︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠨᠳᠣᠤ ᠭᠠᠵᠠᠷ ᠲᠤ ᠨᠡᠭᠦᠯᠭᠡᠵᠦ ᠲᠥᠪᠬᠢᠨᠡᠭᠦᠯᠬᠦ ᠣᠷᠣᠨ | ᠰᠠᠭᠤᠴᠠ ᠶᠢ ᠨᠥᠬᠦᠨ ᠬᠦᠢᠴᠡᠳᠬᠡᠬᠦ ᠭᠠᠷ ᠬᠦᠢᠴᠡᠳᠬᠡᠯ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ | ᠠᠵᠢᠯ ᠤᠨ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠬᠤᠶᠢᠲᠤ ᠵᠠᠰᠠᠭ ᠠᠯᠪᠠᠨ ᠦᠰᠦᠭ ﹇2021﹈ 6 ᠳ᠋ᠤᠭᠠᠷ ᠲᠣᠭᠠᠲᠤ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠨᠳᠣᠤ ᠭᠠᠵᠠᠷ ᠲᠤ ᠨᠡᠭᠦᠯᠭᠡᠵᠦ ᠲᠥᠪᠬᠢᠨᠡᠭᠦᠯᠬᠦ | ᠣᠷᠣᠨ ᠰᠠᠭᠤᠴᠠ ᠶᠢᠨ ᠭᠠᠷ ᠬᠦᠢᠴᠡᠳᠬᠡᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠤᠨ | ᠲᠥᠰᠦᠯ | ︽ᠪᠠᠶᠢᠭᠠᠯᠢ ᠶᠢᠨ ᠡᠬᠢ ᠪᠠᠶᠠᠯᠢᠭ ᠤᠨ ᠶᠠᠮᠤᠨ ᠤ ᠠᠯᠪᠠᠨ ᠲᠢᠩᠬᠢᠮ ᠤᠨ ᠤᠯᠤᠰ ᠤᠨ ᠬᠥᠭᠵᠢᠭᠦᠯᠦᠯᠲᠡ ᠪᠠ | ᠥᠭᠡᠷᠡᠴᠢᠯᠡᠯᠲᠡ ᠶᠢᠨ ᠬᠤᠷᠢᠶᠠᠨ ᠤ ᠠᠯᠪᠠᠨ ᠲᠢᠩᠬᠢᠮ ᠤᠨ ᠲᠥᠷᠥ ᠶᠢᠨ ᠶᠠᠪᠤᠳᠠᠯ ᠤᠨ ᠬᠤᠷᠢᠶᠠᠨ ᠤ ᠶᠠᠳᠠᠭᠤ ᠶᠢ | ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠤᠨ ᠠᠯᠪᠠᠨ ᠬᠡᠷ ᠤᠨ ᠶᠡᠷᠦᠩᠬᠡᠶ ᠵᠤᠷᠭᠠᠨ ᠤ ︿ | ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠣᠷᠣᠨ ᠰᠠᠭᠤᠴᠠ ᠶᠢᠨ ᠵᠣᠶᠢᠯᠡᠰ ᠤᠨ ᠭᠠᠷ ᠬᠦᠢᠴᠡᠳᠬᠡᠯ ᠢ | ᠲᠦᠷᠭᠡᠬᠡᠨ ᠲᠡᠭᠦᠯᠳᠡᠷᠵᠢᠭᠦᠯᠵᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢ ᠦᠨᠡᠨ ᠬᠦ ᠰᠠᠶᠢᠲᠤᠷ ᠬᠢᠬᠦ ᠲᠤᠬᠠᠶ ᠰᠠᠨᠠᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ᠢ | ᠦᠨᠳᠦᠰᠦᠯᠡᠪᠡᠯ ︵ᠪᠠᠶᠢᠭᠠᠯᠢ ᠶᠢᠨ ᠡᠬᠢ ᠪᠠᠶᠠᠯᠢᠭ ᠠᠯᠪᠠᠨ ᠲᠠᠷᠬᠠᠭᠠᠭᠰᠠᠨ ︹ 2020 ︺ 50 ᠳ᠋ᠤᠭᠠᠷ ᠲᠣᠭᠠᠲᠤ | ︶ ᠪᠠ ︽ᠤᠯᠠᠭᠠᠨᠴᠠᠪ ᠬᠤᠲᠠ ᠶᠢᠨ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠣᠷᠣᠨ ᠰᠠᠭᠤᠴᠠ ᠶᠢᠨ | ᠨᠥᠬᠦᠨ ᠬᠦᠢᠴᠡᠳᠬᠡᠬᠦ ᠭᠠᠷ ᠬᠦᠢᠴᠡᠳᠬᠡᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠤᠨ | ᠲᠥᠰᠦᠯ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ᠠᠯᠪᠠᠨ ᠬᠡᠷ ᠤᠨ ᠮᠡᠳᠡᠭᠳᠡᠯ︾ ᠳᠤ ᠱᠠᠭᠠᠷᠳᠠᠭᠰᠠᠨ ᠨᠢ᠂ ᠪᠥᠬᠦ ᠬᠤᠰᠢᠭᠤᠨ ᠤ ᠣᠨᠳᠣᠤ ᠭᠠᠵᠠᠷ ᠲᠤ ᠨᠡᠭᠦᠯᠭᠡᠨ | ᠲᠥᠪᠬᠢᠨᠡᠭᠦᠯᠬᠦ ᠣᠷᠣᠨ ᠰᠠᠭᠤᠴᠠ ᠶᠢᠨ ᠨᠥᠬᠦᠨ ᠬᠦᠢᠴᠡᠳᠬᠡᠬᠦ ᠭᠠᠷ ᠬᠦᠢᠴᠡᠳᠬᠡᠯ ᠪᠠ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠠᠵᠢᠯ ᠢ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨ ᠬᠦ ᠪᠠᠲᠤᠯᠠᠵᠤ᠂ ᠮᠠᠨ ᠤ | ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠰᠢ ᠶᠢᠨ ᠫᠢᠩ ᠶᠡᠷᠦᠩᠬᠡᠶ ᠱᠦᠵᠢ ᠶᠢᠨ ᠶᠠᠳᠠᠭᠤ ᠶᠢ ᠲᠡᠳᠬᠦᠬᠦ ᠠᠵᠢᠯ ᠤᠨ ᠲᠤᠬᠠᠶ ᠴᠢᠬᠤᠯᠠ ᠥᠭᠦᠯᠡᠯᠲᠡ ᠶᠢ | ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠣᠭᠰᠣᠴᠠ ᠪᠠᠨ ᠠᠯᠬᠤᠮ ᠠᠯᠬᠤᠮ ᠢᠶᠠᠷ | ᠳᠡᠭᠡᠭᠰᠢᠯᠡᠭᠦᠯᠵᠦ᠂ ᠣᠨᠳᠣᠣ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠪᠣᠯ ᠤᠨᠢᠨ ᠳᠡᠭᠡᠷ᠎ᠡ ᠨᠢ ᠶᠠᠳᠠᠭᠤ ᠶᠢ | ᠲᠡᠳᠬᠦᠬᠦ ︽ᠲᠠᠪᠤᠨ ᠨᠢᠭᠡ ᠪᠦᠯᠦᠭ︾ ᠤᠨ ᠴᠢᠬᠤᠯᠠ ᠪᠦᠷᠢᠯᠳᠦᠬᠦᠨ ᠬᠡᠰᠡᠭ ᠮᠥᠨ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠪᠡᠯᠭᠡ ᠳᠡᠮᠳᠡᠭ ᠤᠨ ᠴᠢᠨᠠᠷᠲᠠᠢ ᠢᠨᠵᠧᠨᠧᠷᠢᠩ ᠮᠥᠨ ᠭᠡᠳᠡᠭ ᠢ | ᠭᠦᠢᠴᠡᠳ ᠲᠠᠨᠢᠬᠤ ᠬᠡᠷᠡᠭᠲᠡᠢ᠃ ︽13 · 5︾ ᠶᠢᠨ ᠬᠤᠭᠤᠴᠠᠭᠠᠨ ᠳᠤ ᠪᠥᠬᠦ ᠬᠤᠰᠢᠭᠤᠨ ᠤ ᠳᠡᠩᠰᠡᠯᠡᠨ | ᠺᠠᠷᠲᠯᠠᠭᠰᠠᠨ 6473 ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠥᠪᠬᠢᠨᠡᠭᠦᠯᠬᠦ ᠣᠷᠣᠨ ᠰᠠᠭᠤᠴᠠ ᠪᠠᠷ ᠭᠤᠤᠯ | ᠪᠣᠯᠭᠠᠵᠤ᠂ 3789 ᠬᠥᠮᠦᠨ ᠢ ᠢᠵᠢᠯ ᠠᠯᠬᠤᠮ ᠢᠶᠠᠷ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢ | ᠬᠠᠮᠲᠤ ᠳᠤᠨᠢ ᠠᠵᠢᠯ ᠤᠨ ᠬᠡᠪᠴᠢᠶᠡᠨ ᠳᠤ ᠣᠷᠣᠭᠤᠯᠵᠤ᠂ ᠨᠡᠭᠦᠯᠭᠡᠨ ᠲᠥᠪᠬᠢᠨᠡᠭᠦᠯᠬᠦ ᠬᠡᠰᠡᠭ ᠣᠷᠣᠨ ᠰᠠᠭᠤᠴᠠ ᠶᠢᠨ | ᠲᠥᠷᠥᠯ ᠵᠤᠶᠢᠯ ᠤᠨ ᠭᠠᠷᠳᠠᠮ ᠪᠦᠷᠢᠨ ᠪᠤᠰᠤ᠂ ᠲᠥᠪᠬᠢᠨᠡᠭᠦᠯᠬᠦ ᠣᠷᠣᠨ ᠰᠠᠭᠤᠴᠠ ᠶᠢᠨ ᠳᠡᠩᠰᠡᠯᠡᠨ ᠦᠨᠡᠮᠯᠡᠯ | ᠣᠯᠭᠤᠭᠰᠠᠨ ᠨᠣᠷᠮ᠎ᠠ ᠳᠣᠤᠷ᠎ᠠ ᠵᠡᠷᠭᠡ ᠠᠰᠠᠭᠤᠳᠠᠯ ᠳᠤ ᠴᠢᠭᠯᠡᠭᠦᠯᠦᠨ᠂ ︽ᠡᠷᠬᠡᠪᠰᠢ ᠬᠦᠢᠴᠡᠳᠬᠡᠬᠦ︾ ︽ᠳᠠᠷᠤᠶ | ᠲᠦᠷᠭᠡᠨ ᠬᠦᠢᠴᠡᠳᠬᠡᠬᠦ︾ ︽ᠣᠨᠴᠠᠭᠠᠶ ᠶᠠᠪᠤᠳᠠᠯ ᠢ ᠣᠨᠴᠠᠭᠠᠶ ᠬᠦᠢᠴᠡᠳᠬᠡᠬᠦ︾ ᠦᠵᠡᠯ ᠤᠬᠠᠮᠰᠠᠷ ᠢ ᠪᠣᠶ | ᠪᠣᠯᠭᠠᠵᠤ᠂ ᠰᠠᠨᠠᠭᠠᠴᠢᠯᠠᠭ᠎ᠠ ᠠᠴᠠ ᠪᠠᠨ ᠤᠶᠢᠯᠡᠴᠢᠯᠡᠨ᠂ ᠢᠳᠡᠪᠬᠢᠲᠡᠶ ᠪᠠᠷ ᠨᠥᠬᠦᠴᠡᠯ ᠪᠦᠷᠢᠯᠳᠦᠭᠦᠯᠵᠦ ᠪᠠᠶᠢᠭᠠᠳ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠬᠦᠢᠴᠡᠳᠬᠡᠵᠤ᠂ ᠶᠠᠳᠠᠭᠤ ᠠᠴᠠ ᠠᠩᠭᠢᠵᠢᠷᠠᠭᠤᠯᠬᠤ | ᠰᠢᠪᠲᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠵᠦ᠂ ᠨᠡᠭᠦᠯᠭᠡᠭᠰᠡᠨ ᠣᠯᠠᠨ ᠲᠦᠮᠡᠨ ᠤ ᠡᠷᠬᠡ ᠠᠰᠢᠭ ᠢ | ᠬᠠᠮᠠᠭᠠᠯᠠᠨ᠂ ᠵᠠᠰᠠᠭ ᠤᠨ ᠣᠷᠳᠣᠨ ᠤ ᠣᠯᠠᠨ ᠨᠡᠶᠢᠲᠡ ᠶᠢ ᠢᠲᠡᠭᠡᠭᠦᠯᠬᠦ ᠬᠦᠴᠦᠨ ᠢ ᠬᠠᠮᠠᠭᠠᠯᠠᠵᠤ᠂ ᠨᠡᠭᠦᠯᠭᠡᠭᠰᠡᠨ | ᠣᠯᠠᠨ ᠲᠦᠮᠡᠨ ᠤ ᠰᠡᠳᠬᠢᠯ ᠢ ᠠᠮᠤᠷᠵᠢᠭᠤᠯᠬᠤ ᠬᠡᠷᠡᠭᠲᠡᠶ᠃ ᠭᠠᠷ ᠬᠦᠢᠴᠡᠳᠬᠡᠯ ᠨᠢ ᠲᠡᠭᠦᠯᠳᠡᠷ ᠪᠤᠰᠤ ᠲᠥᠪᠬᠢᠨᠡᠭᠦᠯᠬᠦ | ᠣᠷᠣᠨ ᠰᠠᠭᠤᠴᠠ ᠶᠢᠨ ᠭᠠᠷ ᠬᠦᠢᠴᠡᠳᠬᠡᠯ ᠢ ᠠᠯᠢ ᠲᠦᠷᠭᠡᠨ ᠢᠶᠠᠷ ᠲᠡᠭᠦᠯᠳᠡᠷᠵᠢᠭᠦᠯᠬᠦ ᠶᠢᠨ ᠬᠠᠮᠲᠤ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢ ᠬᠦᠢᠴᠡᠳᠬᠡᠬᠦ ᠵᠢᠷᠤᠮ ᠢ ᠡᠬᠢᠯᠡᠭᠦᠯᠬᠦ ᠬᠡᠷᠡᠭᠲᠡᠶ︔ ᠣᠬᠤᠷ ᠬᠤᠭᠤᠴᠠᠭᠠᠨ ᠤ | ᠳᠣᠲᠣᠷ᠎ᠠ ᠭᠠᠷ ᠭᠦᠢᠴᠡᠳᠬᠡᠯ ᠢ ᠲᠡᠭᠦᠯᠳᠡᠷᠵᠢᠭᠦᠯᠬᠦ ᠳᠤ ᠪᠡᠷᠬᠡᠲᠡᠶ ᠲᠥᠪᠬᠢᠨᠡᠭᠦᠯᠬᠦ ᠣᠷᠣᠨ ᠰᠠᠭᠤᠴᠠ ᠶᠢᠨ | ᠵᠦᠢᠯᠡᠰ ᠲᠤ ᠲᠤᠰ ᠲᠥᠰᠦᠯ ᠤᠨ ᠶᠣᠰᠣᠭᠠᠷ ᠠᠮᠠᠯᠠᠯᠲᠠ ᠬᠢᠭᠰᠡᠨ ᠤ ᠲᠠᠷᠠᠭ᠎ᠠ᠂ ᠦᠯᠦ ᠬᠥᠳᠡᠯᠬᠦ ᠬᠦᠷᠦᠩᠭᠡ ᠶᠢᠨ | ᠲᠠᠩᠰᠠᠯᠠᠯᠳᠠ ᠬᠢᠯᠭᠡᠨ᠎ᠡ᠃ ᠨᠥᠬᠦᠨ ᠬᠦᠢᠴᠡᠳᠬᠡᠬᠦ ᠭᠠᠷᠳᠠᠮ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ | ᠠᠵᠢᠯ ᠤᠨ ᠡᠭᠦᠷᠭᠡ ᠪᠠᠨ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ | ᠬᠤᠶᠠᠷ᠂ ᠲᠥᠪᠬᠢᠨᠡᠭᠦᠯᠬᠦ ᠣᠷᠣᠨ ᠰᠠᠭᠤᠴᠠ ᠪᠠ ᠦᠯᠦ ᠬᠥᠳᠡᠯᠬᠦ ᠬᠦᠷᠦᠩᠭᠡ ᠶᠢᠨ ᠳᠠᠩᠰᠠᠯᠠᠯ ᠤᠨ ᠳ᠋ᠤᠶᠢᠰᠢᠶᠠᠩ | ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠡᠲᠡᠭᠡᠳ ᠪᠣᠯ ᠪᠥᠬᠦ ᠬᠤᠰᠢᠭᠤᠨ ᠤ ᠣᠨᠳᠣᠤ ᠭᠠᠵᠠᠷ ᠲᠤ | ᠨᠡᠭᠦᠯᠭᠡᠬᠦ ᠶᠢ ᠭᠤᠤᠯᠯᠠᠨ ᠬᠠᠮᠢᠶᠠᠷᠬᠤ ᠰᠠᠯᠠᠭ᠎ᠠ ᠮᠥᠴᠢᠷ ᠠᠴᠠ ︽13 · 5︾ ᠶᠢᠨ ᠬᠤᠭᠤᠴᠠᠭᠠᠨ ᠳᠤ ᠣᠨᠳᠣᠤ | ᠭᠠᠵᠠᠷ ᠲᠤ ᠨᠡᠭᠦᠯᠭᠡᠬᠦ ᠲᠥᠷᠥ ᠶᠢᠨ ᠪᠣᠳᠣᠯᠭ᠎ᠠ ᠶᠢ ᠭᠥᠷᠳᠡᠵᠦ ᠪᠠᠶᠢᠭ᠎ᠠ ᠵᠢᠴᠢ ᠵᠡᠷᠭᠡ ᠪᠠᠷ ᠨᠡᠭᠦᠯᠭᠡᠵᠦ ᠪᠠᠶᠢᠭ᠎ᠠ | ᠨᠡᠭᠦᠯᠭᠡᠬᠦ ᠡᠷᠦᠬᠡ ᠶᠢ ᠬᠢᠨᠠᠨ ᠬᠠᠷᠭᠤᠭᠤᠯᠵᠤ ᠨᠤᠲᠠᠯᠠᠨ ᠲᠣᠭᠲᠠᠭᠠᠨ᠎ᠠ᠃ ᠪᠠᠶᠢᠴᠠᠭᠠᠵᠤ ᠪᠠᠶᠢᠳᠠᠯ ᠢ ᠣᠶᠢᠯᠠᠭᠠᠭᠰᠠᠨ | ᠪᠦᠷᠢᠳᠬᠡᠯ ᠠᠴᠠ ᠦᠵᠡᠪᠡᠯ᠂ ᠮᠠᠨ ᠤ ᠬᠤᠰᠢᠭᠤᠨ ᠤ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠣᠷᠣᠨ | ᠰᠠᠭᠤᠴᠠ ᠨᠡᠶᠢᠲᠡ 8 ᠰᠤᠮᠤ ᠰᠢᠶᠠᠩ ᠪᠠᠯᠭᠠᠰᠤ᠂ ᠲᠥᠪᠯᠡᠷᠡᠭᠦᠯᠦᠨ ᠲᠥᠪᠬᠢᠨᠡᠭᠦᠯᠬᠦ ᠭᠠᠵᠠᠷ ᠨᠡᠶᠢᠲᠡ 124 ᠪᠠᠶᠢᠵᠤ | ᠂ ᠨᠡᠶᠢᠲᠡ 10262 ᠬᠥᠮᠦᠨ ᠠᠮᠠ ᠶᠢ ᠲᠥᠪᠬᠢᠨᠡᠭᠦᠯᠵᠦ᠂ 4855 ᠣᠷᠣᠨ ᠰᠠᠭᠤᠴᠠ ᠶᠢ ᠲᠥᠪᠬᠢᠨᠡᠭᠦᠯᠵᠡᠶ᠂ | ᠡᠭᠦᠨ ᠳᠤ 6473 ᠬᠥᠮᠦᠨ ᠠᠮᠠ ᠶᠢ ᠲᠥᠪᠯᠡᠷᠡᠭᠦᠯᠦᠨ ᠲᠥᠪᠬᠢᠨᠡᠭᠦᠯᠵᠦ᠂ 3020 ᠣᠷᠣᠨ ᠰᠠᠭᠤᠴᠠ ᠶᠢ | ᠲᠥᠪᠯᠡᠷᠡᠭᠦᠯᠦᠨ ᠲᠥᠪᠬᠢᠨᠡᠭᠦᠯᠵᠦ᠂ 3789 ᠬᠥᠮᠦᠨ᠂ 1835 ᠣᠷᠣᠨ ᠰᠠᠭᠤᠴᠠ ᠶᠢ ᠰᠠᠯᠭᠠᠨ ᠲᠥᠪᠬᠢᠨᠡᠭᠦᠯᠵᠡᠶ᠃ | 133 ᠢᠵᠢ ︵5 ᠵᠣᠯ ᠵᠢᠷᠭᠠᠯ ᠤᠨ ᠬᠦᠷᠢᠶᠡᠯᠡᠩ ᠳᠤ ᠬᠤᠯᠪᠣᠭᠳᠠᠨ᠎ᠠ︶ ᠦᠨᠡᠮᠯᠡᠯ ᠣᠯᠭᠤᠬᠤ ᠴᠢᠬᠤᠯᠠ ᠥᠬᠡᠶ᠂ | 4722 ᠢᠵᠢ ᠬᠡᠷ ᠪᠠᠶᠢᠰᠢᠩ ︵ᠪᠠᠶ ᠵᠧᠨ ᠪᠠᠯᠭᠠᠰᠤᠨ ᠤ ᠠᠷᠠᠳ ᠢ ᠪᠠᠶᠠᠵᠢᠭᠤᠯᠵᠤ ᠠᠮᠤᠭᠤᠯᠠᠩ ᠰᠠᠭᠤᠬᠤ | ᠲᠣᠭᠤᠷᠢᠭ ᠤᠨ 72 ᠢᠵᠢ ᠬᠡᠷ ᠪᠠᠶᠢᠰᠢᠩ ᠪᠠᠭᠲᠠᠨ᠎ᠠ︶ ᠢ ᠳᠡᠩᠰᠡᠯᠡᠨ ᠦᠨᠡᠮᠯᠡᠯ ᠣᠯᠭᠤᠵᠤ᠂ 2020 ᠣᠨ ᠤ | ᠡᠴᠦᠰ ᠪᠣᠯᠲᠠᠯ᠎ᠠ᠂ ᠪᠥᠬᠦ ᠬᠤᠰᠢᠭᠤᠨ ᠤ 1992 ᠢᠵᠢ ᠬᠡᠷ ᠪᠠᠶᠢᠰᠢᠩ ᠢ ᠨᠢᠭᠡᠨᠲᠡ ᠳᠡᠩᠰᠡᠯᠡᠨ ᠦᠨᠡᠮᠯᠡᠯ | ᠣᠯᠭᠤᠭᠰᠠᠨ ᠪᠠᠶᠢᠨ᠎ᠠ᠃ ᠲᠥᠯᠥᠪᠵᠢᠭᠦᠯᠭᠡ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠭᠦᠯᠬᠦ ᠭᠠᠷ ᠬᠦᠢᠴᠡᠳᠬᠡᠯ | ᠳᠤᠲᠠᠭᠳᠠᠵᠤ ᠪᠠᠶᠢᠬᠤ ᠪᠠ ᠪᠤᠰᠤᠳ ᠰᠢᠯᠲᠠᠭᠠᠨ ᠠᠴᠠ ᠪᠣᠯᠵᠣ᠂ ᠪᠠᠰᠠ 2863 ᠢᠵᠢ ᠲᠥᠪᠬᠢᠨᠡᠭᠦᠯᠬᠦ ᠣᠷᠣᠨ | ᠰᠠᠭᠤᠴᠠ ᠶᠢ ᠳᠡᠩᠰᠡᠯᠡᠵᠦ ᠦᠨᠡᠮᠯᠡᠯ ᠣᠯᠭᠤᠭ᠎ᠠ ᠥᠬᠡᠶ ᠪᠠᠶᠢᠨ᠎ᠠ᠃ | ᠭᠤᠷᠪᠠ᠂ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠤᠨ ᠭᠠᠷᠳᠠᠮ ᠪᠠ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢ ᠲᠡᠭᠦᠯᠳᠡᠷᠵᠢᠭᠦᠯᠦᠨ᠎ᠡ | ︵ᠨᠢᠭᠡ︶ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠦᠢᠯ ᠤᠨ ᠭᠠᠷᠳᠠᠮ ᠢ ᠬᠠᠤᠯᠢ ᠲᠣᠭᠲᠠᠭᠠᠯ | ᠶᠣᠰᠣᠭᠠᠷ ᠨᠥᠬᠦᠵᠦ ᠭᠦᠢᠴᠡᠳᠬᠡᠨ᠎ᠡ | 1. ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠦᠢᠯ ᠨᠢ ᠭᠠᠵᠠᠷ ᠰᠢᠷᠣᠶ ᠠᠰᠢᠭᠯᠠᠬᠤ ᠶᠡᠷᠦᠩᠬᠡᠶ | ᠲᠥᠯᠥᠪᠵᠢᠭᠦᠯᠭᠡ ᠪᠤᠶᠤ ᠬᠤᠲᠠ ᠬᠥᠳᠡᠭᠡ ᠶᠢᠨ ᠲᠥᠯᠥᠪᠵᠢᠭᠦᠯᠭᠡ ᠲᠠᠢ ᠨᠡᠶᠢᠴᠡᠬᠦ ᠦᠭᠡᠶ᠂ ᠭᠡᠪᠡᠴᠦ | ᠲᠥᠯᠥᠪᠵᠢᠭᠦᠯᠭᠡ ᠳᠤ ᠲᠣᠬᠢᠷᠠᠭᠤᠯᠤᠯᠲᠠ ᠬᠢᠬᠦ ᠱᠠᠭᠠᠷᠳᠠᠯᠭ᠎ᠠ ᠳᠤ ᠨᠡᠶᠢᠴᠡᠪᠡᠯ᠂ ᠲᠣᠰ ᠡᠭᠡᠯᠵᠢ ᠶᠢᠨ ᠤᠯᠤᠰ ᠤᠨ | ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠲᠠᠢ ᠤᠶᠠᠯᠳᠤᠭᠤᠯᠤᠨ ᠨᠠᠶᠢᠷᠠᠭᠤᠯᠤᠨ ᠵᠣᠬᠢᠶᠠᠵᠤ᠂ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠪᠣᠳᠠᠲᠠᠶ ᠬᠡᠷᠡᠭᠴᠡᠭᠡ ᠶᠢ ᠦᠨᠳᠦᠰᠦᠯᠡᠨ᠂ | ᠣᠳᠣᠬᠢ ᠪᠠᠶᠢᠳᠠᠯ ᠢ ᠦᠨᠳᠦᠰᠦᠯᠡᠨ ᠲᠣᠰ ᠡᠭᠡᠯᠵᠢ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠳᠤ ᠣᠷᠣᠭᠤᠯᠤᠨ᠎ᠠ᠃ | 2. ᠲᠥᠪᠬᠢᠨᠡᠭᠦᠯᠬᠦ ᠣᠷᠣᠨ ᠰᠠᠭᠤᠴᠠ ᠨᠢ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠤᠨ | ᠬᠡᠪᠴᠢᠶᠡᠨ ᠳᠤ ᠣᠷᠣᠰᠢᠵᠤ ᠪᠠᠶᠢᠪᠠᠯ᠂ ᠭᠤᠷᠪᠠᠨ ᠬᠢᠵᠠᠭᠠᠷᠯᠠᠬᠤ ᠱᠤᠭᠤᠮ ᠲᠠᠢ ᠤᠶᠠᠯᠳᠤᠭᠤᠯᠤᠨ ᠵᠠᠭᠠᠭᠯᠠᠨ | ᠲᠣᠭᠲᠠᠭᠠᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠢᠶᠠᠷ ᠬᠢᠨᠠᠨ ᠵᠥᠪᠰᠢᠶᠡᠷᠡᠭᠦᠯᠦᠭᠡᠳ᠂ ᠬᠤᠲᠠ ᠶᠢᠨ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠦᠨ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠤᠯᠠᠭᠠᠨ | ᠱᠤᠭᠤᠮ ᠢ ᠦᠨᠡᠯᠡᠨ ᠵᠢᠱᠢᠵᠦ ᠳᠣᠭᠢᠷᠠᠭᠤᠯᠬᠤ ᠠᠵᠢᠯ ᠲᠠᠢ ᠤᠶᠠᠯᠳᠤᠭᠤᠯᠤᠨ ᠠᠮᠢ ᠠᠬᠤᠶ ᠶᠢᠨ ᠬᠠᠮᠠᠭᠠᠯᠠᠯᠲᠠ ᠶᠢᠨ | ᠤᠯᠠᠭᠠᠨ ᠱᠤᠭᠤᠮ ᠠᠴᠠ ᠰᠢᠯᠵᠢᠭᠦᠯᠦᠨ ᠭᠠᠷᠭᠠᠨ᠎ᠠ᠃ | 3. ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠦᠢᠯ ᠳᠤ ᠲᠥᠯᠥᠪᠵᠢᠭᠦᠯᠭᠡ ᠶᠢᠨ ᠵᠥᠪᠰᠢᠶᠡᠷᠡᠯ ᠤᠨ | ᠬᠤᠯᠪᠣᠭᠳᠠᠯ ᠪᠦᠬᠦᠢ ᠭᠠᠷᠳᠠᠮ ᠳᠤᠲᠠᠭᠳᠠᠵᠤ ᠪᠠᠶᠢᠪᠠᠯ᠂ ᠡᠰᠡᠬᠦᠯ᠎ᠡ ᠲᠥᠯᠥᠪᠵᠢᠭᠦᠯᠭᠡ ᠶᠢᠨ ᠵᠥᠪᠰᠢᠶᠡᠷᠡᠯ ᠶᠣᠰᠣᠭᠠᠷ | ᠪᠥᠲᠥᠭᠡᠨ ᠪᠠᠶᠢᠭᠤᠯᠤᠯᠲᠠ ᠬᠢᠭᠰᠡᠨ ᠥᠬᠡᠶ ᠪᠠᠶᠢᠪᠠᠯ᠂ ︽ᠬᠤᠲᠠ ᠬᠥᠳᠡᠭᠡ ᠶᠢᠨ ᠲᠥᠯᠥᠪᠵᠢᠭᠦᠯᠭᠡ ᠶᠢᠨ ᠬᠠᠤᠯᠢ︾ | ᠶᠢᠨ ᠲᠣᠭᠲᠠᠭᠠᠯ ᠶᠣᠰᠣᠭᠠᠷ ᠬᠠᠤᠯᠢ ᠶᠣᠰᠣᠭᠠᠷ ᠰᠢᠢᠳᠪᠤᠷᠢᠯᠡᠭᠰᠡᠨ ᠤ ᠳᠠᠷᠠᠭ᠎ᠠ᠂ ᠡᠯ᠎ᠡ ᠰᠤᠮᠤ ᠰᠢᠶᠠᠩ | ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠠᠴᠠ ᠪᠣᠳᠠᠲᠠᠶ ᠪᠠᠶᠢᠳᠠᠯ ᠢ ᠦᠨᠳᠦᠰᠦᠯᠡᠨ ᠣᠳᠣᠬᠢ ᠪᠠᠶᠢᠳᠠᠯ ᠢ | ᠦᠨᠳᠦᠰᠦᠯᠡᠨ ᠦᠯᠡᠳᠡᠭᠡᠬᠦ ᠰᠠᠨᠠᠯ ᠢᠶᠠᠨ ᠳᠤᠷᠠᠳᠴᠤ᠂ ᠲᠡᠭᠦᠨ ᠢ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ | ᠲᠥᠯᠥᠪᠵᠢᠭᠦᠯᠭᠡ ᠳᠤ ᠣᠷᠣᠭᠤᠯᠬᠤ ᠶᠢᠨ ᠬᠠᠮᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠢᠶᠠᠷ | ᠵᠥᠪᠰᠢᠶᠡᠷᠡᠭᠦᠯᠦᠭᠰᠡᠨ ᠤ ᠳᠠᠷᠠᠭ᠎ᠠ᠂ ᠳᠠᠬᠢᠨ ᠲᠠᠰ ᠳᠠᠷᠠᠭᠠᠯᠠᠯ ᠶᠣᠰᠣᠭᠠᠷ ᠲᠥᠯᠥᠪᠵᠢᠭᠦᠯᠭᠡ ᠶᠢᠨ ᠵᠥᠪᠰᠢᠶᠡᠷᠡᠯ | ᠣᠯᠭᠤᠨ᠎ᠠ᠃ | 4. ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠬᠤᠲᠠ ᠪᠠᠯᠭᠠᠰᠤ ᠶᠢᠨ ᠲᠥᠪᠬᠢᠨᠡᠭᠦᠯᠬᠦ ᠲᠣᠭᠤᠷᠢᠭ | ᠵᠢᠴᠢ ᠢᠵᠢ ᠪᠥᠷᠢᠳᠦᠭᠦᠯᠬᠦ ᠠᠵᠤ ᠤᠶᠢᠯᠡᠰ ᠳᠤ ᠬᠡᠷᠡᠭᠯᠡᠬᠦ ᠭᠠᠵᠠᠷ ᠢ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ | ᠵᠠᠭᠠᠭ ᠬᠢᠵᠠᠭᠠᠷ ᠤᠨ ᠬᠡᠪᠴᠢᠶᠡᠨ ᠳᠤ ᠬᠤᠪᠢᠶᠠᠷᠢᠯᠠᠨ ᠲᠣᠭᠲᠠᠭᠠᠵᠤ᠂ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠠᠴᠠ ᠪᠣᠳᠠᠲᠠᠶ ᠬᠡᠷᠡᠭᠴᠡᠭᠡ ᠶᠢ ᠦᠨᠳᠦᠰᠦᠯᠡᠨ᠂ ᠣᠳᠣᠬᠢ ᠪᠠᠶᠢᠳᠠᠯ ᠢ ᠦᠨᠳᠦᠰᠦᠯᠡᠨ ᠬᠤᠲᠠ | ᠪᠠᠯᠭᠠᠰᠤ ᠶᠢᠨ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠲᠥᠯᠥᠪᠵᠢᠭᠦᠯᠭᠡ ᠳᠤ ᠣᠷᠣᠭᠤᠯᠵᠤ᠂ ᠬᠠᠮᠢᠶ᠎ᠠ | ᠪᠥᠬᠦᠶ ᠢᠵᠢ ᠪᠥᠷᠢᠳᠦᠭᠦᠯᠬᠦ ᠲᠥᠷᠥᠯ ᠵᠤᠶᠢᠯ ᠤᠨ ᠪᠥᠲᠥᠭᠡᠨ ᠪᠠᠶᠢᠭᠤᠯᠤᠯᠲᠠ ᠶᠢ ᠪᠠᠲᠤᠯᠠᠨ᠎ᠠ᠃ | 5. ᠪᠥᠬᠦ ᠬᠤᠰᠢᠭᠤᠨ ᠤ ᠣᠨᠴᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠳᠤ ᠴᠢᠭᠯᠡᠭᠦᠯᠦᠨ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠠᠴᠠ ᠵᠠᠶᠢᠯᠠᠬᠤᠶ᠎ᠠ ᠪᠡᠷᠬᠡ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ | ᠪᠠᠶᠢᠭᠠᠯᠢ ᠶᠢᠨ ᠡᠬᠢ ᠪᠠᠶᠠᠯᠢᠭ ᠤᠨ ᠲᠢᠩᠬᠢᠮ ᠠᠴᠠ ᠲᠥᠷᠥᠯ ᠵᠤᠶᠢᠯ ᠳᠤ ᠬᠡᠷᠡᠭᠯᠡᠬᠦ ᠭᠠᠵᠠᠷ ᠢ ᠤᠷᠢᠳᠴᠢᠯᠠᠨ ᠬᠢᠨᠠᠵᠤ᠂ | ᠲᠣᠭᠲᠠᠭᠠᠯ ᠶᠣᠰᠣᠭᠠᠷ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠪᠠ | ᠭᠠᠵᠠᠷ ᠰᠢᠷᠣᠶ ᠲᠠᠲᠠᠪᠤᠷᠢᠯᠠᠬᠤ ᠭᠠᠷ ᠬᠦᠢᠴᠡᠳᠬᠡᠯ ᠢ ᠬᠦᠢᠴᠡᠳᠬᠡᠨ᠎ᠡ᠃ ᠬᠥᠳᠡᠭᠡ ᠲᠣᠰᠬᠤᠨ ᠤ ᠲᠥᠪᠯᠡᠷᠡᠭᠦᠯᠦᠨ | ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠳᠤ ᠬᠡᠷᠡᠭᠯᠡᠬᠦ ᠭᠠᠵᠠᠷ ᠲᠤ ᠬᠠᠮᠲᠤ ᠶᠢᠨ ᠭᠠᠵᠠᠷ ᠰᠢᠷᠣᠶ ᠶᠢ | ᠬᠡᠷᠡᠭᠯᠡᠬᠦ ᠳᠤ ᠲᠠᠷᠢᠶᠠᠯᠠᠩ ᠳᠤ ᠬᠡᠷᠡᠭᠯᠡᠬᠦ ᠭᠠᠵᠠᠷ ᠢ ᠬᠤᠪᠢᠷᠠᠭᠤᠯᠤᠨ ᠬᠡᠷᠡᠭᠯᠡᠬᠦ ᠶᠢ ᠬᠢᠨᠠᠨ ᠵᠥᠪᠰᠢᠶᠡᠷᠡᠬᠦ ᠳᠤ | ᠬᠤᠯᠪᠣᠭᠳᠠᠪᠠᠯ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠨᠥᠬᠦᠵᠦ | ᠬᠦᠢᠴᠡᠳᠬᠡᠨ᠎ᠡ᠃ ᠬᠥᠳᠡᠭᠡ ᠲᠣᠰᠬᠤᠨ ᠳᠤ ᠲᠠᠷᠠᠬᠠᠶ ᠲᠥᠪᠬᠢᠨᠡᠭᠦᠯᠵᠦ ᠥᠪᠡᠷ ᠢᠶᠠᠨ ᠭᠡᠷ ᠪᠠᠷᠢᠭᠰᠠᠨ ᠪᠠᠶᠢᠪᠠᠯ᠂ | ᠣᠷᠣᠨ ᠰᠠᠭᠤᠴᠠ ᠶᠢᠨ ᠭᠠᠵᠠᠷ ᠢ ᠬᠢᠨᠠᠨ ᠵᠥᠪᠰᠢᠶᠡᠷᠡᠬᠦ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠷ | ᠭᠦᠢᠴᠡᠳᠬᠡᠯ ᠢ ᠨᠥᠬᠦᠵᠦ ᠬᠢᠨ᠎ᠡ᠃ | 6. ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠳᠤ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ | ᠪᠠᠶᠢᠪᠠᠯ᠂ ᠬᠤᠰᠢᠭᠤᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠠᠷᠢᠶᠠᠨ ᠭᠠᠵᠠᠷ ᠢ ᠨᠥᠭᠡᠴᠡᠯᠡᠨ | ᠨᠥᠬᠦᠪᠥᠷᠢᠯᠡᠬᠦ ᠲᠥᠷᠥᠯ ᠵᠤᠶᠢᠯ ᠪᠤᠶᠤ ᠭᠠᠵᠠᠷ ᠰᠢᠷᠣᠶ ᠶᠢ ᠴᠡᠭᠴᠡᠯᠡᠨ ᠵᠠᠰᠠᠬᠤ ᠲᠥᠷᠥᠯ ᠵᠤᠶᠢᠯ ᠤᠨ ᠰᠢᠨ᠎ᠡ ᠪᠠᠷ | ᠨᠡᠮᠡᠭᠳᠡᠭᠰᠡᠨ ᠲᠠᠷᠢᠶᠠᠨ ᠭᠠᠵᠠᠷ ᠢ ᠬᠡᠷᠡᠭᠵᠢᠭᠦᠯᠬᠦ ᠵᠡᠷᠭᠡ ᠣᠯᠠᠨ ᠵᠤᠶᠢᠯ ᠤᠨ ᠠᠷᠭ᠎ᠠ ᠵᠠᠮ ᠢᠶᠠᠷ ᠳᠡᠮᠵᠢᠨ ᠡᠵᠡᠯᠡᠬᠦ ᠪᠠ | ᠨᠥᠬᠦᠪᠥᠷᠢᠯᠡᠬᠦ ᠶᠢ ᠲᠡᠩᠴᠡᠭᠦᠷᠢᠲᠡᠶ ᠪᠠᠶᠢᠯᠭᠠᠬᠤ ᠶᠢ ᠨᠢᠭᠡᠳᠦᠯᠲᠡᠶ ᠨᠠᠶᠢᠳᠠᠪᠤᠷᠢᠵᠢᠭᠤᠯᠤᠨ᠎ᠠ᠃ ᠬᠤᠰᠢᠭᠤᠨ ᠤ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠨ ᠭᠠᠵᠠᠷ ᠢ ᠦᠨᠡᠨ ᠬᠦ ᠨᠥᠬᠦᠪᠥᠷᠢᠯᠡᠵᠦ ᠳᠡᠶᠢᠯᠬᠦ ᠥᠬᠡᠶ ᠪᠣᠯ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠮᠡᠳᠡᠭᠦᠯᠵᠦ ᠨᠢᠭᠡᠳᠦᠯᠲᠡᠶ ᠳᠣᠭᠢᠷᠠᠭᠤᠯᠤᠨ | ᠨᠠᠶᠢᠳᠠᠪᠤᠷᠢᠵᠢᠭᠤᠯᠵᠤ ᠪᠣᠯᠤᠨ᠎ᠠ᠃ | 7. ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠳᠤ ᠬᠡᠷᠡᠭᠯᠡᠬᠦ ᠭᠠᠵᠠᠷ ᠰᠢᠷᠣᠶ ᠶᠢᠨ ᠲᠥᠷᠥᠯ | ᠵᠤᠶᠢᠯ ᠤᠨ ᠬᠢᠨᠠᠨ ᠵᠥᠪᠰᠢᠶᠡᠷᠡᠬᠦ ᠭᠠᠷᠳᠠᠮ ᠢ ᠨᠥᠬᠦᠨ ᠬᠦᠢᠴᠡᠳᠬᠡᠭᠰᠡᠨ ᠤ ᠳᠠᠷᠠᠭ᠎ᠠ᠂ ᠬᠤᠰᠢᠭᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠤᠯᠤᠰ ᠤᠨ ᠥᠮᠴᠢᠯᠡᠯ ᠤᠨ ᠭᠠᠵᠠᠷ ᠰᠢᠷᠣᠶ ᠶᠢᠨ ᠭᠠᠵᠠᠷ ᠬᠠᠩᠭᠠᠬᠤ ᠭᠠᠷᠳᠠᠮ ᠢ | ᠲᠦᠷᠭᠡᠨ ᠬᠦᠢᠴᠡᠳᠬᠡᠨ᠎ᠡ᠃ ᠲᠥᠯᠥᠪᠦᠷᠢ ᠲᠠᠢ ᠪᠠᠷ ᠬᠡᠷᠡᠭᠯᠡᠬᠦ ᠠᠷᠭ᠎ᠠ ᠮᠠᠶ᠋ᠢᠭ ᠢᠶᠠᠷ ᠬᠠᠩᠭᠠᠭᠰᠠᠨ ᠪᠠᠶᠢᠪᠠᠯ᠂ | ᠤᠯᠤᠰ ᠤᠨ ᠥᠮᠴᠢᠯᠡᠯ ᠤᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠡᠷᠡᠭᠯᠡᠬᠦ ᠡᠷᠬᠡ ᠶᠢ | ᠲᠥᠯᠥᠪᠦᠷᠢ ᠲᠠᠢ ᠪᠠᠷ ᠬᠡᠷᠡᠭᠯᠡᠬᠦ ᠭᠡᠷ᠎ᠡ ᠲᠣᠭᠲᠠᠭᠠᠨ᠎ᠠ︔ ᠰᠢᠯᠵᠢᠭᠦᠯᠦᠨ ᠥᠭᠬᠦ ᠠᠷᠭ᠎ᠠ ᠮᠠᠶ᠋ᠢᠭ ᠢᠶᠠᠷ ᠬᠠᠩᠭᠠᠭᠰᠠᠨ | ᠪᠠᠶᠢᠪᠠᠯ᠂ ᠤᠯᠤᠰ ᠤᠨ ᠥᠮᠴᠢᠯᠡᠯ ᠤᠨ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠰᠢᠯᠵᠢᠭᠦᠯᠦᠨ ᠥᠭᠬᠦ | ᠲᠣᠭᠲᠠᠭᠠᠯ ᠤᠨ ᠪᠢᠴᠢᠭ ᠢ ᠬᠢᠨᠠᠨ ᠣᠯᠭᠤᠨ᠎ᠠ᠃ ᠭᠠᠵᠠᠷ ᠰᠢᠷᠣᠶ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ | ᠪᠣᠯᠪᠠᠴᠤ ᠲᠦᠷ ᠴᠠᠭ ᠭᠠᠵᠠᠷ ᠰᠢᠷᠣᠶ ᠬᠠᠩᠭᠠᠬᠤ ᠶᠢ ᠪᠡᠶᠡᠯᠡᠭᠦᠯᠬᠦ ᠶᠢᠨ ᠠᠷᠭ᠎ᠠ ᠥᠬᠡᠶ ᠪᠠᠶᠢᠪᠠᠯ᠂ ᠬᠤᠰᠢᠭᠤᠨ | ᠠᠷᠠᠳ ᠤᠨ ᠵᠠᠰᠠᠭ ᠤᠨ ᠣᠷᠳᠣᠨ ᠠᠴᠠ ᠭᠠᠵᠠᠷ ᠰᠢᠷᠣᠶ ᠬᠠᠩᠭᠠᠬᠤ ᠠᠮᠠᠯᠠᠯᠲᠠ ᠶᠢᠨ ᠪᠢᠴᠢᠭ ᠭᠠᠷᠭᠠᠨ ᠥᠭᠴᠦ᠂ | ᠭᠠᠵᠠᠷ ᠰᠢᠷᠣᠶ ᠶᠢᠨ ᠡᠷᠬᠡ ᠶᠢᠨ ᠬᠠᠷᠢᠶᠠᠯᠠᠯ ᠤᠨ ᠢᠷᠡᠯᠲᠡ ᠶᠢᠨ ᠮᠠᠲ᠋ᠧᠷᠢᠶᠠᠯ ᠪᠣᠯᠭᠠᠨ᠎ᠠ᠃ | 8. ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠢᠨᠵᠧᠨᠧᠷᠢᠩ ᠢ ᠰᠢᠯᠭᠠᠨ ᠠᠪᠬᠤ ᠶᠢ ᠣᠷᠣᠨ | ᠰᠠᠭᠤᠴᠠ ᠶᠢᠨ ᠪᠦᠬᠦᠯᠢ ᠴᠣᠭᠴᠠ ᠶᠢᠨ ᠶᠠᠰᠤ ᠴᠢᠨᠠᠷ ᠢ ᠰᠢᠯᠭᠠᠨ ᠠᠪᠬᠤ ᠪᠠ ᠪᠠᠷᠢᠯᠭ᠎ᠠ ᠳᠠᠭᠤᠰᠴᠤ ᠰᠢᠯᠭᠠᠨ ᠠᠪᠬᠤ | ᠭᠡᠵᠦ ᠬᠤᠶᠠᠷ ᠱᠠᠲᠤ ᠬᠤᠪᠢᠶᠠᠵᠤ ᠪᠣᠯᠤᠨ᠎ᠠ᠃ ᠶᠠᠰᠤ ᠴᠢᠨᠠᠷ ᠢ ᠰᠢᠯᠭᠠᠨ ᠠᠪᠬᠤ ᠶᠢ ᠲᠥᠷᠥᠯ ᠵᠤᠶᠢᠯ ᠤᠨ | ᠬᠠᠤᠯᠢ ᠶᠢᠨ ᠡᠷᠬᠡᠲᠡᠨ ᠠᠴᠠ ᠬᠠᠮᠢᠶ᠎ᠠ ᠪᠥᠬᠦᠶ ᠰᠠᠯᠠᠭ᠎ᠠ ᠮᠥᠴᠢᠷ ᠪᠠ ᠨᠢᠭᠡᠴᠡ ᠶᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠰᠠᠯᠠᠭ᠎ᠠ ᠮᠥᠴᠢᠷ ᠰᠢᠯᠭᠠᠨ ᠠᠪᠬᠤ ᠳᠤ ᠬᠢᠷᠢ ᠲᠡᠩᠴᠡᠭᠰᠡᠨ ᠤ ᠳᠠᠷᠠᠭ᠎ᠠ ᠬᠢᠨᠠᠨ ᠪᠠᠷᠢᠯᠭ᠎ᠠ ᠳᠠᠭᠤᠰᠤᠭᠰᠠᠨ ᠢ ᠰᠢᠯᠭᠠᠨ | ᠬᠤᠷᠢᠶᠠᠬᠤ ᠳᠤ ᠲᠥᠷᠥᠯ ᠵᠤᠶᠢᠯ ᠤᠨ ᠬᠠᠤᠯᠢ ᠶᠢᠨ ᠡᠷᠬᠡᠲᠡᠨ ᠠᠴᠠ ᠶᠠᠰᠤ ᠴᠢᠨᠠᠷ ᠢ ᠰᠢᠯᠭᠠᠨ ᠠᠪᠬᠤ᠂ ᠪᠠᠷᠢᠯᠭ᠎ᠠ | ᠳᠠᠭᠤᠰᠤᠭᠰᠠᠨ ᠤ ᠲᠥᠰᠦᠪ ᠤᠨ ᠬᠦᠢᠴᠡᠳᠬᠡᠯ ᠤᠨ ᠬᠢᠨᠠᠨ ᠪᠤᠳᠤᠯᠲᠠ ᠶᠢ ᠪᠡᠶᠡᠯᠡᠭᠦᠯᠦᠭᠰᠡᠨ ᠤ ᠳᠠᠷᠠᠭ᠎ᠠ | ᠭᠤᠶᠤᠴᠢᠯᠠᠯ ᠢᠶᠠᠨ ᠳᠤᠷᠠᠳᠴᠤ᠂ ︽ᠬᠡᠨ ᠬᠢᠨᠠᠨ ᠵᠥᠪᠰᠢᠶᠡᠷᠡᠭᠰᠡᠨ ᠪᠣᠯ ᠲᠡᠷᠡ ᠬᠠᠷᠢᠭᠤᠴᠠᠬᠤ︾ ᠵᠠᠷᠴᠢᠮ ᠶᠣᠰᠣᠭᠠᠷ | ᠂ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠶᠢᠨ ᠲᠦᠷᠦᠭᠦᠯᠡᠬᠦ ᠰᠠᠯᠠᠭ᠎ᠠ ᠮᠥᠴᠢᠷ ᠪᠤᠶᠤ ᠠᠵᠢᠯ | ᠲᠥᠷᠥᠯ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠤᠨ ᠰᠢᠯᠭᠠᠨ ᠬᠤᠷᠢᠶᠠᠬᠤ ᠶᠢᠨ | ᠬᠠᠮᠲᠤ ᠰᠢᠯᠭᠠᠨ ᠬᠤᠷᠢᠶᠠᠭᠰᠠᠨ ᠮᠡᠳᠡᠭᠦᠯᠦᠯᠲᠡ ᠬᠢᠵᠦ ᠥᠭᠭᠦᠨ᠎ᠡ᠃ | 9. ᠡᠳ᠋ ᠤᠨ ᠵᠠᠰᠠᠭ ᠤᠨ ᠶᠠᠮᠤᠨ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠠᠴᠠ ︽ | ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢᠨ ᠲᠤᠬᠠᠶ ᠮᠡᠳᠡᠭᠳᠡᠯ︾ ︵ᠡᠳ᠋ ᠤᠨ ᠵᠠᠰᠠᠭ ᠭᠠᠶᠢᠯᠢ ︹ 2018︺ 135 ᠳ᠋ᠤᠭᠠᠷ ᠲᠣᠭᠠᠲᠤ︶ ᠢ | ᠳᠠᠷᠤᠮᠠᠯᠯᠠᠨ ᠲᠠᠷᠬᠠᠭᠠᠵᠤ᠂ ᠣᠨᠳᠣᠤ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ ᠬᠠᠮᠢᠶ᠎ᠠ ᠪᠥᠬᠦᠶ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠨᠡᠶᠢᠲᠡᠯᠡᠪᠡ᠃ ᠣᠨᠳᠣᠣ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠵᠦ ᠲᠥᠪᠬᠢᠨᠡᠭᠦᠯᠬᠦ ᠣᠷᠣᠨ ᠰᠠᠭᠤᠴᠠ ᠶᠢ ᠨᠥᠬᠦᠪᠥᠷᠢᠯᠡᠨ ᠭᠦᠢᠴᠡᠳᠬᠡᠬᠦ ᠭᠠᠷ ᠭᠦᠢᠴᠡᠳᠬᠡᠯ ᠪᠠ | ᠦᠯᠦ ᠬᠥᠳᠡᠯᠬᠦ ᠬᠦᠷᠦᠩᠭᠡ ᠶᠢ ᠳᠠᠩᠰᠠᠯᠠᠬᠤ ᠶᠠᠪᠤᠴᠠ ᠳᠤ ᠲᠤᠰ ᠮᠡᠳᠡᠭᠳᠡᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ | ᠬᠡᠷᠡᠭᠵᠢᠭᠦᠯᠦᠨ᠎ᠡ᠃ | 10. ᠪᠤᠰᠤᠳ ᠭᠤᠭᠴᠤᠭ᠎ᠠ ᠶᠢᠨ ᠭᠠᠷᠳᠠᠮ ᠢ ᠲᠡᠭᠦᠯᠳᠡᠷᠵᠢᠭᠦᠯᠬᠦ ᠳᠤ ᠬᠤᠯᠪᠣᠭᠳᠠᠭᠰᠠᠨ ᠠᠰᠠᠭᠤᠳᠠᠯ ᠢ ︽ | ᠰᠢᠨ᠎ᠡ ᠴᠠᠭ ᠦᠶ᠎ᠡ ᠶᠢᠨ ᠣᠨᠳᠣᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠠᠵᠢᠯ ᠤᠨ ᠵᠠᠭᠤᠨ ᠠᠰᠠᠭᠤᠯᠲᠠ | ᠵᠠᠭᠤᠨ ᠬᠠᠷᠢᠭᠤᠯᠲᠠ︾ ︵ᠬᠥᠭᠵᠢᠭᠦᠯᠦᠯᠲᠡ ᠥᠭᠡᠷᠡᠴᠢᠯᠡᠯᠲᠡ ᠬᠥᠭᠵᠢᠭᠦᠯᠦᠯᠲᠡ ︹ 2019 ︺ 1068 | ᠳ᠋ᠤᠭᠠᠷ ᠲᠣᠭᠠᠲᠤ︶ ᠶᠢᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠬᠦᠢᠴᠡᠳᠬᠡᠨ᠎ᠡ᠃ | ︵ᠬᠤᠶᠠᠷ︶ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠦᠨᠡᠨᠬᠦ | ᠰᠠᠶᠢᠲᠤᠷ ᠬᠢᠨ᠎ᠠ | 1. ᠡᠯ᠎ᠡ ᠨᠢᠭᠡᠴᠡ ᠨᠦᠭᠦᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠣᠨᠳᠣᠤ ᠭᠠᠵᠠᠷ ᠲᠤ ᠨᠡᠭᠦᠯᠭᠡᠨ | ᠶᠠᠳᠠᠭᠤ ᠶᠢ ᠲᠡᠳᠬᠦᠬᠦ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠪᠥᠲᠥᠭᠡᠨ ᠪᠠᠶᠢᠭᠤᠯᠵᠤ ᠪᠣᠯᠤᠨ᠎ᠠ ᠃ | ᠨᠢᠭᠡᠴᠡ ᠵᠡᠷᠭᠡ ᠨᠢ᠂ ᠳᠡᠩᠰᠡᠯᠡᠨ ᠲᠡᠮᠳᠡᠭᠯᠡᠬᠦ ᠳᠤ ᠬᠡᠷᠡᠭᠰᠡᠬᠦ ᠲᠥᠯᠥᠪᠵᠢᠭᠦᠯᠭᠡ᠂ ᠭᠠᠵᠠᠷ ᠬᠡᠷᠡᠭᠯᠡᠬᠦ᠂ ᠪᠠᠷᠢᠯᠭ᠎ᠠ | ᠳᠠᠭᠤᠰᠤᠭᠰᠠᠨ ᠢ ᠰᠢᠯᠭᠠᠨ ᠠᠪᠬᠤ᠂ ᠭᠠᠶᠢᠯᠢ ᠲᠠᠲᠠᠪᠤᠷᠢ ᠶᠢ ᠬᠠᠰᠤᠵᠤ ᠭᠡᠯᠳᠦᠷᠢᠭᠦᠯᠬᠦ ᠭᠡᠷᠡᠴᠢ ᠮᠠᠲ᠋ᠧᠷᠢᠶᠠᠯ ᠪᠠ | ᠣᠨᠳᠣᠤ ᠭᠠᠵᠠᠷ ᠨᠡᠭᠦᠯᠭᠡᠨ ᠶᠠᠳᠠᠭᠤ ᠶᠢ ᠲᠡᠳᠬᠦᠬᠦ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠨ | ᠬᠠᠷᠭᠤᠭᠤᠯᠵᠤ ᠨᠤᠲᠠᠯᠠᠭᠰᠠᠨ ᠨᠡᠭᠦᠯᠭᠡᠬᠦ ᠣᠯᠠᠨ ᠲᠦᠮᠡᠨ ᠤ ᠪᠡᠶ᠎ᠡ ᠬᠡᠮ ᠤᠨ ᠮᠡᠳᠡᠭᠡ ᠵᠠᠩᠭᠢ᠂ ᠲᠥᠪᠬᠢᠨᠡᠭᠦᠯᠬᠦ | ᠣᠷᠣᠨ ᠰᠠᠭᠤᠴᠠ ᠶᠢ ᠬᠤᠪᠢᠶᠠᠷᠢᠯᠠᠬᠤ ︵ᠬᠤᠳᠠᠯᠳᠤᠨ ᠠᠪᠬᠤ︶ ᠭᠡᠷᠡᠴᠢ ᠪᠠᠷᠢᠮᠲᠠ ᠵᠡᠷᠭᠡ ᠶᠢ ᠨᠢᠭᠡᠳᠦᠯᠲᠡᠶ ᠣᠯᠵᠤ᠂ | ᠨᠡᠭᠦᠯᠭᠡᠬᠦ ᠣᠯᠠᠨ ᠲᠦᠮᠡᠨ ᠢ ᠣᠷᠣᠯᠠᠨ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠬᠢᠯᠭᠡᠬᠦ ᠪᠠᠷ ᠭᠤᠶᠤᠴᠢᠯᠠᠨ᠎ᠠ᠃ ᠰᠠᠯᠠᠭ᠎ᠠ ᠮᠥᠴᠢᠷ ᠤᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠᠷ | ᠳᠡᠮᠵᠢᠨ ᠣᠯᠤᠭᠰᠠᠨ ᠮᠠᠲ᠋ᠧᠷᠢᠶᠠᠯ ᠢ ᠬᠤᠰᠢᠭᠤᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ | ᠭᠤᠶᠤᠴᠢᠯᠠᠬᠤ ᠭᠤᠤᠯ ᠴᠣᠭᠴᠠ ᠶᠢ ᠠᠰᠲᠠᠭᠠᠨ ᠬᠠᠩᠭᠠᠯᠭᠠᠬᠤ ᠪᠠᠷ ᠱᠠᠭᠠᠷᠳᠠᠵᠤ ᠪᠣᠯᠬᠤ ᠥᠬᠡᠶ᠃ | 2. ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠥᠯᠥ ᠬᠥᠳᠡᠯᠬᠦ ᠬᠥᠷᠥᠩᠭᠡ ᠶᠢᠨ | ᠳᠡᠩᠰᠡᠯᠡᠯᠲᠡ ᠶᠢᠨ ᠲᠥᠪ ᠰᠠᠨᠠᠭᠠᠴᠢᠯᠠᠭ᠎ᠠ ᠠᠴᠠ ᠪᠠᠨ ᠬᠡᠷ ᠲᠤᠨᠢ ᠬᠦᠷᠴᠦ ᠭᠥᠯᠢᠶᠡᠨ ᠠᠪᠴᠤ ᠰᠢᠢᠳᠪᠤᠷᠢᠯᠡᠬᠦ ᠪᠠ | ᠪᠥᠭᠡᠮ ᠢᠶᠠᠷ ᠬᠢᠨᠠᠨ ᠬᠠᠷᠭᠤᠭᠤᠯᠬᠤ᠂ ᠳᠡᠩᠰᠡᠯᠡᠨ ᠲᠡᠮᠳᠡᠭᠯᠡᠬᠦ᠂ ᠦᠨᠡᠮᠯᠡᠯ ᠣᠯᠭᠤᠬᠤ ᠠᠷᠭ᠎ᠠ ᠶᠢ ᠠᠪᠴᠤ᠂ ᠠᠯᠬᠤᠮ | ᠳᠠᠷᠠᠭ᠎ᠠ ᠶᠢ ᠳᠥᠭᠦᠮᠴᠢᠯᠡᠨ᠂ ᠨᠢᠭᠡ ᠶᠢ ᠲᠡᠭᠦᠯᠳᠡᠷᠵᠢᠭᠦᠯᠪᠡᠯ ᠨᠢᠭᠡ ᠶᠢ ᠳᠠᠩᠰᠠᠯᠠᠬᠤ ᠵᠠᠷᠴᠢᠮ ᠶᠣᠰᠣᠭᠠᠷ᠂ ᠪᠥᠬᠦ | ᠬᠤᠰᠢᠭᠤᠨ ᠤ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠠᠯᠬᠤᠮ | ᠠᠯᠬᠤᠮ ᠢᠶᠠᠷ ᠪᠡᠶᠡᠯᠡᠭᠦᠯᠵᠦ᠂ ᠲᠠᠷᠬᠠᠭᠠᠬᠤ ᠶᠣᠰᠣᠲᠠᠶ ᠶᠢ ᠨᠢ ᠪᠦᠬᠦᠨ ᠢ ᠲᠠᠷᠬᠠᠭᠠᠨ᠎ᠠ᠃ | 3. 2021 ᠣᠨ ᠤ 5 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠣᠨᠳᠣᠤ ᠭᠠᠵᠠᠷ ᠨᠡᠭᠦᠯᠭᠡᠵᠦ | ᠲᠥᠪᠬᠢᠨᠡᠭᠦᠯᠬᠦ ᠣᠷᠣᠨ ᠰᠠᠭᠤᠴᠠ ᠶᠢᠨ ᠭᠠᠷᠳᠠᠮ ᠢ ᠲᠡᠭᠦᠯᠳᠡᠷᠵᠢᠭᠦᠯᠵᠦ ᠳᠡᠶᠢᠯᠬᠦ ᠥᠬᠡᠶ ᠪᠣᠯ᠂ ᠬᠤᠰᠢᠭᠤᠨ | ᠠᠷᠠᠳ ᠤᠨ ᠵᠠᠰᠠᠭ ᠤᠨ ᠣᠷᠳᠣᠨ ᠠᠴᠠ ᠭᠠᠷ ᠬᠦᠢᠴᠡᠳᠬᠡᠯ ᠢ ᠲᠡᠭᠦᠯᠳᠡᠷᠵᠢᠭᠦᠯᠬᠦ ᠠᠮᠠᠯᠠᠯᠲᠠ ᠶᠢᠨ ᠪᠢᠴᠢᠭ ᠢ | ᠤᠷᠢᠳᠴᠢᠯᠠᠨ ᠭᠠᠷᠭᠠᠵᠤ ᠥᠭᠭᠦᠨ᠎ᠡ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠲᠥᠪ ᠠᠴᠠ ᠡᠭᠦᠨ ᠢ | ᠦᠨᠳᠦᠰᠦᠯᠡᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠬᠢᠬᠦ ᠠᠷᠭ᠎ᠠ ᠪᠠᠷ ᠳᠡᠩᠰᠡᠯᠡᠨ ᠲᠡᠮᠳᠡᠭᠯᠡᠬᠦ ᠶᠢᠨ ᠬᠠᠮᠲᠤ | ᠂ ᠬᠤᠰᠢᠭᠤᠨ ᠵᠠᠰᠠᠭ ᠤᠨ ᠣᠷᠳᠣᠨ ᠤ ᠠᠵᠢᠯ ᠤᠨ ᠲᠥᠰᠦᠯ᠂ ᠠᠮᠠᠯᠠᠯᠲᠠ ᠶᠢᠨ ᠪᠢᠴᠢᠭ ᠢ ᠳᠡᠩᠰᠡᠯᠡᠯᠲᠡ ᠶᠢᠨ | ᠲᠠᠩᠰᠠ ᠡᠪᠬᠡᠮᠡᠯ ᠳᠤ ᠬᠠᠳᠠᠭᠠᠯᠠᠨ᠎ᠠ᠃ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠤᠨ ᠭᠠᠷᠳᠠᠮ ᠢ | ᠲᠡᠭᠦᠯᠳᠡᠷᠵᠢᠭᠦᠯᠦᠭᠰᠡᠨ ᠤ ᠳᠠᠷᠠᠭ᠎ᠠ᠂ ᠴᠠᠭ ᠲᠤᠬᠠᠶ ᠳᠤᠨᠢ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠲᠤ | ᠲᠤᠰᠢᠶᠠᠵᠤ᠂ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠲᠠᠩᠰᠠ | ᠡᠪᠬᠡᠮᠡᠯ ᠢ ᠲᠡᠭᠦᠯᠳᠡᠷᠵᠢᠭᠦᠯᠬᠦ ᠬᠡᠷᠡᠭᠲᠡᠶ᠃ | ᠳᠦᠷᠪᠡ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ ᠴᠢᠩᠭᠠᠳᠬᠠᠬᠤ ᠬᠡᠷᠡᠭᠲᠡᠶ | ᠪᠥᠬᠦ ᠬᠤᠰᠢᠭᠤᠨ ᠤ ᠣᠨᠳᠣᠤ ᠭᠠᠵᠠᠷ ᠲᠤ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠨᠥᠬᠦᠨ | ᠬᠦᠢᠴᠡᠳᠬᠡᠬᠦ ᠭᠠᠷ ᠬᠦᠢᠴᠡᠳᠬᠡᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠤᠨ ᠵᠣᠬᠢᠶᠠᠨ | ᠪᠠᠶᠢᠭᠤᠯᠤᠯᠲᠠ ᠶᠢᠨ ᠤᠳᠤᠷᠢᠳᠤᠯᠭ᠎ᠠ ᠪᠠ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠬᠤ ᠶᠢᠨ | ᠲᠥᠯᠥᠭᠡ᠂ ᠬᠤᠰᠢᠭᠤᠨ ᠵᠠᠰᠠᠭ ᠤᠨ ᠣᠷᠳᠣᠨ ᠠᠴᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠣᠨᠳᠣᠤ | ᠭᠠᠵᠠᠷ ᠲᠤ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠨᠥᠬᠦᠨ ᠬᠦᠢᠴᠡᠳᠬᠡᠬᠦ ᠭᠠᠷ ᠬᠦᠢᠴᠡᠳᠬᠡᠯ ᠪᠠ | ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ | ᠲᠣᠭᠲᠠᠪᠠ᠃ | ᠳᠤᠭᠤᠶᠢᠯᠠᠩ ᠤᠨ ᠳᠠᠷᠤᠭ᠎ᠠ᠄ ᠰᠥᠩ ᠵᠢᠶ ᠴᠢᠩ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ | ᠭᠡᠰᠢᠭᠦᠨ᠂ ᠪᠠᠶᠢᠩᠭᠤ ᠶᠢᠨ ᠳᠡᠳ᠋ ᠬᠤᠰᠢᠭᠤᠨ ᠳᠠᠷᠤᠭ᠎ᠠ | ᠳᠡᠳ᠋ ᠳᠤᠭᠤᠶᠢᠯᠠᠩ ᠤᠨ ᠳᠠᠷᠤᠭ᠎ᠠ᠄ ᠶᠠᠩ ᠼᠠᠢ ᠳ᠋ᠤᠩ ᠬᠤᠰᠢᠭᠤᠨ ᠤ ᠵᠠᠰᠠᠭ ᠤᠨ ᠣᠷᠳᠣᠨ ᠤ ᠠᠯᠪᠠᠨ ᠬᠡᠷ ᠤᠨ | ᠳᠡᠳ᠋ ᠡᠷᠬᠢᠯᠡᠭᠴᠢ | ᠴᠢ ᠯᠢ ᠬᠤᠸᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ | ᠪᠦᠷᠢᠯᠳᠦᠬᠦᠨ᠄ ᠵᠠᠩ ᠳ᠋ᠧᠩ ᠹᠧᠩ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ | ᠡᠷᠬᠢᠯᠡᠭᠴᠢ | ᠳ᠋ᠦᠩ ᠰᠢᠶᠤᠤ ᠨᠢᠩ ᠬᠤᠰᠢᠭᠤᠨ ᠤ ᠶᠠᠳᠠᠭᠤ ᠶᠢ ᠲᠡᠳᠬᠦᠬᠦ ᠠᠯᠪᠠᠨ ᠬᠡᠷ ᠤᠨ ᠡᠷᠬᠢᠯᠡᠭᠴᠢ | | ᠯᠢᠦᠶ ᠵᠢᠶᠦ᠋ᠨ ᠲᠢᠩ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ | | ᠸᠠᠩ ᠬᠤᠩ ᠬᠤᠰᠢᠭᠤᠨ ᠤ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ | ᠲᠣᠪᠴᠢᠶᠠᠨ ᠤ ᠳᠠᠷᠤᠭ᠎ᠠ | ᠫᠤᠩ ᠵᠥᠩ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ | ᠳᠠᠷᠤᠭ᠎ᠠ | | ᠯᠢᠶᠠᠩ ᠸᠠᠨ ᠮᠢᠩ ᠬᠤᠰᠢᠭᠤᠨ ᠤ ᠤᠢ ᠰᠢᠭᠤᠶ ᠡᠪᠡᠰᠦ ᠪᠡᠯᠴᠢᠭᠡᠷ ᠤᠨ ᠲᠣᠪᠴᠢᠶᠠᠨ ᠤ ᠳᠠᠷᠤᠭ᠎ᠠ | | ᠯᠢᠦ ᠯᠢ ᠬᠦᠩ ᠬᠤᠰᠢᠭᠤᠨ ᠤ ᠭᠠᠶᠢᠯᠢ ᠶᠢᠨ ᠲᠣᠪᠴᠢᠶᠠᠨ ᠤ ᠳᠠᠷᠤᠭ᠎ᠠ | | ᠵᠠᠩ ᠾᠧ ᠫᠢᠩ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ᠂ ᠥᠯᠥ | ᠬᠥᠳᠡᠯᠬᠦ ᠬᠥᠷᠥᠩᠭᠡ ᠶᠢ ᠳᠠᠩᠰᠠᠯᠠᠬᠤ ᠲᠥᠪ ᠤᠨ ᠡᠷᠬᠢᠯᠡᠭᠴᠢ | | ᠬᠤ᠋ ᠿᠢ ᠴᠧᠨ ᠪᠠᠶᠠᠨᠴᠠᠭᠠᠨ ᠪᠠᠯᠭᠠᠰᠤᠨ ᠤ ᠳᠠᠷᠤᠭ᠎ᠠ | | ᠴᠧᠨ ᡁᠢ ᡁᠢ ᠲᠡᠮᠤᠷᠲᠠᠢ ᠪᠠᠯᠭᠠᠰᠤᠨ ᠤ ᠳᠠᠷᠤᠭ᠎ᠠ | | ᠵᠠᠩ ᠢᠦᠢ ᠱᠧᠩ ᠬᠤᠩᠭᠢᠯᠳᠤ ᠪᠠᠯᠭᠠᠰᠤᠨ ᠤ ᠳᠠᠷᠤᠭ᠎ᠠ | | ᠷᠧᠨ ᠯᠢ ᠳ᠋ᠡ ᠯᠢᠤ ᠬᠤᠣ ᠪᠠᠯᠭᠠᠰᠤᠨ ᠤ ᠳᠠᠷᠤᠭ᠎ᠠ | | ᠯᠢ ᠰᠢᠶᠠ ᠪᠤᠩᠬᠤᠨ ᠪᠠᠯᠭᠠᠰᠤᠨ ᠤ ᠳᠠᠷᠤᠭ᠎ᠠ | ᠽᠠᠨ ᠢᠦᠶ ᠫᠢᠩ ᠤᠯᠠᠭᠠᠨᠬᠠᠳᠠ ᠰᠤᠮᠤ ᠶᠢᠨ ᠨᠠᠮ ᠤᠨ ᠬᠤᠷᠢᠶᠠᠨ ᠤ ᠱᠦᠵᠢ | ᠸᠠᠩ ᠰᠢᠶᠤᠤ ᠰᠢᠶᠠ ᠳᠤᠯᠤᠭᠠᠨᠬᠤᠳᠳᠤᠭ ᠰᠤᠮᠤ ᠶᠢᠨ ᠰᠤᠮᠤᠨ ᠳᠠᠷᠤᠭ᠎ᠠ | | ᠸᠠᠴᠢᠷᠬᠤᠶᠠᠭ ᠰᠢᠶᠠᠩ ᠤᠨ ᠳᠠᠷᠤᠭ᠎ᠠ ᠶᠢᠨ ᠲᠤᠰᠢᠶᠠᠯ ᠬᠠᠷᠢᠭᠤᠴᠠᠭᠰᠠᠨ ᠭᠠᠵᠠᠷ ᠣᠷᠣᠨ ᠤ ᠠᠷᠠᠳ ᠤᠨ | ᠵᠠᠰᠠᠭ ᠤᠨ ᠣᠷᠳᠣᠨ ᠤ ᠳᠠᠷᠤᠭ᠎ᠠ | | ︵ᠨᠢᠭᠡ︶ ᠤᠳᠤᠷᠢᠳᠬᠤ ᠳᠤᠭᠤᠶᠢᠯᠠᠩ ᠤᠨ ᠠᠵᠢᠯ ᠤᠨ ᠡᠭᠦᠷᠭᠡ ᠬᠠᠷᠢᠭᠤᠴᠠᠯᠭ᠎ᠠ | | ᠳᠡᠭᠡᠳᠦ ᠱᠠᠲᠤᠨ ᠤ ᠣᠨᠳᠣᠤ ᠭᠠᠵᠠᠷ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢ ᠨᠥᠬᠦᠨ | ᠬᠦᠢᠴᠡᠳᠬᠡᠬᠦ ᠭᠠᠷ ᠬᠦᠢᠴᠡᠳᠬᠡᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠶᠡᠷᠦᠩᠬᠡᠶ ᠠᠵᠢᠯ ᠤᠨ | ᠱᠠᠭᠠᠷᠳᠠᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠰᠢᠭᠤᠨ ᠤ ᠣᠨᠳᠣᠤ ᠭᠠᠵᠠᠷ ᠨᠡᠭᠦᠯᠭᠡᠵᠦ | ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠳᠤ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠥᠯᠥ | ᠬᠥᠳᠡᠯᠬᠦ ᠬᠥᠷᠥᠩᠭᠡ ᠶᠢᠨ ᠳᠡᠩᠰᠡᠯᠡᠯᠲᠡ ᠵᠡᠷᠭᠡ ᠠᠵᠢᠯ ᠢ ᠨᠢᠭᠡᠳᠦᠯᠲᠡᠶ ᠲᠥᠯᠥᠪᠯᠡᠨ᠂ ᠪᠥᠬᠦ ᠬᠤᠰᠢᠭᠤᠨ ᠤ | ᠠᠵᠢᠯ ᠤᠨ ᠨᠠᠶᠢᠳᠠᠪᠤᠷᠢᠵᠢᠭᠤᠯᠤᠯᠲᠠ ᠶᠢ ᠰᠢᠪᠠᠳᠠᠨ ᠵᠢᠯᠣᠭᠤᠳᠴᠤ᠂ ᠠᠵᠢᠯ ᠤᠨ ᠳᠤᠮᠳᠠ ᠲᠤᠯᠭᠠᠷᠠᠭᠰᠠᠨ ᠬᠦᠴᠢᠷ | ᠠᠰᠠᠭᠤᠳᠠᠯ ᠪᠠ ᠴᠢᠬᠤᠯᠠ ᠶᠡᠭᠡ ᠠᠰᠠᠭᠤᠳᠠᠯ ᠢ ᠵᠣᠬᠢᠴᠠᠭᠤᠯᠤᠨ ᠰᠢᠢᠳᠪᠤᠷᠢᠯᠡᠨ᠎ᠡ᠃ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤᠨ ᠪᠠᠶᠢᠭᠠᠯᠢ ᠶᠢᠨ | ᠡᠬᠢ ᠪᠠᠶᠠᠯᠢᠭ ᠤᠨ ᠲᠣᠪᠴᠢᠶ᠎ᠠ ᠳᠤ ᠲᠣᠬᠢᠷᠠᠭᠤᠯᠤᠨ᠎ᠠ᠃ | ᠲᠠᠪᠤ᠂ ᠬᠠᠮᠢᠶ᠎ᠠ ᠪᠥᠬᠦᠶ ᠱᠠᠭᠠᠷᠳᠠᠯᠭ᠎ᠠ | ︵ᠨᠢᠭᠡ︶ ᠲᠥᠯᠥᠪᠵᠢᠭᠦᠯᠭᠡ᠂ ᠭᠠᠵᠠᠷ ᠬᠡᠷᠡᠭᠯᠡᠬᠦ ᠶᠢ ᠬᠢᠨᠠᠨ ᠵᠥᠪᠰᠢᠶᠡᠷᠡᠬᠦ᠂ ᠪᠠᠷᠢᠯᠭ᠎ᠠ ᠶᠢᠨ ᠠᠵᠢᠯ ᠳᠠᠭᠤᠰᠴᠤ | ᠰᠢᠯᠭᠠᠨ ᠠᠪᠬᠤ ᠵᠢᠴᠢ ᠪᠤᠰᠤᠳ ᠭᠠᠷ ᠭᠦᠢᠴᠡᠳᠬᠡᠯ ᠳᠤᠲᠠᠭᠳᠠᠵᠤ ᠪᠠᠶᠢᠬᠤ᠃ | ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠢ ᠬᠠᠮᠢᠶ᠎ᠠ ᠪᠥᠬᠦᠶ ᠰᠠᠯᠠᠭ᠎ᠠ ᠮᠥᠴᠢᠷ ᠠᠴᠠ | ᠠᠵᠢᠯ ᠤᠨ ᠲᠥᠰᠦᠯ ᠶᠣᠰᠣᠭᠠᠷ᠂ ︽ᠶᠠᠭᠤ ᠳᠤᠲᠠᠭᠳᠠᠪᠠᠯ ᠶᠠᠭᠤ ᠶᠢ ᠨᠥᠬᠦᠪᠥᠷᠢᠯᠡᠬᠦ᠂ ᠬᠡᠨ ᠬᠢᠨᠠᠨ ᠵᠥᠪᠰᠢᠶᠡᠷᠡᠪᠡᠯ | ᠬᠡᠨ ᠬᠠᠷᠢᠭᠤᠴᠠᠬᠤ︾ ᠵᠠᠷᠴᠢᠮ ᠢ ᠦᠨᠳᠦᠰᠦᠯᠡᠨ᠂ ᠬᠠᠷᠢᠭᠤᠴᠠᠯᠭ᠎ᠠ᠂ ᠠᠷᠭ᠎ᠠ ᠬᠡᠮᠵᠢᠶ᠎ᠡ ᠪᠠ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠬᠠᠤᠯᠢ ᠪᠠᠷ ᠲᠣᠭᠲᠠᠭᠠᠭᠰᠠᠨ ᠲᠠᠰ ᠳᠠᠷᠠᠭᠠᠯᠠᠯ ᠢ ᠦᠨᠳᠦᠰᠦᠯᠡᠨ ᠱᠠᠲᠤ ᠳᠠᠷᠠᠭᠠᠯᠠᠨ ᠬᠢᠨᠠᠨ | ᠵᠥᠪᠰᠢᠶᠡᠷᠡᠵᠦ᠂ ᠲᠥᠪᠬᠢᠨᠡᠭᠦᠯᠬᠦ ᠣᠷᠣᠨ ᠰᠠᠭᠤᠴᠠ ᠶᠢᠨ ᠲᠥᠷᠥᠯ ᠵᠤᠶᠢᠯ ᠤᠨ ᠭᠠᠷᠳᠠᠮ ᠢ ᠠᠯᠬᠤᠮ ᠠᠯᠬᠤᠮ ᠢᠶᠠᠷ | ᠲᠡᠭᠦᠯᠳᠡᠷᠵᠢᠭᠦᠯᠬᠦ ᠬᠡᠷᠡᠭᠲᠡᠶ᠃ | ︵ᠬᠤᠶᠠᠷ︶ ᠲᠥᠪ ᠬᠤᠷᠢᠶ᠎ᠠ ᠠᠴᠠ ᠲᠣᠭᠲᠠᠭᠠᠭᠰᠠᠨ ︽ᠲᠥᠪ ᠠᠴᠠ ᠨᠢᠭᠡᠳᠦᠯᠲᠡᠶ ᠲᠥᠯᠥᠪᠵᠢᠭᠦᠯᠵᠦ᠂ | ᠮᠤᠵᠢ ᠠᠴᠠ ᠶᠡᠷᠦᠩᠬᠡᠶ ᠬᠠᠷᠢᠭᠤᠴᠠᠯᠭ᠎ᠠ ᠶᠢ ᠡᠭᠦᠷᠭᠡᠯᠡᠵᠦ᠂ ᠬᠤᠲᠠ ᠰᠢᠶᠠᠨ ᠠᠴᠠ ᠠᠳᠬᠤᠬᠤ ᠬᠡᠷᠡᠭᠲᠡᠶ᠃ | | ︽ᠬᠠᠮᠢᠶᠠᠷᠤᠯᠲᠠ ᠶᠢᠨ ᠪᠠᠶᠢᠭᠤᠯᠤᠯ ᠢ ᠨᠠᠶᠢᠳᠠᠪᠤᠷᠢᠵᠢᠭᠤᠯᠵᠤ᠂ ᠠᠵᠢᠯ ᠤᠨ ᠬᠤᠪᠢᠶᠠᠷᠢᠯᠠᠯ ᠨᠢ ᠲᠣᠳᠣᠷᠬᠠᠶ᠂ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ᠂ ᠰᠠᠯᠠᠭ᠎ᠠ ᠮᠥᠴᠢᠷ ᠬᠤᠯᠪᠣᠭᠠᠯᠠᠨ ᠬᠥᠳᠡᠯᠦᠯᠴᠡᠭᠰᠡᠨ ᠠᠵᠢᠯ ᠤᠨ | ᠲᠣᠭᠲᠠᠴᠠ ᠶᠢ ᠪᠠᠶᠢᠭᠤᠯᠵᠤ᠂ ᠣᠨᠳᠣᠤ ᠭᠠᠵᠠᠷ ᠲᠤ ᠨᠡᠭᠦᠯᠭᠡᠨ ᠲᠥᠪᠬᠢᠨᠡᠭᠦᠯᠬᠦ ᠣᠷᠣᠨ ᠰᠠᠭᠤᠴᠠ ᠶᠢ ᠨᠥᠬᠦᠵᠦ | ᠬᠦᠢᠴᠡᠳᠬᠡᠬᠦ ᠭᠠᠷᠳᠠᠮ ᠪᠠ ᠥᠯᠥ ᠬᠥᠳᠡᠯᠬᠦ ᠬᠥᠷᠥᠩᠭᠡ ᠶᠢ ᠳᠠᠩᠰᠠᠯᠠᠬᠤ ᠠᠵᠢᠯ ᠢ ᠬᠦᠴᠦᠲᠡᠶ ᠪᠥᠭᠡᠳ ᠡᠮᠬᠢ | ᠵᠢᠷᠤᠮ ᠲᠠᠢ ᠪᠦᠲᠦᠮᠵᠢᠲᠡᠶ ᠳᠥᠯᠭᠢᠨ ᠠᠬᠢᠭᠤᠯᠬᠤ ᠶᠢ ᠪᠠᠲᠤᠯᠠᠨ᠎ᠠ᠃ | ᠵᠢᠷᠭᠤᠭ᠎ᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠴᠠᠭᠤᠯᠬᠤ ᠲᠣᠭᠲᠠᠴᠠ ᠶᠢ ᠪᠦᠷᠢᠨᠰᠢᠭᠦᠯᠦᠨ᠎ᠡ᠃ ᠬᠤᠰᠢᠭᠤᠨ ᠪᠠᠶᠢᠭᠠᠯᠢ ᠶᠢᠨ ᠡᠬᠢ ᠪᠠᠶᠠᠯᠢᠭ᠂ | ᠬᠥᠭᠵᠢᠭᠦᠯᠦᠯᠲᠡ ᠥᠭᠡᠷᠡᠴᠢᠯᠡᠯᠲᠡ᠂ ᠶᠠᠳᠠᠭᠤ ᠶᠢ ᠲᠡᠳᠬᠦᠬᠦ᠂ ᠡᠳ᠋ ᠤᠨ ᠵᠠᠰᠠᠭ᠂ ᠣᠷᠣᠨ ᠰᠠᠭᠤᠴᠠ ᠪᠠ ᠬᠤᠲᠠ | ᠬᠥᠳᠡᠭᠡ ᠶᠢᠨ ᠪᠥᠲᠥᠭᠡᠨ ᠪᠠᠶᠢᠭᠤᠯᠤᠯᠲᠠ᠂ ᠣᠶ ᠰᠢᠭᠤᠶ ᠡᠪᠡᠰᠦ ᠪᠡᠯᠴᠢᠭᠡᠷ᠂ ᠭᠠᠶᠢᠯᠢ ᠶᠢᠨ ᠶᠠᠪᠤᠳᠠᠯ ᠵᠡᠷᠭᠡ ᠰᠠᠯᠠᠭ᠎ᠠ | ᠮᠥᠴᠢᠷ ᠪᠠ ᠰᠤᠮᠤ ᠰᠢᠶᠠᠩ ᠪᠠᠯᠭᠠᠰᠤ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ ᠶᠣᠰᠣᠭᠠᠷ᠂ ᠵᠣᠬᠢᠴᠠᠭᠤᠯᠬᠤ | ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠠᠵᠢᠯ ᠤᠨ ᠵᠣᠯᠭᠠᠯᠴᠠᠭ᠎ᠠ ᠶᠢ ᠰᠠᠶᠢᠲᠤᠷ ᠬᠢᠵᠦ᠂ ᠬᠠᠷᠢᠯᠴᠠᠨ | ᠨᠡᠪᠲᠡᠷᠡᠯᠴᠡᠨ ᠬᠠᠮᠵᠢᠯᠴᠠᠵᠤ᠂ ᠡᠯ᠎ᠡ ᠵᠤᠶᠢᠯ ᠤᠨ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠣᠷᠣᠰᠢᠵᠤ ᠪᠠᠶᠢᠭ᠎ᠠ | ᠠᠰᠠᠭᠤᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠴᠠᠭᠤᠯᠤᠨ ᠰᠢᠢᠳᠪᠤᠷᠢᠯᠡᠵᠤ᠂ ᠡᠯ᠎ᠡ ᠵᠤᠶᠢᠯ ᠤᠨ ᠠᠵᠢᠯ ᠢ | ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ | | ︵ᠬᠤᠶᠠᠷ︶ ᠶᠠᠷᠢᠶ᠎ᠠ ᠬᠡᠯᠡᠯᠴᠡᠭᠡᠨ ᠤ ᠤᠬᠠᠭᠤᠯᠭ᠎ᠠ ᠶᠢ ᠴᠢᠩᠭᠠᠳᠬᠠᠨ᠎ᠠ᠃ ᠡᠯ᠎ᠡ ᠵᠤᠶᠢᠯ ᠤᠨ ᠵᠠᠭᠤᠴᠢᠯᠠᠭᠤᠷ ᠢ | ᠬᠦᠢᠴᠡᠳ ᠠᠰᠢᠭᠯᠠᠨ᠂ ᠣᠨᠳᠣᠤ ᠭᠠᠵᠠᠷ ᠲᠤ ᠨᠡᠭᠦᠯᠭᠡᠵᠦ ᠲᠥᠪᠬᠢᠨᠡᠭᠦᠯᠬᠦ ᠣᠷᠣᠨ ᠰᠠᠭᠤᠴᠠ ᠶᠢᠨ ᠥᠯᠥ ᠬᠥᠳᠡᠯᠬᠦ | ᠬᠥᠷᠥᠩᠭᠡ ᠶᠢᠨ ᠳᠡᠩᠰᠡᠯᠡᠯᠲᠡ ᠶᠢᠨ ᠴᠢᠬᠤᠯᠠ ᠠᠴᠢ ᠬᠤᠯᠪᠣᠭᠳᠠᠯ ᠢ ᠥᠷᠭᠡᠨ ᠢᠶᠠᠷ ᠤᠬᠠᠭᠤᠯᠵᠤ᠂ ᠤᠬᠠᠭᠤᠯᠬᠤ | ᠡᠷᠴᠢᠮ ᠢᠶᠠᠨ ᠴᠢᠩᠭᠠᠷᠠᠭᠤᠯᠤᠨ᠂ ᠶᠠᠷᠢᠶ᠎ᠠ ᠬᠡᠯᠡᠯᠴᠡᠭᠡᠨ ᠤ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ | ᠨᠡᠭᠦᠯᠭᠡᠭᠰᠡᠨ ᠣᠯᠠᠨ ᠲᠦᠮᠡᠨ ᠤ ᠰᠠᠨᠠᠭᠠᠴᠢᠯᠠᠭ᠎ᠠ ᠠᠴᠠ ᠪᠠᠨ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ | ᠭᠤᠶᠤᠴᠢᠯᠠᠬᠤ ᠢᠳᠡᠪᠬᠢᠵᠢᠯ ᠢ ᠳᠡᠭᠡᠭᠰᠢᠯᠡᠭᠦᠯᠦᠨ᠎ᠡ᠃ | ︵ᠭᠤᠷᠪᠠ︶ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠤᠨ᠎ᠠ᠃ ᠲᠥᠪᠬᠢᠨᠡᠭᠦᠯᠬᠦ ᠣᠷᠣᠨ | ᠰᠠᠭᠤᠴᠠ ᠶᠢᠨ ᠲᠥᠷᠥᠯ ᠵᠤᠶᠢᠯ ᠢ ᠲᠡᠭᠦᠯᠳᠡᠷᠵᠢᠭᠦᠯᠬᠦ ᠭᠠᠷ ᠬᠦᠢᠴᠡᠳᠬᠡᠯ ᠤᠨ ᠠᠮᠠᠯᠠᠯᠲᠠ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢ ᠪᠡᠶᠡᠯᠡᠭᠦᠯᠦᠭᠰᠡᠨ | ᠪᠠᠶᠢᠳᠠᠯ ᠢ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠪᠦᠬᠦᠯᠢ ᠴᠣᠭᠴᠠ ᠶᠢᠨ ᠬᠢᠨᠠᠨ | ᠰᠢᠯᠭᠠᠵᠤ ᠰᠢᠯᠭᠠᠨ ᠠᠪᠬᠤ ᠬᠡᠪᠴᠢᠶᠡᠨ ᠳᠤ ᠣᠷᠣᠭᠤᠯᠵᠤ᠂ ᠬᠤᠰᠢᠭᠤᠨ ᠠᠷᠠᠳ ᠤᠨ ᠵᠠᠰᠠᠭ ᠤᠨ ᠣᠷᠳᠣᠨ ᠠᠴᠠ | ᠡᠯ᠎ᠡ ᠨᠢᠭᠡᠴᠡ ᠶᠢᠨ ᠣᠨᠳᠣᠤ ᠭᠠᠵᠠᠷ ᠲᠤ ᠨᠡᠭᠦᠯᠭᠡᠬᠦ ᠣᠷᠣᠨ ᠰᠠᠭᠤᠴᠠ ᠶᠢ ᠨᠥᠬᠦᠵᠦ ᠬᠦᠢᠴᠡᠳᠬᠡᠬᠦ ᠭᠠᠷ | ᠬᠦᠢᠴᠡᠳᠬᠡᠯ ᠪᠠ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ ᠶᠢᠨ ᠪᠠᠶᠢᠳᠠᠯ ᠳᠤ ᠴᠠᠭ ᠲᠤᠨᠢ ᠳᠣᠭᠢᠷᠠᠭᠤᠯᠤᠨ | ᠬᠢᠨᠠᠯᠲᠠ ᠲᠠᠯᠪᠢᠵᠤ ᠪᠠᠶᠢᠴᠠᠭᠠᠯᠲᠠ ᠬᠢᠨ᠎ᠠ᠃ ᠭᠠᠷᠳᠠᠮ ᠨᠢ ᠲᠡᠭᠦᠯᠳᠡᠷ ᠪᠤᠰᠤ ᠲᠥᠪᠬᠢᠨᠡᠭᠦᠯᠬᠦ ᠣᠷᠣᠨ ᠰᠠᠭᠤᠴᠠ ᠶᠢᠨ | ᠲᠥᠷᠥᠯ ᠵᠤᠶᠢᠯ ᠳᠤ ᠠᠵᠢᠯ ᠤᠨ ᠡᠬᠡ ᠲᠠᠩᠰᠠ ᠪᠠᠶᠢᠭᠤᠯᠵᠤ᠂ ᠲᠥᠷᠥᠯ ᠵᠤᠶᠢᠯ ᠤᠨ ᠭᠠᠷᠳᠠᠮ ᠨᠢ ᠪᠦᠷᠢᠨ ᠲᠡᠭᠦᠯᠳᠡᠷ | ᠪᠣᠯᠤᠭᠰᠠᠨ ᠤ ᠳᠠᠷᠠᠭ᠎ᠠ ᠨᠢᠭᠡ ᠨᠢᠭᠡ ᠪᠠᠷ ᠳ᠋ᠤᠭᠠᠷ ᠢ ᠨᠢ ᠬᠦᠴᠦᠨ ᠥᠬᠡᠶ ᠪᠣᠯᠭᠠᠨ᠎ᠠ᠃ ᠠᠵᠢᠯ ᠤᠨ ᠠᠬᠢᠴᠠ ᠨᠢ | ᠰᠤᠯᠠ᠂ ᠠᠬᠢᠴᠠ ᠨᠢ ᠤᠳᠠᠭᠠᠨ᠂ ᠴᠠᠭ ᠲᠠᠭᠠᠨ ᠡᠭᠦᠷᠭᠡ ᠪᠠᠨ ᠪᠡᠶᠡᠯᠡᠭᠦᠯᠵᠦ ᠳᠡᠶᠢᠯᠬᠦ ᠥᠬᠡᠶ ᠨᠢᠭᠡᠴᠡ ᠲᠠᠢ ᠪᠣᠯᠵᠣᠨ | ᠶᠠᠷᠢᠯᠴᠠᠬᠤ ᠪᠠ ᠵᠠᠷᠯᠠᠨ ᠰᠢᠭᠦᠮᠵᠢᠯᠡᠨ᠎ᠡ᠃ |