ᠲᠤᠯᠤᠭᠠᠨ ᠬᠤᠳᠳᠤᠭ ᠰᠤᠮᠤᠨ ᠤ ᠬᠤᠸᠠᠩ ᠶᠠᠩ ᠴᠧᠩ ᠭᠠᠴᠠᠭᠠᠨ ᠤ ᠠᠯᠠᠰᠢᠨ ᠦᠬᠡᠷ ᠢ ᠴᠢᠨᠠᠷ ᠰᠠᠶᠢᠲᠠᠶ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠦᠬᠡᠷ ᠤᠨ ᠠᠵᠤ ᠠᠬᠤᠶ ᠶᠢ ᠰᠠᠶᠢᠲᠤᠷ ᠬᠢᠨ᠎ᠠ᠃
ᠨᠡᠶᠢᠲᠡᠯᠡᠭᠰᠡᠨ ᠴᠠᠭ᠄
2021/5/10
       ᠲᠤᠯᠤᠭᠠᠨ ᠬᠤᠳᠳᠤᠭ ᠰᠤᠮᠤᠨ ᠤ ᠬᠤᠸᠠᠩ ᠶᠠᠩ ᠴᠧᠩ ᠭᠠᠴᠠᠭᠠᠨ ᠤ        ᠠᠯᠠᠰᠢᠨ ᠦᠬᠡᠷ ᠢ ᠴᠢᠨᠠᠷ ᠰᠠᠶᠢᠲᠠᠶ ᠦᠷᠡᠵᠢᠭᠦᠯᠦᠨ ᠪᠤᠶᠢᠵᠢᠭᠤᠯᠬᠤ        ᠰᠠᠭᠤᠷᠢᠨ ᠭᠠᠵᠠᠷ ᠦᠬᠡᠷ ᠤᠨ ᠠᠵᠤ ᠠᠬᠤᠶ ᠶᠢ ᠰᠠᠶᠢᠲᠤᠷ ᠬᠢᠨ᠎ᠠ᠃     4 ᠰᠠᠷ᠎ᠠ ᠶᠢᠨ 15 ᠤ ᠡᠳᠦᠷ᠂ ᠰᠤᠷᠪᠤᠯᠵᠢᠯᠠᠭᠴᠢ ᠳ᠋ᠠᠩᠯᠠᠩ ᠬᠤᠳᠳᠤᠭ ᠰᠤᠮᠤᠨ ᠤ ᠬᠤᠸᠠᠩ ᠶᠠᠩ ᠴᠧᠩ ᠭᠠᠴᠠᠭᠠᠨ ᠤ ᠴᠢᠨᠠᠷ ᠰᠠᠶᠢᠲᠠᠶ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠲᠤ ᠬᠥᠷᠪᠡ᠃ ᠮᠥᠷ ᠮᠥᠷ ᠴᠡᠪᠡᠷ ᠴᠡᠮᠴᠡᠭᠡᠷ ᠦᠬᠡᠷ ᠤᠨ ᠰᠠᠷᠠᠪᠴᠢ ᠨᠢᠳᠦᠨ ᠳᠤ ᠲᠤᠰᠤᠨ᠎ᠠ᠂ ᠨᠢᠭᠡ ᠬᠦᠳᠡᠷ ᠴᠢᠭᠢᠷᠠᠭ ᠮᠢᠬᠠᠨ ᠤ ᠦᠬᠡᠷ ᠦᠬᠡᠷ ᠤᠨ ᠰᠠᠷᠠᠪᠴᠢᠨ ᠳᠤ ᠬᠡᠪᠲᠡᠬᠦ ᠪᠤᠶᠤ ᠵᠣᠭᠰᠣᠬᠤ ᠡᠰᠡᠬᠦᠯ᠎ᠡ ᠠᠯᠬᠤᠵᠤ  ᠪᠠᠶᠢᠨ᠎ᠠ᠃ ᠲᠤᠰ ᠰᠠᠭᠤᠷᠢᠨ ᠭᠠᠵᠠᠷ ᠣᠳᠣᠬᠠᠨ ᠳᠤ ᠭᠤᠣᠯᠳᠠᠭᠤ 1400 ᠭᠠᠷᠤᠶ ᠠᠩᠭᠧᠰ ᠮᠢᠬᠠᠨ ᠤ ᠦᠬᠡᠷ ᠲᠡᠵᠢᠭᠡᠵᠦ᠂ ᠶᠡᠷᠦᠩᠬᠡᠶ ᠲᠠᠯᠠᠪᠠᠶ ᠨᠢ 3500 ᠲᠡᠭᠰᠢ ᠳᠥᠷᠪᠡᠯᠵᠢᠨ ᠮᠧᠲᠷ ᠲᠤ ᠬᠦᠷᠴᠦ ᠪᠠᠶᠢᠨ᠎ᠠ᠃     ᠬᠤᠸᠠᠩ ᠶᠠᠩ ᠴᠧᠩ ᠭᠠᠴᠠᠭᠠᠨ ᠤ ᠴᠢᠨᠠᠷ ᠰᠠᠶᠢᠲᠠᠶ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠠᠯᠠᠭ᠎ᠠ ᠮᠥᠴᠢᠷ ᠤᠨ ᠳᠠᠪᠠᠭᠤᠯᠢᠭ ᠢᠶᠠᠨ  ᠭᠦᠢᠴᠡᠳ ᠪᠠᠳᠠᠷᠠᠭᠤᠯᠵᠤ ᠶᠡᠬᠡᠪᠡᠷ ᠲᠡᠳᠬᠦᠨ ᠳᠡᠮᠵᠢᠵᠦ ᠪᠠᠶᠢᠭ᠎ᠠ ᠶᠠᠪᠤᠳᠠᠯ ᠪᠣᠯᠤᠨ᠎ᠠ᠂ ᠳᠣᠯᠣᠭᠠᠨᠬᠤᠳᠤᠭ ᠰᠤᠮᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠤᠷᠠᠳᠤᠭᠰᠠᠨ ︽ᠬᠤᠨᠢ ᠶᠢ ᠲᠣᠭᠲᠠᠪᠤᠷᠢᠵᠢᠭᠤᠯᠤᠨ ᠦᠬᠡᠷ ᠢ ᠨᠡᠮᠡᠭᠳᠡᠭᠦᠯᠵᠦ ᠭᠠᠭ᠋ᠠᠶ ᠵᠢᠭᠦᠷᠲᠡᠨ ᠢ ᠥᠷᠭᠡᠳᠬᠡᠬᠦ︾ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠠᠯᠠᠰᠢᠨ ᠦᠬᠡᠷ ᠤᠨ ᠠᠵᠤ ᠦᠢᠯᠡᠰ ᠤᠨ ᠬᠥᠭᠵᠢᠯᠲᠡ ᠪᠠᠷ ᠭᠠᠷᠳᠠᠴᠠ ᠪᠣᠯᠭᠠᠨ ᠲᠣᠰᠬᠤᠨ ᠤ ᠬᠠᠮᠲᠤ ᠶᠢᠨ ᠠᠵᠤ ᠠᠬᠤᠶ ᠶᠢ ᠪᠤᠵᠠᠭᠠᠶᠢᠷᠠᠭᠤᠯᠵᠤ᠂ ᠪᠡᠭᠡᠵᠢᠩ ᠠᠴᠠ ᠣᠷᠣᠭᠤᠯᠤᠭᠰᠠᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠳᠠᠭᠠᠭᠤᠯᠤᠭᠴᠢ ᠠᠵᠤ ᠠᠬᠤᠶᠢᠯᠠᠯ ᠪᠣᠯ ᠵᠡᠭᠦᠨ ᠪᠠᠷᠠᠭᠤᠨ ᠣᠷᠣᠨ ᠤ ᠶᠠᠳᠠᠭᠤ ᠶᠢ ᠲᠡᠳᠬᠦᠬᠦ ᠬᠠᠮᠵᠢᠯᠴᠠᠭᠠᠨ ᠤ ᠭᠤᠤᠯᠳᠠᠯᠭ᠎ᠠ ᠲᠠᠢ ᠲᠥᠷᠥᠯ  ᠵᠣᠶᠢᠯ ᠮᠥᠨ᠂ ᠲᠡᠷᠡ ᠨᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠬᠦᠴᠦᠨ ᠨᠡᠮᠡᠷᠢᠯᠡᠬᠦ᠂ ᠠᠵᠤ ᠦᠢᠯᠡᠰ ᠤᠨ ᠪᠦᠲᠦᠴᠡ ᠶᠢ ᠲᠣᠬᠢᠷᠠᠭᠤᠯᠬᠤ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢ ᠬᠥᠭᠵᠢᠭᠦᠯᠬᠦ᠂ ᠠᠮᠢ ᠠᠬᠤᠶ ᠣᠷᠴᠢᠨ ᠲᠣᠭᠤᠷᠢᠨ ᠢ ᠰᠢᠯᠢᠳᠡᠭᠵᠢᠭᠦᠯᠬᠦ᠂ ᠮᠠᠯᠴᠢᠨ ᠲᠠᠷᠢᠶᠠᠴᠢᠨ ᠤ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠬᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠃     ︽2019 ᠣᠨ ᠳᠤ ᠰᠢᠨᠵᠢᠯᠡᠨ ᠪᠠᠶᠢᠴᠠᠭᠠᠵᠤ᠂ 2020 ᠣᠨ ᠳᠤ ᠵᠢᠩᠬᠢᠨᠢ ᠪᠠᠷ ᠪᠠᠷᠢᠯᠭ᠎ᠠ ᠡᠬᠢᠯᠡᠭᠦᠯᠵᠦ᠂ ᠪᠠᠷᠢᠯᠭ᠎ᠠ ᠶᠢᠨ ᠲᠠᠯᠠᠪᠠᠢ 32000 ᠲᠡᠭᠰᠢ ᠳᠥᠷᠪᠡᠯᠵᠢᠨ ᠮᠢᠲ᠋ᠧᠷ ᠲᠤ ᠬᠦᠷᠴᠦ᠂ ᠡᠪᠡᠰᠦ ᠪᠣᠷᠳᠤᠭ᠎ᠠ ᠪᠣᠯᠪᠠᠰᠤᠷᠠᠭᠤᠯᠬᠤ ᠲᠠᠰᠤᠭ ᠪᠣᠯᠤᠨ ᠲᠦᠭᠦᠬᠡᠢ ᠮᠠᠲ᠋ᠧᠷᠢᠶᠠᠯ ᠤᠨ ᠬᠥᠮᠥᠷᠭᠡ᠂ ᠬᠦᠬᠡ ᠳᠠᠷᠤᠰᠢ ᠶᠢᠨ ᠵᠣᠭᠤᠷᠢ ᠪᠣᠯᠤᠨ ᠬᠠᠰᠢᠶ᠎ᠠ ᠰᠠᠷᠠᠪᠴᠢ ᠶᠢ ᠪᠠᠭᠲᠠᠭᠠᠨ᠎ᠠ︾ ᠭᠡᠵᠦ ᠰᠠᠭᠤᠷᠢᠨ ᠤ ᠬᠠᠷᠢᠭᠤᠴᠠᠯᠭᠠᠲᠠᠨ ᠬᠡᠯᠡᠪᠡ᠃     ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠪᠥᠬᠦ ᠶᠠᠪᠤᠴᠠ ᠶᠢᠨ ᠬᠡᠯᠪᠡᠷᠢ᠂ ᠠᠰᠠᠷᠠᠭᠴᠢ ᠶᠢᠨ ᠬᠡᠯᠪᠡᠷᠢ ᠶᠢᠨ ᠳᠡᠮᠵᠢᠯᠭᠡ ᠪᠠ ᠵᠢᠯᠣᠭᠤᠳᠣᠯᠭ᠎ᠠ ᠳᠤᠤᠷ᠎ᠠ᠂ ᠭᠠᠯᠲᠤ ᠠᠭᠤᠯᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠣᠶᠢᠯ ᠢ ᠡᠩ ᠲᠡᠷᠢᠭᠦᠨ ᠳᠤ ᠵᠡᠭᠡᠷ᠎ᠡ ᠶᠢᠨ ᠬᠤᠲᠠ ᠭᠠᠴᠠᠭ᠎ᠠ ᠳᠤ ᠰᠠᠭᠤᠷᠢᠰᠢᠭᠤᠯᠵᠤ᠂ ᠠᠩᠭᠧᠰ ᠤᠨ ᠰᠠᠶᠢᠨ ᠡᠭᠦᠯᠳᠡᠷ ᠤᠨ ᠠᠯᠠᠰᠢᠨ ᠦᠬᠡᠷ ᠢ 1000 ᠣᠷᠣᠭᠤᠯᠤᠨ᠂ ᠰᠠᠶᠢᠨ ᠰᠠᠶᠢᠬᠠᠨ ᠨᠡᠶᠢᠭᠡᠮ ᠤᠨ ᠦᠷ᠎ᠡ ᠠᠰᠢᠭ ᠪᠠ ᠠᠵᠤ ᠠᠬᠤᠶ ᠶᠢᠨ ᠦᠷ᠎ᠡ ᠠᠰᠢᠭ ᠢ ᠪᠣᠶ ᠪᠣᠯᠭᠠᠪᠠ᠃ ᠬᠤᠸᠠᠩ ᠶᠠᠩ ᠴᠧᠩ ᠭᠠᠴᠠᠭᠠᠨ ᠤ ᠭᠠᠯᠲᠤ ᠠᠭᠤᠯᠠ᠂ ᠰᠠᠶᠢᠨ ᠡᠭᠦᠯᠳᠡᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠥᠷᠥᠯ  ᠵᠣᠶᠢᠯ ᠤᠨ ᠳᠠᠶᠢᠴᠢᠯᠠᠯᠲᠠ ᠪᠠᠷ ᠳᠠᠮᠵᠢᠭᠤᠯᠤᠨ᠂ ᠭᠠᠯᠲᠤ ᠠᠭᠤᠯᠠ ᠲᠡᠵᠢᠭᠡᠨ ᠦᠷᠡᠵᠢᠭᠦᠯᠬᠦ ᠠᠵᠤ ᠠᠬᠤᠶᠢᠯᠠᠯ᠂ ᠥᠪᠥᠷ ᠮᠣᠩᠭᠤᠯ ᠤᠨ ᠱᠠᠨ ᠵᠢᠶᠠ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠪᠥᠸᠧ ᠯᠢᠶᠠᠩ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠪᠣᠯᠤᠨ ᠥᠪᠥᠷ ᠮᠣᠩᠭᠤᠯ ᠤᠨ ᠭᠠᠯᠲᠤ ᠠᠭᠤᠯᠠ ᠶᠢᠨ ᠬᠡᠭᠡᠷ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠬᠤᠶᠢᠨ᠎ᠠ ᠬᠤᠶᠢᠨ᠎ᠠ ᠠᠴᠠ ᠪᠠᠨ ᠣᠷᠣᠵᠤ ᠰᠠᠭᠤᠪᠠ᠃     ᠮᠦ ᠪᠦᠷᠢ ᠶᠢᠨ 300 ᠲᠥᠭᠦᠷᠢᠭ ᠤᠨ ᠦᠨ᠎ᠡ ᠪᠠᠷ ᠵᠣᠬᠢᠴᠠᠭᠤᠯᠤᠨ 3000 ᠮᠦ ᠭᠠᠵᠠᠷ ᠰᠢᠷᠣᠶ ᠶᠢ ᠡᠷᠭᠢᠯᠳᠦᠭᠦᠯᠵᠦ᠂ ᠡᠪᠡᠰᠦᠨ ᠡᠷᠳᠡᠨᠢ ᠰᠢᠰᠢ ᠲᠠᠷᠢᠬᠤ ᠳᠤ ᠬᠡᠷᠡᠭᠯᠡᠵᠦ᠂ ᠲᠠᠷᠢᠶᠠᠯᠠᠬᠤ ᠮᠠᠯᠵᠢᠬᠤ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠶᠢ ᠠᠬᠢᠭᠤᠯᠤᠨ᠎ᠠ᠃ ᠡᠭᠦᠨ ᠤ ᠬᠠᠮᠲᠤ᠂ ᠬᠤᠸᠠᠩ ᠶᠠᠩ ᠴᠧᠩ ᠭᠠᠴᠠᠭᠠᠨ ᠤ ᠹᠦ᠋ ᠲᠢᠶᠠᠨ ᠲᠠᠷᠢᠶᠠᠴᠢᠳ ᠤᠨ ᠬᠤᠷᠰᠢᠶ᠎ᠠ ᠨᠢᠭᠡᠨᠲᠡ 50 ᠲᠣᠯᠣᠭᠠᠶ ᠠᠩᠭᠧᠰ ᠤᠨ ᠰᠠᠭᠤᠷᠢ ᠦᠨᠢᠶ᠎ᠡ ᠬᠤᠳᠠᠯᠳᠤᠨ ᠠᠪᠴᠤ ᠡᠭᠦᠯᠳᠡᠷ ᠰᠠᠶᠢᠵᠢᠷᠠᠭᠤᠯᠬᠤ᠂ ᠦᠷ᠎ᠡ ᠠᠰᠢᠭ ᠢ ᠳᠡᠭᠡᠭᠰᠢᠯᠡᠭᠦᠯᠬᠦ ᠳᠤ ᠬᠡᠷᠡᠭᠯᠡᠪᠡ᠃     ᠲᠣᠮᠣ ᠬᠡᠯᠪᠡᠷᠢ ᠶᠢᠨ ᠲᠣᠯᠣᠭᠠᠶᠢᠯᠠᠭᠴᠢ ᠠᠵᠤ ᠠᠬᠤᠶᠢᠯᠠᠯ ᠪᠠ ᠠᠩᠭᠢᠰ ᠰᠢᠯᠢᠳᠡᠭ ᠡᠭᠦᠯᠳᠡᠷ ᠤᠨ ᠮᠢᠬᠠᠨ ᠤ ᠦᠬᠡᠷ ᠤᠨ ᠰᠢᠨ᠎ᠡ ᠡᠭᠦᠯᠳᠡᠷ ᠢ ᠣᠷᠣᠭᠤᠯᠤᠨ ᠠᠪᠴᠢᠷᠠᠭᠰᠠᠨ ᠨᠢ ᠲᠤᠬᠠᠶ ᠶᠢᠨ ᠭᠠᠵᠠᠷ ᠤᠨ ᠮᠢᠬᠠᠨ ᠤ ᠦᠬᠡᠷ ᠲᠡᠵᠢᠭᠡᠨ ᠦᠷᠡᠵᠢᠭᠦᠯᠬᠦ ᠠᠵᠤ ᠦᠶᠢᠯᠡᠰᠵᠢᠯᠲᠡ ᠶᠢᠨ ᠬᠡᠮᠵᠢᠶ᠎ᠡ ᠥᠨᠳᠥᠷ ᠪᠢᠰᠢ᠂ ᠬᠥᠭᠵᠢᠯᠲᠡ ᠶᠢᠨ ᠪᠠᠯᠠ ᠮᠥᠩᠭᠦ ᠬᠦᠷᠦᠯᠴᠡᠬᠦ ᠥᠬᠡᠶ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠬᠢᠷᠢ ᠲᠦᠪᠰᠢᠨ ᠳᠤᠤᠷ᠎ᠠ ᠪᠠᠶᠢᠬᠤ ᠠᠰᠠᠭᠤᠳᠠᠯ ᠢ ᠰᠢᠢᠳᠪᠦᠷᠢᠯᠡᠭᠰᠡᠨ ᠢᠶᠠᠷ ᠪᠠᠷᠠᠬᠤ ᠥᠬᠡᠶ᠂ ᠲᠤᠬᠠᠶ ᠶᠢᠨ ᠭᠠᠵᠠᠷ ᠤᠨ ᠮᠢᠬᠠᠨ ᠤ ᠦᠬᠡᠷ ᠤᠨ ᠡᠭᠦᠯᠳᠡᠷ ᠢ ᠰᠠᠶᠢᠵᠢᠷᠠᠭᠤᠯᠵᠤ᠂ ᠪᠥᠬᠦ ᠰᠤᠮᠤᠨ ᠤ ᠲᠡᠵᠢᠭᠡᠨ ᠦᠷᠡᠵᠢᠭᠦᠯᠬᠦ ᠦᠢᠯᠡᠰ ᠤᠨ ᠪᠦᠲᠦᠴᠡ ᠶᠢ ᠰᠢᠯᠢᠳᠡᠭᠵᠢᠭᠦᠯᠵᠦ᠂ ᠲᠡᠵᠢᠭᠡᠨ ᠦᠷᠡᠵᠢᠭᠦᠯᠬᠦ ᠦᠷ᠎ᠡ ᠠᠰᠢᠭ ᠢ ᠳᠡᠭᠡᠭᠰᠢᠯᠡᠭᠦᠯᠦᠭᠰᠡᠨ ᠤ ᠬᠠᠮᠲᠤ᠂ ᠠᠵᠤ ᠠᠬᠤᠶᠢᠯᠠᠯ ᠪᠠᠰᠠ ᠨᠠᠶᠢᠳᠠᠨ ᠬᠠᠮᠢᠶᠠᠷᠤᠭᠤᠯᠬᠤ ᠪᠠᠷ ᠣᠷᠣᠯᠠᠨ ᠲᠡᠵᠢᠭᠡᠬᠦ᠂ ᠡᠳ᠋ ᠬᠥᠷᠥᠩᠭᠡ ᠪᠠᠷ ᠠᠰᠢᠭ ᠭᠥᠷᠳᠡᠬᠦ ᠵᠡᠷᠭᠡ ᠶᠠᠳᠠᠭᠤ ᠬᠦᠴᠢᠷᠳᠡᠯᠲᠡᠶ ᠡᠷᠦᠬᠡ ᠶᠢ ᠳᠠᠶᠢᠴᠢᠯᠠᠬᠤ ᠣᠯᠠᠨ ᠵᠣᠶᠢᠯ ᠤᠨ ᠵᠠᠭᠪᠤᠷ ᠢᠶᠠᠷ ᠲᠤᠬᠠᠶ ᠶᠢᠨ ᠭᠠᠵᠠᠷ ᠤᠨ ᠶᠠᠳᠠᠭᠤ ᠬᠦᠴᠢᠷᠳᠡᠯᠲᠡᠶ ᠡᠷᠦᠬᠡ ᠶᠢ ᠬᠠᠪᠰᠤᠷᠤᠨ ᠬᠦᠴᠢᠷᠳᠡᠯ ᠠᠴᠠ ᠠᠩᠭᠢᠵᠢᠷᠠᠭᠤᠯᠵᠤ᠂ ᠬᠠᠮᠲᠤ ᠪᠠᠷ ᠪᠠᠶᠠᠵᠢᠬᠤ ᠶᠢ ᠪᠡᠶᠡᠯᠡᠭᠦᠯᠪᠡ᠃     ᠨᠢᠭᠡ ᠲᠥᠷᠥᠯ  ᠵᠣᠶᠢᠯ ᠢ ᠣᠷᠣᠭᠤᠯᠤᠨ ᠠᠪᠴᠢᠷᠠᠵᠤ᠂ ᠨᠢᠭᠡ ᠠᠵᠤ  ᠦᠢᠯᠡᠰ ᠢ ᠬᠥᠭᠵᠢᠭᠡᠨ᠂ ᠨᠢᠭᠡ ᠭᠠᠵᠠᠷ ᠣᠷᠣᠨ ᠤ ᠠᠷᠠᠳ ᠲᠦᠮᠡᠨ ᠢ ᠪᠠᠶᠠᠵᠢᠭᠤᠯᠤᠨ᠎ᠠ᠃ ᠢᠷᠡᠬᠦ ᠬᠡᠳᠦᠨ ᠵᠢᠯ ᠳᠤ᠂ ᠵᠠᠰᠠᠭ ᠤᠨ ᠣᠷᠳᠣᠨ ᠠᠴᠠ ᠣᠲᠣ ᠶᠢᠨ ᠪᠠᠶᠢᠭ᠎ᠠ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠰᠠᠭᠤᠷᠢᠨ ᠳᠡᠭᠡᠷ᠎ᠡ᠂ ᠠᠯᠠᠰᠢᠨ ᠦᠬᠡᠷ ᠤᠨ ᠠᠷᠠᠯᠵᠢᠶᠠᠨ ᠤ ᠵᠠᠬ᠎ᠠ ᠳᠡᠯᠭᠡᠭᠦᠷ᠂ ᠡᠪᠡᠰᠦ ᠪᠣᠷᠳᠤᠭ᠎ᠠ ᠪᠣᠯᠪᠠᠰᠤᠷᠠᠭᠤᠯᠬᠤ ᠦᠢᠯᠡᠳᠪᠦᠷᠢ᠂ ᠠᠯᠠᠵᠤ ᠨᠢᠲᠤᠯᠬᠤ ᠦᠢᠯᠡᠳᠪᠦᠷᠢ ᠵᠢᠴᠢ ᠦᠬᠡᠷ ᠤᠨ ᠮᠢᠬ᠎ᠠ ᠶᠢ ᠨᠠᠷᠢᠯᠢᠭ ᠪᠣᠯᠪᠠᠰᠤᠷᠠᠭᠤᠯᠬᠤ ᠦᠢᠯᠡᠳᠪᠦᠷᠢ ᠶᠢ ᠪᠠᠯᠠ ᠣᠷᠣᠭᠤᠯᠤᠨ ᠪᠥᠲᠥᠭᠡᠨ ᠪᠠᠶᠢᠭᠤᠯᠬᠤ ᠪᠠᠷ ᠲᠥᠯᠥᠪᠯᠡᠵᠦ ᠪᠠᠶᠢᠨ᠎ᠠ᠂ ᠡᠭᠦᠨ ᠤ ᠬᠠᠮᠲᠤ ᠤᠯᠤᠰ ᠤᠨ ᠲᠥᠷᠥᠯ  ᠵᠣᠶᠢᠯ ᠳᠤ ᠪᠠᠯᠠ ᠣᠷᠣᠭᠤᠯᠤᠨ ᠡᠪᠡᠰᠦ ᠪᠣᠷᠳᠤᠭ᠎ᠠ ᠨᠥᠭᠡᠴᠡᠯᠡᠬᠦ ᠬᠥᠮᠥᠷᠭᠡ ᠪᠠᠶᠢᠭᠤᠯᠬᠤ ᠪᠠᠷ ᠭᠤᠶᠤᠴᠢᠯᠠᠵᠤ᠂ ᠠᠯᠠᠰᠢᠨ ᠦᠬᠡᠷ ᠤᠨ  ᠬᠦᠢᠳᠡᠨ ᠬᠡᠯᠬᠢᠶᠡᠲᠦ ᠪᠠᠷᠠᠭᠠᠨ ᠤ ᠭᠦᠢᠯᠭᠡᠭᠡ ᠶᠢ ᠲᠡᠭᠦᠯᠳᠡᠷᠵᠢᠭᠦᠯᠵᠦ᠂ ᠵᠡᠭᠡᠷ᠎ᠡ ᠶᠢᠨ ᠬᠤᠲᠠ ᠭᠠᠴᠠᠭ᠎ᠠ ᠶᠢ ᠪᠥᠬᠦ ᠬᠤᠰᠢᠭᠤᠨ‌‍ᠤ ᠴᠢᠨᠠᠷ ᠰᠠᠶᠢᠲᠠᠶ ᠠᠯᠠᠰᠢᠨ ᠦᠬᠡᠷ ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠭᠠᠨ ᠪᠠᠶᠢᠭᠤᠯᠵᠤ᠂ ᠲᠤᠬᠠᠶ ᠶᠢᠨ ᠦᠶ᠎ᠡ ᠳᠤ ᠵᠡᠭᠡᠷ᠎ᠡ ᠶᠢᠨ ᠬᠤᠲᠠ ᠭᠠᠴᠠᠭᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ ᠰᠠᠭᠤᠷᠢᠨ ᠭᠠᠵᠠᠷ ᠤᠨ ᠶᠡᠷᠦᠩᠬᠡᠶ ᠲᠠᠯᠠᠪᠠᠶ ᠶᠢ 3000 ᠮᠥ ᠳᠤ ᠬᠦᠷᠭᠡᠵᠦ᠂ ᠶᠡᠷᠦᠩᠬᠡᠶ ᠪᠠᠯᠠ ᠣᠷᠣᠭᠤᠯᠤᠯᠲᠠ ᠶᠢ 6 ᠳ᠋ᠦᠩᠰᠢᠭᠤᠷ ᠲᠥᠭᠦᠷᠢᠭ ᠲᠤ ᠬᠦᠷᠭᠡᠵᠦ᠂ ᠵᠢᠯ ᠤᠨ ᠲᠡᠵᠢᠭᠡᠨ ᠦᠷᠡᠵᠢᠭᠦᠯᠬᠦ ᠬᠡᠮᠵᠢᠶ᠎ᠡ ᠶᠢ 30000 ᠲᠣᠯᠣᠭᠠᠶ ᠳᠤ ᠬᠦᠷᠭᠡᠨ᠎ᠡ᠃ ᠡᠭᠦᠨ ᠤ ᠬᠠᠮᠲᠤ᠂ ᠵᠡᠭᠡᠷ᠎ᠡ ᠶᠢᠨ ᠬᠤᠲᠠ ᠭᠠᠴᠠᠭ᠋ ᠶᠢᠨ ᠬᠢᠯᠢ ᠳᠣᠲᠣᠷᠠᠬᠢ ᠬᠠᠳᠤᠯᠠᠩ ᠪᠡᠯᠴᠢᠭᠡᠷ ᠢ ᠪᠢᠲᠡᠭᠦᠮᠵᠢᠯᠡᠨ ᠪᠡᠯᠴᠢᠭᠡᠷᠯᠡᠭᠦᠯᠬᠦ ᠶᠢ ᠴᠠᠭᠠᠵᠠᠯᠠᠵᠤ᠂ ᠣᠯᠠᠨ ᠨᠠᠰᠤᠲᠤ ᠲᠡᠵᠢᠭᠡᠯ ᠡᠪᠡᠰᠦ ᠶᠢ ᠨᠥᠬᠦᠨ ᠳᠠᠷᠢᠵᠤ᠂ ᠮᠠᠯᠴᠢᠨ ᠲᠠᠷᠢᠶᠠᠴᠢᠨ ᠢ ᠬᠥᠲᠥᠯᠥᠨ ᠵᠢᠯᠣᠭᠤᠳᠴᠤ ᠪᠠᠶᠢᠭᠠᠳ ᠠᠯᠠᠰᠢᠨ ᠦᠬᠡᠷ ᠲᠡᠵᠢᠭᠡᠨ ᠦᠷᠡᠵᠢᠭᠦᠯᠬᠦ ᠬᠡᠪᠴᠢᠶ᠎ᠡ ᠶᠢ ᠥᠷᠭᠡᠳᠬᠡᠵᠦ᠂ ᠲᠤᠬᠠᠶ ᠶᠢᠨ ᠭᠠᠵᠠᠷ ᠤᠨ ᠲᠥᠮᠥᠰᠥ ᠳᠠᠷᠢᠬᠤ ᠦᠢᠯᠡᠰ ᠤᠨ ᠲᠠᠷᠢᠮᠠᠯ ᠢ ᠪᠤᠴᠠᠭᠠᠨ ᠳᠠᠷᠢᠬᠤ᠂ ᠪᠣᠬᠢᠷᠲᠤᠯ ᠥᠬᠡᠶ ᠣᠷᠴᠢᠯ ᠠᠵᠤ ᠠᠬᠤᠶ ᠪᠠ ᠪᠣᠬᠢᠷᠲᠤᠯ ᠥᠬᠡᠶ ᠨᠠᠷᠠᠲᠤ ᠲᠡᠮᠳᠡᠭᠲᠦ ᠶᠢ ᠪᠣᠶ ᠪᠣᠯᠭᠠᠬᠤ᠂ ᠪᠥᠬᠦ ᠬᠤᠰᠢᠭᠤ ᠵᠢᠴᠢ ᠡᠷᠬᠢᠨ ᠲᠣᠭᠤᠷᠢᠨ ᠤ ᠬᠤᠰᠢᠭᠤ ᠰᠢᠶᠠᠨ ᠤ ᠠᠯᠠᠰᠢᠨ ᠦᠬᠡᠷ ᠲᠡᠵᠢᠭᠡᠨ ᠦᠷᠡᠵᠢᠭᠦᠯᠬᠦ  ᠦᠢᠯᠡᠰ ᠢ ᠨᠥᠯᠥᠭᠡᠯᠡᠨ ᠳᠠᠶᠢᠴᠢᠯᠠᠬᠤ ᠳᠤ ᠢᠳᠡᠪᠬᠢᠲᠡᠶ ᠦᠢᠯᠡᠳᠣᠯ ᠦᠵᠡᠭᠦᠯᠦᠨ᠎ᠡ᠃                                           ᠵᠣᠬᠢᠶᠠᠭᠴᠢ᠄ ᠭᠥᠸᠧ ᠵᠢᠶᠠ ᠴᠢ                                           ᠣᠷᠴᠢᠭᠤᠯᠣᠭᠴᠢ᠄ ᠡᠷᠳᠡᠨᠢᠴᠢᠮᠡᠭ
 
ᠢᠷᠡᠯᠲᠡ᠄ ᠰᠣᠨᠢᠨ ᠤ ᠬᠤᠷᠢᠶ᠎ᠠ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号