ᠪᠣᠯᠪᠠᠰᠤᠷᠠᠬᠤ ᠨᠢ ᠶᠠᠭᠠᠬᠢᠭᠠᠳ ᠶᠡᠭᠡ ᠲᠠᠷᠢᠬᠢᠨ ᠳᠤ ᠰᠢᠨ᠎ᠡ ᠲᠠᠶᠢᠯᠪᠤᠷᠢ ᠲᠠᠢ ᠪᠣᠯᠬᠤ ᠳᠤ ᠲᠤᠰᠠᠲᠠᠢ ᠪᠤᠢ
ᠨᠡᠶᠢᠲᠡᠯᠡᠭᠰᠡᠨ ᠴᠠᠭ᠄
2021/12/17
           ᠪᠣᠯᠪᠠᠰᠤᠷᠠᠬᠤ ᠨᠢ ᠶᠠᠭᠠᠬᠢᠭᠠᠳ ᠶᠡᠭᠡ ᠲᠠᠷᠢᠬᠢᠨ ᠳᠤ ᠰᠢᠨ᠎ᠡ ᠲᠠᠶᠢᠯᠪᠤᠷᠢ ᠲᠠᠢ ᠪᠣᠯᠬᠤ      ᠠᠩᠭ᠍ᠯᠢ ᠶᠢᠨ ︽ᠪᠠᠶᠢᠭᠠᠯᠢ︾ ᠰᠡᠳᠬᠦᠯ ᠤᠨ ᠣᠶᠢᠷ᠎ᠠ ᠳᠤ ᠨᠡᠶᠢᠲᠡᠯᠡᠭᠰᠡᠨ ᠬᠤᠯᠤᠭᠠᠨ᠎ᠠ ᠶᠢᠨ ᠰᠤᠳᠤᠯᠭᠠᠨ ᠤ ᠢᠯᠡᠷᠡᠭᠦᠯᠦᠭᠰᠡᠨ ᠢᠶᠠᠷ᠂ ᠪᠣᠯᠪᠠᠰᠤᠷᠠᠯᠲᠠ ᠨᠢ ᠲᠡᠳᠡᠭᠡᠷ ᠪᠤᠶᠤ ᠶᠡᠭᠡ ᠲᠠᠷᠢᠬᠢ ᠶᠢ ᠬᠠᠮᠠᠭᠠᠯᠠᠬᠤ ᠦᠶ᠋ᠯᠡᠳᠦᠯ ᠲᠠᠢ ᠦᠷᠪᠢᠰᠦᠯ ᠢ ᠳᠠᠷᠤᠬᠤ ᠡᠯᠧᠮᠧᠨ᠋ᠲ ᠤᠨ ᠬᠢᠷᠢ ᠲᠦᠪᠰᠢᠨ ᠢ ᠳᠡᠭᠡᠭᠰᠢᠯᠡᠭᠦᠯᠵᠦ ᠴᠢᠳᠠᠨ᠎ᠠ᠃ ᠬᠡᠷᠪᠡ ᠡᠳᠡᠭᠡᠷ ᠦᠷᠪᠢᠰᠦᠯ ᠢ ᠳᠠᠷᠤᠬᠤ ᠡᠯᠧᠮᠧᠨ᠋ᠲ ᠢ ᠳᠠᠪᠲᠠᠨ ᠪᠣᠯᠪᠠᠰᠤᠷᠠᠬᠤ ᠦᠭᠡᠢ ᠬᠤᠯᠤᠭᠠᠨ᠎ᠠ ᠶᠢᠨ ᠪᠡᠶ᠎ᠡ‌‍ᠳᠤ ᠰᠢᠯᠵᠢᠭᠦᠯᠪᠡᠯ᠂ ᠲᠡᠳᠡᠨ ᠤ ᠰᠤᠷᠤᠯᠴᠠᠬᠤ ᠪᠠ ᠴᠡᠭᠡᠵᠢᠯᠡᠬᠦ ᠴᠢᠳᠠᠪᠤᠷᠢ ᠶᠢ ᠳᠡᠭᠡᠭᠰᠢᠯᠡᠭᠦᠯᠵᠦ ᠴᠢᠳᠠᠨ᠎ᠠ︔ ᠨᠢᠭᠡ ᠪᠠᠭ᠎ᠠ ᠳᠤᠭᠤᠶᠢᠯᠠᠩ ᠤᠨ ᠲᠠᠨᠢᠨ ᠮᠡᠳᠡᠬᠦᠶ ᠶᠢᠨ ᠭᠡᠮᠲᠦᠯ ᠲᠠᠢ ᠡᠪᠡᠳᠴᠢᠲᠡᠨ 6 ᠰᠠᠷ᠎ᠠ ᠪᠣᠯᠪᠠᠰᠤᠷᠠᠭᠰᠠᠨ ᠤ ᠳᠠᠷᠠᠭ᠎ᠠ᠂ ᠪᠡᠶ᠎ᠡ ᠶᠢᠨ ᠳᠣᠲᠣᠷᠠᠬᠢ ᠡᠳᠡᠭᠡᠷ ᠦᠷᠪᠢᠰᠦᠯ ᠢ ᠳᠠᠷᠤᠬᠤ ᠡᠯᠧᠮᠧᠨ᠋ᠲ ᠨᠢ ᠪᠠᠰᠠ ᠨᠡᠮᠡᠭᠳᠡᠨ᠎ᠡ᠃ ᠰᠤᠳᠤᠯᠭᠠᠨ ᠤ ᠦᠷ᠎ᠡ ᠳ᠋ᠦᠩ ᠨᠢ ᠶᠠᠭᠤᠨ ᠤ ᠤᠴᠢᠷ ᠠᠴᠠ ᠪᠡᠶ᠎ᠡ ᠮᠠᠬᠠᠪᠣᠳ ᠢᠶᠠᠨ ᠳᠠᠪᠲᠠᠨ ᠪᠣᠯᠪᠠᠰᠤᠷᠠᠭᠤᠯᠬᠤ ᠶᠡᠭᠡ ᠲᠠᠷᠢᠬᠢᠨ ᠳᠤ ᠠᠰᠢᠭᠲᠠᠶ ᠲᠣᠭᠲᠠᠴᠠ ᠳᠤ ᠰᠢᠨ᠎ᠡ ᠦᠵᠡᠯᠲᠡ ᠳᠤᠷᠠᠳᠤᠭᠰᠠᠨ ᠪᠠᠶᠢᠨ᠎ᠠ᠃      ᠬᠡᠳᠦ᠋ᠢᠪᠡᠷ ᠶᠡᠭᠡ ᠲᠠᠷᠢᠬᠢ ᠪᠠ ᠲᠠᠨᠢᠨ ᠮᠡᠳᠡᠬᠦᠶ ᠶᠢᠨ ᠴᠢᠳᠠᠪᠤᠷᠢ ᠳᠤ ᠦᠵᠡᠭᠦᠯᠬᠦ ᠪᠣᠯᠪᠠᠰᠤᠷᠠᠯ ᠤᠨ ᠠᠰᠢᠭᠲᠠᠶ ᠲᠠᠯ᠎ᠠ ᠶᠢ ᠤᠯᠠᠨ ᠢᠶᠠᠷ ᠢᠶᠠᠨ ᠪᠦᠷ ᠮᠡᠳᠡᠵᠦ ᠪᠠᠶᠢᠭ᠎ᠠ ᠪᠣᠯᠪᠠᠴᠤ ᠲᠡᠭᠦᠨ ᠤ ᠠᠷᠤ ᠳᠠᠬᠢ ᠲᠣᠭᠲᠠᠴᠠ ᠶᠢ ᠲᠣᠳᠣᠷᠬᠠᠶᠢᠯᠠᠬᠤ ᠴᠢᠬᠤᠯᠠᠲᠠᠶ ᠪᠠᠶᠢᠨ᠎ᠠ᠃ ᠪᠡᠶ᠎ᠡ ᠶᠢᠨ ᠪᠣᠯᠪᠠᠰᠤᠷᠠᠯ ᠨᠢ ᠴᠢᠰᠤᠨ ᠡᠭᠡᠳᠡᠩ ᠤᠨ ᠳᠣᠲᠣᠷᠠᠬᠢ ᠲᠠᠷᠢᠬᠢᠨ ᠤ ᠠᠵᠢᠯᠯᠠᠭ᠎ᠠ ᠶᠢᠨ ᠡᠷᠡᠭᠦᠯ ᠮᠡᠨᠳᠦ ᠳᠤ ᠠᠰᠢᠭᠲᠠᠶ ᠨᠥᠯᠥᠭᠡᠯᠡᠭᠴᠢ ᠶᠢᠨ ᠬᠢᠷᠢ ᠲᠦᠪᠰᠢᠨ ᠢ ᠳᠡᠭᠡᠭᠰᠢᠯᠡᠭᠦᠯᠵᠦ ᠴᠢᠳᠠᠬᠤ ᠡᠰᠡᠬᠦ ᠶᠢ ᠳᠣᠲᠣᠯᠠᠬᠤ ᠶᠢᠨ ᠲᠥᠯᠥᠭᠡ᠂ ᠠᠮᠧᠷᠢᠺᠠ ᠶᠢᠨ ᠰᠲ᠋ᠠᠨᠹᠤᠷᠳ᠋ ᠶᠡᠭᠡ ᠰᠤᠷᠭᠠᠭᠤᠯᠢ ᠶᠢᠨ ᠡᠮᠨᠡᠯᠭᠡ ᠶᠢᠨ ᠳᠡᠭᠡᠳᠦ ᠰᠤᠷᠭᠠᠭᠤᠯᠢ ᠶᠢᠨ ᠮᠡᠳᠡᠷᠡᠯ ᠤᠨ ᠰᠢᠨᠵᠢᠯᠡᠬᠦ ᠤᠬᠠᠭᠠᠨᠲᠠᠨ ᠲᠤᠨᠢ · ᠸᠧᠢᠢᠰ — ᠺᠤᠯᠸᠢ ᠵᠢᠴᠢ ᠲᠡᠭᠦᠨ ᠤ ᠬᠠᠮᠲᠤ ᠠᠵᠢᠯᠯᠠᠭᠰᠠᠳ᠂ ᠶᠡᠷᠦ ᠠᠴᠠ ᠬᠥᠳᠡᠯᠭᠡᠭᠡᠨ ᠬᠢᠳᠡᠭ ᠥᠬᠡᠶ ᠬᠤᠯᠤᠭᠠᠨ᠎ᠠ ᠪᠠ ᠭᠦᠶᠦᠯᠲᠡ ᠶᠢᠨ ᠮᠠᠰᠢᠨ ᠬᠡᠷᠡᠭᠯᠡᠭᠡᠳ 28 ᠡᠳᠦᠷ ᠪᠣᠯᠤᠭᠰᠠᠨ ᠬᠤᠯᠤᠭᠠᠨ᠎ᠠ ᠶᠢᠨ ᠪᠡᠶ᠎ᠡ ᠠᠴᠠ ᠲᠣᠰ ᠲᠣᠰ ᠴᠢᠰᠤᠨ ᠡᠭᠡᠳᠡᠩ ᠠᠪᠴᠤ᠂ ᠡᠲᠡᠭᠡᠷ ᠴᠢᠰᠤᠨ ᠡᠭᠡᠳᠡᠩ ᠢ ᠬᠥᠳᠡᠯᠭᠡᠭᠡᠨ ᠬᠢᠳᠡᠭ ᠥᠬᠡᠶ ᠵᠠᠯᠠᠭᠤ ᠬᠤᠯᠤᠭᠠᠨ᠎ᠠ ᠶᠢᠨ ᠪᠡᠶ᠎ᠡ ᠳᠤ ᠵᠡᠭᠦᠯᠡᠵᠦ ᠣᠷᠣᠭᠤᠯᠤᠭᠰᠠᠨ ᠪᠠᠶᠢᠨ᠎ᠠ᠃       ᠰᠤᠳᠤᠯᠭᠠᠨ ᠳᠤ ᠢᠯᠡᠷᠡᠭᠦᠯᠦᠭᠰᠡᠨ ᠢᠶᠠᠷ᠂ ᠭᠦᠶᠦᠯᠲᠡ ᠶᠢᠨ ᠬᠤᠯᠤᠭᠠᠨ᠎ᠠ ᠶᠢᠨ ᠴᠢᠰᠤᠨ ᠡᠭᠡᠳᠡᠩ ᠵᠡᠭᠦᠯᠡᠭᠰᠡᠨ ᠬᠤᠯᠤᠭᠠᠨ᠎ᠠ ᠶᠢᠨ ᠮᠣᠷᠢᠨ ᠵᠢᠭᠠᠰᠤᠨ ᠤ ᠡᠰ ᠤᠨ ᠦᠷᠡᠵᠢᠯᠲᠡ ᠪᠠ ᠤᠨᠳᠤᠷᠤᠯᠲᠠ ᠶᠢᠨ ᠨᠣᠷᠮ᠎ᠠ ᠨᠢ ᠢᠯᠡᠳᠲᠡ ᠨᠡᠮᠡᠭᠳᠡᠵᠡᠶ᠂ ᠡᠨᠡ ᠨᠢ ᠭᠦᠶᠦᠯᠲᠡ ᠶᠢᠨ ᠬᠤᠯᠤᠭᠠᠨ᠎ᠠ ᠶᠢᠨ ᠪᠡᠶ᠎ᠡ ᠠᠴᠠ ᠠᠵᠢᠭᠯᠠᠵᠤ ᠣᠯᠤᠭᠰᠠᠨ ᠭᠦᠶᠦᠯᠲᠡ ᠠᠴᠠ ᠡᠭᠦᠰᠦᠭᠰᠡᠨ ᠰᠢᠭᠤᠳ ᠤᠶᠢᠯᠡᠳᠤᠯ ᠲᠠᠢ ᠠᠳᠠᠯᠢᠪᠲᠤᠷ ᠪᠠᠶᠢᠳᠠᠭ᠃ ᠭᠦᠶᠦᠯᠲᠡ ᠶᠢᠨ ᠬᠤᠯᠤᠭᠠᠨ᠎ᠠ ᠶᠢᠨ ᠴᠢᠰᠤᠨ ᠤ ᠡᠭᠡᠳᠡᠩ ᠢ ᠵᠡᠭᠦᠯᠡᠭᠰᠡᠨ ᠬᠤᠯᠤᠭᠠᠨ᠎ᠠ ᠶᠢᠨ ᠣᠷᠴᠢᠨ ᠲᠣᠭᠤᠷᠢᠨ ᠪᠠ ᠣᠷᠣᠨ ᠵᠠᠶ ᠶᠢᠨ ᠲᠤᠬᠠᠶ ᠰᠤᠷᠤᠯᠴᠠᠯᠭ᠎ᠠ ᠵᠢᠴᠢ ᠴᠡᠭᠡᠵᠢᠯᠡᠬᠦ ᠴᠢᠳᠠᠪᠤᠷᠢ ᠨᠢ ᠴᠦ ᠨᠡᠯᠢᠶᠡᠳ ᠴᠢᠩᠭᠠᠷᠠᠵᠠᠶ᠃      ᠰᠤᠳᠤᠯᠭᠠᠲᠠᠳ ᠡᠳᠡᠭᠡᠷ ᠴᠢᠰᠤᠨ ᠡᠭᠡᠳᠡᠩ ᠳᠤ ᠤᠭᠤᠷᠠᠭ ᠤᠨ ᠨᠡᠬᠡᠳᠡᠰᠦ ᠶᠢᠨ ᠰᠤᠳᠤᠯᠤᠯ ᠤᠨ ᠵᠠᠳᠠᠯᠤᠯᠲᠠ ᠬᠢᠭᠰᠡᠨ ᠤ ᠬᠠᠮᠲᠤ ᠣᠨᠴᠠᠭᠠᠶ ᠡᠯᠧᠮᠧᠨ᠋ᠲ ᠨᠢ ᠪᠣᠯᠪᠠᠰᠤᠷᠠᠯ ᠠᠴᠠ ᠡᠭᠦᠰᠦᠭᠰᠡᠨ ᠦᠷᠪᠢᠰᠦᠯ ᠢ ᠳᠠᠷᠤᠬᠤ ᠦᠢᠯᠡᠳᠦᠯ ᠳᠤ ᠵᠠᠩᠭᠢᠯᠠᠭ᠎ᠠ ᠶᠢᠨ ᠦᠢᠯᠡᠳᠦᠯ ᠦᠵᠡᠭᠦᠯᠵᠦ ᠪᠠᠶᠢᠬᠤ ᠶᠢ ᠣᠯᠵᠤ ᠮᠡᠳᠡᠪᠡ᠂ ᠵᠢᠱᠢᠶᠡᠯᠡᠪᠡᠯ ᠪᠥᠭᠡᠮ ᠤᠭᠤᠷᠠᠭ ᠵᠡᠷᠭᠡ ᠪᠣᠯᠤᠨ᠎ᠠ᠃ ᠨᠠᠮᠵᠢᠭᠤᠨ ᠰᠤᠳᠠᠯ ᠢᠶᠠᠷ ᠪᠥᠭᠡᠮ ᠤᠭᠤᠷᠠᠭ ᠲᠠᠷᠢᠬᠤ ᠨᠢ ᠲᠦᠷᠭᠡᠨ ᠴᠢᠨᠠᠷᠲᠠᠢ ᠶᠡᠭᠡ ᠲᠠᠷᠢᠬᠢᠨ ᠤ ᠦᠷᠪᠢᠰᠦᠯ ᠤᠨ ᠬᠤᠯᠤᠭᠠᠨ᠎ᠠ ᠶᠢᠨ ᠵᠠᠭᠪᠤᠷ ᠪᠠ ᠠᠷᠽᠬᠠᠶᠢᠮ ᠡᠪᠡᠳᠴᠢᠨ ᠤ ᠬᠤᠯᠤᠭᠠᠨ᠎ᠠ ᠶᠢᠨ ᠵᠠᠭᠪᠤᠷ ᠲᠤ ᠪᠦᠷ ᠦᠷᠪᠢᠰᠦᠯ ᠢ ᠡᠰᠡᠷᠭᠦᠴᠡᠬᠦ ᠦᠢᠯᠡᠳᠦᠯ ᠲᠠᠢ᠃ ᠲᠡᠳᠡ ᠪᠠᠰᠠ 6 ᠰᠠᠷ᠎ᠠ ᠶᠢᠨ ᠪᠡᠶ᠎ᠡ ᠮᠠᠬᠠᠪᠣᠳ ᠤᠨ ᠪᠣᠯᠪᠠᠰᠤᠷᠠᠯ ᠳᠤ ᠭᠠᠷ ᠳᠦᠷᠦᠭᠰᠡᠨ ᠤ ᠳᠠᠷᠠᠭ᠎ᠠ᠂ ᠡᠪᠡᠳᠴᠢᠲᠡᠨ ᠤ ᠴᠢᠰᠤᠨ ᠡᠭᠡᠳᠡᠩ ᠤᠨ ᠳᠣᠲᠣᠷᠠᠬᠢ ᠪᠥᠭᠡᠮᠨᠡᠷᠡᠭᠰᠡᠨ ᠤᠭᠤᠷᠠᠭ ᠤᠨ ᠬᠡᠮᠵᠢᠶ᠎ᠡ ᠡᠳᠦᠶ ᠲᠡᠳᠦᠶ ᠳᠡᠭᠡᠭᠰᠢᠯᠡᠭᠰᠡᠨ ᠢ ᠬᠥᠩᠭᠡᠪᠲᠦᠷ ᠲᠠᠨᠢᠨ ᠮᠡᠳᠡᠬᠦᠶ ᠶᠢᠨ ᠬᠡᠮᠵᠢᠶ᠎ᠡ ᠲᠠᠢ ᠪᠣᠯᠤᠭᠰᠠᠨ ᠢ ᠣᠯᠵᠤ ᠮᠡᠳᠡᠵᠡᠶ᠃      ᠰᠤᠳᠤᠯᠭᠠᠨ ᠤ ᠦᠷ᠎ᠡ ᠳ᠋ᠦᠩ ᠠᠴᠠ ᠦᠵᠡᠪᠡᠯ᠂ ᠴᠢᠰᠤᠨ ᠡᠭᠡᠳᠡᠩ ᠤᠨ ᠳᠣᠲᠣᠷ᠎ᠠ ᠶᠡᠭᠡ ᠲᠠᠷᠢᠬᠢᠨ ᠳᠤ ᠠᠰᠢᠭᠲᠠᠶ᠂ ᠰᠢᠯᠵᠢᠭᠦᠯᠵᠦ ᠪᠣᠯᠬᠤ ᠦᠷᠪᠢᠰᠦᠯ ᠢ ᠳᠠᠷᠤᠬᠤ ︽ᠬᠥᠳᠡᠯᠭᠡᠭᠡᠨ ᠤ ᠡᠯᠧᠮᠧᠨ᠋ᠲ︾ ᠣᠷᠣᠰᠢᠵᠤ ᠮᠡᠳᠡᠨ᠎ᠡ  ᠰᠤᠳᠤᠯᠭᠠᠨ ᠨᠢ ᠪᠠᠰᠠ ᠠᠷᠽᠾᠸᠢᠢᠮᠤᠷ ᠡᠪᠡᠳᠴᠢᠨ ᠮᠡᠲᠦ ᠶᠢᠨ ᠡᠪᠡᠳᠴᠢᠨ ᠢ ᠡᠮᠨᠡᠨ ᠵᠠᠰᠠᠬᠤ ᠠᠷᠭ᠎ᠠ ᠪᠠᠷᠢᠯ ᠢ ᠨᠡᠭᠡᠭᠡᠨ ᠬᠥᠭᠵᠢᠭᠦᠯᠬᠦ ᠳᠤ ᠰᠢᠨ᠎ᠡ ᠴᠢᠭᠯᠡᠯ ᠢ ᠵᠢᠭᠠᠵᠤ ᠥᠭᠭᠦᠭᠰᠡᠨ ᠪᠠᠶᠢᠨ᠎ᠠ᠃                                                 ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠰᠢᠨᠵᠢᠯᠡᠬᠦ ᠣᠬᠠᠭᠠᠨ ᠮᠡᠷᠭᠡᠵᠢᠯ ᠤᠨ ᠡᠳᠣᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号