ᠺᠦ᠋ ᠵᠢᠩ ᠬᠤᠸᠠᠨ ᠳᠣᠰᠬᠤᠨ᠄ ᠬᠠᠮᠲᠤ ᠶᠢᠨ ᠠᠵᠤ ᠠᠬᠤᠶ ᠳᠤ ᠬᠡᠷᠡᠭᠯᠡᠬᠦ ᠤᠰᠤ ᠶᠢ ᠨᠡᠭᠡᠭᠡᠨ ᠠᠰᠢᠭᠯᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠤᠨ᠎ᠠ᠃
ᠨᠡᠶᠢᠲᠡᠯᠡᠭᠰᠡᠨ ᠴᠠᠭ᠄
2021/3/29
      ᠺᠦ᠋ ᠵᠢᠩ ᠬᠤᠸᠠᠨ  ᠳᠣᠰᠬᠤᠨ᠄ ᠬᠠᠮᠲᠤ ᠶᠢᠨ ᠠᠵᠤ ᠠᠬᠤᠶ ᠳᠤ ᠬᠡᠷᠡᠭᠯᠡᠬᠦ       ᠤᠰᠤ ᠵᠢ‌ᠨᠡᠭᠡᠭᠡᠨ ᠠᠰᠢᠭᠯᠠᠵᠤ ᠬᠥᠳᠡᠭᠡ ᠲᠣᠰᠬᠤᠨ ᠢ ᠬᠥᠭᠵᠢᠭᠦᠯᠦᠨ       ᠮᠠᠨᠳᠤᠭᠤᠯᠬᠤ ᠶᠢ ᠠᠬᠢᠭᠤᠯᠤᠨ᠎ᠠ᠃    ᠴᠠᠭᠠᠨ ᠰᠠᠷ᠎ᠠ ᠶᠢᠨ ᠠᠮᠠᠷᠠᠯᠲᠠ ᠶᠢᠨ ᠬᠤᠭᠤᠴᠠᠭ᠎ᠠ ᠰᠠᠶ᠋ᠢᠬᠠᠨ ᠥᠩᠭᠡᠷᠡᠭᠰᠡᠨ ᠤ ᠳᠠᠷᠠᠭ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠬᠢᠯᠳᠤ ᠪᠠᠯᠭᠠᠰᠤ ᠶᠢᠨ ᠶᠡᠭᠡ ᠪᠠᠭ᠎ᠠ ᠵᠢᠩ ᠼᠦᠨ ᠲᠣᠰᠬᠤᠨ ᠮᠠᠰᠢ ᠬᠦᠷ ᠬᠥᠭᠵᠢᠶᠡᠨ ᠲᠠᠢ ᠪᠠᠶᠢᠯ᠎ᠠ᠂ ᠲᠣᠰᠬᠤᠨ ᠤ ᠨᠢᠭᠡ ᠦᠵᠦᠭᠦᠷ ᠲᠤ᠂ ᠨᠢᠭᠡ ᠲᠤᠮᠤ ᠤᠬᠤᠭᠤᠷ ᠮᠠᠰᠢᠨ ᠬᠠᠭᠤᠴᠢᠨ ᠬᠤᠳᠳᠤᠭ ᠤᠨ ᠨᠦᠯᠦᠮᠡᠯ ᠰᠢᠪᠠᠷ ᠢ ᠮᠠᠯᠲᠠᠨ ᠭᠠᠷᠭᠠᠵᠤ᠂ ᠲᠣᠰᠬᠤᠨ ᠤ ᠠᠷᠠᠳ‌‍ᠤᠨ ᠰᠠᠶᠢᠨ ᠳᠤᠷᠠᠴᠤᠳ ᠪᠠᠰᠠ ᠨᠢᠭᠡ ᠭᠠᠵᠠᠷ ᠲᠤ ᠳᠡᠭᠡᠰᠦ ᠲᠠᠲᠠᠵᠤ᠂ ᠨᠦᠬᠦᠭᠡ ᠲᠠᠯ᠎ᠠ ᠪᠠᠷ ᠠᠮᠢᠳᠤ ᠤᠰᠤ ᠤᠨᠳᠤᠷᠴᠤ ᠪᠠᠶᠢᠯ᠎ᠠ᠂ ᠶᠠᠭᠤᠨ ᠳᠤ ᠡᠨᠡ ᠦᠶ᠎ᠡ ᠳᠤ ᠬᠠᠶᠠᠭᠳᠠᠮᠠᠯ ᠬᠤᠳᠳᠤᠭ ᠢ ᠰᠡᠯᠪᠢᠨ ᠵᠠᠰᠠᠵᠤ ᠪᠠᠶᠢᠬᠤ ᠪᠤᠢ︖    ᠤᠤᠯ ᠨᠢ ᠶᠡᠭᠡ ᠪᠠᠭ᠎ᠠ ᠬᠤᠳᠳᠤᠭ ᠤᠨ ᠲᠣᠰᠬᠤᠨ ᠨᠢ ᠪᠠᠶᠢᠭᠠᠯᠢ ᠶᠢᠨ ᠨᠥᠬᠦᠴᠡᠯ ᠤᠨ ᠨᠥᠯᠥᠭᠡ ᠠᠴᠠ ᠪᠣᠯᠵᠣ᠂ ᠵᠢᠯ ᠲᠤᠷᠰᠢ ᠬᠤᠷ᠎ᠠ ᠲᠣᠨᠣᠳᠠᠰᠤ ᠪᠠᠭ᠎ᠠ᠂ ᠤᠰᠤᠨ ᠲᠦᠪᠰᠢᠨ ᠨᠢ ᠲᠠᠰᠤᠷᠠᠯᠲᠠ ᠥᠬᠡᠶ ᠳᠣᠷᠣᠭᠰᠢᠯᠠᠵᠤ᠂ ᠣᠳᠣᠬᠠᠨ ᠳᠤ ᠤᠰᠤᠨ ᠤ ᠡᠬᠢ ᠪᠠᠶᠠᠯᠢᠭ ᠨᠢ ᠲᠣᠰᠬᠤᠨ ᠤ ᠲᠠᠷᠢᠶᠠᠨ ᠭᠠᠵᠠᠷ ᠢ ᠤᠰᠤᠯᠠᠵᠤ ᠳᠡᠶᠢᠯᠬᠦ ᠥᠬᠡᠶ ᠪᠣᠯᠵᠠᠶ ᠃ ᠡᠨᠡ ᠬᠦ ᠠᠰᠠᠭᠤᠳᠠᠯ ᠢ  ᠰᠢᠢᠳᠪᠦᠷᠢᠯᠡᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠬᠥᠳᠡᠭᠡ ᠠᠵᠤ ᠠᠬᠤᠶ ᠬᠥᠳᠡᠭᠡ ᠲᠣᠰᠬᠤᠨ ᠤ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠬᠦ ᠶᠢᠨ ᠲᠥᠯᠥᠭᠡ᠂ ᠬᠤᠩᠬᠢᠯᠳᠤ ᠪᠠᠯᠭᠠᠰᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠶᠡᠭᠡ ᠪᠠᠭ᠎ᠠ ᠬᠤᠳᠳᠤᠭ ᠲᠣᠰᠬᠤᠨ ᠳᠤ ᠣᠯᠠᠨ ᠤᠳᠠᠭ᠎ᠠ ᠪᠠᠶᠢᠴᠠᠭᠠᠨ ᠰᠤᠳᠤᠯᠤᠯᠲᠠ ᠬᠢᠵᠦ᠂ ᠲᠣᠰᠬᠤᠨ ᠤ ᠬᠠᠶᠠᠭᠳᠠᠮᠠᠯ ᠬᠤᠳᠳᠤᠭ ᠲᠤ ᠮᠥᠨ ᠠᠮᠢᠳᠤ ᠤᠰᠤ ᠪᠠᠶᠢᠬᠤ ᠪᠥᠭᠡᠳ ᠤᠰᠤᠨ ᠤ ᠡᠬᠢ ᠰᠤᠷᠪᠤᠯᠵᠢ  ᠭᠦᠢᠴᠡᠳ ᠪᠠᠶᠢᠬᠤ ᠶᠢ ᠣᠯᠵᠤ ᠮᠡᠳᠡᠪᠡᠯ᠂ ᠠᠰᠢᠭᠯᠠᠵᠤ ᠪᠣᠯᠤᠨ᠎ᠠ᠂ ᠳᠠᠷᠠᠭ᠎ᠠ ᠨᠢ ᠶᠡᠭᠡ ᠪᠠᠭ᠎ᠠ ᠬᠤᠳᠳᠤᠭ ᠲᠣᠰᠬᠤᠨ ᠤ ᠬᠤᠶᠠᠷ ᠵᠥᠪᠯᠡᠯ ᠤᠨ ᠰᠢᠨ᠎ᠡ ᠨᠢᠭᠡ ᠬᠤᠭᠤᠴᠠᠭᠠᠨ ᠤ ᠤᠳᠤᠷᠢᠳᠬᠤ ᠪᠠᠭ ᠤᠨ ᠪᠦᠷᠢᠯᠳᠦᠬᠦᠨ ᠢ ᠵᠣᠬᠢᠶᠠᠨ ᠪᠠᠶᠢᠭᠤᠯᠵᠤ ᠣᠯᠠᠨ ᠤᠳᠠᠭ᠎ᠠ ᠶᠠᠷᠢᠯᠴᠠᠨ ᠰᠤᠳᠤᠯᠤᠭᠰᠠᠨ ᠤ ᠳᠠᠷᠠᠭ᠎ᠠ᠂ ᠶᠡᠭᠡ ᠪᠠᠭ᠎ᠠ ᠬᠤᠳᠳᠤᠭ ᠲᠣᠰᠬᠤᠨ ᠤ ᠶᠡᠭᠡ ᠬᠤᠳᠳᠤᠭ ᠢ ᠰᠡᠯᠪᠢᠨ ᠵᠠᠰᠠᠬᠤ ᠪᠠᠷ ᠲᠣᠭᠲᠠᠪᠠ᠃    ᠲᠤᠰ ᠬᠤᠳᠳᠤᠭ ᠢ 1958 ᠣᠨ ᠳᠤ ᠪᠠᠶᠢᠭᠤᠯᠵᠤ᠂ ᠲᠤᠬᠠᠶ ᠶᠢᠨ ᠦᠶ᠎ᠡ ᠳᠤ ᠬᠤᠳᠳᠤᠭ ᠤᠨ ᠣᠷᠳᠣ ᠨᠢ 30 ᠮᠧᠲᠷ᠂ ᠥᠷᠭᠡᠨ ᠨᠢ 10 ᠮᠧᠲᠷ ᠪᠠᠶᠢᠪᠠ᠂ 1972 ᠣᠨ ᠳᠤ ᠪᠠᠰᠠ ᠥᠷᠭᠡᠳᠬᠡᠨ ᠪᠠᠶᠢᠭᠤᠯᠵᠤ᠂ ᠥᠷᠭᠡᠳᠬᠡᠨ ᠪᠠᠶᠢᠭᠤᠯᠤᠭᠰᠠᠨ ᠤ ᠳᠠᠷᠠᠭ᠎ᠠ ᠣᠷᠳᠣ ᠨᠢ 70 ᠮᠧᠲᠷ᠂ ᠥᠷᠭᠡᠨ ᠨᠢ 30 ᠮᠧᠲᠷ᠂ ᠤᠰᠤ ᠬᠠᠳᠠᠭᠠᠯᠠᠬᠤ ᠬᠡᠮᠵᠢᠶ᠎ᠡ ᠨᠢ ᠪᠠᠷᠤᠭ 5000 m 3 ᠪᠠᠶᠢᠵᠤ᠂ ᠪᠤᠯᠠᠭ ᠤᠨ ᠠᠮᠠᠰᠠᠷ ᠤᠨ ᠤᠰᠤ ᠣᠷᠭᠢᠯᠬᠤ ᠬᠡᠮᠵᠢᠶ᠎ᠡ ᠨᠢ ᠪᠠᠷᠤᠭ 30 T / h ᠪᠠᠶᠢᠳᠠᠭ᠂ ᠤᠳᠠᠭᠠᠨ ᠵᠢᠯ ᠵᠠᠰᠠᠵᠤ ᠰᠡᠯᠪᠢᠭᠰᠡᠨ ᠦᠭᠡᠶ ᠪᠣᠯᠬᠤᠷ᠂ ᠣᠯᠠᠨ ᠵᠢᠯ ᠤᠨ ᠲᠤᠷᠰᠢ ᠬᠤᠷᠠᠮᠳᠤᠭᠰᠠᠨ ᠨᠦᠯᠦᠮᠡᠯ ᠰᠢᠪᠠᠷ ᠤᠨ ᠬᠤᠯᠢᠴᠠ ᠨᠢ ᠨᠢᠭᠡᠨᠲᠡ ᠬᠤᠳᠳᠤᠭ ᠤᠨ ᠢᠷᠣᠭᠠᠷ ᠢ ᠵᠤᠵᠠᠭᠠᠨ ᠪᠦᠷᠬᠦᠵᠦ᠂ ᠨᠢᠭᠡᠨᠲᠡ ᠠᠷᠪᠠᠨ ᠬᠡᠳᠦᠨ ᠵᠢᠯ ᠠᠰᠢᠭᠯᠠᠬᠤ ᠶᠢᠨ ᠠᠷᠭ᠎ᠠ ᠦᠭᠡᠶ ᠪᠣᠯᠵᠠᠶ᠃    ᠡᠨᠡ ᠬᠤᠳᠳᠤᠭ ᠢ ᠵᠠᠰᠠᠵᠤ ᠪᠠᠷᠠᠭᠰᠠᠨ ᠤ ᠳᠠᠷᠠᠭ᠎ᠠ ᠳᠠᠬᠢᠨ ᠡᠬᠢᠯᠡᠵᠦ ᠠᠰᠢᠭᠯᠠᠬᠤ ᠨᠢ ᠮᠠᠰᠢ ᠣᠯᠠᠨ ᠰᠠᠶᠢᠨ ᠲᠠᠯ᠎ᠠ ᠲᠠᠢ᠂ ᠲᠣᠰᠬᠤᠨ ᠤ ᠬᠠᠮᠲᠤ ᠶᠢᠨ ᠠᠵᠤ ᠠᠬᠤᠶ ᠳᠤ ᠬᠡᠷᠡᠭᠯᠡᠵᠦ ᠪᠣᠯᠤᠨ᠎ᠠ ᠲᠥᠮᠥᠰᠥᠨ ᠤ ᠦᠷ᠎ᠡ ᠶᠢᠨ ᠲᠥᠮᠥᠰᠥᠨ ᠤ ᠲᠣᠤᠷ ᠤᠨ ᠬᠦᠯᠡᠮᠵᠢ ᠶᠢᠨ ᠤᠰᠤᠯᠠᠯᠲᠠ ᠨᠢ ᠭᠠᠵᠠᠷ ᠰᠢᠷᠣᠶ᠂ ᠤᠰᠤ᠂ ᠪᠣᠷᠳᠣᠭᠤᠷ ᠤᠨ ᠠᠰᠢᠭᠯᠠᠯᠲᠠ ᠶᠢᠨ ᠨᠣᠷᠮ᠎ᠠ ᠶᠢ ᠶᠡᠭᠡ ᠪᠠᠷ ᠰᠠᠶᠢᠵᠢᠷᠠᠭᠤᠯᠵᠤ᠂ ᠲᠠᠷᠢᠮᠠᠯ ᠤᠨ ᠤᠨᠠᠯᠲᠠ ᠶᠢ ᠳᠡᠭᠡᠭᠰᠢᠯᠡᠭᠦᠯᠦᠨ᠂ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠪᠣᠯᠤᠨ᠎ᠠ︔ ᠪᠠᠰᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠤᠰᠤ ᠬᠡᠷᠡᠭᠯᠡᠬᠦ ᠠᠰᠠᠭᠤᠳᠠᠯ ᠢ ᠰᠢᠢᠳᠪᠦᠷᠢᠯᠡᠵᠤ ᠪᠣᠯᠤᠨ᠎ᠠ᠂ ᠲᠠᠷᠠᠭᠠᠴᠢ ᠶᠢᠨ ᠠᠯᠬᠤᠮ ᠤᠨ ᠲᠥᠯᠥᠪᠵᠢᠭᠦᠯᠭᠡ ᠳᠤ᠂ ᠵᠠᠰᠠᠵᠤ ᠳᠠᠭᠤᠰᠬᠠᠭᠰᠠᠨ ᠬᠤᠳᠳᠤᠭ ᠢ ᠪᠠᠰᠠ ᠴᠡᠩᠭᠡᠭ ᠤᠰᠤᠨ ᠤ ᠲᠡᠵᠢᠭᠡᠪᠦᠷᠢ ᠳᠤ ᠬᠡᠷᠡᠭᠯᠡᠵᠦ᠂ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠥᠬᠡᠶ ᠬᠥᠭᠵᠢᠭᠦᠯᠦᠨ ᠪᠤᠵᠠᠭᠠᠶᠢᠷᠠᠭᠤᠯᠵᠤ ᠪᠣᠯᠤᠨ᠎ᠠ᠃    ᠶᠡᠭᠡ ᠪᠠᠭ᠎ᠠ ᠬᠤᠳᠳᠤᠭ ᠲᠣᠰᠬᠤᠨ ᠪᠣᠳᠠᠲᠤ ᠠᠵᠢᠯᠯᠠᠭ᠎ᠠ ᠪᠠᠷ ᠢᠶᠠᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠩᠬᠠᠨ ᠤ ᠠᠯᠬᠤᠮ ᠢ ᠯᠠᠪᠳᠠᠭᠤᠨ ᠪᠠᠲᠤᠲᠠᠢ ᠠᠯᠬᠤᠭᠰᠠᠨ ᠨᠢ ᠲᠣᠰᠬᠤᠨ ᠤ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠳᠤ ᠴᠢᠬᠤᠯᠠ ᠠᠴᠢ ᠬᠤᠯᠪᠣᠭᠳᠠᠯ ᠲᠠᠢ ᠶᠤᠮ᠃                                           ᠵᠣᠬᠢᠶᠠᠭᠴᠢ᠄ ᠵᠣᠣ ᠵᠢᠶᠧ                                           ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号