᠨᠠᠷᠢᠯᠢᠬᠵᠢᠭᠤᠯᠵᠤ ᠪᠣᠯᠤᠨ᠎ᠠ᠃ | ᠲᠠᠪᠤᠳᠤᠭᠠᠷ ᠪᠦᠯᠦᠭ ᠲᠤᠰᠢᠶᠠᠯ ᠤᠨ ᠲᠡᠰ ᠬᠢᠭᠡᠳ ᠬᠠᠷᠠᠭᠠᠯᠵᠠᠯ | ᠬᠤᠷᠢᠨ ᠳᠥᠷᠪᠡᠳᠦᠭᠡᠷ ᠵᠦᠢᠯ ᠤᠳᠤᠷᠢᠳᠬᠤ ᠲᠤᠰᠢᠶᠠᠯ ᠪᠣᠯᠤᠨ ᠲᠤᠰᠢᠶᠠᠯ ᠤᠨ ᠲᠡᠰ ᠪᠣᠯ ᠠᠯᠪᠠᠲᠠᠨ ᠤ | ᠬᠠᠷᠠᠭᠠᠯᠵᠠᠯ ᠢ ᠲᠣᠭᠲᠠᠭᠠᠬᠤ ᠴᠢᠬᠤᠯᠠ ᠦᠨᠳᠦᠰᠦᠯᠡᠯ ᠮᠥᠨ᠃ ᠠᠯᠪᠠᠲᠠᠨ ᠲᠤᠰᠢᠶᠠᠯ ᠡᠭᠦᠷᠭᠡᠯᠡᠵᠦ ᠪᠠᠶᠢᠭ᠎ᠠ | ᠱᠠᠲᠤ ᠪᠠᠨ ᠦᠨᠳᠦᠰᠦᠯᠡᠨ ᠵᠣᠬᠢᠴᠠᠩᠭᠤᠶ ᠴᠠᠯᠢᠩ ᠤᠨ ᠪᠠᠷᠢᠮᠵᠢᠶ᠎ᠠ ᠶᠢ ᠬᠡᠷᠡᠭᠵᠢᠭᠦᠯᠵᠦ᠂ ᠪᠠᠶᠢᠭ᠎ᠠ ᠭᠠᠵᠠᠷ ᠣᠷᠣᠨ ︵ | ᠰᠠᠯᠠᠭ᠎ᠠ ᠮᠥᠴᠢᠷ︶ ᠤ ᠵᠣᠬᠢᠴᠠᠩᠭᠤᠶ ᠲᠤᠰᠢᠶᠠᠯ ᠤᠨ ᠲᠠᠰ ᠳᠠᠪᠬᠤᠷᠭ᠎ᠠ ᠶᠢᠨ ᠣᠷᠣᠨ ᠰᠠᠭᠤᠴᠠ᠂ ᠡᠮᠴᠢᠯᠡᠭᠡ᠂ ᠵᠠᠮ | ᠬᠠᠷᠢᠯᠴᠠᠭᠠᠨ ᠤ ᠨᠥᠬᠦᠪᠥᠷᠢ᠂ ᠨᠡᠶᠢᠭᠡᠮ ᠤᠨ ᠳᠠᠭᠠᠳᠬᠠᠯ ᠵᠡᠷᠭᠡ ᠣᠯᠭᠤᠮᠵᠢ ᠶᠢ ᠭᠥᠷᠳᠡᠨ᠎ᠡ᠃ | ᠬᠤᠷᠢᠨ ᠲᠠᠪᠤᠳᠤᠭᠠᠷ ᠵᠦᠢᠯ ᠡᠯᠪᠠᠲᠠᠨ ᠤ ᠲᠤᠰᠢᠶᠠᠯ ᠤᠨ ᠲᠡᠰ ᠢ ᠳᠡᠪᠰᠢᠭᠦᠯᠬᠦ ᠳᠤ ᠠᠵᠢᠯ ᠤᠨ ᠲᠤᠰᠢᠶᠠᠯ ᠤᠨ | ᠪᠠᠶᠢᠷᠢ ᠪᠠ ᠤᠳᠤᠷᠢᠳᠤᠨ ᠵᠢᠯᠣᠭᠤᠳᠬᠤ ᠬᠠᠷᠢᠴᠠᠭ᠎ᠠ ᠶᠢ ᠬᠤᠪᠢᠷᠠᠭᠤᠯᠬᠤ ᠦᠭᠡᠢ᠂ ᠵᠣᠬᠢᠴᠠᠩᠭᠤᠶ ᠲᠤᠰᠢᠶᠠᠯ ᠤᠨ | ᠲᠡᠰ ᠳᠠᠪᠬᠤᠷᠭ᠎ᠠ ᠶᠢᠨ ᠤᠯᠤᠰ ᠲᠦᠷᠦ ᠶᠢᠨ ᠬᠠᠷᠠᠭᠠᠯᠵᠠᠯ᠂ ᠠᠵᠢᠯ ᠤᠨ ᠬᠠᠷᠠᠭᠠᠯᠵᠠᠯ ᠢ ᠬᠦᠷᠳᠡᠬᠦ ᠦᠭᠡᠢ᠃ | ᠲᠤᠰᠢᠶᠠᠯ ᠢᠶᠠᠨ ᠭᠦᠢᠴᠡᠳᠬᠡᠵᠦ ᠳᠡᠶᠢᠯᠬᠦ ᠦᠭᠡᠢ ᠠᠴᠠ ᠪᠤᠯᠵᠤ᠂ ᠤᠳᠤ ᠶᠢᠨ ᠲᠤᠰᠢᠶᠠᠯ ᠢ ᠡᠭᠦᠷᠭᠡᠯᠡᠬᠦ ᠳᠤ | ᠲᠤᠬᠢᠷᠠᠬᠤ ᠦᠭᠡᠢ ᠠᠴᠠ ᠪᠤᠯᠵᠤ ᠤᠳᠤᠷᠢᠳᠬᠤ ᠲᠤᠰᠢᠶᠠᠯ ᠠᠴᠠ ᠪᠠᠭᠤᠭᠰᠠᠨ ᠪᠠᠶᠢᠪᠠᠯ᠂ ᠲᠤᠰᠢᠶᠠᠯ ᠤᠨ ᠲᠡᠰ ᠢ ᠨᠢ | ᠦᠨᠳᠦᠰᠦᠯᠡᠨ ᠬᠤᠯᠪᠣᠭᠳᠠᠯ ᠪᠦᠬᠦᠢ ᠬᠠᠷᠠᠭᠠᠯᠵᠠᠯ ᠢ ᠨᠢ ᠲᠣᠭᠲᠠᠭᠠᠵᠤ᠂ ᠤᠤᠯ ᠤᠨ ᠤᠯᠤᠰ ᠲᠦᠷᠦ ᠶᠢᠨ | ᠬᠠᠷᠠᠭᠠᠯᠵᠠᠯ᠂ ᠠᠵᠢᠯ ᠤᠨ ᠬᠠᠷᠠᠭᠠᠯᠵᠠᠯ ᠢ ᠨᠢ ᠳᠠᠬᠢᠵᠤ ᠦᠯᠡᠳᠡᠭᠡᠬᠦ ᠦᠭᠡᠢ᠃ | ᠬᠤᠷᠢᠨ ᠵᠢᠷᠭᠤᠳᠤᠭᠠᠷ ᠵᠦᠢᠯ ᠡᠯᠪᠠᠳᠠᠨ ᠤ ᠠᠯᠪᠠᠨ ᠠᠵᠢᠯ ᠢᠶᠠᠷ ᠭᠠᠳᠠᠭᠠᠳᠤ ᠳᠤ ᠭᠠᠷᠬᠤ ᠠᠵᠢᠯ ᠤᠨ ᠵᠠᠮ | ᠬᠠᠷᠢᠯᠴᠠᠭ᠎ᠠ᠂ ᠬᠤᠨᠤᠭ ᠤᠨ ᠪᠠᠷᠢᠮᠵᠢᠶ᠎ᠠ ᠵᠢᠴᠢ ᠠᠯᠪᠠᠨ ᠠᠵᠢᠯ ᠳᠤ ᠬᠡᠷᠡᠭᠯᠡᠬᠦ ᠭᠡᠷ ᠪᠠᠶᠢᠰᠢᠩ ᠤᠨ ᠪᠠᠷᠢᠮᠵᠢᠶ᠎ᠠ ᠵᠡᠷᠭᠡ | ᠬᠠᠷᠠᠭᠠᠯᠵᠠᠯ ᠢ ᠲᠤᠰᠢᠶᠠᠯ ᠤᠨ ᠲᠡᠰ ᠲᠠᠢ ᠨᠢ ᠬᠤᠯᠪᠣᠭᠳᠠᠭᠤᠯᠬᠤ ᠦᠭᠡᠢ᠃ | ᠬᠤᠷᠢᠨ ᠳᠣᠯᠣᠳᠤᠭᠠᠷ ᠵᠦᠢᠯ ᠰᠢᠶᠠᠨ ᠭᠠᠵᠠᠷ ᠤᠨ ᠲᠡᠰ ᠤᠨ ᠳᠡᠳ᠋ ᠲᠤᠰᠢᠶᠠᠯ ᠠᠴᠠ ᠳᠡᠭᠡᠭᠰᠢᠬᠢ ᠤᠳᠤᠷᠢᠳᠬᠤ | ᠪᠦᠷᠢᠯᠳᠦᠬᠦᠨ ᠬᠤᠭᠤᠴᠠᠭ᠎ᠠ ᠰᠣᠯᠢᠬᠤ ᠳᠤ ᠲᠠᠬᠢᠵᠤ ᠨᠡᠷ᠎ᠡ ᠳᠤᠷᠠᠳᠬᠤ ᠦᠭᠡᠢ᠂ ᠪᠠᠶᠢᠭᠤᠯᠤᠮᠵᠢ ᠶᠢ ᠥᠭᠡᠷᠡᠴᠢᠯᠡᠬᠦ | ᠵᠡᠷᠭᠡ ᠰᠢᠯᠲᠠᠭᠠᠨ ᠠᠴᠠ ᠪᠤᠯᠵᠤ ᠤᠳᠤᠷᠢᠳᠬᠤ ᠲᠤᠰᠢᠶᠠᠯ ᠠᠴᠠ ᠪᠠᠨ ᠪᠠᠭᠤᠵᠤ ᠲᠤᠰᠢᠶᠠᠯ ᠤᠨ ᠲᠡᠰ ᠲᠤ ᠰᠢᠯᠵᠢᠭᠰᠡᠨ | ᠪᠠᠶᠢᠪᠠᠯ᠂ ᠤᠤᠯ ᠤᠨ ᠬᠠᠷᠠᠭᠠᠯᠵᠠᠯ ᠢ ᠨᠢ ᠬᠡᠪ ᠢᠶᠠᠷ ᠪᠠᠶᠢᠯᠭᠠᠵᠤ᠂ ᠺᠠᠳ᠋ᠷ ᠤᠨ ᠬᠠᠮᠢᠶᠠᠷᠤᠯᠲᠠ ᠶᠢᠨ ᠡᠷᠬᠡ ᠶᠢᠨ | ᠬᠡᠪᠴᠢᠶ᠎ᠡ ᠶᠢ ᠬᠤᠪᠢᠷᠠᠭᠤᠯᠬᠤ ᠦᠭᠡᠢ᠃ | ᠵᠢᠷᠭᠤᠳᠤᠭᠠᠷ ᠪᠦᠯᠦᠭ ᠬᠠᠮᠢᠶᠠᠷᠬᠤ ᠪᠠ ᠬᠢᠨᠠᠯᠲᠠ ᠲᠠᠯᠪᠢᠬᠤ | ᠬᠤᠷᠢᠨ ᠨᠠᠢᠮᠠᠳᠤᠭᠠᠷ ᠵᠦᠢᠯ ᠣᠳᠣᠷᠢᠳᠬᠤ ᠲᠤᠰᠢᠶᠠᠯ ᠡᠭᠦᠷᠭᠡᠯᠡᠵᠦ ᠪᠠᠶᠢᠭ᠎ᠠ ᠪᠥᠭᠡᠳ ᠲᠤᠰᠢᠶᠠᠯ ᠤᠨ | ᠲᠡᠰ ᠤᠨ ᠠᠯᠪᠠᠲᠠᠨ ᠢ ᠭᠤᠣᠯᠳᠠᠭᠤ ᠤᠳᠤᠷᠢᠳᠬᠤ ᠲᠤᠰᠢᠶᠠᠯ ᠤᠨ ᠶᠣᠰᠣᠭᠠᠷ ᠬᠠᠮᠢᠶᠠᠷᠤᠨ᠎ᠠ᠃ | ᠤᠳᠤᠷᠢᠳᠬᠤ ᠲᠤᠰᠢᠶᠠᠯ ᠡᠭᠦᠷᠭᠡᠯᠡᠬᠦ ᠦᠭᠡᠢ ᠲᠤᠰᠢᠶᠠᠯ ᠤᠨ ᠳᠡᠰ ᠤᠨ ᠠᠯᠪᠠᠲᠠᠨ ᠢ ᠶᠡᠷᠦ ᠳᠡᠭᠡᠨ ᠪᠠᠶᠢᠭ᠎ᠠ | ᠪᠠᠶᠢᠭᠤᠯᠭ᠎ᠠ ᠠᠴᠠ ᠨᠢ ᠡᠳᠦᠷ ᠲᠤᠲᠤᠮ ᠤᠨ ᠬᠠᠮᠢᠶᠠᠷᠤᠯᠲᠠ ᠶᠠᠪᠤᠭᠤᠯᠤᠨ᠎ᠠ᠃ ᠠᠯᠪᠠᠲᠠᠨ ᠢ ᠲᠡᠭᠦᠨ ᠤ ᠪᠠᠶᠢᠭ᠎ᠠ | ᠪᠠᠶᠢᠭᠤᠯᠭ᠎ᠠ ᠶᠢᠨ ᠤᠳᠤᠷᠢᠳᠬᠤ ᠪᠦᠷᠢᠯᠳᠦᠬᠦᠨ ᠤ ᠲᠤᠰᠢᠶᠠᠯ ᠤᠨ ᠵᠣᠬᠢᠴᠠᠩᠭᠤᠶ ᠲᠤᠰᠢᠶᠠᠯ ᠤᠨ ᠳᠡᠰ ᠲᠤ | ᠳᠡᠪᠰᠢᠭᠦᠯᠬᠦ ᠳᠤ ᠲᠤᠰ ᠪᠠᠶᠢᠭᠤᠯᠭ᠎ᠠ ᠶᠢᠨ ᠤᠳᠤᠷᠢᠳᠬᠤ ᠪᠦᠷᠢᠯᠳᠦᠬᠦᠨ ᠤ ᠬᠤᠪᠢ ᠪᠠᠷ ᠬᠠᠮᠢᠶᠠᠷᠬᠤ ᠦᠭᠡᠢ᠃ | ᠬᠤᠷᠢ ᠶᠢᠰᠦᠳᠦᠭᠡᠷ ᠵᠦᠢᠯ ᠡᠵᠢᠯ ᠤᠨ ᠬᠡᠷᠡᠭᠴᠡᠭᠡ ᠪᠠ ᠤᠳᠤᠷᠢᠳᠬᠤ ᠲᠤᠰᠢᠶᠠᠯ ᠬᠢᠭᠡᠳ ᠲᠤᠰᠢᠶᠠᠯ ᠤᠨ | ᠳᠡᠰ ᠤᠨ ᠵᠣᠬᠢᠴᠠᠯᠳᠤᠬᠤ ᠬᠠᠷᠢᠴᠠᠭ᠎ᠠ ᠶᠢ ᠦᠨᠳᠦᠰᠦᠯᠡᠨ᠂ ᠠᠯᠪᠠᠲᠠᠨ ᠤ ᠡᠭᠦᠷᠭᠡᠯᠡᠵᠦ ᠪᠠᠶᠢᠭ᠎ᠠ ᠤᠳᠤᠷᠢᠳᠬᠤ | ᠲᠤᠰᠢᠶᠠᠯ ᠪᠠ ᠲᠤᠰᠢᠶᠠᠯ ᠤᠨ ᠳᠡᠰ ᠢ ᠬᠠᠷᠢᠯᠴᠠᠨ ᠰᠢᠯᠵᠢᠭᠦᠯᠦᠨ ᠲᠣᠮᠢᠯᠠᠬᠤ ᠪᠤᠶᠤ ᠬᠠᠪᠰᠤᠷᠭᠠᠨ ᠡᠭᠦᠷᠭᠡᠯᠡᠵᠦ | ᠪᠣᠯᠤᠨ᠎ᠠ᠃ ᠲᠣᠭᠲᠠᠭᠠᠭᠰᠠᠨ ᠬᠢᠷᠢ ᠬᠡᠮ ᠤᠨ ᠨᠥᠬᠦᠴᠡᠯ ᠳᠤ ᠨᠡᠶᠢᠴᠡᠭᠰᠡᠨ ᠪᠠᠶᠢᠪᠠᠯ᠂ ᠤᠳᠤᠷᠢᠳᠬᠤ ᠲᠤᠰᠢᠶᠠᠯ ᠪᠤᠶᠤ | ᠲᠤᠰᠢᠶᠠᠯ ᠤᠨ ᠲᠡᠰ ᠢ ᠨᠢ ᠳᠡᠪᠰᠢᠭᠦᠯᠵᠦ ᠪᠣᠯᠤᠨ᠎ᠠ᠃ | ᠭᠤᠴᠢᠳᠤᠭᠠᠷ ᠵᠦᠢᠯ ᠶᠡᠷᠣᠩᠬᠡᠶᠢᠯᠡᠨ ᠬᠠᠮᠢᠶᠠᠷᠬᠤ ᠲᠦᠷᠦᠯ᠂ ᠲᠤᠰᠬᠠᠶ ᠮᠡᠷᠭᠡᠵᠢᠯ ᠤᠨ ᠲᠦᠷᠦᠯ᠂ ᠵᠠᠰᠠᠭ | ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠦᠯ ᠵᠡᠷᠭᠡ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠲᠦᠷᠦᠯ ᠤᠨ | ᠠᠯᠪᠠᠳᠠᠨ ᠬᠤᠭᠤᠷᠣᠨᠳᠣ ᠪᠠᠨ ᠰᠣᠯᠢᠯᠴᠠᠵᠤ ᠪᠣᠯᠤᠨ᠎ᠠ᠂ ᠠᠳᠠᠯᠢ ᠪᠤᠰᠤ ᠲᠤᠰᠢᠶᠠᠯ ᠤᠨ ᠪᠠᠶᠢᠷᠢ ᠶᠢᠨ ᠲᠦᠷᠦᠯ ᠤᠨ | ᠲᠤᠰᠢᠶᠠᠯ ᠤᠨ ᠲᠡᠰ ᠤᠨ ᠵᠣᠬᠢᠴᠠᠯᠳᠤᠬᠤ ᠬᠠᠷᠢᠴᠠᠭ᠎ᠠ ᠶᠢ ᠦᠨᠳᠦᠰᠦᠯᠡᠨ ᠲᠤᠰᠢᠶᠠᠯ ᠤᠨ ᠲᠡᠰ ᠢ ᠲᠣᠭᠲᠠᠭᠠᠨ᠎ᠠ᠃ | ᠭᠤᠴᠢᠨ ᠨᠢᠭᠡᠳᠦᠭᠡᠷ ᠵᠦᠢᠯ ᠪᠠᠶᠢᠭᠤᠯᠭ᠎ᠠ ᠨᠢ ᠠᠯᠪᠠᠲᠠᠨ ᠤ ᠲᠤᠰᠢᠶᠠᠯ ᠪᠣᠯᠤᠨ ᠲᠤᠰᠢᠶᠠᠯ ᠤᠨ ᠳᠡᠰ ᠢ | ᠵᠡᠷᠭᠡᠴᠡᠭᠦᠯᠬᠦ ᠳᠦᠷᠢᠮ ᠢ ᠴᠢᠩᠭ᠎ᠠ ᠬᠡᠷᠡᠭᠵᠢᠭᠦᠯᠬᠦ ᠬᠡᠷᠡᠭᠲᠡᠶ᠂ ᠲᠣᠭᠲᠠᠭᠠᠯ ᠢ ᠵᠥᠷᠢᠴᠡᠨ ᠲᠤᠰᠢᠶᠠᠯ ᠤᠨ ᠳᠡᠰ | ᠭᠠᠷᠭᠠᠵᠤ ᠪᠣᠯᠬᠤ ᠦᠭᠡᠢ᠂ ᠲᠤᠰᠢᠶᠠᠯ ᠤᠨ ᠲᠤᠭ᠎ᠠ ᠠᠴᠠ ᠬᠡᠲᠦᠷᠡᠭᠦᠯᠦᠨ ᠲᠤᠰᠢᠶᠠᠯ ᠤᠨ ᠳᠡᠰ ᠲᠣᠬᠢᠷᠠᠭᠤᠯᠵᠤ | ᠪᠣᠯᠬᠤ ᠦᠭᠡᠢ᠂ ᠲᠤᠰᠢᠶᠠᠯ ᠤᠨ ᠳᠡᠰ ᠤᠨ ᠲᠤᠰᠢᠶᠠᠯ ᠡᠭᠦᠷᠭᠡᠯᠡᠬᠦ ᠬᠢᠷᠢ ᠬᠡᠮ ᠤᠨ ᠨᠥᠬᠦᠴᠡᠯ ᠢ ᠳᠤᠷ᠎ᠠ ᠪᠠᠷ ᠢᠶᠠᠨ | ᠠᠭᠤᠵᠢᠭᠤ ᠲᠠᠯᠪᠢᠵᠤ ᠪᠣᠯᠬᠤ ᠦᠭᠡᠢ᠂ ᠲᠣᠭᠲᠠᠭᠠᠯ ᠢ ᠵᠥᠷᠢᠴᠡᠨ ᠲᠤᠰᠢᠶᠠᠯ ᠤᠨ ᠳᠡᠰ ᠤᠨ ᠬᠠᠷᠠᠭᠠᠯᠵᠠᠯ ᠤᠨ | ᠪᠠᠷᠢᠮᠵᠢᠶ᠎ᠠ ᠶᠢ ᠳᠡᠭᠡᠭᠰᠢᠯᠡᠭᠦᠯᠬᠦ ᠪᠤᠶᠤ ᠪᠠᠭᠤᠷᠠᠭᠤᠯᠵᠤ ᠪᠣᠯᠬᠤ ᠦᠭᠡᠢ᠃ ᠬᠤᠯᠪᠣᠭᠳᠠᠯ ᠪᠦᠬᠦᠢ ᠲᠣᠭᠲᠠᠭᠠᠯ ᠢ | ᠵᠥᠷᠢᠴᠡᠭᠰᠡᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠨᠠᠮ ᠤᠨ ᠬᠤᠷᠢᠶ᠎ᠠ ᠪᠤᠶᠤ ᠠᠯᠪᠠᠲᠠᠨ ᠤ ᠡᠷᠬᠢᠯᠡᠨ | ᠬᠠᠮᠢᠶᠠᠷᠬᠤ ᠰᠠᠯᠠᠭ᠎ᠠ ᠮᠥᠴᠢᠷ ᠠᠴᠠ ᠬᠠᠮᠢᠶᠠᠷᠤᠯᠲᠠ ᠶᠢᠨ ᠡᠷᠬᠡ ᠶᠢᠨ ᠬᠡᠪᠴᠢᠶ᠎ᠡ ᠶᠣᠰᠣᠭᠠᠷ ᠠᠳᠠᠯᠢ ᠪᠤᠰᠤ | ᠪᠠᠶᠢᠳᠠᠯ ᠢ ᠨᠢ ᠢᠯᠭᠠᠵᠤ᠂ ᠲᠤᠰ ᠲᠤᠰ ᠵᠠᠷᠯᠢᠭᠳᠠᠨ ᠵᠠᠯᠠᠷᠠᠭᠤᠯᠤᠭᠤᠯᠬᠤ ᠪᠤᠶᠤ ᠬᠦᠴᠦᠨ ᠦᠭᠡᠢ ᠪᠣᠯᠭᠠᠬᠤ ᠪᠠᠷ | ᠨᠡᠶᠢᠲᠡᠯᠡᠨ᠎ᠡ᠃ ᠬᠠᠷᠢᠭᠤᠴᠠᠯᠭ᠎ᠠ ᠲᠠᠢ ᠤᠳᠤᠷᠢᠳᠬᠤ ᠬᠥᠮᠦᠨ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠳᠤ | ᠤᠢᠢᠯᠠ ᠪᠠᠶᠢᠳᠠᠯ ᠤᠨ ᠬᠢᠨᠢ ᠬᠦᠨᠳᠦ ᠬᠦᠩᠭᠡᠠ ᠢ ᠦᠨᠳᠦᠰᠦᠯᠡᠵᠦ ᠪᠠᠶᠢᠭᠠᠳ ᠰᠢᠭᠦᠮᠵᠢᠯᠡᠨ ᠰᠤᠷᠭᠠᠬᠤ᠂ ᠵᠣᠬᠢᠶᠠᠨ | ᠪᠠᠶᠢᠭᠤᠯᠤᠯᠲᠠ ᠶᠢᠨ ᠲᠠᠯ᠎ᠠ ᠪᠠᠷ ᠰᠢᠢᠳᠪᠣᠷᠢᠯᠡᠬᠦ ᠪᠤᠶᠤ ᠰᠢᠳᠬᠡᠯ ᠥᠭᠭᠦᠨ᠎ᠡ᠃ | ᠳᠣᠯᠣᠳᠤᠭᠠᠷ ᠪᠦᠯᠦᠭ ᠲᠠᠭᠠᠯᠳᠣᠭᠤᠯᠣᠭᠰᠡᠨ ᠲᠦᠷᠢᠮ | ᠭᠤᠴᠢᠨ ᠬᠤᠶᠠᠳᠤᠭᠠᠷ ᠵᠦᠢᠯ ᠠᠯᠪᠠᠳᠠᠨ ᠤ ᠬᠠᠤᠯᠢ ᠪᠠᠷ ᠯᠠᠪᠯᠠᠯᠲᠠ ᠪᠣᠯᠭᠠᠨ ᠬᠠᠮᠢᠶᠠᠷᠴᠤ ᠪᠠᠶᠢᠭ᠎ᠠ ᠪᠠᠶᠢᠭᠤᠯᠭ᠎ᠠ | ︵ᠨᠢᠭᠡᠴᠢ︶ ᠶᠢᠨ ᠳᠣᠲᠣᠷᠠᠬᠢ ᠠᠵᠢᠯ ᠤᠨ ᠦᠢᠯᠡᠴᠢᠯᠡᠭᠡᠨ ᠤ ᠠᠵᠢᠯᠲᠠᠨ ᠠᠴᠠ ᠪᠤᠰᠤᠳ ᠠᠵᠢᠯᠲᠠᠨ ᠢ ᠲᠤᠰ | ᠲᠣᠭᠲᠠᠭᠠᠯ ᠢᠶᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃ | ᠭᠤᠴᠢᠨ ᠭᠤᠷᠪᠠᠳᠤᠭᠠᠷ ᠵᠦᠢᠯ ᠲᠤᠰ ᠲᠣᠭᠲᠠᠭᠠᠯ ᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠠᠴᠠ ᠬᠠᠷᠢᠭᠤᠴᠠᠨ ᠲᠠᠶᠢᠯᠪᠤᠷᠢᠯᠠᠨ᠎ᠠ᠃ | ᠭᠤᠴᠢᠨ ᠳᠥᠷᠪᠡᠳᠦᠭᠡᠷ ᠵᠦᠢᠯ ᠲᠤᠰ ᠲᠣᠭᠲᠠᠭᠠᠯ ᠢ 2019 ᠣᠨ ᠤ 6 ᠰᠠᠷ᠎ᠠ ᠶᠢᠨ 1 ᠤ ᠡᠳᠦᠷ ᠠᠴᠠ | ᠡᠬᠢᠯᠡᠵᠦ ᠬᠡᠷᠡᠭᠵᠢᠭᠦᠯᠦᠨ᠎ᠡ᠃ 2006 ᠣᠨ ᠤ 4 ᠰᠠᠷ᠎ᠠ ᠶᠢᠨ 9 ᠤ ᠡᠳᠦᠷ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽︿ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠯᠪᠠᠲᠠᠨ ᠤ ᠬᠠᠤᠯᠢ﹀ ᠶᠢ ᠬᠡᠷᠡᠭᠵᠢᠭᠦᠯᠬᠦ ᠲᠥᠰᠦᠯ︾ ᠤᠨ ᠳᠠᠭᠠᠯᠳᠤᠭᠤᠯᠤᠯ ᠳᠥᠷᠪᠡ ︽ᠶᠡᠷᠦᠩᠬᠡᠶᠢᠯᠡᠭᠰᠡᠨ | ᠬᠠᠮᠢᠶᠠᠷᠤᠯᠲᠠ ᠶᠢᠨ ᠲᠥᠷᠥᠯ ᠤᠨ ᠠᠯᠪᠠᠲᠠᠨ ᠤ ᠤᠳᠤᠷᠢᠳᠬᠤ ᠪᠤᠰᠤ ᠲᠤᠰᠢᠶᠠᠯ ᠤᠨ ᠲᠣᠬᠢᠷᠠᠭᠤᠯᠤᠯᠲᠠ ᠶᠢᠨ | ᠬᠠᠮᠢᠶᠠᠷᠤᠯᠲᠠ ᠶᠢᠨ ᠠᠷᠭ᠎ᠠ︾ ᠪᠠ 2015 ᠣᠨ ᠤ 1 ᠳ᠋ᠣᠭᠡᠷ ᠰᠠᠷ᠎ᠠ ᠶᠢᠨ 15 ᠤ ᠡᠳᠦᠷ ᠳᠤᠮᠳᠠᠳᠤ ᠤᠯᠤᠰ ᠤᠨ | ᠡᠪ ᠬᠠᠮᠲᠤ ᠨᠠᠮ ᠤᠨ ᠲᠥᠪ ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠳᠠᠷᠤᠮᠠᠯᠯᠠᠨ ᠲᠠᠷᠬᠠᠭᠠᠭᠰᠠᠨ ︽ᠰᠢᠶᠠᠨ ᠠᠴᠠ ᠳᠣᠷᠣᠭᠰᠢᠬᠢ ᠪᠠᠶᠢᠭᠤᠯᠭ᠎ᠠ ᠳᠤ ᠠᠯᠪᠠᠲᠠᠨ ᠤ ᠲᠤᠰᠢᠶᠠᠯ | ᠬᠢᠭᠡᠳ ᠲᠤᠰᠢᠶᠠᠯ ᠤᠨ ᠲᠠᠰ ᠢ ᠵᠡᠷᠭᠡ ᠪᠠᠷ ᠶᠠᠪᠤᠭᠳᠠᠭᠤᠯᠬᠤ ᠲᠦᠷᠢᠮ ᠢ ᠪᠠᠶᠢᠭᠤᠯᠬᠤ ᠲᠤᠬᠠᠶ ᠰᠠᠨᠠᠯ︾ ᠢ | ᠳᠠᠭᠠᠤ ᠳᠤᠨᠢ ᠬᠦᠴᠦᠨ ᠥᠬᠡᠶ ᠪᠣᠯᠭᠠᠨ᠎ᠠ᠃ |