ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ | ᠴᠠᠭᠠᠨ ᠰᠠᠷ᠎ᠠ ᠶᠢ ᠤᠭᠲᠤᠬᠤ ᠠᠵᠢᠯᠯᠠᠭ᠎ᠠ ᠥᠷᠨᠢᠭᠦᠯᠪᠡ | | 1 ᠰᠠᠷ᠎ᠠ ᠶᠢᠨ 29 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠳᠬ᠎ᠠ | ᠤᠷᠠᠯᠢᠭ ᠤᠨ ᠬᠢᠨ ᠤ ᠬᠤᠯᠪᠣᠭ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠷᠠᠨ ᠪᠢᠴᠢᠯᠭᠡ ᠤᠷᠠᠨ | ᠵᠢᠷᠤᠭ ᠤᠨ ᠬᠦᠷᠢᠶᠡᠯᠡᠩ ᠢ ᠵᠣᠬᠢᠶᠠᠨ ᠪᠠᠶᠢᠭᠤᠯᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠤᠷᠠᠨ | ᠪᠢᠴᠢᠯᠭᠡ ᠤᠷᠠᠨ ᠵᠢᠷᠤᠭ ᠤᠨ ᠨᠡᠶᠢᠭᠡᠮᠯᠢᠭ ︽ᠬᠠᠪᠤᠷ ᠢ ᠤᠭᠲᠤᠵᠤ ᠪᠤᠶᠠᠨ ᠢᠶᠠᠨ ᠡᠷᠭᠦᠬᠦ︾ ᠠᠵᠢᠯᠯᠠᠭ᠎ᠠ | ᠥᠷᠨᠢᠭᠦᠯᠪᠡ᠃ | | ᠠᠵᠢᠯᠯᠠᠭᠠᠨ ᠤ ᠠᠬᠤᠢ ᠲᠠᠯᠠᠪᠠᠢ ᠳᠤ᠂ ᠤᠷᠠᠨ ᠪᠢᠴᠢᠯᠭᠡᠲᠡᠨ ᠤᠷᠠᠨ ᠵᠢᠷᠤᠭᠴᠢᠳ ᠪᠢᠷ ᠪᠡᠭᠡ ᠰᠠᠴᠤᠵᠤ᠂ ᠤᠷᠠᠨ | ᠪᠢᠴᠢᠯᠭᠡ ᠪᠠᠷ ᠬᠠᠪᠤᠷ ᠢ ᠤᠭᠲᠤᠵᠤ᠂ ᠵᠢᠷᠤᠭ ᠢᠶᠠᠷ ᠪᠤᠶᠠᠨ ᠬᠦᠷᠭᠡᠵᠦ᠂ ᠰᠠᠶᠢᠨ ᠰᠠᠶᠢᠬᠠᠨ ᠵᠥᠩᠨᠡᠯ ᠵᠥᠩᠨᠡᠯ ᠢᠶᠠᠨ | ᠪᠢᠷ ᠤᠨ ᠦᠵᠦᠭᠦᠷ ᠢᠶᠠᠨ ᠶᠡᠭᠦᠯᠡᠵᠦ᠂ ᠮᠠᠰᠢ ᠲᠦᠷᠭᠡᠨ ᠢᠶᠠᠷ ᠬᠤᠣᠰ ᠤᠶᠠᠩᠭ᠎ᠠ ᠪᠠᠨ ᠳᠡᠯᠭᠡᠨ᠂ ᠨᠣᠮ ᠤᠨ ᠦᠨᠦᠷ | ᠬᠠᠩᠬᠤᠯᠵᠤ᠂ ᠪᠠᠶᠠᠷ ᠪᠠᠶᠠᠰᠬᠤᠯᠠᠩᠲᠤ ᠠᠭᠤᠷ ᠠᠮᠢᠰᠬᠤᠯ ᠢᠶᠠᠷ ᠪᠢᠯᠬᠠᠨ᠎ᠠ᠃ | | ᠬᠤᠰᠢᠭᠤᠨ ᠤ ᠤᠳᠬ᠎ᠠ ᠤᠷᠠᠯᠢᠭ ᠤᠨ ᠬᠢᠨ ᠤ ᠬᠤᠯᠪᠣᠭ᠎ᠠ ᠶᠢᠨ ᠵᠣᠬᠢᠶᠠᠨ ᠪᠠᠶᠢᠭᠤᠯᠤᠭᠰᠠᠨ ︽ᠴᠠᠭᠠᠨ | ᠰᠠᠷ᠎ᠠ ᠪᠠᠨ ᠤᠭᠲᠤᠵᠤ᠂ ᠪᠤᠶᠠᠨ ᠢᠶᠠᠨ ᠡᠷᠭᠦᠬᠦ︾ ᠠᠵᠢᠯᠯᠠᠭ᠎ᠠ ᠨᠢ 2003 ᠣᠨ ᠠᠴᠠ ᠨᠠᠰᠢ ᠡᠳᠦᠭᠡ ᠪᠣᠯᠲᠠᠯ᠎ᠠ | ᠶᠠᠪᠤᠭᠳᠠᠵᠤ᠂ ᠴᠠᠭᠠᠨ ᠰᠠᠷ᠎ᠠ ᠶᠢᠨ ᠢᠷᠥᠭᠡᠯ ᠪᠠ ᠪᠢᠴᠢᠭᠰᠡᠨ ᠴᠠᠭᠠᠨ ᠰᠠᠷ᠎ᠠ ᠶᠢᠨ ᠬᠤᠣᠰ ᠤᠶᠠᠩᠭ᠎ᠠ ᠶᠢ ᠪᠥᠬᠦ | ᠬᠤᠰᠢᠭᠤᠨ ᠤ ᠡᠯ᠎ᠡ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠤ ᠰᠠᠭᠤᠭᠠᠯᠢ ᠠᠷᠠᠳ᠂ ᠲᠣᠰᠬᠤᠨ ᠤ | ᠠᠷᠠᠳ ᠲᠤ ᠬᠠᠮᠲᠤ ᠳᠤᠨᠢ ᠬᠦᠷᠭᠡᠵᠦ᠂ ᠰᠠᠶᠢᠨ ᠰᠠᠶᠢᠬᠠᠨ ᠨᠡᠶᠢᠭᠡᠮ ᠤᠨ ᠲᠤᠰᠬᠠᠯ ᠢ ᠣᠯᠤᠭᠰᠠᠨ ᠪᠠᠶᠢᠨ᠎ᠠ᠃ | | ᠥᠳᠬᠡᠨ ᠵᠤᠵᠠᠭᠠᠨ ᠠᠩᠬᠢᠯᠤᠮ᠎ᠠ ᠦᠨᠦᠷ ᠬᠠᠩᠬᠤᠯᠵᠤ᠂ ᠭᠦᠨ ᠵᠤᠵᠠᠭᠠᠨ ᠦᠨᠡᠨ ᠰᠡᠳᠬᠢᠯᠭᠡ ᠰᠢᠩᠭᠡᠭᠰᠡᠨ | ᠴᠠᠭᠠᠨ ᠰᠠᠷ᠎ᠠ ᠶᠢᠨ ᠬᠤᠣᠰ ᠤᠶᠠᠩᠭ᠎ᠠ ᠪᠣᠯᠤᠨ ︽ᠪᠤᠶᠠᠨ︾ ᠦᠰᠦᠭ ᠨᠢ ᠴᠠᠭᠠᠨ ᠰᠠᠷ᠎ᠠ ᠶᠢ ᠪᠠᠶᠠᠷᠯᠠᠨ | ᠤᠭᠲᠤᠬᠤ ᠳᠤ ᠪᠠᠶᠠᠷ ᠤᠨ ᠡᠳᠦᠷ ᠤᠨ ᠠᠭᠤᠷ ᠠᠮᠢᠰᠬᠤᠯ ᠨᠡᠮᠡᠷᠢᠯᠡᠵᠦ᠂ ᠠᠷᠠᠳ ᠤᠯᠠᠨ ᠳᠤ ᠴᠠᠭᠠᠨ ᠰᠠᠷ᠎ᠠ ᠶᠢᠨ | ᠵᠥᠩᠨᠡᠯ ᠳᠡᠪᠰᠢᠭᠦᠯᠵᠦ᠂ ᠰᠢᠨ᠎ᠡ ᠨᠢᠭᠡ ᠵᠢᠯ ᠤᠨ ᠰᠠᠶᠢᠨ ᠰᠠᠶᠢᠬᠠᠨ ᠵᠣᠯ ᠵᠢᠷᠭᠠᠯᠲᠤ ᠠᠮᠢᠳᠤᠷᠠᠯ ᠳᠤ ᠦᠩᠬᠡ ᠭᠢᠯᠪᠠᠭ᠎ᠠ | ᠨᠡᠮᠡᠷᠢᠯᠡᠭᠰᠡᠨ ᠪᠠᠶᠢᠨ᠎ᠠ᠃ | ᠵᠣᠬᠢᠶᠠᠭᠴᠢ᠄ ᠵᠣᠣ ᠵᠢᠶᠧ ᠰᠦᠯᠳᠡ | ᠣᠷᠴᠢᠭᠤᠯᠣᠭᠴᠢ᠄ ᠡᠷᠳᠡᠨᠢᠴᠢᠮᠡᠭ |