ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠤᠨ ᠲᠠᠪᠤᠨ ᠵᠢᠯ 
ᠨᠡᠶᠢᠲᠡᠯᠡᠭᠰᠡᠨ ᠴᠠᠭ᠄
2021/12/21
     ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠤᠨ ᠲᠠᠪᠤᠨ ᠵᠢᠯ    ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢᠨ ᠲᠥᠯᠥᠪᠵᠢᠭᠦᠯᠭᠡ ︵2018 — 2022 ᠣᠨ︶︾ ᠶᠢ ᠳᠠᠷᠤᠮᠠᠯᠯᠠᠨ ᠲᠠᠷᠬᠠᠭᠠᠬᠤ ᠶᠢᠨ ᠬᠠᠮᠲᠤ ᠮᠡᠳᠡᠭᠳᠡᠯ ᠪᠠᠭᠤᠯᠭᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠬᠢᠨᠠᠮᠠᠭᠠᠶ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠱᠠᠭᠠᠷᠳᠠᠪᠠ᠃   ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠲᠥᠯᠥᠪᠵᠢᠭᠦᠯᠭᠡ ︵2018 — 2022 ᠣᠨ︶︾ ᠨᠢ ᠨᠡᠶᠢᠳᠡ 11 ᠠᠩᠬᠢ 37 ᠪᠦᠯᠦᠭ ᠲᠠᠢ᠃ ᠲᠤᠰ ᠲᠥᠯᠥᠪᠵᠢᠭᠦᠯᠭᠡ ᠨᠢ ᠰᠢ ᠶᠢᠨ ᠫᠢᠩ ᠶᠡᠷᠦᠩᠬᠡᠶ ᠱᠦᠵᠢ ᠶᠢᠨ ᠲᠠᠷᠢᠶᠠᠯᠠᠩ ᠬᠥᠳᠡᠭᠡ ᠲᠣᠰᠬᠤᠨ ᠲᠠᠷᠢᠶᠠᠴᠢᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠪᠠᠷ ᠵᠢᠯᠣᠭᠤᠳᠣᠯᠭ᠎ᠠ ᠪᠣᠯᠭᠠᠵᠤ᠂ ᠠᠵᠤ ᠦᠢᠯᠡᠰ ᠬᠥᠭᠵᠢᠨ ᠪᠠᠳᠠᠷᠠᠭᠰᠠᠨ᠂ ᠠᠮᠢ ᠠᠬᠤᠶ ᠣᠷᠣᠰᠢᠨ ᠰᠠᠭᠤᠬᠤ ᠳᠤ ᠲᠣᠬᠢᠷᠠᠮᠵᠢᠲᠠᠶ᠂ ᠬᠥᠳᠡᠭᠡ ᠶᠢᠨ ᠰᠤᠷᠲᠠᠯ ᠪᠣᠯᠪᠠᠰᠤᠨ᠂ ᠵᠠᠰᠠᠯᠲᠠ ᠪᠦᠲᠦᠮᠵᠢᠲᠡᠶ᠂ ᠠᠮᠢᠳᠤᠷᠠᠯ ᠪᠠᠶᠠᠨ ᠴᠢᠨᠡᠭᠡᠯᠢᠭ ᠪᠠᠶᠢᠬᠤ ᠶᠡᠷᠦᠩᠬᠡᠶ ᠱᠠᠭᠠᠷᠳᠠᠯᠭ᠎ᠠ ᠶᠣᠰᠣᠭᠠᠷ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠬᠦ ᠳᠤ ᠱᠠᠲᠤ ᠦᠶ᠎ᠡ ᠶᠢᠨ ᠴᠢᠨᠠᠷᠲᠠᠶ ᠠᠷᠭ᠎ᠠ ᠪᠣᠳᠣᠯᠭ᠎ᠠ ᠭᠠᠷᠭᠠᠵᠤ᠂ 2020 ᠣᠨ ᠳᠤ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠪᠠ 2022 ᠣᠨ ᠳᠤ ᠨᠠᠮ ᠤᠨ ᠬᠤᠷᠢᠳᠤᠭᠠᠷ ᠶᠡᠭᠡ ᠬᠤᠷᠠᠯ ᠢ ᠬᠤᠷᠠᠯᠳᠤᠭᠤᠯᠬᠤ ᠦᠶ᠎ᠡ ᠶᠢᠨ ᠬᠠᠷᠠᠯᠲᠠ ᠡᠭᠦᠷᠭᠡ ᠶᠢ ᠲᠤᠰ ᠲᠤᠰ ᠲᠣᠳᠣᠷᠬᠠᠶᠢᠯᠠᠵᠤ᠂ ᠠᠵᠢᠯ ᠤᠨ ᠭᠤᠣᠯᠳᠠᠯᠭ᠎ᠠ ᠪᠠ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠤᠨ ᠪᠣᠳᠠᠲᠠᠶᠢᠵᠢᠭᠤᠯᠵᠤ᠂ ᠴᠢᠬᠤᠯᠠ ᠶᠡᠭᠡ ᠢᠨᠵᠧᠨᠧᠷᠢᠩ᠂ ᠴᠢᠬᠤᠯᠠ ᠶᠡᠭᠡ ᠲᠥᠯᠥᠪᠯᠡᠭᠡ᠂ ᠴᠢᠬᠤᠯᠠ ᠶᠡᠭᠡ ᠠᠵᠢᠯᠯᠠᠭ᠎ᠠ ᠶᠢ ᠪᠠᠶᠢᠷᠢᠯᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠨᠠᠶᠢᠳᠠᠪᠤᠷᠢᠵᠢᠭᠤᠯᠤᠨ ᠨᠠᠶᠢᠳᠠᠪᠤᠷᠢᠵᠢᠭᠤᠯᠬᠤ ᠶᠢ ᠪᠠᠲᠤᠯᠠᠬᠤ ᠪᠣᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠦᠯ ᠬᠤᠪᠢᠶᠠᠨ ᠡᠮᠬᠢ ᠵᠢᠷᠤᠮ ᠲᠠᠢ ᠪᠠᠷ ᠠᠬᠢᠭᠤᠯᠬᠤ ᠶᠢ ᠵᠢᠯᠣᠭᠤᠳᠬᠤ ᠴᠢᠬᠤᠯᠠ ᠦᠨᠳᠦᠰᠦᠯᠡᠯ ᠪᠣᠯᠤᠨ᠎ᠠ᠃    ︽ᠲᠥᠯᠥᠪᠵᠢᠭᠦᠯᠭᠡ︾ ᠳᠤ᠂ 2020 ᠣᠨ ᠪᠣᠯᠬᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠢᠮ ᠤᠨ ᠪᠣᠷᠣ ᠲᠥᠯᠥᠪ ᠪᠠ ᠲᠥᠷᠥ ᠶᠢᠨ ᠪᠣᠳᠣᠯᠭ᠎ᠠ ᠶᠢᠨ ᠰᠢᠰᠲ᠋ᠧᠮ ᠢ ᠦᠨᠳᠦᠰᠦᠨ ᠳᠡᠭᠡᠨ ᠪᠦᠷᠢᠯᠳᠦᠭᠦᠯᠵᠦ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠰᠡᠳᠬᠢᠴᠡ ᠠᠷᠭ᠎ᠠ ᠬᠡᠮᠵᠢᠶ᠎ᠡ ᠶᠢ ᠲᠣᠭᠲᠠᠭᠠᠵᠤ᠂ ᠴᠢᠨᠡᠭᠡᠯᠢᠭ ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠦᠨ᠎ᠡ ᠭᠡᠵᠦ ᠳᠤᠷᠠᠳᠤᠨ ᠭᠠᠷᠭᠠᠵᠠᠶ᠃ 2022 ᠣᠨ ᠪᠣᠯᠬᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠦᠷᠢᠮ ᠤᠨ ᠪᠣᠷᠣ ᠲᠥᠯᠥᠪ ᠪᠣᠯᠤᠨ ᠲᠦᠷᠦ ᠶᠢᠨ ᠪᠤᠳᠤᠯᠭ᠎ᠠ ᠶᠢᠨ  ᠰᠢᠰᠲ᠋ᠧᠮ ᠢ ᠠᠩᠬ᠎ᠠ ᠠᠯᠬᠤᠮ ᠪᠦᠷᠢᠨᠰᠢᠬᠦᠯᠦᠨ᠎ᠠ᠃ ᠨᠢᠭᠡ ᠪᠦᠯᠦᠭ ᠥᠪᠡᠷ ᠥᠪᠡᠷ ᠤᠨ ᠣᠨᠴᠠᠯᠢᠭ ᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠠᠭᠪᠤᠷ ᠪᠣᠯᠤᠨ ᠲᠤᠷᠰᠢᠯᠭ᠎ᠠ ᠶᠢ ᠰᠦᠪᠡᠭᠴᠢᠯᠡᠨ ᠪᠦᠷᠢᠯᠳᠦᠭᠦᠯᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠱᠠᠳᠤᠴᠢ ᠴᠢᠨᠠᠷᠲᠠᠢ ᠦᠷ᠎ᠡ ᠪᠦᠲᠦᠭᠡᠯ ᠤᠯᠪᠠ᠃ 2035 ᠣᠨ ᠪᠣᠯᠬᠤ ᠳᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠰᠢᠢᠳᠪᠦᠷᠢᠲᠦ ᠴᠢᠨᠠᠷᠲᠠᠢ ᠠᠬᠢᠴᠠ ᠲᠠᠢ ᠪᠣᠯᠭᠠᠵᠤ᠂ ᠬᠥᠳᠡᠭᠡ ᠠᠵᠤ ᠠᠬᠤᠢ ᠬᠥᠳᠡᠭᠡ ᠲᠣᠰᠬᠤᠨ ᠤ ᠣᠳᠣᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠡ᠃ 2050 ᠣᠨ ᠪᠣᠯᠬᠤ ᠳᠤ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠵᠤ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ᠂ ᠬᠥᠳᠡᠭᠡ ᠲᠣᠰᠬᠤᠨ ᠢ ᠭᠤᠶᠤᠵᠢᠭᠤᠯᠵᠤ᠂ ᠲᠠᠷᠢᠶᠠᠴᠢᠨ ᠢ ᠪᠠᠶᠠᠵᠢᠭᠤᠯᠬᠤ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号