︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠤᠩᠾᠦᠩ ᠪᠠᠯᠭᠠᠰᠤ᠄ ᠦᠨᠡᠨ ᠰᠡᠳᠬᠢᠯ ᠠᠴᠠ ᠪᠠᠨ ᠠᠷᠠᠳ ᠲᠤ ᠪᠣᠳᠠᠲᠠᠢ ᠶᠠᠪᠤᠳᠠᠯ ᠬᠢᠵᠦ ᠥᠭᠭᠦᠨ᠎ᠡ
ᠨᠡᠶᠢᠲᠡᠯᠡᠭᠰᠡᠨ ᠴᠠᠭ᠄
2021/6/11
︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠭᠦᠨ᠎ᠡ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠣᠩᠬᠤᠨ ᠪᠠᠯᠭᠠᠰᠤ᠄ ᠦᠨᠡᠨ ᠰᠡᠳᠬᠢᠯ ᠠᠴᠠ ᠪᠠᠨ ᠠᠷᠠᠳ ᠲᠤ ᠪᠣᠳᠠᠲᠠᠢ ᠶᠠᠪᠤᠳᠠᠯ ᠬᠢᠵᠦ ᠥᠭᠭᠦᠨ᠎ᠡ      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠰᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠣᠩᠬᠤᠨ ᠪᠠᠯᠭᠠᠰᠤᠨ ᠳᠤ᠂ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠬᠦᠷ ᠬᠥᠭᠵᠢᠶᠡᠨᠲᠡᠢ ᠥᠷᠨᠢᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠲᠠᠢ ᠬᠤᠯᠪᠣᠭᠳᠠᠭᠰᠠᠨ ︽ᠪᠠᠴᠢᠮ᠂ ᠬᠦᠴᠢᠷ᠂ ᠵᠣᠪᠠᠨᠢᠯ︾ ᠶᠠᠪᠤᠳᠠᠯ ᠤᠳ ᠢ ᠰᠢᠢᠳᠪᠦᠷᠢᠯᠡᠪᠡ᠃
     6 ᠰᠠᠷ᠎ᠠ ᠶᠢᠨ 10 ᠤ ᠡᠳᠦᠷ᠂ ᠪᠣᠩᠬᠤᠨ ᠪᠠᠯᠭᠠᠰᠤᠨ ᠤ ᠪᠦᠬᠦ ᠺᠠᠳ᠋ᠷ ᠪᠣᠯᠤᠨ ᠲᠣᠰᠬᠤᠨ ᠤ ︽ᠬᠤᠶᠠᠷ ᠵᠥᠪᠯᠡᠯ︾ ᠤᠨ ᠪᠦᠷᠢᠯᠳᠦᠬᠦᠨ ᠴᠧᠨ ᠱᠢ ᠼᠦᠨ ᠲᠣᠰᠬᠤᠨ ᠤ ᠲᠣᠰᠬᠤᠨ ᠤ ᠠᠷᠠᠳ ᠤᠨ ᠵᠥᠪᠯᠡᠯ ᠳᠤ ᠴᠧᠨ ᠱᠢ ᠼᠦᠨ ᠲᠣᠰᠬᠤᠨ ᠤ ᠬᠦᠨᠳᠦ ᠡᠪᠡᠳᠴᠢᠨ ᠲᠠᠢ ᠡᠷᠦᠬᠡ ᠶᠠᠩ ᠵᠠᠨ ᠵᠢᠶᠦ᠋ᠨ ᠳᠤ ᠥᠴᠦᠬᠡᠨ ᠬᠦᠴᠦᠨ ᠡᠷᠭᠦᠵᠦ᠂ ᠨᠡᠶᠢᠲᠡ 6340 ᠲᠥᠭᠦᠷᠢᠭ ᠤᠨ ᠬᠠᠶᠢᠷ᠎ᠠ ᠬᠠᠯᠠᠮᠵᠢ ᠶᠢᠨ ᠮᠥᠩᠭᠦ ᠬᠠᠨᠳᠢᠪᠯᠠᠵᠤ᠂ ᠪᠣᠳᠠᠲᠤ ᠠᠵᠢᠯᠯᠠᠭ᠎ᠠ ᠪᠠᠷ ᠢᠶᠠᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠪᠡ︾᠂ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠰ︾ ᠢ ᠦᠢᠯᠡᠳᠦᠯᠭᠡᠵᠢᠭᠦᠯᠵᠦ᠂ ᠬᠠᠶᠢᠷ᠎ᠠ ᠶᠢᠨ ᠰᠢᠨ᠎ᠡ ᠴᠠᠭ ᠦᠶ᠎ᠡ ᠶᠢᠨ ᠤᠷᠤᠭᠰᠢᠯᠠᠯᠲᠠ ᠶᠢᠨ ᠬᠥᠭᠵᠢᠮ ᠢ ᠲᠣᠭᠯᠠᠪᠠ᠃ ᠡᠭᠦᠨ ᠤ ᠵᠡᠷᠭᠡᠪᠡᠷ᠂ ᠪᠦᠬᠦ ᠪᠠᠯᠭᠠᠰᠤᠨ ᠤ ᠨᠠᠮ ᠤᠨ ᠭᠡᠰᠢᠭᠦᠨ ᠺᠠᠳ᠋ᠷ ᠬᠦᠴᠢᠷᠳᠡᠯᠲᠡᠢ ᠨᠠᠮ ᠤᠨ ᠭᠡᠰᠢᠭᠦᠨ ᠤᠯᠠᠨ ᠲᠦᠮᠡᠨ ᠤ ᠭᠡᠷ ᠲᠤ ᠭᠦᠨᠵᠡᠭᠡᠶᠢᠷᠡᠵᠦ ᠲᠡᠳᠡᠨ ᠳᠤ ᠲᠣᠬᠤᠨᠢᠭᠤᠯᠬᠤ ᠪᠣᠳᠠᠰ ᠬᠦᠷᠭᠡᠪᠡ᠃ ᠡᠨᠡ ᠤᠳᠠᠭᠠᠨ ᠤ ᠠᠵᠢᠯᠯᠠᠭ᠎ᠠ ᠪᠣᠯ  ᠪᠣᠩᠬᠤᠨ ᠪᠠᠯᠭᠠᠰᠤᠨ ᠤ ᠨᠠᠶᠢᠳᠠᠪᠤᠷᠢᠵᠢᠭᠤᠯᠤᠯᠲᠠ ᠶᠢᠨ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠪᠣᠯᠤᠨ ︽ᠦᠨᠳᠦᠰᠦᠲᠡᠨ ᠨᠦᠭᠦᠳ ᠪᠦᠯᠬᠦᠮᠳᠡᠨ ᠨᠢᠭᠡ ᠭᠡᠷ ᠤᠨ ᠬᠥᠮᠦᠨ ᠮᠡᠲᠦ ᠳᠣᠲᠣᠨᠣ ᠪᠠᠶᠢᠬᠤ︾ ᠶᠢᠨ ᠬᠤᠷᠢᠶᠠᠩᠭᠤᠢ ᠳᠦᠷᠰᠦ ᠪᠣᠯᠤᠨ᠎ᠠ᠃
     ︽ᠪᠢ ᠤᠯᠠᠨ ᠲᠦᠮᠡᠨ ᠳᠤ ᠪᠣᠳᠠᠲᠠᠢ ᠠᠵᠢᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠥᠷᠨᠢᠭᠦᠯᠦᠭᠰᠡᠨ ᠠᠴᠠ ᠨᠠᠰᠢ᠂ ᠪᠣᠩᠬᠤᠨ ᠪᠠᠯᠭᠠᠰᠤ ᠶᠢᠨ ︽ᠪᠠᠯᠭᠠᠰᠤ᠂ ᠲᠣᠰᠬᠤᠨ︾ ᠬᠤᠶᠠᠷ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠱᠦᠵᠢ ᠲᠦᠷᠦᠭᠦᠯᠡᠨ ᠤᠳᠤᠷᠢᠳᠬᠤ ᠪᠠᠭ ᠪᠣᠯᠤᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠢᠳᠡᠪᠬᠢᠲᠡᠢ ᠣᠷᠣᠯᠴᠠᠵᠤ᠂ ᠤᠯᠠᠨ ᠲᠦᠮᠡᠨ ᠤ ᠪᠣᠳᠠᠲᠠᠢ ᠲᠤᠯᠭᠠᠷᠠᠭᠰᠠᠨ ᠬᠦᠴᠢᠷᠳᠡᠯ ᠪᠣᠯᠤᠨ ᠠᠰᠠᠭᠤᠳᠠᠯ ᠢ ᠲᠣᠰᠬᠤᠨ ᠳᠤ ᠬᠦᠷᠴᠦ ᠡᠷᠤᠭᠡ ᠳᠤ ᠬᠦᠷᠴᠦ ᠭᠦᠨᠵᠡᠭᠡᠢ ᠪᠠᠶᠢᠴᠠᠭᠠᠨ ᠡᠮᠬᠢᠯᠡᠵᠦ᠂ ᠤᠯᠠᠨ ᠲᠦᠮᠡᠨ ᠤ ᠰᠠᠨᠠᠭ᠎ᠠ ᠵᠣᠪᠠᠵᠤ ᠪᠠᠶᠢᠭ᠎ᠠ ᠶᠠᠪᠤᠳᠠᠯ᠂ ᠰᠠᠨᠠᠭ᠎ᠠ ᠵᠣᠪᠠᠵᠤ ᠪᠠᠶᠢᠭ᠎ᠠ ᠶᠠᠪᠤᠳᠠᠯ ᠢ ᠦᠨᠡᠨᠬᠦ ᠰᠢᠢᠳᠪᠦᠷᠢᠯᠡᠵᠦ᠂ ᠪᠣᠳᠠᠲᠠᠢ ᠶᠠᠪᠤᠳᠠᠯ ᠢ ᠰᠠᠶᠢᠲᠤᠷ ᠬᠢᠵᠦ᠂ ᠰᠠᠶᠢᠨ ᠶᠠᠪᠤᠳᠠᠯ ᠢ ᠪᠣᠳᠠᠲᠠᠶᠢᠵᠢᠭᠤᠯᠵᠠᠢ᠃      ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠤ᠂ ᠪᠣᠩᠬᠤᠨ ᠪᠠᠯᠭᠠᠰᠤ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠶᠢ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠠᠭᠤᠯᠭ᠎ᠠ ᠪᠣᠯᠭᠠᠵᠤ᠂ ᠨᠠᠮ ᠤᠨ ᠲᠡᠦᠬᠡ ᠶᠢ ᠰᠤᠷᠤᠯᠴᠠᠬᠤ ᠶᠢ ᠠᠵᠢᠯ ᠢᠶᠠᠨ ᠠᠬᠢᠭᠤᠯᠬᠤ ᠲᠠᠢ ᠤᠶᠠᠯᠳᠤᠭᠤᠯᠵᠤ᠂ ᠪᠣᠳᠠᠲᠠᠢ ᠠᠰᠠᠭᠤᠳᠠᠯ ᠢ ᠰᠢᠢᠳᠪᠦᠷᠢᠯᠡᠬᠦ ᠲᠠᠢ ᠤᠶᠠᠯᠳᠤᠭᠤᠯᠵᠤ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠲᠠᠢ ᠤᠶᠠᠯᠳᠤᠭᠤᠯᠵᠤ᠂ ᠨᠠᠮ ᠤᠨ ᠲᠡᠦᠬᠡ ᠶᠢ ᠰᠤᠷᠤᠯᠴᠠᠭᠰᠠᠨ ᠦᠷ᠎ᠡ ᠪᠦᠲᠦᠮᠵᠢ ᠶᠢ ᠠᠷᠠᠳ ᠲᠦᠮᠡᠨ ᠳᠤ ᠦᠢᠯᠡᠴᠢᠯᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠠᠢ᠃ ︽ᠪᠢ ᠣᠯᠠᠨ ᠲᠦᠮᠡᠨ ᠳᠤ ᠪᠣᠳᠠᠲᠤ ᠶᠠᠪᠤᠳᠠᠯ ᠬᠢᠵᠦ ᠥᠭᠬᠦ︾ ᠦᠢᠯᠡᠳᠦᠯᠭᠡ ᠶᠢᠨ ᠠᠵᠢᠯᠯᠠᠭ᠎ᠠ ᠥᠷᠨᠢᠭᠦᠯᠦᠭᠰᠡᠨ ᠠᠴᠠ ᠨᠠᠰᠢ᠂ ᠪᠣᠩᠬᠤᠨ ᠪᠠᠯᠭᠠᠰᠤ ᠶᠢᠨ ᠬᠢᠨ ᠤᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠬᠦᠷᠢᠶ᠎ᠡ ᠶᠢᠨ ᠲᠣᠭᠤᠷᠢᠨ ᠳᠤ᠂ ᠡᠯ᠎ᠡ ᠲᠦᠷᠦᠯ ᠤᠨ ᠬᠡᠷᠡᠭ ᠶᠠᠪᠤᠳᠠᠯ ᠢ 58 ᠪᠠᠶᠢᠴᠠᠭᠠᠨ ᠡᠮᠬᠢᠯᠡᠬᠦ ᠶᠢᠨ ᠬᠠᠮᠲᠤ ᠨᠠᠶᠢᠳᠠᠪᠤᠷᠢᠵᠢᠭᠤᠯᠵᠤ᠂ ᠤᠯᠠᠨ ᠲᠦᠮᠡᠨ ᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠪᠦᠬᠦ ᠬᠦᠴᠦᠨ ᠢᠶᠠᠷ ᠢᠶᠠᠨ ᠰᠢᠢᠳᠪᠦᠷᠢᠯᠡᠵᠦ᠂ ᠨᠠᠮ ᠤᠨ ᠲᠡᠦᠬᠡ ᠶᠢ ᠰᠤᠷᠤᠯᠴᠠᠬᠤ ᠳᠤᠮᠳᠠ ᠠᠰᠠᠭᠤᠳᠠᠯ ᠢ ᠰᠢᠢᠳᠪᠦᠷᠢᠯᠡᠬᠦ ᠶᠢ ᠦᠨᠡᠨᠬᠦ ᠠᠬᠢᠭᠤᠯᠵᠤ᠂ ᠠᠵᠢᠯ ᠢ ᠨᠠᠷᠢᠨ ᠨᠢᠮᠪᠠᠢ ᠨᠠᠶᠢᠳᠠᠪᠤᠷᠢᠵᠢᠭᠤᠯᠵᠤ᠂ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠵᠤ᠂ ᠨᠠᠮ ᠤᠨ ᠬᠠᠶᠢᠷ᠎ᠠ ᠬᠠᠯᠠᠮᠵᠢ ᠶᠢ ᠤᠯᠠᠨ ᠲᠦᠮᠡᠨ ᠤ ᠰᠡᠳᠬᠢᠯ ᠳᠤ ᠬᠠᠶᠢᠷ᠎ᠠ ᠬᠠᠯᠠᠮᠵᠢ ᠶᠢ ᠬᠠᠶᠢᠷ᠎ᠠ ᠰᠡᠳᠬᠢᠯᠭᠡ ᠲᠠᠢ ᠪᠠᠷ ᠬᠦᠷᠭᠡᠵᠡᠢ᠃      ᠵᠣᠬᠢᠶᠠᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠯᠡᠯ ᠵᠠᠭᠤᠴᠢᠯᠠᠭᠤᠷ        ᠤᠨ ᠲᠥᠪ  ᠴᠢᠮᠡᠭᠡᠯᠡᠭᠴᠢ᠄ ᠶᠢᠨ ᠢᠦᠶ ᠰᠢ     ᠪᠣᠩᠬᠤᠨ ᠪᠠᠯᠭᠠᠰᠤ᠄ ᠵᠠᠩ ᠵᠢᠶᠠᠨ ᠭᠠᠩ       ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠡᠶᠢᠯᠡᠯ ᠵᠠᠭᠤᠴᠢᠯᠠᠭᠤᠷ ᠤᠨ ᠲᠥᠪ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号