ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠧᠨ ᠱᠢ ᠼᠦᠨ | ᠲᠣᠰᠬᠤᠨ ᠤ ᠪᠢᠴᠢᠬᠠᠨ ᠤᠳ᠋ᠪᠠᠯ᠎ᠠ ᠴᠡᠴᠡᠭ ︽ᠪᠠᠶᠠᠵᠢᠯ ᠤᠨ ᠴᠡᠴᠡᠭ︾ | ᠪᠣᠯᠵᠤ ᠬᠤᠪᠢᠷᠠᠪᠠ | ᠴᠧᠨ ᠱᠢ ᠼᠦᠨ ᠲᠣᠰᠬᠤᠨ ᠪᠣᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠡᠭᠦᠨ ᠡᠮᠦᠨ᠎ᠡ | ᠥᠨᠴᠥᠭ ᠲᠠᠬᠢ ᠨᠢᠭᠡᠨ ᠵᠢᠵᠢᠭ ᠠᠭᠤᠯᠠᠨ ᠲᠣᠰᠬᠤᠨ ᠪᠣᠯᠤᠨ᠎ᠠ᠂ ᠵᠢᠵᠢᠭ ᠤᠳᠪᠠᠯᠠ ᠴᠡᠴᠡᠭ ᠳᠡᠯᠭᠡᠷᠡᠵᠦ ᠠᠷᠠᠳ ᠤᠨ | ᠠᠮᠢᠳᠤᠷᠠᠯ ᠶᠡᠭᠡ ᠬᠥᠭᠵᠢᠭᠰᠡᠨ ᠠᠴᠠ ᠪᠤᠶᠢᠳᠠ ᠪᠥᠭᠯᠡᠭᠦᠦ ᠬᠤᠴᠣᠷᠤᠩᠭᠤᠢ ᠵᠢᠵᠢᠭ ᠠᠭᠤᠯᠠᠨ ᠲᠣᠰᠬᠤᠨ ᠠᠴᠠ | ᠤᠳᠤ ᠶᠢᠨ ᠪᠠᠭ᠎ᠠ ᠨᠡᠷ᠎ᠡ ᠴᠤᠤᠲᠠᠢ ᠵᠢᠱᠢᠶ᠎ᠠ ᠦᠵᠡᠭᠦᠯᠬᠦ ᠲᠣᠰᠬᠤᠨ ᠬᠦᠷᠲᠡᠯ᠎ᠡ᠂ ᠤᠢᠢᠷ᠎ᠠ ᠶᠢᠨ ᠬᠡᠳᠦᠨ ᠵᠢᠯ ᠤᠨ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠦᠢᠯᠡᠳᠦᠯᠭᠡ ᠶᠢᠨ ᠲᠡᠦᠬᠡᠨ ᠶᠠᠪᠤᠴᠠ ᠶᠢ ᠦᠨᠡᠨ ᠪᠣᠳᠠᠲᠠᠢ ᠳᠡᠯᠭᠡᠨ ᠦᠵᠡᠭᠦᠯᠵᠦ᠂ ᠲᠡᠭᠦᠨ ᠤ ᠠᠷᠤ ᠳᠤ ᠪᠠᠰᠠ | ᠬᠥᠮᠦᠰ ᠤᠨ ᠮᠡᠳᠡᠳᠡᠭ ᠦᠭᠡᠢ ᠲᠡᠮᠡᠴᠡᠯ ᠤᠨ ᠦᠯᠢᠬᠡᠷ ᠪᠤᠢ᠃ | ᠴᠧᠨ ᠱᠢ ᠼᠦᠨ ᠲᠣᠰᠬᠤᠨ ᠬᠡᠳᠦ᠋ᠢᠪᠡᠷ ᠲᠠᠪᠤᠨ ᠮᠢᠩᠭ᠎ᠠ ᠭᠠᠷᠤᠢ ᠮᠦ ᠲᠠᠷᠢᠶᠠᠨ ᠭᠠᠵᠠᠷ ᠲᠠᠢ ᠪᠣᠯᠪᠠᠴᠤ | ᠣᠯᠠᠩᠬᠢ ᠨᠢ ᠨᠡᠷᠡᠨ ᠬᠤᠸᠠᠷ᠂ ᠲᠥᠮᠥᠰᠥ ᠵᠡᠷᠭᠡ ᠤᠯᠠᠮᠵᠢᠯᠠᠯᠲᠤ ᠲᠠᠷᠢᠮᠠᠯ ᠪᠠᠶᠢᠵᠤ᠂ ᠠᠯᠤᠰ ᠬᠡᠳᠤᠡᠴᠠ ᠦᠵᠡᠪᠡᠯ | ᠤᠨᠴᠠᠯᠢᠬᠳᠤ ᠠᠵᠤ ᠦᠢᠯᠡᠰ ᠤᠨ ᠲᠤᠯᠭᠠᠭᠤᠷᠢᠯᠠᠯ ᠳᠤᠲᠠᠭᠳᠠᠵᠤ ᠪᠠᠶᠢᠨ᠎ᠠ᠃ ᠲᠣᠰᠬᠤᠨ ᠤ ᠵᠠᠯᠠᠭᠤᠴᠤᠳ ᠪᠦᠬᠦ | ᠭᠡᠷ ᠢᠶᠠᠷ ᠢᠶᠠᠨ ᠭᠠᠳᠠᠭᠰᠢ ᠭᠠᠷᠴᠤ᠂ ᠭᠡᠷ ᠲᠡᠭᠡᠨ ᠬᠤᠴᠣᠷᠤᠭᠰᠠᠨ ᠨᠠᠰᠤᠲᠠᠶᠢᠴᠤᠳ ᠭᠤᠣᠯ ᠬᠦᠴᠦᠨ ᠵᠢᠴᠢ ᠭᠠᠵᠠᠷ | ᠳᠣᠣᠷᠠᠬᠢ ᠤᠰᠤᠨ ᠤ ᠡᠬᠢ ᠰᠤᠷᠪᠤᠯᠵᠢ ᠳᠤᠲᠠᠭᠳᠠᠵᠤ ᠪᠠᠶᠢᠭ᠎ᠠ ᠪᠣᠳᠠᠲᠤ ᠪᠠᠶᠢᠳᠠᠯ ᠤᠨ ᠡᠮᠦᠨ᠎ᠡ᠂ ᠲᠣᠰᠬᠤᠨ ᠳᠤ | ᠰᠠᠭᠤᠭ᠎ᠠ ᠺᠠᠳ᠋ᠷ ᠪᠣᠯᠤᠨ ᠲᠣᠰᠬᠤᠨ ᠤ ︽ᠬᠤᠶᠠᠷ ᠵᠥᠪᠯᠡᠯ︾ ᠨᠢ ᠠᠵᠤ ᠦᠢᠯᠡᠰ ᠤᠨ ᠦᠷᠭᠦᠯᠵᠢᠯᠡᠬᠦ | ᠬᠥᠭᠵᠢᠯᠲᠡ ᠶᠢ ᠪᠡᠶᠡᠯᠡᠭᠦᠯᠬᠦ ᠳᠤ ᠡᠷᠬᠡᠪᠰᠢ ᠤᠯᠠᠮᠵᠢᠯᠠᠯᠲᠤ ᠲᠠᠷᠢᠮᠠᠯ ᠤᠨ ᠪᠦᠲᠦᠴᠡ ᠶᠢ ᠡᠪᠳᠡᠵᠦ᠂ ᠭᠠᠵᠠᠷ ᠣᠷᠣᠨ ᠤ | ᠪᠠᠶᠢᠳᠠᠯ ᠳᠠᠭᠠᠨ ᠲᠤᠬᠢᠷᠠᠭᠤᠯᠤᠨ ᠥᠪᠡᠷᠤᠨ ᠣᠨᠴᠠᠯᠢᠭ ᠢᠶᠠᠨ ᠬᠥᠭᠵᠢᠭᠦᠯᠵᠦ᠂ ᠰᠤᠷᠤᠯᠴᠠᠨ ᠰᠢᠨᠵᠢᠯᠡᠨ ᠪᠠᠶᠢᠴᠠᠭᠠᠬᠤ᠂ | ᠰᠤᠷᠪᠤᠯᠵᠢᠯᠠᠨ ᠪᠠᠶᠢᠴᠠᠭᠠᠨ ᠰᠤᠳᠤᠯᠬᠤ ᠪᠠᠷ ᠳᠠᠮᠵᠢᠨ᠂ ︽ᠪᠣᠬᠢᠷᠲᠤᠯ ᠦᠭᠡᠢ + ᠣᠨᠴᠠᠯᠢᠭ ᠲᠠᠢ︾ | ᠬᠥᠭᠵᠢᠯᠲᠡ ᠶᠢᠨ ᠰᠡᠳᠬᠢᠴᠡ ᠶᠢ ᠳᠤᠷᠠᠳᠤᠭᠰᠠᠨ ᠪᠠᠶᠢᠨ᠎ᠠ᠃ | 2017 ᠣᠨ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶ᠎ᠠ ᠵᠠᠰᠠᠭ ᠤᠨ | ᠣᠷᠳᠣᠨ ᠶᠠᠳᠠᠭᠤ ᠶᠢ ᠲᠡᠳᠬᠦᠬᠦ ᠠᠵᠤ ᠦᠢᠯᠡᠰ ᠢ ᠬᠠᠶᠢᠨ ᠰᠦᠪᠡᠭᠴᠢᠯᠡᠬᠦ ᠲᠠᠯ᠎ᠠ ᠪᠠᠷ ᠠᠷᠭ᠎ᠠ ᠵᠠᠮ ᠵᠢᠭᠠᠵᠤ᠂ | ᠰᠢᠤᠸᠠᠢ ᠵᠢᠤᠢ ᠶᠢ ᠣᠷᠣᠭᠤᠯᠤᠨ ᠠᠪᠴᠢᠷᠠᠬᠤ ᠶᠢᠨ ᠬᠠᠮᠲᠤ ᠦᠨ᠎ᠡ ᠲᠥᠯᠥᠪᠦᠷᠢ ᠥᠬᠡᠶ ᠪᠠᠷ ᠦᠷ᠎ᠡ ᠴᠢᠬᠢ ᠳᠠᠷᠢᠵᠤ | ᠡᠯ᠎ᠡ ᠰᠤᠮᠤ ᠰᠢᠶᠠᠩ ᠪᠠᠯᠭᠠᠰᠤ ᠶᠢ ᠳᠠᠶᠢᠴᠢᠯᠠᠨ ᠲᠤᠷᠰᠢᠨ ᠳᠠᠷᠢᠵᠤ᠂ ᠴᠧᠨ ᠱᠢ ᠼᠦᠨ ᠲᠣᠰᠬᠤᠨ ᠤ ︽ᠬᠤᠶᠠᠷ | ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢᠶᠢᠨ ᠬᠢᠨ ᠪᠠᠶᠢᠳᠠᠯ ᠢ ᠰᠣᠨᠣᠰᠤᠮᠠᠭᠴᠠ ᠪᠠᠨ | ᠬᠥᠳᠡᠯᠦᠯᠴᠡᠵᠦ᠂ ᠲᠣᠰ ᠭᠠᠵᠠᠷ ᠤᠨ ᠶᠠᠳᠠᠭᠤ ᠬᠦᠴᠢᠷᠳᠡᠯᠲᠡᠶ ᠡᠷᠦᠬᠡ ᠶᠢᠨ ᠣᠳᠣᠬᠢ ᠪᠠᠶᠢᠳᠠᠯ ᠲᠠᠢ ᠤᠶᠠᠯᠳᠤᠭᠤᠯᠤᠨ | ᠂ ᠭᠠᠵᠠᠷ ᠣᠷᠣᠨ ᠤ ᠣᠷᠴᠢᠨ ᠲᠣᠭᠤᠷᠢᠨ ᠵᠡᠷᠭᠡ ᠳᠠᠪᠠᠭᠤᠯᠢᠭ ᠲᠠᠭᠠᠨ ᠲᠦᠰᠢᠭᠯᠡᠨ ᠠᠩᠬᠠᠳᠠᠭᠴᠢ ︽ᠨᠠᠢᠮᠡᠯᠵᠢ | ᠢᠳᠡᠬᠦ︾ ᠬᠥᠮᠦᠨ ᠪᠣᠯᠵᠣ᠂ ᠮᠥᠨ ᠴᠦ ᠡᠭᠦᠨ ᠠᠴᠠ ᠡᠬᠢᠯᠡᠨ ᠪᠥᠬᠦ ᠬᠤᠰᠢᠭᠤᠨ ᠤ ᠴᠠᠶ ᠶᠢᠨ ᠠᠵᠤ ᠦᠢᠯᠡᠰ ᠤᠨ | ᠪᠠᠶᠠᠵᠢᠬᠤ ᠬᠦᠰᠡᠯ ᠢ ᠲᠦᠷᠦᠭᠦᠯᠡᠨ ᠨᠡᠭᠡᠭᠡᠭᠰᠡᠨ ᠪᠠᠶᠢᠨ᠎ᠠ᠃ | ᠳᠥᠷᠪᠡᠨ ᠵᠢᠯ ᠤᠨ ᠦᠢᠯᠡᠳᠣᠯᠭᠡ ᠪᠠᠷ ᠳᠠᠮᠵᠢᠨ᠂ ᠬᠦᠰᠡᠯ ᠵᠡᠭᠦᠳᠦ ᠪᠣᠳᠠᠲᠤ ᠠᠬᠤᠶ ᠪᠣᠯᠪᠠ᠃ | ᠤᠯᠠᠮᠵᠢᠯᠠᠯᠲᠤ ᠲᠥᠮᠥᠰᠥ᠂ ᠨᠡᠷᠡᠨ ᠬᠤᠸᠠᠷ ᠵᠡᠷᠭᠡ ᠠᠵᠤ ᠠᠬᠤᠶ ᠶᠢᠨ ᠲᠠᠷᠢᠮᠠᠯ ᠲᠠᠢ ᠬᠠᠷᠢᠴᠠᠭᠤᠯᠪᠠᠯ᠂ ᠡᠨᠡᠬᠦ ᠶᠠᠯᠢᠮ | ᠥᠬᠡᠶ ᠵᠢᠵᠢᠭ ᠴᠠᠰᠤᠨ ᠤᠳᠪᠠᠯᠠ ᠶᠢ ᠳᠠᠷᠢᠬᠤ ᠳᠤ ᠠᠮᠠᠷᠬᠠᠨ᠂ ᠲᠡᠭᠦᠬᠦ ᠳᠤ ᠲᠥᠬᠦᠮ᠂ ᠪᠠᠰᠠ ᠠᠵᠤ ᠠᠬᠤᠶ ᠶᠢᠨ | ᠦᠨ᠎ᠡ ᠥᠷᠲᠡᠭ ᠥᠨᠳᠥᠷ᠂ ᠠᠶᠢᠯ ᠡᠷᠦᠬᠡ ᠪᠣᠯᠭᠠᠨ ᠳᠤ ᠦᠨᠡᠨ ᠬᠦ ᠪᠠᠭ᠎ᠠ ᠪᠤᠰᠤ ᠣᠷᠣᠯᠭ᠎ᠠ ᠠᠪᠴᠢᠷᠠᠵᠤ ᠥᠭᠬᠦ | ᠮᠥᠷᠲᠡᠭᠡᠨ ᠤᠯᠠᠮᠵᠢᠯᠠᠯᠲᠤ ᠲᠠᠷᠢᠮᠠᠯ ᠠᠴᠠ ᠬᠠᠭᠠᠰ ᠰᠢᠬᠠᠮ ᠤᠰᠤ ᠠᠷᠪᠢᠯᠠᠵᠤ᠂ ᠭᠠᠵᠠᠷ ᠤᠨ ᠰᠢᠮ᠎ᠡ ᠶᠢ | ᠬᠠᠮᠠᠭᠠᠯᠠᠬᠤ ᠳᠤ ᠠᠰᠢᠭᠲᠠᠶ ᠪᠠᠶᠢᠳᠠᠭ᠃ ᠡᠨᠡ ᠨᠢ ᠤᠰᠤᠨ ᠤ ᠡᠬᠢ ᠪᠠᠶᠠᠯᠢᠭ ᠳᠤᠲᠠᠮᠠᠭ᠂ ᠬᠥᠷᠥᠰᠥ ᠰᠢᠷᠣᠶ | ᠡᠯᠡᠰᠦᠷᠬᠡᠭᠵᠢᠭᠰᠡᠨ ᠶᠠᠳᠠᠭᠤ ᠬᠦᠴᠢᠷᠳᠡᠯᠲᠡᠶ ᠭᠠᠵᠠᠷ ᠣᠷᠣᠨ ᠳᠤ ᠠᠪᠴᠤ ᠬᠡᠯᠡᠪᠡᠯ ᠬᠠᠮᠤᠭ ᠤᠨ ᠰᠠᠶᠢᠨ ᠰᠣᠩᠭᠤᠯᠲᠠ | ᠪᠣᠯᠬᠤ ᠨᠢ ᠳᠠᠮᠵᠢᠭ ᠥᠬᠡᠶ ᠶᠤᠮ᠂ ᠤᠰᠤ ᠠᠷᠪᠢᠯᠠᠬᠤ ᠭᠠᠵᠠᠷ ᠠᠷᠪᠢᠯᠠᠬᠤ᠂ ᠠᠵᠤ ᠦᠢᠯᠡᠰ ᠤᠨ ᠪᠦᠲᠦᠴᠡ ᠶᠢ | ᠳᠣᠭᠢᠷᠠᠭᠤᠯᠬᠤ᠂ ᠤᠨᠳᠤᠤ ᠭᠠᠵᠠᠷ ᠲᠤ ᠨᠡᠭᠦᠯᠭᠡᠨ ᠶᠠᠳᠠᠭᠤ ᠶᠢ ᠲᠡᠳᠬᠦᠬᠦ ᠠᠵᠢᠯ ᠣᠯᠭᠤᠯᠲᠠ ᠶᠢ ᠰᠢᠢᠳᠪᠦᠷᠢᠯᠡᠬᠦ | ᠵᠡᠷᠭᠡ ᠲᠠᠯ᠎ᠠ ᠪᠠᠷ ᠪᠠᠶᠠᠷᠯᠠᠭᠤᠰᠢᠲᠠᠶ ᠨᠢᠭᠡ ᠠᠯᠬᠤᠮ ᠢ ᠠᠯᠬᠤᠭᠰᠠᠨ ᠪᠠᠶᠢᠨ᠎ᠠ᠃ | ᠰᠢᠶᠤᠤ ᠰᠢᠤᠸᠠᠢ ᠵᠢᠤᠢ ᠶᠢᠨ ᠲᠤᠮᠤ ᠠᠷᠠᠳ ᠤᠨ ᠠᠮᠢᠳᠤᠷᠠᠯ ᠤᠨ ᠲᠤᠬᠠᠢ ᠶᠠᠷᠢᠬᠤ ᠳᠠᠭᠠᠨ᠂ ᠴᠧᠨ ᠱᠢ | ᠲᠣᠰᠬᠤᠨ ᠤ ᠲᠣᠰᠬᠤᠨ ᠳᠤ ᠰᠠᠭᠤᠭ᠎ᠠ ᠨᠢᠭᠡᠳᠦᠭᠡᠷ ᠱᠦᠵᠢ ᠵᠢᠶᠠ ᠯᠧ᠂ ᠰᠢᠤᠸᠠᠢ ᠵᠢᠤᠢ ᠶᠢᠨ ᠬᠥᠳᠡᠯᠮᠦᠷᠢ | ᠬᠦᠴᠦᠨ ᠤ ᠲᠤᠬᠠᠢ ᠱᠠᠭᠠᠷᠳᠠᠯᠭ᠎ᠠ ᠨᠡᠯᠢᠶᠡᠳ ᠳᠣᠣᠷ᠎ᠠ᠂ ᠲᠣᠰᠬᠤᠨ ᠤ ᠠᠷᠠᠳ ᠠᠵᠢᠯᠯᠠᠭ᠎ᠠ ᠬᠢᠵᠦ ᠴᠢᠳᠠᠬᠤ᠂ ᠬᠢᠬᠦ | ᠳᠤᠷᠠᠲᠠᠢ᠂ ᠬᠥᠭᠰᠢᠨ ᠵᠠᠯᠠᠭᠤ ᠪᠦᠷ ᠣᠷᠣᠯᠴᠠᠵᠤ ᠴᠢᠳᠠᠳᠠᠭ ᠯᠠ ᠶᠤᠮ ᠪᠣᠯ᠂ ᠪᠤᠰᠤᠳ ᠬᠥᠳᠡᠭᠡ ᠲᠣᠰᠬᠤᠨ ᠤ | ᠶᠠᠳᠠᠭᠤ ᠶᠢ ᠲᠡᠳᠬᠦᠬᠦ ᠠᠵᠤ ᠦᠢᠯᠡᠰ ᠤᠨ ᠪᠦᠷᠬᠦᠴᠡ ᠪᠣᠯᠤᠨ ᠣᠷᠣᠯᠴᠠᠬᠤ ᠨᠤᠷᠮ᠎ᠠ ᠲᠠᠢ ᠬᠠᠷᠢᠴᠠᠭᠤᠯᠪᠠᠯ ᠬᠤᠯᠠ | ᠥᠨᠳᠥᠷ ᠪᠠᠶᠢᠵᠤ᠂ ᠨᠠᠰᠤᠲᠠᠶᠢᠴᠤᠳ ᠢ ᠦᠨᠡᠨ ᠬᠦ ᠦᠳᠡᠯᠦᠭᠰᠡᠨ ᠴᠦ ᠦᠢᠯᠡᠰ ᠲᠠᠢ᠂ ᠦᠳᠡᠯᠦᠭᠰᠡᠨ ᠴᠦ | ᠣᠯᠤᠯᠲᠠ ᠲᠠᠢ᠂ ᠦᠳᠡᠯᠦᠭᠰᠡᠨ ᠴᠦ ᠪᠠᠶᠠᠷ ᠪᠠᠶᠠᠰᠤᠯ ᠲᠠᠢ ᠪᠠᠶᠢᠯᠭᠠᠵᠤ ᠴᠢᠳᠠᠨ᠎ᠠ᠂ ᠢᠯᠠᠩᠭᠤᠶ᠎ᠠ 70 ᠭᠠᠷᠤᠢ | ᠨᠠᠰᠤᠲᠠᠢ ᠬᠡᠳᠦᠨ ᠨᠠᠰᠤᠲᠠᠨ ᠤ ᠲᠡᠭᠦᠵᠦ ᠴᠤᠭᠯᠠᠭᠤᠯᠤᠭᠰᠠᠨ ᠣᠷᠣᠯᠭ᠎ᠠ ᠤᠯᠬᠤ ᠦᠶ᠎ᠡ ᠶᠢᠨ ᠨᠢᠯᠪᠤᠰᠤ ᠪᠠᠨ | ᠠᠷᠴᠢᠭᠰᠠᠨ ᠪᠠᠶᠢᠳᠠᠯ ᠢ ᠣᠯᠵᠤ ᠬᠠᠷᠠᠨ᠂ ᠬᠥᠳᠡᠯᠮᠦᠷᠢᠴᠢᠨ ᠠᠷᠠᠳ ᠲᠦᠮᠡᠨ ᠤ ᠠᠶᠠᠨᠳᠠᠭᠠᠨ ᠢᠯᠡᠷᠡᠭᠦᠯᠦᠭᠰᠡᠨ | ᠬᠦᠷᠲᠡᠮᠵᠢ ᠶᠢᠨ ᠲᠦᠷᠦᠭᠳᠡᠯ᠂ ᠵᠢᠷᠭᠠᠯᠲᠤ ᠲᠦᠷᠦᠭᠳᠡᠯ ᠢ ᠣᠯᠵᠤ ᠬᠠᠷᠠᠵᠠᠢ ᠭᠡᠵᠦ ᠲᠠᠨᠢᠯᠴᠠᠭᠤᠯᠪᠠ᠃ | ︽ᠴᠠᠰᠤᠨ ᠤᠳᠪᠠᠯᠠ ᠳᠠᠷᠢᠬᠤ ᠨᠢ ᠵᠢᠯ ᠪᠦᠷᠢ ᠲᠣᠰ ᠲᠣᠰᠬᠤᠨ ᠵᠢᠴᠢ ᠡᠷᠬᠢᠨ ᠲᠣᠭᠤᠷᠢᠨ ᠤ 200 ᠭᠠᠷᠤᠶ | ᠡᠷᠦᠬᠡ ᠲᠣᠰᠬᠤᠨ ᠤ ᠠᠷᠠᠳ ᠢ ᠶᠠᠳᠠᠭᠤ ᠠᠴᠠ ᠠᠩᠭᠢᠵᠢᠷᠠᠭᠤᠯᠤᠨ ᠪᠠᠶᠠᠵᠢᠭᠤᠯᠵᠤ᠂ ᠵᠢᠯ ᠪᠦᠷᠢ ᠶᠢᠨ ᠣᠷᠣᠯᠭ᠎ᠠ ᠶᠢᠨ | 90 % ᠨᠢ ᠴᠥᠮ ᠲᠤᠬᠠᠶ ᠶᠢᠨ ᠭᠠᠵᠠᠷ ᠤᠨ ᠠᠷᠠᠳ ᠢᠷᠭᠡᠳ ᠲᠤ ᠠᠴᠢ ᠲᠤᠰᠠ ᠬᠦᠷᠲᠡᠭᠡᠵᠦ᠂ ᠡᠷᠦᠬᠡ | ᠪᠦᠷᠢ ᠶᠢᠨ ᠳᠤᠮᠳᠠᠴᠢ ᠣᠷᠣᠯᠭ᠎ᠠ ᠨᠢ 20003000 ᠲᠥᠭᠦᠷᠢᠭ / ᠵᠢᠯ ᠪᠠᠶᠢᠵᠤ᠂ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ | ᠰᠠᠶᠢᠨ ᠠᠵᠤ ᠦᠢᠯᠡᠰ ᠪᠣᠯᠤᠨ᠎ᠠ᠃︾ ᠭᠡᠵᠦ ᠴᠧᠨ ᠱᠢ ᠲᠣᠰᠬᠤᠨ ᠤ ᠨᠠᠮ ᠤᠨ ᠡᠭᠦᠷ ᠤᠨ ᠱᠦᠵᠢ ᠵᠠᠩ ᠯᠢᠶᠠᠩ | ᠦᠨᠡᠯᠡᠨ ᠬᠡᠯᠡᠪᠡ᠃ | ᠣᠨᠳᠣᠣ ᠭᠠᠵᠠᠷ ᠨᠡᠭᠦᠯᠭᠡᠨ ᠲᠥᠪᠬᠢᠨᠡᠭᠦᠯᠬᠦ ᠴᠡᠭ ᠲᠤ ᠰᠠᠭᠤᠭ᠎ᠠ ᠯᠢᠦ ᠷᠦᠢ ᠨᠢᠭᠡᠨᠲᠡ ᠨᠠᠰᠤ ᠠᠭᠢᠭᠰᠠᠨ | ᠨᠠᠰᠤᠲᠠᠨ ᠪᠣᠯᠵᠠᠢ᠂ ᠡᠨᠡ ᠬᠤᠶᠠᠷ ᠵᠢᠯ ᠴᠠᠰᠤᠨ ᠤᠳᠪᠠᠯᠠ ᠶᠢᠨ ᠠᠵᠤ ᠦᠢᠯᠡᠰ ᠤᠨ ᠬᠥᠭᠵᠢᠯᠲᠡ ᠳᠤ ᠣᠷᠣᠯᠴᠠᠵᠤ᠂ | 2020 ᠣᠨ ᠳᠤ ᠬᠤᠶᠠᠷ ᠨᠠᠰᠤᠲᠠᠨ 4000 ᠰᠢᠬᠠᠮ ᠲᠥᠭᠦᠷᠢᠭ ᠤᠨ ᠠᠰᠢᠭ ᠬᠦᠷᠳᠡᠵᠡᠢ᠂ ᠲᠡᠷᠡ | ᠡᠬᠡᠨᠡᠷ ᠲᠠᠢ ᠪᠠᠨ ᠵᠠᠭᠤᠨ ᠲᠥᠭᠦᠷᠢᠭ ᠤᠨ ᠣᠷᠣᠯᠭ᠎ᠠ ᠲᠠᠢ ᠪᠣᠯᠤᠭᠰᠠᠨ ᠦᠶ᠎ᠡ ᠳᠤ᠂ ᠴᠢᠷᠠᠢ ᠳᠡᠭᠡᠷ᠎ᠡ ᠨᠢ ᠪᠠᠶᠠᠷ ᠬᠦᠷ | ᠪᠢᠯᠬᠠᠵᠤ᠂ ᠰᠡᠳᠬᠢᠯ ᠳᠣᠭᠳᠣᠯᠤᠨ᠄ ︽ᠪᠢᠳᠡ ᠡᠳᠦᠢ ᠨᠠᠰᠤᠯᠠᠴᠢᠬᠠᠭᠠᠳ ᠪᠠᠰᠠ ᠥᠪᠡᠷ ᠤᠨ ᠰᠢᠷᠭᠠᠭᠤ | ᠬᠥᠳᠡᠯᠮᠦᠷᠢ ᠪᠠᠷ ᠢᠶᠠᠨ ᠳᠠᠮᠵᠢᠨ ᠵᠣᠭᠤᠰ ᠣᠯᠵᠤ᠂ ᠠᠮᠢᠳᠤᠷᠠᠯ ᠳᠡᠭᠡᠷ᠎ᠡ ᠦᠷ᠎ᠡ ᠬᠡᠦᠬᠡᠳ ᠤᠨ ᠢᠶᠠᠨ ᠲᠤᠰᠠᠯᠠᠮᠵᠢ ᠶᠢ | ᠬᠡᠷᠡᠭᠰᠡᠬᠦ ᠦᠭᠡᠢ᠂ ᠨᠠᠮ ᠤᠨ ᠰᠠᠶᠢᠨ ᠲᠦᠷᠦᠶᠢᠨ ᠪᠤᠳᠤᠯᠭ᠎ᠠ ᠰᠠᠶᠢᠨ ᠺᠠᠳ᠋ᠷ ᠲᠤ ᠲᠠᠯᠠᠷᠬᠠᠵᠤ ᠪᠠᠶᠢᠨ᠎ᠠ᠃ 75 | ᠨᠠᠰᠤᠲᠠᠢ ᠲᠣᠰᠬᠤᠨ ᠤ ᠳᠠᠷᠤᠭ᠎ᠠ ᠳ᠋ᠤᠸᠠᠨ ᠹᠦ᠋ ᠡᠬᠢᠯᠡᠩᠭᠦᠳᠡ ᠪᠠᠨ ᠰᠢᠤᠸᠠᠢ ᠵᠢᠤᠢ ᠶᠠᠳᠠᠭᠤ ᠶᠢ ᠲᠡᠳᠬᠦᠬᠦ ᠠᠵᠤ | ᠦᠢᠯᠡᠰ ᠲᠤ ᠢᠳᠡᠪᠬᠢᠲᠡᠢ ᠣᠷᠣᠯᠴᠠᠵᠤ᠂ 2020 ᠣᠨ ᠳᠤ 6000 ᠭᠠᠷᠤᠢ ᠲᠥᠭᠦᠷᠢᠭ ᠤᠨ ᠠᠰᠢᠭ ᠣᠷᠣᠯᠭ᠎ᠠ | ᠣᠯᠵᠤ᠂ ᠪᠤᠰᠤᠳ ᠲᠣᠰᠬᠤᠨ ᠤ ᠺᠠᠳ᠋ᠷ ᠲᠠᠢ ᠢᠷᠡᠬᠦ ᠵᠢᠯ ᠦᠷᠭᠦᠯᠵᠢᠯᠡᠨ ᠰᠠᠶᠢᠲᠤᠷ ᠠᠵᠢᠯᠯᠠᠵᠤ᠂ ᠨᠤᠲᠤᠭ ᠤᠨ | ᠠᠬ᠎ᠠ ᠳᠡᠭᠦᠦ ᠨᠡᠷ ᠢᠶᠠᠨ ᠳᠠᠭᠠᠭᠤᠯᠤᠨ ᠪᠠᠶᠠᠵᠢᠨ᠎ᠠ ᠭᠡᠵᠦ ᠰᠠᠨᠠᠯ ᠨᠢᠭᠡᠲᠡᠢ ᠢᠯᠡᠳᠬᠡᠪᠡ᠃ | ᠬᠢᠷᠢ ᠪᠦᠲᠦᠮᠵᠢ ᠪᠣᠯᠭᠠᠨ ᠤ ᠠᠷᠤ ᠳᠤ ᠬᠡᠵᠢᠶᠡᠳᠡ ᠶᠠᠷᠢᠭᠠᠳ ᠪᠠᠷᠠᠬᠤ ᠦᠭᠡᠢ ᠦᠯᠢᠭᠡᠷ ᠪᠠᠶ᠋ᠳᠠᠭ᠃ ᠬᠡᠳᠦᠨ | ᠵᠢᠯ ᠤᠨ ᠰᠢᠤᠸᠠᠢ ᠵᠢᠤᠢ ᠶᠢᠨ ᠶᠠᠳᠠᠭᠤ ᠶᠢ ᠲᠡᠳᠬᠦᠬᠦ ᠠᠵᠤ ᠦᠶ᠋ᠯᠡᠰ ᠤᠨ ᠬᠥᠭᠵᠢᠯᠲᠡ ᠶᠢᠨ ᠳᠤᠮᠳᠠ᠂ ᠴᠧᠨ ᠱᠢ | ᠼᠦᠨ ᠲᠣᠰᠬᠤᠨ ᠤ ︽ᠬᠤᠶᠠᠷ ᠵᠥᠪᠯᠡᠯ︾ ᠪᠣᠯᠤᠨ ᠲᠣᠰᠬᠤᠨ ᠳᠤ ᠰᠠᠭᠤᠭ᠎ᠠ ᠠᠵᠢᠯᠯᠠᠬᠤ ᠠᠩᠭᠢ ᠲᠤᠷᠰᠢᠯᠲᠠ | ᠬᠢᠭᠰᠡᠨ ᠠᠴᠠ ᠬᠡᠷᠡᠭᠵᠢᠭᠦᠯᠬᠦ ᠪᠣᠯᠲᠠᠯ᠎ᠠ᠂ ᠴᠢᠬᠢ ᠬᠤᠳᠠᠯᠳᠤᠨ ᠠᠪᠬᠤ ᠠᠴᠠ ᠥᠪᠡᠷ ᠤᠨ ᠴᠢᠬᠢ ᠪᠤᠶᠢᠵᠢᠭᠤᠯᠬᠤ | ᠬᠦᠷᠲᠡᠯ᠎ᠡ᠂ ᠠᠷᠪᠠᠨ ᠬᠡᠳᠦᠨ ᠮᠥ ᠲᠤᠷᠰᠢᠯᠲᠠ ᠶᠢᠨ ᠲᠠᠷᠢᠶᠠᠨᠡᠴᠠ ᠵᠠᠭᠤ ᠭᠠᠷᠤᠶ ᠮᠥ ᠵᠢᠱᠢᠶ᠎ᠡ ᠦᠵᠡᠭᠦᠯᠬᠦ ᠰᠠᠭᠤᠷᠢᠨ | ᠭᠠᠵᠠᠷ ᠬᠦᠷᠲᠡᠯ᠎ᠡ᠂ ᠶᠡᠭᠡ ᠲᠠᠷᠢᠶᠠᠨ ᠭᠠᠵᠠᠷ ᠠᠴᠠ ᠬᠦᠷᠢᠶ᠎ᠡ ᠬᠠᠰᠢᠶ᠎ᠠ ᠶᠢᠨ ᠲᠤᠷᠰᠢᠯᠲᠠ ᠶᠢᠨ ᠴᠡᠭ ᠬᠦᠷᠲᠡᠯ᠎ᠡ᠂ | ᠲᠣᠰ ᠲᠣᠰᠬᠤᠨ ᠤ ᠳᠠᠷᠢᠬᠤ ᠠᠴᠠ ᠡᠷᠬᠢᠨ ᠲᠣᠭᠤᠷᠢᠨ ᠤ ᠲᠣᠰᠬᠤᠨ ᠤ ᠳᠠᠷᠢᠬᠤ ᠠᠵᠢᠯ ᠢ ᠳᠠᠶᠢᠴᠢᠯᠠᠨ ᠬᠠᠪᠰᠤᠷᠬᠤ | ᠬᠦᠷᠲᠡᠯ᠎ᠡ᠂ ᠤᠳᠠᠭ᠎ᠠ ᠳᠠᠷᠠᠭᠠᠯᠠᠨ ᠬᠠᠶᠢᠨ ᠰᠦᠪᠡᠭᠴᠢᠯᠡᠵᠦ᠂ ᠠᠯᠬᠤᠮ ᠠᠯᠬᠤᠮ ᠢᠶᠠᠷ ᠬᠤᠷᠠᠮᠳᠤᠭᠤᠯᠵᠤ᠂ | ᠥᠪᠡᠷ ᠤᠨ ᠭᠡᠰᠡᠨ ᠪᠠᠶᠠᠵᠢᠯ ᠤᠨ ᠵᠠᠮ ᠲᠠᠢ ᠪᠣᠯᠵᠠᠶ᠃ ᠵᠢᠩᠬᠢᠨᠢ ᠨᠣᠮ ᠰᠤᠳᠤᠷ ᠢ ᠰᠤᠷᠤᠯᠴᠠᠬᠤ ᠶᠢᠨ ᠲᠥᠯᠥᠭᠡ᠂ | ᠲᠡᠳᠡ ︽ᠭᠠᠳᠠᠭᠰᠢ ᠭᠠᠷᠴᠤ᠂ ᠤᠷᠢᠵᠤ ᠠᠪᠴᠢᠷᠠᠨ︾᠂ ᠠᠯᠤᠰ ᠬᠤᠯᠠ ᠠᠴᠠ ᠬᠥᠮᠦᠨ ᠲᠣᠮᠢᠯᠠᠨ ᠰᠢᠨᠵᠢᠶᠠᠩ ᠳᠤ | ᠣᠴᠢᠭᠤᠯᠵᠤ ᠪᠦᠬᠦ ᠲᠠᠯ᠎ᠠ ᠶᠢᠨ ᠲᠤᠷᠰᠢᠯᠭ᠎ᠠ ᠰᠤᠷᠤᠯᠴᠠᠭᠤᠯᠵᠤ᠂ ᠪᠠᠰᠠ ᠪᠠᠩᠬᠢ ᠳᠠᠭᠠᠳᠬᠠᠯ ᠤᠨ ᠬᠢᠨᠠᠯᠲᠠ | ᠬᠠᠮᠢᠶᠠᠷᠤᠯᠲᠠ ᠶᠢᠨ ᠵᠥᠪᠯᠡᠯ ᠵᠡᠷᠭᠡ ᠬᠠᠪᠰᠤᠷᠤᠨ ᠲᠡᠳᠬᠦᠬᠦ ᠠᠷᠭ᠎ᠠ ᠵᠠᠮ ᠢᠶᠠᠷ ᠦᠢᠯᠡᠳᠪᠦᠷᠢᠯᠡᠯ ᠪᠣᠷᠣᠯᠠᠭᠤᠯᠭ᠎ᠠ ᠶᠢᠨ | ᠠᠰᠠᠭᠤᠳᠠᠯ ᠢ ᠰᠢᠢᠳᠪᠦᠷᠢᠯᠡᠵᠦ᠂ ᠬᠠᠯᠠᠨ ᠰᠠᠶᠢᠵᠢᠷᠠᠭᠤᠯᠬᠤ ᠡᠯ᠎ᠡ ᠲᠠᠯ᠎ᠠ ᠶᠢᠨ ᠳᠤᠷᠠᠳᠤᠭᠰᠠᠨ ᠰᠠᠨᠠᠯ ᠰᠠᠨᠠᠭᠤᠯᠭ᠎ᠠ ᠶᠢ | ᠳᠠᠷᠤᠤ ᠬᠢᠴᠢᠶᠡᠩᠭᠦᠢ ᠪᠠᠷ ᠬᠦᠯᠢᠶᠡᠨ ᠠᠪᠤᠪᠠ᠃ | ᠢᠯᠠᠩᠭᠤᠶ᠎ᠠ ᠲᠡᠳᠡ ᠲᠣᠰᠬᠤᠨ ᠤ ︽ᠬᠤᠶᠠᠷ ᠵᠥᠪᠯᠡᠯ︾ ᠤᠨ ᠺᠠᠳ᠋ᠷ ᠪᠣᠯᠤᠨ ᠤᠯᠠᠨ ᠲᠦᠮᠡᠨ ᠢ ᠲᠣᠰᠬᠤᠨ ᠤ | ᠨᠠᠮ ᠤᠨ ᠡᠭᠦᠷ ᠤᠨ ᠲᠣᠭᠤᠷᠢᠨ ᠳᠤ ᠨᠢᠭᠲᠠᠷᠠᠭᠤᠯᠵᠤ᠂ ᠦᠨᠳᠦᠰᠦᠨ ᠱᠠᠲᠤᠨ ᠤ ᠡᠮᠦᠨ᠎ᠡ ᠹᠷᠣᠨᠲ ᠤᠨ ᠬᠦᠴᠦᠨ ᠢ | ᠰᠡᠳᠬᠢᠯ ᠨᠢᠭᠡᠳᠦᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ︽ᠬᠠᠮ ᠨᠢᠳᠤᠷᠭ᠎ᠠ︾ ᠶᠢ ᠰᠠᠶᠢᠲᠤᠷ ᠠᠳᠬᠤᠪᠠ᠃ | ᠣᠳᠣᠬᠠᠨ ᠳᠤ᠂ ︽ᠲᠣᠰᠬᠤᠨ ᠤ ᠨᠠᠮ ᠤᠨ ᠡᠭᠦᠷ᠂ ᠲᠣᠰᠬᠤᠨ ᠳᠤ ᠰᠠᠭᠤᠭ᠎ᠠ ᠠᠵᠢᠯᠯᠠᠬᠤ ᠠᠩᠬᠢ ︵ᠲᠦᠷᠦᠭᠦᠯᠡᠨ | ᠬᠢᠬᠦ︶ + ᠬᠤᠷᠰᠢᠶ᠎ᠠ ︵ᠡᠵᠡᠩᠨᠡᠯᠲᠡ︶ + ᠰᠠᠭᠤᠷᠢᠨ ︵ᠲᠠᠷᠢᠮᠠᠯ︶ + ᠺᠣᠮᠫᠠᠨᠢ ︵ᠪᠣᠷᠣᠯᠠᠭᠤᠯᠭ᠎ᠠ︶ + | ᠲᠠᠷᠢᠶᠠᠴᠢᠨ ᠡᠷᠦᠬᠡ ︵ᠤᠷᠤᠯᠴᠠᠯᠭ᠎ᠠ︶︾ ᠶᠢᠨ ᠴᠠᠰᠤᠨ ᠤᠳᠪᠠᠯᠠ ᠶᠢᠨ ᠠᠵᠤ ᠦᠢᠯᠡᠰ ᠤᠨ ᠬᠥᠭᠵᠢᠯᠲᠡ ᠪᠠᠷ | ᠶᠠᠳᠠᠭᠤ ᠬᠦᠴᠢᠷᠳᠡᠯᠲᠡᠢ ᠬᠥᠮᠦᠰ ᠢ ᠳᠠᠶᠢᠴᠢᠯᠠᠬᠤ ᠵᠠᠭᠪᠤᠷ ᠢ ᠪᠠᠶᠢᠭᠤᠯᠵᠤ᠂ ᠴᠠᠰᠤᠨ ᠤᠳᠪᠠᠯᠠ ᠶᠢᠨ ᠴᠢᠬᠢ | ᠪᠤᠶᠢᠵᠢᠭᠤᠯᠬᠤ᠂ ᠲᠠᠷᠢᠬᠤ᠂ ᠡᠳ᠋ᠰᠢᠭᠦᠯᠬᠦ᠂ ᠪᠣᠷᠣᠯᠠᠭᠤᠯᠬᠤ ᠶᠢ ᠨᠢᠭᠡ ᠴᠤᠬᠴᠠᠵᠢᠭᠤᠯᠤᠬᠰᠠᠨ ᠪᠦᠷᠢᠨ ᠪᠦᠲᠦᠨ ᠠᠵᠤ | ᠦᠢᠯᠡᠰᠤᠨ ᠬᠡᠯᠬᠢᠶ᠎ᠡ ᠶᠢ ᠪᠦᠷᠢᠯᠳᠦᠭᠦᠯᠪᠡ᠃ | ᠬᠤᠶᠢᠰᠢᠳᠠ ᠶᠢᠨ ᠬᠥᠭᠵᠢᠯᠲᠡ ᠶᠢᠨ ᠲᠤᠬᠠᠶ ᠶᠠᠷᠢᠬᠤ ᠳᠠᠭᠠᠨ᠂ ᠲᠣᠰᠬᠤᠨ ᠳᠤ ᠰᠠᠭᠤᠭ᠎ᠠ ᠠᠵᠢᠯᠯᠠᠬᠤ ᠠᠩᠭᠢ | ᠪᠣᠯᠤᠨ ᠲᠣᠰᠬᠤᠨ ᠤ ︽ᠬᠤᠶᠠᠷ ᠵᠥᠪᠯᠡᠯ︾ ᠤᠨ ᠨᠢᠭᠡᠳᠦᠭᠡᠷ ᠠᠩᠭᠢ ᠶᠢᠨ ᠬᠢᠨ ᠢᠯᠡᠷᠬᠡᠶᠢᠯᠡᠬᠦ ᠳᠡᠭᠡᠨ᠂ ︽ᠨᠢᠭᠡ | ᠲᠣᠰᠬᠤᠨ ᠨᠢᠭᠡ ᠦᠢᠯᠡᠳᠭᠦᠨ︾ ᠢᠶᠠᠷ ᠴᠠᠰᠤᠨ ᠤᠳᠪᠠᠯᠠ ᠶᠢᠨ ᠲᠤᠰᠬᠠᠶ ᠲᠣᠰᠬᠤᠨ ᠢ ᠪᠠᠶᠢᠭᠤᠯᠬᠤ ᠴᠢᠭᠯᠡᠯ | ᠶᠣᠰᠣᠭᠠᠷ᠂ ︽ᠬᠡᠪᠴᠢᠶ᠎ᠡ ᠶᠢ ᠥᠷᠭᠡᠳᠬᠡᠬᠦ᠂ ᠶᠠᠰᠤ ᠴᠢᠨᠠᠷ ᠢ ᠳᠡᠭᠡᠭᠰᠢᠯᠡᠭᠦᠯᠬᠦ᠂ ᠦᠷ᠎ᠡ ᠠᠰᠢᠭ ᠢ ᠨᠡᠮᠡᠭᠳᠡᠭᠦᠯᠬᠦ︾ | ᠳᠡᠭᠡᠷ᠎ᠡ ᠬᠦᠴᠦ ᠣᠷᠣᠭᠤᠯᠵᠤ᠂ ᠰᠢᠪᠲᠤᠯᠤᠯᠲᠠ ᠭᠠᠷᠭᠠᠬᠤᠪᠠᠷ ᠴᠢᠷᠮᠠᠶᠢᠵᠤ᠂ ᠪᠥᠬᠦ ᠬᠤᠰᠢᠭᠤ ᠴᠢᠨᠠᠭᠰᠢᠯᠠᠪᠠᠯ ᠪᠥᠬᠦ | ᠬᠤᠲᠠ ᠶᠢᠨ ᠶᠠᠳᠠᠭᠤ ᠬᠦᠴᠢᠷᠳᠡᠯᠲᠡᠶ ᠣᠨᠴᠠᠯᠢᠭᠲᠤ ᠠᠵᠤ ᠦᠢᠯᠡᠰ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ | ᠪᠥᠲᠥᠭᠡᠨ ᠪᠠᠶᠢᠭᠤᠯᠬᠤ ᠬᠠᠷᠠᠯᠲᠠ ᠳᠠᠰᠢ ᠤᠷᠤᠭᠰᠢᠯᠠᠬᠤ ᠬᠡᠷᠡᠭᠲᠡᠶ ᠭᠡᠵᠡᠶ᠃ |