ᠰᠢ ᠶᠢᠨ ᠫᠢᠩ ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ ᠦᠵᠡᠯ ᠰᠠᠨᠠᠭ᠎ᠠ ᠪᠠᠨ | ᠴᠢᠯᠥᠭᠡᠯᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠰᠡᠳᠬᠢᠯ ᠨᠢᠭᠡᠳᠦᠨ ᠬᠦᠴᠦ ᠪᠠᠨ | ᠬᠠᠮᠲᠤᠳᠬᠠᠵᠤ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ ᠰᠢᠨ᠎ᠡ ᠴᠠᠭ | ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ | ᠰᠠᠶᠢᠬᠠᠨ ᠭᠤᠸᠠᠩᠰᠢ ᠶᠢ ᠪᠦᠳᠦᠭᠡᠨ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ | | 4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 27 ᠤ ᠦᠳᠡ ᠶᠢᠨ ᠡᠮᠦᠨ᠎ᠠ᠂ ᠰᠢ ᠶᠢᠨ ᠫᠢᠩ ᠨᠠᠨᠨᠢᠩ ᠬᠤᠲᠠ ᠶᠢᠨ | ᠭᠤᠸᠠᠩᠰᠢ ᠶᠢᠨ ᠦᠨᠳᠦᠰᠦᠲᠡᠨ ᠤ ᠮᠦᠽᠧᠢ ᠶᠢᠨ ᠭᠠᠳᠠᠨ᠎ᠠ᠂ ᠭᠤᠷᠪᠠᠨ ᠰᠠᠷ᠎ᠠ ᠶᠢᠨ ᠭᠤᠷᠪᠠᠨ ᠤ ︽ᠳᠠᠭᠤᠤ ᠶᠢᠨ ᠨᠠᠶᠢᠷ︾ | ᠤᠨ ᠦᠨᠳᠦᠰᠦᠳᠡᠨ ᠤ ᠰᠤᠶᠤᠯ ᠤᠨ ᠠᠵᠢᠯᠯᠠᠭ᠎ᠠ ᠳᠤ ᠤᠷᠤᠯᠴᠠᠵᠤ ᠪᠠᠶᠢᠭ᠎ᠠ ᠡᠯ᠎ᠠ ᠦᠨᠳᠦᠰᠦᠳᠡᠨ ᠤ ᠤᠯᠠᠨ ᠲᠦᠮᠡᠨ ᠲᠠᠢ | ᠲᠤᠳᠤᠨᠤ ᠪᠠᠷ ᠶᠠᠷᠢᠯᠴᠠᠵᠦ ᠪᠠᠶᠢᠭ᠎ᠠ ᠨᠢ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠰᠢᠶᠧ ᠬᠤᠸᠠᠨ ᡂᠢ ᠰᠡᠭᠦᠳᠡᠷᠯᠡᠪᠡ᠃ | | 4 ᠰᠠᠷ᠎ᠠ ᠶᠢᠨ 25 ᠤ ᠡᠳᠦᠷ ᠠᠴᠠ 27 ᠤ ᠡᠳᠦᠷ ᠪᠤᠯᠳᠠᠯ᠎ᠠ᠂ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ | ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ ᠤ ᠲᠡᠷᠢᠭᠦᠯᠡᠭᠴᠢ ᠰᠢ ᠶᠢᠨ ᠫᠢᠩ | ᠭᠤᠸᠠᠩᠰᠢ ᠳᠤ ᠰᠢᠨᠵᠢᠯᠡᠨ ᠪᠠᠶᠢᠴᠠᠭᠠᠪᠠ᠃ ᠵᠢᠷᠤᠭ ᠪᠤᠯ 26 ᠤ ᠦᠳᠡ ᠶᠢᠨ ᠬᠤᠶᠢᠨ᠎ᠠ᠂ ᠰᠢ ᠶᠢᠨ ᠫᠢᠩ ᠭᠤᠸᠠᠩᠰᠢ ᠶᠢᠨ | ᠯᠢᠦ ᠭᠦᠩ ᠪᠦᠯᠦᠭᠯᠡᠯ ᠺᠣᠮᠫᠠᠨᠢ ᠳᠤ ᠦᠢᠯᠡᠳᠬᠦᠨ ᠤ ᠦᠵᠡᠭᠦᠯᠭᠡ ᠶᠢ ᠪᠠᠶᠢᠴᠠᠭᠠᠨ ᠦᠵᠡᠵᠤ ᠪᠠᠶᠢᠭ᠎ᠠ ᠨᠢ᠃ ᠰᠢᠨᠬᠤᠸᠠ | ᠬᠤᠷᠢᠶᠠᠨ ᠤ ᠰᠤᠷᠪᠤᠯᠵᠢᠯᠠᠭᠴᠢ ᠵᠢᠤᠢ ᠫᠧᠩ ᠰᠡᠭᠦᠳᠡᠷᠯᠡᠪᠡ ᠨᠠᠮ ᠤᠨ ᠲᠥᠪ ᠬᠤᠷᠢᠶᠠᠨᠤ ᠶᠡᠷᠦᠩᠬᠡᠢ ᠱᠦᠵᠢ᠂ ᠤᠯᠤᠰ ᠤᠨ | ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨᠤ ᠲᠡᠷᠢᠭᠦᠯᠡᠭᠴᠢ ᠰᠢ ᠶᠢᠨ ᠫᠢᠩ ᠤᠢᠢᠷ᠎ᠠ ᠳᠤ | ᠭᠤᠸᠠᠩᠰᠢ ᠳᠤ ᠰᠢᠨᠵᠢᠯᠡᠨ ᠪᠠᠶᠢᠴᠠᠭᠠᠬᠤ ᠳᠠᠭᠠᠨ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠤᠳᠤᠯᠭ᠎ᠠ | ᠪᠠᠶᠢᠷᠢᠯᠠᠭᠤᠯᠤᠯᠲᠠ ᠶᠢ ᠡᠷᠡᠰ ᠲᠤᠭᠤᠰᠢᠯᠠᠭᠤᠯᠵᠥ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ | ᠣᠨᠣᠪᠴᠢᠲᠠᠶ᠂ ᠪᠦᠬᠦ ᠲᠠᠯ᠎ᠠ ᠪᠠᠷ ᠲᠤᠭᠤᠰᠢᠯᠠᠭᠤᠯᠵᠥ᠂ ᠲᠣᠭᠲᠠᠭᠤᠨ ᠤ ᠳᠤᠮᠳᠠ ᠤᠷᠤᠭᠰᠢᠯᠠᠨ ᠲᠠᠪᠰᠢᠬᠤ ᠠᠵᠢᠯ ᠤᠨ | ᠶᠡᠷᠦᠩᠬᠡᠢ ᠬᠦᠭ ᠠᠶᠠᠰ ᠢ ᠪᠠᠷᠢᠮᠲᠠᠯᠠᠨ᠂ ᠦᠵᠡᠯ ᠰᠠᠨᠠᠭ᠎ᠠ ᠪᠠᠨ ᠴᠢᠯᠥᠭᠡᠯᠡᠨ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ | ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠬᠠᠷᠢᠭᠤᠴᠠᠯᠭ᠎ᠠ ᠡᠭᠦᠷᠭᠡᠯᠡᠨ ᠪᠣᠳᠠᠲᠠᠢ ᠠᠵᠢᠯᠯᠠᠵᠤ᠂ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠤᠨ᠂ | ᠬᠥᠭᠵᠢᠯᠲᠡ ᠪᠠ ᠠᠮᠤᠷ ᠲᠦᠪᠰᠢᠨ ᠢ ᠨᠢᠭᠡᠳᠦᠯᠲᠡᠶ ᠲᠥᠯᠥᠪᠵᠢᠬᠦᠯᠵᠥ᠂ ᠬᠢᠯᠢ ᠬᠢᠵᠠᠭᠠᠷ ᠤᠨ ᠦᠨᠳᠦᠰᠦᠲᠡᠨ ᠤ ᠭᠠᠵᠠᠷ | ᠣᠷᠣᠨ ᠤ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠵᠠᠮ ᠢ ᠨᠡᠭᠡᠭᠡᠵᠥ᠂ ᠰᠢᠨ᠎ᠡ ᠬᠥᠭᠵᠢᠯᠲᠡ ᠶᠢᠨ | ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠨ᠂ ᠪᠣᠬᠢᠷᠲᠤᠯ ᠦᠭᠡᠢ | ᠬᠥᠭᠵᠢᠯᠲᠡ ᠶᠢ ᠠᠬᠢᠭᠤᠯᠬᠤ ᠲᠠᠯ᠎ᠠ ᠪᠠᠷ ᠰᠢᠨ᠎ᠡ ᠠᠯᠬᠤᠮ ᠢ ᠠᠯᠬᠤᠵᠤ᠂ ᠦᠨᠳᠦᠰᠦᠲᠡᠨ ᠤ ᠪᠦᠯᠬᠦᠮᠳᠡᠯ᠂ ᠨᠡᠶᠢᠭᠡᠮ ᠤᠨ | ᠲᠣᠭᠲᠠᠭᠤᠨ᠂ ᠬᠢᠯᠢ ᠬᠢᠵᠠᠭᠠᠷ ᠤᠨ ᠠᠮᠤᠷ ᠲᠣᠭᠲᠠᠭᠤᠨ ᠢ ᠪᠠᠬᠢᠵᠢᠭᠦᠯᠦᠨ ᠬᠥᠭᠵᠢᠭᠦᠯᠬᠦ ᠲᠠᠯ᠎ᠠ ᠪᠠᠷ ᠰᠢᠨ᠎ᠡ ᠡᠭᠦᠷᠭᠡᠯᠡᠯ ᠢᠶᠠᠨ | ᠢᠯᠡᠷᠡᠬᠦᠯᠵᠥ᠂ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠦᠷᠯᠢᠭ ᠰᠠᠶᠢᠬᠠᠨ | ᠭᠤᠸᠠᠩᠰᠢ ᠶᠢ ᠪᠦᠲᠦᠭᠡᠨ ᠪᠠᠶᠢᠭᠤᠯᠬᠤ ᠬᠡᠷᠡᠭᠳᠡᠢ ᠬᠡᠵᠥ ᠴᠢᠬᠤᠯᠠᠴᠢᠯᠠᠪᠠ᠃ 4 ᠰᠠᠷ᠎ᠠ ᠶᠢᠨ 25 ᠠᠴᠠ 27 ᠤ ᠡᠳᠦᠷ | ᠪᠣᠯᠲᠠᠯ᠎ᠠ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶᠠᠨ ᠤ ᠱᠦᠵᠢ ᠯᠦ ᠰᠢᠨ ᠱᠧ ᠪᠣᠯᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠲᠡᠷᠢᠭᠦᠯᠡᠭᠴᠢ ᠯᠠᠨ | ᠲᠢᠶᠠᠨ ᠯᠢ ᠶᠢᠨ ᠪᠠᠷ᠎ᠠ ᠪᠤᠯᠤᠯᠭ᠎ᠠ ᠲᠠᠢ ᠪᠠᠷ᠂ ᠤᠷᠢᠳ ᠬᠤᠵᠢᠳ ᠭᠦᠢᠯᠢᠨ᠂ ᠯᠢᠦᠵᠧᠦ᠂ ᠨᠠᠨᠨᠢᠩ ᠵᠡᠷᠭᠡ ᠭᠠᠵᠠᠷ ᠲᠤ ᠬᠦᠷᠴᠦ᠂ | ᠬᠤᠪᠢᠰᠬᠠᠯ ᠤᠨ ᠳᠤᠷᠠᠰᠬᠠᠯ ᠤᠨ ᠣᠷᠳᠣᠨ᠂ ᠬᠥᠳᠡᠭᠡ ᠲᠣᠰᠬᠤᠨ᠂ ᠠᠵᠤ ᠠᠬᠤᠶᠢᠯᠠᠯ᠂ ᠦᠨᠳᠦᠰᠦᠲᠡᠨ ᠤ ᠮᠦᠽᠧᠢ ᠵᠡᠷᠬᠡ ᠳᠤ | ᠭᠦᠨᠵᠡᠭᠡᠶᠢᠷᠡᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠬᠦᠳᠠ ᠬᠤᠷᠠᠯ ᠤᠨ | ᠵᠣᠷᠢᠭ ᠰᠠᠨᠠᠭ᠎ᠠ ᠶᠢ ᠲᠤᠭᠤᠰᠢᠯᠠᠭᠤᠯᠬᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ᠂ ︽ᠠᠷᠪᠠᠨ | ᠳᠥᠷᠪᠡᠳᠦᠭᠡᠷ ᠲᠠᠪᠤᠨ ᠵᠢᠯ︾ ᠤᠨ ᠰᠠᠶᠢᠨ ᠡᠬᠢᠯᠡᠯᠳᠡ ᠲᠠᠢ ᠪᠠᠶᠢᠬᠤ ᠶᠢ ᠠᠬᠢᠭᠤᠯᠬᠤ ᠵᠡᠷᠭᠡ ᠶᠢᠨ ᠲᠤᠬᠠᠢ ᠪᠠᠶᠢᠴᠠᠭᠠᠨ | ᠰᠤᠳᠤᠯᠪᠠ᠃ 25 ᠤ ᠦᠳᠡ ᠶᠢᠨ ᠡᠮᠦᠨ᠎ᠡ᠂ ᠰᠢ ᠶᠢᠨ ᠫᠢᠩ ᠭᠦᠢᠯᠢᠨ ᠬᠤᠳᠠ ᠶᠢᠨ ᠴᠢᠤᠸᠠᠨᠵᠧᠦ ᠰᠢᠶᠠᠨ ᠤ ᠼᠠᠢ ᠸᠠᠨ | ᠪᠠᠯᠭᠠᠰᠤᠨ ᠳᠤ ᠪᠠᠶᠢᠷᠢᠯᠠᠭ᠎ᠠ ᠤᠯᠠᠭᠠᠨ ᠴᠡᠷᠢᠭ ᠤᠨ ᠤᠷᠳᠤ ᠵᠠᠮ ᠤᠨ ᠠᠶᠠᠨ ᠲᠠᠶᠢᠨ ᠤ ᠰᠢᠶᠠᠩᠵᠢᠶᠠᠩ ᠤᠨ | ᠳᠠᠶᠢᠯᠠᠯᠳᠤᠭᠠᠨ ᠤ ᠳᠤᠷᠠᠰᠬᠠᠯ ᠤᠨ ᠬᠦᠷᠢᠶᠡᠯᠡᠩ ᠳᠤ ᠬᠦᠷᠴᠦ᠂ ᠰᠢᠶᠠᠩᠵᠢᠶᠠᠩ ᠤᠨ ᠳᠠᠶᠢᠯᠠᠯᠳᠤᠭᠠᠨ ᠳᠤ ᠦᠷᠡᠭᠳᠡᠭᠰᠡᠨ | ᠤᠯᠠᠭᠠᠨ ᠴᠡᠷᠢᠭ ᠤᠨ ᠪᠠᠭᠠᠲᠤᠷᠴᠤᠳ ᠲᠤ ᠴᠡᠴᠡᠭᠲᠦ ᠰᠠᠭᠰᠤ ᠬᠦᠷᠭᠡᠭᠰᠡᠨ ᠪᠥᠭᠡᠳ ᠭᠤᠷᠪᠠᠨᠲᠠ ᠮᠡᠬᠦ᠋ᠢᠨ ᠶᠣᠰᠣᠯᠠᠵᠤ᠂ ︽ | ᠤᠯᠠᠭᠠᠨ ᠴᠡᠷᠢᠭ ᠤᠨ ᠰᠦᠭ ᠰᠦᠨᠡᠰᠦ︾ ᠱᠤᠭᠤᠮᠠᠯ ᠳᠤ ᠪᠠᠷᠠᠳᠠᠵᠤ᠂ ᠳᠤᠷᠠᠰᠬᠠᠯ ᠤᠨ ᠣᠷᠳᠣᠨ ᠢ ᠲᠣᠭᠤᠷᠢᠨ ᠦᠵᠡᠪᠡ᠃ | 1934 ᠣᠨ ᠤ ᠵᠢᠯ ᠤᠨ ᠰᠡᠭᠦᠯᠴᠢ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠪᠣᠯᠤᠨ | ᠲᠥᠪ ᠤᠨ ᠤᠯᠠᠭᠠᠨ ᠴᠡᠷᠢᠭ ᠤᠨ ᠭᠤᠣᠯ ᠬᠦᠴᠦᠨ ᠤ ᠰᠢᠶᠠᠩᠵᠢᠶᠠᠩ ᠮᠥᠷᠡᠨ ᠢ ᠭᠡᠲᠦᠯᠬᠦ ᠶᠢ ᠪᠠᠲᠤᠯᠠᠵᠤ᠂ ᠤᠯᠠᠭᠠᠨ | ᠴᠡᠷᠢᠭ ᠢ ᠰᠢᠶᠠᠩᠵᠢᠶᠠᠩ ᠮᠥᠷᠡᠨ ᠠᠴᠠ ᠵᠡᠭᠦᠨᠳᠠᠢ ᠪᠦᠰᠡᠯᠡᠨ ᠤᠰᠠᠳᠬᠠᠬᠤ ᠭᠡᠰᠡᠨ ᠳᠠᠶᠢᠰᠤᠨ ᠤ ᠭᠤᠷᠢᠳᠠᠯᠭ᠎ᠠ ᠶᠢ ᠪᠤᠳᠠ | ᠨᠢᠷᠭᠡᠬᠦ ᠶᠢᠨ ᠲᠥᠯᠥᠭᠡ᠂ ᠬᠡᠳᠦᠨ ᠲᠦᠮᠡᠨ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢ ᠰᠢᠶᠠᠩᠵᠢᠶᠠᠩ ᠮᠥᠷᠡᠨ ᠤ | ᠬᠤᠶᠠᠷ ᠬᠦᠪᠡᠭᠡ ᠪᠠᠷ ᠴᠢᠰᠤᠳᠤ ᠪᠠᠶᠢᠯᠳᠤᠭᠠᠨ ᠬᠢᠪᠡ᠂ ᠡᠨᠡ ᠬᠦ ᠪᠠᠶᠢᠯᠳᠤᠭᠠᠨ ᠨᠢ ᠳᠤᠮᠳᠠᠳᠤ ᠤᠯᠤᠰ ᠤᠨ ᠬᠤᠪᠢᠰᠬᠠᠯ ᠤᠨ | ᠮᠠᠨᠳᠤᠵᠤ ᠮᠥᠬᠦᠬᠦ ᠲᠠᠢ ᠬᠤᠯᠪᠣᠭᠳᠠᠬᠰᠠᠨ ᠴᠢᠬᠤᠯᠠ ᠲᠡᠦᠬᠡᠨ ᠶᠠᠪᠤᠳᠠᠯ ᠪᠣᠯᠵᠠᠢ᠃ ᠰᠢ ᠶᠢᠨ ᠫᠢᠩ᠂ ᠭᠤᠸᠠᠩᠰᠢ ᠳᠤ | ᠰᠢᠨᠵᠢᠯᠡᠨ ᠪᠠᠶᠢᠴᠠᠭᠠᠬᠤ ᠠᠩᠬᠠᠨ ᠤ ᠦᠷᠳᠡᠭᠡ ᠪᠠᠨ ᠠᠳᠡ ᠲᠠᠯᠪᠢᠭᠰᠠᠨ ᠨᠢ ᠪᠦᠬᠦ ᠨᠠᠮ ᠳᠤ ᠨᠠᠮ ᠤᠨ ᠲᠡᠦᠬᠡ ᠶᠢᠨ | ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠰᠢᠷᠠᠮ ᠢᠶᠠᠷ᠂ ᠬᠤᠪᠢᠰᠬᠠᠯ ᠤᠨ ᠤᠷᠢᠳᠤᠰ ᠢᠶᠠᠨ ᠳᠤᠷᠠᠰᠤᠨ ᠰᠠᠨᠠᠭᠠᠯᠵᠠᠵᠤ᠂ | ᠡᠪ ᠬᠠᠮᠲᠤᠴᠤᠳ ᠤᠨ ᠵᠣᠷᠢᠭ ᠰᠠᠨᠠᠭᠠᠨ ᠤ ᠠᠮᠢᠨ ᠰᠤᠳᠠᠰᠤ ᠶᠢ ᠵᠠᠯᠭᠠᠮᠵᠢᠯᠠᠨ᠂ ᠬᠦᠰᠡᠯᠡᠩ ᠢᠲᠡᠭᠡᠯ ᠪᠢᠰᠢᠷᠡᠯ ᠢᠶᠠᠨ | ᠪᠠᠲᠤᠳᠬᠠᠵᠤ᠂ ᠬᠤᠪᠢᠰᠬᠠᠯ ᠤᠨ ᠡᠷᠴᠢ ᠵᠣᠷᠢᠭ ᠢᠶᠠᠨ ᠬᠥᠪᠴᠢᠯᠡᠬᠦ ᠶᠢᠨ ᠲᠥᠯᠥᠭᠡ ᠶᠤᠮ᠃ ᠬᠤᠪᠢᠰᠬᠠᠯ ᠤᠨ ᠬᠦᠰᠡᠯᠡᠩ | ᠶᠠᠭᠤᠨ ᠠᠴᠠ ᠴᠤ ᠡᠷᠬᠢᠮ ᠶᠤᠮ᠂ ᠬᠦᠰᠡᠯᠡᠩ ᠢᠲᠡᠭᠡᠯ ᠪᠢᠰᠢᠷᠡᠯ ᠤᠨ ᠭᠠᠯ ᠳᠦᠷᠡᠯᠵᠡᠪᠡᠯ ᠯᠤᠲᠤ ᠶᠡᠭᠡ ᠤᠶᠤᠨ ᠰᠠᠨᠠᠭᠠᠨ ᠤ | ᠬᠦᠴᠦᠨ ᠢ ᠪᠤᠢ ᠪᠤᠯᠭᠠᠵᠤ ᠴᠢᠳᠠᠨ᠎ᠠ᠃ ᠤᠯᠠᠭᠠᠨ ᠴᠡᠷᠢᠭ ᠤᠨ ᠳᠠᠷᠤᠭ᠎ᠠ ᠪᠠᠶᠢᠯᠳᠤᠭᠴᠢᠳ ᠦᠬᠦᠬᠦ ᠠᠴᠠ ᠦᠯᠦ ᠡᠮᠢᠶᠡᠨ᠂ | ᠠᠮᠢ ᠪᠠᠨ ᠴᠦᠯᠡᠨ ᠴᠤᠴᠠᠯᠲᠠ ᠦᠭᠡᠢ ᠤᠷᠤᠭᠰᠢᠯᠠᠵᠤ᠂ ᠠᠯᠢᠪᠠ ᠬᠦᠴᠢᠷ ᠪᠡᠷᠬᠡᠰᠢᠶᠡᠯᠢ ᠵᠣᠷᠢᠭᠲᠠᠢ ᠪᠠᠷ ᠢᠯᠠᠨ ᠳᠠᠪᠠᠵᠤ᠂ | ᠶᠠᠮᠠᠷᠪᠠ ᠬᠦᠴᠢᠷ ᠪᠡᠷᠬᠡᠰᠢᠶᠡᠯ ᠳᠤ ᠨᠤᠭᠤᠷᠠᠰᠢ ᠦᠭᠡᠢ ᠪᠠᠶᠢᠳᠠᠭ ᠡᠷᠬᠢᠮ ᠳᠡᠭᠡᠳᠦ ᠵᠣᠷᠢᠭ ᠰᠠᠨᠠᠭ᠎ᠠ ᠶᠢ ᠪᠢᠳᠡ ᠡᠭᠦᠷᠢᠳᠡ | ᠪᠠᠲᠤ ᠴᠡᠭᠡᠵᠢᠯᠡᠵᠦ ᠪᠠᠳᠠᠷᠠᠭᠤᠯᠤᠭᠤᠰᠢᠲᠠᠢ ᠶᠤᠮ᠃ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ | ᠰᠢᠨ᠎ᠡ ᠤᠷᠳᠤ ᠵᠠᠮ ᠤᠨ ᠠᠶᠠᠨ ᠲᠠᠶᠢᠨ ᠳᠤ᠂ ᠪᠢᠳᠡ ᠵᠠᠪᠠᠯ ᠢᠯᠠᠬᠤ ᠢᠲᠡᠭᠡᠯ ᠵᠣᠷᠢᠭ ᠢ ᠡᠪᠦᠷᠯᠡᠨ᠂ ᠤᠯᠤᠰ ᠤᠨ ᠳᠣᠲᠣᠭᠠᠳᠤ | ᠭᠠᠳᠠᠭᠠᠳᠤ ᠶᠢᠨ ᠡᠯ᠎ᠡ ᠵᠦᠢᠯ ᠤᠨ ᠬᠦᠨᠳᠦ ᠶᠡᠭᠡ ᠠᠶᠤᠯ ᠲᠦᠭᠰᠢᠭᠦᠷᠢ ᠥᠷᠢᠰᠥᠯᠳᠦᠭᠡᠨ ᠢ ᠵᠣᠷᠢᠭᠲᠠᠢ ᠪᠠᠷ ᠢᠯᠠᠨ ᠳᠠᠪᠠᠵᠤ᠂ | ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠬᠠᠷᠠᠯᠲᠠ ᠲᠡᠶᠢᠰᠢ ᠡᠷᠡᠯᠬᠡᠭᠯᠡᠨ | ᠤᠷᠤᠭᠰᠢᠯᠠᠬᠤ ᠬᠡᠷᠡᠭᠲᠡᠢ ᠬᠡᠵᠥ ᠢᠯᠡᠳᠬᠡᠪᠡ᠃ ᠲᠠᠷᠠᠭ᠎ᠠ ᠨᠢ᠂ ᠰᠢ ᠶᠢᠨ ᠫᠢᠩ ᠼᠠᠢ ᠸᠠᠨ ᠪᠠᠯᠭᠠᠰᠤᠨ ᠤ ᠮᠤᠤ ᠵᠦ ᠱᠠᠨ | ᠲᠣᠰᠬᠤᠨ ᠳᠤ ᠬᠦᠷᠪᠡ᠃ ᠲᠤᠰ ᠲᠣᠰᠬᠤᠨ ᠤᠢᠢᠷ᠎ᠠ ᠶᠢᠨ ᠵᠢᠯ ᠠᠴᠠ ᠦᠵᠦᠮ ᠲᠠᠷᠢᠬᠤ ᠦᠢᠯᠡᠰ ᠢ ᠢᠳᠡᠪᠬᠢᠲᠡᠢ | ᠬᠥᠭᠵᠢᠭᠦᠯᠵᠦ᠂ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠢ ᠬᠦᠴᠦᠲᠡᠢ ᠠᠬᠢᠭᠤᠯᠵᠠᠢ᠃ ᠰᠢ ᠶᠢᠨ ᠫᠢᠩ ᠦᠵᠦᠮ ᠤᠨ | ᠲᠠᠷᠢᠮᠠᠯ ᠤᠨ ᠬᠦᠷᠢᠶᠡᠯᠡᠩ ᠳᠤ ᠣᠷᠣᠵᠤ᠂ ᠦᠵᠦᠮ ᠤᠨ ᠤᠷᠭᠤᠴᠠ ᠶᠢᠨ ᠪᠠᠶᠢᠳᠠᠯ ᠢ ᠪᠠᠶᠢᠴᠠᠭᠠᠨ ᠦᠵᠡᠪᠡ᠃ ᠲᠠᠷᠢᠶᠠᠯᠠᠩ ᠤᠨ | ᠮᠡᠷᠭᠡᠵᠢᠯᠲᠡᠨ ᠶᠠᠭ ᠲᠣᠰᠬᠤᠨ ᠤ ᠠᠷᠠᠳ ᠢ ᠵᠢᠯᠣᠭᠤᠳᠤᠨ ᠦᠵᠦᠮ ᠤᠨ ᠵᠡᠯ᠎ᠡ ᠤᠶᠠᠬᠤ᠂ ᠵᠡᠯ᠎ᠡ ᠲᠣᠭᠲᠠᠭᠠᠬᠤ ᠠᠵᠢᠯ ᠢ | ᠵᠢᠯᠣᠭᠤᠳᠴᠤ ᠪᠠᠶᠢᠪᠠ᠂ ᠶᠡᠷᠦᠩᠬᠡᠶ ᠱᠦᠵᠢ ᠶᠢᠨ ᠢᠷᠡᠭᠰᠡᠨ ᠢ ᠦᠵᠡᠭᠡᠳ ᠨᠤᠲᠤᠭ ᠤᠨ ᠠᠬ᠎ᠠ ᠳᠡᠭᠦᠦ ᠨᠡᠷ ᠬᠤᠶᠢᠨ᠎ᠠ | ᠬᠤᠶᠢᠨ᠎ᠠ ᠠᠴᠠ ᠪᠠᠨ ᠬᠦᠷᠢᠶᠡᠯᠡᠨ ᠢᠷᠡᠵᠡᠬᠡᠪᠡ᠃ ᠰᠢ ᠶᠢᠨ ᠫᠢᠩ ᠦᠵᠦᠮ ᠤᠨ ᠭᠠᠷᠤᠯᠳᠠ᠂ ᠶᠠᠰᠤ ᠴᠢᠨᠠᠷ᠂ | ᠪᠣᠷᠣᠯᠠᠭᠤᠯᠭ᠎ᠠ ᠶᠢᠨ ᠵᠠᠮ᠂ ᠦᠨ᠎ᠡ ᠬᠠᠩᠰᠢ ᠵᠡᠷᠭᠡ ᠪᠠᠶᠢᠳᠠᠯ ᠢ ᠨᠠᠷᠢᠨ ᠠᠰᠠᠭᠤᠪᠠ᠃ ᠲᠡᠷᠡ᠂ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠠᠬᠢᠭᠤᠯᠬᠤ ᠳᠤ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠬᠥᠳᠡᠭᠡ ᠠᠵᠤ ᠠᠬᠤᠢ ᠶᠢ ᠬᠥᠭᠵᠢᠭᠦᠯᠬᠦ ᠶᠢ ᠪᠠᠷᠢᠮᠲᠠᠯᠠᠵᠤ᠂ ᠭᠠᠵᠠᠷ | ᠣᠷᠣᠨ ᠤ ᠪᠠᠶᠢᠳᠠᠯ ᠳᠠᠭᠠᠨ ᠲᠤᠬᠢᠷᠠᠭᠤᠯᠤᠨ ᠬᠥᠳᠡᠭᠡ ᠲᠣᠰᠬᠤᠨ ᠤ ᠵᠢᠭᠤᠯᠴᠢᠯᠠᠯ᠂ ᠰᠡᠯᠡᠭᠦᠴᠡᠯ ᠤᠨ ᠲᠠᠷᠢᠶᠠᠯᠠᠩ ᠵᠡᠷᠭᠡ | ᠰᠢᠨ᠎ᠡ ᠠᠵᠤ ᠦᠢᠯᠡᠰ ᠰᠢᠨ᠎ᠡ ᠡᠵᠡᠩᠨᠡᠯᠲᠡ ᠶᠢᠨ ᠬᠡᠯᠪᠡᠷᠢ ᠶᠢ ᠬᠥᠭᠵᠢᠭᠦᠯᠤᠨ᠂ ᠦᠢᠯᠡᠳᠪᠦᠷᠢᠯᠡᠯ ᠡᠳ᠋ᠰᠢᠭᠦᠯᠦᠯᠲᠡ | ᠪᠣᠷᠣᠯᠠᠭᠤᠯᠭ᠎ᠠ ᠶᠢ ᠰᠢᠯᠤᠭᠤᠳᠬᠠᠵᠤ᠂ ᠬᠥᠳᠡᠭᠡ ᠲᠣᠰᠬᠤᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ᠂ ᠬᠥᠳᠡᠭᠡ | ᠲᠣᠰᠬᠤᠨ ᠤ ᠠᠵᠤ ᠦᠢᠯᠡᠰ ᠤᠨ ᠬᠥᠭᠵᠢᠨ ᠪᠤᠵᠠᠭᠠᠢᠢᠷᠠᠬᠤᠶᠢ ᠠᠬᠢᠭᠤᠯᠵᠤ᠂ ᠲᠠᠷᠢᠶᠠᠴᠢᠳ ᠲᠤ ᠠᠵᠤ ᠦᠢᠯᠡᠰ ᠤᠨ ᠦᠷᠳᠡᠭ | ᠨᠡᠮᠡᠭᠳᠡᠯ ᠤᠨ ᠠᠰᠢᠭ ᠣᠷᠣᠯᠭ᠎ᠠ ᠶᠢ ᠨᠡᠩ ᠤᠯᠠᠨ ᠡᠳ᠋ᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ ᠰᠢ ᠶᠢᠨ ᠫᠢᠩ | ᠲᠣᠰᠬᠤᠨ ᠤ ᠳᠦᠷᠰᠦ ᠪᠠᠶᠢᠳᠠᠯ ᠢ ᠶᠠᠪᠠᠭᠠᠨ ᠢᠶᠠᠷ ᠪᠠᠶᠢᠴᠠᠭᠠᠨ ᠦᠵᠡᠭᠰᠡᠨ ᠪᠥᠭᠡᠳ ᠲᠣᠰᠬᠤᠨ ᠤ ᠠᠷᠠᠳ ᠸᠠᠩ ᠳ᠋ᠧ | ᠯᠢ ᠶᠢᠨ ᠬᠡᠷ ᠲᠤ ᠬᠦᠷᠴᠦ ᠡᠷᠬᠢᠨ ᠦᠵᠡᠵᠦ᠂ ᠬᠡᠷ ᠤᠨ ᠬᠥᠮᠦᠰ ᠲᠠᠢ ᠨᠢ ᠬᠦᠷᠢᠶᠡᠯᠡᠨ ᠰᠠᠭᠤᠵᠤ ᠵᠣᠭᠤᠭᠳᠠᠪᠠ᠃ ᠸᠠᠩ | ᠳ᠋ᠧ ᠯᠢ ᠶᠡᠷᠦᠩᠬᠡᠢ ᠱᠦᠵᠢ ᠳᠤ᠂ ᠲᠡᠳᠡᠨ ᠤ ᠬᠢᠨ 12 ᠮᠦ ᠦᠵᠦᠮ ᠲᠠᠷᠢᠵᠥ᠂ ᠲᠠᠷᠢᠶᠠᠯᠠᠩ ᠤᠨ ᠰᠡᠯᠡᠭᠦᠦ ᠴᠠᠭ ᠲᠤ | ᠭᠠᠳᠠᠭᠰᠢ ᠭᠠᠷᠴᠤ ᠬᠥᠯᠥᠰᠥᠨ ᠠᠵᠢᠯ ᠬᠢᠵᠦ᠂ ᠨᠢᠳᠤᠨᠤᠨ ᠭᠡᠷ ᠪᠦᠯᠢ ᠶᠢᠨ ᠣᠷᠣᠯᠭ᠎ᠠ ᠨᠢ 14 ᠲᠦᠮᠡᠨ ᠲᠥᠭᠦᠷᠢᠭ ᠢ | ᠳᠠᠪᠠᠵᠠᠢ ᠭᠡᠵᠦ ᠬᠡᠯᠡᠪᠡ᠃ ᠰᠢ ᠶᠢᠨ ᠫᠢᠩ ᠰᠣᠨᠣᠰᠤᠭᠠᠳ ᠮᠠᠰᠢ ᠪᠠᠶᠠᠷᠯᠠᠪᠠ᠃ ᠲᠡᠷᠡ᠂ ᠪᠦᠬᠦ ᠨᠠᠮ ᠪᠦᠬᠦ ᠤᠯᠤᠰ ᠤᠨ | ᠦᠨᠳᠦᠰᠦᠲᠡᠨ ᠨᠦᠭᠦᠳ ᠤᠨ ᠠᠷᠠᠳ ᠲᠦᠮᠡᠨ ᠤ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠡᠪ ᠬᠠᠮᠲᠤ ᠨᠠᠮ | ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠤᠬᠳᠤᠬᠤ ᠴᠢᠬᠤᠯᠠ ᠴᠠᠭ ᠮᠥᠴᠡ ᠳᠤ᠂ ᠮᠠᠨ ᠤ ᠤᠯᠤᠰ ᠤᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠪᠦᠬᠦ ᠲᠠᠯ᠎ᠠ ᠶᠢᠨ ᠢᠯᠠᠯᠲᠠ ᠤᠯᠪᠠ᠃ ᠰᠠᠶᠢᠨ | ᠰᠠᠶᠢᠬᠠᠨ ᠠᠮᠢᠳᠤᠷᠠᠯ ᠢ ᠪᠦᠷ ᠲᠡᠮᠡᠴᠡᠵᠦ ᠪᠠᠶᠢᠭᠠᠳ ᠣᠯᠳᠠᠭ ᠶᠤᠮ᠃ ᠲᠠ ᠨᠠᠷ ᠠᠵᠢᠯᠴᠢ ᠬᠥᠳᠡᠯᠮᠦᠷᠢᠴᠢ ᠤᠶᠤᠨ | ᠤᠬᠠᠭᠠᠨ ᠳᠠᠭᠠᠨ ᠲᠦᠰᠢᠭᠯᠡᠨ ᠠᠮᠢᠳᠤᠷᠠᠯ ᠢᠶᠠᠨ ᠨᠡᠩ ᠵᠣᠯ ᠵᠢᠷᠭᠠᠯᠲᠠᠢ᠂ ᠨᠡᠩ ᠡᠷᠡᠮᠡᠯᠵᠡᠯ ᠲᠠᠢ ᠪᠣᠯᠭᠠᠬᠤ ᠶᠢ ᠬᠦᠰᠡᠵᠦ | ᠪᠠᠶᠢᠨ᠎ᠠ᠃ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠰᠤᠷᠤᠯᠴᠠᠬᠤ ᠶᠢ ᠴᠢᠬᠤᠯᠠᠴᠢᠯᠠᠵᠤ᠂ ᠮᠡᠳᠡᠯᠭᠡ ᠪᠠᠷ ᠬᠥᠳᠡᠭᠡ | ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠤᠯᠭᠠᠭᠤᠷᠢᠯᠠᠬᠤ ᠬᠡᠷᠡᠭᠲᠡᠢ ᠬᠡᠵᠥ ᠵᠢᠭᠠᠵᠥ ᠭᠠᠷᠭᠠᠪᠠ᠃ ᠲᠣᠰᠬᠤᠨ ᠠᠴᠠ | ᠰᠠᠯᠬᠤ ᠦᠶ᠎ᠡ ᠳᠤ᠂ ᠨᠤᠲᠤᠭ ᠤᠨ ᠠᠬ᠎ᠠ ᠳᠡᠭᠦᠦ ᠨᠡᠷ ᠥᠨᠳᠥᠷ ᠳᠠᠭᠤᠨ ᠢᠶᠠᠷ ᠶᠡᠷᠦᠩᠬᠡᠢ ᠱᠦᠵᠢ ᠶᠢᠨ ᠠᠮᠤᠷ ᠢ ᠠᠰᠠᠭᠤᠪᠠ | ᠃ ᠰᠢ ᠶᠢᠨ ᠫᠢᠩ ᠤᠯᠠᠨ ᠤ ᠵᠦᠭ ᠭᠠᠷ ᠳᠠᠯᠠᠯᠤᠨ ᠮᠡᠨᠳᠦᠴᠢᠯᠡᠪᠡ᠃ ᠲᠡᠷᠡ᠂ ᠠᠷᠠᠳ ᠳᠦᠮᠡᠨ ᠢ ᠵᠣᠯ ᠵᠢᠷᠭᠠᠯ ᠲᠠᠢ | ᠠᠮᠢᠳᠤᠷᠠᠭᠤᠯᠬᠤ ᠪᠣᠯ ︽ᠤᠯᠤᠰ ᠤᠨ ᠶᠡᠭᠡ ᠶᠠᠪᠤᠳᠠᠯ︾ ᠮᠦᠨ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ | ᠪᠦᠬᠦ ᠲᠠᠯ᠎ᠠ ᠪᠠᠷ ᠠᠬᠢᠭᠤᠯᠬᠤ ᠭᠦᠨᠴᠡ᠂ ᠥᠷᠭᠡᠴᠡ᠂ ᠬᠦᠴᠢᠷᠳᠡᠯ ᠨᠢ ᠴᠥᠮ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ | ᠰᠢᠪᠲᠤᠯᠬᠤ ᠠᠴᠠ ᠳᠣᠣᠷ᠎ᠠ ᠦᠭᠡᠢ ᠶᠤᠮ᠂ ᠶᠠᠭᠠᠬᠢᠭᠰᠠᠨ ᠴᠤ ᠠᠮᠤᠰᠬᠢᠬᠦ ᠪᠤᠳᠤᠯ ᠤᠷᠤᠵᠤ ᠪᠣᠯᠬᠤ ᠦᠭᠡᠢ᠂ ᠰᠢᠨ᠎ᠡ | ᠭᠠᠷᠤᠭ᠎ᠠ ᠳᠡᠭᠡᠷ᠎ᠡ ᠦᠷᠭᠦᠯᠵᠢᠯᠡᠨ ᠲᠡᠮᠡᠴᠡᠵᠦ᠂ ᠪᠦᠬᠦ ᠠᠷᠠᠳ ᠲᠦᠮᠡᠨ ᠤ ᠬᠠᠮᠲᠤ ᠶᠢᠨ ᠴᠢᠨᠡᠭᠡᠯᠢᠭᠵᠢᠯ ᠤᠨ ᠨᠡᠩ ᠢᠯᠡᠷᠬᠡᠢ | ᠮᠥᠨ ᠴᠢᠨᠠᠷ ᠤᠨ ᠠᠬᠢᠴᠠ ᠲᠠᠢ ᠪᠤᠯᠬᠤ ᠶᠢ ᠠᠬᠢᠭᠤᠯᠬᠤ ᠬᠡᠷᠡᠭᠲᠡᠢ ᠭᠡᠵᠦ ᠭᠦᠨ ᠰᠡᠳᠬᠢᠯᠭᠡ ᠲᠠᠢ ᠬᠡᠯᠡᠪᠡ᠃ ᠤᠢᠢᠷ᠎ᠠ ᠶᠢᠨ | ᠵᠢᠯ ᠳᠤ᠂ ᠭᠦᠢᠯᠢᠨ ᠬᠤᠳᠠ ᠯᠢᠵᠢᠶᠠᠩ ᠮᠦᠷᠡᠨ ᠤ ︽ᠡᠪᠳᠡᠭᠳᠡᠯ ᠢ ᠵᠠᠰᠠᠬᠤ᠂ ᠤᠰᠤ ᠶᠢ ᠵᠠᠰᠠᠬᠤ᠂ ᠠᠭᠤᠯᠠ ᠶᠢ ᠵᠠᠰᠠᠬᠤ᠂ | ᠦᠨᠳᠦᠰᠦ ᠶᠢ ᠵᠠᠰᠠᠬᠤ︾ ᠶᠢ ᠶᠡᠭᠡ ᠪᠠᠷ ᠠᠬᠢᠭᠤᠯᠵᠤ᠂ ᠯᠢᠵᠢᠶᠠᠩ ᠮᠦᠷᠡᠨ ᠤ ᠠᠮᠢ ᠠᠬᠤᠢ ᠣᠷᠴᠢᠨ ᠲᠣᠭᠤᠷᠢᠨ ᠢ | ᠰᠠᠶᠢᠵᠢᠷᠠᠭᠤᠯᠪᠠ᠃ 25 ᠤ ᠦᠳᠡ ᠶᠢᠨ ᠬᠤᠶᠢᠨ᠎ᠠ᠂ ᠰᠢ ᠶᠢᠨ ᠫᠢᠩ ᠭᠦᠢᠯᠢᠨ ᠬᠤᠳᠠ ᠶᠢᠨ ᠶᠠᠩ ᠱᠦᠸᠧ ᠰᠢᠶᠠᠨ ᠤ | ᠯᠢᠵᠢᠶᠠᠩ ᠮᠦᠷᠡᠨ ᠤ ᠶᠠᠩ ᠳ᠋ᠢ ᠭᠠᠷᠠᠮ ᠳᠤ ᠬᠦᠷᠴᠦ᠂ ᠯᠢᠵᠢᠶᠠᠩ ᠮᠦᠷᠡᠨ ᠤ ᠰᠠᠪᠠ ᠭᠠᠵᠠᠷ ᠤᠨ ᠶᠡᠷᠦᠩᠬᠡᠶᠢᠯᠡᠭᠰᠡᠨ | ᠵᠠᠰᠠᠯᠲᠠ᠂ ᠠᠮᠢ ᠠᠬᠤᠢ ᠶᠢᠨ ᠬᠠᠮᠠᠭᠠᠯᠠᠯᠲᠠ ᠵᠡᠷᠭᠡ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠤᠭᠰᠠᠨ ᠪᠥᠭᠡᠳ | ᠣᠩᠭᠤᠴᠠᠨ ᠳᠤ ᠰᠠᠭᠤᠵᠤ ᠯᠢᠵᠢᠶᠠᠩ ᠮᠦᠷᠡᠨ ᠤ ᠶᠠᠩ ᠱᠦᠸᠧ ᠶᠢᠨ ᠬᠡᠰᠡᠭ ᠲᠤ ᠰᠢᠨᠵᠢᠯᠡᠨ ᠪᠠᠶᠢᠴᠠᠭᠠᠪᠠ᠃ ᠲᠡᠷᠡ᠂ | ᠠᠭᠤᠯᠠ ᠤᠰᠤ ᠤᠢ ᠮᠣᠳᠣ ᠭᠠᠵᠠᠷ ᠲᠠᠷᠢᠶ᠎ᠠ ᠨᠠᠭᠤᠷ ᠪᠦᠷᠢᠳᠦ ᠨᠤᠲᠤᠭ ᠪᠡᠯᠴᠢᠭᠡᠷ ᠡᠯᠡᠰᠦ ᠮᠠᠩᠬ᠎ᠠ ᠶᠢ ᠰᠢᠰᠲ᠋ᠧᠮ ᠲᠠᠢ | ᠵᠠᠰᠠᠬᠤ ᠶᠢ ᠪᠠᠷᠢᠮᠲᠠᠯᠠᠵᠤ᠂ ᠵᠥᠪ ᠠᠮᠢ ᠠᠬᠤᠢ ᠶᠢᠨ ᠦᠵᠡᠯᠲᠡ᠂ ᠬᠥᠭᠵᠢᠯᠲᠡ ᠶᠢᠨ ᠦᠵᠡᠯᠲᠡ ᠶᠢ ᠪᠠᠷᠢᠮᠲᠠᠯᠠᠵᠤ᠂ | ᠪᠠᠶᠢᠭᠠᠯᠢ ᠶᠢ ᠳᠡᠭᠡᠳᠦᠯᠡᠵᠦ᠂ ᠪᠠᠶᠢᠭᠠᠯᠢ ᠲᠠᠢ ᠵᠣᠬᠢᠴᠠᠨ᠂ ᠪᠠᠶᠢᠭᠠᠯᠢ ᠶᠢ ᠬᠠᠮᠠᠭᠠᠯᠠᠵᠤ᠂ ᠳᠡᠭᠡᠳᠦ ᠳᠤᠤᠷᠠᠳᠤ ᠱᠠᠳᠤ ᠪᠠᠷ ᠢᠶᠠᠨ | ᠰᠡᠳᠬᠢᠯ ᠨᠢᠭᠡᠳᠤᠨ ᠵᠡᠷᠭᠡ ᠪᠠᠷ ᠠᠳᠬᠤᠨ ᠬᠠᠮᠲᠤ ᠪᠠᠷ ᠬᠠᠮᠢᠶᠠᠷᠴᠤ᠂ ᠠᠭᠤᠯᠠ ᠤᠰᠤᠨ ᠤ ᠠᠮᠢ ᠠᠬᠤᠢ ᠶᠢᠨ ᠤᠤᠭᠠᠯ | ᠴᠢᠨᠠᠷ ᠪᠠ ᠪᠦᠷᠢᠨ ᠪᠦᠲᠦᠨ ᠴᠢᠨᠠᠷ ᠢ ᠪᠠᠲᠤᠯᠠᠬᠤ ᠶᠢ ᠨᠢᠭᠡ ᠵᠦᠢᠯ ᠤᠨ ᠴᠢᠬᠤᠯᠠ ᠠᠵᠢᠯ ᠪᠣᠯᠭᠠᠨ᠂ ᠠᠮᠢ ᠠᠬᠤᠢ ᠶᠢ | ᠰᠡᠷᠭᠦᠭᠡᠬᠦ ᠪᠠ ᠣᠷᠴᠢᠨ ᠲᠣᠭᠤᠷᠢᠨ ᠤ ᠪᠣᠬᠢᠷᠲᠤᠯ ᠢ ᠵᠠᠰᠠᠬᠤ ᠶᠢ ᠭᠦᠨᠵᠡᠭᠡᠢ ᠠᠬᠢᠭᠤᠯᠵᠤ᠂ ᠳᠤᠷ᠎ᠠ ᠪᠠᠷ ᠢᠶᠠᠨ ᠲᠡᠭᠦᠵᠦ | ᠮᠠᠯᠲᠠᠬᠤ ᠶᠢ ᠵᠤᠭᠰᠤᠭᠠᠨ᠂ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠦᠷᠭᠦᠯᠵᠢᠯᠡᠨ ᠰᠠᠶᠢᠵᠢᠷᠠᠬᠤ᠂ ᠠᠮᠢ | ᠠᠬᠤᠢ ᠶᠢᠨ ᠰᠢᠰᠲ᠋ᠧᠮ ᠦᠷᠭᠦᠯᠵᠢᠯᠡᠨ ᠰᠢᠯᠢᠳᠡᠭᠵᠢᠭᠦ᠂ ᠪᠦᠬᠦᠯᠢ ᠴᠣᠭᠴᠠ ᠶᠢᠨ ᠴᠢᠳᠠᠮᠵᠢ ᠦᠷᠭᠦᠯᠵᠢᠯᠡᠨ ᠳᠡᠭᠡᠭᠰᠢᠯᠡᠭᠦ ᠶᠢ | ᠠᠬᠢᠭᠤᠯᠬᠤ ᠭᠡᠷᠡᠭᠲᠡᠢ ᠭᠡᠵᠦ ᠴᠢᠬᠤᠯᠠᠴᠢᠯᠠᠵᠠᠢ᠃ 26 ᠤ ᠡᠳᠦᠷ᠂ ᠰᠢ ᠶᠢᠨ ᠫᠢᠩ ᠭᠦᠢᠯᠢᠨ ᠬᠤᠳᠠ ᠶᠢᠨ ᠰᠢᠶᠠᠩ ᠪᠢ | ᠱᠠᠨ ᠴᠡᠴᠡᠷᠯᠢᠭ ᠲᠤ ᠬᠦᠷᠴᠦ᠂ ᠠᠭᠤᠯᠠ ᠤᠰᠤᠨ ᠤ ᠦᠩᠭᠡ ᠦᠵᠡᠮᠵᠢ ᠶᠢ ᠪᠠᠷᠠᠯᠠᠵᠤ᠂ ᠶᠠᠪᠠᠭᠠᠨ ᠬᠦᠮᠦᠨ ᠤ ᠵᠠᠮ ᠢᠶᠠᠷ | ᠬᠤᠳᠠᠯᠳᠤᠭ᠎ᠠ᠂ ᠰᠢᠦᠳᠠᠨ ᠵᠡᠷᠭᠡ ᠦᠢᠯᠡᠴᠢᠯᠡᠭᠡᠨ ᠤ ᠲᠥᠬᠦᠭᠡᠷᠦᠮᠵᠢ ᠶᠢ ᠪᠠᠶᠢᠴᠠᠭᠠᠨ ᠦᠵᠡᠪᠡ᠃ ᠵᠢᠭᠤᠯᠴᠢᠯᠠᠭᠰᠠᠳ᠄ ︽ | ᠶᠡᠷᠦᠩᠬᠡᠢ ᠱᠦᠵᠢ ᠰᠠᠶᠢᠨ ᠦᠦ︕︾ ᠭᠡᠵᠦ ᠦᠨᠲᠦᠷ ᠲᠠᠭᠤᠨ ᠢᠶᠠᠷ ᠪᠠᠶᠠᠷᠯᠠᠨ ᠬᠠᠰᠬᠢᠷᠪᠠ᠃ ᠰᠢ ᠶᠢᠨ ᠫᠢᠩ ᠤᠯᠠᠨ ᠲᠠᠢ | ᠳᠣᠲᠣᠨᠣ ᠪᠠᠷ ᠶᠠᠷᠢᠯᠴᠠᠪᠠ᠃ ᠲᠡᠷᠡ᠂ ᠭᠦᠢᠯᠢᠨ ᠪᠣᠯ ᠠᠭᠤᠯᠠ ᠤᠰᠤ ᠪᠠᠷ ᠢᠶᠠᠨ ᠳᠡᠯᠡᠬᠡᠶ ᠳᠤ ᠠᠯᠲᠠᠷᠰᠢᠭᠰᠠᠠ | ᠵᠢᠭᠤᠯᠴᠢᠯᠠᠯ ᠤᠨ ᠨᠠᠷᠠᠲᠤ ᠬᠤᠲᠠ ᠮᠥᠨ᠃ ᠡᠨᠡ ᠪᠣᠯ ᠡᠬᠡ ᠪᠠᠶᠢᠭᠠᠯᠢ ᠠᠴᠠ ᠳᠤᠮᠳᠠᠳᠤ ᠶᠢᠨ ᠦᠨᠳᠦᠰᠦᠲᠡᠨ ᠳᠤ | ᠰᠣᠶᠣᠷᠬᠠᠭᠰᠠᠨ ᠡᠷᠳᠡᠨᠢᠲᠦ ᠭᠠᠵᠠᠷ ᠮᠦᠨ᠂ ᠡᠷᠬᠡᠪᠰᠢ ᠰᠠᠶᠢᠲᠤᠷ ᠬᠠᠮᠠᠭᠠᠯᠠᠬᠤ ᠬᠡᠷᠡᠭᠲᠡᠶ᠃ ᠠᠷᠠᠳ ᠲᠦᠮᠡᠨ ᠢᠶᠠᠷ ᠭᠤᠤᠯ | ᠪᠣᠯᠭᠠᠬᠤ ᠶᠢ ᠪᠠᠷᠢᠮᠲᠠᠯᠠᠵᠤ᠂ ᠰᠣᠶᠣᠯ ᠢᠶᠠᠷ ᠵᠢᠭᠤᠯᠴᠢᠯᠠᠯ ᠢ ᠱᠤᠭᠤᠵᠤ᠂ ᠵᠢᠭᠤᠯᠴᠢᠯᠠᠯ ᠢᠶᠠᠷ ᠰᠣᠶᠣᠯ ᠢ ᠢᠯᠡᠷᠡᠭᠦᠯᠵᠦ᠂ ᠬᠡᠪ | ᠠᠶᠠᠰ ᠴᠢᠨᠠᠷ ᠲᠡᠰ ᠢᠶᠠᠨ ᠳᠡᠭᠡᠭᠰᠢᠯᠡᠭᠦᠯᠤᠨ᠂ ᠠᠵᠢᠯᠯᠠᠵᠤ ᠠᠮᠢᠳᠤᠷᠠᠬᠤ ᠳᠤ ᠲᠣᠬᠢᠷᠠᠮᠵᠢᠲᠠᠶ᠂ ᠨᠠᠷᠬᠢᠨ ᠵᠢᠭᠤᠯᠴᠢᠯᠠᠬᠤ ᠳᠤ | ᠲᠣᠬᠢᠯᠢᠭ ᠰᠠᠶᠢᠨ ᠰᠠᠶᠢᠬᠠᠨ ᠣᠷᠴᠢᠨ ᠲᠣᠭᠤᠷᠢᠨ ᠢ ᠴᠢᠷᠮᠠᠶᠢᠨ ᠡᠭᠦᠳᠴᠦ᠂ ᠳᠡᠯᠡᠬᠡᠶ ᠶᠢᠨ ᠲᠠᠰ ᠤᠨ ᠵᠢᠭᠤᠯᠴᠢᠯᠠᠯ ᠤᠨ | ᠬᠤᠲᠠ ᠶᠢ ᠪᠠᠶᠢᠭᠤᠯᠬᠤ ᠪᠠᠷ ᠴᠢᠷᠮᠠᠶᠢᠬᠤ ᠬᠡᠷᠡᠭᠲᠡᠶ ᠭᠡᠵᠦ ᠵᠢᠭᠠᠵᠦ ᠭᠠᠷᠭᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ | ᠰᠢ ᠶᠢᠨ ᠫᠢᠩ ᠯᠢᠤᠵᠸᠤ ᠬᠤᠳᠠ ᠳᠤ ᠬᠦᠷᠴᠤ ᠰᠢᠨᠵᠢᠯᠡᠨ ᠪᠠᠶᠢᠴᠠᠭᠠᠪᠠ᠃ ᠭᠤᠸᠠᠩᠰᠢ ᠶᠢᠨ ᠯᠢᠦ ᠭᠦᠩ ᠪᠦᠯᠦᠭᠯᠡᠯ | ᠺᠣᠮᠫᠠᠨᠢ ᠳᠤ᠂ ᠰᠢ ᠶᠢᠨ ᠫᠢᠩ ᠤᠷᠢᠳ ᠬᠤᠵᠢᠳ ᠺᠣᠮᠫᠠᠨᠢ ᠶᠢᠨ ᠦᠵᠡᠭᠦᠯᠭᠡ ᠶᠢᠨ ᠲᠢᠩᠬᠢᠮ᠂ ᠰᠤᠳᠤᠯᠤᠨ ᠨᠡᠭᠡᠭᠡᠬᠦ | ᠲᠤᠷᠰᠢᠯᠲᠠ ᠶᠢᠨ ᠲᠥᠪ᠂ ᠤᠳᠬᠤᠭᠤᠷ ᠮᠠᠰᠢᠨ ᠤᠭᠰᠠᠷᠠᠨ ᠲᠣᠨᠣᠭᠯᠠᠬᠤ ᠦᠢᠯᠡᠳᠪᠦᠷᠢ ᠵᠡᠷᠭᠡ ᠪᠠᠷ ᠬᠦᠷᠴᠦ᠂ ᠠᠵᠤ | ᠠᠬᠤᠶᠢᠯᠠᠯ ᠤᠨ ᠬᠥᠭᠵᠢᠯᠲᠡ ᠶᠢᠨ ᠪᠠᠶᠢᠳᠠᠯ ᠤᠨ ᠲᠠᠨᠢᠯᠴᠠᠭᠤᠯᠭ᠎ᠠ ᠶᠢ ᠰᠣᠨᠣᠰᠴᠤ᠂ ᠭᠤᠣᠯ ᠪᠤᠯᠬᠤ ᠦᠢᠯᠡᠳᠬᠦᠨ ᠤ | ᠦᠵᠡᠭᠦᠯᠭᠡ ᠶᠢ ᠪᠠᠶᠢᠴᠠᠭᠠᠨ ᠦᠵᠡᠵᠦ᠂ ᠠᠵᠤ ᠠᠬᠤᠶᠢᠯᠠᠯ ᠤᠨ ᠠᠵᠢᠯᠳᠠᠨ ᠠᠵᠢᠯᠴᠢᠨ ᠪᠣᠯᠤᠨ ᠮᠡᠷᠭᠡᠵᠢᠯ ᠰᠤᠳᠤᠯᠤᠨ | ᠨᠡᠭᠡᠭᠡᠬᠦ ᠬᠥᠮᠦᠰ ᠲᠠᠢ ᠳᠣᠲᠣᠨᠣ ᠪᠠᠷ ᠶᠠᠷᠢᠯᠴᠠᠪᠠ᠃ ᠰᠢ ᠶᠢᠨ ᠫᠢᠩ᠂ ᠦᠢᠯᠡᠳᠬᠦ ᠦᠢᠯᠡᠰ ᠤᠨ ᠴᠢᠨᠠᠷ ᠰᠠᠶᠢᠲᠠᠢ | ᠬᠥᠭᠵᠢᠯᠲᠡ ᠪᠣᠯ ᠮᠠᠨ ᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠭᠤᠣᠯᠳᠠᠯᠭ᠎ᠠ ᠶᠢᠨ | ᠭᠤᠣᠯᠳᠠᠯᠭ᠎ᠠ ᠪᠣᠯᠤᠨ᠎ᠠ᠂ ᠨᠡᠶᠢᠭᠡᠮ ᠵᠢᠷᠤᠮᠲᠦ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ᠂ ᠪᠣᠳᠠᠲᠤ | ᠴᠣᠭᠴᠠ ᠶᠢᠨ ᠠᠵᠤ ᠠᠬᠤᠢ ᠶᠢ ᠬᠥᠭᠵᠢᠭᠦᠯᠦᠨ ᠪᠤᠵᠠᠭᠠᠶᠢᠷᠠᠭᠤᠯᠬᠤ ᠳᠤ ᠴᠥᠮ ᠦᠢᠯᠡᠳᠬᠦ ᠦᠢᠯᠡᠰ ᠠᠴᠠ ᠰᠠᠯᠵᠤ ᠴᠢᠳᠠᠬᠤ | ᠦᠭᠡᠢ ᠶᠤᠮ᠂ ᠠᠵᠤ ᠦᠢᠯᠡᠰ ᠤᠨ ᠰᠢᠯᠢᠳᠡᠭᠵᠢᠨ ᠲᠡᠰ ᠳᠡᠪᠰᠢᠭᠦ ᠶᠢ ᠠᠬᠢᠭᠤᠯᠬᠤ ᠲᠠᠯ᠎ᠠ ᠪᠠᠷ ᠦᠷᠭᠦᠯᠵᠢᠯᠡᠨ ᠬᠦᠴᠦ | ᠲᠠᠯᠪᠢᠬᠤ ᠬᠡᠷᠡᠭᠲᠡᠢ᠃ ᠭᠠᠭᠴᠠ ᠬᠦ ᠰᠢᠨ᠎ᠡ ᠶᠢ ᠡᠭᠦᠳᠪᠡᠯ ᠰᠠᠶ᠋ᠢ ᠥᠪᠡᠷ ᠢ ᠪᠠᠨ ᠬᠦᠴᠦᠷᠬᠡᠭᠵᠢᠭᠦᠯᠵᠦ᠂ ᠲᠡᠷᠢᠭᠦᠨ ᠤ ᠬᠢ | ᠪᠤᠯᠬᠤ ᠪᠠᠷ ᠬᠦᠴᠦᠯᠡᠨ ᠴᠢᠷᠮᠠᠶᠢᠵᠤ ᠴᠢᠳᠠᠨ᠎ᠠ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠰᠢᠨ᠎ᠠ ᠵᠠᠮ ᠢᠶᠠᠷ ᠡᠷᠡᠰ | ᠭᠤᠶᠢᠪᠢᠰᠢ ᠦᠭᠡᠢ ᠵᠠᠮᠨᠠᠵᠤ᠂ ᠰᠢᠨ᠎ᠡ ᠶᠢ ᠡᠭᠦᠳᠬᠦ ᠬᠥᠭᠵᠢᠯᠲᠡ ᠶᠢᠨ ᠰᠠᠨᠠᠭᠠᠴᠢᠯᠠᠭᠠᠲᠤ ᠡᠷᠬᠡ ᠶᠢ ᠥᠪᠡᠷ ᠤᠨ ᠭᠠᠷ ᠲᠠᠭᠠᠨ | ᠪᠠᠲᠤ ᠡᠵᠡᠮᠳᠡᠬᠦ ᠬᠡᠷᠡᠭᠲᠡᠢ᠃ ᠤᠯᠤᠰ ᠤᠨ ᠥᠮᠴᠢᠯᠡᠯ ᠤᠨ ᠠᠵᠤ ᠠᠬᠤᠶᠢᠯᠠᠯ ᠳᠠᠬᠢ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠲᠠᠯᠠᠵᠤ᠂ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠪᠠ ᠺᠣᠮᠫᠠᠨᠢ ᠶᠢᠨ ᠵᠠᠰᠠᠯᠲᠠ ᠶᠢ | ᠲᠡᠭᠦᠯᠳᠡᠷᠵᠢᠭᠦᠯᠬᠦ ᠶᠢ ᠨᠢᠭᠡᠳᠦᠯᠲᠡᠢ ᠪᠠᠶᠢᠯᠭᠠᠬᠤ ᠶᠢ ᠪᠠᠷᠢᠮᠲᠠᠯᠠᠵᠤ᠂ ᠠᠵᠤ ᠠᠬᠤᠶᠢᠯᠠᠯ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠳᠤᠮᠳᠠ ᠨᠠᠮ ᠤᠨ ᠪᠠᠶᠢᠭᠤᠯᠤᠯᠲᠠ ᠶᠢ ᠰᠠᠶᠢᠲᠤᠷ ᠬᠢᠵᠦ᠂ ᠠᠵᠤ ᠠᠬᠤᠶᠢᠯᠠᠯ ᠤᠨ ᠥᠭᠡᠷᠡᠴᠢᠯᠡᠯᠲᠡ | ᠬᠥᠭᠵᠢᠯᠲᠡ ᠶᠢᠨ ᠶᠠᠪᠤᠴᠠ ᠳᠠᠬᠢ ᠨᠠᠮ ᠤᠨ ᠵᠣᠬᠢᠶᠠᠨ ᠪᠠᠶᠢᠭᠤᠯᠤᠯᠲᠠ ᠶᠢᠨ ᠤᠳᠤᠷᠢᠳᠬᠤ ᠭᠤᠣᠯᠯᠠᠭᠴᠢ ᠶᠢᠨ ᠦᠢᠯᠡᠳᠦᠯ ᠢ | ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠲᠠᠷᠠᠭ᠎ᠠ ᠨᠢ᠂ ᠰᠢ ᠶᠢᠨ ᠫᠢᠩ ᠯᠢᠦᠵᠸᠦ ᠶᠢᠨ ᠭᠤᠤᠯ ᠤᠨ | ᠲᠤᠩ ᠤᠨ ᠰᠤᠷ ᠪᠤᠳᠠᠭᠠᠨ ᠤ ᠦᠢᠯᠡᠳᠪᠦᠷᠢᠯᠡᠯ ᠲᠥᠪᠯᠡᠷᠡᠭᠰᠡᠨ ᠣᠷᠣᠨ ᠳᠤ ᠬᠦᠷᠴᠦ᠂ ᠭᠤᠤᠯ ᠤᠨ ᠲᠤᠩ ᠤᠨ ᠰᠤᠷ | ᠪᠤᠳᠠᠭᠠᠨ ᠤ ᠤᠨᠴᠠᠯᠢᠬᠳᠤ ᠠᠵᠤ ᠦᠢᠯᠡᠰ ᠤᠨ ᠠᠵᠢᠯ ᠣᠯᠭᠤᠯᠲᠠ ᠶᠢ ᠠᠬᠢᠭᠤᠯᠵᠤ᠂ ᠲᠠᠷᠢᠶᠠᠴᠢᠳ ᠢ ᠲᠠᠶᠢᠴᠢᠯᠠᠨ | ᠣᠷᠣᠯᠭ᠎ᠠ ᠶᠢ ᠨᠢ ᠨᠡᠮᠡᠭᠳᠡᠭᠦᠯᠦᠭᠰᠡᠨ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠰᠢ ᠶᠢᠨ ᠫᠢᠩ᠂ ᠤᠨᠴᠠᠯᠢᠬᠳᠤ ᠠᠵᠤ | ᠦᠢᠯᠡᠰ ᠢ ᠬᠥᠭᠵᠢᠭᠦᠯᠬᠦ ᠪᠣᠯ ᠣᠷᠣᠨ ᠨᠤᠲᠤᠭ ᠤᠨ ᠪᠣᠳᠠᠲᠤ ᠴᠣᠭᠴᠠ ᠶᠢᠨ ᠠᠵᠤ ᠠᠬᠤᠢ ᠶᠢ ᠪᠣᠳᠠᠲᠠᠶᠢᠵᠢᠭᠤᠯᠤᠨ | ᠬᠦᠴᠦᠷᠬᠡᠭᠵᠢᠭᠦᠯᠵᠦ ᠰᠢᠯᠢᠳᠡᠭᠵᠢᠭᠦᠯᠬᠦ ᠶᠢᠨ ᠨᠢᠭᠡᠨ ᠪᠣᠳᠠᠲᠤ ᠠᠷᠭ᠎ᠠ ᠬᠡᠮᠵᠢᠶ᠎ᠠ ᠮᠥᠨ᠂ ᠲᠤᠰ ᠪᠡᠶ᠎ᠡ ᠶᠢᠨ ᠨᠥᠬᠦᠴᠡᠯ ᠪᠣᠯᠤᠨ | ᠳᠠᠪᠠᠭᠤᠯᠢᠭ ᠲᠠᠢ ᠪᠠᠨ ᠤᠶᠠᠯᠳᠤᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠶᠠᠰᠤ ᠴᠢᠨᠠᠷ ᠤᠨ | ᠠᠮᠤᠷ ᠲᠦᠪᠰᠢᠨ ᠤ ᠪᠣᠭᠤᠮᠲᠠ ᠶᠢ ᠪᠠᠳᠤ ᠰᠠᠬᠢᠵᠤ᠂ ᠪᠠᠷᠢᠮᠵᠢᠶᠠᠵᠢᠭᠤᠯᠤᠯᠲᠠ᠂ ᠲᠦᠷᠦᠯ ᠲᠡᠮᠳᠡᠭᠴᠢᠯᠡᠯᠲᠡ ᠶᠢ ᠠᠬᠢᠭᠤᠯᠬᠤ | ᠬᠡᠷᠡᠭᠲᠡᠢ᠃ ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠢ ᠬᠠᠪᠰᠤᠷᠤᠨ ᠪᠣᠳᠠᠲᠠᠶ ᠬᠦᠴᠢᠷᠳᠡᠯ ᠢ ᠨᠢ ᠰᠢᠢᠳᠪᠦᠷᠢᠯᠡᠵᠦ᠂ | ᠠᠷᠠᠳ ᠤᠨ ᠡᠵᠡᠩᠨᠡᠯᠲᠡ ᠶᠢᠨ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠬᠠᠤ ᠶᠢ ᠵᠣᠷᠢᠭᠵᠢᠭᠤᠯᠤᠨ ᠳᠡᠮᠵᠢᠵᠦ᠂ | ᠬᠥᠲᠥᠯᠥᠨ ᠵᠢᠯᠣᠭᠤᠳᠬᠤ ᠬᠡᠷᠡᠭᠲᠡᠶ ᠭᠡᠵᠦ ᠵᠢᠭᠠᠵᠦ ᠭᠠᠷᠭᠠᠪᠠ᠃ ᠭᠤᠸᠠᠩᠰᠢ ᠪᠣᠯ ᠮᠠᠨ ᠤ ᠤᠯᠤᠰ ᠤᠨ ᠴᠥᠭᠡᠨ ᠲᠣᠭᠠᠲᠤ | ᠦᠨᠳᠦᠰᠦᠲᠡᠨ ᠤ ᠬᠥᠮᠦᠨ ᠠᠮᠠ ᠬᠠᠮᠤᠭ ᠤᠨ ᠣᠯᠠᠨ ᠪᠠᠶᠢᠳᠠᠭ ᠥᠪᠡᠷᠲᠡᠭᠡᠨ ᠵᠠᠰᠠᠬᠤ ᠣᠷᠣᠨ ᠪᠣᠯᠤᠨ᠎ᠠ᠃ 27 ᠤ | ᠦᠳᠡ ᠶᠢᠨ ᠡᠮᠦᠨ᠎ᠡ᠂ ᠰᠢ ᠶᠢᠨ ᠫᠢᠩ ᠨᠠᠨᠨᠢᠩ ᠬᠤᠲᠠ ᠶᠢᠨ ᠶᠦᠩᠵᠢᠶᠠᠩ ᠮᠦ᠋ᠷᠠᠠ ᠤ ᠬᠥᠪᠡᠭᠡᠨ ᠳᠤ ᠪᠠᠶᠢᠭ᠎ᠠ | ᠭᠤᠸᠠᠩᠰᠢ ᠶᠢᠨ ᠦᠨᠳᠦᠰᠦᠲᠡᠨ ᠤ ᠮᠦᠽᠧᠢ ᠳᠤ ᠬᠦᠷᠴᠦ᠂ ᠵᠤᠸᠠᠩ ᠦᠨᠳᠦᠰᠦᠲᠡᠨ ᠤ ᠰᠣᠶᠣᠯ ᠤᠨ ᠦᠵᠡᠭᠦᠯᠭᠡ ᠶᠢ | ᠲᠣᠭᠤᠷᠢᠨ ᠦᠵᠡᠪᠡ᠃ ᠮᠦᠽᠧᠶ ᠶᠢᠨ ᠭᠠᠳᠠᠨ᠎ᠠ᠂ ᠭᠤᠷᠪᠠᠨ ᠰᠠᠷ᠎ᠠ ᠶᠢᠨ ᠭᠤᠷᠪᠠᠨ ᠤ ︽ᠳᠠᠭᠤᠤ ᠶᠢᠨ ᠨᠠᠶᠢᠷ︾ ᠤᠨ | ᠵᠤᠸᠠᠩ ᠦᠨᠳᠦᠰᠦᠲᠡᠨ ᠤ ᠡᠯᠭᠦᠭᠡ ᠳᠠᠭᠤᠤ ᠵᠡᠷᠭᠡ ᠦᠨᠳᠦᠰᠦᠲᠡᠨ ᠤ ᠰᠣᠶᠣᠯ ᠤᠨ ᠠᠵᠢᠯᠯᠠᠭ᠎ᠠ ᠶᠢ ᠲᠥᠪᠯᠡᠷᠡᠭᠦᠯᠦᠨ | ᠬᠠᠷᠠᠭᠤᠯᠵᠤ ᠪᠠᠶᠢᠪᠠ᠃ ᠰᠢ ᠶᠢᠨ ᠫᠢᠩ᠂ ᠭᠤᠸᠠᠩᠰᠢ ᠪᠣᠯ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ | ᠲᠠᠪᠰᠢᠯᠳᠠ ᠶᠢᠨ ᠵᠢᠱᠢᠶ᠎ᠡ ᠦᠵᠡᠭᠦᠯᠬᠦ ᠣᠷᠣᠨ ᠪᠣᠯᠤᠨ᠎ᠠ᠂ ᠵᠢᠱᠢᠶ᠎ᠡ ᠦᠵᠡᠭᠦᠯᠦᠨ ᠳᠠᠶᠢᠴᠢᠯᠠᠬᠤ ᠦᠢᠯᠡᠳᠦᠯ ᠢᠶᠠᠨ | ᠦᠷᠭᠦᠯᠵᠢᠯᠡᠨ ᠰᠠᠶᠢᠲᠤᠷ ᠪᠠᠳᠠᠷᠠᠭᠤᠯᠬᠤ ᠬᠡᠷᠡᠭᠲᠡᠢ᠃ ᠦᠨᠳᠦᠰᠦᠲᠡᠨ ᠨᠦᠭᠦᠳ ᠬᠠᠮᠲᠤ ᠪᠠᠷ ᠪᠦᠯᠬᠦᠮᠳᠡᠨ ᠲᠠᠪᠰᠢᠵᠤ᠂ | ᠬᠠᠮᠲᠤ ᠪᠠᠷ ᠴᠡᠴᠡᠭᠯᠡᠨ ᠬᠥᠭᠵᠢᠬᠦ ᠪᠣᠯ ᠳᠤᠮᠳᠠᠳᠤ ᠶᠢᠨ ᠦᠨᠳᠦᠰᠦᠲᠡᠨ ᠤ ᠠᠮᠢ ᠨᠠᠰᠤ᠂ ᠬᠦᠴᠦᠨ ᠴᠢᠳᠠᠯ᠂ ᠬᠦᠰᠡᠯ | ᠡᠷᠡᠮᠡᠯᠵᠡᠯ ᠤᠨ ᠡᠬᠢ ᠰᠤᠷᠪᠤᠯᠵᠢ ᠮᠦᠨ᠂ ᠨᠡᠶᠢᠭᠡᠮ ᠵᠢᠷᠤᠮᠲᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠤᠭᠡᠨ | ᠪᠠᠶᠢᠭᠤᠯᠬᠤ ᠰᠢᠨ᠎ᠡ ᠠᠶᠠᠨ ᠵᠠᠮ ᠳᠤ ᠨᠢᠭᠡ ᠦᠨᠳᠦᠰᠦᠲᠡᠨ ᠢ ᠴᠦ ᠣᠷᠬᠢᠭᠳᠠᠭᠤᠯᠵᠤ ᠪᠣᠯᠬᠤ ᠦᠭᠡᠢ᠂ | ᠦᠨᠳᠦᠰᠦᠲᠡᠨ ᠨᠦᠭᠦᠳ ᠤᠨ ᠠᠷᠠᠳ ᠲᠦᠮᠡᠨ ᠰᠡᠳᠬᠢᠯ ᠵᠢᠷᠦᠬᠡ ᠪᠠᠨ ᠬᠤᠯᠪᠣᠨ ᠪᠦᠯᠬᠦᠮᠳᠡᠨ ᠲᠡᠮᠡᠴᠡᠵᠦ᠂ ᠳᠤᠮᠳᠠᠳᠤ ᠶᠢᠨ | ᠦᠨᠳᠦᠰᠦᠲᠡᠨ ᠤ ᠰᠠᠶᠢᠨ ᠰᠠᠶᠢᠬᠠᠨ ᠢᠷᠡᠭᠡᠳᠦᠢ ᠶᠢ ᠬᠠᠮᠲᠤ ᠪᠠᠷ ᠴᠣᠭᠴᠠᠯᠠᠨ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ | ᠠᠭᠤᠤ ᠶᠡᠭᠡ ᠦᠩᠭᠡ ᠭᠡᠷᠡᠯ ᠢ ᠬᠠᠮᠲᠤ ᠪᠠᠷ ᠡᠳ᠋ᠯᠡᠬᠦ ᠬᠡᠷᠡᠭᠲᠡᠢ ᠭᠡᠵᠦ ᠴᠢᠬᠤᠯᠠᠴᠢᠯᠠᠪᠠ᠃ ᠲᠤᠰ ᠡᠳᠦᠷ ᠤᠨ ᠦᠳᠡ ᠶᠢᠨ | ᠡᠮᠦᠨ᠎ᠡ᠂ ᠰᠢ ᠶᠢᠨ ᠫᠢᠩ ᠭᠤᠸᠠᠩᠰᠢ ᠶᠢᠨ ᠵᠤᠸᠠᠩ ᠦᠨᠳᠦᠰᠦᠲᠡᠨ ᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ | ᠪᠣᠯᠤᠨ ᠵᠠᠰᠠᠭ ᠤᠨ ᠣᠷᠳᠣᠨ ᠤ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠭᠤᠸᠠᠩᠰᠢ ᠶᠢᠨ ᠡᠯ᠎ᠡ ᠲᠠᠯ᠎ᠠ ᠶᠢᠨ | ᠠᠵᠢᠯ ᠤᠨ ᠤᠯᠤᠭᠰᠠᠨ ᠠᠮᠵᠢᠯᠲᠠ ᠶᠢ ᠨᠤᠲᠠᠯᠠᠵᠤ᠂ ᠭᠤᠸᠠᠩᠰᠢ ᠶᠢᠨ ᠦᠨᠳᠦᠰᠦᠲᠡᠨ ᠨᠦᠭᠦᠳ ᠤᠨ ᠺᠠᠳ᠋ᠷ ᠤᠯᠠᠨ ᠲᠦᠮᠡᠨ | ᠨᠡᠶᠢᠭᠡᠮ ᠵᠢᠷᠦᠮᠳᠤ ᠣᠳᠣᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠭᠤᠸᠠᠩᠰᠢ ᠶᠢᠨ ᠬᠠᠭᠤᠳᠠᠰᠤ ᠶᠢ | ᠴᠢᠷᠮᠠᠶᠢᠨ ᠪᠢᠴᠢᠭᠯᠡᠵᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠶᠢ | ᠬᠦᠰᠡᠪᠡ᠃ ᠰᠢ ᠶᠢᠨ ᠫᠢᠩ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠰᠢᠨ᠎ᠡ | ᠬᠥᠭᠵᠢᠯᠲᠡ ᠶᠢᠨ ᠤᠢᠢᠯᠠᠭᠠᠭᠳᠠᠬᠤᠨ ᠢ ᠲᠤᠭᠤᠰᠢᠯᠠᠭᠤᠯᠬᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠪᠠᠶᠢᠭᠤᠯᠬᠤ ᠶᠢᠨ | ᠣᠷᠣᠨ ᠨᠤᠲᠤᠭ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠲᠤᠬᠠᠢ ᠳᠠᠬᠢ ᠵᠠᠷᠴᠢᠮ ᠱᠠᠭᠠᠷᠳᠠᠯᠭ᠎ᠠ ᠶᠢ ᠭᠦᠨᠵᠡᠭᠡᠢ | ᠲᠠᠨᠢᠬᠤ ᠬᠡᠷᠡᠭᠲᠡᠢ ᠪᠥᠭᠡᠳ ᠪᠠᠰᠠ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠦᠢᠯᠡᠴᠢᠯᠡᠬᠦ ᠪᠠ ᠠᠭᠤᠰᠤᠯᠴᠠᠬᠤ | ᠶᠠᠪᠤᠴᠠ ᠳᠠᠬᠢ ᠲᠤᠰ ᠭᠠᠵᠠᠷ ᠣᠷᠣᠨ ᠤ ᠪᠠᠨ ᠬᠠᠷᠢᠴᠠᠭᠤᠯᠤᠭᠰᠠᠨ ᠳᠠᠪᠠᠭᠤᠯᠢᠭ ᠢ ᠣᠨᠣᠪᠴᠢᠲᠠᠢ ᠡᠵᠡᠮᠳᠡᠵᠦ᠂ ᠭᠠᠵᠠᠷ | ᠤᠷᠤᠨ ᠤ ᠪᠠᠨ ᠪᠣᠳᠠᠲᠤ ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢ ᠨᠡᠭᠡᠭᠡᠬᠦ ᠬᠡᠷᠡᠭᠲᠡᠢ᠃ | ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰᠵᠢᠬᠦ᠂ ᠤᠶᠤᠨᠴᠢᠯᠠᠬᠤ᠂ ᠪᠣᠬᠢᠷᠲᠤᠯ ᠦᠭᠡᠢ ᠪᠤᠯᠬᠤ ᠶᠢ ᠠᠬᠢᠭᠤᠯᠵᠤ᠂ | ᠪᠦᠬᠦ ᠠᠵᠤ ᠦᠢᠯᠡᠰ ᠤᠨ ᠬᠡᠯᠬᠢᠶ᠎ᠡ ᠶᠢᠨ ᠰᠢᠯᠢᠳᠡᠭᠵᠢᠨ ᠲᠡᠰ ᠳᠡᠪᠰᠢᠭᠦ ᠶᠢ ᠠᠬᠢᠭᠤᠯᠵᠤ᠂ ᠰᠢᠨᠡᠪᠠᠷ ᠮᠠᠨᠳᠤᠭᠰᠠᠨ ᠠᠵᠤ | ᠦᠢᠯᠡᠰ ᠢ ᠢᠳᠡᠪᠬᠢᠲᠡᠢ ᠪᠤᠶᠢᠵᠢᠭᠤᠯᠤᠨ᠂ ᠲᠤᠭ᠎ᠠ ᠪᠠᠷᠢᠮᠳᠠ ᠶᠢᠨ ᠠᠵᠤ ᠦᠢᠯᠡᠰᠵᠢᠯᠲᠡ ᠪᠠ ᠠᠵᠤ ᠦᠢᠯᠡᠰ ᠤᠨ | ᠲᠣᠭᠠᠴᠢᠯᠠᠯᠲᠠ ᠶᠢ ᠲᠦᠷᠭᠡᠳᠬᠡᠬᠦ ᠬᠡᠷᠡᠭᠲᠡᠢ᠃ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ︽ᠬᠤᠶᠠᠷ ᠡᠷᠡᠰ | ᠭᠤᠶᠢᠪᠢᠰᠢ ᠦᠭᠡᠢ︾ ᠶᠢ ᠪᠠᠷᠢᠮᠲᠠᠯᠠᠵᠤ᠂ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠬᠡᠷᠡᠭᠲᠡᠢ᠃ | ᠰᠢᠨ᠎ᠡ ᠶᠢ ᠡᠭᠦᠳᠬᠦ ᠶᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠰᠢᠨ᠎ᠡ ᠶᠢ ᠡᠭᠦᠳᠬᠦ ᠠᠮᠢ ᠠᠬᠤᠢ ᠤᠷᠴᠢᠨ ᠨᠦᠬᠦᠴᠡᠯ ᠢ | ᠰᠢᠯᠢᠳᠡᠭᠵᠢᠭᠦᠯᠦᠨ᠂ ᠡᠯ᠎ᠡ ᠲᠦᠷᠦᠯ ᠤᠨ ᠰᠢᠨ᠎ᠡ ᠶᠢ ᠡᠭᠦᠳᠬᠦ ᠡᠯᠧᠮᠧᠨ᠋ᠲ ᠤᠨ ᠠᠵᠤ ᠠᠬᠤᠶᠢᠯᠠᠯ ᠲᠡᠶᠢᠰᠢ ᠲᠥᠪᠯᠡᠷᠡᠬᠦ ᠶᠢ | ᠠᠬᠢᠭᠤᠯᠵᠤ᠂ ᠰᠢᠨ᠎ᠡ ᠶᠢ ᠡᠭᠦᠳᠬᠦ ᠠᠮᠢᠵᠢᠷᠠᠯ ᠤᠨ ᠬᠦᠴᠦᠨ ᠢ ᠬᠥᠭᠵᠢᠭᠡᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠦᠷ᠎ᠡ ᠪᠦᠲᠦᠭᠡᠯ ᠢ ᠤᠨᠳᠤᠤᠰᠢᠭᠤᠯᠬᠤ ᠶᠢ ᠠᠬᠢᠭᠤᠯᠬᠤ ᠬᠡᠷᠡᠭᠲᠡᠢ᠃ ᠬᠥᠬᠡᠮᠥ᠋ᠷᠡᠨ ᠤ ᠠᠵᠤ ᠠᠬᠤᠶ ᠶᠢᠨ ᠪᠦᠰᠡ ᠶᠢᠨ | ᠬᠥᠭᠵᠢᠯᠲᠡ᠂ ᠭᠤᠸᠠᠩᠳᠦ᠋ᠩ ᠰᠢᠶᠠᠩᠭᠠᠩ ᠣᠣᠮᠧᠨ ᠤ ᠶᠡᠭᠡ ᠪᠤᠯᠤᠩ ᠤᠨ ᠣᠷᠣᠨᠤ ᠪᠥᠲᠥᠭᠡᠨ ᠪᠠᠶᠢᠭᠤᠯᠤᠯᠲᠠ ᠵᠡᠷᠭᠡ | ᠤᠯᠤᠰ ᠤᠨ ᠴᠢᠬᠤᠯᠠ ᠶᠡᠭᠡ ᠪᠠᠶᠢᠯᠳᠤᠬᠤ ᠪᠣᠳᠣᠯᠭ᠎ᠠ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠤᠨ᠂ ︽ᠨᠢᠭᠡ ᠪᠦᠰᠡ ᠨᠢᠭᠡ | ᠵᠠᠮ︾ ᠢ ᠬᠠᠮᠲᠤ ᠪᠠᠷ ᠪᠥᠲᠥᠭᠡᠨ ᠪᠠᠶᠢᠭᠤᠯᠬᠤ ᠳᠤ ᠠᠭᠤᠰᠤᠯᠴᠠᠵᠤ᠂ ᠪᠠᠷᠠᠭᠤᠨ ᠬᠡᠰᠡᠭ ᠤᠨ ᠡᠬᠡ ᠬᠠᠭᠤᠷᠠᠶ ᠪᠠ ᠲᠡᠯᠡᠶ ᠶᠢᠨ | ᠰᠢᠨ᠎ᠡ ᠵᠠᠮ ᠢ ᠥᠨᠳᠥᠷ ᠲᠦᠪᠰᠢᠨ ᠢᠶᠠᠷ ᠬᠠᠮᠲᠤ ᠪᠠᠷ ᠪᠥᠲᠥᠭᠡᠨ ᠪᠠᠶᠢᠭᠤᠯᠵᠤ᠂ ᠲᠡᠯᠡᠶ ᠳᠤ ᠬᠠᠨᠳᠤᠭᠰᠠᠨ ᠠᠵᠤ ᠠᠬᠤᠶ ᠶᠢ | ᠶᠡᠭᠡ ᠪᠠᠷ ᠬᠥᠭᠵᠢᠭᠦᠯᠤᠨ᠂ ᠳᠤᠮᠳᠠᠳᠤ ᠤᠯᠤᠰ — ᠵᠡᠭᠦᠨ ᠡᠮᠦᠨᠡᠲᠦ ᠠᠽᠢᠶ᠎ᠠ ᠶᠢᠨ ᠤᠯᠤᠰ ᠤᠳ ᠤᠨ ᠬᠤᠯᠪᠣᠭᠠᠶᠢᠨ | ᠨᠡᠭᠡᠭᠡᠯᠳᠡᠳᠤ ᠬᠠᠮᠲᠤᠷᠠᠯᠴᠠᠭ᠎ᠠ ᠶᠢ ᠠᠬᠢᠭᠤᠯᠵᠤ᠂ ᠴᠢᠯᠥᠭᠡᠲᠦ ᠠᠷᠠᠯᠵᠢᠶᠠᠨ ᠤ ᠲᠤᠷᠰᠢᠯᠲᠠ ᠶᠢᠨ ᠣᠷᠣᠨ ᠢ ᠰᠠᠶᠢᠲᠤᠷ | ᠡᠷᠭᠢᠯᠡᠵᠦ᠂ ᠥᠪᠡᠷᠮᠢᠴᠡ ᠣᠷᠣᠨ ᠪᠠᠶᠢᠷᠢ ᠶᠢᠨ ᠳᠠᠪᠠᠭᠤᠯᠢᠭ ᠢᠶᠠᠨ ᠨᠡᠭᠡᠭᠡᠯᠲᠡ ᠬᠢᠵᠦ ᠬᠥᠭᠵᠢᠭᠦᠯᠬᠦ ᠳᠠᠪᠠᠭᠤᠯᠢᠭ ᠪᠤᠯᠭᠠᠨ | ᠨᠡᠩ ᠰᠠᠶᠢᠳᠦᠷ ᠬᠤᠪᠢᠷᠠᠭᠤᠯᠬᠤ ᠬᠡᠷᠡᠭᠲᠡᠶ ᠭᠡᠵᠤ ᠵᠢᠭᠠᠵᠤ ᠭᠠᠷᠭᠠᠵᠠᠢ᠃ ᠰᠢᠶᠢᠨ ᠫᠢᠩ᠂ ᠶᠠᠳᠠᠭᠤ ᠠᠴᠠ ᠠᠩᠭᠢᠵᠢᠷᠠᠭᠤᠯᠬᠤ | ᠪᠣᠭᠤᠮᠲᠠ ᠰᠢᠪᠲᠤᠯᠬᠤ ᠠᠭᠤᠤ ᠶᠡᠭᠡ ᠵᠣᠷᠢᠭ ᠰᠠᠨᠠᠭ᠎ᠠ ᠶᠢ ᠪᠠᠳᠠᠷᠠᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠶᠢ ᠲᠦᠷᠭᠡᠳᠬᠡᠨ ᠠᠬᠢᠭᠤᠯᠵᠤ᠂ ᠬᠥᠳᠡᠭᠡ ᠲᠣᠰᠬᠤᠨ ᠤ ᠳᠣᠣᠷ᠎ᠠ ᠣᠷᠣᠯᠭ᠎ᠠ ᠲᠠᠢ ᠬᠥᠮᠦᠨ ᠠᠮᠠ ᠶᠢ | ᠬᠠᠪᠰᠤᠷᠤᠨ ᠲᠡᠳᠬᠦᠬᠦ ᠶᠢ ᠪᠠᠶᠢᠩᠭᠤᠵᠢᠭᠤᠯᠬᠤ ᠲᠣᠭᠲᠠᠴᠠ ᠶᠢ ᠪᠦᠷᠢᠨᠰᠢᠬᠦᠯᠤᠨ᠂ ᠶᠠᠳᠠᠭᠤ ᠠᠴᠠ ᠠᠩᠭᠢᠵᠢᠷᠠᠭᠰᠠᠨ ᠭᠠᠵᠠᠷ | ᠣᠷᠣᠨ ᠤ ᠤᠨᠴᠠᠯᠢᠬᠳᠤ ᠠᠵᠤ ᠦᠢᠯᠡᠰ ᠤᠨ ᠬᠥᠭᠵᠢᠯᠲᠡ ᠶᠢ ᠦᠷᠭᠦᠯᠵᠢᠯᠡᠨ ᠲᠡᠮᠵᠢᠵᠤ᠂ ᠣᠨᠳᠣᠣ ᠭᠠᠵᠠᠷ ᠲᠤ | ᠨᠡᠭᠦᠯᠭᠡᠭᠰᠡᠨ ᠤ ᠳᠠᠷᠠᠭᠠᠬᠢ ᠳᠡᠮᠵᠢᠯᠭᠡ ᠪᠠᠨ ᠴᠢᠩᠭᠠᠳᠬᠠᠬᠤ ᠬᠡᠷᠡᠭᠲᠡᠢ᠃ ᠭᠤᠸᠠᠩᠰᠢ ᠶᠢᠨ ᠤᠢ ᠰᠢᠭᠤᠢ ᠵᠢᠮᠢᠰ ᠢᠳᠡᠰᠢᠨ | ᠨᠣᠭᠤᠭ᠎ᠠ ᠰᠢᠬᠢᠷ ᠵᠡᠷᠭᠡ ᠤᠨᠴᠠᠯᠢᠬᠳᠤ ᠡᠬᠢ ᠪᠠᠶᠠᠯᠢᠭ ᠲᠤ ᠰᠠᠭᠤᠷᠢᠯᠠᠵᠤ᠂ ᠨᠢᠭᠡ ᠪᠦᠯᠦᠭ ᠤᠨᠴᠠᠯᠢᠬᠳᠤ ᠲᠠᠷᠢᠶᠠᠯᠠᠩ ᠤᠨ | ᠠᠵᠤ ᠦᠢᠯᠡᠰ ᠤᠨ ᠪᠦᠯᠦᠭᠵᠢᠯ ᠢ ᠴᠣᠭᠴᠠᠯᠠᠬᠤ ᠬᠡᠷᠡᠭᠲᠡᠢ᠃ ᠠᠮᠤ ᠪᠤᠳᠠᠭᠠᠨ ᠤ ᠠᠮᠤᠷ ᠲᠦᠪᠰᠢᠨ ᠳᠤ ᠨᠠᠮ ᠵᠠᠰᠠᠭ | ᠠᠳᠠᠯᠢᠬᠠᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭ᠎ᠠ ᠬᠡᠷᠡᠭᠵᠢᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠤᠨ | ᠵᠠᠰᠠᠭ ᠤᠨ ᠣᠷᠳᠣᠨ ᠤ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠠᠮᠤ ᠪᠤᠳᠠᠭᠠᠨ ᠤ | ᠶᠡᠷᠦᠩᠬᠡᠶᠢᠯᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠯᠠᠪᠳᠠᠭᠤᠨ ᠢᠶᠠᠷ ᠳᠡᠭᠡᠭᠰᠢᠯᠡᠭᠦᠯᠬᠦ ᠬᠡᠷᠡᠭᠲᠡᠢ᠃ ᠪᠣᠬᠢᠷᠲᠤᠯ ᠢ | ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠦᠷᠭᠦᠯᠵᠢᠯᠡᠨ ᠰᠠᠶᠢᠲᠤᠷ ᠬᠢᠵᠦ᠂ ᠨᠡᠭᠦᠷᠡᠰᠦᠲᠥ᠋ᠷᠥᠭᠴᠢ ᠶᠢ | ᠤᠷᠬᠢᠯ ᠬᠡᠮᠵᠢᠭᠳᠡᠯ ᠳᠤ ᠬᠦᠷᠭᠡᠬᠦ᠂ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠠᠵᠤ ᠠᠬᠤᠢ ᠨᠡᠶᠢᠭᠡᠮ ᠤᠨ | ᠬᠥᠭᠵᠢᠯᠲᠡ ᠪᠣᠯᠤᠨ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢᠨ ᠪᠦᠬᠦᠯᠢ ᠴᠣᠭᠴᠠ ᠶᠢᠨ ᠪᠠᠶᠢᠷᠢᠰᠢᠭᠤᠯᠤᠯᠲᠠ ᠳᠤ | ᠣᠷᠣᠭᠤᠯᠵᠤ᠂ ᠪᠣᠬᠢᠷᠲᠤᠯ ᠦᠭᠡᠢ ᠳᠤᠤᠷ᠎ᠠ ᠨᠡᠭᠦᠷᠡᠰᠦᠲᠥ᠋ᠷᠥᠭᠴᠢᠳᠤ ᠡᠷᠬᠢᠯᠳᠡᠳᠤ ᠬᠥᠭᠵᠢᠯᠲᠡ ᠶᠢᠨ ᠠᠵᠤ ᠠᠬᠤᠢ ᠶᠢᠨ | ᠰᠢᠰᠲ᠋ᠧᠮ ᠢ ᠪᠠᠶᠢᠭᠤᠯᠤᠨ ᠪᠦᠷᠢᠨᠰᠢᠬᠦᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠪᠦᠬᠦ ᠲᠠᠯ᠎ᠠ ᠪᠠᠷ ᠪᠣᠬᠢᠷᠲᠤᠯ | ᠦᠭᠡᠢ ᠲᠡᠶᠢᠰᠢ ᠪᠠᠨ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠬᠤ ᠬᠡᠷᠡᠭᠲᠡᠢ ᠭᠡᠵᠤ ᠴᠢᠬᠤᠯᠠᠴᠢᠯᠠᠵᠠᠢ᠃ ᠰᠢ ᠶᠢᠨ ᠫᠢᠩ᠂ | ᠠᠷᠠᠳ ᠤᠨ ᠠᠮᠢᠳᠤᠷᠠᠯ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠤᠳᠤᠯᠭ᠎ᠠ ᠪᠣᠯᠤᠨ ᠢᠳᠡᠪᠬᠢᠲᠡᠢ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ | ᠶᠡᠭᠡ ᠳᠡᠭᠡᠳᠦ ᠰᠤᠷᠭᠠᠭᠤᠯᠢ ᠶᠢᠨ ᠲᠡᠭᠦᠰᠬᠦ ᠤᠶᠤᠳᠠᠳ᠂ ᠴᠡᠷᠢᠭ ᠠᠴᠠ ᠬᠠᠯᠠᠭᠳᠠᠭᠰᠠᠳ᠂ ᠬᠥᠯᠥᠰᠥᠨ ᠲᠠᠷᠢᠶᠠᠴᠢᠨ ᠪᠣᠯᠤᠨ | ᠬᠤᠳᠠ ᠪᠠᠯᠭᠠᠰᠤᠨ ᠤ ᠬᠦᠴᠢᠷᠳᠡᠯᠲᠡᠢ ᠬᠥᠮᠦᠰ ᠵᠡᠷᠭᠡ ᠭᠤᠣᠯᠳᠠᠯᠭ᠎ᠠ ᠲᠠᠢ ᠬᠥᠮᠦᠰ ᠲᠤ ᠠᠵᠢᠯ ᠣᠯᠭᠤᠬᠤ ᠠᠵᠢᠯ ᠢ | ᠰᠠᠶᠢᠲᠤᠷ ᠬᠢᠬᠦ ᠬᠡᠷᠡᠭᠲᠡᠢ᠃ ᠤᠯᠠᠨ ᠠᠷᠭ᠎ᠠ ᠵᠠᠮ ᠢᠶᠠᠷ ᠠᠮᠢᠳᠤᠯᠢᠭ ᠢᠶᠠᠷ ᠠᠵᠢᠯ ᠣᠯᠭᠤᠬᠤ ᠨᠡᠶᠢᠭᠡᠮ ᠤᠨ ᠪᠠᠲᠤᠯᠠᠭ᠎ᠠ ᠶᠢᠨ | ᠲᠦᠷᠢᠮ ᠢ ᠲᠡᠭᠦᠯᠳᠡᠷᠵᠢᠭᠦᠯᠵᠦ᠂ ᠠᠴᠢᠶᠠᠨ ᠤ ᠮᠠᠰᠢᠨ ᠤ ᠵᠢᠯᠣᠭᠤᠴᠢ᠂ ᠲᠦᠷᠭᠡᠨ ᠬᠦᠷᠭᠡᠯᠳᠡ ᠶᠢᠨ ᠰᠢᠤᠳᠠᠨᠴᠢ᠂ | ᠵᠠᠬᠢᠶᠠᠯᠠᠭ᠎ᠠ ᠶᠢᠨ ᠬᠤᠭᠤᠯᠠ ᠬᠦᠷᠭᠡᠭᠴᠢ ᠵᠡᠷᠭᠡ ᠶᠢᠨ ᠬᠠᠤᠯᠢ ᠶᠣᠰᠣᠨ ᠤ ᠡᠷᠬᠡ ᠠᠰᠢᠭ ᠢ ᠰᠠᠶᠢᠲᠤᠷ ᠬᠠᠮᠠᠭᠠᠯᠠᠬᠤ ᠬᠡᠷᠡᠭᠲᠡᠢ᠃ | ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠶᠣᠰᠣ ᠰᠤᠷᠲᠠᠬᠤᠨ ᠢᠶᠠᠷ | ᠬᠥᠮᠦᠨ ᠢ ᠬᠥᠮᠦᠵᠢᠭᠦᠯᠬᠦ ᠦᠨᠳᠦᠰᠦᠨ ᠡᠭᠦᠷᠭᠡ ᠶᠢ ᠨᠠᠶᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠪᠠ ᠪᠤᠳᠠᠳᠤ | ᠴᠤᠭᠴᠠ ᠶᠢᠨ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠯ ᠤᠨ ᠪᠠᠶᠢᠭᠤᠯᠤᠮᠵᠢ ᠳᠠᠬᠢ ᠵᠢᠷᠤᠮᠵᠢᠭᠰᠠᠨ ᠬᠠᠮᠢᠶᠠᠷᠤᠯᠲᠠ ᠶᠢ | ᠴᠢᠩᠭᠠᠳᠬᠠᠬᠤ ᠬᠡᠷᠡᠭᠲᠡᠢ᠃ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮ ᠤᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠵᠦ᠂ ᠦᠨᠳᠦᠰᠦᠨ ᠱᠠᠲᠤᠨ ᠤ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮ ᠢ ᠴᠢᠩᠭᠠᠳᠬᠠᠨ᠂ | ᠡᠮᠨᠡᠬᠦ ᠰᠡᠷᠭᠡᠶᠢᠯᠡᠬᠦ ᠶᠢ ᠬᠠᠮᠵᠢᠯᠴᠠᠭᠤᠯᠬᠤ ᠲᠣᠭᠲᠠᠴᠠ ᠶᠢᠨ ᠰᠢᠨ᠎ᠡ ᠶᠢ ᠡᠭᠦᠳᠴᠦ᠂ ᠦᠨᠳᠦᠰᠦᠨ ᠱᠠᠲᠤᠨ ᠤ ᠰᠡᠷᠭᠡᠶᠢᠯᠡᠬᠦ᠂ | ᠡᠮᠨᠡᠨ ᠵᠠᠰᠠᠬᠤ᠂ ᠰᠤᠪᠢᠯᠠᠬᠤ ᠡᠷᠡᠭᠦᠯᠵᠢᠭᠦᠯᠬᠦ ᠦᠢᠯᠡᠴᠢᠯᠡᠭᠡᠨ ᠤ ᠲᠦᠪᠰᠢᠨ ᠢ ᠳᠡᠭᠡᠭᠰᠢᠯᠡᠭᠦᠯᠤᠨ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠢ ᠪᠠᠶᠢᠩᠭᠤᠵᠢᠭᠤᠯᠬᠤ ᠶᠢ ᠥᠴᠦᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ | ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠥᠯᠳᠦᠭᠡᠨ ᠢ ᠴᠢᠩᠭ᠎ᠠ ᠰᠡᠷᠭᠡᠶᠢᠯᠡᠵᠦ᠂ ᠤᠨᠴᠠ ᠬᠦᠨᠳᠤ ᠶᠡᠭᠡ ᠠᠶᠤᠯᠭᠦᠢ | ᠦᠢᠯᠡᠳᠪᠦᠷᠢᠯᠡᠯ ᠤᠨ ᠠᠳᠡᠯ ᠡᠭᠦᠰᠬᠦ ᠶᠢ ᠪᠦᠲᠦᠮᠵᠢᠲᠡᠢ ᠬᠤᠷᠢᠡᠡᠯᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ | ᠲᠡᠮᠡᠴᠡᠯ ᠢ ᠪᠠᠶᠢᠩᠭᠤᠵᠢᠭᠤᠯᠤᠨ ᠥᠷᠨᠢᠭᠦᠯᠬᠦ ᠬᠡᠷᠡᠭᠲᠡᠢ ᠭᠡᠵᠤ ᠵᠢᠭᠠᠵᠤ ᠭᠠᠷᠭᠠᠵᠠᠢ᠃ ᠰᠢ ᠶᠢᠨ ᠫᠢᠩ᠂ ᠦᠨᠳᠦᠰᠦᠲᠡᠨ ᠤ | ᠪᠦᠯᠬᠦᠮᠳᠡᠯ ᠲᠠᠪᠰᠢᠯᠳᠠ ᠶᠢᠨ ᠤᠬᠠᠭᠤᠯᠭ᠎ᠠ ᠬᠥᠮᠦᠵᠢᠯ ᠢ ᠰᠠᠶᠢᠲᠤᠷ ᠬᠢᠵᠦ᠂ ᠦᠨᠳᠦᠰᠦᠲᠡᠨ ᠨᠦᠭᠦᠳ ᠤᠨ ᠤᠯᠠᠨ ᠲᠦᠮᠡᠨ ᠢ | ᠬᠦᠳᠤᠯᠤᠨ ᠵᠢᠯᠣᠭᠤᠳᠴᠤ ᠪᠠᠶᠢᠭᠠᠳ ᠵᠥᠪ ᠤᠯᠤᠰ ᠤᠨ ᠦᠵᠡᠯᠲᠡ᠂ ᠲᠡᠦᠬᠡ ᠶᠢᠨ ᠦᠵᠡᠯᠲᠡ᠂ ᠦᠨᠳᠦᠰᠦᠲᠡᠨ ᠤ | ᠦᠵᠡᠯᠲᠡ᠂ ᠰᠣᠶᠣᠯ ᠤᠨ ᠦᠵᠡᠯᠲᠡ᠂ ᠱᠠᠰᠢᠨ ᠰᠤᠷᠲᠠᠬᠤᠨ ᠤ ᠦᠵᠡᠯᠲᠡ ᠲᠠᠢ ᠪᠤᠯᠭᠠᠵᠤ᠂ ᠦᠨᠳᠦᠰᠦᠲᠡᠨ ᠨᠦᠭᠦᠳ ᠤᠨ | ᠤᠯᠠᠨ ᠲᠦᠮᠡᠨ ᠤ ᠠᠭᠤᠤ ᠶᠡᠭᠡ ᠡᠭᠡ ᠤᠯᠤᠰ᠂ ᠳᠤᠮᠳᠠᠳᠤ ᠶᠢᠨ ᠦᠨᠳᠦᠰᠦᠲᠡᠨ᠂ ᠳᠤᠮᠳᠠᠳᠤ ᠶᠢᠨ ᠰᠣᠶᠣᠯ᠂ ᠳᠤᠮᠳᠠᠳᠤ | ᠤᠯᠤᠰ ᠤᠨ ᠡᠪ ᠬᠠᠮᠲᠤ ᠨᠠᠮ᠂ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠬᠠᠮᠲᠤ ᠶᠢᠨ | ᠲᠠᠨᠢᠯᠲᠠ ᠶᠢ ᠴᠢᠩᠭᠠᠳᠬᠠᠨ᠂ ᠦᠨᠳᠦᠰᠦᠲᠡᠨ ᠨᠦᠭᠦᠳ ᠠᠨᠠᠷ ᠤᠨ ᠦᠷ᠎ᠡ ᠰᠢᠭ ᠨᠢᠭᠲᠠᠷᠠᠨ ᠪᠦᠯᠬᠦᠮᠳᠡᠬᠦ ᠶᠢ ᠠᠬᠢᠭᠤᠯᠬᠤ | ᠬᠡᠷᠡᠭᠲᠡᠢ ᠭᠡᠵᠤ ᠴᠢᠬᠤᠯᠠᠴᠢᠯᠠᠪᠠ᠃ ᠰᠢ ᠶᠢᠨ ᠫᠢᠩ᠂ ᠭᠤᠸᠠᠩᠰᠢ ᠶᠢᠨ ᠬᠤᠪᠢᠰᠬᠠᠯ ᠤᠨ ᠡᠬᠢ ᠪᠠᠶᠠᠯᠢᠭ ᠡᠯᠪᠡᠭ ᠳᠡᠯᠪᠡᠭ᠂ | ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ ᠡᠳᠡᠭᠡᠷ ᠬᠤᠪᠢᠰᠬᠠᠯ ᠤᠨ ᠡᠬᠢ ᠪᠠᠶᠠᠯᠢᠭ ᠢ ᠰᠠᠶᠢᠲᠤᠷ ᠠᠰᠢᠡᠡᠯᠠᠵᠤ᠂ | ᠲᠡᠦᠬᠡ ᠶᠢ ᠰᠤᠷᠤᠯᠴᠠᠵᠦ ᠢᠲᠡᠭᠡᠯ ᠢᠶᠠᠨ ᠨᠡᠮᠡᠭᠳᠡᠭᠦᠯᠬᠦ ᠶᠢ ᠪᠡᠶᠡᠯᠡᠭᠦᠯᠬᠦ ᠬᠡᠷᠡᠭᠲᠡᠢ᠃ ᠲᠡᠦᠬᠡ ᠶᠢ ᠰᠤᠷᠤᠯᠴᠠᠵᠤ ᠢᠲᠡᠭᠡᠯ ᠢᠶᠠᠨ | ᠨᠡᠮᠡᠭᠳᠡᠭᠦᠯᠬᠦ ᠪᠤᠯ ᠳᠠᠷᠤᠢ ᠢᠲᠡᠭᠡᠯ ᠪᠢᠰᠢᠷᠡᠯ᠂ ᠢᠲᠡᠭᠡᠯ ᠬᠦᠰᠡᠯ᠂ ᠢᠳᠡᠭᠡᠯ ᠵᠤᠷᠢᠭ ᠢᠶᠠᠨ ᠨᠡᠮᠡᠭᠳᠡᠭᠦᠯᠬᠦ ᠶᠠᠪᠤᠳᠠᠯ ᠪᠤᠯᠤᠨ᠎ᠠ᠂ | ᠡᠨᠡ ᠪᠣᠯ ᠪᠢᠳᠡᠨ ᠤ ᠠᠯᠢᠪᠠ ᠬᠦᠴᠦᠷᠬᠡᠭ ᠳᠠᠶᠢᠰᠤᠨ ᠢ ᠢᠯᠠᠬᠤ᠂ ᠠᠯᠢᠪᠠ ᠬᠦᠴᠢᠷ ᠪᠡᠷᠬᠡᠰᠢᠶᠡᠯ ᠢ ᠢᠯᠠᠨ ᠳᠠᠪᠠᠭ᠋ᠤ᠂ | ᠠᠯᠢᠪᠠ ᠢᠯᠠᠯᠲᠠ ᠶᠢ ᠲᠡᠮᠡᠴᠡᠨ ᠤᠯᠬᠤ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠮᠥᠨ᠃ ᠮᠠᠷᠺᠰ ᠤᠨ ᠦᠵᠡᠯ᠂ | ᠡᠪ ᠬᠠᠮᠲᠤ ᠶᠣᠰᠣᠨ ᠤ ᠲᠤᠬᠠᠢ ᠢᠲᠡᠭᠡᠯ ᠪᠢᠰᠢᠷᠡᠯ ᠢᠶᠠᠨ ᠴᠢᠩᠭᠠᠳᠬᠠᠨ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢ | ᠬᠥᠮᠦᠵᠢᠭᠦᠯᠦᠨ ᠵᠢᠯᠣᠭᠤᠳᠴᠤ ᠪᠠᠶᠢᠭᠠᠳ ᠨᠠᠮ ᠤᠨ ᠵᠠᠭᠤᠨ ᠵᠢᠯ ᠤᠨ ᠲᠡᠮᠡᠴᠡᠯ ᠤᠨ ᠶᠠᠪᠤᠴᠠ ᠠᠴᠠ ᠢᠲᠡᠭᠡᠯ ᠪᠢᠰᠢᠷᠡᠯ ᠤᠨ | ᠬᠦᠴᠦᠨ ᠢ ᠮᠡᠳᠡᠷᠡᠭᠦᠯᠦᠨ ᠤᠢᠢᠯᠠᠭᠠᠭᠤᠯᠵᠤ᠂ ᠢᠮᠠᠭᠲᠠ ᠡᠷᠡᠰ ᠬᠠᠳᠠᠨ ᠰᠥᠰᠥ ᠵᠣᠷᠢᠭ ᠲᠠᠢ ᠪᠠᠶᠢᠯᠭᠠᠨ᠂ ᠡᠯ᠎ᠡ ᠵᠦᠢᠯ ᠤᠨ | ᠬᠦᠨᠳᠦ ᠶᠡᠭᠡ ᠬᠦᠴᠢᠷ ᠪᠡᠷᠬᠡᠰᠢᠶᠡᠯ ᠪᠣᠯᠤᠨ ᠬᠠᠲᠠᠭᠤ ᠴᠢᠩᠭ᠎ᠠ ᠥᠷᠢᠰᠥᠯᠳᠦᠭᠡᠨ ᠢ ᠵᠣᠷᠢᠭᠲᠠᠢ ᠢᠯᠠᠨ ᠳᠠᠪᠠᠭᠤᠯᠬᠤ ᠬᠡᠷᠡᠭᠲᠡᠢ | ᠃ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠢᠲᠡᠭᠡᠯ ᠬᠦᠰᠡᠯ ᠢ ᠴᠢᠩᠭᠠᠳᠬᠠᠨ᠂ ᠥᠷᠭᠡᠨ | ᠤᠯᠠᠨ ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠳᠤᠮᠳᠠᠳᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠪᠣᠯ ᠲᠡᠦᠬᠡ ᠶᠢᠨ ᠬᠥᠭᠵᠢᠯᠲᠡ ᠶᠢᠨ ᠵᠠᠶᠢᠯᠠᠰᠢ ᠦᠭᠡᠢ ᠦᠷ᠎ᠡ ᠳ᠋ᠦᠩ ᠮᠥᠨ᠂ ᠳᠤᠮᠳᠠᠳᠤ ᠤᠯᠤᠰ ᠢ | ᠬᠥᠭᠵᠢᠭᠦᠯᠬᠦ ᠳᠤ ᠵᠠᠶᠢᠯᠠᠰᠢ ᠦᠭᠡᠢ ᠵᠠᠮᠨᠠᠬᠤ ᠵᠠᠮ ᠮᠥᠨ᠂ ᠦᠢᠯᠡᠳᠦᠯᠭᠡ ᠶᠢᠨ ᠰᠢᠯᠭᠠᠯᠳᠠ ᠶᠢ ᠦᠩᠭᠡᠷᠡᠭᠦᠯᠦᠭᠰᠡᠨ ᠰᠢᠨᠵᠢᠯᠡᠬᠦ | ᠤᠬᠠᠭᠠᠨᠴᠢ ᠦᠨᠡᠨ ᠶᠣᠰᠣ ᠮᠥᠨ ᠭᠡᠳᠡᠭ ᠢ ᠭᠦᠨᠵᠡᠭᠡᠢ ᠲᠠᠨᠢᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠨᠢ ᠢᠮᠠᠭᠲᠠ ᠪᠠᠲᠤᠳᠬᠠᠬᠤ ᠬᠡᠷᠡᠭᠲᠡᠢ᠃ ᠳᠤᠮᠳᠠᠳᠤ ᠶᠢᠨ | ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠬᠦ ᠢᠲᠡᠭᠡᠯ ᠵᠤᠷᠢᠭ ᠢ ᠴᠢᠩᠭᠠᠳᠬᠠᠨ᠂ ᠥᠷᠭᠡᠨ ᠤᠯᠠᠨ | ᠨᠠᠮ ᠤᠨ ᠭᠡᠰᠢᠭᠦᠨ ᠺᠠᠳ᠋ᠷ ᠢ ᠬᠥᠮᠦᠵᠢᠭᠦᠯᠦᠨ ᠵᠢᠯᠣᠭᠤᠳᠴᠤ ᠪᠠᠶᠢᠭᠠᠳ ᠤᠭ ᠰᠠᠨᠠᠭ᠎ᠠ ᠡᠭᠦᠷᠭᠡ ᠬᠠᠷᠢᠭᠤᠴᠠᠯᠭ᠎ᠠ ᠪᠠᠨ ᠪᠠᠲᠤ | ᠴᠡᠭᠡᠵᠢᠯᠡᠨ᠂ ᠵᠠᠪᠠᠯ ᠢᠯᠠᠬᠤ ᠢᠲᠡᠭᠡᠯ ᠢ ᠨᠢ ᠴᠢᠩᠭᠠᠳᠬᠠᠵᠤ᠂ ᠮᠠᠨ ᠤ ᠨᠠᠮ ᠯᠠᠪᠲᠠᠢ ᠠᠷᠠᠳ ᠲᠦᠮᠡᠨ ᠢ ᠪᠦᠯᠬᠦᠮᠳᠡᠭᠦᠯᠦᠨ | ᠳᠠᠭᠠᠭᠤᠯᠵᠤ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ ᠳᠡᠭᠡᠷ᠎ᠡ ᠳᠤᠮᠳᠠᠳᠤ ᠶᠢᠨ ᠦᠨᠳᠦᠰᠦᠲᠡᠨ ᠤ | ᠠᠭᠤᠤ ᠶᠡᠭᠡ ᠰᠡᠷᠭᠦᠨ ᠮᠠᠨᠳᠤᠯᠲᠠ ᠶᠢ ᠪᠡᠶᠡᠯᠡᠭᠦᠯᠵᠦ᠂ ᠮᠠᠨ ᠤ ᠡᠨᠡ ᠦᠶ᠎ᠡ ᠶᠢᠨ ᠬᠥᠮᠦᠰ ᠲᠤ ᠬᠠᠷᠢᠶᠠᠯᠠᠭᠳᠠᠬᠤ᠂ ᠰᠢᠨ᠎ᠡ | ᠴᠠᠭ ᠦᠶ᠎ᠡ ᠳᠤ ᠣᠰᠣᠯᠳᠠᠬᠤ ᠦᠭᠡᠢ ᠲᠡᠦᠬᠡᠲᠦ ᠭᠠᠪᠢᠶ᠎ᠠ ᠵᠢᠳᠬᠦᠯ ᠪᠠᠶᠢᠭᠤᠯᠵᠤ ᠳᠡᠶᠢᠯᠬᠦ ᠶᠢ ᠪᠠᠳᠤ ᠢᠳᠡᠭᠡᠭᠦᠯᠬᠦ ᠬᠡᠷᠡᠭᠳᠠᠢ᠃ | ᠢᠲᠡᠭᠡᠯ ᠪᠢᠰᠢᠷᠡᠯ᠂ ᠢᠲᠡᠭᠡᠯ ᠬᠦᠰᠡᠯ᠂ ᠢᠲᠡᠭᠡᠯ ᠵᠤᠷᠢᠭ ᠪᠣᠯ ᠢᠯᠵᠠᠷᠠᠯ ᠢ ᠰᠡᠷᠭᠡᠶᠢᠯᠡᠬᠦ ᠬᠠᠮᠤᠭ ᠤᠨ ᠰᠠᠶᠢᠨ ᠡᠮ ᠮᠥᠨ᠃ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢ ᠢᠮᠠᠭᠲᠠ ᠰᠠᠶᠢᠲᠤᠷ ᠠᠳᠬᠤᠵᠤ᠂ ᠢᠯᠵᠠᠷᠠᠬᠤ ᠠᠴᠠ | ᠵᠢᠷᠦᠬᠡᠰᠢᠶᠡᠬᠦ᠂ ᠢᠯᠵᠠᠷᠠᠵᠤ ᠪᠣᠯᠬᠤ ᠦᠭᠡᠢ᠂ ᠢᠯᠵᠠᠷᠠᠬᠤ ᠶᠢ ᠪᠤᠳᠤᠬᠤ ᠦᠭᠡᠢ ᠶᠢ ᠨᠢᠭᠡ ᠴᠤᠬᠴᠠᠵᠢᠭᠤᠯᠤᠨ ᠠᠬᠢᠭᠤᠯᠬᠤ ᠶᠢ | ᠨᠡᠩ ᠤᠯᠠᠨ ᠲᠦᠷᠢᠮ ᠤᠨ ᠴᠢᠨᠠᠷᠲᠠᠢ ᠦᠷ᠎ᠡ ᠪᠦᠲᠦᠭᠡᠯ ᠪᠠ ᠨᠡᠩ ᠶᠡᠭᠡ ᠵᠠᠰᠠᠯᠲᠠᠶᠢᠨ ᠦᠷ᠎ᠡ ᠪᠦᠲᠦᠮᠵᠢ ᠲᠠᠢ ᠪᠣᠯᠭᠠᠬᠤ | ᠬᠡᠷᠡᠭᠲᠡᠢ ᠭᠡᠵᠤ ᠵᠢᠭᠠᠵᠤ ᠭᠠᠷᠭᠠᠵᠠᠢ᠃ ᠳ᠋ᠢᠩ ᠰᠢᠤᠸᠠᠢ ᠰᠢᠶᠠᠩ᠂ ᠯᠢᠦ ᠾᠧ᠂ ᠴᠧᠨ ᠰᠢ᠂ ᠾᠧ ᠯᠢ ᠹᠧᠩ ᠪᠣᠯᠤᠨ | ᠲᠥᠪ ᠤᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠷ᠎ᠠ ᠪᠣᠯᠵᠤ ᠰᠢᠨᠵᠢᠯᠡᠨ | ᠪᠠᠶᠢᠴᠠᠭᠠᠪᠠ᠃ | |