ᠬᠤᠰᠢᠭᠤᠨ ᠳᠠᠭᠠᠨ ᠪᠤᠴᠠᠵᠤ ᠢᠷᠡᠭᠰᠡᠨ ᠥᠷᠭᠡᠨ ᠤᠯᠠᠨ ᠤᠶᠤᠲᠠᠳ ᠪᠠ ᠭᠠᠳᠠᠭᠰᠢ | ᠭᠠᠷᠴᠤ ᠬᠥᠯᠥᠰᠥᠨ ᠠᠵᠢᠯ ᠬᠢᠵᠦ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ | ᠢᠷᠡᠭᠰᠡᠨ ᠬᠥᠮᠦᠰ ᠲᠤ ᠢᠯᠡᠭᠡᠭᠰᠡᠨ ᠵᠠᠬᠢᠳᠠᠯ | | ᠬᠤᠰᠢᠭᠤᠨ ᠳᠠᠭᠠᠨ ᠪᠤᠴᠠᠵᠤ ᠢᠷᠡᠭᠰᠡᠨ ᠥᠷᠭᠡᠨ ᠤᠯᠠᠨ ᠤᠶᠤᠲᠠᠳ᠂ ᠭᠠᠳᠠᠭᠰᠢ ᠭᠠᠷᠴᠤ ᠬᠥᠯᠥᠰᠥᠨ ᠠᠵᠢᠯ ᠬᠢᠵᠦ | ᠮᠠᠨ ᠤ ᠬᠤᠰᠢᠭᠤᠨ ᠳᠤ ᠢᠷᠡᠭᠰᠡᠳ ᠲᠤ᠄ | ᠣᠳᠣᠬᠠᠨ ᠳᠤ᠂ ᠠᠭᠤᠰᠬᠢᠨ ᠰᠢᠨ᠎ᠡ ᠦᠷᠪᠢᠰᠦᠯ ᠤᠨ ᠬᠢᠵᠢᠭ ᠤᠨ ᠳᠡᠯᠭᠡᠷᠡᠬᠦ ᠬᠤᠷᠳᠤᠴᠠ ᠲᠦᠷᠭᠡᠳᠴᠦ᠂ ᠮᠠᠨ ᠤ | ᠤᠯᠤᠰ ᠤᠨ ᠲᠣᠰ ᠭᠠᠵᠠᠷ ᠤᠨ ᠬᠢᠵᠢᠭ ᠤᠨ ᠪᠠᠶᠢᠳᠠᠯ ᠬᠡᠰᠡᠭ ᠪᠤᠰᠠᠭ ᠢᠶᠠᠷ ᠲᠠᠷᠬᠠᠭᠰᠠᠨ ᠪᠠ ᠬᠡᠰᠡᠭ ᠭᠠᠵᠠᠷ ᠲᠤ | ᠲᠥᠪᠯᠡᠷᠡᠭᠰᠡᠨ ᠴᠢᠨᠠᠷᠲᠠᠶ ᠬᠢᠵᠢᠭ ᠤᠨ ᠪᠠᠶᠢᠳᠠᠯ ᠰᠣᠯᠪᠢᠴᠠᠨ ᠳᠠᠪᠬᠤᠴᠠᠭᠰᠠᠨ ᠪᠠᠶᠢᠳᠠᠯ ᠢᠯᠡᠷᠡᠵᠦ᠂ ᠪᠡᠭᠡᠵᠢᠩ᠂ | ᠯᠢᠶᠣᠤᠨᠢᠩ᠂ ᠬᠠᠷᠠᠮᠥ᠋ᠷᠡᠨ᠂ ᠾᠤᠪᠸᠢ ᠵᠡᠷᠭᠡ ᠭᠠᠵᠠᠷ ᠲᠤ ᠵᠠᠯᠭᠠᠭ᠎ᠠ ᠪᠠᠷ ᠰᠢᠨ᠎ᠡ ᠪᠠᠷ ᠬᠢᠵᠢᠭ ᠤᠨ ᠪᠠᠶᠢᠳᠠᠯ ᠢᠯᠡᠷᠡᠵᠦ᠂ | ᠣᠯᠠᠨ ᠮᠤᠵᠢ ᠣᠷᠣᠨ ᠤ ᠬᠢᠨ ᠬᠦᠢᠳᠡᠨ ᠬᠡᠯᠬᠢᠶᠡᠲᠦ ᠢᠳᠡᠭᠡᠨ ᠪᠤᠶᠤ ᠭᠠᠳᠠᠷ ᠪᠣᠭᠤᠳᠠᠯ ᠵᠡᠷᠭᠡ ᠶᠢ ᠪᠠᠶᠢᠴᠠᠭᠠᠨ | ᠬᠡᠮᠵᠢᠬᠦ ᠠᠷᠭ᠎ᠠ ᠴᠢᠨᠠᠷᠲᠠᠶ ᠪᠠᠶᠢᠬᠤ ᠶᠢ ᠮᠡᠳᠡᠭᠦᠯᠵᠦ᠂ ᠰᠡᠷᠭᠡᠶᠢᠯᠡᠨ ᠡᠵᠡᠮᠳᠡᠬᠦ ᠪᠠᠶᠢᠳᠠᠯ ᠮᠥᠨ ᠬᠦ ᠬᠦᠨᠳᠦ ᠬᠡᠴᠡᠭᠦᠤ | ᠪᠥᠭᠡᠳ ᠪᠤᠳᠤᠯᠢᠶᠠᠨᠲᠠᠶ ᠪᠠᠶᠢᠨ᠎ᠠ᠃ ᠴᠠᠭᠠᠨ ᠰᠠᠷ᠎ᠠ ᠣᠶᠢᠷᠠᠳᠴᠤ᠂ ᠬᠥᠮᠦᠰ ᠤᠨ ᠰᠢᠯᠵᠢᠯᠲᠡ ᠶᠢᠨ ᠬᠡᠮᠵᠢᠶ᠎ᠡ ᠨᠡᠮᠡᠭᠳᠡᠵᠦ᠂ | ᠬᠢᠵᠢᠭ ᠤᠨ ᠲᠠᠷᠬᠠᠯᠲᠠ ᠶᠢᠨ ᠲᠦᠭᠰᠢᠭᠦᠷᠢ ᠨᠡᠮᠡᠭᠳᠡᠵᠦ᠂ ᠮᠠᠨ ᠤ ᠬᠤᠰᠢᠭᠤᠨ ᠤ ᠬᠢᠯᠪᠠᠷ ᠪᠤᠰᠤ ᠪᠠᠷ ᠢᠷᠡᠭᠰᠡᠨ | ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠦᠷ᠎ᠡ ᠪᠦᠲᠦᠭᠡᠯ ᠢ ᠤᠯᠠᠮ ᠨᠢᠭᠡ ᠠᠯᠬᠤᠮ ᠪᠠᠲᠤᠳᠬᠠᠬᠤ ᠶᠢᠨ | ᠲᠥᠯᠥᠭᠡ᠂ ᠲᠠ ᠵᠢᠴᠢ ᠬᠡᠷ ᠤᠨ ᠬᠥᠮᠦᠰ ᠤᠨ ᠠᠮᠢ ᠨᠠᠰᠤ ᠡᠷᠡᠭᠦᠯ ᠮᠡᠨᠳᠦ ᠶᠢᠨ ᠲᠥᠯᠥᠭᠡ᠂ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨᠡᠴᠠ ᠢᠷᠡᠭᠰᠡᠨ ︵ᠪᠤᠴᠠᠵᠤ ᠢᠷᠡᠭᠰᠡᠨ︶ ᠮᠠᠨ ᠤ ᠬᠤᠰᠢᠭᠤᠨ ᠤ ᠤᠶᠤᠲᠠᠳ ᠵᠢᠴᠢ | ᠬᠥᠯᠥᠰᠥᠨ ᠠᠵᠢᠯ ᠬᠢᠭᠰᠡᠳ ᠲᠤ ᠳᠣᠤᠷᠠᠬᠢ ᠮᠡᠲᠦ ᠬᠠᠯᠠᠭᠤᠨ ᠳᠣᠲᠣᠨᠣ ᠰᠠᠨᠠᠭᠤᠯᠤᠮᠵᠢ ᠥᠭᠭᠦᠶ᠎ᠡ᠄ | 1. ᠤᠷᠢᠳᠴᠢᠯᠠᠨ ᠮᠡᠳᠡᠭᠦᠯᠵᠦ ᠳᠠᠩᠰᠠᠯᠠᠭᠤᠯᠤᠨ᠎ᠠ᠃ ᠤᠯᠠᠨ ᠢᠶᠠᠷ ᠢᠶᠠᠨ ᠲᠤᠬᠠᠶ ᠶᠢᠨ ᠭᠠᠵᠠᠷ ᠲᠠᠭᠠᠨ ᠰᠢᠨᠡᠯᠡᠵᠦ᠂ | ᠰᠦᠯᠵᠢᠶᠡᠨ ᠳᠡᠭᠡᠷ᠎ᠡ ᠰᠢᠨ᠎ᠡ ᠶᠢᠨ ᠵᠣᠯᠭᠠᠯᠲᠠ ᠬᠢᠬᠦ ᠶᠢ ᠰᠠᠨᠠᠭᠠᠴᠢᠯᠠᠵᠤ᠂ ᠬᠥᠮᠦᠨ ᠬᠠᠷ᠎ᠠ ᠰᠢᠯᠵᠢᠬᠦ ᠶᠢ ᠪᠠᠭᠠᠰᠬᠠᠵᠤ᠂ | ᠬᠥᠮᠦᠨ ᠬᠠᠷ᠎ᠠ ᠴᠤᠭᠯᠠᠷᠠᠬᠤ ᠶᠢ ᠪᠠᠭᠠᠰᠬᠠᠵᠤ᠂ ᠠᠶᠠᠨ ᠵᠠᠮ ᠤᠨ ᠠᠶᠤᠯ ᠲᠦᠭᠰᠢᠭᠦᠷᠢ ᠶᠢ ᠪᠠᠭᠠᠰᠬᠠᠬᠤ ᠬᠡᠷᠡᠭᠲᠡᠶ᠃ | ᠬᠡᠷᠪᠡ ᠬᠤᠰᠢᠭᠤᠨ ᠳᠠᠭᠠᠨ ᠪᠤᠴᠠᠬᠤ ᠴᠢᠬᠤᠯᠠ ᠲᠠᠢ ᠪᠣᠯ᠂ 2 ᠡᠳᠦᠷ ᠤᠨ ᠡᠮᠦᠨ᠎ᠡ ᠬᠠᠷᠢᠶ᠎ᠠ ᠰᠤᠮᠤ ᠰᠢᠶᠠᠩ ᠪᠠᠯᠭᠠᠰᠤ | ᠪᠠᠨ ᠮᠡᠳᠡᠭᠦᠯᠦᠨ ᠳᠠᠩᠰᠠᠯᠠᠭᠤᠯᠵᠤ᠂ ᠲᠤᠬᠠᠶ ᠶᠢᠨ ᠭᠠᠵᠠᠷ ᠤᠨ ᠲᠥᠷᠥ ᠶᠢᠨ ᠪᠣᠳᠣᠯᠭ᠎ᠠ ᠶᠢ ᠯᠠᠪᠯᠠᠨ ᠠᠰᠠᠭᠤᠭᠰᠠᠨ ᠤ | ᠳᠠᠷᠠᠭ᠎ᠠ ᠮᠠᠨ ᠤ ᠬᠤᠰᠢᠭᠤᠨ ᠳᠤ ᠢᠷᠡᠬᠦ ︵ᠪᠤᠴᠠᠬᠤ︶ ᠪᠥᠭᠡᠳ ᠲᠣᠭᠲᠠᠭᠠᠯ ᠶᠣᠰᠣᠭᠠᠷ ᠬᠤᠰᠢᠭᠤᠨ ᠳᠠᠭᠠᠨ | ᠪᠤᠴᠠᠬᠤ ᠠᠴᠠ ᠡᠮᠦᠨᠡᠬᠢ 14 ᠡᠳᠦᠷ ᠤᠨ ᠳᠣᠲᠣᠷᠠᠬᠢ ᠠᠶᠠᠯᠠᠯ ᠤᠨ ᠳᠡᠩᠰᠡᠯᠡᠯᠲᠡ ᠶᠢ ᠰᠠᠶᠢᠲᠤᠷ ᠬᠢᠬᠦ ᠬᠡᠷᠡᠭᠲᠡᠶ᠃ | 2. ᠪᠥᠭᠡᠮ ᠬᠦᠴᠢᠯ ᠤᠨ ᠰᠢᠯᠭᠠᠨ ᠪᠠᠶᠢᠴᠠᠭᠠᠭᠰᠠᠨ ᠭᠡᠷᠡᠴᠢ ᠶᠢ ᠬᠠᠩᠭᠠᠨ᠎ᠠ᠃ ᠮᠠᠨ ᠤ ᠬᠤᠰᠢᠭᠤᠨ ᠳᠤ ᠢᠷᠡᠬᠦ ︵ | ᠪᠤᠴᠠᠬᠤ︶ ᠬᠥᠮᠦᠰ ︵ᠢᠯᠠᠩᠭᠤᠶ᠎ᠠ ᠬᠦᠢᠳᠡᠨ ᠬᠡᠯᠬᠢᠶ᠎ᠡ᠂ ᠪᠠᠷᠠᠭᠠᠨ ᠤ ᠬᠦᠢᠯᠬᠡᠬᠡ᠂ ᠲᠦᠷᠭᠡᠨ ᠬᠦᠷᠭᠡᠯᠲᠡ ᠵᠡᠷᠭᠡ | ᠠᠵᠢᠯ ᠲᠥᠷᠥᠯ ᠳᠤ ᠠᠵᠢᠯᠯᠠᠵᠤ ᠪᠠᠶᠢᠭ᠎ᠠ ᠬᠥᠮᠦᠰ︶ 7 ᠡᠳᠦᠷ ᠤᠨ ᠳᠣᠲᠣᠷ᠎ᠠ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠭᠡᠷᠡᠴᠢ ᠪᠤᠶᠤ 7 ᠡᠳᠦᠷ ᠤᠨ ᠳᠣᠲᠣᠷ᠎ᠠ ᠪᠥᠭᠡᠮ ᠬᠦᠴᠢᠯ ᠤᠨ | ᠪᠠᠶᠢᠴᠠᠭᠠᠯᠲᠠ ᠶᠢᠨ ᠪᠢᠯᠢᠭ ᠴᠢᠨᠠᠷ ᠤᠨ ᠮᠡᠳᠡᠭᠡ ᠵᠠᠩᠭᠢ ᠶᠢ ᠪᠠᠭᠲᠠᠭᠠᠭᠰᠠᠨ ᠡᠷᠡᠭᠦᠯ ᠡᠩᠬᠡ ᠶᠢᠨ ᠨᠡᠪᠲᠡᠷᠡᠬᠦ ᠺᠣᠳ᠋ ᠢᠶᠠᠨ | ᠭᠠᠷᠭᠠᠨ ᠦᠵᠡᠭᠦᠯᠵᠦ᠂ ᠬᠤᠰᠢᠭᠤᠨ ᠳᠠᠭᠠᠨ ᠪᠤᠴᠠᠭᠰᠠᠨ ᠤ ᠳᠠᠷᠠᠭ᠎ᠠ ᠬᠠᠮᠤᠭ ᠤᠨ ᠲᠡᠷᠢᠭᠦᠨ ᠳᠤ ᠬᠠᠷᠢᠶ᠎ᠠ ᠰᠤᠮᠤ | ᠰᠢᠶᠠᠩ ᠪᠠᠯᠭᠠᠰᠤ᠂ ᠭᠠᠴᠠᠭ᠎ᠠ ᠲᠣᠰᠬᠤᠨ ︵ᠨᠡᠶᠢᠭᠡᠮ ᠲᠣᠭᠤᠷᠢᠭ︶ ᠳᠤ ᠳᠠᠩᠰᠠᠯᠠᠭᠤᠯᠤᠨ ᠲᠡᠮᠳᠡᠭᠯᠡᠭᠦᠯᠦᠨ᠎ᠡ᠃ | 3. ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠨ᠎ᠠ᠃ ᠪᠡᠭᠡᠵᠢᠩ ᠬᠤᠲᠠ᠂ ᠯᠢᠶᠣᠤᠨᠢᠩ ᠮᠤᠵᠢ᠂ | ᠬᠠᠷᠠᠮᠥ᠋ᠷᠡᠨ ᠮᠤᠵᠢ᠂ ᠾᠤᠪᠸᠢ ᠮᠤᠵᠢ ᠵᠡᠷᠭᠡ ᠳᠤᠮᠳᠠ ᠲᠦᠭᠰᠢᠭᠦᠷᠢ ᠶᠡᠬᠡᠲᠡᠶ ᠭᠠᠵᠠᠷ ᠣᠷᠣᠨ ᠠᠴᠠ ᠢᠷᠡᠬᠦ ︵ | ᠪᠤᠴᠠᠬᠤ︶ ᠬᠤᠰᠢᠭᠤᠨ ᠤ ᠬᠥᠮᠦᠰ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ | 2021 ᠣᠨ ᠤ 2 ᠳ᠋ᠤᠭᠠᠷ ᠲᠣᠭᠠᠲᠤ ᠠᠯᠪᠠᠨ ᠵᠠᠷ ︵ᠮᠠᠨ ᠤ ᠬᠤᠰᠢᠭᠤᠨ ᠤ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠴᠢᠩᠭᠠᠳᠬᠠᠬᠤ ᠪᠠ ᠳᠣᠭᠢᠷᠠᠭᠤᠯᠬᠤ | ᠲᠤᠬᠠᠶ ᠠᠯᠪᠠᠨ ᠵᠠᠷ︶ ᠤᠨ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ ᠴᠢᠩᠭ᠎ᠠ ᠬᠡᠷᠡᠭᠵᠢᠭᠦᠯᠦᠨ᠎ᠡ᠃ | ᠥᠪᠡᠷᠲᠡᠭᠡᠨ ᠵᠠᠰᠠᠬᠤ ᠣᠷᠣᠨ ᠤ ᠭᠠᠳᠠᠨ᠎ᠠ ᠠᠴᠠ ᠢᠷᠡᠭᠰᠡᠨ ︵ᠪᠤᠴᠠᠵᠤ ᠢᠷᠡᠭᠰᠡᠨ︶ ᠪᠤᠰᠤᠳ ᠮᠠᠨ ᠤ | ᠬᠤᠰᠢᠭᠤᠨ ᠤ ᠬᠥᠮᠦᠰ ᠢ ᠪᠦᠬᠦᠨ ᠢ ᠨᠡᠶᠢᠭᠡᠮ ᠲᠣᠭᠤᠷᠢᠭ ᠤᠨ ᠡᠷᠡᠭᠦᠯ ᠮᠡᠨᠳᠦ ᠶᠢᠨ ᠬᠠᠮᠢᠶᠠᠷᠤᠯᠲᠠ ᠳᠤ ᠣᠷᠣᠭᠤᠯᠵᠤ᠂ | ᠬᠡᠷ ᠪᠦᠯᠢ ᠪᠠᠨ 14 ᠡᠳᠦᠷ ᠲᠤᠰᠠᠭᠠᠷᠯᠠᠵᠤ᠂ ᠪᠡᠶ᠎ᠡ ᠶᠢᠨ ᠳᠤᠯᠠᠭᠠᠨ᠂ ᠡᠷᠡᠭᠦᠯ ᠮᠡᠨᠳᠦ ᠶᠢᠨ ᠪᠠᠶᠢᠳᠠᠯ ᠵᠡᠷᠭᠡ ᠡᠳᠦᠷ | ᠲᠤᠲᠤᠮ ᠤᠨ ᠡᠷᠡᠭᠦᠯ ᠮᠡᠨᠳᠦ ᠶᠢᠨ ᠬᠢᠨᠠᠨ ᠬᠡᠮᠵᠢᠯᠲᠡ ᠶᠢ ᠰᠠᠶᠢᠲᠤᠷ ᠬᠢᠬᠦ ᠶᠢᠨ ᠬᠠᠮᠲᠤ᠂ ᠡᠳᠦᠷ ᠪᠦᠷᠢ ᠭᠠᠴᠠᠭ᠎ᠠ | ᠲᠣᠰᠬᠤᠨ ︵ᠨᠡᠶᠢᠭᠡᠮ ᠲᠣᠭᠤᠷᠢᠭ︶ ᠤ ᠳᠠᠭᠠᠭᠠᠴᠢᠯᠠᠨ ᠬᠤᠯᠪᠣᠭᠠᠯᠠᠭᠰᠠᠨ ᠬᠠᠷᠢᠭᠤᠴᠠᠯᠭᠠᠲᠠᠨ ᠳᠤ ᠮᠡᠳᠡᠭᠦᠯᠦᠨ᠎ᠡ᠃ | 4. ᠡᠮᠨᠡᠭᠦᠯᠬᠦ ᠶᠢ ᠵᠢᠷᠤᠮᠵᠢᠭᠤᠯᠤᠨ᠎ᠠ᠃ ᠥᠪᠡᠷ ᠢᠶᠠᠨ ᠬᠡᠷ ᠲᠡᠭᠡᠨ ᠰᠠᠭᠤᠵᠤ ᠪᠠᠶᠢᠬᠤ ᠬᠤᠭᠤᠴᠠᠭᠠᠨ ᠳᠤ ᠬᠡᠷᠪᠡ | ᠬᠠᠯᠠᠭᠤᠷᠠᠬᠤ᠂ ᠬᠠᠭᠤᠷᠠᠶ ᠪᠠᠷ ᠬᠠᠨᠢᠶᠠᠬᠤ᠂ ᠲᠠᠮᠢᠷᠳᠠᠬᠤ ᠵᠡᠷᠭᠡ ᠡᠪᠡᠳᠴᠢᠨ ᠤ ᠢᠯᠡᠷᠡᠯ ᠭᠠᠷᠪᠠᠯ᠂ ᠴᠠᠭ ᠲᠤᠬᠠᠶ ᠳᠤᠨᠢ | ᠪᠦᠦ ᠯᠢᠶᠠᠨ ᠬᠠᠷᠢᠭᠤᠴᠠᠯᠭᠠᠲᠠᠨ ᠳᠤ ᠮᠡᠳᠡᠭᠦᠯᠵᠦ᠂ ᠪᠦᠦ ᠯᠢᠶᠠᠨ ᠬᠠᠷᠢᠭᠤᠴᠠᠯᠭᠠᠲᠠᠨ ᠠᠴᠠ ᠲᠤᠬᠠᠶ ᠶᠢᠨ ᠭᠠᠵᠠᠷ ᠤᠨ | ᠡᠮᠨᠡᠯᠭᠡ ᠶᠢᠨ ᠬᠤᠷᠢᠶ᠎ᠠ ᠲᠠᠢ ᠬᠠᠷᠢᠯᠴᠠᠵᠤ ᠡᠮᠨᠡᠭᠦᠯᠦᠨ᠎ᠡ᠃ | 5. ᠬᠤᠪᠢ ᠬᠥᠮᠦᠨ ᠤ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠴᠢᠩᠭᠠᠷᠠᠭᠤᠯᠤᠨ᠎ᠠ᠃ ᠥᠪᠡᠷ ᠢᠶᠠᠨ | ᠬᠡᠷ ᠲᠡᠭᠡᠨ ᠰᠠᠭᠤᠵᠤ ᠲᠤᠰᠠᠭᠠᠷᠯᠠᠬᠤ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ᠂ ᠤᠬᠠᠮᠰᠠᠷ ᠡᠴᠠᠪᠠᠨ ︽ | ᠠᠮᠠᠪᠴᠢ ᠵᠡᠭᠦᠬᠦ᠂ ᠭᠠᠷ ᠢᠶᠠᠨ ᠰᠠᠶᠢᠲᠤᠷ ᠤᠬᠢᠶᠠᠬᠤ᠂ ᠦᠷᠭᠦᠯᠵᠢ ᠰᠠᠯᠬᠢ ᠨᠡᠪᠲᠡᠷᠡᠬᠦ᠂ ᠴᠥᠭᠡᠨ ᠴᠤᠭᠯᠠᠷᠠᠬᠤ᠂ ᠨᠢᠭᠡ | ᠮᠧᠲᠷ ᠤᠨ ᠱᠤᠭᠤᠮ ᠢᠶᠠᠷ ᠶᠠᠪᠤᠬᠤ᠂ ᠨᠡᠶᠢᠲᠡ ᠶᠢᠨ ᠰᠠᠪᠬ᠎ᠠ ᠬᠡᠷᠡᠭᠯᠡᠬᠦ︾ ᠵᠡᠷᠭᠡ ᠬᠤᠪᠢ ᠬᠥᠮᠦᠨ ᠤ ᠡᠷᠡᠭᠦᠯ | ᠬᠠᠮᠠᠭᠠᠯᠠᠯ ᠤᠨ ᠰᠠᠶᠢᠨ ᠰᠠᠶᠢᠬᠠᠨ ᠳᠠᠳᠬᠠᠯ ᠢ ᠪᠣᠶ ᠪᠣᠯᠭᠠᠬᠤ ᠬᠡᠷᠡᠭᠲᠡᠶ᠃ | ᠡᠴᠦᠰ ᠲᠤ᠂ ᠪᠥᠬᠦ ᠬᠤᠰᠢᠭᠤᠨ ᠤ ᠨᠤᠲᠤᠭ ᠤᠨ ᠠᠬ᠎ᠠ ᠳᠡᠭᠦᠤ ᠨᠡᠷ ᠲᠤ ᠴᠠᠭᠠᠨ ᠰᠠᠷ᠎ᠠ ᠶᠢᠨ ᠪᠠᠶᠠᠷ ᠬᠦᠷᠭᠡᠵᠦ᠂ | ᠵᠣᠯ ᠵᠢᠷᠭᠠᠯ ᠲᠠᠢ ᠠᠮᠤᠷ ᠠᠮᠤᠭᠤᠯᠠᠩ ᠪᠠᠶᠢᠬᠤ ᠶᠢ ᠢᠷᠥᠭᠡᠶ᠎ᠡ︕ | ᠳᠠᠭᠠᠯᠳᠤᠭᠤᠯᠤᠯ᠄ | ᠠᠰᠠᠭᠤᠨ ᠳᠠᠩᠰᠠᠯᠠᠭᠤᠯᠬᠤ ᠪᠠᠷ ᠮᠡᠳᠡᠭᠦᠯᠬᠦ ᠳ᠋ᠢᠶᠠᠩᠬᠤᠸᠠ | ᠪᠠᠶᠠᠨᠴᠠᠭᠠᠨ ᠪᠠᠯᠭᠠᠰᠤ᠄ 0474 — 6209210 | ᠲᠦᠮᠡᠳ ᠲᠠᠢ ᠪᠠᠯᠭᠠᠰᠤ᠄ 0474 — 6401335 | ᠬᠤᠩᠭᠤᠷ ᠪᠠᠯᠭᠠᠰᠤ᠄ 18748420595 | ᠪᠤᠩᠬᠤᠨ ᠪᠠᠯᠭᠠᠰᠤ᠄ 0474 — 6565606 | ᠳ᠋ᠠ ᠯᠢᠦ ᠬᠤᠤ ᠪᠠᠯᠭᠠᠰᠤ᠄ 0474 — 6587596 | ᠤᠯᠠᠭᠠᠨᠬᠠᠳᠠ ᠰᠤᠮᠤ᠄ 0474 — 2298973 | ᠳᠤᠯᠤᠭᠠᠨᠬᠤᠳᠳᠤᠭ ᠰᠤᠮᠤ᠄ 0474 — 6471043 | ᠰᠢᠯᠢ ᠰᠢᠶᠠᠩ᠄ 0474 — 6591019 | ᠪᠠᠶᠠᠨᠴᠠᠭᠠᠨ ᠪᠠᠯᠭᠠᠰᠤᠨ ᠤ ᠸᠤᠨ ᠸᠧᠶ ᠨᠡᠶᠢᠭᠡᠮ ᠲᠣᠭᠤᠷᠢᠭ᠄ 18748414844 | ᠪᠠᠶᠠᠨᠴᠠᠭᠠᠨ ᠪᠠᠯᠭᠠᠰᠤᠨ ᠤ ᠲᠤᠸᠠᠨ ᠵᠢᠶᠧ ᠨᠡᠶᠢᠭᠡᠮ ᠲᠣᠭᠤᠷᠢᠭ᠄ 13948495158 | ᠪᠠᠶᠠᠨᠴᠠᠭᠠᠨ ᠪᠠᠯᠭᠠᠰᠤᠨ ᠤ ᠬᠤᠸᠠ ᠱᠧᠩ ᠨᠡᠶᠢᠭᠡᠮ ᠲᠣᠭᠤᠷᠢᠭ᠄ 13664043476 | ᠪᠠᠶᠠᠨᠴᠠᠭᠠᠨ ᠪᠠᠯᠭᠠᠰᠤᠨ ᠤ ᠪᠠᠶᠠᠨᠨᠡᠶᠢᠭᠡᠮ ᠲᠣᠭᠤᠷᠢᠭ᠄ 15647410533 | ᠪᠠᠶᠠᠨᠴᠠᠭᠠᠨ ᠪᠠᠯᠭᠠᠰᠤᠨ ᠤ ᠶᠢᠩ ᠪᠢᠨ ᠨᠡᠶᠢᠭᠡᠮ ᠲᠣᠭᠤᠷᠢᠭ᠄ 15247421897 | ᠪᠠᠶᠠᠨᠴᠠᠭᠠᠨ ᠪᠠᠯᠭᠠᠰᠤᠨ ᠤ ᠪᠸᠢ ᠳ᠋ᠤᠤ ᠺᠸᠦ ᠨᠡᠶᠢᠭᠡᠮ ᠲᠣᠭᠤᠷᠢᠭ᠄ 15947772362 | ᠪᠠᠶᠠᠨᠴᠠᠭᠠᠨ ᠪᠠᠯᠭᠠᠰᠤᠨ ᠤ ᠡᠷᠡᠯᠬᠡᠭᠯᠡᠨ ᠤᠷᠤᠭᠰᠢᠯᠠᠬᠤ ᠨᠡᠶᠢᠭᠡᠮ ᠲᠣᠭᠤᠷᠢᠭ᠄ 15540413309 | ᠪᠠᠶᠠᠨᠴᠠᠭᠠᠨ ᠪᠠᠯᠭᠠᠰᠤᠨ ᠤ ᠢ ᠮᠢᠨ ᠨᠡᠶᠢᠭᠡᠮ ᠲᠣᠭᠤᠷᠢᠭ᠄ 15947044588 | ᠪᠠᠶᠠᠨᠴᠠᠭᠠᠨ ᠪᠠᠯᠭᠠᠰᠤᠨ ᠤ ᠬᠠᠩᠨᠢᠩ ᠤᠨ ᠳᠠᠯᠠᠢ ᠨᠡᠶᠢᠭᠡᠮ ᠲᠣᠭᠤᠷᠢᠭ᠄ 18748412750 | ᠬᠤᠰᠢᠭᠤᠨ ᠤ ᠡᠪᠡᠳᠴᠢᠨ ᠡᠮᠭᠡᠭ ᠰᠡᠷᠭᠡᠶᠢᠯᠡᠨ ᠬᠢᠵᠠᠭᠠᠷᠯᠠᠬᠤ ᠲᠥᠪ᠄ 0474 — 6201552 | ᠬᠤᠰᠢᠭᠤᠨ ᠡᠮᠨᠡᠯᠭᠡ ᠶᠢᠨ ᠬᠤᠷᠢᠶ᠎ᠠ᠄ 0474 — 6281152 | |