︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠤᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/12/8
    ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ      ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ      ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠤᠨ ᠬᠡᠷᠡᠭᠵᠢᠭᠦᠯᠬᠦ      ᠲᠥᠰᠦᠯ︾ ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ              ᠬᠤᠶᠢᠲᠤ ᠵᠠᠰᠠᠭ ᠠᠯᠪᠠᠨ ᠲᠠᠷᠬᠠᠭᠠᠭᠰᠠᠨ ﹇2021﹈ 14 ᠳ᠋ᠦᠭᠡᠷ ᠲᠣᠭᠠᠲᠤ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄   ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠤᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ ᠬᠡᠷᠡᠭᠵᠢᠭᠦᠯᠲᠦᠭᠡᠶ᠃   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2021 ᠣᠨ ᠤ 6 ᠰᠠᠷ᠎ᠠ ᠶᠢᠨ 15 ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ         ᠬᠤᠶᠠᠳᠤᠭᠠᠷ ᠬᠤᠭᠤᠴᠠᠭᠠᠨ ᠤ ᠵᠦᠢᠯᠡᠰ ᠢ ᠬᠡᠷᠡᠭᠵᠢᠭᠦᠯᠬᠦ ᠲᠥᠰᠦᠯ    2021 ᠣᠨ ᠳᠤ᠂ ᠬᠤᠲᠠ᠂ ᠬᠤᠰᠢᠭᠤᠨ ᠤ ︽ᠬᠤᠨᠢ ᠢᠮᠠᠭ᠎ᠠ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠬᠦ︾ ᠬᠥᠭᠵᠢᠯᠲᠡ ᠶᠢᠨ ᠰᠡᠳᠬᠢᠴᠡ ᠶᠣᠰᠣᠭᠠᠷ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠢ ᠦᠷᠭᠦᠯᠵᠢᠯᠡᠨ ᠬᠡᠷᠡᠭᠵᠢᠭᠦᠯᠵᠦ᠂ ᠮᠠᠨ ᠤ ᠬᠤᠰᠢᠭᠤᠨ ᠤ ᠠᠯᠠᠰᠢᠨ ᠦᠬᠡᠷ ᠤᠨ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠶᠢ ᠶᠡᠬᠡᠪᠡᠷ ᠳᠥᠯᠭᠢᠨ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠣᠳᠣᠯᠭ᠎ᠠ ᠶᠢ ᠪᠦᠲᠦᠮᠵᠢᠲᠡᠶ ᠵᠣᠯᠭᠠᠭᠤᠯᠤᠨ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠵᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠪᠤᠵᠠᠭᠠᠶᠢᠷᠠᠭᠤᠯᠤᠨ᠎ᠠ᠃    ᠨᠢᠭᠡ᠂ ᠦᠨᠳᠦᠰᠦᠨ ᠵᠠᠷᠴᠢᠮ  ︵ᠨᠢᠭᠡ︶ ᠲᠥᠷᠥ ᠶᠢᠨ ᠪᠤᠳᠤᠯᠭ᠎ᠠ ᠪᠠᠷ ᠲᠡᠳᠬᠦᠬᠦ ᠪᠠ ᠥᠪᠡᠷ ᠤᠨ ᠬᠦᠴᠦ ᠪᠠᠷ ᠢᠶᠠᠨ ᠳᠡᠭᠵᠢᠷᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠬᠤ ᠬᠡᠷᠡᠭᠲᠡᠶ᠃ ᠳᠡᠭᠡᠳᠦ ᠱᠠᠲᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠤ ᠦᠢᠯᠡᠰ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠵᠥᠪ ᠢᠶᠠᠷ ᠤᠶᠢᠯᠠᠭᠠᠨ ᠡᠵᠡᠮᠳᠡᠵᠦ᠂ ᠥᠪᠡᠷ ᠤᠨ ᠬᠦᠴᠦ ᠪᠠᠷ ᠢᠶᠠᠨ ᠳᠡᠭᠵᠢᠷᠡᠬᠦ ᠪᠠᠷ ᠭᠤᠤᠯ ᠪᠣᠯᠭᠠᠨ᠂ ᠠᠵᠤ ᠦᠢᠯᠡᠰ ᠤᠨ ᠬᠥᠭᠵᠢᠯᠲᠡ ᠶᠢᠨ ᠪᠠᠯᠠ ᠮᠥᠩᠭᠦ ᠶᠢ ᠵᠦᠶ ᠵᠣᠬᠢᠰᠲᠠᠶ ᠠᠰᠢᠭᠯᠠᠬᠤ ᠶᠢᠨ ᠬᠠᠮᠲᠤ᠂ ᠮᠠᠯᠴᠢᠨ ᠲᠠᠷᠢᠶᠠᠴᠢᠨ ᠤ ᠳᠣᠲᠣᠭᠠᠳᠤ ᠶᠢᠨ ᠬᠥᠳᠡᠯᠭᠡᠬᠦ ᠬᠦᠴᠦᠨ ᠢ ᠴᠢᠩᠭᠠᠷᠠᠭᠤᠯᠵᠤ᠂ ᠮᠠᠯᠴᠢᠨ ᠲᠠᠷᠢᠶᠠᠴᠢᠨ ᠤ ᠲᠣᠰ ᠪᠡᠶ᠎ᠡ ᠶᠢᠨ ᠬᠥᠭᠵᠢᠯᠲᠡ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠦᠢᠯᠡᠳᠪᠣᠷᠢᠯᠡᠯ ᠤᠨ ᠢᠳᠡᠪᠬᠢᠵᠢᠯ ᠢ ᠳᠠᠶᠢᠴᠢᠯᠠᠬᠤ ᠬᠡᠷᠡᠭᠲᠡᠶ᠃   ︵ᠬᠤᠶᠠᠷ︶ ᠲᠥᠷᠥᠯ ᠵᠣᠶᠢᠯ ᠢ ᠡᠮᠬᠢᠯᠡᠨ ᠨᠡᠶᠢᠯᠡᠭᠦᠯᠬᠦ ᠪᠠ ᠭᠤᠤᠯᠳᠠᠯᠭ᠎ᠠ ᠲᠠᠢ ᠰᠢᠪᠲᠤᠯᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠨᠡᠶᠢᠭᠡᠮ ᠤᠨ ᠦᠷ᠎ᠡ ᠠᠰᠢᠭ᠂ ᠠᠵᠤ ᠠᠬᠤᠶ ᠶᠢᠨ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠵᠡᠷᠭᠡ ᠪᠠᠷ ᠴᠢᠬᠤᠯᠠᠴᠢᠯᠠᠬᠤ ᠶᠢ ᠪᠠᠷᠢᠮᠲᠠᠯᠠᠨ᠎ᠠ᠃ ᠬᠢᠵᠠᠭᠠᠷᠲᠠᠶ ᠪᠠᠯᠠ ᠮᠥᠩᠭᠦ ᠶᠢ ᠡᠮᠬᠢᠯᠡᠨ ᠨᠡᠶᠢᠯᠡᠭᠦᠯᠵᠦ᠂ ᠦᠷ᠎ᠡ ᠠᠰᠢᠭ ᠢ ᠬᠠᠮᠤᠭ ᠤᠨ ᠶᠡᠭᠡ ᠪᠣᠯᠭᠠᠬᠤ ᠶᠢ ᠪᠡᠶᠡᠯᠡᠭᠦᠯᠦᠨ᠂ ᠮᠠᠯᠴᠢᠨ ᠲᠠᠷᠢᠶᠠᠴᠢᠳ ᠤᠨ ᠪᠣᠳᠠᠲᠠᠶ ᠬᠦᠴᠢᠷᠳᠡᠯ ᠢ ᠰᠢᠢᠳᠪᠣᠷᠢᠯᠡᠵᠦ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠤᠨ᠎ᠠ᠃   ︵ᠭᠤᠷᠪᠠ︶ ᠮᠠᠯᠴᠢᠨ ᠲᠠᠷᠢᠶᠠᠴᠢᠳ ᠣᠷᠣᠯᠴᠠᠬᠤ ᠪᠠ ᠵᠠᠰᠠᠭ ᠤᠨ ᠣᠷᠳᠣᠨ ᠠᠴᠠ ᠵᠢᠯᠣᠭᠤᠳᠬᠤ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠲᠥᠷᠥᠯ ᠵᠦᠢᠯ ᠢ ᠬᠡᠷᠡᠭᠵᠢᠭᠦᠯᠬᠦ ᠶᠠᠪᠤᠴᠠ ᠲᠤ᠂ ᠡᠷᠬᠡᠪᠰᠢ ᠠᠯᠢᠪᠠ ᠪᠥᠬᠦᠨ ᠲᠤ ᠲᠠᠷᠢᠶᠠᠴᠢᠨ ᠮᠠᠯᠴᠢᠳ ᠤᠨ ᠲᠥᠯᠥᠭᠡ ᠪᠠᠶᠢᠬᠤ ᠶᠢ ᠢᠮᠠᠭᠲᠠ ᠪᠠᠷᠢᠮᠲᠠᠯᠠᠨ᠂ ᠲᠠᠷᠢᠶᠠᠴᠢᠨ ᠮᠠᠯᠴᠢᠳ ᠤᠨ ᠰᠠᠨᠠᠯ ᠪᠠ ᠰᠠᠨᠠᠭᠤᠯᠭ᠎ᠠ ᠶᠢ ᠭᠦᠢᠴᠡᠳ ᠬᠤᠷᠢᠶᠠᠵᠤ᠂ ᠭᠤᠶᠤᠴᠢᠯᠠᠬᠤ ᠨᠥᠬᠦᠴᠡᠯ ᠢ ᠬᠠᠩᠭᠠᠨ᠂ ᠲᠥᠷᠥᠯ ᠵᠦᠢᠯ   ᠢ ᠬᠡᠷᠡᠭᠵᠢᠭᠦᠯᠬᠦ ᠲᠤ ᠰᠠᠶᠢᠨ ᠳᠤᠷ᠎ᠠ ᠠᠴᠠ ᠪᠠᠨ ᠣᠷᠣᠯᠴᠠᠬᠤ ᠬᠡᠷᠡᠭᠲᠡᠶ᠃    ︵ᠳᠥᠷᠪᠡ︶ ᠲᠣᠰᠬᠤᠨ ᠤ ᠬᠠᠮᠲᠤ ᠨᠡᠶᠢᠲᠡ ᠠᠴᠠ ᠠᠰᠢᠭ ᠭᠥᠷᠳᠡᠬᠦ ᠪᠠ ᠬᠠᠮᠤᠷᠬᠤ ᠡᠲᠡᠭᠡᠳ ᠠᠰᠢᠭ ᠭᠥᠷᠳᠡᠬᠦ ᠶᠢ ᠬᠠᠷᠢᠯᠴᠠᠨ ᠤᠶᠠᠯᠳᠤᠭᠤᠯᠬᠤ ᠵᠠᠷᠴᠢᠮ ᠢ ᠪᠠᠷᠢᠮᠲᠠᠯᠠᠨ᠎ᠠ᠃ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠨᠢ ᠵᠠᠬ᠎ᠠ ᠬᠢᠵᠠᠭᠠᠷ ᠤᠨ ᠬᠢᠨᠠᠨ ᠬᠡᠮᠵᠢᠬᠦ ᠡᠷᠦᠬᠡ ᠪᠠ ᠡᠩ ᠤᠨ ᠡᠷᠦᠬᠡ ᠪᠠᠷ ᠭᠤᠤᠯ ᠪᠣᠯᠭᠠᠵᠤ᠂ ᠲᠣᠰᠬᠤᠨ ᠤ ᠬᠠᠮᠲᠤ ᠶᠢᠨ ᠪᠦᠬᠦᠯᠢ ᠴᠣᠭᠴᠠ ᠶᠢᠨ ᠦᠷ᠎ᠡ ᠠᠰᠢᠭ ᠢ ᠳᠡᠭᠡᠭᠰᠢᠯᠡᠭᠦᠯᠬᠦ ᠪᠠᠷ ᠳᠡᠮᠵᠢᠨ ᠵᠠᠬ᠎ᠠ ᠬᠢᠵᠠᠭᠠᠷ ᠤᠨ ᠬᠢᠨᠠᠨ ᠬᠡᠮᠵᠢᠬᠦ ᠡᠷᠦᠬᠡ ᠪᠠ ᠡᠩ ᠤᠨ ᠡᠷᠦᠬᠡ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠶᠢ ᠲᠡᠳᠬᠦᠨ ᠳᠡᠮᠵᠢᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠤᠨ᠎ᠠ᠃    ᠬᠤᠶᠠᠷ᠂ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ ᠶᠢᠨ ᠴᠢᠬᠤᠯᠠ ᠴᠢᠨᠠᠷ    2020 ᠣᠨ ᠳᠤ᠂ ᠮᠠᠨ ᠤ ᠬᠤᠰᠢᠭᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠨᠢᠭᠡᠳᠦᠭᠡᠷ ᠬᠤᠭᠤᠴᠠᠭᠠᠨ ᠤ ᠲᠥᠷᠥᠯ ᠵᠣᠶᠢᠯ ᠢ ᠬᠡᠷᠡᠭᠵᠢᠭᠦᠯᠵᠦ᠂ ᠨᠢᠭᠡᠳᠦᠭᠡᠷ ᠬᠤᠭᠤᠴᠠᠭᠠᠨ ᠤ ᠲᠥᠷᠥᠯ ᠵᠣᠶᠢᠯ ᠨᠢ ᠪᠥᠬᠦ ᠬᠤᠰᠢᠭᠤᠨ ᠤ 21 ᠲᠣᠰᠬᠤᠨ ᠤ ᠬᠠᠮᠲᠤ ᠶᠢᠨ ᠠᠵᠤ ᠠᠬᠤᠶ ᠶᠢᠨ ᠪᠠᠭᠤᠷᠠᠶ ᠶᠠᠳᠠᠭᠤ ᠬᠦᠴᠢᠷᠳᠡᠯᠲᠡᠶ ᠪᠤᠰᠤ ᠲᠣᠰᠬᠤᠨ ᠤ ᠶᠠᠳᠠᠭᠤ ᠠᠴᠠ ᠠᠩᠭᠢᠵᠢᠷᠠᠭᠰᠠᠨ ᠡᠷᠦᠬᠡ ᠶᠢ ᠬᠠᠮᠤᠷᠴᠤ᠂ ᠬᠠᠮᠤᠷᠬᠤ ᠡᠲᠡᠭᠡᠳ ᠨᠢ ᠰᠠᠶᠢᠨ ᠳᠤᠷ᠎ᠠ ᠠᠴᠠ ᠪᠠᠨ ᠲᠦᠷᠢᠶᠡᠰᠦᠯᠡᠬᠦ ᠬᠡᠯᠪᠡᠷᠢ ᠪᠠᠷ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠦᠨ᠎ᠡ᠃ ᠨᠢᠭᠡᠳᠦᠭᠡᠷ ᠬᠤᠭᠤᠴᠠᠭᠠᠨ ᠤ ᠲᠦᠷᠦᠯ ᠵᠦᠢᠯ ᠤᠨ ᠬᠡᠷᠡᠭᠵᠢᠭᠦᠯᠦᠯᠲᠡ ᠨᠢ ᠶᠠᠳᠠᠭᠤ ᠠᠴᠠ ᠠᠩᠭᠢᠵᠢᠷᠠᠭᠤᠯᠬᠤ ᠡᠷᠦᠬᠡ ᠶᠢᠨ ᠳᠣᠲᠣᠭᠠᠳᠤ ᠶᠢᠨ ᠬᠥᠳᠡᠯᠭᠡᠬᠦ ᠬᠦᠴᠦᠨ ᠢ ᠳᠠᠶᠢᠴᠢᠯᠠᠬᠤ᠂ ᠲᠣᠰᠬᠤᠨ ᠤ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠶᠢ ᠨᠡᠮᠡᠭᠳᠡᠭᠦᠯᠬᠦ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠪᠠᠲᠤᠳᠬᠠᠬᠤ ᠦᠷ᠎ᠡ ᠪᠦᠲᠦᠮᠵᠢ ᠳᠤ ᠬᠦᠷᠴᠡᠢ᠃    ᠭᠤᠷᠪᠠ᠂ ᠲᠥᠷᠥᠯ ᠵᠣᠶᠢᠯ ᠤᠨ ᠲᠦᠢᠮᠣᠴᠢᠯᠠᠯ ᠵᠢᠴᠢ ᠶᠠᠳᠠᠭᠤ ᠶᠢ ᠳᠠᠶᠢᠴᠢᠯᠠᠬᠤ ᠲᠣᠭᠲᠠᠴᠠ   ᠵᠢᠱᠢᠯᠲᠡ ᠪᠠᠷ 2000 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠳ᠋ᠠ ᠯᠢᠦ ᠬᠤᠣ ᠪᠠᠯᠭᠠᠰᠤ ᠶᠢᠨ ᠨᠠᠨ ᠯᠢᠶᠠᠩ ᠲᠣᠰᠬᠤᠨ ᠤ ᠠᠷᠠᠳ ᠤᠨ ᠵᠥᠪᠯᠡᠯ ᠤᠨ ᠪᠸᠢ ᠱᠦᠶ ᠴᠢᠤᠸᠠᠨ ᠲᠣᠰᠬᠤᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠢ ᠬᠡᠷᠡᠭᠵᠢᠭᠦᠯᠬᠦ ᠪᠠᠷ ᠲᠥᠯᠥᠪᠯᠡᠵᠦ᠂ 2021 ᠣᠨ ᠤ 6 ᠰᠠᠷ᠎ᠠ ᠶᠢᠨ ᠰᠡᠭᠦᠯᠴᠢ ᠠᠴᠠ 2022 ᠣᠨ ᠤ 6 ᠰᠠᠷ᠎ᠠ ᠶᠢᠨ ᠰᠡᠭᠦᠯᠴᠢ ᠪᠣᠯᠲᠠᠯ᠎ᠠ ᠬᠡᠷᠡᠭᠵᠢᠭᠦᠯᠦᠨ᠎ᠡ᠃    ᠬᠠᠮᠤᠷᠬᠤ ᠡᠲᠡᠭᠡᠳ ᠨᠢ ᠪᠥᠬᠦ ᠬᠤᠰᠢᠭᠤᠨ ᠤ ᠵᠠᠬ᠎ᠠ ᠬᠢᠵᠠᠭᠠᠷ ᠤᠨ ᠬᠢᠨᠠᠨ ᠬᠡᠮᠵᠢᠬᠦ ᠡᠷᠦᠬᠡ ᠪᠣᠯᠤᠨ 21 ᠶᠠᠳᠠᠭᠤ ᠬᠦᠴᠢᠷᠳᠡᠯᠲᠡᠶ ᠪᠤᠰᠤ ᠲᠣᠰᠬᠤᠨ ᠵᠢᠴᠢ ᠪᠧᠶ ᠱᠦᠶ ᠴᠢᠤᠸᠠᠨ ᠲᠣᠰᠬᠤᠨ ᠤ ᠳᠣᠲᠣᠷᠠᠬᠢ ᠡᠩ ᠤᠨ ᠡᠷᠦᠬᠡ ᠪᠣᠯᠤᠨ᠎ᠠ᠂ ᠪᠦᠬᠦᠯᠢ 65 ᠨᠠᠰᠤᠨ ᠠᠴᠠ ᠳᠣᠷᠣᠭᠰᠢᠬᠢ ᠪᠥᠭᠡᠳ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠬᠦᠰᠡᠯ ᠲᠠᠢ᠂ ᠪᠡᠶ᠎ᠡ ᠮᠠᠬᠠᠪᠣᠳ ᠡᠷᠡᠭᠦᠯ ᠴᠢᠭᠢᠷᠠᠭ᠂ ᠬᠥᠳᠡᠯᠮᠦᠷᠢᠯᠡᠬᠦ ᠴᠢᠳᠠᠪᠤᠷᠢ ᠲᠠᠢ ᠪᠠᠶᠢᠩᠭᠤ ᠰᠠᠭᠤᠭ᠎ᠠ ᠡᠷᠦᠬᠡ ᠪᠣᠯᠤᠨ᠎ᠠ᠃   ᠪᠥᠲᠥᠭᠡᠨ ᠪᠠᠶᠢᠭᠤᠯᠤᠯᠲᠠ ᠶᠢᠨ ᠵᠠᠭᠪᠤᠷ ᠨᠢ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠣᠶᠢᠯ ᠪᠠᠶᠢᠵᠤ᠂ ︽ᠺᠣᠮᠫᠠᠨᠢ + ᠲᠣᠰᠬᠤᠨ ᠤ ᠬᠠᠮᠲᠤ + ᠲᠠᠷᠢᠶᠠᠴᠢᠨ ᠡᠷᠦᠬᠡ︾ ᠶᠢᠨ ᠬᠠᠮᠲᠤᠷᠠᠯᠴᠠᠭᠠᠨ ᠤ ᠵᠠᠭᠪᠤᠷ ᠢ ᠦᠷᠭᠦᠯᠵᠢᠯᠡᠨ ᠬᠡᠷᠡᠭᠯᠡᠵᠦ᠂ ᠬᠠᠮᠤᠷᠬᠤ ᠡᠲᠡᠭᠡᠳ ᠨᠢ ᠥᠪᠡᠷ ᠤᠨ ᠨᠥᠬᠦᠴᠡᠯ ᠢᠶᠠᠨ ᠦᠨᠳᠦᠰᠦᠯᠡᠨ ᠰᠠᠶᠢᠨ ᠳᠤᠷ᠎ᠠ ᠠᠴᠠ ᠪᠠᠨ ᠲᠦᠷᠢᠶᠡᠰᠦᠯᠡᠬᠦ ᠪᠠᠷ ᠭᠤᠶᠤᠴᠢᠯᠠᠵᠤ᠂ ᠡᠷᠦᠬᠡ ᠪᠦᠷᠢ 3 ᠰᠠᠭᠤᠷᠢ ᠡᠬᠡ ᠮᠠᠯ ᠲᠦᠷᠢᠶᠡᠰᠦᠯᠡᠵᠦ ᠪᠣᠯᠤᠨ᠎ᠠ᠃ ᠡᠭᠦᠨ ᠤ ᠵᠡᠷᠭᠡ ᠳᠤ᠂ ᠬᠤᠳᠠᠯᠳᠤᠭᠠᠴᠢᠨ ᠤᠷᠢᠵᠤ ᠪᠠᠯᠠ ᠣᠷᠣᠭᠤᠯᠤᠭᠰᠠᠨ ᠭᠤᠷᠪᠠᠳᠠᠬᠢ ᠡᠲᠡᠭᠡᠳ ᠤᠨ ᠠᠵᠤ ᠠᠬᠤᠶᠢᠯᠠᠯ ᠤᠳ ᠪᠠᠷᠢᠮᠵᠢᠶᠠᠵᠢᠭᠤᠯᠤᠭᠰᠠᠨ ᠦᠬᠡᠷ ᠤᠨ ᠬᠠᠰᠢᠶ᠎ᠠ᠂ ᠵᠠᠯᠠᠭᠤᠴᠤᠳ ᠤᠨ ᠨᠥᠭᠡᠴᠡᠯᠡᠨ ᠬᠠᠳᠠᠭᠠᠯᠠᠬᠤ ᠬᠥᠮᠥᠷᠭᠡ᠂ ᠠᠯᠪᠠᠯᠠᠬᠤ ᠲᠣᠭᠤᠷᠢᠭ ᠵᠡᠷᠭᠡ ᠭᠤᠤᠯ ᠴᠣᠭᠴᠠᠲᠤ ᠢᠨᠵᠧᠨᠧᠷᠢᠩ ᠢ ᠡᠬᠢᠯᠡᠨ ᠪᠠᠶᠢᠭᠤᠯᠵᠤ᠂ ᠪᠥᠲᠥᠭᠡᠨ ᠪᠠᠶᠢᠭᠤᠯᠬᠤ ᠬᠤᠭᠤᠴᠠᠭ᠎ᠠ ᠨᠢ 2021 ᠣᠨ ᠤ 6 ᠰᠠᠷ᠎ᠠ ᠠᠴᠠ 2021 ᠣᠨ ᠤ 12 ᠰᠠᠷ᠎ᠠ ᠶᠢᠨ ᠰᠡᠭᠦᠯᠴᠢ ᠪᠣᠯᠲᠠᠯ᠎ᠠ ᠪᠣᠯᠤᠨ᠎ᠠ᠃   ᠶᠠᠳᠠᠭᠤ ᠶᠢ ᠳᠠᠶᠢᠴᠢᠯᠠᠬᠤ ᠲᠣᠭᠲᠠᠴᠠ᠄ ᠨᠢᠭᠡ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ︽ᠦᠬᠡᠷ ᠤᠨ ᠬᠡᠲᠦ ᠳᠡᠯᠭᠡᠭᠦᠷ︾ ᠤᠨ ᠴᠢᠳᠠᠮᠵᠢ ᠶᠢ ᠠᠰᠢᠭᠯᠠᠨ᠂ ᠬᠠᠮᠤᠷᠬᠤ ᠡᠲᠡᠭᠡᠳ ᠤᠨ ᠳᠣᠲᠣᠷᠠᠬᠢ ᠬᠥᠳᠡᠯᠮᠦᠷᠢᠯᠡᠬᠦ ᠴᠢᠳᠠᠪᠤᠷᠢ ᠲᠠᠢ ᠪᠠ ᠬᠥᠭᠵᠢᠬᠦ ᠬᠦᠰᠡᠯ ᠲᠠᠢ ᠮᠠᠯᠴᠢᠨ ᠲᠠᠷᠢᠶᠠᠴᠢᠨ ᠰᠠᠶᠢᠨ ᠳᠤᠷ᠎ᠠ ᠠᠴᠠ ᠪᠠᠨ ᠰᠠᠭᠤᠷᠢ ᠡᠬᠡ ᠮᠠᠯ ᠲᠦᠷᠢᠶᠡᠰᠦᠯᠡᠬᠦ ︵ᠭᠤᠷᠪᠠᠨ ᠵᠢᠯ ᠪᠣᠯ ᠨᠢᠭᠡ ᠲᠦᠷᠢᠶᠡᠰᠦᠯᠡᠬᠦ ᠬᠤᠷᠰᠢᠶᠠᠯᠠᠯ ᠤᠨ ᠬᠤᠭᠤᠴᠠᠭ᠎ᠠ ᠪᠣᠯᠤᠨ᠎ᠠ︶ ᠭᠤᠶᠤᠴᠢᠯᠠᠵᠤ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ ᠢ ᠬᠥᠭᠵᠢᠭᠦᠯᠬᠦ ᠶᠢᠨ ᠬᠠᠮᠲᠤ 7%/ ᠵᠢᠯ ᠤᠨ ᠬᠦᠤ ᠶᠢᠨ ᠨᠣᠷᠮ᠎ᠠ ᠪᠠᠷ ᠲᠣᠰᠬᠤᠨ ᠤ ᠬᠠᠮᠲᠤ ᠨᠡᠶᠢᠲᠡ ᠳᠤ ᠲᠦᠷᠢᠶᠡᠰᠦᠨ ᠮᠥᠩᠭᠦ ᠲᠤᠰᠢᠶᠠᠵᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢ ᠪᠡᠶᠡᠯᠡᠭᠦᠯᠦᠨ᠎ᠡ᠃   ᠬᠤᠶᠠᠷ ᠲᠤ ᠲᠦᠷᠢᠶᠡᠰᠦᠯᠡᠬᠦ ᠬᠤᠷᠰᠢᠶᠠᠯᠠᠯ ᠤᠨ ᠬᠤᠭᠤᠴᠠᠭ᠎ᠠ ᠲᠤᠯᠤᠭᠰᠠᠨ ᠤ ᠳᠠᠷᠠᠭ᠎ᠠ᠂ ᠦᠷᠡᠵᠢᠭᠦᠯᠦᠨ ᠪᠤᠶᠢᠵᠢᠭᠤᠯᠤᠭᠰᠠᠨ ᠲᠤᠭᠤᠯ ᠨᠢ ᠬᠠᠮᠤᠷᠬᠤ ᠡᠲᠡᠭᠡᠳ ᠲᠡᠭᠡᠨ ᠥᠮᠴᠢᠯᠡᠭᠳᠡᠵᠦ᠂ ᠲᠦᠷᠢᠶᠡᠰᠦᠯᠡᠭᠰᠡᠨ ᠰᠠᠭᠤᠷᠢ ᠡᠬᠡ ᠮᠠᠯ ᠢᠶᠠᠨ ᠲᠣᠰᠬᠤᠨ ᠤ ᠬᠠᠮᠲᠤ ᠨᠡᠶᠢᠲᠡ ᠳᠤ ᠪᠤᠴᠠᠭᠠᠨ ᠥᠭᠴᠦ᠂ ᠲᠣᠰᠬᠤᠨ ᠤ ᠬᠠᠮᠲᠤ ᠨᠡᠶᠢᠲᠡ ᠠᠴᠠ ᠳᠠᠭᠢᠵᠤ ᠭᠠᠷᠳᠠᠮ ᠭᠦᠢᠴᠡᠳᠭᠡᠵᠦ᠂ ᠳᠠᠭᠢᠵᠤ ᠬᠤᠪᠢᠶᠠᠷᠢᠯᠠᠨ᠎ᠠ ︵ᠰᠠᠭᠤᠷᠢ ᠡᠬᠡ ᠮᠠᠯ ᠢᠶᠠᠨ ᠳᠠᠭᠢᠵᠤ ᠬᠤᠪᠢᠶᠠᠷᠢᠯᠠᠬᠤ ᠳᠤ ᠤᠤᠯ ᠤᠨ ᠲᠦᠷᠢᠶᠡᠰᠦᠯᠡᠭᠰᠡᠨ ᠡᠷᠦᠬᠡ ᠶᠢ ᠤᠷᠢᠳᠠᠪᠠᠷ ᠬᠤᠪᠢᠶᠠᠷᠢᠯᠠᠨ᠎ᠠ︶᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠲᠥᠷᠥᠯ ᠵᠣᠶᠢᠯ ᠢ ᠦᠷᠭᠦᠯᠵᠢᠯᠡᠨ ᠬᠥᠭᠵᠢᠭᠦᠯᠦᠨ᠎ᠡ᠃   ᠭᠤᠷᠪᠠ ᠳᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ︽ᠦᠬᠡᠷ ᠤᠨ ᠵᠠᠬ᠎ᠠ ᠳᠡᠯᠭᠡᠭᠦᠷ︾ ᠤᠨ ᠴᠢᠳᠠᠮᠵᠢ ᠶᠢ ᠠᠰᠢᠭᠯᠠᠨ᠂ ᠬᠠᠮᠤᠷᠤᠭᠳᠠᠬᠤ ᠡᠲᠡᠭᠡᠳ ᠤᠨ ᠬᠥᠭᠰᠢᠨ᠂ ᠬᠠᠭᠤᠴᠢᠨ᠂ ᠮᠠᠭᠤ ᠦᠬᠡᠷ ᠲᠤ ᠵᠠᠬ᠎ᠠ ᠳᠡᠯᠭᠡᠭᠦᠷ ᠤᠨ ᠦᠨᠡᠯᠡᠨ ᠵᠢᠱᠢᠭᠰᠡᠨ ᠦᠨ᠎ᠡ ᠪᠠᠷ ᠦᠨ᠎ᠡ ᠨᠤᠭᠤᠯᠤᠨ ᠪᠤᠳᠤᠵᠤ ᠰᠠᠭᠤᠷᠢ ᠦᠨᠢᠶ᠎ᠡ ᠶᠢ ᠰᠣᠯᠢᠵᠤ ᠥᠭᠭᠦᠨ᠎ᠡ᠃   ᠳᠥᠷᠪᠡ ᠳᠤ ᠬᠤᠶᠠᠳᠤᠭᠠᠷ ᠬᠤᠭᠤᠴᠠᠭᠠᠨ ᠤ ᠲᠥᠷᠥᠯ ᠵᠣᠶᠢᠯ ᠤᠨ ᠲᠦᠷᠢᠶᠡᠰᠦᠯᠡᠬᠦ ᠡᠷᠦᠬᠡ ᠶᠢᠨ ᠲᠠᠨᠢᠵᠤ ᠠᠪᠤᠭᠰᠠᠨ ᠰᠠᠭᠤᠷᠢ ᠡᠬᠡ ᠮᠠᠯ ᠳᠤ ᠨᠢᠭᠡᠳᠦᠭᠡᠷ ᠵᠢᠯ ᠤᠨ ᠲᠥᠷᠥ ᠶᠢᠨ ᠪᠣᠳᠣᠯᠭ᠎ᠠ ᠶᠢᠨ ᠴᠢᠨᠠᠷᠲᠠᠶ ᠳᠠᠭᠠᠳᠬᠠᠯ ᠢ ᠰᠦᠢᠳᠭᠡᠯ ᠬᠤᠷᠢᠶᠠᠬᠤ ᠥᠬᠡᠶ ᠪᠠᠷ ᠬᠤᠳᠠᠯᠳᠤᠨ ᠠᠪᠴᠤ ᠥᠭᠭᠦᠨ᠎ᠡ ︵ᠬᠤᠶᠠᠳᠤᠭᠠᠷ ᠵᠢᠯ ᠵᠢᠴᠢ ᠲᠠᠷᠠᠭᠠᠴᠢ ᠶᠢᠨ ᠳᠠᠭᠠᠳᠬᠠᠯ ᠤᠨ ᠰᠦᠢᠳᠭᠡᠯ ᠢ ᠪᠠᠶᠢᠭ᠎ᠠ ᠭᠠᠴᠠᠭᠠᠨ ᠤ ᠬᠠᠮᠲᠤ ᠨᠡᠶᠢᠲᠡ ᠠᠴᠠ ᠲᠤᠰᠢᠶᠠᠨ᠎ᠠ︶᠃    ᠳᠥᠷᠪᠡ᠂ ᠠᠵᠢᠯ ᠤᠨ ᠱᠠᠭᠠᠷᠳᠠᠯᠭ᠎ᠠ   ᠡᠯ᠎ᠡ ᠰᠤᠮᠤ ᠰᠢᠶᠠᠩ ᠪᠠᠯᠭᠠᠰᠤ ᠲᠥᠷᠥᠯ ᠵᠦᠢᠯ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠲᠣᠳᠣᠷᠬᠠᠶᠢᠯᠠᠵᠤ᠂ ᠰᠠᠭᠤᠷᠢ ᠡᠬᠡ ᠮᠠᠯ ᠢ ᠳᠠᠩᠰᠠᠯᠠᠬᠤ ᠵᠡᠷᠭᠡ ᠬᠠᠮᠢᠶ᠎ᠠ ᠪᠦᠬᠦᠢ ᠠᠵᠢᠯ ᠢ ᠦᠨᠡᠨᠬᠦ ᠰᠠᠶᠢᠲᠤᠷ ᠠᠳᠬᠤᠵᠤ᠂ ᠲᠥᠷᠥᠯ ᠵᠦᠢᠯ ᠢ ᠬᠠᠮᠤᠷᠤᠭᠰᠠᠨ ᠰᠤᠮᠤ ᠰᠢᠶᠠᠩ ᠪᠠᠯᠭᠠᠰᠤ ᠨᠢ ᠲᠠᠷᠢᠶᠠᠴᠢᠨ ᠡᠷᠦᠬᠡ ᠶᠢᠨ ᠲᠦᠷᠢᠶᠡᠰᠦᠯᠡᠭᠰᠡᠨ ᠰᠠᠭᠤᠷᠢ ᠡᠬᠡ ᠮᠠᠯ ᠤᠨ ᠬᠢᠨᠠᠯᠲᠠ ᠬᠠᠮᠢᠶᠠᠷᠤᠯᠲᠠ ᠶᠢᠨ ᠠᠵᠢᠯ ᠢ ᠬᠠᠷᠢᠭᠤᠴᠠᠵᠤ᠂ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢᠨ ᠡᠷᠴᠢᠮ ᠢᠶᠠᠨ ᠴᠢᠩᠭᠠᠷᠠᠭᠤᠯᠵᠤ᠂ ᠲᠥᠷᠥᠯ ᠵᠣᠶᠢᠯ ᠳᠤ ᠬᠤᠯᠪᠣᠭᠳᠠᠬᠤ ᠭᠠᠴᠠᠭ᠎ᠠ ᠲᠣᠰᠬᠤᠨ ᠳᠤ ᠲᠡᠵᠢᠭᠡᠨ ᠦᠷᠡᠵᠢᠭᠦᠯᠬᠦ ᠲᠠᠩᠰᠠ ᠡᠪᠬᠡᠮᠡᠯ ᠪᠠᠶᠢᠭᠤᠯᠬᠤ ᠶᠢ ᠰᠢᠮᠳᠠᠭᠤᠯᠵᠤ᠂ ᠰᠠᠭᠤᠷᠢ ᠡᠬᠡ ᠮᠠᠯ ᠢ ᠪᠤᠰᠤᠳ ᠬᠤᠰᠢᠭᠤ ᠰᠢᠶᠠᠨ ᠪᠤᠶᠤ ᠲᠥᠷᠥᠯ ᠵᠣᠶᠢᠯ ᠢ ᠬᠠᠮᠤᠷᠤᠭᠰᠠᠨ ᠭᠠᠴᠠᠭ᠎ᠠ ᠲᠣᠰᠬᠤᠨ ᠠᠴᠠ ᠭᠠᠳᠠᠨᠠᠬᠢ ᠭᠠᠵᠠᠷ ᠣᠷᠣᠨ ᠳᠤ ᠵᠥᠭᠡᠭᠡᠪᠦᠷᠢᠯᠡᠨ ᠬᠦᠷᠭᠡᠵᠦ ᠲᠡᠵᠢᠭᠡᠨ ᠦᠷᠡᠵᠢᠭᠦᠯᠵᠦ ᠪᠣᠯᠬᠤ ᠥᠬᠡᠶ᠂ ᠬᠡᠷᠪᠡ ᠡᠶᠢᠮᠦᠷᠬᠦ ᠪᠠᠶᠢᠳᠠᠯ ᠢ ᠣᠯᠵᠤ ᠮᠡᠳᠡᠪᠡᠯ᠂ ᠭᠠᠴᠠᠭ᠎ᠠ ᠲᠣᠰᠬᠤᠨ ᠨᠢ ᠲᠦᠷᠢᠶᠡᠰᠦᠯᠡᠭᠰᠡᠨ ᠰᠠᠭᠤᠷᠢ ᠡᠬᠡ ᠮᠠᠯ ᠢᠶᠠᠨ ᠪᠤᠴᠠᠭᠠᠨ ᠠᠪᠴᠤ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号