ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ | ᠨᠠᠰᠤᠵᠢᠯ ᠤᠨ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ | | ᠨᠢᠭᠡᠳᠦᠭᠡᠷ ᠪᠦᠯᠦᠭ ᠶᠡᠷᠣᠩᠬᠢ ᠲᠦᠷᠢᠮ | ᠨᠢᠭᠡᠳᠦᠭᠡᠷ ᠵᠦᠢᠯ ᠬᠥᠳᠡᠭᠡ ᠲᠣᠰᠬᠤᠨ ᠤ ᠬᠠᠷᠢᠯᠴᠠᠨ ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ | ᠵᠢᠷᠭᠠᠯ ᠤᠨ ᠬᠦᠷᠢᠶᠡᠯᠡᠩ ︵ᠳᠣᠷᠣᠭᠰᠢ ᠵᠣᠯ ᠵᠢᠷᠭᠠᠯ ᠤᠨ ᠬᠦᠷᠢᠶᠡᠯᠡᠩ ᠭᠡᠵᠦ ᠲᠣᠪᠴᠢᠯᠠᠨ᠎ᠠ︶ ᠤᠨ | ᠬᠠᠮᠢᠶᠠᠷᠤᠯᠲᠠ ᠶᠢ ᠵᠢᠷᠤᠮᠵᠢᠭᠤᠯᠬᠤ ᠶᠢᠨ ᠲᠥᠯᠥᠭᠡ᠂ ᠪᠥᠬᠦ ᠬᠤᠲᠠ ᠶᠢᠨ ᠬᠥᠳᠡᠭᠡ ᠲᠣᠰᠬᠤᠨ ᠤ ᠨᠠᠰᠤᠵᠢᠯ ᠤᠨ | ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠵᠤ᠂ ︽ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ | ᠬᠠᠪᠰᠤᠷᠤᠯᠴᠠᠬᠤ ᠨᠠᠰᠤᠵᠢᠯ ᠤᠨ ᠠᠰᠠᠷᠠᠮᠵᠢ ᠶᠢᠨ ᠵᠣᠯ ᠵᠢᠷᠭᠠᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢ | ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ | ᠰᠠᠨᠠᠯ︾ ᠪᠠ ︽ᠤᠯᠠᠭᠠᠨᠴᠠᠪ ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠬᠠᠷᠢᠯᠴᠠᠨ ᠬᠠᠪᠰᠤᠷᠤᠯᠴᠠᠬᠤ ᠵᠣᠯ | ᠵᠢᠷᠭᠠᠯ ᠤᠨ ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠦᠨᠳᠦᠰᠦᠯᠡᠨ᠂ | ᠮᠠᠯᠵᠢᠬᠤ ᠲᠠᠷᠢᠶᠠᠯᠠᠬᠤ ᠣᠷᠣᠨ ᠤ ᠪᠥᠲᠥᠭᠡᠨ ᠪᠠᠶᠢᠭᠤᠯᠤᠯᠲᠠ ᠲᠠᠢ ᠤᠶᠠᠯᠳᠤᠭᠤᠯᠵᠤ᠂ ᠲᠣᠰ ᠠᠷᠭ᠎ᠠ ᠶᠢ | ᠲᠣᠭᠲᠠᠭᠠᠪᠠ᠃ | ᠬᠤᠶᠠᠳᠤᠭᠠᠷ ᠵᠣᠶᠢᠯ ᠵᠣᠯ ᠵᠢᠷᠭᠠᠯ ᠤᠨ ᠬᠦᠷᠢᠶᠡᠯᠡᠩ ᠪᠣᠯ ᠵᠠᠰᠠᠭ ᠤᠨ ᠣᠷᠳᠣᠨ ᠠᠴᠠ ᠪᠠᠯᠠ ᠮᠥᠩᠭᠦ ᠭᠠᠷᠭᠠᠵᠤ᠂ | ᠭᠤᠤᠯ ᠲᠣᠰᠬᠤᠨ ᠳᠤ ᠨᠢᠭᠡᠳᠦᠯᠲᠡᠶ ᠲᠥᠯᠥᠪᠵᠢᠭᠦᠯᠦᠨ ᠪᠥᠲᠥᠭᠡᠨ ᠪᠠᠶᠢᠭᠤᠯᠤᠭᠰᠠᠨ ᠬᠥᠳᠡᠭᠡ ᠲᠣᠰᠬᠤᠨ ᠤ | ᠨᠠᠰᠤᠲᠠᠶᠢᠴᠤᠳ ᠤᠨ ᠲᠥᠪᠯᠡᠷᠡᠩᠭᠦᠶ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠤᠷ ᠭᠠᠵᠠᠷ ᠪᠣᠯᠤᠨ᠎ᠠ᠃ | ᠵᠣᠯ ᠵᠢᠷᠭᠠᠯ ᠤᠨ ᠬᠦᠷᠢᠶᠡᠯᠡᠩ ᠨᠢ ᠵᠠᠰᠠᠭ ᠤᠨ ᠣᠷᠳᠣᠨ ᠢᠶᠠᠷ ᠭᠤᠤᠯᠯᠠᠭᠤᠯᠬᠤ᠂ ᠠᠷᠠᠳᠴᠢᠯᠠᠯ ᠢᠶᠠᠷ ᠬᠠᠮᠢᠶᠠᠷᠬᠤ᠂ | ᠬᠠᠷᠢᠯᠴᠠᠨ ᠬᠠᠪᠰᠤᠷᠤᠯᠴᠠᠨ ᠦᠢᠯᠡᠴᠢᠯᠡᠬᠦ᠂ ᠨᠠᠰᠤᠲᠠᠨ ᠢᠶᠠᠨ ᠬᠦᠨᠳᠦᠯᠡᠵᠦ ᠨᠠᠰᠤᠲᠠᠨ ᠢᠶᠠᠨ ᠠᠰᠠᠷᠠᠬᠤ ᠬᠦᠷᠢᠶᠡᠯᠡᠩ | ᠡᠷᠭᠢᠯᠡᠬᠦ ᠴᠢᠭᠯᠡᠯᠲᠡ ᠶᠢ ᠪᠠᠷᠢᠮᠲᠠᠯᠠᠨ᠎ᠠ᠃ ︽ᠲᠥᠪᠯᠡᠷᠡᠨ ᠰᠠᠭᠤᠬᠤ᠂ ᠡᠷᠦᠬᠡ ᠬᠤᠪᠢᠶᠠᠨ ᠠᠮᠢᠳᠤᠷᠠᠬᠤ᠂ | ᠥᠪᠡᠷ ᠢ ᠪᠠᠨ ᠪᠠᠲᠤᠯᠠᠬᠤ᠂ ᠬᠠᠷᠢᠯᠴᠠᠨ ᠬᠠᠪᠰᠤᠷᠤᠯᠴᠠᠬᠤ︾ ᠠᠵᠢᠯᠯᠠᠭᠠᠨ ᠤ ᠵᠠᠭᠪᠤᠷ ᠢ ᠬᠡᠷᠡᠭᠯᠡᠨ᠎ᠡ᠃ ᠠᠵᠤ | ᠠᠬᠤᠶᠢᠯᠠᠯ ᠠᠵᠢᠯ ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ᠂ ᠬᠤᠪᠢ ᠬᠥᠮᠦᠨ ᠤ ᠵᠣᠯ ᠵᠢᠷᠭᠠᠯ ᠤᠨ | ᠬᠦᠷᠢᠶᠡᠯᠡᠩ ᠤᠨ ᠪᠥᠲᠥᠭᠡᠨ ᠪᠠᠶᠢᠭᠤᠯᠤᠯᠲᠠ ᠳᠤ ᠣᠷᠣᠯᠴᠠᠬᠤ᠂ ᠳᠡᠮᠵᠢᠬᠦ ᠪᠠ ᠲᠤᠰᠠᠯᠠᠬᠤ ᠶᠢ ᠰᠠᠨᠠᠭᠠᠴᠢᠯᠠᠨ | ᠵᠣᠷᠢᠭᠵᠢᠭᠤᠯᠤᠨ᠎ᠠ᠃ | ᠭᠤᠷᠪᠠᠳᠤᠭᠠᠷ ᠵᠣᠶᠢᠯ ᠵᠣᠯ ᠵᠢᠷᠭᠠᠯ ᠤᠨ ᠬᠦᠷᠢᠶᠡᠯᠡᠩ ᠤᠨ ᠠᠵᠢᠯᠯᠠᠭᠠᠨ ᠳᠤ ︽ᠭᠤᠷᠪᠠ ᠪᠠᠷ ᠭᠤᠤᠯ ᠪᠣᠯᠭᠠᠵᠤ᠂ | ᠭᠤᠷᠪᠠ ᠶᠢ ᠤᠶᠠᠯᠳᠤᠭᠤᠯᠬᠤ︾ ᠵᠠᠷᠴᠢᠮ ᠢ ᠪᠠᠷᠢᠮᠲᠠᠯᠠᠨ᠎ᠠ᠄ ᠲᠤᠬᠠᠶᠢᠯᠠᠪᠠᠯ ᠵᠣᠯ ᠵᠢᠷᠭᠠᠯ ᠤᠨ ᠬᠦᠷᠢᠶᠡᠯᠡᠩ ᠳᠤ | ᠣᠷᠣᠵᠤ ᠰᠠᠭᠤᠭᠰᠠᠨ ᠨᠠᠰᠤᠲᠠᠨ ︵ᠳᠣᠷᠣᠭᠰᠢ ᠬᠦᠷᠢᠶᠡᠯᠡᠩ ᠤᠨ ᠳᠣᠲᠣᠷᠠᠬᠢ ᠨᠠᠰᠤᠲᠠᠨ ᠭᠡᠵᠦ ᠨᠡᠷᠡᠶᠢᠳᠦᠨ᠎ᠡ︶ ᠤ | ᠥᠪᠡᠷ ᠢ ᠪᠠᠨ ᠬᠠᠮᠢᠶᠠᠷᠬᠤ᠂ ᠠᠷᠠᠳᠴᠢᠯᠠᠯ ᠢᠶᠠᠷ ᠬᠠᠮᠢᠶᠠᠷᠬᠤ ᠪᠠᠷ ᠭᠤᠤᠯ ᠪᠣᠯᠭᠠᠵᠤ᠂ ᠵᠠᠰᠠᠭ ᠵᠠᠬᠢᠷᠭᠠᠨ ᠤ | ᠬᠠᠮᠢᠶᠠᠷᠤᠯᠲᠠ᠂ ᠨᠢᠭᠡᠳᠦᠯᠲᠡᠶ ᠬᠠᠮᠢᠶᠠᠷᠤᠯᠲᠠ ᠲᠠᠢ ᠤᠶᠠᠯᠳᠤᠭᠤᠯᠤᠨ᠎ᠠ᠃ ᠥᠪᠡᠷ ᠤᠨ ᠪᠡᠶ᠎ᠡ ᠳᠡᠭᠡᠨ ᠦᠢᠯᠡᠴᠢᠯᠡᠬᠦ᠂ | ᠬᠠᠷᠢᠯᠴᠠᠨ ᠬᠠᠪᠰᠤᠷᠤᠯᠴᠠᠬᠤ ᠦᠢᠯᠡᠴᠢᠯᠡᠭᠡ ᠪᠠᠷ ᠭᠤᠤᠯ ᠪᠣᠯᠭᠠᠵᠤ᠂ ᠵᠠᠰᠠᠭ ᠤᠨ ᠣᠷᠳᠣᠨ ᠤ ᠦᠢᠯᠴᠢᠯᠡᠭᠡ | ᠬᠤᠳᠠᠯᠳᠤᠨ ᠠᠪᠬᠤ᠂ ᠰᠠᠶᠢᠨ ᠳᠤᠷ᠎ᠠ ᠶᠢᠨ ᠦᠢᠯᠡᠴᠢᠯᠡᠭᠴᠢ ᠶᠢᠨ ᠦᠢᠯᠡᠴᠢᠯᠡᠭᠡ ᠯᠦᠭᠡ ᠬᠠᠷᠢᠯᠴᠠᠨ ᠤᠶᠠᠯᠳᠤᠭᠤᠯᠬᠤ | ᠬᠡᠷᠡᠭᠲᠡᠶ᠃ ᠥᠪᠡᠷ ᠢ ᠪᠠᠨ ᠪᠠᠲᠤᠯᠠᠬᠤ᠂ ᠦᠷ᠎ᠡ ᠬᠡᠤᠬᠡᠳ ᠢᠶᠠᠨ ᠠᠴᠢᠯᠠᠨ ᠲᠡᠵᠢᠭᠡᠬᠦ ᠪᠠᠷ ᠭᠤᠤᠯ ᠪᠣᠯᠭᠠᠵᠤ᠂ | ᠵᠠᠰᠠᠭ ᠤᠨ ᠣᠷᠳᠣᠨ ᠤ ᠠᠪᠤᠷᠠᠨ ᠲᠤᠰᠠᠯᠠᠬᠤ᠂ ᠨᠡᠶᠢᠭᠡᠮ ᠤᠨ ᠨᠡᠶᠢᠲᠡ ᠶᠢᠨ ᠠᠰᠠᠷᠠᠮᠵᠢ ᠶᠢᠨ ᠵᠣᠭᠤᠰ ᠢᠶᠠᠷ | ᠲᠤᠰᠠᠯᠠᠬᠤ ᠯᠤᠭ᠎ᠠ ᠬᠠᠷᠢᠯᠴᠠᠨ ᠤᠶᠠᠯᠳᠤᠭᠤᠯᠬᠤ᠃ | ᠳᠥᠷᠪᠡᠳᠦᠭᠡᠷ ᠵᠣᠶᠢᠯ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠪᠣᠯ ᠵᠣᠯ ᠵᠢᠷᠭᠠᠯ ᠤᠨ | ᠬᠦᠷᠢᠶᠡᠯᠡᠩ ᠤᠨ ᠬᠠᠮᠢᠶᠠᠷᠤᠯᠲᠠ ᠶᠢᠨ ᠭᠤᠤᠯ ᠴᠣᠭᠴᠠ ᠪᠣᠯᠬᠤᠷ᠂ ᠵᠣᠯ ᠵᠢᠷᠭᠠᠯ ᠤᠨ ᠬᠦᠷᠢᠶᠡᠯᠡᠩ ᠤᠨ | ᠬᠠᠮᠢᠶᠠᠷᠤᠯᠲᠠ ᠠᠵᠢᠯᠯᠠᠭᠠᠨ ᠤ ᠤᠳᠤᠷᠢᠳᠤᠯᠭ᠎ᠠ ᠪᠠᠨ ᠴᠢᠩᠭᠠᠳᠬᠠᠵᠤ᠂ ᠵᠣᠯ ᠵᠢᠷᠭᠠᠯ ᠤᠨ ᠬᠦᠷᠢᠶᠡᠯᠡᠩ ᠢ ᠮᠠᠯᠵᠢᠬᠤ | ᠲᠠᠷᠢᠶᠠᠯᠠᠬᠤ ᠣᠷᠣᠨ ᠤ ᠣᠯᠠᠨ ᠨᠡᠶᠢᠲᠡ ᠶᠢᠨ ᠦᠢᠯᠡᠴᠢᠯᠡᠭᠡᠨ ᠤ ᠲᠠᠪᠴᠠᠩ ᠪᠣᠯᠭᠠᠨ ᠪᠠᠶᠢᠭᠤᠯᠵᠤ᠂ ᠦᠢᠯᠡᠴᠢᠯᠡᠭᠡᠨ ᠤ | ᠷᠠᠳᠢᠦ᠋ᠰ ᠨᠢ ᠬᠥᠷᠰᠢ ᠵᠡᠷᠭᠡᠯᠡᠳᠡᠭᠡ ᠠᠶᠢᠯ ᠲᠣᠰᠬᠤᠨ ᠤ ᠨᠠᠰᠤᠲᠠᠶᠢᠴᠤᠳ ᠢ ᠨᠥᠯᠥᠭᠡᠯᠡᠬᠦ ᠬᠡᠷᠡᠭᠲᠡᠶ᠃ | ᠲᠠᠪᠤᠳᠤᠭᠠᠷ ᠵᠦᠢᠯ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠠᠷᠠᠳ ᠤᠨ ᠵᠥᠪᠯᠡᠯ ᠨᠢ ᠰᠤᠮᠤ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠤ ᠨᠠᠶᠢᠳᠠᠯᠭ᠎ᠠ ᠪᠠᠷ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ | ᠦᠢᠯᠡᠴᠢᠯᠡᠭᠡ ᠪᠠ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ᠵᠢᠷᠭᠤᠳᠤᠭᠠᠷ ᠵᠣᠶᠢᠯ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠵᠣᠯ ᠵᠢᠷᠭᠠᠯ ᠤᠨ ᠬᠦᠷᠢᠶᠡᠯᠡᠩ ᠤᠨ | ᠬᠠᠮᠢᠶᠠᠷᠤᠯᠲᠠ ᠦᠢᠯᠡᠴᠢᠯᠡᠭᠡᠨ ᠤ ᠲᠤᠬᠠᠶᠢᠯᠠᠭᠰᠠᠨ ᠠᠵᠢᠯ ᠤᠨ ᠵᠢᠯᠣᠭᠤᠳᠬᠤ ᠠᠵᠢᠯ ᠢ ᠬᠠᠷᠢᠭᠤᠴᠠᠨ᠎ᠠ᠃ | ᠬᠤᠶᠠᠳᠤᠭᠠᠷ ᠪᠦᠯᠦᠭ ᠡᠮᠨᠡᠯᠭᠡ ᠳᠤ ᠣᠷᠣᠬᠤ ᠡᠲᠡᠭᠡᠳ᠂ ᠨᠥᠬᠦᠴᠡᠯ ᠵᠢᠴᠢ ᠲᠡᠭᠦᠨ ᠢ ᠰᠢᠢᠳᠪᠣᠷᠢᠯᠡᠬᠦ ᠵᠢᠷᠤᠮ | ᠳᠣᠯᠣᠳᠤᠭᠠᠷ ᠵᠣᠶᠢᠯ ᠪᠦᠬᠦᠯᠢ 60 ᠨᠠᠰᠤᠨ ᠠᠴᠠ ᠳᠡᠭᠡᠭᠰᠢᠬᠢ᠂ ᠠᠮᠢᠳᠤᠷᠠᠯ ᠢᠶᠠᠨ ᠥᠪᠡᠷ ᠢᠶᠠᠨ ᠠᠷᠭᠠᠴᠠᠵᠤ | ᠳᠡᠶᠢᠯᠬᠦ᠂ ᠣᠷᠣᠵᠤ ᠰᠠᠭᠤᠬᠤ ᠬᠦᠰᠡᠯ ᠲᠠᠢ ᠮᠠᠯᠵᠢᠬᠤ ᠲᠠᠷᠢᠶᠠᠯᠠᠬᠤ ᠣᠷᠣᠨ ᠤ ᠨᠠᠰᠤᠲᠠᠶᠢᠴᠤᠳ ᠪᠦᠬᠦᠨ | ᠵᠥᠪᠰᠢᠶᠡᠷᠡᠯ ᠣᠯᠤᠭᠰᠠᠨ ᠤ ᠳᠠᠷᠠᠭ᠎ᠠ ᠴᠥᠮ ᠵᠣᠯ ᠵᠢᠷᠭᠠᠯ ᠤᠨ ᠬᠦᠷᠢᠶᠡᠯᠡᠩ ᠳᠤ ᠣᠷᠣᠵᠤ ᠰᠠᠭᠤᠵᠤ ᠪᠣᠯᠤᠨ᠎ᠠ᠃ | ᠲᠠᠪᠤᠨ ᠪᠠᠲᠤᠯᠠᠭᠠᠲᠤ ᠡᠷᠦᠬᠡ᠂ ᠨᠠᠭᠠᠳᠤ ᠵᠠᠬ᠎ᠠ ᠶᠢᠨ ᠪᠠᠲᠤᠯᠠᠭᠠᠲᠤ ᠡᠷᠦᠬᠡ᠂ ᠲᠥᠯᠥᠪᠯᠡᠭᠡᠲᠦ ᠦᠷᠡᠵᠢᠯ ᠤᠨ ᠡᠷᠦᠬᠡ᠂ | ᠭᠡᠷ ᠲᠡᠭᠡᠨ ᠭᠠᠭᠴᠠᠭᠠᠷ ᠰᠠᠭᠤᠭ᠎ᠠ ᠨᠠᠰᠤᠲᠠᠨ ᠵᠢᠴᠢ ︽ᠭᠡᠷ ᠲᠡᠭᠡᠨ ᠬᠤᠴᠣᠷᠤᠭᠰᠠᠨ ᠲᠣᠰᠬᠤᠨ︾᠂ ︽ | ᠨᠠᠰᠤᠵᠢᠭᠰᠠᠨ ᠲᠣᠰᠬᠤᠨ︾ ᠪᠣᠯᠤᠨ ᠣᠷᠣᠰᠢᠨ ᠠᠮᠢᠳᠤᠷᠠᠬᠤ ᠨᠥᠬᠦᠴᠡᠯ ᠢᠶᠠᠨ ᠠᠯᠳᠠᠭᠰᠠᠨ ᠠᠶᠢᠯ ᠲᠣᠰᠬᠤᠨ ᠤ | ᠨᠠᠰᠤᠲᠠᠶᠢᠴᠤᠳ ᠢ ᠤᠷᠢᠳ ᠢᠶᠠᠷ ᠪᠣᠳᠣᠯᠬᠢᠯᠠᠨ᠎ᠠ᠃ ᠬᠦᠨᠳᠦ ᠬᠡᠮᠵᠢᠶᠡᠨ ᠤ ᠮᠡᠳᠡᠷᠡᠯ ᠤᠨ ᠡᠪᠡᠳᠴᠢᠲᠡᠨ᠂ | ᠬᠠᠯᠳᠠᠪᠤᠷᠢᠲᠤ ᠡᠪᠡᠳᠴᠢᠲᠡᠨ ᠵᠣᠯ ᠵᠢᠷᠭᠠᠯ ᠤᠨ ᠡᠮᠨᠡᠯᠭᠡ ᠳᠤ ᠣᠷᠣᠵᠤ ᠰᠠᠭᠤᠵᠤ ᠪᠣᠯᠬᠤ ᠦᠭᠡᠢ᠃ | ᠲᠣᠭᠲᠠᠭᠠᠭᠰᠠᠨ ᠨᠥᠬᠦᠴᠡᠯ ᠳᠤ ᠨᠡᠶᠢᠴᠡᠬᠦ ᠡᠲᠡᠭᠡᠳ ᠨᠢ ᠰᠠᠶᠢᠨ ᠳᠤᠷ᠎ᠠ ᠠᠴᠠ ᠪᠠᠨ ᠡᠮᠨᠡᠯᠭᠡ ᠳᠤ ᠣᠷᠣᠵᠤ᠂ | ᠡᠮᠨᠡᠯᠭᠡ ᠠᠴᠠ ᠭᠠᠷᠬᠤ ᠡᠷᠬᠡ ᠴᠢᠯᠥᠭᠡ ᠲᠠᠢ ᠪᠠᠶᠢᠬᠤ ᠬᠡᠷᠡᠭᠲᠡᠶ᠃ | ᠨᠠᠢᠮᠠᠳᠣᠭᠠᠷ ᠵᠣᠶᠢᠯ ᠰᠢᠶᠠᠩ ᠪᠠᠯᠭᠠᠰᠤ ︵ᠰᠤᠮᠤ︶ ᠶᠢᠨ ᠠᠷᠠᠳ ᠤᠨ ᠵᠠᠰᠠᠭ ᠤᠨ ᠣᠷᠳᠣᠨ ᠨᠢ ︽ᠵᠣᠯ | ᠵᠢᠷᠭᠠᠯ ᠤᠨ ᠬᠦᠷᠢᠶᠡᠯᠡᠩ ᠳᠤ ᠣᠷᠣᠵᠤ ᠰᠠᠭᠤᠬᠤ ᠶᠢ ᠭᠤᠶᠤᠴᠢᠯᠠᠬᠤ ᠶᠢ ᠬᠢᠨᠠᠨ ᠵᠥᠪᠰᠢᠶᠡᠷᠡᠭᠦᠯᠬᠦ ᠬᠦᠰᠦᠨᠦᠭᠲᠦ︾ | ᠶᠢ ᠲᠣᠭᠲᠠᠭᠠᠬᠤ ᠬᠡᠷᠡᠭᠲᠡᠶ᠃ ᠡᠮᠨᠡᠯᠭᠡ ᠳᠤ ᠣᠷᠣᠵᠤ ᠰᠠᠭᠤᠬᠤ ᠬᠦᠰᠡᠯ ᠲᠠᠢ ᠨᠠᠰᠤᠲᠠᠨ ᠢ ᠲᠤᠰ ᠬᠥᠮᠦᠨ ᠪᠤᠶᠤ | ᠬᠠᠤᠯᠢ ᠪᠠᠷ ᠲᠣᠭᠲᠠᠭᠠᠭᠰᠠᠨ ᠠᠰᠠᠷᠠᠨ ᠲᠡᠵᠢᠭᠡᠭᠴᠢ ᠨᠢ ︽ᠵᠣᠯ ᠵᠢᠷᠭᠠᠯ ᠤᠨ ᠬᠦᠷᠢᠶᠡᠯᠡᠩ ᠳᠤ ᠣᠷᠣᠬᠤ | ᠭᠤᠶᠤᠴᠢᠯᠠᠯ ᠢ ᠬᠢᠨᠠᠨ ᠵᠥᠪᠰᠢᠶᠡᠷᠡᠭᠦᠯᠬᠦ ᠬᠦᠰᠦᠨᠦᠭᠲᠦ︾ ᠶᠢ ᠲᠠᠭᠯᠠᠵᠤ᠂ ᠭᠠᠴᠠᠭᠠᠨ ᠤ ᠠᠷᠠᠳ ᠤᠨ ᠵᠥᠪᠯᠡᠯ ᠢᠶᠠᠷ | ᠬᠢᠨᠠᠨ ᠵᠥᠪᠰᠢᠶᠡᠷᠡᠭᠦᠯᠦᠭᠡᠳ ᠰᠠᠨᠠᠯ ᠢᠶᠠᠨ ᠭᠠᠷ ᠤᠨ ᠦᠰᠦᠭ ᠵᠢᠷᠤᠭᠤᠯᠤᠭᠰᠠᠨ ᠤ ᠳᠠᠷᠠᠭ᠎ᠠ ᠰᠢᠶᠠᠩ ᠪᠠᠯᠭᠠᠰᠤᠨ ᠤ | ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠵᠦ ᠵᠥᠪᠰᠢᠶᠡᠷᠡᠭᠦᠯᠦᠨ᠎ᠡ᠃ ᠬᠢᠨᠠᠨ ᠵᠥᠪᠰᠢᠶᠡᠷᠡᠭᠦᠯᠬᠦ | ᠬᠦᠰᠦᠨᠦᠭᠲᠦ ᠶᠢ ᠨᠢᠭᠡ ᠬᠡᠯᠪᠡᠷᠢ ᠶᠢᠨ ᠬᠤᠶᠠᠷ ᠬᠤᠪᠢ ᠪᠢᠴᠢᠵᠦ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠪᠠ ᠭᠠᠴᠠᠭᠠᠨ ᠤ ᠠᠷᠠᠳ ᠤᠨ ᠵᠥᠪᠯᠡᠯ ᠲᠤᠰ ᠪᠦᠷᠢ ᠨᠢᠭᠡ ᠬᠤᠪᠢ ᠬᠠᠳᠠᠭᠠᠯᠠᠨ᠎ᠠ᠃ ᠡᠮᠨᠡᠯᠭᠡ ᠳᠤ | ᠣᠷᠣᠬᠤ ᠪᠠᠷ ᠭᠤᠶᠤᠴᠢᠯᠠᠭᠰᠠᠨ ᠨᠠᠰᠤᠲᠠᠨ ᠵᠥᠪᠰᠢᠶᠡᠷᠡᠯ ᠣᠯᠤᠭᠰᠠᠨ ᠤ ᠳᠠᠷᠠᠭ᠎ᠠ ᠰᠠᠶ᠋ᠢ ᠡᠮᠨᠡᠯᠭᠡ ᠳᠤ ᠣᠷᠣᠵᠤ | ᠰᠠᠭᠤᠵᠤ ᠪᠣᠯᠤᠨ᠎ᠠ᠃ ᠡᠮᠨᠡᠯᠭᠡ ᠳᠤ ᠣᠷᠣᠬᠤ ᠦᠶ᠎ᠡ ᠳᠤ᠂ ᠲᠤᠰ ᠬᠥᠮᠦᠨ ᠪᠤᠶᠤ ᠠᠴᠢᠯᠠᠨ ᠲᠡᠵᠢᠭᠡᠭᠴᠢ ᠨᠢ | ᠭᠠᠴᠠᠭᠠᠨ ᠤ ᠠᠷᠠᠳ ᠤᠨ ᠵᠥᠪᠯᠡᠯ ᠲᠠᠢ ᠨᠢᠭᠡᠳᠦᠯᠲᠡᠶ ᠳᠦᠷᠢᠮᠲᠦ ᠡᠮᠨᠡᠯᠭᠡ ᠳᠤ ᠣᠷᠣᠬᠤ ᠬᠡᠯᠡᠯᠴᠡᠭᠡᠷ ᠤᠨ ᠪᠢᠴᠢᠭ | ᠲᠣᠭᠲᠠᠭᠠᠬᠤ ᠬᠡᠷᠡᠭᠲᠡᠶ᠃ ᠰᠠᠶᠢᠨ ᠳᠤᠷ᠎ᠠ ᠠᠴᠠ ᠪᠠᠨ ᠡᠮᠨᠡᠯᠭᠡ ᠠᠴᠠ ᠭᠠᠷᠬᠤ ᠪᠤᠶᠤ ᠡᠮᠨᠡᠯᠭᠡ ᠠᠴᠠ ᠭᠠᠷᠬᠤ ᠪᠠᠷ | ᠵᠠᠷᠯᠢᠭᠳᠠᠬᠤ ᠦᠶ᠎ᠡ ᠳᠤ᠂ ᠲᠡᠭᠦᠨ ᠤ ᠲᠤᠰ ᠬᠥᠮᠦᠨ ᠪᠠ ᠠᠴᠢᠯᠠᠨ ᠲᠡᠵᠢᠭᠡᠭᠴᠢ ᠨᠢ ᠭᠠᠷ ᠤᠨ ᠦᠰᠦᠭ ᠵᠢᠷᠤᠵᠤ | ᠨᠤᠲᠠᠯᠠᠨ ᠲᠣᠭᠲᠠᠭᠠᠵᠤ᠂ ᠲᠡᠭᠦᠨ ᠤ ᠠᠴᠢᠯᠠᠨ ᠲᠡᠵᠢᠭᠡᠭᠴᠢ ᠨᠢ ᠬᠦᠯᠢᠶᠡᠨ ᠠᠪᠴᠤ ᠡᠮᠨᠡᠯᠭᠡ ᠠᠴᠠ ᠭᠠᠷᠬᠤ ᠬᠡᠷᠡᠭᠲᠡᠶ᠃ | | ᠶᠢᠰᠦᠳᠦᠭᠡᠷ ᠵᠦᠢᠯ ᠵᠣᠯ ᠵᠢᠷᠭᠠᠯ ᠤᠨ ᠬᠦᠷᠢᠶᠡᠯᠡᠩ ᠳᠤ ᠰᠠᠭᠤᠵᠤ ᠪᠠᠶᠢᠬᠤ ᠬᠤᠭᠤᠴᠠᠭᠠᠨ ᠳᠤ ᠨᠠᠰᠤᠲᠠᠨ | ᠠᠮᠢᠳᠤᠷᠠᠯ ᠢᠶᠠᠨ ᠥᠪᠡᠷ ᠢᠶᠠᠨ ᠠᠷᠭᠠᠴᠠᠵᠤ ᠳᠡᠶᠢᠯᠬᠦ ᠦᠭᠡᠢ ᠪᠠᠶᠢᠪᠠᠯ᠂ ᠡᠮᠨᠡᠯᠭᠡ ᠶᠢᠨ ᠬᠤᠷᠢᠶᠠᠨ ᠤ ᠲᠠᠯ᠎ᠠ ᠠᠴᠠ | ᠲᠡᠭᠦᠨ ᠤ ᠠᠴᠢᠯᠠᠨ ᠲᠡᠵᠢᠭᠡᠭᠴᠢ ᠶᠢᠨ ᠲᠥᠯᠥᠭᠡᠯᠡᠭᠴᠢ ᠳᠤ ᠴᠠᠭ ᠲᠤᠬᠠᠶ ᠳᠤᠨᠢ ᠮᠡᠳᠡᠭᠳᠡᠵᠦ ᠲᠣᠰᠣᠭᠤᠯᠬᠤ ᠬᠡᠷᠡᠭᠲᠡᠶ᠂ | ᠠᠴᠢᠯᠠᠨ ᠲᠡᠵᠢᠭᠡᠭᠴᠢ ᠠᠴᠠ ᠲᠤᠰᠬᠠᠶ ᠬᠥᠮᠦᠨ ᠬᠥᠯᠥᠰᠥᠯᠡᠨ ᠡᠮᠨᠡᠯᠭᠡ ᠶᠢᠨ ᠬᠤᠷᠢᠶᠠᠨ ᠳᠤ ᠠᠰᠠᠷᠠᠭᠤᠯᠵᠤ ᠴᠤ | ᠪᠣᠯᠤᠨ᠎ᠠ᠃ ᠠᠴᠢᠯᠠᠨ ᠲᠡᠵᠢᠭᠡᠭᠴᠢ ᠨᠢ ᠠᠴᠢᠯᠠᠨ ᠲᠡᠵᠢᠭᠡᠬᠦ ᠴᠢᠳᠠᠪᠤᠷᠢ ᠲᠠᠢ ᠪᠠᠶᠢᠭᠠᠳ ᠠᠴᠢᠯᠠᠨ ᠲᠡᠵᠢᠭᠡᠬᠦ | ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠪᠠᠶᠢᠪᠠᠯ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ | ᠣᠷᠳᠣᠨ ᠠᠴᠠ ᠨᠡᠶᠢᠲᠡ ᠶᠢᠨ ᠠᠰᠠᠷᠠᠮᠵᠢ ᠶᠢᠨ ᠵᠠᠭᠠᠯᠳᠤᠯᠭ᠎ᠠ ᠭᠠᠷᠭᠠᠵᠤ᠂ ᠲᠡᠭᠦᠨ ᠢ ᠠᠯᠪᠠᠳᠠᠵᠤ ᠪᠠᠶᠢᠭᠠᠳ ᠠᠴᠢᠯᠠᠨ | ᠲᠡᠵᠢᠭᠡᠬᠦ ᠡᠭᠦᠷᠭᠡ ᠶᠢ ᠨᠢ ᠭᠦᠢᠴᠡᠳᠬᠡᠭᠦᠯᠬᠦ ᠬᠡᠷᠡᠭᠲᠡᠶ᠃ ᠲᠣᠭᠲᠠᠬᠤ ᠶᠢᠨ ᠠᠷᠭ᠎ᠠ ᠦᠭᠡᠢ ᠠᠴᠢᠯᠠᠨ ᠲᠡᠵᠢᠭᠡᠭᠴᠢ | ᠪᠤᠶᠤ ᠠᠴᠢᠯᠠᠨ ᠲᠡᠵᠢᠭᠡᠭᠴᠢ ᠨᠢ ᠠᠴᠢᠯᠠᠨ ᠲᠡᠵᠢᠭᠡᠬᠦ ᠴᠢᠳᠠᠪᠤᠷᠢ ᠦᠭᠡᠢ ᠪᠠᠶᠢᠪᠠᠯ᠂ ᠬᠥᠳᠡᠭᠡ ᠲᠣᠰᠬᠤᠨ ᠤ | ᠨᠠᠰᠤᠲᠠᠨ ᠢ ᠠᠰᠠᠷᠠᠬᠤ ᠬᠦᠷᠢᠶᠡᠯᠡᠩ ᠳᠤ ᠰᠢᠯᠵᠢᠭᠦᠯᠦᠨ ᠠᠰᠠᠷᠠᠨ ᠲᠡᠵᠢᠭᠡᠯᠭᠡᠬᠦ ᠬᠡᠷᠡᠭᠲᠡᠶ᠃ | ᠠᠷᠪᠠᠳᠤᠭᠠᠷ ᠵᠦᠢᠯ ᠵᠣᠯ ᠵᠢᠷᠭᠠᠯ ᠤᠨ ᠬᠦᠷᠢᠶᠡᠯᠡᠩ ᠲᠤ ᠰᠠᠭᠤᠵᠤ ᠪᠠᠶᠢᠭ᠎ᠠ ᠲᠠᠪᠤᠨ ᠪᠠᠲᠤᠯᠠᠭ᠎ᠠ ᠲᠠᠢ ᠪᠠᠷ | ᠠᠰᠠᠷᠠᠨ ᠲᠡᠵᠢᠭᠡᠵᠦ ᠪᠠᠶᠢᠭ᠎ᠠ ᠨᠠᠰᠤᠲᠠᠨ ᠨᠠᠰᠤ ᠪᠠᠷᠠᠬᠤ ᠲᠤ᠂ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠳ | ︽ᠲᠠᠪᠤᠨ ᠪᠠᠲᠤᠯᠠᠭ᠎ᠠ ᠲᠠᠢ ᠪᠠᠷ ᠠᠰᠠᠷᠠᠨ ᠲᠡᠵᠢᠭᠡᠬᠦ ᠲᠥᠷᠢᠮ︾ ᠤᠨ ᠲᠣᠭᠲᠠᠭᠠᠯ ᠶᠣᠰᠣᠭᠠᠷ᠂ ᠲᠣᠬᠢᠲᠠᠶ | ᠣᠷᠣᠰᠢᠭᠤᠯᠬᠤ ᠶᠢᠨ ᠬᠠᠮᠲᠤ ᠰᠠᠭᠤᠵᠤ ᠪᠠᠶᠢᠭ᠎ᠠ ᠭᠡᠷ ᠪᠠᠶᠢᠰᠢᠩ ᠢ ᠨᠢ ᠵᠣᠯ ᠵᠢᠷᠭᠠᠯ ᠤᠨ ᠬᠦᠷᠢᠶᠡᠯᠡᠩ ᠲᠤ | ᠪᠤᠴᠠᠭᠠᠵᠤ ᠥᠭᠬᠦ ᠶᠢ ᠬᠠᠷᠢᠭᠤᠴᠠᠬᠤ ᠬᠡᠷᠡᠭᠲᠡᠶ᠃ ᠬᠠᠤᠯᠢ ᠪᠠᠷ ᠲᠣᠭᠲᠠᠭᠠᠭᠰᠠᠨ ᠠᠴᠢᠯᠠᠨ ᠲᠡᠵᠢᠭᠡᠭᠴᠢ ᠲᠠᠢ | ᠨᠠᠰᠤᠲᠠᠨ ᠨᠠᠰᠤ ᠪᠠᠷᠠᠭᠰᠠᠨ ᠤ ᠲᠠᠷᠠᠭ᠎ᠠ᠂ ᠠᠴᠢᠯᠠᠨ ᠲᠡᠵᠢᠭᠡᠭᠴᠢ ᠨᠢ 15 ᠡᠳᠦᠷ ᠤᠨ ᠳᠣᠲᠣᠷ᠎ᠠ ᠬᠤᠪᠢ ᠶᠢᠨ ᠡᠳ᠋ | ᠪᠣᠳᠠᠰ ᠢᠶᠠᠨ ᠵᠣᠯ ᠵᠢᠷᠭᠠᠯ ᠤᠨ ᠬᠦᠷᠢᠶᠡᠯᠡᠩ ᠠᠴᠠ ᠨᠡᠭᠦᠯᠭᠡᠵᠦ ᠭᠠᠷᠭᠠᠬᠤ ᠶᠢᠨ ᠬᠠᠮᠲᠤ ᠰᠠᠭᠤᠵᠤ ᠪᠠᠶᠢᠭ᠎ᠠ ᠭᠡᠷ ᠢᠶᠠᠨ | ᠵᠣᠯ ᠵᠢᠷᠭᠠᠯ ᠤᠨ ᠬᠦᠷᠢᠶᠡᠯᠡᠩ ᠳᠤ ᠪᠤᠴᠠᠭᠠᠵᠤ ᠥᠭᠬᠦ ᠬᠡᠷᠡᠭᠲᠡᠶ᠃ | ᠭᠤᠷᠪᠠᠳᠤᠭᠠᠷ ᠪᠦᠯᠦᠭ ᠰᠢᠭᠦᠬᠦ ᠬᠤᠷᠢᠶᠠᠨ ᠤ ᠶᠠᠪᠤᠳᠠᠯ ᠤᠨ ᠬᠠᠮᠢᠶᠠᠷᠤᠯᠲᠠ | ᠠᠷᠪᠠᠨ ᠨᠢᠭᠡᠳᠦᠭᠡᠷ ᠵᠦᠢᠯ ᠵᠣᠯ ᠵᠢᠷᠭᠠᠯ ᠤᠨ ᠬᠦᠷᠢᠶᠡᠯᠡᠩ ᠳᠤ ᠬᠤᠷᠢᠶᠠᠨ ᠳᠠᠷᠤᠭ᠎ᠠ ᠶᠢᠨ ᠬᠠᠷᠢᠭᠤᠴᠠᠬᠤ | ᠲᠦᠷᠢᠮ ᠢ ᠬᠡᠷᠡᠭᠵᠢᠭᠦᠯᠦᠨ᠎ᠡ᠃ ᠬᠤᠷᠢᠶᠠᠨ ᠳᠠᠷᠤᠭ᠎ᠠ ᠡᠷᠬᠡᠪᠰᠢ ᠵᠣᠯ ᠵᠢᠷᠭᠠᠯ ᠤᠨ ᠬᠦᠷᠢᠶᠡᠯᠡᠩ ᠳᠤ ᠪᠠᠶᠢᠩᠭᠤ | ᠰᠠᠭᠤᠵᠤ ᠬᠠᠮᠢᠶᠠᠷᠤᠯᠲᠠ ᠦᠢᠯᠡᠴᠢᠯᠡᠭᠡᠨ ᠤ ᠠᠵᠢᠯ ᠬᠢᠬᠦ ᠬᠡᠷᠡᠭᠲᠡᠶ᠃ | ᠠᠷᠪᠠᠨ ᠬᠤᠶᠠᠳᠤᠭᠠᠷ ᠵᠦᠢᠯ ᠵᠣᠯ ᠵᠢᠷᠭᠠᠯ ᠤᠨ ᠬᠦᠷᠢᠶᠡᠯᠡᠩ ᠤᠨ ᠳᠠᠷᠤᠭ᠎ᠠ ᠶᠢᠨ ᠲᠤᠰᠢᠶᠠᠯ ᠢ ᠰᠤᠮᠤ | ᠪᠠᠯᠭᠠᠰᠤᠨ ᠤ ᠨᠠᠮ ᠤᠨ ᠬᠤᠷᠢᠶ᠎ᠠ᠂ ᠰᠤᠮᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠲᠥᠪ ᠭᠤᠣᠯᠴᠢ᠂ | ᠲᠥᠪ ᠴᠢᠬᠡᠴᠢ᠂ ᠠᠵᠢᠯ ᠦᠢᠯᠡᠰ ᠲᠤ ᠵᠢᠳᠬᠦᠬᠦ ᠰᠡᠳᠬᠢᠯᠭᠡ ᠪᠠᠷ ᠴᠢᠩᠭ᠎ᠠ᠂ ᠣᠯᠠᠨ ᠲᠦᠮᠡᠨ ᠤ ᠢᠲᠡᠭᠡᠯ | ᠬᠦᠨᠳᠦ ᠪᠠᠷ ᠥᠨᠳᠥᠷ᠂ ᠢᠲᠡᠭᠡᠯ ᠬᠦᠨᠳᠦ ᠲᠠᠢ ᠪᠥᠭᠡᠳ ᠭᠠᠴᠠᠭᠠᠨ ᠤ ᠺᠠᠳ᠋ᠷ ᠤᠨ ᠲᠤᠰᠢᠶᠠᠯ ᠢ ᠡᠭᠦᠷᠭᠡᠯᠡᠵᠦ | ᠥᠩᠭᠡᠷᠡᠭᠰᠡᠨ ᠬᠥᠮᠦᠨ ᠢ ᠰᠣᠩᠭᠤᠵᠤ ᠡᠭᠦᠷᠭᠡᠯᠡᠨ᠎ᠡ᠂ ᠪᠠᠰᠠ ᠣᠳᠣ ᠶᠢᠨ ᠨᠠᠮ ᠤᠨ ᠡᠭᠦᠷ᠂ ᠭᠠᠴᠠᠭᠠᠨ ᠤ ᠠᠷᠠᠳ ᠤᠨ | ᠵᠥᠪᠯᠡᠯ ᠤᠨ ᠪᠦᠷᠢᠯᠳᠦᠬᠦᠨ ᠬᠠᠪᠰᠤᠷᠭᠠᠨ ᠡᠭᠦᠷᠭᠡᠯᠡᠵᠦ ᠪᠣᠯᠤᠨ᠎ᠠ᠃ ᠵᠣᠯ ᠵᠢᠷᠭᠠᠯ ᠤᠨ ᠬᠦᠷᠢᠶᠡᠯᠡᠩ ᠤᠨ ᠳᠠᠷᠤᠭ᠎ᠠ ᠶᠢ | ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ | ᠲᠣᠮᠢᠯᠠᠵᠤ᠂ ᠰᠢᠶᠠᠨ ᠤ ᠱᠠᠲᠤᠨ ᠤ ᠵᠣᠬᠢᠶᠠᠨ ᠪᠡᠶᠢᠭᠤᠯᠣᠨᠠ᠃ | ᠬᠤᠷᠢᠶᠡᠠ ᠳᠠᠷᠤᠭ᠎ᠠ ᠶᠢᠨ ᠭᠤᠣᠯ ᠡᠭᠦᠷᠭᠡ ᠬᠠᠷᠢᠭᠤᠴᠠᠯᠭ᠎ᠠ᠄ | ︵ᠨᠢᠭᠡ︶ ᠨᠠᠮ ᠪᠠ ᠵᠠᠰᠠᠭ ᠤᠨ ᠣᠷᠳᠣᠨ ᠤ ᠡᠯ᠎ᠡ ᠵᠦᠢᠯ ᠤᠨ ᠴᠢᠭᠯᠡᠯᠲᠡ ᠲᠦᠷᠦ ᠶᠢᠨ ᠪᠤᠳᠦᠯᠭ᠎ᠠ ᠶᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠡᠷᠢᠭᠦᠯᠡᠨ ᠰᠠᠬᠢᠯᠭ᠎ᠠ ᠪᠠᠲᠤ ᠬᠠᠤᠯᠢ ᠴᠠᠭᠠᠵᠠ ᠶᠢ ᠵᠢᠷᠤᠮᠯᠠᠬᠤ ᠬᠡᠷᠡᠭᠲᠡᠶ᠃ | ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠲᠣᠭᠲᠠᠭᠠᠯ ᠪᠠ ᠡᠯ᠎ᠡ ᠵᠣᠶᠢᠯ ᠤᠨ ᠲᠦᠷᠢᠮ ᠢ ᠴᠢᠩᠭ᠎ᠠ | ᠬᠡᠷᠡᠭᠵᠢᠭᠦᠯᠵᠦ᠂ ᠬᠦᠷᠢᠶᠡᠯᠡᠩ ᠤᠨ ᠳᠣᠲᠣᠷᠠᠬᠢ ᠬᠡᠷᠡᠭ ᠶᠠᠪᠤᠳᠠᠯ ᠢ ᠲᠥᠪ ᠭᠤᠤᠯᠴᠢ᠂ ᠡᠷᠬᠡ ᠲᠡᠭᠰᠢ᠂ ᠢᠯᠡ ᠪᠠᠷ | ᠰᠢᠢᠳᠪᠣᠷᠢᠯᠡᠵᠦ᠂ ᠬᠦᠷᠢᠶᠡᠯᠡᠩ ᠤᠨ ᠳᠣᠲᠣᠷᠠᠬᠢ ᠨᠠᠰᠤᠲᠠᠶᠢᠴᠤᠳ ᠤᠨ ᠬᠢᠨᠠᠯᠲᠠ ᠲᠠᠯᠪᠢᠯᠲᠠ ᠶᠢ | ᠰᠠᠨᠠᠭᠠᠴᠢᠯᠠᠭ᠎ᠠ ᠠᠴᠠ ᠪᠠᠨ ᠬᠦᠯᠢᠶᠡᠨ᠎ᠡ᠃ | ︵ᠬᠤᠶᠠᠷ︶ ᠬᠦᠷᠢᠶᠡᠯᠡᠩ ᠤᠨ ᠳᠣᠲᠣᠭᠠᠳᠤ ᠶᠢᠨ ᠬᠠᠮᠢᠶᠠᠷᠤᠯᠲᠠ ᠦᠢᠯᠡᠴᠢᠯᠡᠭᠡᠨ ᠤ ᠠᠵᠢᠯ ᠢ ᠪᠥᠬᠦ ᠲᠠᠯ᠎ᠠ ᠪᠠᠷ | ᠬᠠᠷᠢᠭᠤᠴᠠᠵᠤ᠂ ᠬᠦᠷᠢᠶᠡᠯᠡᠩ ᠤᠨ ᠶᠠᠪᠤᠳᠠᠯ ᠤᠨ ᠬᠠᠮᠢᠶᠠᠷᠤᠯᠲᠠ ᠶᠢᠨ ᠭᠡᠰᠢᠭᠦᠳ ᠤᠨ ᠬᠤᠷᠠᠯ ᠢ ᠵᠣᠬᠢᠶᠠᠨ | ᠪᠠᠶᠢᠭᠤᠯᠤᠨ ᠬᠤᠷᠠᠯᠳᠤᠭᠤᠯᠬᠤ ᠶᠢ ᠬᠠᠷᠢᠭᠤᠴᠠᠵᠤ᠂ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ | ᠦᠢᠯᠡᠴᠢᠯᠡᠭᠡᠨ ᠤ ᠬᠤᠯᠪᠣᠭᠳᠠᠯ ᠪᠥᠬᠦᠶ ᠵᠣᠶᠢᠯᠡᠰ ᠢ ᠰᠤᠳᠤᠯᠤᠨ᠎ᠠ᠃ ᠵᠣᠯ ᠵᠢᠷᠭᠠᠯ ᠤᠨ ᠬᠦᠷᠢᠶᠡᠯᠡᠩ ᠤᠨ ᠪᠥᠲᠥᠭᠡᠨ | ᠪᠠᠶᠢᠭᠤᠯᠤᠯᠲᠠ ᠰᠡᠯᠪᠢᠨ ᠵᠠᠰᠠᠯᠲᠠ ᠶᠢᠨ ᠡᠳᠦᠷ ᠲᠤᠲᠤᠮ ᠤᠨ ᠬᠢᠨᠠᠯᠲᠠ ᠲᠠᠯᠪᠢᠬᠤ ᠠᠵᠢᠯ ᠢ ᠬᠠᠷᠢᠭᠤᠴᠠᠨ᠎ᠠ᠃ | ︵ᠭᠤᠷᠪᠠ︶ ᠬᠤᠷᠢᠶᠠᠨ ᠤ ᠳᠣᠲᠣᠷᠠᠬᠢ ᠡᠯ᠎ᠡ ᠵᠦᠢᠯ ᠤᠨ ᠲᠥᠷᠢᠮ ᠲᠣᠭᠲᠠᠭᠠᠯ ᠢ ᠬᠡᠷᠡᠭᠵᠢᠭᠦᠯᠵᠦ ᠪᠠᠶᠢᠭ᠎ᠠ ᠪᠠ | ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠲᠤ ᠬᠢᠨᠠᠯᠲᠠ ᠲᠠᠯᠪᠢᠵᠤ ᠪᠠᠶᠢᠴᠠᠭᠠᠬᠤ ᠶᠢ ᠬᠠᠷᠢᠭᠤᠴᠠᠨ᠎ᠠ᠃ ᠴᠢᠬᠤᠯᠠ ᠶᠡᠭᠡ | ᠠᠰᠠᠭᠤᠳᠠᠯ ᠢ ᠴᠠᠭ ᠲᠤᠬᠠᠶ ᠳᠤᠨᠢ ᠭᠠᠴᠠᠭᠠᠨ ᠤ ᠨᠠᠮ ᠤᠨ ᠡᠭᠦᠷ᠂ ᠭᠠᠴᠠᠭᠠᠨ ᠤ ᠵᠥᠪᠯᠡᠯ ᠪᠤᠶᠤ ᠰᠤᠮᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠬᠦ ᠬᠡᠷᠡᠭᠲᠡᠶ᠃ | ︵ᠳᠥᠷᠪᠡ︶ ᠬᠦᠷᠢᠶᠡᠨ ᠳᠣᠲᠣᠷᠠᠬᠢ ᠨᠠᠰᠤᠲᠠᠶᠢᠴᠤᠳ ᠤᠨ ᠠᠮᠢᠳᠤᠷᠠᠯ ᠢ ᠬᠠᠯᠠᠮᠵᠢᠯᠠᠨ ᠬᠠᠷᠠᠭᠠᠯᠵᠠᠵᠤ᠂ | ᠬᠦᠷᠢᠶᠡᠨ ᠳᠣᠲᠣᠷᠠᠬᠢ ᠨᠠᠰᠤᠲᠠᠶᠢᠴᠤᠳ ᠤᠨ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠤᠨ᠂ | ᠬᠦᠷᠢᠶᠡᠨ ᠳᠣᠲᠣᠷᠠᠬᠢ ᠵᠥᠷᠢᠴᠡᠯ ᠵᠢᠭᠤᠷᠠᠯᠳᠤᠭᠠᠨ ᠢ ᠴᠠᠭ ᠲᠤᠬᠠᠶ ᠳᠤᠨᠢ ᠡᠶᠡᠳᠡᠭᠦᠯᠦᠨ᠎ᠡ᠃ ᠬᠠᠮᠢᠶᠠᠷᠤᠯᠲᠠ | ᠦᠢᠯᠡᠴᠢᠯᠡᠭᠡᠨ ᠤ ᠬᠢᠷᠢ ᠬᠡᠮᠵᠢᠶ᠎ᠡ ᠪᠠ ᠶᠠᠰᠤ ᠴᠢᠨᠠᠷ ᠢ ᠳᠡᠭᠡᠭᠰᠢᠯᠡᠭᠦᠯᠦᠨ᠎ᠡ᠃ | ᠠᠷᠪᠠᠨ ᠭᠤᠷᠪᠠᠳᠤᠭᠠᠷ ᠵᠦᠢᠯ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠡᠮᠨᠡᠯᠭᠡ ᠶᠢᠨ | ᠬᠤᠷᠢᠶᠠᠨ ᠤ ᠳᠣᠲᠣᠷᠠᠬᠢ ᠨᠢᠭᠡᠳᠦᠯᠲᠡᠶ ᠬᠠᠮᠢᠶᠠᠷᠤᠯᠲᠠ ᠶᠢ ᠲᠡᠭᠠᠵᠦ᠂ ᠡᠮᠨᠡᠯᠭᠡ ᠶᠢᠨ ᠬᠤᠷᠢᠶᠠᠨ ᠤ ᠳᠣᠲᠣᠷᠠᠬᠢ | ᠲᠦᠷᠢᠮ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠨᠡᠶᠢᠲᠡ ᠶᠢᠨ ᠡᠳ᠋ ᠬᠤᠭᠰᠢᠯ ᠢ ᠬᠠᠶᠢᠷᠠᠯᠠᠨ | ᠬᠠᠮᠠᠭᠠᠯᠠᠵᠤ᠂ ᠪᠣᠯᠪᠠᠰᠤᠨ ᠶᠣᠰᠣ ᠮᠣᠷᠠᠯ ᠲᠠᠢ ᠪᠠᠶᠢᠵᠤ᠂ ᠪᠦᠯᠬᠦᠮᠳᠡᠨ ᠬᠠᠪᠰᠤᠷᠤᠯᠴᠠᠬᠤ ᠬᠡᠷᠡᠭᠲᠡᠶ᠃ ᠡᠮᠨᠡᠯᠭᠡ ᠶᠢᠨ | ᠬᠤᠷᠢᠶᠠᠨ ᠤ ᠳᠣᠲᠣᠷᠠᠬᠢ ᠲᠦᠷᠢᠮ ᠲᠣᠭᠲᠠᠭᠠᠯ ᠢ ᠵᠥᠷᠢᠴᠡᠵᠦ᠂ ᠮᠠᠭᠤ ᠨᠥᠯᠥᠭᠡ ᠪᠠ ᠦᠷ᠎ᠡ ᠤᠷᠰᠢᠭ ᠲᠠᠲᠠᠭᠰᠠᠨ | ᠪᠠᠶᠢᠪᠠᠯ᠂ ᠲᠤᠬᠠᠶ ᠶᠢᠨ ᠬᠥᠮᠦᠨ ᠨᠢ ᠬᠤᠯᠪᠣᠭᠳᠠᠯ ᠪᠦᠬᠦᠢ ᠬᠠᠷᠢᠭᠤᠴᠠᠯᠭ᠎ᠠ ᠶᠢ ᠡᠭᠦᠷᠭᠡᠯᠡᠬᠦ ᠬᠡᠷᠡᠭᠲᠡᠶ᠂ ᠡᠮᠨᠡᠯᠭᠡ ᠶᠢᠨ | ᠬᠤᠷᠢᠶᠠᠨ ᠤ ᠲᠠᠯ᠎ᠠ ᠶᠢᠨ ᠬᠢᠨ ᠰᠢᠭᠦᠮᠵᠢᠯᠡᠨ ᠰᠤᠷᠭᠠᠬᠤ ᠪᠠᠨ ᠴᠢᠩᠭᠠᠳᠬᠠᠬᠤ ᠬᠡᠷᠡᠭᠲᠡᠶ᠃ ᠰᠢᠭᠦᠮᠵᠢᠯᠡᠨ | ᠰᠤᠷᠭᠠᠬᠤ ᠪᠠᠷ ᠳᠠᠮᠵᠢᠭᠠᠳ ᠮᠥᠨ ᠯᠡ ᠬᠦᠷᠢᠶᠡᠨ ᠳᠤ ᠠᠮᠢᠳᠤᠷᠠᠵᠤ ᠰᠠᠭᠤᠬᠤ ᠳᠤ ᠲᠣᠬᠢᠷᠠᠮᠵᠢ ᠦᠭᠡᠢ ᠪᠠᠶᠢᠪᠠᠯ᠂ | ᠲᠡᠭᠦᠨ ᠢ ᠵᠠᠷᠯᠢᠭᠳᠠᠵᠤ ᠪᠠᠶᠢᠭᠠᠳ ᠵᠣᠯ ᠵᠢᠷᠭᠠᠯ ᠤᠨ ᠬᠦᠷᠢᠶᠡᠯᠡᠩ ᠠᠴᠠ ᠨᠡᠭᠦᠯᠭᠡᠨ᠎ᠡ᠃ | ᠠᠷᠪᠠᠨ ᠳᠥᠷᠪᠡᠳᠦᠭᠡᠷ ᠵᠣᠶᠢᠯ ᠵᠣᠯ ᠵᠢᠷᠭᠠᠯ ᠤᠨ ᠬᠦᠷᠢᠶᠡᠯᠡᠩ ᠨᠢ ᠬᠦᠷᠢᠶᠡᠯᠡᠩ ᠤᠨ ᠶᠠᠪᠤᠳᠠᠯ ᠤᠨ | ᠬᠠᠮᠢᠶᠠᠷᠤᠯᠲᠠ ᠶᠢᠨ ᠵᠥᠪᠯᠡᠯ ︵ᠳᠣᠷᠣᠭᠰᠢ ᠬᠦᠷᠢᠶᠡᠯᠡᠩ ᠤᠨ ᠵᠥᠪᠯᠡᠯ ᠭᠡᠵᠦ ᠲᠣᠪᠴᠢᠯᠠᠨ᠎ᠠ︶ ᠢ ᠪᠠᠶᠢᠭᠤᠯᠵᠤ᠂ | ᠥᠪᠡᠷ ᠢ ᠪᠠᠨ ᠬᠥᠮᠦᠵᠢᠭᠦᠯᠬᠦ᠂ ᠥᠪᠡᠷ ᠢ ᠪᠠᠨ ᠬᠠᠮᠢᠶᠠᠷᠬᠤ᠂ ᠬᠠᠷᠢᠯᠴᠠᠨ ᠬᠠᠪᠰᠤᠷᠤᠯᠴᠠᠬᠤ ᠦᠢᠯᠡᠴᠢᠯᠡᠭᠡ ᠶᠢ | ᠥᠷᠨᠢᠭᠦᠯᠬᠦ ᠬᠡᠷᠡᠭᠲᠡᠶ᠃ ᠳᠡᠭᠡᠳᠦ ᠰᠤᠷᠭᠠᠭᠤᠯᠢ ᠶᠢᠨ ᠺᠣᠮᠢᠰ ᠤᠨ ᠡᠷᠬᠢᠯᠡᠭᠴᠢ ᠶᠢᠨ ᠲᠤᠰᠢᠶᠠᠯ ᠢ ᠬᠤᠷᠢᠶᠠᠨ ᠳᠠᠷᠤᠭ᠎ᠠ | ᠡᠭᠦᠷᠭᠡᠯᠡᠵᠦ᠂ ᠪᠦᠷᠢᠯᠳᠦᠬᠦᠨ ᠢ ᠳᠡᠭᠡᠳᠦ ᠰᠤᠷᠭᠠᠭᠤᠯᠢ ᠶᠢᠨ ᠳᠣᠲᠣᠷᠠᠬᠢ ᠨᠠᠰᠤᠲᠠᠶᠢᠴᠤᠳ ᠤᠨ ᠳᠣᠲᠣᠷ᠎ᠠ ᠠᠴᠠ | ᠲᠠᠨᠢᠯᠴᠠᠭᠤᠯᠵᠤ ᠭᠠᠷᠭᠠᠨ᠎ᠠ᠃ ᠡᠮᠨᠡᠯᠭᠡ ᠶᠢᠨ ᠬᠤᠷᠢᠶᠠᠨ ᠤ ᠨᠠᠰᠤᠲᠠᠶᠢᠴᠤᠳ ᠤᠨ ᠵᠣᠯ ᠵᠢᠷᠭᠠᠯ ᠤᠨ ᠵᠢᠭᠠᠯᠲᠠ | ᠲᠤᠭ᠎ᠠ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠠᠮᠢᠳᠤᠷᠠᠯ ᠢ ᠬᠠᠷᠠᠭᠠᠯᠵᠠᠬᠤ᠂ ᠪᠡᠶ᠎ᠡ ᠮᠠᠬᠠᠪᠣᠳ ᠢ | ᠡᠷᠡᠭᠦᠯᠵᠢᠭᠦᠯᠬᠦ᠂ ᠣᠶᠤᠨ ᠰᠠᠨᠠᠭ᠎ᠠ ᠶᠢ ᠲᠠᠶᠢᠳᠬᠤᠷᠠᠭᠤᠯᠬᠤ ᠶᠢᠨ ᠲᠣᠭᠤᠷᠢᠨ ᠳᠤ᠂ ᠬᠠᠷᠢᠯᠴᠠᠨ ᠬᠠᠪᠰᠤᠷᠴᠤ | ᠬᠠᠷᠢᠯᠴᠠᠨ ᠬᠠᠪᠰᠤᠷᠤᠯᠴᠠᠬᠤ᠂ ᠬᠠᠷᠢᠯᠴᠠᠨ ᠠᠭᠤᠴᠢᠯᠠᠵᠤ ᠬᠠᠷᠢᠯᠴᠠᠨ ᠨᠠᠶᠢᠷ ᠲᠠᠯᠪᠢᠬᠤ᠂ ᠬᠠᠷᠢᠯᠴᠠᠨ | ᠲᠦᠰᠢᠭᠯᠡᠯᠴᠡᠨ ᠣᠷᠣᠰᠢᠬᠤ᠂ ᠡᠶ᠎ᠡ ᠵᠣᠬᠢᠴᠠᠯ ᠲᠠᠢ ᠪᠠᠷ ᠬᠠᠮᠲᠤ ᠣᠷᠣᠰᠢᠬᠤ ᠨᠠᠰᠤᠲᠠᠶᠢᠴᠤᠳ ᠤᠨ ᠬᠠᠷᠢᠯᠴᠠᠨ | ᠬᠠᠪᠰᠤᠷᠤᠯᠴᠠᠬᠤ ᠬᠠᠮᠲᠤ ᠨᠡᠶᠢᠲᠡ ᠶᠢ ᠪᠣᠶ ᠪᠣᠯᠭᠠᠬᠤ ᠬᠡᠷᠡᠭᠲᠡᠶ᠃ | ᠠᠷᠪᠠᠨ ᠲᠠᠪᠤᠳᠤᠭᠠᠷ ᠵᠦᠢᠯ ᠬᠤᠷᠢᠶᠠᠨ ᠤ ᠵᠥᠪᠯᠡᠯ ᠨᠢ ᠬᠤᠷᠢᠶ᠎ᠠ ᠡᠷᠬᠢᠯᠡᠬᠦ ᠴᠢᠭᠯᠡᠯᠲᠡ᠂ ᠵᠠᠷᠴᠢᠮ ᠢ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠷᠢᠶᠠᠨ ᠤ ᠳᠣᠲᠣᠭᠠᠳᠤ ᠶᠢᠨ ᠴᠢᠬᠤᠯᠠ ᠶᠠᠪᠤᠳᠠᠯ ᠤᠳ ᠢ ᠬᠢᠨᠠᠨ | ᠶᠠᠷᠢᠯᠴᠠᠵᠤ᠂ ᠬᠤᠷᠢᠶᠠᠨ ᠳᠠᠷᠤᠭ᠎ᠠ ᠪᠠ ᠠᠵᠢᠯᠳᠠᠨ ᠤ ᠠᠵᠢᠯ ᠢ ᠪᠠᠶᠢᠴᠠᠭᠠᠵᠤ ᠲᠡᠭᠦᠨ ᠳᠤ ᠬᠢᠨᠠᠯᠲᠠ ᠲᠠᠯᠪᠢᠬᠤ | ᠬᠡᠷᠡᠭᠲᠡᠶ᠃ ᠬᠦᠷᠢᠶᠡᠯᠡᠩ ᠤᠨ ᠵᠥᠪᠯᠡᠯ ᠤᠨ ᠳᠣᠤᠷ᠎ᠠ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠳᠤᠭᠤᠶᠢᠯᠠᠩ᠂ | ᠬᠠᠮᠢᠶᠠᠷᠴᠤ ᠬᠠᠮᠠᠭᠠᠯᠠᠬᠤ ᠰᠡᠯᠪᠢᠨ ᠵᠠᠰᠠᠬᠤ ᠳᠤᠭᠤᠶᠢᠯᠠᠩ᠂ ᠰᠣᠶᠣᠯ ᠪᠡᠶ᠎ᠡ ᠶᠢᠨ ᠲᠠᠮᠢᠷ ᠤᠨ ᠠᠵᠢᠯᠯᠠᠭᠠᠨ ᠤ | ᠳᠤᠭᠤᠶᠢᠯᠠᠩ᠂ ᠠᠮᠤᠷ ᠲᠦᠪᠰᠢᠨ ᠢ ᠬᠠᠮᠠᠭᠠᠯᠠᠬᠤ ᠳᠤᠭᠤᠶᠢᠯᠠᠩ ᠪᠠ ᠠᠮᠢᠳᠤᠷᠠᠯ ᠢ ᠬᠠᠷᠠᠭᠠᠯᠵᠠᠬᠤ ᠳᠤᠭᠤᠶᠢᠯᠠᠩ | ᠪᠠᠶᠢᠭᠤᠯᠵᠤ᠂ ᠬᠦᠷᠢᠶᠡᠯᠡᠩ ᠤᠨ ᠳᠣᠲᠣᠷᠠᠬᠢ ᠣᠷᠴᠢᠨ ᠲᠣᠭᠤᠷᠢᠨ ᠤ ᠡᠷᠡᠭᠦᠯ ᠬᠠᠮᠠᠭᠠᠯᠠᠯ᠂ ᠪᠡᠯᠡᠳᠬᠡᠮᠵᠢ ᠶᠢ | ᠬᠠᠮᠢᠶᠠᠷᠴᠤ ᠬᠠᠮᠠᠭᠠᠯᠠᠬᠤ ᠰᠡᠯᠪᠢᠨ ᠵᠠᠰᠠᠬᠤ᠂ ᠰᠣᠶᠣᠯ ᠴᠡᠩᠭᠡᠯ ᠤᠨ ᠠᠵᠢᠯᠯᠠᠭ᠎ᠠ᠂ ᠠᠮᠤᠷ ᠲᠦᠪᠰᠢᠨ ᠢ ᠬᠠᠮᠠᠭᠠᠯᠠᠬᠤ | ᠪᠠ ᠠᠮᠢᠳᠤᠷᠠᠯ ᠢ ᠬᠠᠷᠠᠭᠠᠯᠵᠠᠬᠤ ᠵᠡᠷᠭᠡ ᠠᠵᠢᠯ ᠢ ᠲᠣᠰ ᠲᠣᠰ ᠬᠠᠷᠢᠭᠤᠴᠠᠨ᠎ᠠ᠃ | ᠠᠷᠪᠠᠨ ᠵᠢᠷᠭᠤᠳᠤᠭᠠᠷ ᠵᠦᠢᠯ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠡᠮᠨᠡᠯᠭᠡ ᠶᠢᠨ | ᠬᠤᠷᠢᠶᠠᠨ ᠤ ᠳᠣᠲᠣᠷᠠᠬᠢ ᠠᠯᠪᠠᠨ ᠵᠢᠷᠤᠮ ᠤᠨ ᠬᠥᠳᠡᠯᠮᠦᠷᠢ ᠪᠠ ᠬᠠᠷᠢᠯᠴᠠᠨ ᠬᠠᠪᠰᠤᠷᠴᠤ ᠬᠠᠷᠢᠯᠴᠠᠨ | ᠬᠠᠪᠰᠤᠷᠤᠯᠴᠠᠬᠤ ᠠᠵᠢᠯᠯᠠᠭ᠎ᠠ ᠳᠤ ᠢᠳᠡᠪᠬᠢᠲᠡᠶ ᠣᠷᠣᠯᠴᠠᠵᠤ᠂ ︽ᠬᠤᠪᠢ ᠬᠤᠷᠠᠮᠳᠤᠭᠤᠯᠬᠤ ᠲᠦᠷᠢᠮ︾ ᠤᠨ | ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠶ᠃ ᠵᠣᠯ ᠵᠢᠷᠭᠠᠯ ᠤᠨ ᠬᠦᠷᠢᠶᠡᠯᠡᠩ ᠳᠤ ︽ᠬᠤᠪᠢ ᠲᠡᠮᠳᠡᠭᠯᠡᠬᠦ︾ | ᠲᠡᠮᠳᠡᠭᠯᠡᠯ ᠤᠨ ᠳᠡᠪᠲᠡᠷ ᠪᠠᠶᠢᠭᠤᠯᠵᠤ᠂ ᠬᠦᠷᠢᠶᠡᠨ ᠳᠠᠬᠢ ᠨᠠᠰᠤᠲᠠᠶᠢᠴᠤᠳ ᠤᠨ ᠠᠯᠪᠠᠨ ᠵᠢᠷᠤᠮ ᠤᠨ ᠬᠥᠳᠡᠯᠮᠦᠷᠢ ᠳᠤ | ᠣᠷᠣᠯᠴᠠᠭᠰᠠᠨ ᠪᠠ ᠬᠠᠷᠢᠯᠴᠠᠨ ᠬᠠᠪᠰᠤᠷᠴᠤ ᠬᠠᠪᠰᠤᠷᠤᠯᠴᠠᠭᠰᠠᠨ ᠪᠠᠶᠢᠳᠠᠯ ᠢ ᠨᠠᠷᠢᠨ ᠲᠡᠮᠳᠡᠭᠯᠡᠬᠦ ᠬᠡᠷᠡᠭᠲᠡᠶ᠃ ᠠᠯᠪᠠᠨ | ᠵᠢᠷᠤᠮ ᠤᠨ ᠬᠥᠳᠡᠯᠮᠦᠷᠢ ᠳᠤ ᠣᠷᠣᠯᠴᠠᠭᠰᠠᠨ ᠪᠤᠶᠤ ᠪᠤᠰᠤᠳ ᠢ ᠬᠠᠪᠰᠤᠷᠤᠭᠰᠠᠨ ᠰᠤᠷᠭᠠᠭᠤᠯᠢ ᠶᠢᠨ ᠳᠣᠲᠣᠷᠠᠬᠢ | ᠨᠠᠰᠤᠲᠠᠶᠢᠴᠤᠳ ᠲᠤ᠂ ᠰᠤᠷᠭᠠᠭᠤᠯᠢ ᠶᠢᠨ ᠵᠥᠪᠯᠡᠯ ᠠᠴᠠ ᠠᠵᠢᠯ ᠤᠨ ᠬᠦᠴᠢᠷ ᠤᠨ ᠬᠡᠮᠵᠢᠶ᠎ᠡ᠂ ᠣᠯᠠᠨ ᠲᠦᠮᠡᠨ ᠤ | ᠮᠠᠭᠲᠠᠭᠠᠯ ᠤᠨ ᠬᠡᠮᠵᠢᠶ᠎ᠡ ᠵᠡᠷᠭᠡ ᠬᠦᠴᠦᠨ ᠵᠣᠶᠢᠯ ᠢ ᠦᠨᠳᠦᠰᠦᠯᠡᠨ ᠵᠣᠬᠢᠬᠤ ᠬᠤᠪᠢ ᠶᠢᠨ ᠥᠷᠲᠡᠭ ᠲᠠᠢ ︽ | ᠬᠠᠷᠢᠯᠴᠠᠨ ᠬᠠᠪᠰᠤᠷᠤᠯᠴᠠᠵᠤ ᠬᠤᠪᠢ ᠲᠡᠮᠳᠡᠭᠯᠡᠬᠦ ᠳᠡᠩᠰᠡᠯᠡᠯᠲᠡ ᠶᠢᠨ ᠺᠠᠷᠲ︾ ᠣᠯᠭᠤᠵᠤ᠂ ᠰᠠᠷ᠎ᠠ ᠪᠠᠷ ᠪᠦᠷᠢᠳᠬᠡᠨ | ᠬᠤᠪᠢ ᠲᠡᠮᠳᠡᠭᠯᠡᠵᠦ᠂ ᠤᠯᠠᠷᠢᠯ ᠢᠶᠠᠷ ᠬᠤᠪᠢ ᠰᠣᠯᠢᠬᠤ ᠬᠡᠷᠡᠭᠲᠡᠶ᠃ ︽ᠬᠤᠪᠢ ᠬᠤᠷᠠᠮᠳᠤᠭᠤᠯᠬᠤ︾ ᠲᠠᠢ ᠨᠠᠰᠤᠲᠠᠨ | ᠨᠡᠶᠢᠭᠡᠮ ᠤᠨ ᠠᠪᠤᠷᠠᠨ ᠲᠤᠰᠠᠯᠠᠯᠲᠠ᠂ ᠨᠡᠶᠢᠭᠡᠮ ᠤᠨ ᠬᠠᠨᠳᠢᠪᠯᠠᠯ ᠢ ᠭᠥᠯᠢᠶᠡᠨ ᠠᠪᠬᠤ ᠵᠡᠷᠭᠡ ᠲᠠᠯ᠎ᠠ ᠪᠠᠷ ᠤᠷᠢᠳᠠᠪᠠᠷ | ᠬᠠᠷᠠᠭᠠᠯᠵᠠᠬᠤ ᠡᠷᠬᠡ ᠲᠠᠢ᠃ ︽ᠬᠤᠪᠢ ᠬᠤᠷᠠᠮᠳᠤᠭᠤᠯᠬᠤ ᠲᠦᠷᠢᠮ︾ ᠤᠨ ᠬᠠᠮᠢᠶᠠᠷᠤᠯᠲᠠ ᠶᠢᠨ ᠠᠵᠢᠯᠯᠠᠭ᠎ᠠ ᠶᠢ | ᠥᠷᠨᠢᠭᠦᠯᠬᠦ ᠪᠠᠷ ᠳᠠᠮᠵᠢᠭᠤᠯᠤᠨ᠂ ᠠᠵᠢᠯ ᠳᠤ ᠭᠠᠷᠤᠭᠰᠠᠨ ᠢ ᠱᠠᠩᠨᠠᠵᠤ ᠠᠯᠵᠠᠭᠤ ᠵᠠᠯᠬᠠᠭᠤ ᠶᠢ ᠠᠬᠢᠭᠤᠯᠬᠤ ᠰᠠᠶᠢᠨ | ᠰᠠᠶᠢᠬᠠᠨ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ᠃ | ᠠᠷᠪᠡᠨ ᠳᠣᠯᠣᠳᠤᠭᠠᠷ ᠵᠦᠢᠯ ᠲᠣᠰᠬᠤᠨ ᠤ ᠨᠠᠮ ᠤᠨ ᠡᠭᠦᠷ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ | ᠬᠦᠷᠢᠶᠡᠯᠡᠩ ᠤᠨ ᠨᠠᠮ ᠤᠨ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠨᠠᠮ ᠤᠨ ᠵᠣᠬᠢᠶᠠᠨ | ᠪᠠᠶᠢᠭᠤᠯᠤᠯᠲᠠ ᠶᠢᠨ ᠤᠯᠤᠰ ᠲᠦᠷᠦ ᠶᠢᠨ ᠭᠤᠣᠯᠯᠠᠭᠴᠢ ᠦᠢᠯᠡᠳᠦᠯ ᠪᠣᠯᠤᠨ ᠬᠦᠳᠦᠯᠦᠨ ᠳᠠᠭᠠᠭᠤᠯᠵᠤ ᠵᠢᠱᠢᠶ᠎ᠡ | ᠦᠵᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠤ ᠠᠷᠠᠳ ᠲᠦᠮᠡᠨ ᠳᠤ | ᠦᠢᠯᠡᠴᠢᠯᠡᠬᠦ ᠤᠬᠠᠮᠰᠠᠷ ᠪᠣᠯᠤᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ | ᠵᠣᠯ ᠵᠢᠷᠭᠠᠯ ᠤᠨ ᠬᠦᠷᠢᠶᠡᠯᠡᠩ ᠤᠨ ᠨᠠᠮ ᠤᠨ ᠵᠣᠬᠢᠶᠠᠨ ᠪᠠᠶᠢᠭᠤᠯᠤᠯᠲᠠ ᠨᠢ ᠵᠣᠯ ᠵᠢᠷᠭᠠᠯ ᠤᠨ ᠬᠦᠷᠢᠶᠡᠯᠡᠩ ᠤᠨ | ᠠᠬᠠᠮᠠᠳ ᠨᠠᠮ ᠤᠨ ᠭᠡᠰᠢᠭᠦᠨ ᠪᠠ ᠥᠨᠥᠴᠢᠨ ᠪᠡᠯᠪᠡᠰᠦᠨ ᠨᠠᠰᠤᠲᠠᠨ ᠢ ᠬᠠᠪᠰᠤᠷᠤᠨ ᠠᠮᠢᠳᠤᠷᠠᠯ ᠤᠨ ᠳᠤᠮᠳᠠᠬᠢ | ᠪᠣᠳᠠᠲᠠᠶ ᠬᠦᠴᠢᠷᠳᠡᠯ ᠢ ᠨᠢ ᠰᠢᠢᠳᠪᠣᠷᠢᠯᠡᠵᠦ᠂ ᠠᠬᠠᠮᠠᠳ ᠨᠠᠮ ᠤᠨ ᠭᠡᠰᠢᠭᠦᠨ ᠪᠠ ᠬᠦᠴᠢᠷᠳᠡᠯᠲᠡᠶ ᠣᠯᠠᠨ ᠲᠦᠮᠡᠨ ᠳᠤ | ᠡᠯ᠎ᠡ ᠵᠣᠶᠢᠯ ᠤᠨ ᠠᠮᠢᠳᠤᠷᠠᠯ ᠤᠨ ᠨᠥᠬᠦᠪᠥᠷᠢ ᠥᠭᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠳᠤ ᠬᠢᠨᠠᠯᠲᠠ | ᠲᠠᠯᠪᠢᠬᠤ ᠬᠡᠷᠡᠭᠲᠡᠶ᠃ | ᠵᠣᠯ ᠵᠢᠷᠭᠠᠯ ᠤᠨ ᠬᠦᠷᠢᠶᠡᠯᠡᠩ ᠤᠨ ᠨᠠᠮ ᠤᠨ ᠵᠣᠬᠢᠶᠠᠨ ᠪᠠᠶᠢᠭᠤᠯᠤᠯᠲᠠ ᠠᠴᠠ ᠣᠷᠣᠵᠤ ᠰᠠᠭᠤᠭᠰᠠᠳ ᠤᠨ ᠡᠷᠡᠭᠦᠯ | ᠪᠣᠯᠪᠠᠰᠤᠨ ᠠᠮᠢᠳᠤᠷᠠᠯ ᠤᠨ ᠠᠷᠭ᠎ᠠ ᠬᠡᠯᠪᠡᠷᠢ᠂ ᠪᠠᠶᠠᠰᠤᠩᠭᠤᠢ ᠥᠭᠡᠳᠡᠷᠬᠡᠭ ᠠᠮᠢᠳᠤᠷᠠᠯ ᠤᠨ ᠣᠪᠣᠷ ᠲᠠᠢ ᠪᠣᠯᠬᠤ ᠶᠢ | ᠢᠳᠡᠪᠬᠢᠲᠡᠢ ᠬᠦᠳᠦᠯᠦᠨ ᠵᠢᠯᠣᠭᠤᠳᠴᠤ᠂ ᠠᠷᠠᠳ ᠤᠯᠠᠨ ᠳᠤ ᠦᠢᠯᠡᠴᠢᠯᠡᠬᠦ ᠳᠤᠮᠳᠠ ᠨᠠᠮ ᠤᠨ ᠭᠡᠰᠢᠭᠦᠨ ᠳᠤ | ᠦᠢᠯᠡᠴᠢᠯᠡᠬᠦ ᠣᠶᠢᠯᠠᠭᠠᠭᠳᠠᠬᠤᠨ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠠᠷᠠᠳ ᠲᠦᠮᠡᠨ ᠳᠤ ᠦᠢᠯᠡᠴᠢᠯᠡᠬᠦ | ᠴᠢᠳᠠᠪᠬᠢ ᠶᠢ ᠲᠠᠰᠤᠷᠠᠯᠲᠠ ᠦᠭᠡᠢ ᠴᠢᠩᠭᠠᠳᠬᠠᠵᠤ᠂ ᠨᠠᠮ ᠪᠠ ᠤᠯᠠᠨ ᠲᠦᠮᠡᠨ ᠤ ᠬᠠᠷᠢᠴᠠᠭ᠎ᠠ ᠶᠢ ᠦᠨᠡᠨᠬᠦ | ᠨᠢᠭᠲᠠᠷᠠᠭᠤᠯᠵᠤ᠂ ᠨᠠᠮ ᠤᠨ ᠲᠦᠷᠦ ᠪᠠᠷᠢᠬᠤ ᠤᠯᠠᠨ ᠲᠦᠮᠡᠨ ᠤ ᠰᠠᠭᠤᠷᠢ ᠶᠢ ᠪᠠᠲᠤᠳᠬᠠᠬᠤ ᠬᠡᠷᠡᠭᠲᠡᠢ᠃ | ᠳᠥᠷᠪᠡᠳᠦᠭᠡᠷ ᠪᠦᠯᠦᠭ ᠬᠦᠷᠦᠩᠭᠡ ᠶᠢᠨ ᠬᠠᠮᠢᠶᠠᠷᠤᠯᠲᠠ | ᠠᠷᠪᠠᠨ ᠨᠠᠢᠮᠠᠳᠣᠭᠠᠷ ᠵᠣᠶᠢᠯ ᠵᠣᠯ ᠵᠢᠷᠭᠠᠯ ᠤᠨ ᠬᠦᠷᠢᠶᠡᠯᠡᠩ ᠤᠨ ᠭᠠᠵᠠᠷ ᠰᠢᠷᠣᠶ᠂ ᠬᠡᠷ ᠪᠠᠶᠢᠰᠢᠩ᠂ ᠢᠵᠢ | ᠪᠥᠷᠢᠳᠦᠭᠦᠯᠬᠦ ᠪᠡᠯᠡᠳᠬᠡᠮᠵᠢ ᠵᠡᠷᠭᠡ ᠵᠠᠰᠠᠭ ᠤᠨ ᠣᠷᠳᠣᠨ ᠠᠴᠠ ᠪᠠᠯᠠ ᠮᠥᠩᠭᠦ ᠭᠠᠷᠭᠠᠵᠤ ᠪᠥᠲᠥᠭᠡᠨ ᠪᠠᠶᠢᠭᠤᠯᠤᠭᠰᠠᠨ | ᠪᠤᠶᠤ ᠬᠤᠳᠠᠯᠳᠤᠨ ᠠᠪᠤᠭᠰᠠᠨ ᠡᠳ᠋ ᠬᠥᠷᠥᠩᠭᠡ ᠪᠣᠯ ᠤᠯᠤᠰ ᠤᠨ ᠥᠮᠴᠢᠯᠡᠯᠲᠦ ᠡᠳ᠋ ᠬᠥᠷᠥᠩᠭᠡ ᠪᠣᠯᠤᠨ᠎ᠠ᠂ | ᠶᠠᠮᠠᠷᠪᠠ ᠨᠢᠭᠡᠴᠡ ᠪᠠ ᠬᠤᠪᠢ ᠬᠥᠮᠦᠨ ᠡᠵᠡᠯᠡᠨ ᠠᠪᠴᠤ ᠪᠣᠯᠬᠤ ᠥᠬᠡᠶ᠃ | ᠠᠷᠪᠠ ᠶᠢᠰᠦᠳᠦᠭᠡᠷ ᠵᠦᠢᠯ ᠵᠣᠯ ᠵᠢᠷᠭᠠᠯ ᠤᠨ ᠬᠦᠷᠢᠶᠡᠯᠡᠩ ᠤᠨ ᠠᠯᠢᠪᠠ ᠠᠯᠪᠠᠨ ᠤ ᠡᠳ᠋ ᠪᠣᠳᠠᠰ ᠢ | ᠬᠦᠷᠢᠶᠡᠯᠡᠩ ᠤᠨ ᠲᠠᠯ᠎ᠠ ᠠᠴᠠ ᠨᠢᠭᠡᠳᠦᠯᠲᠡᠶ ᠪᠠᠷ ᠬᠤᠳᠠᠯᠳᠤᠨ ᠠᠪᠴᠤ᠂ ᠲᠠᠩᠰᠠᠯᠠᠨ ᠳᠡᠪᠲᠡᠷᠯᠡᠭᠰᠡᠨ ᠤ ᠲᠠᠷᠠᠭ᠎ᠠ | ᠨᠢᠭᠡᠳᠦᠯᠲᠡᠶ ᠪᠠᠷ ᠲᠦᠭᠡᠭᠡᠨ ᠥᠭᠭᠦᠨ᠎ᠡ᠃ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠶᠢᠴᠤᠳ ᠨᠡᠶᠢᠲᠡ ᠶᠢᠨ | ᠡᠳ᠋ ᠪᠣᠳᠠᠰ ᠢ ᠤᠬᠠᠮᠰᠠᠷ ᠠᠴᠠ ᠪᠠᠨ ᠬᠠᠶᠢᠷᠠᠯᠠᠨ ᠬᠠᠮᠠᠭᠠᠯᠠᠵᠤ᠂ ᠵᠣᠷᠢᠭᠤᠳᠠ ᠡᠪᠳᠡᠨ ᠰᠦᠢᠳᠬᠡᠭᠰᠡᠨ᠂ | ᠳᠤᠷ᠎ᠠ ᠪᠠᠷ ᠢᠶᠠᠨ ᠬᠤᠳᠠᠯᠳᠤᠭᠰᠠᠨ᠂ ᠬᠤᠪᠢᠷᠠᠭᠤᠯᠤᠨ ᠬᠤᠳᠠᠯᠳᠤᠭᠰᠠᠨ᠂ ᠨᠡᠭᠦᠯᠭᠡᠨ ᠬᠡᠷᠡᠭᠯᠡᠭᠰᠡᠨ ᠪᠠᠶᠢᠪᠠᠯ ᠦᠨ᠎ᠡ | ᠬᠠᠩᠰᠢ ᠪᠠᠷ ᠨᠢ ᠲᠦᠯᠦᠵᠤ ᠥᠭᠬᠦ ᠶᠢᠨ ᠬᠠᠮᠲᠤ ᠰᠢᠭᠦᠮᠵᠢᠯᠡᠯ ᠪᠠ ᠰᠤᠷᠭᠠᠨ ᠬᠥᠮᠦᠵᠢᠯ ᠢ ᠬᠦᠯᠢᠶᠡᠵᠦ᠂ ᠦᠢᠯᠡ | ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠵᠠᠷᠯᠢᠭᠳᠠᠵᠤ ᠪᠠᠶᠢᠭᠠᠳ ᠵᠣᠯ ᠵᠢᠷᠭᠠᠯ ᠤᠨ ᠬᠦᠷᠢᠶᠡᠯᠡᠩ ᠠᠴᠠ ᠨᠡᠭᠦᠯᠭᠡᠨ᠎ᠡ᠃ | | ᠬᠤᠷᠢᠳᠤᠭᠠᠷ ᠵᠦᠢᠯ ᠵᠠᠰᠠᠭ ᠤᠨ ᠣᠷᠳᠣᠨ ᠠᠴᠠ ᠲᠡᠩᠬᠡᠷᠡᠭᠦᠯᠦᠨ ᠲᠤᠰᠠᠯᠠᠭᠰᠠᠨ ᠪᠤᠶᠤ ᠨᠡᠶᠢᠭᠡᠮ ᠲᠤ | ᠲᠣᠭᠲᠠᠭᠰᠠᠨ ᠬᠡᠮᠵᠢᠶ᠎ᠡ ᠪᠠᠷ ᠪᠡᠯᠡᠭᠯᠡᠨ ᠬᠦᠷᠭᠡᠭᠰᠡᠨ ᠠᠮᠢᠳᠤᠷᠠᠯ ᠤᠨ ᠪᠣᠳᠠᠰ ᠢ ᠬᠦᠷᠢᠶᠡᠨ ᠲᠠᠬᠢ ᠨᠠᠰᠤᠲᠠᠶᠢᠴᠤᠳ ᠲᠤ | ᠡᠷᠬᠡ ᠲᠡᠭᠰᠢ᠂ ᠢᠯᠡ᠂ ᠲᠥᠪ ᠭᠤᠣᠯᠴᠢ ᠪᠠᠷ ᠣᠯᠭᠤᠬᠤ ᠬᠡᠷᠡᠭᠲᠡᠶ᠃ ᠬᠠᠨᠳᠤᠯᠭ᠎ᠠ ᠲᠠᠢ ᠪᠠᠷ ᠪᠡᠯᠡᠭᠯᠡᠨ ᠬᠦᠷᠭᠡᠭᠰᠡᠨ | ᠪᠣᠯ ᠪᠡᠯᠡᠭᠯᠡᠨ ᠬᠦᠷᠭᠡᠭᠴᠢ ᠶᠢᠨ ᠬᠦᠰᠡᠯ ᠰᠠᠨᠠᠭ᠎ᠠ ᠪᠠᠷ ᠵᠢᠭᠠᠨ ᠲᠣᠭᠲᠠᠭᠠᠭᠰᠠᠨ ᠡᠲᠡᠭᠡᠳ ᠲᠤ ᠣᠯᠭᠤᠬᠤ ᠬᠡᠷᠡᠭᠲᠡᠶ᠃ | | ᠬᠤᠷᠢᠨ ᠨᠢᠭᠡᠳᠦᠭᠡᠷ ᠵᠦᠢᠯ ᠬᠦ᠋ᠷᠢᠶᠡᠯᠡᠩ ᠤᠨ ᠲᠠᠯ᠎ᠠ ᠠᠴᠠ ᠣᠷᠣᠯᠠᠨ ᠲᠠᠷᠬᠠᠭᠠᠭᠰᠠᠨ ᠵᠣᠭᠤᠰ ᠮᠥᠩᠭᠦ ᠡᠳ᠋ | ᠪᠣᠳᠠᠰ ᠤᠨ ᠲᠠᠯ᠎ᠠ ᠪᠠᠷ᠂ ᠬᠦᠷᠢᠶᠡᠯᠡᠩ ᠤᠨ ᠲᠠᠯ᠎ᠠ ᠠᠴᠠ ᠬᠤᠯᠪᠣᠭᠳᠠᠯ ᠪᠦᠬᠦᠢ ᠲᠠᠩᠰᠠ ᠬᠠᠷ᠎ᠠ ᠶᠢ ᠪᠠᠶᠢᠭᠤᠯᠤᠨ | ᠲᠡᠭᠦᠯᠳᠡᠷᠵᠢᠭᠦᠯᠵᠦ᠂ ᠲᠠᠩᠰᠠ ᠬᠠᠷ᠎ᠠ ᠶᠢ ᠲᠣᠳᠣᠷᠬᠠᠶ ᠪᠣᠯᠭᠠᠵᠤ᠂ ᠪᠦᠷᠢᠨ ᠪᠦᠲᠦᠨ ᠬᠠᠳᠠᠭᠠᠯᠠᠬᠤ ᠬᠡᠷᠡᠭᠲᠡᠶ᠃ | ᠲᠠᠪᠤᠳᠤᠭᠠᠷ ᠪᠦᠯᠦᠭ ᠤᠯᠠᠨ ᠨᠡᠶᠢᠲᠡ ᠶᠢᠨ ᠦᠢᠯᠡᠴᠢᠯᠡᠭᠡ | ᠬᠤᠷᠢᠨ ᠬᠤᠶᠠᠳᠤᠭᠠᠷ ᠵᠦᠢᠯ ᠵᠣᠯ ᠵᠢᠷᠭᠠᠯ ᠤᠨ ᠬᠦᠷᠢᠶᠡᠯᠡᠩ ᠪᠠᠶᠢᠭᠤᠯᠤᠭᠰᠠᠨ ᠭᠠᠴᠠᠭ᠎ᠠ ᠳᠤ᠂ ᠭᠠᠴᠠᠭᠠᠨ ᠤ | ᠨᠠᠮ ᠤᠨ ᠡᠭᠦᠷ ᠪᠠ ᠭᠠᠴᠠᠭᠠᠨ ᠤ ᠠᠷᠠᠳ ᠤᠨ ᠵᠥᠪᠯᠡᠯ ᠢ ᠵᠣᠯ ᠵᠢᠷᠭᠠᠯ ᠤᠨ ᠬᠦᠷᠢᠶᠡᠯᠡᠩ ᠪᠠᠶᠢᠭᠤᠯᠵᠤ᠂ ᠬᠥᠳᠡᠭᠡ | ᠲᠣᠰᠬᠤᠨ ᠤ ᠨᠡᠶᠢᠭᠡᠮ ᠲᠣᠭᠤᠷᠢᠭ ᠤᠨ ᠪᠠᠷᠢᠮᠵᠢᠶ᠎ᠠ ᠪᠠᠷ ᠠᠵᠢᠯᠯᠠᠭᠠᠨ ᠤ ᠲᠠᠯᠠᠪᠤᠷ ᠭᠠᠵᠠᠷ ᠪᠠ ᠠᠯᠪᠠᠨ ᠶᠠᠪᠤᠳᠠᠯ ᠤᠨ | ᠦᠢᠯᠡᠴᠢᠯᠡᠭᠡᠨ ᠤ ᠲᠠᠯᠠᠪᠤᠷ ᠭᠠᠵᠠᠷ ᠢ ᠪᠠᠶᠢᠭᠤᠯᠵᠤ᠂ ᠬᠦᠷᠢᠶᠡᠨ ᠤ ᠳᠣᠲᠣᠷᠠᠬᠢ ᠨᠠᠰᠤᠲᠠᠶᠢᠴᠤᠳ ᠪᠠ ᠡᠷᠬᠢᠨ | ᠲᠣᠭᠤᠷᠢᠨ ᠤ ᠰᠠᠭᠤᠭᠠᠯᠢ ᠠᠷᠠᠳ ᠲᠤ ᠤᠯᠠᠨ ᠨᠡᠶᠢᠲᠡ ᠶᠢᠨ ᠦᠢᠯᠡᠴᠢᠯᠡᠭᠡ ᠪᠠ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡ ᠬᠠᠩᠭᠠᠬᠤ ᠬᠡᠷᠡᠭᠲᠡᠶ᠃ ᠦᠨᠳᠦᠰᠦᠨ ᠦᠢᠯᠡᠴᠢᠯᠡᠭᠡᠨ ᠤ ᠠᠭᠤᠯᠭ᠎ᠠ ᠨᠢ᠄ | ᠶᠡᠷᠦᠩᠬᠡᠶᠢᠯᠡᠭᠰᠡᠨ ᠦᠢᠯᠡᠴᠢᠯᠡᠭᠡᠨ ᠤ ᠣᠷᠣᠯᠠᠨ ᠭᠦᠢᠴᠡᠳᠭᠡᠬᠦ ᠴᠡᠭ ᠭᠠᠷᠭᠠᠵᠤ᠂ ᠵᠣᠯ ᠵᠢᠷᠭᠠᠯ ᠤᠨ ᠬᠦᠷᠢᠶᠡᠯᠡᠩ | ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠠᠵᠢᠯ ᠶᠠᠪᠤᠳᠠᠯ ᠭᠦᠢᠴᠡᠳᠭᠡᠬᠦ᠂ ᠣᠯᠠᠨ ᠨᠡᠶᠢᠲᠡ ᠶᠢᠨ | ᠦᠢᠯᠡᠴᠢᠯᠡᠭᠡᠨ ᠤ ᠰᠦᠢᠳᠭᠯ ᠲᠤᠰᠢᠶᠠᠬᠤ ᠳᠤ ᠲᠥᠬᠦᠮ ᠦᠵᠡᠭᠦᠯᠦᠨ᠎ᠡ᠃ | ᠨᠡᠶᠢᠲᠡ ᠶᠢᠨ ᠤᠬᠢᠶᠠᠯᠭ᠎ᠠ ᠶᠢᠨ ᠭᠡᠷ᠂ ᠦᠰᠦ ᠵᠠᠰᠠᠬᠤ ᠭᠡᠷ ᠭᠠᠷᠭᠠᠵᠤ᠂ ᠬᠤᠪᠢ ᠬᠥᠮᠦᠨ ᠤ ᠡᠷᠡᠭᠦᠯ | ᠬᠠᠮᠠᠭᠠᠯᠠᠯ ᠤᠨ ᠦᠢᠯᠡᠴᠢᠯᠡᠭᠡ ᠬᠠᠩᠭᠠᠨ᠎ᠠ᠃ | ᠵᠠᠬ᠎ᠠ ᠳᠡᠯᠭᠡᠭᠦᠷᠴᠢᠯᠡᠭᠰᠡᠨ ᠠᠵᠢᠯᠯᠠᠭᠠᠨ ᠤ ᠲᠣᠭᠲᠠᠴᠠ ᠪᠠ ᠵᠠᠰᠠᠭ ᠤᠨ ᠣᠷᠳᠣᠨ ᠤ ᠦᠢᠯᠡᠴᠢᠯᠡᠭᠡ ᠬᠤᠳᠠᠯᠳᠤᠨ | ᠠᠪᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠷᠠᠳ ᠲᠤ ᠲᠥᠬᠦᠮ ᠦᠵᠡᠭᠦᠯᠬᠦ ᠵᠢᠵᠢᠭ ᠬᠤᠭᠤᠯᠠᠨ ᠲᠢᠩᠬᠢᠮ | ᠪᠠᠶᠢᠭᠤᠯᠵᠤ᠂ ᠲᠥᠯᠥᠪᠦᠷᠢ ᠪᠠᠭᠠᠲᠠᠶ ᠢᠳᠡᠭᠡᠨ ᠤᠮᠳᠠᠭᠠᠨ ᠤ ᠦᠢᠯᠡᠴᠢᠯᠡᠭᠡ ᠬᠠᠩᠭᠠᠨ᠎ᠠ᠃ | ᠡᠷᠡᠭᠦᠯ ᠬᠠᠮᠠᠭᠠᠯᠠᠯ ᠤᠨ ᠲᠠᠰᠤᠭ ᠭᠠᠷᠭᠠᠵᠤ᠂ ᠲᠡᠭᠦᠨ ᠢ ᠰᠢᠶᠠᠩ ᠪᠠᠯᠭᠠᠰᠤᠨ ᠤ ᠡᠷᠡᠭᠦᠯ ᠬᠠᠮᠠᠭᠠᠯᠠᠯ ᠤᠨ | ᠬᠤᠷᠢᠶ᠎ᠠ ᠶᠢᠨ ᠦᠢᠯᠡᠴᠢᠯᠡᠭᠡᠨ ᠤ ᠴᠡᠭ ᠪᠣᠯᠭᠠᠵᠤ᠂ ᠰᠢᠨ᠎ᠡ ᠮᠠᠶ᠋ᠢᠭ ᠤᠨ ᠬᠤᠷᠰᠢᠭᠰᠠᠨ ᠡᠮᠨᠡᠯᠭᠡ ᠶᠢᠨ ᠲᠠᠩᠰᠠ | ᠲᠠᠶᠢᠯᠬᠤ ᠬᠡᠪᠴᠢᠶᠡᠨ ᠳᠤ ᠣᠷᠣᠭᠤᠯᠤᠨ᠂ ᠪᠠᠶᠢᠩᠭᠤ ᠰᠠᠭᠤᠭ᠎ᠠ ᠡᠮᠴᠢ ᠶᠢᠨ ᠵᠣᠯ ᠵᠢᠷᠭᠠᠯ ᠤᠨ ᠬᠦᠷᠢᠶᠡᠯᠡᠩ᠂ | ᠲᠥᠬᠦᠮ ᠦᠵᠡᠭᠦᠯᠬᠦ ᠵᠣᠯ ᠵᠢᠷᠭᠠᠯ ᠤᠨ ᠬᠦᠷᠢᠶᠡᠯᠡᠩ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠢ ᠲᠣᠮᠢᠯᠠᠨ | ᠰᠠᠭᠤᠯᠭᠠᠵᠤ ᠴᠠᠭ ᠲᠤᠬᠠᠶ ᠳᠤᠨᠢ ᠡᠮᠨᠡᠭᠦᠯᠬᠦ ᠬᠡᠷᠡᠭᠲᠡᠶ᠃ | ᠨᠣᠮ ᠪᠢᠴᠢᠭ ᠤᠨ ᠤᠩᠰᠢᠯᠭ᠎ᠠ ᠶᠢᠨ ᠲᠡᠰᠤᠬ ᠪᠠ ᠰᠣᠶᠣᠯ ᠤᠨ ᠠᠵᠢᠯᠯᠠᠭᠠᠨ ᠤ ᠲᠡᠰᠤᠬ ᠭᠠᠷᠭᠠᠵᠤ᠂ ᠲᠡᠭᠤ | ᠴᠢᠮᠡᠭᠡ᠂ ᠲᠧᠯᠸᠢᠰ᠂ ᠰᠢᠳᠡᠷ᠎ᠠ ᠶᠢᠨ ᠫᠠᠢ ᠵᠡᠷᠭᠡ ᠴᠢᠬᠤᠯᠠ ᠪᠦᠬᠦᠢ ᠲᠥᠬᠦᠭᠡᠷᠦᠮᠵᠢ ᠶᠢ ᠲᠣᠬᠢᠷᠠᠭᠤᠯᠵᠤ᠂ | ᠰᠣᠶᠣᠯ ᠤᠨ ᠦᠢᠯᠡᠴᠢᠯᠡᠭᠡ ᠬᠠᠩᠭᠠᠨ᠎ᠠ᠃ | ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠠᠯᠠᠪᠤᠷ ᠭᠠᠵᠠᠷ ᠪᠠ ᠲᠠᠯᠠᠪᠤᠷ ᠭᠠᠵᠠᠷ ᠳᠣᠭᠢᠷᠠᠭᠤᠯᠵᠤ᠂ ᠴᠢᠬᠤᠯᠠ | ᠪᠥᠬᠦᠶ ᠪᠡᠶ᠎ᠡ ᠴᠢᠭᠢᠷᠠᠭᠵᠢᠭᠤᠯᠬᠤ ᠪᠠᠭᠠᠵᠢ ᠬᠡᠷᠡᠭᠰᠡᠯ ᠢ ᠳᠣᠭᠢᠷᠠᠭᠤᠯᠤᠨ᠂ ᠨᠠᠰᠤᠲᠠᠶᠢᠴᠤᠳ ᠵᠢᠴᠢ ᠡᠷᠬᠢᠨ | ᠲᠣᠭᠤᠷᠢᠨ ᠤ ᠰᠠᠭᠤᠭᠠᠯᠢ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠥᠷᠨᠢᠭᠦᠯᠬᠦ ᠳᠤ ᠲᠥᠬᠦᠮ | ᠦᠵᠡᠭᠦᠯᠦᠨ᠎ᠡ᠃ | ᠠᠷᠠᠳ ᠲᠤ ᠲᠥᠬᠦᠮ ᠦᠵᠡᠭᠦᠯᠬᠦ ᠬᠡᠲᠦ ᠳᠡᠯᠭᠡᠭᠦᠷ ᠭᠠᠷᠭᠠᠵᠤ᠂ ᠵᠣᠯ ᠵᠢᠷᠭᠠᠯ ᠤᠨ ᠬᠦᠷᠢᠶᠡᠯᠡᠩ ᠤᠨ | ᠨᠠᠰᠤᠲᠠᠶᠢᠴᠤᠳ ᠵᠢᠴᠢ ᠡᠷᠬᠢᠨ ᠲᠣᠭᠤᠷᠢᠨ ᠤ ᠰᠠᠭᠤᠭᠠᠯᠢ ᠠᠷᠠᠳ ᠤᠨ ᠪᠠᠷᠠᠭ᠎ᠠ ᠬᠤᠳᠠᠯᠳᠤᠨ ᠠᠪᠬᠤ ᠳᠤ ᠲᠥᠬᠦᠮ | ᠦᠵᠡᠭᠦᠯᠦᠨ᠎ᠡ᠃ | ᠵᠢᠷᠭᠤᠳᠤᠭᠠᠷ ᠪᠦᠯᠦᠭ ᠪᠠᠲᠤᠯᠠᠭ᠎ᠠ ᠶᠢᠨ ᠠᠷᠭ᠎ᠠ ᠬᠡᠮᠵᠢᠶ᠎ᠡ | ᠬᠤᠷᠢᠨ ᠭᠤᠷᠪᠠᠳᠤᠭᠠᠷ ᠵᠦᠢᠯ ᠲᠣᠮᠢᠯᠠᠭᠳᠠᠭᠰᠠᠨ ᠪᠤᠶᠤ ᠤᠷᠢᠨ ᠬᠡᠷᠡᠭᠯᠡᠭᠰᠡᠨ ᠵᠣᠯ ᠵᠢᠷᠭᠠᠯ ᠤᠨ ᠬᠦᠷᠢᠶᠡᠯᠡᠩ | ᠤᠨ ᠬᠠᠮᠢᠶᠠᠷᠤᠯᠲᠠ ᠦᠢᠯᠡᠴᠢᠯᠡᠭᠡᠨ ᠤ ᠠᠵᠢᠯᠳᠠᠨ ᠲᠤ ᠬᠥᠳᠡᠯᠮᠦᠷᠢ ᠶᠢᠨ ᠬᠥᠯᠥᠰᠥ ᠣᠯᠭᠤᠮᠵᠢ ᠣᠯᠭᠤᠬᠤ ᠬᠡᠷᠡᠭᠲᠡᠶ᠃ | | ᠬᠤᠷᠢᠨ ᠳᠥᠷᠪᠡᠳᠦᠭᠡᠷ ᠵᠣᠶᠢᠯ ᠵᠣᠯ ᠵᠢᠷᠭᠠᠯ ᠤᠨ ᠬᠦᠷᠢᠶᠡᠯᠡᠩ ᠤᠨ ᠡᠳ᠋ ᠤᠨ ᠶᠠᠪᠤᠳᠠᠯ ᠢ ᠰᠢᠶᠠᠩ ᠪᠠᠯᠭᠠᠰᠤ ︵ | ᠰᠤᠮᠤ︶ ᠶᠢᠨ ᠠᠷᠠᠳ ᠤᠨ ᠵᠠᠰᠠᠭ ᠤᠨ ᠣᠷᠳᠣᠨ ᠠᠴᠠ ᠨᠢᠭᠡᠳᠦᠯᠲᠡᠶ ᠬᠠᠮᠢᠶᠠᠷᠤᠨ᠎ᠠ᠃ | ᠬᠤᠰᠢᠭᠤ ︵ᠰᠢᠶᠠᠨ᠂ ᠬᠤᠲᠠ︶ ᠶᠢᠨ ᠱᠠᠲᠤᠨ ᠤ ᠡᠳ᠋ ᠤᠨ ᠵᠠᠰᠠᠭ ᠨᠢ ︽ᠵᠣᠯ ᠵᠢᠷᠭᠠᠯ ᠤᠨ ᠬᠦᠷᠢᠶᠡᠯᠡᠩ ᠤᠨ | ᠣᠯᠠᠨ ᠨᠡᠶᠢᠲᠡ ᠶᠢᠨ ᠪᠡᠯᠡᠳᠬᠡᠮᠵᠢ ᠶᠢᠨ ᠡᠳᠦᠷ ᠲᠤᠲᠤᠮ ᠤᠨ ᠠᠷᠠᠴᠢᠯᠠᠨ ᠬᠠᠮᠠᠭᠠᠯᠠᠬᠤ ᠪᠠ ᠰᠡᠯᠪᠢᠨ ᠵᠠᠰᠠᠬᠤ | ᠰᠠᠭᠤᠷᠢ ᠮᠥᠩᠭᠦ︾ ᠶᠢ ᠪᠠᠶᠢᠭᠤᠯᠬᠤ ᠶᠢᠨ ᠬᠠᠮᠲᠤ᠂ ᠬᠤᠲᠠ ᠪᠠ ᠬᠤᠰᠢᠭᠤ ᠰᠢᠶᠠᠨ ᠤ ᠡᠳ᠋ ᠤᠨ ᠵᠠᠰᠠᠭ ᠤᠨ ᠣᠨ ᠤ | ᠲᠥᠰᠦᠪ ᠲᠤ ᠣᠷᠣᠭᠤᠯᠬᠤ ᠬᠡᠷᠡᠭᠲᠡᠶ᠃ ᠲᠤᠬᠠᠶ ᠶᠢᠨ ᠵᠢᠯ ᠳᠤ ᠬᠡᠷᠡᠭᠯᠡᠭᠰᠡᠨ ᠥᠬᠡᠶ ᠪᠠᠶᠢᠪᠠᠯ ᠳᠠᠷᠠᠭ᠎ᠠ ᠵᠢᠯ ᠳᠤ | ᠳ᠋ᠦᠩᠨᠡᠨ ᠰᠢᠯᠵᠢᠭᠦᠯᠵᠦ ᠬᠡᠷᠡᠭᠯᠡᠵᠦ ᠪᠣᠯᠤᠨ᠎ᠠ᠃ ᠡᠳᠦᠷ ᠲᠤᠲᠤᠮ ᠤᠨ ᠬᠠᠮᠠᠭᠠᠯᠠᠯᠲᠠ ᠪᠠ ᠰᠡᠯᠪᠢᠨ ᠵᠠᠰᠠᠯᠲᠠ ᠶᠢ | ᠰᠢᠶᠠᠩ ᠪᠠᠯᠭᠠᠰᠤ ︵ᠰᠤᠮᠤ︶ ᠶᠢᠨ ᠠᠷᠠᠳ ᠤᠨ ᠵᠠᠰᠠᠭ ᠤᠨ ᠣᠷᠳᠣᠨ ᠠᠴᠠ ᠲᠤᠰᠬᠠᠶ ᠬᠥᠮᠦᠨ ᠵᠢᠭᠠᠨ ᠲᠣᠭᠲᠠᠭᠠᠵᠤ | ᠬᠠᠷᠢᠭᠤᠴᠠᠭᠤᠯᠬᠤ ᠪᠤᠶᠤ ᠭᠠᠴᠠᠭᠠᠨ ᠤ ᠠᠷᠠᠳ ᠤᠨ ᠵᠥᠪᠯᠡᠯ ᠳᠤ ᠨᠠᠶᠢᠳᠠᠵᠤ ᠵᠣᠬᠢᠶᠠᠨ ᠪᠠᠶᠢᠭᠤᠯᠤᠨ | ᠶᠠᠪᠤᠭᠳᠠᠭᠤᠯᠤᠨ᠎ᠠ᠃ | ᠵᠣᠯ ᠵᠢᠷᠭᠠᠯ ᠤᠨ ᠬᠦᠷᠢᠶᠡᠯᠡᠩ ᠢ ᠶᠡᠭᠡ ᠬᠡᠪᠴᠢᠶ᠎ᠡ ᠪᠠᠷ ᠥᠭᠡᠷᠡᠴᠢᠯᠡᠬᠦ ᠪᠠ ᠰᠡᠯᠪᠢᠨ ᠵᠠᠰᠠᠬᠤ ᠲᠤ ︽ᠨᠢᠭᠡ | ᠤᠴᠢᠷ ᠶᠠᠪᠤᠳᠠᠯ ᠢ ᠨᠢᠭᠡ ᠵᠥᠪᠯᠡᠬᠦ︾ ᠠᠷᠭ᠎ᠠ ᠮᠠᠶ᠋ᠢᠭ ᠢ ᠠᠪᠴᠤ᠂ ᠰᠢᠶᠠᠩ ᠪᠠᠯᠭᠠᠰᠤ ︵ᠰᠤᠮᠤ︶ ᠶᠢᠨ ᠠᠷᠠᠳ ᠤᠨ | ᠵᠠᠰᠠᠭ ᠤᠨ ᠣᠷᠳᠣᠨ ᠠᠴᠠ ᠪᠣᠳᠠᠲᠤ ᠬᠡᠷᠡᠭᠴᠡᠭᠡ ᠶᠢ ᠦᠨᠳᠦᠰᠦᠯᠡᠨ ᠥᠭᠡᠷᠡᠴᠢᠯᠡᠬᠦ᠂ ᠰᠡᠯᠪᠢᠨ ᠵᠠᠰᠠᠬᠤ ᠲᠥᠯᠥᠪᠯᠡᠭᠡ | ᠪᠣᠯᠤᠨ ᠪᠡᠯᠡ ᠮᠥᠩᠭᠦ ᠶᠢᠨ ᠲᠥᠰᠦᠪ ᠬᠢᠵᠦ᠂ ᠬᠤᠰᠢᠭᠤ ︵ᠰᠢᠶᠠᠨ᠂ ᠬᠤᠳᠠ︶ ᠶᠢᠨ ᠠᠷᠠᠳ ᠤᠨ ᠵᠠᠰᠠᠭ ᠤᠨ | ᠣᠷᠳᠣᠨ ᠲᠤ ᠮᠡᠳᠡᠭᠦᠯᠵᠦ ᠬᠢᠨᠠᠨ ᠵᠥᠪᠰᠢᠶᠡᠷᠡᠭᠦᠯᠦᠭᠡᠳ᠂ ᠬᠤᠰᠢᠭᠤ ︵ᠰᠢᠶᠠᠨ᠂ ᠬᠤᠳᠠ︶ ᠶᠢᠨ ᠠᠷᠡᠳ ᠤᠨ | ᠵᠠᠰᠠᠭ ᠠᠴᠠ ᠬᠤᠰᠢᠭᠤ ︵ᠰᠢᠶᠠᠨ᠂ ᠬᠤᠳᠠ︶ ᠶᠢᠨ ᠵᠠᠰᠠᠭ ᠤᠨ ᠣᠷᠳᠣᠨ ᠤ ᠵᠥᠪᠰᠢᠶᠡᠷᠡᠭᠰᠡᠨ ᠥᠭᠡᠷᠡᠴᠢᠯᠡᠬᠦ | ᠬᠡᠪᠴᠢᠶ᠎ᠡ ᠪᠣᠯᠤᠨ ᠪᠡᠯᠡ ᠮᠥᠩᠭᠦ ᠶᠢᠨ ᠲᠥᠰᠦᠪ ᠢ ᠦᠨᠳᠦᠰᠦᠯᠡᠨ ᠥᠭᠡᠷᠡᠴᠢᠯᠡᠬᠦ ᠪᠠ ᠰᠡᠯᠪᠢᠨ ᠵᠠᠰᠠᠬᠤ ᠪᠡᠯᠡ | ᠮᠥᠩᠭᠦ ᠰᠠᠯᠭᠠᠨ ᠥᠭᠬᠦ ᠬᠡᠷᠡᠭᠲᠡᠶ᠃ ᠵᠣᠯ ᠵᠢᠷᠭᠠᠯ ᠤᠨ ᠬᠦᠷᠢᠶᠡᠯᠡᠩ ᠢ ᠶᠡᠭᠡ ᠬᠡᠪᠴᠢᠶ᠎ᠡ ᠪᠠᠷ ᠥᠭᠡᠷᠡᠴᠢᠯᠡᠬᠦ ᠪᠠ | ᠰᠡᠯᠪᠢᠨ ᠵᠠᠰᠠᠬᠤ ᠶᠢ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ | ᠬᠡᠷᠡᠭᠵᠢᠭᠦᠯᠦᠨ᠎ᠡ᠃ | ᠵᠣᠯ ᠵᠢᠷᠭᠠᠯ ᠤᠨ ᠬᠦᠷᠢᠶᠡᠯᠡᠩ ᠢ ᠥᠭᠡᠷᠡᠴᠢᠯᠡᠬᠦ ᠪᠠ ᠰᠡᠯᠪᠢᠨ ᠵᠠᠰᠠᠬᠤ ᠠᠵᠢᠯ ᠢ ᠪᠠᠰᠠ ᠲᠠᠷᠢᠶᠠᠯᠠᠩ ᠳᠤ | ᠬᠤᠯᠪᠣᠭᠳᠠᠬᠤ ᠰᠠᠯᠠᠭ᠎ᠠ ᠮᠥᠴᠢᠷ ᠤᠨ ᠲᠣᠬᠢᠷᠠᠭᠤᠯᠤᠭᠰᠠᠨ ᠵᠦᠢᠯᠡᠰ ᠢᠶᠠᠷ ᠳᠠᠮᠵᠢᠭᠤᠯᠤᠨ ᠰᠢᠢᠳᠪᠣᠷᠢᠯᠡᠵᠦ ᠪᠣᠯᠤᠨ᠎ᠠ᠃ | | ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠦᠢᠯᠡᠴᠢᠯᠡᠭᠡᠨ ᠤ ᠵᠠᠷᠤᠳᠠᠯ ᠢ ᠬᠤᠲᠠ ᠪᠣᠯᠤᠨ ᠬᠤᠰᠢᠭᠤ | ᠰᠢᠶᠠᠨ ᠤ ᠡᠳ᠋ ᠤᠨ ᠵᠠᠰᠠᠭ ᠤᠨ ᠣᠨ ᠤ ᠲᠥᠰᠦᠪ ᠲᠤ ᠵᠢᠭᠰᠠᠭᠠᠨ ᠬᠠᠮᠢᠶᠠᠷᠤᠯᠲᠠ ᠦᠢᠯᠡᠴᠢᠯᠡᠭᠡᠨ ᠤ ᠰᠦᠢᠳᠭᠡᠯ ᠳᠤ | ᠵᠣᠯ ᠵᠢᠷᠭᠠᠯ ᠤᠨ ᠬᠦᠷᠢᠶᠡᠯᠡᠩ ᠤᠨ ᠠᠯᠪᠠᠨ ᠵᠠᠷᠤᠳᠠᠯ᠂ ᠬᠠᠮᠢᠶᠠᠷᠤᠯᠲᠠ ᠦᠢᠯᠴᠢᠯᠡᠭᠡᠨ ᠤ ᠠᠵᠢᠯᠲᠠᠨ ᠤ | ᠬᠥᠳᠡᠯᠮᠦᠷᠢ ᠶᠢᠨ ᠬᠥᠯᠥᠰᠥ ᠣᠯᠭᠤᠮᠵᠢ ᠪᠠ ᠬᠤᠭ ᠨᠣᠪᠰᠢ ᠶᠢ ᠴᠡᠪᠡᠷᠯᠡᠨ ᠲᠡᠭᠡᠭᠡᠪᠦᠷᠢᠯᠡᠬᠦ ᠵᠡᠷᠭᠡ ᠵᠠᠷᠤᠳᠠᠯ ᠪᠠᠭᠲᠠᠨ᠎ᠠ | ᠃ ᠠᠯᠪᠠᠨ ᠠᠵᠢᠯ ᠤᠨ ᠵᠠᠷᠤᠳᠠᠯ ᠢ ᠭᠤᠤᠯᠳᠠᠭᠤ ᠡᠮᠨᠡᠯᠭᠡ ᠶᠢᠨ ᠬᠤᠷᠢᠶ᠎ᠠ ᠶᠢᠨ ᠡᠳᠦᠷ ᠲᠤᠲᠤᠮ ᠤᠨ ᠠᠯᠪᠠᠨ | ᠠᠵᠢᠯ ᠤᠨ ᠵᠠᠷᠤᠯᠭ᠎ᠠ ᠪᠠ ᠣᠯᠠᠨ ᠨᠡᠶᠢᠲᠡ ᠶᠢᠨ ᠦᠢᠯᠡᠴᠢᠯᠡᠭᠡᠨ ᠳᠤ ᠬᠡᠷᠡᠭᠯᠡᠬᠦ ᠬᠡᠷ ᠪᠠᠶᠢᠰᠢᠩ ᠤᠨ ᠤᠰᠤ᠂ | ᠴᠠᠬᠢᠯᠭᠠᠨ᠂ ᠳᠤᠯᠠᠭᠠᠯᠠᠭ᠎ᠠ ᠵᠡᠷᠭᠡ ᠲᠥᠷᠥᠯ ᠵᠣᠶᠢᠯ ᠤᠨ ᠵᠠᠷᠤᠯᠭ᠎ᠠ ᠳᠤ ᠬᠡᠷᠡᠭᠯᠡᠨ᠎ᠡ᠃ ᠬᠠᠮᠢᠶᠠᠷᠤᠯᠲᠠ | ᠦᠢᠯᠡᠴᠢᠯᠡᠭᠡᠨ ᠤ ᠠᠵᠢᠯᠲᠠᠨ ᠤ ᠬᠥᠳᠡᠯᠮᠦᠷᠢ ᠶᠢᠨ ᠬᠥᠯᠥᠰᠥ ᠣᠯᠭᠤᠮᠵᠢ ᠶᠢ ᠬᠠᠮᠢᠶᠠᠷᠤᠯᠲᠠ ᠦᠢᠯᠡᠴᠢᠯᠡᠭᠡᠨ ᠤ | ᠠᠵᠢᠯᠲᠠᠨ ᠤ ᠴᠠᠯᠢᠩ ᠪᠠ ᠨᠥᠬᠦᠪᠥᠷᠢ ᠵᠠᠷᠤᠯᠭ᠎ᠠ ᠳᠤ ᠬᠡᠷᠡᠭᠯᠡᠨ᠎ᠡ᠃ ᠬᠤᠷᠢᠶᠠᠨ ᠳᠠᠷᠤᠭ᠎ᠠ ᠶᠢᠨ ᠴᠠᠯᠢᠩ ᠢ | ᠭᠠᠴᠠᠭᠠᠨ ᠤ ᠨᠠᠮ ᠤᠨ ᠡᠭᠦᠷ ᠤᠨ ᠱᠦᠵᠢ ᠪᠤᠶᠤ ᠭᠠᠴᠠᠭᠠᠨ ᠤ ᠡᠷᠬᠢᠯᠡᠭᠴᠢ ᠶᠢᠨ ᠬᠠᠷᠠᠭᠠᠯᠵᠠᠯ ᠤᠨ ᠪᠠᠷᠢᠮᠵᠢᠶ᠎ᠠ ᠪᠠᠷ | ᠬᠡᠷᠡᠭᠵᠢᠭᠦᠯᠦᠨ᠎ᠡ᠃ ᠪᠤᠰᠤᠳ ᠦᠢᠯᠡᠴᠢᠯᠡᠭᠡ ᠬᠠᠮᠢᠶᠠᠷᠤᠭᠴᠢ ᠶᠢᠨ ᠬᠠᠷᠠᠭᠠᠯᠵᠠᠯ ᠢ ᠰᠤᠮᠤ ᠪᠠᠯᠭᠠᠰᠤᠨ ᠤ ᠠᠷᠠᠳ ᠤᠨ | ᠵᠠᠰᠠᠭ ᠤᠨ ᠣᠷᠳᠣᠨ ᠠᠴᠠ ᠬᠢᠨᠠᠨ ᠲᠣᠭᠲᠠᠭᠠᠨ᠎ᠠ᠃ ᠵᠣᠯ ᠵᠢᠷᠭᠠᠯ ᠤᠨ ᠬᠦᠷᠢᠶᠡᠯᠡᠩ ᠳᠤ ᠤᠴᠢᠷ ᠶᠠᠪᠤᠳᠠᠯ ᠢ | ᠬᠠᠮᠢᠶᠠᠷᠬᠤ ᠬᠥᠮᠦᠨ ᠲᠠᠢ᠂ ᠤᠴᠢᠷ ᠶᠠᠪᠤᠳᠠᠯ ᠢ ᠪᠦᠲᠦᠭᠡᠬᠦ ᠵᠣᠭᠤᠰ ᠲᠠᠢ᠂ ᠤᠷᠤᠭᠰᠢᠲᠠᠶ ᠠᠵᠢᠯᠯᠠᠬᠤ ᠶᠢ ᠦᠨᠡᠨ ᠬᠦ | ᠪᠠᠲᠤᠯᠠᠬᠤ ᠬᠡᠷᠡᠭᠲᠡᠶ᠃ | ᠵᠣᠯ ᠵᠢᠷᠭᠠᠯ ᠤᠨ ᠬᠦᠷᠢᠶᠡᠯᠡᠩ ᠤᠨ ᠣᠯᠠᠨ ᠨᠡᠶᠢᠲᠡ ᠶᠢᠨ ᠪᠡᠯᠡᠳᠬᠡᠮᠵᠢ ᠶᠢᠨ ᠡᠳᠦᠷ ᠲᠤᠲᠤᠮ ᠤᠨ ᠠᠷᠠᠴᠢᠯᠠᠨ | ᠬᠠᠮᠠᠭᠠᠯᠠᠬᠤ᠂ ᠰᠡᠯᠪᠢᠨ ᠵᠠᠰᠠᠬᠤ ᠰᠠᠭᠤᠷᠢ ᠮᠥᠩᠭᠦ ᠪᠠ ᠬᠠᠮᠢᠶᠠᠷᠤᠯᠲᠠ ᠦᠢᠯᠡᠴᠢᠯᠡᠭᠡᠨ ᠤ ᠵᠠᠷᠤᠳᠠᠯ ᠢ ᠪᠣᠳᠠᠲᠠᠶ | ᠣᠷᠣᠵᠤ ᠰᠠᠭᠤᠭᠰᠠᠨ ᠡᠷᠦᠬᠡ ᠪᠦᠷᠢ ᠶᠢᠨ ᠵᠢᠯ ᠪᠦᠷᠢ ᠶᠢᠨ 500 ᠲᠥᠭᠦᠷᠢᠭ ᠤᠨ ᠪᠠᠷᠢᠮᠵᠢᠶ᠎ᠠ ᠪᠠᠷ ᠲᠥᠰᠦᠪᠯᠡᠵᠦ᠂ | ᠡᠭᠦᠨ ᠳᠤ ᠬᠤᠲᠠ ᠶᠢᠨ ᠡᠳ᠋ ᠤᠨ ᠵᠠᠰᠠᠭ ᠨᠢ ᠡᠷᠦᠬᠡ ᠪᠦᠷᠢ ᠶᠢᠨ ᠵᠢᠯ ᠪᠦᠷᠢ ᠶᠢᠨ 200 ᠲᠥᠭᠦᠷᠢᠭ ᠤᠨ | ᠲᠥᠰᠦᠪ ᠢᠶᠠᠷ ᠲᠥᠰᠦᠪᠯᠡᠵᠦ᠂ ᠬᠤᠰᠢᠭᠤ ᠰᠢᠶᠠᠨ ᠤ ᠡᠳ᠋ ᠤᠨ ᠵᠠᠰᠠᠭ ᠨᠢ ᠡᠷᠦᠬᠡ ᠪᠦᠷᠢ ᠶᠢᠨ ᠵᠢᠯ ᠪᠦᠷᠢ ᠶᠢᠨ | 300 ᠲᠥᠭᠦᠷᠢᠭ ᠤᠨ ᠲᠥᠰᠦᠪ ᠢᠶᠠᠷ ᠲᠥᠰᠦᠪᠯᠡᠨ᠎ᠡ᠃ ᠲᠡᠷᠡᠴᠢᠯᠡᠨ ᠠᠵᠤ ᠠᠬᠤᠶ ᠶᠢᠨ ᠬᠥᠭᠵᠢᠯᠲᠡ ᠶᠢᠨ ᠬᠢᠷᠢ | ᠬᠡᠮᠵᠢᠶ᠎ᠡ ᠪᠠ ᠪᠣᠳᠠᠲᠤ ᠬᠡᠷᠡᠭᠴᠡᠭᠡ ᠶᠢ ᠳᠠᠭᠠᠯᠳᠤᠨ ᠵᠢᠯ ᠳᠠᠷᠠᠭᠠᠯᠠᠨ ᠳᠡᠭᠡᠭᠰᠢᠯᠡᠵᠦ ᠪᠠᠶᠢᠨ᠎ᠠ᠃ | ᠬᠤᠷᠢᠨ ᠲᠠᠪᠤᠳᠤᠭᠠᠷ ᠵᠦᠢᠯ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠨ ᠤ ᠡᠳᠦᠷ ᠲᠤᠳᠤᠮ ᠤᠨ ᠬᠤᠪᠢ | ᠬᠥᠮᠦᠨ ᠤ ᠠᠮᠢᠳᠤᠷᠠᠯ ᠳᠤ ᠬᠡᠷᠡᠭᠰᠡᠬᠦ ᠤᠰᠤ᠂ ᠴᠠᠬᠢᠯᠭᠠᠨ᠂ ᠳᠤᠯᠠᠭᠠᠯᠠᠭ᠎ᠠ᠂ ᠮᠡᠳᠡᠭᠡ ᠬᠤᠯᠪᠣᠭ᠎ᠠ᠂ ᠠᠳᠠᠯ | ᠠᠬᠤᠶ ᠶᠢᠨ ᠬᠠᠮᠢᠶᠠᠷᠤᠯᠲᠠ᠂ ᠭᠡᠷ ᠳᠣᠲᠣᠷᠠᠬᠢ ᠵᠢᠵᠢᠭ ᠬᠡᠯᠪᠡᠷᠢ ᠶᠢᠨ ᠰᠡᠯᠪᠢᠨ ᠵᠠᠰᠠᠯᠲᠠ ᠵᠡᠷᠭᠡ ᠬᠤᠪᠢ ᠬᠥᠮᠦᠨ ᠤ | ᠡᠭᠦᠷᠭᠡᠯᠡᠪᠡᠰᠦ ᠵᠣᠬᠢᠬᠤ ᠵᠠᠷᠤᠳᠠᠯ ᠢ ᠡᠮᠨᠡᠯᠭᠡ ᠶᠢᠨ ᠬᠤᠷᠢᠶᠠᠨ ᠤ ᠳᠣᠲᠣᠷᠠᠬᠢ ᠨᠠᠰᠤᠲᠠᠨ ᠥᠪᠡᠷ ᠢᠶᠠᠨ ᠪᠤᠶᠤ ᠠᠴᠢᠯᠠᠨ | ᠲᠡᠵᠢᠭᠡᠭᠴᠢ ᠡᠭᠦᠷᠭᠡᠯᠡᠨ᠎ᠡ᠃ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠠᠵᠢᠯ ᠲᠦᠷᠦᠯ ᠢᠶᠠᠷ ᠢᠶᠠᠨ | ᠬᠠᠪᠰᠤᠷᠤᠨ ᠲᠡᠳᠬᠦᠬᠦ ᠪᠠ ᠬᠠᠨᠳᠤᠯᠭ᠎ᠠ ᠲᠠᠢ ᠪᠠᠷ ᠪᠡᠯᠡᠭᠯᠡᠨ᠎ᠡ᠃ | ᠬᠤᠷᠢᠨ ᠵᠢᠷᠭᠤᠳᠤᠭᠠᠷ ᠵᠦᠢᠯ ᠨᠡᠢᠭᠡᠮ ᠤᠨ ᠪᠠᠲᠤᠯᠠᠭ᠎ᠠ ᠪᠠ ᠨᠡᠢᠭᠡᠮ ᠤᠨ ᠠᠪᠤᠷᠠᠨ ᠲᠤᠰᠠᠯᠠᠬᠤ ᠳᠦᠷᠢᠮ ᠢ | ᠲᠡᠭᠦᠯᠳᠡᠷᠵᠢᠭᠦᠯᠵᠦ᠂ ᠪᠠᠲᠤᠯᠠᠬᠤ ᠪᠠ ᠠᠪᠤᠷᠠᠨ ᠲᠤᠰᠠᠯᠠᠬᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠬᠡᠷᠡᠭᠲᠡᠶ᠃ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ᠂ ᠲᠠᠪᠤᠨ ᠪᠠᠲᠤᠯᠠᠭ᠎ᠠ᠂ ᠪᠡᠯᠡᠨ ᠵᠣᠭᠤᠰ ᠤᠨ ᠰᠢᠭᠤᠳ ᠨᠥᠬᠦᠪᠥᠷᠢ | ᠵᠡᠷᠭᠡ ᠠᠮᠢᠳᠤᠷᠠᠯ ᠤᠨ ᠨᠥᠬᠦᠪᠥᠷᠢ ᠶᠢ ᠴᠠᠭ ᠲᠤᠬᠠᠶ ᠳᠤᠨᠢ ᠣᠯᠭᠤᠨ᠎ᠠ᠃ ᠡᠯ᠎ᠡ ᠲᠥᠷᠥᠯ ᠤᠨ ᠠᠮᠢᠳᠤᠷᠠᠯ ᠤᠨ | ᠨᠥᠬᠦᠪᠥᠷᠢ ᠶᠢ ᠠᠪᠤᠭᠰᠠᠨ ᠤ ᠳᠠᠷᠠᠭ᠎ᠠ ᠮᠥᠨ ᠬᠦ ᠠᠮᠢᠳᠤᠷᠠᠯ ᠨᠢ ᠬᠦᠴᠢᠷᠳᠡᠯ ᠲᠠᠢ ᠪᠠᠶᠢᠪᠠᠯ᠂ ᠲᠦᠷ ᠴᠠᠭ ᠤᠨ | ᠲᠤᠰᠠᠯᠠᠮᠵᠢ ᠦᠵᠡᠭᠦᠯᠬᠦ ᠬᠡᠷᠡᠭᠲᠡᠶ᠃ | ᠳᠣᠯᠣᠳᠤᠭᠠᠷ ᠪᠦᠯᠦᠭ ᠲᠠᠭᠠᠯᠳᠣᠭᠤᠯᠣᠭᠰᠡᠨ ᠲᠦᠷᠢᠮ | ᠬᠤᠷᠢᠨ ᠳᠣᠯᠣᠳᠤᠭᠠᠷ ᠵᠣᠶᠢᠯ ᠲᠣᠰ ᠠᠷᠭ᠎ᠠ ᠶᠢ ᠨᠡᠶᠢᠲᠡᠯᠡᠭᠰᠡᠨ ᠡᠳᠦᠷ ᠠᠴᠠ ᠡᠬᠢᠯᠡᠨ ᠬᠡᠷᠡᠭᠵᠢᠭᠦᠯᠦᠨ᠎ᠡ᠂ | ᠡᠭᠦᠨ ᠠᠴᠠ ᠡᠮᠦᠨ᠎ᠡ ᠨᠡᠶᠢᠲᠡᠯᠡᠭᠰᠡᠨ ᠲᠣᠰ ︽ᠠᠷᠭ᠎ᠠ︾ ᠶᠢᠨ ᠲᠣᠭᠲᠠᠭᠠᠯ ᠲᠠᠢ ᠨᠢᠭᠡᠳᠦᠯ ᠥᠬᠡᠶ ᠪᠠᠶᠢᠪᠠᠯ᠂ ᠲᠣᠰ | ︽ᠠᠷᠭ᠎ᠠ︾ ᠶᠢᠨ ᠶᠣᠰᠣᠭᠠᠷ ᠬᠡᠷᠡᠭᠵᠢᠭᠦᠯᠦᠨ᠎ᠡ᠃ | ᠬᠤᠷᠢᠨ ᠨᠠᠢᠮᠠᠳᠣᠭᠠᠷ ᠵᠣᠶᠢᠯ ᠡᠯ᠎ᠡ ᠬᠤᠰᠢᠭᠤ ᠰᠢᠶᠠᠨ ᠬᠤᠲᠠ ᠲᠣᠭᠤᠷᠢᠭ ᠨᠢ ᠲᠣᠰ ︽ᠠᠷᠭ᠎ᠠ︾ ᠶᠢ | ᠦᠨᠳᠦᠰᠦᠯᠡᠨ᠂ ᠪᠣᠳᠠᠲᠠᠶ ᠬᠡᠷᠡᠭᠵᠢᠭᠦᠯᠬᠦ ᠨᠠᠷᠢᠨ ᠲᠦᠷᠢᠮ ᠢ ᠲᠣᠭᠲᠠᠭᠠᠬᠤ ᠬᠡᠷᠡᠭᠲᠡᠶ᠃ | ᠣᠷᠴᠢᠭᠤᠯᠣᠭᠴᠢ᠄ ᠰᠡᠴᠡᠩᠭᠤᠸ᠎ᠠ | |