︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠥᠰᠦᠯ︾ ᠢ | ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | ᠡᠯ᠎ᠡ ᠰᠤᠮᠤ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ᠄ | ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠱᠠᠭᠠᠷᠳᠠᠯᠭ᠎ᠠ ᠶᠣᠰᠣᠭᠠᠷ᠂ ︽ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠠᠵᠢᠯ ᠤᠨ ᠲᠥᠰᠦᠯ︾ ᠢ ᠲᠠᠨᠠᠷ ᠲᠤ | ᠳᠠᠷᠤᠮᠠᠯᠯᠠᠨ ᠲᠠᠷᠬᠠᠭᠠᠯ᠎ᠠ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠶᠢ ᠬᠦᠰᠡᠵᠦ ᠪᠠᠶᠢᠨ᠎ᠠ᠃ | | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ᠃ | 2020 ᠣᠨ ᠤ 6 ᠳ᠋ᠤᠭᠠᠷ ᠰᠠᠷ᠎ᠠ ᠶᠢᠨ 29 ᠤ ᠡᠳᠦᠷ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠲᠥᠰᠦᠯ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ︽ᠪᠦᠬᠦ ᠬᠤᠲᠠ ᠶᠢᠨ ᠠᠶᠤᠯᠭᠦᠢ ᠦᠢᠯᠡᠳᠪᠦᠷᠢᠯᠡᠯ ᠤᠨ | ᠠᠵᠢᠯ ᠢ ᠤᠯᠠᠮ ᠴᠢᠨᠠᠭᠰᠢᠳᠠ ᠴᠢᠩᠭᠠᠳᠬᠠᠬᠤ ᠲᠤᠬᠠᠢ ᠮᠡᠳᠡᠭᠳᠡᠯ︾ ︵ᠥᠪᠥᠷ ᠵᠠᠰᠠᠭ ᠲᠠᠷᠬᠠᠭᠠᠭᠰᠠᠨ ᠴᠠᠬᠢᠯᠭᠠᠨ | 2020 2 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠦᠨᠳᠦᠰᠦᠯᠡᠨ᠂ ᠮᠠᠨ ᠤ ᠬᠤᠰᠢᠭᠤᠨ ᠤ | ᠪᠣᠳᠠᠲᠠᠢ ᠲᠠᠢ ᠪᠠᠨ ᠤᠶᠠᠯᠳᠤᠭᠤᠯᠵᠤ᠂ ᠲᠣᠰ ᠠᠵᠢᠯ ᠤᠨ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ᠃ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ᠂ ᠶᠡᠷᠦᠩᠬᠡᠶ ᠱᠦᠵᠢ ᠰᠢ ᠶᠢᠨ ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ | ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠤᠶ᠎ᠠ᠂ ᠮᠠᠨ ᠤ ᠬᠤᠲᠠ ᠶᠢᠨ ᠱᠠᠩᠳᠤ ᠰᠢᠶᠠᠨ ᠪᠠ | ᠬᠤᠸᠠᠳᠡᠸ᠋ ᠰᠢᠶᠠᠨ ᠤ ︽619︾ ᠬᠤᠶᠠᠷ ᠤᠳᠠᠭᠠᠨ ᠤ ᠵᠠᠮ ᠬᠠᠷᠢᠯᠴᠠᠭᠠᠨ ᠤ ᠠᠳᠡᠯ ᠠᠴᠠ ᠭᠦᠨᠵᠡᠭᠡᠶ ᠰᠤᠷᠭᠠᠮᠵᠢ | ᠠᠪᠤᠪᠠ᠂ ᠵᠠᠮ ᠬᠠᠷᠢᠯᠴᠠᠭ᠎ᠠ ᠪᠠᠷ᠂ ᠠᠶᠤᠯᠲᠠᠶ ᠬᠢᠮᠢ ᠶᠢᠨ ᠪᠣᠳᠠᠰ ᠤᠨ ᠠᠮᠤᠷ ᠲᠦᠪᠰᠢᠨ ᠢᠶᠠᠷ ᠭᠤᠣᠯᠳᠠᠯᠭ᠎ᠠ ᠪᠣᠯᠭᠠᠨ᠎ᠠ᠂ | ᠪᠤᠰᠤᠳ ᠭᠤᠣᠯᠳᠠᠯᠭ᠎ᠠ ᠲᠠᠢ ᠠᠵᠢᠯ ᠲᠥᠷᠥᠯ ᠤᠨ ᠬᠦᠷᠢᠶ᠎ᠡ ᠶᠢ ᠬᠠᠮᠲᠤ ᠳᠤᠨᠢ ᠬᠠᠷᠠᠭᠠᠯᠵᠠᠬᠤ᠂ ᠵᠠᠷᠢᠮ ᠰᠠᠯᠠᠭ᠎ᠠ | ᠮᠥᠴᠢᠷ ᠪᠣᠯᠤᠨ ᠠᠵᠤ ᠠᠬᠤᠶᠢᠯᠠᠯ ᠤᠨ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ ᠪᠠᠶᠢᠬᠤ ᠶᠢ ᠡᠷᠡᠰ ᠴᠡᠭᠴᠡᠯᠡᠨ ᠵᠠᠰᠠᠬᠤ ᠬᠡᠷᠡᠭᠲᠡᠶ᠂ ᠳᠠᠯᠳᠠ ᠭᠡᠮ ᠢ | ᠵᠢᠭᠰᠠᠭᠠᠨ ᠪᠠᠶᠢᠴᠠᠭᠠᠭᠰᠠᠨ ᠨᠢ ᠪᠦᠬᠦ ᠲᠠᠯ᠎ᠠ ᠪᠠᠷ ᠭᠦᠨᠵᠡᠭᠡᠶ ᠪᠤᠰᠤ ᠯᠠᠪᠳᠠᠭᠤᠨ ᠪᠠᠲᠤᠲᠠᠶ ᠪᠤᠰᠤ᠂ ᠬᠠᠤᠯᠢ ᠪᠤᠰᠤ | ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭᠠᠳᠤ ᠴᠣᠬᠢᠯᠲᠠ ᠥᠭᠭᠦᠭᠰᠡᠨ ᠨᠢ ᠡᠷᠡᠰ ᠰᠢᠭᠤᠷᠬᠠᠶ ᠪᠢᠰᠢ | ᠲᠦᠢᠯᠪᠤᠷᠢᠲᠠᠶ ᠪᠢᠰᠢ ᠵᠡᠷᠭᠡ ᠳᠣᠪᠦᠶᠢᠮᠡ ᠠᠰᠠᠭᠤᠳᠠᠯ᠂ ᠠᠶᠤᠯᠭᠦᠢ ᠦᠢᠯᠡᠳᠪᠦᠷᠢᠯᠡᠯ ᠤᠨ ᠠᠷᠬᠠᠭ ᠭᠡᠮ ᠢ ᠡᠷᠡᠰ | ᠴᠡᠭᠴᠡᠯᠡᠨ ᠵᠠᠰᠠᠨ᠎ᠠ᠂ ᠨᠢᠭᠡ ᠪᠦᠯᠦᠭ ᠬᠦᠨᠳᠦ ᠶᠡᠭᠡ ᠠᠮᠤᠷ ᠲᠦᠪᠰᠢᠨ ᠤ ᠳᠠᠯᠳᠠ ᠭᠡᠮ ᠢ ᠵᠠᠰᠠᠨ᠎ᠠ᠂ ᠠᠶᠤᠯ ᠦᠭᠡᠶ | ᠦᠢᠯᠡᠳᠪᠦᠷᠢᠯᠡᠯ ᠤᠨ ᠲᠦᠭᠰᠢᠭᠦᠷᠢ ᠶᠢᠨ ᠳᠠᠯᠳᠠ ᠭᠡᠮ ᠪᠣᠯᠤᠨ ᠳᠣᠪᠤᠶᠢᠮ᠎ᠠ ᠠᠰᠠᠭᠤᠳᠠᠯ ᠢ ᠥᠪᠡᠷ ᠲᠡᠭᠡᠨ | ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ | ᠪᠦᠷᠢᠨᠰᠢᠭᠦᠯᠬᠦ ᠬᠡᠷᠡᠭᠲᠡᠶ᠂ ᠡᠩ ᠤᠨ ᠠᠳᠡᠯ ᠢ ᠪᠦᠲᠦᠮᠵᠢᠲᠡᠶ ᠬᠤᠷᠢᠭᠯᠠᠬᠤ᠂ ᠨᠡᠯᠢᠶᠡᠳ ᠶᠡᠭᠡ ᠵᠢᠴᠢ ᠲᠡᠭᠦᠨ ᠠᠴᠠ | ᠳᠡᠭᠡᠭᠰᠢᠬᠢ ᠠᠳᠡᠯ ᠢ ᠡᠷᠡᠰ ᠬᠤᠷᠢᠭᠯᠠᠨ᠎ᠠ᠂ ᠪᠥᠬᠦ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ | ᠬᠥᠭᠵᠢᠯᠲᠡ ᠶᠢ ᠠᠬᠢᠭᠤᠯᠬᠤ ᠳᠤ ᠡᠶ᠎ᠡ ᠵᠣᠬᠢᠴᠠᠩᠭᠤᠶ ᠠᠮᠤᠷ ᠲᠦᠪᠰᠢᠨ ᠦᠢᠯᠡᠳᠪᠦᠷᠢᠯᠡᠯ ᠤᠨ ᠣᠷᠴᠢᠨ ᠲᠣᠭᠤᠷᠢᠨ ᠢ | ᠪᠣᠶ ᠪᠣᠯᠭᠠᠶ᠎ᠠ᠃ | ᠬᠤᠶᠠᠷ᠂ ᠴᠡᠭᠴᠡᠯᠡᠨ ᠵᠠᠰᠠᠬᠤ ᠠᠭᠤᠯᠭ᠎ᠠ ᠵᠢᠴᠢ ᠠᠵᠢᠯ ᠤᠨ ᠬᠤᠪᠢᠶᠠᠷᠢᠯᠠᠯ | ︵ᠨᠢᠭᠡ︶ ᠶᠡᠷᠦᠩᠬᠡᠶᠢᠯᠡᠨ ᠴᠡᠭᠴᠡᠯᠡᠨ ᠵᠠᠰᠠᠬᠤ ᠭᠤᠣᠯᠳᠠᠯᠭ᠎ᠠ | 1᠂ ᠤᠯᠤᠰ ᠲᠥᠷᠥ ᠶᠢᠨ ᠵᠣᠭᠰᠣᠯᠲᠠ ᠥᠨᠳᠥᠷ ᠪᠢᠰᠢ ᠪᠠᠶᠢᠬᠤ ᠠᠰᠠᠭᠤᠳᠠᠯ᠃ ᠶᠡᠷᠦᠩᠬᠡᠢ ᠱᠦᠵᠢ ᠰᠢ ᠶᠢᠨ | ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠣᠶᠢᠯᠠᠭᠠᠭᠰᠠᠨ ᠦᠭᠡᠢ᠂ | ᠲᠤᠰᠬᠠᠢ ᠰᠡᠳᠦᠪᠲᠦ ᠰᠤᠷᠤᠯᠴᠠᠯᠭ᠎ᠠ ᠶᠢ ᠵᠣᠬᠢᠶᠠᠨ ᠪᠠᠶᠢᠭᠤᠯᠤᠭᠰᠠᠨ ᠦᠭᠡᠢ︔ ᠨᠡᠯᠢᠶᠡᠳ ᠶᠡᠭᠡ ᠵᠢᠴᠢ ᠲᠡᠭᠦᠨ ᠠᠴᠠ | ᠳᠡᠭᠡᠭᠰᠢᠬᠢ ᠠᠮᠤᠷ ᠲᠦᠪᠰᠢᠨ ᠤ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ ᠴᠢᠬᠤᠯᠠ ᠴᠢᠨᠠᠷ ᠤᠨ ᠲᠤᠬᠠᠶ | ᠲᠠᠨᠢᠯᠲᠠ ᠳᠤᠲᠠᠮᠠᠭ᠂ ᠠᠶᠤᠯ ᠲᠦᠭᠰᠢᠭᠦᠷᠢ ᠶᠢᠨ ᠳᠠᠯᠳᠠ ᠬᠡᠮ ᠲᠣᠳᠣᠷᠬᠠᠶ ᠪᠤᠰᠤ᠂ ᠬᠠᠮᠢᠶᠠᠷᠤᠯᠲᠠ ᠶᠢᠨ ᠠᠷᠭ᠎ᠠ | ᠬᠡᠮᠵᠢᠶ᠎ᠡ ᠬᠦᠴᠦᠨ ᠥᠬᠡᠶ ᠪᠠᠶᠢᠨ᠎ᠠ︔ ᠠᠶᠤᠯᠭᠦᠢ ᠦᠢᠯᠡᠳᠪᠦᠷᠢᠯᠡᠯ ᠤᠨ ᠠᠵᠢᠯ ᠢ ᠰᠤᠳᠤᠯᠬᠤ ᠦᠭᠡᠢ᠂ ᠪᠠᠶᠢᠷᠢᠯᠠᠭᠤᠯᠬᠤ | ᠦᠭᠡᠢ᠂ ᠰᠢᠪᠠᠳᠠᠨ ᠰᠢᠢᠳᠪᠦᠷᠢᠯᠡᠭᠦᠯᠬᠦ ᠦᠭᠡᠢ᠂ ᠦᠵᠡᠯ ᠰᠠᠨᠠᠭ᠎ᠠ ᠨᠢ ᠮᠢᠨᠴᠦᠭᠦᠷᠡᠵᠦ᠂ ᠪᠡᠷᠬᠡᠰᠢᠶᠡᠬᠦ ᠪᠠ ᠭᠤᠷᠢᠳᠠᠬᠤ | ᠪᠤᠳᠤᠯ ᠲᠠᠢ ᠪᠠᠶᠢᠵᠤ᠂ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠮᠠᠰᠢ ᠶᠡᠭᠡ ᠵᠦᠷᠢᠶ᠎ᠡ ᠲᠠᠢ ᠪᠠᠶᠢᠨ᠎ᠠ᠃ ︵ | ᠬᠠᠷᠢᠭᠤᠴᠠᠯᠭᠠᠲᠤ ᠨᠢᠭᠡᠴᠡ᠄ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ | ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ︶᠃ | 2᠂ ᠠᠶᠤᠯᠭᠦᠢ ᠶᠢᠨ ᠬᠠᠷᠢᠭᠤᠴᠠᠯᠭ᠎ᠠ ᠳᠤᠲᠠᠭᠳᠠᠵᠤ ᠪᠠᠶᠢᠭ᠎ᠠ ᠠᠰᠠᠭᠤᠳᠠᠯ᠃ ᠲᠥᠪ ᠤᠨ ︽ᠣᠷᠣᠨ | ᠨᠤᠲᠤᠭ ᠤᠨ ᠨᠠᠮ ᠵᠠᠰᠠᠭ ᠤᠨ ᠤᠳᠤᠷᠢᠳᠬᠤ ᠺᠠᠳ᠋ᠷ ᠤᠨ ᠠᠶᠤᠯ ᠦᠭᠡᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ | ᠳᠦᠷᠢᠮ ᠤᠨ ᠲᠣᠭᠲᠠᠭᠠᠯ︾ ᠪᠣᠯᠤᠨ ᠥᠪᠡᠷᠲᠡᠭᠡᠨ ᠵᠠᠰᠠᠬᠤ ᠣᠷᠣᠨ᠂ ᠬᠤᠲᠠ ᠶᠢᠨ ︽ᠬᠡᠷᠡᠭᠵᠢᠭᠦᠯᠬᠦ ᠨᠠᠷᠢᠨ ᠳᠦᠷᠢᠮ | ︾ ᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠦᠭᠡᠶ ᠪᠠᠶᠢᠨ᠎ᠠ︔ ︽ᠭᠤᠷᠪᠠᠨ ᠡᠷᠬᠡᠪᠰᠢ︾ ᠶᠢ | ᠨᠠᠶᠢᠳᠠᠪᠤᠷᠢᠵᠢᠭᠤᠯᠬᠤ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ | ᠴᠢᠩᠭ᠎ᠠ ᠪᠢᠰᠢ᠂ ᠰᠢᠨ᠎ᠡ ᠪᠠᠶᠢᠳᠠᠯ ᠰᠢᠨ᠎ᠡ ᠡᠭᠦᠷᠭᠡ ᠶᠢᠨ ᠪᠡᠯᠡᠳᠬᠡᠯ ᠬᠦᠷᠦᠯᠴᠡᠬᠦ ᠥᠬᠡᠶ᠂ ᠲᠤᠬᠠᠶᠢᠯᠠᠭᠰᠠᠨ ᠠᠵᠢᠯ ᠢ | ᠬᠠᠮᠢᠶᠠᠷᠬᠤ ᠪᠠ ᠠᠮᠤᠷ ᠲᠦᠪᠰᠢᠨ ᠢ ᠬᠠᠮᠢᠶᠠᠷᠬᠤ ᠨᠢ ᠰᠠᠯᠤᠩᠭᠢᠷᠠᠵᠤ᠂ ᠲᠦᠯᠬᠢᠬᠦ ᠦᠵᠡᠯ ᠰᠠᠨᠠᠭ᠎ᠠ ᠪᠠ ᠬᠢᠨᠠᠯᠲᠠ | ᠬᠠᠮᠢᠶᠠᠷᠤᠯᠲᠠ ᠶᠢᠨ ᠪᠠᠯᠠᠶ ᠣᠷᠣᠨ ᠣᠷᠣᠰᠢᠵᠤ ᠪᠠᠶᠢᠨ᠎ᠠ︔ ᠠᠵᠤ ᠠᠬᠤᠶᠢᠯᠠᠯ ᠤᠨ ᠭᠤᠤᠯ ᠴᠣᠭᠴᠠ ᠶᠢᠨ | ᠬᠠᠷᠢᠭᠤᠴᠠᠯᠭ᠎ᠠ ᠶᠢᠨ ᠠᠷᠭ᠎ᠠ ᠬᠡᠮᠵᠢᠶ᠎ᠡ ᠶᠢ ᠰᠠᠶᠢᠲᠤᠷ ᠨᠠᠶᠢᠳᠠᠪᠤᠷᠢᠵᠢᠭᠤᠯᠤᠭᠰᠠᠨ ᠥᠬᠡᠶ᠂ ᠬᠡᠰᠡᠭ ᠠᠵᠤ | ᠠᠬᠤᠶᠢᠯᠠᠯ ᠤᠨ ᠬᠠᠷᠢᠭᠤᠴᠠᠯᠭᠠᠲᠠᠨ ᠤ ᠠᠮᠤᠷ ᠲᠦᠪᠰᠢᠨ ᠤ ᠦᠵᠡᠯ ᠤᠬᠠᠮᠰᠠᠷ ᠰᠤᠯᠠ᠂ ᠠᠶᠤᠯ ᠥᠬᠡᠶ | ᠦᠢᠯᠡᠳᠪᠦᠷᠢᠯᠡᠯ ᠤᠨ ᠲᠦᠷᠢᠮ ᠤᠨ ᠪᠠᠶᠢᠭᠤᠯᠤᠯᠲᠠ᠂ ᠳᠠᠯᠳᠠ ᠬᠡᠮ ᠢ ᠵᠢᠭᠰᠠᠭᠠᠨ ᠪᠠᠶᠢᠴᠠᠭᠠᠬᠤ᠂ ︽ᠬᠤᠶᠠᠷ ᠢ | ᠰᠡᠷᠭᠡᠶᠢᠯᠡᠬᠦ︾ ᠲᠣᠭᠲᠠᠴᠠ ᠶᠢᠨ ᠪᠠᠶᠢᠭᠤᠯᠤᠯᠲᠠ᠂ ᠡᠳᠦᠷ ᠲᠤᠲᠤᠮᠤᠨ ᠪᠠᠶᠢᠴᠠᠭᠠᠯᠲᠠ᠂ ᠠᠵᠢᠯᠲᠠᠨ ᠠᠵᠢᠯᠴᠢᠨ ᠤ | ᠪᠣᠯᠪᠠᠰᠤᠷᠠᠭᠤᠯᠤᠯ ᠵᠡᠷᠭᠡ ᠭᠤᠭᠴᠤᠭ᠎ᠠ ᠳᠤ ᠬᠢᠨᠠᠮᠠᠭᠠᠶ ᠬᠠᠷᠢᠭᠤᠴᠠᠬᠤ ᠥᠬᠡᠶ᠂ ᠴᠢᠨᠠᠭᠰᠢᠯᠠᠪᠠᠯ ᠬᠤᠳᠠᠯ ᠬᠡᠯᠡᠵᠦ | ᠬᠠᠭᠤᠷᠮᠠᠭᠯᠠᠨ ᠵᠣᠬᠢᠶᠠᠵᠤ᠂ ᠬᠠᠤᠯᠢ ᠲᠣᠭᠲᠠᠭᠠᠯ ᠠᠴᠠ ᠵᠥᠷᠢᠴᠡᠭᠰᠡᠨ ᠪᠠᠶᠢᠨ᠎ᠠ᠃ ︵ᠬᠠᠷᠢᠭᠤᠴᠠᠯᠭᠠᠲᠤ ᠨᠢᠭᠡᠴᠡ᠄ | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠡᠯ᠎ᠡ | ᠰᠠᠯᠠᠭ᠎ᠠ ᠮᠥᠴᠢᠷ ᠨᠢᠭᠡᠴᠡ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ︶᠃ | 3᠂ ᠳᠠᠯᠳᠠ ᠭᠡᠮ ᠢ ᠵᠢᠭᠰᠠᠭᠠᠨ ᠪᠠᠶᠢᠴᠠᠭᠠᠭᠰᠠᠨ ᠨᠢ ᠯᠠᠪᠳᠠᠭᠤᠨ ᠪᠠᠲᠤᠲᠠᠶ ᠪᠤᠰᠤ ᠪᠠᠶᠢᠬᠤ ᠠᠰᠠᠭᠤᠳᠠᠯ᠃ | ᠳᠠᠯᠳᠠ ᠭᠡᠮ ᠢ ᠵᠢᠭᠰᠠᠭᠠᠨ ᠪᠠᠶᠢᠴᠠᠭᠠᠬᠤ ᠨᠢ ᠭᠦᠨᠵᠡᠭᠡᠶ ᠪᠤᠰᠤ᠂ ᠪᠦᠬᠦ ᠲᠠᠯ᠎ᠠ ᠶᠢᠨ ᠪᠤᠰᠤ᠂ ᠲᠦᠭᠰᠢᠭᠦᠷᠢ ᠶᠢᠨ ᠳᠠᠯᠳᠠ | ᠭᠡᠮ ᠢ ᠬᠠᠷᠠᠵᠤ ᠪᠠᠶᠢᠭᠠᠳ ᠬᠠᠶᠢᠬᠤᠷᠬᠤ ᠦᠭᠡᠶ᠂ ᠠᠮᠤᠷ ᠲᠦᠪᠰᠢᠨ ᠤ ᠴᠡᠭᠴᠡᠯᠡᠨ ᠵᠠᠰᠠᠬᠤ ᠬᠡᠯᠪᠡᠷᠢ ᠮᠠᠶ᠋ᠢᠭ ᠢ | ᠠᠪᠴᠤ᠂ ᠬᠠᠰᠢ ᠶᠠᠰᠢ ᠪᠠᠷ ᠥᠩᠭᠡᠷᠡᠭᠦᠯᠵᠦ᠂ ᠴᠡᠭᠴᠡᠯᠡᠨ ᠵᠠᠰᠠᠬᠤ ᠠᠰᠠᠭᠤᠳᠠᠯ ᠢ ᠴᠢᠩᠭ᠎ᠠ ᠠᠩᠬᠠᠷᠴᠤ ᠲᠠᠯᠪᠢᠭᠰᠠᠨ | ᠦᠭᠡᠶ᠂ ᠢᠯᠠᠩᠭᠤᠶ᠎ᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠨᠢ ᠤᠷᠲᠤ ᠬᠤᠭᠤᠴᠠᠭᠠᠨ ᠤ ᠪᠦᠲᠦᠮᠵᠢᠲᠡᠶ | ᠲᠣᠭᠲᠠᠴᠠ ᠶᠢ ᠪᠠᠶᠢᠭᠤᠯᠤᠭᠰᠠᠨ ᠦᠭᠡᠶ᠂ ᠪᠢᠲᠡᠭᠦᠦ ᠵᠠᠩᠭᠢᠯᠠᠭ᠎ᠠ ᠪᠤᠶ ᠪᠣᠯᠭᠠᠭᠰᠠᠨ ᠦᠭᠡᠶ᠃ ︵ᠬᠠᠷᠢᠭᠤᠴᠠᠯᠭᠠᠲᠤ | ᠨᠢᠭᠡᠴᠡ᠄ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ | ᠡᠯ᠎ᠡ ᠰᠠᠯᠠᠭ᠎ᠠ ᠮᠥᠴᠢᠷ ᠨᠢᠭᠡᠴᠡ᠂ ᠡᠯ᠎ᠡ ᠦᠢᠯᠡᠳᠪᠦᠷᠢᠯᠡᠯ ᠡᠵᠡᠩᠨᠡᠯᠲᠡ ᠶᠢᠨ ᠨᠢᠭᠡᠴᠡ︶ | 4᠂ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠳᠤ ᠠᠭᠤᠵᠢᠭᠤ ᠰᠤᠯᠠ ᠪᠠᠶᠢᠬᠤ ᠠᠰᠠᠭᠤᠳᠠᠯ᠃ | ᠲᠠᠯᠪᠢᠬᠤ ᠬᠠᠮᠢᠶᠠᠷᠬᠤ ᠦᠢᠯᠡᠴᠢᠯᠡᠬᠦ ᠶᠢᠨ ᠬᠠᠷᠢᠴᠠᠭ᠎ᠠ ᠶᠢ ᠵᠥᠪ ᠰᠢᠢᠳᠪᠦᠷᠢᠯᠡᠵᠦ ᠳᠡᠶᠢᠯᠬᠦ ᠦᠭᠡᠢ᠂ ᠵᠥᠪᠬᠡᠨ | ᠲᠠᠯᠪᠢᠬᠤ ᠬᠠᠮᠢᠶᠠᠷᠬᠤ ᠦᠭᠡᠢ ᠪᠤᠶᠤ ᠳᠥᠭᠦᠮᠬᠡᠨ ᠢᠶᠠᠷ ᠬᠠᠤᠯᠢ ᠬᠡᠷᠡᠭᠵᠢᠭᠦᠯᠬᠦ ᠶᠢ ᠬᠢᠵᠠᠭᠠᠷᠯᠠᠵᠤ᠂ ᠠᠵᠤ | ᠠᠬᠤᠶᠢᠯᠠᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠰᠤᠯᠠᠷᠠᠭᠤᠯᠵᠤ ᠪᠣᠯᠬᠤ ᠦᠭᠡᠢ︔ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠡᠩᠨᠡᠭᠡ ᠶᠢᠨ ᠤᠳᠤᠷᠢᠳᠬᠤ ᠪᠠᠭ ᠨᠢ ᠴᠢᠩᠭ᠎ᠠ ᠪᠢᠰᠢ᠂ ᠣᠪᠣᠷ ᠰᠤᠷᠲᠠᠯ ᠨᠢ | ᠪᠣᠳᠠᠲᠠᠶ ᠪᠢᠰᠢ᠂ ᠠᠵᠤ ᠠᠬᠤᠶᠢᠯᠠᠯ ᠤᠨ ᠬᠠᠷᠢᠭᠤᠴᠠᠯᠭᠠᠲᠠᠨ ᠳᠤ ᠬᠠᠤᠯᠢ ᠲᠦᠷᠢᠮ ᠤᠨ ᠬᠥᠮᠦᠵᠢᠯ ᠬᠢᠭᠰᠡᠨ ᠨᠢ | ᠪᠣᠳᠠᠲᠠᠶ ᠪᠢᠰᠢ᠂ ᠬᠠᠤᠯᠢ ᠬᠡᠷᠡᠭᠵᠢᠭᠦᠯᠬᠦ ᠪᠠᠶᠢᠴᠠᠭᠠᠯᠲᠠ ᠥᠷᠨᠢᠭᠦᠯᠦᠭᠰᠡᠨ ᠨᠢ ᠴᠢᠩᠭ᠎ᠠ ᠪᠢᠰᠢ ᠪᠣᠳᠠᠲᠠᠶ ᠪᠢᠰᠢ | ᠭᠦᠨᠵᠡᠭᠡᠶ ᠪᠢᠰᠢ᠂ ᠴᠢᠨᠠᠭᠰᠢᠯᠠᠪᠠᠯ ᠵᠥᠪᠬᠡᠨ ᠪᠠᠶᠢᠴᠠᠭᠠᠭᠠᠳ ᠬᠠᠤᠯᠢ ᠬᠡᠷᠡᠭᠵᠢᠭᠦᠯᠬᠦ ᠥᠬᠡᠶ ᠪᠤᠶᠤ ᠵᠥᠪᠬᠡᠨ ᠬᠠᠤᠯᠢ | ᠬᠡᠷᠡᠭᠵᠢᠭᠦᠯᠦᠭᠡᠳ ᠲᠣᠷᠭᠠᠬᠤ ᠥᠬᠡᠶ᠂ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠤ ᠠᠬᠤᠶᠢᠯᠠᠯ ᠳᠤ ᠦᠨᠡᠨ ᠬᠦ | ᠬᠠᠲᠠᠭᠤ ᠲᠠᠢ ᠨᠢ ᠬᠠᠯᠳᠠᠵᠤ ᠴᠢᠳᠠᠬᠤ ᠥᠬᠡᠶ᠂ ᠵᠣᠭᠰᠣᠭᠠᠬᠤ ᠶᠣᠰᠣᠲᠠᠶ ᠶᠢ ᠨᠢ ᠵᠣᠭᠰᠣᠭᠠᠵᠤ ᠪᠣᠯᠬᠤ ᠥᠬᠡᠶ᠂ | ᠬᠠᠭᠠᠬᠤ ᠶᠣᠰᠣᠲᠠᠶ ᠶᠢ ᠨᠢ ᠬᠠᠭᠠᠵᠤ ᠪᠣᠯᠬᠤ ᠥᠬᠡᠶ᠂ ᠳᠤᠷ᠎ᠠ ᠪᠠᠷ ᠨᠢ ᠲᠠᠯᠪᠢᠵᠤ ᠪᠠᠶᠢᠭᠠᠳ ᠬᠠᠤᠯᠢ ᠠᠴᠠ | ᠵᠥᠷᠢᠴᠡᠭᠰᠡᠨ ᠠᠵᠤ ᠠᠬᠤᠶᠢᠯᠠᠯ ᠢ ︽ᠴᠡᠭᠴᠡᠯᠡᠨ ᠰᠠᠶᠢᠵᠢᠷᠠᠭᠤᠯᠵᠤ︾᠂ ︽ᠨᠣᠭᠤᠭᠠᠨ ᠳ᠋ᠧᠩ︾ ᠢᠶᠠᠷ ᠣᠷᠳᠣ | ᠬᠤᠭᠤᠴᠠᠭ᠎ᠠ ᠪᠠᠷ ︽ᠠᠰᠠᠭᠤᠳᠠᠯ ᠲᠠᠢ︾ ᠦᠢᠯᠡᠳᠪᠦᠷᠢᠯᠡᠬᠦ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠠᠶᠤᠯ | ᠥᠬᠡᠶ ᠶᠢᠨ ᠬᠢᠨᠠᠯᠲᠠ ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠰᠠᠯᠠᠭ᠎ᠠ ᠮᠥᠴᠢᠷ︶᠃ | ︵ᠬᠤᠶᠠᠷ︶ ᠵᠠᠮ ᠬᠠᠷᠢᠯᠴᠠᠭᠠᠨ ᠤ ᠠᠮᠤᠷ ᠲᠦᠪᠰᠢᠨ ᠤ ᠠᠷᠬᠠᠭ ᠭᠡᠮ ᠢ ᠴᠡᠭᠴᠡᠯᠡᠨ ᠵᠠᠰᠠᠬᠤ ᠭᠤᠣᠯᠳᠠᠯᠭ᠎ᠠ | ᠬᠤᠲᠠ ᠶᠢᠨ ᠵᠠᠰᠠᠭ ᠤᠨ ᠣᠷᠳᠣᠨ ᠤ ︽ᠪᠥᠬᠦ ᠬᠤᠲᠠ ᠶᠢᠨ ᠠᠶᠤᠯ ᠥᠬᠡᠶ ᠦᠢᠯᠡᠳᠪᠦᠷᠢᠯᠡᠯ ᠤᠨ ᠠᠵᠢᠯ ᠢ | ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠮᠡᠳᠡᠭᠳᠡᠯ︾ ︵ᠦ᠋ ᠵᠧᠩ ᠴᠠᠬᠢᠯᠭᠠᠨ ᠭᠠᠷᠭᠠᠬᠤ 2020 2 ᠳ᠋ᠤᠭᠠᠷ | ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠡᠯ᠎ᠡ ᠵᠣᠶᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ | ᠠᠳᠬᠤᠵᠤ᠂ ᠠᠶᠠᠨᠴᠢᠳ ᠪᠠ ᠠᠶᠤᠯᠲᠠᠶ ᠲᠡᠷᠭᠡ ᠬᠥᠰᠬᠡ ᠶᠢᠨ ᠬᠡᠮ ᠰᠣᠭᠤᠭ ᠨᠡᠯᠢᠶᠡᠳ ᠶᠡᠭᠡ᠂ ᠬᠡᠮᠵᠢᠶ᠎ᠡ | ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ ᠶᠢ ᠣᠯᠠᠨᠲᠠ ᠴᠠᠭᠠᠵᠠᠯᠠᠭᠰᠠᠨ ᠴᠤ ᠵᠣᠭᠰᠣᠬᠤ ᠥᠬᠡᠶ᠂ ᠬᠠᠤᠯᠢ | ᠪᠤᠰᠤ ᠪᠠᠷ ᠡᠵᠡᠩᠨᠡᠯᠲᠡ ᠬᠢᠬᠦ ᠦᠵᠡᠭᠳᠡᠯ ᠲᠣᠪᠤᠶᠢᠮ᠎ᠠ᠂ ᠲᠦᠭᠰᠢᠭᠦᠷᠢ ᠲᠠᠢ ᠵᠠᠮ ᠤᠨ ᠬᠡᠰᠡᠭ ᠤᠨ ᠠᠰᠠᠭᠤᠳᠠᠯ | ᠨᠡᠯᠢᠶᠡᠳ ᠣᠯᠠᠨ᠂ ᠬᠠᠤᠯᠢ ᠪᠤᠰᠤ ᠲᠡᠷᠭᠡ ᠬᠥᠰᠬᠡ ᠶᠢᠨ ᠬᠠᠮᠢᠶᠠᠷᠤᠯᠲᠠ ᠡᠵᠡᠮᠳᠡᠯ ᠪᠠᠭᠤᠷᠠᠶ᠂ ᠬᠠᠤᠯᠢ ᠪᠤᠰᠤ ᠪᠠᠷ | ᠲᠡᠷᠭᠡ ᠵᠢᠯᠣᠭᠤᠳᠬᠤ ᠦᠢᠯᠡ ᠠᠵᠢᠯᠯᠠᠭ᠎ᠠ ᠨᠡᠶᠢᠳᠡᠮ ᠳᠡᠭᠡᠨ ᠪᠠᠶᠢᠬᠤ ᠵᠡᠷᠭᠡ ᠠᠷᠬᠠᠭ ᠬᠡᠮ ᠢ ᠭᠤᠣᠯᠳᠠᠯᠭ᠎ᠠ ᠲᠠᠢ | ᠴᠡᠭᠴᠡᠯᠡᠨ ᠵᠠᠰᠠᠨ᠎ᠠ᠃ ᠪᠠᠷᠠᠭ᠎ᠠ ᠶᠢᠨ ᠲᠡᠷᠭᠡ ᠶᠢᠨ ᠳᠠᠭᠠᠭᠠᠴᠠ ᠠᠴᠠ ᠬᠡᠲᠦᠷᠡᠲᠡᠯ᠎ᠡ ᠠᠴᠢᠶᠠᠯᠠᠬᠤ᠂ ︽ᠠᠶᠠᠨᠴᠢᠳ | ᠤᠨ ᠬᠠᠷ᠎ᠠ ᠲᠡᠷᠭᠡ︾ ᠪᠣᠯᠤᠨ ︽ᠠᠶᠠᠨᠴᠢᠳ ᠣᠨ ᠬᠠᠷ᠎ᠠ ᠲᠡᠭᠡᠭᠡᠪᠦᠷᠢ ᠶᠢᠨ ᠠᠵᠤ ᠠᠬᠤᠶᠢᠯᠠᠯ︾᠂ ︽ᠬᠤᠶᠠᠷ | ᠠᠶᠠᠨᠴᠢᠳ ᠤᠨ ᠲᠡᠷᠭᠡ ᠬᠢᠭᠡᠳ ᠠᠶᠤᠯ ᠲᠠᠢ ᠨᠢᠭᠡ ᠰᠤᠷᠭᠠᠭᠤᠯᠢ︾ ᠶᠢᠨ ᠭᠤᠣᠯᠳᠠᠯᠭ᠎ᠠ ᠲᠠᠢ ᠲᠡᠷᠭᠡ ᠬᠥᠰᠬᠡ | ᠶᠢᠨ ︽ᠭᠤᠷᠪᠠ ᠶᠢ ᠳᠠᠪᠠᠭᠤᠯᠵᠤ ᠨᠢᠭᠡ ᠶᠢ ᠶᠠᠳᠠᠷᠠᠭᠤᠯᠬᠤ︾᠂ ︽ᠡᠵᠡᠩᠨᠡᠯᠲᠡ ᠶᠢ ᠪᠤᠰᠤ ᠪᠣᠯᠭᠠᠬᠤ︾ ᠲᠤᠮᠤ | ᠠᠶᠠᠨᠴᠢᠳ ᠤᠨ ᠲᠡᠷᠭᠡ᠂ ᠬᠥᠳᠡᠭᠡ ᠲᠣᠰᠬᠤᠨ ᠤ ᠮᠢᠶᠠᠨᠪᠣᠤ ᠶᠢᠨ ᠲᠡᠷᠭᠡ᠂ ᠬᠤᠳᠠᠯᠳᠤᠭᠠᠨ ᠤ ᠶᠠᠪᠤᠳᠠᠯ ᠤᠨ | ᠲᠡᠷᠭᠡ ᠶᠢᠨ ᠬᠠᠤᠯᠢ ᠪᠤᠰᠤ ᠪᠠᠷ ᠡᠵᠡᠩᠨᠡᠬᠦ᠂ ᠵᠢᠭᠤᠯᠴᠢᠯᠠᠯ ᠤᠨ ᠲᠡᠭᠡᠭᠡᠪᠦᠷᠢ ᠶᠢᠨ ᠲᠡᠷᠭᠡ ᠬᠥᠰᠬᠡ ᠶᠢᠨ | ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠢ᠂ ᠮᠠᠰᠢᠨᠲᠤ ᠲᠡᠷᠭᠡ ᠶᠢ ᠬᠠᠤᠯᠢ ᠪᠤᠰᠤ ᠪᠠᠷ ᠦᠢᠯᠡᠳᠪᠦᠷᠢᠯᠡᠬᠦ᠂ | ᠪᠣᠷᠣᠯᠠᠭᠤᠯᠤᠨ ᠬᠤᠳᠠᠯᠳᠤᠬᠤ᠂ ᠥᠭᠡᠷᠡᠴᠢᠯᠡᠨ ︵ᠨᠡᠶᠢᠯᠡᠭᠦᠯᠬᠦ︶ ᠤᠭᠰᠠᠷᠠᠬᠤ᠂ ᠬᠤᠭᠤᠴᠠᠭ᠎ᠠ ᠥᠩᠭᠡᠷᠡᠲᠡᠯ᠎ᠡ ᠰᠢᠯᠭᠠᠨ | ᠪᠠᠶᠢᠴᠠᠭᠠᠯᠭᠠᠭᠰᠠᠨ ᠦᠭᠡᠢ᠂ ᠬᠦᠴᠦᠨ ᠦᠭᠡᠢ ᠪᠣᠯᠭᠠᠭᠰᠠᠨ ᠦᠭᠡᠢ ᠪᠠ ᠫᠠᠶᠢᠰᠠ ᠲᠡᠮᠳᠡᠭ ᠦᠭᠡᠢ᠃ ᠰᠤᠷᠤᠭᠴᠢ | ᠵᠥᠭᠡᠭᠡᠪᠦᠷᠢᠯᠡᠬᠦ ᠲᠡᠷᠭᠡᠨ ᠳᠤ ᠰᠠᠭᠤᠬᠤ ᠰᠤᠷᠤᠭᠴᠢᠳ ᠠᠶᠤᠯ ᠠᠴᠠ ᠬᠠᠮᠠᠭᠠᠯᠠᠬᠤ ᠪᠦᠰᠡ ᠪᠠᠨ ᠵᠡᠭᠦᠬᠦ ᠦᠭᠡᠶ᠂ | ᠬᠥᠮᠦᠨ ᠤ ᠲᠤᠭ᠎ᠠ ᠠᠴᠠ ᠬᠡᠲᠦᠷᠡᠭᠦᠯᠬᠦ ᠦᠭᠡᠶ᠂ ᠲᠡᠭᠡᠭᠡᠪᠦᠷᠢ ᠡᠵᠡᠩᠨᠡᠵᠦ ᠪᠠᠶᠢᠭ᠎ᠠ ᠲᠡᠷᠭᠡ ᠬᠥᠰᠬᠡ ᠪᠠᠨ | ᠲᠣᠭᠲᠠᠭᠠᠯ ᠠᠴᠠ ᠵᠥᠷᠢᠴᠡᠨ ︽ᠲᠦᠰᠢᠭᠦᠯᠬᠦ︾᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠢ ᠡᠵᠡᠯᠡᠨ ᠬᠡᠷᠡᠭᠯᠡᠬᠦ᠂ | ᠪᠥᠭᠯᠡᠬᠦ᠂ ᠪᠢᠲᠡᠭᠦᠮᠵᠢᠯᠡᠬᠦ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ᠃ | ᠭᠤᠣᠯᠳᠠᠯᠭ᠎ᠠ ᠲᠠᠢ ᠲᠡᠷᠭᠡ ᠬᠥᠰᠬᠡ ᠪᠣᠯᠤᠨ ᠮᠠᠰᠢᠨᠲᠤ ᠲᠡᠷᠭᠡᠨ ᠤ ᠡᠵᠡᠩᠨᠡᠯᠲᠡ ᠬᠢᠵᠦ ᠪᠠᠶᠢᠭ᠎ᠠ ᠵᠢᠯᠣᠭᠤᠴᠢ ᠶᠢᠨ | ᠠᠶᠤᠯ ᠦᠭᠡᠶ ᠶᠢᠨ ᠬᠠᠮᠢᠶᠠᠷᠤᠯᠲᠠ ᠶᠢ ᠦᠨᠡᠨᠬᠦ ᠴᠢᠩᠭᠠᠳᠬᠠᠨ᠂ ᠡᠵᠡᠩᠨᠡᠯᠲᠡ ᠬᠢᠵᠦ ᠪᠠᠶᠢᠭ᠎ᠠ ᠲᠡᠷᠭᠡ ᠬᠥᠰᠬᠡ ᠶᠢ | ᠵᠠᠬ᠎ᠠ ᠳᠡᠯᠭᠡᠭᠦᠷ ᠲᠤ ᠵᠥᠪᠰᠢᠶᠡᠷᠡᠨ ᠣᠷᠣᠭᠤᠯᠬᠤ ᠳᠦᠷᠢᠮ᠂ ᠡᠵᠡᠩᠨᠡᠯᠲᠡ ᠬᠢᠵᠦ ᠪᠠᠶᠢᠭ᠎ᠠ ᠵᠢᠯᠣᠭᠤᠴᠢ ᠶᠢᠨ ︽ | ᠲᠠᠪᠤ ᠶᠢ ᠬᠤᠶᠠᠷ ᠦᠭᠡᠶ ᠪᠠᠶᠢᠯᠭᠠᠬᠤ ᠶᠢ ᠦᠨᠡᠨᠬᠦ ᠪᠠᠲᠤᠯᠠᠬᠤ︾ ᠠᠮᠠᠯᠠᠯᠲᠠ ᠶᠢᠨ ᠳᠦᠷᠢᠮ ᠪᠣᠯᠤᠨ ᠵᠢᠯᠣᠭᠤᠴᠢ ᠶᠢᠨ | ︽ᠨᠡᠷ᠎ᠡ ᠶᠢᠨ ᠬᠠᠷ᠎ᠠ ᠳᠠᠩᠰᠠ︾ ᠶᠢᠨ ᠳᠦᠷᠢᠮ ᠢ ᠡᠷᠡᠰ ᠨᠠᠶᠢᠳᠠᠪᠤᠷᠢᠵᠢᠭᠤᠯᠵᠤ᠂ ᠡᠵᠡᠩᠨᠡᠯᠲᠡ ᠬᠢᠵᠦ ᠪᠠᠶᠢᠭ᠎ᠠ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠵᠢᠯᠣᠭᠤᠴᠢ ᠶᠢᠨ ᠠᠶᠤᠯ ᠦᠭᠡᠶ ᠶᠢᠨ ᠬᠥᠮᠦᠵᠢᠯ ᠪᠣᠯᠪᠠᠰᠤᠷᠠᠭᠤᠯᠤᠯ ᠢ | ᠥᠷᠨᠢᠭᠦᠯᠦᠨ᠎ᠡ᠃ ᠵᠠᠮ ᠤᠨ ᠴᠢᠬᠤᠯᠠ ᠵᠠᠮ ᠤᠨ ᠠᠭᠤᠯᠵᠠᠷ᠂ ᠵᠠᠮ ᠬᠠᠷᠢᠯᠴᠠᠭ᠎ᠠ ᠶᠢᠨ ᠴᠢᠬᠤᠯᠠ ᠴᠠᠭ ᠬᠤᠭᠤᠴᠠᠭ᠎ᠠ | ᠪᠠ ᠭᠤᠣᠯᠳᠠᠯᠭ᠎ᠠ ᠲᠠᠢ ᠲᠠᠯᠠᠪᠤᠷ ᠭᠠᠵᠠᠷ᠂ ᠭᠤᠣᠯᠳᠠᠯᠭ᠎ᠠ ᠲᠠᠢ ᠣᠷᠣᠨ ᠪᠠᠶᠢᠷᠢ ᠳᠤ ᠴᠢᠭᠯᠡᠭᠦᠯᠦᠨ᠂ ᠠᠮᠤᠷ ᠲᠦᠪᠰᠢᠨ ᠤ | ᠲᠣᠭᠤᠷᠢᠨ ᠪᠠᠶᠢᠴᠠᠭᠠᠵᠤ ᠬᠠᠮᠢᠶᠠᠷᠤᠨ ᠡᠵᠡᠮᠳᠡᠬᠦ ᠶᠢ ᠪᠠᠶᠢᠩᠭᠤᠵᠢᠭᠤᠯᠤᠨ ᠥᠷᠨᠢᠭᠦᠯᠵᠦ᠂ ᠡᠯ᠎ᠡ ᠲᠥᠷᠥᠯ ᠤᠨ ᠵᠠᠮ | ᠬᠠᠷᠢᠯᠴᠠᠭ᠎ᠠ ᠶᠢᠨ ᠠᠮᠤᠷ ᠲᠦᠪᠰᠢᠨ ᠤ ᠬᠡᠮ ᠰᠣᠭᠤᠭ ᠢ ᠴᠠᠭ ᠲᠤᠬᠠᠶ ᠳᠤᠨᠢ ᠵᠢᠭᠰᠠᠭᠠᠨ ᠪᠠᠶᠢᠴᠠᠭᠠᠵᠤ ᠴᠡᠭᠴᠡᠯᠡᠨ | ᠵᠠᠰᠠᠬᠤ ᠬᠡᠷᠡᠭᠲᠡᠶ᠃ ︵ᠲᠦᠷᠦᠭᠦᠯᠡᠬᠦ ᠨᠢᠭᠡᠴᠡ᠄ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ︔ | ᠬᠠᠷᠢᠭᠤᠴᠠᠯᠭᠠᠲᠤ ᠨᠢᠭᠡᠴᠡ᠄ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠤᠷᠭᠠᠨ ᠬᠥᠮᠦᠵᠢᠯ ᠪᠡᠶ᠎ᠡᠶᠢᠨ | ᠲᠠᠮᠢᠷ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ | ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠢᠴᠢ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ | ᠮᠥᠴᠢᠷ᠂ ᠡᠯ᠎ᠡ ᠵᠠᠮ ᠬᠠᠷᠢᠯᠴᠠᠭ᠎ᠠ ᠲᠡᠭᠡᠭᠡᠪᠦᠷᠢ ᠶᠢᠨ ᠠᠵᠤ ᠠᠬᠤᠶᠢᠯᠠᠯ︶᠃ | ︵ᠭᠤᠷᠪᠠ︶ ᠬᠤᠲᠠ ᠬᠥᠳᠡᠭᠡ ᠶᠢᠨ ᠵᠠᠮ ᠬᠠᠷᠢᠯᠴᠠᠭᠠᠨ ᠤ ᠠᠮᠤᠷ ᠲᠦᠪᠰᠢᠨ ᠤ ᠪᠡᠯᠡᠳᠬᠡᠮᠵᠢ ᠶᠢ ᠴᠡᠭᠴᠡᠯᠡᠨ | ᠵᠠᠰᠠᠬᠤ ᠭᠤᠣᠯᠳᠠᠯᠭ᠎ᠠ | ᠬᠤᠲᠠ ᠶᠢᠨ ᠵᠠᠰᠠᠭ ᠤᠨ ᠣᠷᠳᠣᠨ ᠤ ᠱᠠᠭᠠᠷᠳᠠᠯᠭ᠎ᠠ ᠶᠣᠰᠣᠭᠠᠷ᠂ ᠡᠯ᠎ᠡ ᠵᠣᠶᠢᠯ ᠤᠨ ᠠᠵᠢᠯ ᠢ | ᠨᠠᠶᠢᠳᠠᠪᠤᠷᠢᠵᠢᠭᠤᠯᠤᠨ ᠪᠣᠳᠠᠲᠠᠶᠢᠵᠢᠭᠤᠯᠬᠤ ᠶᠢ ᠬᠦᠴᠦᠲᠡᠶ ᠠᠳᠬᠤᠵᠤ᠂ ᠵᠠᠮ ᠬᠠᠷᠢᠯᠴᠠᠭᠠᠨ ᠤ ᠠᠮᠤᠷ ᠲᠦᠪᠰᠢᠨ ᠤ | ᠪᠡᠯᠡᠳᠬᠡᠮᠵᠢ ᠶᠢᠨ ︽ᠭᠤᠷᠪᠠ ᠶᠢ ᠵᠡᠷᠭᠡ ᠳᠤᠨᠢ ᠬᠢᠬᠦ︾ ᠲᠦᠷᠢᠮ ᠢ ᠨᠠᠶᠢᠳᠠᠪᠤᠷᠢᠵᠢᠭᠤᠯᠤᠭᠰᠠᠨ ᠥᠬᠡᠶ᠂ ᠵᠠᠮ | ᠬᠠᠷᠢᠯᠴᠠᠭᠠᠨ ᠤ ᠳᠣᠬᠢᠶᠠᠨ ᠳ᠋ᠧᠩ᠂ ᠵᠠᠮ ᠬᠠᠷᠢᠯᠴᠠᠭᠠᠨ ᠤ ᠲᠡᠮᠳᠡᠭ᠂ ᠵᠠᠮ ᠬᠠᠷᠢᠯᠴᠠᠭᠠᠨ ᠤ ᠲᠡᠮᠳᠡᠭ ᠱᠤᠭᠤᠮ ᠵᠢᠴᠢ | ᠤᠰᠤᠨ ᠬᠥᠪᠡᠭᠡ ᠬᠠᠳᠠᠨ ᠢᠷᠮᠡᠭ᠂ ᠦᠷᠭᠦᠯᠵᠢᠯᠡᠭᠰᠡᠨ ᠣᠷᠳᠣ ᠡᠭᠴᠡ ᠬᠥᠲᠥᠯ᠂ ᠮᠥᠨᠳᠥᠷ ᠣᠯᠠᠨ ᠭᠠᠷᠳᠠᠭ | ᠵᠠᠮ ᠤᠨ ᠬᠡᠰᠡᠭ ᠤᠨ ᠠᠮᠤᠷ ᠲᠦᠪᠰᠢᠨ ᠤ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠭᠰᠠᠨ ᠨᠢ ᠪᠣᠳᠠᠲᠠᠶ ᠥᠬᠡᠶ | ᠵᠡᠷᠭᠡ ᠲᠣᠪᠤᠶᠢᠮ᠎ᠠ ᠠᠰᠠᠭᠤᠳᠠᠯ ᠢ ᠭᠤᠣᠯᠳᠠᠯᠭ᠎ᠠ ᠲᠠᠢ ᠴᠡᠭᠴᠡᠯᠡᠨ ᠵᠠᠰᠠᠬᠤ ᠬᠡᠷᠡᠭᠲᠡᠶ︔ ᠮᠠᠨ ᠤ ᠬᠤᠰᠢᠭᠤᠨ ᠤ | ᠬᠢᠵᠠᠭᠠᠷ ᠲᠠᠬᠢ S 105 ᠮᠤᠵᠢ ᠶᠢᠨ ᠵᠠᠮ ᠤᠨ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠣᠭᠤᠷᠢᠭᠤ ᠵᠠᠮ 208 | ᠤᠯᠤᠰ ᠤᠨ ᠵᠠᠮ ᠤᠨ ᠲᠡᠷᠭᠡ ᠣᠯᠠᠨ ᠪᠠᠶᠢᠬᠤ᠂ ᠣᠨᠴᠠᠭᠠᠶᠢᠯᠠᠨ ᠲᠣᠮᠣ ᠬᠡᠯᠪᠡᠷᠢ ᠶᠢᠨ᠂ ᠬᠦᠨᠳᠦ ᠬᠡᠯᠪᠡᠷᠢ ᠶᠢᠨ ᠲᠡᠷᠭᠡ | ᠣᠯᠠᠨ ᠪᠠᠶᠢᠬᠤ ᠪᠣᠳᠠᠲᠤ ᠪᠠᠶᠢᠳᠠᠯ ᠳᠤ ᠴᠢᠭᠯᠡᠭᠦᠯᠦᠨ᠂ ᠵᠠᠮ ᠤᠨ ᠬᠡᠰᠡᠭ ᠢ ᠬᠠᠮᠢᠶᠠᠷᠤᠨ ᠡᠵᠡᠮᠳᠡᠬᠦ ᠡᠷᠴᠢᠮ ᠢᠶᠠᠨ | ᠴᠢᠩᠭᠠᠷᠠᠭᠤᠯᠵᠤ᠂ ᠵᠠᠮ ᠤᠨ ᠠᠮᠤᠷ ᠲᠦᠪᠰᠢᠨ ᠤ ᠬᠡᠮ ᠰᠣᠭᠤᠭ ᠢ ᠦᠨᠡᠨ ᠬᠦ ᠰᠡᠷᠭᠡᠶᠢᠯᠡᠨ ᠠᠷᠢᠯᠭᠠᠨ᠎ᠠ᠃ ︵ | ᠲᠦᠷᠦᠭᠦᠯᠡᠬᠦ ᠨᠢᠭᠡᠴᠡ᠄ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠵᠠᠮ | ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠬᠤᠰᠢᠭᠤᠨ ᠰᠢᠭᠤᠳ ᠬᠠᠷᠢᠶ᠎ᠠ ᠬᠤᠯᠪᠣᠭᠳᠠᠯ ᠪᠥᠬᠦᠶ ᠰᠠᠯᠠᠭ᠎ᠠ ᠮᠥᠴᠢᠷ | ︶᠃ | ︵ᠳᠥᠷᠪᠡ︶ ᠠᠶᠤᠯᠲᠠᠶ ᠬᠢᠮᠢ ᠶᠢᠨ ᠪᠣᠳᠠᠰ ᠤᠨ ᠠᠵᠢᠯ ᠲᠥᠷᠥᠯ ᠢ ᠴᠡᠭᠴᠡᠯᠡᠨ ᠵᠠᠰᠠᠬᠤ ᠭᠤᠣᠯᠳᠠᠯᠭ᠎ᠠ | 1 . ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢᠨ ᠬᠤᠭᠤᠰᠣᠨ ᠪᠠᠶᠢᠭ᠎ᠠ ᠠᠰᠠᠭᠤᠳᠠᠯ᠃ ᠠᠶᠤᠯ ᠲᠠᠢ | ᠬᠢᠮᠢ ᠶᠢᠨ ᠡᠳ ᠦᠢᠯᠡᠳᠪᠦᠷᠢᠯᠡᠬᠦ᠂ ᠬᠠᠳᠠᠭᠠᠯᠠᠬᠤ᠂ ᠲᠡᠭᠡᠭᠡᠪᠦᠷᠢᠯᠡᠬᠦ᠂ ᠡᠵᠡᠩᠨᠡᠬᠦ᠂ ᠬᠡᠷᠡᠭᠯᠡᠬᠦ ᠪᠠ ᠬᠠᠶᠠᠭᠳᠠᠮᠠᠯ ᠢ | ᠰᠢᠢᠳᠪᠦᠷᠢᠯᠡᠬᠦ ᠭᠤᠭᠴᠤᠭ᠎ᠠ ᠨᠢᠭᠡᠪᠦᠷᠢ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ | ᠲᠣᠳᠣᠷᠬᠠᠶ ᠦᠭᠡᠶ᠂ ᠬᠢᠨᠠᠯᠲᠠ ᠬᠠᠮᠢᠶᠠᠷᠤᠯᠲᠠ ᠶᠢᠨ ᠪᠠᠯᠠᠶ ᠣᠷᠣᠨ ᠣᠷᠣᠰᠢᠵᠤ ᠪᠠᠶᠢᠬᠤ ᠶᠢ ᠭᠤᠣᠯᠳᠠᠯᠭ᠎ᠠ ᠲᠠᠢ | ᠴᠡᠭᠴᠡᠯᠡᠨ ᠵᠠᠰᠠᠬᠤ ᠬᠡᠷᠡᠭᠲᠡᠶ︔ ᠠᠶᠤᠯᠲᠠᠶ ᠬᠠᠶᠠᠭᠳᠠᠮᠠᠯ ᠡᠳ᠋ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ | ᠳᠤᠲᠠᠮᠠᠭ︔ ᠠᠶᠤᠯᠲᠠᠶ ᠬᠢᠮᠢ ᠶᠢᠨ ᠪᠣᠳᠠᠰ ᠤᠨ ᠪᠣᠭᠤᠳᠠᠯ ᠪᠠᠭᠯᠠᠭ᠎ᠠ᠂ ᠰᠠᠪᠠ ᠵᠡᠷᠭᠡ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠰᠤᠯᠠ︔ ᠨᠢᠲᠷᠤᠲᠤ ᠨᠢᠭᠡᠳᠪᠦᠷᠢ ᠵᠡᠷᠭᠡ ᠠᠶᠤᠯ ᠶᠡᠬᠡᠲᠡᠢ ᠬᠢᠮᠢ ᠶᠢᠨ ᠪᠣᠳᠠᠰ ᠢ ᠦᠢᠯᠡᠳᠪᠦᠷᠢᠯᠡᠬᠦ᠂ | ᠬᠠᠳᠠᠭᠠᠯᠠᠬᠤ ᠠᠵᠤ ᠠᠬᠤᠶᠢᠯᠠᠯ ᠤᠨ ᠠᠶᠤᠯᠭᠦᠢ ᠶᠢᠨ ᠬᠢᠨᠠᠯᠲᠠ ᠬᠠᠮᠢᠶᠠᠷᠤᠯᠲᠠ ᠴᠢᠩᠭ᠎ᠠ ᠪᠢᠰᠢ ᠪᠣᠳᠠᠲᠠᠢ ᠪᠢᠰᠢ︔ | ᠠᠶᠤᠯᠲᠠᠶ ᠬᠢᠮᠢ ᠶᠢᠨ ᠪᠣᠳᠠᠰ ᠤᠨ ᠠᠵᠤ ᠠᠬᠤᠶᠢᠯᠠᠯ ᠤᠨ ᠳᠣᠲᠣᠷ᠎ᠠ ᠭᠠᠳᠠᠨᠠᠬᠢ ᠠᠮᠤᠷ ᠲᠦᠪᠰᠢᠨ ᠤ ᠵᠠᠶ ᠬᠦᠷᠦᠯᠴᠡᠬᠦ | ᠥᠬᠡᠶ᠂ ᠬᠦᠨᠳᠦ ᠶᠡᠭᠡ ᠠᠶᠤᠯ ᠤᠨ ᠡᠬᠢ ᠰᠤᠷᠪᠤᠯᠵᠢ ᠶᠢ ᠰᠠᠶᠢᠲᠤᠷ ᠬᠢᠨᠠᠨ ᠡᠵᠡᠮᠳᠡᠬᠦ ᠥᠬᠡᠶ᠂ ᠠᠦ᠋ᠲ᠋ᠣ᠋ | ᠡᠵᠡᠮᠰᠢᠯ ᠤᠨ ᠰᠢᠰᠲ᠋ᠧᠮ ᠪᠣᠯᠤᠨ ᠭᠠᠯ ᠰᠡᠷᠭᠡᠶᠢᠯᠡᠬᠦ ᠳᠡᠯᠪᠡᠷᠡᠯᠲᠡ ᠶᠢ ᠲᠤᠰᠠᠭᠠᠷᠯᠠᠬᠤ ᠵᠢᠴᠢ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠲᠥᠬᠦᠭᠡᠷᠦᠮᠵᠢ ᠲᠡᠭᠦᠯᠳᠡᠷ ᠪᠤᠰᠤ ᠵᠡᠷᠭᠡ ᠠᠰᠠᠭᠤᠳᠠᠯ ᠢ ᠴᠡᠭᠴᠡᠯᠡᠨ | ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠥᠬᠡᠶ ᠪᠠᠶᠢᠨ᠎ᠠ᠃ ︵ᠲᠦᠷᠦᠭᠦᠯᠡᠬᠦ ᠨᠢᠭᠡᠴᠡ᠄ ᠪᠠᠴᠢᠮ ᠪᠠᠶᠢᠳᠠᠯ ᠢ | ᠠᠷᠭᠠᠴᠠᠬᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠠᠮᠢ ᠠᠬᠤᠶ ᠣᠷᠴᠢᠨ ᠲᠣᠭᠤᠷᠢᠨ ᠤ ᠬᠤᠪᠢᠶᠠᠷᠢ ᠲᠣᠪᠴᠢᠶ᠎ᠠ | ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︶᠃ | 2 . ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠶ ᠠᠰᠠᠭᠤᠳᠠᠯ᠃ | ᠠᠶᠤᠯ ᠲᠠᠢ ᠬᠢᠮᠢ ᠶᠢᠨ ᠠᠵᠤ ᠠᠬᠤᠶᠢᠯᠠᠯ ᠤᠨ ᠤᠳᠤᠷᠢᠳᠤᠯᠭ᠎ᠠ ᠵᠢᠵᠢᠭᠦᠷ ᠳᠠᠭᠠᠭᠤᠯᠬᠤ᠂ ︽ᠬᠤᠶᠠᠷ ᠢ ᠰᠡᠷᠭᠡᠶᠢᠯᠡᠬᠦ︾ | ᠪᠠ ᠠᠮᠠᠯᠠᠯᠲᠠ ᠶᠢᠨ ᠠᠯᠪᠠᠨ ᠵᠠᠷ ᠵᠡᠷᠭᠡ ᠳᠦᠷᠢᠮ ᠢ ᠨᠠᠶᠢᠳᠠᠪᠤᠷᠢᠵᠢᠭᠤᠯᠬᠤ ᠦᠭᠡᠶ ᠪᠠᠶᠢᠬᠤ ᠶᠢ ᠭᠤᠣᠯᠳᠠᠯᠭ᠎ᠠ ᠲᠠᠢ | ᠴᠡᠭᠴᠡᠯᠡᠨ ᠵᠠᠰᠠᠬᠤ ᠬᠡᠷᠡᠭᠲᠡᠶ︔ ᠦᠢᠯᠡᠳᠪᠦᠷᠢᠯᠡᠯ ᠤᠨ ᠠᠶᠤᠯᠭᠦᠢ ᠶᠢᠨ ᠠᠳᠡᠯ ᠤᠨ ᠲᠠᠯᠳᠠ ᠭᠡᠮ ᠢ ᠳᠠᠷᠠᠭᠠᠯᠠᠨ | ᠪᠠᠶᠢᠴᠠᠭᠠᠵᠤ ᠵᠠᠰᠠᠬᠤ ᠲᠦᠷᠢᠮ ᠢ ᠲᠣᠭᠲᠠᠭᠠᠨ ᠬᠡᠷᠡᠭᠵᠢᠭᠦᠯᠦᠭᠰᠡᠨ ᠦᠭᠡᠢ︔ ᠤᠯᠤᠰ ᠤᠨ ᠪᠠᠷᠢᠮᠵᠢᠶ᠎ᠠ ᠶᠣᠰᠣᠭᠠᠷ | ᠭᠠᠯ ᠨᠣᠴᠣᠭᠠᠬᠤ᠂ ᠬᠢᠵᠠᠭᠠᠷᠯᠠᠭᠳᠠᠭᠰᠠᠨ ᠣᠷᠣᠨ ᠵᠠᠶ ᠳᠤ ᠣᠷᠣᠭᠤᠯᠬᠤ ᠵᠡᠷᠭᠡ ᠣᠨᠴᠠᠭᠠᠶ ᠠᠵᠢᠯ ᠤᠨ | ᠬᠠᠮᠢᠶᠠᠷᠤᠯᠲᠠ ᠶᠢᠨ ᠳᠦᠷᠢᠮ ᠢ ᠲᠣᠭᠲᠠᠭᠠᠨ ᠬᠡᠷᠡᠭᠵᠢᠭᠦᠯᠦᠭᠰᠡᠨ ᠦᠭᠡᠶ︔ ᠠᠶᠤᠯᠭᠦᠶ ᠴᠠᠭᠯᠢᠭ ᠪᠠ | ᠠᠦ᠋ᠲ᠋ᠣᠴᠢᠯᠠᠭᠰᠠᠨ ᠡᠵᠡᠮᠰᠢᠯ ᠤᠨ ᠰᠢᠰᠲ᠋ᠧᠮ ᠬᠡᠪ ᠢᠶᠠᠷ ᠬᠡᠷᠡᠭᠯᠡᠭᠳᠡᠭᠰᠡᠨ ᠦᠭᠡᠢ︔ ᠳᠠᠭᠠᠭᠠᠴᠢᠯᠠᠭᠰᠠᠨ | ᠬᠤᠳᠠᠯᠳᠤᠭᠠᠴᠢᠨ ᠨᠢ ᠬᠢᠷᠢ ᠬᠡᠮ ᠳᠤ ᠨᠡᠶᠢᠴᠡᠬᠦ ᠥᠬᠡᠶ ᠪᠤᠶᠤ ᠳᠠᠭᠠᠭᠠᠴᠢᠯᠠᠭᠰᠠᠨ ᠬᠤᠳᠠᠯᠳᠤᠭᠠᠴᠢᠨ ᠤ ᠠᠮᠤᠷ | ᠲᠦᠪᠰᠢᠨ ᠤ ᠬᠠᠮᠢᠶᠠᠷᠤᠯᠲᠠ ᠶᠢ ᠠᠯᠳᠠᠭᠰᠠᠨ ᠵᠡᠷᠭᠡ ᠠᠰᠠᠭᠤᠳᠠᠯ᠂ ᠵᠢᠴᠢ ᠠᠵᠤ ᠠᠬᠤᠶᠢᠯᠠᠯ ᠤᠨ | ᠦᠢᠯᠡᠳᠪᠦᠷᠢᠯᠡᠯ ᠤᠨ ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠨᠢ ᠡᠮᠬᠢ ᠵᠠᠮᠪᠠᠷᠠᠭ᠎ᠠ ᠥᠬᠡᠶ᠂ ᠠᠶᠤᠯᠲᠠᠶ ᠬᠢᠮᠢ ᠶᠢᠨ | ᠪᠣᠳᠠᠰ ᠢ ᠬᠠᠳᠠᠭᠠᠯᠠᠵᠤ ᠬᠠᠮᠢᠶᠠᠷᠬᠤ ᠨᠢ ᠱᠠᠭᠠᠷᠳᠠᠯᠭ᠎ᠠ ᠳᠤ ᠨᠡᠶᠢᠴᠡᠬᠦ ᠥᠬᠡᠶ᠂ ᠠᠶᠤᠯᠲᠠᠶ ᠬᠠᠶᠠᠭᠳᠠᠮᠠᠯ ᠪᠣᠳᠠᠰ ᠢ | ᠬᠠᠮᠢᠶᠠᠷᠴᠤ ᠰᠢᠢᠳᠪᠦᠷᠢᠯᠡᠭᠰᠡᠨ ᠨᠢ ᠵᠣᠬᠢᠰ ᠥᠬᠡᠶ᠂ ᠢᠯᠠᠩᠭᠤᠶ᠎ᠠ ᠦᠢᠯᠡᠳᠪᠦᠷᠢᠯᠡᠯ ᠤᠨ ᠲᠥᠬᠦᠭᠡᠷᠦᠮᠵᠢ ᠢᠯᠠᠩᠭᠤᠶ᠎ᠠ | ᠬᠦᠨᠳᠦ ᠶᠡᠭᠡ ᠠᠶᠤᠯ ᠤᠨ ᠡᠬᠢ ᠪᠣᠯᠬᠤ ᠭᠠᠯ ᠢ ᠰᠡᠷᠭᠡᠶᠢᠯᠡᠬᠦ᠂ ᠳᠡᠯᠪᠡᠷᠡᠯᠲᠡ ᠶᠢ ᠰᠡᠷᠭᠡᠶᠢᠯᠡᠬᠦ᠂ ᠲᠠᠶᠢᠪᠤᠩ | ᠴᠠᠬᠢᠯᠭᠠᠨ ᠢ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠥᠬᠡᠶ᠂ ᠰᠣᠬᠤᠷ ᠪᠠᠯᠠᠶ ᠪᠠᠷ ᠭᠠᠷᠤᠯᠲᠠ | ᠪᠠ ᠠᠬᠢᠴᠠ ᠶᠢ ᠨᠢ ᠪᠤᠯᠢᠶᠠᠭᠰᠠᠨ ᠵᠡᠷᠭᠡ ᠠᠰᠠᠭᠤᠳᠠᠯ᠃ ︵ᠲᠦᠷᠦᠭᠦᠯᠡᠬᠦ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ ᠠᠶᠤᠯ ᠲᠠᠢ ᠬᠢᠮᠢ ᠶᠢᠨ ᠠᠵᠤ ᠠᠬᠤᠶᠢᠯᠠᠯ︶᠃ | ︵ᠲᠠᠪᠤ︶ ᠪᠤᠰᠤᠳ ᠠᠵᠢᠯ ᠲᠥᠷᠥᠯ ᠤᠨ ᠬᠦᠷᠢᠶ᠎ᠡ ᠴᠠᠷᠠᠭ᠎ᠠ ᠶᠢᠨ ᠴᠡᠭᠴᠡᠯᠡᠨ ᠵᠠᠰᠠᠬᠤ ᠭᠤᠣᠯᠳᠠᠯᠭ᠎ᠠ | 1 ᠨᠡᠭᠦᠷᠡᠰᠦᠨ ᠤ ᠪᠤᠰᠤ ᠠᠭᠤᠷᠬᠠᠶ ᠶᠢᠨ ᠲᠠᠯ᠎ᠠ ᠪᠠᠷ᠃ ᠭᠦᠨ ᠠᠴᠠ ᠳᠠᠪᠠᠭᠤᠯᠤᠨ ᠨᠡᠭᠡᠭᠡᠨ ᠮᠠᠯᠲᠠᠬᠤ᠂ | ᠵᠢᠷᠤᠭᠯᠠᠨ ᠲᠥᠯᠥᠪᠯᠡᠭᠰᠡᠨ ᠶᠣᠰᠣᠭᠠᠷ ᠪᠦᠲᠦᠭᠡᠨ ᠪᠠᠶᠢᠭᠤᠯᠵᠤ ᠦᠢᠯᠡᠳᠪᠦᠷᠢᠯᠡᠬᠦ ᠦᠭᠡᠶ᠂ ᠮᠠᠰᠢᠨ ᠴᠠᠬᠢᠯᠭᠠᠨ ᠤ | ᠲᠥᠬᠦᠭᠡᠷᠦᠮᠵᠢ ᠶᠢ ᠲᠣᠭᠲᠠᠭᠠᠯ ᠶᠣᠰᠣᠭᠠᠷ ᠪᠠᠶᠢᠴᠠᠭᠠᠨ ᠬᠡᠮᠵᠢᠵᠦ ᠰᠢᠯᠭᠠᠨ ᠪᠠᠶᠢᠴᠠᠭᠠᠭᠰᠠᠨ ᠦᠭᠡᠶ︔ ᠠᠶᠤᠯ ᠥᠬᠡᠶ | ᠦᠢᠯᠡᠳᠪᠦᠷᠢᠯᠡᠯ ᠤᠨ ᠨᠥᠬᠦᠴᠡᠯ ᠢ ᠪᠦᠷᠢᠯᠳᠦᠭᠦᠯᠦᠭᠰᠡᠨ ᠥᠬᠡᠶ ᠠᠭᠤᠷᠬᠠᠶ ᠶᠢ ᠬᠠᠭᠠᠬᠤ ᠠᠴᠠ ᠡᠮᠦᠨ᠎ᠡ ᠱᠠᠯᠠᠪᠳᠠᠨ | ᠦᠢᠯᠡᠳᠪᠦᠷᠢᠯᠡᠬᠦ ᠪᠠ ᠴᠢᠳᠠᠪᠤᠷᠢ ᠠᠴᠠ ᠨᠢ ᠬᠡᠲᠦᠷᠡᠭᠦᠯᠦᠨ᠂ ᠬᠦᠴᠦᠯᠡᠴᠡ ᠠᠴᠠ ᠬᠡᠲᠦᠷᠡᠭᠦᠯᠦᠨ᠂ ᠲᠣᠭᠲᠠᠭᠰᠠᠨ | ᠣᠷᠣᠨ ᠲᠤᠭ᠎ᠠ ᠠᠴᠠ ᠬᠡᠲᠦᠷᠡᠭᠦᠯᠦᠨ ᠦᠢᠯᠡᠳᠪᠦᠷᠢᠯᠡᠵᠤ᠂ ᠨᠢᠭᠡᠨᠲᠡ ᠬᠠᠭᠠᠭᠰᠠᠨ ᠠᠭᠤᠷᠬᠠᠶ ᠶᠢᠨ ᠦᠨᠡᠰᠦ ᠨᠢ | ᠳᠠᠬᠢᠨ ᠰᠡᠷᠭᠦᠪᠡ︔ ᠦᠯᠡᠳᠡᠭᠳᠡᠯ ᠬᠦᠳᠡᠷ ᠤᠨ ᠬᠥᠮᠥᠷᠭᠡ ᠶᠢ ᠵᠥᠪᠰᠢᠶᠡᠷᠡᠭᠦᠯᠦᠭᠡᠳᠦᠶ ᠪᠠᠷ ᠤᠷᠢᠳᠠᠪᠠᠷ | ᠪᠠᠶᠢᠭᠤᠯᠤᠭᠰᠠᠨ᠂ ᠬᠢᠨᠠᠨ ᠵᠥᠪᠰᠢᠶᠡᠷᠡᠭᠦᠯᠦᠭᠡᠳᠦᠶ ᠪᠠᠷ ᠦᠯᠡᠳᠡᠭᠳᠡᠯ ᠬᠦᠳᠡᠷ ᠢ ᠳᠤᠷ᠎ᠠ ᠪᠠᠷ ᠢᠶᠠᠨ | ᠭᠠᠳᠠᠭᠰᠢᠯᠠᠭᠤᠯᠤᠭᠰᠠᠨ ᠵᠡᠷᠭᠡ ᠠᠰᠠᠭᠤᠳᠠᠯ᠃ ︵ᠲᠦᠷᠦᠭᠦᠯᠡᠬᠦ ᠨᠢᠭᠡᠴᠡ᠄ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ︔ ᠬᠠᠷᠢᠭᠤᠴᠠᠬᠤ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ ᠲᠣᠪᠴᠢᠶ᠎ᠠ᠂ ᠳᠣᠲᠣᠭᠠᠳᠤ ᠶᠢ | ᠬᠠᠮᠠᠭᠠᠯᠠᠬᠤ ᠲᠣᠪᠴᠢᠶ᠎ᠠ᠂ ᠨᠡᠭᠦᠷᠡᠰᠦᠨ ᠠᠭᠤᠷᠬᠠᠶ ᠶᠢᠨ ᠪᠤᠰᠤ ᠡᠯ᠎ᠡ ᠠᠵᠤ ᠠᠬᠤᠶᠢᠯᠠᠯ︶᠃ | 2 . ᠬᠤᠸᠠᠷ ᠫᠤᠤᠵᠢᠩ ᠤᠨ ᠲᠠᠯ᠎ᠠ ᠪᠠᠷ᠃ ᠬᠤᠸᠠᠷ ᠫᠤᠤᠵᠢᠩ ᠤᠨ ︽ᠡᠮᠦᠨ᠎ᠡ ᠳᠡᠯᠭᠡᠭᠦᠷ ᠠᠷᠤ ᠲᠠᠯ᠎ᠠ ᠶᠢᠨ | ᠭᠡᠷ᠂ ᠳᠣᠣᠷ᠎ᠠ ᠳᠡᠯᠭᠡᠭᠦᠷ ᠳᠡᠭᠡᠷ᠎ᠡ ᠣᠷᠣᠨ ᠰᠠᠭᠤᠴᠠ︾ ᠵᠡᠷᠭᠡ ᠬᠠᠤᠯᠢ ᠲᠣᠭᠲᠠᠭᠠᠯ ᠠᠴᠠ ᠵᠥᠷᠢᠴᠡᠨ ᠡᠵᠡᠩᠨᠡᠬᠦ | ᠦᠢᠯᠡ ᠠᠵᠢᠯᠯᠠᠭ᠎ᠠ ᠶᠢ ᠭᠤᠣᠯᠳᠠᠯᠭ᠎ᠠ ᠲᠠᠢ ᠴᠡᠭᠴᠡᠯᠡᠨ ᠵᠠᠰᠠᠵᠤ᠂ ᠢᠯᠠᠩᠭᠤᠶ᠎ᠠ ᠡᠵᠡᠩᠨᠡᠯᠲᠡ ᠶᠢᠨ ᠨᠢᠭᠡᠴᠡ ᠶᠢᠨ | ᠬᠡᠲᠦᠷᠡᠲᠡᠯ᠎ᠡ ᠬᠠᠳᠠᠭᠠᠯᠠᠬᠤ᠂ ᠲᠣᠭᠲᠠᠭᠠᠯ ᠠᠴᠠ ᠵᠥᠷᠢᠴᠡᠨ ᠬᠠᠳᠠᠭᠠᠯᠠᠬᠤ᠂ ᠬᠠᠤᠯᠢ ᠪᠤᠰᠤ ᠪᠠᠷ ᠬᠠᠳᠠᠭᠠᠯᠠᠬᠤ᠂ | ᠵᠢᠵᠢᠭᠯᠡᠨ ᠬᠤᠳᠠᠯᠳᠤᠬᠤ ᠴᠢᠭ ᠢ ᠰᠠᠭᠤᠭᠠᠯᠢ ᠠᠷᠠᠳ ᠤᠨ ᠣᠷᠣᠨ ᠰᠠᠭᠤᠴᠠ ᠶᠢᠨ ᠭᠠᠵᠠᠷ ᠲᠠᠯᠠᠪᠤᠷ ᠯᠤᠭ᠎ᠠ ᠨᠢᠭᠡ ᠯᠡ | ᠪᠠᠷᠢᠯᠭ᠎ᠠ ᠶᠢᠨ ᠳᠣᠲᠣᠷ᠎ᠠ ᠪᠠᠶᠢᠷᠢᠯᠠᠭᠤᠯᠬᠤ ᠪᠤᠶᠤ ᠵᠢᠵᠢᠭᠯᠡᠨ ᠬᠤᠳᠠᠯᠳᠤᠬᠤ ᠭᠠᠵᠠᠷ ᠲᠤ ᠢᠯᠡ ᠭᠠᠯ ᠬᠡᠷᠡᠭᠯᠡᠬᠦ | ᠬᠡᠷᠡᠭᠲᠡᠶ︔ ᠬᠤᠸᠠᠷ ᠫᠤᠤᠵᠢᠩ ᠪᠣᠷᠣᠯᠠᠭᠤᠯᠬᠤ᠂ ᠬᠠᠳᠠᠭᠠᠯᠠᠬᠤ᠂ ᠲᠠᠯᠪᠢᠬᠤ ᠵᠡᠷᠭᠡ ᠭᠤᠭᠴᠤᠭ᠎ᠠ ᠳᠠᠬᠢ ᠬᠠᠤᠯᠢ | ᠪᠤᠰᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ᠃ ︵ᠲᠦᠷᠦᠭᠦᠯᠡᠬᠦ ᠨᠢᠭᠡᠴᠡ᠄ ᠪᠠᠴᠢᠮ ᠪᠠᠶᠢᠳᠠᠯ ᠢ | ᠠᠷᠭᠠᠴᠠᠬᠤ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠬᠤᠸᠠᠷ ᠫᠤᠤᠵᠢᠩ ᠡᠵᠡᠩᠨᠡᠬᠦ ᠨᠢᠭᠡᠴᠡ︶᠃ | 3 . ᠭᠠᠯ ᠤᠨᠲᠠᠷᠠᠭᠠᠬᠤ ᠲᠠᠯ᠎ᠠ ᠪᠠᠷ᠃ ᠭᠠᠯ ᠤᠨᠲᠠᠷᠠᠭᠠᠬᠤ ᠠᠮᠤᠷ ᠲᠦᠪᠰᠢᠨ ᠤ ᠭᠤᠷᠪᠠᠨ ᠵᠢᠯ ᠤᠨ ᠲᠤᠰᠬᠠᠶ | ᠴᠡᠭᠴᠡᠯᠡᠨ ᠵᠠᠰᠠᠬᠤ ᠠᠵᠢᠯ ᠤᠨ ᠲᠣᠭᠤᠷᠢᠨ ᠳᠤ᠂ ᠭᠠᠯ ᠤᠨᠲᠠᠷᠠᠭᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ | ᠳᠦᠷᠢᠮ ᠢ ᠨᠠᠶᠢᠳᠠᠪᠤᠷᠢᠵᠢᠭᠤᠯᠤᠭᠰᠠᠨ ᠦᠭᠡᠢ᠂ ᠥᠨᠳᠥᠷ ᠪᠠᠷᠢᠯᠭ᠎ᠠ᠂ ᠲᠤᠮᠤ ᠬᠡᠯᠪᠡᠷᠢ ᠶᠢᠨ ᠬᠤᠳᠠᠯᠳᠤᠭᠠᠨ ᠤ | ᠶᠡᠷᠦᠩᠬᠡᠶ ᠴᠣᠭᠴᠠ᠂ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠨᠠᠰᠤᠲᠠᠨ ᠢ ᠠᠰᠠᠷᠠᠬᠤ ᠪᠠᠶᠢᠭᠤᠯᠤᠮᠵᠢ᠂ ᠨᠢᠭᠤᠴᠠ | ᠬᠤᠳᠠᠯᠳᠤᠭᠠᠨ ᠤ ᠬᠤᠲᠠ᠂ ᠪᠠᠭᠤᠳᠠᠯ ᠬᠤᠭᠤᠯᠠᠨ ᠬᠡᠷ᠂ ᠪᠠᠷᠢᠯᠭ᠎ᠠ ᠶᠢᠨ ᠭᠠᠵᠠᠷ᠂ ︽ᠳᠡᠯᠭᠡᠭᠦᠷ ᠲᠤ ᠪᠠᠭᠤᠵᠤ | ᠭᠡᠷ ᠲᠡᠭᠡᠨ ᠰᠠᠭᠤᠨ᠎ᠠ᠂ ᠡᠮᠦᠨ᠎ᠡ ᠳᠡᠯᠭᠡᠭᠦᠷ ᠬᠡᠷ︾ ᠡᠵᠡᠩᠨᠡᠬᠦ ᠳᠡᠯᠭᠡᠭᠦᠷ᠂ ᠣᠯᠠᠨ ᠨᠡᠶᠢᠲᠡ ᠶᠢᠨ ᠵᠤᠭ᠎ᠠ ᠴᠡᠩᠭᠡᠯ | ᠵᠡᠷᠭᠡ ᠬᠥᠮᠦᠨ ᠣᠯᠠᠨ ᠴᠤᠭᠯᠠᠷᠠᠬᠤ ᠲᠠᠯᠠᠪᠤᠷ ᠵᠢᠴᠢ ︽ᠣᠯᠠᠨ ᠲᠠᠯ᠎ᠠ ᠶᠢ ᠨᠢᠭᠡᠳᠬᠡᠬᠦ︾᠂ ᠣᠯᠠᠭᠤᠯᠠ | ᠲᠦᠷᠢᠶᠡᠰᠦᠯᠡᠬᠦ ᠭᠡᠷ᠂ ᠬᠠᠭᠤᠴᠢᠨ ᠰᠠᠭᠤᠭᠠᠯᠢ ᠲᠣᠭᠤᠷᠢᠭ᠂ ᠠᠷᠠᠳ ᠤᠨ ᠪᠠᠭᠤᠳᠠᠯ ᠵᠡᠷᠭᠡ ᠲᠠᠯᠠᠪᠤᠷ ᠤᠨ ᠭᠠᠯ ᠤᠨ | ᠠᠶᠤᠯ ᠤᠨ ᠳᠠᠯᠳᠠ ᠭᠡᠮ᠂ ᠴᠠᠬᠢᠯᠭᠠᠨ ᠬᠥᠳᠡᠯᠭᠡᠭᠦᠷᠲᠦ ᠳᠤᠭᠤᠶ ᠲᠡᠷᠭᠡ ᠶᠢᠨ ᠭᠠᠯ ᠤᠨᠲᠠᠷᠠᠭᠠᠬᠤ ᠠᠮᠤᠷ | ᠲᠦᠪᠰᠢᠨ ᠤ ᠬᠠᠮᠢᠶᠠᠷᠤᠯᠲᠠ ᠬᠦᠷᠦᠯᠴᠡᠬᠦ ᠥᠬᠡᠶ ᠪᠠᠶᠢᠨ᠎ᠠ᠂ ᠪᠠᠭ᠎ᠠ ᠵᠢᠵᠢᠭ ᠠᠵᠤ ᠠᠬᠤᠶᠢᠯᠠᠯ᠂ ᠭᠡᠷ ᠪᠦᠯᠢ ᠶᠢᠨ | ᠦᠢᠯᠡᠳᠬᠡᠯ ᠲᠣᠭᠲᠠᠭᠠᠯ ᠢ ᠵᠥᠷᠢᠴᠡᠨ ᠪᠠᠶᠢᠭᠤᠯᠪᠠ᠂ ᠴᠠᠬᠢᠯᠭᠠᠨ ᠬᠡᠯᠬᠢᠶᠡᠨ ᠤ ᠬᠠᠭᠤᠴᠢᠷᠠᠯ᠂ ᠲᠠᠷᠬᠠᠬᠤ ᠵᠠᠮ | ᠰᠠᠭᠠᠳ ᠲᠠᠢ᠂ ᠭᠠᠯ ᠤᠨᠲᠠᠷᠠᠭᠠᠬᠤ ᠲᠥᠬᠦᠭᠡᠷᠦᠮᠵᠢ ᠶᠢᠨ ᠡᠪᠳᠡᠷᠡᠯ᠂ ᠠᠮᠤᠷ ᠲᠦᠪᠰᠢᠨ ᠤ ᠪᠣᠯᠪᠠᠰᠤᠷᠠᠯ ᠪᠠ | ᠰᠣᠷᠢᠯᠲᠠ ᠶᠢ ᠪᠣᠳᠠᠲᠠᠶᠢᠵᠢᠭᠤᠯᠤᠭᠰᠠᠨ ᠦᠭᠡᠢ ᠵᠡᠷᠭᠡ ᠠᠰᠠᠭᠤᠳᠠᠯ᠃ ︵ᠲᠦᠷᠦᠭᠦᠯᠡᠬᠦ ᠨᠢᠭᠡᠴᠡ᠄ ᠭᠠᠯ ᠤᠨᠲᠠᠷᠠᠭᠠᠵᠤ | ᠠᠪᠤᠷᠠᠨ ᠲᠤᠰᠠᠯᠠᠬᠤ ᠶᠡᠭᠡ ᠠᠩᠭᠢ︔ ᠬᠠᠷᠢᠭᠤᠴᠠᠯᠭᠠᠲᠤ ᠨᠢᠭᠡᠴᠡ᠄ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ | ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠷᠠᠳ ᠤᠨ ᠶᠠᠪᠤᠳᠠᠯ ᠤᠨ ᠲᠣᠪᠴᠢᠶ᠎ᠠ᠂ ᠣᠷᠣᠨ | ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ | ᠮᠡᠨᠳᠦ ᠶᠢᠨ ᠵᠥᠪᠯᠡᠯ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶᠃ | 4 . ᠪᠠᠷᠢᠯᠭ᠎ᠠ ᠪᠠᠷᠢᠬᠤ ᠲᠠᠯ᠎ᠠ ᠪᠠᠷ᠃ ᠪᠠᠷᠢᠯᠭ᠎ᠠ ᠪᠠᠷᠢᠬᠤ ᠠᠵᠤ ᠠᠬᠤᠶᠢᠯᠠᠯ ᠬᠠᠮᠢᠶ᠎ᠠ ᠪᠥᠬᠦᠶ ᠬᠢᠷᠢ ᠬᠡᠮ ᠤᠨ | ᠦᠨᠡᠮᠯᠡᠯ ᠥᠬᠡᠶ ᠪᠤᠶᠤ ᠬᠢᠷᠢ ᠬᠡᠮ ᠤᠨ ᠬᠡᠪᠴᠢᠶᠡᠨ ᠠᠴᠠ ᠪᠠᠨ ᠳᠠᠪᠠᠵᠤ ᠪᠠᠷᠢᠯᠭ᠎ᠠ ᠳᠠᠭᠠᠭᠠᠴᠢᠯᠠᠬᠤ ᠵᠢᠴᠢ | ᠬᠠᠤᠯᠢ ᠠᠴᠠ ᠵᠥᠷᠢᠴᠡᠨ ᠪᠠᠷᠢᠯᠭ᠎ᠠ ᠶᠢ ᠬᠤᠪᠢᠶᠠᠨ ᠳᠠᠭᠠᠭᠠᠴᠢᠯᠠᠬᠤ᠂ ᠪᠠᠷᠢᠯᠭ᠎ᠠ ᠶᠢ ᠰᠢᠯᠵᠢᠭᠦᠯᠦᠨ ᠳᠠᠭᠠᠭᠠᠴᠢᠯᠠᠬᠤ᠂ | ᠪᠠᠷᠢᠯᠭ᠎ᠠ ᠶᠢᠨ ᠬᠤᠭᠤᠴᠠᠭ᠎ᠠ ᠶᠢ ᠰᠣᠬᠤᠷ ᠪᠠᠯᠠᠶ ᠪᠠᠷ ᠵᠠᠪᠳᠤᠬᠤ᠂ ᠠᠬᠢᠴᠠ ᠪᠠ ᠦᠶᠡᠷ ᠤᠨ ᠬᠤᠭᠤᠴᠠᠭᠠᠨ ᠳᠤ ᠮᠠᠭᠤ | ᠠᠭᠤᠷ ᠠᠮᠢᠰᠬᠤᠯ ᠢ ᠵᠠᠪᠳᠤᠨ ᠠᠯᠪᠠᠳᠠᠯᠭ᠎ᠠ ᠪᠠᠷ ᠵᠣᠬᠢᠶᠠᠨ ᠪᠠᠶᠢᠭᠤᠯᠤᠨ ᠪᠠᠷᠢᠯᠭ᠎ᠠ ᠪᠠᠷᠢᠬᠤ᠂ ᠢᠯᠠᠩᠭᠤᠶ᠎ᠠ | ᠴᠢᠭᠢᠭᠯᠢᠭ ᠠᠴᠠ ᠰᠡᠷᠭᠡᠶᠢᠯᠡᠬᠦ᠂ ᠭᠠᠯ ᠰᠡᠷᠭᠡᠶᠢᠯᠡᠬᠦ᠂ ᠬᠤᠤᠷᠳᠠᠭᠳᠠᠵᠤ ᠠᠮᠢᠰᠬᠤᠯ ᠪᠦᠲᠡᠬᠦ ᠶᠢ ᠰᠡᠷᠭᠡᠶᠢᠯᠡᠬᠦ ᠠᠵᠢᠯ ᠤᠨ | ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠤᠭᠰᠠᠨ ᠥᠬᠡᠶ ᠵᠡᠷᠭᠡ ᠠᠰᠠᠭᠤᠳᠠᠯᠢ ᠭᠤᠣᠯᠳᠠᠯᠭ᠎ᠠ ᠲᠠᠢ ᠴᠡᠭᠴᠡᠯᠡᠨ ᠵᠠᠰᠠᠬᠤ | ᠬᠡᠷᠡᠭᠲᠡᠶ︔ ᠡᠷᠭᠦᠭᠦᠯ ᠮᠠᠰᠢᠨ᠂ ᠭᠦᠨ ᠰᠠᠭᠤᠷᠢ ᠨᠦᠬᠡ᠂ ᠥᠨᠳᠥᠷ ᠲᠤᠯᠤᠭᠠᠰᠤᠲᠤ ᠬᠡᠪ᠂ ᠴᠠᠬᠤᠯᠠᠭᠤᠷ᠂ ᠠᠪᠠᠷᠢᠮᠠᠯ | ᠵᠢᠶᠠᠰᠠ ᠵᠡᠷᠭᠡ ᠠᠶᠤᠯᠲᠤ ᠴᠢᠨᠠᠷ ᠢᠶᠠᠷ ᠨᠡᠯᠢᠶᠡᠳ ᠶᠡᠭᠡ ᠬᠡᠰᠡᠭ ᠪᠦᠯᠦᠭ ᠲᠥᠷᠥᠯ ᠵᠣᠶᠢᠯ ᠤᠨ ᠪᠠᠷᠢᠯᠭ᠎ᠠ ᠪᠣᠯᠤᠨ | ᠤᠰᠤᠨ ᠠᠰᠢᠭᠯᠠᠯᠲᠠ ᠶᠢᠨ ᠪᠠᠷᠢᠯᠭ᠎ᠠ ᠵᠢᠴᠢ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ᠂ ᠬᠤᠲᠠ ᠶᠢᠨ | ᠶᠠᠪᠤᠳᠠᠯ ᠤᠨ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠵᠡᠷᠭᠡ ᠳᠤ ᠣᠷᠣᠰᠢᠵᠤ ᠪᠠᠶᠢᠭ᠎ᠠ ᠠᠮᠤᠷ ᠲᠦᠪᠰᠢᠨ ᠤ | ᠳᠠᠯᠳᠠ ᠭᠡᠮ᠃ ︵ᠲᠦᠷᠦᠭᠦᠯᠡᠬᠦ ᠨᠢᠭᠡᠴᠡ᠄ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠤᠰᠤᠨ ᠠᠰᠢᠭᠯᠠᠯᠲᠠ ᠶᠢᠨ ᠲᠣᠪᠴᠢᠶ᠎ᠠ᠂ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ ᠪᠠᠷᠢᠯᠭ᠎ᠠ ᠶᠢᠨ ᠠᠵᠢᠯ ᠤᠨ ᠠᠵᠤ ᠠᠬᠤᠶᠢᠯᠠᠯ | 5 . ᠰᠢᠲᠠᠮᠠᠬᠠᠶ ᠬᠡᠶ ᠶᠢᠨ ᠲᠠᠯ᠎ᠠ ᠪᠠᠷ᠃ ᠰᠢᠲᠠᠮᠠᠬᠠᠶ ᠬᠡᠶ ᠶᠢᠨ ᠠᠵᠤ ᠠᠬᠤᠶᠢᠯᠠᠯ ᠤᠨ ᠦᠨᠡᠮᠯᠡᠯ ᠥᠬᠡᠶ ᠪᠠᠷ | ᠡᠵᠡᠩᠨᠡᠬᠦ᠂ ᠲᠦᠩᠰᠡᠨ ᠳᠤ ᠰᠠᠪᠠᠯᠠᠭᠰᠠᠨ ᠰᠢᠩᠭᠡᠨᠵᠢᠮᠡᠯ ᠬᠡᠶ ᠶᠢ ᠬᠠᠤᠯᠢ ᠪᠤᠰᠤ ᠪᠠᠷ ᠬᠠᠳᠠᠭᠠᠯᠠᠬᠤ᠂ ᠲᠡᠭᠡᠭᠡᠪᠦᠷᠢᠯᠡᠬᠦ᠂ | ᠳᠦᠭᠦᠷᠭᠡᠬᠦ ᠪᠠ ᠭᠡᠳᠡᠷᠭᠦ ᠰᠠᠪᠠᠯᠠᠬᠤ ᠵᠡᠷᠭᠡ ᠦᠢᠯᠡ ᠠᠵᠢᠯᠯᠠᠭ᠎ᠠ᠂ ᠢᠳᠡᠭᠡᠨ ᠤᠮᠳᠠᠭᠠᠨ ᠤ ᠳᠡᠯᠭᠡᠭᠦᠷ ᠵᠡᠷᠭᠡ | ᠰᠢᠲᠠᠮᠠᠬᠠᠶ ᠬᠡᠶ ᠬᠡᠷᠡᠭᠯᠡᠬᠦ ᠲᠠᠯᠠᠪᠤᠷ ᠲᠠᠬᠢ ᠰᠢᠲᠠᠮᠠᠬᠠᠶ ᠬᠡᠶ ᠶᠢᠨ ᠪᠠᠭᠠᠵᠢ ᠬᠡᠷᠡᠭᠰᠡᠯ᠂ ᠰᠢᠲᠠᠮᠠᠬᠠᠶ ᠬᠡᠶ ᠶᠢᠨ ᠲᠤᠰᠠᠯᠠᠬᠤ | ᠲᠥᠬᠦᠭᠡᠷᠦᠮᠵᠢ ᠪᠡᠯᠡᠳᠬᠡᠮᠵᠢ ᠪᠠ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠵᠡᠷᠭᠡ ᠳᠤ | ᠣᠷᠣᠰᠢᠵᠤ ᠪᠠᠶᠢᠭ᠎ᠠ ᠠᠮᠤᠷ ᠲᠦᠪᠰᠢᠨ ᠤ ᠬᠡᠮ ᠰᠣᠭᠤᠭ ᠢ ᠭᠤᠣᠯᠳᠠᠯᠭ᠎ᠠ ᠲᠠᠢ ᠴᠡᠭᠴᠡᠯᠡᠨ ᠵᠠᠰᠠᠨ᠎ᠠ᠃ ︵ | ᠲᠦᠷᠦᠭᠦᠯᠡᠬᠦ ᠨᠢᠭᠡᠴᠡ᠄ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ | ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ | ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠭᠢ᠂ ᠡᠯ᠎ᠡ ᠰᠢᠲᠠᠮᠠᠬᠠᠶ ᠬᠡᠢ ᠶᠢᠨ ᠨᠢᠭᠡᠴᠡ ᠪᠣᠯᠤᠨ ᠰᠢᠲᠠᠮᠠᠬᠠᠶ ᠬᠡᠢ | ᠬᠡᠷᠡᠭᠯᠡᠬᠦ ᠲᠠᠯᠠᠪᠤᠷ︶᠃ | 6᠂ ᠣᠨᠴᠠ ᠲᠦᠷᠦᠯ ᠤᠨ ᠲᠤᠨᠤᠭ ᠲᠥᠬᠦᠭᠡᠷᠦᠮᠵᠢ ᠶᠢᠨ ᠲᠠᠯ᠎ᠠ ᠪᠠᠷ᠃ ᠠᠶᠤᠯᠲᠠᠶ ᠬᠢᠮᠢ ᠶᠢᠨ ᠪᠣᠳᠠᠰ ᠤᠨ ᠬᠠᠮᠢᠶ᠎ᠠ | ᠪᠥᠬᠦᠶ ᠣᠨᠴᠠ ᠲᠥᠷᠥᠯ ᠤᠨ ᠲᠥᠬᠦᠭᠡᠷᠦᠮᠵᠢ᠂ ᠲᠣᠮᠣ ᠬᠡᠯᠪᠡᠷᠢ ᠶᠢᠨ ᠵᠤᠭ᠎ᠠ ᠴᠡᠩᠭᠡᠯ ᠤᠨ ᠲᠥᠬᠦᠭᠡᠷᠦᠮᠵᠢ᠂ | ᠴᠠᠬᠢᠯᠭᠠᠨ ᠥᠷᠲᠡᠭᠡᠨ ᠤ ᠭᠦᠸᠧᠯᠦ ᠶᠢᠨ ᠳᠠᠷᠤᠯᠲᠠᠲᠤ ᠬᠤᠭᠤᠯᠠᠶ᠂ ᠡᠷᠭᠦᠭᠦᠯ ᠮᠠᠰᠢᠨ ᠵᠡᠷᠭᠡ ᠣᠨᠴᠠ ᠲᠥᠷᠥᠯ ᠤᠨ | ᠲᠥᠬᠦᠭᠡᠷᠦᠮᠵᠢ ᠵᠢᠴᠢ ᠰᠤᠷᠭᠠᠭᠤᠯᠢ᠂ ᠡᠮᠨᠡᠯᠭᠡ ᠶᠢᠨ ᠬᠤᠷᠢᠶ᠎ᠠ᠂ ᠵᠣᠴᠢᠳ ᠤᠨ ᠪᠠᠭᠤᠳᠠᠯ ᠵᠡᠷᠭᠡ ᠬᠥᠮᠦᠨ ᠣᠯᠠᠨ | ᠴᠤᠭᠯᠠᠷᠠᠬᠤ ᠲᠠᠯᠠᠪᠤᠷ ᠤᠨ ᠴᠠᠬᠢᠯᠭᠠᠨ ᠱᠠᠲᠤ ᠶᠢᠨ ᠠᠮᠤᠷ ᠲᠦᠪᠰᠢᠨ ᠤ ᠬᠡᠮ ᠰᠣᠭᠤᠭ ᠢ ᠭᠤᠣᠯᠳᠠᠯᠭ᠎ᠠ ᠲᠠᠢ | ᠴᠡᠭᠴᠡᠯᠡᠨ ᠵᠠᠰᠠᠬᠤ ᠬᠡᠷᠡᠭᠲᠡᠶ᠃ ᠳᠠᠩᠰᠠᠯᠠᠨ ᠬᠡᠷᠡᠭᠯᠡᠭᠰᠡᠨ ᠦᠭᠡᠶ᠂ ᠰᠢᠯᠭᠠᠨ ᠪᠠᠶᠢᠴᠠᠭᠠᠯᠭᠠᠭᠰᠠᠨ ᠦᠭᠡᠶ ᠪᠠᠷ | ᠬᠡᠷᠡᠭᠯᠡᠭᠰᠡᠨ᠂ ᠰᠢᠯᠭᠠᠨ ᠪᠠᠶᠢᠴᠠᠭᠠᠬᠤ ᠬᠤᠭᠤᠴᠠᠭ᠎ᠠ ᠬᠢᠵᠠᠭᠠᠷ ᠠᠴᠠ ᠬᠡᠲᠦᠷᠡᠭᠦᠯᠦᠨ ᠬᠡᠷᠡᠭᠯᠡᠭᠰᠡᠨ᠂ ᠰᠢᠯᠭᠠᠨ | ᠪᠠᠶᠢᠴᠠᠭᠠᠭᠠᠳ ᠬᠢᠷᠢ ᠲᠡᠩᠴᠡᠭᠰᠡᠨ ᠦᠭᠡᠶ ᠬᠡᠷᠡᠭᠯᠡᠭᠰᠡᠨ᠂ ᠬᠠᠮᠠᠭᠠᠯᠠᠵᠤ ᠬᠡᠷᠡᠭᠯᠡᠭᠰᠡᠨ ᠦᠭᠡᠶ ᠪᠠ ᠣᠨᠴᠣᠭᠤᠶ | ᠲᠥᠬᠦᠭᠡᠷᠦᠮᠵᠢ ᠶᠢᠨ ᠠᠵᠢᠯᠯᠠᠭᠰᠠᠳ ᠦᠨᠡᠮᠯᠡᠯ ᠦᠭᠡᠶ ᠪᠠᠷ ᠠᠵᠢᠯ ᠤᠨ ᠪᠠᠶᠢᠷᠢ ᠳᠤ ᠭᠠᠷᠤᠭᠰᠠᠨ ᠵᠡᠷᠭᠡ ᠬᠠᠤᠯᠢ | ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ︵ᠲᠦᠷᠦᠭᠦᠯᠡᠬᠦ | ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠡᠯ᠎ᠡ | ᠬᠠᠮᠢᠶ᠎ᠠ ᠪᠥᠬᠦᠶ ᠠᠵᠤ ᠠᠬᠤᠶᠢᠯᠠᠯ ᠤᠨ ᠨᠢᠭᠡᠴᠡ︶᠃ | 7 . ᠠᠵᠤ ᠦᠢᠯᠡᠳᠪᠦᠷᠢ ᠠᠷᠠᠯᠵᠢᠶᠠᠨ ᠤ ᠲᠠᠯ᠎ᠠ ᠪᠠᠷ᠃ ᠪᠠᠷᠢᠯᠭ᠎ᠠ ᠶᠢᠨ ᠮᠠᠲ᠋ᠧᠷᠢᠶᠠᠯ᠂ ᠪᠠᠯ ᠴᠢᠯᠠᠭᠤᠨ ᠤ | ᠠᠯᠺᠧᠨ ᠤ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ ᠯᠡᠪᠡᠷᠡᠬᠦ᠂ ᠬᠤᠣᠷᠳᠠᠭᠳᠠᠬᠤ ᠶᠢ ᠰᠡᠷᠭᠡᠶᠢᠯᠡᠬᠦ᠂ | ᠠᠮᠢᠰᠬᠤᠯ ᠪᠦᠲᠡᠬᠦ᠂ ᠳᠡᠯᠪᠡᠷᠡᠬᠦ ᠵᠡᠷᠭᠡ ᠳᠦᠷᠢᠮ ᠢ ᠪᠣᠳᠠᠲᠠᠶᠢᠵᠢᠭᠤᠯᠤᠭᠰᠠᠨ ᠦᠭᠡᠢ᠂ ᠰᠡᠯᠪᠢᠨ ᠵᠠᠰᠠᠬᠤ ᠠᠵᠢᠯ ᠤᠨ | ᠠᠮᠤᠷ ᠲᠦᠪᠰᠢᠨ ᠢ ᠨᠤᠲᠠᠯᠠᠬᠤ᠂ ᠦᠨᠳᠦᠰᠦᠨ ᠵᠦᠢᠯ ᠢ ᠨᠢ ᠲᠤᠰᠢᠶᠠᠬᠤ᠂ ᠬᠠᠷᠠᠭᠠᠯᠵᠠᠨ ᠬᠠᠮᠠᠭᠠᠯᠠᠬᠤ ᠶᠢ | ᠪᠣᠳᠠᠲᠠᠶᠢᠵᠢᠭᠤᠯᠤᠭᠰᠠᠨ ᠦᠭᠡᠢ︔ ᠢᠳᠡᠭᠡᠨ ᠡᠳ᠋ᠰᠢᠭᠦᠯᠬᠦ ᠠᠵᠤ ᠠᠬᠤᠶᠢᠯᠠᠯ ᠢᠶᠠᠷ ᠭᠤᠣᠯᠳᠠᠯᠭ᠎ᠠ ᠪᠣᠯᠭᠠᠵᠤ᠂ | ᠬᠢᠵᠠᠭᠠᠷ ᠲᠠᠢ ᠣᠷᠣᠨ ᠵᠠᠶ ᠳᠤ ᠠᠵᠢᠯᠯᠠᠬᠤ ᠠᠮᠤᠷ ᠲᠦᠪᠰᠢᠨ ᠤ ᠬᠠᠷᠢᠭᠤᠴᠠᠯᠭ᠎ᠠ ᠶᠢᠨ ᠲᠦᠷᠢᠮ ᠢ ᠪᠠᠶᠢᠭᠤᠯᠤᠭᠰᠠᠨ | ᠥᠬᠡᠶ᠂ ᠰᠠᠭᠤᠷᠢ ᠲᠤᠭ᠎ᠠ ᠨᠢ ᠲᠣᠳᠣᠷᠬᠠᠶ ᠥᠬᠡᠶ ᠪᠠᠶᠢᠳᠠᠯ ᠲᠣᠳᠣᠷᠬᠠᠶ ᠥᠬᠡᠶ᠂ ᠰᠡᠷᠡᠮᠵᠢᠯᠡᠭᠦᠯᠬᠦ ᠲᠡᠮᠳᠡᠭ ᠪᠠ ᠠᠮᠤᠷ | ᠲᠦᠪᠰᠢᠨ ᠤ ᠮᠡᠳᠡᠭᠳᠡᠯ ᠳᠣᠭᠢᠷᠠᠭᠤᠯᠤᠭᠰᠠᠨ ᠥᠬᠡᠶ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠪᠣᠯᠪᠠᠰᠤᠷᠠᠭᠤᠯᠤᠯ ᠬᠥᠮᠦᠵᠢᠯ ᠢ ᠥᠷᠨᠢᠭᠦᠯᠦᠭᠰᠡᠨ ᠥᠬᠡᠶ᠂ ᠵᠣᠬᠢᠬᠤ ᠬᠠᠮᠠᠭᠠᠯᠠᠯᠲᠠ ᠶᠢᠨ ᠬᠡᠷᠡᠭᠰᠡᠯ ᠳᠣᠭᠢᠷᠠᠭᠤᠯᠤᠭᠰᠠᠨ | ᠥᠬᠡᠶ ᠵᠡᠷᠭᠡ ᠠᠰᠠᠭᠤᠳᠠᠯ ᠢ ᠴᠡᠭᠴᠡᠯᠡᠨ ᠵᠠᠰᠠᠨ᠎ᠠ᠃ ︵ᠲᠦᠷᠦᠭᠦᠯᠡᠬᠦ ᠨᠢᠭᠡᠴᠡ᠄ ᠪᠠᠴᠢᠮ ᠪᠠᠶᠢᠳᠠᠯ ᠢ ᠠᠷᠭᠠᠴᠠᠬᠤ | ᠲᠣᠪᠴᠢᠶ᠎ᠠ︔ ᠬᠠᠷᠢᠭᠤᠴᠠᠯᠭᠠᠲᠤ ᠨᠢᠭᠡᠴᠡ᠄ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠡᠯ᠎ᠡ | ᠬᠠᠮᠢᠶ᠎ᠠ ᠪᠥᠬᠦᠶ ᠠᠵᠤ ᠠᠬᠤᠶᠢᠯᠠᠯ︶ | 8 . ᠪᠤᠰᠤᠳ ᠲᠠᠯ᠎ᠠ᠃ ᠵᠢᠭᠤᠯᠴᠢᠯᠠᠯ᠂ ᠲᠠᠷᠢᠶᠠᠯᠠᠩ ᠤᠨ ᠮᠠᠰᠢᠨ ᠮᠧᠬᠠᠨᠢᠭ᠂ ᠠᠷᠠᠳ ᠤᠨ ᠬᠡᠷᠡᠭᠯᠡᠭᠡᠨ ᠤ | ᠳᠡᠯᠪᠡᠷᠡᠬᠦ ᠡᠳ᠋ ᠪᠣᠳᠠᠰ᠂ ᠴᠠᠬᠢᠯᠭᠠᠨ ᠬᠦᠴᠦᠨ᠂ ᠤᠰᠤᠨ ᠠᠰᠢᠭᠯᠠᠯᠲᠠ᠂ ᠠᠷᠠᠳ ᠤᠨ ᠶᠠᠪᠤᠳᠠᠯ ᠵᠡᠷᠭᠡ | ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶ᠎ᠡ ᠵᠢᠴᠢ ᠰᠢᠨ᠎ᠡ ᠠᠵᠢᠯ ᠲᠦᠷᠦᠯ ᠰᠢᠨ᠎ᠡ ᠡᠵᠡᠩᠨᠡᠯᠲᠡ ᠶᠢᠨ | ᠪᠠᠶᠢᠳᠠᠯ ᠲᠠᠢ ᠴᠤ ᠲᠤᠰ ᠲᠤᠰ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠠᠶᠤᠯᠭᠦᠢ ᠦᠢᠯᠡᠳᠪᠦᠷᠢᠯᠡᠯ ᠢ | ᠲᠥᠪᠯᠡᠷᠡᠭᠦᠯᠦᠨ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠬᠦ ᠬᠡᠷᠡᠭᠲᠡᠢ᠃ ︵ᠠᠶᠤᠯ ᠥᠬᠡᠶ ᠶᠢᠨ ᠬᠢᠨᠠᠯᠲᠠ | ᠬᠠᠮᠢᠶᠠᠷᠤᠯᠲᠠ ᠶᠢᠨ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠵᠦ ᠪᠦᠬᠦᠢ ᠬᠠᠮᠢᠶ᠎ᠠ ᠪᠦᠬᠦᠢ ᠰᠠᠯᠠᠭ᠎ᠠ ᠮᠥᠴᠢᠷ ᠤᠳ︶᠃ | ᠭᠤᠷᠪᠠ᠂ ᠠᠵᠢᠯ ᠤᠨ ᠠᠯᠬᠤᠮ ᠳᠠᠷᠠᠭ᠎ᠠ | ᠲᠣᠰ ᠤᠳᠠᠭᠠᠨ ᠤ ᠠᠶᠤᠯ ᠥᠬᠡᠶ ᠦᠢᠯᠡᠳᠪᠦᠷᠢᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ | ᠭᠤᠷᠪᠠᠨ ᠰᠠᠷ᠎ᠠ ᠶᠠᠪᠤᠭᠳᠠᠵᠤ᠂ ᠭᠤᠷᠪᠠᠨ ᠱᠠᠲᠤ ᠬᠤᠪᠢᠶᠠᠨ ᠶᠠᠪᠤᠭᠳᠠᠪᠠ᠃ | ᠨᠢᠭᠡᠳᠦᠭᠡᠷ ᠱᠠᠲᠤ ᠦᠶ᠎ᠡ᠄ ᠳᠠᠶᠢᠴᠢᠯᠠᠯᠲᠠ ᠬᠢᠵᠦ ᠪᠠᠶᠢᠷᠢᠯᠠᠭᠤᠯᠬᠤ ᠱᠠᠲᠤ ᠦᠶ᠎ᠡ ︵2020 ᠣᠨ ᠤ 6 | ᠳ᠋ᠤᠭᠠᠷ ᠰᠠᠷ᠎ᠠ ᠶᠢᠨ 29 ᠤ ᠡᠳᠦᠷ ᠠᠴᠠ 7 ᠳ᠋ᠤᠭᠠᠷ ᠰᠠᠷ᠎ᠠ ᠶᠢᠨ 10 ᠤ ᠡᠳᠦᠷ ᠪᠣᠯᠲᠠᠯ᠎ᠠ︶ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠪᠣᠳᠠᠲᠠᠶ ᠲᠠᠢ ᠪᠠᠨ ᠤᠶᠠᠯᠳᠤᠭᠤᠯᠤᠨ ᠪᠣᠳᠠᠲᠠᠶ ᠠᠵᠢᠯᠯᠠᠬᠤ | ᠲᠥᠰᠦᠯ ᠢ ᠲᠣᠭᠲᠠᠭᠠᠵᠤ᠂ ᠡᠭᠦᠷᠭᠡ ᠪᠠᠨ ᠲᠣᠳᠣᠷᠬᠠᠶᠢᠯᠠᠨ᠂ ᠬᠠᠷᠢᠭᠤᠴᠠᠯᠭ᠎ᠠ ᠪᠠ ᠠᠷᠭ᠎ᠠ ᠬᠡᠮᠵᠢᠶᠡᠪᠠᠨ | ᠨᠠᠷᠢᠯᠢᠬᠵᠢᠭᠤᠯᠬᠤ ᠬᠡᠷᠡᠭᠲᠡᠶ᠃ ᠲᠤᠰᠬᠠᠢ ᠰᠡᠳᠦᠪᠲᠦ ᠳᠠᠶᠢᠴᠢᠯᠡᠯᠲᠡ ᠪᠠ ᠪᠠᠶᠢᠷᠢᠯᠡᠭᠤᠯᠣᠯᠲᠡ ᠶᠢᠨ ᠬᠤᠷᠠᠯ ᠬᠢᠵᠦ᠂ | ᠱᠠᠲᠤ ᠳᠠᠷᠠᠭᠠᠯᠠᠨ ᠤᠬᠠᠭᠤᠯᠤᠨ ᠳᠠᠶᠢᠴᠢᠯᠡᠬᠤ ᠶᠢ ᠥᠷᠨᠢᠭᠦᠯᠵᠦ᠂ ᠬᠤᠲᠠ ᠶᠢᠨ ᠵᠠᠰᠠᠭ ᠤᠨ ᠣᠷᠳᠣᠨ ᠤ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ ᠪᠠ ᠲᠣᠰ ᠲᠥᠰᠦᠯ ᠢ ᠱᠠᠲᠤ ᠱᠠᠲᠤ ᠪᠠᠷ ᠦᠨᠳᠦᠰᠦᠨ ᠱᠠᠲᠤᠨ ᠤ ᠬᠠᠮᠢᠶ᠎ᠠ ᠪᠦᠬᠦᠢ | ᠰᠠᠯᠠᠭ᠎ᠠ ᠮᠥᠴᠢᠷ ᠪᠠ ᠡᠯ᠎ᠡ ᠲᠥᠷᠥᠯ ᠤᠨ ᠠᠵᠤ ᠠᠬᠤᠶᠢᠯᠡᠯ ᠳᠤ ᠤᠯᠠᠮᠵᠢᠯᠠᠪᠠ᠃ | ᠬᠤᠶᠠᠳᠤᠭᠠᠷ ᠱᠠᠲᠤ ᠦᠶ᠎ᠡ᠄ ᠳᠠᠯᠳᠠ ᠬᠡᠮ ᠢ ᠴᠡᠭᠴᠡᠯᠡᠨ ᠵᠠᠰᠠᠬᠤ ᠶᠢ ᠲᠥᠪᠯᠡᠷᠡᠭᠦᠯᠦᠨ ᠥᠷᠨᠢᠭᠦᠯᠬᠦ ᠱᠠᠲᠤ | ᠦᠶ᠎ᠡ ︵2020 ᠣᠨ ᠤ 7 ᠳ᠋ᠤᠭᠠᠷ ᠰᠠᠷ᠎ᠠ ᠶᠢᠨ 11 ᠤ ᠡᠳᠦᠷ ᠠᠴᠠ 2020 ᠣᠨ ᠤ 9 ᠳ᠋ᠦᠭᠡᠷ ᠰᠠᠷ᠎ᠠ ᠶᠢᠨ | 20 ᠤ ᠡᠳᠦᠷ ᠪᠣᠯᠲᠠᠯ᠎ᠠ︶ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠠᠳᠡᠯ ᠤᠨ ᠳᠠᠯᠳᠠ ᠭᠡᠮ ᠤᠨ ︽ᠨᠢᠭᠡ ᠳᠠᠩ ᠲᠠᠪᠤ ᠶᠢᠨ | ᠳᠦᠷᠢᠮ︾ ᠤᠨ ᠱᠠᠭᠠᠷᠳᠠᠯᠭ᠎ᠠ ᠶᠣᠰᠣᠭᠠᠷ᠂ ᠥᠪᠡᠷ ᠢ ᠪᠠᠨ ᠪᠠᠶᠢᠴᠠᠭᠠᠵᠤ ᠥᠪᠡᠷ ᠲᠡᠭᠡᠨ ᠵᠠᠯᠠᠷᠠᠭᠤᠯᠬᠤ ᠶᠢ ᠭᠦᠨᠵᠡᠭᠡᠶ | ᠥᠷᠨᠢᠭᠦᠯᠵᠦ᠂ ᠪᠠᠶᠢᠴᠠᠭᠠᠬᠤ ᠶᠢᠨ ᠳᠠᠭᠠᠤ ᠵᠠᠰᠠᠬᠤ ᠶᠢ ᠪᠠᠷᠢᠮᠲᠠᠯᠠᠬᠤ ᠬᠡᠷᠡᠭᠲᠡᠶ᠃ ᠲᠦᠷ ᠴᠠᠭ ᠴᠡᠭᠴᠡᠯᠡᠨ | ᠰᠠᠶᠢᠵᠢᠷᠠᠭᠤᠯᠬᠤ ᠳᠤ ᠬᠦᠴᠢᠷᠲᠡᠶ ᠳᠠᠯᠳᠠ ᠬᠡᠮ ᠢ ᠱᠠᠲᠤ ᠬᠤᠪᠢᠶᠠᠨ ᠨᠡᠷ᠎ᠡ ᠵᠢᠭᠠᠵᠤ ᠰᠢᠮᠳᠠᠭᠤᠯᠤᠨ᠂ ᠬᠦᠨᠳᠦ ᠶᠡᠭᠡ | ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠠᠶᠤᠯ ᠥᠬᠡᠶ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠬᠡᠷ ᠲᠤ ᠨᠡᠷ᠎ᠡ ᠵᠢᠭᠠᠵᠤ ᠰᠢᠮᠳᠠᠭᠤᠯᠤᠨ ᠰᠢᠮᠳᠠᠭᠤᠯᠤᠨ᠃ ᠲᠥᠪᠯᠡᠷᠡᠭᠦᠯᠦᠨ ᠴᠡᠭᠴᠡᠯᠡᠨ ᠵᠠᠰᠠᠬᠤ ᠬᠤᠭᠤᠴᠠᠭᠠᠨ ᠳᠤ᠂ | ᠬᠤᠰᠢᠭᠤᠨ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠪᠠ ᠡᠯ᠎ᠡ ᠠᠵᠤ ᠠᠬᠤᠶᠢᠯᠠᠯ ᠬᠠᠭᠠᠰ ᠰᠠᠷ᠎ᠠ ᠪᠦᠷᠢ | ᠱᠠᠭᠠᠷᠳᠠᠯᠭ᠎ᠠ ᠶᠣᠰᠣᠭᠠᠷ ᠬᠤᠰᠢᠭᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ | ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠭᠦᠯᠦᠨ ᠬᠦᠷᠭᠡᠨ᠎ᠡ᠃ | ᠭᠤᠷᠪᠠᠳᠤᠭᠠᠷ ᠱᠠᠲᠤ᠄ ᠪᠠᠬᠢᠵᠢᠭᠦᠯᠦᠨ ᠪᠠᠬᠢᠵᠢᠭᠦᠯᠬᠦ ᠱᠠᠲᠤ ︵2020 ᠣᠨ ᠤ 9 ᠳ᠋ᠦᠭᠡᠷ ᠰᠠᠷ᠎ᠠ ᠶᠢᠨ 21 ᠤ | ᠡᠳᠦᠷ ᠠᠴᠠ 2020 ᠣᠨ ᠤ 9 ᠳ᠋ᠦᠭᠡᠷ ᠰᠠᠷ᠎ᠠ ᠶᠢᠨ ᠰᠡᠭᠦᠯᠴᠢ ᠪᠣᠯᠲᠠᠯ᠎ᠠ︶ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠣᠷᠣᠰᠢᠵᠤ ᠪᠠᠶᠢᠭ᠎ᠠ ᠳᠣᠪᠦᠶᠢᠮᠡ ᠠᠰᠠᠭᠤᠳᠠᠯ ᠢ ᠭᠦᠨᠵᠡᠭᠡᠶ | ᠰᠤᠳᠤᠯᠤᠨ ᠮᠠᠭᠠᠳᠯᠠᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠲᠣᠭᠲᠠᠭᠠᠬᠤ ᠶᠢᠨ ᠬᠠᠮᠲᠤ | ᠨᠠᠶᠢᠳᠠᠪᠦᠷᠢᠵᠢᠭᠤᠯᠬᠤ᠂ ᠵᠣᠶᠢᠯ ᠵᠤᠷᠪᠤᠰ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤ ᠬᠡᠷᠡᠭᠲᠡᠶ᠃ ᠬᠤᠰᠢᠭᠤᠨ ᠤ | ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠥᠪᠯᠡᠷᠡᠭᠦᠯᠦᠨ ᠴᠡᠭᠴᠡᠯᠡᠨ ᠵᠠᠰᠠᠭᠰᠠᠨ ᠶᠡᠷᠦᠩᠬᠡᠶ | ᠪᠠᠶᠢᠳᠠᠯ ᠵᠢᠴᠢ ᠰᠠᠶᠢᠨ ᠲᠤᠷᠰᠢᠯᠭ᠎ᠠ ᠠᠷᠭ᠎ᠠ ᠬᠢᠳᠡᠯ ᠢᠶᠠᠨ ᠳ᠋ᠦᠩᠨᠡᠵᠦ᠂ ᠬᠤᠲᠠ ᠶᠢᠨ ᠠᠶᠤᠯᠭᠦᠶ | ᠦᠢᠯᠡᠳᠪᠦᠷᠢᠯᠡᠯ ᠤᠨ ᠵᠥᠪᠯᠡᠯ ᠤᠨ ᠠᠯᠪᠠᠨ ᠬᠡᠷ ᠲᠤ ᠴᠠᠭ ᠲᠤᠬᠠᠶ ᠳᠤᠨᠢ ᠮᠡᠳᠡᠭᠦᠯᠪᠡ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠤᠯᠤᠰ ᠲᠥᠷᠥ ᠶᠢᠨ ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠷᠠᠭᠤᠯᠤᠨ᠎ᠠ᠃ ᠠᠶᠤᠯᠭᠦᠶ | ᠦᠢᠯᠡᠳᠪᠦᠷᠢᠯᠡᠯ ᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ ᠥᠷᠨᠢᠭᠦᠯᠬᠦ ᠪᠣᠯ ᠶᠡᠷᠦᠩᠬᠡᠶ ᠱᠦᠵᠢ ᠰᠢᠶᠢᠨ | ᠫᠢᠩ ᠤᠨ ᠠᠶᠤᠯᠭᠦᠶ ᠦᠢᠯᠡᠳᠪᠦᠷᠢᠯᠡᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ | ᠲᠣᠭᠲᠠᠪᠤᠷᠢᠵᠢᠭᠤᠯᠬᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠠᠲᠤᠯᠠᠬᠤ᠂ | ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠣᠲᠣᠭᠠᠳᠤ ᠱᠠᠭᠠᠷᠳᠠᠯᠭ᠎ᠠ ᠮᠥᠨ᠃ ᠡᠯ᠎ᠡ ᠭᠠᠵᠠᠷ᠂ ᠡᠯ᠎ᠡ ᠬᠠᠮᠢᠶ᠎ᠠ | ᠪᠦᠬᠦᠢ ᠰᠠᠯᠠᠭ᠎ᠠ ᠮᠥᠴᠢᠷ ᠪᠣᠯᠤᠨ ᠨᠢᠭᠡᠴᠢ ᠶᠢᠨ ᠬᠢᠨ ᠬᠠᠷᠢᠭᠤᠴᠠᠯᠭᠠᠲᠤ ᠰᠡᠳᠬᠢᠯᠭᠡ ᠪᠣᠯᠤᠨ ᠲᠣᠯᠭᠠᠮ᠎ᠠ | ᠪᠤᠳᠤᠯ ᠢᠶᠠᠨ ᠦᠨᠡᠨ ᠬᠦ ᠴᠢᠩᠭᠠᠳᠬᠠᠵᠤ᠂ ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠡᠯ᠎ᠡ ᠠᠵᠤ ᠠᠬᠤᠶᠢᠯᠠᠯ ᠤᠨ | ᠭᠤᠣᠯ ᠬᠠᠷᠢᠭᠤᠴᠠᠯᠭᠠᠲᠠᠨ ᠲᠦᠷᠦᠭᠦᠯᠡᠨ ︽ᠭᠠᠵᠠᠷ ᠣᠷᠣᠨ ᠤ ᠬᠥᠭᠵᠢᠯᠲᠡ ᠶᠢ ᠠᠬᠢᠭᠤᠯᠵᠤ᠂ ᠭᠠᠵᠠᠷ ᠣᠷᠣᠨ ᠤ | ᠠᠮᠤᠷ ᠲᠦᠪᠰᠢᠨ ᠢ ᠪᠠᠲᠤᠯᠠᠬᠤ︾ ᠤᠯᠤᠰ ᠲᠦᠷᠦ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠶᠡᠷᠦᠩᠬᠡᠢ ᠱᠦᠵᠢ | ᠰᠢ ᠶᠢᠨ ᠫᠢᠩ ᠤᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ | ᠮᠠᠨ ᠤ ᠬᠤᠳᠠ ᠶᠢᠨ ︽619︾ ᠤ ᠬᠤᠶᠠᠷ ᠵᠠᠮ ᠬᠠᠷᠢᠯᠴᠠᠭᠠᠨ ᠤ ᠠᠳᠡᠯ ᠠᠴᠠ ᠭᠦᠨᠵᠡᠭᠡᠢ ᠰᠤᠷᠭᠠᠮᠵᠢ ᠠᠪᠴᠤ᠂ | ᠬᠠᠷᠢᠭᠤᠴᠠᠯᠭ᠎ᠠ ᠡᠭᠦᠷᠭᠡᠯᠡᠯ ᠢᠶᠠᠨ ᠴᠢᠩᠭᠠᠳᠬᠠᠵᠤ᠂ ᠵᠣᠷᠢᠭᠲᠠᠢ ᠪᠠᠷ ᠬᠠᠲᠠᠭᠤ ᠲᠠᠢ ᠨᠢ ᠬᠠᠯᠳᠠᠵᠤ᠂ ᠬᠡᠯᠪᠡᠷᠢᠴᠢ | ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠲᠥᠪᠯᠡᠷᠡᠭᠦᠯᠦᠨ ᠴᠡᠭᠴᠡᠯᠡᠨ ᠵᠠᠰᠠᠬᠤ ᠡᠯ᠎ᠡ ᠵᠦᠢᠯ ᠤᠨ ᠠᠵᠢᠯ ᠢ | ᠯᠠᠪᠳᠠᠭᠤᠨ ᠪᠠᠲᠤᠲᠠᠢ ᠰᠠᠶᠢᠲᠤᠷ ᠬᠢᠵᠦ᠂ ᠪᠦᠬᠦ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠪᠠᠶᠢᠳᠠᠯ ᠤᠨ | ᠲᠣᠭᠲᠠᠭᠤᠨ ᠪᠠᠶᠢᠬᠤ ᠶᠢ ᠪᠦᠬᠦ ᠬᠦᠴᠦ ᠪᠠᠷ ᠢᠶᠠᠨ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ︵ᠬᠤᠶᠠᠷ︶ ᠨᠠᠷᠢᠨ ᠨᠢᠮᠪᠠᠶ ᠵᠣᠬᠢᠶᠠᠨ ᠪᠠᠶᠢᠭᠤᠯᠵᠤ ᠪᠠᠶᠢᠷᠢᠯᠠᠭᠤᠯᠤᠨ᠎ᠠ᠃ ᠬᠤᠰᠢᠭᠤᠨ ᠨᠠᠮ ᠤᠨ ᠬᠤᠷᠢᠶᠠᠨ ᠤ | ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ | ᠬᠤᠰᠢᠭᠤᠨ ᠳᠠᠷᠤᠭ᠎ᠠ ᠪᠠᠷ ᠪᠠᠶᠢᠩᠭᠤ ᠶᠢᠨ ᠳᠡᠳ᠋ ᠳᠤᠭᠤᠶᠢᠯᠠᠩ ᠤᠨ ᠳᠠᠷᠤᠭ᠎ᠠ ᠪᠣᠯᠭᠠᠵᠤ᠂ ᠪᠤᠰᠤᠳ ᠳᠡᠳ᠋ | ᠬᠤᠰᠢᠭᠤᠨ ᠳᠠᠷᠤᠭ᠎ᠠ ᠪᠠᠷ ᠳᠤᠭᠤᠶᠢᠯᠠᠩ ᠤᠨ ᠳᠡᠳ᠋ ᠳᠠᠷᠤᠭ᠎ᠠ ᠪᠣᠯᠭᠠᠭᠰᠠᠨ ᠪᠥᠬᠦ ᠬᠤᠰᠢᠭᠤᠨ ᠤ ᠠᠶᠤᠯᠭᠦᠶ | ᠦᠢᠯᠡᠳᠪᠦᠷᠢᠯᠡᠯ ᠤᠨ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ | ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠰᠢᠭᠤᠨ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠠᠯᠪᠠᠨ | ᠬᠡᠷ ᠲᠤ ᠲᠣᠬᠢᠷᠠᠭᠤᠯᠵᠤ᠂ ᠡᠳᠦᠷ ᠲᠤᠲᠤᠮ ᠤᠨ ᠪᠣᠳᠠᠲᠠᠶ ᠠᠵᠢᠯ ᠢ ᠬᠠᠷᠢᠭᠤᠴᠠᠨ᠎ᠠ᠃ ᠡᠯ᠎ᠡ ᠭᠠᠵᠠᠷ᠂ ᠡᠯ᠎ᠡ | ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ | ᠭᠤᠣᠯᠳᠠᠯᠭ᠎ᠠ ᠲᠠᠢ ᠬᠦᠷᠢᠶ᠎ᠡ ᠪᠠ ᠦᠶᠡᠷ ᠤᠨ ᠬᠤᠭᠤᠴᠠᠭᠠᠨ ᠤ ᠵᠠᠩᠭᠢᠯᠠᠭ᠎ᠠ ᠶᠢᠨ ᠭᠤᠭᠴᠤᠭ᠎ᠠ ᠶᠢ ᠳᠣᠪᠤᠶᠢᠯᠭᠠᠨ᠂ | ᠪᠣᠳᠠᠲᠠᠶ ᠠᠷᠭ᠎ᠠ ᠬᠡᠮᠵᠢᠶ᠎ᠡ ᠶᠢ ᠬᠢᠨᠠᠮᠠᠭᠠᠶ ᠰᠤᠳᠤᠯᠤᠨ ᠲᠣᠭᠲᠠᠭᠠᠵᠤ᠂ ᠬᠦᠴᠦ ᠪᠠᠨ ᠲᠥᠪᠯᠡᠷᠡᠭᠦᠯᠦᠨ ᠠᠶᠤᠯ ᠥᠬᠡᠶ | ᠦᠢᠯᠡᠳᠪᠦᠷᠢᠯᠡᠯ ᠤᠨ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠠᠬᠢᠭᠤᠯᠬᠤ ᠬᠡᠷᠡᠭᠲᠡᠶ᠃ ᠡᠯ᠎ᠡ ᠲᠤᠰᠬᠠᠶ | ᠠᠵᠢᠯ ᠤᠨ ᠵᠥᠪᠯᠡᠯ ᠵᠢᠴᠢ ᠠᠯᠪᠠᠨ ᠭᠡᠷ ᠨᠢ ᠶᠡᠷᠦᠩᠬᠡᠶᠢᠯᠡᠨ ᠵᠣᠬᠢᠴᠠᠭᠤᠯᠤᠨ ᠰᠢᠮᠳᠠᠭᠤᠯᠬᠤ ᠡᠭᠦᠷᠭᠡ ᠴᠢᠳᠠᠪᠤᠷᠢ ᠪᠠᠨ | ᠭᠦᠢᠴᠡᠳ ᠪᠠᠳᠠᠷᠠᠭᠤᠯᠵᠤ᠂ ᠵᠣᠬᠢᠴᠠᠭᠤᠯᠤᠨ ᠰᠢᠮᠳᠠᠭᠤᠯᠬᠤ ᠪᠠᠨ ᠴᠢᠩᠭᠠᠳᠬᠠᠬᠤ ᠬᠡᠷᠡᠭᠲᠡᠶ᠃ ᠭᠤᠣᠯᠳᠠᠯᠭ᠎ᠠ ᠶᠢ | ᠲᠤᠪᠤᠶᠢᠯᠭᠠᠵᠤ᠂ ᠵᠠᠩᠭᠢᠯᠠᠭ᠎ᠠ ᠶᠢ ᠴᠢᠩᠭ᠎ᠠ ᠠᠩᠬᠠᠷᠴᠤ᠂ ᠠᠮᠢᠨ ᠭᠠᠵᠠᠷ ᠢ ᠨᠢ ᠰᠢᠭᠤᠳ ᠳᠠᠭᠠᠷᠢᠵᠤ᠂ ᠬᠦᠴᠦ | ᠣᠷᠣᠭᠤᠯᠤᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠢᠳᠠᠮᠠᠭᠠᠢ ᠪᠠᠷ ᠪᠣᠳᠠᠲᠠᠢ ᠠᠷᠭ᠎ᠠ ᠭᠠᠷᠭᠠᠵᠤ ᠬᠦᠴᠢᠷ | ᠠᠰᠠᠭᠤᠳᠠᠯᠢ ᠰᠢᠢᠳᠪᠦᠷᠢᠯᠡᠬᠦ ᠬᠡᠷᠡᠭᠲᠡᠢ᠃ ᠭᠤᠣᠯ ᠪᠣᠯᠬᠤ ᠵᠠᠭᠤᠴᠢᠯᠠᠭᠤᠷ᠂ ᠡᠯ᠎ᠡ ᠲᠥᠷᠥᠯ ᠤᠨ ᠲᠠᠪᠴᠠᠩ ᠳᠤ | ᠤᠬᠠᠭᠤᠯᠭ᠎ᠠ ᠪᠠᠨ ᠴᠢᠩᠭᠠᠳᠬᠠᠬᠤ ᠶᠢᠨ ᠬᠠᠮᠲᠤ ᠢᠯᠡᠴᠢᠯᠡᠨ ᠮᠡᠳᠡᠭᠦᠯᠬᠦ ᠳ᠋ᠢᠩᠬᠤᠸᠠ ᠪᠠᠨ ᠢᠯᠡ ᠪᠣᠯᠭᠠᠵᠤ᠂ ᠣᠯᠠᠨ | ᠲᠦᠮᠡᠨ ᠢᠯᠠᠩᠭᠤᠶ᠎ᠠ ᠠᠵᠤ ᠠᠬᠤᠶᠢᠯᠠᠯ ᠤᠨ ᠳᠣᠲᠣᠭᠠᠳᠤ ᠶᠢᠨ ᠠᠵᠢᠯᠲᠠᠨ ᠠᠵᠢᠯᠴᠢᠨ ᠵᠢᠴᠢ ᠭᠡᠷ ᠪᠦᠯᠢ ᠶᠢᠨ ᠬᠢᠨ ᠢ | ᠥᠷᠭᠡᠨ ᠢᠶᠠᠷ ᠳᠠᠶᠢᠴᠢᠯᠠᠨ ᠬᠦᠨᠳᠦ ᠶᠡᠭᠡ ᠳᠠᠯᠳᠠ ᠭᠡᠮ ᠪᠣᠯᠤᠨ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ | ᠢᠯᠡᠴᠢᠯᠡᠨ ᠮᠡᠳᠡᠭᠦᠯᠬᠦ ᠬᠡᠷᠡᠭᠲᠡᠶ᠃ | ︵ᠭᠤᠷᠪᠠ︶ ᠥᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡᠪᠡᠷ ᠵᠠᠰᠠᠬᠤ ᠶᠢ ᠬᠦᠴᠦᠯᠡᠨ ᠠᠬᠢᠭᠤᠯᠤᠨ᠎ᠠ | ᠃ ᠠᠳᠠᠯ ᠤᠨ ᠬᠡᠮ ᠰᠣᠭᠤᠭ ᠢ ᠵᠠᠰᠠᠬᠤ ︽ᠨᠢᠭᠡ ᠬᠠᠭᠤᠳᠠᠰᠤ ᠲᠠᠪᠤᠨ ᠲᠦᠷᠢᠮ︾ ᠤᠨ ᠥᠩᠭᠡᠨ ᠲᠠᠯ᠎ᠠ ᠶᠢ ᠵᠠᠰᠠᠬᠤ | ᠠᠷᠭ᠎ᠠ ᠪᠣᠳᠣᠯᠭ᠎ᠠ ᠶᠢ ᠦᠷᠭᠦᠯᠵᠢᠯᠡᠨ ᠪᠠᠷᠢᠮᠲᠠᠯᠠᠵᠤ᠂ ᠨᠡᠯᠢᠶᠡᠳ ᠶᠡᠭᠡ ᠵᠢᠴᠢ ᠲᠡᠭᠦᠨ ᠠᠴᠠ ᠳᠡᠭᠡᠭᠰᠢᠬᠢ ᠠᠮᠤᠷ | ᠲᠦᠪᠰᠢᠨ ᠤ ᠲᠦᠭᠰᠢᠭᠦᠷᠢ ᠶᠢᠨ ᠬᠡᠮ ᠰᠣᠭᠤᠭ ᠢ ᠪᠥᠬᠦ ᠬᠦᠴᠦᠨ ᠢᠶᠠᠷ ᠰᠡᠷᠭᠡᠶᠢᠯᠡᠨ ᠠᠷᠢᠯᠭᠠᠬᠤ ᠮᠥᠷᠲᠡᠭᠡᠨ ᠪᠠᠰᠠ | ᠠᠶᠤᠯ ᠥᠬᠡᠶ ᠦᠢᠯᠡᠳᠪᠦᠷᠢᠯᠡᠯ ᠤᠨ ︽ᠳᠥᠷᠪᠡᠨ ᠬᠦᠴᠦᠨ ᠵᠣᠶᠢᠯ︾ ︵ᠬᠥᠮᠦᠨ᠂ ᠪᠣᠳᠠᠰ᠂ ᠲᠦᠷᠢᠮ᠂ ᠣᠷᠴᠢᠨ | ᠲᠣᠭᠤᠷᠢᠨ︶ ᠢ ᠬᠠᠮᠢᠶᠠᠷᠤᠨ ᠡᠵᠡᠮᠳᠡᠬᠦ ᠶᠢ ᠪᠥᠬᠦ ᠲᠠᠯ᠎ᠠ ᠪᠠᠷ ᠴᠢᠩᠭᠠᠳᠬᠠᠵᠤ᠂ ᠪᠥᠬᠦ ᠬᠦᠴᠦᠨ ᠵᠣᠶᠢᠯ᠂ ᠪᠥᠬᠦ | ᠶᠠᠪᠤᠴᠠ ᠶᠢᠨ ᠠᠮᠤᠷ ᠲᠦᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠶ︔ ︽ᠬᠤᠶᠠᠷ ᠢ ᠰᠡᠷᠭᠡᠶᠢᠯᠡᠬᠦ︾ | ᠲᠣᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ | ᠪᠠᠶᠢᠭᠤᠯᠤᠨ ᠪᠦᠷᠢᠨᠰᠢᠬᠦᠯᠬᠦ ᠪᠠᠷ ᠪᠠᠷᠠᠬᠤ ᠦᠬᠡᠢ᠂ ᠪᠠᠰᠠ ᠠᠶᠤᠯᠭᠦᠢ ᠦᠢᠯᠡᠳᠪᠦᠷᠢᠯᠡᠯ ᠤᠨ ᠠᠶᠤᠯ ᠲᠦᠭᠰᠢᠭᠦᠷᠢ ᠶᠢᠨ | ᠬᠡᠮ ᠰᠣᠭᠤᠭ ᠪᠣᠯᠤᠨ ᠲᠤᠪᠤᠶᠢᠮ᠎ᠠ ᠠᠰᠠᠭᠤᠳᠠᠯ ᠢ ᠥᠪᠡᠰᠦᠪᠡᠨ ᠪᠠᠶᠢᠴᠠᠭᠠᠵᠤ ᠥᠪᠡᠰᠦᠪᠡᠨ ᠵᠠᠯᠠᠷᠠᠭᠤᠯᠬᠤ ᠤᠷᠳᠤ | ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠤ᠂ ᠮᠥᠨ ᠴᠢᠨᠠᠷ ᠤᠨ ᠠᠮᠤᠷ | ᠲᠦᠪᠰᠢᠨ ᠤ ᠲᠦᠪᠰᠢᠨ ᠢ ᠬᠦᠴᠦᠯᠡᠨ ᠳᠡᠭᠡᠭᠰᠢᠯᠡᠭᠦᠯᠬᠦ ᠬᠡᠷᠡᠭᠲᠡᠢ᠃ | ︵ᠳᠥᠷᠪᠡ︶ ᠬᠠᠤᠯᠢ ᠬᠡᠷᠡᠭᠵᠢᠭᠦᠯᠵᠦ ᠪᠠᠶᠢᠭ᠎ᠠ ᠪᠠᠶᠢᠳᠠᠯ ᠳᠤ ᠬᠢᠨᠠᠯᠲᠠ ᠲᠠᠯᠪᠢᠵᠤ ᠪᠠᠶᠢᠴᠠᠭᠠᠬᠤ ᠪᠠᠨ | ᠴᠢᠩᠭᠠᠳᠬᠠᠬᠤ ᠬᠡᠷᠡᠭᠲᠡᠶ᠃ ᠪᠠᠷᠢᠨ ᠪᠠᠶᠢᠴᠠᠭᠠᠵᠤ ᠪᠠᠷᠢᠨ ᠰᠠᠶᠢᠵᠢᠷᠠᠭᠤᠯᠵᠤ᠂ ᠪᠠᠶᠢᠴᠠᠭᠠᠬᠤ ᠶᠢᠨ ᠳᠠᠭᠠᠤ ᠴᠡᠭᠴᠡᠯᠡᠨ | ᠰᠠᠶᠢᠵᠢᠷᠠᠭᠤᠯᠵᠤ᠂ ᠵᠢᠭᠰᠠᠭᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ ᠬᠠᠤᠯᠢ ᠬᠡᠷᠡᠭᠵᠢᠭᠦᠯᠵᠦ ᠪᠠᠶᠢᠴᠠᠭᠠᠨ | ᠰᠢᠢᠳᠪᠦᠷᠢᠯᠡᠬᠦ᠂ ᠱᠠᠯᠠᠪᠳᠠᠭᠤᠯᠤᠨ ᠪᠠᠶᠢᠴᠠᠭᠠᠵᠤ ᠱᠠᠯᠠᠪᠳᠠᠭᠤᠯᠤᠨ ᠰᠢᠢᠳᠪᠦᠷᠢᠯᠡᠬᠦ ᠶᠢ ᠲᠥᠪᠯᠡᠷᠡᠭᠦᠯᠦᠨ ᠴᠡᠭᠴᠡᠯᠡᠨ | ᠵᠠᠰᠠᠬᠤ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ᠃ ᠠᠵᠤ ᠠᠬᠤᠶᠢᠯᠠᠯ ᠤᠨ ᠬᠠᠤᠯᠢ ᠪᠤᠰᠤ ᠬᠠᠤᠯᠢ ᠠᠴᠠ | ᠵᠥᠷᠢᠴᠡᠭᠰᠡᠨ ᠬᠦᠨᠳᠦ ᠨᠣᠴᠢᠲᠠᠶ ᠦᠢᠯᠡ ᠠᠵᠢᠯᠯᠠᠭ᠎ᠠ ᠳᠤ ︽ᠳᠥᠷᠪᠡᠨ ᠪᠦᠬᠦᠨ︾ ᠵᠡᠷᠭᠡ ᠬᠠᠤᠯᠢ ᠬᠡᠷᠡᠭᠵᠢᠭᠦᠯᠬᠦ | ᠠᠷᠭ᠎ᠠ ᠬᠡᠮᠵᠢᠶ᠎ᠡ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ᠂ ᠲᠠᠰ ᠳᠠᠷᠠᠭᠠᠯᠠᠯ ᠶᠣᠰᠣᠭᠠᠷ ᠠᠶᠤᠯ ᠥᠬᠡᠶ | ᠦᠢᠯᠡᠳᠪᠦᠷᠢᠯᠡᠯ ᠤᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ︽ᠬᠠᠷ᠎ᠠ ᠲᠠᠩᠰᠠ︾ ᠳᠤ ᠣᠷᠣᠭᠤᠯᠵᠤ᠂ ᠠᠵᠤ | ᠠᠬᠤᠶᠢᠯᠠᠯ ᠢ ᠰᠢᠮᠳᠠᠭᠤᠯᠵᠤ ᠪᠠᠶᠢᠭᠠᠳ ᠴᠡᠭᠴᠡᠯᠡᠨ ᠰᠠᠶᠢᠵᠢᠷᠠᠭᠤᠯᠵᠤ ᠪᠣᠳᠠᠲᠠᠶᠢᠵᠢᠭᠤᠯᠬᠤ ᠬᠡᠷᠡᠭᠲᠡᠶ︔ ᠬᠢᠨᠠᠨ | ᠬᠠᠮᠢᠶᠠᠷᠴᠤ ᠬᠠᠤᠯᠢ ᠬᠡᠷᠡᠭᠵᠢᠭᠦᠯᠬᠦ ᠶᠢ ᠲᠡᠪᠴᠢᠭᠰᠡᠨ ᠪᠤᠶᠤ ᠬᠦᠨᠳᠦ ᠶᠡᠭᠡ ᠳᠠᠯᠳᠠ ᠭᠡᠮ ᠣᠷᠣᠰᠢᠵᠤ ᠪᠠᠶᠢᠭᠠᠳ | ᠴᠡᠭᠴᠡᠯᠡᠨ ᠰᠠᠶᠢᠵᠢᠷᠠᠭᠤᠯᠬᠤ ᠶᠢ ᠲᠡᠪᠴᠢᠭᠰᠡᠨ ᠪᠠᠶᠢᠪᠠᠯ᠂ ᠦᠨᠡᠨ ᠬᠦ ᠬᠠᠲᠠᠭᠤ ᠲᠠᠢ ᠨᠢ ᠬᠠᠯᠳᠠᠵᠤ᠂ ᠬᠠᠤᠯᠢ ᠶᠣᠰᠣᠭᠠᠷ | ᠠᠯᠪᠠᠳᠠᠯᠭ᠎ᠠ ᠶᠢᠨ ᠠᠷᠭ᠎ᠠ ᠬᠡᠮᠵᠢᠶ᠎ᠡ ᠠᠪᠬᠤ ᠬᠡᠷᠡᠭᠲᠡᠶ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠦᠭᠡᠶ᠂ | ᠬᠠᠮᠢᠶᠠᠷᠤᠯᠲᠠ ᠶᠢ ᠪᠣᠳᠠᠲᠠᠶᠢᠵᠢᠭᠤᠯᠤᠭᠰᠠᠨ ᠦᠭᠡᠶ᠂ ᠬᠠᠤᠯᠢ ᠪᠤᠰᠤ ᠪᠠᠷ ᠬᠠᠤᠯᠢ ᠠᠴᠠ ᠵᠥᠷᠢᠴᠡᠨ | ᠦᠢᠯᠡᠳᠪᠦᠷᠢᠯᠡᠭᠰᠡᠨ ᠠᠴᠠ ᠪᠣᠯᠵᠤ ᠠᠳᠡᠯ ᠭᠠᠷᠭᠠᠭᠰᠠᠨ ᠢ ︽ᠳᠥᠷᠪᠡ ᠶᠢ ᠲᠠᠯᠪᠢᠵᠤ ᠶᠠᠪᠤᠭᠤᠯᠬᠤ ᠦᠭᠡᠶ︾ | ᠵᠠᠷᠴᠢᠮ ᠤᠨ ᠶᠣᠰᠣᠭᠠᠷ᠂ ᠴᠢᠩᠭ᠎ᠠ ᠪᠠᠶᠢᠴᠠᠭᠠᠨ ᠰᠢᠢᠳᠪᠦᠷᠢᠯᠡᠬᠦ ᠬᠡᠷᠡᠭᠲᠡᠶ᠃ | ︵ᠲᠠᠪᠤ︶ ᠰᠢᠮᠳᠠᠭᠤᠯᠤᠨ ᠵᠢᠯᠣᠭᠤᠳᠴᠤ ᠴᠢᠩᠭ᠎ᠠ ᠬᠠᠷᠢᠭᠤᠴᠠᠯᠭ᠎ᠠ ᠬᠡᠯᠡᠯᠴᠡᠬᠦ ᠶᠢ ᠴᠢᠩᠭᠠᠷᠠᠭᠤᠯᠬᠤ ᠬᠡᠷᠡᠭᠲᠡᠶ᠃ | ᠮᠡᠳᠡᠭᠡᠯᠡᠬᠦ᠂ ᠪᠣᠯᠵᠣᠨ ᠶᠠᠷᠢᠯᠴᠠᠬᠤ᠂ ᠰᠡᠷᠡᠮᠵᠢᠯᠡᠭᠦᠯᠬᠦ᠂ ᠰᠠᠨᠠᠭᠤᠯᠬᠤ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠬᠡᠷᠡᠭᠯᠡᠵᠦ | ᠪᠠᠶᠢᠭᠠᠳ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠡᠯ᠎ᠡ ᠨᠢᠭᠡᠴᠡ ᠶᠢᠨ ᠠᠶᠤᠯ ᠥᠬᠡᠶ ᠦᠢᠯᠡᠳᠪᠦᠷᠢᠯᠡᠯ ᠤᠨ ᠰᠢᠯᠭᠠᠨ ᠬᠢᠨᠠᠬᠤ ᠪᠠ | ᠺᠠᠳ᠋ᠷ ᠤᠨ ᠠᠵᠢᠯ ᠤᠨ ᠠᠮᠵᠢᠯᠲᠠ ᠪᠦᠲᠦᠮᠵᠢ ᠶᠢ ᠰᠢᠯᠭᠠᠨ ᠬᠢᠨᠠᠬᠤ ᠳᠤ ᠣᠷᠣᠭᠤᠯᠬᠤ ᠬᠡᠷᠡᠭᠲᠡᠶ᠃ | ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠥᠬᠡᠶ᠂ ᠲᠥᠪᠯᠡᠷᠡᠭᠦᠯᠦᠨ ᠴᠡᠭᠴᠡᠯᠡᠨ ᠵᠠᠰᠠᠵᠤ | ᠠᠬᠢᠭᠤᠯᠤᠭᠰᠠᠨ ᠨᠢ ᠬᠦᠴᠦᠨ ᠥᠬᠡᠶ᠂ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠬᠡᠯᠪᠡᠷᠢ ᠪᠠᠨ ᠠᠯᠳᠠᠭᠰᠠᠨ᠂ | ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠦᠷᠢᠯᠡᠭᠰᠡᠨ ᠨᠢ ᠠᠭᠤᠵᠢᠭᠤ ᠰᠤᠯᠠ ᠵᠥᠭᠡᠯᠡᠨ ᠪᠠᠶᠢᠬᠤ ᠵᠡᠷᠭᠡ | ᠠᠰᠠᠭᠤᠳᠠᠯ ᠳᠤ᠂ ᠬᠠᠤᠯᠢ ᠲᠣᠭᠲᠠᠭᠠᠯ ᠰᠠᠬᠢᠯᠭ᠎ᠠ ᠪᠠᠲᠤ ᠶᠣᠰᠣᠭᠠᠷ ᠴᠢᠩᠭ᠎ᠠ ᠬᠠᠷᠢᠭᠤᠴᠠᠯᠭ᠎ᠠ ᠨᠡᠬᠡᠮᠵᠢᠯᠡᠵᠦ | ᠬᠠᠷᠢᠭᠤᠴᠠᠯᠭ᠎ᠠ ᠲᠤᠯᠭᠠᠬᠤ ᠬᠡᠷᠡᠭᠲᠡᠶ᠃ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠴᠠᠭ ᠲᠤᠨᠢ | ᠲᠣᠬᠢᠷᠠᠭᠤᠯᠤᠨ ᠵᠣᠬᠢᠶᠠᠨ ᠪᠠᠶᠢᠭᠤᠯᠵᠤ ᠱᠠᠯᠠᠪᠳᠠᠭᠤᠯᠤᠨ ᠪᠠᠶᠢᠴᠠᠭᠠᠬᠤ ᠶᠢᠨ ᠬᠠᠮᠲᠤ ᠲᠥᠪᠯᠡᠷᠡᠭᠦᠯᠦᠨ ᠴᠡᠭᠴᠡᠯᠡᠨ | ᠵᠠᠰᠠᠬᠤ ᠠᠵᠢᠯ ᠤᠨ ᠪᠠᠶᠢᠳᠠᠯ ᠢ 2020 ᠣᠨ ᠤ ᠠᠶᠤᠯᠭᠦᠶ ᠦᠢᠯᠡᠳᠪᠦᠷᠢᠯᠡᠯ ᠤᠨ ᠰᠢᠯᠭᠠᠨ ᠪᠠᠶᠢᠴᠠᠭᠠᠯᠲᠠ | ᠲᠣᠭᠤᠷᠢᠨ ᠪᠠᠶᠢᠴᠠᠭᠠᠯᠲᠠ ᠶᠢᠨ ᠴᠢᠬᠤᠯᠠ ᠠᠭᠤᠯᠭ᠎ᠠ ᠳᠤ ᠣᠷᠣᠭᠤᠯᠤᠨ᠎ᠠ᠃ | ᠣᠷᠴᠢᠭᠤᠯᠣᠭᠴᠢ᠄ ᠡᠷᠳᠡᠨᠢᠴᠢᠮᠡᠭ | |