ᠶᠡᠭᠡ ᠲᠠᠷᠢᠬᠢᠨ ᠤ ᠮᠡᠳᠡᠷᠡᠯ ᠤᠨ ᠡᠰ ᠤᠨ ᠳᠠᠬᠢᠨ ᠲᠥᠯᠥᠵᠢᠬᠦ ᠵᠠᠰᠠᠯ ᠢ | ᠰᠢᠯᠭᠠᠬᠤ ᠭᠤᠷᠪᠠᠨ ᠦᠨᠳᠦᠰᠦᠨ ᠵᠠᠷᠴᠢᠮ ᠪᠠᠶᠢᠨ᠎ᠠ | | | ᠣᠶᠢᠷ᠎ᠠ ᠳᠤ᠂ ᠹᠦᠳᠠᠨ ᠶᠡᠭᠡ ᠰᠤᠷᠭᠠᠭᠤᠯᠢ ᠶᠢᠨ ᠲᠠᠷᠢᠬᠢᠨ ᠤ ᠰᠢᠨᠵᠢᠯᠡᠬᠦ ᠤᠬᠠᠭᠠᠨ ᠤ ᠬᠤᠪᠢᠷᠠᠭᠤᠯᠤᠯᠲᠠ ᠶᠢᠨ | ᠰᠤᠳᠤᠯᠭᠠᠨ ᠤ ᠬᠦᠷᠢᠶᠡᠯᠡᠩ ᠤᠨ ᠫᠧᠩ ᠪᠥᠸᠧ ᠶᠢᠨ ᠰᠤᠳᠤᠯᠭᠠᠨ ᠤ ᠰᠡᠳᠦᠪ ᠤᠨ ᠳᠤᠭᠤᠶᠢᠯᠠᠩ᠂ ᠹᠦᠳᠠᠨ ᠶᠡᠭᠡ | ᠰᠤᠷᠭᠠᠭᠤᠯᠢ ᠶᠢᠨ ᠬᠠᠷᠢᠶᠠᠲᠤ ᠬᠤᠸᠠᠱᠠᠨ ᠡᠮᠨᠡᠯᠭᠡ ᠶᠢᠨ ᠬᠤᠷᠢᠶᠠᠨ ᠤ ᠮᠤᠤ ᠢᠩ ᠰᠤᠳᠤᠯᠭᠠᠨ ᠤ ᠰᠡᠳᠦᠪ ᠤᠨ | ᠳᠤᠭᠤᠶᠢᠯᠠᠩ ᠪᠠ ᠱᠠᠩᠬᠠᠶ ᠬᠤᠲᠠ ᠶᠢᠨ ᠣᠶᠤᠨ ᠮᠡᠳᠡᠷᠡᠯ ᠤᠨ ᠡᠷᠡᠭᠦᠯ ᠬᠠᠮᠠᠭᠠᠯᠠᠯ ᠤᠨ ᠲᠥᠪ ᠤᠨ ᠶᠤᠸᠠᠨ ᠳ᠋ᠢ ᠹᠸᠢ | ᠰᠤᠳᠤᠯᠭᠠᠨ ᠤ ᠰᠡᠳᠦᠪ ᠤᠨ ᠳᠤᠭᠤᠶᠢᠯᠠᠩ ᠠᠮᠢᠳᠤ ᠡᠰ ᠤᠨ ᠳᠦᠷᠰᠦ ᠪᠦᠲᠦᠭᠡᠬᠦ᠂ ᠴᠢᠩᠭ᠎ᠠ ᠨᠢᠮᠪᠠᠶ ᠴᠠᠳᠢᠭ ᠤᠨ | ᠰᠢᠰᠲ᠋ᠧᠮ ᠤᠨ ᠮᠥᠷᠳᠡᠯᠲᠡ ᠪᠠ ᠡᠮ ᠤᠨ ᠵᠦᠶ ᠶᠢᠨ ᠤᠬᠠᠭᠠᠨ ᠵᠡᠷᠭᠡ ᠣᠯᠠᠨ ᠵᠤᠶᠢᠯ ᠤᠨ ᠠᠷᠭ᠎ᠠ ᠪᠠᠷᠢᠯ ᠢᠶᠠᠷ | NeuroD1 ᠶᠢᠨ ᠵᠠᠭᠤᠴᠢ ᠪᠣᠯᠬᠤ ᠵᠢᠵᠢᠭ ᠴᠠᠪᠠᠤᠯᠢᠭ ᠡᠰ — ᠮᠡᠳᠡᠷᠡᠯ ᠤᠨ ᠨᠢᠭᠡᠴᠢ ᠶᠢᠨ ᠳᠠᠬᠢᠨ ᠫᠷᠤᠭ᠍ᠷᠠᠮ | ᠨᠠᠶᠢᠷᠠᠭᠤᠯᠬᠤ ᠦᠵᠡᠭᠳᠡᠯ ᠳᠤ ᠰᠢᠰᠲ᠋ᠧᠮᠲᠦ ᠴᠢᠨᠠᠷᠲᠠᠶ ᠰᠥᠪᠡᠭᠴᠢᠯᠡᠯᠲᠡ ᠬᠢᠵᠡᠶ᠃ 12 ᠰᠠᠷ᠎ᠠ ᠶᠢᠨ 6 ᠤ ᠡᠳᠦᠷ᠂ | ᠰᠤᠳᠤᠯᠭᠠᠨ ᠤ ᠦᠷ᠎ᠡ ᠪᠦᠲᠦᠭᠡᠯ ᠢ ᠮᠡᠳᠡᠷᠡᠯ ᠤᠨ ᠰᠢᠨᠵᠢᠯᠡᠬᠦ ᠤᠬᠠᠭᠠᠨ ᠤ ᠣᠯᠠᠨ ᠤᠯᠤᠰ ᠤᠨ ᠬᠤᠭᠤᠴᠠᠭᠠᠲᠤ | ᠰᠡᠳᠬᠦᠯ ︽ᠮᠡᠳᠡᠷᠡᠯ ᠤᠨ ᠨᠢᠭᠡᠴᠢ︾ ᠳᠡᠭᠡᠷ᠎ᠡ ᠨᠡᠶᠢᠲᠡᠯᠡᠪᠡ᠃ | ᠶᠡᠭᠡ ᠲᠠᠷᠢᠬᠢ ᠨᠢ ᠭᠤᠣᠯᠳᠠᠭᠤ ᠮᠡᠳᠡᠷᠡᠯ ᠤᠨ ᠡᠰ ᠪᠠ ᠴᠠᠪᠠᠤᠯᠢᠭ ᠡᠳ᠋ ᠤᠨ ᠡᠰ ᠢᠶᠠᠷ ᠪᠦᠷᠢᠯᠳᠦᠵᠦ᠂ | ᠬᠤᠶᠠᠭᠤᠯᠠ ᠶᠢᠨ ᠲᠤᠭ᠎ᠠ ᠨᠢ ᠪᠠᠷᠤᠭ 1᠄ 1 ᠪᠠᠶᠢᠳᠠᠭ᠃ ᠮᠡᠳᠡᠷᠡᠯ ᠤᠨ ᠡᠰ ᠨᠢ ᠮᠡᠳᠡᠷᠡᠯ ᠤᠨ ᠳᠣᠬᠢᠶ᠎ᠠ ᠶᠢ | ᠳᠠᠮᠵᠢᠭᠤᠯᠬᠤ ᠪᠠ ᠨᠡᠶᠢᠯᠡᠭᠦᠯᠬᠦ ᠠᠵᠢᠯᠯᠠᠭ᠎ᠠ ᠶᠢ ᠭᠦᠢᠴᠡᠳᠬᠡᠳᠡᠭ᠂ ᠴᠠᠪᠠᠤᠯᠢᠭ ᠡᠳ᠋ ᠤᠨ ᠡᠰ ᠨᠢ ᠬᠠᠷᠢᠨ ᠴᠢᠬᠤᠯᠠ | ᠲᠤᠯᠭᠠᠭᠤᠷᠢᠯᠠᠬᠤ ᠪᠠ ᠰᠢᠮ᠎ᠡ ᠲᠡᠵᠢᠭᠡᠯ ᠤᠨ ᠦᠢᠯᠡᠳᠦᠯ ᠦᠵᠡᠭᠦᠯᠳᠡᠭ᠃ ᠭᠠᠳᠠᠷ ᠣᠷᠴᠢᠨ ᠤ ᠨᠡᠬᠡᠳᠡᠰᠦ ᠶᠢᠨ | ᠡᠷᠬᠡᠲᠡᠨ ᠲᠠᠢ ᠠᠳᠠᠯᠢ ᠦᠭᠡᠢ᠂ ᠨᠠᠰᠤᠨ ᠳᠤ ᠬᠦᠷᠦᠭᠰᠡᠨ ᠤ ᠳᠠᠷᠠᠭ᠎ᠠ ᠬᠥᠬᠦᠲᠡᠨ ᠤ ᠶᠡᠭᠡ ᠲᠠᠷᠢᠬᠢᠨ ᠤ ᠮᠡᠳᠡᠷᠡᠯ ᠤᠨ | ᠡᠰ ᠨᠢ ᠪᠠᠷᠤᠭ ᠳᠠᠬᠢᠨ ᠡᠭᠦᠰᠴᠦ ᠳᠡᠶᠢᠯᠬᠦ ᠦᠭᠡᠢ᠃ ᠡᠶᠢᠮᠦ ᠠᠴᠠ ᠠᠯᠽᠾᠢᠮᠤᠷ ᠡᠪᠡᠳᠴᠢᠨ᠂ ᠫᠠᠷᠺᠢᠨᠰᠤᠨ | ᠡᠪᠡᠳᠴᠢᠨ᠂ ᠬᠠᠨᠲ᠋ᠢᠩᠲ᠋ᠤᠨ ᠡᠪᠡᠳᠴᠢᠨ ᠪᠠ ᠲᠠᠷᠢᠬᠢᠨ ᠤ ᠰᠠ ᠡᠪᠡᠳᠴᠢᠨ ᠵᠡᠷᠭᠡ ᠮᠡᠳᠡᠷᠡᠯ ᠤᠨ ᠳᠣᠷᠦ᠋ᠢᠲᠠᠯ ᠤᠨ | ᠴᠢᠨᠠᠷᠲᠠᠶ ᠡᠪᠡᠳᠴᠢᠨ ᠤ ᠬᠤᠪᠢᠷᠠᠯᠲᠠ ᠳᠤ᠂ ᠦᠬᠦᠭᠰᠡᠨ ᠮᠡᠳᠡᠷᠡᠯ ᠤᠨ ᠡᠰ ᠳᠠᠬᠢᠨ ᠡᠭᠦᠰᠬᠦ ᠶᠢᠨ ᠠᠷᠭ᠎ᠠ ᠦᠭᠡᠢ | ᠪᠣᠯᠵᠤ᠂ ᠡᠭᠦᠨ ᠤ ᠤᠯᠠᠮ ᠠᠴᠠ ᠲᠠᠷᠢᠬᠢᠨ ᠤ ᠠᠵᠢᠯᠯᠠᠭ᠎ᠠ ᠶᠢᠨ ᠬᠦᠨᠳᠦ ᠨᠣᠴᠢᠲᠠᠶ ᠭᠡᠮᠲᠦᠯ ᠢ ᠪᠣᠢ ᠪᠣᠯᠭᠠᠳᠠᠭ᠃ | ᠲᠣᠭᠲᠠᠩᠭᠤᠶ ᠮᠡᠳᠡᠷᠡᠯ ᠤᠨ ᠡᠰ ᠲᠠᠢ ᠠᠳᠠᠯᠢ ᠦᠭᠡᠢ᠂ ᠴᠠᠪᠠᠤᠯᠢᠭ ᠡᠳ᠋ ᠤᠨ ᠡᠰ ᠨᠢ ᠵᠣᠬᠢᠬᠤ ᠬᠡᠮᠵᠢᠶᠡᠨ ᠤ ᠳᠠᠬᠢᠨ | ᠤᠷᠭᠤᠬᠤ ᠴᠢᠳᠠᠪᠤᠷᠢ ᠲᠠᠢ᠃ ᠰᠤᠳᠤᠯᠭᠠᠨ ᠤ ᠠᠵᠢᠯᠲᠠᠨ ᠲᠠᠩ ᠭᠠᠭᠴᠠ ᠭᠧᠨ ᠢ ᠡᠵᠡᠮᠳᠡᠬᠦ ᠪᠠᠷ ᠳᠡᠮᠵᠢᠨ᠂ | ᠴᠠᠪᠠᠤᠯᠢᠭ ᠡᠳ᠋ ᠤᠨ ᠡᠰ ᠢ ᠥᠳᠥᠭᠡᠨ ᠳᠠᠬᠢᠨ ᠫᠷᠤᠭ᠍ᠷᠠᠮ ᠨᠠᠶᠢᠷᠠᠭᠤᠯᠬᠤ ︵ᠪᠠᠰᠠ ᠡᠷᠭᠢᠯᠲᠡ ᠶᠢᠨ ᠢᠯᠭᠠᠷᠠᠯ ᠭᠡᠳᠡᠭ︶ | ᠶᠢ ᠡᠭᠦᠰᠭᠡᠵᠦ᠂ ᠲᠡᠭᠦᠨ ᠢ ᠮᠡᠳᠡᠷᠡᠯ ᠤᠨ ᠡᠰ ᠪᠣᠯᠭᠠᠨ ᠰᠠᠯᠭᠠᠨ᠎ᠠ ᠭᠡᠵᠦ ᠳᠤᠷᠠᠳᠤᠨ ᠭᠠᠷᠭᠠᠪᠠ᠃ ᠲᠤᠰ | ᠰᠡᠳᠬᠢᠴᠡ ᠨᠢ ᠨᠢᠭᠡ ᠵᠦᠢᠯ ᠤᠨ ᠳᠠᠬᠢᠨ ᠡᠭᠦᠰᠴᠦ ᠪᠣᠯᠬᠤ ᠡᠰ᠂ ᠲᠤᠬᠠᠶᠢᠯᠠᠪᠠᠯ ᠴᠠᠪᠠᠤᠯᠢᠭ ᠡᠳ᠋ ᠤᠨ ᠡᠰ ᠢ | ᠠᠰᠢᠭᠯᠠᠵᠤ᠂ ᠬᠤᠬᠢᠷᠠᠵᠤ ᠰᠦᠢᠳᠦᠭᠰᠡᠨ ᠳᠠᠬᠢᠨ ᠡᠭᠦᠰᠴᠦ ᠦᠯᠦ ᠪᠣᠯᠬᠤ ᠡᠰ᠂ ᠳᠠᠷᠤᠶ ᠮᠡᠳᠡᠷᠡᠯ ᠤᠨ ᠡᠰ ᠢ | ᠨᠥᠬᠦᠪᠥᠷᠢᠯᠡᠵᠦ᠂ ᠳᠣᠲᠣᠭᠠᠳᠤ ᠢᠷᠡᠯᠲᠡ ᠶᠢᠨ ᠴᠢᠨᠠᠷᠲᠠᠶ ᠮᠡᠳᠡᠷᠡᠯ ᠤᠨ ᠳᠠᠬᠢᠨ ᠡᠭᠦᠰᠬᠦ ᠶᠢ ᠪᠡᠶᠡᠯᠡᠭᠦᠯᠵᠦ᠂ ᠡᠭᠦᠨ ᠤ | ᠤᠯᠠᠮ ᠠᠴᠠ ᠮᠡᠳᠡᠷᠡᠯ ᠤᠨ ᠳᠣᠷᠦ᠋ᠢᠲᠠᠯ ᠤᠨ ᠴᠢᠨᠠᠷᠲᠠᠶ ᠡᠪᠡᠳᠴᠢᠨ ᠤ ᠬᠤᠪᠢᠷᠠᠯᠲᠠ ᠶᠢ ᠵᠠᠰᠠᠨ᠎ᠠ᠃ | ᠵᠢᠵᠢᠭ ᠴᠠᠪᠠᠤᠯᠢᠭ ᠡᠰ ᠪᠣᠯ ᠶᠡᠭᠡ ᠲᠠᠷᠢᠬᠢᠨ ᠳᠠᠬᠢ ᠳᠠᠬᠢᠨ ᠤᠷᠭᠤᠬᠤ ᠴᠢᠳᠠᠪᠤᠷᠢ ᠪᠠᠷ ᠬᠠᠮᠤᠭ ᠴᠢᠩᠭ᠎ᠠ | ᠴᠠᠪᠠᠤᠯᠢᠭ ᠡᠰ ᠪᠣᠯᠤᠨ᠎ᠠ᠃ ᠹᠦᠳᠠᠨ ᠶᠡᠭᠡ ᠰᠤᠷᠭᠠᠭᠤᠯᠢ ᠶᠢᠨ ᠫᠧᠩ ᠪᠥᠸᠧ ᠶᠢᠨ ᠰᠤᠳᠤᠯᠭᠠᠨ ᠤ ᠰᠡᠳᠦᠪ ᠤᠨ | ᠳᠤᠭᠤᠶᠢᠯᠠᠩ ᠤᠨ ᠡᠮᠦᠨᠡᠬᠢ ᠬᠤᠭᠤᠴᠠᠭᠠᠨ ᠤ ᠰᠤᠳᠤᠯᠭᠠᠨ ᠠᠴᠠ ᠦᠵᠡᠪᠡᠯ᠂ ᠵᠢᠵᠢᠭ ᠴᠠᠪᠠᠤᠯᠢᠭ ᠡᠳ᠋ ᠤᠨ ᠡᠰ ᠨᠢ | ᠡᠳᠦᠷ ᠪᠦᠷᠢ ᠳᠤᠮᠳᠠᠴᠢ ᠪᠠᠷ 20% ᠪᠠᠷ ᠳᠠᠬᠢᠨ ᠤᠷᠭᠤᠵᠤ ᠪᠣᠯᠤᠨ᠎ᠠ᠃ ᠬᠡᠷᠪᠡ ᠵᠢᠵᠢᠭ ᠴᠠᠪᠠᠤᠯᠢᠭ ᠡᠳ᠋ ᠤᠨ | ᠡᠰ ᠢ ᠥᠳᠥᠭᠡᠨ ᠳᠠᠬᠢᠨ ᠫᠷᠤᠭ᠍ᠷᠠᠮ ᠨᠠᠶᠢᠷᠠᠭᠤᠯᠬᠤ ᠳᠤ ᠬᠦᠷᠪᠡᠯ᠂ ᠨᠢᠭᠡᠨ ᠪᠠᠷᠠᠭᠳᠠᠰᠢ ᠦᠭᠡᠢ ᠬᠠᠩᠭᠠᠯᠭ᠎ᠠ ᠶᠢᠨ ᠡᠬᠢ | ᠰᠤᠷᠪᠤᠯᠵᠢ ᠶᠢ ᠢᠯᠡᠷᠡᠭᠦᠯᠦᠭᠰᠡᠨ ᠲᠠᠢ ᠠᠳᠠᠯᠢ ᠪᠠᠶᠢᠵᠤ᠂ ᠭᠡᠮᠲᠦᠭᠰᠡᠨ ᠮᠡᠳᠡᠷᠡᠯ ᠤᠨ ᠡᠰ ᠢ ᠶᠡᠭᠡ ᠬᠡᠮᠵᠢᠶ᠎ᠡ ᠪᠠᠷ | ᠨᠥᠬᠦᠪᠥᠷᠢᠯᠡᠵᠦ ᠪᠣᠯᠤᠨ᠎ᠠ᠃ ᠶᠠᠫᠣᠨ ᠤ ᠰᠤᠳᠤᠯᠭᠠᠨ ᠤ ᠪᠦᠯᠬᠦᠮ ᠤᠨ ᠬᠢᠨ 2019 ᠣᠨ ᠳᠤ NeuroD1 | ᠵᠢᠵᠢᠭ ᠴᠠᠪᠠᠤᠯᠢᠭ ᠡᠳ᠋ ᠤᠨ ᠡᠰ ᠤᠨ ᠳᠠᠬᠢᠨ ᠫᠷᠤᠭ᠍ᠷᠠᠮ ᠨᠠᠶᠢᠷᠠᠭᠤᠯᠬᠤ ᠶᠢ ᠮᠡᠳᠡᠷᠡᠯ ᠤᠨ ᠡᠰ ᠭᠡᠵᠦ ᠮᠡᠳᠡᠭᠡᠯᠡᠵᠡᠶ᠃ | ᠭᠡᠲᠡᠯ᠎ᠡ ᠰᠤᠳᠤᠯᠭᠠᠨ ᠤ ᠮᠡᠷᠭᠡᠵᠢᠯ ᠤᠨ ᠬᠢᠵᠠᠭᠠᠷᠳᠠᠮᠠᠯ ᠴᠢᠨᠠᠷ ᠠᠴᠠ ᠪᠤᠯᠵᠤ᠂ ᠬᠦᠷᠢᠶ᠎ᠡ ᠬᠡᠪᠴᠢᠶᠡᠨ ᠳᠣᠲᠣᠷ᠎ᠠ ᠪᠠᠨ | ᠲᠤᠰ ᠦᠵᠡᠭᠳᠡᠯ ᠤᠨ ᠦᠨᠡᠨ ᠪᠣᠳᠠᠲᠠᠶ ᠪᠠᠶᠢᠬᠤ ᠡᠰᠡᠬᠦ ᠶᠢᠨ ᠲᠤᠬᠠᠶ ᠮᠠᠷᠭᠤᠯᠳᠤᠭᠠᠨ ᠢᠶᠠᠷ ᠳᠦᠭᠦᠷᠴᠦ ᠪᠠᠶᠢᠨ᠎ᠠ᠃ | ᠡᠭᠦᠨ ᠠᠴᠠ ᠭᠠᠳᠠᠨ᠎ᠠ᠂ ᠮᠡᠳᠡᠷᠡᠯ ᠤᠨ ᠰᠢᠨᠵᠢᠯᠡᠬᠦ ᠤᠬᠠᠭᠠᠨ ᠤ ᠰᠤᠳᠤᠯᠭᠠᠲᠠᠨ ᠣᠶᠢᠷ᠎ᠠ ᠶᠢᠨ ᠬᠤᠭᠤᠴᠠᠭᠠᠨ ᠳᠤ | ᠪᠠᠰᠠ ᠪᠤᠰᠤᠳ ᠲᠥᠷᠥᠯ ᠤᠨ ᠴᠠᠪᠠᠤᠯᠢᠭ ᠡᠰ — ᠮᠡᠳᠡᠷᠡᠯ ᠤᠨ ᠨᠢᠭᠡᠴᠢ ᠶᠢᠨ ᠳᠠᠬᠢᠨ ᠨᠠᠶᠢᠷᠠᠭᠤᠯᠬᠤ ᠫᠷᠤᠭ᠍ᠷᠠᠮ ᠤᠨ | ᠲᠤᠬᠠᠶ ᠴᠢᠬᠤᠯᠠ ᠶᠡᠭᠡ ᠮᠠᠷᠭᠤᠭᠠᠨ ᠲᠠᠢ ᠪᠠᠶᠢᠨ᠎ᠠ᠃ | ᠰᠤᠳᠤᠯᠭᠠᠨ ᠤ ᠳᠤᠭᠤᠶᠢᠯᠠᠩ ᠤᠨ ᠬᠠᠮᠲᠤᠷᠠᠭᠰᠠᠨ ᠰᠤᠳᠤᠯᠭᠠᠨ ᠤ ᠳᠤᠭᠤᠶᠢᠯᠠᠩ ᠠᠴᠠ ᠳᠣᠲᠣᠭᠠᠳᠤ | ᠢᠷᠡᠯᠲᠡ ᠶᠢᠨ ᠴᠢᠨᠠᠷᠲᠠᠢ ᠮᠡᠳᠡᠷᠡᠯ ᠤᠨ ᠳᠠᠬᠢᠨ ᠡᠭᠦᠰᠬᠦ ᠵᠠᠰᠠᠯ ᠢ ᠨᠠᠷᠢᠨ ᠬᠢᠨᠠᠮᠠᠭᠠᠢ ᠰᠢᠯᠭᠠᠨ ᠪᠠᠲᠤᠯᠠᠬᠤ ᠭᠤᠷᠪᠠᠨ | ᠦᠨᠳᠦᠰᠦᠨ ᠵᠠᠷᠴᠢᠮ ᠢ ᠳᠤᠷᠠᠳᠤᠨ ᠭᠠᠷᠭᠠᠵᠠᠢ᠄ ᠨᠠᠷᠢᠨ ᠬᠢᠨᠠᠮᠠᠭᠠᠢ ᠤᠳᠤᠮ ᠤᠭᠰᠠᠭ᠎ᠠ ᠶᠢᠨ ᠮᠥᠷᠳᠡᠯᠲᠡ ᠪᠠᠷ | ᠲᠡᠭᠦᠨ ᠤ ᠡᠭᠦᠰᠦᠯ ᠢ ᠭᠡᠷᠡᠴᠢᠯᠡᠨ᠎ᠡ︔ ᠲᠣᠳᠣᠷᠬᠠᠶ ᠠᠮᠢᠳᠤ ᠪᠡᠶ᠎ᠡ / ᠠᠮᠢᠳᠤ ᠡᠰ ᠤᠨ ᠳᠦᠷᠰᠦ ᠪᠦᠲᠦᠬᠦ ᠨᠢ | ᠴᠠᠪᠠᠤᠯᠢᠭ ᠡᠰ — ᠮᠡᠳᠡᠷᠡᠯ ᠤᠨ ᠡᠰ ᠤᠨ ᠬᠤᠪᠢᠷᠠᠯᠲᠠ ᠶᠢᠨ ᠶᠠᠪᠤᠴᠠ ᠶᠢ ᠠᠵᠢᠭᠯᠠᠵᠤ ᠣᠯᠤᠨ᠎ᠠ︔ ᠲᠤᠰ | ᠲᠥᠷᠥᠯ ᠤᠨ ᠴᠠᠪᠠᠤᠯᠢᠭ ᠡᠳ᠋ ᠤᠨ ᠡᠰ ᠢ ᠴᠡᠪᠡᠷᠯᠡᠨ ᠠᠷᠢᠯᠭᠠᠵᠤ ᠡᠰᠡᠷᠭᠦ ᠲᠠᠯ᠎ᠠ ᠶᠢᠨ ᠰᠢᠯᠭᠠᠨ ᠪᠠᠲᠤᠯᠠᠯᠲᠠ ᠬᠢᠨ᠎ᠡ᠃ | ᠰᠤᠳᠤᠯᠭᠠᠨ ᠤ ᠪᠦᠯᠬᠦᠮ ᠤᠨ ᠬᠢᠨ ᠡᠨᠡ ᠭᠤᠷᠪᠠᠨ ᠦᠨᠳᠦᠰᠦᠨ ᠵᠠᠷᠴᠢᠮ ᠢ ᠵᠢᠷᠤᠮᠯᠠᠭᠰᠠᠨ ᠰᠠᠭᠤᠷᠢᠨ ᠳᠡᠭᠡᠷ᠎ᠡ᠂ | NeuroD1 ᠶᠢᠨ ᠵᠠᠭᠤᠴᠢ ᠪᠣᠯᠬᠤ ᠵᠢᠵᠢᠭ ᠴᠠᠪᠠᠤᠯᠢᠭ ᠡᠰ — ᠮᠡᠳᠡᠷᠡᠯ ᠤᠨ ᠨᠢᠭᠡᠴᠢ ᠶᠢᠨ ᠳᠠᠬᠢᠨ ᠫᠷᠤᠭ᠍ᠷᠠᠮ | ᠨᠠᠶᠢᠷᠠᠭᠤᠯᠬᠤ ᠦᠵᠡᠭᠳᠡᠯ ᠳᠤ ᠰᠢᠰᠲ᠋ᠧᠮᠲᠦ ᠴᠢᠨᠠᠷᠲᠠᠶ ᠬᠠᠶᠢᠨ ᠰᠥᠪᠡᠭᠴᠢᠯᠡᠯᠲᠡ ᠬᠢᠵᠡᠶ᠃ ᠲᠤᠰ ᠪᠦᠯᠬᠦᠮ ᠤᠨ ᠬᠢᠨ | ᠶᠠᠫᠣᠨ ᠤ ᠪᠦᠯᠬᠦᠮ ᠤᠨ ᠮᠡᠳᠡᠭᠡᠯᠡᠭᠰᠡᠨ NeuroD1 ᠵᠢᠵᠢᠭ ᠴᠠᠪᠠᠤᠯᠢᠭ ᠡᠰ ᠮᠡᠳᠡᠷᠡᠯ ᠤᠨ ᠡᠰ ᠤᠨ ᠳᠠᠬᠢᠨ | ᠨᠠᠶᠢᠷᠠᠭᠤᠯᠬᠤ ᠫᠷᠤᠭ᠍ᠷᠠᠮ ᠨᠢ ᠦᠨᠡᠨ ᠪᠣᠳᠠᠲᠠᠶ ᠦᠵᠡᠭᠳᠡᠯ ᠪᠢᠰᠢ᠂ ᠬᠠᠷᠢᠨ ᠲᠤᠷᠰᠢᠯᠲᠠ ᠶᠢᠨ ᠵᠢᠷᠤᠭ ᠲᠥᠯᠥᠪᠯᠡᠭᠡ ᠨᠢ | ᠨᠠᠷᠢᠨ ᠬᠢᠨᠠᠮᠠᠭᠠᠶ ᠪᠤᠰᠤ ᠠᠴᠠ ᠪᠣᠯᠤᠭᠰᠠᠨ ᠬᠠᠭᠤᠷᠮᠠᠭ ᠦᠵᠡᠭᠳᠡᠯ ᠪᠣᠯᠬᠤ ᠶᠢ ᠣᠯᠵᠤ ᠮᠡᠳᠡᠵᠡᠶ᠃ ᠡᠶᠢᠮᠦᠷᠬᠦᠦ | ᠸᠢᠷᠦ᠋ᠰ ᠤᠨ ᠣᠨᠴᠠᠭᠠᠶ ᠪᠤᠰᠤ ᠴᠢᠨᠠᠷ ᠤᠨ ᠵᠠᠳᠠᠷᠠᠯᠲᠠ ᠵᠡᠷᠭᠡ ᠰᠢᠯᠲᠠᠭᠠᠨ ᠠᠴᠠ ᠪᠣᠯᠤᠭᠰᠠᠨ ᠲᠤᠷᠰᠢᠯᠲᠠ ᠶᠢᠨ | ᠬᠠᠭᠤᠷᠮᠠᠭ ᠦᠵᠡᠭᠳᠡᠯ ᠨᠢ ᠬᠤᠯᠪᠣᠭᠳᠠᠯ ᠪᠦᠬᠦᠢ ᠰᠤᠳᠤᠯᠭᠠᠨ ᠤ ᠬᠦᠷᠢᠶ᠎ᠡ ᠬᠡᠪᠴᠢᠶᠡᠨ ᠳᠤ ᠦᠷᠭᠦᠯᠵᠢ ᠡᠭᠦᠰᠳᠡᠭ᠃ | ᠡᠭᠦᠨ ᠠᠴᠠ ᠦᠵᠡᠪᠡᠯ᠂ ᠲᠤᠰ ᠰᠤᠳᠤᠯᠭᠠᠨ ᠤ ᠬᠠᠮᠤᠭ ᠴᠢᠬᠤᠯᠠ ᠲᠠᠯ᠎ᠠ ᠨᠢ ᠴᠠᠪᠠᠤᠯᠢᠭ ᠡᠰ — ᠮᠡᠳᠡᠷᠡᠯ ᠤᠨ | ᠡᠰ ᠤᠨ ᠢᠯᠭᠠᠷᠠᠯ ᠢ ᠰᠢᠯᠭᠠᠨ ᠪᠠᠲᠤᠯᠠᠬᠤ ᠪᠤᠶᠤ ᠭᠡᠷᠡᠴᠢᠯᠡᠬᠦ ᠳᠤ ᠬᠠᠩᠭᠠᠬᠤ ᠭᠤᠷᠪᠠᠨ ᠦᠨᠳᠦᠰᠦᠨ ᠵᠠᠷᠴᠢᠮ ᠢ | ᠳᠤᠷᠠᠳᠤᠨ ᠭᠠᠷᠭᠠᠵᠤ᠂ ᠡᠭᠦᠨ ᠤ ᠰᠠᠭᠤᠷᠢᠨ ᠳᠡᠭᠡᠷ᠎ᠡ ᠳᠣᠲᠣᠭᠠᠳᠤ ᠢᠷᠡᠯᠲᠡ ᠶᠢᠨ ᠴᠢᠨᠠᠷᠲᠠᠶ ᠮᠡᠳᠡᠷᠡᠯ ᠤᠨ ᠳᠠᠬᠢᠨ | ᠡᠭᠦᠰᠬᠦ ᠦᠵᠡᠭᠳᠡᠯ ᠤᠨ ᠬᠠᠭᠤᠷᠮᠠᠭ ᠢ ᠨᠢ ᠬᠠᠶᠠᠵᠤ ᠦᠨᠡᠨ ᠢ ᠨᠢ ᠦᠯᠡᠳᠡᠭᠡᠬᠦ ᠳᠤ ᠣᠷᠣᠰᠢᠨ᠎ᠠ᠃ | ᠡᠭᠦᠨ ᠠᠴᠠ ᠭᠠᠳᠠᠨ᠎ᠠ᠂ ᠹᠦᠳᠠᠨ ᠶᠡᠭᠡ ᠰᠤᠷᠭᠠᠭᠤᠯᠢ ᠶᠢᠨ ᠫᠤᠩᠪᠦ᠋ᠤᠤ ᠰᠤᠳᠤᠯᠭᠠᠨ ᠤ ᠳᠤᠭᠤᠶᠢᠯᠠᠩ ᠤᠨ ᠬᠢᠨ | ᠲᠦᠷᠦᠭᠦᠴᠢ ᠶᠢᠨ ᠬᠤᠭᠤᠴᠠᠭᠠᠨ ᠳᠤ ᠵᠢᠵᠢᠭ ᠴᠠᠪᠠᠤᠯᠢᠭ ᠡᠳ᠋ ᠤᠨ ᠡᠰ ᠤᠨ ᠳᠠᠬᠢᠨ ᠤᠷᠭᠤᠬᠤ ᠴᠢᠳᠠᠪᠤᠷᠢ ᠶᠢ | ᠠᠰᠢᠭᠯᠠᠨ᠂ ᠭᠤᠷᠪᠠᠨ ᠵᠤᠶᠢᠯ ᠤᠨ ᠲᠥᠰᠦᠯ ᠢ ᠰᠤᠳᠤᠯᠤᠨ ᠭᠠᠷᠭᠠᠵᠤ᠂ ᠠᠩᠬ᠎ᠠ ᠤᠳᠠᠭ᠎ᠠ ᠪᠥᠬᠦ ᠲᠠᠷᠢᠬᠢᠨ ᠤ ᠬᠡᠮ | ᠬᠡᠮᠵᠢᠶᠡᠨ ᠳᠡᠭᠡᠷ᠎ᠡ ᠵᠢᠵᠢᠭ ᠴᠠᠪᠠᠤᠯᠢᠭ ᠡᠳ᠋ ᠤᠨ ᠡᠰ ᠢ ᠥᠨᠳᠥᠷ ᠪᠦᠲᠦᠮᠵᠢᠲᠡᠶ ᠪᠠᠷ ᠭᠠᠳᠠᠨ᠎ᠠ ᠠᠴᠠ | ᠰᠢᠯᠲᠠᠭᠠᠯᠠᠭᠰᠠᠨ ᠰᠢᠯᠵᠢᠭᠦᠯᠦᠨ ᠤᠷᠭᠤᠭᠤᠯᠬᠤ / ᠰᠣᠯᠢᠬᠤ ᠶᠢ ᠪᠡᠶᠡᠯᠡᠭᠦᠯᠵᠡᠶ᠃ ᠲᠤᠰ ᠲᠥᠰᠦᠯ ᠢ ᠵᠢᠵᠢᠭ | ᠴᠠᠪᠠᠤᠯᠢᠭ ᠡᠳ᠋ ᠤᠨ ᠡᠰ ᠤᠨ ᠭᠡᠨᠡᠳᠲᠡ ᠶᠢᠨ ᠬᠤᠪᠢᠷᠠᠯᠲᠠ ᠠᠴᠠ ᠪᠣᠯᠤᠭᠰᠠᠨ ᠡᠪᠡᠳᠴᠢᠨ ᠢ ᠵᠠᠰᠠᠬᠤ ᠳᠤ ᠬᠡᠷᠡᠭᠯᠡᠵᠦ | ᠪᠣᠯᠤᠨ᠎ᠠ᠃ ᠭᠡᠪᠡᠴᠦ᠂ ᠡᠰ ᠢ ᠰᠢᠯᠵᠢᠭᠦᠯᠦᠨ ᠤᠷᠭᠤᠭᠤᠯᠬᠤ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠤ ᠨᠢᠭᠡ ᠨᠢ | ᠪᠣᠯ ᠭᠠᠳᠠᠨ᠎ᠠ ᠠᠴᠠ ᠰᠢᠯᠲᠠᠭᠠᠯᠠᠭᠰᠠᠨ ᠡᠰ ᠤᠨ ᠡᠵᠡᠮᠳᠡᠯ ᠢᠶᠠᠨ ᠠᠯᠳᠠᠬᠤ ᠶᠢ ᠬᠡᠷᠬᠢᠨ ᠰᠡᠷᠭᠡᠶᠢᠯᠡᠬᠦ ᠶᠠᠪᠤᠳᠠᠯ ᠪᠣᠯᠤᠨ᠎ᠠ | ᠃ NeuroD1 ᠨᠢ ᠵᠢᠵᠢᠭ ᠴᠠᠪᠠᠤᠯᠢᠭ ᠡᠳ᠋ ᠤᠨ ᠡᠰ ᠢ ᠥᠳᠥᠭᠡᠨ ᠦᠬᠦᠭᠦᠯᠳᠡᠭ ᠪᠣᠯᠬᠤᠷ ᠰᠤᠳᠤᠯᠭᠠᠨ ᠤ | ᠪᠦᠯᠬᠦᠮ ᠤᠨ ᠬᠢᠨ ᠪᠡᠶ᠎ᠡ ᠶᠢᠨ ᠭᠠᠳᠠᠨ᠎ᠠ ᠠᠴᠠ ᠥᠭᠡᠷᠡᠴᠢᠯᠡᠬᠦ ᠠᠷᠭ᠎ᠠ ᠮᠠᠶ᠋ᠢᠭ ᠢᠶᠠᠷ ᠳᠠᠮᠵᠢᠭᠤᠯᠤᠨ᠂ ᠰᠢᠯᠵᠢᠭᠦᠯᠦᠨ | ᠤᠷᠭᠤᠭᠤᠯᠤᠭᠰᠠᠨ / ᠰᠣᠯᠢᠭᠰᠠᠨ ᠵᠢᠵᠢᠭ ᠴᠠᠪᠠᠤᠯᠢᠭ ᠡᠳ᠋ ᠤᠨ ᠡᠰ ᠤᠨ ᠳᠣᠲᠣᠷ᠎ᠠ NeuroD1 ᠶᠢ ᠥᠳᠥᠭᠡᠨ | ᠢᠯᠡᠳᠬᠡᠬᠦ ᠲᠣᠨᠤᠭ ᠢ ᠬᠢᠵᠦ ᠣᠷᠣᠭᠤᠯᠤᠨ᠎ᠠ ᠭᠡᠵᠦ ᠳᠤᠷᠠᠳᠤᠨ ᠭᠠᠷᠭᠠᠵᠠᠶ᠃ ᠰᠢᠯᠵᠢᠭᠦᠯᠦᠨ ᠤᠷᠭᠤᠭᠤᠯᠤᠭᠰᠠᠨ / | ᠰᠣᠯᠢᠭᠰᠠᠨ ᠵᠢᠵᠢᠭ ᠴᠠᠪᠠᠤᠯᠢᠭ ᠡᠳ᠋ ᠤᠨ ᠡᠰ ᠨᠢ ᠡᠵᠡᠮᠳᠡᠯ ᠢᠶᠠᠨ ᠠᠯᠳᠠᠪᠠᠯ᠂ ᠲᠤᠰ ᠮᠣᠯᠧᠺᠦ᠋ᠯ ᠤᠨ ᠨᠡᠭᠡᠭᠡᠯᠭᠡ ᠪᠠᠷ | ᠳᠠᠮᠵᠢᠭᠤᠯᠤᠨ ᠵᠢᠵᠢᠭ ᠴᠠᠪᠠᠤᠯᠢᠭ ᠡᠳ᠋ ᠤᠨ ᠡᠰ ᠢ ᠥᠳᠥᠭᠡᠨ ᠦᠬᠦᠭᠦᠯᠵᠦ᠂ ᠡᠭᠦᠨ ᠤ ᠤᠯᠠᠮ ᠠᠴᠠ ᠵᠢᠵᠢᠭ | ᠴᠠᠪᠠᠤᠯᠢᠭ ᠡᠳ᠋ ᠤᠨ ᠡᠰ ᠢ ᠰᠣᠯᠢᠬᠤ ᠪᠤᠶᠤ ᠰᠢᠯᠵᠢᠭᠦᠯᠦᠨ ᠤᠷᠭᠤᠭᠤᠯᠬᠤ ᠶᠢᠨ ᠠᠶᠤᠯᠭᠦᠶ ᠴᠢᠨᠠᠷ ᠢ | ᠳᠡᠭᠡᠭᠰᠢᠯᠡᠭᠦᠯᠦᠨ᠎ᠡ᠃ | ᠣᠷᠴᠢᠭᠤᠯᠣᠭᠴᠢ᠄ ᠡᠷᠳᠡᠨᠢᠴᠢᠮᠡᠭ |