ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠦᠨᠳᠦᠰᠦᠨ ᠱᠠᠲᠤᠨ ᠤ | ᠣᠯᠠᠨ ᠲᠦᠮᠡᠨ ᠤ ︽ᠭᠤᠷᠪᠠᠨ ᠡᠷᠬᠡ︾ ᠶᠢᠨ ᠲᠦᠭᠵᠢᠷᠡᠯ ᠢ ᠨᠡᠪᠲᠡᠷᠡᠭᠦᠯᠵᠦ | ︽ᠭᠤᠷᠪᠠᠨ ᠠᠵᠢᠯ︾ ᠢ ᠢᠯᠡ ᠪᠣᠯᠭᠠᠬᠤ ᠶᠢ ᠠᠬᠢᠭᠤᠯᠤᠨ᠎ᠠ | | ᠡᠨᠡ ᠵᠢᠯ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠦᠨᠳᠦᠰᠦᠨ ᠱᠠᠲᠤᠨ ᠤ ︽ᠪᠢᠴᠢᠯ ᠡᠷᠬᠡ︾ ᠶᠢ ᠬᠢᠵᠠᠭᠠᠷᠯᠠᠬᠤ᠂ ︽ᠪᠢᠴᠢᠯ | ᠢᠯᠵᠠᠷᠠᠯ︾ ᠢ ᠰᠡᠷᠭᠡᠶᠢᠯᠡᠬᠦ ᠶᠢ ᠨᠠᠷᠢᠨ ᠬᠢᠨᠠᠮᠠᠭᠠᠶ ᠰᠦᠪᠡᠭᠴᠢᠯᠡᠵᠦ᠂ ᠦᠨᠳᠦᠰᠦᠨ ᠱᠠᠲᠤᠨ ᠤ ᠣᠯᠠᠨ ᠲᠦᠮᠡᠨ ᠤ | ᠪᠠᠶᠢᠳᠠᠯ ᠢ ᠮᠡᠳᠡᠬᠦ ᠡᠷᠬᠡ᠂ ᠣᠷᠣᠯᠴᠠᠬᠤ ᠡᠷᠬᠡ᠂ ᠬᠢᠨᠠᠯᠲᠠ ᠲᠠᠯᠪᠢᠬᠤ ᠡᠷᠬᠡ ᠶᠢᠨ ︽ᠲᠦᠭᠵᠢᠷᠡᠯ︾ ᠢ ᠪᠥᠬᠦ | ᠬᠦᠴᠦᠨ ᠢᠶᠠᠷ ᠢᠶᠠᠨ ᠨᠡᠪᠲᠡᠷᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ︽ᠭᠤᠷᠪᠠᠨ ᠠᠵᠢᠯ︾ ᠢ ᠢᠯᠡ | ᠪᠣᠯᠭᠠᠬᠤ ᠶᠢ ᠬᠦᠴᠦᠲᠡᠶ ᠳᠥᠯᠭᠢᠨ ᠠᠬᠢᠭᠤᠯᠵᠤ᠂ ᠡᠷᠬᠡ ᠶᠢᠨ ᠠᠵᠢᠯᠯᠠᠭᠠᠨ ᠢ ᠢᠯᠡ ᠪᠠᠷ ᠬᠡᠷᠡᠭᠵᠢᠭᠦᠯᠬᠦ ᠶᠢ | ᠪᠠᠲᠤᠯᠠᠭᠰᠠᠨ ᠪᠠᠶᠢᠨ᠎ᠠ᠃ | ᠪᠠᠶᠢᠳᠠᠯ ᠢ ᠪᠥᠬᠦ ᠲᠠᠯ᠎ᠠ ᠪᠠᠷ ᠤᠶᠢᠯᠠᠭᠠᠨ ᠡᠮᠬᠢᠯᠡᠵᠦ᠂ ᠡᠮᠦᠨᠡᠬᠢ ᠬᠤᠭᠤᠴᠠᠭᠠᠨ ᠤ ᠪᠡᠯᠡᠳᠬᠡᠯ ᠢ ᠰᠠᠶᠢᠲᠤᠷ ᠬᠢᠬᠦ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽ | ᠦᠨᠳᠦᠰᠦᠨ ᠱᠠᠲᠤᠨ ᠤ ︿ᠭᠤᠷᠪᠠᠨ ᠶᠠᠪᠤᠳᠠᠯ﹀ ᠢ ᠢᠯᠡ ᠪᠣᠯᠭᠠᠬᠤ ᠠᠵᠢᠯ ᠳᠤ ᠪᠦᠬᠦ ᠲᠠᠯ᠎ᠠ ᠶᠢᠨ ᠬᠢᠨᠠᠯᠲᠠ | ᠪᠠᠶᠢᠴᠠᠭᠠᠯᠲᠠ ᠥᠷᠨᠢᠭᠦᠯᠬᠦ ᠲᠤᠬᠠᠶ ᠮᠡᠳᠡᠭᠳᠡᠯ︾ ᠤᠨ ᠱᠠᠭᠠᠷᠳᠠᠯᠭ᠎ᠠ ᠶᠣᠰᠣᠭᠠᠷ᠂ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠠᠵᠢᠯᠲᠠᠨ ᠵᠣᠬᠢᠶᠠᠨ | ᠪᠠᠶᠢᠭᠤᠯᠵᠤ᠂ ᠪᠥᠬᠦ ᠬᠤᠰᠢᠭᠤᠨ ᠤ 8 ᠰᠤᠮᠤ ᠰᠢᠶᠠᠩ ᠪᠠᠯᠭᠠᠰᠤᠨ ᠤ 87 ᠭᠠᠴᠠᠭ᠎ᠠ ᠲᠣᠰᠬᠤᠨ ᠤ ︽ᠭᠤᠷᠪᠠᠨ | ᠶᠠᠪᠤᠳᠠᠯ︾ ᠢ ᠢᠯᠡ ᠪᠣᠯᠭᠠᠬᠤ ᠠᠵᠢᠯ ᠢ ᠪᠥᠬᠦ ᠲᠠᠯ᠎ᠠ ᠪᠠᠷ ᠰᠢᠪᠠᠳᠠᠨ ᠪᠠᠶᠢᠴᠠᠭᠠᠵᠤ᠂ ᠪᠥᠬᠦ ᠬᠤᠰᠢᠭᠤᠨ ᠤ ᠣᠯᠠᠩᠬᠢ | ᠭᠠᠴᠠᠭ᠎ᠠ ᠲᠣᠰᠬᠤᠨ ᠳᠤ ︽ᠭᠤᠷᠪᠠᠨ ᠶᠠᠪᠤᠳᠠᠯ︾ ᠢ ᠢᠯᠡ ᠪᠣᠯᠭᠠᠭᠰᠠᠨ ᠥᠬᠡᠶ ᠪᠤᠶᠤ ᠴᠠᠭ ᠲᠤᠬᠠᠶ ᠳᠤᠨᠢ ᠢᠯᠡ | ᠪᠣᠯᠭᠠᠭᠰᠠᠨ ᠥᠬᠡᠶ᠂ ᠪᠥᠬᠦ ᠲᠠᠯ᠎ᠠ ᠶᠢᠨ ᠪᠤᠰᠤ ᠵᠡᠷᠭᠡ ᠠᠰᠠᠭᠤᠳᠠᠯ ᠣᠷᠣᠰᠢᠵᠤ ᠪᠠᠶᠢᠬᠤ ᠶᠢ ᠢᠯᠡᠷᠡᠭᠦᠯᠪᠡ᠃ | ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠲᠣᠰ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ | ᠬᠢᠨᠠᠨ ᠪᠠᠶᠢᠴᠠᠭᠠᠬᠤ ᠵᠥᠪᠯᠡᠯ ᠬᠤᠶᠠᠷ ᠪᠦᠯᠦᠭ ᠬᠤᠪᠢᠶᠠᠨ ᠡᠯ᠎ᠡ ᠰᠤᠮᠤ ᠰᠢᠶᠠᠩ ᠪᠠᠯᠭᠠᠰᠤᠨ ᠤ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠨ ᠤ ᠱᠦᠵᠢ᠂ ᠪᠠᠶᠢᠭᠤᠯᠤᠯᠭ᠎ᠠ ᠶᠢᠨ ᠬᠠᠮᠢᠶ᠎ᠠ ᠪᠥᠬᠦᠶ ᠶᠠᠮᠤᠨ ᠲᠠᠰᠤᠭ ᠤᠨ | ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ ᠪᠣᠯᠤᠨ | ᠤᠯᠠᠭᠠᠨᠴᠠᠪ ᠬᠤᠲᠠ ᠶᠢᠨ ᠵᠦᠸᠧᠽᠢ ᠰᠢᠶᠠᠨ᠂ ᠳᠥᠷᠪᠡᠳ ᠬᠤᠰᠢᠭᠤᠨ ᠳᠤ ᠣᠴᠢᠭᠤᠯᠤᠨ ︽ᠭᠤᠷᠪᠠᠨ ᠶᠠᠪᠤᠳᠠᠯ︾ | ᠢ ᠢᠯᠡ ᠪᠣᠯᠭᠠᠬᠤ ᠲᠠᠪᠴᠠᠩ ᠤᠨ ᠪᠠᠶᠢᠭᠤᠯᠤᠯᠲᠠ᠂ ᠬᠢᠨᠠᠯᠲᠠ ᠪᠠᠶᠢᠴᠠᠭᠠᠯᠲᠠ ᠵᠡᠷᠭᠡ ᠠᠵᠢᠯ ᠳᠤ ᠪᠠᠶᠢᠴᠠᠭᠠᠯᠲᠠ | ᠬᠢᠵᠦ ᠰᠤᠷᠤᠯᠴᠠᠭᠤᠯᠤᠨ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠠᠵᠢᠯ ᠢ ᠠᠬᠢᠭᠤᠯᠬᠤ ᠳᠤ ᠰᠠᠭᠤᠷᠢ | ᠲᠠᠯᠪᠢᠪᠠ᠃ | ᠲᠦᠷᠦᠭᠦᠯᠡᠨ ᠵᠣᠬᠢᠶᠠᠨ ᠪᠠᠶᠢᠭᠤᠯᠤᠨ ᠠᠬᠢᠭᠤᠯᠵᠤ᠂ ᠲᠠᠪᠴᠠᠩ ᠢ ᠬᠦᠴᠦᠯᠡᠨ ᠰᠠᠶᠢᠲᠤᠷ ᠪᠠᠶᠢᠭᠤᠯᠬᠤ ᠬᠡᠷᠡᠭᠲᠡᠶ᠃ | ︽ᠭᠤᠷᠪᠠᠨ ᠶᠠᠪᠤᠳᠠᠯ︾ ᠢ ᠢᠯᠡ ᠨᠡᠶᠢᠲᠡᠯᠡᠬᠦ ᠲᠠᠪᠴᠠᠩ ᠪᠣᠯ ᠡᠷᠬᠡ ᠶᠢ ᠢᠯᠡ ᠪᠣᠯᠭᠠᠬᠤ ᠶᠢᠨ ᠴᠢᠬᠤᠯᠠ ᠪᠠᠲᠤᠯᠠᠭ᠎ᠠ | ᠮᠥᠨ᠃ ᠶᠣᠰᠣᠨ ᠲᠡᠳᠦᠶ ᠥᠩᠭᠡᠷᠡᠭᠦᠯᠬᠦ ᠥᠬᠡᠶ᠂ ᠬᠡᠯᠪᠡᠷᠢ ᠶᠢᠨ ᠲᠡᠳᠦᠶ ᠬᠢᠬᠦ ᠥᠬᠡᠶ ᠪᠠᠶᠢᠬᠤ ᠶᠢ ᠪᠠᠲᠤᠯᠠᠬᠤ ᠶᠢᠨ | ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ | ᠪᠠᠶᠢᠴᠠᠭᠠᠬᠤ ᠵᠥᠪᠯᠡᠯ ︽ᠭᠤᠷᠪᠠᠨ ᠶᠠᠪᠤᠳᠠᠯ︾ ᠢ ᠢᠯᠡ ᠨᠡᠶᠢᠲᠡᠯᠡᠬᠦ ᠲᠠᠪᠴᠠᠩ ᠤᠨ ᠪᠠᠶᠢᠭᠤᠯᠤᠯᠲᠠ ᠶᠢ ᠪᠥᠬᠦ | ᠬᠦᠴᠦᠨ ᠢᠶᠠᠷ ᠢᠶᠠᠨ ᠳᠥᠯᠭᠢᠨ ᠠᠬᠢᠭᠤᠯᠬᠤ ᠶᠢᠨ ᠬᠠᠮᠲᠤ ︽ᠭᠤᠷᠪᠠᠨ ᠶᠠᠪᠤᠳᠠᠯ︾ ᠢ ᠢᠯᠡ ᠨᠡᠶᠢᠲᠡᠯᠡᠬᠦ | ᠲᠠᠪᠴᠠᠩ ᠤᠨ ᠪᠠᠶᠢᠭᠤᠯᠤᠯᠲᠠ ᠠᠴᠠ ᠲᠤᠭ᠎ᠠ ᠪᠠᠷᠢᠮᠲᠠ ᠣᠷᠣᠭᠤᠯᠬᠤ᠂ ᠨᠡᠶᠢᠲᠡᠯᠡᠬᠦ ᠪᠥᠬᠦ ᠶᠠᠪᠤᠴᠠ ᠳᠤ ᠬᠢᠨᠠᠯᠲᠠ | ᠲᠠᠯᠪᠢᠵᠤ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ ᠳᠡᠭᠡᠭᠰᠢ | ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ | ᠪᠠᠲᠤᠯᠠᠬᠤ ᠶᠢᠨ ᠲᠥᠯᠥᠭᠡ᠂ ᠡᠯ᠎ᠡ ᠰᠤᠮᠤ ᠰᠢᠶᠠᠩ ᠪᠠᠯᠭᠠᠰᠤ᠂ ᠬᠠᠮᠢᠶ᠎ᠠ ᠪᠥᠬᠦᠶ ᠰᠠᠯᠠᠭ᠎ᠠ ᠮᠥᠴᠢᠷ ᠨᠢᠭᠡᠴᠡ ᠶᠢᠨ | ᠳᠡᠭᠡᠭᠰᠢ ᠮᠡᠳᠡᠭᠦᠯᠦᠭᠰᠡᠨ ᠲᠤᠭ᠎ᠠ ᠪᠠᠷᠢᠮᠲᠠ ᠶᠢᠨ ᠦᠨᠡᠨ ᠪᠣᠳᠠᠲᠠᠶ ᠪᠥᠭᠡᠳ ᠨᠠᠶᠢᠳᠠᠪᠤᠷᠢᠲᠠᠶ ᠪᠠᠶᠢᠬᠤ ᠶᠢ ᠦᠨᠡᠨ ᠬᠦ | ᠪᠠᠲᠤᠯᠠᠪᠠ᠃ ᠲᠠᠪᠴᠠᠩ ᠤᠨ ᠪᠠᠶᠢᠭᠤᠯᠤᠯᠲᠠ ᠳᠤᠮᠳᠠ᠂ ᠲᠤᠰ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ | ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠲᠤᠬᠠᠶ ᠶᠢᠨ ᠭᠠᠵᠠᠷ ᠤᠨ ᠪᠣᠳᠠᠲᠤ ᠪᠠᠶᠢᠳᠠᠯ ᠲᠠᠢ ᠪᠠᠨ ᠨᠢᠭᠲᠠ | ᠤᠶᠠᠯᠳᠤᠭᠤᠯᠤᠨ᠂ ᠢᠨᠲ᠋ᠧᠷ ᠰᠦᠯᠵᠢᠶ᠎ᠡ + ︽ᠭᠤᠷᠪᠠᠨ ᠶᠠᠪᠤᠳᠠᠯ︾ ᠢ ᠢᠯᠡ ᠪᠣᠯᠭᠠᠬᠤ ᠵᠠᠭᠪᠤᠷ ᠢ ᠢᠳᠡᠪᠬᠢᠲᠡᠶ | ᠰᠦᠪᠡᠭᠴᠢᠯᠡᠵᠦ᠂ ︽ᠭᠤᠷᠪᠠᠨ ᠶᠠᠪᠤᠳᠠᠯ︾ ᠢ ᠢᠯᠡ ᠪᠣᠯᠭᠠᠬᠤ ᠸᠢᠴᠠᠲ ᠤᠨ ᠵᠢᠵᠢᠭ ᠫᠷᠤᠭ᠍ᠷᠠᠮ ᠢ ᠪᠡᠯᠡᠳᠬᠡᠨ ᠨᠡᠭᠡᠭᠡᠨ | ᠬᠥᠭᠵᠢᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠭᠤᠷᠪᠠᠨ ᠶᠠᠪᠤᠳᠠᠯ︾ ᠢ ᠢᠯᠡ ᠪᠣᠯᠭᠠᠬᠤ | ᠮᠡᠳᠡᠭᠡ ᠵᠠᠩᠭᠢ ᠶᠢᠨ ᠲᠠᠪᠴᠠᠩ — ᠠᠷᠠᠳ ᠲᠤ ᠲᠥᠬᠦᠮ ᠦᠵᠡᠭᠦᠯᠬᠦ ᠢᠯᠡ ᠪᠠᠷ ᠦᠢᠯᠡᠴᠢᠯᠡᠬᠦ ᠲᠢᠩᠬᠢᠮ ᠢ | ᠨᠡᠭᠡᠭᠡᠭᠰᠡᠨ ᠪᠥᠭᠡᠳ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠪᠠ ᠪᠠᠶᠠᠨᠴᠠᠭᠠᠨ | ᠪᠠᠯᠭᠠᠰᠤᠨ ᠤ ᠰᠢ ᠴᠢᠤᠸᠠᠨ ᠲᠣᠰᠬᠤᠨ ᠤ ᠵᠥᠪᠯᠡᠯ ᠳᠤ ᠲᠤᠷᠰᠢᠯᠲᠠ ᠶᠢᠨ ᠴᠡᠭ ᠤᠨ ᠠᠵᠢᠯ ᠥᠷᠨᠢᠭᠦᠯᠦᠭᠡᠳ᠂ | ᠥᠷᠭᠡᠨ ᠣᠯᠠᠨ ᠦᠨᠳᠦᠰᠦᠨ ᠱᠠᠲᠤᠨ ᠤ ᠣᠯᠠᠨ ᠲᠦᠮᠡᠨ ᠤ ᠵᠥᠪᠰᠢᠶᠡᠷᠡᠯ ᠪᠠ ᠬᠦᠷᠢᠶᠡᠯᠡᠯ ᠢ ᠣᠯᠤᠭᠰᠠᠨ ᠪᠠᠶᠢᠨ᠎ᠠ᠃ | | ᠤᠬᠠᠭᠤᠯᠭ᠎ᠠ ᠶᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠣᠯᠠᠨ ᠲᠦᠮᠡᠨ ᠢ ᠬᠥᠲᠥᠯᠦᠨ ᠵᠢᠯᠣᠭᠤᠳᠴᠤ | ᠪᠥᠬᠦ ᠠᠷᠠᠳ ᠢᠶᠠᠷ ᠢᠶᠠᠨ ᠣᠷᠣᠯᠴᠠᠬᠤ ᠶᠢ ᠦᠨᠡᠨ ᠬᠦ ᠪᠠᠲᠤᠯᠠᠬᠤ ᠪᠣᠯ ︽ᠭᠤᠷᠪᠠᠨ ᠠᠵᠢᠯ︾ ᠢ ᠢᠯᠡ ᠪᠣᠯᠭᠠᠬᠤ | ᠠᠵᠢᠯ ᠢ ᠰᠠᠶᠢᠲᠤᠷ ᠬᠢᠬᠦ ᠶᠢᠨ ᠰᠠᠭᠤᠷᠢ ᠪᠠᠲᠤᠯᠠᠭ᠎ᠠ ᠮᠥᠨ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠨᠢ ᠪᠠᠶᠢᠩᠭᠤ ᠰᠠᠭᠤᠭ᠎ᠠ ᠡᠷᠦᠬᠡ ᠳᠤ | ᠴᠢᠭᠯᠡᠭᠦᠯᠦᠨ᠂ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠣᠷᠢᠯᠡᠬᠦ ᠠᠵᠢᠯ ᠤᠨ ᠠᠵᠢᠯᠯᠠᠬᠤ | ᠠᠩᠭᠢ ᠶᠢᠨ ᠦᠢᠯᠡᠳᠣᠯ ᠢ ᠭᠦᠢᠴᠡᠳ ᠪᠠᠳᠠᠷᠠᠭᠤᠯᠵᠤ᠂ ᠲᠠᠷᠢᠶᠠᠨ ᠭᠠᠵᠠᠷ ᠲᠤ ᠭᠦᠨᠵᠡᠭᠡᠶᠢᠷᠡᠨ ᠮᠠᠯᠵᠢᠬᠤ ᠲᠠᠷᠢᠶᠠᠯᠠᠬᠤ | ᠡᠷᠦᠬᠡ ᠳᠤ ᠭᠦᠨᠵᠡᠭᠡᠶᠢᠷᠡᠨ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︿ᠭᠤᠷᠪᠠᠨ ᠠᠵᠢᠯ﹀ ᠢ ᠢᠯᠡ | ᠪᠣᠯᠭᠠᠬᠤ ᠮᠡᠳᠡᠭᠡ ᠵᠠᠩᠭᠢ ᠶᠢᠨ ᠲᠠᠪᠴᠠᠩ — ᠠᠷᠠᠳ ᠲᠤ ᠲᠥᠬᠦᠮ ᠦᠵᠡᠭᠦᠯᠬᠦ ᠢᠯᠡ ᠪᠠᠷ ᠦᠢᠯᠡᠴᠢᠯᠡᠬᠦ | ᠲᠢᠩᠬᠢᠮ︾ ᠤᠨ 4.2 ᠲᠦᠮᠡᠨ ᠬᠤᠪᠢ ᠤᠬᠠᠭᠤᠯᠭ᠎ᠠ ᠶᠢᠨ ᠳᠡᠪᠲᠡᠷ ᠢ ᠲᠠᠷᠬᠠᠭᠠᠪᠠ᠃ ᠭᠠᠳᠠᠭᠰᠢ ᠶᠠᠪᠤᠵᠤ ᠪᠠᠶᠢᠭ᠎ᠠ | ᠬᠥᠮᠦᠰ ᠣᠯᠠᠨ ᠪᠠᠶᠢᠭ᠎ᠠ ᠪᠣᠳᠠᠲᠤ ᠪᠠᠶᠢᠳᠠᠯ ᠳᠤ ᠴᠢᠭᠯᠡᠭᠦᠯᠦᠨ᠂ ᠡᠯ᠎ᠡ ᠭᠠᠴᠠᠭ᠎ᠠ ᠲᠣᠰᠬᠤᠨ ᠤ ᠭᠠᠳᠠᠭᠰᠢ ᠭᠠᠷᠴᠤ | ᠠᠵᠢᠯ ᠬᠥᠳᠡᠯᠮᠦᠷᠢ ᠬᠢᠵᠦ ᠪᠠᠶᠢᠭ᠎ᠠ ᠬᠥᠮᠦᠰ ᠤᠨ ᠪᠠᠶᠢᠭᠤᠯᠤᠭᠰᠠᠨ ᠸᠢᠴᠠᠲ ᠤᠨ ᠰᠦᠷᠦᠭ ᠢ ᠠᠰᠢᠭᠯᠠᠨ ᠤᠬᠠᠭᠤᠯᠭ᠎ᠠ | ᠬᠢᠬᠦ ᠬᠡᠷᠡᠭᠲᠡᠶ᠃ ᠲᠥᠷᠥᠯ ᠬᠤᠪᠢᠶᠠᠨ ᠤᠬᠠᠭᠤᠯᠬᠤ ᠪᠠᠷ ᠳᠠᠮᠵᠢᠭᠤᠯᠤᠨ᠂ ︽ᠭᠤᠷᠪᠠᠨ ᠠᠵᠢᠯ︾ ᠢ ᠢᠯᠡ ᠪᠣᠯᠭᠠᠬᠤ | ᠡᠲᠡᠭᠡᠳ ᠢ ︽ᠪᠦᠬᠦᠨ ᠢ ᠬᠠᠮᠤᠷᠬᠤ︾ ᠶᠢ ᠪᠡᠶᠡᠯᠡᠭᠦᠯᠵᠦ᠂ ᠬᠥᠮᠦᠨ ᠪᠦᠬᠦᠨ ᠪᠠᠶᠢᠳᠠᠯ ᠢ ᠮᠡᠳᠡᠬᠦ᠂ ᠬᠥᠮᠦᠨ ᠪᠦᠬᠦᠨ | ᠣᠷᠣᠯᠴᠠᠬᠤ᠂ ᠬᠥᠮᠦᠨ ᠪᠦᠬᠦᠨ ᠬᠢᠨᠠᠯᠲᠠ ᠲᠠᠯᠪᠢᠬᠤ ᠶᠢ ᠦᠨᠡᠨ ᠬᠦ ᠪᠠᠲᠤᠯᠠᠪᠠ᠃ | ᠣᠳᠣᠬᠠᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠭᠤᠷᠪᠠᠨ ᠠᠵᠢᠯ︾ ᠢ ᠢᠯᠡ ᠪᠣᠯᠭᠠᠬᠤ | ᠠᠵᠢᠯ ᠢ ᠲᠤᠷᠰᠢᠯᠲᠠ ᠶᠢᠨ ᠴᠡᠭ ᠤᠨ ᠠᠮᠵᠢᠯᠲᠠ ᠲᠠᠢ ᠲᠤᠷᠰᠢᠯᠭ᠎ᠠ ᠶᠢ ᠳᠡᠯᠭᠡᠷᠡᠭᠦᠯᠦᠭᠰᠡᠨ ᠰᠠᠭᠤᠷᠢᠨ ᠳᠡᠭᠡᠷ᠎ᠡ᠂ ᠪᠥᠬᠦ | ᠬᠤᠰᠢᠭᠤᠨ ᠤ 87 ᠭᠠᠴᠠᠭ᠎ᠠ ᠲᠣᠰᠬᠤᠨ ᠳᠤ ᠪᠥᠬᠦ ᠲᠠᠯ᠎ᠠ ᠪᠠᠷ ᠥᠷᠨᠢᠭᠦᠯᠵᠦ᠂ ᠮᠠᠯᠴᠢᠨ ᠲᠠᠷᠢᠶᠠᠴᠢᠨ ᠤ ᠰᠠᠶᠢᠨ | ᠦᠨᠡᠯᠡᠯᠲᠡ ᠶᠢ ᠣᠯᠤᠭᠰᠠᠨ ᠪᠠᠶᠢᠨ᠎ᠠ᠃ | ᠵᠣᠬᠢᠶᠠᠭᠴᠢ᠄ ᠯᠢ ᠵᠢᠶᠠᠨ ᠷᠦᠩ | ᠣᠷᠴᠢᠭᠤᠯᠣᠭᠴᠢ᠄ ᠰᠡᠴᠡᠩᠭᠤᠸ᠎ᠠ |