ᠵᠠᠰᠠᠭ ᠤᠨ ᠣᠷᠳᠣᠨ ᠤ ᠠᠵᠢᠯ ᠤᠨ ᠢᠯᠡᠳᠬᠡᠯ | | — — 2021 ᠣᠨ ᠤ 3 ᠰᠠᠷ᠎ᠠ ᠶᠢᠨ 17 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠠᠪᠤᠳᠤᠭᠠᠷ ᠬᠤᠷᠠᠯᠳᠤᠭᠠᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠠᠷᠤᠭ᠎ᠠ ᠭᠤᠤ | ᠶᠦᠩ ᠪᠢᠨ | ᠲᠥᠯᠥᠭᠡᠯᠡᠭᠴᠢᠳ ᠡ᠄ | ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ | ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠳᠦᠷᠤ ᠶᠢᠨ ᠵᠦᠪᠯᠡᠯᠬᠡᠨ ᠤ | ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃ | ᠨᠢᠭᠡ᠂ 2020 ᠣᠨ ᠵᠢᠴᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠡᠷᠭᠢᠴᠡᠭᠦᠯᠦᠯ | 2020 ᠣᠨ ᠪᠣᠯ ᠮᠠᠨ ᠤ ᠬᠤᠰᠢᠭᠤᠨ ᠤ ᠬᠥᠭᠵᠢᠯᠲᠡ ᠶᠢᠨ ᠲᠡᠦᠬᠡᠨ ᠳᠠᠬᠢ ᠲᠦᠢᠯ ᠤᠨ ᠶᠡᠷᠦ ᠪᠤᠰᠤ ᠶᠢᠨ | ᠨᠢᠭᠡ ᠵᠢᠯ ᠪᠣᠯᠤᠨ᠎ᠠ᠃ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠠᠵᠤ ᠠᠬᠤᠶ ᠶᠢᠨ ᠪᠠᠶᠢᠳᠠᠯ ᠪᠣᠯᠤᠨ ᠬᠠᠲᠠᠭᠤ | ᠪᠡᠷᠬᠡ ᠨᠦᠰᠡᠷ ᠬᠦᠨᠳᠦ ᠥᠭᠡᠷᠡᠴᠢᠯᠡᠯᠲᠡ ᠬᠥᠭᠵᠢᠯᠲᠡ ᠶᠢᠨ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮ ᠤᠨ | ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠳᠠᠭᠠᠷᠢᠯᠲᠠ ᠪᠢᠳᠡ ᠰᠢ ᠶᠢᠨ ᠫᠢᠩ ᠰᠢᠨ᠎ᠡ ᠴᠠᠭ ᠦᠶ᠎ᠡ ᠶᠢᠨ | ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ | ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ᠴᠢᠨᠡᠭᠡᠯᠢᠭ ᠨᠡᠶᠢᠭᠡᠮ ᠢ ᠪᠥᠬᠦ | ᠲᠠᠯ᠎ᠠ ᠪᠠᠷ ᠪᠠᠶᠢᠭᠤᠯᠤᠨ ᠪᠦᠲᠦᠭᠡᠬᠦ ᠬᠠᠷᠠᠯᠲᠠ ᠶᠢᠨ ᠡᠭᠦᠷᠭᠡ ᠲᠠᠢ ᠨᠢᠭᠲᠠ ᠤᠶᠠᠯᠳᠤᠭᠤᠯᠤᠨ᠂ ᠲᠣᠭᠲᠠᠭᠤᠨ | ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠶ ᠲᠥᠯᠥᠪᠯᠡᠨ | ᠠᠬᠢᠭᠤᠯᠵᠤ᠂ ︽ᠵᠢᠷᠭᠤᠭ᠎ᠠ ᠶᠢ ᠲᠣᠭᠲᠠᠭᠤᠨ ᠪᠠᠶᠢᠯᠭᠠᠬᠤ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ︽ | ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠠᠵᠤ ᠠᠬᠤᠶ ᠨᠡᠶᠢᠭᠡᠮ ᠢ | ᠲᠣᠭᠲᠠᠭᠤᠨ ᠪᠥᠭᠡᠳ ᠡᠷᠡᠭᠦᠯ ᠢᠶᠠᠷ ᠬᠥᠭᠵᠢᠭᠦᠯᠦᠨ᠎ᠡ᠃ 2020 ᠣᠨ ᠳᠤ᠂ ᠭᠠᠵᠠᠷ ᠣᠷᠣᠨ ᠤ | ᠤᠶᠢᠯᠡᠳᠪᠤᠷᠢᠯᠡᠯ ᠤᠨ ᠪᠥᠬᠦ ᠥᠷᠲᠡᠭ 67.1 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 2.6% ᠪᠠᠷ ᠨᠡᠮᠡᠭᠳᠡᠪᠡ︔ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ | 2.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 17.6% ᠨᠡᠮᠡᠭᠳᠡᠪᠡ︔ | ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ 12.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 7.7% ᠪᠠᠷ ᠪᠠᠭᠤᠷᠠᠪᠠ︔ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ | ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠲᠣᠰ 31901 ᠲᠥᠭᠦᠷᠢᠭ ᠪᠠ 13665 ᠲᠥᠭᠦᠷᠢᠭ ᠲᠤ | ᠬᠦᠷᠴᠦ᠂ ᠠᠳᠠᠯᠢ ᠬᠤᠭᠤᠴᠠᠭᠠᠨ ᠤ ᠬᠢᠡᠴᠠ 0.8% ᠪᠠ 9.1% ᠪᠠᠷ ᠨᠡᠮᠡᠭᠳᠡᠪᠡ᠃ | ᠨᠢᠭᠡ ᠵᠢᠯ ᠤᠨ ᠲᠤᠷᠰᠢ ᠪᠢᠳᠡ ᠭᠤᠣᠯᠳᠠᠭᠤ ᠳᠣᠣᠷᠠᠬᠢ ᠠᠵᠢᠯ ᠤᠳ ᠢ ᠬᠢᠪᠡ᠄ | ︵ᠨᠢᠭᠡ︶ ᠰᠡᠷᠭᠡᠶᠢᠯᠡᠯᠲᠡ ᠶᠢᠨ ᠱᠤᠭᠤᠮ ᠢ ᠰᠤᠯᠠᠷᠠᠭᠤᠯᠤᠯ ᠥᠬᠡᠶ ᠪᠠᠲᠤ ᠪᠠᠶᠢᠭᠤᠯᠵᠤ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠠᠵᠢᠯ ᠢ ᠯᠠᠪᠳᠠᠭᠤᠨ ᠪᠠᠲᠤᠲᠠᠶ ᠪᠥᠭᠡᠳ ᠪᠦᠲᠦᠮᠵᠢᠲᠡᠶ ᠶᠠᠪᠤᠭᠳᠠᠭᠤᠯᠤᠨ᠎ᠠ | ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠠᠭᠤᠰᠬᠢᠨ ᠦᠷᠪᠢᠰᠦᠯ ᠤᠨ | ᠰᠢᠨ᠎ᠡ ᠬᠢᠵᠢᠭ ᠣᠷᠣᠬᠤ ᠠᠶᠤᠯ ᠲᠦᠭᠰᠢᠭᠦᠷᠢ ᠶᠢᠨ ᠡᠮᠦᠨ᠎ᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠵᠢᠯᠣᠭᠤᠳᠬᠤ ᠰᠢᠰᠲ᠋ᠧᠮ ᠢ ᠴᠠᠭ ᠲᠤᠬᠠᠢ ᠳᠤᠨᠢ ᠪᠠᠶᠢᠭᠤᠯᠵᠤ᠂ 8500 ᠭᠠᠷᠤᠢ ᠨᠠᠮ ᠤᠨ ᠭᠡᠰᠢᠭᠦᠨ ᠺᠠᠳ᠋ᠷ ᠪᠣᠯᠤᠨ | 1700 ᠭᠠᠷᠤᠢ ᠰᠠᠶᠢᠨ ᠳᠤᠷ᠎ᠠ ᠶᠢᠨ ᠠᠵᠢᠯᠯᠠᠭᠴᠢ ᠶᠢ ᠵᠣᠬᠢᠶᠠᠨ ᠪᠠᠶᠢᠭᠤᠯᠤᠨ ᠬᠢᠵᠢᠭ ᠢ ᠡᠰᠡᠷᠭᠦᠴᠡᠬᠦ ᠡᠮᠦᠨ᠎ᠡ | ᠹᠷᠣᠨᠲ ᠲᠤ ᠣᠷᠣᠯᠴᠠᠭᠤᠯᠵᠤ᠂ ᠵᠠᠮ ᠬᠠᠷᠢᠯᠴᠠᠭᠠᠨ ᠤ ᠪᠣᠭᠤᠮᠲᠠ᠂ ᠨᠡᠶᠢᠭᠡᠮ ᠲᠣᠭᠤᠷᠢᠭ ᠠᠶᠢᠯ ᠲᠣᠰᠬᠤᠨ᠂ | ᠦᠢᠯᠡᠳᠪᠦᠷᠢ ᠠᠵᠤ ᠠᠬᠤᠶᠢᠯᠠᠯ ᠵᠡᠷᠭᠡ ᠭᠤᠷᠪᠠᠨ ᠰᠡᠷᠭᠡᠶᠢᠯᠡᠯᠲᠡ ᠶᠢᠨ ᠱᠤᠭᠤᠮ ᠢ ᠦᠳᠲᠡᠷ ᠲᠦᠷᠭᠡᠨ ᠪᠠᠶᠢᠭᠤᠯᠵᠤ᠂ | ᠳᠣᠲᠣᠭᠠᠳᠤ ᠳᠠᠭᠠᠨ ᠭᠡᠮ ᠰᠣᠭᠤᠭ ᠢ ᠭᠠᠳᠠᠭᠰᠢᠯᠠᠭᠤᠯᠵᠤ᠂ ᠭᠠᠳᠠᠨ᠎ᠠ ᠠᠴᠠ ᠣᠷᠣᠭᠤᠯᠬᠤ ᠶᠢ ᠰᠡᠷᠭᠡᠶᠢᠯᠡᠪᠡ᠃ | ᠬᠤᠯᠤᠭᠠᠨ᠎ᠠ ᠶᠢᠨ ᠬᠢᠵᠢᠭ ᠳᠡᠯᠭᠡᠷᠡᠬᠦ ᠠᠶᠤᠯ ᠲᠦᠭᠰᠢᠭᠦᠷᠢ ᠶᠢᠨ ᠡᠮᠦᠨ᠎ᠡ᠂ ᠬᠠᠮᠤᠭ ᠤᠨ ᠲᠡᠷᠢᠭᠦᠨ ᠳᠤ ᠬᠢᠵᠢᠭ ᠤᠨ | ᠪᠠᠶᠢᠳᠠᠯ ᠢ ᠬᠢᠵᠠᠭᠠᠷᠯᠠᠵᠤ᠂ ᠬᠤᠯᠤᠭᠠᠨ᠎ᠠ ᠶᠢᠨ ᠬᠤᠭᠤᠷᠣᠨᠳᠣᠬᠢ ᠬᠢᠵᠢᠭ ᠤᠨ ᠪᠠᠶᠢᠳᠠᠯ ᠢ ᠬᠤᠶᠠᠷ ᠤᠳᠠᠭ᠎ᠠ | ᠠᠮᠵᠢᠯᠲᠠ ᠲᠠᠢ ᠪᠠᠷ ᠰᠢᠢᠳᠪᠤᠷᠢᠯᠡᠵᠤ᠂ ᠬᠤᠯᠤᠭᠠᠨ᠎ᠠ ᠶᠢᠨ ᠬᠤᠭᠤᠷᠣᠨᠳᠣᠬᠢ ᠬᠢᠵᠢᠭ ᠤᠨ ᠬᠥᠮᠦᠨ ᠤ ᠶᠢᠷᠲᠢᠨᠴᠦ ᠳᠤ | ᠳᠡᠯᠭᠡᠷᠡᠬᠦ ᠶᠢ ᠪᠦᠲᠦᠮᠵᠢᠲᠡᠶ ᠪᠠᠷ ᠰᠡᠷᠭᠡᠶᠢᠯᠡᠪᠡ᠃ ᠪᠠᠶᠢᠩᠭᠤ ᠶᠢᠨ ᠴᠢᠨᠠᠷᠲᠠᠶ ᠰᠡᠷᠭᠡᠶᠢᠯᠡᠨ ᠡᠵᠡᠮᠳᠡᠬᠦ ᠪᠠᠶᠢᠳᠠᠯ ᠤᠨ | ᠡᠮᠦᠨ᠎ᠡ᠂ ᠬᠢᠵᠢᠭ ᠤᠨ ᠪᠠᠶᠢᠳᠠᠯ ᠢ ᠠᠷᠭᠠᠴᠠᠬᠤ ᠴᠢᠳᠠᠪᠤᠷᠢ ᠶᠢ ᠲᠦᠷᠭᠡᠨ ᠳᠡᠭᠡᠭᠰᠢᠯᠡᠭᠦᠯᠵᠦ᠂ ᠬᠤᠶᠠᠷ | ᠲᠤᠷᠰᠢᠯᠲᠠ ᠶᠢᠨ ᠲᠠᠰᠤᠭ ᠢ ᠪᠠᠶᠢᠭᠤᠯᠤᠨ ᠳᠠᠭᠤᠰᠬᠠᠵᠤ᠂ ᠪᠥᠭᠡᠮ ᠬᠦᠴᠢᠯ ᠤᠨ ᠪᠠᠶᠢᠴᠠᠭᠠᠨ ᠬᠡᠮᠵᠢᠬᠦ ᠴᠢᠳᠠᠪᠤᠷᠢ ᠶᠢ | ︽ᠬᠤᠶᠠᠷ ᠳᠠᠬᠢᠨ ᠢᠶᠠᠷ ᠳᠡᠭᠡᠭᠰᠢᠯᠡᠭᠦᠯᠬᠦ︾ ᠶᠢ ᠪᠡᠶᠡᠯᠡᠭᠦᠯᠵᠦ᠂ ᠲᠦᠮᠡᠯᠲᠡᠶ ᠶᠢᠨ ᠬᠤᠯᠤᠭᠠᠨ᠎ᠠ ᠶᠢᠨ ᠬᠢᠵᠢᠭ ᠢ ᠬᠢᠨᠠᠨ | ᠬᠡᠮᠵᠢᠬᠦ ᠥᠷᠲᠡᠭᠡ ᠶᠢᠨ ᠭᠤᠤᠯ ᠴᠣᠭᠴᠠ ᠶᠢᠨ ᠠᠵᠢᠯ ᠢ ᠳᠠᠭᠤᠰᠬᠠᠪᠠ᠃ | ᠡᠷᠡᠰ ᠭᠤᠶᠢᠪᠢᠰᠢ ᠦᠭᠡᠢ ᠪᠠᠷ ᠭᠠᠷ ᠬᠤᠯᠪᠣᠨ ᠬᠢᠵᠢᠭ ᠢ ᠡᠰᠡᠷᠭᠦᠴᠡᠵᠦ᠂ ᠬᠤᠪᠸᠢ ᠶᠢ ᠲᠤᠰᠠᠯᠠᠬᠤ 5 ᠡᠮᠴᠢ | ᠰᠤᠪᠢᠯᠠᠭᠴᠢ ᠡᠷᠡᠰ ᠰᠢᠭᠤᠷᠬᠠᠢ ᠪᠠᠷ ᠰᠥᠷᠭᠡᠦ ᠳᠠᠶᠢᠯᠠᠯᠳᠤᠭᠠᠨ ᠳᠤ ᠮᠣᠷᠳᠠᠵᠠᠢ︔ ᠡᠯ᠎ᠡ ᠱᠠᠲᠤᠨ ᠤ ᠺᠠᠳ᠋ᠷ᠂ | ᠳᠣᠲᠣᠭᠠᠳᠤ ᠶᠢ ᠬᠠᠮᠠᠭᠠᠯᠠᠬᠤ ᠺᠠᠳ᠋ᠷ ᠴᠠᠭᠳᠠᠭ᠎ᠠ᠂ ᠵᠠᠯᠠᠭᠤ ᠰᠠᠶᠢᠨ ᠳᠤᠷ᠎ᠠ ᠶᠢᠨ ᠠᠵᠢᠯᠯᠠᠭᠴᠢ ᠠᠶᠤᠯ | ᠲᠦᠭᠰᠢᠭᠦᠷᠢ ᠠᠴᠠ ᠠᠶᠤᠬᠤ ᠦᠭᠡᠢ᠂ ᠵᠣᠪᠠᠭᠤᠷᠢ ᠵᠦᠳᠡᠭᠦᠷᠢ ᠠᠴᠠ ᠬᠠᠯᠠᠰᠢᠷᠠᠬᠤ ᠦᠭᠡᠢ ᠪᠠᠷ ᠨᠢᠭᠡᠳᠦᠭᠡᠷ ᠹᠷᠣᠨᠲ ᠢ | ᠪᠠᠲᠤ ᠰᠠᠬᠢᠪᠠ︔ ᠥᠷᠭᠡᠨ ᠤᠯᠠᠨ ᠲᠦᠮᠡᠨ ᠤᠬᠠᠮᠰᠠᠷ ᠠᠴᠠ ᠪᠠᠨ ᠣᠷᠣᠨ ᠰᠠᠭᠤᠴᠠ ᠳᠠᠭᠠᠨ ᠰᠠᠭᠤᠵᠤ᠂ ᠵᠣᠭᠤᠰ | ᠮᠥᠩᠭᠦ ᠡᠳ᠋ ᠪᠣᠳᠠᠰ ᠢᠶᠠᠨ ᠬᠠᠨᠳᠢᠪᠯᠠᠵᠤ᠂ ᠦᠭᠡ ᠲᠠᠭᠤᠨ ᠦᠭᠡᠢ ᠪᠠᠷ ᠬᠤᠪᠢ ᠨᠡᠮᠡᠷᠢ ᠦᠵᠡᠭᠦᠯᠪᠡ᠃ ᠪᠥᠬᠦ | ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠬᠠᠲᠠᠭᠤ ᠪᠡᠷᠬᠡᠰᠢᠶᠡᠯ ᠢ ᠬᠠᠮᠲᠤ ᠪᠠᠷ ᠳᠤᠭᠤᠯᠵᠤ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠲᠤ ᠪᠠᠬᠢ | ᠰᠡᠷᠭᠡᠶᠢᠯᠡᠯᠲᠡ ᠶᠢᠨ ᠱᠤᠭᠤᠮ ᠢ ᠪᠠᠶᠢᠭᠤᠯᠵᠤ᠂ ᠬᠢᠵᠢᠭ ᠢ ᠡᠰᠡᠷᠭᠦᠴᠡᠬᠦ ᠠᠭᠤᠤ ᠶᠡᠭᠡ ᠵᠣᠷᠢᠭ ᠰᠠᠨᠠᠭ᠎ᠠ ᠶᠢ ᠬᠦᠢᠴᠡᠳ | ᠢᠯᠡᠷᠡᠭᠦᠯᠪᠡ᠃ | ︵ᠬᠤᠶᠠᠷ︶ ᠬᠦᠴᠦ ᠪᠠᠨ ᠬᠠᠮᠲᠤᠳᠬᠠᠨ ᠰᠡᠳᠬᠢᠯ ᠢᠶᠠᠨ ᠨᠢᠭᠡᠳᠬᠡᠵᠦ ᠨᠠᠶᠢᠳᠠᠪᠤᠷᠢᠵᠢᠭᠤᠯᠤᠯᠲᠠ ᠶᠢ ᠠᠳᠬᠤᠵᠤ᠂ | ︽ᠭᠤᠷᠪᠠᠨ ᠶᠡᠭᠡ ᠪᠣᠭᠤᠮᠲᠠ ᠰᠢᠪᠲᠤᠯᠬᠤ ᠳᠠᠶᠢᠯᠠᠯᠳᠤᠭᠠᠨ︾ ᠢᠯᠡᠳᠲᠡ ᠦᠷ᠎ᠡ ᠪᠦᠲᠦᠮᠵᠢ ᠤᠯᠪᠠ | ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠠᠵᠢᠯ ᠤᠨ ᠠᠮᠵᠢᠯᠲᠠ ᠪᠦᠲᠦᠮᠵᠢ ᠡᠯᠪᠡᠭ | ᠳᠡᠯᠪᠡᠭ ᠪᠠᠶᠢᠨ᠎ᠠ᠃ ︽ᠬᠤᠶᠠᠷ ᠲᠤ ᠵᠣᠪᠠᠭ᠋ᠤ ᠥᠬᠡᠶ᠂ ᠭᠤᠷᠪᠠ ᠶᠢ ᠪᠠᠲᠤᠯᠠᠬᠤ︾ ᠠᠰᠠᠭᠤᠳᠠᠯ ᠢ ᠪᠦᠬᠦᠨ ᠢ | ᠰᠢᠢᠳᠪᠤᠷᠢᠯᠡᠵᠤ᠂ ᠣᠷᠣᠨ ᠰᠠᠭᠤᠴᠠ᠂ ᠤᠤᠭᠤᠬᠤ ᠤᠰᠤ᠂ ᠵᠠᠮ᠂ ᠴᠠᠬᠢᠯᠭᠠᠨ ᠬᠦᠴᠦ᠂ ᠴᠢᠮᠡᠭᠡ ᠬᠤᠯᠪᠣᠭ᠎ᠠ ᠵᠡᠷᠭᠡ | ᠬᠠᠲᠠᠭᠤ ᠬᠡᠷᠡᠭᠰᠡᠯ ᠤᠨ ᠳᠤᠲᠠᠭᠤᠳᠠᠯ ᠢ ᠪᠥᠬᠦ ᠲᠠᠯ᠎ᠠ ᠪᠠᠷ ᠨᠥᠬᠦᠪᠥᠷᠢᠯᠡᠪᠡ᠃ ᠨᠡᠶᠢᠲᠡ ᠶᠢᠨ ᠠᠰᠠᠷᠠᠮᠵᠢ ᠶᠢᠨ | ᠠᠵᠢᠯ ᠤᠨ ᠪᠠᠶᠢᠷᠢ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠰᠡᠷᠭᠡᠶᠢᠯᠡᠬᠦ ᠳᠠᠭᠠᠳᠬᠠᠯ ᠵᠡᠷᠭᠡ ᠠᠵᠢᠯ ᠤᠨ | ᠲᠣᠭᠲᠠᠴᠠ ᠶᠢ ᠲᠡᠭᠦᠯᠳᠡᠷᠵᠢᠭᠦᠯᠵᠦ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠶ 3821 ᠠᠵᠢᠯ ᠤᠨ ᠪᠠᠶᠢᠷᠢ ᠶᠢ | ᠰᠢᠨ᠎ᠡ ᠪᠠᠷ ᠨᠡᠭᠡᠭᠡᠨ ᠬᠥᠭᠵᠢᠭᠦᠯᠵᠦ᠂ ᠦᠯᠡᠳᠡᠭᠰᠡᠨ 143 ᠶᠠᠳᠠᠭᠤ ᠬᠦᠴᠢᠷᠳᠡᠯ ᠲᠠᠢ ᠬᠥᠮᠦᠨ ᠠᠮᠠ ᠶᠢ | ᠪᠠᠷᠢᠮᠵᠢᠶ᠎ᠠ ᠳᠤ ᠬᠦᠷᠦᠭᠦᠯᠦᠨ ᠤᠬᠤᠷᠢᠭᠤᠯᠵᠤ᠂ ᠶᠠᠳᠠᠭᠤ ᠬᠦᠴᠢᠷᠳᠡᠯ ᠲᠠᠢ ᠬᠥᠮᠦᠨ ᠠᠮᠠ ᠶᠢ ᠦᠭᠡᠢ ᠪᠣᠯᠭᠠᠪᠠ᠃ | ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠣᠶᠢᠯᠡᠴᠢᠯᠡᠬᠡᠨ ᠤ ᠰᠢᠨᠵᠢᠯᠡᠬᠦ ᠤᠬᠠᠭᠠᠨ ᠮᠡᠷᠭᠡᠵᠢᠯ ᠤᠨ | ᠬᠦᠷᠢᠶᠡᠯᠡᠩ ᠤᠨ ᠲᠥᠷᠥᠯ ᠵᠤᠶᠢᠯ ᠢ ᠬᠡᠷᠡᠭᠵᠢᠭᠦᠯᠵᠦ᠂ 21 ᠠᠵᠤ ᠤᠶᠢᠯᠡᠰ ᠤᠨ ᠰᠠᠭᠤᠷᠢ ᠪᠠᠷ ᠪᠠᠭᠤᠷᠠᠶ ᠶᠠᠳᠠᠭᠤ | ᠬᠦᠴᠢᠷᠳᠡᠯᠲᠡᠶ ᠪᠤᠰᠤ ᠲᠣᠰᠬᠤᠨ ᠢ ᠪᠥᠬᠦ ᠲᠠᠯ᠎ᠠ ᠪᠠᠷ ᠬᠠᠮᠤᠷᠤᠨ᠂ ᠲᠦᠷᠦᠭᠦᠤ ᠪᠦᠯᠦᠭ ᠤᠨ 348 ᠰᠢᠮᠧᠨ᠋ᠲ᠋ᠠᠷ | ᠰᠠᠭᠤᠷᠢ ᠡᠬᠡ ᠮᠠᠯ ᠢ ᠡᠷᠦᠬᠡ ᠳᠤ ᠲᠦᠷᠢᠶᠡᠰᠦᠯᠡᠭᠦᠯᠪᠡ᠃ ᠲᠥᠪ ᠤᠨ ᠰᠢᠭᠤᠳ ᠬᠠᠷᠢᠶ᠎ᠠ ᠪᠠᠶᠢᠭᠤᠯᠤᠯᠭ᠎ᠠ ᠪᠣᠯᠤᠨ | ᠪᠡᠭᠡᠵᠢᠩ ᠬᠤᠳᠠ ᠶᠢᠨ ᠬᠢᠨ ᠨᠡᠶᠢᠳᠡ 6314 ᠲᠦᠮᠡᠨ ᠲᠥᠭᠦᠷᠢᠭ ᠤᠨ ᠬᠠᠪᠰᠤᠷᠤᠨ ᠲᠡᠳᠬᠦᠬᠦ ᠪᠡᠯᠡ ᠮᠥᠩᠭᠦ | ᠣᠷᠣᠭᠤᠯᠵᠠᠢ᠃ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠤᠷᠢᠯᠡᠬᠦ ᠨᠡᠶᠢᠳᠡᠮ | ᠪᠠᠶᠢᠴᠠᠭᠠᠯᠲᠠ ᠪᠠ ᠬᠡᠷᠡᠭ ᠤᠨ ᠳᠠᠷᠠᠭᠠᠬᠢ ᠶᠠᠰᠤ ᠴᠢᠨᠠᠷ ᠤᠨ ᠰᠤᠭᠤᠴᠢᠨ ᠪᠠᠶᠢᠴᠠᠭᠠᠯᠲᠠ ᠶᠢ ᠤᠷᠤᠭᠰᠢᠲᠠᠶ | ᠥᠩᠭᠡᠷᠡᠭᠦᠯᠪᠡ᠃ | ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠯᠠᠪᠳᠠᠭᠤᠨ ᠢᠶᠠᠷ ᠠᠬᠢᠪᠠ᠃ ᠬᠤᠲᠠ ᠶᠢᠨ ᠲᠥᠪ ᠲᠣᠭᠤᠷᠢᠭ ᠤᠨ | 10 ᠲᠣᠨ ᠠᠭᠤᠷᠰᠢᠭᠤᠯᠤᠯᠲᠠ ᠠᠴᠠ ᠳᠣᠷᠣᠭᠰᠢᠬᠢ ᠨᠡᠭᠦᠷᠡᠰᠦ ᠰᠢᠲᠠᠭᠠᠬᠤ 11 ᠵᠢᠵᠢᠭ ᠭᠦᠸᠧᠯᠦ ᠶᠢ | ᠰᠢᠭᠰᠢᠭᠳᠡᠭᠦᠯᠦᠨ᠎ᠡ᠃ 63 ᠭᠠᠵᠠᠷ ᠤᠨ ᠡᠵᠡᠨ ᠥᠬᠡᠶ ᠠᠭᠤᠷᠬᠠᠶ ᠶᠢ ᠪᠦᠲᠦᠮᠵᠢᠲᠡᠶ ᠵᠠᠰᠠᠪᠠ᠃ ᠪᠠᠶ ᠵᠧᠨ | ᠪᠠᠯᠭᠠᠰᠤᠨ ᠤ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠬᠢᠨ ᠪᠠᠷᠢᠮᠵᠢᠶ᠎ᠠ ᠶᠢ ᠳᠡᠭᠡᠭᠰᠢᠯᠡᠭᠦᠯᠬᠦ | ᠥᠭᠡᠷᠡᠴᠢᠯᠡᠯᠲᠡ ᠶᠢ ᠪᠡᠶᠡᠯᠡᠭᠦᠯᠵᠦ᠂ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠶᠢ ᠪᠡᠶᠡᠯᠡᠭᠦᠯᠪᠡ᠃ | ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ | ᠰᠢᠢᠳᠪᠤᠷᠢᠯᠡᠬᠦ ᠤᠶᠢᠯᠡᠳᠪᠤᠷᠢ᠂ ᠤᠰᠤ ᠬᠠᠩᠭᠠᠬᠤ ᠤᠶᠢᠯᠡᠳᠪᠤᠷᠢ᠂ ᠰᠢᠨ᠎ᠡ ᠰᠢᠭᠠᠷᠤ ᠶᠢᠨ ᠲᠠᠯᠠᠪᠠᠶ ᠶᠢ | ᠦᠨᠳᠦᠰᠦᠨ ᠳᠡᠭᠡᠨ ᠪᠠᠶᠢᠭᠤᠯᠤᠨ ᠳᠠᠭᠤᠰᠬᠠᠵᠤ᠂ ᠱᠠᠩᠳᠤ ᠠᠴᠠ ᠬᠤᠶᠢᠲᠤ ᠬᠤᠰᠢᠭᠤᠨ ᠳᠤ ᠬᠥᠷᠬᠦ ᠳᠤᠮᠳᠠᠬᠢ | ᠤᠰᠤ ᠶᠢ ᠡᠭᠡᠭᠦᠯᠦᠨ ᠬᠡᠷᠡᠭᠯᠡᠬᠦ ᠢᠨᠵᠧᠨᠧᠷᠢᠩ ᠢ ᠡᠬᠢᠯᠡᠨ ᠬᠡᠷᠡᠭᠵᠢᠭᠦᠯᠵᠦ᠂ ᠲᠦᠮᠠᠯᠲᠠᠶ ᠶᠢᠨ ᠬᠦᠷᠢᠶᠡᠯᠡᠩ | ᠲᠣᠭᠤᠷᠢᠭ ᠤᠨ ᠲᠥᠪᠯᠡᠷᠡᠭᠦᠯᠦᠨ ᠢᠯᠴᠢ ᠬᠠᠩᠭᠠᠬᠤ ᠬᠡᠶ ᠬᠠᠩᠭᠠᠬᠤ ᠲᠥᠷᠥᠯ ᠵᠤᠶᠢᠯ ᠢ ᠪᠠᠶᠢᠭᠤᠯᠤᠨ ᠳᠠᠭᠤᠰᠬᠠᠵᠤ | ᠠᠰᠢᠭᠯᠠᠯᠲᠠ ᠳᠤ ᠣᠷᠣᠭᠤᠯᠤᠨ᠂ ᠪᠣᠬᠢᠷ ᠤᠰᠤ ᠰᠢᠢᠳᠪᠤᠷᠢᠯᠡᠬᠦ ᠤᠶᠢᠯᠡᠳᠪᠤᠷᠢ ᠶᠢᠨ ᠪᠠᠴᠢᠮ ᠪᠠᠶᠢᠳᠠᠯ ᠢ ᠠᠷᠭᠠᠴᠠᠬᠤ | ᠠᠳᠡᠯ ᠤᠨ ᠳᠠᠭᠠᠳᠬᠠᠯ ᠳᠤ ᠲᠦᠷ ᠬᠠᠳᠠᠭᠠᠯᠠᠵᠤ ᠪᠠᠶᠢᠭ᠎ᠠ ᠪᠣᠬᠢᠷ ᠤᠰᠤ ᠶᠢ ᠬᠤᠤᠷ ᠥᠬᠡᠶ ᠪᠣᠯᠭᠠᠨ | ᠰᠢᠢᠳᠪᠤᠷᠢᠯᠡᠬᠦ ᠶᠢ ᠪᠡᠶᠡᠯᠡᠭᠦᠯᠵᠦ᠂ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ | ᠬᠠᠮᠠᠭᠠᠯᠠᠯᠲᠠ ᠶᠢᠨ ᠢᠵᠢ ᠪᠥᠷᠢᠳᠦᠭᠦᠯᠬᠦ ᠪᠡᠯᠡᠳᠬᠡᠮᠵᠢ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠪᠡ᠃ ᠪᠥᠬᠦ | ᠵᠢᠯ ᠤᠨ ᠠᠭᠠᠷ ᠤᠨ ᠶᠠᠰᠤ ᠴᠢᠨᠠᠷ ᠤᠨ ᠪᠠᠷᠢᠮᠵᠢᠶ᠎ᠠ ᠳᠤ ᠬᠥᠷᠬᠦ ᠡᠳᠦᠷ ᠤᠨ ᠲᠤᠭ᠎ᠠ ᠪᠥᠬᠦ ᠬᠤᠲᠠ ᠶᠢᠨ ᠲᠡᠷᠢᠭᠦᠨ ᠳᠤ | ᠣᠷᠣᠵᠤ᠂ PM2.5 ᠶᠢᠨ ᠥᠳᠬᠡᠴᠡ ᠨᠢ ᠪᠥᠬᠦ ᠬᠤᠲᠠ ᠶᠢᠨ ᠳᠤᠮᠳᠠᠴᠢ ᠬᠢᠷᠢ ᠲᠦᠪᠰᠢᠨ ᠠᠴᠠ ᠳᠣᠤᠷ᠎ᠠ | ᠪᠠᠶᠢᠨ᠎ᠠ᠃ | ᠬᠦᠨᠳᠦ ᠶᠡᠭᠡ ᠠᠶᠤᠯ ᠲᠦᠭᠰᠢᠭᠦᠷᠢ ᠶᠢ ᠪᠦᠲᠦᠮᠵᠢᠲᠡᠶ ᠪᠠᠷ ᠰᠡᠷᠭᠡᠶᠢᠯᠡᠨ ᠡᠵᠡᠮᠳᠡᠨ᠎ᠡ᠃ ᠵᠠᠰᠠᠭ ᠤᠨ ᠣᠷᠳᠣᠨ ᠤ | ᠳᠠᠯᠳᠠ ᠥᠷᠢ ᠥᠭᠴᠡᠭᠡ ᠶᠢᠨ ᠣᠨ ᠤ ᠠᠷᠢᠯᠭᠠᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠵᠦ᠂ ᠠᠷᠠᠳ ᠠᠴᠠ | ᠡᠵᠡᠩᠨᠡᠭᠰᠡᠨ ᠠᠵᠤ ᠠᠬᠤᠶᠢᠯᠠᠯ ᠳᠤ ᠥᠷᠢᠲᠦᠵᠦ ᠪᠠᠶᠢᠭ᠎ᠠ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ | ᠥᠬᠡᠶ ᠲᠠᠩᠰᠠᠨ ᠤ ᠵᠣᠭᠤᠰ ᠢ ᠪᠦᠬᠦᠨ ᠢ ᠣᠷᠣᠨ ᠨᠤᠲᠤᠭ ᠤᠨ ᠮᠥᠩᠭᠦᠨ ᠬᠦᠢᠯᠬᠡᠬᠡᠨ ᠤ ᠪᠠᠶᠢᠭᠤᠯᠤᠮᠵᠢ ᠶᠢᠨ | ᠡᠷᠡᠭᠦᠯ ᠪᠤᠰᠤ ᠵᠢᠭᠡᠯᠡᠯᠭᠡ ᠶᠢᠨ ᠲᠦᠭᠰᠢᠭᠦᠷᠢ ᠶᠢ ᠶᠡᠷᠦᠩᠬᠡᠶ ᠳᠡᠭᠡᠨ ᠡᠵᠡᠮᠳᠡᠵᠦ ᠪᠣᠯᠤᠨ᠎ᠠ᠃ ᠠᠶᠤᠯᠭᠦᠶ | ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠭᠦᠨᠵᠡᠭᠡᠶ | ᠥᠷᠨᠢᠭᠦᠯᠵᠦ᠂ ᠪᠦᠬᠦ ᠵᠢᠯ ᠳᠤ ᠦᠢᠯᠡᠳᠪᠦᠷᠢᠯᠡᠯ ᠤᠨ ᠠᠶᠤᠯᠭᠦᠶ ᠶᠢᠨ ᠡ᠊ᠨᠳᠡᠯ ᠭᠠᠷᠤᠭᠰᠠᠨ ᠦᠭᠡᠢ᠃ | ︵ᠭᠤᠷᠪᠠ︶ ᠪᠦᠬᠦ ᠬᠦᠴᠦᠨ ᠢᠶᠠᠷ ᠢᠶᠠᠨ ᠨᠡᠮᠡᠭᠳᠡᠯ ᠢ ᠲᠣᠭᠲᠠᠪᠤᠷᠢᠵᠢᠭᠤᠯᠵᠤ᠂ ᠠᠵᠤ ᠠᠬᠤᠶ ᠶᠢᠨ | ᠠᠵᠢᠯᠯᠠᠭᠠᠨ ᠢ ᠦᠷᠭᠦᠯᠵᠢᠯᠡᠨ ᠰᠠᠶᠢᠵᠢᠷᠠᠭᠤᠯᠬᠤ ᠪᠠᠷ ᠴᠢᠷᠮᠠᠶᠢᠪᠠ | ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠨᠠᠩ ᠰᠢᠯᠢᠳᠡᠭ ᠨᠠᠩ ᠪᠣᠳᠠᠲᠠᠶ ᠪᠣᠯᠪᠠ᠃ 6.1 ᠲᠦᠮᠡᠨ | ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠰᠢᠨ᠎ᠡ ᠪᠠᠷ ᠪᠠᠶᠢᠭᠤᠯᠪᠠ᠃ ᠨᠡᠷᠡᠨ ᠬᠤᠸᠠᠷ ᠳᠠᠷᠢᠬᠤ ᠲᠠᠯᠠᠪᠠᠶ ᠶᠢ 1 | ᠲᠦᠮᠡᠨ ᠮᠥ ᠪᠠᠭᠠᠰᠬᠠᠨ᠎ᠠ᠃ ᠢᠳᠡᠭᠡᠨ ᠤ ᠮᠥᠭᠦ ᠳᠠᠷᠢᠬᠤ ᠰᠠᠭᠤᠷᠢᠨ ᠭᠠᠵᠠᠷ ᠢ 3 ᠪᠠᠶᠢᠭᠤᠯᠵᠤ᠂ ᠵᠢᠯ ᠤᠨ | ᠤᠨᠠᠯᠲᠠ ᠶᠢ 2000 ᠲᠣᠨ ᠳᠤ ᠬᠦᠷᠦᠭᠦᠯᠦᠨ᠎ᠡ᠃ ᠲᠥᠮᠥᠰᠥ ᠶᠢᠨ ᠦᠷ᠎ᠡ ᠶᠢᠨ ᠲᠥᠮᠥᠰᠥ ᠶᠢ ᠦᠷᠡᠵᠢᠭᠦᠯᠦᠨ | ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠨᠢᠭᠡᠳᠦᠭᠡᠷ | ᠬᠤᠭᠤᠴᠠᠭᠠᠨ ᠤ ᠲᠦᠷᠦᠯ ᠵᠦᠢᠯ ᠢ ᠪᠠᠶᠢᠭᠤᠯᠵᠤ᠂ ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠳᠤᠮᠳᠠᠳᠤ | ᠤᠯᠤᠰ ᠤᠨ ᠨᠣᠭᠤᠭᠠᠨ ᠦᠩᠭᠡ ᠶᠢᠨ ᠦᠵᠡᠰᠬᠦᠯᠡᠩ ᠤᠨ ᠴᠤᠭᠯᠠᠭᠠᠨ ᠤ ᠠᠯᠳᠠᠨ ᠱᠠᠩᠨᠠᠯ ᠢ ᠳᠠᠬᠢᠨᠲᠠ ᠬᠦᠷᠳᠡᠪᠡ᠃ | ᠱᠠᠨᠵᠢᠶᠠ᠂ ᠪᠥᠸᠧ ᠯᠢᠶᠠᠩ ᠤᠨ ᠲᠦᠷᠦᠭᠦᠤ ᠪᠦᠯᠦᠭ ᠤᠨ 2100 ᠠᠩᠭᠦᠰ ᠠᠯᠠᠰᠢᠨ ᠦᠬᠡᠷ ᠲᠠᠯᠠᠪᠠᠶ ᠳᠤ | ᠣᠷᠣᠵᠤ ᠲᠡᠵᠢᠭᠡᠨ ᠦᠷᠡᠵᠢᠭᠦᠯᠵᠦ᠂ ᠳ᠋ᠢᠩ ᠱᠧᠩ ᠠᠬ᠎ᠠ ᠳᠡᠭᠦᠤ᠂ ᠭᠠᠯᠲᠤ ᠠᠭᠤᠯᠠ ᠶᠢᠨ ᠬᠡᠭᠡᠷ᠎ᠡ ᠶᠢᠨ ᠠᠯᠠᠰᠢᠨ | ᠦᠬᠡᠷ ᠲᠡᠵᠢᠭᠡᠨ ᠦᠷᠡᠵᠢᠭᠦᠯᠬᠦ ᠲᠥᠷᠥᠯ ᠵᠤᠶᠢᠯ ᠢ ᠭᠡᠷ᠎ᠡ ᠲᠣᠭᠲᠠᠨ ᠨᠠᠶᠢᠳᠠᠪᠤᠷᠢᠵᠢᠭᠤᠯᠪᠠ᠃ ᠲᠠᠷᠢᠶᠠᠨ ᠭᠠᠵᠠᠷ ᠤᠨ | ᠮᠠᠯ ᠠᠵᠤ ᠠᠬᠤᠶ ᠶᠢ ᠳᠠᠬᠢᠨ ᠵᠣᠬᠢᠶᠠᠨ ᠪᠠᠶᠢᠭᠤᠯᠵᠤ᠂ ᠡᠮᠬᠢ ᠵᠢᠷᠤᠮ ᠲᠠᠢ ᠪᠠᠷ ᠠᠵᠢᠯᠯᠠᠭᠤᠯᠤᠨ᠂ ᠵᠢᠯ ᠳᠤ 10 | ᠲᠦᠮᠡᠨ ᠲᠣᠷᠣᠶ ᠶᠢᠨ ᠭᠠᠷᠭᠠᠯᠲᠠ ᠶᠢ ᠭᠠᠷᠭᠠᠪᠠ᠃ | ᠠᠵᠤ ᠦᠢᠯᠡᠳᠪᠦᠷᠢ ᠶᠢᠨ ᠠᠵᠤ ᠠᠬᠤᠶ ᠲᠣᠭᠲᠠᠭᠤᠨ ᠪᠠᠶᠢᠬᠤ ᠶᠢᠨ ᠵᠡᠷᠭᠡ ᠳᠤ ᠰᠠᠶᠢᠵᠢᠷᠠᠪᠠ᠃ ᠲᠣᠭᠲᠠᠭᠠᠯ ᠳᠤ | ᠤᠷᠤᠭᠰᠠᠨ ᠠᠵᠤ ᠠᠬᠤᠶᠢᠯᠠᠯ 8 ᠰᠢᠨ᠎ᠡ ᠪᠠᠷ ᠨᠡᠮᠡᠭᠳᠡᠪᠡ᠃ 3000 ᠲᠦᠮᠡᠨ ᠲᠥᠭᠦᠷᠢᠭ ᠠᠴᠠ ᠳᠡᠭᠡᠭᠰᠢᠬᠢ | ᠭᠤᠤᠯᠳᠠᠯᠭ᠎ᠠ ᠲᠠᠢ ᠠᠵᠤ ᠦ᠊ ᠤᠶᠢᠯᠡᠳᠪᠤᠷᠢ ᠶᠢᠨ 23 ᠲᠥᠷᠥᠯ ᠵᠤᠶᠢᠯ ᠢ ᠬᠡᠷᠡᠭᠵᠢᠭᠦᠯᠪᠡ᠃ ᠺᠤᠳᠧᠷ ᠤᠨ | ᠴᠠᠬᠢᠯᠠᠭᠤᠷ ᠴᠢᠯᠠᠭᠤ ᠶᠢ ᠬᠥᠮᠥᠷᠭᠡᠯᠡᠬᠦ᠂ ᠰᠢᠨᠳᠧᠷᠮᠠ ᠶᠢᠨ ᠴᠢᠨᠠᠷ ᠥᠭᠡᠷᠡᠴᠢᠯᠡᠬᠦ PVA ᠵᠡᠷᠭᠡ ᠵᠦᠢᠯᠡᠰ ᠢ | ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠪᠠ᠃ ᠺᠤᠸᠢᠨ᠂ ᠲᠠᠢ ᠪᠠᠩ ᠵᠡᠷᠭᠡ ᠨᠠᠷᠢᠯᠢᠭ ᠬᠢᠮᠢ ᠶᠢᠨ | ᠠᠵᠤ ᠦᠢᠯᠡᠳᠪᠦᠷᠢ ᠶᠢᠨ ᠵᠦᠢᠯᠡᠰ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠡᠬᠢᠯᠡᠭᠦᠯᠪᠡ᠃ ᠥᠪᠥᠷ ᠮᠣᠩᠭᠤᠯ | ᠤᠶᠢᠭᠤᠷ ᠭᠤᠷᠪᠠᠳᠤᠭᠠᠷ ᠬᠤᠭᠤᠴᠠᠭᠠᠨ ᠤ ᠡᠮᠦᠨᠡᠬᠢ ᠬᠤᠭᠤᠴᠠᠭᠠᠨ ᠤ ᠠᠵᠢᠯ ᠢ ᠡᠮᠬᠢ ᠵᠢᠷᠤᠮ ᠲᠠᠢ ᠠᠬᠢᠭᠤᠯᠵᠤ᠂ ᠳ᠋ᠤ | ᠱᠧᠩ ᠭᠦᠸᠧ ᠾᠧ᠂ ᠸᠥ᠋ ᠳ᠋ᠢᠩ ᠵᠡᠷᠭᠡ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ | ᠲᠥᠷᠥᠯ ᠵᠤᠶᠢᠯ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠪᠠ᠃ ᠰᠢᠶᠠᠩᠭᠠᠩ ᠤᠨ ᠤᠤᠯ ᠤᠨ ᠺᠣᠮᠫᠠᠨᠢ ᠶᠢ ᠲᠠᠬᠢᠨ | ᠪᠠᠶᠢᠭᠤᠯᠤᠭᠰᠠᠨ ᠤ ᠲᠠᠷᠠᠭ᠎ᠠ ᠲᠣᠭᠲᠠᠭᠤᠨ ᠠᠵᠢᠯᠯᠠᠭᠠᠨ ᠢ ᠪᠡᠶᠡᠯᠡᠭᠦᠯᠪᠡ᠃ ᠠᠵᠤ ᠦᠢᠯᠡᠳᠪᠦᠷᠢ ᠶᠢᠨ ᠬᠦᠷᠢᠶᠡᠯᠡᠩ | ᠲᠣᠭᠤᠷᠢᠭ ᠢ ᠰᠢᠯᠢᠳᠡᠭᠵᠢᠭᠦᠯᠦᠨ ᠡᠮᠬᠢᠯᠡᠨ ᠨᠡᠶᠢᠯᠡᠭᠦᠯᠬᠦ ᠠᠵᠢᠯ ᠯᠠᠪᠳᠠᠭᠤᠨ ᠢᠶᠠᠷ ᠠᠬᠢᠪᠠ᠃ | ᠤᠳᠤ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠢᠯᠠᠰ ᠴᠡᠭ ᠤᠯᠠᠭᠠᠨᠬᠠᠳᠠ ᠭᠠᠯᠲᠤ ᠠᠭᠤᠯᠠ ᠨᠢ | ᠤᠯᠤᠰ ᠤᠨ ᠳᠡᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠬᠢᠷᠢ ᠬᠡᠮ ᠲᠠᠢ | ᠪᠣᠯᠪᠠ᠃ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠦᠷᠭᠡᠨ ᠰᠣᠩᠭᠤᠯᠲᠠ︾ ᠶᠢᠨ ᠣᠷᠣᠨ | ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠡᠮᠳᠡᠭᠲᠦ ᠶᠢ ᠵᠢᠩᠬᠢᠨᠢ ᠪᠠᠷ ᠨᠡᠶᠢᠲᠡᠯᠡᠵᠦ᠂ 28 ᠰᠦᠯᠵᠢᠶᠡᠨ ᠤ | ᠳᠡᠯᠭᠡᠭᠦᠷ ︽ᠵᠢᠩ ᠳ᠋ᠦᠩ︾ ︽ᠲᠤᠤ ᠪᠦᠦ︾ ᠡᠯᠧᠺᠲᠷᠣᠨ ᠬᠤᠳᠠᠯᠳᠤᠭᠠᠨ ᠤ ᠲᠠᠪᠴᠠᠩ ᠳᠤ ᠣᠷᠣᠪᠠ᠃ | ᠬᠤᠰᠢᠭᠤᠨ ᠲᠠᠰ ᠤᠨ ᠡᠯᠧᠺᠲᠷᠣᠨ ᠬᠤᠳᠠᠯᠳᠤᠭᠠᠨ ᠤ ᠣᠯᠠᠨ ᠨᠡᠶᠢᠲᠡ ᠶᠢᠨ ᠤᠶᠢᠯᠡᠴᠢᠯᠡᠬᠡᠨ ᠤ ᠲᠥᠪ ᠢ ᠰᠢᠨ᠎ᠡ ᠪᠠᠷ | ᠪᠠᠶᠢᠭᠤᠯᠵᠤ᠂ ᠬᠥᠳᠡᠭᠡ ᠲᠣᠰᠬᠤᠨ ᠤ ᠡᠯᠧᠺᠲᠷᠣᠨ ᠬᠤᠳᠠᠯᠳᠤᠭᠠᠨ ᠤ ᠤᠶᠢᠯᠡᠴᠢᠯᠡᠬᠡᠨ ᠤ ᠥᠷᠲᠡᠭᠡ ᠶᠢ 56 | ᠪᠠᠶᠢᠭᠤᠯᠵᠤ᠂ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ | ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠤᠶᠢᠯ ᠢ ᠤᠯᠤᠰ ᠤᠨ ᠠᠵᠢᠯ ᠤᠨ ᠠᠮᠵᠢᠯᠲᠠ ᠪᠦᠲᠦᠮᠵᠢ ᠶᠢᠨ ᠳᠤᠮᠳᠠ | ᠪᠤᠩᠬᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠲᠦᠷᠦᠯ ᠵᠦᠢᠯ ᠢ ᠡᠬᠢᠯᠡᠨ | ᠬᠡᠷᠡᠭᠵᠢᠭᠦᠯᠪᠡ᠃ | ︵ᠲᠦᠷᠪᠡ︶ ᠰᠠᠭᠤᠷᠢ ᠪᠠᠨ ᠤᠷᠳᠤ ᠬᠤᠭᠤᠴᠠᠭ᠎ᠠ ᠪᠠᠷ ᠪᠠᠲᠤᠳᠬᠠᠵᠤ᠂ ᠬᠤᠳᠠ ᠬᠥᠳᠡᠭᠡ ᠶᠢᠨ ᠳᠦᠷᠰᠦ | ᠪᠠᠶᠢᠳᠠᠯ ᠳᠤ ᠶᠡᠭᠡ ᠪᠠᠷ ᠬᠤᠪᠢᠷᠠᠯᠲᠠ ᠭᠠᠷᠪᠠ | ᠰᠠᠭᠤᠷᠢ ᠲᠥᠬᠦᠭᠡᠷᠦᠮᠵᠢ ᠶᠢ ᠳᠡᠭᠡᠭᠰᠢᠯᠡᠭᠦᠯᠦᠨ ᠲᠡᠭᠦᠯᠳᠡᠷᠵᠢᠭᠦᠯᠪᠡ᠃ 32 ᠬᠠᠭᠤᠴᠢᠨ ᠰᠠᠭᠤᠭᠠᠯᠢ ᠠᠷᠠᠳ ᠤᠨ | ᠲᠣᠭᠤᠷᠢᠭ ᠢ ᠥᠭᠡᠷᠡᠴᠢᠯᠡᠨ ᠪᠠᠶᠢᠭᠤᠯᠵᠤ᠂ 1171 ᠡᠷᠦᠬᠡ ᠳᠤ ᠠᠰᠢᠭ ᠬᠦᠷᠲᠡᠭᠡᠪᠡ᠃ ᠪᠣᠬᠢᠷ ᠤᠰᠤᠨ ᠤ | ᠬᠤᠭᠤᠯᠠᠶ ᠶᠢᠨ ᠲᠣᠤᠷ ᠤᠨ ᠥᠭᠡᠷᠡᠴᠢᠯᠡᠯᠲᠡ ᠵᠡᠷᠭᠡ ᠬᠤᠲᠠ ᠶᠢᠨ ᠶᠠᠪᠤᠳᠠᠯ ᠤᠨ ᠪᠥᠲᠥᠭᠡᠨ ᠪᠠᠶᠢᠭᠤᠯᠤᠯᠲᠠ ᠶᠢᠨ | ᠪᠠᠯᠠ ᠣᠷᠣᠭᠤᠯᠤᠯᠲᠠ ᠶᠢ 1068 ᠲᠦᠮᠡᠨ ᠲᠥᠭᠦᠷᠢᠭ ᠪᠡᠶᠡᠯᠡᠭᠦᠯᠪᠡ᠃ ᠲᠦᠬᠦᠮ ᠪᠦᠳᠦᠴᠡᠳᠦ ᠣᠷᠣᠨ | ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠦᠯᠡᠳᠡᠭᠳᠡᠯ ᠠᠰᠠᠭᠤᠳᠠᠯ ᠢ ᠢᠳᠡᠪᠬᠢᠲᠡᠶ ᠪᠠᠷ ᠰᠢᠢᠳᠪᠤᠷᠢᠯᠡᠨ᠂ | 410 ᠡᠷᠤᠭᠡ ᠶᠢᠨ ᠰᠠᠭᠤᠭᠠᠯᠢ ᠠᠷᠠᠳ ᠢ ᠲᠥᠪᠬᠢᠨᠡᠭᠦᠯᠪᠡ᠃ ᠬᠥᠬᠡᠬᠤᠲᠠ ᠮᠠᠨᠵᠤ ᠶᠢᠨ ᠨᠡᠪᠲᠡᠷᠡᠬᠦ ᠵᠠᠮ ᠢ ᠲᠦᠷᠭᠡᠨ | ᠳᠠᠪᠬᠢᠬᠤ ᠵᠠᠰᠠᠮᠠᠯ ᠵᠠᠮ ᠪᠣᠯᠭᠠᠨ ᠥᠭᠡᠷᠡᠴᠢᠯᠡᠬᠦ ᠲᠥᠷᠥᠯ ᠵᠤᠶᠢᠯ ᠤᠨ ᠬᠤᠶᠢᠲᠤ ᠬᠤᠰᠢᠭᠤᠨ ᠤ ᠬᠡᠰᠡᠭ ᠤᠨ ᠠᠬᠢᠴᠠ | ᠤᠷᠤᠭᠰᠢᠲᠠᠶ ᠪᠠᠶᠢᠵᠤ᠂ ᠬᠥᠬᠡᠬᠤᠲᠠ — ᠤᠯᠠᠭᠠᠨᠴᠠᠪ — ᠬᠤᠳᠠᠯᠳᠤᠭᠠᠨ ᠤ ᠵᠠᠰᠠᠮᠠᠯ ᠵᠠᠮ ᠤᠨ ᠵᠠᠮ ᠤᠨ | ᠭᠠᠳᠠᠷᠭᠤ ᠶᠢ 103 ᠺᠢᠯᠣᠮᠧᠲᠷ ᠵᠠᠰᠠᠵᠤ᠂ ︽ᠲᠣᠰᠣ ᠪᠠᠷ ᠡᠯᠡᠰᠦ ᠪᠣᠯᠭᠠᠬᠤ︾ ︽ᠲᠣᠰᠬᠤᠨ ᠳᠤ ᠨᠡᠪᠲᠡᠷᠡᠬᠦ ᠵᠠᠮ︾ | ᠢ 88 ᠺᠢᠯᠣᠮᠧᠲᠷ ᠵᠠᠰᠠᠵᠤ ᠳᠠᠭᠤᠰᠬᠠᠪᠠ᠃ ᠢᠦ᠋ᠢᠱᠠᠨ ᠤ 110 ᠺᠢᠯᠤᠸᠤᠯᠲ ᠤᠨ ᠴᠠᠬᠢᠯᠭᠠᠨ ᠬᠦᠷᠭᠡᠬᠦ | ᠬᠦᠴᠦᠳᠡᠯ ᠥᠭᠡᠷᠡᠴᠢᠯᠡᠬᠦ ᠢᠨᠵᠧᠨᠧᠷᠢᠩ ᠢ ᠪᠠᠶᠢᠭᠤᠯᠵᠤ ᠳᠠᠭᠤᠰᠬᠠᠭᠠᠳ ᠠᠰᠢᠭᠯᠠᠯᠲᠠ ᠳᠤ ᠣᠷᠣᠭᠤᠯᠵᠤ᠂ ᠭᠤᠤ | ᠮᠤᠤ ᠶᠢᠨ 220 ᠺᠢᠯᠤᠸᠤᠯᠲ᠂ ᠲᠦᠮᠠᠯᠲᠠᠶ ᠶᠢᠨ 110 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ | ᠥᠭᠡᠷᠡᠴᠢᠯᠡᠬᠦ ᠢᠨᠵᠧᠨᠧᠷᠢᠩ ᠢ ᠡᠮᠬᠢ ᠵᠢᠷᠤᠮ ᠲᠠᠢ ᠪᠠᠷ ᠲᠦᠯᠬᠢᠨ ᠠᠬᠢᠭᠤᠯᠵᠤ᠂ ᠬᠥᠳᠡᠭᠡ ᠲᠣᠰᠬᠤᠨ ᠤ ᠴᠠᠬᠢᠯᠭᠠᠨ | ᠲᠣᠣᠷ ᠢ ᠥᠭᠡᠷᠡᠴᠢᠯᠡᠨ ᠲᠡᠰ ᠳᠡᠪᠰᠢᠭᠦᠯᠬᠦ ᠡᠭᠦᠷᠭᠡ ᠶᠢ ᠤᠷᠤᠭᠰᠢᠲᠠᠶ ᠪᠡᠶᠡᠯᠡᠭᠦᠯᠪᠡ᠃ 5G ᠶᠢᠨ ᠰᠠᠭᠤᠷᠢ | ᠥᠷᠲᠡᠭᠡ ᠶᠢ 13 ᠪᠠᠶᠢᠭᠤᠯᠤᠨ᠎ᠠ᠃ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ︽ | ᠨᠡᠮᠡᠭᠳᠡᠯ ᠬᠠᠰᠤᠭᠳᠠᠯ ᠢ ᠬᠤᠯᠪᠣᠭᠳᠠᠭᠤᠯᠵᠤ︾ ᠮᠤᠵᠢ ᠠᠯᠤᠰᠯᠠᠨ 240 ᠮᠦ ᠠᠷᠠᠯᠵᠢᠶ᠎ᠠ ᠬᠢᠪᠡ᠃ | ᠬᠤᠳᠠ ᠬᠥᠳᠡᠭᠡ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠥᠪᠡᠷᠲᠡᠭᠡᠨ ᠵᠠᠰᠠᠬᠤ ᠣᠷᠣᠨ ᠤ | ᠴᠡᠴᠡᠷᠯᠢᠭᠵᠢᠭᠦᠯᠦᠭᠰᠡᠨ ᠰᠢᠶᠠᠨ ᠤ ᠬᠤᠲᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢ ᠪᠠᠬᠢᠵᠢᠭᠦᠯᠵᠦ᠂ | ᠴᠡᠴᠡᠷᠯᠢᠭᠵᠢᠭᠦᠯᠦᠨ ᠠᠷᠠᠴᠢᠯᠠᠨ ᠬᠠᠮᠠᠭᠠᠯᠠᠬᠤ ᠶᠢ ᠴᠢᠩᠭᠠᠳᠬᠠᠨ᠎ᠠ ᠲᠣᠭᠲᠠᠭᠠᠯ ᠠᠴᠠ ᠵᠥᠷᠢᠴᠡᠨ ᠪᠠᠶᠢᠭᠤᠯᠬᠤ | ᠵᠦᠢᠯᠡᠰ ᠢ ᠨᠡᠭᠡᠭᠡᠨ ᠬᠥᠭᠵᠢᠭᠦᠯᠬᠦ ᠶᠢ ᠡᠷᠡᠰ ᠢᠶᠠᠷ ᠵᠣᠭᠰᠣᠭᠠᠨ᠎ᠠ᠃ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ | ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢᠨ ᠡᠭᠦᠷᠭᠡ ᠶᠢ | ᠪᠡᠶᠡᠯᠡᠭᠦᠯᠵᠦ᠂ 5016 ᠬᠥᠳᠡᠭᠡ ᠲᠣᠰᠬᠤᠨ ᠤ ᠠᠷᠢᠭᠤᠨ ᠴᠡᠪᠡᠷ ᠵᠣᠷᠯᠣᠩ ᠢ ᠤᠭᠰᠠᠷᠠᠵᠤ᠂ ᠲᠦᠭᠡᠮᠡᠯᠵᠢᠭᠦᠯᠦᠭᠰᠡᠨ | ᠨᠣᠷᠮ᠎ᠠ ᠨᠢ 36% ᠳᠤ ᠬᠥᠷᠪᠡ᠃ ︽ᠰᠦᠯᠢᠶᠣᠣ ᠪᠦᠷᠬᠦᠪᠴᠢ ᠶᠢ ᠬᠤᠷᠢᠶᠠᠨ ᠠᠪᠬᠤ︾ ᠰᠢᠪᠲᠤᠯᠤᠯᠲᠠ ᠶᠢᠨ | ᠠᠵᠢᠯᠯᠠᠭ᠎ᠠ ᠶᠢ ᠥᠷᠨᠢᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠬᠠᠶᠢᠷᠴᠠᠭ᠂ ᠴᠡᠪᠡᠷᠯᠡᠨ ᠲᠡᠭᠡᠭᠡᠪᠦᠷᠢᠯᠡᠬᠦ | ᠲᠡᠷᠭᠡ ᠶᠢ ᠪᠣᠶ ᠪᠥᠬᠦᠶ ᠠᠶᠢᠯ ᠲᠣᠰᠬᠤᠨ ︵ᠬᠤᠲᠠ︶ ᠳᠤ ᠪᠦᠷᠬᠦᠭᠦᠯᠦᠨ᠎ᠡ᠃ | ︵ᠲᠠᠪᠤ︶ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠡᠷᠬᠡ ᠰᠡᠳᠦᠪ ᠢ ᠰᠢᠢᠳᠪᠤᠷᠢᠯᠡᠵᠤ᠂ ᠬᠥᠭᠵᠢᠯᠲᠡ ᠶᠢᠨ | ᠬᠥᠳᠡᠯᠭᠡᠭᠴᠢ ᠡᠨᠧᠷᠭᠢ ᠶᠢ ᠲᠠᠰᠤᠷᠠᠯᠳᠠ ᠦᠭᠡᠢ ᠴᠢᠩᠭᠠᠷᠠᠭᠤᠯᠪᠠ | ᠰᠤᠮᠤ ᠰᠢᠶᠠᠩ ᠪᠠᠯᠭᠠᠰᠤ ᠪᠣᠯᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ | ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠵᠦ᠂ ᠵᠠᠭᠤᠴᠢᠯᠠᠭᠤᠷ ᠢ ᠠᠭᠤᠰᠤᠯᠴᠠᠭᠤᠯᠬᠤ | ᠥᠭᠡᠷᠡᠴᠢᠯᠡᠯᠲᠡ ᠶᠢ ᠥᠪᠡᠷᠲᠡᠭᠡᠨ ᠵᠠᠰᠠᠬᠤ ᠣᠷᠣᠨ ᠤ ᠰᠢᠯᠭᠠᠨ ᠬᠤᠷᠢᠶᠠᠬᠤ ᠶᠢ ᠥᠩᠭᠡᠷᠡᠭᠡᠵᠦ᠂ ᠠᠵᠢᠯ | ᠤᠶᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠪᠠ᠃ ᠤᠯᠤᠰ ᠤᠨ ᠥᠮᠴᠢᠯᠡᠯ ᠤᠨ | ᠡᠳ᠋ ᠬᠦᠷᠦᠩᠭᠡ ᠶᠢᠨ ᠡᠵᠡᠩᠨᠡᠯᠲᠡ ᠬᠠᠮᠢᠶᠠᠷᠤᠯᠲᠠ ᠶᠢᠨ ᠥᠭᠡᠷᠡᠴᠢᠯᠡᠯᠲᠡ ᠰᠢᠨ᠎ᠡ ᠰᠢᠪᠲᠤᠯᠤᠯᠲᠠ ᠲᠠᠢ ᠪᠤᠯᠵᠤ᠂ | ᠬᠠᠶᠢᠷ ᠴᠢᠯᠠᠭᠤᠨ ᠤ ᠠᠵᠢᠯ ᠲᠦᠷᠦᠯ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠵᠢᠷᠤᠮᠵᠢᠭᠤᠯᠤᠨ᠂ ᠤᠯᠤᠰ ᠤᠨ | ᠥᠮᠴᠢᠯᠡᠯ ᠤᠨ ᠡᠳ᠋ ᠬᠦᠷᠦᠩᠭᠡ ᠶᠢᠨ ᠦᠷᠳᠡᠭ ᠢ ᠪᠠᠲᠤᠯᠠᠵᠤ ᠲᠠᠷᠢᠶᠠᠯᠠᠩ ᠤᠨ ᠤᠰᠤᠨ ᠤ ᠦᠨ᠎ᠡ ᠶᠢᠨ | ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠣᠭᠲᠠᠭᠤᠨ ᠢᠶᠠᠷ ᠠᠬᠢᠭᠤᠯᠵᠤ᠂ ᠠᠩᠬᠠᠨ ᠤ ᠬᠤᠭᠤᠴᠠᠭᠠᠨ ᠤ 5 ᠰᠤᠮᠤ | ᠰᠢᠶᠠᠩ ᠪᠠᠯᠭᠠᠰᠤ ᠶᠢᠨ ᠮᠠᠰᠢᠨ ᠴᠠᠬᠢᠯᠭᠠᠨ ᠬᠤᠳᠳᠤᠭ ᠤᠨ ᠬᠡᠮᠵᠢᠯᠲᠡ ᠶᠢᠨ ᠤᠭᠰᠠᠷᠠᠬᠤ ᠠᠵᠢᠯ ᠢ ᠪᠡᠶᠡᠯᠡᠭᠦᠯᠪᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠪᠠᠷᠢᠯᠭ᠎ᠠ ᠶᠢᠨ ᠪᠦᠲᠦᠭᠡᠨ | ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠴᠠᠭ ᠢ 90 ᠠᠵᠢᠯᠯᠠᠬᠤ ᠡᠳᠦᠷ ᠤᠨ ᠳᠣᠲᠣᠷ᠎ᠠ ᠪᠣᠯᠲᠠᠯ᠎ᠠ | ᠪᠠᠭᠠᠰᠬᠠᠪᠠ᠃ ᠠᠵᠤ ᠠᠬᠤᠶᠢᠯᠠᠯ᠂ ᠬᠤᠪᠢ ᠬᠥᠮᠦᠨ ᠤ ᠭᠠᠶᠢᠯᠢ ᠰᠤᠶᠢᠳᠬᠡᠯ ᠢ 5613 ᠲᠦᠮᠡᠨ ᠲᠥᠭᠦᠷᠢᠭ | ᠬᠠᠰᠤᠵᠤ ᠭᠡᠯᠳᠦᠷᠢᠭᠦᠯᠵᠦ᠂ 3 ᠠᠵᠤ ᠠᠬᠤᠶᠢᠯᠠᠯ 1500 ᠲᠦᠮᠡᠨ ᠲᠥᠭᠦᠷᠢᠭ ᠤᠨ ︽ᠳᠠᠭᠠᠳᠬᠠᠯ ᠳᠤ ᠲᠤᠰᠠᠯᠠᠬᠤ | ᠵᠢᠭᠡᠯᠡᠯᠭᠡ︾ ᠤᠯᠪᠠ᠃ | ︵ᠵᠢᠷᠭᠤᠭ᠎ᠠ︶ ᠠᠷᠭ᠎ᠠ ᠪᠦᠬᠦᠨ ᠢ ᠰᠦᠪᠡᠭᠴᠢᠯᠡᠨ ᠳᠤᠲᠠᠭᠤᠳᠠᠯ ᠢ ᠨᠥᠬᠦᠪᠥᠷᠢᠯᠡᠵᠦ᠂ ᠠᠷᠠᠳ ᠤᠨ | ᠠᠮᠢᠳᠤᠷᠠᠯ ᠤᠨ ᠪᠤᠶᠠᠨ ᠵᠢᠷᠭᠠᠯ ᠢ ᠦᠷᠭᠦᠯᠵᠢᠯᠡᠨ ᠰᠠᠶᠢᠵᠢᠷᠠᠭᠤᠯᠪᠠ | ᠨᠡᠶᠢᠭᠡᠮ ᠤᠨ ᠪᠠᠲᠤᠯᠠᠭ᠎ᠠ ᠲᠣᠭᠲᠠᠭᠤᠨ ᠢᠶᠠᠷ ᠳᠡᠭᠡᠭᠰᠢᠯᠡᠪᠡ᠃ ᠮᠠᠯᠵᠢᠬᠤ ᠲᠠᠷᠢᠶᠠᠯᠠᠬᠤ ᠣᠷᠣᠨ ᠳᠤ 3.8 | ᠲᠦᠮᠡᠨ ᠬᠥᠮᠦᠨ ᠤᠳᠠᠭ᠎ᠠ ᠶᠢ ᠰᠢᠯᠵᠢᠭᠦᠯᠦᠨ ᠠᠵᠢᠯ ᠣᠯᠭᠤᠵᠤ᠂ ᠬᠤᠲᠠ ᠪᠠᠯᠭᠠᠰᠤ ᠶᠢᠨ 713 ᠬᠥᠮᠦᠨ ᠳᠤ | ᠰᠢᠨ᠎ᠡ ᠪᠠᠷ ᠠᠵᠢᠯ ᠣᠯᠭᠤᠵᠤ᠂ 45 ᠴᠡᠷᠢᠭ ᠠᠴᠠ ᠬᠠᠯᠠᠭᠳᠠᠭᠰᠠᠳ ᠢ ᠲᠥᠪᠬᠢᠨᠡᠭᠦᠯᠪᠡ᠃ 3 ᠪᠦᠯᠦᠭ | ᠤᠳᠠᠭ᠎ᠠ ᠶᠢᠨ 303 ᠢᠵᠢ ᠨᠡᠶᠢᠲᠡ ᠶᠢᠨ ᠲᠦᠷᠢᠶᠡᠰᠦᠨ ᠣᠷᠣᠨ ᠰᠠᠭᠤᠴᠠ ᠶᠢ ᠬᠤᠪᠢᠶᠠᠷᠢᠯᠠᠪᠠ᠃ ᠬᠤᠲᠠ | ᠬᠥᠳᠡᠭᠡ ᠶᠢᠨ ᠦᠨᠳᠦᠰᠦᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠳᠤ ᠣᠷᠣᠯᠴᠠᠭᠰᠠᠨ ᠨᠣᠷᠮ᠎ᠠ ᠶᠢ 90% ᠳᠤ | ᠬᠦᠷᠦᠭᠦᠯᠵᠦ᠂ ᠡᠮᠴᠢᠯᠡᠭᠡᠨ ᠤ ᠳᠠᠭᠠᠳᠬᠠᠯ ᠤᠨ ᠲᠠᠩᠰᠠ ᠲᠠᠶᠢᠯᠬᠤ ᠬᠠᠷᠢᠴᠠᠯ ᠢ ᠤᠯᠠᠮ ᠨᠢᠭᠡ ᠠᠯᠬᠤᠮ | ᠳᠡᠭᠡᠭᠰᠢᠯᠡᠭᠦᠯᠦᠨ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢ ᠰᠦᠯᠵᠢᠶᠡᠨ ᠳᠡᠭᠡᠷ᠎ᠡ ᠣᠶᠤᠨᠴᠢ ᠪᠠᠷ | ᠨᠠᠷᠢᠯᠢᠭ ᠤᠨᠤᠪᠴᠢᠲᠠᠢ ᠪᠠᠷ ᠬᠦᠢᠴᠡᠳᠬᠡᠬᠦ ᠪᠠ ᠣᠷᠣᠰᠢᠨ ᠲᠣᠭᠲᠠᠨᠢᠬᠤ ᠶᠢᠨ ᠭᠡᠷᠡᠴᠢᠯᠡᠭᠡ | ᠨᠡᠶᠢᠭᠡᠮ ᠤᠨ ᠦᠢᠯᠡᠰ ᠲᠦᠷᠭᠡᠪᠴᠢᠯᠡᠨ ᠬᠥᠭᠵᠢᠪᠡ᠃ ᠠᠯᠪᠠᠨ ᠠᠴᠠ ᠡᠷᠭᠢᠯᠡᠭᠰᠡᠨ ᠬᠡᠤᠬᠡᠳ ᠤᠨ ᠴᠡᠴᠡᠷᠯᠢᠭ ᠢ | 3 ᠰᠢᠨ᠎ᠡ ᠪᠠᠷ ᠨᠡᠮᠡᠭᠳᠡᠭᠦᠯᠵᠦ᠂ ᠨᠡᠶᠢᠳᠡᠮ ᠬᠠᠷᠠᠭᠠᠯᠵᠠᠬᠤ ᠬᠡᠤᠬᠡᠳ ᠤᠨ ᠴᠡᠴᠡᠷᠯᠢᠭ ᠤᠨ ᠪᠦᠷᠬᠦᠴᠡ ᠶᠢᠨ ᠨᠣᠷᠮ᠎ᠠ ᠶᠢ | 93.7% ᠳᠤ ᠬᠦᠷᠦᠭᠦᠯᠵᠦ᠂ ᠥᠪᠡᠷᠲᠡᠭᠡᠨ ᠵᠠᠰᠠᠬᠤ ᠣᠷᠣᠨ ᠤ ᠳᠤᠮᠳᠠᠴᠢ ᠬᠢᠷᠢ ᠬᠡᠮᠵᠢᠶ᠎ᠡ ᠠᠴᠠ ᠢᠯᠡᠳᠲᠡ | ᠥᠨᠳᠥᠷ ᠪᠣᠯᠭᠠᠪᠠ᠃ ᠠᠩᠬᠠᠳᠠᠭᠴᠢ ᠵᠠᠯᠠᠭᠤᠴᠤᠳ ᠪᠠᠭᠠᠴᠤᠳ ᠤᠨ ᠬᠢᠴᠢᠶᠡᠯ ᠤᠨ ᠭᠠᠳᠠᠨᠠᠬᠢ ᠦᠢᠯᠡᠳᠦᠯᠭᠡ ᠶᠢᠨ | ᠰᠤᠳᠤᠯᠭᠠᠨ ᠤ ᠰᠤᠳᠤᠯᠤᠯ ᠤᠨ ᠵᠢᠭᠤᠯᠴᠢᠯᠠᠯ ᠤᠨ ᠰᠠᠭᠤᠷᠢᠨ ᠭᠠᠵᠠᠷ ᠢ ᠪᠠᠶᠢᠭᠤᠯᠤᠨ᠎ᠠ᠃ ᠤᠯᠤᠰ ᠤᠨ ᠨᠡᠶᠢᠳᠡᠮ | ᠬᠡᠷᠡᠭᠯᠡᠬᠦ ᠦᠭᠡ ᠬᠡᠯᠡ ᠦᠰᠦᠭ ᠪᠢᠴᠢᠭ ᠪᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ | ᠠᠵᠢᠯ ᠢ ᠤᠷᠤᠭᠰᠢᠲᠠᠶ ᠲᠦᠯᠬᠢᠨ ᠠᠬᠢᠭᠤᠯᠤᠨ᠎ᠠ᠃ ᠬᠤᠰᠢᠭᠤᠨ ᠤ ᠡᠮᠨᠡᠯᠭᠡ ᠶᠢᠨ ᠬᠤᠷᠢᠶ᠎ᠠ᠂ ᠮᠣᠩᠭᠤᠯ ᠬᠢᠲᠠᠳ | ᠡᠮᠨᠡᠯᠭᠡ ᠶᠢᠨ ᠬᠤᠷᠢᠶ᠎ᠠ ᠲᠣᠰ ᠲᠣᠰ ᠬᠤᠶᠠᠳᠤᠭᠠᠷ ᠳᠡᠰ ᠤᠨ ᠬᠥᠬᠡ ᠲᠠᠰ᠂ ᠬᠤᠶᠠᠳᠤᠭᠠᠷ ᠳᠡᠰ ᠤᠨ ᠬᠥᠬᠡᠭᠴᠢᠨ | ᠲᠠᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠡᠷᠡᠭᠦᠯ ᠮᠡᠨᠳᠦ ᠶᠢᠨ ᠤᠶᠢᠯᠡᠴᠢᠯᠡᠬᠡᠨ ᠤ ᠲᠣᠮᠣ ᠠᠰᠠᠷ ᠢ | ᠪᠠᠶᠢᠭᠤᠯᠵᠤ ᠠᠰᠢᠭᠯᠠᠯᠲᠠ ᠳᠤ ᠣᠷᠣᠭᠤᠯᠪᠠ᠃ 11 ᠬᠥᠮᠦᠨ ᠤ ᠳᠦᠷᠢᠮᠲᠦ ᠬᠦᠯ ᠪᠥᠮᠪᠦᠭᠡ ᠶᠢᠨ ᠲᠠᠯᠠᠪᠤᠷ ᠢ 1 | ᠰᠢᠨ᠎ᠡ ᠪᠠᠷ ᠪᠠᠶᠢᠭᠤᠯᠪᠠ᠃ ᠤᠯᠠᠭᠠᠨᠮᠥ᠋ᠴᠢᠷ ᠤᠨ ᠭᠡᠰᠢᠭᠦᠳ ᠢ ᠰᠠᠯᠭᠠᠨ ᠲᠣᠮᠢᠯᠠᠵᠤ ᠤᠷᠢᠨ ᠬᠡᠷᠡᠭᠯᠡᠬᠦ ᠠᠵᠢᠯ ᠢ | ᠠᠮᠵᠢᠯᠲᠠ ᠲᠠᠢ ᠪᠡᠶᠡᠯᠡᠭᠦᠯᠵᠦ᠂ ᠠᠯᠢ ᠣᠯᠠᠨ ᠰᠢᠯᠢᠳᠡᠭ ᠲᠣᠭᠯᠠᠯᠲᠠ ᠨᠢ ᠬᠤᠲᠠ ᠶᠢᠨ ᠲᠠᠰ ᠠᠴᠠ ᠳᠡᠭᠡᠭᠰᠢᠬᠢ | ᠱᠠᠩᠨᠠᠯ ᠢ ᠭᠥᠷᠳᠡᠪᠡ᠃ ᠴᠢ ᠴᠢᠩ ᠳ᠋ᠢ ᠲᠣᠰᠬᠤᠨ 2021 ᠣᠨ ᠤ ᠪᠦᠬᠦ ᠤᠯᠤᠰ ᠤᠨ ᠬᠥᠳᠡᠭᠡ ᠲᠣᠰᠬᠤᠨ ᠤ ︽ | ᠲᠣᠰᠬᠤᠨ ᠤ ᠤᠷᠤᠢ︾ ᠶᠢᠨ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠴᠡᠭ ᠲᠤ ᠠᠮᠵᠢᠯᠲᠠ ᠲᠠᠢ ᠰᠣᠩᠭᠤᠭᠳᠠᠵᠤ᠂ | ᠳ᠋ᠠ ᠯᠢᠤ ᠬᠤᠤ ᠠᠷᠠᠳ ᠤᠨ ᠵᠠᠩ ᠦᠢᠯᠡ ᠶᠢᠨ ᠰᠣᠶᠣᠯ ᠤᠨ ᠦᠵᠡᠭᠦᠯᠦᠯᠭᠡ ᠶᠢᠨ ᠲᠢᠩᠬᠢᠮ ᠢ ᠰᠢᠨ᠎ᠡ ᠪᠠᠷ | ᠪᠠᠶᠢᠭᠤᠯᠵᠤ᠂ ᠬᠤᠩᠭᠢᠯᠳᠤ ᠶᠢᠨ ᠳᠠᠶᠢᠯᠠᠯᠳᠤᠭᠠᠨ ᠤ ᠳᠤᠷᠠᠰᠬᠠᠯ ᠤᠨ ᠣᠷᠳᠣᠨ᠂ ᠮᠢᠶᠣᠣ ᠭᠸᠤ ᠶᠢᠨ ᠠᠷᠠᠳ ᠤᠨ ᠵᠠᠩ | ᠦᠢᠯᠡ ᠶᠢᠨ ᠰᠣᠶᠣᠯ ᠤᠨ ᠣᠷᠳᠣᠨ ᠢ ᠰᠢᠨ᠎ᠡ ᠪᠠᠷ ᠳᠡᠯᠭᠡᠨ ᠦᠵᠡᠭᠦᠯᠪᠡ᠃ ᠲᠣᠭᠲᠠᠭᠠᠯ ᠠᠴᠠ ᠵᠥᠷᠢᠴᠡᠨ | ᠪᠤᠩᠬᠤᠨ ᠤ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠥᠷᠨᠢᠭᠦᠯᠵᠦ᠂ ᠬᠤᠰᠢᠭᠤᠨ ᠤ ᠣᠷᠣᠰᠢᠭᠤᠯᠭ᠎ᠠ ᠶᠢᠨ ᠭᠠᠵᠠᠷ | ᠪᠠ ᠬᠥᠳᠡᠭᠡ ᠲᠣᠰᠬᠤᠨ ᠬᠤᠶᠠᠷ ᠱᠠᠲᠤᠨ ᠤ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠪᠤᠩᠬᠤᠨ ᠤ ᠭᠠᠵᠠᠷ ᠤᠨ | ᠪᠠᠷᠢᠯᠭ᠎ᠠ ᠶᠢ ᠡᠬᠢᠯᠡᠭᠦᠯᠪᠡ᠃ | ᠨᠡᠶᠢᠭᠡᠮ ᠤᠨ ᠵᠠᠰᠠᠯᠲᠠ ᠶᠢ ᠪᠦᠬᠦ ᠲᠠᠯ᠎ᠠ ᠪᠠᠷ ᠴᠢᠩᠭᠠᠳᠬᠠᠪᠠ᠃ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ | ᠡᠭᠦᠳᠦᠨ ᠪᠠᠶᠢᠭᠤᠯᠬᠤ ᠠᠵᠢᠯ ᠪᠠ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢ ᠪᠠᠲᠤ ᠪᠠᠬᠢ ᠪᠣᠶ | ᠪᠣᠯᠭᠠᠬᠤ ᠦᠵᠡᠯ ᠤᠬᠠᠮᠰᠠᠷ ᠤᠨ ᠬᠥᠮᠦᠵᠢᠯ ᠢ ᠭᠦᠨᠵᠡᠭᠡᠶ ᠥᠷᠨᠢᠭᠦᠯᠵᠦ᠂ ᠪᠥᠬᠦ ᠣᠷᠣᠨ ᠤ ᠦᠨᠳᠦᠰᠦᠲᠡᠨ ᠤ | ᠪᠦᠯᠬᠦᠮᠳᠡᠯ ᠳᠠᠪᠰᠢᠯᠲᠠ ᠶᠢ ᠡᠭᠦᠳᠦᠨ ᠪᠠᠶᠢᠭᠤᠯᠬᠤ ᠠᠵᠢᠯ ᠤᠨ ᠲᠤᠬᠠᠶ ᠶᠢᠨ ᠲᠠᠯᠠᠪᠤᠷ ᠤᠨ ᠢᠳᠡᠭᠡᠨ ᠪᠠ ᠡᠮ ᠤᠨ | ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠵᠠᠬᠢᠳᠠᠯ ᠰᠤᠷᠪᠤᠯᠵᠢᠯᠠᠭ᠎ᠠ ᠶᠢᠨ | ᠪᠠᠶᠢᠳᠠᠯ ᠲᠣᠭᠲᠠᠭᠤᠨ ᠪᠠᠶᠢᠵᠤ᠂ ᠨᠢᠭᠡ ᠪᠦᠯᠦᠭ ᠳᠠᠷᠤᠭᠳᠠᠮᠠᠯ ᠬᠡᠷᠡᠭ ᠢ ᠰᠢᠢᠳᠪᠤᠷᠢᠯᠡᠪᠡ᠃ ᠬᠠᠷ᠎ᠠ ᠪᠦᠯᠦᠭᠲᠡᠨ | ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ︽ᠠᠵᠢᠯ | ᠲᠥᠷᠥᠯ ᠤᠨ ᠢᠷᠡᠯᠲᠡ ᠶᠢ ᠴᠡᠪᠡᠷᠯᠡᠬᠦ︾ ᠲᠤᠰᠬᠠᠶ ᠠᠵᠢᠯᠯᠠᠭ᠎ᠠ ᠶᠢ ᠶᠡᠬᠡᠪᠡᠷ ᠥᠷᠨᠢᠭᠦᠯᠵᠦ᠂ ᠠᠮᠤᠷ ᠠᠮᠤᠭᠤᠯᠠᠩ | ᠬᠤᠲᠠ ᠶᠢᠨ ᠭᠤᠷᠪᠠᠳᠤᠭᠠᠷ ᠬᠤᠭᠤᠴᠠᠭᠠᠨ ᠤ ᠲᠥᠷᠥᠯ ᠵᠤᠶᠢᠯ ᠢ ᠰᠢᠯᠭᠠᠨ ᠠᠪᠬᠤ ᠳᠤ ᠬᠢᠷᠢ ᠲᠡᠩᠴᠡᠵᠦ᠂ ᠣᠯᠠᠨ | ᠲᠦᠮᠡᠨ ᠤ ᠠᠮᠤᠷ ᠲᠦᠪᠰᠢᠨ ᠤ ᠰᠡᠳᠬᠢᠯᠭᠡ᠂ ᠬᠠᠨᠤᠮᠵᠢ ᠶᠢᠨ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ | ᠬᠠᠤᠯᠢ ᠪᠠᠷ ᠵᠠᠰᠠᠬᠤ ᠨᠡᠶᠢᠭᠡᠮ ᠤᠨ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠵᠤ᠂ ᠳᠣᠯᠣᠳᠤᠭᠠᠷ ᠲᠠᠪᠤᠨ | ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠬᠠᠤᠯᠢ ᠴᠠᠭᠠᠵᠠ ᠶᠢ ᠲᠦᠭᠡᠮᠡᠯᠵᠢᠭᠦᠯᠬᠦ ᠠᠵᠢᠯ ᠢ ᠲᠡᠭᠦᠰ | ᠠᠮᠵᠢᠯᠲᠠ ᠲᠠᠢ ᠳᠠᠭᠤᠰᠬᠠᠪᠠ᠃ | ᠨᠠᠮ ᠤᠨ ᠱᠠᠰᠢᠨ ᠰᠤᠷᠲᠠᠬᠤᠨ ᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠪᠦᠷᠢᠳᠬᠡᠬᠦ᠂ ᠬᠢᠨᠠᠨ ᠪᠤᠳᠤᠬᠤ᠂ ᠠᠮᠤ ᠪᠤᠳᠠᠭ᠎ᠠ᠂ ᠴᠠᠭ ᠠᠭᠤᠷ᠂ ᠭᠠᠵᠠᠷ ᠬᠥᠳᠡᠯᠦᠯᠲᠡ᠂ ᠠᠷᠠᠳ ᠤᠨ ᠠᠭᠠᠷ ᠤᠨ | ᠰᠡᠷᠭᠡᠶᠢᠯᠡᠯᠲᠡ ᠵᠡᠷᠭᠡ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ᠠᠵᠢᠯᠴᠢᠨ ᠤ ᠡᠪᠯᠡᠯ᠂ ᠡᠪᠯᠡᠯ ᠤᠨ | ᠬᠤᠷᠢᠶ᠎ᠠ᠂ ᠡᠮᠡᠭᠲᠡᠶᠢᠴᠦᠳ᠂ ᠨᠠᠰᠤᠲᠠᠶᠢᠴᠤᠳ᠂ ᠵᠡᠮᠳᠡᠭᠴᠦᠳ᠂ ᠤᠯᠠᠭᠠᠨ ᠵᠠᠭᠠᠯᠮᠠᠶᠢᠳᠠᠨ ᠵᠡᠷᠭᠡ ᠡᠯ᠎ᠡ ᠵᠦᠢᠯ ᠤᠨ | ᠠᠵᠢᠯ ᠦᠢᠯᠡᠰ ᠰᠢᠨ᠎ᠡ ᠠᠬᠢᠴᠠ ᠲᠠᠢ ᠪᠣᠯᠪᠠ᠃ | ︵ᠳᠣᠯᠤᠭ᠎ᠠ︶ ᠦᠨᠡᠨ ᠢ ᠪᠠᠷᠢᠮᠲᠠᠯᠠᠨ ᠪᠣᠳᠠᠲᠠᠶ ᠶᠢ ᠡᠷᠬᠢᠮᠯᠡᠨ ᠰᠤᠷᠲᠠᠯ ᠢᠶᠠᠨ ᠬᠤᠪᠢᠷᠠᠭᠤᠯᠵᠤ᠂ ᠲᠣᠰ | ᠪᠡᠶ᠎ᠡ ᠶᠢᠨ ᠪᠠᠶᠢᠭᠤᠯᠤᠯᠲᠠ ᠪᠠᠨ ᠪᠥᠬᠦ ᠲᠠᠯ᠎ᠠ ᠪᠠᠷ ᠴᠢᠩᠭᠠᠳᠬᠠᠪᠠ | ᠤᠯᠤᠰ ᠲᠦᠷᠦ ᠶᠢᠨ ᠪᠠᠶᠢᠭᠤᠯᠤᠯᠲᠠ ᠶᠢ ᠲᠡᠷᠢᠭᠦᠨ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠦᠵᠡᠯ | ᠤᠬᠠᠮᠰᠠᠷ ᠤᠨ ᠬᠡᠯᠪᠡᠷᠢ ᠶᠢᠨ ᠠᠵᠢᠯ ᠤᠨ ᠬᠠᠷᠢᠭᠤᠴᠠᠯᠭ᠎ᠠ ᠪᠠ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ | ᠵᠠᠰᠠᠭ ᠪᠠᠷᠢᠬᠤ ᠪᠠᠶᠢᠭᠤᠯᠤᠯᠲᠠ ᠶᠢᠨ ︽ᠨᠢᠭᠡ ᠠᠵᠢᠯ ᠤᠨ ᠪᠠᠶᠢᠷᠢ ᠬᠤᠶᠠᠷ ᠬᠠᠷᠢᠭᠤᠴᠠᠯᠭ᠎ᠠ︾ ᠶᠢ ᠪᠦᠬᠦ ᠲᠠᠯ᠎ᠠ ᠪᠠᠷ | ᠨᠠᠶᠢᠳᠠᠪᠤᠷᠢᠵᠢᠭᠤᠯᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠪᠠ᠃ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠨ᠂ ᠬᠤᠰᠢᠭᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠢᠩᠭᠤ ᠶᠢᠨ ᠬᠤᠷᠢᠶᠠᠨ ᠤ ᠰᠢᠢᠳᠪᠤᠷᠢ ᠶᠢ ᠬᠢᠨᠠᠮᠠᠭᠠᠶ | ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ | ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠰᠠᠨᠠᠭᠠᠴᠢᠯᠠᠭ᠎ᠠ ᠠᠴᠠ ᠪᠠᠨ ᠬᠦᠯᠢᠶᠡᠨ | ᠠᠪᠴᠤ᠂ ᠪᠦᠬᠦ ᠵᠢᠯ ᠳᠤ ᠬᠤᠲᠠ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠰᠠᠨᠠᠯ ᠵᠠᠰᠠᠭ ᠤᠨ | ᠣᠷᠳᠣᠨ ᠤ ᠮᠡᠳᠡᠭᠡ ᠵᠠᠩᠭᠢ ᠶᠢ ᠢᠯᠡ ᠪᠣᠯᠭᠠᠬᠤ ᠲᠦᠷᠢᠮ ᠢ ᠬᠢᠨᠠᠮᠠᠭᠠᠶ ᠬᠡᠷᠡᠭᠵᠢᠭᠦᠯᠵᠦ᠂ ᠵᠠᠰᠠᠭ ᠤᠨ ᠶᠠᠪᠤᠳᠠᠯ ᠢ | ᠢᠯᠡ ᠪᠣᠯᠭᠠᠬᠤ ᠶᠢ ᠶᠡᠭᠡ ᠪᠠᠷ ᠲᠦᠯᠬᠢᠨ ᠠᠬᠢᠭᠤᠯᠵᠤ᠂ ᠪᠦᠬᠦ ᠵᠢᠯ ᠳᠤ 4600 ᠭᠠᠷᠤᠶ ᠮᠡᠳᠡᠭᠡ ᠵᠠᠩᠭᠢ ᠶᠢ | ᠰᠠᠨᠠᠭᠠᠴᠢᠯᠠᠭ᠎ᠠ ᠠᠴᠠ ᠪᠠᠨ ᠢᠯᠡ ᠪᠣᠯᠭᠠᠪᠠ᠃ ︽12345︾ ᠠᠷᠠᠳ ᠲᠤ ᠲᠦᠬᠦᠮ ᠦᠵᠡᠭᠦᠯᠬᠦ | ᠦᠢᠯᠡᠴᠢᠯᠡᠭᠡᠨ ᠤ ᠬᠠᠯᠠᠭᠤᠨ ᠤᠲᠠᠰᠤ ᠶᠢ ᠨᠡᠪᠲᠡᠷᠡᠭᠦᠯᠵᠦ᠂ ᠵᠥᠪᠯᠡᠯᠭᠡ ᠪᠠ ᠵᠠᠭᠠᠯᠳᠤᠯᠭ᠎ᠠ ᠶᠢ 897 ᠬᠤᠪᠢ | ᠬᠦᠯᠢᠶᠡᠨ ᠠᠪᠴᠤ ᠰᠢᠢᠳᠪᠤᠷᠢᠯᠡᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠤᠨ ᠵᠣᠷᠢᠭ | ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠭᠦᠷᠡᠰᠦᠨ ᠤ ᠡᠬᠢ ᠪᠠᠶᠠᠯᠢᠭ᠂ ᠠᠷᠠᠳ ᠤᠨ ᠠᠭᠠᠷ ᠤᠨ | ᠰᠡᠷᠭᠡᠶᠢᠯᠡᠯᠲᠡ ᠶᠢᠨ ᠰᠢᠰᠲ᠋ᠧᠮ᠂ ᠰᠤᠷᠭᠠᠨ ᠬᠥᠮᠦᠵᠢᠯ ᠡᠮ ᠡᠮᠨᠡᠯᠭᠡ ᠵᠡᠷᠭᠡ ᠬᠦᠷᠢᠶᠡᠨ ᠳᠠᠬᠢ ᠲᠤᠰᠬᠠᠶ ᠵᠦᠢᠯ ᠤᠨ | ᠴᠡᠭᠴᠡᠯᠡᠨ ᠵᠠᠰᠠᠯᠲᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠵᠠᠰᠠᠭ | ᠵᠠᠬᠢᠷᠭᠠᠨ ᠤ ᠦᠢᠯᠡᠳᠦᠯ ᠴᠢᠳᠠᠪᠤᠷᠢ ᠪᠠ ᠠᠵᠢᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠪᠠ᠃ ᠳ᠋ᠠ ᠯᠢᠤ ᠬᠤᠤ | ᠪᠠᠯᠭᠠᠰᠤᠨ ᠤ ᠠᠷᠠᠳ ᠤᠨ ᠵᠠᠰᠠᠭ ᠤᠨ ᠣᠷᠳᠣᠨ ᠥᠪᠡᠷᠲᠡᠭᠡᠨ ᠵᠠᠰᠠᠬᠤ ᠣᠷᠣᠨ ᠤ ︽ᠠᠷᠠᠳ ᠲᠦᠮᠡᠨ ᠤ | ᠰᠠᠨᠠᠭᠠᠨ ᠳᠤ ᠨᠡᠶᠢᠴᠡᠭᠰᠡᠨ ᠠᠯᠪᠠᠲᠠᠨ ᠤ ᠬᠠᠮᠲᠤ ᠨᠡᠶᠢᠲᠡ︾ ᠶᠢᠨ ᠢᠷᠠᠭᠤ ᠠᠯᠳᠠᠷ ᠢ ᠭᠥᠷᠳᠡᠪᠡ᠃ | ᠲᠥᠯᠥᠭᠡᠯᠡᠭᠴᠢᠳ ᠡ᠂ 2020 ᠣᠨ ᠤ ᠡᠯ᠎ᠡ ᠵᠤᠶᠢᠯ ᠤᠨ ᠠᠵᠢᠯ ᠤᠨ ᠡᠭᠦᠷᠭᠡ ᠪᠠᠨ ᠤᠷᠤᠭᠰᠢᠲᠠᠶ | ᠪᠡᠶᠡᠯᠡᠭᠦᠯᠦᠭᠰᠡᠨ ᠨᠢ ᠠᠷᠪᠠᠨ ᠭᠤᠷᠪᠠᠳᠤᠭᠠᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨᠳᠤ ᠲᠡᠭᠦᠰ | ᠠᠮᠵᠢᠯᠲᠠ ᠲᠠᠢ ᠲᠡᠭᠦᠰᠦᠭᠰᠡᠨ ᠢ ᠬᠠᠷᠠᠭᠤᠯᠵᠤ ᠪᠠᠶᠢᠨ᠎ᠠ᠃ ᠲᠠᠪᠤᠨ ᠵᠢᠯ ᠤᠨ ᠲᠤᠷᠰᠢ᠂ ᠬᠤᠰᠢᠭᠤᠨ ᠤ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠠᠷᠠᠳ ᠤᠨ ᠵᠠᠰᠠᠭ ᠤᠨ ᠣᠷᠳᠣᠨ ᠴᠢᠨᠡᠭᠡᠯᠢᠭ | ᠨᠡᠶᠢᠭᠡᠮ ᠢ ᠪᠥᠬᠦ ᠲᠠᠯ᠎ᠠ ᠪᠠᠷ ᠪᠠᠶᠢᠭᠤᠯᠤᠨ ᠪᠦᠲᠦᠭᠡᠬᠦ ᠲᠡᠷᠢᠭᠦᠨ ᠴᠢᠬᠤᠯᠠ ᠬᠠᠷᠠᠯᠲᠠ ᠶᠢ ᠪᠠᠲᠤ ᠲᠣᠭᠲᠠᠭᠠᠵᠤ᠂ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠᠷ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠪᠦᠬᠦ | ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ | ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ | ᠰᠡᠷᠭᠡᠶᠢᠯᠡᠬᠦ ᠡᠯ᠎ᠡ ᠵᠦᠢᠯ ᠤᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠷᠠᠳ ᠲᠦᠮᠡᠨ ᠢᠶᠠᠷ ᠭᠤᠤᠯ | ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠤᠶᠢᠯᠡᠳᠤᠯᠭᠡᠵᠢᠬᠦᠯᠵᠤ᠂ ᠪᠥᠬᠦ ᠬᠤᠰᠢᠭᠤᠨ ᠤ ᠳᠡᠭᠡᠳᠦ | ᠳᠣᠤᠷᠠᠳᠤ ᠱᠠᠲᠤ ᠪᠠᠷ ᠢᠶᠠᠨ ᠡᠷᠡᠮᠡᠬᠡᠶᠢᠯᠡᠨ ᠤᠷᠤᠭᠰᠢᠯᠠᠵᠤ᠂ ᠣᠯᠠᠨ ᠵᠢᠯ ᠤᠨ ᠲᠤᠷᠰᠢ ᠬᠢᠶ᠎ᠡ ᠭᠡᠵᠦ ᠪᠤᠳᠤᠭᠰᠠᠨ | ᠪᠣᠯᠪᠠᠴᠤ ᠬᠢᠵᠦ ᠳᠡᠶᠢᠯᠦᠭᠰᠡᠨ ᠥᠬᠡᠶ ᠨᠢᠭᠡ ᠪᠦᠯᠦᠭ ᠪᠡᠷᠬᠡ ᠶᠠᠪᠤᠳᠠᠯ ᠢ ᠰᠢᠢᠳᠪᠤᠷᠢᠯᠡᠵᠤ᠂ ᠨᠢᠭᠡ ᠪᠦᠯᠦᠭ ᠰᠠᠭᠤᠷᠢ | ᠲᠠᠯᠪᠢᠵᠤ ᠠᠯᠤᠰ ᠬᠡᠲᠦ ᠳᠤ ᠠᠰᠢᠭᠲᠠᠶ ᠶᠡᠭᠡ ᠶᠠᠪᠤᠳᠠᠯ ᠢ ᠪᠦᠲᠦᠭᠡᠵᠦ᠂ ᠨᠢᠭᠡ ᠪᠦᠯᠦᠭ ᠣᠯᠠᠨ ᠲᠦᠮᠡᠨ ᠳᠤ | ᠨᠡᠶᠢᠳᠡᠮ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠵᠦ᠂ ᠪᠥᠬᠦ | ᠬᠤᠰᠢᠭᠤᠨ ᠤ ᠠᠵᠤ ᠠᠬᠤᠶ ᠨᠡᠶᠢᠭᠡᠮ ᠤᠨ ᠡᠯ᠎ᠡ ᠵᠤᠶᠢᠯ ᠤᠨ ᠤᠶᠢᠯᠡᠰ ᠲᠤ ᠰᠢᠨ᠎ᠡ ᠠᠮᠵᠢᠯᠲᠠ ᠣᠯᠤᠭᠰᠠᠨ ᠪᠠᠶᠢᠨ᠎ᠠ | ᠃ | — — ᠡᠨᠡ ᠲᠠᠪᠤᠨ ᠵᠢᠯ ᠳᠤ᠂ ᠴᠢᠨᠡᠭᠡᠯᠢᠭ ᠨᠡᠶᠢᠭᠡᠮ ᠤᠨ ᠰᠠᠭᠤᠷᠢ ᠲᠠᠰᠤᠷᠠᠯᠳᠠ ᠦᠭᠡᠢ ᠪᠠᠬᠢᠵᠢᠪᠡ᠃ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠦᠷᠳᠡᠭ 31214 ᠳ᠋ᠦᠩᠰᠢᠭᠤᠷ ᠲᠥᠭᠦᠷᠢᠭ ᠢ | ᠪᠡᠶᠡᠯᠡᠭᠦᠯᠵᠦ᠂ ᠤᠯᠠᠨ ᠨᠡᠶᠢᠲᠡ ᠶᠢᠨ ᠡᠳ᠋ ᠤᠨ ᠵᠠᠰᠠᠭ ᠤᠨ ᠲᠥᠰᠦᠪ ᠤᠨ ᠣᠷᠣᠯᠭ᠎ᠠ 1049 ᠳ᠋ᠦᠩᠰᠢᠭᠤᠷ | ᠲᠥᠭᠦᠷᠢᠭ ᠲᠤ ᠬᠦᠷᠴᠦ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠦᠢᠯᠡᠰ ᠤᠨ ᠬᠤᠪᠢ ᠶᠢᠨ ᠵᠢᠩ 2016 | ᠣᠨ ᠤ 15᠄ 58᠄ 27 ᠪᠠᠶᠢᠭᠰᠠᠨ ᠠᠴᠠ 2020 ᠣᠨ ᠪᠣᠯᠬᠤ ᠳᠤ 14᠄ 52᠄ 34 ᠪᠤᠯᠵᠤ᠂ | ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠲᠦᠷᠦᠯ ᠵᠦᠢᠯ ᠢ 74 ᠨᠠᠶᠢᠳᠠᠪᠤᠷᠢᠵᠢᠭᠤᠯᠪᠠ᠃ ᠨᠢᠭᠡ ᠪᠦᠯᠦᠭ | ᠲᠠᠷᠢᠶᠠᠯᠠᠩ ᠮᠠᠯ ᠠᠵᠤ ᠠᠬᠤᠶ ᠶᠢᠨ ᠲᠠᠭᠠᠭᠤᠯᠤᠭᠴᠢ ᠠᠵᠤ ᠠᠬᠤᠶᠢᠯᠠᠯ ᠢ ᠣᠷᠣᠭᠤᠯᠤᠨ ᠠᠪᠴᠢᠷᠠᠵᠤ᠂ ᠠᠯᠠᠰᠢᠨ | ᠦᠬᠡᠷ᠂ ᠭᠠᠭ᠋ᠠᠶ ᠶᠢᠨ ᠠᠵᠤ ᠤᠶᠢᠯᠡᠰ ᠤᠨ ᠰᠦᠷᠦᠭᠵᠢᠯ ᠤᠨ ᠬᠥᠭᠵᠢᠯᠲᠡ ᠶᠢ ᠠᠩᠬ᠎ᠠ ᠠᠯᠬᠤᠮ ᠬᠡᠪᠴᠢᠶᠡᠵᠢᠭᠦᠯᠵᠦ᠂ | ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠶᠢᠨ ᠠᠯᠳᠠᠷᠰᠢᠯ ᠦᠷᠭᠦᠯᠵᠢᠯᠡᠨ ᠥᠷᠭᠡᠳᠴᠦ᠂ ︽ᠪᠥᠬᠦ | ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ︾ ᠳᠤ | ᠰᠣᠩᠭᠤᠭᠳᠠᠪᠠ᠃ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠤᠶᠢᠯᠡᠳᠪᠤᠷᠢ ᠶᠢᠨ ᠠᠵᠤ ᠤᠶᠢᠯᠡᠰ ᠲᠠᠰᠤᠷᠠᠯᠲᠠ | ᠥᠬᠡᠶ ᠬᠦᠴᠦᠷᠬᠡᠭᠵᠢᠵᠦ᠂ ᠠᠵᠤ ᠤᠶᠢᠯᠡᠰ ᠤᠨ ᠬᠡᠯᠬᠢᠶ᠎ᠡ ᠶᠢ ᠤᠷᠲᠤᠳᠬᠠᠨ᠂ ᠮᠧᠩ ᠸᠧᠶ ᠺᠣᠮᠫᠠᠨᠢ ᠨᠢ ᠪᠥᠬᠦ | ᠤᠯᠤᠰ ᠤᠨ ᠬᠠᠮᠤᠭ ᠤᠨ ᠲᠣᠮᠣ ᠲᠠᠩ ᠪᠡᠶᠡᠲᠦ PVA ᠤᠶᠢᠯᠡᠳᠪᠤᠷᠢᠯᠡᠯ ᠤᠨ ᠰᠠᠭᠤᠷᠢᠨ ᠭᠠᠵᠠᠷ ᠪᠣᠯᠪᠠ᠃ ᠪᠠᠯ | ᠴᠢᠯᠠᠭᠤᠨ ᠤ ᠰᠢᠨ᠎ᠡ ᠮᠠᠲ᠋ᠧᠷᠢᠶᠠᠯ ᠢᠶᠠᠷ ᠰᠢᠪᠲᠤᠯᠤᠯᠲᠠ ᠶᠢᠨ ᠴᠡᠭ ᠪᠣᠯᠭᠠᠵᠤ᠂ ᠰᠢᠨ᠎ᠡ ᠪᠠᠷ ᠪᠣᠶ ᠪᠣᠯᠤᠭᠰᠠᠨ ᠠᠵᠤ | ᠤᠶᠢᠯᠡᠰ ᠤᠨ ᠲᠥᠪᠯᠡᠷᠡᠯ ᠢ ᠶᠡᠬᠡᠪᠡᠷ ᠠᠬᠢᠭᠤᠯᠵᠤ᠂ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ | ᠮᠠᠲ᠋ᠧᠷᠢᠶᠠᠯ ᠤᠨ ᠤᠶᠢᠯᠡᠳᠪᠤᠷᠢᠯᠡᠬᠦ ᠴᠢᠳᠠᠪᠤᠷᠢ ᠶᠢ 5 ᠲᠦᠮᠡᠨ ᠲᠣᠨ ᠳᠤ ᠬᠦᠷᠦᠭᠦᠯᠵᠦ᠂ ᠪᠠᠯ ᠴᠢᠯᠠᠭᠤᠨ ᠤ | ᠴᠠᠬᠢᠯᠭᠠᠨ ᠲᠦᠢᠯ ᠤᠨ ᠤᠶᠢᠯᠡᠳᠪᠤᠷᠢᠯᠡᠬᠦ ᠴᠢᠳᠠᠪᠤᠷᠢ ᠶᠢ 12 ᠲᠦᠮᠡᠨ ᠲᠣᠨ ᠳᠤ ᠬᠦᠷᠦᠭᠦᠯᠵᠦ᠂ ᠥᠪᠡᠷᠲᠡᠭᠡᠨ | ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠠᠵᠤ ᠤᠶᠢᠯᠡᠰ ᠤᠨ ᠪᠦᠯᠦᠭᠯᠡᠯ ᠢ ᠠᠬᠢᠭᠤᠯᠬᠤ ᠪᠠᠷ | ᠰᠣᠩᠭᠤᠭᠳᠠᠨᠠ᠃ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠢ | ᠥᠪᠡᠷᠲᠡᠭᠡᠨ ᠵᠠᠰᠠᠬᠤ ᠣᠷᠣᠨ ᠤ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠨᠡᠭᠡᠭᠡᠨ | ᠬᠥᠭᠵᠢᠭᠦᠯᠦᠯᠲᠡ ᠶᠢ ᠥᠨᠳᠥᠷ ᠭᠠᠷᠤᠭ᠎ᠠ ᠲᠠᠢ ᠪᠠᠷ ᠲᠥᠯᠥᠪᠯᠡᠵᠦ᠂ ᠦᠵᠡᠮᠵᠢ ᠶᠢᠨ ᠣᠷᠣᠨ ᠤ ᠰᠠᠭᠤᠷᠢ | ᠲᠥᠬᠦᠭᠡᠷᠦᠮᠵᠢ ᠶᠢᠨ ᠪᠥᠲᠥᠭᠡᠨ ᠪᠠᠶᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠳᠥᠯᠭᠢᠨ ᠠᠬᠢᠭᠤᠯᠵᠤ᠂ ᠮᠠᠨ ᠤ | ᠬᠤᠰᠢᠭᠤ ᠲᠠᠯ᠎ᠠ ᠨᠤᠲᠤᠭ ᠤᠨ ᠵᠢᠭᠤᠯᠴᠢᠯᠠᠯ ᠤᠨ ︽ᠰᠢᠨ᠎ᠡ ᠪᠠᠶᠢᠷᠢᠰᠢᠯ︾ ᠪᠣᠯᠵᠣ᠂ ︽ᠰᠦᠯᠵᠢᠶᠡᠨ ᠳᠤ ᠣᠷᠣᠵᠤ | ᠺᠠᠷᠲ ᠴᠣᠬᠢᠬᠤ ᠭᠠᠵᠠᠷ︾ ᠨᠡᠷᠡᠲᠡᠶ ᠪᠣᠯᠵᠣ᠂ ᠵᠢᠭᠤᠯᠴᠢᠯᠠᠯ ᠤᠨ ᠬᠥᠭᠵᠢᠯᠲᠡ ᠶᠢᠨ ᠳᠠᠯᠳᠠ ᠬᠦᠴᠦᠨ ᠢ | ᠲᠦᠷᠭᠡᠨ ᠢᠶᠠᠷ ᠪᠠᠳᠠᠷᠠᠭᠤᠯᠪᠠ᠃ | — ᠡᠨᠡ ᠲᠠᠪᠤᠨ ᠵᠢᠯ ᠳᠤ᠂ ᠴᠢᠨᠡᠭᠡᠯᠢᠭ ᠨᠡᠶᠢᠭᠡᠮ ᠤᠨ ᠳᠤᠲᠠᠭᠤᠳᠠᠯ ᠢ ᠲᠦᠷᠭᠡᠨ ᠨᠥᠬᠦᠪᠥᠷᠢᠯᠡᠪᠡ᠃ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠲᠡᠦᠬᠡᠲᠦ ᠴᠢᠨᠠᠷᠲᠠᠢ ᠠᠮᠵᠢᠯᠲᠠ ᠣᠯᠵᠤ᠂ ︽ | ᠬᠤᠶᠠᠷ ᠲᠤ ᠵᠣᠪᠠᠭ᠋ᠤ ᠦᠭᠡᠢ᠂ ᠭᠤᠷᠪᠠ ᠶᠢ ᠪᠠᠲᠤᠯᠠᠬᠤ︾ ᠶᠢ ᠪᠦᠬᠦ ᠲᠠᠯ᠎ᠠ ᠪᠠᠷ ᠪᠡᠶᠡᠯᠡᠭᠦᠯᠵᠦ᠂ ᠶᠠᠳᠠᠭᠤ | ᠬᠦᠴᠢᠷᠳᠡᠯᠲᠡᠢ ᠬᠥᠮᠦᠨ ᠠᠮᠠ ᠶᠢᠨ ᠣᠷᠣᠯᠭ᠎ᠠ 2015 ᠣᠨ ᠳᠤ 3098 ᠲᠥᠭᠦᠷᠢᠭ ᠪᠠᠶᠢᠭᠰᠠᠨ ᠠᠴᠠ 2020 | ᠣᠨ ᠪᠣᠯᠬᠤ ᠳᠤ 11147 ᠲᠥᠭᠦᠷᠢᠭ ᠪᠣᠯᠤᠨ ᠨᠡᠮᠡᠭᠳᠡᠵᠦ᠂ 18766 ᠶᠠᠳᠠᠭᠤ ᠬᠦᠴᠢᠷᠳᠡᠯᠲᠡᠢ ᠬᠥᠮᠦᠨ ᠠᠮᠠ | ᠪᠦᠬᠦᠨ ᠢᠶᠠᠷ ᠢᠶᠠᠨ ᠶᠠᠳᠠᠭᠤ ᠠᠴᠠ ᠠᠩᠭᠢᠵᠢᠷᠠᠵᠤ᠂ ᠪᠦᠬᠦ ᠬᠤᠳᠠ ᠶᠢᠨ ᠠᠩᠬᠠᠳᠠᠭᠴᠢ ︽ᠶᠠᠳᠠᠭᠤ ᠠᠴᠠ | ᠠᠩᠭᠢᠵᠢᠷᠠᠭᠰᠠᠨ︾ ᠤᠯᠤᠰ ᠤᠨ ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠤᠯᠵᠤ᠂ ᠪᠦᠬᠦ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠳ᠋ᠦᠩᠨᠡᠵᠦ ᠬᠥᠬᠢᠭᠦᠯᠦᠨ ᠰᠠᠶᠢᠰᠢᠶᠠᠬᠤ | ᠨᠡᠷᠡᠰ ᠤᠨ ᠵᠢᠭᠰᠠᠭᠠᠯᠲᠠ ᠳᠤ ᠨᠡᠷ᠎ᠡ ᠠᠯᠳᠠᠷᠰᠢᠵᠠᠢ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢ ᠰᠢᠪᠠᠳᠠᠨ | ᠪᠠᠶᠢᠴᠠᠭᠠᠬᠤ ᠵᠢᠴᠢ ︽ᠡᠷᠭᠢᠵᠦ ᠪᠠᠶᠢᠴᠠᠭᠠᠬᠤ︾ ᠳᠤ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠥᠭᠡᠷᠡᠴᠢᠯᠡᠬᠦ | ᠡᠭᠦᠷᠭᠡ ᠶᠢ ᠦᠨᠳᠦᠰᠦᠨ ᠳᠡᠭᠡᠨ ᠪᠡᠶᠡᠯᠡᠭᠦᠯᠵᠦ᠂ ᠨᠢᠭᠡ ᠪᠦᠯᠦᠭ ᠣᠷᠴᠢᠨ ᠠᠬᠤᠶ ᠶᠢᠨ ᠲᠣᠪᠤᠶᠢᠮ᠎ᠠ ᠠᠰᠠᠭᠤᠳᠠᠯ ᠢ | ᠪᠦᠲᠦᠮᠵᠢᠲᠡᠶ ᠪᠠᠷ ᠵᠠᠰᠠᠪᠠ᠃ ᠭᠤᠣᠯ ᠮᠥᠷᠡᠨ ︵ᠨᠠᠭᠤᠷ︶ ᠤ ᠳᠠᠷᠤᠭ᠎ᠠ ᠶᠢᠨ ᠳᠦᠷᠢᠮ᠂ ᠤᠰᠤ ᠠᠷᠪᠢᠯᠠᠬᠤ | ᠬᠠᠮᠠᠭᠠᠯᠠᠯᠲᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠮᠢ ᠠᠬᠤᠶ ᠶᠢᠨ ᠣᠷᠴᠢᠨ ᠲᠣᠭᠤᠷᠢᠨ ᠤ ᠪᠦᠲᠦᠭᠡᠨ | ᠪᠠᠶᠢᠭᠤᠯᠤᠯᠲᠠ ᠪᠣᠯᠤᠨ ᠬᠠᠮᠠᠭᠠᠯᠠᠯᠲᠠ ᠶᠢᠨ ᠡᠷᠴᠢᠮ ᠢ ᠵᠢᠯ ᠳᠠᠷᠠᠭᠠᠯᠠᠨ ᠴᠢᠩᠭᠠᠷᠠᠭᠤᠯᠵᠤ᠂ ᠨᠤᠲᠤᠭ ᠪᠡᠯᠴᠢᠭᠡᠷ ᠤᠨ | ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠪᠣᠯᠤᠨ ᠣᠶ ᠰᠢᠭᠤᠶ ᠶᠢᠨ ᠪᠦᠷᠬᠦᠴᠡ ᠲᠤᠰ ᠲᠤᠰ 46% ᠪᠣᠯᠤᠨ | 22% ᠲᠤ ᠬᠦᠷᠴᠦ᠂ ᠨᠣᠭᠤᠭᠠᠨ ᠥᠩᠭᠡ ᠨᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮᠤᠭ ᠤᠨ | ᠢᠯᠡ ᠲᠣᠳᠣ ᠰᠠᠭᠤᠷᠢ ᠥᠩᠭᠡ ᠪᠣᠯᠤᠭᠰᠠᠨ ᠪᠠᠶᠢᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢ ᠠᠷᠢᠯᠭᠠᠬᠤ | ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠬᠦᠯᠵᠠᠢ᠃ | — — ᠡᠨᠡ ᠲᠠᠪᠤᠨ ᠵᠢᠯ ᠳᠤ᠂ ᠴᠢᠨᠡᠭᠡᠯᠢᠭ ᠨᠡᠶᠢᠭᠡᠮ ᠤᠨ ᠣᠷᠴᠢᠨ ᠨᠥᠬᠦᠴᠡᠯ ᠦᠷᠭᠦᠯᠵᠢᠯᠡᠨ | ᠰᠢᠯᠢᠳᠡᠭᠵᠢᠪᠡ᠃ ᠲᠥᠪ ᠬᠤᠳᠠ ᠶᠢᠨ ᠲᠣᠭᠤᠷᠢᠭ ᠢ ᠥᠭᠡᠷᠡᠴᠢᠯᠡᠨ ᠲᠡᠰ ᠳᠡᠪᠰᠢᠭᠦᠯᠬᠦ ᠶᠢ ᠶᠡᠬᠡᠪᠡᠷ ᠲᠦᠯᠬᠢᠨ | ᠠᠬᠢᠭᠤᠯᠵᠤ᠂ ᠬᠤᠳᠠ ᠪᠠᠯᠭᠠᠰᠤᠨ ᠤ ᠵᠠᠮ ᠤᠨ ᠲᠣᠣᠷ᠂ ᠭᠠᠵᠠᠷ ᠳᠣᠣᠷᠠᠬᠢ ᠬᠤᠭᠤᠯᠠᠶ ᠶᠢᠨ ᠲᠣᠣᠷ᠂ ᠬᠤᠭ ᠨᠣᠪᠰᠢ | ᠪᠣᠬᠢᠷ ᠤᠰᠤ ᠶᠢ ᠰᠢᠢᠳᠪᠤᠷᠢᠯᠡᠬᠦ ᠵᠡᠷᠭᠡ ᠲᠥᠬᠦᠭᠡᠷᠦᠮᠵᠢ ᠶᠢ ᠲᠠᠰᠤᠷᠠᠯᠳᠠ ᠦᠭᠡᠢ ᠲᠡᠭᠦᠯᠳᠡᠷᠵᠢᠭᠦᠯᠪᠡ᠃ ︽ᠲᠠᠪᠤᠨ | ᠬᠤᠲᠠ ᠨᠢᠭᠡ ᠲᠡᠷᠢᠭᠦᠨ ᠤ︾ ᠬᠤᠯᠪᠣᠭᠠᠯᠠᠨ ᠰᠢᠨ᠎ᠡ ᠶᠢ ᠡᠭᠦᠳᠬᠦ᠋ᠢ ᠥᠷᠨᠢᠭᠦᠯᠵᠦ᠂ ᠲᠥᠪ ᠬᠤᠲᠠ ᠶᠢᠨ | ᠲᠣᠭᠤᠷᠢᠭ ᠤᠨ ᠨᠣᠭᠤᠭᠠᠷᠠᠭᠤᠯᠤᠯᠲᠠ ᠭᠤᠶᠤᠵᠢᠭᠤᠯᠤᠯᠲᠠ ᠭᠡᠷᠡᠯᠲᠦᠭᠦᠯᠦᠯᠲᠡ ᠶᠢᠨ ᠬᠢᠷᠢ ᠬᠡᠮᠵᠢᠶ᠎ᠡ ᠶᠢ ᠶᠡᠬᠡᠪᠡᠷ | ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠪᠠ ᠡᠷᠡᠭᠦᠯ | ᠬᠠᠮᠠᠭᠠᠯᠠᠯ ᠤᠨ ᠰᠢᠶᠠᠨ ᠤ ᠬᠤᠲᠠ ᠶᠢ ᠠᠮᠵᠢᠯᠲᠠᠲ᠋ᠠᠢ ᠪᠠᠷ ᠡᠭᠦᠳᠦᠨ ᠪᠠᠶᠢᠭᠤᠯᠤᠨ᠎ᠠ᠃ ᠣᠨᠳᠣᠤ ᠭᠠᠵᠠᠷ ᠨᠡᠭᠦᠯᠭᠡᠨ | ᠶᠠᠳᠠᠭᠤ ᠶᠢ ᠲᠡᠳᠬᠦᠬᠦ᠂ ᠨᠤᠷᠠᠬᠤ ᠠᠶᠤᠯᠲᠠᠶ ᠬᠡᠷ ᠪᠠᠶᠢᠰᠢᠩ ᠢ ᠰᠢᠨᠡᠳᠬᠡᠨ ᠵᠠᠰᠠᠬᠤ ᠪᠠ ᠵᠢᠵᠢᠭ ᠲᠣᠰᠬᠤᠨ ᠢ | ᠡᠮᠬᠢᠯᠡᠨ ᠨᠡᠶᠢᠯᠡᠭᠦᠯᠬᠦ ᠶᠢ ᠨᠢᠭᠡᠳᠦᠯᠲᠡᠶ ᠲᠥᠯᠥᠪᠯᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠪᠠᠶᠢᠩᠭᠤ | ᠰᠠᠭᠤᠭ᠎ᠠ ᠡᠷᠦᠬᠡ ᠶᠢᠨ ︽ᠨᠤᠷᠠᠬᠤ ᠠᠶᠤᠯᠲᠠᠶ ᠬᠠᠭᠤᠴᠢᠨ ᠰᠢᠷᠣᠶ ᠶᠢᠨ ᠪᠠᠶᠢᠰᠢᠩ︾ ᠢ ᠪᠦᠬᠦᠨ ᠢ ᠴᠡᠪᠡᠷᠯᠡᠵᠦ᠂ | ᠱᠤᠶᠢᠨᠢ ᠶᠢ ᠬᠠᠲᠠᠭᠤᠷᠠᠭᠤᠯᠬᠤ ᠵᠠᠮ᠂ ᠷᠠᠳᠢᠣ᠋ ᠲᠧᠯᠸᠢᠰ᠂ ᠥᠷᠭᠡᠨ ᠪᠦᠰᠡᠲᠦ ᠰᠦᠯᠵᠢᠶ᠎ᠡ ᠶᠢ ᠪᠦᠬᠦᠨ ᠢ ᠬᠠᠮᠤᠷᠬᠤ ᠶᠢ | ᠪᠡᠶᠡᠯᠡᠭᠦᠯᠵᠦ᠂ ᠬᠥᠳᠡᠭᠡ ᠲᠣᠰᠬᠤᠨ ᠤ ᠳᠦᠷᠰᠦ ᠪᠠᠶᠢᠳᠠᠯ ᠢ ᠴᠣ᠋ ᠰᠢᠨ᠎ᠡ ᠪᠣᠯᠭᠠᠨ᠎ᠠ᠃ ᠬᠢᠯᠢ ᠶᠢᠨ ᠳᠣᠲᠣᠷᠠᠬᠢ | ᠵᠠᠰᠠᠮᠠᠯ ᠵᠠᠮ ᠤᠨ ᠰᠠᠭᠠᠳ ᠥᠬᠡᠶ ᠨᠡᠪᠲᠡᠷᠡᠭᠰᠡᠨ ᠪᠥᠬᠦ ᠣᠷᠳᠣ ᠨᠢ 1975 ᠺᠢᠯᠣᠮᠧᠲᠷ ᠲᠤ ᠬᠥᠷᠪᠡ᠃ ᠴᠠᠬᠢᠯᠭᠠᠨ | ᠬᠠᠩᠭᠠᠬᠤ ᠴᠢᠳᠠᠪᠤᠷᠢ ᠶᠢ 831 ᠮᠤᠭ᠎ᠠ ᠺᠢᠯᠣᠸᠠᠲ ᠰᠢᠨ᠎ᠡ ᠪᠠᠷ ᠨᠡᠮᠡᠭᠳᠡᠭᠦᠯᠪᠡ᠃ ᠬᠤᠳᠠᠯᠳᠤᠭᠠᠨ ᠤ ᠶᠠᠪᠤᠳᠠᠯ ᠤᠨ | ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠥᠮᠴᠢᠯᠡᠬᠦ ᠡᠷᠬᠡ ᠶᠢᠨ | ᠲᠦᠷᠢᠮ ᠤᠨ ᠥᠭᠡᠷᠡᠴᠢᠯᠡᠯᠲᠡ ᠶᠢ ᠲᠣᠭᠲᠠᠭᠰᠠᠨ ᠬᠤᠭᠤᠴᠠᠭᠠᠨ ᠳᠤ ᠪᠡᠶᠡᠯᠡᠭᠦᠯᠪᠡ᠃ ᠠᠵᠤ ᠠᠬᠤᠶ ᠪᠠ ᠠᠮᠢ | ᠠᠬᠤᠶ ᠶᠢᠨ ᠪᠣᠯᠪᠠᠰᠤᠨ ᠤ ᠬᠦᠷᠢᠶᠡᠨ ᠳᠠᠬᠢ ᠡᠯ᠎ᠡ ᠵᠦᠢᠯ ᠤᠨ ᠥᠭᠡᠷᠡᠴᠢᠯᠡᠯᠲᠡ ᠯᠠᠪᠳᠠᠭᠤᠨ ᠢᠶᠠᠷ ᠠᠬᠢᠪᠠ᠃ | — ᠡᠨᠡ ᠲᠠᠪᠤᠨ ᠵᠢᠯ ᠳᠤ᠂ ᠴᠢᠨᠡᠭᠡᠯᠢᠭᠵᠢᠯ ᠤᠨ ᠶᠠᠰᠤ ᠴᠢᠨᠠᠷ ᠮᠡᠳᠡᠭᠳᠡᠮ᠎ᠡ ᠳᠡᠭᠡᠭᠰᠢᠯᠡᠵᠡᠢ᠃ ᠡᠩ ᠤᠨ ᠤᠯᠠᠨ | ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 83% ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠨᠡᠶᠢᠭᠡᠮ ᠤᠨ | ᠳᠠᠭᠠᠳᠬᠠᠯ ᠢ ᠥᠷᠭᠡᠳᠬᠡᠨ ᠪᠠᠷᠢᠮᠵᠢᠶ᠎ᠠ ᠶᠢ ᠳᠡᠭᠡᠭᠰᠢᠯᠡᠭᠦᠯᠵᠦ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮ ᠢ ᠤᠯᠠᠮ | ᠨᠢᠭᠡ ᠠᠯᠬᠤᠮ ᠲᠡᠭᠦᠯᠳᠡᠷᠵᠢᠭᠦᠯᠪᠡ᠃ ᠠᠵᠢᠯ ᠣᠯᠭᠤᠯᠲᠠ ᠶᠢᠨ ᠪᠠᠶᠢᠳᠠᠯ ᠦᠷᠭᠦᠯᠵᠢᠯᠡᠨ ᠲᠣᠭᠲᠠᠭᠤᠨ ᠪᠠᠶᠢᠨ᠎ᠠ᠃ | ᠨᠡᠶᠢᠭᠡᠮ ᠤᠨ ᠤᠶᠢᠯᠡᠰ ᠥᠷᠨᠢᠩᠭᠦᠶ ᠬᠥᠭᠵᠢᠵᠦ᠂ ᠮᠣᠩᠭᠤᠯ ᠦᠨᠳᠦᠰᠦᠲᠡᠨ ᠤ ᠬᠡᠤᠬᠡᠳ ᠤᠨ ᠴᠡᠴᠡᠷᠯᠢᠭ᠂ ᠡᠷᠡᠭᠦᠯ | ᠮᠡᠨᠳᠦ ᠶᠢᠨ ᠤᠶᠢᠯᠡᠴᠢᠯᠡᠬᠡᠨ ᠤ ᠲᠣᠮᠣ ᠠᠰᠠᠷ᠂ ᠬᠤᠰᠢᠭᠤᠨ ᠣᠷᠣᠰᠢᠭᠤᠯᠭ᠎ᠠ ᠶᠢᠨ ᠭᠠᠵᠠᠷ᠂ ᠲᠦᠭᠡᠮᠡᠯ | ᠬᠠᠷᠠᠭᠠᠯᠵᠠᠯ ᠤᠨ ᠴᠢᠨᠠᠷᠲᠠᠶ ᠨᠠᠰᠤᠵᠢᠯ ᠤᠨ ᠠᠰᠠᠷᠠᠮᠵᠢ ᠶᠢᠨ ᠲᠥᠷᠥᠯ ᠵᠤᠶᠢᠯ ᠵᠡᠷᠭᠡ ᠨᠢᠭᠡ ᠪᠦᠯᠦᠭ ᠠᠷᠠᠳ ᠤᠨ | ᠠᠮᠢᠳᠤᠷᠠᠯ ᠤᠨ ᠭᠤᠤᠯᠳᠠᠯᠭ᠎ᠠ ᠲᠠᠢ ᠢᠨᠵᠧᠨᠧᠷᠢᠩ ᠯᠠᠪᠳᠠᠭᠤᠨ ᠪᠠᠲᠤᠲᠠᠶ ᠠᠭᠢᠵᠤ᠂ ᠰᠤᠷᠭᠠᠨ ᠬᠥᠮᠦᠵᠢᠯ᠂ ᠡᠷᠡᠭᠦᠯ | ᠬᠠᠮᠠᠭᠠᠯᠠᠯ᠂ ᠰᠣᠶᠣᠯ᠂ ᠪᠡᠶ᠎ᠡ ᠶᠢᠨ ᠲᠠᠮᠢᠷ ᠵᠡᠷᠭᠡ ᠡᠯ᠎ᠡ ᠬᠦᠷᠢᠶᠡᠨ ᠤ ᠠᠵᠢᠯ ᠪᠥᠬᠦ ᠲᠠᠯ᠎ᠠ ᠪᠠᠷ ᠳᠡᠪᠰᠢᠪᠡ᠃ | ᠨᠡᠶᠢᠭᠡᠮ ᠤᠨ ᠵᠠᠰᠠᠯᠲᠠ ᠶᠢᠨ ᠴᠢᠳᠠᠪᠤᠷᠢ ᠶᠢ ᠲᠠᠰᠤᠷᠠᠯᠲᠠ ᠥᠬᠡᠶ ᠳᠡᠭᠡᠭᠰᠢᠯᠡᠭᠦᠯᠵᠦ᠂ ᠦᠨᠳᠦᠰᠦᠲᠡᠨ ᠤ | ᠪᠦᠯᠬᠦᠮᠳᠡᠯ ᠤᠨ ᠠᠵᠢᠯ ᠢ ᠪᠦᠲᠦᠮᠵᠢᠲᠡᠶ ᠥᠷᠨᠢᠭᠦᠯᠪᠡ᠃ ᠵᠠᠯᠭᠠᠭ᠎ᠠ ᠪᠠᠷ ᠲᠠᠪᠤ ᠤᠳᠠᠭ᠎ᠠ ︽ᠪᠥᠬᠦ ᠣᠷᠣᠨ ᠤ | ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾ ᠶᠢᠨ ᠢᠷᠠᠭᠤ ᠠᠯᠳᠠᠷ ᠢ ᠭᠥᠷᠳᠡᠪᠡ᠃ ᠨᠡᠶᠢᠭᠡᠮ ᠵᠢᠷᠤᠮ ᠤᠨ | ᠭᠤᠣᠯᠯᠠᠬᠤ ᠦᠷᠳᠡᠭ ᠤᠨ ᠦᠵᠡᠯᠲᠡ ᠶᠢ ᠶᠡᠬᠡᠪᠡᠷ ᠪᠠᠳᠠᠷᠠᠭᠤᠯᠤᠨ᠂ ︽ᠬᠠᠷ᠎ᠠ ᠨᠡᠶᠢᠭᠡᠮ ᠳᠤ ᠴᠣᠬᠢᠯᠲᠠ ᠥᠭᠴᠦ | ᠬᠠᠷᠭᠢᠰ ᠬᠦᠴᠦᠨ ᠢ ᠠᠷᠢᠯᠭᠠᠬᠤ︾ ᠲᠤᠰᠬᠠᠶ ᠲᠡᠮᠡᠴᠡᠯ ᠢ ᠭᠦᠨᠵᠡᠭᠡᠶ ᠥᠷᠨᠢᠭᠦᠯᠵᠦ᠂ ᠠᠮᠤᠷ ᠲᠦᠪᠰᠢᠨ ᠬᠤᠳᠠ ᠶᠢᠨ | ᠪᠦᠳᠦᠭᠡᠨ ᠪᠠᠶᠢᠭᠤᠯᠤᠯᠲᠠ ᠶᠢ ᠰᠢᠨ᠎ᠡ ᠳᠡᠭᠲᠡᠷ ᠲᠤ ᠭᠠᠷᠭᠠᠵᠤ᠂ ᠠᠶᠤᠯᠭᠦᠶ ᠦᠢᠯᠡᠳᠪᠦᠷᠢᠯᠡᠯ ᠤᠨ ᠪᠠᠶᠢᠳᠠᠯ ᠢ | ᠶᠡᠷᠦᠩᠬᠡᠶ ᠳᠡᠭᠡᠨ ᠲᠣᠭᠲᠠᠭᠤᠨ ᠪᠠᠶᠢᠯᠭᠠᠨ᠎ᠠ᠃ | ᠲᠥᠯᠥᠭᠡᠯᠡᠭᠴᠢᠳ ᠡ︕ ᠥᠩᠭᠡᠷᠡᠭᠰᠡᠨ ᠲᠠᠪᠤᠨ ᠵᠢᠯ ᠢᠶᠠᠨ ᠡᠷᠭᠢᠴᠡᠭᠦᠯᠬᠦᠶ᠎ᠡ᠂ ᠲᠡᠮᠡᠴᠡᠯ ᠤᠨ ᠥᠩᠭᠡᠷᠡᠯᠲᠡ | ᠬᠠᠲᠠᠭᠤ ᠪᠡᠷᠬᠡᠰᠢᠶᠡᠯ ᠢᠶᠠᠷ ᠳᠦᠭᠦᠷᠴᠦ᠂ ᠣᠯᠤᠭᠰᠠᠨ ᠠᠮᠵᠢᠯᠲᠠ ᠪᠦᠲᠦᠮᠵᠢ ᠨᠢ ᠬᠥᠮᠦᠰᠢ ᠪᠠᠶᠠᠷᠯᠠᠭᠤᠯᠤᠮ᠎ᠠ ᠶᠤᠮ᠂ | ᠬᠤᠷᠠᠮᠳᠤᠭᠤᠯᠤᠭᠰᠠᠨ ᠲᠤᠷᠰᠢᠯᠭ᠎ᠠ ᠪᠠᠨ ᠪᠠᠲᠤ ᠴᠡᠭᠡᠵᠢᠯᠡᠭᠦᠰᠢᠲᠡᠢ ᠶᠤᠮ᠂ ᠡᠨᠡ ᠨᠢ ᠳᠠᠷᠤᠢ᠄ ᠡᠷᠬᠡᠪᠰᠢ ᠨᠠᠮ ᠤᠨ ᠪᠦᠬᠦ | ᠲᠠᠯ᠎ᠠ ᠶᠢᠨ ᠤᠳᠤᠷᠢᠳᠤᠯᠭ᠎ᠠ ᠶᠢ ᠪᠠᠷᠢᠮᠲᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠠᠵᠢᠯ ᠤᠨ ᠪᠦᠬᠦ ᠲᠠᠯ᠎ᠠ ᠶᠢ ᠶᠡᠷᠦᠩᠬᠡᠶᠢᠯᠡᠨ | ᠵᠢᠯᠣᠭᠤᠳᠴᠤ᠂ ᠵᠥᠪ ᠣᠨᠣᠪᠴᠢᠲᠠᠢ ᠤᠯᠤᠰ ᠲᠦᠷᠦ ᠶᠢᠨ ᠴᠢᠭᠯᠡᠯ ᠢ ᠡᠵᠡᠮᠳᠡᠬᠦ ᠬᠡᠷᠡᠭᠲᠡᠢ︔ ᠡᠷᠬᠡᠪᠰᠢ ᠠᠷᠠᠳ | ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ | ᠪᠤᠶᠠᠨ ᠵᠢᠷᠭᠠᠯ ᠢ ᠲᠡᠷᠢᠭᠦᠨ ᠪᠠᠶᠢᠷᠢᠨ ᠳᠤ ᠲᠠᠯᠪᠢᠵᠤ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠥᠬᠦ | ᠬᠤᠰᠢᠭᠤᠨ ᠤ ᠠᠷᠠᠳ ᠲᠦᠮᠡᠨ ᠳᠤ ᠨᠠᠩ ᠢᠯᠡᠭᠦᠤ᠂ ᠨᠠᠩ ᠭᠤᠤᠯᠴᠢ ᠪᠠᠷ ᠬᠦᠷᠲᠡᠭᠡᠬᠦ ᠬᠡᠷᠡᠭᠲᠡᠶ︔ ᠡᠷᠬᠡᠪᠰᠢ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠪᠠᠷᠢᠮᠲᠠᠯᠠᠵᠤ᠂ ᠨᠡᠩ ᠴᠢᠨᠠᠷ ᠰᠠᠶᠢᠲᠠᠢ᠂ ᠨᠡᠩ ᠦᠷ᠎ᠡ ᠠᠰᠢᠭ ᠲᠠᠢ᠂ ᠨᠡᠩ | ᠡᠷᠬᠡ ᠲᠡᠭᠰᠢ᠂ ᠨᠡᠩ ᠦᠷᠭᠦᠯᠵᠢᠯᠡᠬᠦ᠂ ᠨᠡᠩ ᠠᠮᠤᠷ ᠲᠦᠪᠰᠢᠨ ᠬᠥᠭᠵᠢᠯᠲᠡ ᠶᠢ ᠴᠢᠷᠮᠠᠶᠢᠨ ᠪᠡᠶᠡᠯᠡᠭᠦᠯᠵᠦ᠂ ︽ᠠᠮᠢ | ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ︾ ᠵᠠᠮ ᠢᠶᠠᠷ ᠵᠠᠮᠨᠠᠬᠤ ᠬᠡᠷᠡᠭᠲᠡᠢ᠃ | ᠬᠠᠲᠠᠭᠤ ᠪᠡᠷᠬᠡᠰᠢᠶᠡᠯ ᠠᠴᠠ ᠡᠷᠡᠯᠬᠡᠭ ᠪᠠᠭᠠᠲᠤᠷ ᠢᠯᠡᠷᠡᠨ᠎ᠡ᠂ ᠬᠠᠲᠠᠭᠤᠵᠢᠨ ᠪᠣᠯᠪᠠᠰᠤᠷᠠᠪᠠᠯ ᠰᠠᠶ᠋ᠢ ᠠᠮᠵᠢᠯᠲᠠ ᠶᠢ | ᠣᠯᠵᠤ ᠲᠠᠶᠢᠯᠤᠨ᠎ᠠ︕ ᠥᠩᠭᠡᠷᠡᠭᠰᠡᠨ ᠲᠠᠪᠤᠨ ᠵᠢᠯ ᠤᠨ ᠠᠮᠵᠢᠯᠲᠠ ᠪᠦᠲᠦᠮᠵᠢ ᠶᠢ ᠲᠡᠶᠢᠮᠦ ᠬᠢᠯᠪᠠᠷᠬᠠᠨ ᠢᠶᠠᠷ | ᠣᠯᠤᠭᠰᠠᠨ ᠪᠢᠰᠢ ᠶᠤᠮ᠃ ᠡᠨᠡ ᠪᠣᠯ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠢᠨᠵᠢᠯᠡᠬᠦ ᠤᠬᠠᠭᠠᠨᠴᠢ ᠪᠠᠷ ᠵᠢᠭᠠᠨ ᠵᠢᠯᠣᠭᠤᠳᠤᠭᠰᠠᠨ ᠤ | ᠦᠷ᠎ᠡ ᠳ᠋ᠦᠩ᠂ ᠬᠤᠰᠢᠭᠤᠨ ᠤ ᠨᠠᠮ ᠤᠨ ᠬᠤᠷᠢᠶ᠎ᠠ ᠪᠦᠭᠦ ᠲᠠᠯᠠᠶᠢ ᠶᠡᠷᠦᠩᠬᠡᠶᠢᠯᠡᠨ ᠡᠵᠡᠮᠳᠡᠵᠦ᠂ ᠡᠷᠡᠰ ᠴᠢᠩᠭ᠎ᠠ | ᠤᠳᠤᠷᠢᠳᠤᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ | ᠬᠤᠰᠢᠭᠤᠨ ᠤ ᠤᠯᠤᠰ ᠲᠦᠷᠦ ᠶᠢᠨ ᠵᠥᠪᠯᠡᠯᠭᠡᠨ ᠪᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠬᠢᠨᠠᠯᠲᠠ | ᠳᠡᠮᠵᠢᠯᠭᠡ ᠶᠢᠨ ᠦᠷ᠎ᠡ ᠳ᠋ᠦᠩ᠂ ᠪᠦᠭᠦ ᠬᠤᠰᠢᠭᠤᠨ ᠤ ᠥᠷᠭᠡᠨ ᠤᠯᠠᠨ ᠺᠠᠳ᠋ᠷ ᠤᠯᠠᠨ ᠲᠦᠮᠡᠨ ᠤ ᠬᠦᠴᠦ | ᠬᠥᠯᠥᠰᠥ ᠪᠠᠨ ᠤᠷᠤᠰᠬᠠᠵᠤ᠂ ᠴᠢᠷᠮᠠᠶᠢᠨ ᠲᠡᠮᠡᠴᠡᠵᠦ ᠬᠤᠪᠢ ᠨᠡᠮᠡᠷᠢ ᠦᠵᠡᠭᠦᠯᠦᠭᠰᠡᠨ ᠤ ᠦᠷ᠎ᠡ ᠳ᠋ᠦᠩ ᠪᠣᠯᠤᠨ᠎ᠠ᠃ | ᠠᠳᠡ᠂ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ᠂ ᠪᠦᠬᠦ ᠬᠤᠰᠢᠭᠤᠨ ᠤ | ᠦᠨᠳᠦᠰᠦᠲᠡᠨ ᠨᠦᠭᠦᠳ ᠤᠨ ᠠᠷᠠᠳ ᠲᠦᠮᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠳᠦᠭᠡᠨ | ᠪᠠᠶᠢᠭᠤᠯᠤᠯᠲᠠ ᠪᠣᠯᠤᠨ ᠬᠥᠭᠵᠢᠯᠲᠡ ᠳᠤ ᠬᠤᠪᠢ ᠨᠡᠮᠡᠷᠢ ᠦᠵᠡᠭᠦᠯᠦᠭᠰᠡᠨ ᠪᠦᠬᠦ ᠨᠥᠬᠦᠳ᠂ ᠨᠠᠶᠢᠵᠠ ᠨᠠᠷ ᠲᠤ ᠴᠢᠩ | ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕ | ᠠᠮᠵᠢᠯᠲᠠ ᠪᠠᠨ ᠨᠤᠲᠠᠯᠠᠬᠤ ᠶᠢᠨ ᠳᠠᠭᠠᠤ ᠳᠤ᠂ ᠮᠠᠨ ᠤ ᠬᠤᠰᠢᠭᠤᠨ ᠤ ᠬᠥᠭᠵᠢᠯᠲᠡ ᠳᠤ ᠪᠠᠰᠠ ᠴᠥᠭᠡᠨ ᠪᠤᠰᠤ | ᠬᠦᠴᠢᠷᠳᠡᠯ ᠪᠠ ᠥᠷᠢᠰᠥᠯᠳᠦᠭᠡᠨ ᠲᠤᠯᠭᠠᠷᠠᠵᠤ ᠪᠠᠶᠢᠬᠤ ᠶᠢ ᠪᠢᠳᠡ ᠰᠡᠷᠭᠡᠭ ᠢᠶᠠᠷ ᠣᠯᠵᠤ ᠬᠠᠷᠠᠵᠠᠶ᠂ ᠡᠭᠦᠨ ᠳᠤ | ᠭᠤᠣᠯᠳᠠᠭᠤ᠄ ᠠᠵᠤ ᠦᠢᠯᠡᠰ ᠤᠨ ᠬᠥᠭᠵᠢᠯᠲᠡ ᠶᠢᠨ ᠳᠤᠮᠳᠠ ᠳᠣᠣᠷ᠎ᠠ ᠲᠡᠰ ᠤᠨ ᠪᠠᠶᠢᠳᠠᠯ ᠢ ᠦᠨᠳᠦᠰᠦᠨ ᠠᠴᠠ ᠨᠢ | ᠬᠤᠪᠢᠷᠠᠭᠤᠯᠵᠤ ᠴᠢᠳᠠᠭ᠎ᠠ ᠦᠭᠡᠢ᠂ ᠡᠬᠢ ᠪᠠᠶᠠᠯᠢᠭ ᠡᠨᠧᠷᠭᠢ ᠳᠤ ᠲᠦᠰᠢᠭᠯᠡᠬᠦ ᠬᠡᠮᠵᠢᠶ᠎ᠡ ᠮᠥᠨ ᠯᠡ ᠨᠡᠯᠢᠶᠡᠳ | ᠥᠨᠳᠥᠷ ᠪᠠᠶᠢᠨ᠎ᠠ︔ ᠡᠭᠦᠨ ᠳᠤ ᠭᠤᠣᠯᠳᠠᠭᠤ᠄ ᠠᠵᠤ ᠦᠢᠯᠡᠰ ᠤᠨ ᠬᠥᠭᠵᠢᠯᠲᠡ ᠶᠢᠨ ᠳᠤᠮᠳᠠ ᠳᠣᠣᠷ᠎ᠠ ᠲᠡᠰ ᠤᠨ | ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ ᠴᠢᠳᠠᠭ᠎ᠠ ᠦᠭᠡᠢ ᠪᠠᠶᠢᠭᠰᠠᠭᠠᠷ᠃ ᠤᠯᠤᠰ ᠤᠨ ᠡᠬᠢ ᠪᠠᠶᠠᠯᠢᠭ᠂ | ᠣᠷᠴᠢᠨ ᠠᠬᠤᠶ ᠶᠢᠨ ᠬᠢᠵᠠᠭᠠᠷᠯᠠᠯ ᠤᠨ ᠴᠢᠩᠭᠠᠷᠠᠬᠤ ᠶᠢ ᠳᠠᠭᠠᠯᠳᠤᠨ᠂ ᠠᠵᠤ ᠠᠬᠤᠶ ᠶᠢᠨ ᠬᠥᠭᠵᠢᠯᠲᠡ ᠶᠢᠨ | ᠳᠠᠷᠤᠯᠲᠠ ᠨᠡᠮᠡᠭᠳᠡᠵᠦ ᠪᠠᠶᠢᠨ᠎ᠠ︔ ᠬᠤᠳᠠ ᠬᠥᠳᠡᠭᠡ ᠶᠢᠨ ᠪᠦᠳᠦᠭᠡᠨ ᠪᠠᠶᠢᠭᠤᠯᠤᠯᠲᠠ ᠮᠥᠨ ᠯᠡ ᠨᠡᠯᠢᠶᠡᠳ | ᠬᠤᠴᠣᠷᠴᠤ ᠪᠠᠶᠢᠨ᠎ᠠ︔ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠤᠯᠠᠨ ᠨᠡᠶᠢᠲᠡ ᠶᠢᠨ | ᠦᠢᠯᠡᠴᠢᠯᠡᠭᠡ᠂ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ᠂ ᠠᠷᠠᠳ ᠤᠨ ᠠᠮᠢᠳᠤᠷᠠᠯ ᠤᠨ ᠪᠠᠲᠤᠯᠠᠭ᠎ᠠ | ᠂ ᠨᠡᠶᠢᠭᠡᠮ ᠤᠨ ᠵᠠᠰᠠᠯᠲᠠ ᠵᠡᠷᠭᠡ ᠲᠠᠯ᠎ᠠ ᠪᠠᠷ ᠮᠥᠨᠬᠦ ᠳᠤᠲᠠᠭᠤᠳᠠᠯ ᠣᠷᠣᠰᠢᠵᠤ ᠪᠤᠢ︔ ᠬᠤᠳᠠᠯᠳᠤᠭ᠎ᠠ ᠡᠵᠡᠩᠨᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠴᠢᠬᠤᠯᠠᠲᠠᠶ ᠪᠠᠶᠢᠨ᠎ᠠ︔ ᠨᠠᠮ ᠤᠨ ᠦᠨᠳᠦᠰᠦᠲᠡᠨ ᠤ | ᠲᠦᠷᠦ ᠶᠢᠨ ᠪᠤᠳᠤᠯᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠲᠡᠨ ᠤ ᠠᠵᠢᠯ ᠢ ᠰᠠᠶᠢᠲᠤᠷ | ᠬᠢᠬᠦ ᠳᠤ ᠪᠠᠰᠠ ᠵᠥᠷᠢᠶ᠎ᠡ ᠲᠠᠢ ᠪᠠᠶᠢᠨ᠎ᠠ︔ ᠬᠡᠰᠡᠭ ᠺᠠᠳ᠋ᠷ ᠤᠨ ᠬᠠᠷᠢᠭᠤᠴᠠᠯᠭᠠᠲᠤ ᠰᠡᠳᠬᠢᠯᠭᠡ᠂ ᠭᠦᠢᠴᠡᠳᠬᠡᠬᠦ | ᠬᠦᠴᠦᠨ ᠴᠢᠩᠭ᠎ᠠ ᠪᠢᠰᠢ᠂ ᠬᠢᠬᠦ ᠳᠤᠷ᠎ᠠ ᠦᠭᠡᠢ᠂ ᠰᠠᠶᠢᠨ ᠬᠢᠬᠦ ᠦᠭᠡᠢ᠂ ᠬᠢᠬᠦ ᠵᠣᠷᠢᠭ ᠦᠭᠡᠢ ᠪᠠᠶᠢᠬᠤ ᠦᠵᠡᠭᠳᠡᠯ | ᠮᠥᠨ ᠯᠡ ᠣᠷᠣᠰᠢᠭᠰᠠᠭᠠᠷ ᠪᠠᠶᠢᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ | ᠦᠵᠡᠵᠦ᠂ ᠬᠤᠶᠢᠰᠢᠳᠠ ᠶᠢᠨ ᠠᠵᠢᠯ ᠤᠨ ᠦᠢᠯᠡᠳᠦᠯᠭᠡ ᠶᠢᠨ ᠳᠤᠮᠳᠠ ᠲᠠᠰᠤᠷᠠᠯᠳᠠ ᠦᠭᠡᠢ ᠰᠢᠢᠳᠪᠤᠷᠢᠯᠡᠬᠦ ᠪᠣᠯᠤᠨ᠎ᠠ | ᠃ | ᠬᠤᠶᠠᠷ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠵᠢᠯᠣᠭᠤᠳᠬᠤ | ᠦᠵᠡᠯ ᠰᠠᠨᠠᠭ᠎ᠠ ᠪᠠ ᠭᠤᠣᠯ ᠬᠠᠷᠠᠯᠲᠠ | ᠲᠥᠯᠥᠭᠡᠯᠡᠭᠴᠢᠳ ᠡ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠬᠤᠭᠤᠴᠠᠭ᠎ᠠ ᠪᠣᠯ ᠨᠡᠶᠢᠭᠡᠮ ᠵᠢᠷᠤᠮ ᠤᠨ | ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠬᠦ ᠠᠩᠬᠠᠨ ᠤ ᠲᠠᠪᠤᠨ ᠵᠢᠯ | ᠮᠥᠨ᠂ ᠴᠢᠨᠠᠷ ᠰᠠᠶᠢᠲᠠᠶ ᠬᠥᠭᠵᠢᠯᠲᠡ ᠪᠣᠯ ᠴᠠᠭ ᠦᠶ᠎ᠡ ᠶᠢᠨ ᠭᠤᠤᠯ ᠰᠡᠳᠦᠪ ᠮᠥᠨ᠂ ᠰᠢᠨ᠎ᠡ ᠬᠥᠭᠵᠢᠯᠲᠡ ᠶᠢᠨ | ᠪᠠᠶᠢᠷᠢᠰᠢᠯ ᠪᠣᠯ ᠪᠠᠶᠢᠯᠳᠤᠬᠤ ᠪᠣᠳᠣᠯᠭ᠎ᠠ ᠶᠢᠨ ᠡᠭᠦᠷᠭᠡ ᠮᠥᠨ᠃ ᠰᠢᠨ᠎ᠡ ᠴᠠᠭ ᠦᠶ᠎ᠡ ᠨᠢ ᠰᠢᠨ᠎ᠡ ᠠᠵᠠ ᠲᠣᠬᠢᠶᠠᠯ ᠢ | ᠪᠤᠶᠢᠵᠢᠭᠤᠯᠵᠤ᠂ ᠰᠢᠨ᠎ᠡ ᠬᠤᠪᠢᠷᠠᠯᠲᠠ ᠨᠢ ᠰᠢᠨ᠎ᠡ ᠥᠷᠢᠰᠥᠯᠳᠦᠭᠡᠨ ᠢ ᠠᠪᠴᠢᠷᠠᠪᠠ᠃ ᠪᠢᠳᠡ ᠡᠷᠬᠡᠪᠰᠢ ᠴᠠᠭ | ᠦᠶ᠎ᠡ ᠶᠢᠨ ᠪᠠᠶᠢᠳᠠᠯ ᠢ ᠳᠠᠭᠠᠵᠤ᠂ ᠪᠠᠶᠢᠯᠳᠤᠬᠤ ᠪᠣᠳᠣᠯᠭ᠎ᠠ ᠶᠢᠨ ᠠᠵᠠ ᠲᠣᠬᠢᠶᠠᠯ ᠢ ᠠᠮᠵᠢᠨ᠂ ᠠᠶᠤᠯ | ᠲᠦᠭᠰᠢᠭᠦᠷᠢ ᠶᠢ ᠪᠦᠲᠦᠮᠵᠢᠲᠡᠶ ᠪᠠᠷ ᠠᠷᠭᠠᠴᠠᠵᠤ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠪᠥᠬᠦ | ᠲᠠᠯ᠎ᠠ ᠶᠢᠨ᠂ ᠡᠯ᠎ᠡ ᠬᠦᠷᠢᠶᠡᠨ ᠳᠠᠬᠢ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠶᠢ ᠬᠦᠴᠦᠯᠡᠨ ᠠᠬᠢᠭᠤᠯᠬᠤ | ᠬᠡᠷᠡᠭᠲᠡᠶ᠃ | ᠬᠤᠰᠢᠭᠤᠨ ᠤ ᠨᠠᠮ ᠤᠨ ᠬᠤᠷᠢᠶᠠᠨ ᠤ ︽ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ | ᠬᠥᠭᠵᠢᠯᠲᠡ ᠶᠢᠨ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ | ᠬᠠᠷᠠᠯᠲᠠ ᠶᠢ ᠲᠣᠭᠲᠠᠭᠠᠬᠤ ᠲᠤᠬᠠᠶ ᠰᠠᠨᠠᠭᠤᠯᠭ᠎ᠠ︾ ᠶᠢ ᠦᠨᠳᠦᠰᠦᠯᠡᠨ᠂ ᠪᠢᠳᠡ ︽ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ ︵ | ᠲᠥᠰᠦᠯ︶︾ ᠶᠢ ᠨᠠᠶᠢᠷᠠᠭᠤᠯᠤᠨ ᠵᠣᠬᠢᠶᠠᠵᠤ᠂ ᠶᠡᠭᠡ ᠬᠤᠷᠠᠯ ᠳᠤ ᠳᠡᠪᠰᠢᠭᠦᠯᠦᠨ ᠬᠢᠨᠠᠨ ᠶᠠᠷᠢᠯᠴᠠᠭᠤᠯᠪᠠ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠭᠦ ᠬᠤᠰᠢᠭᠤᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠵᠢᠯᠣᠭᠤᠳᠬᠤ ᠦᠵᠡᠯ ᠰᠠᠨᠠᠭ᠎ᠠ ᠪᠣᠯ᠄ ᠰᠢ ᠶᠢᠨ ᠫᠢᠩ ᠤᠨ ᠰᠢᠨ᠎ᠡ | ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ | ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ | ᠮᠣᠩᠭᠤᠯ ᠤᠨ ᠠᠵᠢᠯ ᠤᠨ ᠲᠤᠬᠠᠶ ᠴᠢᠬᠤᠯᠠ ᠶᠠᠷᠢᠶᠠᠨ ᠤ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ | ᠨᠢᠭᠡᠳᠦᠯᠲᠡᠶ ᠲᠥᠯᠥᠪᠯᠡᠨ ᠠᠬᠢᠭᠤᠯᠵᠤ᠂ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ | ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠴᠢᠨᠠᠷ ᠰᠠᠶᠢᠲᠠᠶ ᠬᠥᠭᠵᠢᠯᠲᠡ ᠶᠢᠨ ᠭᠤᠣᠯ ᠰᠡᠳᠦᠪ ᠢ | ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠠᠷᠢᠮᠲᠠᠯᠠᠵᠤ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠵᠤ᠂ | ᠤᠯᠤᠰ ᠤᠨ ᠭᠤᠣᠯᠳᠠᠯᠭ᠎ᠠ ᠲᠠᠢ ᠠᠮᠢ ᠠᠬᠤᠶ ᠶᠢᠨ ᠴᠢᠳᠠᠮᠵᠢᠲᠤ ᠣᠷᠣᠨ ᠤ ᠪᠠᠶᠢᠷᠢ ᠲᠣᠭᠲᠠᠭᠠᠯᠲᠠ ᠳᠤ ᠰᠠᠭᠤᠷᠢᠯᠠᠨ᠂ | ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠯᠲᠡ ᠶᠢᠨ ᠵᠠᠮ ᠢᠶᠠᠷ ᠭᠤᠶᠢᠪᠢᠰᠢ ᠥᠬᠡᠶ | ᠵᠠᠮᠨᠠᠵᠤ᠂ ᠣᠳᠣᠬᠢᠴᠢᠯᠠᠭᠰᠠᠨ ᠠᠵᠤ ᠠᠬᠤᠶ ᠶᠢᠨ ᠰᠢᠰᠲ᠋ᠧᠮ ᠢ ᠲᠦᠷᠭᠡᠳᠬᠡᠨ ᠪᠠᠶᠢᠭᠤᠯᠵᠤ᠂ ᠰᠢᠨ᠎ᠡ | ᠬᠥᠭᠵᠢᠯᠲᠡ ᠶᠢᠨ ᠪᠠᠶᠢᠷᠢᠰᠢᠯ ᠳᠤ ᠲᠦᠷᠭᠡᠨ ᠠᠭᠤᠰᠤᠯᠴᠠᠵᠤ᠂ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ | ᠲᠦᠷᠭᠡᠳᠬᠡᠨ ᠠᠬᠢᠭᠤᠯᠵᠤ᠂ ᠠᠵᠤ ᠠᠬᠤᠶ ᠶᠢᠨ ᠬᠥᠭᠵᠢᠯᠲᠡ ᠨᠠᠩ ᠥᠨᠳᠥᠷ ᠪᠦᠲᠦᠮᠵᠢᠲᠡᠶ᠂ ᠥᠭᠡᠷᠡᠴᠢᠯᠡᠯᠲᠡ | ᠨᠡᠭᠡᠭᠡᠯᠲᠡ ᠨᠠᠩ ᠠᠮᠢᠵᠢᠷᠠᠯ ᠤᠨ ᠬᠦᠴᠦᠨ ᠲᠠᠢ᠂ ᠠᠮᠢ ᠠᠬᠤᠶ ᠶᠢᠨ ᠣᠷᠴᠢᠨ ᠲᠣᠭᠤᠷᠢᠨ ᠨᠠᠩ ᠭᠤᠶᠢᠳᠠ ᠰᠠᠶᠢᠬᠠᠨ᠂ | ᠠᠷᠠᠳ ᠤᠨ ᠠᠮᠢᠳᠤᠷᠠᠯ ᠨᠠᠩ ᠵᠣᠯ ᠵᠢᠷᠭᠠᠯ ᠲᠠᠢ᠂ ᠨᠡᠶᠢᠭᠡᠮ ᠤᠨ ᠵᠠᠰᠠᠯᠲᠠ ᠨᠠᠩ ᠦᠷ᠎ᠡ ᠪᠦᠲᠦᠮᠵᠢ ᠲᠠᠢ ᠥᠨᠳᠥᠷ | ᠶᠠᠰᠤ ᠴᠢᠨᠠᠷ ᠲᠠᠢ ᠬᠥᠭᠵᠢᠯᠲᠡ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠥᠲᠥᠭᠡᠨ ᠪᠠᠶᠢᠭᠤᠯᠤᠨ᠎ᠠ᠃ | | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠠᠬᠢ ᠪᠦᠭᠦ ᠬᠤᠰᠢᠭᠤᠨ ᠤ | ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠬᠠᠷᠠᠯᠲᠠ ᠪᠣᠯ᠄ | ᠤᠳᠤ ᠦᠶ᠎ᠡ ᠶᠢᠨ ᠠᠵᠤ ᠦᠢᠯᠡᠰ ᠤᠨ ᠰᠢᠰᠲ᠋ᠧᠮ ᠠᠩᠬ᠎ᠠ ᠠᠯᠬᠤᠮ ᠬᠡᠪᠴᠢᠶᠡᠵᠢᠵᠦ᠂ ᠠᠵᠤ ᠠᠬᠤᠶ ᠶᠢᠨ | ᠬᠥᠭᠵᠢᠯᠲᠡ ᠶᠢᠨ ᠴᠢᠨᠠᠷ ᠪᠠ ᠦᠷ᠎ᠡ ᠠᠰᠢᠭ ᠢᠯᠡᠳᠲᠡ ᠳᠡᠭᠡᠭᠰᠢᠯᠡᠪᠡ᠃ ᠰᠢᠨ᠎ᠡ ᠬᠥᠭᠵᠢᠯᠲᠡᠶᠢᠨ ᠣᠨᠣᠯᠵᠢᠬᠤᠨ ᠢ | ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠶᠢᠨ | ᠬᠤᠪᠢᠷᠠᠭᠤᠯᠤᠯᠲᠠ ᠶᠢ ᠲᠦᠷᠭᠡᠳᠬᠡᠨ᠂ ᠨᠢᠭᠡᠳᠦᠭᠡᠷ ᠬᠤᠶᠠᠳᠤᠭᠠᠷ ᠭᠤᠷᠪᠠᠳᠤᠭᠠᠷ ᠠᠵᠤ ᠤᠶᠢᠯᠡᠰ ᠤᠨ ᠪᠦᠲᠦᠴᠡ ᠶᠢᠨ | ᠨᠠᠩ ᠰᠢᠯᠢᠳᠡᠭᠵᠢᠬᠦ ᠶᠢ ᠠᠬᠢᠭᠤᠯᠵᠤ᠂ ᠪᠥᠬᠦ ᠬᠤᠰᠢᠭᠤᠨ ᠤ ᠠᠵᠤ ᠠᠬᠤᠶ ᠶᠢᠨ ᠬᠥᠭᠵᠢᠯᠲᠡ ᠶᠢᠨ ᠶᠠᠰᠤ ᠴᠢᠨᠠᠷ | ᠦᠷ᠎ᠡ ᠠᠰᠢᠭ ᠢ ᠢᠯᠡᠳᠲᠡ ᠳᠡᠭᠡᠭᠰᠢᠯᠡᠭᠦᠯᠦᠨ᠎ᠡ᠃ ᠠᠮᠤ ᠪᠤᠳᠠᠭ᠎ᠠ ᠠᠵᠤ ᠠᠬᠤᠶ ᠲᠡᠵᠢᠭᠡᠯ ᠪᠣᠷᠳᠤᠭ᠎ᠠ ᠶᠢ | ᠨᠢᠭᠡᠳᠦᠯᠲᠡᠶ ᠲᠥᠯᠥᠪᠯᠡᠨ ᠬᠥᠭᠵᠢᠭᠦᠯᠬᠦ᠂ ᠤᠶᠢᠯᠡᠳᠪᠤᠷᠢᠯᠡᠬᠦ ᠨᠡᠮᠡᠬᠦ ᠪᠣᠷᠣᠯᠠᠭᠤᠯᠬᠤ ᠶᠢ ᠨᠢᠭᠡ ᠴᠣᠠᠠᠴᠠᠵᠢᠭᠤᠯᠥᠨ | ᠠᠬᠢᠭᠤᠯᠬᠤ ᠶᠢ ᠪᠠᠷᠢᠮᠲᠠᠯᠠᠵᠤ᠂ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠲᠠᠷᠢᠶᠠᠯᠠᠩ ᠮᠠᠯ | ᠠᠵᠤ ᠠᠬᠤᠶ᠂ ᠨᠠᠷᠠᠲᠤ ᠲᠡᠮᠳᠡᠭᠲᠦ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠠᠯᠠᠰᠢᠨ | ᠦᠬᠡᠷ ᠤᠨ ᠰᠠᠶᠢᠨ ᠡᠭᠦᠯᠳᠡᠷ ᠢ ᠪᠤᠶᠢᠵᠢᠭᠤᠯᠬᠤ ᠪᠠ ᠲᠥᠮᠥᠰᠥ ᠶᠢᠨ ᠦᠷ᠎ᠡ ᠪᠠ ᠲᠥᠮᠥᠰᠥ ᠶᠢᠨ ᠤᠶᠢᠯᠡᠰ ᠢ | ᠳᠡᠭᠡᠭᠰᠢᠯᠡᠭᠦᠯᠬᠦ ᠢᠨᠵᠧᠨᠧᠷᠢᠩ ᠢ ᠭᠦᠨᠵᠡᠭᠡᠶ ᠬᠡᠷᠡᠭᠵᠢᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ | ᠤᠶᠢᠯᠡᠳᠪᠤᠷᠢᠯᠡᠯ ᠤᠨ ᠪᠦᠲᠦᠴᠡ ᠪᠠ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠦᠷᠭᠦᠯᠵᠢᠯᠡᠨ | ᠰᠢᠯᠢᠳᠡᠭᠵᠢᠭᠦᠯᠦᠨ᠎ᠡ᠃ ᠠᠵᠤ ᠤᠶᠢᠯᠡᠳᠪᠤᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠶᠢ ᠭᠤᠶᠢᠪᠢᠰᠢ ᠥᠬᠡᠶ | ᠪᠠᠷᠢᠮᠲᠠᠯᠠᠵᠤ᠂ ᠴᠠᠬᠢᠯᠠᠭᠤᠷ ᠴᠢᠯᠠᠭᠤᠨ ᠤ ᠬᠢᠮᠢ ᠶᠢᠨ ᠠᠵᠤ ᠤᠶᠢᠯᠡᠳᠪᠤᠷᠢ᠂ ᠱᠤᠶᠢᠨᠢ ᠪᠠᠷᠢᠯᠭ᠎ᠠ ᠶᠢᠨ ᠮᠠᠲ᠋ᠧᠷᠢᠶᠠᠯ᠂ | ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠤᠶᠢᠯᠡᠰ ᠢ ᠳᠡᠭᠡᠳᠦ ᠦᠵᠦᠭᠦᠷᠵᠢᠭᠦᠯᠬᠦ᠂ ᠤᠶᠤᠨᠵᠢᠭᠤᠯᠬᠤ᠂ | ᠪᠣᠬᠢᠷᠲᠤᠯ ᠥᠬᠡᠶ ᠪᠣᠯᠭᠠᠬᠤ ᠳᠠᠰᠢ ᠬᠡᠯᠪᠡᠷᠢ ᠪᠠᠨ ᠬᠤᠪᠢᠷᠠᠭᠤᠯᠬᠤ ᠶᠢ ᠲᠦᠷᠭᠡᠳᠬᠡᠨ ᠠᠬᠢᠭᠤᠯᠵᠤ᠂ ᠴᠠᠬᠢᠯᠠᠭᠤᠷ | ᠴᠢᠯᠠᠭᠤᠨ ᠤ ᠬᠢᠮᠢ ᠶᠢᠨ ᠠᠵᠤ ᠤᠶᠢᠯᠡᠳᠪᠤᠷᠢ ᠶᠢᠨ ᠨᠠᠷᠢᠯᠢᠭ ᠡᠳ᠋ᠰᠢᠭᠦᠯᠬᠦ ᠰᠠᠭᠤᠷᠢᠨ ᠭᠠᠵᠠᠷ᠂ ᠯᠢᠲ᠋ᠢ ᠳ᠋ᠢᠶᠠᠨ | ᡂᠢ ᠶᠢᠨ ᠪᠥᠬᠦ ᠠᠵᠤ ᠤᠶᠢᠯᠡᠰ ᠤᠨ ᠬᠡᠯᠬᠢᠶᠡᠵᠢᠭᠰᠡᠨ ᠤᠶᠢᠯᠡᠳᠪᠤᠷᠢᠯᠡᠯ ᠤᠨ ᠰᠠᠭᠤᠷᠢᠨ ᠭᠠᠵᠠᠷ᠂ ᠠᠮᠢ ᠠᠬᠤᠶ ᠶᠢᠨ | ᠬᠡᠯᠪᠡᠷᠢ ᠶᠢᠨ ᠨᠠᠷᠢᠯᠢᠭ ᠬᠢᠮᠢ ᠶᠢᠨ ᠠᠵᠤ ᠤᠶᠢᠯᠡᠳᠪᠤᠷᠢ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ ᠡᠬᠢ | ᠪᠠᠶᠠᠯᠢᠭ ᠢᠶᠠᠷ ᠠᠵᠤ ᠤᠶᠢᠯᠡᠰ ᠢ ᠳᠠᠶᠢᠴᠢᠯᠠᠬᠤ ᠶᠢ ᠪᠠᠷᠢᠮᠲᠠᠯᠠᠵᠤ᠂ ᠡᠬᠢ ᠪᠠᠶᠠᠯᠢᠭ ᠡᠳ᠋ ᠬᠥᠷᠥᠩᠭᠡ ᠶᠢᠨ | ᠳᠠᠪᠠᠭᠤᠯᠢᠭ ᠢ ᠪᠥᠬᠦ ᠲᠠᠯ᠎ᠠ ᠪᠠᠷ ᠶᠡᠬᠡᠰᠬᠡᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠤᠯᠤᠰ ᠤᠨ 5A | ᠲᠠᠰ ᠤᠨ ᠦᠵᠡᠮᠵᠢ ᠶᠢᠨ ᠣᠷᠣᠨ ᠢ ᠡᠭᠦᠳᠦᠨ ᠪᠠᠶᠢᠭᠤᠯᠵᠤ᠂ ᠡᠷᠡᠭᠦᠯ ᠮᠡᠨᠳᠦ᠂ ᠨᠠᠰᠤᠵᠢᠯ ᠤᠨ ᠠᠰᠠᠷᠠᠮᠵᠢ᠂ ᠰᠣᠶᠣᠯ | ᠂ ᠪᠡᠶ᠎ᠡ ᠶᠢᠨ ᠲᠠᠮᠢᠷ᠂ ᠡᠯᠧᠺᠲᠷᠣᠨ ᠬᠤᠳᠠᠯᠳᠤᠭ᠎ᠠ ᠵᠡᠷᠭᠡ ᠰᠢᠨ᠎ᠡ ᠪᠠᠷ ᠬᠥᠭᠵᠢᠭᠰᠡᠨ ᠤᠶᠢᠯᠡᠴᠢᠯᠡᠬᠡᠨ ᠤ ᠤᠶᠢᠯᠡᠰ ᠢ | ᠠᠭᠤᠰᠤᠯᠴᠠᠭᠤᠯᠤᠨ ᠬᠥᠭᠵᠢᠭᠦᠯᠦᠨ᠎ᠡ᠃ | ᠣᠷᠣᠨ ᠪᠦᠰᠡ ᠶᠢᠨ ᠵᠠᠩᠭᠢᠯᠠᠭ᠎ᠠ ᠶᠢᠨ ᠴᠡᠭ ᠤᠨ ᠬᠤᠲᠠ ᠪᠠᠯᠭᠠᠰᠤ ᠶᠢ ᠦᠨᠳᠦᠰᠦᠨ ᠳᠡᠭᠡᠨ ᠪᠠᠶᠢᠭᠤᠯᠤᠨ | ᠳᠠᠭᠤᠰᠬᠠᠵᠤ᠂ ᠭᠠᠳᠠᠭᠰᠢ ᠨᠡᠭᠡᠭᠡᠯᠲᠡ ᠬᠢᠬᠦ ᠬᠢᠷᠢ ᠬᠡᠮᠵᠢᠶ᠎ᠡ ᠶᠢ ︽ᠨᠢᠭᠡ ᠪᠦᠰᠡ ᠨᠢᠭᠡ ᠵᠠᠮ︾᠂ ︽ᠳᠤᠮᠳᠠᠳᠤ | ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ︾ ᠪᠣᠯᠤᠨ ᠰᠢᠨ᠎ᠡ ᠨᠢᠭᠡ ᠡᠭᠡᠯᠵᠢ ᠶᠢᠨ ︽ᠪᠠᠷᠠᠭᠤᠨ ᠣᠷᠣᠨ ᠢ | ᠶᠡᠬᠡᠪᠡᠷ ᠨᠡᠭᠡᠭᠡᠨ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠳᠤ ᠭᠦᠨᠵᠡᠭᠡᠶ ᠠᠭᠤᠰᠤᠯᠴᠠᠵᠤ᠂ ︽ᠥᠪᠥᠷ ᠮᠣᠩᠭᠤᠯ | ᠱᠠᠨ ᠰᠢ ᠾᠤᠪᠸᠢ︾᠂ ︽ᠬᠥᠬᠡᠬᠤᠲᠠ ᠪᠤᠭᠤᠲᠤ ᠣᠷᠳᠣᠰ︾ ᠤᠨ ᠣᠷᠣᠨ ᠪᠦᠰᠡ ᠶᠢᠨ ᠬᠥᠭᠵᠢᠯᠲᠡ ᠶᠢᠨ | ᠪᠠᠶᠢᠷᠢᠰᠢᠯ ᠢ ᠨᠠᠷᠢᠯᠢᠭ ᠤᠨᠤᠪᠴᠢᠲᠠᠢ ᠪᠠᠷ ᠵᠣᠯᠭᠠᠭᠤᠯᠵᠤ᠂ ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ | ᠭᠤᠭᠴᠤᠭ᠎ᠠ ᠶᠢᠨ ᠥᠭᠡᠷᠡᠴᠢᠯᠡᠯᠲᠡ ᠶᠢᠨ ᠬᠤᠷᠳᠤᠴᠠ ᠶᠢ ᠲᠦᠷᠭᠡᠳᠬᠡᠵᠦ᠂ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠦᠢᠯᠡᠰ᠂ ᠠᠮᠢ ᠠᠬᠤᠶ᠂ ᠠᠷᠠᠳ ᠤᠨ ᠠᠮᠢᠳᠤᠷᠠᠯ ᠵᠡᠷᠭᠡ | ᠬᠦᠷᠢᠶᠡᠨ ᠳᠠᠬᠢ ᠬᠠᠮᠲᠤᠷᠠᠯᠴᠠᠭᠠᠨ ᠤ ᠡᠷᠴᠢᠮ ᠢ ᠥᠷᠭᠡᠳᠬᠡᠵᠦ᠂ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ | ︽ᠠᠵᠤ ᠦᠢᠯᠡᠰ ᠢ ᠬᠠᠷᠢᠯᠴᠠᠨ ᠠᠬᠢᠭᠤᠯᠵᠤ ᠬᠠᠷᠢᠯᠴᠠᠨ ᠨᠥᠬᠦᠪᠥᠷᠢᠯᠡᠬᠦ᠂ ᠠᠮᠢ ᠠᠬᠤᠶ ᠶᠢ ᠬᠠᠮᠲᠤ ᠪᠠᠷ ᠵᠠᠰᠠᠵᠤ | ᠬᠠᠮᠲᠤ ᠪᠠᠷ ᠪᠠᠲᠤᠯᠠᠬᠤ᠂ ᠠᠷᠠᠳ ᠤᠨ ᠠᠮᠢᠳᠤᠷᠠᠯ ᠢ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ︾ ᠬᠠᠮᠵᠢᠯᠴᠠᠨ | ᠬᠥᠭᠵᠢᠬᠦ ᠪᠠᠶᠢᠷᠢᠰᠢᠯ ᠢ ᠪᠤᠢ ᠪᠣᠯᠭᠠᠵᠤ᠂ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠬᠤᠭᠤᠴᠠᠭᠠᠨ ᠳᠤ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠵᠢᠯ ᠳᠤᠮᠳᠠᠴᠢ ᠶᠢᠨ ᠲᠤᠭ᠎ᠠ ᠬᠡᠮᠵᠢᠶ᠎ᠡ ᠶᠢ 20 | ᠳ᠋ᠦᠩᠰᠢᠭᠤᠷ ᠲᠥᠭᠦᠷᠢᠭ ᠲᠤ ᠬᠦᠷᠭᠡᠵᠦ᠂ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ ᠬᠡᠮᠵᠢᠶ᠎ᠡ ᠶᠢ ᠳᠠᠬᠢᠨ ᠢᠶᠠᠷ ᠨᠡᠮᠡᠭᠳᠡᠭᠦᠯᠬᠦ ᠪᠠᠷ ᠴᠢᠷᠮᠠᠶᠢᠨ᠎ᠠ᠃ ᠵᠠᠰᠠᠮᠠᠯ ᠵᠠᠮ᠂ | ᠲᠡᠮᠦᠷ ᠵᠠᠮ ᠤᠨ ᠲᠣᠤᠷ ᠢ ᠶᠠᠰᠤ ᠴᠢᠨᠠᠷ ᠢ ᠳᠡᠭᠡᠭᠰᠢᠯᠡᠭᠦᠯᠦᠨ ᠰᠢᠯᠢᠳᠡᠭᠵᠢᠭᠦᠯᠦᠨ᠎ᠡ᠃ ᠪᠤᠩᠬᠤᠨ ᠤ ᠶᠡᠷᠦᠩᠬᠡᠶᠢᠯᠡᠭᠰᠡᠨ | ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠢᠶᠠᠷ ᠭᠤᠤᠯ ᠪᠣᠯᠭᠠᠭᠰᠠᠨ᠂ ᠪᠤᠰᠤᠳ ᠭᠠᠵᠠᠷ ᠣᠷᠣᠨ ᠤ | ᠬᠦᠢᠳᠡᠨ ᠬᠡᠯᠬᠢᠶᠡᠲᠦ ᠬᠥᠮᠥᠷᠭᠡᠯᠡᠯᠲᠡ᠂ ᠡᠯᠧᠺᠲᠷᠣᠨ ᠬᠤᠳᠠᠯᠳᠤᠭᠠᠨ ᠤ ᠤᠶᠢᠯᠡᠴᠢᠯᠡᠭᠡ ᠵᠡᠷᠭᠡ ᠬᠠᠮᠵᠢᠯᠴᠠᠨ | ᠬᠥᠭᠵᠢᠭᠰᠡᠨ ᠭᠠᠳᠠᠭᠠᠳᠤ ᠨᠡᠭᠡᠭᠡᠯᠲᠡ ᠶᠢᠨ ᠬᠠᠮᠲᠤᠷᠠᠯᠴᠠᠭᠠᠨ ᠤ ᠲᠠᠪᠴᠠᠩ ᠢ ᠲᠦᠷᠭᠡᠳᠬᠡᠨ ᠪᠠᠶᠢᠭᠤᠯᠵᠤ᠂ ᠤᠮᠠᠷᠠᠰᠢ | ᠨᠡᠭᠡᠭᠡᠯᠲᠡ ᠬᠢᠬᠦ ᠴᠢᠬᠤᠯᠠ ᠵᠠᠩᠭᠢᠯᠠᠭ᠎ᠠ ᠶᠢᠨ ᠬᠤᠲᠠ ᠪᠠᠯᠭᠠᠰᠤ ᠪᠣᠯᠭᠠᠨ ᠪᠥᠲᠥᠭᠡᠨ ᠪᠠᠶᠢᠭᠤᠯᠤᠨ᠎ᠠ᠃ | ᠪᠣᠬᠢᠷᠲᠤᠯ ᠦᠭᠡᠢ ᠬᠥᠭᠵᠢᠯᠲᠡ ᠶᠢᠨ ᠣᠶᠢᠯᠠᠭᠠᠭᠳᠠᠬᠤᠨ ᠬᠥᠮᠦᠰ ᠤᠨ ᠰᠡᠳᠬᠢᠯ ᠳᠤ ᠬᠠᠳᠠᠩᠰᠢᠵᠤ᠂ ᠠᠮᠢ | ᠠᠬᠤᠢ ᠶᠢᠨ ᠣᠷᠴᠢᠨ ᠲᠣᠭᠤᠷᠢᠨ ᠤ ᠶᠠᠰᠤ ᠴᠢᠨᠠᠷ ᠮᠡᠳᠡᠭᠳᠡᠮ᠎ᠡ ᠳᠡᠭᠡᠭᠰᠢᠯᠡᠪᠡ᠃ ᠪᠣᠬᠢᠷᠲᠤᠯ ᠭᠠᠳᠠᠭᠰᠢᠯᠠᠭᠤᠯᠬᠤ᠂ | ᠤᠰᠤ ᠬᠡᠷᠡᠭᠯᠡᠬᠦ ᠬᠢᠵᠠᠭᠠᠷᠯᠠᠯ ᠤᠨ ᠴᠢᠨᠠᠷᠲᠠᠶ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠡᠨᠧᠷᠭᠢ ᠶᠢᠨ | ᠬᠤᠷᠣᠭᠳᠠᠯ ᠤᠨ ︽ᠬᠤᠶᠠᠷ ᠢ ᠡᠵᠡᠮᠳᠡᠬᠦ︾ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠵᠦ᠂ ᠬᠥᠬᠡ ᠣᠭᠲᠠᠷᠭᠤᠶ᠂ | ᠨᠣᠮᠢᠨ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠲᠡᠶᠢᠨ ᠢ ᠦᠷᠭᠦᠯᠵᠢᠯᠡᠨ ᠰᠠᠶᠢᠲᠤᠷ ᠬᠢᠵᠦ᠂ ᠠᠮᠢ ᠠᠬᠤᠶ ᠶᠢᠨ | ᠬᠠᠮᠠᠭᠠᠯᠠᠯᠲᠠ᠂ ᠦᠨᠳᠦᠰᠦᠨ ᠲᠠᠷᠢᠶᠠᠨ ᠭᠠᠵᠠᠷ᠂ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠦᠯᠲᠡ ᠵᠡᠷᠭᠡ ᠣᠷᠣᠨ | ᠵᠠᠶ ᠶᠢᠨ ᠬᠠᠮᠢᠶᠠᠷᠤᠨ ᠡᠵᠡᠮᠳᠡᠬᠦ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ᠠᠭᠤᠯᠠ ᠤᠰᠤ ᠣᠶ ᠰᠢᠭᠤᠶ | ᠲᠠᠷᠢᠶᠠᠨ ᠭᠠᠵᠠᠷ ᠨᠠᠭᠤᠷ ᠨᠠᠭᠤᠷ ᠡᠪᠡᠰᠦ ᠡᠯᠡᠰᠦ ᠶᠢ ᠶᠡᠷᠦᠩᠬᠡᠶᠢᠯᠡᠨ ᠵᠠᠰᠠᠬᠤ ᠶᠢ ᠲᠦᠷᠭᠡᠳᠬᠡᠨ ᠠᠬᠢᠭᠤᠯᠵᠤ᠂ ᠡᠯ᠎ᠡ | ᠬᠦᠷᠢᠶ᠎ᠡ ᠴᠠᠷᠠᠭ᠎ᠠ᠂ ᠡᠯ᠎ᠡ ᠣᠷᠣᠨ ᠤ ᠬᠡᠰᠡᠭ ᠤᠨ ᠤᠯᠤᠰ ᠤᠨ ᠭᠠᠵᠠᠷ ᠰᠢᠷᠣᠶ ᠶᠢᠨ ᠨᠣᠭᠤᠭᠠᠷᠠᠭᠤᠯᠤᠯᠲᠠᠶᠢᠨ | ᠢᠨᠵᠧᠨᠧᠷᠢᠩ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠬᠥᠮᠦᠨ ᠬᠢᠭᠡᠳ ᠪᠠᠶᠢᠭᠠᠯᠢ ᠶᠢᠨ ᠡᠶ᠎ᠡ ᠵᠣᠬᠢᠴᠠᠯ ᠲᠠᠢ | ᠬᠥᠭᠵᠢᠯᠲᠡ ᠶᠢ ᠠᠬᠢᠭᠤᠯᠤᠨ᠎ᠠ᠃ ᠴᠤᠬᠤᠢ ᠶᠢᠨ ᠴᠢᠯᠠᠭᠤ᠂ ᠭᠤᠣᠯ ᠤᠨ ᠡᠯᠡᠰᠦ ᠵᠡᠷᠭᠡ ᠤᠯᠤᠰ ᠤᠨ ᠥᠮᠴᠢᠯᠡᠯ ᠤᠨ | ᠡᠬᠢ ᠪᠠᠶᠠᠯᠢᠭ ᠢ ᠵᠢᠷᠤᠮᠵᠢᠭᠤᠨ ᠪᠥᠭᠡᠳ ᠥᠨᠳᠥᠷ ᠪᠦᠲᠦᠮᠵᠢᠲᠡᠶ ᠪᠠᠷ ᠨᠡᠭᠡᠭᠡᠨ ᠬᠥᠭᠵᠢᠭᠦᠯᠬᠦ ᠶᠢ ᠲᠦᠯᠬᠢᠨ | ᠠᠬᠢᠭᠤᠯᠵᠤ᠂ ᠡᠬᠢ ᠪᠠᠶᠠᠯᠢᠭ ᠤᠨ ᠠᠰᠢᠭᠯᠠᠯᠲᠠ ᠶᠢᠨ ᠨᠤᠷᠮ᠎ᠠ ᠶᠢ ᠪᠦᠬᠦ ᠬᠤᠳᠠ ᠬᠥᠳᠡᠭᠡ ᠶᠢᠨ ᠰᠠᠭᠤᠭᠠᠯᠢ | ᠠᠷᠠᠳ ᠤᠨ ᠠᠮᠢᠳᠤᠷᠠᠯ ᠤᠨ ᠬᠤᠭ ᠨᠣᠪᠰᠢ᠂ ᠪᠣᠬᠢᠷ ᠤᠰᠤ ᠶᠢ ᠰᠢᠢᠳᠪᠤᠷᠢᠯᠡᠬᠦ ᠵᠡᠷᠭᠡ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠨᠡᠭᠦᠷᠡᠰᠦᠲᠥ᠋ᠷᠥᠭᠴᠢ ᠪᠠᠭ᠎ᠠ | ᠭᠠᠳᠠᠭᠰᠢᠯᠠᠭᠤᠯᠬᠤ ᠪᠣᠬᠢᠷᠲᠤᠯ ᠦᠭᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠬᠤᠳᠠ ᠬᠥᠳᠡᠭᠡ ᠶᠢᠨ | ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠤᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠤᠨ᠎ᠠ᠃ | ᠣᠷᠣᠰᠢᠨ ᠰᠠᠭᠤᠬᠤ ᠳᠤ ᠲᠣᠬᠢᠷᠠᠮᠵᠢᠲᠠᠶ ᠠᠵᠢᠯ ᠤᠶᠢᠯᠡᠰ ᠡᠷᠭᠢᠯᠡᠬᠦ ᠳᠤ ᠲᠣᠬᠢᠷᠠᠮᠵᠢᠲᠠᠶ ᠬᠤᠲᠠ ᠪᠠᠯᠭᠠᠰᠤ ᠶᠢ | ᠲᠦᠷᠭᠡᠪᠴᠢᠯᠡᠨ ᠪᠣᠶ ᠪᠣᠯᠭᠠᠵᠤ᠂ ᠬᠠᠮᠲᠤ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠬᠢᠷᠢ ᠲᠦᠪᠰᠢᠨ ᠢ ᠢᠯᠡᠳᠲᠡ | ᠳᠡᠭᠡᠭᠰᠢᠯᠡᠭᠦᠯᠦᠨ᠎ᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠡᠳ᠋ ᠤᠨ ᠵᠠᠰᠠᠭ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠦᠷᠭᠦᠯᠵᠢᠯᠡᠨ ᠬᠦᠴᠦ ᠨᠡᠮᠡᠵᠦ ᠦᠷ᠎ᠡ ᠠᠰᠢᠭ ᠢ | ᠨᠡᠮᠡᠭᠳᠡᠭᠦᠯᠬᠦ ᠶᠢ ᠪᠠᠲᠤᠯᠠᠨ᠎ᠠ᠃ ᠠᠵᠢᠯ ᠣᠯᠭᠤᠯᠲᠠ ᠶᠢᠨ ᠴᠢᠨᠠᠷ ᠰᠠᠶᠢᠲᠠᠶ ᠦᠢᠯᠡᠴᠢᠯᠡᠭᠡ ᠪᠠ ᠰᠠᠭᠤᠷᠢ ᠰᠤᠷᠭᠠᠨ | ᠬᠥᠮᠦᠵᠢᠯ ᠤᠨ ᠰᠢᠰᠲ᠋ᠧᠮ ᠢ ᠲᠦᠷᠭᠡᠪᠴᠢᠯᠡᠨ ᠪᠠᠶᠢᠭᠤᠯᠵᠤ᠂ ᠤᠯᠠᠨ ᠲᠡᠰ ᠳᠠᠪᠬᠤᠷᠭ᠎ᠠ ᠶᠢᠨ ᠨᠡᠶᠢᠭᠡᠮ ᠤᠨ | ᠪᠠᠲᠤᠯᠠᠭ᠎ᠠ ᠶᠢᠨ ᠰᠢᠰᠲ᠋ᠧᠮ ᠢ ᠲᠡᠭᠦᠯᠳᠡᠷᠵᠢᠭᠦᠯᠵᠦ᠂ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ | ᠠᠷᠭᠠᠴᠠᠵᠤ᠂ ᠨᠠᠰᠤᠵᠢᠯ ᠤᠨ ᠦᠨᠳᠦᠰᠦᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠳᠤ ᠬᠤᠳᠠ ᠪᠠᠯᠭᠠᠰᠤᠨ ᠤ | ᠳᠠᠩᠰᠠᠯᠠᠭᠤᠯᠤᠭᠰᠠᠨ ᠠᠵᠢᠯ ᠠᠯᠳᠠᠯᠲᠠ ᠶᠢᠨ ᠨᠤᠷᠮ᠎ᠠ ᠶᠢ 4% ᠶᠢᠨ ᠳᠣᠲᠣᠷ᠎ᠠ ᠬᠢᠵᠠᠭᠠᠷᠯᠠᠬᠤ ᠶᠢ ᠦᠨᠡᠨ ᠬᠦ | ᠪᠠᠲᠤᠯᠠᠵᠤ᠂ ᠨᠠᠰᠤᠵᠢᠯ ᠤᠨ ᠦᠨᠳᠦᠰᠦᠨ ᠳᠠᠭᠠᠳᠬᠠᠯ ᠤᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ | 95% ᠠᠴᠠ ᠳᠡᠭᠡᠭᠰᠢ ᠳᠤ ᠬᠦᠷᠭᠡᠨ᠎ᠡ᠃ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠤᠬᠠᠮᠰᠠᠷ ᠤᠨ ᠬᠥᠮᠦᠵᠢᠯ ᠢ ᠴᠢᠩᠭᠠᠳᠬᠠᠵᠤ᠂ ᠤᠯᠠᠨ ᠨᠡᠶᠢᠲᠡ ᠶᠢᠨ ᠰᠣᠶᠣᠯ ᠤᠨ ᠦᠢᠯᠡᠴᠢᠯᠡᠭᠡᠨ ᠤ ᠰᠢᠰᠲ᠋ᠧᠮ ᠤᠨ | ᠪᠠᠶᠢᠭᠤᠯᠤᠯᠲᠠ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ | ᠥᠷᠭᠡᠳᠬᠡᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠬᠤ ᠶᠢ | ᠠᠬᠢᠭᠤᠯᠤᠨ᠎ᠠ᠃ ᠠᠵᠤ ᠤᠶᠢᠯᠡᠰ ᠤᠨ ᠣᠨᠴᠠᠯᠢᠭ ᠢᠶᠠᠷ ᠢᠯᠡ ᠲᠣᠳᠣ ᠪᠠᠶᠢᠭᠤᠯᠤᠯᠳᠠᠲᠤ ᠪᠠᠯᠭᠠᠰᠤ ᠪᠠ ᠵᠢᠱᠢᠶ᠎ᠡ | ᠦᠵᠡᠭᠦᠯᠬᠦ ᠲᠣᠰᠬᠤᠨ ᠢ ᠲᠦᠷᠭᠡᠳᠬᠡᠨ ᠪᠤᠶᠢᠵᠢᠭᠤᠯᠵᠤ᠂ ᠪᠠᠶᠠᠨᠴᠠᠭᠠᠨ ᠪᠠᠯᠭᠠᠰᠤ ᠶᠢᠨ ᠭᠤᠤᠯ ᠬᠤᠲᠠ ᠪᠠᠯᠭᠠᠰᠤ ᠪᠠᠷ | ᠳᠠᠶᠢᠴᠢᠯᠠᠭᠰᠠᠨ᠂ ᠪᠤᠰᠤᠳ ᠰᠤᠮᠤ ᠰᠢᠶᠠᠩ ᠪᠠᠯᠭᠠᠰᠤ ᠶᠢᠨ ᠣᠯᠠᠨ ᠲᠠᠰ ᠳᠠᠪᠬᠤᠷᠭ᠎ᠠ ᠪᠠᠷ ᠬᠤᠯᠪᠣᠭᠠᠯᠠᠨ | ᠬᠥᠳᠡᠯᠦᠯᠴᠡᠭᠰᠡᠨ᠂ ᠡᠯ᠎ᠡ ᠵᠢᠱᠢᠶ᠎ᠡ ᠦᠵᠡᠭᠦᠯᠬᠦ ᠲᠣᠰᠬᠤᠨ ᠤ ᠣᠯᠠᠨ ᠵᠠᠩᠭᠢᠯᠠᠭ᠎ᠠ ᠶᠢᠨ ᠴᠡᠭ ᠢᠶᠠᠷ ᠬᠠᠷᠢᠯᠴᠠᠨ | ᠬᠥᠳᠡᠯᠦᠯᠴᠡᠭᠰᠡᠨ ᠰᠢᠨ᠎ᠡ ᠬᠡᠯᠪᠡᠷᠢ ᠶᠢᠨ ᠬᠤᠲᠠ ᠪᠠᠯᠭᠠᠰᠤ ᠶᠢᠨ ᠬᠥᠭᠵᠢᠯᠲᠡᠶᠢᠨ ᠪᠠᠶᠢᠷᠢᠰᠢᠯ ᠢ ᠪᠠᠶᠢᠭᠤᠯᠤᠨ᠎ᠠ᠃ | ᠠᠮᠤᠷ ᠠᠮᠤᠭᠤᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠢᠭᠤᠯᠤᠯᠲᠠ ᠶᠢ ᠲᠦᠷᠭᠡᠳᠬᠡᠵᠦ᠂ | ᠨᠡᠶᠢᠭᠡᠮ ᠤᠨ ᠵᠠᠰᠠᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃ ᠬᠠᠤᠯᠢ ᠪᠠᠷ ᠵᠠᠰᠠᠬᠤ ᠣᠷᠴᠢᠨ | ᠨᠥᠬᠦᠴᠡᠯ ᠢ ᠰᠢᠯᠢᠳᠡᠭᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠴᠢᠩᠭᠠᠳᠬᠠᠵᠤ᠂ ᠰᠢᠢᠳᠪᠤᠷᠢᠳᠤ | ᠪᠤᠳᠤᠯᠭ᠎ᠠ ᠲᠣᠭᠲᠠᠭᠠᠬᠤ ᠵᠢᠷᠤᠮ ᠢ ᠵᠢᠷᠤᠮᠵᠢᠭᠤᠯᠤᠨ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ | ᠪᠠᠶᠢᠭᠤᠯᠤᠯᠲᠠ ᠶᠢᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢ ᠪᠠᠷᠢᠮᠲᠠᠯᠠᠨ ᠬᠥᠭᠵᠢᠭᠦᠯᠵᠦ᠂ | ᠣᠯᠠᠨ ᠲᠦᠮᠡᠨ ᠤ ᠭᠤᠮᠣᠳᠠᠯ ᠱᠠᠭᠠᠷᠳᠠᠯᠭ᠎ᠠ ᠪᠠᠨ ᠢᠯᠡᠳᠬᠡᠬᠦ᠂ ᠠᠰᠢᠭ ᠲᠤᠰᠠ ᠪᠠᠨ ᠵᠣᠬᠢᠴᠠᠭᠤᠯᠬᠤ᠂ ᠡᠷᠬᠡ | ᠠᠰᠢᠭ ᠢᠶᠠᠨ ᠪᠠᠲᠤᠯᠠᠬᠤ ᠠᠷᠭ᠎ᠠ ᠵᠠᠮ ᠢ ᠪᠥᠬᠦ ᠲᠠᠯ᠎ᠠ ᠪᠠᠷ ᠰᠢᠯᠤᠭᠤᠳᠬᠠᠨ ᠵᠢᠷᠤᠮᠵᠢᠭᠤᠯᠵᠤ᠂ ᠰᠢᠨ᠎ᠡ ᠴᠠᠭ | ᠦᠶ᠎ᠡ ᠶᠢᠨ ᠣᠯᠠᠨ ᠲᠦᠮᠡᠨ ᠤ ᠰᠢᠨ᠎ᠡ ᠱᠠᠭᠠᠷᠳᠠᠯᠭ᠎ᠠ ᠰᠢᠨ᠎ᠡ ᠬᠦᠰᠡᠯ ᠡᠷᠡᠮᠡᠯᠵᠡᠯ ᠳᠤ ᠢᠳᠡᠪᠬᠢᠲᠡᠶ ᠬᠠᠷᠢᠭᠤᠯᠲᠠ | ᠥᠭᠬᠦ ᠬᠡᠷᠡᠭᠲᠡᠶ᠃ ᠨᠡᠶᠢᠭᠡᠮ ᠤᠨ ᠵᠠᠰᠠᠯᠲᠠ ᠶᠢᠨ ᠭᠤᠣᠯᠳᠠᠯᠭ᠎ᠠ ᠶᠢ ᠦᠨᠳᠦᠰᠦᠨ ᠱᠠᠲᠤᠨ ᠳᠤ ᠰᠢᠯᠵᠢᠭᠦᠯᠬᠦ ᠶᠢ | ᠠᠬᠢᠭᠤᠯᠵᠤ᠂ ᠲᠤᠰᠬᠠᠢ ᠮᠡᠷᠭᠡᠵᠢᠯ ᠪᠠ ᠤᠯᠠᠨ ᠲᠦᠮᠡᠨ ᠢ ᠤᠶᠠᠯᠳᠤᠭᠤᠯᠤᠭᠰᠠᠨ᠂ ᠤᠯᠠᠨ ᠢᠶᠠᠷ ᠢᠶᠠᠨ ᠰᠡᠷᠭᠡᠶᠢᠯᠡᠵᠦ | ᠤᠯᠠᠨ ᠢᠶᠠᠷ ᠢᠶᠠᠨ ᠵᠠᠰᠠᠬᠤ ᠦᠨᠳᠦᠰᠦᠨ ᠱᠠᠲᠤᠨ ᠤ ᠵᠠᠰᠠᠯᠲᠠ ᠶᠢᠨ ᠲᠦᠷᠢᠮ ᠢ ᠪᠦᠷᠢᠨᠰᠢᠬᠦᠯᠵᠦ᠂ ︽ᠲᠤᠤᠷᠴᠢᠯᠠᠯ | + ᠲᠤᠮᠤ ᠳ᠋ᠠᠶᠢᠲ᠋ᠠ︾ ᠶᠢᠨ ᠵᠠᠰᠠᠯᠲᠠ ᠶᠢᠨ ᠵᠠᠭᠪᠤᠷ ᠢ ᠳᠡᠯᠭᠡᠷᠡᠭᠦᠯᠵᠦ᠂ ᠥᠪᠡᠷᠲᠡᠭᠡᠨ ᠵᠠᠰᠠᠬᠤ᠂ ᠬᠠᠤᠯᠢ ᠪᠠᠷ ᠵᠠᠰᠠᠬᠤ | ᠂ ᠶᠣᠰᠣ ᠰᠤᠷᠲᠠᠬᠤᠨ ᠢᠶᠠᠷ ᠵᠠᠰᠠᠬᠤ ᠶᠢ ᠤᠶᠠᠯᠳᠤᠭᠤᠯᠤᠭᠰᠠᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢ | ᠬᠦᠴᠦᠯᠡᠨ ᠲᠡᠭᠦᠯᠳᠡᠷᠵᠢᠭᠦᠯᠦᠨ᠎ᠡ᠃ ᠤᠯᠠᠨ ᠨᠡᠶᠢᠲᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ | ᠪᠠᠲᠤᠯᠠᠵᠤ᠂ ᠰᠦᠯᠵᠢᠶᠡᠨ ᠤ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠴᠢᠳᠠᠪᠤᠷᠢ ᠪᠣᠯᠤᠨ ᠮᠡᠳᠡᠭᠡ | ᠵᠠᠩᠭᠢᠵᠢᠯᠲᠠ ᠶᠢᠨ ᠲᠦᠪᠰᠢᠨ ᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠠᠵᠢᠯ ᠢ | ᠪᠠᠶᠢᠩᠭᠤᠵᠢᠭᠤᠯᠤᠨ ᠥᠷᠨᠢᠭᠦᠯᠦᠨ᠎ᠡ᠃ ᠢᠳᠡᠭᠡᠨ ᠤ ᠵᠦᠢᠯ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠭᠡᠨᠡᠳᠲᠡ ᠶᠢᠨ ᠬᠡᠷᠡᠭ ᠢ ᠤᠷᠢᠳᠴᠢᠯᠠᠨ ᠰᠡᠷᠡᠮᠵᠢᠯᠡᠭᠦᠯᠬᠦ ᠪᠠ ᠰᠢᠢᠳᠪᠤᠷᠢᠯᠡᠬᠦ | ᠲᠣᠭᠲᠠᠴᠠ ᠶᠢ ᠲᠡᠭᠦᠯᠳᠡᠷᠵᠢᠭᠦᠯᠵᠦ᠂ ᠠᠶᠤᠯᠭᠦᠶ ᠦᠢᠯᠡᠳᠪᠦᠷᠢᠯᠡᠯ ᠤᠨ ᠪᠠᠲᠤᠯᠠᠭ᠎ᠠ ᠶᠢᠨ ᠴᠢᠳᠠᠪᠤᠷᠢ ᠶᠢ ᠪᠦᠬᠦ | ᠲᠠᠯ᠎ᠠ ᠪᠠᠷ ᠳᠡᠭᠡᠭᠰᠢᠯᠡᠭᠦᠯᠦᠨ᠎ᠡ᠃ | ᠭᠤᠷᠪᠠ᠂ 2021 ᠣᠨ ᠤ ᠬᠠᠷᠠᠯᠲᠠ ᠡᠭᠦᠷᠭᠡ ᠪᠠ ᠭᠤᠣᠯᠳᠠᠯᠭ᠎ᠠ ᠲᠠᠢ ᠠᠵᠢᠯ | ᠲᠥᠯᠥᠭᠡᠯᠡᠭᠴᠢᠳ ᠡ᠂ 2021 ᠣᠨ ᠪᠣᠯ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢ | ᠬᠡᠷᠡᠭᠵᠢᠭᠦᠯᠬᠦ ᠠᠩᠬᠠᠨ ᠤ ᠲᠠᠶᠢᠨ ᠤ ᠵᠢᠯ ᠮᠥᠨ᠂ ᠪᠠᠰᠠ ᠴᠤ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ 100 ᠵᠢᠯ ᠤᠨ ᠤᠢ ᠮᠥᠨ᠃ ᠲᠠᠪᠤᠨ ᠵᠢᠯ ᠤᠨ ᠲᠦᠷᠦᠭᠦᠦ ᠵᠢᠯ ᠢ ᠦᠵᠡᠬᠦ ᠳᠤ᠂ ᠡᠬᠢᠯᠡᠯᠲᠡ | ᠪᠣᠯ ᠵᠠᠩᠭᠢᠯᠠᠭ᠎ᠠ ᠪᠣᠯᠤᠨ᠎ᠠ᠃ ᠪᠢᠳᠡ ᠡᠷᠬᠡᠪᠰᠢ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ | ᠶᠡᠷᠦᠩᠬᠡᠶ ᠪᠠᠶᠢᠷᠢᠯᠠᠭᠤᠯᠤᠯᠲᠠ ᠲᠠᠢ ᠨᠢᠭᠲᠠ ᠤᠶᠠᠯᠳᠤᠭᠤᠯᠤᠨ᠂ ᠡᠷᠡᠰ ᠰᠢᠭᠤᠷᠬᠠᠶ ᠪᠠᠷ ᠤᠷᠤᠭᠰᠢᠯᠠᠨ ᠲᠠᠪᠰᠢᠵᠤ᠂ | ᠵᠠᠮ ᠨᠡᠭᠡᠭᠡᠨ ᠰᠢᠨ᠎ᠡ ᠶᠢ ᠡᠭᠦᠳᠴᠦ᠂ ᠨᠡᠶᠢᠭᠡᠮ ᠵᠢᠷᠤᠮ ᠤᠨ ᠣᠳᠣᠬᠢᠴᠢᠯᠠᠬᠤ ᠪᠦᠳᠦᠭᠡᠨ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠬᠤ ᠳᠤ ᠰᠠᠶᠢᠨ ᠡᠬᠢᠯᠡᠯᠲᠡ ᠲᠠᠢ ᠪᠣᠯᠭᠠᠵᠤ᠂ ᠰᠠᠶᠢᠨ ᠡᠬᠢᠯᠡᠯᠲᠡ ᠲᠠᠢ ᠪᠣᠯᠭᠠᠬᠤ | ᠬᠡᠷᠡᠭᠲᠡᠶ᠃ | ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠪᠣᠯ᠄ | ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠶ ᠥᠷᠲᠡᠭ ᠢ 7% ᠣᠷᠴᠢᠮ ᠨᠡᠮᠡᠭᠳᠡᠭᠦᠯᠵᠦ᠂ ᠲᠣᠭᠲᠠᠮᠠᠯ | ᠬᠥᠷᠥᠩᠭᠡ ᠶᠢᠨ ᠪᠠᠯᠠ ᠣᠷᠣᠭᠤᠯᠤᠯᠲᠠ ᠶᠢ 7% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ | ᠤᠶᠢᠯᠡᠳᠪᠤᠷᠢ ᠶᠢᠨ ᠨᠡᠮᠡᠭᠳᠡᠯ ᠥᠷᠲᠡᠭ ᠢ 7.5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠤᠶᠢᠯ ᠤᠨ | ᠵᠢᠵᠢᠭᠯᠡᠨ ᠬᠤᠳᠠᠯᠳᠤᠬᠤ ᠶᠡᠷᠦᠩᠬᠡᠶ ᠲᠤᠭ᠎ᠠ ᠶᠢ 8% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ | ᠲᠥᠰᠦᠪ ᠤᠨ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠦᠨ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ | ᠣᠷᠣᠯᠭ᠎ᠠ ᠶᠢ ᠠᠵᠤ ᠠᠬᠤᠶ ᠶᠢᠨ ᠬᠥᠭᠵᠢᠯᠲᠡ ᠯᠦᠭᠡ ᠠᠳᠠᠯᠢ ᠠᠯᠬᠤᠮ ᠲᠠᠢ ᠪᠠᠶᠢᠯᠭᠠᠵᠤ᠂ ᠨᠢᠭᠡᠴᠢ ᠭᠠᠵᠠᠷ | ᠣᠷᠣᠨ ᠤ ᠤᠶᠢᠯᠡᠳᠪᠤᠷᠢᠯᠡᠯ ᠤᠨ ᠪᠥᠬᠦ ᠥᠷᠲᠡᠭ ᠤᠨ ᠡᠨᠧᠷᠭᠢ ᠶᠢᠨ ᠬᠤᠷᠣᠭᠳᠠᠭᠤᠯᠤᠯ ᠢ 3.4% ᠪᠠᠭᠤᠷᠠᠭᠤᠯᠵᠤ᠂ | ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠭᠤᠯᠭᠠᠭᠰᠠᠨ ᠪᠤᠰᠤᠳ ᠬᠢᠵᠠᠭᠠᠷᠯᠠᠬᠤ ᠴᠢᠨᠠᠷᠲᠠᠶ ᠬᠦᠢᠴᠡᠳᠬᠡᠯ | ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃ | ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ︽ᠳᠤᠯᠤᠭ᠎ᠠ ᠶᠢ ᠪᠠᠷᠢᠮᠲᠠᠯᠠᠬᠤ︾ ᠲᠠᠢ ᠨᠢᠭᠲᠠ | ᠤᠶᠠᠯᠳᠤᠭᠤᠯᠤᠨ᠂ ᠳᠤᠯᠤᠭ᠎ᠠ ᠶᠢᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄ | ︵ᠨᠢᠭᠡ︶ ᠲᠠᠷᠢᠶᠠᠯᠠᠩ ᠮᠠᠯ ᠠᠵᠤ ᠠᠬᠤᠢ ᠶᠢ ᠥᠨᠳᠥᠷ ᠪᠦᠲᠦᠮᠵᠢᠲᠡᠢ ᠬᠥᠭᠵᠢᠭᠦᠯᠬᠦ ᠶᠢ ᠪᠠᠷᠢᠮᠲᠠᠯᠠᠵᠤ᠂ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠪᠦᠬᠦ ᠬᠦᠴᠦᠨ ᠢᠶᠠᠷ ᠢᠶᠠᠨ | ᠬᠡᠷᠡᠭᠵᠢᠭᠦᠯᠦᠨ᠎ᠡ | — ᠪᠠᠬᠢᠵᠢᠭᠦᠯᠦᠨ ᠳᠡᠭᠡᠭᠰᠢᠯᠡᠭᠦᠯᠬᠦ ᠶᠢ ᠠᠳᠬᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠦᠷ᠎ᠡ ᠪᠦᠲᠦᠭᠡᠯ ᠢ ᠥᠷᠭᠡᠳᠬᠡᠨ᠎ᠡ᠃ ︽ᠳᠥᠷᠪᠡ ᠶᠢ ᠰᠠᠯᠭᠠᠬᠤ ᠥᠬᠡᠶ︾ ᠪᠠᠶᠢᠬᠤ ᠱᠠᠭᠠᠷᠳᠠᠯᠭ᠎ᠠ ᠶᠢ | ᠴᠢᠩᠭ᠎ᠠ ᠨᠠᠶᠢᠳᠠᠪᠤᠷᠢᠵᠢᠭᠤᠯᠵᠤ᠂ ᠰᠢᠯᠵᠢᠯᠲᠡ ᠶᠢᠨ ᠬᠤᠭᠤᠴᠠᠭᠠᠨ ᠳᠠᠬᠢ ᠭᠤᠤᠯ ᠪᠣᠯᠬᠤ ᠬᠠᠪᠰᠤᠷᠤᠨ ᠲᠡᠳᠬᠦᠬᠦ | ᠲᠥᠷᠥ ᠶᠢᠨ ᠪᠣᠳᠣᠯᠭ᠎ᠠ ᠶᠢᠨ ᠶᠡᠷᠦᠩᠬᠡᠶ ᠳᠡᠭᠡᠨ ᠲᠣᠭᠲᠠᠭᠤᠨ ᠪᠠᠶᠢᠬᠤ ᠶᠢ ᠪᠠᠲᠤᠯᠠᠵᠤ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠬᠠᠪᠰᠤᠷᠤᠨ ᠲᠡᠳᠬᠦᠬᠦ ᠰᠢᠶᠠᠨ ᠤ ᠲᠥᠷᠥ ᠶᠢᠨ ᠪᠣᠳᠣᠯᠭ᠎ᠠ ᠶᠢᠨ | ᠳᠡᠮᠵᠢᠯᠭᠡ ᠶᠢ ᠢᠳᠡᠪᠬᠢᠲᠡᠶ ᠲᠡᠮᠡᠴᠡᠨ ᠣᠯᠵᠤ᠂ ᠶᠠᠳᠠᠭᠤ ᠠᠴᠠ ᠠᠩᠭᠢᠵᠢᠷᠠᠭᠤᠯᠤᠭᠰᠠᠨ ᠦᠷ᠎ᠡ ᠪᠦᠲᠦᠭᠡᠯ ᠢ | ᠪᠠᠬᠢᠵᠢᠭᠦᠯᠬᠦ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠶ ᠵᠣᠯᠭᠠᠭᠤᠯᠬᠤ ᠶᠢ | ᠠᠬᠢᠭᠤᠯᠤᠨ᠎ᠠ᠃ | ᠬᠤᠶᠢᠰᠢᠳᠠ ᠶᠢᠨ ᠬᠠᠮᠢᠶᠠᠷᠤᠯᠲᠠ ᠶᠢ ᠰᠠᠶᠢᠲᠤᠷ ᠠᠳᠬᠤᠨ᠎ᠠ᠃ ᠳᠠᠬᠢᠨ ᠶᠠᠳᠠᠭᠤᠷᠠᠬᠤ ᠶᠢ ᠰᠡᠷᠭᠡᠶᠢᠯᠡᠨ | ᠬᠤᠷᠢᠭᠯᠠᠬᠤ ᠬᠥᠳᠡᠯᠦᠩᠭᠦᠶ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠮᠠᠯᠵᠢᠬᠤ | ᠲᠠᠷᠢᠶᠠᠯᠠᠬᠤ ᠣᠷᠣᠨ ᠤ ᠣᠷᠣᠯᠭ᠎ᠠ ᠪᠠᠭᠠᠲᠠᠶ ᠬᠥᠮᠦᠰ ᠢ ᠪᠠᠶᠢᠩᠭᠤᠵᠢᠭᠤᠯᠤᠨ ᠬᠢᠨᠠᠨ ᠬᠡᠮᠵᠢᠬᠦ ᠶᠢ ᠥᠷᠨᠢᠭᠦᠯᠦᠨ᠂ | ᠱᠠᠲᠤ ᠬᠤᠪᠢᠶᠠᠨ ᠲᠥᠷᠥᠯ ᠬᠤᠪᠢᠶᠠᠨ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡᠶᠢ ᠴᠠᠭ ᠲᠤᠬᠠᠶ ᠳᠤᠨᠢ ᠳᠠᠭᠠᠵᠤ᠂ | ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠰᠡᠷᠭᠡᠶᠢᠯᠡᠨ ᠬᠤᠷᠢᠭᠯᠠᠬᠤ ᠬᠤᠷᠢᠭ᠎ᠠ ᠱᠤᠭᠤᠮ ᠢ ᠪᠠᠲᠤ | ᠰᠠᠬᠢᠨ᠎ᠠ᠃ ᠣᠨᠳᠣᠤ ᠭᠠᠵᠠᠷ ᠨᠡᠭᠦᠯᠭᠡᠭᠰᠡᠨ ᠤ ᠳᠠᠷᠠᠭᠠᠬᠢ ᠬᠠᠪᠰᠤᠷᠤᠨ ᠲᠡᠳᠬᠦᠬᠦ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠲᠥᠪᠯᠡᠷᠡᠭᠦᠯᠦᠨ ᠲᠥᠪᠬᠢᠨᠡᠭᠦᠯᠬᠦ ᠴᠢᠬ ᠤᠨ ᠣᠯᠠᠨ ᠨᠡᠶᠢᠲᠡ ᠶᠢᠨ ᠤᠶᠢᠯᠡᠴᠢᠯᠡᠬᠡᠨ ᠪᠠ ᠰᠠᠭᠤᠷᠢ | ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠦᠷᠭᠦᠯᠵᠢᠯᠡᠨ ᠲᠡᠭᠦᠯᠳᠡᠷᠵᠢᠭᠦᠯᠵᠦ᠂ ᠠᠮᠤ ᠪᠤᠳᠠᠭᠠᠨ ᠤ | ᠠᠷᠠᠯᠵᠢᠶ᠎ᠠ ᠶᠢᠨ ᠲᠥᠪ ᠵᠡᠷᠭᠡ ᠵᠠᠯᠭᠠᠮᠵᠢ ᠠᠵᠤ ᠤᠶᠢᠯᠡᠰ ᠤᠨ ᠲᠥᠷᠥᠯ ᠵᠤᠶᠢᠯ ᠢ ᠢᠵᠢ ᠪᠥᠷᠢᠳᠦᠭᠦᠯᠦᠨ | ᠬᠡᠷᠡᠭᠵᠢᠭᠦᠯᠦᠨ᠎ᠡ᠃ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠬᠠᠮᠢᠶᠠᠷᠤᠯᠲᠠ ᠶᠢᠨ ᠪᠠᠶᠢᠭᠤᠯᠤᠮᠵᠢ ᠶᠢ | ᠲᠦᠷᠭᠡᠳᠬᠡᠨ ᠪᠠᠶᠢᠭᠤᠯᠵᠤ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠪᠠᠯᠠ ᠮᠥᠩᠭᠦ ᠶᠢᠨ ᠵᠠᠯᠭᠠᠮᠵᠢ ᠬᠢᠨᠠᠯᠲᠠ | ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠨ᠂ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ | ᠬᠤᠪᠢᠶᠠᠷᠢᠯᠠᠯᠲᠠ ᠶᠢᠨ ᠲᠦᠷᠢᠮ ᠢ ᠲᠡᠭᠦᠯᠳᠡᠷᠵᠢᠭᠦᠯᠵᠦ᠂ ᠶᠠᠳᠠᠭᠤ ᠶᠢ ᠲᠡᠳᠬᠦᠬᠦ ᠡᠳ᠋ ᠬᠥᠷᠥᠩᠭᠡ ᠶᠢᠨ ᠪᠠᠯᠠ | ᠮᠥᠩᠭᠦ ᠶᠢᠨ ᠶᠠᠳᠠᠭᠤ ᠶᠢ ᠲᠡᠳᠬᠦᠬᠦ ᠠᠵᠤ ᠤᠶᠢᠯᠡᠰ ᠢ ᠪᠠᠬᠢᠵᠢᠭᠦᠯᠦᠨ᠎ᠡ᠃ ᠵᠠᠰᠠᠭ ᠤᠨ ᠣᠷᠳᠣᠨ ᠤ ᠬᠥᠲᠥᠯᠦᠨ | ᠵᠢᠯᠣᠭᠤᠳᠬᠤ ᠤᠶᠢᠯᠡᠳᠤᠯ ᠢ ᠬᠦᠢᠴᠡᠳ ᠪᠠᠳᠠᠷᠠᠭᠤᠯᠵᠤ᠂ ᠥᠨᠳᠡᠭᠡᠨ ᠲᠠᠬᠢᠶ᠎ᠠ ᠲᠡᠵᠢᠭᠡᠨ ᠦᠷᠡᠵᠢᠭᠦᠯᠬᠦ᠂ | ᠬᠦᠯᠡᠮᠵᠢ ᠶᠢᠨ ᠮᠥᠭᠦ ᠶᠢ ᠳᠠᠷᠢᠬᠤ ᠵᠡᠷᠭᠡ ᠤᠨᠴᠠᠯᠢᠭᠳᠤ ᠠᠵᠤ ᠤᠶᠢᠯᠡᠰ ᠢᠶᠠᠷ ᠶᠠᠳᠠᠭᠤ ᠶᠢ ᠲᠡᠳᠬᠦᠬᠦ ᠲᠥᠷᠥᠯ | ᠵᠤᠶᠢᠯ ᠢ ᠬᠡᠷᠡᠭᠵᠢᠭᠦᠯᠵᠦ᠂ ᠤᠨᠴᠠᠯᠢᠭᠳᠤ ᠳᠠᠷᠢᠵᠤ ᠲᠡᠵᠢᠭᠡᠬᠦ ᠤᠶᠢᠯᠡᠰ ᠤᠨ ᠶᠡᠷᠦᠩᠬᠡᠶᠢᠯᠡᠭᠰᠡᠨ ᠤᠶᠢᠯᠡᠴᠢᠯᠡᠬᠡᠨ ᠤ | ᠲᠠᠪᠴᠠᠩ ᠢ ᠪᠥᠲᠥᠭᠡᠨ ᠪᠠᠶᠢᠭᠤᠯᠵᠤ᠂ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢ ᠪᠠᠬᠢᠵᠢᠭᠦᠯᠦᠨ | ᠪᠤᠵᠠᠭᠠᠶᠢᠷᠠᠭᠤᠯᠤᠨ᠎ᠠ᠃ ᠨᠡᠶᠢᠭᠡᠮ ᠤᠨ ᠬᠥᠷᠥᠩᠭᠡ ᠶᠢᠨ ᠶᠠᠳᠠᠭᠤ ᠠᠴᠠ ᠠᠩᠭᠢᠵᠢᠷᠠᠭᠤᠯᠬᠤ ᠳᠤ ᠣᠷᠣᠯᠴᠠᠭᠰᠠᠨ ᠦᠷ᠎ᠡ | ᠪᠦᠲᠦᠮᠵᠢ ᠪᠠᠨ ᠪᠠᠬᠢᠵᠢᠭᠦᠯᠬᠦ ᠶᠢ ᠳᠡᠮᠵᠢᠵᠦ᠂ ᠡᠩ ᠤᠨ ᠦᠨ᠎ᠡ ᠪᠠᠷ ᠡᠨᠧᠷᠭᠢ ᠬᠠᠳᠠᠭᠠᠯᠠᠵᠤ ᠶᠠᠳᠠᠭᠤ ᠶᠢ ᠲᠡᠳᠬᠦᠬᠦ | ᠰᠠᠯᠬᠢᠨ ᠬᠦᠴᠦᠨ ᠤ ᠴᠠᠬᠢᠯᠭᠠᠨ ᠤ ᠲᠥᠷᠥᠯ ᠵᠤᠶᠢᠯ ᠢ ᠰᠤᠯᠠ ᠲᠠᠯᠪᠢᠭᠳᠠᠵᠤ ᠪᠠᠶᠢᠭ᠎ᠠ ︽ᠶᠠᠳᠠᠭᠤ ᠶᠢ ᠲᠡᠳᠬᠦᠬᠦ | ᠤᠶᠢᠯᠡᠳᠪᠤᠷᠢ ᠶᠢᠨ ᠲᠠᠰᠤᠭ︾ ᠢ ᠠᠮᠢᠯᠠᠭᠤᠯᠵᠤ᠂ ᠱᠠᠩᠬᠠᠶ ᠶᠢᠨ ᠭᠤᠶᠣ ᠰᠠᠶᠢᠬᠠᠨ ᠲᠠᠷᠢᠶᠠᠯᠠᠩ ᠤᠨ | ᠪᠦᠲᠦᠭᠡᠭᠳᠡᠬᠦᠨ ᠢ ᠨᠠᠷᠢᠯᠢᠭ ᠡᠳ᠋ᠰᠢᠭᠦᠯᠬᠦ ᠲᠥᠷᠥᠯ ᠵᠤᠶᠢᠯ ᠢ ᠲᠦᠮᠠᠯᠲᠠᠶ ᠶᠢᠨ ᠶᠡᠷᠦᠩᠬᠡᠶᠢᠯᠡᠭᠰᠡᠨ ᠶᠠᠳᠠᠭᠤ ᠶᠢ | ᠲᠡᠳᠬᠦᠬᠦ ᠤᠶᠢᠯᠡᠳᠪᠤᠷᠢ ᠶᠢᠨ ᠲᠠᠰᠤᠭ ᠲᠤ ᠣᠷᠣᠭᠤᠯᠬᠤ ᠶᠢ ᠠᠬᠢᠭᠤᠯᠤᠨ᠎ᠠ᠃ ᠵᠢᠵᠢᠭ ᠭᠠᠷ ᠤᠷᠠᠯᠠᠯ᠂ ᠵᠢᠵᠢᠭ | ᠦᠢᠯᠡᠳᠬᠡᠯ᠂ ᠬᠦᠷᠢᠶ᠎ᠡ ᠬᠠᠰᠢᠶ᠎ᠠ ᠶᠢᠨ ᠠᠵᠤ ᠠᠬᠤᠶ ᠵᠡᠷᠭᠡ ᠶᠢᠨ ᠣᠷᠣᠯᠭ᠎ᠠ ᠶᠢ ᠨᠡᠮᠡᠭᠳᠡᠭᠦᠯᠬᠦ ᠵᠢᠵᠢᠭ ᠠᠵᠤ | ᠦᠢᠯᠡᠰ ᠢ ᠬᠥᠭᠵᠢᠭᠦᠯᠬᠦ ᠶᠢ ᠲᠡᠮᠵᠢᠨ᠎ᠡ᠃ | ᠬᠠᠮᠵᠢᠯᠴᠠᠨ ᠲᠡᠳᠬᠦᠬᠦ ᠶᠢ ᠭᠦᠨᠵᠡᠭᠡᠶᠢᠷᠡᠭᠦᠯᠦᠨ᠎ᠡ᠃ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ᠂ ᠠᠵᠢᠯ | ᠲᠦᠷᠦᠯ ᠤᠨ ᠰᠢᠰᠲ᠋ᠧᠮ ᠢᠶᠠᠷ ᠢᠶᠠᠨ ᠲᠤᠰᠠᠯᠠᠯᠴᠠᠬᠤ ᠶᠢᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ | ᠪᠠᠬᠢᠵᠢᠭᠦᠯᠬᠦ ᠲᠠᠯ᠎ᠠ ᠪᠠᠷ ᠬᠢ ᠬᠠᠪᠰᠤᠷᠤᠨ ᠲᠡᠳᠬᠦᠬᠦ ᠲᠣᠭᠲᠠᠴᠠ ᠶᠢ ᠲᠡᠭᠦᠯᠳᠡᠷᠵᠢᠭᠦᠯᠵᠦ᠂ ᠠᠵᠤ ᠦᠢᠯᠡᠰ᠂ ᠠᠵᠢᠯ | ᠣᠯᠭᠤᠯᠲᠠ᠂ ᠬᠡᠷᠡᠭᠯᠡᠭᠡ ᠵᠡᠷᠭᠡ ᠬᠦᠷᠢᠶᠡᠨ ᠤ ᠵᠣᠯᠭᠠᠯᠴᠠᠭ᠎ᠠ ᠶᠢᠨ ᠡᠷᠴᠢᠮ ᠢ ᠴᠢᠩᠭᠠᠷᠠᠭᠤᠯᠵᠤ᠂ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠬᠦᠷᠭᠡᠬᠦ ᠲᠣᠭᠲᠠᠴᠠ ᠶᠢ ᠤᠨᠢᠨ ᠳᠡᠭᠡᠷ᠎ᠡ ᠨᠢ ᠪᠠᠶᠢᠭᠤᠯᠵᠤ᠂ | ᠦᠢᠯᠡᠳᠪᠦᠷᠢᠯᠡᠯ ᠪᠣᠷᠣᠯᠠᠭᠤᠯᠭ᠎ᠠ ᠶᠢ ᠵᠣᠯᠭᠠᠯᠳᠤᠭᠤᠯᠬᠤ ᠠᠵᠢᠯᠯᠠᠭ᠎ᠠ ᠶᠢ ᠥᠷᠭᠡᠨ ᠢᠶᠠᠷ ᠥᠷᠨᠢᠭᠦᠯᠵᠦ᠂ | ᠲᠣᠭᠲᠠᠪᠤᠷᠢᠲᠠᠢ ᠬᠠᠪᠰᠤᠷᠤᠨ ᠲᠡᠳᠬᠦᠬᠦ ᠪᠠ ᠠᠰᠢᠭ ᠲᠤᠰᠠ ᠶᠢ ᠬᠤᠯᠪᠣᠬᠤ ᠲᠣᠭᠲᠠᠴᠠ ᠶᠢ ᠪᠠᠶᠢᠭᠤᠯᠤᠨ᠎ᠠ᠃ | — ᠶᠠᠰᠤ ᠴᠢᠨᠠᠷ ᠦᠷ᠎ᠡ ᠠᠰᠢᠭ ᠢ ᠳᠡᠭᠡᠭᠰᠢᠯᠡᠭᠦᠯᠬᠦ ᠶᠢ ᠠᠳᠬᠤᠵᠤ᠂ ᠣᠲᠣ ᠦᠶ᠎ᠡ ᠶᠢᠨ ᠲᠠᠷᠢᠶᠠᠯᠠᠩ ᠮᠠᠯ | ᠠᠵᠤ ᠠᠬᠤᠶ ᠶᠢᠨ ᠰᠢᠰᠲ᠋ᠧᠮᠵᠢ ᠶᠢ ᠪᠠᠶᠢᠭᠤᠯᠤᠨ᠎ᠠ᠃ ︽ᠰᠠᠶᠢᠨ ᠲᠥᠮᠥᠰᠥ ᠪᠠᠷ ᠦᠬᠡᠷ ᠢ ᠨᠡᠮᠡᠭᠳᠡᠭᠦᠯᠦᠨ ᠭᠠᠭ᠋ᠠᠶ | ᠬᠤᠨᠢ ᠶᠢ ᠲᠣᠭᠲᠠᠪᠤᠷᠢᠵᠢᠭᠤᠯᠬᠤ︾ ᠬᠥᠭᠵᠢᠯᠲᠡ ᠶᠢᠨ ᠰᠡᠳᠬᠢᠴᠡ ᠶᠢ ᠪᠠᠷᠢᠮᠲᠠᠯᠠᠵᠤ᠂ ᠲᠠᠷᠢᠶᠠᠯᠠᠩ ᠮᠠᠯ ᠠᠵᠤ | ᠠᠬᠤᠶ ᠶᠢᠨ ᠪᠦᠲᠦᠴᠡ ᠶᠢ ᠰᠢᠯᠢᠳᠡᠭᠵᠢᠭᠦᠯᠬᠦ᠂ ᠡᠭᠦᠯᠳᠡᠷ ᠢ ᠰᠢᠯᠢᠳᠡᠭᠵᠢᠭᠦᠯᠬᠦ᠂ ᠨᠠᠷᠠᠲᠤ ᠲᠡᠮᠳᠡᠭᠲᠦ ᠪᠠᠷ ᠰᠢᠯᠢᠳᠡᠭ ᠢ | ᠡᠭᠦᠳᠬᠦ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠥᠨᠳᠥᠷ ᠦᠷ᠎ᠡ ᠪᠦᠲᠦᠮᠵᠢᠲᠡᠶ ᠬᠥᠭᠵᠢᠯᠲᠡ ᠶᠢᠨ | ᠪᠠᠶᠢᠷᠢᠰᠢᠯ ᠢ ᠪᠠᠶᠢᠭᠤᠯᠤᠨ᠎ᠠ᠃ | ᠳᠠᠷᠢᠵᠤ ᠲᠡᠵᠢᠭᠡᠬᠦ ᠤᠶᠢᠯᠡᠰ ᠤᠨ ᠪᠦᠲᠦᠴᠡ ᠶᠢ ᠦᠷᠭᠦᠯᠵᠢᠯᠡᠨ ᠳᠣᠭᠢᠷᠠᠭᠤᠯᠤᠨ ᠰᠢᠯᠢᠳᠡᠭᠵᠢᠭᠦᠯᠦᠨ᠎ᠡ᠃ | ᠲᠠᠷᠢᠮᠠᠯ ᠤᠨ ᠦᠢᠯᠡᠰ ᠨᠢ ᠤᠰᠤ ᠪᠠᠷ ᠤᠨᠠᠯᠲᠠ ᠶᠢ ᠲᠣᠭᠲᠠᠭᠠᠬᠤ᠂ ᠤᠰᠤ ᠠᠷᠪᠢᠯᠠᠬᠤ ᠤᠰᠤᠯᠠᠯᠲᠠ ᠶᠢᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠤᠰᠤᠯᠠᠯᠲᠠ ᠶᠢᠨ ᠭᠠᠵᠠᠷ ᠣᠨ ᠲᠠᠯᠠᠪᠠᠢ ᠶᠢ ᠶᠡᠬᠡᠪᠡᠷ | ᠪᠠᠭᠠᠰᠬᠠᠨ᠂ ᠰᠦᠷᠴᠢᠨ ᠤᠰᠤᠯᠠᠬᠤ ᠴᠠᠭᠠᠷᠢᠭ ᠤᠨ ᠥᠭᠡᠷᠡᠴᠢᠯᠡᠯᠲᠡ ᠶᠢᠨ ᠡᠷᠴᠢᠮ ᠢ ᠨᠡᠮᠡᠭᠳᠡᠭᠦᠯᠵᠦ᠂ ᠬᠠᠭᠤᠷᠠᠶ | ᠲᠠᠷᠢᠶᠠᠯᠠᠩ ᠤᠨ ᠬᠥᠭᠵᠢᠯᠲᠡ ᠶᠢ ᠲᠦᠷᠭᠡᠳᠬᠡᠨ᠎ᠡ᠃ 1.4 ᠲᠦᠮᠡᠨ ᠮᠥ ᠥᠨᠳᠥᠷ ᠪᠦᠲᠦᠮᠵᠢᠲᠡᠶ ᠤᠰᠤ | ᠠᠷᠪᠢᠯᠠᠬᠤ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠲᠥᠪᠯᠡᠷᠡᠭᠦᠯᠦᠨ ᠵᠠᠯᠭᠠᠯᠳᠤᠭᠤᠯᠤᠨ ᠪᠥᠲᠥᠭᠡᠨ ᠪᠠᠶᠢᠭᠤᠯᠵᠤ᠂ | 5 ᠲᠦᠮᠡᠨ ᠮᠥ ᠬᠠᠭᠤᠷᠠᠶ ᠲᠠᠷᠢᠶᠠᠯᠠᠭ᠎ᠠ ᠶᠢᠨ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠢ ᠬᠡᠷᠡᠭᠵᠢᠭᠦᠯᠵᠦ᠂ ᠬᠥᠬᠡ | ᠳᠠᠷᠤᠰᠢ ᠶᠢᠨ ᠡᠷᠳᠡᠨᠢ ᠰᠢᠰᠢ᠂ ᠨᠣᠬᠠᠶ ᠶᠢᠨ ᠬᠤᠰᠢᠭᠤ ᠡᠪᠡᠰᠦ ᠪᠠᠷ ᠭᠤᠤᠯ ᠪᠣᠯᠭᠠᠭᠰᠠᠨ ᠠᠮᠤ ᠪᠤᠳᠠᠭ᠎ᠠ ᠶᠢ | ᠪᠣᠷᠳᠤᠭ᠎ᠠ ᠪᠣᠯᠭᠠᠨ ᠥᠭᠡᠷᠡᠴᠢᠯᠡᠬᠦ ᠲᠥᠷᠥᠯ ᠵᠤᠶᠢᠯ ᠢ ᠴᠢᠷᠮᠠᠶᠢᠨ ᠬᠡᠷᠡᠭᠵᠢᠭᠦᠯᠦᠨ᠎ᠡ᠃ ᠲᠠᠷᠢᠶᠠᠯᠠᠩ ᠤᠨ ᠤᠰᠤᠨ ᠤ | ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠪᠦᠬᠦ ᠲᠠᠯ᠎ᠠ ᠪᠠᠷ ᠳᠡᠯᠭᠡᠷᠡᠭᠦᠯᠦᠨ᠎ᠡ᠃ ᠲᠡᠵᠢᠭᠡᠨ ᠦᠷᠡᠵᠢᠭᠦᠯᠬᠦ | ᠦᠢᠯᠡᠰ ᠤᠨ ᠬᠢᠨ ᠨᠠᠷᠢᠯᠢᠭ ᠠᠷᠠᠴᠢᠯᠠᠵᠤ ᠬᠠᠰᠢᠶᠠᠯᠠᠨ ᠲᠡᠵᠢᠭᠡᠬᠦ᠂ ᠡᠷᠴᠢᠮᠯᠢᠭ ᠥᠨᠳᠥᠷ ᠪᠦᠲᠦᠮᠵᠢᠲᠡᠶ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠳ᠋ᠠᠩ ᠬᠤᠤ ᠳ᠋ᠦᠩ ᠤᠨ ᠠᠩᠭᠦᠰ ᠠᠯᠠᠰᠢᠨ ᠦᠬᠡᠷ | ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢᠶᠠᠷ ᠭᠤᠣᠯ ᠪᠣᠯᠭᠠᠵᠤ᠂ ᠳ᠋ᠢᠩ ᠱᠧᠩ ᠠᠬ᠎ᠠ ᠳᠡᠭᠦᠦ᠂ ᠭᠠᠯᠲᠤ | ᠠᠭᠤᠯᠠ ᠶᠢᠨ ᠬᠡᠭᠡᠷ᠎ᠡ ᠶᠢᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠢᠯ ᠢ ᠪᠠᠶᠢᠭᠤᠯᠵᠤ | ᠠᠰᠢᠭᠯᠠᠯᠲᠠ ᠳᠤ ᠣᠷᠣᠭᠤᠯᠬᠤ ᠶᠢ ᠲᠦᠷᠭᠡᠳᠬᠡᠨ ᠠᠬᠢᠭᠤᠯᠵᠤ᠂ ᠡᠭᠦᠨ ᠤ ᠬᠠᠮᠲᠤ ᠡᠷᠬᠢᠨ ᠲᠣᠭᠤᠷᠢᠨ ᠤ ᠭᠠᠵᠠᠷ | ᠣᠷᠣᠨ ᠳᠤ ᠨᠢᠭᠡ ᠪᠦᠯᠦᠭ ᠡᠷᠳᠡᠨᠢ ᠰᠢᠰᠢ᠂ ᠲᠥᠮᠥᠰᠥ ᠪᠠ ᠦᠬᠡᠷ ᠬᠤᠨᠢᠨ ᠮᠢᠬ᠎ᠠ ᠵᠡᠷᠭᠡ ᠶᠢ ᠨᠠᠷᠢᠯᠢᠭ ᠡᠳ᠋ᠰᠢᠭᠦᠯᠬᠦ | ᠲᠥᠷᠥᠯ ᠵᠤᠶᠢᠯ ᠢ ᠣᠷᠣᠭᠤᠯᠤᠨ ᠠᠪᠴᠢᠷᠠᠵᠤ᠂ ᠮᠠᠯ ᠵᠢᠭᠦᠷᠲᠡᠨ ᠤ ᠪᠠᠷᠢᠮᠵᠢᠶᠠᠵᠢᠭᠤᠯᠤᠭᠰᠠᠨ ᠵᠢᠱᠢᠶ᠎ᠡ ᠦᠵᠡᠭᠦᠯᠬᠦ | ᠲᠠᠯᠠᠪᠠᠶ ᠪᠠ ᠪᠠᠭᠠᠰᠤᠨ ᠪᠣᠬᠢᠷᠲᠤᠯ ᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠪᠥᠬᠦ ᠰᠢᠶᠠᠨ ᠢᠶᠠᠷ ᠳᠥᠯᠭᠢᠨ | ᠠᠬᠢᠭᠤᠯᠬᠤ ᠲᠥᠷᠥᠯ ᠵᠤᠶᠢᠯ ᠢ ᠢᠵᠢ ᠪᠥᠷᠢᠳᠦᠭᠦᠯᠦᠨ ᠬᠡᠷᠡᠭᠵᠢᠭᠦᠯᠵᠦ᠂ ᠡᠨᠡ ᠬᠦ ᠣᠷᠣᠨ ᠪᠦᠰᠡ ᠶᠢ ᠳᠠᠷᠢᠵᠤ | ᠲᠡᠵᠢᠭᠡᠬᠦ ᠨᠡᠮᠡᠵᠦ ᠪᠣᠷᠣᠯᠠᠭᠤᠯᠬᠤ ᠶᠢ ᠨᠢᠭᠡ ᠴᠤᠭᠴᠠᠵᠢᠭᠤᠯᠤᠭᠰᠠᠨ ᠥᠨᠳᠥᠷ ᠪᠦᠲᠦᠮᠵᠢᠲᠡᠶ ᠣᠲᠣ ᠦᠶ᠎ᠡ ᠶᠢᠨ | ᠲᠠᠷᠢᠶᠠᠯᠠᠩ ᠮᠠᠯ ᠠᠵᠤ ᠠᠬᠤᠶ ᠶᠢ ᠠᠭᠤᠰᠤᠯᠴᠠᠭᠤᠯᠤᠨ ᠬᠥᠭᠵᠢᠭᠦᠯᠬᠦ ᠵᠢᠱᠢᠶ᠎ᠡ ᠦᠵᠡᠭᠦᠯᠬᠦ ᠬᠦᠷᠢᠶᠡᠯᠡᠩ ᠪᠣᠯᠭᠠᠨ | ᠪᠠᠶᠢᠭᠤᠯᠬᠤ ᠪᠠᠷ ᠴᠢᠷᠮᠠᠶᠢᠨ᠎ᠠ᠃ ᠲᠢᠶᠠᠨ ᠷᠦᠨ ᠮᠠᠯ ᠠᠵᠤ ᠠᠬᠤᠶ ᠬᠢᠭᠡᠳ ᠵᠤᠯᠵᠠᠭ᠎ᠠ ᠬᠠᠷᠴᠠᠭᠠᠶ ᠶᠢᠨ ᠺᠣᠮᠫᠠᠨᠢ ᠶᠢᠨ | ᠬᠠᠮᠲᠤᠷᠠᠯᠴᠠᠭᠠᠪᠠᠨ ᠥᠷᠭᠡᠳᠬᠡᠬᠦ ᠶᠢ ᠦᠷᠭᠦᠯᠵᠢᠯᠡᠨ ᠳᠡᠮᠵᠢᠵᠦ᠂ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠢ | ᠠᠮᠢᠳᠤᠯᠢᠭ ᠪᠣᠯᠭᠠᠵᠤ᠂ ᠪᠣᠷᠳᠤᠭ᠎ᠠ ᠡᠳ᠋ᠰᠢᠭᠦᠯᠬᠦ ᠲᠥᠷᠥᠯ ᠵᠤᠶᠢᠯ ᠢ ᠡᠬᠢᠯᠡᠭᠦᠯᠦᠨ᠎ᠡ᠃ | ᠦᠷ᠎ᠡ ᠶᠢᠨ ᠢᠨᠵᠧᠨᠧᠷᠢᠩ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠤᠨ᠎ᠠ᠃ ᠲᠥᠮᠥᠰᠥ ᠶᠢᠨ ᠦᠷ᠎ᠡ ᠶᠢᠨ | ᠲᠥᠮᠥᠰᠥ ᠪᠠ ᠠᠯᠠᠰᠢᠨ ᠦᠬᠡᠷ ᠤᠨ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ ᠰᠢᠰᠲ᠋ᠧᠮ ᠤᠨ | ᠪᠠᠶᠢᠭᠤᠯᠤᠯᠲᠠ ᠶᠢᠨ ᠲᠣᠭᠤᠷᠢᠨ ᠳᠤ᠂ ᠦᠷ᠎ᠡ ᠶᠢᠨ ᠤᠶᠢᠯᠡᠰ ᠤᠨ ᠬᠥᠭᠵᠢᠯᠲᠡ ᠶᠢᠨ ᠭᠤᠷᠪᠠᠨ ᠵᠢᠯ ᠤᠨ | ᠠᠵᠢᠯᠯᠠᠭ᠎ᠠ ᠶᠢ ᠬᠡᠷᠡᠭᠵᠢᠭᠦᠯᠵᠦ᠂ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ | ᠬᠦᠷᠢᠶᠡᠯᠡᠩ ᠤᠨ ᠬᠤᠶᠠᠳᠤᠭᠠᠷ ᠬᠤᠭᠤᠴᠠᠭ᠎ᠠ᠂ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ | ᠤᠶᠢᠯᠡᠴᠢᠯᠡᠬᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠲᠥᠷᠥᠯ ᠵᠤᠶᠢᠯ ᠢ ᠲᠦᠷᠭᠡᠳᠬᠡᠨ | ᠪᠠᠶᠢᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ ᠤ ᠪᠦᠯᠬᠦᠮ ᠲᠠᠢ ᠢᠳᠡᠪᠬᠢᠲᠡᠶ ᠵᠣᠯᠭᠠᠭᠤᠯᠵᠤ᠂ ᠮᠠᠨ ᠤ | ᠬᠤᠰᠢᠭᠤᠨ ᠤ ᠠᠭᠤᠷ ᠠᠮᠢᠰᠬᠤᠯ ᠤᠨ ᠨᠥᠬᠦᠴᠡᠯ᠂ ᠭᠠᠵᠠᠷ ᠵᠦᠶ ᠶᠢᠨ ᠣᠷᠴᠢᠨ ᠲᠣᠭᠤᠷᠢᠨ ᠳᠤ ᠨᠡᠶᠢᠴᠡᠬᠦ | ᠲᠥᠮᠥᠰᠥ ᠶᠢᠨ ᠦᠷ᠎ᠡ ᠶᠢᠨ ᠲᠥᠮᠥᠰᠥ ᠪᠠ ᠡᠭᠦᠯᠳᠡᠷ ᠤᠨ ᠦᠬᠡᠷ ᠤᠨ ᠡᠭᠦᠯᠳᠡᠷ ᠢ ᠶᠡᠬᠡᠪᠡᠷ ᠣᠷᠣᠭᠤᠯᠤᠨ | ᠠᠪᠴᠢᠷᠠᠬᠤ ᠪᠠ ᠪᠤᠶᠢᠵᠢᠭᠤᠯᠤᠨ᠎ᠠ᠃ | ᠲᠠᠷᠢᠶᠠᠯᠠᠩ ᠮᠠᠯ ᠠᠵᠤ ᠠᠬᠤᠶ ᠶᠢᠨ ᠨᠠᠷᠠᠲᠤ ᠲᠥᠷᠥᠯ ᠲᠡᠮᠳᠡᠭᠲᠦ ᠶᠢ ᠬᠦᠴᠦᠷᠬᠡᠭᠵᠢᠭᠦᠯᠦᠨ ᠰᠢᠯᠢᠳᠡᠭᠵᠢᠭᠦᠯᠦᠨ᠎ᠡ | ᠃ ᠡᠯᠧᠺᠲᠷᠣᠨ ᠬᠤᠳᠠᠯᠳᠤᠭ᠎ᠠ ᠶᠢ ᠮᠠᠯᠵᠢᠬᠤ ᠲᠠᠷᠢᠶᠠᠯᠠᠬᠤ ᠣᠷᠣᠨ ᠳᠤ ᠣᠷᠣᠭᠤᠯᠬᠤ ᠬᠠᠮᠤᠷᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠵᠦ᠂ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ | ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠰᠢᠶᠠᠨ ᠤ ᠲᠥᠷᠥᠯ ᠵᠤᠶᠢᠯ ᠢ ᠰᠢᠯᠭᠠᠨ ᠠᠪᠬᠤ ᠶᠢ | ᠪᠡᠶᠡᠯᠡᠭᠦᠯᠦᠨ᠎ᠡ᠃ ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠶᠢᠨ ᠨᠠᠷᠠᠲᠤ ᠲᠥᠷᠥᠯ ᠲᠡᠮᠳᠡᠭᠲᠦ ᠶᠢ | ᠦᠷᠭᠦᠯᠵᠢᠯᠡᠨ ᠡᠭᠦᠳᠴᠦ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠦᠷᠭᠡᠨ ᠰᠣᠩᠭᠤᠯᠲᠠ︾ ᠶᠢᠨ | ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠵᠥᠪᠰᠢᠶᠡᠷᠡᠨ ᠣᠷᠣᠭᠤᠯᠬᠤ ᠪᠠ | ᠬᠠᠮᠢᠶᠠᠷᠤᠯᠲᠠ ᠶᠢᠨ ᠪᠠᠷᠢᠮᠵᠢᠶ᠎ᠠ ᠶᠢ ᠲᠣᠭᠲᠠᠭᠠᠨ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠪᠣᠬᠢᠷᠲᠤᠯ ᠥᠬᠡᠶ ᠪᠠᠷᠢᠮᠵᠢᠶ᠎ᠠ ᠶᠢᠨ ᠭᠡᠷᠡᠴᠢᠯᠡᠭᠡ ᠶᠢ ᠥᠷᠭᠡᠨ ᠢᠶᠠᠷ ᠬᠡᠷᠡᠭᠵᠢᠭᠦᠯᠵᠦ᠂ ᠮᠠᠨ ᠤ ᠬᠤᠰᠢᠭᠤᠨ ᠤ | ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠨᠠᠷᠠᠲᠤ ᠲᠥᠷᠥᠯ ᠲᠡᠮᠳᠡᠭᠲᠦ ᠶᠢᠨ | ᠤᠶᠢᠯᠡᠳᠤᠯ ᠢ ᠥᠷᠭᠡᠳᠬᠡᠨ᠎ᠡ᠃ | — ᠣᠷᠴᠢᠨ ᠲᠣᠭᠤᠷᠢᠨ ᠤ ᠳᠡᠭᠡᠭᠰᠢᠯᠡᠯᠲᠡ ᠶᠢ ᠠᠳᠬᠤᠵᠤ᠂ ᠬᠥᠳᠡᠭᠡ ᠲᠣᠰᠬᠤᠨ ᠤ ᠰᠠᠭᠤᠷᠢ | ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠲᠥᠪ ᠲᠣᠰᠬᠤᠨ ᠤ ᠪᠠᠷᠠᠭᠠᠨ ᠤ ᠬᠦᠢᠯᠬᠡᠬᠡᠨ᠂ | ᠴᠢᠮᠡᠭᠡ ᠬᠤᠯᠪᠣᠭ᠎ᠠ᠂ ᠵᠠᠮ ᠤᠨ ᠲᠣᠤᠷ ᠵᠡᠷᠭᠡ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ | ᠪᠠᠶᠠᠨᠴᠠᠭᠠᠨ ᠪᠠᠯᠭᠠᠰᠤ ᠶᠢᠨ ᠰᠢᠨ ᠵᠢᠩ ᠽᠢ — ᠰᠥᠩ ᠴᠠᠩ ᠾᠧ ᠵᠡᠷᠭᠡ ᠲᠣᠰᠬᠤᠨ ᠳᠤ ᠨᠡᠪᠲᠡᠷᠡᠬᠦ ᠵᠠᠰᠠᠮᠠᠯ | ᠵᠠᠮ ᠢ 40 ᠺᠢᠯᠣᠮᠧᠲᠷ ᠬᠡᠷᠡᠭᠵᠢᠭᠦᠯᠬᠦ ᠪᠠᠷ ᠴᠢᠷᠮᠠᠶᠢᠵᠤ᠂ 30 ᠲᠦᠭᠡᠭᠡᠯ ᠤᠰᠤ ᠶᠢ ᠰᠡᠯᠪᠢᠨ ᠵᠠᠰᠠᠵᠤ ᠥᠭᠡᠷᠡᠴᠢᠯᠡᠬᠦ | ᠪᠠ 60 ᠠᠶᠢᠯ ᠲᠣᠰᠬᠤᠨ ᠳᠤ ᠲᠥᠪᠯᠡᠷᠡᠭᠦᠯᠦᠨ ᠤᠰᠤ ᠬᠠᠩᠭᠠᠬᠤ ᠢᠨᠵᠧᠨᠧᠷᠢᠩ ᠢ ᠪᠡᠶᠡᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ | ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ ᠥᠭᠡᠷᠡᠴᠢᠯᠡᠬᠦ᠂ ᠬᠤᠭ ᠨᠣᠪᠰᠢ ᠪᠣᠬᠢᠷ ᠤᠰᠤ ᠶᠢ ᠵᠠᠰᠠᠬᠤ ᠠᠵᠢᠯ ᠢ ᠦᠷᠭᠦᠯᠵᠢᠯᠡᠨ | ᠥᠷᠨᠢᠭᠦᠯᠵᠦ᠂ ᠳ᠋ᠠ ᠯᠢᠤ ᠬᠤᠤ᠂ ᠰᠢᠷᠣᠶ ᠶᠢᠨ ᠮᠠᠯᠵᠢᠯ ᠲᠠᠢ ᠵᠡᠷᠭᠡ ᠭᠤᠤᠯᠳᠠᠯᠭ᠎ᠠ ᠲᠠᠢ ᠬᠤᠲᠠ ᠪᠠᠯᠭᠠᠰᠤ ᠶᠢᠨ | ᠪᠣᠬᠢᠷ ᠤᠰᠤ ᠶᠢ ᠰᠢᠢᠳᠪᠤᠷᠢᠯᠡᠬᠦ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ᠂ ᠪᠠᠶᠠᠨᠴᠠᠭᠠᠨ | ᠪᠠᠯᠭᠠᠰᠤ ᠠᠴᠠ ᠭᠠᠳᠠᠨᠠᠬᠢ ᠪᠤᠰᠤᠳ 7 ᠰᠤᠮᠤ ᠰᠢᠶᠠᠩ ᠪᠠᠯᠭᠠᠰᠤ ᠶᠢᠨ ᠠᠮᠢᠳᠤᠷᠠᠯ ᠤᠨ ᠬᠤᠭ ᠨᠣᠪᠰᠢ ᠶᠢ ᠬᠤᠷᠢᠶᠠᠨ | ᠲᠡᠭᠡᠭᠡᠪᠦᠷᠢᠯᠡᠵᠦ ᠰᠢᠢᠳᠪᠤᠷᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠵᠦ᠂ ᠪᠠᠶᠢᠩᠭᠤ ᠶᠢᠨ ᠴᠢᠨᠠᠷᠲᠠᠶ ᠠᠷᠢᠭᠤᠨ | ᠴᠡᠪᠡᠷ ᠤᠨ ᠲᠦᠷᠢᠮ ᠢ ᠢᠵᠢ ᠪᠥᠷᠢᠳᠦᠭᠦᠯᠦᠨ᠎ᠡ᠃ ᠲᠠᠷᠢᠶᠠᠯᠠᠩ ᠤᠨ ᠨᠥᠬᠦᠪᠥᠷᠢ ᠶᠢᠨ ᠲᠦᠷᠦ ᠶᠢᠨ ᠪᠤᠳᠤᠯᠭ᠎ᠠ | ᠬᠢᠭᠡᠳ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠵᠠᠰᠠᠬᠤ ᠬᠠᠮᠲᠤᠷᠠᠨ ᠬᠥᠳᠡᠯᠦᠯᠴᠡᠬᠦ ᠲᠣᠭᠲᠠᠴᠠ ᠶᠢ | ᠪᠠᠶᠢᠭᠤᠯᠵᠤ᠂ ᠬᠠᠶᠠᠭᠳᠠᠮᠠᠯ ᠬᠠᠭᠤᠴᠢᠨ ᠰᠦᠯᠢᠶᠣᠣ ᠪᠦᠷᠬᠦᠪᠴᠢ ᠶᠢ ᠬᠤᠷᠢᠶᠠᠨ ᠠᠪᠴᠤ ᠠᠰᠢᠭᠯᠠᠬᠤ | ᠲᠤᠷᠰᠢᠯᠲᠠ ᠶᠢᠨ ᠵᠦᠢᠯᠡᠰ ᠢ ᠬᠡᠷᠡᠭᠵᠢᠭᠦᠯᠦᠨ᠎ᠡ᠃ | ︵ᠬᠤᠶᠠᠷ︶ ᠰᠢᠨ᠎ᠡ ᠶᠢ ᠡᠭᠦᠳᠬᠦ ᠪᠠᠷ ᠬᠥᠭᠵᠢᠯᠲᠡ ᠶᠢᠨ ᠬᠥᠳᠡᠯᠭᠡᠭᠦᠷ ᠪᠣᠯᠭᠠᠬᠤ ᠶᠢ ᠪᠠᠷᠢᠮᠲᠠᠯᠠᠵᠤ᠂ ᠠᠵᠤ | ᠤᠶᠢᠯᠡᠳᠪᠤᠷᠢ ᠶᠢᠨ ᠠᠵᠤ ᠣᠶᠢᠯᠡᠰ ᠤᠨ ᠲᠠᠰ ᠳᠠᠪᠬᠤᠷᠭ᠎ᠠ ᠶᠢ ᠪᠥᠬᠦ | — ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠠᠪᠴᠠᠩ ᠢ ᠪᠠᠶᠢᠭᠤᠯᠤᠨ᠎ᠠ᠃ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠮᠢ ᠠᠬᠤᠶ ᠶᠢᠨ ᠴᠢᠳᠠᠮᠵᠢᠲᠦ ᠣᠷᠣᠨ ᠤ ᠭᠤᠤᠯ | ᠴᠣᠭᠴᠠ ᠶᠢᠨ ᠪᠠᠶᠢᠷᠢ ᠲᠣᠭᠲᠠᠭᠠᠯᠲᠠ ᠪᠠ ᠡᠨᠧᠷᠭᠢ ᠶᠢᠨ ᠬᠤᠷᠣᠭᠳᠠᠯ ᠤᠨ ︽ᠬᠤᠶᠠᠷ ᠢ ᠡᠵᠡᠮᠳᠡᠬᠦ︾ ᠡᠭᠦᠷᠭᠡ ᠶᠢᠨ | ᠱᠠᠭᠠᠷᠳᠠᠯᠭ᠎ᠠ ᠪᠣᠯ ᠢᠷᠡᠭᠡᠳᠦᠶ ᠶᠢᠨ ᠮᠠᠨ ᠤ ᠬᠤᠰᠢᠭᠤᠨ ᠤ ᠠᠵᠤ ᠣᠶᠢᠯᠡᠳᠪᠤᠷᠢ ᠶᠢᠨ ᠬᠥᠭᠵᠢᠯᠲᠡ ᠶᠢᠨ ᠡᠷᠬᠡᠪᠰᠢ | ᠪᠠᠲᠤ ᠡᠵᠡᠮᠳᠡᠬᠦ ᠵᠠᠷᠴᠢᠮ ᠪᠣᠯᠤᠨ᠎ᠠ᠃ ᠪᠢᠳᠡ ᠠᠵᠤ ᠦᠢᠯᠡᠳᠪᠦᠷᠢ ᠶᠢᠨ ᠠᠵᠤ ᠦᠢᠯᠡᠰ ᠤᠨ ᠪᠦᠲᠦᠴᠡ ᠳᠤ ᠡᠬᠢ | ᠪᠠᠶᠠᠯᠢᠭ ᠡᠨᠧᠷᠭᠢ ᠶᠢᠨ ᠬᠤᠷᠣᠭᠳᠠᠭᠤᠯᠤᠯ ᠢ ᠴᠢᠬᠤᠯᠠᠴᠢᠯᠠᠬᠤ᠂ ᠲᠡᠰ ᠳᠠᠪᠬᠤᠷᠭ᠎ᠠ ᠶᠡᠷᠦᠩᠬᠡᠶ ᠳᠡᠭᠡᠨ ᠳᠣᠣᠷ᠎ᠠ ᠰᠢᠭ᠋ | ᠪᠠᠶᠢᠭ᠎ᠠ ᠪᠣᠳᠠᠲᠤ ᠪᠠᠶᠢᠳᠠᠯ ᠳᠤ ᠰᠢᠭᠤᠳ ᠬᠠᠨᠳᠤᠵᠤ᠂ ᠰᠢᠨ᠎ᠡ ᠶᠢ ᠡᠭᠦᠳᠬᠦ ᠰᠠᠭᠤᠷᠢ᠂ ᠰᠢᠨ᠎ᠡ ᠶᠢ ᠡᠭᠦᠳᠬᠦ ᠪᠡᠶᠡᠴᠢ | ᠴᠣᠭᠴᠠ᠂ ᠰᠢᠨ᠎ᠡ ᠶᠢ ᠡᠭᠦᠳᠬᠦ ᠣᠷᠴᠢᠨ ᠨᠥᠬᠦᠴᠡᠯ ᠤᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠰᠢᠨᠵᠢᠯᠡᠬᠦ | ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠴᠢᠬᠤᠯᠠ ᠶᠡᠭᠡ ᠰᠢᠪᠲᠤᠯᠤᠯᠲᠠ ᠶᠢ ᠪᠡᠶᠡᠯᠡᠭᠦᠯᠬᠦ ᠶᠢ ᠬᠦᠴᠦᠯᠡᠨ | ᠠᠬᠢᠭᠤᠯᠬᠤ ᠬᠡᠷᠡᠭᠲᠡᠶ᠃ | ᠭᠤᠣᠯᠳᠠᠯᠭ᠎ᠠ ᠲᠠᠢ ᠬᠦᠷᠢᠶᠡᠨ ᠳᠠᠬᠢ ᠮᠡᠷᠭᠡᠵᠢᠯ ᠤᠨ ᠰᠢᠨ᠎ᠡ ᠶᠢ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ | ᠮᠣᠩᠭᠤᠯ ᠢ ᠬᠥᠭᠵᠢᠭᠦᠯᠬᠦ︾ ᠠᠵᠢᠯᠯᠠᠭ᠎ᠠ ᠶᠢ ᠨᠠᠷᠢᠯᠢᠭ ᠤᠨᠤᠪᠴᠢᠲᠠᠢ ᠪᠠᠷ ᠵᠣᠯᠭᠠᠭᠤᠯᠵᠤ᠂ ᠭᠤᠤᠯᠯᠠᠬᠤ ᠠᠵᠤ | ᠤᠶᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢᠨ ᠲᠣᠪᠤᠶᠢᠮ᠎ᠠ ᠳᠤᠲᠠᠭᠤᠳᠠᠯ ᠢ ᠬᠠᠷᠠᠭᠠᠯᠠᠨ᠂ | ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ ᠤᠶᠢᠯᠡᠳᠪᠤᠷᠢ᠂ ᠪᠠᠯ ᠴᠢᠯᠠᠭᠤ ᠶᠢᠨ ᠰᠢᠨ᠎ᠡ ᠮᠠᠲ᠋ᠧᠷᠢᠶᠠᠯ ᠤᠨ ᠬᠥᠲᠥᠴᠢ | ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠠᠵᠤ ᠤᠶᠢᠯᠡᠰ ᠤᠨ ᠰᠢᠨ᠎ᠡ ᠶᠢ ᠡᠭᠦᠳᠦᠨ ᠰᠤᠳᠤᠯᠤᠨ | ᠨᠡᠭᠡᠭᠡᠬᠦ ᠬᠤᠯᠪᠣᠭ᠎ᠠ ᠪᠠᠶᠢᠭᠤᠯᠵᠤ᠂ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠣᠷᠣᠭᠤᠯᠤᠯᠲᠠ ᠪᠠᠨ | ᠨᠡᠮᠡᠭᠳᠡᠭᠦᠯᠬᠦ ᠶᠢ ᠳᠡᠮᠵᠢᠵᠦ᠂ ᠡᠨᠧᠷᠭᠢ ᠶᠢᠨ ᠬᠤᠷᠣᠭᠳᠠᠯ ᠢ ᠪᠠᠭᠠᠰᠬᠠᠬᠤ᠂ ᠬᠡᠯᠬᠢᠶᠡᠰᠦ ᠶᠢ ᠤᠷᠲᠤᠳᠬᠠᠬᠤ᠂ ᠳᠡᠭᠡᠳᠦ | ᠦᠵᠦᠭᠦᠷ ᠢ ᠠᠬᠢᠭᠤᠯᠬᠤ ᠵᠡᠷᠭᠡ ᠮᠡᠷᠭᠡᠵᠢᠯ ᠤᠨ ᠪᠣᠭᠤᠮᠲᠠ ᠰᠢᠪᠲᠤᠯᠬᠤ ᠶᠢ ᠲᠦᠷᠭᠡᠳᠬᠡᠵᠦ᠂ ᠠᠵᠤ ᠤᠶᠢᠯᠡᠰ ᠤᠨ | ᠰᠢᠨ᠎ᠡ ᠶᠢ ᠡᠭᠦᠳᠦᠨ ᠬᠥᠭᠵᠢᠬᠦ ᠰᠢᠨ᠎ᠡ ᠲᠤᠯᠬᠤ ᠴᠡᠭ ᠢ ᠪᠣᠶ ᠪᠣᠯᠭᠠᠨ᠎ᠠ᠃ | ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ | ᠨᠡᠮᠡᠭᠳᠡᠭᠦᠯᠬᠦ ᠶᠢ ᠠᠬᠢᠭᠤᠯᠤᠨ᠎ᠠ᠃ ︽ᠶᠡᠷᠦᠩᠬᠡᠶ ᠬᠡᠮᠵᠢᠶ᠎ᠡ ᠶᠢ ᠡᠵᠡᠮᠳᠡᠬᠦ᠂ ᠰᠢᠯᠢᠳᠡᠭ ᠮᠠᠭᠤ ᠶᠢ ᠲᠡᠳᠬᠦᠵᠦ | ᠰᠢᠭᠰᠢᠭᠳᠡᠭᠦᠯᠬᠦ︾ ᠡᠷᠴᠢᠮᠵᠢᠭᠦᠯᠦᠭᠰᠡᠨ ᠥᠨᠳᠥᠷ ᠦᠷ᠎ᠡ ᠪᠦᠲᠦᠮᠵᠢᠲᠡᠶ ᠬᠦᠷᠢᠶᠡᠯᠡᠩ ᠲᠣᠭᠤᠷᠢᠭ ᠤᠨ | ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠵᠤ᠂ ᠲᠠᠩᠰᠠ ᠡᠪᠬᠡᠮᠡᠯ ᠢ ᠳᠡᠭᠡᠭᠰᠢᠯᠡᠭᠦᠯᠦᠨ ᠲᠠᠰ ᠳᠡᠪᠰᠢᠭᠦᠯᠵᠦ | ᠬᠦᠷᠢᠶᠡᠯᠡᠩ ᠲᠣᠭᠤᠷᠢᠭ ᠤᠨ ᠬᠥᠭᠵᠢᠯᠲᠡ ᠶᠢ ᠳᠡᠭᠡᠭᠰᠢᠯᠡᠭᠦᠯᠦᠨ᠎ᠡ᠃ ᠬᠦᠷᠢᠶᠡᠯᠡᠩ ᠲᠣᠭᠤᠷᠢᠭ ᠤᠨ ᠰᠠᠭᠤᠷᠢ | ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ | ᠤᠶᠢᠯᠡᠳᠪᠤᠷᠢ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰᠢᠢᠳᠪᠤᠷᠢᠯᠡᠬᠦ᠂ ᠠᠵᠤ ᠤᠶᠢᠯᠡᠳᠪᠤᠷᠢ ᠶᠢᠨ | ᠤᠰᠤ ᠬᠠᠩᠭᠠᠬᠤ ᠪᠠ ᠭᠤᠤ ᠮᠤᠤ ᠶᠢᠨ 220 ᠺᠢᠯᠤᠸᠤᠯᠲ ᠤᠨ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ | ᠢᠨᠵᠧᠨᠧᠷᠢᠩ ᠢ ᠠᠰᠢᠭᠯᠠᠯᠲᠠ ᠳᠤ ᠣᠷᠣᠭᠤᠯᠵᠤ᠂ ᠱᠠᠩᠲᠤ ᠠᠴᠠ ᠮᠤᠩ ᠸᠧᠶ ᠬᠥᠷᠬᠦ ᠳᠤᠮᠳᠠ ᠵᠡᠷᠭᠡ ᠶᠢᠨ ᠤᠰᠤ ᠶᠢ | ᠪᠤᠴᠠᠭᠠᠨ ᠬᠡᠷᠡᠭᠯᠡᠬᠦ ᠢᠨᠵᠧᠨᠧᠷᠢᠩ᠂ ᠲᠦᠮᠠᠯᠲᠠᠶᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ ᠶᠢ ᠰ᠊ | ᠰᠢᠢᠳᠪᠤᠷᠢᠯᠡᠬᠦ ᠤᠶᠢᠯᠡᠳᠪᠤᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠬᠦ ᠥᠭᠡᠷᠡᠴᠢᠯᠡᠯᠲᠡ ᠪᠠ 110 ᠺᠢᠯᠤᠸᠤᠯᠲ ᠤᠨ | ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠢᠨᠵᠧᠨᠧᠷᠢᠩ ᠢ ᠲᠦᠷᠭᠡᠳᠬᠡᠨ ᠪᠠᠶᠢᠭᠤᠯᠤᠨ᠎ᠠ᠃ ︽ᠬᠦᠷᠢᠶᠡᠯᠡᠩ | ᠲᠣᠭᠤᠷᠢᠭ + ᠠᠵᠤ ᠠᠬᠤᠶᠢᠯᠠᠯ︾ ᠤᠨ ᠬᠥᠭᠵᠢᠯᠲᠡ ᠶᠢᠨ ᠵᠠᠭᠪᠤᠷ ᠢ ᠰᠦᠪᠡᠭᠴᠢᠯᠡᠨ ᠬᠡᠷᠡᠭᠵᠢᠭᠦᠯᠵᠦ᠂ | ᠲᠣᠭᠠᠴᠢᠯᠠᠭᠰᠠᠨ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠠᠵᠤ | ᠤᠶᠢᠡᠯᠳᠪᠤᠷᠢ ᠶᠢᠨ ᠢᠨᠲ᠋ᠤᠷ ᠰᠦᠯᠵᠢᠶᠡᠨ ᠤ ᠲᠥᠷᠥᠯ ᠵᠤᠶᠢᠯ ᠢ ᠬᠡᠷᠡᠭᠵᠢᠭᠦᠯᠬᠦ ᠶᠢ ᠳᠡᠮᠵᠢᠵᠦ᠂ ᠬᠦᠷᠢᠶᠡᠯᠡᠩ | ᠲᠣᠭᠤᠷᠢᠭ ᠤᠨ ᠤᠶᠢᠯᠡᠴᠢᠯᠡᠬᠡᠨ ᠤ ᠡᠭᠦᠷᠭᠡ ᠴᠢᠳᠠᠪᠤᠷᠢ ᠪᠠ ᠵᠠᠰᠠᠬᠤ ᠴᠢᠳᠠᠪᠤᠷᠢ ᠶᠢᠨ ᠲᠣᠭᠠᠴᠢᠯᠠᠯᠲᠠ ᠶᠢ | ᠴᠢᠩᠭᠠᠷᠠᠭᠤᠯᠤᠨ᠂ ᠬᠦᠷᠢᠶᠡᠯᠡᠩ ᠲᠣᠭᠤᠷᠢᠭ ᠤᠨ ᠴᠢᠮᠡᠭᠡ ᠬᠤᠯᠪᠣᠭ᠎ᠠ᠂ ᠭᠠᠶᠢᠯᠢ ᠶᠢᠨ ᠶᠠᠪᠤᠳᠠᠯ᠂ ᠪᠠᠩᠬᠢ᠂ | ᠭᠠᠷᠳᠠᠮ ᠢ ᠬᠢᠨᠠᠨ ᠵᠥᠪᠰᠢᠶᠡᠷᠡᠬᠦ ᠵᠡᠷᠭᠡ ᠠᠵᠢᠯ ᠶᠠᠪᠤᠳᠠᠯ ᠬᠦᠢᠴᠡᠳᠬᠡᠬᠦ ᠳᠤᠤᠷ᠎ᠡ ᠴᠡᠭ ᠢ ᠲᠥᠯᠥᠪᠵᠢᠭᠦᠯᠦᠨ | ᠪᠥᠲᠥᠭᠡᠨ ᠪᠠᠶᠢᠭᠤᠯᠤᠨ᠎ᠠ᠃ ᠠᠵᠤ ᠦᠢᠯᠡᠳᠪᠦᠷᠢ ᠶᠢᠨ ᠭᠠᠵᠠᠷ ᠰᠢᠷᠣᠶ ᠶᠢᠨ ᠬᠦᠷᠦᠩᠭᠡ ᠶᠢᠨ ᠨᠡᠭᠡᠭᠡᠨ ᠠᠰᠢᠭᠯᠠᠯᠲᠠ ᠶᠢ | ᠲᠤᠷᠰᠢᠨ ᠬᠡᠷᠡᠭᠵᠢᠭᠦᠯᠵᠦ᠂ ᠠᠵᠤ ᠦᠢᠯᠡᠳᠪᠦᠷᠢ ᠶᠢᠨ ᠭᠠᠵᠠᠷ ᠰᠢᠷᠣᠶ ᠶᠢᠨ ᠬᠡᠷᠡᠭᠯᠡᠯᠲᠡ ᠶᠢᠨ ᠵᠠᠭᠪᠤᠷᠤᠨ ᠰᠢᠨ᠎ᠡ ᠶᠢ | ᠡᠬᠦᠳᠦᠨ᠎ᠡ᠃ | ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠪᠣᠳᠠᠲᠠᠶ ᠶᠢ ᠡᠷᠬᠢᠮᠯᠡᠨ ᠤᠶᠢᠷ᠎ᠡ ᠣᠷᠣᠨ ᠤ ᠳᠣᠲᠣᠷ᠎ᠠ | ᠭᠠᠳᠠᠨᠠᠬᠢ ᠨᠠᠷᠠᠲᠤ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠤᠳᠤᠯᠭᠠᠨ ᠤ ᠬᠦᠷᠢᠶᠡᠯᠡᠩ | ᠭᠠᠵᠠᠷ ᠯᠤᠭ᠎ᠠ ᠶᠢᠨ ᠠᠵᠤ ᠤᠶᠢᠯᠡᠰ ᠤᠨ ᠮᠡᠷᠭᠡᠵᠢᠯ ᠤᠨ ᠰᠤᠳᠤᠯᠤᠨ ᠨᠡᠭᠡᠭᠡᠯᠲᠡ᠂ ᠴᠢᠳᠠᠪᠤᠷᠢᠲᠠᠨ ᠤ ᠰᠣᠯᠢᠯᠴᠠᠭ᠎ᠠ | ᠵᠡᠷᠭᠡ ᠲᠠᠯ᠎ᠠ ᠪᠠᠷ ᠬᠢ ᠭᠦᠨᠵᠡᠭᠡᠶ ᠬᠠᠮᠲᠤᠷᠠᠯᠴᠠᠭ᠎ᠠ ᠶᠢ ᠴᠢᠩᠭᠠᠳᠬᠠᠵᠤ᠂ ᠭᠤᠤᠯᠯᠠᠬᠤ ᠠᠵᠤ ᠤᠶᠢᠯᠡᠰ ᠤᠨ | ᠵᠠᠩᠭᠢᠯᠠᠭ᠎ᠠ ᠶᠢᠨ ᠮᠡᠷᠭᠡᠵᠢᠯ ᠤᠨ ᠨᠠᠶᠢᠳᠠᠯᠭ᠎ᠠ ᠶᠢᠨ ᠮᠠᠶ᠋ᠢᠭ ᠤᠨ ᠰᠤᠳᠤᠯᠤᠨ ᠨᠡᠭᠡᠭᠡᠯᠲᠡ ᠶᠢᠨ ᠬᠠᠮᠲᠤᠷᠠᠯᠴᠠᠭ᠎ᠠ ᠶᠢ | ᠰᠦᠪᠡᠭᠴᠢᠯᠡᠨ ᠪᠠᠶᠢᠭᠤᠯᠵᠤ᠂ ︽ᠬᠤᠰᠢᠭᠤᠨ ᠭᠠᠳᠠᠨ᠎ᠠ ᠰᠤᠳᠤᠯᠤᠨ ᠨᠡᠭᠡᠭᠡᠵᠦ᠂ ᠬᠤᠰᠢᠭᠤᠨ ᠳᠣᠲᠣᠷ᠎ᠠ | ᠤᠯᠠᠷᠢᠭᠤᠯᠬᠤ︾ ᠴᠢᠳᠠᠪᠤᠷᠢᠲᠠᠨ ᠲᠠᠲᠠᠬᠤ ᠵᠠᠭᠪᠤᠷ ᠢ ᠪᠠᠶᠢᠭᠤᠯᠤᠨ᠎ᠠ᠃ | — — ᠠᠵᠤ ᠦᠢᠯᠡᠳᠪᠦᠷᠢ ᠶᠢᠨ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ | ᠲᠦᠯᠬᠢᠨ ᠠᠬᠢᠭᠤᠯᠤᠨ᠎ᠠ᠃ ᠭᠤᠣᠯᠳᠠᠯᠭ᠎ᠠ ᠲᠠᠢ ᠵᠦᠢᠯᠡᠰ ᠢ ᠲᠦᠷᠭᠡᠪᠴᠢᠯᠡᠨ ᠪᠦᠳᠦᠭᠡᠨ ᠪᠠᠶᠢᠭᠤᠯᠵᠤ᠂ ᠡᠬᠢ | ᠪᠠᠶᠠᠯᠢᠭ ᠤᠨ ᠬᠡᠯᠪᠡᠷᠢ ᠶᠢᠨ ᠠᠵᠤ ᠦᠢᠯᠡᠰ ᠤᠨ ᠪᠦᠲᠦᠴᠡ ᠶᠢᠨ ᠲᠤᠬᠢᠷᠠᠭᠤᠯᠤᠯᠳᠠ ᠶᠢ ᠲᠦᠷᠭᠡᠳᠬᠡᠬᠦ ᠶᠢ | ᠲᠠᠶᠢᠴᠢᠯᠠᠨ᠎ᠠ᠃ | ᠤᠯᠠᠮᠵᠢᠯᠠᠯᠲᠤ ᠠᠵᠤ ᠦᠢᠯᠡᠰ ᠤᠨ ᠶᠡᠷᠦᠩᠬᠡᠶ ᠲᠤᠭ᠎ᠠ ᠶᠢ ᠬᠢᠵᠠᠭᠠᠷᠯᠠᠵᠤ ᠰᠢᠯᠢᠳᠡᠭ ᠢ ᠲᠣᠬᠢᠷᠠᠭᠤᠯᠤᠨ᠎ᠠ᠃ ᠡᠬᠢ | ᠪᠠᠶᠠᠯᠢᠭ ᠤᠨ ᠬᠡᠯᠪᠡᠷᠢ ᠶᠢᠨ ᠤᠯᠠᠮᠵᠢᠯᠠᠯᠲᠤ ᠠᠵᠤ ᠤᠶᠢᠯᠡᠰ ᠢ ᠪᠣᠬᠢᠷᠲᠤᠯ ᠥᠬᠡᠶ ᠪᠣᠯᠭᠠᠬᠤ᠂ ᠤᠶᠤᠨᠴᠢᠯᠠᠨ ᠲᠠᠰ | ᠳᠡᠪᠰᠢᠭᠦᠯᠬᠦ ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠵᠤ᠂ ᠴᠣᠬᠤᠶ ᠶᠢᠨ ᠴᠢᠯᠠᠭᠤ ᠶᠢᠨ ᠡᠬᠢ ᠪᠠᠶᠠᠯᠢᠭ ᠢ | ᠳᠡᠭᠡᠳᠦ ᠦᠵᠦᠭᠦᠷᠵᠢᠭᠦᠯᠦᠨ ᠠᠰᠢᠭᠯᠠᠬᠤ ᠶᠢ ᠠᠬᠢᠭᠤᠯᠤᠨ᠂ ᠠᠵᠤ ᠤᠶᠢᠯᠡᠰ ᠤᠨ ᠬᠡᠯᠪᠡᠷᠢ ᠶᠢ ᠬᠤᠪᠢᠷᠠᠭᠤᠯᠤᠨ ᠲᠠᠰ | ᠳᠡᠪᠰᠢᠭᠦᠯᠬᠦ ᠳᠤᠮᠳᠠ ᠬᠥᠭᠵᠢᠯᠲᠡ ᠶᠢᠨ ᠣᠷᠣᠨ ᠵᠠᠶ ᠶᠢ ᠰᠤᠯᠠᠯᠠᠨ ᠭᠠᠷᠭᠠᠵᠤ᠂ ᠬᠥᠭᠵᠢᠯᠲᠡ ᠶᠢᠨ ᠣᠷᠣᠨ ᠵᠠᠶ ᠶᠢ | ᠡᠷᠢᠵᠦ ᠣᠯᠤᠨ᠎ᠠ᠃ PVA ᠶᠢᠨ ᠨᠠᠷᠢᠯᠢᠭ ᠭᠦᠨᠵᠡᠭᠡᠶ ᠡᠳ᠋ᠰᠢᠭᠦᠯᠬᠦ ᠠᠯᠬᠤᠴᠠ ᠶᠢ ᠲᠦᠷᠭᠡᠳᠬᠡᠵᠦ ᠂ ᠺᠤᠮᠠ ᠶᠢᠨ | ᠬᠤᠶᠠᠳᠤᠭᠠᠷ ᠬᠤᠭᠤᠴᠠᠭ᠎ᠠ ᠪᠠ ᠥᠪᠥᠷ ᠮᠣᠩᠭᠤᠯ ᠤᠨ ᠭᠤᠷᠪᠠᠳᠤᠭᠠᠷ ᠬᠤᠭᠤᠴᠠᠭᠠᠨ ᠤ ᠵᠦᠷᠢᠶᠡᠴᠢᠯᠡᠭᠰᠡᠨ | ᠴᠢᠳᠠᠮᠵᠢᠳᠤ PVA ᠵᠢᠴᠢ ᠢᠵᠢ ᠪᠥᠷᠢᠳᠦᠭᠦᠯᠬᠦ ᠲᠥᠷᠥᠯ ᠵᠤᠶᠢᠯ ᠢ ᠬᠡᠷᠡᠭᠵᠢᠭᠦᠯᠦᠨ᠎ᠡ᠃ ᠱᠤᠶᠢᠨᠢ ᠪᠠᠷᠢᠯᠭ᠎ᠠ ᠶᠢᠨ | ᠮᠠᠲ᠋ᠧᠷᠢᠶᠠᠯ ᠤᠨ ᠠᠵᠤ ᠤᠶᠢᠯᠡᠰ ᠤᠨ ᠪᠣᠬᠢᠷᠲᠤᠯ ᠥᠬᠡᠶ ᠬᠥᠭᠵᠢᠯᠲᠡ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ | ᠮᠧᠩ ᠸᠧᠶ ᠱᠤᠶᠢᠨᠢ ᠶᠢᠨ ᠠᠭᠤᠷᠬᠠᠢ ᠶᠢᠨ ᠠᠶᠤᠯᠲᠠᠶ ᠬᠠᠶᠠᠭᠳᠠᠮᠠᠯ ᠪᠣᠳᠠᠰ ᠢ ᠬᠠᠮᠵᠢᠯᠴᠠᠨ ᠰᠢᠢᠳᠪᠤᠷᠢᠯᠡᠬᠦ᠂ ᠵᠥᠩ | ᠯᠢᠶᠠᠨᠱᠤᠶᠢᠨᠢ ᠶᠢᠨ ᠢᠳᠡᠪᠬᠢ ᠬᠥᠩᠭᠡᠨ ᠺᠠᠯᠼ ᠵᠡᠷᠭᠡ ᠲᠥᠷᠥᠯ ᠵᠤᠶᠢᠯ ᠢ ᠬᠡᠷᠡᠭᠵᠢᠭᠦᠯᠵᠦ᠂ ᠵᠥᠩ ᠯᠢᠶᠠᠨ | ᠱᠤᠶᠢᠨᠢ ᠶᠢᠨ ᠪᠣᠬᠢᠷᠲᠤᠯ ᠥᠬᠡᠶ ᠤᠶᠢᠯᠡᠳᠪᠤᠷᠢ ᠶᠢᠨ ᠭᠡᠷᠡᠴᠢᠯᠡᠭᠡ ᠶᠢ ᠪᠡᠶᠡᠯᠡᠭᠦᠯᠬᠦ ᠶᠢ ᠠᠬᠢᠭᠤᠯᠤᠨ᠎ᠠ᠃ ᠲᠥᠷᠥ ᠶᠢᠨ | ᠪᠣᠳᠣᠯᠭ᠎ᠠ ᠶᠢᠨ ᠱᠠᠭᠠᠷᠳᠠᠯᠭ᠎ᠠ ᠳᠤ ᠨᠡᠶᠢᠴᠡᠬᠦ ᠡᠮ ᠡᠮᠨᠡᠯᠭᠡ ᠲᠠᠷᠢᠶᠠᠨ ᠡᠮ ᠤᠨ ᠵᠠᠪᠰᠠᠷ ᠤᠨ ᠴᠣᠭᠴᠠ᠂ ᠢᠳᠡᠭᠡᠨ ᠤ | ᠲᠠᠰ ᠤᠨ ᠨᠡᠶᠢᠯᠡᠮᠡᠯ ᠮᠠᠲ᠋ᠧᠷᠢᠶᠠᠯ ᠵᠡᠷᠭᠡ ᠶᠢᠨ ᠲᠣᠭᠤᠷᠢᠨ ᠳᠤ ᠨᠠᠷᠢᠯᠢᠭ ᠬᠢᠮᠢ ᠶᠢᠨ ᠠᠵᠤ ᠤᠶᠢᠯᠡᠳᠪᠤᠷᠢ ᠶᠢᠨ ᠠᠵᠤ | ᠤᠶᠢᠯᠡᠰ ᠢ ᠵᠦᠶ ᠵᠣᠬᠢᠰᠲᠠᠶ ᠪᠠᠶᠢᠷᠢᠰᠢᠭᠤᠯᠵᠤ᠂ ᠢᠵᠢᠯ ᠢᠳᠡᠭᠡᠨ ᠤ ᠨᠡᠮᠡᠯᠲᠡ ᠡᠳ᠋᠂ ᠨᠠᠢᠮᠠᠨ ᠲᠠᠯ᠎ᠠ ᠶᠢᠨ ᠬᠦᠳᠡᠷ | ᠰᠢᠯᠢᠬᠦ ᠡᠳ᠋ ᠵᠡᠷᠭᠡ ᠲᠥᠷᠥᠯ ᠵᠤᠶᠢᠯ ᠢ ᠬᠡᠷᠡᠭᠵᠢᠭᠦᠯᠦᠨ᠎ᠡ᠃ | ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠲᠦᠷᠢᠮ ᠲᠣᠭᠲᠠᠭᠠᠯ ᠢ ᠥᠷᠭᠡᠳᠬᠡᠨ ᠬᠡᠯᠬᠢᠶ᠎ᠡ ᠶᠢ ᠤᠷᠲᠤᠳᠬᠠᠨ᠎ᠠ | ᠃ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠴᠢᠨᠠᠷ ᠰᠠᠶᠢᠲᠠᠢ ᠬᠥᠭᠵᠢᠯᠲᠡ ᠶᠢᠨ ᠠᠷᠭ᠎ᠠ ᠵᠠᠮ ᠢ ᠰᠢᠨᠵᠢᠯᠡᠬᠦ | ᠤᠬᠠᠭᠠᠨᠴᠢ ᠪᠠᠷ ᠲᠥᠯᠥᠪᠵᠢᠭᠦᠯᠵᠦ᠂ ᠡᠨᠧᠷᠭᠢ ᠶᠢᠨ ᠬᠤᠷᠣᠭᠳᠠᠭᠤᠯᠤᠯ ᠪᠠᠭ᠎ᠠ ᠨᠡᠮᠡᠯᠲᠡ ᠦᠷᠳᠡᠭ ᠶᠡᠭᠡ | ᠦᠢᠯᠡᠳᠬᠦᠨ ᠢ ᠬᠥᠭᠵᠢᠭᠦᠯᠵᠦ᠂ ᠲᠥᠪᠯᠡᠷᠡᠭᠰᠡᠨ ᠬᠥᠭᠵᠢᠯᠲᠡ ᠶᠢᠨ ᠳᠠᠪᠠᠭᠤᠯᠢᠭ ᠢ ᠦᠷᠭᠦᠯᠵᠢᠯᠡᠨ ᠥᠷᠭᠡᠳᠬᠡᠨ᠎ᠡ᠃ | ᠣᠳᠣᠨ ᠪᠥᠮᠪᠥᠷᠴᠡᠭ ᠤᠨ ᠰᠢᠨ᠎ᠡ ᠮᠠᠲ᠋ᠧᠷᠢᠶᠠᠯ ᠪᠠᠯ ᠴᠢᠯᠠᠭᠤᠨ ᠤ ᠪᠦᠲᠦᠭᠡᠭᠳᠡᠬᠦᠨ ᠢ ᠴᠢᠷᠮᠠᠶᠢᠨ ᠬᠡᠷᠡᠭᠵᠢᠭᠦᠯᠵᠦ᠂ | ᠰᠢᠨ᠎ᠡ ᠮᠠᠲ᠋ᠧᠷᠢᠶᠠᠯ ᠪᠠᠯ ᠴᠢᠯᠠᠭᠤᠨ ᠤ ᠴᠠᠬᠢᠯᠭᠠᠨ ᠲᠦᠢᠯᠤᠨ ᠲᠥᠷᠥᠯ ᠵᠤᠶᠢᠯ ᠢ ᠪᠠᠶᠢᠭᠤᠯᠤᠨ᠎ᠠ᠃ ᠯᠢᠲ᠋ᠢ ᠳ᠋ᠢᠶᠠᠨ | ᡂᠢ ᠶᠢᠨ ᠪᠦᠬᠦ ᠠᠵᠤ ᠦᠢᠯᠡᠰ ᠤᠨ ᠬᠡᠯᠬᠢᠶ᠎ᠡ ᠶᠢᠨ ᠬᠥᠭᠵᠢᠯᠲᠡ ᠶᠢ ᠲᠦᠯᠬᠢᠨ ᠠᠬᠢᠭᠤᠯᠵᠤ᠂ ᠪᠢᠯᠢᠭ ᠲᠦᠢᠯ ᠤᠨ | ᠮᠠᠲ᠋ᠧᠷᠢᠶᠠᠯ ᠤᠨ ᠪᠦᠬᠦ ᠠᠵᠢᠯ ᠤᠨ ᠳᠠᠷᠠᠭᠠᠯᠠᠯ ᠤᠨ ᠦᠢᠯᠡᠳᠪᠦᠷᠢᠯᠡᠯ ᠤᠨ ᠤᠷᠠᠯᠠᠯ ᠢ ᠳᠡᠯᠭᠡᠷᠡᠭᠦᠯᠦᠨ᠂ ᠱᠠᠩᠬᠠᠶ ᠶᠢᠨ | ᠱᠠᠨ ᠱᠠᠨ᠂ ᠱᠧᠨᠵᠧᠨ ᠤ ᠪᠤᠲᠷᠦ᠋ᠢ ᠪᠢᠯᠢᠭ ᠲᠦᠢᠯ ᠤᠨ ᠮᠠᠲ᠋ᠧᠷᠢᠶᠠᠯ ᠤᠨ ᠵᠦᠢᠯᠡᠰ ᠢ ᠬᠡᠷᠡᠭᠵᠢᠭᠦᠯᠵᠦ᠂ ᠠᠷᠭ᠎ᠠ | ᠲᠦᠢᠯ᠂ ᠴᠠᠬᠢᠯᠭᠠᠨ ᠵᠠᠳᠠᠯᠤᠯ ᠤᠨ ᠰᠢᠩᠭᠡᠨ ᠵᠡᠷᠭᠡ ᠵᠦᠢᠯᠡᠰ ᠢ ᠢᠵᠢ ᠪᠦᠷᠢᠳᠦᠭᠦᠯᠦᠨ ᠬᠥᠭᠵᠢᠭᠦᠯᠦᠨ᠎ᠡ᠃ ᠰᠢᠨ᠎ᠡ | ᠡᠨᠧᠷᠭᠢ ᠶᠢᠨ ᠰᠤᠷᠪᠤᠯᠵᠢ ᠶᠢᠨ ᠠᠵᠤ ᠦᠢᠯᠡᠰ ᠢ ᠡᠮᠬᠢ ᠵᠢᠷᠤᠮ ᠲᠠᠢ ᠪᠠᠷ ᠬᠥᠭᠵᠢᠭᠦᠯᠵᠦ᠂ ᠳ᠋ᠦ᠋ ᠱᠧᠩ᠂ ᠬᠦᠤ ᠳ᠋ᠢᠩ | ᠂ ᠸᠥ᠋ ᠳ᠋ᠢᠩ ᠤᠨ ᠲᠠᠷᠠᠬᠠᠶ ᠪᠤᠲᠠᠷᠬᠠᠶ ᠬᠡᠯᠪᠡᠷᠢ ᠶᠢᠨ ᠰᠠᠯᠬᠢᠨ ᠬᠦᠴᠦᠨ ᠤ ᠴᠠᠬᠢᠯᠭᠠᠨ ᠤ ᠵᠦᠢᠯᠡᠰ ᠢ ᠪᠠᠶᠢᠭᠤᠯᠤᠨ | ᠪᠦᠲᠦᠭᠡᠵᠦ᠂ ᠤᠯᠤᠰ ᠠᠴᠠ ᠭᠠᠷᠭᠠᠭᠰᠠᠨ ᠬᠠᠶᠠᠭᠳᠠᠮᠠᠯ ᠬᠠᠭᠤᠴᠢᠨ ᠳ᠋ᠢᠶᠠᠨ ᡂᠢ ᠶᠢᠨ ᠳᠠᠬᠢᠯᠲᠠ ᠡᠬᠢ ᠪᠠᠶᠠᠯᠢᠭ ᠢ | ᠠᠰᠢᠭᠯᠠᠬᠤ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠨᠢᠭᠡᠳᠦᠭᠡᠷ | ᠬᠤᠭᠤᠴᠠᠭᠠᠨ ᠤ ᠵᠦᠢᠯᠡᠰ ᠢ ᠬᠡᠷᠡᠭᠵᠢᠭᠦᠯᠵᠦ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ ᠤᠨ ᠭᠡᠷ ᠤᠨ | ᠭᠠᠳᠠᠷᠭᠤ ᠶᠢᠨ ᠭᠡᠷᠡᠯ ᠢᠶᠠᠷ ᠴᠠᠬᠢᠯᠭᠠᠨ ᠭᠠᠷᠭᠠᠬᠤ ᠵᠦᠢᠯᠡᠰᠢ ᠪᠦᠳᠦᠭᠡᠨ ᠪᠠᠶᠢᠭᠤᠯᠬᠤ ᠶᠢ ᠲᠡᠮᠵᠢᠵᠤ᠂ ᠲᠠᠷᠬᠠᠮᠠᠯ | ᠬᠡᠯᠪᠡᠷᠢ ᠶᠢᠨ ᠰᠢᠨ᠎ᠡ ᠡᠨᠧᠷᠭᠢ ᠶᠢᠨ ᠰᠤᠷᠪᠤᠯᠵᠢ ᠶᠢ ᠳᠡᠯᠭᠡᠷᠡᠭᠦᠯᠦᠨ᠎ᠡ᠃ ︽ᠰᠢᠨ᠎ᠡ ᠦᠨᠳᠦᠰᠦᠨ ᠪᠥᠲᠥᠭᠡᠨ | ᠪᠠᠶᠢᠭᠤᠯᠤᠯᠲᠠ︾ ᠶᠢᠨ ᠬᠥᠭᠵᠢᠯᠲᠡ ᠶᠢᠨ ᠠᠵᠠ ᠲᠣᠬᠢᠶᠠᠯ ᠢ ᠵᠠᠪᠳᠤᠨ ᠠᠳᠬᠤᠵᠤ᠂ 5G ᠶᠢᠨ ᠰᠠᠭᠤᠷᠢ | ᠥᠷᠲᠡᠭᠡ ᠶᠢ ᠲᠦᠷᠭᠡᠳᠬᠡᠨ ᠪᠠᠶᠢᠭᠤᠯᠤᠨ᠎ᠠ᠃ | ︵ᠭᠤᠷᠪᠠ︶ ᠨᠡᠭᠡᠭᠡᠯᠲᠡᠲᠡᠢ ᠠᠭᠤᠰᠤᠯᠴᠠᠨ ᠬᠥᠭᠵᠢᠬᠦ ᠶᠢ ᠪᠠᠷᠢᠮᠲᠠᠯᠠᠵᠤ᠂ ᠬᠡᠯᠪᠡᠷᠢ ᠪᠠᠨ ᠬᠤᠪᠢᠷᠠᠭᠤᠯᠤᠨ ᠬᠥᠭᠵᠢᠬᠦ | ᠰᠢᠨ᠎ᠡ ᠬᠥᠳᠡᠯᠭᠡᠬᠦ ᠬᠦᠴᠦᠨ ᠢ ᠪᠦᠬᠦ ᠬᠦᠴᠦᠨ ᠢᠶᠠᠷ ᠢᠶᠠᠨ ᠨᠢᠭᠲᠠᠷᠠᠭᠤᠯᠪᠠ | — ᠨᠡᠭᠡᠭᠡᠯᠲᠡᠲᠦ ᠬᠥᠭᠵᠢᠯᠲᠡ ᠶᠢᠨ ᠴᠤᠩᠬᠤᠪᠴᠢ ᠠᠵᠤ ᠦᠢᠯᠡᠰ ᠢ ᠡᠭᠦᠳᠦᠨ᠎ᠡ᠃ ᠬᠡᠷᠡᠭᠯᠡᠭᠡᠨ ᠤ ᠰᠢᠨ᠎ᠡ | ᠡᠵᠡᠩᠨᠡᠯᠲᠡ ᠶᠢᠨ ᠬᠡᠯᠪᠡᠷᠢ ᠪᠠᠶᠢᠳᠠᠯ ᠢ ᠢᠳᠡᠪᠬᠢᠲᠡᠶ ᠪᠤᠶᠢᠵᠢᠭᠤᠯᠵᠤ᠂ ᠴᠢᠨᠠᠷ ᠰᠠᠶᠢᠲᠠᠶ ᠦᠢᠯᠡᠴᠢᠯᠡᠭᠡᠨ ᠤ | ᠬᠠᠩᠭᠠᠯᠭ᠎ᠠ ᠶᠢ ᠨᠡᠮᠡᠭᠳᠡᠭᠦᠯᠦᠨ᠂ ᠣᠷᠣᠨ ᠪᠦᠰᠡ ᠶᠢᠨ ᠨᠡᠭᠡᠭᠡᠯᠳᠡ ᠶᠢᠨ ᠰᠢᠨ᠎ᠡ ᠠᠮᠢᠵᠢᠷᠠᠯ ᠤᠨ ᠬᠦᠴᠦᠨ ᠢ | ᠳᠡᠭᠡᠭᠰᠢᠯᠡᠭᠦᠯᠦᠨ᠎ᠡ᠃ | ᠵᠢᠭᠤᠯᠴᠢᠯᠠᠯ ᠤᠨ ᠠᠵᠤ ᠦᠢᠯᠡᠰ ᠢ ᠲᠦᠷᠭᠡᠪᠴᠢᠯᠡᠨ ᠬᠥᠭᠵᠢᠭᠦᠯᠦᠨ᠎ᠡ᠃ ᠤᠯᠠᠭᠠᠨᠴᠠᠪ ᠤᠨ ᠤᠯᠤᠰ ᠤᠨ ᠭᠠᠵᠠᠷ | ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠠᠵᠠ ᠲᠣᠬᠢᠶᠠᠯ ᠢ ᠠᠰᠢᠭᠯᠠᠨ᠂ ᠭᠠᠯᠲᠤ | ᠠᠭᠤᠯᠠ ᠶᠢᠨ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠢᠶᠠᠷ ᠭᠤᠤᠯ ᠪᠣᠯᠭᠠᠭᠰᠠᠨ᠂ ᠰᠤᠳᠤᠯᠤᠨ | ᠰᠤᠷᠤᠯᠴᠠᠬᠤ᠂ ᠠᠷᠠᠳ ᠤᠨ ᠣᠷᠣᠨ ᠰᠠᠭᠤᠴᠠ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠢ ᠵᠣᠬᠢᠴᠠᠯᠳᠤᠭᠤᠯᠤᠨ | ᠬᠥᠭᠵᠢᠭᠦᠯᠦᠭᠰᠡᠨ ︽1+N︾ ᠵᠢᠭᠤᠯᠴᠢᠯᠠᠯ ᠤᠨ ᠤᠶᠢᠯᠡᠴᠢᠯᠡᠬᠡᠨᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠤᠨ᠎ᠠ᠃ | ᠬᠠᠮᠠᠭᠠᠯᠠᠯᠲᠠ ᠶᠢᠨ ᠴᠢᠨᠠᠷᠲᠠᠶ᠂ ᠥᠨᠳᠥᠷ ᠪᠠᠷᠢᠮᠵᠢᠶ᠎ᠠ ᠪᠠᠷ ᠨᠡᠭᠡᠭᠡᠨ ᠬᠥᠭᠵᠢᠭᠦᠯᠬᠦ ᠰᠡᠳᠬᠢᠮᠵᠢ ᠶᠢ ᠪᠠᠷᠢᠮᠲᠠᠯᠠᠨ᠂ | ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠤ ᠬᠥᠭᠵᠢᠯᠲᠡ ᠶᠢᠨ ᠲᠥᠯᠥᠪᠵᠢᠭᠦᠯᠭᠡ ᠶᠢ | ᠨᠠᠶᠢᠷᠠᠭᠤᠯᠤᠨ ᠵᠣᠬᠢᠶᠠᠵᠤ ᠳᠠᠭᠤᠰᠬᠠᠨ᠂ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠪᠠᠯᠠ ᠣᠷᠣᠭᠤᠯᠤᠯᠲᠠ ᠶᠢᠨ | ᠠᠵᠤ ᠠᠬᠤᠶᠢᠯᠠᠯ ᠢ ᠡᠮᠬᠢᠯᠡᠨ ᠨᠡᠶᠢᠯᠡᠭᠦᠯᠬᠦ ᠪᠠ ᠣᠷᠣᠭᠤᠯᠤᠨ 5A ᠲᠠᠰ ᠤᠨ ᠦᠵᠡᠮᠵᠢ ᠶᠢᠨ ᠣᠷᠣᠨ ᠤ ᠢᠵᠢ | ᠪᠥᠷᠢᠳᠦᠭᠦᠯᠬᠦ ᠪᠠᠷᠢᠮᠵᠢᠶ᠎ᠠ ᠶᠢ ᠬᠠᠷᠭᠤᠭᠤᠯᠵᠤ᠂ ᠦᠵᠡᠮᠵᠢ ᠶᠢᠨ ᠣᠷᠣᠨ ᠤ ᠰᠠᠭᠤᠷᠢ ᠪᠡᠯᠡᠳᠬᠡᠮᠵᠢ ᠶᠢ ᠦᠷᠭᠦᠯᠵᠢᠯᠡᠨ | ᠲᠡᠭᠦᠯᠳᠡᠷᠵᠢᠭᠦᠯᠵᠦ᠂ ᠵᠢᠭᠤᠯᠴᠢᠯᠠᠭᠴᠢᠳ ᠤᠨ ᠲᠥᠪ᠂ ᠲᠡᠷᠭᠡᠨ ᠵᠣᠭᠰᠣᠭᠠᠯ ᠢ ᠪᠥᠲᠥᠭᠡᠨ ᠪᠠᠶᠢᠭᠤᠯᠵᠤ᠂ ᠭᠠᠯᠲᠤ | ᠠᠭᠤᠯᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠮᠬᠢ ᠳᠢᠭᠯᠢᠮ ᠢ ᠪᠥᠬᠦ ᠲᠠᠯ᠎ᠠ ᠪᠠᠷ ᠵᠢᠷᠤᠮᠵᠢᠭᠤᠯᠤᠨ᠎ᠠ᠃ | ᠭᠠᠯᠲᠤ ᠠᠭᠤᠯᠠ ᠶᠢᠨ ᠲᠠᠯ᠎ᠠ ᠨᠤᠲᠤᠭ ᠤᠨ ᠪᠠᠶᠢᠭᠠᠯᠢ ᠶᠢᠨ ᠡᠬᠢ ᠪᠠᠶᠠᠯᠢᠭ ᠤᠨ ᠦᠵᠡᠮᠦᠷᠢ᠂ ᠴᠠᠬᠠᠷ ᠤᠨ ᠰᠣᠶᠣᠯ ᠤᠨ | ᠣᠶᠢᠯᠠᠭᠠᠯᠲᠠ ᠪᠠ ᠬᠤᠩᠭᠢᠯᠳᠤ ᠶᠢᠨ ᠳᠠᠶᠢᠯᠠᠯᠳᠤᠭᠠᠨ ᠤ ᠤᠯᠤᠰ ᠢᠶᠠᠨ ᠬᠠᠶᠢᠷᠠᠯᠠᠬᠤ ᠦᠵᠡᠯ ᠤᠨ ᠬᠥᠮᠦᠵᠢᠯ ᠢᠶᠠᠷ | ᠭᠤᠤᠯ ᠰᠡᠳᠦᠪ ᠪᠣᠯᠭᠠᠭᠰᠠᠨ ᠰᠣᠳᠣᠨ ᠰᠤᠳᠤᠯᠤᠨ ᠰᠤᠷᠤᠯᠴᠠᠬᠤ ᠵᠢᠭᠤᠯᠴᠢᠯᠠᠯ ᠤᠨ ᠵᠠᠮ ᠱᠤᠭᠤᠮ ᠢ ᠲᠦᠷᠭᠡᠳᠬᠡᠨ | ᠲᠣᠭᠲᠠᠭᠠᠵᠤ᠂ ᠰᠤᠳᠤᠯᠤᠨ ᠰᠤᠷᠤᠯᠴᠠᠬᠤ ᠵᠢᠭᠤᠯᠴᠢᠯᠠᠯ ᠢ ᠶᠡᠬᠡᠪᠡᠷ ᠬᠥᠭᠵᠢᠭᠦᠯᠦᠨ᠎ᠡ᠃ ᠳᠥᠷᠪᠡᠨ ᠲᠣᠮᠣ ᠰᠣᠳᠣᠨ | ᠠᠷᠠᠳ ᠤᠨ ᠣᠷᠣᠨ ᠰᠠᠭᠤᠴᠠ ᠶᠢᠨ ᠬᠠᠪᠲᠠᠭᠠᠶ ᠬᠡᠰᠡᠭ ᠤᠨ ᠬᠥᠭᠵᠢᠯᠲᠡ ᠶᠢ ᠬᠥᠲᠥᠯᠦᠨ ᠵᠢᠯᠣᠭᠤᠳᠴᠤ᠂ | ᠰᠣᠶᠣᠯ ᠤᠨ ᠵᠢᠭᠤᠯᠴᠢᠯᠠᠯ ᠡᠷᠡᠭᠦᠯᠵᠢᠯ ᠰᠤᠪᠢᠯᠠᠯᠲᠠ ᠶᠢᠨ ᠠᠵᠤ ᠤᠶᠢᠯᠡᠰ ᠢ ᠳᠠᠶᠢᠴᠢᠯᠠᠨ ᠬᠥᠭᠵᠢᠭᠦᠯᠵᠦ᠂ ᠪᠥᠬᠦ | ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠵᠢᠭᠤᠯᠴᠢᠯᠠᠯ ᠤᠨ ᠵᠠᠭᠪᠤᠷ ᠢ ᠬᠠᠮᠵᠢᠯᠴᠠᠨ ᠬᠥᠭᠵᠢᠭᠦᠯᠦᠨ᠎ᠡ᠃ ᠡᠷᠬᠢᠨ | ᠲᠣᠭᠤᠷᠢᠨ ᠤ ᠭᠠᠵᠠᠷ ᠣᠷᠣᠨ ᠲᠠᠢ ᠢᠳᠡᠪᠬᠢᠲᠡᠶ ᠪᠠᠷ ᠵᠣᠯᠭᠠᠭᠤᠯᠵᠤ᠂ ᠰᠣᠳᠣᠨ ᠵᠢᠭᠤᠯᠴᠢᠯᠠᠯ ᠤᠨ ᠵᠠᠮ ᠱᠤᠭᠤᠮ ᠢ | ᠬᠠᠮᠵᠢᠯᠴᠠᠨ ᠲᠥᠯᠥᠪᠵᠢᠭᠦᠯᠵᠦ᠂ ᠵᠢᠭᠤᠯᠴᠢᠯᠠᠯ ᠤᠨ ᠠᠵᠤ ᠤᠶᠢᠯᠡᠰ ᠤᠨ ᠠᠭᠤᠰᠤᠯᠴᠠᠨ ᠬᠥᠭᠵᠢᠬᠦ ᠪᠠᠶᠢᠳᠠᠯ ᠢ ᠪᠣᠶ | ᠪᠣᠯᠭᠠᠨ᠎ᠠ᠃ ᠡᠪᠦᠯ ᠤᠨ ᠣᠯᠧᠮᠫᠢᠺ ᠴᠤᠭᠯᠠᠭᠠᠨ ᠡᠷᠬᠢᠯᠡᠬᠦ ᠠᠵᠠ ᠲᠣᠬᠢᠶᠠᠯ ᠢ ᠠᠮᠵᠢᠵᠤ᠂ ᠤᠯᠠᠨ ᠠᠷᠭ᠎ᠠ ᠵᠠᠮ ᠢᠶᠠᠷ | ᠭᠠᠳᠠᠭᠠᠳᠤ ᠤᠬᠠᠭᠤᠯᠭ᠎ᠠ ᠶᠢ ᠥᠷᠨᠢᠭᠦᠯᠵᠦ᠂ ᠭᠠᠯᠲᠤ ᠠᠭᠤᠯᠠ ᠶᠢᠨ ᠬᠡᠭᠡᠷ᠎ᠡ ᠶᠢᠨ ᠠᠶᠠᠯᠠᠯ᠂ ᠬᠡᠭᠡᠷ᠎ᠡ ᠪᠠᠭᠤᠳᠠᠯᠯᠠᠬᠤ | ᠵᠡᠷᠭᠡ ᠵᠤᠭᠠᠴᠠᠯ ᠤᠨ ᠠᠵᠢᠯᠯᠠᠭ᠎ᠠ ᠶᠢ ᠰᠢᠨ᠎ᠡ ᠶᠢ ᠡᠭᠦᠳᠦᠨ ᠰᠠᠶᠢᠲᠤᠷ ᠡᠷᠬᠢᠯᠡᠵᠦ᠂ ᠵᠤᠭᠠᠴᠠᠯ ᠤᠨ ᠵᠠᠬ᠎ᠠ ᠳᠡᠯᠭᠡᠭᠦᠷ ᠢ | ᠭᠦᠨᠵᠡᠭᠡᠢ ᠨᠡᠭᠡᠭᠡᠵᠦ᠂ ᠪᠠᠶᠢᠳᠠᠯ ᠢ ᠠᠰᠢᠭᠯᠠᠨ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠤᠭᠠᠴᠠᠯ ᠤᠨ ᠲᠦᠷᠦᠯ | ᠲᠡᠮᠳᠡᠭ ᠤᠨ ᠨᠥᠯᠥᠭᠡᠯᠡᠬᠦ ᠬᠦᠴᠦᠨ ᠢ ᠳᠡᠭᠡᠭᠰᠢᠯᠡᠭᠦᠯᠦᠨ᠎ᠡ᠃ | ᠰᠢᠨ᠎ᠡ ᠪᠠᠷ ᠬᠥᠭᠵᠢᠭᠰᠡᠨ ᠦᠢᠯᠡᠴᠢᠯᠡᠭᠡᠨ ᠤ ᠦᠢᠯᠡᠰ ᠢ ᠤᠯᠤᠰ ᠤᠨ ᠬᠢᠵᠢᠭ ᠤᠨ ᠪᠠᠶᠢᠳᠠᠯ ᠤᠨ ᠨᠥᠯᠥᠭᠡ ᠶᠢ | ᠪᠠᠭᠠᠰᠬᠠᠬᠤ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢ ᠠᠬᠢᠭᠤᠯᠬᠤ ᠠᠷᠭ᠎ᠠ ᠬᠡᠮᠵᠢᠶ᠎ᠡ ᠨᠦᠭᠦᠳ ᠢ | ᠬᠢᠨᠠᠮᠠᠭᠠᠶ ᠨᠠᠶᠢᠳᠠᠪᠤᠷᠢᠵᠢᠭᠤᠯᠵᠤ᠂ ᠪᠣᠳᠠᠲᠤ ᠴᠣᠭᠴᠠ ᠶᠢᠨ ᠦᠢᠯᠡᠴᠢᠯᠡᠭᠡᠨ ᠤ ᠦᠢᠯᠡᠰ ᠤᠨ ᠰᠢᠨ᠎ᠡ ᠶᠢ ᠡᠭᠦᠳᠬᠦ ︽ | ᠢᠨᠲ᠋ᠧᠷ ᠰᠦᠯᠵᠢᠶ᠎ᠡ + ᠬᠡᠷᠡᠭᠯᠡᠭᠡ︾ ᠶᠢᠨ ᠰᠢᠨ᠎ᠡ ᠣᠷᠣᠨ ᠵᠠᠶ ᠶᠢ ᠥᠷᠭᠡᠳᠬᠡᠵᠦ᠂ ᠰᠦᠯᠵᠢᠶᠡᠨ ᠤ ᠤᠯᠠᠶᠢᠭᠰᠠᠨ | ᠠᠵᠤ ᠠᠬᠤᠶ᠂ ᠭᠠᠵᠠᠷ ᠤᠨ ᠳᠡᠯᠭᠡᠴᠡ ᠶᠢᠨ ᠠᠵᠤ ᠠᠬᠤᠶ᠂ ᠰᠥᠨᠢ ᠶᠢᠨ ᠵᠠᠬ᠎ᠠ ᠳᠡᠯᠭᠡᠭᠦᠷ ᠤᠨ ᠠᠵᠤ ᠠᠬᠤᠶ ᠶᠢ | ᠶᠡᠭᠡ ᠪᠠᠷ ᠬᠥᠭᠵᠢᠭᠦᠯᠦᠨ᠎ᠡ᠃ ᠬᠤᠷᠠᠯ ᠤᠨ ᠠᠵᠤ ᠠᠬᠤᠶ᠂ ᠪᠣᠯᠪᠠᠰᠤᠷᠠᠭᠤᠯᠤᠯ ᠤᠨ ᠠᠵᠤ ᠤᠶᠢᠯᠡᠰ ᠢ ᠲᠦᠷᠭᠡᠳᠬᠡᠨ | ᠬᠥᠭᠵᠢᠭᠦᠯᠵᠦ᠂ ᠬᠤᠰᠢᠭᠤᠨ ᠤ ᠶᠡᠷᠦᠩᠬᠡᠶᠢᠯᠡᠭᠰᠡᠨ ᠪᠣᠯᠪᠠᠰᠤᠷᠠᠭᠤᠯᠤᠯ ᠤᠨ ᠲᠥᠪ ᠢ ᠪᠠᠶᠢᠭᠤᠯᠤᠨ ᠡᠵᠡᠩᠨᠡᠯᠲᠡ ᠳᠤ | ᠣᠷᠣᠭᠤᠯᠬᠤ ᠶᠢ ᠠᠬᠢᠭᠤᠯᠤᠨ᠎ᠠ᠃ | — ᠨᠡᠭᠡᠭᠡᠯᠲᠡᠲᠦ ᠬᠥᠭᠵᠢᠯᠲᠡ ᠶᠢᠨ ᠣᠷᠣᠨ ᠪᠦᠰᠡ ᠶᠢᠨ ᠲᠠᠪᠴᠠᠩ ᠢ ᠪᠠᠶᠢᠭᠤᠯᠤᠨ᠎ᠠ᠃ ᠥᠪᠡᠷᠲᠡᠭᠡᠨ | ᠵᠠᠰᠠᠬᠤ ᠣᠷᠣᠨ ᠤ ᠤᠮᠠᠷᠠᠰᠢ ᠨᠡᠭᠡᠭᠡᠯᠲᠡ ᠬᠢᠬᠦ ︽ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ | ᠪᠠᠶᠢᠷᠢᠰᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠨ᠂ ᠨᠡᠭᠡᠭᠡᠯᠲᠡ ᠬᠢᠬᠦ ᠵᠠᠮ ᠢ ᠰᠠᠭᠠᠳ ᠥᠬᠡᠶ ᠨᠡᠪᠲᠡᠷᠡᠭᠦᠯᠵᠦ᠂ | ᠨᠡᠭᠡᠭᠡᠯᠲᠡ ᠬᠢᠬᠦ ᠬᠦᠷᠢᠶ᠎ᠡ ᠴᠠᠷᠠᠭ᠎ᠠ ᠶᠢ ᠥᠷᠭᠡᠳᠬᠡᠨ᠂ ᠳᠣᠲᠣᠭᠠᠳᠤ ᠭᠠᠳᠠᠭᠠᠳᠤ ᠶᠢ ᠬᠤᠯᠪᠣᠭᠰᠠᠨ᠂ ᠳᠥᠷᠪᠡᠨ | ᠲᠠᠯ᠎ᠠ ᠶᠢ ᠨᠥᠯᠥᠭᠡᠯᠡᠭᠰᠡᠨ᠂ ᠣᠯᠠᠨ ᠬᠡᠯᠪᠡᠷᠢ ᠶᠢᠨ ᠬᠤᠯᠪᠣᠭᠠᠯᠠᠨ ᠲᠡᠭᠡᠭᠡᠪᠦᠷᠢᠯᠡᠬᠦ ᠣᠲᠣ ᠦᠶ᠎ᠡ ᠶᠢᠨ ᠪᠠᠷᠠᠭᠠᠨ ᠤ | ᠬᠦᠢᠯᠬᠡᠬᠡᠨ ᠤ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠤᠨ᠎ᠠ᠃ | ᠪᠠᠷᠠᠭᠠᠨ ᠤ ᠭᠦᠢᠯᠭᠡᠭᠡᠨ ᠤ ᠰᠢᠰᠲ᠋ᠧᠮ ᠤᠨ ︽ᠳᠣᠲᠣᠭᠠᠳᠤ ᠭᠠᠳᠠᠭᠠᠳᠤ ᠶᠢᠨ ᠣᠷᠴᠢᠯ︾ ᠢ ᠠᠵᠤ | ᠠᠬᠤᠶᠢᠯᠠᠯ ᠤᠨ ᠬᠦᠷᠢᠶᠡᠯᠡᠩ ᠲᠣᠭᠤᠷᠢᠭ ᠤᠨ ᠦᠪᠡᠷᠲᠡᠬᠡᠨ ᠪᠡᠯᠡᠳᠬᠡᠭᠰᠡᠨ ᠲᠡᠮᠦᠷ ᠵᠠᠮ ᠤᠨ ᠱᠤᠭᠤᠮ ᠢ ᠪᠥᠲᠥᠭᠡᠨ | ᠪᠠᠶᠢᠭᠤᠯᠬᠤ ᠶᠢ ᠳᠡᠮᠵᠢᠵᠦ᠂ ᠰᠢᠶᠠᠩᠭᠠᠩ ᠤᠨ ᠤᠤᠯ ᠤᠨ ᠬᠢᠮᠢ ᠶᠢᠨ ᠠᠵᠤ ᠤᠶᠢᠯᠡᠳᠪᠤᠷᠢ ᠶᠢᠨ ᠣᠶᠤᠨᠴᠢ ᠪᠠᠷᠠᠭᠠᠨ ᠤ | ᠬᠦᠯᠬᠡᠬᠡᠨ ᠤ ᠲᠥᠷᠥᠯ ᠵᠤᠶᠢᠯ ᠢ ᠬᠡᠷᠡᠭᠵᠢᠭᠦᠯᠦᠨ᠂ ᠬᠦᠷᠢᠶᠡᠯᠡᠩ ᠲᠣᠭᠤᠷᠢᠭ ᠤᠨ ᠪᠠᠷᠠᠭᠠᠨ ᠤ ᠬᠦᠢᠯᠬᠡᠬᠡᠨ ᠤ | ᠤᠶᠤᠨᠴᠢᠯᠠᠬᠤ᠂ ᠡᠷᠴᠢᠮᠵᠢᠭᠦᠯᠬᠦ ᠪᠥᠲᠥᠭᠡᠨ ᠪᠠᠶᠢᠭᠤᠯᠤᠯᠲᠠ ᠶᠢ ᠠᠬᠢᠭᠤᠯᠵᠤ᠂ ᠬᠦᠷᠢᠶᠡᠯᠡᠩ ᠲᠣᠭᠤᠷᠢᠭ ᠤᠨ | ᠪᠠᠷᠠᠭᠠᠨ ᠤ ᠬᠦᠢᠯᠬᠡᠬᠡᠨ ᠤ ︽ᠳᠣᠲᠣᠭᠠᠳᠤ ᠪᠤᠩᠬᠤᠩ ᠤᠨ ᠶᠡᠷᠦᠩᠬᠡᠶᠢᠯᠡᠭᠰᠡᠨ ᠪᠠᠷᠠᠭᠠᠨ ᠤ ᠬᠦᠢᠯᠬᠡᠬᠡᠨ ᠤ | ᠬᠦᠷᠢᠶᠡᠯᠡᠩ ᠲᠣᠭᠤᠷᠢᠭ ᠢ ᠲᠦᠷᠭᠡᠳᠬᠡᠨ ᠪᠠᠶᠢᠭᠤᠯᠵᠤ᠂ ᠬᠦᠷᠢᠶᠡᠯᠡᠩ ᠲᠣᠭᠤᠷᠢᠭ ᠤᠨ ᠬᠥᠭᠵᠢᠯᠲᠡ ᠶᠢᠨ ᠠᠯᠤᠰ | ᠬᠡᠲᠦ ᠶᠢᠨ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ᠂ ᠰᠠᠭᠤᠷᠢ ᠪᠡᠯᠡᠳᠬᠡᠮᠵᠢ ᠶᠢ ᠪᠦᠷᠢᠨᠰᠢᠬᠦᠯᠦᠨ᠂ ᠨᠢᠭᠡ | ᠪᠦᠯᠦᠭ ᠬᠦᠢᠳᠡᠨ ᠬᠡᠯᠬᠢᠶᠡᠲᠦ ᠬᠥᠮᠥᠷᠭᠡᠯᠡᠯᠲᠡ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ | ᠠᠷᠠᠯᠵᠢᠶ᠎ᠠ ᠵᠡᠷᠭᠡ ᠲᠥᠷᠥᠯ ᠵᠤᠶᠢᠯ ᠢ ᠢᠵᠢ ᠪᠥᠷᠢᠳᠦᠭᠦᠯᠦᠨ ᠪᠠᠶᠢᠷᠢᠰᠢᠭᠤᠯᠵᠤ᠂ ︽ᠨᠢᠭᠡ ᠥᠷᠲᠡᠭᠡᠨ ᠤ ᠮᠠᠶ᠋ᠢᠭ︾ | ᠤᠨ ᠤᠶᠢᠯᠡᠴᠢᠯᠡᠬᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠨᠡᠭᠡᠭᠡᠯᠲᠡᠲᠡᠶ ᠪᠠᠷ ᠬᠥᠭᠵᠢᠭᠦᠯᠬᠦ ᠶᠢᠨ ︽ᠭᠠᠳᠠᠭᠠᠳᠤ | ᠣᠷᠴᠢᠯ︾ ᠢ ᠰᠠᠭᠠᠳ ᠥᠬᠡᠶ ᠨᠡᠪᠲᠡᠷᠡᠭᠦᠯᠦᠨ᠎ᠡ᠃ | ᠪᠠᠷᠠᠭᠠᠨ ᠤ ᠭᠦᠢᠯᠭᠡᠭᠡᠨ ᠤ ᠠᠵᠤ ᠠᠬᠤᠶ ᠶᠢᠨ ︽ᠪᠠᠭ᠎ᠠ ᠣᠷᠣᠭᠤᠯᠤᠯᠲᠠ ᠪᠠ ᠥᠨᠳᠥᠷ ᠭᠠᠷᠤᠯᠲᠠ︾ ᠶᠢ | ᠠᠬᠢᠭᠤᠯᠤᠨ᠎ᠠ᠃ ᠬᠢᠯᠢ ᠪᠠᠷ ᠥᠩᠭᠡᠷᠡᠬᠦ ᠡᠳ᠋ ᠪᠠᠷᠠᠭ᠎ᠠ ᠶᠢ ᠲᠥᠪᠯᠡᠷᠡᠭᠦᠯᠦᠨ ᠲᠠᠷᠬᠠᠭᠠᠬᠤ᠂ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠡᠬᠢ ᠪᠠᠶᠠᠯᠢᠭ ᠢ ᠤᠯᠠᠷᠢᠭᠤᠯᠤᠨ ᠡᠳ᠋ᠰᠢᠭᠦᠯᠬᠦ ᠶᠢᠨ ᠲᠣᠭᠤᠷᠢᠨ ᠳᠤ᠂ | ᠣᠷᠳᠣᠰ᠂ ᠲᠢᠶᠠᠨᠵᠢᠨ ᠭᠠᠷᠠᠮ᠂ ᠼᠤᠤ ᠹᠸᠢ ᠳ᠋ᠢᠶᠠᠨ ᠵᠡᠷᠭᠡ ᠭᠠᠵᠠᠷ ᠯᠤᠭ᠎ᠠ ᠶᠢᠨ ᠲᠥᠷᠥᠯ ᠵᠤᠶᠢᠯ ᠤᠨ | ᠵᠣᠯᠭᠠᠭᠤᠯᠤᠯᠲᠠ ᠶᠢ ᠴᠢᠩᠭᠠᠳᠬᠠᠵᠤ᠂ ᠳᠣᠯᠣᠳᠤᠭᠠᠷ ᠰᠤᠮᠤ ᠶᠢᠨ ᠪᠠᠷᠠᠭᠠᠨ ᠤ ᠬᠦᠢᠯᠬᠡᠬᠡᠨ ᠤ ᠬᠦᠷᠢᠶᠡᠯᠡᠩ | ᠲᠣᠭᠤᠷᠢᠭ ᠯᠤᠭ᠎ᠠ ᠢᠵᠢ ᠪᠥᠷᠢᠳᠦᠭᠦᠯᠦᠨ ᠬᠥᠭᠵᠢᠭᠦᠯᠬᠦ ᠲᠣᠭᠲᠠᠴᠠ ᠶᠢ ᠪᠣᠶ ᠪᠣᠯᠭᠠᠵᠤ᠂ ᠪᠤᠩᠾᠦᠩ | ᠶᠡᠷᠦᠩᠬᠡᠶᠢᠯᠡᠭᠰᠡᠨ ᠪᠠᠷᠠᠭᠠᠨ ᠤ ᠬᠦᠢᠯᠬᠡᠬᠡᠨ ᠤ ᠬᠦᠷᠢᠶᠡᠯᠡᠩ ᠲᠣᠭᠤᠷᠢᠭ ᠤᠨ ᠨᠡᠭᠦᠷᠡᠰᠦ ᠤᠬᠢᠶᠠᠵᠤ ᠰᠢᠯᠢᠬᠦ ᠲᠥᠷᠥᠯ | ᠵᠤᠶᠢᠯ ᠢ ᠬᠡᠷᠡᠭᠵᠢᠭᠦᠯᠦᠨ᠎ᠡ᠃ | — ᠨᠡᠭᠡᠭᠡᠯᠲᠡᠲᠦ ᠬᠥᠭᠵᠢᠯᠲᠡ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠨ᠎ᠠ᠃ ︽ | ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠤ ᠰᠤᠷᠲᠠᠯ ᠢ ᠰᠢᠯᠢᠳᠡᠭᠵᠢᠭᠦᠯᠦᠨ ᠴᠡᠭᠴᠡᠯᠡᠨ ᠵᠠᠰᠠᠬᠤ ᠣᠨ︾ ᠤ | ᠠᠵᠢᠯᠯᠠᠭ᠎ᠠ ᠶᠢ ᠭᠦᠨᠵᠡᠭᠡᠶ ᠥᠷᠨᠢᠭᠦᠯᠵᠦ᠂ ᠵᠠᠰᠠᠭ ᠤᠨ ᠣᠷᠳᠣᠨ ᠤ ᠤᠶᠢᠯᠡᠴᠢᠯᠡᠬᠡᠨ ᠤ ᠵᠠᠬ᠎ᠠ ᠳᠡᠯᠭᠡᠭᠦᠷ ᠤᠨ ᠭᠤᠤᠯ | ᠴᠣᠭᠴᠠ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠨᠡᠭᠡᠭᠡᠯᠲᠡ ᠬᠢᠵᠦ ᠬᠥᠭᠵᠢᠭᠦᠯᠬᠦ ᠳᠤ ᠬᠦᠴᠦᠷᠬᠡᠭ ᠶᠡᠭᠡ | ᠬᠥᠳᠡᠯᠭᠡᠬᠦ ᠬᠦᠴᠦᠨ ᠨᠡᠮᠡᠷᠢᠯᠡᠨ᠎ᠡ᠃ | ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠤᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠎ᠡ | ᠃ ᠥᠪᠡᠷᠲᠡᠭᠡᠨ ᠵᠠᠰᠠᠬᠤ ᠣᠷᠣᠨ ᠤ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠤᠰᠬᠠᠶ | ᠵᠤᠶᠢᠯ ᠤᠨ ᠲᠣᠭᠤᠷᠢᠨ ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢᠶᠠᠷ ᠴᠡᠭᠴᠡᠯᠡᠨ ᠰᠠᠶᠢᠵᠢᠷᠠᠭᠤᠯᠬᠤ ᠶᠢ | ᠪᠥᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ︽ᠵᠠᠰᠠᠭ ᠤᠨ ᠣᠷᠳᠣᠨ ᠤ ᠠᠮᠠᠯᠠᠯᠲᠠ + ᠨᠡᠶᠢᠭᠡᠮ ᠤᠨ | ᠬᠢᠨᠠᠯᠲᠠ ᠲᠠᠯᠪᠢᠬᠤ + ᠢᠲᠡᠭᠡᠯ ᠠᠯᠳᠠᠭᠰᠠᠳ ᠤᠨ ᠬᠠᠷᠢᠭᠤᠴᠠᠯᠭ᠎ᠠ ᠨᠡᠬᠡᠮᠵᠢᠯᠡᠬᠦ︾ ᠲᠣᠭᠲᠠᠴᠠ ᠶᠢ ᠪᠠᠶᠢᠭᠤᠯᠤᠨ | ᠪᠦᠷᠢᠨᠰᠢᠬᠦᠯᠵᠦ᠂ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ ᠲᠦᠭᠵᠢᠷᠡᠯ ᠢ ᠬᠦᠴᠦᠯᠡᠨ ᠨᠡᠪᠲᠡᠷᠡᠭᠦᠯᠦᠨ᠎ᠡ᠃ ︽ | ᠨᠢᠭᠡ ᠵᠦᠢᠯ ᠳᠤ ᠨᠢᠭᠡ ᠰᠦᠯᠵᠢᠶ᠎ᠡ ᠨᠢᠭᠡ ᠴᠣᠩᠬᠤ ᠪᠠᠷ ᠨᠢᠭᠡ ᠤᠳᠠᠭ᠎ᠠ ᠪᠣᠯᠭᠠᠬᠤ︾ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃ ᠥᠯᠥ ᠬᠥᠳᠡᠯᠬᠦ ᠬᠥᠷᠥᠩᠭᠡ ᠪᠠᠷ ᠪᠠᠷᠢᠴᠠᠭᠠᠯᠠᠬᠤ | ᠳᠡᠩᠰᠡᠯᠡᠯᠲᠡ ᠶᠢᠨ ᠪᠥᠬᠦ ᠶᠠᠪᠤᠴᠠ ᠶᠢ ᠰᠦᠯᠵᠢᠶᠡᠨ ᠳᠡᠭᠡᠷ᠎ᠡ ᠬᠦᠢᠴᠡᠳᠬᠡᠬᠦ ᠶᠢ ᠲᠦᠷᠭᠡᠳᠬᠡᠵᠦ᠂ ᠢᠨᠵᠧᠨᠧᠷᠢᠩ ᠤᠨ | ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ | ᠂ ︽ᠣᠯᠠᠨ ᠲᠥᠯᠥᠪᠵᠢᠭᠦᠯᠭᠡ ᠶᠢ ᠨᠢᠭᠡᠳᠬᠡᠬᠦ︾᠂ ᠨᠡᠶᠢᠯᠡᠭᠦᠯᠦᠨ ᠨᠡᠶᠢᠯᠡᠭᠦᠯᠵᠦ ᠬᠢᠨᠠᠨ ᠵᠥᠪᠰᠢᠶᠡᠷᠡᠬᠦ᠂ ᠠᠵᠤ | ᠠᠬᠤᠶᠢᠯᠠᠯ ᠨᠡᠭᠡᠭᠡᠨ ᠡᠷᠭᠢᠯᠡᠬᠦ᠂ ᠥᠯᠥ ᠬᠥᠳᠡᠯᠬᠦ ᠬᠥᠷᠥᠩᠭᠡ ᠶᠢᠨ ᠳᠡᠩᠰᠡᠯᠡᠯᠲᠡ᠂ ᠢᠨᠵᠧᠨᠧᠷᠢᠩ ᠤᠨ ᠲᠥᠷᠥᠯ | ᠵᠤᠶᠢᠯ ᠤᠨ ᠪᠥᠲᠥᠭᠡᠨ ᠪᠠᠶᠢᠭᠤᠯᠤᠯᠲᠠ ᠶᠢᠨ ᠬᠢᠨᠠᠨ ᠵᠥᠪᠰᠢᠶᠡᠷᠡᠬᠦ ᠴᠠᠭ ᠢ ᠲᠣᠰ ᠲᠣᠰ 1᠂ 3 ᠪᠠ 60 ᠠᠵᠢᠯᠯᠠᠬᠤ | ᠡᠳᠦᠷ ᠪᠣᠯᠭᠠᠨ ᠪᠣᠭᠤᠨᠢᠰᠬᠠᠬᠤ ᠶᠢ ᠳᠡᠯᠭᠡᠷᠡᠭᠦᠯᠦᠨ᠎ᠡ᠃ ᠡᠯᠧᠺᠲᠷᠣᠨ ᠭᠡᠷᠡᠴᠢ ᠦᠨᠡᠮᠯᠡᠯ ᠤᠨ ᠬᠡᠷᠡᠭᠯᠡᠯᠲᠡ ᠶᠢ | ᠥᠷᠭᠡᠳᠬᠡᠨ᠎ᠡ᠃ ᠬᠢᠨᠠᠯᠲᠠ ᠬᠠᠮᠢᠶᠠᠷᠤᠯᠲᠠ ᠶᠢᠨ ᠠᠷᠭ᠎ᠠ ᠮᠠᠶ᠋ᠢᠭ ᠤᠨ ᠰᠢᠨ᠎ᠡ ᠶᠢ ᠡᠭᠦᠳᠴᠦ᠂ ︽ᠬᠤᠶᠠᠷ ᠢ | ᠲᠣᠬᠢᠶᠠᠯᠳᠤᠯ ᠢᠶᠠᠷ ᠬᠢᠬᠦ᠂ ᠨᠢᠭᠡ ᠶᠢ ᠢᠯᠡ ᠪᠣᠯᠭᠠᠬᠤ︾ ᠰᠠᠯᠠᠭ᠎ᠠ ᠮᠥᠴᠢᠷ ᠠᠯᠤᠰᠯᠠᠨ ᠬᠠᠮᠲᠤᠷᠠᠨ ᠬᠢᠨᠠᠨ | ᠬᠠᠮᠢᠶᠠᠷᠬᠤ ᠶᠢ ᠶᠡᠬᠡᠪᠡᠷ ᠠᠬᠢᠭᠤᠯᠤᠨ᠎ᠠ᠃ | ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠦᠢᠯᠡᠴᠢᠯᠡᠭᠡᠨ ᠤ ᠪᠠᠲᠤᠯᠠᠭ᠎ᠠ ᠶᠢ ᠰᠢᠯᠢᠳᠡᠭᠵᠢᠭᠦᠯᠦᠨ᠎ᠡ᠃ | ᠬᠤᠰᠢᠭᠤᠨ ᠲᠠᠰ ᠤᠨ ᠤᠳᠤᠷᠢᠳᠤᠯᠭ᠎ᠠ ᠭᠤᠤᠯᠳᠠᠯᠭ᠎ᠠ ᠲᠠᠢ ᠲᠥᠷᠥᠯ ᠵᠤᠶᠢᠯ ᠢ ᠳᠠᠭᠠᠭᠠᠴᠢᠯᠠᠨ ᠬᠤᠯᠪᠣᠭᠠᠯᠠᠬᠤ | ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠠᠵᠤ ᠠᠬᠤᠶᠢᠯᠠᠯ᠂ ᠴᠢᠬᠤᠯᠠ ᠶᠡᠭᠡ ᠲᠥᠷᠥᠯ | ᠵᠤᠶᠢᠯ ᠤᠨ ︽ᠬᠠᠪᠰᠤᠷᠤᠨ ᠣᠷᠣᠯᠠᠨ ᠬᠦᠢᠴᠡᠳᠬᠡᠬᠦ︾ ᠤᠶᠢᠯᠡᠴᠢᠯᠡᠭᠡ ᠪᠠ ᠪᠠᠶᠢᠩᠭᠤᠵᠢᠭᠤᠯᠤᠭᠰᠠᠨ ᠨᠡᠪᠲᠡᠷᠡᠯᠴᠡᠨ | ᠵᠥᠪᠳᠡᠯᠴᠡᠬᠦ ᠲᠣᠭᠲᠠᠴᠠ ᠶᠢ ᠳᠡᠯᠭᠡᠷᠡᠭᠦᠯᠦᠨ᠂ ᠲᠥᠷᠥᠯ ᠵᠤᠶᠢᠯ ᠢ ᠬᠢᠨᠠᠨ ᠵᠥᠪᠰᠢᠶᠡᠷᠡᠬᠦ᠂ ᠠᠵᠤ ᠠᠬᠤᠶᠢᠯᠠᠯ ᠤᠨ | ᠪᠠᠯᠠ ᠳᠣᠭᠢᠷᠠᠭᠤᠯᠬᠤ ᠵᠡᠷᠭᠡ ᠡᠯ᠎ᠡ ᠲᠠᠯ᠎ᠠ ᠶᠢᠨ ᠬᠦᠴᠢᠷ ᠠᠰᠠᠭᠤᠳᠠᠯ ᠢ ᠨᠠᠷᠢᠯᠢᠭ ᠤᠨᠤᠪᠴᠢᠲᠠᠢ ᠪᠠᠷ ᠰᠢᠢᠳᠪᠤᠷᠢᠯᠡᠵᠤ᠂ | ︽ᠬᠠᠳᠬᠤᠮᠠᠯ ᠬᠠᠳᠬᠤᠬᠤ ᠡᠷᠳᠡᠮ︾ ᠢᠶᠠᠷ ᠢᠶᠠᠨ ︽ᠵᠢᠵᠢᠭ ᠳᠡᠯᠭᠡᠭᠦᠷ ᠤᠨ ᠬᠤᠶᠠᠳᠤᠭᠠᠷ︾ ᠤᠨ ᠠᠵᠢᠯ ᠢ | ᠰᠠᠶᠢᠲᠤᠷ ᠬᠢᠨ᠎ᠠ᠃ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ | ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠡᠵᠡᠩᠨᠡᠯᠲᠡ ᠶᠢᠨ ᠥᠪᠡᠷ ᠤᠨ ᠦᠷᠳᠡᠭ ᠢ | ᠦᠷᠭᠦᠯᠵᠢᠯᠡᠨ ᠪᠠᠭᠤᠷᠠᠭᠤᠯᠤᠨ᠎ᠠ᠃ ︽ᠪᠥᠬᠦ ᠠᠷᠠᠳ ᠢᠶᠠᠷ ᠢᠶᠠᠨ ᠬᠤᠳᠠᠯᠳᠤᠭᠠᠴᠢᠨ ᠤᠷᠢᠬᠤ︾ ᠶᠢ ᠭᠦᠨᠵᠡᠭᠡᠶ | ᠥᠷᠨᠢᠭᠦᠯᠵᠦ᠂ ᠬᠤᠳᠠᠯᠳᠤᠭᠠᠴᠢᠨ ᠤᠷᠢᠬᠤ ᠦᠷ᠎ᠡ ᠪᠦᠲᠦᠭᠡᠯ᠂ ᠪᠠᠯᠠ ᠣᠷᠣᠭᠤᠯᠬᠤ ᠶᠠᠰᠤ ᠴᠢᠨᠠᠷ ᠢ ᠵᠠᠰᠠᠭ ᠤᠨ | ᠣᠷᠳᠣᠨ ᠤ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠤᠨ᠂ ᠰᠢᠨᠵᠢᠯᠡᠬᠦ ᠤᠬᠠᠭᠠᠨ ᠮᠡᠷᠭᠡᠵᠢᠯ ᠤᠨ | ᠠᠭᠤᠯᠤᠭᠳᠠᠴᠠ ᠪᠠᠷ ᠥᠨᠳᠥᠷ᠂ ᠰᠢᠨ᠎ᠡ ᠶᠢ ᠡᠭᠦᠳᠬᠦ ᠡᠷᠴᠢᠮ ᠢᠶᠠᠷ ᠴᠢᠩᠭ᠎ᠠ᠂ ᠠᠵᠤ ᠤᠶᠢᠯᠡᠰ ᠤᠨ ᠬᠤᠯᠪᠣᠭ᠎ᠠ ᠪᠠᠷ | ᠴᠢᠩᠭ᠎ᠠ ᠲᠥᠷᠥᠯ ᠵᠤᠶᠢᠯ ᠳᠤ ᠴᠢᠭᠯᠡᠭᠦᠯᠦᠨ ᠲᠥᠪᠯᠡᠷᠡᠭᠦᠯᠦᠨ ᠪᠣᠭᠤᠮᠲᠠ ᠰᠢᠪᠲᠤᠯᠵᠤ᠂ ᠲᠥᠪ᠂ ᠥᠪᠡᠷᠲᠡᠭᠡᠨ | ᠵᠠᠰᠠᠬᠤ ᠣᠷᠣᠨ ᠤ ᠲᠥᠰᠦᠪ ᠤᠨ ᠳᠣᠲᠣᠷᠠᠬᠢ ᠪᠠᠯᠠ ᠣᠷᠣᠭᠤᠯᠤᠯᠲᠠ ᠪᠠ ᠵᠠᠰᠠᠭ ᠤᠨ ᠣᠷᠳᠣᠨ ᠤ ᠵᠢᠭᠡᠯᠡᠯᠭᠡ ᠶᠢᠨ | ᠲᠡᠮᠳᠡᠭ ᠤᠨ ᠪᠠᠯᠠ ᠮᠥᠩᠭᠦ ᠶᠢ ᠢᠳᠡᠪᠬᠢᠲᠡᠶ ᠲᠡᠮᠡᠴᠡᠨ ᠣᠯᠵᠤ᠂ ᠪᠥᠬᠦ ᠬᠤᠰᠢᠭᠤᠨ ᠤ ᠬᠦᠴᠦᠨ ᠢ ᠳᠠᠶᠢᠴᠢᠯᠠᠨ ᠠᠵᠤ | ᠤᠶᠢᠯᠡᠰ ᠤᠨ ᠪᠦᠲᠦᠴᠡ ᠶᠢᠨ ᠲᠣᠬᠢᠷᠠᠭᠤᠯᠤᠯᠲᠠ ᠶᠢ ᠠᠬᠢᠭᠤᠯᠤᠨ᠎ᠠ᠃ | ︵ᠲᠦᠷᠪᠡ︶ ᠠᠮᠢ ᠠᠬᠤᠢ ᠶᠢ ᠤᠷᠢᠳᠠᠪᠠᠷ ᠬᠥᠭᠵᠢᠭᠦᠯᠬᠦ ᠶᠢ ᠪᠠᠷᠢᠮᠲᠠᠯᠠᠵᠤ᠂ ᠠᠮᠢ ᠠᠬᠤᠢ ᠣᠷᠴᠢᠨ | ᠲᠣᠭᠤᠷᠢᠨ ᠤ ᠶᠠᠰᠤ ᠴᠢᠨᠠᠷ ᠢ ᠪᠦᠬᠦ ᠬᠦᠴᠦᠨ ᠢᠶᠠᠷ ᠢᠶᠠᠨ ᠰᠠᠶᠢᠵᠢᠷᠠᠭᠤᠯᠤᠨ᠎ᠠ | ᠡᠨᠧᠷᠭᠢ ᠶᠢᠨ ᠬᠤᠷᠣᠭᠳᠠᠯ ᠤᠨ ᠬᠢᠵᠠᠭᠠᠷᠯᠠᠯ ᠢ ᠡᠨᠤᠷᠬ ᠠᠷᠪᠢᠯᠠᠬᠤ ᠶᠢ ᠬᠢᠨᠠᠨ ᠲᠣᠭᠲᠠᠭᠠᠬᠤ ᠪᠠ | ᠭᠤᠣᠯᠳᠠᠯᠭ᠎ᠠ ᠲᠠᠢ ᠠᠵᠢᠯ ᠲᠥᠷᠥᠯ ᠤᠨ ᠡᠨᠤᠷᠬ ᠶᠢᠨ ᠠᠰᠢᠭᠯᠠᠮᠵᠢ ᠶᠢᠨ ᠪᠠᠷᠢᠮᠵᠢᠶ᠎ᠠ ᠶᠢ ᠬᠠᠷᠭᠤᠭᠤᠯᠬᠤ ᠲᠥᠷᠢᠮ ᠢ | ᠴᠢᠩᠭ᠎ᠠ ᠬᠡᠷᠡᠭᠵᠢᠭᠦᠯᠵᠦ᠂ ᠰᠢᠨ᠎ᠡ ᠪᠠᠷ ᠪᠠᠶᠢᠭᠤᠯᠬᠤ ᠲᠥᠷᠥᠯ ᠵᠦᠢᠯ ᠲᠤ ᠡᠷᠬᠡᠪᠰᠢ ᠡᠨᠤᠷᠬ ᠶᠢᠨ | ᠬᠤᠷᠣᠭᠳᠠᠭᠤᠯᠭ᠎ᠠ ᠶᠢᠨ ᠬᠡᠮᠵᠢᠶ᠎ᠡ ᠶᠢ ᠪᠠᠭᠠᠰᠬᠠᠬᠤ ᠪᠤᠶᠤ ᠲᠡᠩᠴᠡᠭᠦᠦ ᠬᠡᠮᠵᠢᠶ᠎ᠡ ᠪᠠᠷ ᠰᠣᠯᠢᠬᠤ ᠶᠢ ᠬᠡᠷᠡᠭᠵᠢᠭᠦᠯᠵᠦ᠂ | ᠤᠯᠤᠰ ᠤᠨ ᠲᠡᠷᠢᠭᠦᠨ ᠤ ᠪᠠᠷᠢᠮᠵᠢᠶ᠎ᠠ ᠲᠤ ᠬᠦᠷᠦᠭᠦᠯᠬᠦ ᠬᠡᠷᠡᠭᠲᠡᠶ᠃ ᠠᠵᠤ ᠠᠬᠤᠶᠢᠯᠠᠯ ᠤᠨ ᠴᠠᠬᠢᠯᠭᠠᠨ ᠬᠡᠷᠡᠭᠯᠡᠬᠦ | ︽ᠲᠥᠰᠦᠪ ᠤᠨ ᠬᠠᠮᠢᠶᠠᠷᠤᠯᠲᠠ + ᠰᠦᠯᠵᠢᠶᠡᠨ ᠳᠡᠭᠡᠷ᠎ᠡ ᠬᠢᠨᠠᠨ ᠬᠡᠮᠵᠢᠬᠦ︾ ᠲᠣᠭᠲᠠᠴᠠ ᠶᠢ ᠪᠠᠶᠢᠭᠤᠯᠵᠤ᠂ | ᠡᠨᠧᠷᠭᠢ ᠶᠢᠨ ᠬᠤᠷᠣᠭᠳᠠᠭᠤᠯᠤᠯ ᠤᠨ ᠬᠠᠮᠢᠶᠠᠷᠤᠯᠲᠠ ᠶᠢᠨ ᠵᠠᠭᠪᠤᠷ ᠢ ᠰᠢᠯᠢᠳᠡᠭᠵᠢᠭᠦᠯᠦᠨ᠂ ᠡᠨᠧᠷᠭᠢ ᠠᠷᠪᠢᠯᠠᠵᠤ | ᠬᠤᠷᠣᠭᠳᠠᠭᠤᠯᠤᠯ ᠢ ᠪᠠᠭᠠᠰᠬᠠᠬᠤ ᠬᠢᠷᠢ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠮᠠᠯᠵᠢᠬᠤ | ᠲᠠᠷᠢᠶᠠᠯᠠᠬᠤ ᠣᠷᠣᠨ᠂ ᠨᠡᠶᠢᠭᠡᠮ ᠤᠨ ᠤᠶᠢᠯᠡᠴᠢᠯᠡᠬᠡᠨ ᠤ ᠤᠶᠢᠯᠡᠰ᠂ ᠰᠠᠭᠤᠭᠠᠯᠢ ᠠᠷᠠᠳ ᠤᠨ ᠬᠡᠷ ᠪᠦᠯᠢ᠂ ᠣᠯᠠᠨ | ᠨᠡᠶᠢᠲᠡ ᠶᠢᠨ ᠪᠠᠶᠢᠭᠤᠯᠤᠮᠵᠢ ᠵᠡᠷᠭᠡ ᠡᠯ᠎ᠡ ᠬᠦᠷᠢᠶ᠎ᠡ ᠴᠠᠷᠠᠭ᠎ᠠ ᠶᠢᠨ ᠡᠨᠧᠷᠭᠢ ᠶᠢᠨ ᠬᠤᠷᠣᠭᠳᠠᠭᠤᠯᠤᠯ ᠢ | ᠬᠢᠵᠠᠭᠠᠷᠯᠠᠬᠤ ᠶᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠨ᠎ᠠ᠃ | ᠤᠰᠤᠨ ᠰᠤᠷᠪᠤᠯᠵᠢ ᠶᠢᠨ ᠬᠠᠮᠠᠭᠠᠯᠠᠯᠲᠠ ᠶᠢ ᠴᠢᠩᠭᠠᠳᠬᠠᠨ᠎ᠠ᠃ ᠤᠰᠤᠨ ᠤ ᠡᠬᠢ ᠪᠠᠶᠠᠯᠢᠭ ᠤᠨ ᠬᠠᠮᠤᠭ ᠤᠨ | ᠴᠢᠩᠭ᠎ᠠ ᠬᠠᠮᠢᠶᠠᠷᠤᠯᠲᠠ ᠶᠢᠨ ᠲᠦᠷᠢᠮ ᠢ ᠬᠡᠷᠡᠭᠵᠢᠭᠦᠯᠵᠦ᠂ ᠪᠥᠬᠦ ᠬᠤᠰᠢᠭᠤᠨ ᠤ ᠤᠰᠤᠨ ᠤ ᠡᠬᠢ ᠪᠠᠶᠠᠯᠢᠭ ᠢ | ᠠᠰᠢᠭᠯᠠᠬᠤ ᠶᠡᠷᠦᠩᠬᠡᠶ ᠲᠥᠯᠥᠪᠵᠢᠭᠦᠯᠭᠡ ᠶᠢ ᠲᠦᠷᠭᠡᠨ ᠨᠠᠶᠢᠷᠠᠭᠤᠯᠤᠨ ᠵᠣᠬᠢᠶᠠᠵᠤ᠂ ᠤᠰᠤ ᠬᠡᠷᠡᠭᠯᠡᠬᠦ ᠶᠡᠷᠦᠩᠬᠡᠶ | ᠬᠡᠮᠵᠢᠶ᠎ᠡ ᠪᠠ ᠬᠦᠴᠦᠯᠡᠴᠡ ᠶᠢᠨ ᠬᠢᠵᠠᠭᠠᠷᠯᠠᠯ ᠢ ᠴᠢᠩᠭᠠᠷᠠᠭᠤᠯᠤᠨ᠎ᠠ᠃ ᠠᠵᠤ ᠦᠢᠯᠡᠳᠪᠦᠷᠢ ᠶᠢᠨ ᠠᠵᠤ ᠠᠬᠤᠶᠢᠯᠠᠯ | ᠤᠨ ᠦᠢᠯᠡᠳᠪᠦᠷᠢᠯᠡᠯ ᠲᠤ ᠬᠡᠷᠡᠭᠯᠡᠬᠦ ᠤᠰᠤᠨ ᠲᠤ ᠭᠠᠵᠠᠷ ᠳᠣᠣᠷᠠᠬᠢ ᠤᠰᠤ ᠶᠢ ᠲᠠᠲᠠᠵᠤ ᠬᠡᠷᠡᠭᠯᠡᠬᠦ ᠶᠢ ᠴᠢᠩᠭ᠎ᠠ | ᠴᠠᠭᠠᠵᠠᠯᠠᠨ᠎ᠠ᠃ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ | ᠬᠤᠰᠢᠭᠤᠨ ᠳᠣᠲᠣᠷᠠᠬᠢ ᠴᠠᠭᠠᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠶᠢ ᠠᠬᠢᠭᠤᠯᠵᠤ᠂ ᠭᠤᠤᠯ | ᠨᠠᠭᠤᠷ ᠤᠨ ︽ᠳᠥᠷᠪᠡᠨ ᠰᠠᠮᠠᠭᠤᠷᠠᠯ ᠢ ᠠᠷᠢᠯᠭᠠᠬᠤ︾ ᠲᠤᠰᠬᠠᠶ ᠠᠵᠢᠯᠯᠠᠭ᠎ᠠ ᠶᠢ ᠬᠡᠷᠡᠭᠵᠢᠭᠦᠯᠦᠨ᠂ ᠪᠠᠶᠠᠨᠴᠠᠭᠠᠨ | ᠪᠠᠯᠭᠠᠰᠤ ᠶᠢᠨ ᠲᠥᠪᠯᠡᠷᠡᠩᠭᠦᠶ ᠤᠤᠭᠤᠬᠤ ᠤᠰᠤᠨ ᠤ ᠡᠬᠢ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ | ᠬᠤᠪᠢᠶᠠᠷᠢᠯᠠᠨ ᠲᠣᠭᠲᠠᠭᠠᠬᠤ ᠠᠵᠢᠯ ᠢ ᠪᠡᠶᠡᠯᠡᠭᠦᠯᠦᠨ᠎ᠡ᠃ | ᠪᠣᠬᠢᠷᠲᠤᠯ ᠥᠬᠡᠶ ᠡᠬᠢ ᠪᠠᠶᠠᠯᠢᠭ ᠢ ᠪᠠᠲᠤ ᠰᠠᠬᠢᠨ᠎ᠠ᠃ ᠣᠶ ᠰᠢᠭᠤᠶ ︵ᠡᠪᠡᠰᠦ︶ ᠶᠢᠨ ᠣᠷᠳᠣ | ᠬᠤᠭᠤᠴᠠᠭᠠᠨ ᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠦᠨᠳᠦᠰᠦᠨ ᠨᠤᠲᠤᠭ ᠪᠡᠯᠴᠢᠭᠡᠷᠤᠨ | ᠬᠠᠮᠠᠭᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠦᠨ᠂ ᠨᠤᠲᠤᠭ ᠪᠡᠯᠴᠢᠭᠡᠷ ᠤᠨ ᠱᠠᠩᠨᠠᠵᠤ ᠨᠥᠬᠦᠪᠥᠷᠢᠯᠡᠬᠦ ᠪᠠ | ᠪᠡᠯᠴᠢᠭᠡᠷᠯᠡᠭᠦᠯᠬᠦ ᠶᠢ ᠴᠠᠭᠠᠵᠠᠯᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠬᠤ ᠲᠥᠷᠥ ᠶᠢᠨ ᠪᠣᠳᠣᠯᠭ᠎ᠠ ᠶᠢ | ᠨᠠᠶᠢᠳᠠᠪᠤᠷᠢᠵᠢᠭᠤᠯᠤᠨ᠎ᠠ᠃ ᠤᠯᠤᠰ ᠤᠨ ᠨᠤᠲᠤᠭ ᠳᠡᠪᠢᠰᠬᠡᠷ ᠢ ᠨᠣᠭᠤᠭᠠᠷᠠᠭᠤᠯᠬᠤ ᠠᠵᠢᠯᠯᠠᠭ᠎ᠠ ᠶᠢ ᠥᠷᠨᠢᠭᠦᠯᠵᠦ᠂ | ᠨᠤᠲᠤᠭ ᠪᠡᠯᠴᠢᠭᠡᠷ ᠤᠨ ᠠᠮᠢ ᠠᠬᠤᠶ ᠶᠢ ᠰᠡᠷᠭᠦᠭᠡᠬᠦ᠂ ᠪᠡᠭᠡᠵᠢᠩ ᠲᠢᠶᠠᠨᠵᠢᠨ ᠤ ᠰᠠᠯᠬᠢ ᠡᠯᠡᠰᠦᠨ ᠤ ᠡᠬᠢ ᠶᠢ ᠵᠠᠰᠠᠬᠤ | ᠂ ᠣᠶ ᠰᠢᠭᠤᠶ ᠶᠢ ᠠᠷᠠᠴᠢᠯᠠᠨ ᠪᠤᠶᠢᠵᠢᠭᠤᠯᠬᠤ ᠵᠡᠷᠭᠡ ᠭᠤᠤᠯᠳᠠᠯᠭ᠎ᠠ ᠲᠠᠢ ᠨᠣᠭᠤᠭᠠᠷᠠᠭᠤᠯᠬᠤ ᠢᠨᠵᠧᠨᠧᠷᠢᠩ ᠢ | ᠨᠢᠭᠡᠳᠦᠯᠲᠡᠶ ᠲᠥᠯᠥᠪᠯᠡᠨ ᠬᠡᠷᠡᠭᠵᠢᠭᠦᠯᠵᠦ᠂ ᠮᠠᠭᠤᠳᠠᠭᠰᠠᠨ ᠨᠤᠲᠤᠭ ᠪᠡᠯᠴᠢᠭᠡᠷ ᠢ ᠰᠡᠷᠭᠦᠭᠡᠬᠦ᠂ ᠨᠥᠬᠦᠵᠦ ᠳᠠᠷᠢᠬᠤ᠂ | ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠤᠨ᠂ ᠤᠯᠤᠰ ᠤᠨ ᠲᠠᠰ ᠤᠨ 2 ᠣᠶ ᠰᠢᠭᠤᠶ ᠶᠢᠨ ᠲᠣᠰᠬᠤᠨ ᠤ | ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ | ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠠᠵᠢᠯ ᠢ ᠯᠠᠪᠳᠠᠭᠤᠨ | ᠪᠠᠲᠤᠲᠠᠶ ᠥᠷᠨᠢᠭᠦᠯᠵᠦ᠂ ᠨᠤᠲᠤᠭ ᠪᠡᠯᠴᠢᠭᠡᠷ ᠳᠡᠭᠡᠷ᠎ᠡ ᠳᠤᠷ᠎ᠠ ᠪᠠᠷ ᠢᠶᠠᠨ ᠮᠠᠯᠲᠠᠬᠤ᠂ ᠠᠲᠠᠷ ᠬᠠᠭᠠᠯᠪᠤᠷᠢᠯᠠᠨ ᠲᠠᠷᠢᠶ᠎ᠠ | ᠳᠠᠷᠢᠬᠤ᠂ ᠠᠭᠤᠷᠬᠠᠶ ᠶᠢᠨ ᠭᠠᠷᠤᠯᠲᠠ ᠶᠢ ᠨᠡᠭᠡᠭᠡᠨ ᠠᠰᠢᠭᠯᠠᠬᠤ ᠲᠥᠷᠥᠯ ᠵᠤᠶᠢᠯ ᠢ ᠰᠢᠨ᠎ᠡ ᠪᠠᠷ ᠭᠠᠷᠭᠠᠬᠤ ᠶᠢ | ᠴᠢᠩᠭ᠎ᠠ ᠴᠠᠭᠠᠵᠠᠯᠠᠵᠤ᠂ ᠨᠤᠲᠤᠭ ᠪᠡᠯᠴᠢᠭᠡᠷ ᠳᠡᠭᠡᠷ᠎ᠡ ᠮᠣᠳᠣ ᠳᠠᠷᠢᠵᠤ ᠣᠶᠢᠵᠢᠭᠤᠯᠬᠤ ᠶᠢ ᠴᠢᠩᠭ᠎ᠠ ᠴᠠᠭᠠᠵᠠᠯᠠᠵᠤ᠂ | ᠨᠤᠲᠤᠭ ᠪᠡᠯᠴᠢᠭᠡᠷ ᠢ ᠬᠠᠤᠯᠢ ᠪᠤᠰᠤ ᠪᠠᠷ ᠲᠠᠲᠠᠪᠤᠷᠢᠯᠠᠨ ᠬᠡᠷᠡᠭᠯᠡᠬᠦ᠂ ᠨᠤᠲᠤᠭ ᠪᠡᠯᠴᠢᠭᠡᠷ ᠢ ᠬᠠᠤᠯᠢ ᠪᠤᠰᠤ ᠪᠠᠷ | ᠬᠠᠭᠠᠯᠪᠤᠷᠢᠯᠠᠬᠤ ᠤᠶᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ | ᠠᠮᠢ ᠠᠬᠤᠶ ᠶᠢᠨ ᠰᠡᠷᠭᠦᠭᠡᠯᠲᠡ ᠶᠢ ᠲᠦᠯᠬᠢᠨ ᠠᠬᠢᠭᠤᠯᠤᠨ᠎ᠠ᠃ ᠬᠤᠶᠠᠳᠤᠭᠠᠷ ᠡᠭᠡᠯᠵᠢ ᠶᠢᠨ ᠲᠥᠪ ᠤᠨ | ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠴᠣᠬᠤᠶ ᠶᠢᠨ ᠴᠢᠯᠠᠭᠤ᠂ ᠬᠦᠷᠮᠡᠨ | ᠴᠢᠯᠠᠭᠤᠯᠢᠭ᠂ ᠲᠡᠮᠦᠷ ᠤᠨ ᠠᠭᠤᠷᠬᠠᠶ ᠵᠡᠷᠭᠡ ᠵᠠᠳᠠᠭᠠᠶ ᠮᠠᠯᠲᠠᠭᠰᠠᠨ ᠨᠦᠬᠡ ᠶᠢ ᠶᠡᠷᠦᠩᠬᠡᠶᠢᠯᠡᠨ ᠵᠠᠰᠠᠬᠤ ᠶᠢ | ᠬᠡᠷᠡᠭᠵᠢᠭᠦᠯᠵᠦ᠂ ᠡᠵᠡᠨ ᠥᠬᠡᠶ ᠠᠭᠤᠷᠬᠠᠶ ᠶᠢ ᠶᠡᠷᠦᠩᠬᠡᠶᠢᠯᠡᠨ ᠵᠠᠰᠠᠬᠤ ᠶᠢ ᠠᠬᠢᠭᠤᠯᠤᠨ᠂ ᠪᠣᠬᠢᠷᠲᠤᠯ ᠥᠬᠡᠶ | ᠠᠭᠤᠷᠬᠠᠶ ᠶᠢ ᠡᠭᠦᠳᠦᠨ ᠪᠠᠶᠢᠭᠤᠯᠵᠤ᠂ ᠪᠠᠷᠢᠮᠵᠢᠶ᠎ᠠ ᠳᠤ ᠥᠯᠥ ᠬᠥᠷᠬᠦ ᠬᠤᠭᠤᠴᠠᠭ᠎ᠠ ᠨᠢ ᠲᠤᠯᠤᠭᠰᠠᠨ ᠠᠭᠤᠷᠬᠠᠶ ᠶᠢᠨ | ᠡᠮᠬᠢ ᠵᠢᠷᠤᠮ ᠲᠠᠢ ᠪᠠᠷ ᠤᠬᠤᠷᠢᠨ ᠭᠠᠷᠬᠤ ᠶᠢ ᠠᠬᠢᠭᠤᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠲᠠᠷᠢᠶᠠᠨ | ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ ᠪᠠᠷᠢᠭᠰᠠᠨ ᠠᠰᠠᠭᠤᠳᠠᠯ ᠢ ᠴᠡᠭᠴᠡᠯᠡᠨ ᠵᠠᠰᠠᠬᠤ ᠠᠵᠢᠯ ᠢ | ᠦᠷᠭᠦᠯᠵᠢᠯᠡᠨ ᠥᠷᠨᠢᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠬᠤᠷᠢᠭ᠎ᠠ ᠱᠤᠭᠤᠮ ᠢ ᠴᠢᠩᠭ᠎ᠠ ᠰᠠᠬᠢᠨ᠎ᠠ᠃ ︽ | ᠲᠠᠪᠤ ᠶᠢ ᠬᠢᠵᠠᠭᠠᠷᠯᠠᠬᠤ︾ ᠠᠷᠭ᠎ᠠ ᠬᠡᠮᠵᠢᠶ᠎ᠡ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ︽ᠲᠠᠷᠠᠬᠠᠶ ᠪᠤᠲᠠᠷᠬᠠᠶ᠂ | ᠡᠮᠬᠢ ᠵᠠᠮᠪᠠᠷᠠᠭ᠎ᠠ ᠥᠬᠡᠶ᠂ ᠪᠣᠬᠢᠷᠲᠤᠯ ᠲᠠᠢ︾ ᠠᠵᠤ ᠠᠬᠤᠶᠢᠯᠠᠯ ᠢ ᠴᠡᠭᠴᠡᠯᠡᠨ ᠵᠠᠰᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠦᠷᠢᠨᠰᠢᠭᠦᠯᠦᠨ᠎ᠡ᠃ | ︵ᠲᠠᠪᠤ︶ ᠪᠥᠳᠥᠭᠡᠨ ᠪᠠᠶᠢᠭᠤᠯᠬᠤ ᠪᠠ ᠬᠠᠮᠢᠶᠠᠷᠬᠤ ᠶᠢ ᠨᠢᠭᠡ ᠴᠤᠭᠴᠠᠵᠢᠭᠤᠯᠤᠨ ᠠᠬᠢᠭᠤᠯᠬᠤ ᠶᠢ ᠪᠠᠷᠢᠮᠲᠠᠯᠠᠵᠤ᠂ | ᠭᠤᠣᠯ ᠬᠤᠲᠠ ᠪᠠᠯᠭᠠᠰᠤ ᠶᠢᠨ ᠪᠥᠳᠥᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ | ᠬᠤᠲᠠ ᠪᠠᠯᠭᠠᠰᠤ ᠶᠢᠨ ᠬᠥᠭᠵᠢᠯᠲᠡ ᠶᠢᠨ ᠣᠷᠣᠨ ᠵᠠᠶ ᠶᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠭᠡ ᠪᠠᠷ | ᠬᠥᠲᠥᠯᠦᠨ ᠳᠠᠭᠠᠭᠤᠯᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ ᠤᠯᠤᠰ ᠤᠨ ᠭᠠᠵᠠᠷ ᠰᠢᠷᠣᠶ ᠶᠢᠨ ᠣᠷᠣᠨ | ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠠᠵᠢᠯ ᠢ ᠪᠡᠶᠡᠯᠡᠭᠦᠯᠵᠦ᠂ ᠪᠠᠶᠠᠨᠴᠠᠭᠠᠨ | ᠪᠠᠯᠭᠠᠰᠤᠨ ᠤ ᠭᠤᠤᠯ ᠬᠤᠲᠠ ᠪᠠᠯᠭᠠᠰᠤ ᠶᠢᠨ ᠴᠢᠳᠠᠮᠵᠢ ᠶᠢᠨ ᠪᠠᠶᠢᠷᠢᠰᠢᠭᠤᠯᠤᠯᠲᠠ ᠪᠠ ᠬᠥᠭᠵᠢᠯᠲᠡ ᠶᠢᠨ ᠪᠠᠶᠢᠷᠢ | ᠲᠣᠭᠲᠠᠭᠠᠯᠲᠠ ᠶᠢ ᠰᠢᠯᠢᠳᠡᠭᠵᠢᠭᠦᠯᠦᠨ᠂ ᠲᠥᠷᠥᠯ ᠵᠤᠶᠢᠯ ᠪᠠᠶᠢᠭᠤᠯᠬᠤ᠂ ᠨᠡᠭᠡᠭᠡᠨ ᠬᠥᠭᠵᠢᠭᠦᠯᠬᠦ ᠳᠤ | ᠲᠥᠯᠥᠪᠵᠢᠭᠦᠯᠭᠡ ᠶᠢᠨ ᠬᠢᠵᠠᠭᠠᠷᠯᠠᠯ ᠢ ᠴᠢᠩᠭ᠎ᠠ ᠬᠡᠷᠡᠭᠵᠢᠭᠦᠯᠵᠦ᠂ ᠬᠤᠲᠠ ᠪᠠᠯᠭᠠᠰᠤᠨ ᠤ ᠬᠥᠭᠵᠢᠯᠲᠡ ᠶᠢᠨ ᠣᠷᠣᠨ | ᠵᠠᠶ ᠶᠢ ᠬᠦᠢᠴᠡᠳ ᠦᠯᠡᠳᠡᠭᠡᠨ᠎ᠡ᠃ ᠬᠡᠷ ᠪᠠᠶᠢᠰᠢᠩ ᠭᠠᠵᠠᠷ ᠰᠢᠷᠣᠶ ᠶᠢᠨ ᠬᠥᠷᠥᠩᠭᠡ ᠶᠢᠨ ᠵᠠᠬ᠎ᠠ ᠳᠡᠯᠭᠡᠭᠦᠷ ᠤᠨ | ᠬᠠᠤᠯᠢ ᠬᠡᠷᠡᠭᠵᠢᠭᠦᠯᠬᠦ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠬᠡᠷ ᠪᠠᠶᠢᠰᠢᠩ ᠭᠠᠵᠠᠷ ᠰᠢᠷᠣᠶ ᠶᠢᠨ | ᠬᠥᠷᠥᠩᠭᠡ ᠶᠢ ᠨᠡᠭᠡᠭᠡᠨ ᠬᠥᠭᠵᠢᠭᠦᠯᠬᠦ᠂ ᠠᠷᠠᠯᠵᠢᠶᠠᠯᠠᠬᠤ᠂ ᠵᠠᠭᠤᠴᠢᠯᠠᠬᠤ ᠵᠡᠷᠭᠡ ᠡᠯ᠎ᠡ ᠵᠠᠩᠭᠢᠯᠠᠭ᠎ᠠ ᠶᠢᠨ ᠬᠠᠤᠯᠢ | ᠲᠣᠭᠲᠠᠭᠠᠯ ᠠᠴᠠ ᠵᠥᠷᠢᠴᠡᠭᠰᠡᠨ ᠤᠶᠢᠯᠡ ᠠᠵᠢᠯᠯᠠᠭ᠎ᠠ ᠶᠢ ᠬᠠᠤᠯᠢ ᠶᠣᠰᠣᠭᠠᠷ ᠶᠠᠪᠤᠭᠳᠠᠭᠤᠯᠪᠠ᠃ | ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠶᠡᠭᠡ ᠪᠠᠷ | ᠨᠤᠷᠠᠭᠠᠵᠤ ᠶᠡᠭᠡ ᠪᠠᠷ ᠪᠠᠶᠢᠭᠤᠯᠬᠤ ᠠᠵᠢᠯ ᠢ ᠶᠠᠭᠠᠬᠢᠭᠰᠠᠨ ᠴᠤ ᠬᠢᠬᠦ ᠦᠭᠡᠢ᠂ ᠰᠡᠯᠪᠢᠨ ᠵᠠᠰᠠᠵᠤ ᠲᠡᠭᠦᠯᠳᠡᠷᠵᠢᠭᠦᠯᠬᠦ | ᠠᠵᠢᠯ ᠢ ᠨᠠᠷᠢᠨ ᠨᠢᠮᠪᠠᠶ ᠰᠠᠶᠢᠲᠤᠷ ᠬᠢᠵᠦ᠂ ᠬᠠᠭᠤᠴᠢᠨ ᠪᠠ ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ | ᠪᠠᠶᠢᠭᠤᠯᠬᠤ ᠵᠢᠴᠢ ᠢᠵᠢ ᠪᠦᠷᠢᠳᠦᠭᠦᠯᠬᠦ ᠰᠠᠭᠤᠷᠢ ᠲᠥᠬᠦᠭᠡᠷᠦᠮᠵᠢ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ | ᠬᠡᠷᠡᠭᠵᠢᠭᠦᠯᠦᠨ᠎ᠡ᠃ ᠲᠥᠷᠥᠯ ᠵᠤᠶᠢᠯ ᠤᠨ ᠪᠠᠯᠠ ᠮᠥᠩᠭᠦ ᠶᠢ ᠴᠢᠷᠮᠠᠶᠢᠨ ᠣᠯᠵᠤ᠂ ᠳᠥᠭᠦᠮ ᠪᠦᠳᠦᠭᠦᠯᠢᠭ ᠣᠷᠣᠨ | ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠶᠢᠨ ᠦᠯᠡᠳᠡᠭᠳᠡᠵᠦ ᠪᠠᠶᠢᠭ᠎ᠠ ᠲᠥᠪᠬᠢᠨᠡᠭᠦᠯᠬᠦ ᠠᠰᠠᠭᠤᠳᠠᠯ ᠢ ᠲᠣᠬᠢᠲᠠᠶ | ᠰᠢᠢᠳᠪᠤᠷᠢᠯᠡᠵᠤ᠂ ᠳᠥᠭᠦᠮ ᠪᠦᠳᠦᠭᠦᠯᠢᠭ ᠣᠷᠣᠨ ᠰᠠᠭᠤᠴᠠ ᠶᠢ ᠥᠭᠡᠷᠡᠴᠢᠯᠡᠨ ᠰᠠᠶᠢᠵᠢᠷᠠᠭᠤᠯᠬᠤ ᠶᠢᠨ ᠴᠡᠪᠡᠷ | ᠭᠠᠵᠠᠷ ᠢ ᠬᠤᠷᠢᠶᠠᠨ ᠬᠠᠳᠠᠭᠠᠯᠠᠬᠤ᠂ ᠰᠢᠯᠵᠢᠭᠦᠯᠦᠨ ᠬᠤᠳᠠᠯᠳᠤᠬᠤ ᠵᠡᠷᠭᠡ ᠠᠵᠢᠯ ᠢ ᠰᠠᠶᠢᠲᠤᠷ ᠬᠢᠨ᠎ᠠ᠃ ᠬᠥᠬᠡᠬᠤᠲᠠ | ᠮᠠᠨᠵᠤ ᠶᠢᠨ ᠨᠡᠪᠲᠡᠷᠡᠬᠦ ᠵᠠᠮ ᠢ ᠳᠡᠭᠡᠳᠦ ᠬᠤᠷᠳᠤ ᠶᠢᠨ ᠵᠠᠰᠠᠮᠠᠯ ᠵᠠᠮ ᠪᠣᠯᠭᠠᠨ ᠥᠭᠡᠷᠡᠴᠢᠯᠡᠬᠦ ᠢᠨᠵᠧᠨᠧᠷᠢᠩ ᠲᠠᠢ | ᠢᠳᠡᠪᠬᠢᠲᠡᠶᠪᠠᠷ ᠵᠣᠯᠭᠠᠭᠤᠯᠵᠤ᠂ ᠳᠡᠭᠡᠳᠦ ᠬᠤᠷᠳᠤ ᠶᠢᠨ ᠲᠤᠰᠠᠯᠠᠬᠤ ᠵᠠᠮ᠂ ᠳᠡᠭᠡᠳᠦ ᠵᠢᠶᠠᠰᠠ ᠲᠠᠢ ᠲᠤᠰᠠᠯᠠᠬᠤ ᠵᠠᠮ | ᠪᠠ ᠭᠠᠳᠠᠷ ᠲᠣᠭᠤᠷᠢᠯ ᠵᠠᠮ ᠢ ᠥᠭᠡᠷᠡᠴᠢᠯᠡᠨ ᠰᠢᠨᠡᠳᠬᠡᠬᠦ ᠢᠨᠵᠧᠨᠧᠷᠢᠩ ᠢ ᠲᠦᠷᠭᠡᠳᠬᠡᠨ᠂ ᠬᠤᠲᠠ ᠶᠢᠨ | ᠲᠣᠭᠤᠷᠢᠭ ᠤᠨ ᠭᠤᠷᠪᠠᠨ ᠣᠷᠣᠵᠤ ᠭᠠᠷᠬᠤ ᠭᠠᠵᠠᠷ ᠢ ᠰᠠᠭᠠᠳ ᠥᠬᠡᠶ ᠨᠡᠪᠲᠡᠷᠡᠭᠦᠯᠵᠦ᠂ ᠳᠣᠲᠣᠭᠰᠢ ᠵᠠᠯᠭᠠᠵᠤ | ᠭᠠᠳᠠᠭᠰᠢ ᠨᠡᠪᠲᠡᠷᠡᠬᠦ ᠵᠠᠮ ᠬᠠᠷᠢᠯᠴᠠᠭᠠᠨ ᠤ ᠰᠢᠰᠲ᠋ᠧᠮᠵᠢ ᠶᠢ ᠪᠠᠶᠢᠭᠤᠯᠤᠨ᠎ᠠ᠃ ᠬᠤᠳᠠ ᠶᠢᠨ ᠲᠣᠭᠤᠷᠢᠭ ᠤᠨ ᠭᠤᠣᠯ | ᠵᠠᠮ ᠤᠨ ᠬᠠᠭᠤᠴᠢᠨ ᠢ ᠨᠥᠬᠦᠪᠥᠷᠢᠯᠡᠨ ᠲᠡᠭᠰᠢᠯᠡᠬᠦ ᠶᠢ ᠠᠬᠢᠭᠤᠯᠵᠤ᠂ ᠤᠯᠠᠨ ᠲᠦᠮᠡᠨ ᠤ ᠶᠠᠪᠤᠵᠤ ᠰᠠᠭᠤᠬᠤ ᠣᠷᠴᠢᠨ | ᠨᠥᠬᠦᠴᠡᠯ ᠢ ᠰᠠᠶᠢᠵᠢᠷᠠᠭᠤᠯᠤᠨ᠎ᠠ᠃ ᠬᠤᠲᠠ ᠪᠠᠯᠭᠠᠰᠤ ᠶᠢᠨ ᠬᠤᠭᠤᠯᠠᠶ ᠶᠢᠨ ᠲᠣᠤᠷ᠂ ᠤᠰᠤ ᠵᠠᠯᠠᠵᠤ ᠤᠰᠤᠲᠤᠯ ᠢ | ᠰᠡᠷᠭᠡᠶᠢᠯᠡᠬᠦ ᠵᠡᠷᠭᠡ ᠰᠠᠭᠤᠷᠢ ᠪᠡᠯᠡᠳᠬᠡᠮᠵᠢ ᠶᠢ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠵᠤ᠂ ᠪᠠᠶᠢᠭᠠᠯᠢ ᠶᠢᠨ | ᠰᠢᠲᠠᠮᠠᠬᠠᠶ ᠬᠡᠶ ᠳᠠᠮᠵᠢᠭᠤᠯᠬᠤ ᠬᠤᠭᠤᠯᠠᠶ ᠵᠢᠴᠢ ᠢᠵᠢ ᠪᠥᠷᠢᠳᠦᠭᠦᠯᠦᠨ ᠬᠠᠩᠭᠠᠬᠤ ᠢᠨᠵᠧᠨᠧᠷᠢᠩ ᠢ ᠲᠦᠷᠭᠡᠳᠬᠡᠨ | ᠬᠡᠷᠡᠭᠵᠢᠭᠦᠯᠵᠦ᠂ ᠢᠯᠴᠢ ᠴᠠᠬᠢᠯᠭᠠᠨ ᠤ ᠬᠠᠮᠲᠤᠷᠠᠨ ᠦᠶ᠋ᠯᠡᠳᠪᠦᠷᠢᠯᠡᠬᠦ ᠲᠥᠷᠥᠯ ᠵᠤᠶᠢᠯ ᠤᠨ ᠠᠵᠢᠯ ᠡᠬᠢᠯᠡᠭᠦᠯᠦᠨ | ᠪᠥᠲᠥᠭᠡᠨ ᠪᠠᠶᠢᠭᠤᠯᠬᠤ ᠶᠢ ᠬᠦᠴᠦᠯᠡᠨ ᠠᠬᠢᠭᠤᠯᠵᠤ᠂ ᠣᠯᠠᠨ ᠲᠦᠮᠡᠨ ᠤ ᠲᠤᠰᠬᠠᠯ ᠶᠡᠬᠡᠲᠡᠶ ᠪᠠᠶᠢᠭ᠎ᠠ ᠢᠯᠴᠢ | ᠬᠠᠩᠭᠠᠬᠤ ᠵᠥᠷᠢᠴᠡᠯ ᠢ ᠰᠢᠢᠳᠪᠤᠷᠢᠯᠡᠨ᠎ᠡ᠃ | ᠬᠤᠳᠠ ᠪᠠᠯᠭᠠᠰᠤᠨ ᠤ ᠬᠠᠮᠢᠶᠠᠷᠤᠯᠲᠠ ᠶᠢᠨ ᠰᠢᠰᠲ᠋ᠧᠮ ᠢ ᠪᠦᠷᠢᠨᠰᠢᠬᠦᠯᠦᠨ ︽ᠨᠡᠶᠢᠭᠡᠮ ᠲᠣᠭᠤᠷᠢᠭ ᠤᠨ ᠨᠠᠮ ᠤᠨ | ᠪᠠᠶᠢᠭᠤᠯᠤᠯᠲᠠ + ᠵᠢᠵᠢᠭ ᠲᠣᠭᠤᠷᠢᠭ ᠤᠨ ᠠᠵᠢᠯ ᠤᠶᠢᠯᠡᠰ ᠤᠨ ᠵᠥᠪᠯᠡᠯ︾ ᠤᠨ ᠬᠠᠮᠢᠶᠠᠷᠤᠯᠲᠠ ᠶᠢᠨ ᠵᠠᠭᠪᠤᠷ ᠢ | ᠰᠦᠪᠡᠭᠴᠢᠯᠡᠨ ᠪᠠᠶᠢᠭᠤᠯᠵᠤ᠂ ᠨᠡᠯᠢᠶᠡᠳ ᠶᠡᠭᠡ ᠵᠢᠵᠢᠭ ᠲᠣᠭᠤᠷᠢᠭ ᠤᠨ ᠠᠵᠢᠯ ᠤᠶᠢᠯᠡᠰ ᠤᠨ ᠵᠥᠪᠯᠡᠯ | ᠪᠠᠶᠢᠭᠤᠯᠬᠤ ᠶᠢ ᠳᠡᠮᠵᠢᠵᠦ᠂ ᠾᠧ ᠮᠧᠶ ᠨᠡᠶᠢᠭᠡᠮ ᠲᠣᠭᠤᠷᠢᠭ ᠢ ᠬᠦᠴᠦᠯᠡᠨ ᠪᠠᠶᠢᠭᠤᠯᠤᠨ᠎ᠠ᠃ ᠳᠤᠷ᠎ᠠ ᠪᠠᠷ ᠢᠶᠠᠨ | ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠲᠠᠯᠪᠢᠵᠤ ᠳᠤᠷ᠎ᠠ ᠪᠠᠷ ᠢᠶᠠᠨ ᠪᠠᠶᠢᠭᠤᠯᠬᠤ᠂ ᠵᠠᠮ | ᠡᠵᠡᠯᠡᠨ ᠡᠵᠡᠩᠨᠡᠬᠦ᠂ ᠢᠳᠡᠭᠡᠨ ᠤᠮᠳᠠᠭᠠᠨ ᠤ ᠲᠣᠰᠣ ᠣᠲᠤᠭ᠎ᠠ ᠵᠡᠷᠭᠡ ᠲᠣᠪᠤᠶᠢᠮ᠎ᠠ ᠠᠰᠠᠭᠤᠳᠠᠯ ᠳᠤ ᠠᠩᠬᠠᠷᠤᠯ ᠢᠶᠠᠨ | ᠲᠥᠪᠯᠡᠷᠡᠭᠦᠯᠦᠨ ᠲᠤᠰᠬᠠᠶ ᠴᠡᠭᠴᠡᠯᠡᠨ ᠵᠠᠰᠠᠬᠤ ᠠᠵᠢᠯ ᠢ ᠥᠷᠨᠢᠭᠦᠯᠵᠦ᠂ ᠥᠪᠡᠷᠲᠡᠭᠡᠨ ᠵᠠᠰᠠᠬᠤ ᠣᠷᠣᠨ ᠤ | ᠪᠣᠯᠪᠠᠰᠤᠨ ᠬᠤᠰᠢᠭᠤ ᠰᠢᠶᠠᠨ ᠢ ᠲᠦᠷᠭᠡᠳᠬᠡᠨ ᠪᠠᠶᠢᠭᠤᠯᠤᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ | ᠭᠦᠨᠵᠡᠭᠡᠶ ᠠᠬᠢᠭᠤᠯᠵᠤ᠂ ︽ᠭᠤᠷᠪᠠᠨ ᠳᠠᠭᠠᠤ ᠲᠤᠯᠤᠭᠠᠨ ᠣᠷᠣᠨ︾ ᠤ ᠭᠤᠤᠯᠳᠠᠯᠭ᠎ᠠ ᠲᠠᠢ ᠬᠡᠪᠴᠢᠶᠡᠨ ᠳᠠᠬᠢ | ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠬᠤ ᠶᠢ ᠵᠠᠰᠠᠬᠤ ᠶᠢ ᠲᠦᠷᠭᠡᠳᠬᠡᠵᠦ᠂ ᠬᠤᠰᠢᠭᠤᠨ | ᠣᠷᠣᠰᠢᠭᠤᠯᠭ᠎ᠠ ᠶᠢᠨ ᠭᠠᠵᠠᠷ ᠢ ᠪᠠᠶᠢᠭᠤᠯᠤᠨ ᠡᠵᠡᠩᠨᠡᠬᠦ ᠶᠢ ᠠᠬᠢᠭᠤᠯᠵᠤ᠂ ᠬᠥᠳᠡᠭᠡ ᠲᠣᠰᠬᠤᠨ ᠤ ᠨᠡᠶᠢᠲᠡ ᠶᠢᠨ | ᠠᠰᠠᠷᠠᠮᠵᠢ ᠶᠢᠨ ᠴᠢᠨᠠᠷᠲᠠᠶ ᠪᠤᠯᠠᠰᠢᠨ ᠭᠠᠵᠠᠷ ᠤᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ | ︵ᠵᠢᠷᠭᠤᠭ᠎ᠠ︶ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠨ ᠬᠥᠭᠵᠢᠭᠦᠯᠬᠦ ᠶᠢ ᠪᠠᠷᠢᠮᠲᠠᠯᠠᠵᠤ᠂ ᠣᠯᠠᠨ | ᠲᠦᠮᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠪᠥᠬᠦ ᠬᠦᠴᠦᠨ ᠢᠶᠠᠷ ᠢᠶᠠᠨ ᠳᠡᠭᠡᠭᠰᠢᠯᠡᠭᠦᠯᠦᠨ᠎ᠡ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠡᠳᠬᠢᠯ ᠲᠠᠯᠪᠢᠨ ᠬᠦᠴᠦᠯᠡᠨ ᠰᠠᠶᠢᠲᠤᠷ ᠬᠢᠬᠦ ᠬᠡᠷᠡᠭᠲᠡᠢ᠃ | ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠬᠢᠬᠦ ᠪᠣᠯ ᠬᠤᠰᠢᠭᠤᠨ ᠤ ᠠᠷᠠᠳ ᠤᠨ ᠵᠠᠰᠠᠭ ᠤᠨ | ᠣᠷᠳᠣᠨ ᠠᠴᠠ ᠪᠥᠬᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯᠤᠨ ᠪᠥᠬᠦ | ᠬᠤᠰᠢᠭᠤᠨ ᠤ ᠠᠷᠠᠳ ᠣᠯᠠᠨ ᠳᠤ ᠠᠮᠠᠯᠳᠠᠭᠰᠠᠨ ᠲᠥᠪ ᠴᠢᠩᠭ᠎ᠠ ᠠᠮᠠᠯᠠᠯᠲᠠ ᠪᠣᠯᠤᠨ᠎ᠠ᠃ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ | ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ | ᠡᠨᠡ ᠵᠢᠯ ᠠᠷᠠᠳ ᠤᠨ ᠠᠮᠢᠳᠤᠷᠠᠯ ᠤᠨ 10 ᠵᠦᠢᠯ ᠤᠨ ᠪᠣᠳᠠᠲᠤ ᠶᠠᠪᠤᠳᠠᠯ ᠤᠨ ᠵᠦᠢᠯᠡᠰ ᠢ ᠬᠡᠷᠡᠭᠵᠢᠭᠦᠯᠬᠦ ᠪᠠᠷ | ᠲᠥᠯᠥᠪᠯᠡᠵᠦ᠂ ᠶᠡᠭᠡ ᠬᠤᠷᠠᠯ ᠳᠤ ᠳᠡᠪᠰᠢᠭᠦᠯᠵᠦ ᠫᠢᠶᠣᠣ ᠥᠭᠴᠦ ᠰᠣᠩᠭᠤᠨ ᠲᠣᠭᠲᠠᠭᠠᠯᠭᠠᠨ᠎ᠠ᠃ | ᠠᠮᠠᠯᠳᠠᠭᠰᠠᠨ ᠢᠶᠠᠨ ᠵᠠᠪᠠᠯ ᠪᠡᠶᠡᠯᠡᠭᠦᠯᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠣᠩᠭᠤᠨ | ᠲᠣᠭᠲᠠᠭᠠᠭᠰᠠᠨ ᠤ ᠳᠠᠷᠠᠭ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠥᠬᠦ ᠬᠦᠴᠦᠨ ᠢᠶᠠᠷ ᠢᠶᠠᠨ ᠡᠲᠡᠭᠡᠷ | ᠪᠣᠳᠠᠲᠤ ᠶᠠᠪᠤᠳᠠᠯ ᠢ ᠰᠠᠶᠢᠲᠤᠷ ᠪᠦᠲᠦᠭᠡᠵᠦ᠂ ᠵᠢᠯ ᠤᠨ ᠡᠴᠦᠰ ᠲᠤ ᠪᠠᠷᠢᠮᠵᠢᠶ᠎ᠠ ᠶᠢ ᠬᠠᠷᠭᠤᠭᠤᠯᠤᠨ ᠲᠠᠩᠰᠠ | ᠲᠤᠰᠢᠶᠠᠵᠤ᠂ ᠪᠥᠬᠦ ᠬᠤᠰᠢᠭᠤᠨ ᠤ ᠠᠷᠠᠳ ᠲᠦᠮᠡᠨ ᠳᠤ ᠬᠠᠨᠤᠮᠵᠢᠲᠠᠶ ᠬᠠᠷᠢᠭᠤᠯᠲᠠ ᠶᠢᠨ ᠬᠠᠭᠤᠳᠠᠰᠤ | ᠲᠤᠰᠢᠶᠠᠬᠤ ᠪᠠᠷ ᠴᠢᠷᠮᠠᠶᠢᠨ᠎ᠠ᠃ | ᠠᠵᠢᠯ ᠣᠯᠭᠤᠯᠲᠠ ᠶᠢᠨ ᠣᠷᠣᠯᠭ᠎ᠠ ᠶᠢᠨ ᠨᠡᠮᠡᠭᠳᠡᠯ ᠢ ᠪᠦᠬᠦ ᠬᠦᠴᠦᠨ ᠢᠶᠠᠷ ᠢᠶᠠᠨ ᠠᠬᠢᠭᠤᠯᠤᠨ᠎ᠠ᠃ ᠠᠵᠤ | ᠠᠬᠤᠶᠢᠯᠠᠯ ᠢ ᠳᠡᠮᠵᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠬᠤ ᠲᠥᠷᠥ ᠶᠢᠨ ᠪᠣᠳᠣᠯᠭ᠎ᠠ ᠶᠢ ᠬᠢᠨᠠᠮᠠᠭᠠᠶ | ᠨᠠᠶᠢᠳᠠᠪᠤᠷᠢᠵᠢᠭᠤᠯᠵᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠠᠴᠠ ᠭᠠᠳᠠᠭᠤᠷᠬᠢ ᠠᠵᠢᠯᠲᠠᠨ ᠡᠯᠰᠡᠬᠦ | ᠴᠤᠭᠯᠠᠭᠠᠨ ᠢ ᠪᠠᠶᠢᠩᠭᠤᠵᠢᠭᠤᠯᠤᠨ ᠥᠷᠨᠢᠭᠦᠯᠦᠨ᠎ᠡ᠃ ᠪᠥᠬᠦ ᠬᠤᠰᠢᠭᠤᠨ ᠤ ᠭᠤᠤᠯᠯᠠᠬᠤ ᠠᠵᠤ ᠤᠶᠢᠯᠡᠰ ᠤᠨ | ᠠᠵᠢᠯᠴᠢᠨ ᠬᠡᠷᠡᠭᠯᠡᠬᠦ ᠬᠡᠷᠡᠭᠴᠡᠭᠡ ᠱᠠᠭᠠᠷᠳᠠᠯᠭ᠎ᠠ ᠶᠢᠨ ᠲᠣᠭᠤᠷᠢᠨ ᠳᠤ᠂ ᠬᠠᠨᠳᠤᠯᠭᠠᠲᠤ ᠴᠢᠨᠠᠷᠲᠠᠶ ᠠᠵᠢᠯ | ᠣᠯᠭᠤᠯᠲᠠ ᠶᠢᠨ ᠪᠣᠯᠪᠠᠰᠤᠷᠠᠭᠤᠯᠤᠯ ᠢ ᠦᠷᠭᠦᠯᠵᠢᠯᠡᠨ ᠬᠡᠷᠡᠭᠵᠢᠭᠦᠯᠵᠦ᠂ ᠠᠵᠢᠯ ᠣᠯᠭᠤᠯᠲᠠ ᠶᠢᠨ ᠬᠠᠩᠭᠠᠯᠭ᠎ᠠ ᠶᠢᠨ | ᠲᠠᠯ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠠᠵᠢᠯ ᠤᠨ ᠪᠠᠶᠢᠷᠢ ᠶᠢ | ᠰᠢᠨᠵᠢᠯᠡᠬᠦ ᠤᠬᠠᠭᠠᠨᠴᠢ ᠪᠠᠷ ᠨᠢᠭᠡᠳᠦᠯᠲᠡᠶ ᠲᠥᠯᠥᠪᠯᠡᠨ ᠲᠣᠬᠢᠷᠠᠭᠤᠯᠵᠤ᠂ ᠵᠡᠮᠳᠡᠭᠴᠦᠳ ᠤᠨ ᠬᠡᠷ ᠪᠦᠯᠢ᠂ ᠨᠢᠭᠡ ᠴᠦ | ᠠᠵᠢᠯ ᠣᠯᠤᠭᠰᠠᠨ ᠥᠬᠡᠶ ᠬᠡᠷ ᠪᠦᠯᠢ᠂ ᠠᠵᠢᠯ ᠤᠯᠬᠤ ᠳᠤ ᠬᠦᠴᠢᠷᠲᠡᠶ ᠴᠡᠷᠢᠭ ᠠᠴᠠ ᠬᠠᠯᠠᠭᠳᠠᠭᠰᠠᠳ ᠪᠠ | ᠬᠤᠲᠠ ᠳᠤ ᠣᠷᠣᠵᠤ ᠬᠥᠯᠥᠰᠥᠨ ᠠᠵᠢᠯ ᠬᠢᠵᠦ ᠪᠠᠶᠢᠭ᠎ᠠ ᠮᠠᠯᠴᠢᠨ ᠲᠠᠷᠢᠶᠠᠴᠢᠨ ᠵᠡᠷᠭᠡ ᠶᠢᠨ ᠠᠵᠢᠯ ᠤᠯᠬᠤ | ᠠᠰᠠᠭᠤᠳᠠᠯ ᠢ ᠦᠨᠡᠨᠬᠦ ᠰᠢᠢᠳᠪᠤᠷᠢᠯᠡᠵᠤ᠂ ᠠᠮᠢᠳᠤᠯᠢᠭ ᠢᠶᠠᠷ ᠠᠵᠢᠯ ᠤᠯᠬᠤ᠂ ᠠᠳᠠᠯ ᠣᠶᠢᠯᠡᠰ ᠴᠣᠭᠴᠠᠯᠠᠨ ᠠᠵᠢᠯ | ᠤᠯᠬᠤ ᠶᠢ ᠣᠯᠠᠨ ᠠᠷᠭ᠎ᠠ ᠵᠠᠮ ᠢᠶᠠᠷ ᠳᠡᠮᠵᠢᠨ᠎ᠡ᠃ ᠰᠤᠷᠭᠠᠨ ᠬᠥᠮᠦᠵᠢᠯ᠂ ᠡᠮ ᠡᠮᠨᠡᠯᠭᠡ᠂ ᠬᠠᠤᠯᠢ ᠴᠠᠭᠠᠵᠠ ᠵᠡᠷᠭᠡ | ᠲᠠᠯ᠎ᠠ ᠪᠠᠷ ᠳᠤᠲᠠᠭᠳᠠᠵᠤ ᠪᠠᠶᠢᠭ᠎ᠠ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠦᠷᠭᠦᠯᠵᠢᠯᠡᠨ ᠣᠷᠣᠭᠤᠯᠤᠨ | ᠠᠪᠴᠢᠷᠠᠵᠤ᠂ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠤᠨ ᠬᠠᠤᠯᠢ ᠶᠢᠨ ᠶᠠᠪᠤᠳᠠᠯ ᠤᠨ ᠠᠵᠢᠯᠳᠠᠨ | ᠲᠣᠬᠢᠷᠠᠭᠤᠯᠬᠤ ᠶᠢ ᠠᠬᠢᠭᠤᠯᠤᠨ᠎ᠠ᠃ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ ᠰᠤᠷᠭᠠᠨ ᠬᠥᠮᠦᠵᠢᠯ ᠤᠨ ᠶᠠᠰᠤ ᠴᠢᠨᠠᠷ ᠢ ᠰᠠᠶᠢᠲᠤᠷ | ᠠᠳᠬᠤᠨ᠎ᠠ᠃ ᠳᠥᠷᠪᠡᠳᠦᠭᠡᠷ ᠬᠤᠭᠤᠴᠠᠭᠠᠨ ᠤ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ | ᠵᠢᠯ ᠤᠨ ᠠᠵᠢᠯᠯᠠᠭᠠᠨ ᠤ ᠲᠥᠯᠥᠪᠯᠡᠭᠡ ᠶᠢ ᠬᠡᠷᠡᠭᠵᠢᠭᠦᠯᠵᠦ᠂ ᠬᠤᠲᠠ ᠪᠠᠯᠭᠠᠰᠤ ᠶᠢᠨ ᠬᠡᠤᠬᠡᠳ ᠤᠨ ᠴᠡᠴᠡᠷᠯᠢᠭ ᠤᠨ | ᠪᠥᠲᠥᠭᠡᠨ ᠪᠠᠶᠢᠭᠤᠯᠤᠯᠲᠠ ᠶᠢᠨ ᠬᠠᠮᠢᠶᠠᠷᠤᠯᠲᠠ ᠶᠢ ᠢᠵᠢ ᠪᠥᠷᠢᠳᠦᠭᠦᠯᠦᠨ ᠲᠡᠭᠦᠯᠳᠡᠷᠵᠢᠭᠦᠯᠵᠦ᠂ ᠰᠤᠷᠬᠤ | ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠲᠦᠭᠡᠮᠡᠯ ᠬᠠᠷᠠᠭᠠᠯᠵᠠᠯ ᠤᠨ ︽ᠬᠤᠰᠢᠭᠤ ᠠᠴᠠ ᠬᠠᠮᠢᠶᠠᠷᠴᠤ | ᠰᠤᠷᠭᠠᠭᠤᠯᠢ ᠳᠤ ᠤᠷᠢᠬᠤ︾ ᠥᠭᠡᠷᠡᠴᠢᠯᠡᠯᠲᠡ ᠶᠢ ᠠᠬᠢᠭᠤᠯᠵᠤ᠂ ᠬᠤᠰᠢᠭᠤᠨ ᠤ ᠬᠡᠪᠴᠢᠶᠡᠨ ᠳᠣᠲᠣᠷᠠᠬᠢ | ᠪᠠᠭᠰᠢ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠠᠭᠰᠢ ᠶᠢᠨ ᠡᠩᠨᠡᠭᠡ ᠶᠢᠨ | ᠠᠮᠢᠵᠢᠷᠠᠯ ᠤᠨ ᠬᠦᠴᠦᠨ ᠢ ᠬᠥᠭᠵᠢᠭᠡᠨ᠎ᠡ᠃ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠤᠷᠭᠠᠨ | ᠬᠥᠮᠦᠵᠢᠯ ᠤᠨ ︽ᠭᠤᠷᠪᠠᠨ ᠨᠡᠷᠡᠰ︾ ᠤᠨ ᠠᠵᠢᠯᠯᠠᠭ᠎ᠠ ᠶᠢ ᠡᠬᠢᠯᠡᠭᠦᠯᠦᠨ ᠬᠡᠷᠡᠭᠵᠢᠭᠦᠯᠵᠦ᠂ ᠥᠨᠳᠥᠷ ᠵᠡᠷᠭᠡ ᠶᠢᠨ | ᠳᠤᠮᠳᠠᠳᠤ ᠰᠤᠷᠭᠠᠭᠤᠯᠢ ᠶᠢᠨ ᠱᠠᠲᠤ ᠦᠶ᠎ᠡ ᠶᠢᠨ ᠨᠠᠷᠠᠲᠤ ᠰᠤᠷᠭᠠᠭᠤᠯᠢ ᠶᠢ ᠣᠷᠣᠭᠤᠯᠤᠨ ᠠᠪᠴᠢᠷᠠᠬᠤ᠂ ᠨᠠᠷᠠᠲᠤ | ᠪᠠᠭᠰᠢ ᠶᠢ ᠬᠥᠮᠦᠵᠢᠭᠦᠯᠬᠦ ᠪᠠ ᠬᠠᠮᠲᠤᠷᠠᠨ ᠰᠤᠷᠭᠠᠭᠤᠯᠢ ᠡᠷᠭᠢᠯᠡᠬᠦ ᠶᠢ ᠲᠦᠷᠭᠡᠳᠬᠡᠨ᠂ ᠬᠤᠰᠢᠭᠤᠨ ᠲᠠᠰ ᠤᠨ | ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢ ᠬᠦᠴᠦ ᠣᠷᠣᠭᠤᠯᠤᠨ ᠰᠠᠶᠢᠲᠤᠷ ᠡᠷᠭᠢᠯᠡᠨ᠎ᠡ᠃ ᠤᠯᠤᠰ ᠤᠨ | ᠪᠣᠯᠪᠠᠰᠤᠷᠠᠭᠤᠯᠤᠯᠤᠨ ᠲᠥᠯᠥᠪᠯᠡᠭᠡ ᠶᠢᠨ ᠶᠠᠳᠠᠭᠤ ᠬᠦᠴᠢᠷᠳᠡᠯᠲᠡᠶ ᠭᠠᠵᠠᠷ ᠣᠷᠣᠨ ᠤ ︽ᠨᠢᠭᠡ ᠳᠤ ᠨᠢᠭᠡ ᠶᠢᠨ︾ ᠶᠢᠨ | ᠨᠠᠷᠢᠯᠢᠭ ᠤᠨᠤᠪᠴᠢᠲᠠᠢ ᠪᠠᠷ ᠬᠠᠪᠰᠤᠷᠤᠨ ᠲᠡᠳᠬᠦᠬᠦ ᠪᠣᠯᠪᠠᠰᠤᠷᠠᠭᠤᠯᠤᠯ ᠤᠨ ᠲᠥᠷᠥᠯ ᠵᠤᠶᠢᠯ ᠢ ᠬᠡᠷᠡᠭᠵᠢᠭᠦᠯᠵᠦ᠂ | ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠥᠰᠥᠭ ᠪᠢᠴᠢᠭ ᠪᠠ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠨ᠎ᠠ᠃ ᠠᠵᠢᠯ ᠮᠡᠷᠭᠡᠵᠢᠯ ᠤᠨ ᠰᠤᠷᠭᠠᠨ | ᠬᠥᠮᠦᠵᠢᠯ ᠤᠨ ᠦᠢᠯᠡᠳᠪᠦᠷᠢᠯᠡᠯ ᠪᠠ ᠰᠤᠷᠭᠠᠨ ᠬᠥᠮᠦᠵᠢᠯ ᠤᠨ ᠠᠭᠤᠰᠤᠯᠴᠠᠨ ᠬᠥᠭᠵᠢᠬᠦ ᠶᠢ ᠲᠦᠯᠬᠢᠨ ᠠᠬᠢᠭᠤᠯᠵᠤ᠂ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠢ ᠬᠠᠤᠯᠢ ᠶᠣᠰᠣᠭᠠᠷ ᠶᠠᠪᠤᠭᠳᠠᠭᠤᠯᠪᠠ᠃ | ᠨᠡᠶᠢᠭᠡᠮ ᠤᠨ ᠪᠠᠲᠤᠯᠠᠭ᠎ᠠ ᠶᠢᠨ ᠨᠠᠭᠠᠳᠤ ᠵᠠᠬ᠎ᠠ ᠶᠢᠨ ᠪᠠᠷᠢᠮᠵᠢᠶ᠎ᠠ ᠶᠢ ᠨᠢᠭᠲᠠ ᠠᠵᠤ ᠠᠬᠤᠶᠢᠯᠠᠯ ᠤᠨ ᠠᠵᠢᠯᠳᠠᠨ | ᠠᠵᠢᠯᠴᠢᠨ ᠤ ᠨᠠᠰᠤᠵᠢᠯ ᠤᠨ ᠳᠠᠭᠠᠳᠬᠠᠯ ᠤᠨ ᠬᠡᠪᠴᠢᠶ᠎ᠡ ᠶᠢ ᠥᠷᠭᠡᠳᠬᠡᠨ ᠲᠠᠲᠠᠪᠤᠷᠢᠯᠠᠨ ᠲᠤᠰᠢᠶᠠᠬᠤ ᠠᠵᠢᠯ ᠢ | ᠰᠠᠶᠢᠲᠤᠷ ᠬᠢᠵᠦ᠂ ᠠᠮᠢᠳᠤᠯᠢᠭ ᠢᠶᠠᠷ ᠠᠵᠢᠯ ᠣᠯᠤᠭᠰᠠᠳ ᠤᠨ ᠳᠠᠭᠠᠳᠬᠠᠯ ᠳᠤ ᠣᠷᠣᠯᠴᠠᠬᠤ ᠬᠡᠪᠴᠢᠶ᠎ᠡ ᠶᠢ | ᠦᠷᠭᠦᠯᠵᠢᠯᠡᠨ ᠥᠷᠭᠡᠳᠬᠡᠨ᠎ᠡ᠃ ᠠᠵᠢᠯᠲᠠᠨ ᠠᠵᠢᠯᠴᠢᠨ ᠤ ᠡᠮ ᠡᠮᠨᠡᠯᠭᠡ ᠶᠢᠨ ᠳᠠᠭᠠᠳᠬᠠᠯ ᠤᠨ ᠬᠤᠲᠠ ᠶᠢᠨ | ᠱᠠᠲᠤᠨ ᠤ ᠨᠢᠭᠡᠳᠦᠯᠲᠡᠶ ᠲᠥᠯᠥᠪᠯᠡᠬᠦ ᠶᠢ ᠠᠬᠢᠭᠤᠯᠵᠤ᠂ ᠡᠮ ᠡᠮᠨᠡᠯᠭᠡ ᠶᠢᠨ ᠳᠠᠭᠠᠳᠬᠠᠯ ᠤᠨ ᠡᠯᠧᠺᠲᠷᠣᠨ ᠭᠡᠷᠡᠴᠢ | ᠪᠠᠷᠢᠮᠲᠠ ᠶᠢᠨ ᠬᠡᠷᠡᠭᠯᠡᠯᠲᠡ ᠶᠢ ᠪᠥᠬᠦ ᠲᠠᠯ᠎ᠠ ᠪᠠᠷ ᠳᠡᠯᠭᠡᠷᠡᠭᠦᠯᠦᠨ᠂ ᠴᠡᠭ ᠲᠣᠭᠲᠠᠭᠠᠭᠰᠠᠨ ᠡᠮᠴᠢᠯᠡᠭᠡᠨ ᠤ | ᠪᠠᠶᠢᠭᠤᠯᠤᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠷᠠᠭᠤᠯᠵᠤ᠂ ᠮᠡᠬᠡᠯᠡᠨ ᠬᠢᠬᠠᠬᠤ ᠬᠤᠲᠠ ᠪᠠᠯᠭᠠᠰᠤ ᠶᠢᠨ | ᠬᠦᠴᠢᠷᠳᠡᠯᠲᠡᠶ ᠠᠵᠢᠯᠲᠠᠨ ᠠᠵᠢᠯᠴᠢᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠲᠠᠪᠤᠨ ᠪᠠᠲᠤᠯᠠᠭᠠᠲᠤ | ᠡᠷᠦᠬᠡ᠂ ᠵᠡᠮᠳᠡᠭᠴᠦᠳ ᠢ ᠠᠰᠠᠷᠠᠨ ᠬᠠᠷᠠᠭᠠᠯᠵᠠᠬᠤ ᠬᠥᠮᠦᠰ ᠢ ᠠᠪᠤᠷᠠᠨ ᠲᠤᠰᠠᠯᠠᠬᠤ ᠠᠵᠢᠯ ᠢ ᠴᠢᠩᠭᠠᠳᠬᠠᠵᠤ᠂ | ᠪᠠᠲᠤᠯᠠᠬᠤ ᠶᠣᠰᠣᠲᠠᠶ ᠶᠢ ᠨᠢ ᠪᠦᠬᠦᠨ ᠢ ᠪᠠᠲᠤᠯᠠᠵᠤ᠂ ᠠᠪᠤᠷᠠᠪᠠᠰᠤ ᠵᠣᠬᠢᠬᠤ ᠶᠢ ᠨᠢ ᠪᠦᠬᠦᠨ ᠢ ᠠᠪᠤᠷᠠᠬᠤ ᠶᠢ | ᠪᠡᠶᠡᠯᠡᠭᠦᠯᠦᠨ᠎ᠡ᠃ ᠬᠥᠳᠡᠯᠮᠦᠷᠢ ᠶᠢᠨ ᠬᠢᠨᠠᠨ ᠪᠠᠶᠢᠴᠠᠭᠠᠯᠲᠠ ᠶᠢᠨ ︽ᠬᠤᠶᠠᠷ ᠲᠣᠣᠷᠵᠢᠭᠤᠯᠤᠯᠲᠠ︾ ᠶᠢᠨ | ᠪᠠᠶᠢᠭᠤᠯᠤᠯᠲᠠ ᠶᠢ ᠴᠢᠩᠭᠠᠳᠬᠠᠵᠤ᠂ ᠴᠠᠯᠢᠩ ᠥᠷᠢᠲᠦᠬᠦ ᠠᠵᠢᠯᠯᠠᠭ᠎ᠠ ᠶᠢ ᠬᠠᠤᠯᠢ ᠶᠣᠰᠣᠭᠠᠷ ᠰᠢᠢᠳᠪᠤᠷᠢᠯᠡᠵᠤ᠂ | ᠴᠠᠯᠢᠩ ᠥᠷᠢᠲᠦᠬᠦ ᠠᠰᠠᠭᠤᠳᠠᠯ ᠢ ᠪᠦᠬᠦ ᠲᠠᠯ᠎ᠠ ᠪᠠᠷ ᠦᠨᠳᠦᠰᠦᠨ ᠠᠴᠠ ᠨᠢ ᠵᠠᠰᠠᠨ᠎ᠠ᠃ | ᠡᠮᠴᠢᠯᠡᠭᠡᠨ ᠤ ᠦᠢᠯᠡᠴᠢᠯᠡᠭᠡ ᠶᠢᠨ ᠪᠠᠲᠤᠯᠠᠭ᠎ᠠ ᠶᠢ ᠦᠷᠭᠦᠯᠵᠢᠯᠡᠨ ᠰᠢᠯᠢᠳᠡᠭᠵᠢᠭᠦᠯᠦᠨ᠎ᠡ᠃ ︽ᠬᠥᠮᠦᠨ︾ ︽ | ᠪᠣᠳᠠᠰ︾ ᠢ ᠬᠠᠮᠲᠤ ᠳᠤᠨᠢ ᠰᠡᠷᠭᠡᠶᠢᠯᠡᠬᠦ ᠶᠢ ᠪᠠᠷᠢᠮᠲᠠᠯᠠᠵᠤ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ | ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠩᠭᠤ ᠶᠢᠨ ᠡᠯ᠎ᠡ ᠵᠤᠶᠢᠯ ᠤᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ᠂ ᠸᠠᠺᠼᠢᠨ ᠤ ᠲᠠᠷᠢᠯᠭ᠎ᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠥᠷᠨᠢᠭᠦᠯᠦᠨ᠎ᠡ᠃ | ᠬᠤᠯᠤᠭᠠᠨ᠎ᠠ ᠬᠢᠵᠢᠭ ᠰᠡᠷᠭᠡᠶᠢᠯᠡᠬᠦ ᠴᠢᠳᠠᠪᠤᠷᠢᠲᠠᠨ᠂ ᠡᠩᠨᠡᠭᠡ᠂ ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠵᠤ᠂ | ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠪᠡᠭᠡᠵᠢᠩ᠂ | ᠬᠥᠬᠡᠬᠤᠲᠠ ᠵᠡᠷᠭᠡ ᠭᠠᠵᠠᠷ ᠣᠷᠣᠨ ᠯᠤᠭ᠎ᠠ ᠶᠢᠨ ᠬᠠᠮᠲᠤᠷᠠᠯᠴᠠᠭ᠎ᠠ ᠪᠠᠨ ᠭᠦᠨᠵᠡᠭᠡᠶᠢᠷᠡᠭᠦᠯᠵᠦ᠂ ᠠᠯᠤᠰ ᠡᠵᠡᠮᠰᠢᠯᠲᠦ | ᠡᠮᠴᠢᠯᠡᠭᠡᠨ ᠤ ᠪᠦᠷᠬᠦᠴᠡ ᠶᠢᠨ ᠡᠪᠡᠳᠴᠢᠨ ᠤ ᠲᠥᠷᠥᠯ ᠢ ᠦᠷᠭᠦᠯᠵᠢᠯᠡᠨ ᠥᠷᠭᠡᠳᠬᠡᠨ᠎ᠡ᠃ ᠤᠳᠠᠭᠠᠯᠢᠭ | ᠡᠪᠡᠳᠴᠢᠨ ᠢᠶᠠᠷ ᠡᠮ ᠬᠡᠷᠡᠭᠯᠡᠬᠦ ᠶᠢ ᠬᠤᠰᠢᠭᠤᠨ ᠳᠣᠲᠣᠷᠠᠬᠢ ᠲᠣᠭᠲᠠᠭᠰᠠᠨ ᠡᠮᠴᠢᠯᠡᠭᠡᠨ ᠤ ᠪᠠᠶᠢᠭᠤᠯᠤᠮᠵᠢ ᠠᠴᠠ | ᠰᠢᠭᠤᠳ ᠳ᠋ᠦᠩᠨᠡᠨ ᠪᠤᠳᠤᠬᠤ ᠶᠢ ᠠᠬᠢᠭᠤᠯᠵᠤ᠂ ᠤᠳᠠᠭᠠᠯᠢᠭ ᠡᠪᠡᠳᠴᠢᠨ ᠢᠶᠠᠷ ᠡᠮ ᠬᠡᠷᠡᠭᠯᠡᠬᠦ ᠳᠤ ᠰᠠᠭᠠᠳ ᠥᠬᠡᠶ | ᠨᠡᠪᠲᠡᠷᠡᠬᠦ ᠵᠠᠮ ᠢ ᠨᠡᠭᠡᠭᠡᠵᠦ᠂ ᠤᠳᠠᠭᠠᠯᠢᠭ ᠡᠪᠡᠳᠴᠢᠨ ᠢᠶᠠᠷ ᠡᠮ ᠬᠡᠷᠡᠭᠯᠡᠬᠦ ᠳᠤ ᠲᠥᠬᠦᠮ ᠦᠵᠡᠭᠦᠯᠦᠨ᠎ᠡ᠃ | ᠬᠤᠰᠢᠭᠤᠨ ᠤ ᠡᠮᠨᠡᠯᠭᠡ ᠶᠢᠨ ᠬᠤᠷᠢᠶ᠎ᠠ ᠶᠢᠨ ᠡᠭᠦᠳᠡᠨ ᠡᠮᠨᠡᠯᠭᠡ ᠶᠢᠨ ᠠᠰᠠᠷ ᠢ ᠥᠭᠡᠷᠡᠴᠢᠯᠡᠵᠦ ᠥᠷᠭᠡᠳᠬᠡᠨ | ᠪᠠᠶᠢᠭᠤᠯᠬᠤ ᠪᠠ ᠬᠠᠯᠳᠠᠪᠤᠷᠢᠲᠤ ᠡᠪᠡᠳᠴᠢᠨ ᠤ ᠠᠰᠠᠷ ᠤᠨ ᠲᠥᠷᠥᠯ ᠵᠤᠶᠢᠯ ᠢ ᠬᠡᠷᠡᠭᠵᠢᠭᠦᠯᠵᠦ᠂ ᠡᠷᠡᠭᠦᠯ ᠮᠡᠨᠳᠦ ᠶᠢᠨ | ᠤᠶᠢᠯᠡᠴᠢᠯᠡᠬᠡᠨ ᠤ ᠲᠣᠮᠣ ᠠᠰᠠᠷ ᠤᠨ ᠪᠡᠯᠡᠳᠬᠡᠮᠵᠢ ᠲᠥᠬᠦᠭᠡᠷᠦᠮᠵᠢ ᠶᠢ ᠳᠣᠭᠢᠷᠠᠭᠤᠯᠤᠨ ᠲᠡᠭᠦᠯᠳᠡᠷᠵᠢᠭᠦᠯᠵᠦ᠂ | ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠠᠰᠠᠷ ᠤᠨ ᠪᠥᠲᠥᠭᠡᠨ ᠪᠠᠶᠢᠭᠤᠯᠤᠯᠲᠠ ᠶᠢᠨ | ᠲᠥᠷᠥᠯ ᠵᠤᠶᠢᠯ ᠢ ᠴᠢᠷᠮᠠᠶᠢᠨ ᠣᠯᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠳᠤᠲᠠᠭᠤᠳᠠᠯ ᠢ ᠬᠦᠴᠦᠯᠡᠨ | ᠨᠥᠬᠦᠪᠥᠷᠢᠯᠡᠨ᠎ᠡ᠃ | ᠰᠣᠶᠣᠯ ᠪᠡᠶ᠎ᠡ ᠶᠢᠨ ᠲᠠᠮᠢᠷ ᠤᠨ ᠦᠢᠯᠡᠰ ᠢ ᠴᠡᠴᠡᠭᠯᠡᠭᠦᠯᠦᠨ ᠬᠥᠭᠵᠢᠭᠦᠯᠦᠨ᠎ᠡ᠃ ᠬᠤᠰᠢᠭᠤ ᠰᠢᠶᠠᠩ ᠲᠣᠰᠬᠤᠨ | ᠭᠤᠷᠪᠠᠨ ᠱᠠᠲᠤᠨ ᠤ ᠰᠢᠨ᠎ᠡ ᠴᠠᠭ ᠦᠶ᠎ᠡ ᠶᠢᠨ ᠪᠣᠯᠪᠠᠰᠤᠨ ᠤ ᠤᠶᠢᠯᠡᠳᠤᠯᠬᠡ ᠶᠢᠨ ᠥᠷᠲᠡᠭᠡ ᠭᠠᠵᠠᠷ ᠤᠨ | ᠤᠶᠢᠯᠡᠳᠤᠯ ᠢ ᠬᠦᠢᠴᠡᠳ ᠪᠠᠳᠠᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠠᠵᠢᠯᠯᠠᠭ᠎ᠠ ᠶᠢ | ᠥᠷᠭᠡᠨ ᠢᠶᠠᠷ ᠥᠷᠨᠢᠭᠦᠯᠵᠦ᠂ ᠣᠯᠠᠨ ᠨᠡᠶᠢᠲᠡ ᠶᠢᠨ ᠰᠣᠶᠣᠯ ᠤᠨ ᠤᠶᠢᠯᠡᠴᠢᠯᠡᠬᠡᠨ ᠤ ᠬᠠᠩᠭᠠᠯᠭ᠎ᠠ ᠶᠢᠨ ᠬᠢᠷᠢ | ᠲᠦᠪᠰᠢᠨ ᠢ ᠳᠡᠭᠡᠭᠰᠢᠯᠡᠭᠦᠯᠦᠨ᠎ᠡ᠃ ᠥᠨᠳᠥᠷ ᠪᠠᠷᠢᠮᠵᠢᠶᠠᠲᠤ ᠶᠡᠷᠦᠩᠬᠡᠶᠢᠯᠡᠭᠰᠡᠨ ᠪᠡᠶ᠎ᠡ ᠶᠢᠨ ᠲᠠᠮᠢᠷ ᠤᠨ ᠲᠠᠯᠠᠪᠤᠷ | ᠣᠷᠳᠣᠨ ᠪᠠ ᠰᠣᠶᠣᠯ ᠤᠨ ᠲᠠᠯᠠᠪᠤᠷ ᠣᠷᠳᠣᠨ ᠪᠠᠶᠢᠭᠤᠯᠬᠤ ᠶᠢ ᠠᠬᠢᠭᠤᠯᠵᠤ᠂ ᠤᠯᠠᠭᠠᠨᠮᠥ᠋ᠴᠢᠷ ᠤᠨ ᠪᠣᠯᠪᠠᠰᠤᠷᠠᠯ ᠤᠨ | ᠲᠢᠩᠬᠢᠮ ᠢ ᠥᠭᠡᠷᠡᠴᠢᠯᠡᠵᠦ ᠥᠷᠭᠡᠳᠬᠡᠨ ᠪᠠᠶᠢᠭᠤᠯᠬᠤ ᠲᠥᠷᠥᠯ ᠵᠣᠶᠢᠯ ᠢ ᠬᠡᠷᠡᠭᠵᠢᠭᠦᠯᠦᠨ᠎ᠡ᠃ ᠤᠳᠬ᠎ᠠ | ᠤᠷᠠᠯᠢᠭ ᠤᠨ ᠪᠦᠲᠦᠭᠡᠯ ᠤᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠢ ᠥᠷᠨᠢᠭᠦᠯᠵᠦ᠂ ︽ᠬᠤᠩᠭᠤᠯᠲᠤ ᠶᠢᠨ | ᠳᠠᠶᠢᠯᠠᠯᠳᠤᠭᠠᠨ︾ ᠢ ᠨᠠᠶᠢᠷᠠᠭᠤᠯᠤᠨ ᠵᠣᠬᠢᠶᠠᠬᠤ ᠠᠬᠢᠴᠠ ᠶᠢ ᠲᠦᠷᠭᠡᠳᠬᠡᠨ᠂ ᠨᠢᠭᠡ ᠪᠦᠯᠦᠭ ᠤᠳᠬ᠎ᠠ ᠤᠷᠠᠯᠢᠭ ᠤᠨ | ᠰᠣᠳᠣᠨ ᠪᠦᠲᠦᠭᠡᠯ ᠢ ᠦᠷᠭᠦᠯᠵᠢᠯᠡᠨ ᠪᠣᠶ ᠪᠣᠯᠭᠠᠨ᠎ᠠ᠃ ᠪᠦᠬᠦ ᠠᠷᠠᠳ ᠤᠨ ᠪᠡᠶ᠎ᠡ ᠮᠠᠬᠠᠪᠣᠳ ᠢᠶᠠᠨ | ᠴᠢᠭᠢᠷᠠᠭᠵᠢᠭᠤᠯᠬᠤ ᠠᠵᠢᠯᠯᠠᠭ᠎ᠠ ᠶᠢ ᠡᠷᠬᠢᠯᠡᠵᠦ᠂ ᠪᠦᠬᠦ ᠠᠷᠠᠳ ᠤᠨ ᠪᠡᠶ᠎ᠡ ᠮᠠᠬᠠᠪᠣᠳ ᠤᠨ ᠬᠡᠪ | ︵ᠲᠤᠯᠤᠭ᠎ᠠ︶ ᠠᠮᠤᠷ ᠲᠦᠪᠰᠢᠨ ᠲᠣᠭᠲᠠᠭᠤᠨ ᠢᠶᠠᠷ ᠬᠥᠭᠵᠢᠬᠦ ᠶᠢ ᠪᠠᠷᠢᠮᠲᠠᠯᠠᠵᠤ᠂ ᠴᠢᠨᠠᠷ ᠰᠠᠶᠢᠲᠠᠢ | ᠬᠥᠭᠵᠢᠯᠲᠡ ᠶᠢᠨ ᠬᠠᠯᠬᠠᠪᠴᠢ ᠶᠢ ᠪᠦᠬᠦ ᠬᠦᠴᠦᠨ ᠢᠶᠠᠷ ᠢᠶᠠᠨ ᠪᠠᠬᠢᠵᠢᠭᠦᠯᠦᠨ᠎ᠡ | ᠦᠨᠳᠦᠰᠦᠲᠡᠨ ᠤ ᠪᠦᠯᠬᠦᠮᠳᠡᠯ ᠤᠨ ᠤᠬᠠᠮᠰᠠᠷ ᠢ ᠪᠠᠲᠤ ᠪᠠᠬᠢ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ︽ | ᠨᠠᠢᠮᠠ ᠳᠤ ᠣᠷᠣᠭᠤᠯᠬᠤ︾ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠠᠬᠢᠭᠤᠯᠵᠤ᠂ ᠣᠯᠠᠨ | ᠨᠡᠶᠢᠲᠡ ᠶᠢᠨ ᠲᠠᠯᠠᠪᠤᠷ ᠲᠤ ᠵᠠᠬ᠎ᠠ ᠳᠡᠯᠭᠡᠭᠦᠷ ᠤᠨ ᠮᠣᠩᠭᠤᠯ ᠬᠢᠲᠠᠳ ᠥᠰᠥᠭ ᠪᠢᠴᠢᠭᠢ ᠵᠡᠷᠭᠡᠪᠡᠷ ᠬᠡᠷᠡᠭᠯᠡᠬᠦ ᠶᠢᠨ | ᠵᠡᠷᠭᠡ ᠪᠠᠷ ᠲᠤᠰᠬᠠᠶ ᠴᠡᠭᠴᠡᠯᠡᠨ ᠵᠠᠰᠠᠬᠤ ᠶᠢ ᠥᠷᠨᠢᠭᠦᠯᠵᠦ᠂ ᠪᠥᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠳᠠᠪᠰᠢᠯᠲᠠ ᠶᠢᠨ ᠵᠢᠱᠢᠶ᠎ᠡ ᠦᠵᠡᠭᠦᠯᠬᠦ ᠬᠤᠰᠢᠭᠤ ᠶᠢ ᠴᠢᠷᠮᠠᠶᠢᠨ ᠡᠭᠦᠳᠬᠦ ᠬᠡᠷᠡᠭᠲᠡᠶ᠃ ᠦᠨᠳᠦᠰᠦᠲᠡᠨ ᠤ ᠠᠵᠢᠯ ᠢ | ᠪᠥᠬᠦ ᠲᠠᠯ᠎ᠠ ᠪᠠᠷ ᠴᠢᠩᠭᠠᠳᠬᠠᠨ ᠰᠠᠶᠢᠵᠢᠷᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ | ᠦᠵᠡᠯ ᠤᠬᠠᠮᠰᠠᠷ ᠤᠨ ᠬᠥᠮᠦᠵᠢᠯ ᠤᠨ ︽ᠠᠬᠢᠴᠠ ᠶᠢᠨ ᠲᠢᠩᠬᠢᠮ᠂ ᠣᠷᠳᠣ ᠬᠤᠩᠭᠢᠯ ᠳᠤ ᠣᠷᠣᠬᠤ︾ ᠶᠢ ᠳᠥᠯᠭᠢᠨ | ᠠᠬᠢᠭᠤᠯᠵᠤ᠂ ᠺᠠᠳ᠋ᠷ ᠤᠨ ᠬᠥᠮᠦᠵᠢᠯ᠂ ᠰᠤᠷᠭᠠᠭᠤᠯᠢ ᠶᠢᠨ ᠬᠥᠮᠦᠵᠢᠯ᠂ ᠨᠡᠶᠢᠭᠡᠮ ᠤᠨ ᠬᠥᠮᠦᠵᠢᠯ ᠢ ᠴᠢᠩᠭᠠᠳᠬᠠᠨ᠎ᠠ᠃ | | ᠮᠥᠩᠭᠦᠨ ᠭᠦᠢᠯᠭᠡᠭᠡᠨ ᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ︽ᠴᠢᠩᠳᠠᠯᠠᠬᠤ︾ | ᠣᠶᠢᠯᠠᠭᠠᠭᠳᠠᠬᠤᠨ ᠢ ᠵᠠᠰᠠᠭ ᠤᠨ ᠣᠷᠳᠣᠨ ᠤ ᠠᠵᠢᠯ ᠳᠤ ᠢᠮᠠᠭᠲᠠ ᠲᠤᠭᠤᠰᠢᠯᠠᠭᠤᠯᠬᠤ ᠶᠢ ᠪᠠᠷᠢᠮᠲᠠᠯᠠᠵᠤ᠂ ᠴᠢᠬᠤᠯᠠ | ᠪᠤᠰᠤ ᠵᠠᠷᠤᠯᠭ᠎ᠠ ᠶᠢ ᠡᠷᠡᠰ ᠦᠭᠡᠶᠢᠰᠬᠡᠵᠦ᠂ ᠬᠠᠲᠠᠭᠤ ᠪᠤᠰᠤ ᠵᠠᠷᠤᠯᠭ᠎ᠠ ᠶᠢ ᠪᠠᠭᠠᠰᠬᠠᠨ᠂ ᠡᠳ᠋ ᠤᠨ ᠵᠠᠰᠠᠭ ᠤᠨ | ᠲᠥᠰᠦᠪ ᠤᠨ ᠬᠠᠲᠠᠭᠤ ᠬᠢᠵᠠᠭᠠᠷᠯᠠᠯ ᠢ ᠴᠢᠩᠭᠠᠷᠠᠭᠤᠯᠤᠨ᠎ᠠ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ | ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠵᠤ᠂ ᠲᠠᠪᠴᠠᠩ ᠤᠨ ᠺᠣᠮᠫᠠᠨᠢ ᠶᠢᠨ ᠪᠣᠳᠠᠲᠤ ᠴᠣᠭᠴᠠ ᠶᠢᠨ ᠠᠵᠤ | ᠠᠬᠤᠶ ᠲᠡᠶᠢᠰᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢ ᠠᠬᠢᠭᠤᠯᠵᠤ᠂ ᠣᠷᠣᠯᠭ᠎ᠠ ᠪᠦᠲᠦᠭᠡᠬᠦ ᠴᠢᠳᠠᠪᠤᠷᠢ ᠪᠠᠨ | ᠨᠡᠮᠡᠭᠳᠡᠭᠦᠯᠦᠨ᠂ ᠤᠯᠤᠰ ᠤᠨ ᠥᠮᠴᠢᠯᠡᠯ ᠤᠨ ᠡᠬᠢ ᠪᠠᠶᠠᠯᠢᠭ ᠡᠳ᠋ ᠬᠦᠷᠦᠩᠭᠡ ᠶᠢ ᠢᠳᠡᠪᠬᠢᠲᠡᠶ ᠪᠠᠷ ᠠᠮᠢᠳᠤᠯᠢᠭ | ᠪᠣᠯᠭᠠᠵᠤ᠂ ᠵᠠᠰᠠᠭ ᠤᠨ ᠣᠷᠳᠣᠨ ᠤ ᠥᠷᠢ ᠥᠭᠴᠡᠭᠡ ᠶᠢ ᠦᠷᠭᠦᠯᠵᠢᠯᠡᠨ ᠯᠠᠪᠳᠠᠭᠤᠨ ᠢᠶᠠᠷ ᠰᠢᠢᠳᠪᠦᠷᠢᠯᠡᠨ᠎ᠠ᠃ | ᠡᠯᠧᠺᠲᠷᠣᠨ ᠬᠤᠳᠠᠯᠳᠤᠭ᠎ᠠ ᠡᠳ᠋ ᠪᠠᠷᠠᠭᠠᠨ ᠤ ᠭᠦᠢᠯᠭᠡᠭᠡ᠂ ᠰᠣᠶᠣᠯ ᠵᠢᠭᠤᠯᠴᠢᠯᠠᠯ ᠵᠡᠷᠭᠡ ᠠᠵᠤ ᠦᠢᠯᠡᠰ ᠤᠨ ᠭᠠᠶᠢᠯᠢ | ᠲᠠᠲᠠᠪᠤᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ︽ᠦᠢᠯᠡᠳᠪᠦᠷᠢᠯᠡᠯ ᠪᠠᠶᠢᠬᠤ ᠠᠴᠠ ᠪᠢᠰᠢ ᠭᠠᠶᠢᠯᠢ | ᠦᠭᠡᠢ︾ ᠪᠠᠶᠢᠬᠤ ᠪᠡᠷᠬᠡ ᠰᠡᠳᠦᠪ ᠢ ᠰᠢᠢᠳᠪᠦᠷᠢᠯᠡᠵᠤ᠂ ᠭᠠᠶᠢᠯᠢ ᠶᠢᠨ ᠢᠷᠡᠯᠳᠡ ᠶᠢ ᠢᠳᠡᠪᠬᠢᠲᠡᠶ ᠪᠠᠷ | ᠪᠤᠶᠢᠵᠢᠭᠤᠯᠤᠨ᠎ᠠ᠃ ᠬᠠᠤᠯᠢ ᠪᠤᠰᠤ ᠪᠠᠷ ᠪᠡᠯᠡ ᠮᠥᠩᠭᠦ ᠴᠤᠭᠯᠠᠭᠤᠯᠤᠨ ᠪᠡᠯᠡ ᠮᠥᠩᠭᠦ ᠴᠤᠭᠯᠠᠭᠤᠯᠬᠤ ᠵᠡᠷᠭᠡ ᠤᠯᠠᠨ | ᠲᠦᠮᠡᠨ ᠳᠤ ᠬᠤᠯᠪᠣᠭᠳᠠᠭᠰᠠᠨ ᠠᠵᠤ ᠠᠬᠤᠶ ᠶᠢᠨ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ | ᠮᠥᠩᠭᠦᠨ ᠭᠦᠢᠯᠭᠡᠭᠡᠨ ᠤ ᠠᠵᠢᠯ ᠲᠦᠷᠦᠯ ᠤᠨ ᠡᠷᠡᠭᠦᠯ ᠢᠶᠠᠷ ᠬᠥᠭᠵᠢᠬᠦ ᠶᠢ ᠲᠦᠯᠬᠢᠨ ᠠᠬᠢᠭᠤᠯᠤᠨ᠎ᠠ᠃ | ᠠᠶᠤᠯᠭᠦᠶ ᠦᠢᠯᠡᠳᠪᠦᠷᠢᠯᠡᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠠᠶᠤᠯᠭᠦᠢ | ᠦᠢᠯᠡᠳᠪᠦᠷᠢᠯᠡᠯ ᠤᠨ ᠲᠤᠰᠬᠠᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠶᠢ ᠯᠠᠪᠳᠠᠭᠤᠨ ᠪᠠᠲᠤᠲᠠᠢ | ᠠᠬᠢᠭᠤᠯᠵᠤ᠂ ᠦᠢᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠎ᠠ᠂ ᠨᠡᠭᠦᠷᠡᠰᠦᠨ ᠠᠭᠤᠷᠬᠠᠢ ᠶᠢᠨ ᠪᠤᠰᠤ ᠠᠭᠤᠷᠬᠠᠢ | ᠂ ᠠᠶᠤᠯᠲᠠᠢ ᠬᠢᠮᠢ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ ᠵᠡᠷᠭᠡ ᠬᠦᠷᠢᠶᠡᠨ ᠤ ᠠᠵᠢᠯ ᠲᠦᠷᠦᠯ ᠤᠨ ᠲᠤᠰᠬᠠᠢ | ᠴᠡᠭᠴᠡᠯᠡᠨ ᠵᠠᠰᠠᠬᠤ ᠠᠵᠢᠯ ᠢ ᠲᠤᠪᠤᠶᠢᠮ᠎ᠠ ᠰᠠᠶᠢᠲᠤᠷ ᠠᠳᠬᠤᠵᠤ᠂ ᠢᠳᠡᠭᠡᠨ ᠪᠠ ᠡᠮ ᠤᠨ ᠵᠦᠢᠯᠡᠰ᠂ ᠦᠶᠡᠷ ᠢ | ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠵᠡᠷᠭᠡ | ᠬᠦᠷᠢᠶᠡᠨ ᠤ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠪᠦᠬᠦ | ᠰᠢᠰᠲ᠋ᠧᠮ ᠤᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠲᠤᠭ᠎ᠠ ᠪᠣᠯᠤᠨ ᠦᠭᠦᠭᠰᠡᠨ | ᠬᠥᠮᠦᠨ ᠤ ᠲᠤᠭ᠎ᠠ ᠶᠢᠨ ︽ᠬᠤᠣᠰ ᠪᠠᠭᠤᠷᠠᠯᠲᠠ︾ ᠶᠢ ᠪᠡᠶᠡᠯᠡᠭᠦᠯᠦᠨ᠎ᠡ᠃ ᠶᠠᠰᠤ ᠴᠢᠨᠠᠷ ᠢᠶᠠᠷ ᠬᠤᠰᠢᠭᠤ ᠪᠠᠨ | ᠬᠦᠴᠦᠷᠬᠡᠭᠵᠢᠭᠦᠯᠬᠦ ᠪᠠᠶᠢᠭᠤᠯᠤᠯᠲᠠ ᠶᠢ ᠠᠬᠢᠭᠤᠯᠤᠨ᠎ᠠ᠃ ᠠᠮᠤ ᠪᠤᠳᠠᠭᠠᠨ ᠤ ᠠᠮᠤᠷ ᠲᠦᠪᠰᠢᠨ ᠤ ᠬᠦᠨᠳᠦ | ᠡᠭᠦᠷᠭᠡ ᠶᠢ ᠦᠷᠭᠦᠯᠵᠢᠯᠡᠨ ᠯᠠᠪᠳᠠᠭᠤᠨ ᠡᠭᠦᠷᠭᠡᠯᠡᠵᠦ᠂ ︽ᠬᠦᠨᠡᠰᠦᠨ ᠤ ᠤᠭᠤᠲᠠ︾᠂ ︽ᠨᠣᠭᠤᠭ᠎ᠠ ᠶᠢᠨ ᠰᠠᠭᠰᠤ︾ | ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠩᠬᠠᠳᠤᠭᠠᠷ ᠤᠳᠠᠭᠠᠨ ᠤ ᠪᠥᠬᠦ | ᠤᠯᠤᠰ ᠤᠨ ᠪᠠᠶᠢᠭᠠᠯᠢ ᠶᠢᠨ ᠭᠠᠶ ᠭᠠᠮᠰᠢᠭ ᠤᠨ ᠶᠡᠷᠦᠩᠬᠡᠶᠢᠯᠡᠭᠰᠡᠨ ᠠᠶᠤᠯ ᠲᠦᠭᠰᠢᠭᠦᠷᠢ ᠶᠢᠨ ᠨᠡᠶᠢᠳᠡᠮ | ᠪᠠᠶᠢᠴᠠᠭᠠᠯᠲᠠ ᠶᠢ ᠥᠷᠨᠢᠭᠦᠯᠵᠦ᠂ ᠪᠥᠬᠦ ᠬᠤᠰᠢᠭᠤᠨ ᠤ ᠪᠠᠶᠢᠭᠠᠯᠢ ᠶᠢᠨ ᠭᠠᠶ ᠭᠠᠮᠰᠢᠭ ᠤᠨ ᠠᠶᠤᠯ ᠲᠦᠭᠰᠢᠭᠦᠷᠢ ᠶᠢᠨ | ᠳᠠᠯᠳᠠ ᠬᠡᠮ ᠢ ᠪᠥᠬᠦ ᠲᠠᠯ᠎ᠠ ᠪᠠᠷ ᠡᠵᠡᠮᠰᠢᠨ᠂ ᠪᠠᠶᠢᠭᠠᠯᠢ ᠶᠢᠨ ᠭᠠᠶ | ᠨᠡᠶᠢᠭᠡᠮ ᠤᠨ ᠲᠣᠭᠲᠠᠭᠤᠨ ᠪᠠᠶᠢᠳᠠᠯ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃ ᠤᠳᠤᠷᠢᠳᠬᠤ | ᠺᠠᠳ᠋ᠷᠴᠤᠳ ᠤᠨ ︽ᠬᠠᠷᠢᠭᠤᠴᠠᠯᠭ᠎ᠠ ᠶᠢ ᠰᠢᠪᠠᠳᠠᠨ ᠰᠢᠢᠳᠪᠦᠷᠢᠯᠡᠬᠦ᠂ ᠬᠡᠷᠡᠭ ᠲᠤ ᠴᠢᠭᠯᠡᠭᠦᠯᠦᠨ ᠳᠣᠷᠣᠭᠰᠢ ᠪᠠᠭᠤᠵᠤ | ᠰᠤᠷᠪᠤᠯᠵᠢᠯᠠᠬᠤ᠂ ᠴᠠᠭ ᠲᠤᠬᠠᠶ ᠳᠤᠨᠢ ᠬᠠᠷᠢᠭᠤ ᠰᠤᠷᠪᠤᠯᠵᠢᠯᠠᠬᠤ︾ ᠲᠦᠷᠢᠮ ᠢ ᠬᠡᠷᠡᠭᠵᠢᠭᠦᠯᠵᠦ᠂ ︽ᠡᠬᠢ | ᠡᠭᠦᠰᠦᠯ ᠠᠴᠠ ᠨᠢ ᠰᠡᠷᠭᠡᠶᠢᠯᠡᠨ ᠡᠵᠡᠮᠳᠡᠬᠦ᠂ ᠳᠠᠷᠠᠭᠠᠯᠠᠨ ᠪᠠᠶᠢᠴᠠᠭᠠᠵᠤ ᠡᠮᠬᠢᠯᠡᠬᠦ᠂ ᠵᠢᠭᠤᠷᠠᠯᠳᠤᠭᠠᠨ ᠢ ᠠᠷᠢᠯᠭᠠᠬᠤ᠂ | ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ︾ ᠨᠡᠶᠢᠭᠡᠮ ᠤᠨ ᠵᠥᠷᠢᠴᠡᠯ ᠢ ᠤᠯᠠᠨ ᠡᠰᠢᠵᠢᠬᠦᠯᠦᠨ ᠠᠷᠢᠯᠭᠠᠬᠤ | ᠲᠣᠭᠲᠠᠴᠠ ᠶᠢ ᠪᠠᠶᠢᠭᠤᠯᠵᠤ᠂ ᠵᠠᠬᠢᠳᠠᠯ ᠰᠤᠷᠪᠤᠯᠵᠢᠯᠠᠭ᠎ᠠ ᠶᠢᠨ ᠳᠠᠷᠤᠭᠳᠠᠮᠠᠯ ᠬᠡᠷᠡᠭ ᠢ ᠳᠠᠷᠠᠭᠠᠯᠠᠨ ᠪᠠᠶᠢᠴᠠᠭᠠᠵᠤ | ᠠᠷᠢᠯᠭᠠᠬᠤ ᠠᠵᠢᠯ ᠢ ᠦᠷᠭᠦᠯᠵᠢᠯᠡᠨ ᠥᠷᠨᠢᠭᠦᠯᠵᠦ᠂ ᠡᠯ᠎ᠡ ᠲᠦᠷᠦᠯ ᠤᠨ ᠵᠥᠷᠢᠴᠡᠯ ᠢ ᠲᠤᠬᠠᠶ ᠶᠢᠨ ᠭᠠᠵᠠᠷ ᠲᠤᠨᠢ | ᠵᠦᠢ ᠵᠣᠬᠢᠰᠲᠠᠶ ᠪᠠᠷ ᠰᠢᠢᠳᠪᠦᠷᠢᠯᠡᠬᠦ ᠶᠢ ᠲᠦᠯᠬᠢᠨ ᠠᠬᠢᠭᠤᠯᠤᠨ᠎ᠠ᠃ ᠬᠠᠷ᠎ᠠ ᠪᠦᠯᠦᠭᠲᠡᠨ ᠬᠠᠷᠭᠢᠰ ᠬᠦᠴᠦᠨ ᠢ | ᠠᠷᠢᠯᠭᠠᠬᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠦᠨ᠎ᠡ᠃ ᠨᠠᠢᠮᠠᠳᠤᠭᠠᠷ ᠲᠠᠪᠤᠨ | ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠡᠬᠢᠯᠡᠭᠦᠯᠪᠡ᠃ ᠨᠡᠶᠢᠭᠡᠮ ᠤᠨ | ᠠᠮᠤᠷ ᠲᠦᠪᠰᠢᠨ ᠤ ᠰᠡᠷᠭᠡᠶᠢᠯᠡᠨ ᠡᠵᠡᠮᠳᠡᠬᠦ ᠰᠢᠰᠲ᠋ᠧᠮ ᠢ ᠲᠡᠭᠦᠯᠳᠡᠷᠵᠢᠭᠦᠯᠦᠨ ᠲᠡᠰ ᠳᠡᠪᠰᠢᠭᠦᠯᠵᠦ᠂ ᠤᠶᠤᠨᠲᠤ | ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠶᠢ ᠪᠠᠶᠢᠭᠤᠯᠵᠤ᠂ ᠡᠯ᠎ᠡ ᠵᠦᠢᠯ ᠤᠨ ᠬᠠᠤᠯᠢ ᠠᠴᠠ ᠵᠥᠷᠢᠴᠡᠭᠰᠡᠨ | ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ ᠨᠡᠶᠢᠭᠡᠮ ᠤᠨ ᠢᠲᠡᠭᠡᠮᠵᠢ ᠶᠢᠨ ᠰᠢᠰᠲ᠋ᠧᠮ ᠤᠨ | ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ ᠳᠠᠶᠠᠭᠠᠷ ᠤᠨ ᠦᠨᠡᠨᠴᠢ ᠢᠲᠡᠭᠡᠮᠵᠢ ᠶᠢᠨ ᠤᠬᠠᠮᠰᠠᠷ ᠪᠠ | ᠢᠲᠡᠭᠡᠮᠵᠢ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ | ᠬᠠᠷᠢᠭᠤᠴᠠᠯᠭ᠎ᠠ ᠶᠢᠨ ᠲᠦᠷᠢᠮ ᠢ ᠬᠢᠨᠠᠮᠠᠭᠠᠶ ᠨᠠᠶᠢᠳᠠᠪᠤᠷᠢᠵᠢᠭᠤᠯᠵᠤ᠂ ᠰᠣᠨᠢᠨ ᠮᠡᠳᠡᠭᠡᠨ ᠤ ᠶᠠᠷᠢᠶ᠎ᠠ ᠬᠡᠯᠡᠯᠴᠡᠭᠡ᠂ | ᠰᠣᠶᠣᠯ ᠤᠨ ᠳᠠᠮᠵᠢᠭᠤᠯᠭ᠎ᠠ᠂ ᠰᠦᠯᠵᠢᠶᠡᠨ ᠳᠡᠭᠡᠷᠡᠬᠢ ᠦᠵᠡᠯ ᠤᠬᠠᠮᠰᠠᠷ ᠤᠨ ᠬᠡᠯᠪᠡᠷᠢ ᠵᠡᠷᠭᠡ ᠵᠢᠭᠰᠠᠭᠠᠯ ᠤᠨ | ᠭᠠᠵᠠᠷ ᠤᠨ ᠪᠠᠶᠢᠭᠤᠯᠤᠯᠲᠠ ᠪᠠ ᠬᠠᠮᠢᠶᠠᠷᠤᠯᠲᠠ ᠶᠢ ᠴᠢᠩᠭᠠᠳᠬᠠᠨ᠎ᠠ᠃ | ᠤᠯᠤᠰ ᠤᠨ ᠪᠠᠲᠤᠯᠠᠨ ᠬᠠᠮᠠᠭᠠᠯᠠᠯᠲᠠ ᠶᠢᠨ ᠰᠤᠷᠭᠠᠨ ᠬᠥᠮᠦᠵᠢᠯ᠂ ᠪᠡᠯᠡᠳᠬᠡᠯ ᠬᠦᠴᠦᠨ ᠤ ᠪᠠᠶᠢᠭᠤᠯᠤᠯᠲᠠ ᠪᠠ | ᠠᠷᠠᠳ ᠤᠨ ᠠᠭᠠᠷ ᠤᠨ ᠰᠡᠷᠭᠡᠶᠢᠯᠡᠯᠲᠡ ᠶᠢᠨ ᠠᠵᠢᠯ ᠢ ᠴᠢᠩᠭᠠᠳᠬᠠᠵᠤ᠂ ᠴᠡᠷᠢᠭ ᠠᠷᠠᠳ ᠤᠨ ᠬᠡᠷᠡᠭᠯᠡᠭᠡ ᠶᠢ | ᠠᠭᠤᠰᠤᠯᠴᠠᠭᠤᠯᠤᠨ ᠬᠥᠭᠵᠢᠭᠦᠯᠬᠦ ᠶᠢ ᠭᠦᠨᠵᠡᠭᠡᠶ ᠠᠬᠢᠭᠤᠯᠤᠨ᠂ ᠴᠡᠷᠢᠭ ᠠᠴᠠ ᠬᠠᠯᠠᠭᠳᠠᠭᠰᠠᠳ ᠤᠨ | ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ︽ᠥᠪᠡᠷᠲᠡᠭᠡᠨ | ᠵᠠᠰᠠᠬᠤ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾ ᠶᠢᠨ ᠦᠷ᠎ᠡ ᠪᠦᠲᠦᠭᠡᠯ ᠢ ᠪᠠᠬᠢᠵᠢᠭᠦᠯᠦᠨ | ᠳᠡᠭᠡᠭᠰᠢᠯᠡᠭᠦᠯᠦᠨ᠎ᠡ᠃ ᠲᠤᠭ᠎ᠠ ᠪᠦᠷᠢᠳᠬᠡᠯ᠂ ᠭᠠᠳᠠᠭᠠᠳᠤ ᠶᠠᠪᠤᠳᠠᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ | ᠂ ᠭᠠᠵᠠᠷ ᠬᠥᠳᠡᠯᠦᠯᠲᠡ᠂ ᠴᠠᠭ ᠠᠭᠤᠷ᠂ ᠨᠠᠰᠤᠲᠠᠶᠢᠴᠤᠳ᠂ ᠨᠢᠭᠤᠴᠠ ᠶᠢ ᠬᠠᠮᠠᠭᠠᠯᠠᠬᠤ᠂ ᠲᠡᠦᠬᠡ ᠣᠶᠢᠯᠠᠯᠭ᠎ᠠ ᠶᠢᠨ | ᠳᠠᠩᠰᠠ᠂ ᠠᠵᠢᠯᠴᠢᠨ ᠤ ᠡᠪᠯᠡᠯ᠂ ᠵᠠᠯᠠᠭᠤᠴᠤᠳ ᠤᠨ ᠡᠪᠯᠡᠯ ᠡᠮᠡᠭᠲᠡᠶᠢᠴᠦᠳ ᠤᠨ ᠬᠤᠯᠪᠣᠭ᠎ᠠ᠂ ᠤᠯᠠᠭᠠᠨ | ᠵᠠᠭᠠᠯᠮᠠᠶᠢᠳᠠᠨ ᠤ ᠨᠡᠶᠢᠭᠡᠮᠯᠢᠭ ᠵᠡᠷᠭᠡ ᠠᠵᠢᠯ ᠢ ᠬᠢᠨᠠᠮᠠᠭᠠᠶ ᠰᠠᠶᠢᠲᠤᠷ ᠬᠢᠵᠦ᠂ ᠡᠯ᠎ᠡ ᠵᠦᠢᠯ ᠤᠨ ᠠᠵᠢᠯ ᠦᠢᠯᠡᠰ ᠤᠨ | ᠪᠦᠬᠦ ᠲᠠᠯ᠎ᠠ ᠪᠠᠷ ᠵᠣᠬᠢᠴᠠᠩᠭᠤᠶ ᠪᠠᠷ ᠬᠥᠭᠵᠢᠬᠦ ᠶᠢ ᠠᠬᠢᠭᠤᠯᠤᠨ᠎ᠠ᠃ | ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ | ᠲᠥᠯᠥᠭᠡᠯᠡᠭᠴᠢᠳ ᠡ᠂ ᠰᠢᠨ᠎ᠡ ᠪᠠᠶᠢᠳᠠᠯ ᠰᠢᠨ᠎ᠡ ᠥᠷᠢᠰᠥᠯᠳᠦᠭᠡᠨ ᠢ ᠠᠪᠴᠢᠷᠠᠵᠤ᠂ ᠰᠢᠨ᠎ᠡ ᠠᠶᠠᠨ ᠵᠠᠮ ᠰᠢᠨ᠎ᠡ | ᠵᠢᠳᠬᠦᠯ ᠴᠢᠷᠮᠠᠶᠢᠯᠭ᠎ᠠ ᠶᠢ ᠬᠦᠰᠡᠨ ᠱᠠᠭᠠᠷᠳᠠᠵᠤ ᠪᠠᠶᠢᠨ᠎ᠠ᠃ ᠪᠢᠳᠡ ᠡᠷᠡᠰ ᠰᠢᠭᠤᠷᠬᠠᠶ ᠪᠠᠷ ᠰᠢᠨ᠎ᠡ | ᠣᠶᠢᠯᠠᠭᠠᠭᠳᠠᠬᠤᠨ ᠢᠶᠠᠷ ᠰᠢᠨ᠎ᠡ ᠣᠷᠣᠨ ᠪᠠᠶᠢᠷᠢ ᠶᠢ ᠢᠯᠡᠷᠬᠡᠶᠢᠯᠡᠵᠦ᠂ ᠰᠢᠨ᠎ᠡ ᠰᠤᠷᠲᠠᠯ ᠢᠶᠠᠷ ᠰᠢᠨ᠎ᠡ ᠦᠢᠯᠡᠳᠦᠯᠭᠡ ᠶᠢ | ᠲᠦᠯᠬᠢᠨ ᠠᠬᠢᠭᠤᠯᠵᠤ᠂ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ | ᠴᠢᠩᠭᠠᠳᠬᠠᠨ ᠰᠠᠶᠢᠵᠢᠷᠠᠭᠤᠯᠤᠨ᠎ᠠ᠃ | ᠤᠯᠤᠰ ᠲᠦᠷᠦ ᠦᠵᠡᠯ ᠰᠠᠨᠠᠭ᠎ᠠ ᠪᠠᠷ ᠬᠥᠲᠥᠯᠥᠨ ᠵᠢᠯᠣᠭᠤᠳᠬᠤ ᠶᠢ ᠡᠷᠡᠰ ᠭᠤᠶᠢᠪᠢᠰᠢ ᠦᠭᠡᠢ ᠴᠢᠩᠭᠠᠳᠬᠠᠪᠠ᠃ | ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠢᠮᠠᠭᠲᠠ ᠳᠡᠭᠡᠳᠦ ᠬᠡᠮᠵᠢᠶ᠎ᠡ ᠪᠠᠷ | ᠨᠢᠭᠡᠳᠦᠯᠲᠡᠢ ᠪᠠᠶᠢᠵᠤ᠂ ᠤᠬᠠᠮᠰᠠᠷ ᠠᠴᠠ ᠪᠠᠨ ︽ᠲᠦᠷᠪᠡᠨ ᠤᠬᠠᠮᠰᠠᠷ︾᠂ ︽ᠲᠦᠷᠪᠡᠨ ᠢᠲᠡᠭᠡᠯ︾᠂ ︽ᠬᠤᠶᠠᠷ ᠢ | ᠬᠠᠮᠠᠭᠠᠯᠠᠬᠤ︾ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ ᠰᠢᠩᠭᠡᠭᠡᠵᠦ᠂ ᠵᠠᠰᠠᠭ ᠤᠨ | ᠣᠷᠳᠣᠨ ᠤ ᠠᠵᠢᠯ ᠤᠨ ᠵᠥᠪ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ᠃ ᠤᠯᠤᠰ ᠲᠥᠷᠥ ᠶᠢᠨ | ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠰᠠᠬᠢᠵᠤ᠂ ᠲᠥᠪ ᠬᠤᠷᠢᠶ᠎ᠠ᠂ ᠥᠪᠡᠷᠲᠡᠭᠡᠨ | ᠵᠠᠰᠠᠬᠤ ᠣᠷᠣᠨ᠂ ᠬᠤᠲᠠ ᠶᠢᠨ ᠡᠯ᠎ᠡ ᠵᠣᠶᠢᠯ ᠤᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ | ᠪᠠᠶᠢᠷᠢᠯᠠᠭᠤᠯᠤᠯᠲᠠ ᠶᠢ ᠲᠡᠷᠡ ᠬᠡᠪ ᠢᠶᠠᠷ ᠨᠢ ᠨᠠᠶᠢᠳᠠᠪᠤᠷᠢᠵᠢᠭᠤᠯᠤᠨ᠂ ᠵᠠᠰᠠᠭ ᠤᠨ ᠵᠠᠷᠯᠢᠭ ᠢ ᠰᠠᠭᠠᠳ ᠥᠬᠡᠶ | ᠬᠡᠷᠡᠭᠵᠢᠭᠦᠯᠬᠦ᠂ ᠵᠠᠷᠯᠢᠭ ᠴᠠᠭᠠᠵᠠ ᠶᠢ ᠲᠠᠭᠠᠬᠤ ᠶᠢ ᠡᠷᠡᠰ ᠪᠡᠶᠡᠯᠡᠭᠦᠯᠬᠦ ᠬᠡᠷᠡᠭᠲᠡᠶ᠃ ᠵᠠᠰᠠᠭ ᠤᠨ ᠣᠷᠳᠣᠨ ᠤ | ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠴᠢᠩᠭᠠᠳᠬᠠᠵᠤ᠂ ᠨᠠᠮ ᠤᠨ ᠤᠳᠤᠷᠢᠳᠤᠯᠭ᠎ᠠ ᠶᠢ ᠵᠠᠰᠠᠭ ᠤᠨ ᠣᠷᠳᠣᠨ ᠤ | ᠠᠵᠢᠯ ᠤᠨ ᠪᠦᠬᠦ ᠶᠠᠪᠤᠴᠠ ᠡᠯ᠎ᠡ ᠬᠦᠷᠢᠶᠡᠨ ᠳᠤ ᠦᠨᠡᠨ ᠬᠦ ᠲᠤᠤᠱᠯᠠᠭᠤᠯᠤᠨ᠎ᠠ᠃ | ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠴᠥᠬᠦᠷᠡᠰᠢ ᠦᠭᠡᠢ ᠬᠠᠤᠯᠢ ᠪᠠᠷ ᠵᠠᠰᠠᠬᠤ | ᠵᠠᠰᠠᠭ ᠤᠨ ᠣᠷᠳᠣᠨ ᠤ ᠪᠠᠶᠢᠭᠤᠯᠤᠯᠲᠠ ᠶᠢᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠠᠤᠯᠢ | ᠶᠣᠰᠣᠴᠢ ᠴᠢᠨᠠᠷ ᠢ ᠬᠢᠨᠠᠨ ᠪᠠᠶᠢᠴᠠᠭᠠᠬᠤ ᠲᠦᠷᠢᠮ ᠢ ᠨᠠᠶᠢᠳᠠᠪᠤᠷᠢᠵᠢᠭᠤᠯᠤᠨ᠂ ︽ᠤᠯᠠᠨ ᠨᠡᠶᠢᠲᠡ ᠪᠠᠷ ᠢᠶᠠᠨ | ᠣᠷᠣᠯᠴᠠᠬᠤ᠂ ᠲᠤᠰᠬᠠᠶ ᠮᠡᠷᠭᠡᠵᠢᠯᠲᠡᠨ ᠢᠶᠠᠷ ᠨᠤᠲᠠᠯᠠᠭᠤᠯᠬᠤ᠂ ᠬᠠᠮᠲᠤ ᠪᠠᠷ ᠰᠢᠢᠳᠪᠦᠷᠢᠳᠦ ᠪᠤᠳᠤᠯᠭ᠎ᠠ ᠲᠣᠭᠲᠠᠭᠠᠬᠤ︾ | ᠶᠢ ᠤᠶᠠᠯᠳᠤᠭᠤᠯᠤᠭᠰᠠᠨ ᠠᠵᠢᠯ ᠤᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠠᠤᠯᠢ ᠪᠠᠷ | ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠰᠢᠰᠲ᠋ᠧᠮ ᠲᠠᠢ ᠪᠠᠷ ᠬᠡᠷᠡᠭᠯᠡᠨ ᠬᠥᠭᠵᠢᠯᠲᠡ ᠶᠢ | ᠲᠦᠯᠬᠢᠨ ᠠᠬᠢᠭᠤᠯᠬᠤ ᠴᠢᠳᠠᠪᠤᠷᠢ ᠶᠢ ᠲᠠᠰᠤᠷᠠᠯᠳᠠ ᠦᠭᠡᠢ ᠳᠡᠭᠡᠭᠰᠢᠯᠡᠭᠦᠯᠦᠨ᠎ᠡ᠃ ᠡᠷᠬᠡ ᠪᠠᠨ ᠬᠠᠤᠯᠢ ᠶᠣᠰᠣᠭᠠᠷ | ᠴᠢᠩᠭ᠎ᠠ ᠬᠡᠷᠡᠭᠵᠢᠭᠦᠯᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠦᠷᠦ ᠶᠢᠨ ᠵᠥᠪᠯᠡᠯᠭᠡᠨ ᠤ | ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠤᠨ ᠰᠠᠨᠠᠭᠤᠯᠭ᠎ᠠ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠭᠤᠣᠯᠳᠠᠯᠭ᠎ᠠ ᠲᠠᠢ | ᠬᠦᠷᠢᠶᠡᠨ ᠳᠠᠬᠢ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠦᠷᠭᠦᠯᠵᠢᠯᠡᠨ ᠴᠢᠩᠭᠠᠳᠬᠠᠵᠤ᠂ ᠵᠠᠰᠠᠭ ᠤᠨ | ᠣᠷᠳᠣᠨ ᠤ ᠤᠯᠠᠨ ᠨᠡᠶᠢᠲᠡ ᠶᠢ ᠬᠠᠷᠢᠭᠤᠴᠠᠯᠭ᠎ᠠ ᠡᠭᠦᠷᠭᠡᠯᠡᠵᠦ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠴᠤᠴᠠᠯᠲᠠ | ᠦᠭᠡᠢ ᠪᠠᠳᠠᠷᠠᠭᠤᠯᠤᠨ᠎ᠠ᠃ ᠦᠨᠡᠨ ᠦᠭᠡ ᠬᠡᠯᠡᠬᠦ᠂ ᠪᠣᠳᠠᠲᠠᠢ ᠠᠵᠢᠯ ᠬᠢᠬᠦ᠂ ᠪᠣᠳᠠᠲᠤ ᠦᠷ᠎ᠡ ᠪᠦᠲᠦᠮᠵᠢ ᠶᠢ | ᠡᠷᠬᠢᠮᠯᠡᠬᠦ ᠡᠭᠦᠷᠭᠡᠯᠡᠨ ᠪᠣᠳᠠᠲᠠᠢ ᠠᠵᠢᠯᠯᠠᠬᠤ ᠵᠣᠷᠢᠭ ᠰᠠᠨᠠᠭ᠎ᠠ ᠶᠢ ᠪᠠᠳᠠᠷᠠᠭᠤᠯᠵᠤ᠂ ᠠᠷᠠᠳ ᠲᠦᠮᠡᠨ ᠳᠤ ᠬᠠᠷ᠎ᠠ | ᠲᠡᠷᠢᠭᠦᠲᠡᠨ ᠳᠤ ᠦᠢᠯᠡᠴᠢᠯᠡᠬᠦ᠂ ᠠᠳᠠᠷ ᠬᠠᠭᠠᠯᠪᠤᠷᠢᠯᠠᠬᠤ ᠦᠬᠡᠷ ᠢ ᠰᠢᠨ᠎ᠡ ᠶᠢ ᠡᠭᠦᠳᠦᠨ ᠬᠥᠭᠵᠢᠭᠦᠯᠬᠦ᠂ ᠰᠢᠷᠭᠠᠭᠤ | ᠬᠠᠲᠠᠭᠤᠵᠢᠯᠲᠠᠢ ᠲᠡᠮᠡᠴᠡᠬᠦ ᠠᠷᠠᠯ ᠤᠨ ᠱᠠᠷ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠵᠠᠰᠠᠭ ᠤᠨ ᠣᠷᠳᠣᠨ ᠤ | ᠠᠵᠢᠯᠲᠠᠳ ᠤᠨ ︽ᠴᠢᠯᠠᠭᠤ ᠥᠩᠬᠦᠷᠢᠭᠦᠯᠦᠨ ᠠᠭᠤᠯᠠᠨ ᠳᠤ ᠭᠠᠷᠬᠤ᠂ ᠳᠠᠪᠠᠭ᠎ᠠ ᠶᠢ ᠳᠠᠪᠠᠵᠤ ᠳᠠᠪᠠᠭ᠎ᠠ ᠶᠢ ᠳᠠᠪᠠᠭ᠋ᠤ︾ | ᠵᠠᠩᠭᠢᠯᠠᠭ᠎ᠠ ᠶᠢᠨ ᠴᠠᠭ ᠦᠶ᠎ᠡ ᠳᠤ ᠡᠷᠡᠮᠡᠬᠡᠶᠢᠯᠡᠨ ᠤᠷᠤᠭᠰᠢᠯᠠᠬᠤ ᠶᠢ ᠵᠣᠷᠢᠭᠵᠢᠭᠤᠯᠤᠨ᠎ᠠ᠃ ᠪᠠᠶᠢᠴᠠᠭᠠᠨ | ᠰᠤᠳᠤᠯᠤᠯᠲᠠ ᠬᠢᠬᠦ ᠰᠤᠷᠲᠠᠯ ᠢ ᠶᠡᠬᠡᠪᠡᠷ ᠮᠠᠨᠳᠤᠭᠤᠯᠵᠤ᠂ ᠵᠠᠰᠠᠭ ᠤᠨ ᠣᠷᠳᠣᠨ ᠤ ᠠᠵᠢᠯᠲᠠᠳ ᠤᠨ ᠦᠵᠡᠯ | ᠰᠠᠨᠠᠭ᠎ᠠ ᠪᠠᠨ ᠭᠦᠨᠵᠡᠭᠡᠢ ᠴᠢᠯᠥᠭᠡᠯᠡᠬᠦ᠂ ᠲᠤᠰᠬᠠᠢ ᠮᠡᠷᠭᠡᠵᠢᠯ ᠤᠨ ᠬᠡᠪ ᠪᠣᠯᠪᠠᠰᠤᠷᠠᠯ ᠢᠶᠠᠨ ᠳᠡᠭᠡᠭᠰᠢᠯᠡᠭᠦᠯᠬᠦ᠂ ᠡᠭᠦᠷᠭᠡ | ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠬᠦᠳᠦᠯᠦᠨ ᠵᠢᠯᠣᠭᠤᠳᠴᠤ᠂ ᠬᠥᠭᠵᠢᠯᠲᠡ ᠶᠢᠨ | ᠬᠦᠴᠢᠷ ᠠᠰᠠᠭᠤᠳᠠᠯ ᠢ ᠰᠢᠢᠳᠪᠦᠷᠢᠯᠡᠬᠦ᠂ ᠬᠥᠭᠵᠢᠯᠲᠡ ᠶᠢᠨ ᠦᠯᠢᠭᠡᠷ ᠳᠠᠭᠤᠷᠢᠶᠠᠯ ᠪᠣᠯᠬᠤ ᠪᠠᠷ ᠴᠢᠷᠮᠠᠶᠢᠬᠤ | ᠴᠠᠭᠠᠷᠠᠭᠰᠠᠨ ᠴᠢᠳᠠᠪᠤᠷᠢ ᠶᠢ ᠪᠣᠯᠪᠠᠰᠤᠷᠠᠭᠤᠯᠤᠨ᠎ᠠ᠃ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠷᠢᠮᠲᠠᠯᠠᠵᠤ᠂ | ᠣᠯᠠᠨ ᠲᠦᠮᠡᠨ ᠤ ᠠᠰᠢᠭ ᠲᠤᠰᠠ ᠳᠤ ᠬᠤᠯᠪᠣᠭᠳᠠᠬᠤ ︽ᠲᠡᠷᠢᠭᠦᠨ ᠵᠡᠷᠭᠡ ᠶᠢᠨ ᠶᠡᠭᠡ ᠶᠠᠪᠤᠳᠠᠯ︾ ᠴᠤ ᠲᠡᠷᠡ᠂ | ᠣᠯᠠᠨ ᠲᠦᠮᠡᠨ ᠤ ᠡᠳᠦᠷ ᠲᠤᠲᠤᠮ ᠤᠨ ᠠᠮᠢᠳᠤᠷᠠᠯ ᠢ ᠨᠥᠯᠥᠭᠡᠯᠡᠬᠦ ︽ᠵᠠᠩᠭᠢᠯᠠᠭ᠎ᠠ ᠶᠢᠨ ᠪᠠᠭ᠎ᠠ ᠶᠠᠪᠤᠳᠠᠯ︾ ᠢ ᠴᠤ | ᠲᠡᠷᠡ ᠴᠥᠮ ᠰᠡᠳᠬᠢᠯ ᠲᠠᠯᠪᠢᠨ ᠰᠠᠶᠢᠲᠤᠷ ᠰᠢᠢᠳᠪᠦᠷᠢᠯᠡᠵᠤ᠂ ᠵᠠᠰᠠᠭ ᠤᠨ ᠣᠷᠳᠣᠨ ᠤ ︽ᠵᠦᠳᠡᠷᠡᠯ ᠤᠨ ᠵᠢᠭᠠᠯᠲᠠ | ᠲᠤᠭ᠎ᠠ︾ ᠪᠠᠷ ᠪᠥᠬᠦ ᠬᠤᠰᠢᠭᠤᠨ ᠤ ︽ᠬᠥᠭᠵᠢᠯᠲᠡ ᠶᠢᠨ ᠵᠢᠭᠠᠯᠲᠠ ᠲᠤᠭ᠎ᠠ︾᠂ ᠣᠯᠠᠨ ᠲᠦᠮᠡᠨ ᠤ ︽ᠵᠣᠯ | ᠵᠢᠷᠭᠠᠯ ᠤᠨ ᠵᠢᠭᠠᠯᠲᠠ ᠲᠤᠭ᠎ᠠ︾ ᠶᠢ ᠰᠣᠯᠢᠬᠤ ᠬᠡᠷᠡᠭᠲᠡᠶ᠃ | ᠰᠤᠷᠲᠠᠯ ᠴᠢᠬᠡᠴᠢ ᠣᠪᠣᠷ ᠲᠥᠪ ᠣᠷᠴᠢᠨ ᠲᠣᠭᠤᠷᠢᠨ ᠢ ᠰᠢᠨᠲᠠᠷᠠᠰᠢ ᠦᠭᠡᠢ ᠪᠤᠢ ᠪᠣᠯᠭᠠᠨ᠎ᠠ᠃ ᠨᠠᠮ ᠢ ᠪᠦᠬᠦ | ᠲᠠᠯ᠎ᠠ ᠪᠠᠷ ᠴᠢᠩᠭ᠎ᠠ ᠵᠠᠰᠠᠬᠤ ᠶᠢ ᠪᠠᠷᠢᠮᠲᠠᠯᠠᠵᠤ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ | ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠲᠥᠪ ᠬᠤᠷᠢᠶᠠᠨ ᠤ | ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠵᠢᠷᠤᠮᠯᠠᠵᠤ᠂ | ᠬᠡᠯᠪᠡᠷᠢᠴᠢ ᠦᠵᠡᠯ᠂ ᠨᠣᠶᠠᠨᠴᠢ ᠰᠤᠷᠲᠠᠯ ᠵᠡᠷᠭᠡ ︽ᠲᠦᠷᠪᠡᠨ ᠰᠤᠷᠲᠠᠯ︾ ᠤᠨ ᠠᠰᠠᠭᠤᠳᠠᠯ ᠤᠨ ᠣᠨᠳᠣᠣᠰᠢᠨ | ᠲᠠᠬᠢᠨ ᠡᠭᠦᠰᠬᠦ ᠶᠢ ᠡᠷᠡᠰ ᠰᠡᠷᠭᠡᠶᠢᠯᠡᠨ᠎ᠡ᠃ ᠠᠵᠢᠯ ᠦᠢᠯᠡᠰ ᠤᠨ ᠨᠢᠭᠡᠴᠢ ᠶᠢᠨ ᠥᠭᠡᠷᠡᠴᠢᠯᠡᠯᠲᠡ ᠶᠢᠨ ᠡᠭᠦᠷᠭᠡ ᠶᠢ | ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠶᠢ ᠰᠢᠯᠢᠳᠡᠭᠵᠢᠭᠦᠯᠦᠨ᠂ | ᠭᠤᠣᠯᠳᠠᠯᠭ᠎ᠠ ᠲᠠᠢ ᠬᠦᠷᠢᠶ᠎ᠡ᠂ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠪᠦᠬᠦ ᠶᠠᠪᠤᠴᠠ ᠶᠢ ᠬᠠᠮᠢᠶᠠᠷᠤᠨ ᠡᠵᠡᠮᠳᠡᠬᠦ | ᠪᠠ ᠬᠢᠨᠠᠨ ᠪᠤᠳᠤᠵᠤ ᠬᠢᠨᠠᠯᠲᠠ ᠲᠠᠯᠪᠢᠬᠤ ᠶᠢ ᠴᠢᠩᠭᠠᠳᠬᠠᠵᠤ᠂ ᠤᠯᠠᠨ ᠲᠦᠮᠡᠨ ᠤ ᠳᠡᠷᠭᠡᠳᠡ ᠡᠭᠦᠰᠦᠭᠰᠡᠨ ᠲᠥᠪ | ᠪᠤᠰᠤ ᠰᠤᠷᠲᠠᠯ ᠪᠠ ᠢᠯᠵᠠᠷᠠᠯ ᠤᠨ ᠠᠰᠠᠭᠤᠳᠠᠯ ᠢ ᠡᠷᠡᠰ ᠪᠠᠶᠢᠴᠠᠭᠠᠨ ᠰᠢᠢᠳᠪᠦᠷᠢᠯᠡᠵᠤ᠂ ᠢᠯᠵᠠᠷᠠᠯ ᠢ ᠵᠠᠯᠬᠠᠭᠠᠨ | ᠰᠢᠢᠳᠭᠡᠬᠦ ᠳᠤ ᠬᠦᠴᠦᠲᠡᠶ ᠳᠠᠷᠤᠯᠲᠠ ᠦᠵᠡᠭᠦᠯᠬᠦ ᠪᠠᠶᠢᠳᠠᠯ ᠢ ᠪᠠᠲᠤᠯᠠᠨ᠎ᠠ᠃ | ᠲᠥᠯᠥᠭᠡᠯᠡᠭᠴᠢᠳ ᠡ᠂ ᠠᠶᠠᠨ ᠵᠠᠮ ᠤᠨ ᠤᠷᠳᠤ ᠤᠳᠠᠭᠠᠨ ᠤ ᠠᠶᠠᠨ ᠵᠠᠮ ᠳᠤ ᠲᠡᠮᠡᠴᠡᠯ ᠪᠠᠶᠢᠬᠤ ᠯᠠ ᠬᠡᠷᠡᠭ᠃ | ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠵᠢᠷᠤᠭ ᠲᠥᠰᠦᠪ ᠢ ᠨᠢᠭᠡᠨᠲᠡ ᠵᠢᠷᠤᠭᠯᠠᠵᠠᠶ | ᠦᠷᠭᠦᠯᠵᠢᠯᠡᠨ ᠲᠡᠮᠡᠴᠡᠬᠦ ᠨᠢ ᠶᠠᠭ ᠴᠠᠭ ᠲᠠᠭᠠᠨ ᠲᠤᠬᠢᠷᠠᠵᠤ ᠪᠠᠶᠢᠨ᠎ᠠ᠃ ᠪᠢᠳᠠ ᠰᠢ ᠶᠢᠨ ᠫᠢᠩ ᠨᠥᠬᠦᠷ ᠢᠶᠠᠷ ᠭᠤᠣᠯ | ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠡᠩ ᠨᠢᠭᠲᠠᠷᠠᠨ ᠪᠦᠯᠬᠦᠮᠳᠡᠵᠦ᠂ ᠢᠲᠡᠭᠡᠯ ᠵᠣᠷᠢᠭ ᠢᠶᠠᠨ | ᠪᠠᠲᠤᠳᠬᠠᠵᠤ ᠡᠷᠡᠮᠡᠬᠡᠶᠢᠯᠡᠨ ᠤᠷᠤᠭᠰᠢᠯᠠᠵᠤ᠂ ᠰᠢᠨ᠎ᠡ ᠴᠠᠭ ᠦᠶ᠎ᠡ ᠶᠢᠨ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠴᠢᠨᠠᠷ ᠰᠠᠶᠢᠲᠠᠢ ᠬᠥᠭᠵᠢᠯᠲᠡᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠵᠦ᠂ ᠨᠡᠶᠢᠭᠡᠮ | ᠵᠢᠷᠤᠮ ᠤᠨ ᠣᠳᠣᠬᠢᠴᠢᠯᠠᠯᠲᠠ ᠶᠢ ᠪᠦᠬᠦ ᠲᠠᠯᠠᠪᠠᠷ ᠪᠦᠳᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠦᠶ᠎ᠡ︕ | ᠣᠷᠴᠢᠭᠤᠯᠣᠭᠴᠢ᠄ ᠡᠷᠳᠡᠨᠢᠴᠢᠮᠡᠭ | |