ᠬᠤᠩᠬᠢᠯᠳᠤ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠠᠴᠠ ᠬᠤᠲᠠ ᠶᠢᠨ | ᠰᠢᠨᠵᠢᠯᠡᠬᠦᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠱᠠᠯᠠᠪᠳᠠᠭᠤᠯᠤᠨ ᠵᠢᠯᠣᠭᠤᠳᠬᠤ | ᠳᠤᠭᠤᠶᠢᠯᠠᠩ ᠲᠣᠮᠢᠯᠠᠨ ᠰᠠᠭᠤᠯᠭᠠᠭᠰᠠᠨ ᠪᠦᠷᠢᠯᠳᠦᠬᠦᠨ ᠳᠤ ᠬᠡᠮᠡᠷᠯᠢᠭ ᠲᠤᠭ ᠬᠦᠷᠭᠡᠵᠦ | ᠲᠠᠯᠠᠷᠬᠠᠯ ᠤᠨ ᠰᠡᠳᠬᠢᠯ ᠢᠶᠠᠨ ᠢᠯᠡᠳᠬᠡᠪᠡ | | ᠣᠶᠢᠷ᠎ᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠬᠢᠯᠳᠤ ᠪᠠᠯᠭᠠᠰᠤ ᠶᠢᠨ ᠵᠠᠰᠠᠭ ᠤᠨ | ᠣᠷᠳᠣᠨ ᠤ ᠭᠤᠤᠯ ᠬᠠᠷᠢᠭᠤᠴᠠᠯᠭᠠᠲᠠᠨ ᠵᠢᠴᠢ ᠪᠠᠯᠭᠠᠰᠤᠨ ᠤ ᠶᠠᠳᠠᠭᠤ ᠶᠢ ᠲᠡᠳᠬᠦᠬᠦ ᠥᠷᠲᠡᠭᠡᠶᠢᠨ ᠳᠠᠷᠤᠭ᠎ᠠ | ᠬᠤᠩᠬᠢᠯᠳᠤ ᠪᠠᠯᠭᠠᠰᠤ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠢ ᠲᠥᠯᠥᠭᠡᠯᠡᠨ ᠤᠯᠠᠭᠠᠨᠴᠠᠪ ᠬᠤᠲᠠ ᠶᠢᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ ᠲᠤ ᠢᠷᠡᠵᠦ᠂ ︽ᠲᠦᠢᠯ ᠤᠨ ᠣᠨᠣᠪᠴᠢᠲᠠᠶ ᠪᠠᠷ | ᠶᠠᠳᠠᠭᠤ ᠶᠢ ᠲᠡᠳᠬᠦᠬᠦ ᠨᠢ ᠬᠥᠮᠦᠨ ᠤ ᠰᠡᠳᠬᠢᠯ ᠢ ᠳᠤᠯᠠᠭᠠᠴᠠᠭᠤᠯᠵᠤ ᠭᠠᠷ ᠬᠤᠯᠪᠣᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ︾ ᠬᠡᠮᠡᠷᠯᠢᠭ ᠲᠤᠭ ᠢ ᠬᠤᠲᠠ ᠶᠢᠨ ᠨᠠᠮᠤᠨ ᠬᠤᠷᠢᠶ᠎ᠠ ᠠᠴᠠ ᠬᠤᠩᠬᠢᠯᠳᠤ | ᠪᠠᠯᠭᠠᠰᠤᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠪᠦᠷᠢᠯᠳᠦᠬᠦᠨ᠂ ᠬᠤᠲᠠᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠺᠠᠳ᠋ᠷ ᠸᠧᠶ ᡁᠢ ᠭᠠᠩ ᠤᠨ ᠭᠠᠷᠲ᠋ᠤ ᠬᠦᠷᠭᠡᠪᠡ᠃ | | ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ | ᠱᠦᠵᠢ ᠰᠥᠩ ᡁᠢ ᠹᠧᠩ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠯᠢ | ᠼᠦᠨ ᠪᠦᠦ᠂ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠳᠡᠳ᠋ ᠲᠡᠷᠢᠭᠦᠯᠡᠭᠴᠢ ᠹᠠᠨ ᠰᠢᠶᠤᠤ ᠯᠢ | ᠬᠤᠩᠬᠢᠯᠳᠤ ᠪᠠᠯᠭᠠᠰᠤᠨ ᠤ ᠲᠥᠯᠥᠭᠡᠯᠡᠭᠴᠢᠳ ᠢ ᠬᠠᠯᠠᠭᠤᠨ ᠢᠶᠠᠷ ᠭᠥᠯᠢᠶᠡᠨ ᠠᠪᠤᠭᠰᠠᠨ ᠪᠥᠭᠡᠳ ᠶᠠᠷᠢᠯᠴᠠᠵᠤ | ᠰᠠᠨᠠᠯ ᠢᠶᠠᠨ ᠰᠣᠯᠢᠯᠴᠠᠪᠠ᠃ | | ᠶᠠᠷᠢᠯᠴᠠᠬᠤ ᠬᠤᠷᠠᠯ ᠳᠡᠭᠡᠷ᠎ᠡ᠂ ᠬᠤᠩᠬᠢᠯᠳᠤ ᠪᠠᠯᠭᠠᠰᠤ ᠶᠢᠨ ᠵᠠᠰᠠᠭ ᠤᠨ ᠣᠷᠳᠣᠨ ᠤ ᠭᠤᠣᠯ ᠬᠠᠷᠢᠭᠤᠴᠠᠯᠭᠠᠲᠠᠨ᠂ | 2018 ᠣᠨ ᠤ 4 ᠰᠠᠷ᠎ᠠ ᠳᠤ ᠸᠧᠢ ᡁᠢ ᠭᠠᠩ ᠨᠥᠬᠦᠷ ᠬᠤᠲᠠ ᠶᠢᠨ ᠨᠠᠮ ᠤᠨ ᠬᠤᠷᠢᠶ᠎ᠠ ᠠᠴᠠ ᠬᠤᠩᠬᠢᠯᠳᠤ | ᠪᠠᠯᠭᠠᠰᠤᠨ ᠳᠤ ᠲᠣᠮᠢᠯᠠᠨ ᠰᠠᠭᠤᠯᠭᠠᠭᠰᠠᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠱᠠᠯᠠᠪᠳᠠᠭᠤᠯᠤᠨ | ᠵᠢᠯᠣᠭᠤᠳᠬᠤ ᠳᠤᠭᠤᠶᠢᠯᠠᠩ ᠤᠨ ᠠᠵᠢᠯ ᠳᠤ ᠣᠷᠣᠯᠴᠠᠭᠰᠠᠨ ᠠᠴᠠ ᠨᠠᠭᠠᠰᠢ᠂ ᠤᠷᠢᠳ ᠬᠤᠵᠢᠳ 1078 | ᠲᠠᠩᠰᠠᠯᠠᠵᠦ ᠺᠠᠷᠲᠯᠠᠭᠰᠠᠨ ᠶᠠᠳᠠᠭᠤ ᠬᠦᠴᠢᠷᠳᠡᠯᠲᠡᠢ ᠡᠷᠦᠭᠡ ᠶᠢ ᠰᠤᠷᠪᠤᠯᠵᠢᠯᠠᠪᠠ᠃ ᠡᠭᠦᠨ ᠤ ᠬᠠᠮᠲᠤ᠂ ᠬᠤᠩᠬᠢᠯᠳᠤ | ᠪᠠᠯᠭᠠᠰᠤᠨ ᠤ ᠦᠨᠳᠦᠰᠦᠨ ᠱᠠᠲᠤᠨ ᠤ ᠨᠠᠮ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ ᠠᠳᠬᠤᠬᠤ ᠶᠢ | ᠵᠢᠯᠣᠭᠤᠳᠤᠨ ᠬᠠᠪᠰᠤᠷᠴᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤᠮᠳᠠ ᠣᠷᠣᠰᠢᠵᠤ ᠪᠠᠶᠢᠭ᠎ᠠ | ᠪᠣᠳᠠᠲᠠᠶ ᠬᠦᠴᠢᠷᠳᠡᠯ ᠪᠣᠯᠤᠨ ᠠᠰᠠᠭᠤᠳᠠᠯ ᠢ ᠨᠢ ᠬᠠᠪᠰᠤᠷᠤᠨ ᠰᠢᠢᠳᠪᠤᠷᠢᠯᠡᠬᠦ ᠶᠢᠨ ᠬᠠᠮᠲᠤ ᠲᠣᠰᠬᠤᠨ ᠳᠤ ᠰᠠᠭᠤᠭ᠎ᠠ | ᠺᠠᠳ᠋ᠷ ᠢ ᠱᠠᠯᠠᠪᠳᠠᠭᠤᠯᠤᠨ ᠱᠠᠭᠠᠷᠳᠠᠵᠤ ᠪᠠᠶᠢᠭᠠᠳ ᠡᠭᠦᠷᠭᠡ ᠬᠠᠷᠢᠭᠤᠴᠠᠯᠭ᠎ᠠ ᠶᠢ ᠨᠢ ᠬᠦᠢᠴᠡᠳᠬᠡᠬᠦᠯᠵᠤ᠂ ︽ | ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠶᠠᠳᠠᠭᠤ ᠠᠴᠠ ᠠᠩᠭᠢᠵᠢᠷᠠᠭᠤᠯᠬᠤ ᠪᠠᠷᠢᠮᠵᠢᠶ᠎ᠠ ᠶᠢᠨ | ᠲᠣᠭᠤᠷᠢᠨ ᠳᠤ ᠡᠯ᠎ᠡ ᠵᠤᠶᠢᠯ ᠤᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠪᠦᠲᠦᠮᠵᠢᠲᠡᠶ | ᠨᠠᠶᠢᠳᠠᠪᠤᠷᠢᠵᠢᠭᠤᠯᠬᠤ ᠶᠢ ᠱᠠᠯᠠᠪᠳᠠᠭᠤᠯᠤᠨ ᠱᠠᠭᠠᠷᠳᠠᠵᠠᠶ᠃ ︽ᠵᠢᠷᠭᠤᠭᠠᠨ ᠨᠠᠷᠢᠯᠢᠭ ᠣᠨᠣᠪᠴᠢᠲᠠᠶ ᠪᠠᠶᠢᠬᠤ︾ | ᠱᠠᠭᠠᠷᠳᠠᠯᠭ᠎ᠠ ᠶᠣᠰᠣᠭᠠᠷ᠂ ᠪᠥᠬᠦ ᠪᠠᠯᠭᠠᠰᠤᠨ ᠤ 8 ᠵᠠᠰᠠᠭ ᠵᠠᠬᠢᠷᠭᠠᠨ ᠤ ᠲᠣᠰᠬᠤᠨ ᠳᠤ ᠶᠠᠳᠠᠭᠤ ᠶᠢ ᠲᠡᠳᠬᠦᠬᠦ ᠬᠢᠨᠠᠨ | ᠵᠢᠯᠣᠭᠤᠳᠣᠯᠭ᠎ᠠ ᠬᠢᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠳᠤ ᠰᠠᠭᠤᠷᠢ ᠲᠠᠯᠪᠢᠪᠠ᠃ ᠬᠤᠩᠬᠢᠯᠳᠤ | ᠪᠠᠯᠭᠠᠰᠤ ᠪᠥᠬᠦ ᠬᠤᠰᠢᠭᠤ ᠪᠠᠨ ᠲᠥᠯᠥᠭᠡᠯᠡᠨ ᠳᠡᠭᠡᠳᠦ ᠱᠠᠲᠤᠨ ᠤ ᠬᠠᠮᠢᠶ᠎ᠠ ᠪᠥᠬᠦᠶ ᠰᠠᠯᠠᠭ᠎ᠠ ᠮᠥᠴᠢ᠊ ᠤᠨ ᠡᠯ᠎ᠡ | ᠲᠥᠷᠥᠯ ᠤᠨ ᠪᠠᠶᠢᠴᠠᠭᠠᠯᠲᠠ᠂ ᠰᠢᠯᠭᠠᠨ ᠬᠤᠷᠢᠶᠠᠯᠲᠠ ᠪᠠ ᠬᠢᠨᠠᠨ ᠰᠢᠯᠭᠠᠯᠲᠠ ᠶᠢ ᠠᠮᠵᠢᠯᠲᠠ ᠲᠠᠢ ᠬᠦᠯᠢᠶᠡᠵᠦ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤ ᠨᠢ ᠪᠥᠬᠦ ᠬᠤᠲᠠ ᠶᠢᠨ ᠠᠩᠬᠠᠳᠠᠭᠴᠢ ᠶᠠᠳᠠᠭᠤ ᠠᠴᠠ ᠠᠩᠭᠢᠵᠢᠷᠠᠭᠰᠠᠨ | ᠤᠯᠤᠰ ᠤᠨ ᠲᠠᠰ ᠤᠨ ᠶᠠᠳᠠᠭᠤ ᠬᠦᠴᠢᠷᠳᠡᠯᠲᠡᠶ ᠬᠤᠰᠢᠭᠤ ᠰᠢᠶᠠᠨ ᠪᠣᠯᠤᠭᠰᠠᠨ ᠪᠠᠶᠢᠨ᠎ᠠ᠃ ᠱᠠᠯᠠᠪᠳᠠᠭᠤᠯᠤᠨ | ᠵᠢᠯᠣᠭᠤᠳᠬᠤ ᠠᠵᠢᠯ ᠢ ᠰᠠᠶᠢᠲᠤᠷ ᠬᠢᠭᠰᠡᠨ ᠠᠴᠠ ᠬᠤᠩᠬᠢᠯᠳᠤ ᠪᠠᠯᠭᠠᠰᠤ ᠶᠢᠨ ᠨᠠᠮ ᠤᠨ ᠬᠤᠷᠢᠶ᠎ᠡ ᠵᠠᠰᠠᠭ ᠤᠨ | ᠣᠷᠳᠣᠨ ᠵᠢᠴᠢ ᠦᠨᠳᠦᠰᠦᠨ ᠱᠠᠲᠤᠨ ᠤ ᠤᠯᠠᠨ ᠲᠦᠮᠡᠨ ᠤ ᠰᠠᠶᠢᠨ ᠦᠨᠡᠯᠡᠯᠲᠡ ᠪᠠ ᠬᠦᠷᠢᠶᠡᠯᠡᠯ ᠢ ᠣᠯᠵᠤ᠂ | ᠣᠨᠴᠠᠭᠠᠶᠢᠯᠠᠨ ᠲᠥᠯᠥᠭᠡᠯᠡᠭᠴᠢ ᠲᠣᠮᠢᠯᠠᠨ ᠬᠤᠳᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠨᠡᠶᠢᠭᠡᠮᠯᠢᠭ | ᠵᠢᠴᠢ ᠸᠧᠢ ᡁᠢ ᠭᠠᠩ ᠨᠥᠬᠦᠷ ᠲᠤ ᠲᠠᠯᠠᠷᠬᠠᠵᠤ ᠪᠠᠶᠢᠬᠤ ᠪᠠᠨ ᠢᠯᠡᠳᠬᠡᠪᠡ᠃ | ᠰᠥᠩ ᡁᠢ ᠹᠧᠩ ᠬᠤᠩᠬᠢᠯᠳᠤ ᠪᠠᠯᠭᠠᠰᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠴᠠᠭᠠᠨ | ᠰᠠᠷ᠎ᠠ ᠠᠴᠠ ᠡᠮᠦᠨᠡᠬᠡᠨ ᠬᠡᠮᠡᠷᠯᠢᠭ ᠲᠤᠭ ᠬᠦᠷᠭᠡᠭᠰᠡᠨ ᠳᠤ ᠮᠠᠰᠢ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ | ᠬᠡᠮᠡᠷᠯᠢᠭ ᠲᠤᠭ ᠪᠣᠯ ᠢᠷᠠᠭᠤ ᠠᠯᠳᠠᠷ ᠮᠥᠷᠲᠡᠭᠡᠨ ᠱᠠᠯᠠᠪᠳᠠᠭᠤᠯᠭᠠ᠂ ᠨᠡᠩ ᠴᠤ ᠬᠥᠳᠡᠯᠭᠡᠬᠦ ᠬᠦᠴᠦᠨ ᠮᠥᠨ᠂ | ᠶᠠᠳᠠᠭᠤ ᠶᠢ ᠲᠡᠳᠬᠦᠬᠦ ᠠᠵᠢᠯ ᠤᠨ ᠡᠭᠦᠷᠭᠡ ᠬᠦᠨᠳᠦ ᠵᠠᠮ ᠬᠤᠯᠠ ᠪᠠᠶᠢᠨ᠎ᠠ᠂ ᠬᠤᠳᠠ ᠶᠢᠨ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ ᠤᠨ ᠨᠡᠶᠢᠭᠡᠮᠯᠢᠭ ᠤᠨ ᠪᠦᠬᠦ ᠺᠠᠳ᠋ᠷ ᠠᠵᠢᠯᠳᠠᠨ ᠡᠭᠦᠨ ᠢᠶᠠᠷ ᠤᠷᠤᠭᠰᠢᠯᠠᠯᠲᠠ ᠶᠢᠨ ᠬᠥᠳᠡᠯᠭᠡᠬᠦ | ᠬᠦᠴᠦᠨ ᠪᠣᠯᠭᠠᠵᠤ᠂ ᠨᠡᠩ ᠥᠨᠳᠥᠷ ᠬᠠᠯᠠᠭᠤᠨ ᠰᠡᠳᠬᠢᠯᠭᠡ ᠪᠠ ᠬᠠᠷᠢᠭᠤᠴᠠᠯᠭᠠᠲᠤ ᠰᠡᠳᠬᠢᠯᠭᠡ ᠪᠠᠷ ᠬᠠᠪᠰᠤᠷᠤᠨ | ᠲᠡᠳᠬᠦᠬᠦ ᠠᠵᠢᠯ ᠢ ᠰᠠᠶᠢᠲᠤᠷ ᠬᠢᠵᠦ᠂ ᠪᠦᠬᠦ ᠬᠦᠴᠦᠨ ᠢᠶᠠᠷ ᠢᠶᠠᠨ ᠠᠵᠢᠯ ᠤᠨ ᠡᠭᠦᠷᠭᠡ ᠪᠠᠨ ᠪᠡᠶᠡᠯᠡᠭᠦᠯᠦᠨ᠎ᠡ ᠭᠡᠵᠦ | ᠢᠯᠡᠳᠬᠡᠪᠡ᠃ | ᠬᠤᠩᠬᠢᠯᠳᠤ ᠪᠠᠯᠭᠠᠰᠤᠨ ᠤ ᠲᠥᠯᠥᠭᠡᠯᠡᠭᠴᠢ ᠪᠣᠯᠤᠨ ᠬᠤᠲᠠ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠨᠡᠶᠢᠭᠡᠮᠯᠢᠭ ᠤᠨ ᠨᠠᠮ ᠤᠨ ᠤᠳᠤᠷᠢᠳᠬᠤ ᠳᠤᠭᠤᠶᠢᠯᠠᠩ ᠤᠨ ᠤᠳᠤᠷᠢᠳᠤᠯᠭ᠎ᠠ ᠪᠠᠰᠠ ᠣᠳᠣᠬᠢ ᠱᠠᠲᠤᠨ ᠤ ᠣᠷᠣᠰᠢᠵᠤ | ᠪᠠᠶᠢᠭ᠎ᠠ ᠠᠰᠠᠭᠤᠳᠠᠯ ᠪᠣᠯᠤᠨ ᠪᠠᠶᠢᠳᠠᠯ ᠳᠤ ᠴᠢᠭᠯᠡᠭᠦᠯᠦᠨ ᠰᠠᠨᠠᠯ ᠢᠶᠠᠨ ᠰᠣᠯᠢᠯᠴᠠᠵᠤ ᠰᠤᠳᠤᠯᠤᠨ ᠶᠠᠷᠢᠯᠴᠠᠵᠤ᠂ | ᠤᠯᠠᠨ ᠢᠶᠠᠷ ᠢᠶᠠᠨ ᠢᠳᠡᠪᠬᠢᠲᠡᠢ ᠪᠠᠷ ᠠᠷᠭ᠎ᠠ ᠤᠬᠠᠭᠠᠨ ᠭᠠᠷᠭᠠᠵᠤ ᠥᠭᠭᠦᠭᠰᠡᠨ ᠪᠥᠭᠡᠳ ᠵᠣᠬᠢᠰᠲᠠᠢ ᠰᠢᠢᠳᠪᠦᠷᠢᠯᠡᠬᠦ | ᠠᠷᠭ᠎ᠠ ᠬᠡᠮᠵᠢᠶ᠎ᠡ ᠳᠤᠷᠠᠳᠴᠠᠢ᠃ | ᠣᠷᠴᠢᠭᠤᠯᠣᠭᠴᠢ᠄ ᠡᠷᠳᠡᠨᠢᠴᠢᠮᠡᠭ |