ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ | | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠪᠠ 2020 ᠣᠨ ᠤ ᠪᠦᠬᠦ ᠤᠯᠤᠰ ᠤᠨ ᠬᠤᠶᠠᠷ ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ | ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠤᠰᠪᠠ ᠤᠯᠠᠨ ᠤ ᠤᠶᠤᠨ ᠤᠬᠠᠭᠠᠨ ᠢ | ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯᠢ ᠰᠠᠶᠢᠲᠤᠷ ᠬᠢᠬᠦ ᠶᠢ ᠠᠬᠢᠭᠤᠯᠵᠤ ᠠᠵᠤ ᠠᠬᠤᠢ ᠨᠡᠶᠢᠭᠡᠮ ᠤᠨ | ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ ᠲᠦᠷᠦ ᠶᠢᠨ ᠶᠠᠪᠤᠳᠠᠯ ᠤᠨ | ᠬᠤᠷᠢᠶᠠᠨ ᠤ ᠶᠡᠷᠦᠩᠬᠡᠢ ᠰᠠᠶᠢᠳ ᠯᠢ ᠺᠧ ᠴᠢᠶᠠᠩ 2 ᠳ᠋ᠤᠭᠠᠷ ᠰᠠᠷ᠎ᠠ ᠶᠢᠨ18 ᠤ ᠡᠳᠦᠷ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ 2020 ᠣᠨ ᠤ ᠪᠦᠬᠦ ᠤᠯᠤᠰ ᠤᠨ ᠬᠤᠶᠠᠷ | ᠬᠤᠷᠠᠯ ᠤᠨ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠭᠰᠡᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ | ᠰᠣᠨᠣᠰᠴᠤ᠂ ᠤᠯᠠᠨ ᠤ ᠤᠶᠤᠨ ᠤᠬᠠᠭᠠᠨ ᠢ ᠨᠢᠭᠲᠠᠷᠠᠭᠤᠯᠤᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ | ᠠᠬᠢᠭᠤᠯᠵᠤ᠂ ᠠᠵᠤ ᠠᠬᠤᠢ ᠨᠡᠶᠢᠭᠡᠮ ᠤᠨ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠠᠬᠢᠭᠤᠯᠬᠤ ᠬᠡᠷᠡᠭᠲᠡᠢ ᠭᠡᠵᠦ | ᠱᠠᠭᠠᠷᠳᠠᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ | ᠬᠤᠷᠠᠯ ᠤᠨ ᠲᠥᠯᠥᠭᠡᠯᠡᠭᠴᠢᠳ ᠤᠨ ᠰᠠᠨᠠᠭᠤᠯᠭ᠎ᠠ ᠪᠠ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠰᠠᠨᠠᠯ | ᠳᠤᠷᠠᠳᠤᠯᠭ᠎ᠠ ᠶᠢ ᠭᠦᠢᠴᠡᠳᠬᠡᠬᠦ ᠪᠣᠯ ᠵᠠᠰᠠᠭ ᠤᠨ ᠣᠷᠳᠣᠨ ᠠᠷᠠᠳ ᠤᠨ ᠲᠦᠯᠦᠭᠡ ᠡᠭᠦᠷᠭᠡ ᠲᠤᠰᠢᠶᠠᠯ | ᠭᠦᠢᠴᠡᠳᠬᠡᠬᠦ ᠶᠢᠨ ᠳᠣᠲᠣᠭᠠᠳᠤ ᠱᠠᠭᠠᠷᠳᠠᠯᠭ᠎ᠠ ᠮᠥᠨ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ ᠵᠠᠰᠠᠭ ᠤᠨ | ᠣᠷᠳᠣᠨ ᠤ ᠠᠵᠢᠯ ᠢ ᠰᠠᠶᠢᠲᠤᠷ ᠬᠢᠬᠦ ᠶᠢᠨ ᠲᠦᠷᠢᠮ ᠤᠨ ᠴᠢᠨᠠᠷᠲᠠᠢ ᠲᠤᠬᠢᠷᠠᠭᠤᠯᠤᠯᠳᠠ ᠮᠥᠨ᠃ ᠨᠢᠳᠤᠨᠤᠨ᠂ | ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠲᠤᠭ᠎ᠠ ᠨᠡᠮᠡᠭᠳᠡᠵᠦ᠂ ᠭᠦᠢᠴᠡᠳᠬᠡᠬᠦ ᠴᠠᠭ ᠨᠢ ᠣᠬᠤᠷ ᠵᠡᠷᠭᠡ ᠪᠠᠶᠢᠳᠠᠯ ᠳᠤ | ᠬᠠᠨᠳᠤᠨ᠂ ᠲᠥᠷᠥ ᠶᠢᠨ ᠶᠠᠪᠤᠳᠠᠯ ᠤᠨ ᠬᠤᠷᠢᠶᠠᠨ ᠤ ᠡᠯ᠎ᠡ ᠰᠠᠯᠠᠭ᠎ᠠ ᠮᠥᠴᠢᠷ ᠬᠢᠵᠢᠭ ᠤᠨ ᠪᠠᠶᠢᠳᠠᠯ ᠤᠨ ᠨᠥᠯᠥᠭᠡ | ᠵᠡᠷᠭᠡ ᠣᠯᠠᠨ ᠳᠠᠪᠬᠤᠷ ᠬᠦᠴᠢᠷᠳᠡᠯ ᠢ ᠢᠯᠠᠨ ᠳᠠᠪᠠᠵᠤ᠂ ᠭᠦᠢᠴᠡᠳᠬᠡᠬᠦ ᠠᠵᠢᠯ ᠤᠨ ᠲᠣᠭᠲᠠᠴᠠ ᠶᠢ ᠰᠢᠨ᠎ᠡ ᠶᠢ | ᠡᠭᠦᠳᠦᠨ ᠪᠦᠷᠢᠨᠰᠢᠭᠦᠯᠵᠦ᠂ ᠪᠥᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ ᠨᠡᠶᠢᠲᠡ 8108 ᠬᠤᠪᠢ᠂ ᠪᠥᠬᠦ ᠤᠯᠤᠰ ᠤᠨ ᠤᠯᠤᠰ ᠲᠥᠷᠥ ᠶᠢᠨ | ᠵᠥᠪᠯᠡᠯᠭᠡᠨ ᠤ ᠭᠡᠰᠢᠭᠦᠳ ᠤᠨ ᠰᠠᠨᠠᠯ ᠳᠤᠷᠠᠳᠤᠯᠭ᠎ᠠ ᠶᠢ ᠨᠡᠶᠢᠲᠡ 4115 ᠬᠤᠪᠢ ᠲᠦᠷᠦᠭᠦᠯᠡᠨ ᠭᠦᠢᠴᠡᠳᠬᠡᠵᠦ᠂ | ᠡᠨᠡ ᠨᠢ ᠲᠤᠰ ᠲᠤᠰ ᠰᠠᠨᠠᠭᠤᠯᠭ᠎ᠠ ᠰᠠᠨᠠᠯ ᠳᠤᠷᠠᠳᠤᠯᠭ᠎ᠠ ᠶᠢᠨ ᠪᠥᠬᠦ ᠲᠣᠭᠠᠨ ᠤ 88.3% ᠪᠠ 84.9% ᠶᠢ | ᠡᠵᠡᠯᠡᠪᠡ᠃ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠪᠠᠷ ᠳᠠᠮᠵᠢᠭᠤᠯᠤᠨ᠂ ᠡᠯ᠎ᠡ ᠰᠠᠯᠠᠭ᠎ᠠ | ᠮᠥᠴᠢᠷ ᠤᠨ ᠬᠢᠨ ᠲᠥᠯᠥᠭᠡᠯᠡᠭᠴᠢ ᠭᠡᠰᠢᠭᠦᠨ ᠤ ᠰᠠᠨᠠᠯ ᠰᠠᠨᠠᠭᠤᠯᠭ᠎ᠠ ᠶᠢ ᠨᠡᠶᠢᠲᠡ 3700 ᠭᠠᠷᠤᠢ ᠵᠤᠷᠪᠤᠰ | ᠬᠦᠯᠢᠶᠡᠨ ᠠᠪᠴᠤ᠂ ᠬᠠᠮᠢᠶ᠎ᠠ ᠪᠥᠬᠦᠶ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ 1500 ᠭᠠᠷᠤᠢ ᠵᠦᠢᠯ | ᠨᠡᠶᠢᠲᠡᠯᠡᠵᠦ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾ ︽ᠵᠢᠷᠭᠤᠭ᠎ᠠ ᠶᠢ ᠪᠠᠲᠤᠯᠠᠬᠤ︾ ᠠᠵᠢᠯ ᠢ ᠬᠦᠴᠦᠲᠡᠶ | ᠳᠥᠯᠭᠢᠨ ᠠᠬᠢᠭᠤᠯᠵᠤ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ᠂ ᠣᠯᠠᠨ ᠨᠡᠶᠢᠲᠡ ᠶᠢᠨ ᠡᠷᠡᠭᠦᠯ | ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ᠂ | ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠪᠡᠷᠬᠡ ᠠᠰᠠᠭᠤᠳᠠᠯ ᠢ ᠰᠢᠢᠳᠪᠦᠷᠢᠯᠡᠬᠦ ᠵᠡᠷᠭᠡ ᠬᠠᠮᠢᠶ᠎ᠠ ᠪᠥᠬᠦᠶ ᠠᠵᠢᠯ ᠢ | ᠠᠬᠢᠭᠤᠯᠤᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ | ᠨᠢᠭᠡᠳᠦᠯᠲᠡᠶ ᠲᠦᠯᠦᠪᠵᠢᠭᠦᠯᠦᠨ ᠠᠬᠢᠭᠤᠯᠬᠤ᠂ ᠪᠥᠬᠦ ᠵᠢᠯ ᠤᠨ ᠬᠠᠷᠠᠯᠲᠠᠲᠤ ᠡᠭᠦᠷᠭᠡ ᠶᠢ ᠪᠡᠶᠡᠯᠡᠭᠦᠯᠬᠦ ᠳᠤ ᠢᠳᠡᠪᠬᠢᠲᠡᠶ | ᠦᠢᠯᠡᠳᠦᠯ ᠦᠵᠡᠭᠦᠯᠪᠡ ᠭᠡᠪᠡ᠃ ᠬᠤᠷᠠᠯ ᠠᠴᠠ ᠱᠠᠭᠠᠷᠳᠠᠭᠰᠠᠨ ᠨᠢ᠂ ᠨᠢᠭᠡᠨᠲᠡ ᠬᠦᠯᠢᠶᠡᠨ ᠠᠪᠤᠭᠰᠠᠨ ᠰᠠᠨᠠᠯ | ᠰᠠᠨᠠᠭᠤᠯᠭ᠎ᠠ ᠶᠢ ᠦᠷᠭᠦᠯᠵᠢᠯᠡᠨ ᠦᠷ᠎ᠡ ᠪᠦᠲᠦᠮᠵᠢ ᠭᠠᠷᠲᠠᠯ᠎ᠠ ᠠᠳᠬᠤᠬᠤ ᠬᠡᠷᠡᠭᠲᠡᠢ ᠭᠡᠪᠡ᠃ ᠬᠤᠷᠠᠯ ᠠᠴᠠ ᠵᠢᠭᠠᠵᠤ | ᠭᠠᠷᠭᠠᠭᠰᠠᠨ ᠨᠢ᠂ ᠡᠨᠡ ᠵᠢᠯ ᠤᠨ ᠪᠦᠬᠦ ᠤᠯᠤᠰ ᠤᠨ ᠬᠤᠶᠠᠷ ᠬᠤᠷᠠᠯ ᠤᠳᠠᠯ ᠦᠭᠡᠢ ᠪᠣᠯᠬᠤ ᠭᠡᠵᠦ ᠪᠠᠶᠢᠨ᠎ᠠ᠂ ᠨᠠᠮ ᠤᠨ | ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ | ᠪᠣᠯᠤᠨ ᠲᠥᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠪᠠᠶᠢᠷᠢᠯᠠᠭᠤᠯᠤᠯᠲᠠ ᠶᠢ ᠲᠤᠭᠤᠰᠢᠯᠠᠭᠤᠯᠬᠤ ᠶᠢᠨ | ᠲᠣᠭᠤᠷᠢᠨ ᠳᠤ᠂ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠰᠣᠨᠣᠰᠬᠤ᠂ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠭᠦᠢᠴᠡᠳᠬᠡᠬᠦ ᠶᠢ ᠵᠠᠰᠠᠭ ᠤᠨ ᠣᠷᠳᠣᠨ ᠤ ᠠᠵᠢᠯ ᠤᠨ ᠴᠢᠬᠤᠯᠠ ᠠᠭᠤᠯᠭ᠎ᠠ ᠪᠣᠯᠭᠠᠵᠤ᠂ ᠵᠠᠰᠠᠭ ᠤᠨ | ᠣᠷᠳᠣᠨ ᠤ ᠰᠢᠢᠳᠪᠦᠷᠢᠲᠦ ᠪᠤᠳᠤᠯᠭ᠎ᠠ ᠪᠣᠯᠤᠨ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢᠨ | ᠨᠠᠶᠢᠳᠠᠪᠤᠷᠢᠵᠢᠭᠤᠯᠤᠯᠲᠠ ᠳᠤ ᠠᠭᠤᠰᠤᠯᠴᠠᠭᠤᠯᠵᠤ᠂ ᠨᠡᠶᠢᠭᠡᠮ ᠵᠢᠷᠦᠮᠲᠤ ᠣᠳᠣᠬᠢᠴᠢᠯᠠᠭᠰᠠᠨ ᠤᠯᠤᠰ ᠢ ᠪᠦᠬᠦ | ᠲᠠᠯ᠎ᠠ ᠪᠠᠷ ᠪᠦᠳᠦᠬᠡᠨ ᠪᠠᠶᠢᠭᠤᠯᠬᠤ ᠶᠢ ᠰᠠᠶᠢᠲᠤᠷ ᠡᠬᠢᠯᠡᠭᠦᠯᠵᠦ᠂ ᠰᠠᠶᠢᠨ ᠡᠬᠢᠯᠡᠯᠲᠡ ᠲᠠᠢ ᠪᠣᠯᠭᠠᠬᠤ ᠶᠢ ᠦᠨᠡᠨ ᠬᠦ | ᠪᠠᠲᠤᠯᠠᠬᠤ ᠬᠡᠷᠡᠭᠲᠡᠢ ᠭᠡᠵᠡᠢ᠃ ᠨᠢᠭᠡ ᠳᠤ ᠪᠦᠬᠦ ᠤᠯᠤᠰ ᠤᠨ ᠬᠤᠶᠠᠷ ᠬᠤᠷᠠᠯ ᠤᠨ ᠬᠤᠭᠤᠴᠠᠭᠠᠨ ᠳᠠᠬᠢ ᠰᠠᠨᠠᠯ | ᠰᠠᠨᠠᠭᠤᠯᠭ᠎ᠠ ᠶᠢ ᠰᠣᠨᠣᠰᠬᠤ ᠪᠠ ᠴᠤᠭᠯᠠᠭᠤᠯᠬᠤ ᠬᠤᠯᠪᠤᠭᠳᠠᠯ ᠪᠦᠬᠦᠢ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠬᠦ | ᠬᠡᠷᠡᠭᠲᠡᠢ᠃ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠰᠤᠯᠠ ᠣᠷᠤᠯᠴᠠᠨ ᠰᠤᠯᠠ ᠰᠣᠨᠣᠰᠬᠤ ᠳᠤ | ᠣᠷᠤᠯᠴᠠᠬᠤ ᠳᠤ ᠪᠠᠨ ᠲᠥᠯᠥᠭᠡᠯᠡᠭᠴᠢ ᠭᠡᠰᠢᠭᠦᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠬᠡᠷᠡᠭᠲᠡᠢ᠃ | ᠡᠯ᠎ᠡ ᠰᠠᠯᠠᠭ᠎ᠠ ᠮᠥᠴᠢᠷ ᠤᠨ ᠬᠢᠨ ᠰᠦᠯᠵᠢᠶ᠎ᠡ᠂ ᠬᠠᠯᠠᠮᠰᠢᠯ ᠤᠲᠠᠰᠤ ᠵᠢᠵᠢᠭᠦᠷᠯᠡᠬᠦ ᠤᠲᠠᠰᠤ᠂ ᠸᠢᠳᠢᠣ᠋ ᠪᠠᠷ ᠬᠤᠯᠪᠣᠬᠤ | ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠶᠢ ᠢᠳᠡᠪᠬᠢᠲᠡᠢ ᠥᠷᠭᠡᠳᠬᠡᠵᠦ᠂ ᠲᠥᠯᠥᠭᠡᠯᠡᠭᠴᠢ ᠭᠡᠰᠢᠭᠦᠳ ᠲᠠᠢ ᠰᠠᠭᠠᠳ | ᠦᠭᠡᠢ ᠰᠣᠯᠢᠯᠴᠠᠭ᠎ᠠ ᠬᠢᠬᠦ ᠬᠡᠷᠡᠭᠲᠡᠢ᠃ ᠬᠤᠶᠠᠷ ᠲᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ | ᠲᠣᠭᠤᠷᠢᠨ ᠳᠤ᠂ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠪᠤᠳᠠᠯ ᠢ ᠡᠯ᠎ᠡ ᠵᠦᠢᠯ ᠤᠨ ᠲᠤᠬᠠᠶᠢᠯᠠᠭᠰᠠᠨ | ᠠᠵᠢᠯ ᠢ ᠲᠦᠯᠬᠢᠨ ᠠᠬᠢᠭᠤᠯᠬᠤ ᠲᠠᠢ ᠨᠢᠭᠲᠠ ᠤᠶᠠᠯᠳᠤᠭᠤᠯᠬᠤ ᠬᠡᠷᠡᠭᠲᠡᠢ᠃ ᠲᠥᠯᠥᠭᠡᠯᠡᠭᠴᠢ ᠭᠡᠰᠢᠭᠦᠳ ᠤᠨ ᠰᠠᠨᠠᠯ | ᠰᠠᠨᠠᠭᠤᠯᠭ᠎ᠠ ᠶᠢ ᠨᠠᠷᠢᠨ ᠬᠢᠨᠠᠮᠠᠭᠠᠶ ᠰᠤᠳᠤᠯᠵᠤ᠂ ᠵᠠᠷᠢᠮ ᠢ ᠨᠢ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠳᠤ | ᠣᠷᠤᠭᠤᠯᠬᠤ ᠪᠠ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠬᠦᠲᠦᠯᠪᠦᠷᠢ ᠳᠤ ᠵᠠᠰᠠᠪᠤᠷᠢ | ᠣᠷᠣᠭᠤᠯᠬᠤ ᠶᠠᠪᠤᠴᠠ ᠳᠤ ᠣᠷᠣᠭᠤᠯᠵᠤ᠂ ᠵᠠᠷᠢᠮ ᠢ ᠨᠢ ᠬᠤᠶᠢᠰᠢᠳᠠ ᠶᠢᠨ ᠬᠠᠮᠢᠶ᠎ᠠ ᠪᠦᠬᠦᠢ ᠠᠵᠢᠯ ᠪᠤᠶᠤ ᠲᠦᠷᠦ ᠶᠢᠨ | ᠪᠤᠳᠤᠯᠭ᠎ᠠ ᠶᠢᠨ ᠨᠥᠭᠡᠴᠡ ᠳᠤ ᠣᠷᠤᠭᠤᠯᠤᠨ᠂ ᠲᠥᠯᠥᠭᠡᠯᠡᠭᠴᠢ ᠭᠡᠰᠢᠭᠦᠳ ᠤᠨ ᠦᠨᠡᠨ ᠮᠡᠳᠡᠯᠭᠡ ᠨᠡᠪᠲᠡᠷᠬᠡᠶ | ᠦᠵᠡᠯᠲᠡ ᠶᠢ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢᠨ ᠪᠣᠳᠠᠲᠠᠶ ᠠᠷᠭ᠎ᠠ ᠮᠡᠷᠭᠡᠨ ᠠᠷᠭ᠎ᠠ ᠪᠣᠯᠭᠠᠨ | ᠤᠯᠠᠷᠢᠭᠤᠯᠬᠤ ᠬᠡᠷᠡᠭᠲᠡᠶ᠃ ᠭᠤᠷᠪᠠ ᠳᠤ ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠭᠦᠢᠴᠡᠳᠬᠡᠬᠦ ᠶᠠᠰᠤ ᠴᠢᠨᠠᠷ ᠢ ᠤᠯᠠᠮ | ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ᠃ ᠭᠤᠣᠯᠳᠠᠯᠭ᠎ᠠ ᠲᠠᠢ ᠠᠵᠢᠯ ᠢ ᠰᠣᠳᠤᠯᠬᠤ᠂ ᠲᠤᠰᠬᠠᠢ ᠰᠡᠳᠦᠪᠲᠦ | ᠪᠠᠶᠢᠴᠠᠭᠠᠨ ᠰᠤᠳᠤᠯᠤᠯᠲᠠ ᠬᠢᠬᠦ ᠳᠤ ᠪᠠᠨ ᠰᠠᠨᠠᠭᠠᠴᠢᠯᠠᠭ᠎ᠠ ᠠᠴᠠ ᠪᠠᠨ ᠬᠠᠮᠢᠶ᠎ᠠ ᠪᠦᠬᠦᠢ ᠲᠥᠯᠥᠭᠡᠯᠡᠭᠴᠢ ᠭᠡᠰᠢᠭᠦᠳ ᠢ | ᠤᠷᠢᠨ ᠣᠷᠣᠯᠴᠠᠭᠤᠯᠵᠤ᠂ ᠭᠦᠢᠴᠡᠳᠬᠡᠬᠦ ᠠᠵᠢᠯ ᠲᠠᠢ ᠤᠶᠠᠯᠳᠤᠭᠤᠯᠤᠨ ᠭᠤᠣᠯᠳᠠᠯᠭ᠎ᠠ ᠲᠠᠢ ᠬᠦᠴᠢᠷᠲᠡᠢ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠬᠤ ᠬᠡᠷᠡᠭᠲᠡᠢ᠃ ᠲᠥᠯᠥᠭᠡᠯᠡᠬᠦ ᠴᠢᠨᠠᠷ ᠢᠶᠠᠷ ᠴᠢᠩᠭ᠎ᠠ᠂ ᠠᠩᠬᠠᠷᠬᠤ ᠬᠡᠮᠵᠢᠶ᠎ᠡ ᠪᠠᠷ ᠥᠨᠳᠥᠷ | ᠰᠠᠨᠠᠭᠤᠯᠭ᠎ᠠ ᠰᠠᠨᠠᠯ ᠳᠤᠷᠠᠳᠤᠯᠭ᠎ᠠ ᠶᠢ ᠬᠦᠴᠦᠨ ᠢᠶᠠᠨ ᠲᠥᠪᠯᠡᠷᠡᠭᠦᠯᠦᠨ ᠰᠤᠳᠤᠯᠤᠨ ᠭᠦᠢᠴᠡᠳᠬᠡᠵᠦ᠂ | ᠭᠤᠣᠯᠳᠠᠯᠭ᠎ᠠ ᠲᠠᠢ ᠪᠠᠷ ᠰᠢᠪᠲᠤᠯᠬᠤ ᠬᠡᠷᠡᠭᠲᠡᠶ᠃ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠬᠤᠯᠪᠣᠭᠳᠠᠭᠰᠠᠨ ᠣᠯᠠᠨᠲᠠ | ᠳᠤᠷᠠᠳᠤᠭᠰᠠᠨ ᠴᠤ ᠭᠦᠢᠴᠡᠳᠬᠡᠬᠦ ᠳᠤ ᠪᠡᠷᠬᠡᠲᠡᠶ ᠲᠤᠪᠤᠶᠢᠮ᠎ᠠ ᠠᠰᠠᠭᠤᠳᠠᠯ ᠳᠤ ᠠᠵᠢᠯ ᠤᠨ ᠲᠤᠰᠬᠠᠢ ᠲᠦᠰᠦᠯ | ᠲᠣᠭᠲᠠᠭᠠᠵᠤ ᠲᠥᠪᠯᠡᠷᠡᠭᠦᠯᠦᠨ ᠰᠢᠪᠲᠤᠯᠬᠤ ᠬᠡᠷᠡᠭᠲᠡᠶ᠃ ᠭᠦᠢᠴᠡᠳᠬᠡᠬᠦ ᠳᠤ ᠬᠦᠴᠢᠷᠲᠡᠢ᠂ ᠣᠷᠣᠨ ᠨᠤᠲᠤᠭ ᠲᠤ | ᠬᠤᠯᠪᠤᠭᠳᠠᠭᠰᠠᠨ ᠰᠠᠨᠠᠭᠤᠯᠭ᠎ᠠ ᠰᠠᠨᠠᠯ ᠳᠤᠷᠠᠳᠤᠯᠭ᠎ᠠ ᠳᠤ ᠰᠠᠯᠠᠭ᠎ᠠ ᠮᠥᠴᠢᠷ ᠪᠣᠯᠤᠨ ᠲᠥᠯᠥᠭᠡᠯᠡᠭᠴᠢ ᠭᠡᠰᠢᠭᠦᠨ᠂ | ᠣᠷᠣᠨ ᠨᠤᠲᠤᠭ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠪᠠᠶᠢᠭᠤᠯᠵᠤ᠂ ᠭᠦᠢᠴᠡᠳᠬᠡᠬᠦ ᠶᠢ ᠬᠠᠮᠲᠤ ᠪᠠᠷ ᠠᠬᠢᠭᠤᠯᠬᠤ | ᠬᠡᠷᠡᠭᠲᠡᠢ᠃ ᠳᠥᠷᠪᠡ ᠳᠤ ᠬᠠᠷᠢᠭᠤᠴᠠᠯᠭ᠎ᠠ ᠶᠢ ᠪᠤᠲᠠᠲᠠᠶᠢᠵᠢᠭᠤᠯᠤᠨ ᠴᠢᠩᠭᠠᠳᠬᠠᠵᠤ᠂ ᠭᠦᠢᠴᠡᠳᠬᠡᠬᠦ ᠡᠬᠡ ᠲᠠᠩᠰᠠ | ᠪᠠᠶᠢᠭᠤᠯᠤᠨ᠂ ᠴᠠᠭ ᠤᠨ ᠬᠢᠵᠠᠭᠠᠷ ᠢ ᠲᠣᠳᠣᠷᠬᠠᠶᠢᠯᠠᠵᠤ᠂ ᠴᠠᠭ ᠲᠤᠬᠠᠶ ᠳᠤ ᠨᠢ ᠭᠦᠢᠴᠡᠳᠬᠡᠵᠦ ᠳᠠᠭᠤᠰᠬᠠᠬᠤ ᠬᠡᠷᠡᠭᠲᠡᠶ᠃ | ᠭᠦᠢᠴᠡᠳᠬᠡᠬᠦ ᠶᠠᠪᠤᠴᠠ ᠳᠤ ᠰᠠᠨᠠᠭᠠᠴᠢᠯᠠᠭ᠎ᠠ ᠠᠴᠠ ᠪᠠᠨ ᠲᠥᠯᠥᠭᠡᠯᠡᠭᠴᠢ ᠭᠡᠰᠢᠭᠦᠳ ᠲᠤ ᠠᠵᠢᠯ ᠤᠨ ᠠᠬᠢᠴᠠ ᠶᠢ | ᠲᠠᠨᠢᠯᠴᠠᠭᠤᠯᠵᠤ᠂ ᠴᠠᠭ ᠲᠤᠬᠠᠶ ᠳᠤ ᠨᠢ ᠬᠠᠷᠢᠭᠤ ᠲᠤᠰᠬᠠᠬᠤ ᠪᠠ ᠬᠠᠷᠢᠭᠤᠯᠲᠠ ᠶᠢᠨ ᠠᠭᠤᠯᠭ᠎ᠠ ᠶᠢ ᠲᠠᠶᠢᠯᠪᠤᠷᠢᠯᠠᠵᠤ | ᠥᠭᠬᠦ ᠬᠡᠷᠡᠭᠲᠡᠶ᠃ ᠲᠠᠪᠤ ᠳᠤ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠭᠦᠢᠴᠡᠳᠬᠡᠬᠦ ᠠᠵᠢᠯ ᠢ | ᠨᠢᠭᠡᠳᠦᠯᠲᠡᠶ ᠲᠦᠯᠦᠪᠵᠢᠭᠦᠯᠦᠨ ᠵᠣᠬᠢᠴᠠᠭᠤᠯᠬᠤ ᠪᠠ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠬᠤ | ᠬᠡᠷᠡᠭᠲᠡᠶ᠃ ᠡᠯ᠎ᠡ ᠰᠠᠯᠠᠭ᠎ᠠ ᠮᠥᠴᠢᠷ ᠤᠨ ᠬᠢᠨ ᠪᠦᠲᠦᠮᠵᠢᠲᠡᠶ ᠲᠤᠷᠰᠢᠯᠭ᠎ᠠ ᠬᠢᠳᠡᠯ ᠢᠶᠠᠨ ᠨᠠᠷᠢᠨ ᠬᠢᠨᠠᠮᠠᠭᠠᠶ ᠳ᠋ᠦᠩᠨᠡᠵᠦ᠂ | ᠭᠦᠢᠴᠡᠳᠬᠡᠬᠦ ᠠᠵᠢᠯ ᠤᠨ ᠳᠦᠷᠢᠮᠵᠢᠯᠲᠡ ᠪᠠ ᠵᠢᠷᠤᠮᠵᠢᠯᠲᠠ ᠶᠢ ᠠᠬᠢᠭᠤᠯᠬᠤ ᠬᠡᠷᠡᠭᠲᠡᠶ᠃ ᠰᠠᠨᠠᠭᠤᠯᠭ᠎ᠠ ᠰᠠᠨᠠᠯ | ᠳᠤᠷᠠᠳᠤᠯᠭ᠎ᠠ ᠶᠢ ᠭᠦᠢᠴᠡᠳᠬᠡᠬᠦ ᠬᠠᠮᠢᠶ᠎ᠠ ᠪᠦᠬᠦᠢ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠲᠥᠯᠥᠭᠡᠯᠡᠭᠴᠢ ᠭᠡᠰᠢᠭᠦᠳ ᠪᠠ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ ᠭᠡᠵᠡᠢ᠃ | |