ᠭᠤᠣᠯ ᠰᠡᠳᠦᠪ | ᠠᠷᠠᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ | ᠣᠯᠠᠨ ᠲᠦᠮᠡᠨ ᠤ ᠠᠮᠢᠳᠤᠷᠠᠯ ᠤᠨ ᠪᠠᠳᠣᠯᠭ᠎ᠠ ᠬᠦᠴᠣᠨ ᠲᠠᠢ | ᠴᠠᠭ | 2021 ᠣᠨ ᠤ 4 ᠰᠠᠷ᠎ᠠ ᠶᠢᠨ 6 ᠤ ᠡᠳᠦᠷ | ᠬᠦᠨᠳᠣᠳᠦ ᠵᠣᠴᠢᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ ᠲᠣᠪᠴᠢᠶᠠᠨ ᠤ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠢᠶ ᠶᠠᠨ ᠫᠢᠩ | ᠲᠣᠪᠴᠢᠯᠠᠯ | 2020 ᠣᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠶᠠᠪᠤᠳᠠᠯ ᠤᠨ | ᠲᠣᠪᠴᠢᠶ᠎ᠠ ᠶᠢᠨ ᠬᠢᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠪᠣᠯᠤᠨ ᠨᠡᠶᠢᠭᠡᠮ | ᠵᠢᠷᠤᠮ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠢ ᠶᠢᠨ | ᠫᠢᠩ ᠶᠡᠷᠦᠩᠬᠡᠶ ᠱᠦᠵᠢ ᠶᠢᠨ ᠠᠷᠠᠳ ᠤᠨ ᠶᠠᠪᠤᠳᠠᠯ ᠤᠨ ᠠᠵᠢᠯ ᠤᠨ ᠲᠤᠬᠠᠶ ᠴᠢᠬᠤᠯᠠ ᠵᠢᠭᠠᠪᠤᠷᠢ ᠶᠢᠨ ᠵᠣᠷᠢᠭ | ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠵᠥᠪ ᠤᠳᠤᠷᠢᠳᠤᠯᠭ᠎ᠠ ᠪᠣᠯᠤᠨ ᠳᠡᠭᠡᠳᠦ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠤᠨ | ᠬᠦᠴᠦᠲᠡᠶ ᠳᠡᠮᠵᠢᠯᠭᠡ ᠳᠣᠣᠷ᠎ᠠ᠂ ᠤᠯᠠᠮ ᠨᠢᠭᠡ ᠠᠯᠬᠤᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠳᠤ ᠠᠩᠬᠠᠷᠤᠯ ᠢᠶᠠᠨ ᠲᠥᠪᠯᠡᠷᠡᠭᠦᠯᠵᠦ᠂ ᠣᠨᠴᠠᠭᠠᠶ ᠬᠠᠮᠲᠤᠯᠢᠭ ᠲᠤ ᠠᠩᠬᠠᠷᠤᠯ ᠢᠶᠠᠨ ᠲᠥᠪᠯᠡᠷᠡᠭᠦᠯᠵᠦ᠂ | ᠣᠯᠠᠨ ᠲᠦᠮᠡᠨ ᠤ ᠠᠩᠬᠠᠷᠤᠯ ᠳᠤ ᠠᠩᠬᠠᠷᠤᠯ ᠢᠶᠠᠨ ᠲᠥᠪᠯᠡᠷᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠭᠰᠠᠨ ᠦᠷ᠎ᠡ ᠪᠦᠲᠦᠮᠵᠢ ᠶᠢᠨ ᠶᠡᠷᠦᠩᠬᠡᠶ | ᠱᠠᠭᠠᠷᠳᠠᠯᠭ᠎ᠠ ᠶᠢ ᠪᠠᠬᠢᠵᠢᠭᠦᠯᠬᠦ ᠪᠠᠷ ᠵᠦᠭᠯᠡᠭᠦᠷ ᠪᠣᠯᠭᠠᠵᠤ᠂ ︽ᠦᠨᠳᠦᠰᠦᠨ ᠵᠣᠶᠢᠯ ᠢ ᠪᠠᠲᠤᠯᠠᠬᠤ᠂ ᠳᠤᠲᠠᠭᠤᠳᠠᠯ ᠢ | ᠨᠥᠬᠦᠪᠥᠷᠢᠯᠡᠬᠦ᠂ ᠬᠤᠷᠢᠭ᠎ᠠ ᠱᠤᠭᠤᠮ ᠢ ᠪᠠᠲᠤᠯᠠᠬᠤ︾ ᠠᠵᠢᠯ ᠤᠨ ᠱᠠᠭᠠᠷᠳᠠᠯᠭ᠎ᠠ ᠶᠢ ᠴᠢᠩᠭ᠎ᠠ ᠠᠳᠬᠤᠵᠦ᠂ | ᠭᠤᠣᠯᠳᠠᠯᠭ᠎ᠠ ᠲᠢ ᠠᠵᠢᠯ ᠢ ᠲᠣᠪᠣᠶᠢᠯᠭᠠᠨ᠂ ᠨᠢᠭᠡᠳᠣᠯᠳᠡᠢ ᠲᠦᠯᠬᠢᠨ ᠠᠬᠢᠭᠤᠯᠵᠦ᠂ ᠡᠯ᠎ᠡ ᠲᠦᠷᠣᠯ ᠤᠨ ᠠᠷᠠᠳ ᠲᠤ | ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠬᠦᠴᠢᠷᠳᠡᠯᠲᠡᠶ ᠣᠯᠠᠨ | ᠲᠦᠮᠡᠨ ᠤ ᠠᠮᠢᠳᠤᠷᠠᠯ ᠤᠨ ᠪᠠᠳᠣᠯᠭ᠎ᠠ ᠬᠦᠴᠣᠨ ᠲᠠᠢ ᠪᠡᠶᠢᠬᠤ ᠶᠢ ᠪᠠᠳᠣᠯᠠᠨ᠎ᠠ᠃ | ᠰᠤᠷᠪᠤᠯᠵᠢᠯᠠᠨ ᠶᠠᠷᠢᠯᠴᠠᠭᠰᠠᠨ ᠠᠭᠤᠯᠭ᠎ᠠ | ᠰᠤᠷᠪᠤᠯᠵᠢᠯᠠᠭᠴᠢ᠄ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠢ ᠬᠦᠴᠢᠷᠳᠡᠯᠲᠡᠶ ᠣᠯᠠᠨ ᠲᠦᠮᠡᠨᠤ | ᠠᠮᠢᠳᠤᠷᠠᠯ ᠤᠨ ᠪᠠᠲᠤᠯᠠᠭ᠎ᠠ ᠶᠢᠨ ᠭᠤᠤᠯ ᠰᠠᠯᠠᠭ᠎ᠠ ᠮᠥᠴᠢᠷ ᠤᠨ ᠨᠢᠭᠡ ᠪᠣᠯᠤᠭᠰᠠᠨ ᠤ ᠬᠤᠪᠢ ᠳᠤ᠂ ᠡᠨᠡ ᠵᠢᠯ ᠤᠨ | ᠮᠠᠨ ᠤ ᠬᠤᠰᠢᠭᠤᠨ ᠤ ᠬᠦᠴᠢᠷᠳᠡᠯᠲᠡᠶ ᠣᠯᠠᠨ ᠲᠦᠮᠡᠨ ᠤ ᠠᠮᠢᠳᠤᠷᠠᠯ ᠤᠨ ᠪᠠᠲᠤᠯᠠᠭ᠎ᠠ ᠶᠢᠨ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠲᠠᠨᠲ᠋ᠠᠨᠢᠯᠴᠠᠭᠤᠯᠤᠭᠠᠷᠠᠶ᠃ | ᠵᠢᠶ ᠶᠠᠨ ᠫᠢᠩ᠄ ᠡᠨᠡ ᠵᠢᠯ ᠬᠦᠴᠢᠷᠳᠡᠯᠲᠡᠶ ᠣᠯᠠᠨ ᠲᠦᠮᠡᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢᠨ | ᠲᠥᠯᠥᠭᠡ ᠭᠤᠤᠯᠳᠠᠭᠤ ᠳᠣᠤᠷᠠᠬᠢ ᠵᠢᠷᠭᠤᠭᠠᠨ ᠲᠠᠯ᠎ᠠ ᠶᠢᠨ ᠠᠵᠢᠯ ᠢ ᠬᠢᠵᠡᠶ᠄ | ᠨᠢᠭᠡ ᠳᠤ᠂ ᠬᠤᠳᠠ ᠬᠥᠳᠡᠭᠡ ᠶᠢᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠤᠶᠤᠨᠴᠢᠯᠠᠭᠰᠠᠨ ᠦᠢᠯᠡᠴᠢᠯᠡᠭᠡᠨ ᠤ | ᠠᠵᠢᠯ ᠢ ᠤᠯᠠᠭᠠᠨᠴᠠᠪ ᠬᠤᠲᠠ ᠶᠢᠨ ᠨᠡᠶᠢᠭᠡᠮ ᠤᠨ ᠠᠪᠤᠷᠠᠨ ᠲᠤᠰᠠᠯᠠᠬᠤ ᠤᠶᠤᠨᠴᠢᠯᠠᠭᠰᠠᠨ ᠦᠢᠯᠡᠴᠢᠯᠡᠭᠡᠨ ᠤ ᠠᠵᠢᠯ ᠢ | ᠪᠥᠬᠦ ᠲᠠᠯ᠎ᠠ ᠪᠠᠷ ᠰᠠᠶᠢᠲᠤᠷ ᠬᠢᠬᠦ ᠱᠠᠭᠠᠷᠳᠠᠯᠭ᠎ᠠ ᠶᠣᠰᠣᠭᠠᠷ᠂ 8 ᠳ᠋ᠤᠭᠠᠷ ᠰᠠᠷ᠎ᠠ ᠳᠤ ᠮᠠᠨ ᠤ ᠬᠤᠰᠢᠭᠤ ᠨᠢᠭᠡᠨᠲᠡ | ᠰᠦᠯᠵᠢᠶᠡᠨ ᠳᠡᠭᠡᠷ᠎ᠡ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠪᠠ ᠨᠠᠭᠠᠳᠤ ᠵᠠᠬ᠎ᠠ ᠶᠢᠨ | ᠠᠮᠢᠳᠤᠷᠠᠯ ᠤᠨ ᠪᠠᠲᠤᠯᠠᠭ᠎ᠠ ᠶᠢ ᠭᠥᠷᠳᠡᠵᠦ ᠪᠠᠶᠢᠭ᠎ᠠ ᠡᠲᠡᠭᠡᠳ ᠢ ᠲᠣᠭᠲᠠᠮᠠᠯ ᠬᠤᠭᠤᠴᠠᠭ᠎ᠠ ᠲᠠᠢ ᠪᠠᠷ ᠳᠠᠬᠢᠨ ᠬᠢᠨᠠᠵᠤ | ᠭᠡᠷᠡᠴᠢᠯᠡᠬᠦ ᠠᠵᠢᠯ ᠢ ᠪᠥᠬᠦ ᠲᠠᠯ᠎ᠠ ᠪᠠᠷ ᠪᠡᠶᠡᠯᠡᠭᠦᠯᠪᠡ᠃ ᠤᠶᠤᠨᠴᠢᠯᠠᠭᠰᠠᠨ ᠦᠢᠯᠡᠴᠢᠯᠡᠭᠡᠨ ᠤ ᠠᠵᠢᠯ ᠢ | ᠥᠷᠨᠢᠭᠦᠯᠬᠦ ᠪᠠᠷ ᠳᠠᠮᠵᠢᠭᠤᠯᠤᠨ᠂ ᠥᠷᠭᠡᠨ ᠤᠯᠠᠨ ᠬᠦᠴᠢᠷᠳᠡᠯ ᠲᠠᠢ ᠤᠯᠠᠨ ᠲᠦᠮᠡᠨ ᠭᠡᠷ ᠠᠴᠠ ᠪᠠᠨ ᠭᠠᠷᠬᠤ | ᠦᠭᠡᠢ ᠪᠠᠷ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢ ᠭᠤᠶᠤᠴᠢᠯᠠᠬᠤ ᠪᠠ ᠲᠣᠭᠲᠠᠮᠠᠯ | ᠬᠤᠭᠤᠴᠠᠭ᠎ᠠ ᠲᠠᠢ ᠪᠠᠷ ᠲᠠᠬᠢᠨ ᠬᠢᠨᠠᠵᠤ ᠭᠡᠷᠡᠴᠢᠯᠡᠨ ᠮᠠᠭᠠᠳᠯᠠᠵᠤ᠂ ᠤᠯᠠᠨ ᠲᠦᠮᠡᠨ ᠬᠢᠯᠢᠰ ᠬᠦᠴᠢᠷ ᠵᠠᠮ ᠢᠶᠠᠷ | ᠶᠠᠪᠤᠬᠤ ᠦᠭᠡᠢ ᠪᠤᠯᠵᠤ᠂ ᠰᠢᠳᠪᠣᠷᠢᠯᠡᠵᠦ ᠳᠠᠭᠤᠰᠬᠠᠬᠤ ᠬᠦᠴᠦᠨ ᠲᠠᠢ ᠬᠤᠭᠤᠴᠠᠭ᠎ᠠ ᠶᠢ ᠳᠡᠭᠡᠭᠰᠢᠯᠡᠭᠦᠯᠵᠦ᠂ ︽ | ᠤᠯᠠᠨ ᠲᠦᠮᠡᠨ ᠳᠤ ᠦᠢᠯᠡᠴᠢᠯᠡᠬᠦ ᠡᠴᠦᠰ ᠤᠨ ᠨᠢᠭᠡ ᠺᠢᠯᠣᠮᠧᠲᠷ︾ ᠤᠨ ᠠᠰᠠᠭᠤᠳᠠᠯ ᠢ ᠦᠨᠡᠨ ᠬᠦ ᠰᠢᠳᠪᠣᠷᠢᠯᠡᠭᠰᠡᠨ | ᠪᠠᠶᠢᠨ᠎ᠠ᠃ | ᠬᠤᠶᠠᠷ ᠲᠤ᠂ ᠣᠨᠴᠠ ᠬᠦᠴᠢᠷᠳᠡᠯᠲᠡᠶ ᠬᠥᠮᠦᠰ ᠤᠨ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ ᠬᠡᠷᠡᠭᠲᠡᠶ᠃ | ᠡᠩ ᠲᠡᠷᠢᠭᠦᠨ ᠳᠤ ᠣᠨᠴᠠ ᠬᠦᠴᠢᠷᠳᠡᠯᠲᠡᠶ ᠬᠥᠮᠦᠰ ᠢ ᠠᠰᠠᠷᠠᠨ ᠲᠡᠵᠢᠭᠡᠵᠦ ᠠᠪᠤᠷᠠᠨ ᠲᠤᠰᠠᠯᠠᠬᠤᠪᠠᠷ | ᠭᠤᠶᠤᠴᠢᠯᠠᠭᠰᠠᠨ ᠬᠦᠴᠢᠷᠳᠡᠯᠲᠡᠶ ᠣᠯᠠᠨ ᠲᠦᠮᠡᠨ ᠢ ᠴᠠᠭ ᠲᠤᠬᠠᠶ ᠳᠤᠨᠢ ᠡᠯ᠎ᠡ ᠰᠤᠮᠤ ᠰᠢᠶᠠᠩ ᠪᠠᠯᠭᠠᠰᠤ ᠠᠴᠠ ᠲᠠᠰ | ᠳᠠᠷᠠᠭᠠᠯᠠᠯ ᠶᠣᠰᠣᠭᠠᠷ ᠬᠢᠨᠠᠨ ᠬᠠᠷᠭᠤᠭᠤᠯᠵᠤ᠂ ᠨᠥᠬᠦᠴᠡᠯ ᠳᠤ ᠨᠡᠶᠢᠴᠡᠪᠡᠯ ᠬᠠᠮᠤᠭ ᠤᠨ ᠣᠬᠤᠷ ᠬᠤᠭᠤᠴᠠᠭᠠᠨ ᠤ | ᠳᠣᠲᠣᠷ᠎ᠠ ᠬᠢᠨᠠᠨ ᠵᠥᠪᠰᠢᠶᠡᠷᠡᠵᠦ᠂ ᠣᠨᠴᠠ ᠬᠦᠴᠢᠷᠳᠡᠯᠲᠡᠶ ᠬᠥᠮᠦᠰ ᠤᠨ ︽ᠪᠠᠲᠤᠯᠠᠬᠤ ᠶᠣᠰᠣᠲᠠᠶ ᠶᠢ ᠨᠢ ᠴᠥᠮ | ᠪᠠᠲᠤᠯᠠᠬᠤ︾ ᠶᠢ ᠦᠨᠡᠨᠬᠦ ᠪᠠᠲᠤᠯᠠᠬᠤ ᠬᠡᠷᠡᠭᠲᠡᠶ᠃ ᠣᠲᠣ ᠪᠥᠬᠦ ᠬᠤᠰᠢᠭᠤᠨ ᠤ ᠣᠨᠴᠠ ᠬᠦᠴᠢᠷᠳᠡᠯᠲᠡᠶ ᠠᠰᠠᠷᠠᠨ | ᠲᠡᠵᠢᠭᠡᠵᠦ ᠪᠠᠶᠢᠭ᠎ᠠ ᠬᠥᠮᠦᠨ 1469 ᠪᠠᠶᠢᠵᠤ᠂ ᠡᠭᠦᠨ ᠳᠤ ᠬᠥᠳᠡᠭᠡ ᠲᠣᠰᠬᠤᠨ ᠤ ᠲᠠᠪᠤᠨ ᠪᠠᠲᠤᠯᠠᠭᠠᠲᠤ ᠡᠲᠡᠭᠡᠳ | 1441᠂ ᠬᠤᠲᠠ ᠪᠠᠯᠭᠠᠰᠤᠨ ᠤ ︽ᠭᠤᠷᠪᠠ ᠥᠬᠡᠶ︾ ᠬᠥᠮᠦᠨ 28 ᠪᠣᠶ᠃ ᠳᠠᠷᠠᠭᠠᠯᠠᠪᠠᠯ᠂ ᠣᠨᠴᠠ | ᠬᠦᠴᠢᠷᠳᠡᠯᠲᠡᠶ ᠬᠥᠮᠦᠰ ᠤᠨ ᠪᠡᠶ᠎ᠡ ᠪᠠᠨ ᠳᠠᠭᠠᠭᠠᠬᠤ ᠴᠢᠳᠠᠪᠤᠷᠢ ᠶᠢ ᠦᠨᠡᠯᠡᠨ ᠵᠢᠱᠢᠬᠦ ᠠᠵᠢᠯ ᠢ ᠦᠨᠡᠨ ᠬᠦ | ᠴᠢᠩᠭᠠᠳᠬᠠᠵᠤ᠂ ᠣᠨᠴᠠ ᠬᠦᠴᠢᠷᠳᠡᠯᠲᠡᠶ ᠠᠰᠠᠷᠠᠨ ᠲᠡᠵᠢᠭᠡᠭᠴᠢᠳ ᠢ ᠠᠰᠠᠷᠠᠨ ᠬᠠᠷᠠᠭᠠᠯᠵᠠᠵᠤ ᠠᠰᠠᠷᠠᠨ ᠰᠤᠪᠢᠯᠠᠬᠤ ᠶᠢ | ᠳᠤᠲᠠᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠣᠳᠣᠬᠠᠨ ᠳᠤ ᠪᠥᠬᠦ ᠬᠤᠰᠢᠭᠤᠨ ᠤ ᠣᠨᠴᠠ ᠬᠦᠴᠢᠷᠳᠡᠯ ᠲᠠᠢ | ᠠᠰᠠᠷᠠᠨ ᠰᠤᠪᠢᠯᠠᠬᠤ ᠨᠥᠬᠦᠪᠥᠷᠢ ᠶᠢ ᠭᠥᠷᠳᠡᠵᠦ ᠪᠠᠶᠢᠭ᠎ᠠ ᠬᠥᠮᠦᠨ 119 ᠪᠠᠶᠢᠵᠤ᠂ ᠡᠭᠦᠨ ᠳᠤ ᠬᠠᠭᠠᠰ ᠠᠰᠠᠷᠠᠨ | ᠰᠤᠪᠢᠯᠠᠬᠤ ᠠᠵᠢᠯᠲᠠᠨ 60᠂ ᠪᠥᠬᠦ ᠠᠰᠠᠷᠠᠨ ᠰᠤᠪᠢᠯᠠᠬᠤ ᠠᠵᠢᠯᠲᠠᠨ 59 ᠪᠣᠶ᠃ | ᠭᠤᠷᠪᠠ ᠳᠤ᠂ ᠵᠡᠮᠳᠡᠭᠴᠦᠳ ᠤᠨ ᠬᠤᠶᠠᠷ ᠵᠣᠶᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠠᠰᠤᠷᠠᠯᠲᠠ | ᠥᠬᠡᠶ ᠴᠢᠩᠭᠠᠳᠬᠠᠪᠠ᠃ 2020 ᠣᠨ ᠳᠤ ᠵᠡᠮᠳᠡᠭᠴᠦᠳ ᠤᠨ ᠪᠠᠲᠤᠯᠠᠭ᠎ᠠ ᠶᠢᠨ ᠬᠠᠮᠲᠤᠷᠠᠭᠰᠠᠨ ᠬᠤᠷᠠᠯ ᠤᠨ | ᠲᠦᠷᠢᠮ ᠢ ᠤᠯᠠᠮ ᠨᠢᠭᠡ ᠠᠯᠬᠤᠮ ᠪᠦᠷᠢᠨᠰᠢᠬᠦᠯᠵᠦ᠂ ᠵᠡᠮᠳᠡᠭᠴᠦᠳ ᠤᠨ ᠬᠤᠯᠪᠣᠭ᠎ᠠ ᠪᠣᠯᠤᠨ ᠡᠯ᠎ᠡ ᠰᠤᠮᠤ ᠰᠢᠶᠠᠩ | ᠪᠠᠯᠭᠠᠰᠤ ᠯᠤᠭ᠎ᠠ ᠶᠢᠨ ᠨᠡᠪᠲᠡᠷᠡᠯᠴᠡᠭᠡ ᠬᠠᠮᠵᠢᠯᠴᠠᠭ᠎ᠠ ᠪᠠᠨ ᠴᠢᠩᠭᠠᠳᠬᠠᠵᠤ᠂ ᠪᠥᠬᠦ ᠬᠤᠰᠢᠭᠤᠨ ᠤ ᠵᠡᠮᠳᠡᠭᠴᠦᠳ ᠲᠤ | ᠣᠯᠠᠨ ᠤᠳᠠᠭ᠎ᠠ ᠪᠠᠶᠢᠳᠠᠯ ᠢ ᠤᠶᠢᠯᠠᠭᠠᠨ ᠵᠢᠭᠰᠠᠭᠠᠨ ᠪᠠᠶᠢᠴᠠᠭᠠᠯᠲᠠ ᠬᠢᠵᠦ᠂ ᠨᠥᠬᠦᠴᠡᠯ ᠳᠤ ᠨᠡᠶᠢᠴᠡᠬᠦ | ᠵᠡᠮᠳᠡᠭᠴᠦᠳ ᠢ ᠪᠦᠬᠦᠨ ᠢ ᠨᠥᠬᠦᠪᠥᠷᠢ ᠥᠭᠬᠦ ᠬᠡᠪᠴᠢᠶᠡᠨ ᠳᠤ ᠣᠷᠣᠭᠤᠯᠪᠠ᠃ 2020 ᠣᠨ ᠳᠤ ᠪᠥᠬᠦ | ᠬᠤᠰᠢᠭᠤᠨ ᠳᠤ ᠠᠮᠢᠳᠤᠷᠠᠯ ᠤᠨ ᠨᠥᠬᠦᠪᠥᠷᠢ ᠭᠥᠷᠳᠡᠵᠦ ᠪᠠᠶᠢᠭ᠎ᠠ ᠵᠡᠮᠳᠡᠭ ᠬᠥᠮᠦᠨ ᠨᠡᠶᠢᠲᠡ 5027 ᠪᠠᠶᠢᠵᠤ᠂ | ᠡᠭᠦᠨ ᠳᠤ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ 2038 ᠪᠠᠶᠢᠵᠤ᠂ ᠬᠦᠨᠳᠦ ᠰᠤᠪᠢᠯᠠᠯᠲᠠ ᠶᠢᠨ | ᠨᠥᠬᠦᠪᠥᠷᠢ ᠭᠥᠷᠳᠡᠵᠦ ᠪᠠᠶᠢᠭ᠎ᠠ ᠵᠡᠮᠳᠡᠭ ᠬᠥᠮᠦᠨ 2348 ᠪᠠᠶᠢᠵᠤ᠂ ᠡᠭᠦᠨ ᠳᠤ ᠳᠡᠩᠰᠡᠯᠡᠨ ᠺᠠᠷᠲᠯᠠᠭᠰᠠᠨ ᠶᠠᠳᠠᠭᠤ | ᠬᠦᠴᠢᠷᠳᠡᠯᠲᠡᠶ ᠡᠷᠦᠬᠡ 651 ᠪᠠᠶᠢᠨ᠎ᠠ᠃ | ᠲᠦᠷᠪᠡ ᠳᠤ᠂ ᠲᠦᠷ ᠴᠠᠭ ᠤᠨ ᠠᠪᠤᠷᠠᠨ ᠲᠤᠰᠠᠯᠠᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠴᠢᠬᠤᠯᠠ | ᠨᠥᠬᠦᠪᠥᠷᠢ ᠪᠣᠯᠭᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠬᠠᠮᠤᠭ ᠡᠴᠦᠰ ᠤᠨ ᠪᠠᠲᠤᠯᠠᠪᠤᠷᠢ ᠶᠢᠨ | ᠱᠤᠭᠤᠮ ᠢ ᠪᠠᠶᠢᠭᠤᠯᠤᠨ᠎ᠠ᠃ ᠭᠡᠨᠡᠳᠲᠡ ᠶᠢᠨ ᠬᠡᠷᠡᠭ᠂ ᠰᠠᠨᠠᠭᠠᠨ ᠳᠤ ᠦᠭᠡᠢ ᠭᠡᠮᠲᠦᠯ᠂ ᠭᠡᠷ ᠪᠦᠯᠢ ᠶᠢᠨ ᠪᠦᠷᠢᠯᠳᠦᠬᠦᠨ ᠤ | ᠬᠦᠨᠳᠦ ᠶᠡᠭᠡ ᠡᠪᠡᠳᠴᠢᠨ ᠡᠮᠭᠡᠭ ᠵᠡᠷᠭᠡ ᠰᠢᠯᠲᠠᠭᠠᠨ ᠠᠴᠠ ᠪᠤᠯᠵᠤ ᠦᠨᠳᠦᠰᠦᠨ ᠠᠮᠢᠳᠤᠷᠠᠯ ᠨᠢ ᠲᠦᠷ ᠴᠠᠭ | ᠬᠦᠴᠢᠷᠳᠡᠯ ᠲᠠᠢ ᠪᠣᠯᠤᠭᠰᠠᠨ ᠪᠠ ᠨᠠᠷᠢᠯᠢᠭ ᠣᠨᠣᠴᠠᠲᠠᠶ ᠲᠦᠷᠦ ᠶᠢᠨ ᠪᠤᠳᠤᠯᠭ᠎ᠠ ᠶᠢ ᠲᠦᠷ ᠴᠠᠭ ᠬᠠᠮᠤᠷᠬᠤ ᠶᠢᠨ | ᠠᠷᠭ᠎ᠠ ᠦᠭᠡᠢ ᠲᠦᠷ ᠴᠠᠭ ᠤᠨ ᠴᠢᠨᠠᠷᠲᠠᠶ ᠠᠮᠢᠳᠤᠷᠠᠯ ᠨᠢ ᠬᠦᠴᠢᠷᠳᠡᠯ ᠲᠠᠢ ᠤᠯᠠᠨ ᠲᠦᠮᠡᠨ ᠤ ︽ᠲᠠᠬᠢᠨ | ᠶᠠᠳᠠᠭᠤᠷᠠᠬᠤ︾ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠪᠢᠳᠡ ᠡᠪᠬᠡᠮᠡᠯ ᠪᠠᠶᠢᠭᠤᠯᠤᠨ ᠺᠠᠷᠲᠯᠠᠨ | ᠳᠠᠩᠰᠠᠯᠠᠭᠰᠠᠨ ᠶᠠᠳᠠᠭᠤ ᠬᠦᠴᠢᠷᠳᠡᠯ ᠲᠠᠢ ᠡᠷᠦᠬᠡ᠂ ᠶᠠᠳᠠᠭᠤ ᠬᠦᠴᠢᠷᠳᠡᠯ ᠲᠠᠢ ᠵᠠᠬ᠎ᠠ ᠬᠢᠵᠠᠭᠠᠷ ᠤᠨ ᠡᠷᠦᠬᠡ ︵ | ᠶᠠᠳᠠᠭᠤ ᠬᠦᠴᠢᠷᠳᠡᠯ ᠲᠠᠢ ᠪᠤᠰᠤ ᠡᠷᠦᠬᠡ︶ ᠶᠢ ᠲᠦᠷ ᠴᠠᠭ ᠤᠨ ᠠᠪᠤᠷᠠᠨ ᠲᠤᠰᠠᠯᠠᠬᠤ ᠬᠡᠪᠴᠢᠶᠡᠨ ᠳᠤ ᠣᠷᠣᠭᠤᠯᠪᠠ᠃ | ᠠᠷᠠᠳ ᠤᠨ ᠶᠠᠪᠤᠳᠠᠯ ᠤᠨ ᠲᠣᠪᠴᠢᠶ᠎ᠠ ᠠᠴᠠ ᠲᠦᠷ ᠴᠠᠭ ᠤᠨ ᠠᠪᠤᠷᠠᠨ ᠲᠤᠰᠠᠯᠠᠬᠤ ᠪᠠᠯᠠ ᠮᠥᠩᠭᠦ ᠶᠢ ᠡᠯ᠎ᠡ ᠰᠤᠮᠤ | ᠰᠢᠶᠠᠩ ᠪᠠᠯᠭᠠᠰᠤᠨ ᠳᠤ ᠴᠠᠭ ᠲᠤᠬᠠᠶ ᠳᠤᠨᠢ ᠰᠠᠯᠭᠠᠨ ᠥᠭᠴᠦ᠂ ︽ᠪᠦᠬᠦᠨ ᠳᠤ ᠳᠣᠭᠢᠷᠠᠬᠤ ᠺᠠᠷᠲ︾ ᠢᠶᠠᠷ | ᠳᠠᠮᠵᠢᠭᠤᠯᠤᠨ ᠡᠷᠦᠬᠡ ᠳᠤ ᠣᠯᠭᠤᠬᠤ ᠬᠡᠷᠡᠭᠲᠡᠶ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠲᠦᠷ | ᠴᠠᠭ ᠤᠨ ᠠᠪᠤᠷᠠᠨ ᠲᠤᠰᠠᠯᠠᠬᠤ ᠲᠦᠷᠦᠶᠢᠨ ᠪᠤᠳᠤᠯᠭ᠎ᠠ ᠶᠢ ᠬᠡᠷᠡᠭᠵᠢᠭᠦᠯᠬᠦ ᠪᠠᠷ ᠶᠠᠳᠠᠭᠤ ᠬᠦᠴᠢᠷᠳᠡᠯᠲᠡᠢ ᠬᠥᠮᠦᠨ | ᠠᠮᠠ ᠶᠢᠨ ᠦᠨᠳᠦᠰᠦᠨ ᠵᠦᠢᠯ ᠢ ᠪᠠᠲᠤᠯᠠᠬᠤ ᠡᠷᠴᠢᠮ ᠢ ᠴᠢᠩᠭᠠᠷᠠᠭᠤᠯᠵᠤ᠂ ︽ᠬᠤᠶᠠᠷ ᠲᠤ ᠵᠣᠪᠠᠭ᠋ᠤ ᠦᠭᠡᠢ | ᠭᠤᠷᠪᠠ ᠶᠢ ᠪᠠᠲᠤᠯᠠᠬᠤ︾ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠪᠠ ᠶᠠᠳᠠᠭᠤ ᠠᠴᠠ ᠠᠩᠭᠢᠵᠢᠷᠠᠭᠰᠠᠨ ᠤᠯᠠᠨ | ᠲᠦᠮᠡᠨ ᠤ ᠲᠠᠬᠢᠨ ᠶᠠᠳᠠᠭᠤᠷᠠᠬᠤ ᠶᠢ ᠰᠡᠷᠭᠡᠶᠢᠯᠡᠬᠦ ᠳᠤ ᠬᠦᠴᠦ ᠨᠡᠮᠡᠷᠢᠯᠡᠪᠡ᠃ 2020 ᠣᠨ ᠳᠤ ᠶᠠᠳᠠᠭᠤ | ᠬᠦᠴᠢᠷᠳᠡᠯᠲᠡᠢ ᠤᠯᠠᠨ ᠲᠦᠮᠡᠨ ᠢ ᠨᠡᠶᠢᠳᠡ 786 ᠬᠥᠮᠦᠨ ︵ᠤᠳᠠᠭ᠎ᠠ︶ ᠢ ᠠᠪᠤᠷᠠᠨ ᠲᠤᠰᠠᠯᠠᠵᠤ᠂ ᠲᠦᠷ | ᠴᠠᠭ ᠤᠨ ᠠᠪᠤᠷᠠᠨ ᠲᠤᠰᠠᠯᠠᠬᠤ ᠮᠥᠩᠭᠦ 133.6 ᠲᠦᠮᠡᠨ ᠲᠥᠭᠦᠷᠢᠭ ᠢ ᠲᠠᠷᠬᠠᠭᠠᠪᠠ᠃ | ᠲᠠᠪᠤ ᠳᠤ᠂ ᠠᠷᠠᠳ ᠤᠨ ᠶᠠᠪᠤᠳᠠᠯ ᠤᠨ ᠪᠠᠲᠤᠯᠠᠭ᠎ᠠ ᠶᠢᠨ ᠡᠲᠡᠭᠡᠳ ᠤᠨ ᠡᠯ᠎ᠡ ᠲᠥᠷᠥᠯ ᠤᠨ ᠪᠠᠯᠠ ᠮᠥᠩᠭᠦ ᠶᠢ | ᠪᠦᠬᠦᠨ ᠢ ᠠᠷᠠᠳ ᠤᠨ ᠶᠠᠪᠤᠳᠠᠯ ᠤᠨ ᠡᠯ᠎ᠡ ᠲᠥᠷᠥᠯ ᠤᠨ ᠪᠠᠲᠤᠯᠠᠭ᠎ᠠ ᠶᠢᠨ ᠡᠲᠡᠭᠡᠳ ᠤᠨ ᠦᠨᠳᠦᠰᠦᠨ ᠠᠮᠢᠳᠤᠷᠠᠯ ᠢ | ᠪᠠᠲᠤᠯᠠᠬᠤ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠪᠠ ᠮᠥᠩᠭᠦᠨ ᠭᠦᠢᠯᠭᠡᠭᠡᠨ ᠤ ᠰᠠᠯᠠᠭ᠎ᠠ ᠮᠥᠴᠢᠷ ᠢ | ᠢᠳᠡᠪᠬᠢᠲᠡᠶ ᠵᠣᠬᠢᠴᠠᠭᠤᠯᠵᠤ᠂ 2020 ᠣᠨ ᠳᠤ ᠠᠷᠠᠳ ᠤᠨ ᠶᠠᠪᠤᠳᠠᠯ ᠤᠨ ᠡᠯ᠎ᠡ ᠲᠥᠷᠥᠯ ᠤᠨ ᠪᠠᠲᠤᠯᠠᠭ᠎ᠠ ᠶᠢᠨ | ᠡᠲᠡᠭᠡᠳ ᠤᠨ ᠪᠠᠯᠠ ᠮᠥᠩᠭᠦ ᠶᠢ ᠪᠦᠬᠦᠨ ᠢ ᠪᠣᠳᠠᠲᠠᠶᠢᠵᠢᠭᠤᠯᠵᠤ᠂ ᠬᠤᠲᠠ ᠬᠥᠳᠡᠭᠡ ᠶᠢᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠮᠥᠩᠭᠦ ᠶᠢ ᠨᠡᠶᠢᠲᠡ 12507.4 ᠲᠦᠮᠡᠨ ᠣᠨᠴᠠ ᠬᠦᠴᠢᠷᠳᠡᠯᠲᠡᠶ ᠠᠰᠠᠷᠠᠨ ᠲᠡᠵᠢᠭᠡᠬᠦ | ᠬᠥᠮᠦᠰ ᠲᠤ 988.5 ᠲᠦᠮᠡᠨ ᠲᠥᠭᠦᠷᠢᠭ ᠤᠨ ᠠᠰᠠᠷᠠᠨ ᠲᠡᠵᠢᠭᠡᠬᠦ ᠵᠠᠷᠤᠳᠠᠯ ᠣᠯᠭᠤᠪᠠ᠃ ᠵᠡᠮᠳᠡᠭᠴᠦᠳ ᠤᠨ | ᠬᠤᠶᠠᠷ ᠵᠣᠶᠢᠯ ᠤᠨ ᠨᠥᠬᠦᠪᠥᠷᠢ ᠶᠢᠨ ᠪᠠᠯᠠ ᠮᠥᠩᠭᠦ ᠶᠢ 766.4 ᠲᠦᠮᠡᠨ ᠲᠥᠭᠦᠷᠢᠭ ᠲᠠᠷᠬᠠᠭᠠᠪᠠ᠃ | ᠬᠦᠴᠢᠷᠳᠡᠯ ᠳᠤ ᠲᠤᠯᠭᠠᠷᠠᠭᠰᠠᠨ ᠬᠡᠤᠬᠡᠳ ᠢ ᠠᠰᠠᠷᠠᠨ ᠬᠥᠮᠦᠵᠢᠭᠦᠯᠬᠦ ᠵᠠᠷᠤᠳᠠᠯ ᠢ 114.1 ᠲᠦᠮᠡᠨ ᠲᠥᠭᠦᠷᠢᠭ | ᠲᠠᠷᠬᠠᠭᠠᠵᠤ᠂ ᠥᠨᠳᠥᠷ ᠨᠠᠰᠤᠨ ᠤ ᠨᠡᠮᠡᠭᠦᠷᠢ ᠶᠢ 656 ᠲᠦᠮᠡᠨ ᠲᠥᠭᠦᠷᠢᠭ ᠣᠯᠭᠤᠪᠠ᠃ | ᠵᠢᠷᠭᠤᠭ᠎ᠠ ᠳᠤ᠂ ᠨᠡᠶᠢᠭᠡᠮ ᠤᠨ ᠠᠪᠤᠷᠠᠨ ᠲᠤᠰᠠᠯᠠᠵᠤ ᠦᠨᠳᠦᠰᠦᠨ ᠵᠦᠢᠯ ᠢ ᠪᠠᠲᠤᠯᠠᠵᠤ ᠶᠠᠳᠠᠭᠤ ᠠᠴᠠ | ᠠᠩᠭᠢᠵᠢᠷᠠᠭᠤᠯᠬᠤ ᠶᠢ ᠪᠠᠲᠤᠯᠠᠬᠤ ᠠᠵᠢᠯᠯᠠᠭ᠎ᠠ ᠶᠢᠨ ᠠᠵᠢᠯ ᠯᠠᠪᠳᠠᠭᠤᠨ ᠪᠠᠲᠤᠲᠠᠢ ᠪᠦᠲᠦᠮᠵᠢᠲᠡᠢ ᠪᠣᠯᠪᠠ᠃ ᠶᠠᠳᠠᠭᠤ | ᠬᠦᠴᠢᠷᠳᠡᠯᠲᠡᠶ ᠡᠲᠡᠭᠡᠳ ᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ ᠶᠠᠳᠠᠭᠤ ᠶᠢ ᠲᠡᠳᠬᠦᠬᠦ᠂ ᠡᠯ᠎ᠡ ᠰᠤᠮᠤ ᠰᠢᠶᠠᠩ | ᠪᠠᠯᠭᠠᠰᠤ ᠵᠡᠷᠭᠡ ᠰᠠᠯᠠᠭ᠎ᠠ ᠮᠥᠴᠢᠷ ᠯᠦᠭᠡ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠨᠠᠷᠢᠯᠢᠭ ᠣᠨᠣᠴᠠᠲᠠᠶ ᠪᠠᠷ | ᠶᠠᠳᠠᠭᠤ ᠶᠢ ᠲᠡᠳᠬᠦᠬᠦ ᠡᠲᠡᠭᠡᠳ ᠤᠨ ᠪᠠᠶᠢᠳᠠᠯ ᠢ ᠳᠠᠬᠢᠨ ᠣᠶᠢᠯᠠᠭᠠᠬᠤ᠂ ᠳᠠᠬᠢᠨ ᠵᠢᠭᠰᠠᠭᠠᠨ ᠪᠠᠶᠢᠴᠠᠭᠠᠬᠤ ᠠᠵᠢᠯ ᠢ | ᠯᠠᠪᠳᠠᠭᠤᠨ ᠪᠠᠲᠤᠲᠠᠶ ᠥᠷᠨᠢᠭᠦᠯᠵᠦ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠳᠠᠬᠢᠨ ᠶᠠᠳᠠᠭᠤᠷᠠᠬᠤ | ᠲᠦᠭᠰᠢᠭᠦᠷᠢ ᠲᠠᠢ ᠶᠠᠳᠠᠭᠤ ᠬᠦᠴᠢᠷᠳᠡᠯᠲᠡᠶ ᠬᠥᠮᠦᠨ ᠠᠮᠠ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ | ᠬᠥᠮᠦᠨ ᠠᠮᠠ ᠶᠢᠨ ᠬᠥᠳᠡᠯᠮᠦᠷᠢᠯᠡᠬᠦ ᠴᠢᠳᠠᠪᠤᠷᠢ ᠥᠬᠡᠶ ᠬᠥᠮᠦᠨ ᠠᠮᠠ᠂ ᠵᠠᠬ᠎ᠠ ᠬᠢᠵᠠᠭᠠᠷ ᠡᠷᠦᠬᠡ ᠶᠢᠨ ᠳᠣᠲᠣᠷ᠎ᠠ | ᠶᠠᠳᠠᠭᠤᠷᠠᠬᠤ ᠲᠦᠭᠰᠢᠭᠦᠷᠢ ᠲᠠᠢ ᠬᠥᠮᠦᠨ ᠠᠮᠠ ᠶᠢᠨ ᠡᠬᠡ ᠲᠠᠩᠰᠠ ᠶᠢ ᠪᠠᠶᠢᠭᠤᠯᠤᠨ ᠪᠦᠷᠢᠨᠰᠢᠬᠦᠯᠵᠦ᠂ ᠶᠠᠳᠠᠭᠤ | ᠬᠦᠴᠢᠷᠳᠡᠯᠲᠡᠶ ᠬᠥᠮᠦᠨ ᠠᠮᠠ ᠶᠢᠨ ᠬᠡᠷ ᠪᠦᠯᠢ ᠶᠢᠨ ᠣᠷᠣᠯᠭ᠎ᠠ ᠶᠢᠨ ᠬᠤᠪᠢᠷᠠᠯᠲᠠ ᠶᠢᠨ ᠪᠠᠶᠢᠳᠠᠯ ᠢ ᠴᠠᠭ | ᠲᠤᠬᠠᠶ ᠳᠤᠨᠢ ᠬᠢᠨᠠᠨ ᠬᠡᠮᠵᠢᠨ᠎ᠡ᠃ ᠶᠠᠳᠠᠭᠤ ᠠᠴᠠ ᠠᠩᠭᠢᠵᠢᠷᠠᠭᠠᠳᠤᠶ᠂ ᠨᠢᠭᠡᠨᠲᠡ ᠶᠠᠳᠠᠭᠤ ᠠᠴᠠ ᠠᠩᠭᠢᠵᠢᠷᠠᠭᠰᠠᠨ | ᠪᠠᠶᠢᠳᠠᠯ ᠳᠤ ᠳᠠᠬᠢᠨ ᠶᠠᠳᠠᠭᠤᠷᠠᠬᠤ ᠠᠶᠤᠯ ᠲᠦᠭᠰᠢᠭᠦᠷᠢ ᠪᠠ ᠶᠠᠳᠠᠭᠤ ᠬᠦᠴᠢᠷᠳᠡᠯ ᠲᠠᠢ ᠡᠷᠦᠬᠡ ᠳᠤ ᠶᠠᠳᠠᠭᠤᠷᠠᠬᠤ | ᠠᠶᠤᠯ ᠲᠦᠭᠰᠢᠭᠦᠷᠢ ᠣᠷᠣᠰᠢᠵᠤ ᠪᠠᠶᠢᠭ᠎ᠠ ᠬᠥᠮᠦᠨ ᠠᠮᠠ ᠳᠤ ᠠᠪᠴᠤ ᠬᠡᠯᠡᠪᠡᠯ᠂ ᠪᠤᠰᠤᠳ ᠶᠠᠳᠠᠭᠤ ᠶᠢ ᠲᠡᠳᠬᠦᠬᠦ | ᠲᠥᠷᠥ ᠶᠢᠨ ᠪᠣᠳᠣᠯᠭ᠎ᠠ ᠶᠢ ᠬᠠᠮᠤᠷᠬᠤ ᠶᠢᠨ ᠠᠷᠭ᠎ᠠ ᠥᠬᠡᠶ ᠪᠠ ᠲᠣᠰ ᠪᠡᠶ᠎ᠡ ᠶᠢᠨ ᠴᠢᠳᠠᠪᠤᠷᠢ ᠪᠠᠷ ᠢᠶᠠᠨ ᠶᠠᠳᠠᠭᠤ | ᠬᠦᠴᠢᠷᠳᠡᠯ ᠠᠴᠠ ᠠᠩᠭᠢᠵᠢᠷᠠᠬᠤ ᠶᠢᠨ ᠠᠷᠭ᠎ᠠ ᠥᠬᠡᠶ ᠪᠠᠶᠢᠳᠠᠯ ᠳᠣᠤᠷ᠎ᠠ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ | ᠴᠠᠭ ᠲᠤᠬᠠᠶ ᠳᠤᠨᠢ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ︽ᠬᠥᠳᠡᠭᠡ | ᠲᠣᠰᠬᠤᠨ ᠢ ᠣᠷᠬᠢᠭᠳᠠᠭᠤᠯᠬᠤ ᠥᠬᠡᠶ᠂ ᠠᠶᠢᠯ ᠲᠣᠰᠬᠤᠨ ᠢ ᠣᠷᠬᠢᠭᠳᠠᠭᠤᠯᠬᠤ ᠥᠬᠡᠶ᠂ ᠡᠷᠦᠬᠡ ᠬᠥᠮᠦᠨ ᠢ | ᠣᠷᠬᠢᠭᠳᠠᠭᠤᠯᠬᠤ ᠥᠬᠡᠶ᠂ ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠬᠤ︾ ᠶᠢ ᠦᠨᠡᠨ ᠬᠦ ᠪᠡᠶᠡᠯᠡᠭᠦᠯᠵᠦ᠂ ᠮᠠᠨ ᠤ | ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠬᠠᠷᠠᠯᠲᠠ ᠶᠢ ᠪᠥᠬᠦ ᠲᠠᠯ᠎ᠠ ᠪᠠᠷ ᠪᠡᠶᠡᠯᠡᠭᠦᠯᠬᠦ ᠳᠤ ᠬᠦᠴᠦᠨ | ᠨᠡᠮᠡᠷᠢᠯᠡᠨ᠎ᠡ᠃ ᠣᠳᠣᠬᠠᠨ ᠳᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠩᠰᠠ ᠡᠪᠬᠡᠮᠡᠯ | ᠪᠠᠶᠢᠭᠤᠯᠤᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ᠳᠣᠲᠣᠷ᠎ᠠ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠡᠲᠡᠭᠡᠳ 4916 ᠡᠷᠦᠬᠡ 9372 ᠬᠥᠮᠦᠨ ᠪᠠᠶᠢᠵᠤ᠂ ᠠᠰᠠᠷᠠᠨ ᠲᠡᠵᠢᠭᠡᠵᠦ ᠪᠠᠶᠢᠭ᠎ᠠ ᠣᠨᠴᠠ | ᠬᠦᠴᠢᠷᠳᠡᠯᠲᠡᠶ 294 ᠬᠥᠮᠦᠨ ︵ᠬᠥᠳᠡᠭᠡ ᠲᠣᠰᠬᠤᠨ ᠤ ᠲᠠᠪᠤᠨ ᠪᠠᠲᠤᠯᠠᠭ᠎ᠠ ᠶᠢᠨ ᠡᠲᠡᠭᠡᠳ︶᠂ ᠥᠨᠥᠴᠢᠨ | ᠬᠡᠤᠬᠡᠳ ᠪᠠ ᠶᠠᠳᠠᠭᠤ ᠬᠦᠴᠢᠷᠳᠡᠯᠲᠡᠶ ︵ᠬᠡᠷ ᠪᠦᠯᠢ︶ ᠬᠡᠤᠬᠡᠳ 31 ᠬᠥᠮᠦᠨ ᠪᠠᠶᠢᠨ᠎ᠠ᠂ ᠡᠭᠦᠨ ᠳᠤ 2020 | ᠣᠨ ᠳᠤ ᠲᠠᠩᠰᠠ ᠡᠪᠬᠡᠮᠡᠯ ᠪᠠᠶᠢᠭᠤᠯᠤᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠬᠥᠳᠡᠭᠡ ᠲᠣᠰᠬᠤᠨ ᠤ | ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ 110 ᠡᠷᠦᠬᠡ 191 ᠬᠥᠮᠦᠨ ᠢ ᠬᠢᠨᠠᠨ | ᠵᠥᠪᠰᠢᠶᠡᠷᠡᠵᠦ ᠥᠩᠭᠡᠷᠡᠪᠡ᠃ | ᠰᠤᠷᠪᠤᠯᠵᠢᠯᠠᠭᠴᠢ᠄ ᠢᠷᠡᠬᠦ ᠵᠢᠯ ᠤᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠭᠤᠤᠯᠳᠠᠯᠭ᠎ᠠ ᠲᠠᠢ ᠠᠵᠢᠯ ᠢ | ᠬᠡᠷᠬᠢᠨ ᠠᠬᠢᠭᠤᠯᠬᠤ ᠲᠤᠬᠠᠶ ᠲᠠ ᠲᠥᠬᠦᠮ ᠲᠠᠨᠢᠯᠴᠠᠭᠤᠯᠤᠭᠠᠷᠠᠶ᠃ | ᠵᠢᠶ ᠶᠠᠨ ᠫᠢᠩ᠄ ᠢᠷᠡᠬᠦ ᠵᠢᠯ ᠳᠤ ᠪᠢᠳᠡ ᠳᠣᠤᠷᠠᠬᠢ ᠬᠡᠳᠦᠨ ᠲᠠᠯ᠎ᠠ ᠪᠠᠷ ᠠᠷᠠᠳ ᠤᠨ ᠶᠠᠪᠤᠳᠠᠯ ᠤᠨ ᠬᠠᠮᠢᠶ᠎ᠠ | ᠪᠥᠬᠦᠶ ᠠᠵᠢᠯ ᠢ ᠠᠬᠢᠭᠤᠯᠤᠨ᠎ᠠ᠃ | ᠨᠢᠭᠡ ᠳᠤ᠂ ᠬᠤᠲᠠ ᠬᠥᠳᠡᠭᠡ ᠶᠢᠨ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠤᠶᠤᠨᠴᠢᠯᠠᠯᠲᠠ᠂ | ᠮᠡᠳᠡᠭᠡ ᠵᠠᠩᠭᠢᠵᠢᠯᠲᠠ ᠶᠢᠨ ᠦᠢᠯᠡᠴᠢᠯᠡᠭᠡᠨ ᠤ ᠠᠵᠢᠯ ᠢᠶᠠᠷ ᠲᠦᠰᠢᠭ ᠪᠣᠯᠭᠠᠵᠤ᠂ ᠣᠨᠴᠠ ᠬᠦᠴᠢᠷᠳᠡᠯ ᠲᠠᠢ ᠬᠥᠮᠦᠰ ᠢ | ᠠᠰᠠᠷᠠᠨ ᠲᠡᠵᠢᠭᠡᠬᠦ᠂ ᠵᠡᠮᠳᠡᠭᠴᠦᠳ ᠢ ᠪᠠᠲᠤᠯᠠᠬᠤ ᠬᠦᠴᠢᠷᠳᠡᠯ ᠳᠤ ᠲᠤᠯᠭᠠᠷᠠᠭᠰᠠᠨ ᠬᠡᠤᠬᠡᠳ᠂ ᠲᠦᠷ ᠴᠠᠭ ᠠᠪᠤᠷᠠᠨ | ᠲᠤᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠦᠷᠭᠦᠯᠵᠢᠯᠡᠨ ᠨᠢᠭᠡᠳᠦᠯᠲᠡᠶ | ᠲᠥᠯᠥᠪᠯᠡᠨ ᠠᠬᠢᠭᠤᠯᠵᠤ᠂ ᠨᠡᠶᠢᠭᠡᠮ ᠤᠨ ᠠᠪᠤᠷᠠᠨ ᠲᠤᠰᠠᠯᠠᠯᠲᠠ ᠶᠢᠨ ᠨᠠᠷᠢᠯᠢᠭ ᠣᠨᠣᠴᠠᠲᠠᠶ᠂ ᠤᠶᠤᠨᠴᠢᠯᠠᠯᠲᠠ᠂ | ᠵᠢᠷᠤᠮᠵᠢᠭᠰᠠᠨ ᠬᠠᠮᠢᠶᠠᠷᠤᠯᠲᠠ ᠶᠢᠨ ᠦᠢᠯᠡᠴᠢᠯᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠂ | ᠠᠪᠤᠷᠠᠨ ᠲᠤᠰᠠᠯᠠᠬᠤ ᠪᠠᠷᠢᠮᠵᠢᠶ᠎ᠠ ᠪᠠ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠬᠦᠴᠢᠷᠳᠡᠯ ᠲᠠᠢ | ᠣᠯᠠᠨ ᠲᠦᠮᠡᠨ ᠤ ᠦᠨᠳᠦᠰᠦᠨ ᠠᠮᠢᠳᠤᠷᠠᠯ ᠢ ᠦᠨᠡᠨ ᠬᠦ ᠪᠠᠲᠤᠯᠠᠨ᠎ᠠ᠃ | ᠬᠤᠶᠠᠷ ᠲᠤ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯ ᠲᠠᠢ ᠡᠷᠦᠬᠡ ᠶᠢᠨ ᠦᠨᠳᠦᠰᠦᠨ ᠵᠣᠶᠢᠯ ᠢ | ᠪᠠᠲᠤᠯᠠᠬᠤ ᠡᠲᠡᠭᠡᠳ ᠤᠨ ᠵᠠᠯᠭᠠᠮᠵᠢ ᠬᠠᠮᠢᠶᠠᠷᠤᠯᠲᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠨ᠎ᠠ᠃ ᠬᠥᠳᠡᠭᠡ | ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠬᠢᠭᠡᠳ ᠶᠠᠳᠠᠭᠤ ᠶᠢ ᠲᠡᠳᠬᠦᠵᠦ ᠨᠡᠭᠡᠭᠡᠨ | ᠬᠥᠭᠵᠢᠭᠦᠯᠬᠦ ᠲᠥᠷᠥ ᠶᠢᠨ ᠪᠣᠳᠣᠯᠭ᠎ᠠ ᠶᠢ ᠵᠣᠯᠭᠠᠭᠤᠯᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ | ᠶᠣᠰᠣᠭᠠᠷ᠂ ᠳᠡᠩᠰᠡᠯᠡᠨ ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠬᠢᠨᠠᠨ ᠬᠡᠮᠵᠢᠬᠦ ᠠᠵᠢᠯ ᠢ ᠴᠢᠩᠭᠠᠳᠬᠠᠵᠤ᠂ | ᠬᠥᠳᠡᠭᠡ ᠲᠣᠰᠬᠤᠨ ᠤ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ ᠨᠡᠶᠢᠴᠡᠬᠦ ᠳᠡᠩᠰᠡᠯᠡᠨ | ᠺᠠᠷᠲᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢ ᠴᠠᠭ ᠲᠤᠬᠠᠶ ᠳᠤᠨᠢ ᠠᠮᠢᠳᠤᠷᠠᠯ ᠤᠨ ᠨᠠᠭᠠᠳᠤ ᠵᠠᠬ᠎ᠠ ᠶᠢᠨ | ᠪᠠᠲᠤᠯᠠᠭ᠎ᠠ ᠶᠢᠨ ᠪᠠᠲᠤᠯᠠᠭ᠎ᠠ ᠶᠢᠨ ᠬᠡᠪᠴᠢᠶᠡᠨ ᠳᠤ ᠣᠷᠣᠭᠤᠯᠵᠤ᠂ ᠲᠡᠳᠬᠦᠬᠦ ᠶᠣᠰᠣᠲᠠᠶ ᠶᠢ ᠨᠢ ᠪᠦᠬᠦᠨ ᠢ ᠲᠡᠳᠬᠦᠬᠦ | ᠬᠡᠷᠡᠭᠲᠡᠶ᠃ ᠨᠢᠭᠡᠨᠲᠡ ᠶᠠᠳᠠᠭᠤ ᠠᠴᠠ ᠠᠩᠭᠢᠵᠢᠷᠠᠭᠰᠠᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠲᠡᠭᠡᠳ ᠲᠤ | ᠬᠥᠳᠡᠯᠦᠩᠭᠦᠶ ᠬᠠᠮᠢᠶᠠᠷᠤᠯᠲᠠ ᠶᠢᠨ ᠡᠷᠴᠢᠮ ᠢ ᠴᠢᠩᠭᠠᠷᠠᠭᠤᠯᠵᠤ᠂ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠨᠥᠬᠦᠴᠡᠯ ᠳᠤ | ᠨᠡᠶᠢᠴᠡᠭᠰᠡᠨ ᠪᠠᠶᠢᠪᠠᠯ ᠦᠷᠭᠦᠯᠵᠢᠯᠡᠨ ᠪᠠᠲᠤᠯᠠᠵᠤ᠂ ᠬᠡᠷ ᠪᠦᠯᠢ ᠶᠢᠨ ᠡᠳ᠋ ᠬᠥᠷᠥᠩᠭᠡ ᠶᠢᠨ ᠣᠷᠣᠯᠭ᠎ᠠ ᠨᠢ ᠨᠠᠭᠠᠳᠤ | ᠵᠠᠬ᠎ᠠ ᠶᠢᠨ ᠪᠠᠲᠤᠯᠠᠭ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠡᠲᠡᠭᠡᠳ ᠢ ︽ᠢᠳᠡᠭ ᠢᠳᠡᠭ ᠢᠶᠠᠷ ᠠᠵᠢᠯ ᠠᠴᠠ ᠪᠠᠨ | ᠪᠠᠭᠤᠬᠤ ᠬᠤᠭᠤᠴᠠᠭ᠎ᠠ︾ ᠳᠤ ᠣᠷᠣᠭᠤᠯᠵᠤ᠂ ︽ᠪᠠᠲᠤᠯᠠᠬᠤ ᠶᠣᠰᠣᠲᠠᠶ ᠶᠢ ᠨᠢ ᠴᠥᠮ ᠪᠠᠲᠤᠯᠠᠵᠤ᠂ ᠪᠤᠴᠠᠭᠠᠬᠤ | ᠶᠣᠰᠣᠲᠠᠶ ᠶᠢ ᠨᠢ ᠴᠥᠮ ᠪᠤᠴᠠᠭᠠᠬᠤ︾ ᠶᠢ ᠪᠡᠶᠡᠯᠡᠭᠦᠯᠦᠨ᠎ᠡ᠃ | ᠭᠤᠷᠪᠠ ᠳᠤ᠂ ᠣᠷᠣᠰᠢᠭᠤᠯᠭ᠎ᠠ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠠᠵᠢᠯ ᠢ ᠦᠷᠭᠦᠯᠵᠢᠯᠡᠨ | ᠰᠠᠶᠢᠲᠤᠷ ᠬᠢᠵᠦ᠂ ᠣᠷᠣᠰᠢᠭᠤᠯᠭ᠎ᠠ ᠶᠢᠨ ᠭᠠᠵᠠᠷ ᠤᠨ ᠪᠦᠳᠦᠭᠡᠨ ᠪᠠᠶᠢᠭᠤᠯᠤᠯᠲᠠ ᠶᠢᠨ ᠲᠦᠷᠦᠯ ᠵᠦᠢᠯ ᠢ ᠡᠮᠬᠢ | ᠵᠢᠷᠤᠮ ᠲᠠᠢ ᠠᠬᠢᠭᠤᠯᠵᠤ᠂ 2021 ᠣᠨ ᠤ 10 ᠰᠠᠷ᠎ᠠ ᠶᠢᠨ ᠰᠡᠭᠦᠯᠴᠢ ᠪᠠᠷ ᠪᠦᠬᠦ ᠪᠦᠳᠦᠭᠡᠨ ᠪᠠᠶᠢᠭᠤᠯᠤᠯᠲᠠ ᠶᠢᠨ | ᠢᠨᠵᠧᠨᠧᠷᠢᠩ ᠢ ᠳᠠᠭᠤᠰᠬᠠᠬᠤ ᠪᠠᠷ ᠴᠢᠷᠮᠠᠶᠢᠨ᠎ᠠ᠃ | ᠳᠥᠷᠪᠡ ᠳᠤ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠯᠦᠭᠡ ᠶᠢᠨ ᠬᠠᠷᠢᠯᠴᠠᠭ᠎ᠠ | ᠨᠡᠪᠲᠡᠷᠡᠯᠴᠡᠭᠡ ᠪᠠᠨ ᠴᠢᠩᠭᠠᠳᠬᠠᠵᠤ᠂ ᠡᠯ᠎ᠡ ᠰᠤᠮᠤ ᠰᠢᠶᠠᠩ ᠪᠠᠯᠭᠠᠰᠤ ᠶᠢ ᠵᠢᠯᠣᠭᠤᠳᠤᠨ ᠤᠯᠤᠰ᠂ ᠥᠪᠡᠷᠲᠡᠭᠡᠨ | ᠵᠠᠰᠠᠬᠤ ᠣᠷᠣᠨ᠂ ᠬᠤᠲᠠ᠂ ᠬᠤᠰᠢᠭᠤᠨ ᠤ ᠬᠠᠮᠢᠶ᠎ᠠ ᠪᠥᠬᠦᠶ ᠲᠣᠭᠲᠠᠭᠠᠯ ᠶᠣᠰᠣᠭᠠᠷ᠂ ᠦᠷᠭᠦᠯᠵᠢᠯᠡᠨ ᠲᠤᠬᠠᠶ ᠶᠢᠨ | ᠭᠠᠵᠠᠷ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠪᠤᠯᠠᠬᠤ ᠶᠢ ᠴᠠᠭᠠᠵᠠᠯᠠᠬᠤ ᠣᠷᠣᠨ ᠢ ᠬᠤᠪᠢᠶᠠᠷᠢᠯᠠᠨ | ᠲᠣᠭᠲᠠᠭᠠᠬᠤ ᠪᠠ ᠨᠡᠶᠢᠲᠡ ᠶᠢᠨ ᠠᠰᠠᠷᠠᠮᠵᠢ ᠶᠢᠨ ᠴᠢᠨᠠᠷᠲᠠᠶ ᠨᠡᠶᠢᠲᠡ ᠶᠢᠨ ᠣᠩᠭᠤᠨ ᠢ ᠪᠥᠲᠥᠭᠡᠨ ᠪᠠᠶᠢᠭᠤᠯᠵᠤ᠂ ︽ | ᠭᠤᠷᠪᠠ ᠳᠠᠭᠠᠤ ᠲᠤᠯᠤᠭᠠᠨ ᠣᠷᠣᠨ︾ ᠤ ᠬᠡᠪᠴᠢᠶᠡᠨ ᠳᠤ ᠰᠤᠯᠠ ᠪᠤᠯᠠᠵᠤ ᠳᠤᠷ᠎ᠠ ᠪᠠᠷ ᠢᠶᠠᠨ ᠪᠠᠶᠢᠭᠤᠯᠬᠤ ᠶᠢ | ᠴᠠᠭᠠᠵᠠᠯᠠᠨ᠎ᠠ᠃ ᠰᠣᠨᠢᠨ ᠮᠡᠳᠡᠭᠡᠨ ᠤ ᠵᠠᠭᠤᠴᠢᠯᠠᠭᠤᠷ ᠢᠶᠠᠷ ᠳᠠᠮᠵᠢᠭᠤᠯᠤᠨ ᠤᠬᠠᠭᠤᠯᠭ᠎ᠠ ᠶᠢᠨ ᠡᠷᠴᠢᠮ ᠢᠶᠠᠨ | ᠴᠢᠩᠭᠠᠷᠠᠭᠤᠯᠵᠤ᠂ ᠣᠯᠠᠨ ᠲᠦᠮᠡᠨ ᠢ ᠬᠥᠲᠥᠯᠦᠨ ᠵᠢᠯᠣᠭᠤᠳᠴᠤ ᠪᠠᠶᠢᠭᠠᠳ ᠨᠡᠶᠢᠲᠡ ᠶᠢᠨ ᠠᠰᠠᠷᠠᠮᠵᠢ ᠶᠢᠨ ᠴᠢᠨᠠᠷᠲᠠᠶ | ᠨᠡᠶᠢᠲᠡ ᠶᠢᠨ ᠣᠩᠭᠤᠨ ᠳᠤ ᠲᠥᠪᠯᠡᠷᠡᠭᠦᠯᠦᠨ ᠣᠷᠣᠰᠢᠭᠤᠯᠵᠤ᠂ ᠬᠠᠤᠯᠢ ᠲᠣᠭᠲᠠᠭᠠᠯ ᠢ ᠵᠥᠷᠢᠴᠡᠨ ᠬᠤᠪᠢ ᠪᠠᠷ ᠢᠶᠠᠨ | ︽ᠣᠷᠣᠨ ᠰᠠᠭᠤᠴᠠ ᠶᠢᠨ ᠮᠠᠶ᠋ᠢᠭ︾ ᠤᠨ ᠣᠩᠭᠤᠨ ᠤ ᠭᠠᠵᠠᠷ ᠪᠠᠶᠢᠭᠤᠯᠬᠤ ᠪᠠ ᠲᠣᠮᠣ ᠣᠩᠭᠤᠨ ᠢ | ᠬᠠᠲᠠᠭᠤᠷᠠᠭᠤᠯᠬᠤ ᠶᠢ ᠡᠷᠡᠰ ᠴᠠᠭᠠᠵᠠᠯᠠᠵᠤ᠂ ᠭᠠᠵᠠᠷ ᠠᠷᠪᠢᠯᠠᠵᠤ ᠣᠷᠣᠰᠢᠭᠤᠯᠬᠤ᠂ ᠬᠡᠭᠦᠷ ᠢ ᠭᠦᠨ ᠪᠤᠯᠠᠬᠤ᠂ ᠪᠤᠯᠠᠰᠢ | ᠦᠯᠡᠳᠡᠭᠡᠬᠦ ᠥᠬᠡᠶ ᠪᠤᠶᠤ ᠮᠣᠳᠣ ᠪᠠᠷ ᠬᠥᠰᠢᠶ᠎ᠡ ᠶᠢ ᠣᠷᠣᠯᠠᠭᠤᠯᠬᠤ ᠥᠬᠡᠶ ᠪᠠᠶᠢᠬᠤ ᠶᠢ ᠰᠠᠨᠠᠭᠠᠴᠢᠯᠠᠨ᠎ᠠ᠃ | ᠲᠣᠭᠲᠠᠭᠠᠯ ᠠᠴᠠ ᠵᠥᠷᠢᠴᠡᠨ ᠪᠤᠯᠠᠰᠢᠨ ᠭᠠᠵᠠᠷ ᠪᠠᠶᠢᠭᠤᠯᠤᠭᠰᠠᠨ ᠶᠡᠷᠦᠩᠬᠡᠶᠢᠯᠡᠨ ᠵᠠᠰᠠᠬᠤ ᠠᠵᠢᠯ ᠤᠨ ᠵᠣᠬᠢᠬᠤ | ᠠᠬᠢᠴᠠ ᠪᠠ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ | ᠲᠠᠪᠤ ᠳᠤ᠂ ᠨᠠᠰᠤᠵᠢᠯ ᠤᠨ ᠠᠵᠢᠯ ᠢ ᠴᠢᠩᠭᠠᠳᠬᠠᠵᠤ᠂ ᠨᠡᠶᠢᠭᠡᠮ ᠤᠨ ᠨᠠᠰᠤᠵᠢᠯ ᠤᠨ ᠠᠰᠠᠷᠠᠮᠵᠢ ᠶᠢᠨ | ᠦᠢᠯᠡᠴᠢᠯᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠤᠨ᠎ᠠ᠃ ᠡᠯ᠎ᠡ ᠰᠤᠮᠤ ᠰᠢᠶᠠᠩ ᠪᠠᠯᠭᠠᠰᠤ ᠶᠢ | ᠵᠢᠯᠣᠭᠤᠳᠤᠨ ᠬᠠᠷᠢᠯᠴᠠᠨ ᠬᠠᠪᠰᠤᠷᠤᠯᠴᠠᠬᠤ ᠵᠣᠯ ᠵᠢᠷᠭᠠᠯ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠵᠢᠯ ᠢ | ᠦᠷᠭᠦᠯᠵᠢᠯᠡᠨ ᠰᠠᠶᠢᠲᠤᠷ ᠬᠢᠵᠦ᠂ ᠵᠣᠯ ᠵᠢᠷᠭᠠᠯ ᠤᠨ ᠬᠦᠷᠢᠶᠡᠯᠡᠩ ᠤᠨ ᠠᠮᠤᠷ ᠲᠦᠪᠰᠢᠨ ᠲᠣᠭᠲᠠᠭᠤᠨ ᠢᠶᠠᠷ | ᠠᠵᠢᠯᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠶᠢᠭᠤᠯᠤᠯᠲᠠ | ᠪᠠ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ᠲᠠᠷᠠᠬᠠᠶ ᠰᠠᠭᠤᠵᠤ ᠪᠠᠶᠢᠭ᠎ᠠ ᠣᠨᠴᠠ ᠬᠦᠴᠢᠷᠳᠡᠯᠲᠡᠶ ᠠᠰᠠᠷᠠᠨ | ᠲᠡᠵᠢᠭᠡᠭᠴᠢᠳ ᠤᠨ ᠲᠣᠭᠤᠷᠢᠨ ᠰᠤᠷᠪᠤᠯᠵᠢᠯᠠᠬᠤ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠨᠠᠰᠤᠵᠢᠯ ᠤᠨ | ᠠᠰᠠᠷᠠᠮᠵᠢ ᠶᠢᠨ ᠪᠠᠶᠢᠭᠤᠯᠤᠮᠵᠢ ᠳᠤ ᠰᠠᠭᠤᠬᠤ ᠬᠦᠰᠡᠯ ᠲᠠᠢ ᠣᠨᠴᠠ ᠬᠦᠴᠢᠷᠳᠡᠯᠲᠡᠶ ᠬᠥᠮᠦᠰ ᠢ ᠪᠦᠬᠦᠨ ᠢ | ᠲᠥᠪᠯᠡᠷᠡᠭᠦᠯᠦᠨ ᠠᠰᠠᠷᠠᠨ ᠲᠡᠵᠢᠭᠡᠨ᠎ᠡ᠃ ᠨᠠᠰᠤᠲᠠᠶᠢᠴᠤᠳ ᠲᠤ ᠬᠠᠷᠠᠭᠠᠯᠵᠠᠯ ᠦᠵᠡᠭᠦᠯᠬᠦ ᠠᠵᠢᠯ ᠢ ᠤᠯᠠᠮ ᠨᠢᠭᠡ | ᠠᠯᠬᠤᠮ ᠰᠠᠶᠢᠲᠤᠷ ᠬᠢᠵᠦ᠂ ᠪᠠᠶᠢᠴᠠᠭᠠᠵᠤ ᠪᠦᠷᠢᠳᠬᠡᠨ ᠪᠦᠷᠢᠳᠬᠡᠬᠦ ᠶᠢ ᠴᠢᠩᠭᠠᠷᠠᠭᠤᠯᠤᠨ᠂ ᠪᠦᠬᠦᠯᠢ 80 ᠨᠠᠰᠤᠨ ᠠᠴᠠ | ᠳᠡᠭᠡᠭᠰᠢᠬᠢ ᠨᠠᠰᠤᠲᠠᠶᠢᠴᠤᠳ ᠤᠨ ᠥᠨᠳᠥᠷ ᠨᠠᠰᠤᠨ ᠤ ᠨᠡᠮᠡᠭᠦᠷᠢ ᠶᠢ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ | ᠬᠡᠷᠡᠭᠲᠡᠶ᠃ | ᠵᠢᠷᠭᠤᠭ᠎ᠠ ᠳᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠲᠣᠰᠬᠤᠨ ᠤ ᠠᠷᠠᠳ ᠤᠨ ᠵᠥᠪᠯᠡᠯ ᠤᠨ ᠵᠣᠬᠢᠶᠠᠨ | ᠪᠠᠶᠢᠭᠤᠯᠬᠤ ᠬᠠᠤᠯᠢ︾ ᠶᠢ ᠦᠷᠭᠦᠯᠵᠢᠯᠡᠨ ᠭᠦᠨᠵᠡᠭᠡᠶ ᠤᠬᠠᠭᠤᠯᠤᠨ ᠲᠤᠤᠱᠯᠠᠭᠤᠯᠤᠨ ᠨᠠᠶᠢᠳᠠᠪᠤᠷᠢᠵᠢᠭᠤᠯᠵᠤ᠂ | ᠵᠣᠬᠢᠶᠠᠨ ᠪᠠᠶᠢᠭᠤᠯᠬᠤ ᠰᠠᠯᠠᠭ᠎ᠠ ᠮᠥᠴᠢᠷ ᠲᠠᠢ ᠬᠠᠮᠵᠢᠯᠴᠠᠨ ᠲᠣᠰᠬᠤᠨ ᠤ ᠠᠷᠠᠳ ᠤᠨ ᠵᠥᠪᠯᠡᠯ ᠤᠨ ᠡᠯ᠎ᠡ ᠵᠣᠶᠢᠯ ᠤᠨ | ᠠᠷᠠᠳᠴᠢᠯᠠᠯ ᠤᠨ ᠲᠦᠷᠢᠮ ᠤᠨ ᠪᠠᠶᠢᠭᠤᠯᠤᠯᠲᠠ᠂ ᠺᠠᠳ᠋ᠷ ᠤᠨ ᠪᠣᠯᠪᠠᠰᠤᠷᠠᠭᠤᠯᠤᠯ ᠵᠡᠷᠭᠡ ᠠᠵᠢᠯ ᠢ ᠯᠠᠪᠳᠠᠭᠤᠨ ᠪᠠᠲᠤᠲᠠᠶ | ᠰᠠᠶᠢᠲᠤᠷ ᠬᠢᠵᠦ᠂ ᠦᠨᠳᠦᠰᠦᠨ ᠱᠠᠲᠤᠨ ᠤ ᠠᠷᠠᠳᠴᠢᠯᠠᠯ ᠢᠶᠠᠷ ᠥᠪᠡᠷᠲᠡᠭᠡᠨ ᠵᠠᠰᠠᠬᠤ ᠬᠢᠷᠢ ᠬᠡᠮᠵᠢᠶ᠎ᠡ ᠶᠢ | ᠳᠡᠭᠡᠭᠰᠢᠯᠡᠭᠦᠯᠦᠨ᠂ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠢ ᠬᠠᠪᠰᠤᠷᠤᠨ ᠬᠤᠭᠤᠴᠠᠭ᠎ᠠ | ᠰᠣᠯᠢᠭᠰᠠᠨ ᠤ ᠳᠠᠷᠠᠭᠠᠬᠢ ᠭᠠᠴᠠᠭ᠎ᠠ ᠲᠣᠰᠬᠤᠨ ᠤ ᠤᠳᠤᠷᠢᠳᠬᠤ ᠪᠠᠭ ᠤᠨ ᠪᠠᠶᠢᠭᠤᠯᠤᠯᠲᠠ ᠶᠢᠨ ᠠᠵᠢᠯ ᠢ ᠰᠠᠶᠢᠲᠤᠷ | ᠬᠢᠬᠦ ᠬᠡᠷᠡᠭᠲᠡᠶ᠃ | ᠰᠤᠷᠪᠤᠯᠵᠢᠯᠠᠭᠴᠢ᠄ ᠪᠣᠯᠤᠨ᠎ᠠ᠂ ᠵᠢᠶ ᠲᠣᠪᠴᠢᠶᠠᠨ ᠳᠠᠷᠤᠭ᠎ᠠ ᠪᠢᠳᠡᠨ ᠤ ᠰᠤᠷᠪᠤᠯᠵᠢᠯᠠᠭ᠎ᠠ ᠶᠢ ᠬᠦᠯᠢᠶᠡᠭᠰᠡᠨ ᠳᠤ | ᠲᠠᠯᠠᠷᠬᠠᠵᠤ ᠪᠠᠶᠢᠨ᠎ᠠ᠂ ᠥᠨᠥᠳᠦᠷ ᠤᠨ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠃ | ᠣᠷᠴᠢᠭᠤᠯᠣᠭᠴᠢ᠄ ᠰᠡᠴᠡᠩᠭᠤᠸ᠎ᠠ | | |