ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠠᠬᠠᠷ ᠲᠠᠯᠠᠪᠠᠢ ᠳᠤ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/4/15
      ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ       ᠴᠠᠬᠠᠷ ᠲᠠᠯᠠᠪᠠᠢ ᠳᠤ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ    ᠤᠷᠢᠬᠠᠨ ᠬᠠᠪᠤᠷ ᠡᠬᠡ ᠭᠠᠵᠠᠷ ᠲᠤ ᠢᠷᠡᠵᠦ᠂ ᠲᠦᠮᠡᠨ ᠪᠣᠳᠠᠰ ᠠᠮᠢᠯᠠᠨ᠎ᠠ᠃ 4 ᠰᠠᠷ᠎ᠠ ᠶᠢᠨ 1 ᠤ ᠡᠳᠦᠷ᠂ ᠬᠠᠤᠯᠢ ᠬᠡᠷᠡᠭᠵᠢᠭᠦᠯᠦᠯᠲᠡ ᠶᠢ ᠰᠢᠯᠢᠳᠡᠭᠵᠢᠭᠦᠯᠬᠦ ᠳᠤ ᠦᠢᠯᠡᠴᠢᠯᠡᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠰᠠᠶᠢᠲᠤᠷ ᠬᠢᠬᠦ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ ᠴᠠᠬᠠᠷ ᠲᠠᠯᠠᠪᠠᠶ ᠳᠤ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢᠨ ᠡᠳᠦᠷ ᠤᠨ ᠠᠵᠢᠯᠯᠠᠭ᠎ᠠ ᠥᠷᠨᠢᠭᠦᠯᠪᠡ ᠃ ᠬᠤᠰᠢᠭᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠰᠥᠩ ᠵᠢᠶ ᠴᠢᠩ᠂ ᠬᠤᠰᠢᠭᠤᠨ ᠤ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ ᠵᠢᠴᠢ ᠬᠤᠯᠪᠣᠭᠠᠲᠤ ᠬᠤᠷᠰᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠨ ᠠᠵᠢᠯᠯᠠᠭ᠎ᠠ ᠳᠤ ᠣᠷᠣᠯᠴᠠᠵᠠᠶ᠃
   ᠠᠵᠢᠯᠯᠠᠭ᠎ᠠ ᠶᠢᠨ ᠶᠠᠪᠤᠴᠠ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠠᠵᠢᠯᠲᠠᠳ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ᠂ ᠲᠤᠬᠠᠶ ᠶᠢᠨ ᠭᠠᠵᠠᠷ ᠲᠤᠨᠢ ᠬᠠᠷᠢᠭᠤᠯᠲᠠ ᠥᠭᠬᠦ ᠵᠡᠷᠭᠡ ᠬᠡᠯᠪᠡᠷᠢ ᠪᠠᠷ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ ᠴᠠᠬᠠᠷ ᠠᠭᠤᠳᠠᠮ ᠲᠠᠯᠠᠪᠠᠶ ᠳᠤ᠂ ᠭᠠᠶᠢᠯᠢ ᠶᠢᠨ ᠶᠠᠪᠤᠳᠠᠯ ᠤᠨ ᠠᠵᠢᠯᠲᠠᠨ ᠣᠯᠠᠨ ᠲᠦᠮᠡᠨ ᠳᠤ ᠤᠬᠠᠭᠤᠯᠭ᠎ᠠ ᠶᠢᠨ ᠳᠡᠪᠲᠡᠷ ᠲᠠᠷᠬᠠᠭᠠᠵᠤ᠂ ᠭᠠᠶᠢᠯᠢ‌‍ᠶᠢᠨ ᠬᠠᠤᠯᠢ ᠶᠢᠨ ᠬᠠᠮᠢᠶ᠎ᠠ ᠪᠥᠬᠦᠶ ᠮᠡᠳᠡᠯᠭᠡ ᠶᠢ ᠤᠬᠠᠭᠤᠯᠤᠨ ᠲᠠᠶᠢᠯᠪᠤᠷᠢᠯᠠᠵᠤ᠂ ᠣᠯᠠᠨ ᠲᠦᠮᠡᠨ ᠤ ᠳᠤᠷᠠᠳᠤᠭᠰᠠᠨ ᠭᠠᠶᠢᠯᠢ ᠲᠠᠲᠠᠪᠤᠷᠢ ᠶᠢᠨ ᠲᠥᠷᠥ ᠶᠢᠨ ᠪᠣᠳᠣᠯᠭ᠎ᠠ ᠶᠢᠨ ᠲᠤᠬᠠᠶ ᠰᠡᠵᠢᠭᠯᠡᠯ ᠪᠠ ᠬᠦᠴᠢᠷ ᠠᠰᠠᠭᠤᠳᠠᠯ ᠳᠤ ᠬᠦᠯᠢᠴᠡᠩᠭᠦᠶ ᠨᠢᠮᠪᠠᠶ ᠬᠠᠷᠢᠭᠤᠯᠲᠠ ᠥᠭᠴᠦ᠂ ᠭᠠᠶᠢᠯᠢ ᠲᠠᠲᠠᠪᠤᠷᠢ ᠶᠢᠨ ᠬᠠᠷᠠᠭᠠᠯᠵᠠᠯ ᠤᠨ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠠᠷᠠᠳ ᠢᠷᠭᠡᠳ ᠲᠤ ᠥᠭᠴᠦ᠂ ᠭᠠᠶᠢᠯᠢ ᠲᠤᠰᠢᠶᠠᠭᠴᠢ ᠪᠠ ᠰᠣᠶᠢᠳᠭᠡᠯ ᠲᠤᠰᠢᠶᠠᠭᠴᠢ ᠶᠢᠨ ᠭᠠᠶᠢᠯᠢ ᠶᠢᠨ ᠬᠠᠤᠯᠢ ᠵᠢᠴᠢ ᠭᠠᠶᠢᠯᠢ ᠳᠤ ᠬᠤᠯᠪᠣᠭᠳᠠᠬᠤ ᠦᠨᠳᠦᠰᠦᠨ ᠵᠣᠶᠢᠯᠡᠰ ᠤᠨ ᠲᠤᠬᠠᠶ ᠣᠶᠢᠯᠠᠭᠠᠬᠤ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠪᠡ᠃
    ᠲᠤᠰ ᠤᠳᠠᠭᠠᠨ ᠤ ᠭᠠᠶᠢᠯᠢ ᠶᠢᠨ ᠬᠠᠤᠯᠢ ᠶᠢᠨ ᠤᠬᠠᠭᠤᠯᠭ᠎ᠠ ᠶᠢᠨ ᠠᠵᠢᠯᠯᠠᠭ᠎ᠠ ᠨᠢ ᠪᠦᠬᠦ ᠠᠷᠠᠳ ᠢᠶᠠᠷ ᠢᠶᠠᠨ ᠣᠷᠣᠯᠴᠠᠬᠤ᠂ ᠪᠦᠬᠦ ᠠᠷᠠᠳ ᠢᠶᠠᠷ ᠢᠶᠠᠨ ᠣᠶᠢᠯᠠᠭᠠᠬᠤ᠂ ᠪᠦᠬᠦ ᠠᠷᠠᠳ ᠢᠶᠠᠷ ᠢᠶᠠᠨ ᠳᠡᠮᠵᠢᠬᠦ ᠰᠠᠶᠢᠨ ᠰᠠᠶᠢᠬᠠᠨ ᠤᠬᠠᠭᠤᠯᠭ᠎ᠠ ᠶᠢᠨ ᠠᠭᠤᠷ ᠠᠮᠢᠰᠬᠤᠯ ᠢ ᠪᠤᠶ ᠪᠣᠯᠭᠠᠵᠤ᠂ ᠭᠠᠶᠢᠯᠢ ᠲᠠᠲᠠᠪᠤᠷᠢ ᠶᠢᠨ ᠬᠤᠯᠪᠣᠭᠳᠠᠯ ᠪᠦᠭᠦᠢ ᠲᠦᠷᠤ ᠶᠢᠨ ᠪᠤᠲᠤᠯᠭ᠎ᠠ ᠶᠢᠨ ᠲᠤᠬᠠᠶ ᠥᠷᠭᠡᠨ ᠤᠯᠠᠨ ᠲᠦᠮᠡᠨ ᠤ ᠣᠶᠢᠯᠠᠭᠠᠬᠤ ᠨᠤᠷᠮ᠎ᠠ ᠶᠢ ᠳᠡᠭᠡᠭᠰᠢᠯᠡᠭᠦᠯᠵᠦ᠂ ᠳᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠭᠰᠠᠨ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠤ ᠶᠢᠨ ᠪᠤᠲᠤᠯᠭ᠎ᠠ ᠶᠢᠨ ᠠᠰᠢᠭ ᠢ ᠣᠨᠣᠪᠴᠢᠲᠠᠶ ᠤᠢᠢᠯᠠᠭᠠᠭᠰᠠᠨ ᠢᠶᠠᠷ ᠪᠠᠷᠠᠬᠤ ᠦᠭᠡᠢ ᠪᠠᠰᠠ ᠤᠯᠠᠨ ᠲᠦᠮᠡᠨ ᠤ ᠭᠠᠶᠢᠯᠢ ᠶᠢᠨ ᠶᠠᠪᠤᠳᠠᠯ ᠤᠨ ᠮᠡᠳᠡᠯᠭᠡ ᠶᠢ ᠰᠤᠷᠤᠯᠴᠠᠬᠤ ᠤᠷᠮ᠎ᠠ ᠵᠣᠷᠢᠭ ᠢ ᠳᠡᠭᠡᠭᠰᠢᠯᠡᠭᠦᠯᠵᠦ᠂ ᠭᠠᠶᠢᠯᠢ ᠲᠠᠲᠠᠪᠤᠷᠢ ᠶᠢᠨ ᠲᠦᠷᠤ ᠶᠢᠨ ᠪᠤᠲᠤᠯᠭ᠎ᠠ ᠶᠢ ᠨᠠᠶᠢᠳᠠᠪᠤᠷᠢᠵᠢᠭᠤᠯᠬᠤ ᠳᠤ ᠪᠠᠲᠤ ᠪᠠᠬᠢ ᠰᠠᠭᠤᠷᠢ ᠲᠠᠯᠪᠢᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠶᠢᠯᠢ ᠶᠢᠨ ᠶᠠᠪᠤᠳᠠᠯ ᠤᠨ ᠠᠵᠢᠯᠲᠠᠨ ᠤ ᠤᠶᠤᠨ ᠰᠠᠨᠠᠭᠠᠨ ᠤ ᠰᠠᠶᠢᠨ ᠰᠠᠶᠢᠬᠠᠨ ᠳᠦᠷᠰᠦ ᠪᠠᠶᠢᠳᠠᠯ ᠢ ᠭᠦᠢᠴᠡᠳ ᠢᠯᠡᠷᠡᠭᠦᠯᠦᠭᠰᠡᠨ ᠪᠠᠶᠢᠨ᠎ᠠ᠃                                                               ᠣᠷᠴᠢᠭᠤᠯᠣᠭᠴᠢ᠄ ᠰᠡᠴᠡᠩᠭᠤᠸ᠎ᠠ                                                               ᠵᠣᠬᠢᠶᠠᠭᠴᠢ᠄ ᠵᠣᠣ ᠵᠢᠶᠧ
 
ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号