ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ | ᠬᠤᠷᠠᠯᠳᠤᠭᠤᠯᠵᠤ ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ | ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠶᠢ ᠪᠠᠶᠢᠷᠢᠯᠠᠭᠤᠯᠪᠠ | | ᠯᠢ ᠺᠧ ᠴᠢᠶᠠᠩ ᠲᠦᠷᠦ ᠶᠢᠨ ᠶᠠᠪᠤᠳᠠᠯ ᠤᠨ ᠬᠤᠷᠢᠶᠠᠨ ᠤ ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠪᠠ | ᠦᠢᠯᠡᠳᠬᠦ ᠦᠢᠯᠡᠰ ᠤᠨ ᠠᠵᠤ ᠠᠬᠤᠶᠢᠯᠠᠯ ᠤᠨ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ | ᠬᠠᠷᠢᠴᠠᠯ ᠢ ᠨᠡᠮᠡᠭᠳᠡᠭᠦᠯᠬᠦ ᠵᠡᠷᠭᠡ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠵᠤ ᠠᠵᠤ | ᠠᠬᠤᠶᠢᠯᠠᠯ ᠤᠨ ᠰᠢᠨ᠎ᠡ ᠶᠢ ᠡᠭᠦᠳᠴᠦ ᠠᠵᠤ ᠦᠢᠯᠡᠰ ᠤᠨ ᠳᠡᠰ ᠳᠡᠪᠰᠢᠭᠦᠯᠬᠦ ᠶᠢ ᠠᠬᠢᠭᠤᠯᠬᠤ ᠶᠢ ᠨᠢ ᠤᠷᠮᠠᠰᠢᠭᠤᠯᠪᠠ | ᠨᠡᠶᠢᠳᠡᠮ ᠠᠰᠢᠭ ᠬᠦᠷᠲᠡᠬᠦ ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠤ ᠮᠥᠩᠭᠦ ᠪᠠᠨ | ᠪᠤᠴᠠᠭᠠᠬᠤ ᠬᠤᠭᠤᠴᠠᠭ᠎ᠠ ᠶᠢ ᠤᠷᠲᠤᠳᠬᠠᠬᠤ ᠲᠥᠷᠥ ᠶᠢᠨ ᠪᠣᠳᠣᠯᠭ᠎ᠠ ᠪᠠ ᠢᠲᠡᠭᠡᠮᠵᠢᠲᠦ ᠵᠢᠭᠡᠯᠡᠯᠭᠡ ᠶᠢᠨ | ᠳᠡᠮᠵᠢᠯᠭᠡ ᠶᠢᠨ ᠲᠥᠯᠥᠪᠯᠡᠭᠡ ᠶᠢ ᠵᠢᠯ ᠤᠨ ᠡᠴᠦᠰ ᠪᠣᠯᠲᠠᠯ᠎ᠠ ᠤᠯᠠᠮ ᠨᠢᠭᠡ ᠠᠯᠬᠤᠮᠤᠷᠲᠤᠳᠬᠠᠬᠤ ᠪᠠᠷ ᠲᠣᠭᠲᠠᠪᠠ | ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ | ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠪᠠ ᠲᠦᠷᠦ ᠶᠢᠨ ᠶᠠᠪᠤᠳᠠᠯ ᠤᠨ ᠬᠤᠷᠢᠶᠠ᠊ ᠤ ᠶᠡᠷᠦᠩᠬᠡᠢ | ᠰᠠᠶᠢᠳ ᠯᠢ ᠺᠧ ᠴᠢᠶᠠᠩ 3 ᠳ᠋ᠤᠭᠠᠷ ᠰᠠᠷ᠎ᠠ ᠶᠢᠨ 24 ᠤ ᠡᠳᠦᠷ ᠲᠦᠷᠦ ᠶᠢᠨ ᠶᠠᠪᠤᠳᠠᠯ ᠤᠨ ᠬᠤᠷᠢᠶᠠᠨ ᠤ | ᠪᠠᠶᠢᠩᠭᠤ ᠶᠢᠨ ᠬᠤᠷᠠᠯ ᠢ ᠡᠷᠬᠢᠯᠡᠨ ᠬᠤᠷᠠᠯᠳᠤᠭᠤᠯᠵᠤ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ | ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ ᠨᠡᠮᠡᠭᠳᠡᠭᠦᠯᠬᠦ ᠵᠡᠷᠭᠡ ᠲᠦᠷᠦ ᠶᠢᠨ | ᠪᠤᠳᠤᠯᠭ᠎ᠠ ᠶᠢ ᠬᠡᠷᠡᠭᠵᠢᠭᠦᠯᠬᠦ ᠶᠢ ᠪᠠᠶᠢᠷᠢᠯᠠᠭᠤᠯᠵᠤ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠨᠢ | ᠵᠣᠷᠢᠭᠵᠢᠭᠤᠯᠵᠤ᠂ ᠠᠵᠤ ᠦᠢᠯᠡᠰ ᠤᠨ ᠳᠡᠰ ᠳᠡᠪᠰᠢᠬᠦ ᠶᠢ ᠠᠬᠢᠭᠤᠯᠬᠤ ᠪᠠᠷ ᠪᠣᠯᠪᠠ︔ ᠨᠡᠶᠢᠳᠡᠮ ᠠᠰᠢᠭ ᠬᠦᠷᠲᠡᠬᠦ | ᠵᠢᠵᠢᠭ ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ | ᠤᠷᠲᠤᠳᠬᠠᠬᠤ ᠲᠥᠷᠥ ᠶᠢᠨ ᠪᠣᠳᠣᠯᠭ᠎ᠠ ᠪᠣᠯᠤᠨ ᠢᠲᠡᠭᠡᠮᠵᠢᠲᠦ ᠵᠢᠭᠡᠯᠡᠯᠭᠡ ᠶᠢᠨ ᠳᠡᠮᠵᠢᠯᠭᠡ ᠶᠢᠨ ᠲᠥᠯᠥᠪᠯᠡᠭᠡ ᠶᠢ | ᠵᠢᠯ ᠤᠨ ᠡᠴᠦᠰ ᠪᠣᠯᠲᠠᠯ᠎ᠠ ᠤᠷᠲᠤᠳᠬᠠᠬᠤ ᠪᠠᠷ ᠲᠣᠭᠲᠠᠪᠠ︔ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠵᠢᠯ ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ | ᠶᠢ ᠪᠠᠲᠤᠯᠠᠪᠠ᠃ ᠬᠤᠷᠠᠯ ᠠᠴᠠ ᠵᠢᠭᠠᠬᠤ ᠳᠤ ᠪᠠᠨ᠂ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ | ᠬᠤᠷᠢᠶᠠᠨ ᠤ ᠪᠠᠶᠢᠷᠢᠯᠠᠭᠤᠯᠤᠯᠲᠠ ᠶᠣᠰᠣᠭᠠᠷ᠂ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠭᠤᠣᠯ ᠴᠣᠭᠴᠠ ᠶᠢᠨ | ᠦᠢᠯᠡᠳᠦᠯ ᠢ ᠨᠢ ᠨᠡᠩ ᠰᠠᠶᠢᠨ ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠬᠦ᠂ ᠡᠷᠬᠡ ᠲᠡᠭᠰᠢ ᠨᠡᠶᠢᠳᠡᠮ ᠠᠰᠢᠭ ᠬᠦᠷᠲᠡᠬᠦ | ᠤᠷᠮᠠᠰᠢᠭᠤᠯᠤᠯ ᠤᠨ ᠲᠦᠷᠦ ᠶᠢᠨ ᠪᠤᠳᠤᠯᠭ᠎ᠠ ᠶᠢ ᠨᠡᠩ ᠢᠯᠡᠭᠦᠦ ᠬᠡᠷᠡᠭᠯᠡᠵᠦ᠂ ᠠᠵᠤ ᠠᠬᠤᠶᠢᠯᠠᠯ ᠪᠣᠯᠤᠨ ᠪᠦᠬᠦ | ᠨᠡᠶᠢᠭᠡᠮ ᠤᠨ ᠰᠤᠳᠤᠯᠭᠠᠨ ᠤ ᠣᠷᠣᠭᠤᠯᠤᠯᠲᠠ ᠶᠢ ᠨᠡᠮᠡᠭᠳᠡᠭᠦᠯᠵᠦ᠂ ᠠᠵᠤ ᠠᠬᠤᠢ ᠶᠢᠨ ᠬᠥᠭᠵᠢᠯᠲᠡ ᠶᠢᠨ ᠰᠡᠯᠭᠦᠬᠦ | ᠬᠦᠴᠦᠨ ᠢ ᠴᠢᠩᠭᠠᠷᠠᠭᠤᠯᠵᠤ᠂ ᠠᠵᠤ ᠠᠬᠤᠢ ᠶᠢᠨ ᠪᠦᠲᠦᠴᠡ ᠶᠢᠨ ᠰᠢᠯᠢᠳᠡᠭᠵᠢᠯᠲᠡ ᠶᠢ ᠠᠬᠢᠭᠤᠯᠬᠤ ᠬᠡᠷᠡᠭᠲᠡᠢ᠃ | ᠣᠶᠢᠷ᠎ᠠ ᠶᠢᠨ ᠵᠢᠯ ᠤᠳ ᠲᠤ᠂ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠡᠷᠴᠢᠮ ᠲᠠᠰᠤᠷᠠᠯᠲᠠ ᠥᠬᠡᠶ ᠴᠢᠩᠭᠠᠷᠠᠵᠤ᠂ ᠠᠵᠤ | ᠠᠬᠤᠶᠢᠯᠠᠯ ᠤᠨ ᠰᠢᠨ᠎ᠡ ᠶᠢ ᠡᠭᠦᠳᠬᠦ ᠶᠢ ᠬᠦᠴᠦᠲᠡᠶ ᠠᠬᠢᠭᠤᠯᠤᠭᠰᠠᠨ ᠪᠠᠶᠢᠨ᠎ᠠ᠃ ︽ᠵᠠᠰᠠᠭ ᠤᠨ ᠣᠷᠳᠣᠨ ᠤ | ᠠᠵᠢᠯ ᠤᠨ ᠢᠯᠡᠳᠬᠡᠯ︾ ᠳᠠᠬᠢ ᠠᠵᠤ ᠠᠬᠤᠶᠢᠯᠠᠯ ᠤᠨ ᠰᠢᠨ᠎ᠡ ᠶᠢ ᠡᠭᠦᠳᠬᠦ ᠶᠢ ᠳᠡᠮᠵᠢᠬᠦ ᠬᠤᠯᠪᠣᠭᠳᠠᠯ ᠪᠥᠬᠦᠶ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠨᠢᠭᠡ ᠳᠤ᠂ ᠡᠨᠡ | ᠵᠢᠯ ᠤᠨ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ᠂ ᠦᠢᠯᠡᠳᠬᠦ ᠦᠢᠯᠡᠰ ᠤᠨ ᠠᠵᠤ ᠠᠬᠤᠶᠢᠯᠠᠯ ᠤᠨ | ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠰᠠᠭᠤᠯᠭᠠᠨ ᠠᠪᠬᠤ ᠬᠠᠷᠢᠴᠠᠯ ᠢ 75% ᠪᠠᠶᠢᠭᠰᠠᠨ ᠠᠴᠠ 100% | ᠪᠣᠯᠭᠠᠨ ᠳᠡᠭᠡᠭᠰᠢᠯᠡᠭᠦᠯᠦᠨ᠎ᠡ᠂ ᠡᠨᠡ ᠨᠢ ᠠᠵᠤ ᠠᠬᠤᠶᠢᠯᠠᠯ 100 ᠲᠦᠮᠡᠨ ᠲᠥᠭᠦᠷᠢᠭ ᠤᠨ ᠰᠤᠳᠤᠯᠭᠠᠨ ᠤ ᠵᠠᠷᠤᠳᠠᠯ | ᠣᠷᠣᠭᠤᠯᠬᠤ ᠪᠦᠷᠢ ᠭᠠᠶᠢᠯᠢ ᠲᠤᠰᠢᠶᠠᠬᠤ ᠶᠣᠰᠣᠲᠠᠶ ᠠᠰᠢᠭ ᠣᠷᠣᠯᠭ᠎ᠠ ᠶᠢᠨ ᠲᠤᠭ᠎ᠠ ᠠᠴᠠ 200 ᠲᠦᠮᠡᠨ | ᠲᠥᠭᠦᠷᠢᠭ ᠰᠠᠭᠤᠯᠭᠠᠨ ᠠᠪᠤᠭᠰᠠᠨ ᠲᠠᠢ ᠲᠡᠩᠴᠡᠨ᠎ᠡ᠃ ᠡᠨᠡ ᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠪᠡᠯ᠂ | ᠵᠢᠱᠢᠯᠲᠡ ᠪᠠᠷ ᠨᠢᠳᠤᠨᠤᠨ ᠤ ᠭᠠᠶᠢᠯᠢ ᠶᠢ ᠬᠥᠩᠭᠡᠯᠡᠭᠰᠡᠨ ᠬᠡᠮᠵᠢᠶ᠎ᠡ 3600 ᠳ᠋ᠦᠩᠰᠢᠭᠤᠷ ᠲᠥᠭᠦᠷᠢᠭ ᠢ ᠳᠠᠪᠠᠭᠰᠠᠨ | ᠰᠠᠭᠤᠷᠢᠨ ᠳᠡᠭᠡᠷ᠎ᠡ᠂ ᠡᠨᠡ ᠵᠢᠯ ᠠᠵᠤ ᠠᠬᠤᠶᠢᠯᠠᠯ ᠳᠤ ᠲᠠᠬᠢᠭᠠᠳ 800 ᠳ᠋ᠦᠩᠰᠢᠭᠤᠷ ᠲᠥᠭᠦᠷᠢᠭ ᠤᠨ ᠭᠠᠶᠢᠯᠢ ᠶᠢ | ᠰᠢᠨ᠎ᠡ ᠪᠠᠷ ᠬᠠᠰᠤᠵᠤ ᠥᠭᠬᠦ ᠪᠣᠯᠤᠨ᠎ᠠ᠃ ᠡᠨᠡ ᠬᠦ ᠲᠦᠷᠢᠮ ᠤᠨ ᠴᠢᠨᠠᠷᠲᠠᠶ ᠲᠣᠬᠢᠷᠠᠭᠤᠯᠤᠯᠲᠠ ᠪᠣᠯ ᠡᠨᠡ ᠵᠢᠯ ᠤᠨ | ᠪᠦᠲᠦᠴᠡ ᠶᠢᠨ ᠴᠢᠨᠠᠷᠲᠠᠶ ᠪᠠᠷ ᠭᠠᠶᠢᠯᠢ ᠬᠥᠩᠭᠡᠯᠡᠬᠦ ᠠᠵᠢᠯ ᠤᠨ ᠳᠤᠮᠳᠠᠬᠢ ᠡᠷᠴᠢᠮ ᠢᠶᠠᠷ ᠬᠠᠮᠤᠭ ᠤᠨ ᠶᠡᠭᠡ | ᠲᠥᠷᠥ ᠶᠢᠨ ᠪᠣᠳᠣᠯᠭ᠎ᠠ ᠪᠣᠯᠤᠨ᠎ᠠ᠃ ᠬᠤᠶᠠᠷ ᠲᠤ᠂ ᠰᠤᠳᠤᠯᠭᠠᠨ ᠤ ᠵᠠᠷᠤᠳᠠᠯ ᠢ ᠨᠡᠮᠡᠨ ᠪᠤᠳᠤᠵᠤ ᠢᠯᠭᠠᠷᠠᠭᠤᠯᠤᠨ | ᠲᠤᠰᠢᠶᠠᠬᠤ ᠲᠣᠭᠠᠴᠠᠭ᠎ᠠ ᠬᠢᠬᠦ ᠠᠷᠭ᠎ᠠ ᠮᠠᠶ᠋ᠢᠭ ᠲᠤ ᠥᠭᠡᠷᠡᠴᠢᠯᠡᠯᠲᠡ ᠬᠢᠵᠦ᠂ ᠠᠵᠤ ᠠᠬᠤᠶᠢᠯᠠᠯ ᠥᠪᠡᠰᠦᠪᠡᠨ ᠡᠵᠡᠨ | ᠮᠡᠳᠡᠵᠦ ᠬᠠᠭᠠᠰ ᠵᠢᠯ ᠢᠶᠠᠷ ᠨᠡᠮᠡᠨ ᠪᠤᠳᠤᠵᠤ ᠰᠠᠭᠤᠯᠭᠠᠨ ᠠᠪᠬᠤ ᠬᠠᠷᠠᠭᠠᠯᠵᠠᠯ ᠭᠥᠷᠳᠡᠬᠦ ᠶᠢ ᠨᠢ ᠵᠥᠪᠰᠢᠶᠡᠷᠡᠵᠦ᠂ | ᠳᠡᠭᠡᠷ᠎ᠡ ᠬᠠᠭᠠᠰ ᠵᠢᠯ ᠤᠨ ᠰᠤᠳᠤᠯᠭᠠᠨ ᠤ ᠵᠠᠷᠤᠳᠠᠯ ᠢ ᠳᠠᠷᠠᠭ᠎ᠠ ᠵᠢᠯ ᠤᠨ ᠠᠰᠢᠭ ᠣᠷᠣᠯᠭ᠎ᠠ ᠶᠢᠨ ᠭᠠᠶᠢᠯᠢ ᠶᠢ | ᠬᠤᠷᠢᠶᠠᠩᠭᠤᠶᠢᠯᠠᠨ ᠪᠤᠳᠤᠵᠤ ᠢᠯᠭᠠᠷᠠᠭᠤᠯᠤᠨ ᠲᠤᠰᠢᠶᠠᠬᠤ ᠦᠶ᠎ᠡ ᠳᠤ ᠰᠠᠭᠤᠯᠭᠠᠨ ᠠᠪᠴᠤ ᠪᠠᠶᠢᠭᠰᠠᠨ ᠢ | ᠲᠤᠬᠠᠶ ᠶᠢᠨ ᠵᠢᠯ ᠤᠨ 10 ᠳ᠋ᠤᠭᠠᠷ ᠰᠠᠷ᠎ᠠ ᠳᠤ ᠤᠷᠢᠳᠴᠢᠯᠠᠨ ᠲᠤᠰᠢᠶᠠᠬᠤ ᠦᠶ᠎ᠡ ᠳᠤ ᠳᠠᠷᠤᠶ ᠰᠠᠭᠤᠯᠭᠠᠨ ᠠᠪᠴᠤ᠂ | ᠠᠵᠤ ᠠᠬᠤᠶᠢᠯᠠᠯ ᠳᠤ ᠡᠷᠲᠡᠬᠡᠨ ᠠᠰᠢᠭ ᠬᠦᠷᠲᠡᠭᠡᠨ᠎ᠡ᠃ ᠡᠭᠦᠨ ᠤ ᠬᠠᠮᠲᠤ᠂ ᠰᠢᠨᠵᠢᠯᠡᠬᠦ ᠤᠬᠠᠭᠠᠨ ᠮᠡᠷᠭᠡᠵᠢᠯ ᠤᠨ | ᠰᠤᠳᠤᠯᠭᠠᠨ ᠤ ᠦᠢᠯᠡᠴᠢᠯᠡᠭᠡᠨ ᠤ ᠠᠵᠤ ᠠᠬᠤᠶᠢᠯᠠᠯ᠂ ︽ᠠᠳᠠᠯ ᠦᠢᠯᠡᠰ ᠴᠣᠭᠴᠠᠯᠠᠵᠤ ᠰᠢᠨ᠎ᠡ ᠶᠢ ᠡᠭᠦᠳᠬᠦ︾ ᠠᠵᠤ | ᠠᠬᠤᠶᠢᠯᠠᠯ ᠳᠤ ᠭᠠᠶᠢᠯᠢ ᠲᠠᠲᠠᠪᠤᠷᠢ ᠶᠢᠨ ᠳᠡᠮᠵᠢᠯᠭᠡ ᠦᠵᠡᠭᠦᠯᠬᠦ ᠲᠥᠷᠥ ᠶᠢᠨ ᠪᠣᠳᠣᠯᠭ᠎ᠠ ᠶᠢ ᠰᠤᠳᠤᠯᠬᠤ ᠬᠡᠷᠡᠭᠲᠡᠶ | ᠭᠡᠵᠡᠢ᠃ ᠬᠤᠷᠠᠯ ᠠᠴᠠ ᠱᠠᠭᠠᠷᠳᠠᠬᠤ ᠳᠤ ᠪᠠᠨ᠂ ᠲᠦᠷᠦ ᠶᠢᠨ ᠪᠤᠳᠤᠯᠭ᠎ᠠ ᠶᠢ ᠤᠬᠠᠭᠤᠯᠤᠨ ᠲᠠᠨᠢᠯᠴᠠᠭᠤᠯᠬᠤ | ᠲᠠᠶᠢᠯᠪᠤᠷᠢᠯᠠᠬᠤ ᠶᠢ ᠴᠢᠩᠭᠠᠳᠬᠠᠵᠤ ᠭᠠᠶᠢᠯᠢ ᠭᠦᠢᠴᠡᠳᠬᠡᠬᠦ ᠦᠢᠯᠡᠴᠢᠯᠡᠭᠡ ᠶᠢ ᠰᠢᠯᠢᠳᠡᠭᠵᠢᠭᠦᠯᠵᠦ᠂ ᠬᠢᠨᠠᠨ | ᠬᠠᠷᠭᠤᠭᠤᠯᠬᠤ ᠶᠠᠪᠤᠴᠠ ᠶᠢ ᠳᠥᠭᠦᠮᠴᠢᠯᠡᠵᠦ᠂ ᠠᠵᠤ ᠠᠬᠤᠶᠢᠯᠠᠯ ᠤᠨ ᠲᠦᠷᠦ ᠶᠢᠨ ᠪᠤᠳᠤᠯᠭ᠎ᠠ ᠶᠢᠨ ᠬᠠᠷᠠᠭᠠᠯᠵᠠᠯ | ᠬᠦᠷᠲᠡᠬᠦ ᠳᠤ ᠲᠦᠬᠦᠮ ᠦᠵᠡᠭᠦᠯᠬᠦ ᠬᠡᠮᠵᠢᠶ᠎ᠡ ᠶᠢ ᠳᠡᠭᠡᠭᠰᠢᠯᠡᠭᠦᠯᠵᠦ᠂ ᠰᠠᠶᠢᠨ ᠶᠠᠪᠤᠳᠠᠯ ᠢ ᠰᠠᠶᠢᠲᠤᠷ ᠬᠢᠬᠦ ᠬᠡᠷᠡᠭᠲᠡᠢ | ᠭᠡᠵᠡᠢ᠃ ᠬᠤᠷᠠᠯ ᠠᠴᠠ ᠵᠢᠭᠠᠬᠤ ᠳᠤ ᠪᠠᠨ᠂ ᠨᠢᠳᠤᠨᠤᠨ ᠠᠴᠠ ᠨᠠᠭᠠᠰᠢ ᠬᠡᠷᠡᠭᠵᠢᠭᠦᠯᠦᠭᠰᠡᠨ ᠵᠢᠵᠢᠭ ᠪᠢᠴᠢᠯ ᠠᠵᠤ | ᠠᠬᠤᠶᠢᠯᠠᠯ ᠢ ᠳᠡᠮᠵᠢᠬᠦ ᠵᠣᠭᠤᠰᠣᠨ ᠤ ᠲᠦᠷᠦ ᠶᠢᠨ ᠪᠤᠳᠤᠯᠭ᠎ᠠ ᠳᠤ ᠰᠢᠭᠤᠳ ᠬᠦᠷᠬᠦ ᠬᠤᠶᠠᠷ ᠵᠦᠢᠯ ᠤᠨ ᠪᠠᠭᠠᠵᠢ᠂ | ᠲᠤᠬᠠᠶᠢᠯᠠᠪᠠᠯ ᠣᠷᠣᠨ ᠨᠤᠲᠤᠭ ᠤᠨ ᠬᠠᠤᠯᠢ ᠶᠢᠨ ᠡᠷᠬᠡᠲᠡᠨ ᠤ ᠪᠠᠩᠬᠢ ᠳᠤ ᠨᠡᠶᠢᠳᠡᠮ ᠬᠠᠷᠠᠭᠠᠯᠵᠠᠯ ᠬᠦᠷᠲᠡᠬᠦ ᠵᠢᠵᠢᠭ | ᠪᠢᠴᠢᠯ ᠠᠵᠤ ᠠᠬᠤᠶᠢᠯᠠᠯ ᠤᠨ ᠵᠢᠭᠡᠯᠡᠯᠭᠡ ᠶᠢᠨ ᠡᠬᠡ ᠬᠦᠦ ᠮᠥᠩᠭᠦ ᠪᠠᠨ ᠪᠤᠴᠠᠭᠠᠬᠤ ᠬᠤᠭᠤᠴᠠᠭ᠎ᠠ ᠶᠢ ᠤᠷᠲᠤᠳᠬᠠᠬᠤ | ᠭᠠᠷᠳᠠᠮ ᠭᠦᠢᠴᠡᠳᠬᠡᠬᠦ ᠶᠢ ᠨᠢ ᠤᠷᠮᠠᠰᠢᠭᠤᠯᠤᠨ ᠵᠣᠷᠢᠭᠵᠢᠭᠤᠯᠵᠤ᠂ ᠲᠡᠭᠦᠨ ᠳᠤ ᠵᠢᠵᠢᠭ ᠪᠢᠴᠢᠯ ᠢᠲᠡᠭᠡᠮᠵᠢᠲᠦ | ᠵᠢᠭᠡᠯᠡᠯᠭᠡ ᠲᠠᠯᠪᠢᠬᠤ ᠳᠤ ᠬᠠᠷᠠᠭᠠᠯᠵᠠᠯᠲᠤ ᠪᠡᠯᠡ ᠮᠥᠩᠭᠦ ᠶᠢᠨ ᠳᠡᠮᠵᠢᠯᠭᠡ ᠬᠠᠩᠭᠠᠵᠤ᠂ ᠵᠢᠵᠢᠭ ᠪᠢᠴᠢᠯ ᠠᠵᠤ | ᠠᠬᠤᠶᠢᠯᠠᠯ ᠢ ᠬᠠᠪᠰᠤᠷᠤᠨ ᠬᠦᠴᠢᠷ ᠪᠣᠭᠤᠮᠲᠠ ᠶᠢ ᠲᠤᠭᠤᠯᠬᠤ᠂ ᠠᠵᠢᠯ ᠣᠯᠭᠤᠯᠲᠠ ᠶᠢ ᠪᠠᠲᠤᠯᠠᠬᠤ ᠠᠷᠠᠳ ᠤᠨ | ᠠᠮᠢᠳᠤᠷᠠᠯ ᠢ ᠪᠠᠲᠤᠯᠠᠬᠤ᠂ ᠠᠵᠤ ᠠᠬᠤᠶ ᠶᠢᠨ ᠦᠨᠳᠦᠰᠦᠨ ᠦᠨ᠎ᠡ ᠶᠢ ᠲᠣᠭᠲᠠᠪᠤᠷᠢᠵᠢᠭᠤᠯᠬᠤ ᠳᠤ ᠴᠢᠬᠤᠯᠠ | ᠦᠢᠯᠡᠳᠦᠯ ᠦᠵᠡᠭᠦᠯᠦᠭᠰᠡᠨ ᠪᠠᠶᠢᠨ᠎ᠠ ᠭᠡᠵᠡᠢ᠃ ᠵᠢᠵᠢᠭ ᠪᠢᠴᠢᠯ ᠠᠵᠤ ᠠᠬᠤᠶᠢᠯᠠᠯ ᠳᠤ ᠮᠥᠩᠭᠦᠨ ᠭᠦᠢᠯᠭᠡᠭᠡᠨ ᠤ | ᠳᠡᠮᠵᠢᠯᠭᠡ ᠦᠵᠡᠭᠦᠯᠬᠦ ᠡᠷᠴᠢᠮ ᠢᠶᠠᠨ ᠰᠤᠯᠠᠷᠠᠭᠤᠯᠬᠤ ᠦᠭᠡᠶ ᠪᠠᠶᠢᠬᠤ ᠶᠢ ᠪᠠᠲᠤᠯᠠᠬᠤ ᠶᠢᠨ ᠲᠥᠯᠥᠭᠡ᠂ ᠵᠢᠵᠢᠭ ᠪᠢᠴᠢᠯ | ᠠᠵᠤ ᠠᠬᠤᠶᠢᠯᠠᠯ ᠤᠨ ᠪᠠᠯᠠ ᠲᠣᠬᠢᠷᠠᠭᠤᠯᠬᠤ ᠳᠤ ᠨᠠᠩ ᠲᠥᠬᠦᠮ ᠦᠵᠡᠭᠦᠯᠵᠦ᠂ ᠶᠡᠷᠦᠩᠬᠡᠶᠢᠯᠡᠭᠰᠡᠨ ᠪᠠᠯᠠ | ᠲᠣᠬᠢᠷᠠᠭᠤᠯᠭ᠎ᠠ ᠶᠢᠨ ᠥᠪᠡᠷ ᠤᠨ ᠥᠷᠲᠡᠭ ᠢ ᠲᠣᠭᠲᠠᠭᠤᠨ ᠪᠠᠶᠢᠯᠭᠠᠬᠤ ᠶᠢᠨ ᠵᠡᠷᠭᠡ ᠳᠤ ᠪᠠᠭᠤᠷᠠᠭᠤᠯᠬᠤ ᠶᠢ ᠦᠨᠡᠨ | ᠬᠦ ᠪᠠᠲᠤᠯᠠᠬᠤ ᠶᠢᠨ ᠲᠥᠯᠥᠭᠡ᠂ ᠬᠤᠷᠠᠯ ᠠᠴᠠ ᠲᠣᠭᠲᠠᠭᠠᠭᠰᠠᠨ ᠨᠢ᠂ ᠡᠮᠦᠨ᠎ᠡ ᠬᠤᠭᠤᠴᠠᠭᠠᠨ ᠳᠤ ᠵᠣᠭᠤᠰᠣᠨ ᠤ | ᠲᠥᠷᠥ ᠶᠢᠨ ᠪᠣᠳᠣᠯᠭ᠎ᠠ ᠳᠤ ᠰᠢᠭᠤᠳ ᠬᠥᠷᠬᠦ ᠬᠤᠶᠠᠷ ᠵᠦᠢᠯ ᠤᠨ ᠪᠠᠭᠠᠵᠢ ᠶᠢ ᠡᠨᠡ ᠵᠢᠯ ᠤᠨ ᠨᠢᠭᠡᠳᠦᠭᠡᠷ ᠤᠯᠠᠷᠢᠯ | ᠪᠣᠯᠲᠠᠯ᠎ᠠ ᠦᠷᠭᠦᠯᠵᠢᠯᠡᠨ ᠬᠡᠷᠡᠭᠵᠢᠭᠦᠯᠦᠭᠰᠡᠨ ᠰᠠᠭᠤᠷᠢᠨ ᠳᠡᠭᠡᠷ᠎ᠡ᠂ ᠬᠡᠷᠡᠭᠵᠢᠭᠦᠯᠬᠦ ᠬᠤᠭᠤᠴᠠᠭ᠎ᠠ ᠶᠢ ᠡᠨᠡ ᠵᠢᠯ ᠤᠨ | ᠡᠴᠦᠰ ᠪᠣᠯᠲᠠᠯ᠎ᠠ ᠤᠯᠠᠮ ᠨᠢᠭᠡ ᠠᠯᠬᠤᠮ ᠤᠷᠲᠤᠳᠬᠠᠵᠤ᠂ ᠵᠢᠵᠢᠭ ᠪᠢᠴᠢᠯ ᠠᠵᠤ ᠠᠬᠤᠶᠢᠯᠠᠯ ᠢ ᠳᠠᠬᠢᠨ ᠨᠢᠭᠡ | ᠤᠳᠠᠭ᠎ᠠ ᠬᠠᠪᠰᠤᠷᠤᠨ ᠲᠡᠳᠬᠦᠵᠦ᠂ ᠲᠡᠳᠡᠨ ᠤ ᠲᠣᠭᠲᠠᠭᠤᠨ ᠠᠵᠢᠯ ᠣᠯᠭᠤᠯᠲᠠ ᠶᠢᠨ ᠳᠤᠮᠳᠠᠬᠢ ᠴᠢᠬᠤᠯᠠ | ᠦᠢᠯᠡᠳᠦᠯ ᠢ ᠨᠢ ᠨᠠᠩ ᠰᠠᠶᠢᠨ ᠪᠠᠳᠠᠷᠠᠭᠤᠯᠬᠤ ᠬᠡᠷᠡᠭᠲᠡᠢ᠃ ᠨᠢᠭᠡ ᠳᠤ᠂ 2021 ᠣᠨ ᠤ ᠵᠢᠯ ᠤᠨ ᠡᠴᠦᠰ ᠠᠴᠠ | ᠡᠮᠦᠨ᠎ᠡ ᠬᠤᠭᠤᠴᠠᠭ᠎ᠠ ᠨᠢ ᠲᠤᠯᠤᠭᠰᠠᠨ ᠲᠦᠭᠡᠮᠡᠯ ᠬᠠᠷᠠᠭᠠᠯᠵᠠᠯᠲᠤ ᠵᠢᠵᠢᠭ ᠪᠢᠴᠢᠯ ᠠᠵᠤ ᠠᠬᠤᠶᠢᠯᠠᠯ ᠤᠨ | ᠵᠢᠭᠡᠯᠡᠯᠭᠡ ᠳᠤ᠂ ᠠᠵᠤ ᠠᠬᠤᠶᠢᠯᠠᠯ ᠪᠠ ᠪᠠᠩᠬᠢ ᠡᠵᠡᠨ ᠮᠡᠳᠡᠵᠦ ᠵᠥᠪᠳᠡᠯᠴᠡᠵᠦ ᠪᠠᠶᠢᠭᠠᠳ ᠡᠬᠡ ᠮᠥᠩᠭᠦ ᠶᠢ | ᠪᠤᠴᠠᠭᠠᠬᠤ ᠬᠤᠭᠤᠴᠠᠭ᠎ᠠ ᠶᠢ ᠨᠢ ᠤᠷᠲᠤᠳᠬᠠᠬᠤ ᠶᠢᠨ ᠬᠠᠮᠲᠤ ᠵᠢᠭᠡᠯᠡᠯᠭᠡ ᠶᠢᠨ ᠡᠬᠡ ᠮᠥᠩᠭᠦ ᠪᠠᠨ ᠪᠤᠴᠠᠭᠠᠬᠤ | ᠬᠤᠭᠤᠴᠠᠭ᠎ᠠ ᠶᠢ ᠤᠷᠲᠤᠳᠬᠠᠬᠤ ᠭᠠᠷᠳᠠᠮ ᠭᠦᠢᠴᠡᠳᠬᠡᠬᠦ ᠣᠷᠣᠨ ᠨᠤᠲᠤᠭ ᠤᠨ ᠬᠠᠤᠯᠢ ᠶᠢᠨ ᠡᠷᠬᠡᠲᠡᠨ ᠢ | ᠪᠠᠩᠬᠢ ᠠᠴᠠ ᠦᠷᠭᠦᠯᠵᠢᠯᠡᠨ ᠲᠣᠭᠲᠠᠭᠠᠯ ᠶᠣᠰᠣᠭᠠᠷ ᠤᠷᠮᠠᠰᠢᠭᠤᠯᠵᠤ᠂ ᠵᠢᠭᠡᠯᠡᠯᠭᠡ ᠶᠢᠨ ᠡᠬᠡ ᠮᠥᠩᠭᠦ ᠶᠢᠨ 1% ᠪᠠᠷ | ᠤᠷᠮᠠᠰᠢᠭᠤᠯᠬᠤ ᠬᠠᠷᠢᠴᠠᠯ ᠪᠣᠯᠭᠠᠬᠤ ᠬᠡᠷᠡᠭᠲᠡᠢ᠃ ᠬᠤᠶᠠᠷ ᠲᠤ᠂ ᠨᠥᠬᠦᠴᠡᠯ ᠳᠤ ᠨᠡᠶᠢᠴᠡᠬᠦ ᠣᠷᠣᠨ ᠨᠤᠲᠤᠭ ᠤᠨ | ᠬᠠᠤᠯᠢ ᠶᠢᠨ ᠡᠷᠬᠡᠲᠡᠨ ᠳᠤ ᠪᠠᠩᠬᠢ ᠠᠴᠠ ᠵᠢᠵᠢᠭ ᠪᠢᠴᠢᠯ ᠢᠲᠡᠭᠡᠮᠵᠢ ᠶᠢᠨ ᠵᠢᠭᠡᠯᠡᠯᠭᠡ ᠲᠠᠯᠪᠢᠬᠤ ᠳᠤ ᠪᠠᠨ᠂ | ᠦᠷᠭᠦᠯᠵᠢᠯᠡᠨ ᠡᠬᠡ ᠮᠥᠩᠭᠦ ᠶᠢᠨ 40% ᠪᠠᠷ ᠬᠠᠷᠠᠭᠠᠯᠵᠠᠯ ᠤᠨ ᠪᠠᠯᠠ ᠮᠥᠩᠭᠦ ᠶᠢᠨ ᠳᠡᠮᠵᠢᠯᠭᠡ ᠦᠵᠡᠭᠦᠯᠬᠦ | ᠬᠡᠷᠡᠭᠲᠡᠢ᠃ ᠡᠭᠦᠨ ᠤ ᠵᠡᠷᠭᠡᠴᠡᠭᠡᠪᠡᠷ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠭᠡ ᠳᠤ ᠦᠵᠡᠭᠦᠯᠬᠦ | ᠲᠦᠷᠦ ᠶᠢᠨ ᠪᠤᠳᠤᠯᠭ᠎ᠠ ᠶᠢᠨ ᠳᠡᠮᠵᠢᠯᠭᠡ ᠶᠢ ᠨᠡᠮᠡᠭᠳᠡᠭᠦᠯᠬᠦ ᠶᠢ ᠰᠤᠳᠤᠯᠬᠤ ᠬᠡᠷᠡᠭᠲᠡᠶ ᠭᠡᠵᠡᠢ᠃ ᠬᠤᠷᠠᠯ ᠠᠴᠠ | ᠵᠢᠭᠠᠬᠤ ᠳᠤ ᠪᠠᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠨᠡᠶᠢᠭᠡᠮ ᠵᠢᠷᠤᠮᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠬᠥᠭᠵᠢᠯᠲᠡ ᠶᠢᠨ ᠱᠠᠭᠠᠷᠳᠠᠯᠭ᠎ᠠ ᠳᠤ ᠵᠣᠬᠢᠴᠠᠭᠤᠯᠤᠨ᠂ ᠥᠭᠡᠷᠡᠴᠢᠯᠡᠯᠲᠡ ᠬᠢᠵᠦ | ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠠᠵᠢᠯ ᠣᠯᠭᠤᠯᠲᠠ ᠶᠢᠨ ᠤᠳᠤᠷᠢᠳᠤᠮᠵᠢ ᠶᠢ ᠲᠤᠪᠤᠶᠢᠯᠭᠠᠵᠤ᠂ ᠠᠵᠢᠯ | ᠣᠯᠭᠤᠯᠲᠠᠶᠢᠨ ᠪᠦᠲᠦᠴᠡ ᠶᠢᠨ ᠴᠢᠨᠠᠷᠲᠠᠢ ᠵᠥᠷᠢᠴᠡᠯ ᠢ ᠨᠠᠮᠳᠠᠭᠤᠯᠬᠤ ᠪᠠ ᠠᠵᠢᠯ ᠣᠯᠭᠤᠯᠲᠠ ᠶᠢᠨ ᠶᠠᠰᠤ ᠴᠢᠨᠠᠷ ᠢ | ᠳᠡᠭᠡᠭᠰᠢᠯᠡᠭᠦᠯᠬᠦ ᠬᠡᠷᠡᠭᠲᠡᠢ ᠭᠡᠵᠡᠢ᠃ ᠬᠤᠷᠠᠯ ᠠᠴᠠ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠤᠨ ᠬᠠᠤᠯᠢ ︵ᠵᠠᠰᠠᠪᠤᠷᠢ ᠣᠷᠣᠭᠤᠯᠤᠭᠰᠠᠨ ᠲᠥᠰᠦᠯ︶︾ ᠶᠢ ᠪᠠᠲᠤᠯᠠᠵᠤ᠂ | ᠦᠢᠯᠡᠳᠪᠦᠷᠢᠯᠡᠬᠦ ᠪᠠ ᠵᠢᠭᠠᠨ ᠰᠤᠷᠭᠠᠬᠤᠶᠢ ᠠᠭᠤᠰᠤᠯᠴᠠᠭᠤᠯᠬᠤ ᠪᠠ ᠰᠤᠷᠭᠠᠭᠤᠯᠢ ᠠᠵᠤ ᠠᠬᠤᠶᠢᠯᠠᠯ ᠬᠠᠮᠲᠤᠷᠠᠯᠴᠠᠬᠤ | ᠂ ᠨᠡᠶᠢᠭᠡᠮ ᠤᠨ ᠬᠦᠴᠦᠨ ᠠᠴᠠ ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠶᠢ ᠨᠢ ᠳᠡᠮᠵᠢᠬᠦ᠂ ᠠᠵᠢᠯ | ᠮᠡᠷᠭᠡᠵᠢᠯ ᠤᠨ ᠰᠤᠷᠭᠠᠨ ᠬᠥᠮᠦᠵᠢᠯ ᠪᠣᠯᠤᠨ ᠡᠩ ᠤᠨ ᠰᠤᠷᠭᠠᠨ ᠬᠥᠮᠦᠵᠢᠯ ᠤᠨ ᠰᠤᠷᠤᠯᠭ᠎ᠠ ᠶᠢᠨ ᠦᠷ᠎ᠡ ᠪᠦᠲᠦᠭᠡᠯ ᠢ | ᠠᠭᠤᠰᠤᠯᠴᠠᠭᠤᠯᠤᠨ ᠬᠠᠷᠢᠯᠴᠠᠨ ᠮᠡᠳᠡᠷᠡᠬᠦ ᠶᠢ ᠠᠬᠢᠭᠤᠯᠬᠤ ᠵᠡᠷᠭᠡ ᠲᠠᠯ᠎ᠠ ᠪᠠᠷ ᠲᠣᠭᠲᠠᠭᠠᠯ ᠭᠠᠷᠭᠠᠵᠠᠢ᠃ ᠬᠤᠷᠠᠯ ᠠᠴᠠ | ᠲᠥᠰᠦᠯ ᠢ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯᠤᠨ ᠪᠠᠶᠢᠩᠭᠤ ᠶᠢᠨ ᠬᠤᠷᠠᠯ ᠳᠤ | ᠳᠡᠪᠰᠢᠭᠦᠯᠦᠨ ᠬᠢᠨᠠᠨ ᠵᠥᠪᠯᠡᠭᠦᠯᠬᠦ ᠪᠠᠷ ᠲᠣᠭᠲᠠᠪᠠ᠃ ᠬᠤᠷᠠᠯ ᠠᠴᠠ ᠪᠠᠰᠠ ᠪᠤᠰᠤᠳ ᠵᠦᠢᠯᠢ ᠰᠤᠳᠤᠯᠵᠠᠢ᠃ | |