ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠨᠠᠮ ᠤᠨ ᠬᠤᠷᠢᠶᠠᠨ ᠤ ᠣᠨᠣᠯ ᠤᠨ ᠭᠤᠤᠯ ᠳᠤᠭᠤᠶᠢᠯᠠᠩ ᠤᠨ | ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠤᠰᠬᠠᠶ ᠰᠡᠳᠦᠪᠲᠦ | ᠰᠤᠳᠤᠯᠤᠨ ᠶᠠᠷᠢᠯᠴᠠᠬᠤ ᠬᠤᠷᠠᠯ ᠬᠢᠪᠠ | | 6 ᠰᠠᠷ᠎ᠠ ᠶᠢᠨ 8 ᠤ ᠡᠳᠦᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠠᠮ ᠤᠨ ᠬᠤᠷᠢᠶᠠᠨ ᠤ | ᠣᠨᠣᠯ ᠤᠨ ᠭᠤᠤᠯ ᠳᠤᠭᠤᠶᠢᠯᠠᠩ ᠤᠨ ᠰᠤᠷᠤᠯᠴᠠᠯᠭ᠎ᠠ ᠶᠢᠨ ᠬᠤᠷᠠᠯ ᠵᠢᠴᠢ ᠨᠠᠮ ᠤᠨ ᠲᠡᠤᠬᠡ ᠶᠢᠨ ᠰᠤᠷᠤᠯᠴᠠᠯᠭ᠎ᠠ | ᠬᠥᠮᠦᠵᠢᠯ ᠤᠨ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠬᠤᠷᠠᠯ ᠰᠣᠶᠣᠯ ᠤᠨ ᠲᠥᠪ ᠲᠤ ᠬᠤᠷᠠᠯᠳᠤᠪᠠ᠃ | ᠬᠤᠰᠢᠭᠤᠨ ᠨᠠᠮ ᠤᠨ ᠬᠤᠷᠢᠶ᠎ᠠ ᠶᠢᠨ ᠣᠨᠣᠯ ᠤᠨ ᠭᠤᠤᠯ ᠳᠤᠭᠤᠶᠢᠯᠠᠩ ᠤᠨ ᠭᠡᠰᠢᠭᠦᠨ᠂ ᠬᠤᠰᠢᠭᠤᠨ ᠳᠥᠷᠪᠡᠨ ᠶᠡᠭᠡ | ᠪᠠᠭ ᠤᠨ ᠠᠯᠪᠠᠨ ᠬᠡᠷ ᠵᠢᠴᠢ ᠬᠤᠰᠢᠭᠤᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠬᠠᠮᠢᠶ᠎ᠠ ᠪᠥᠬᠦᠶ | ᠬᠠᠷᠢᠭᠤᠴᠠᠯᠭᠠᠲᠠᠨ ᠬᠤᠷᠠᠯ ᠳᠤ ᠣᠷᠣᠯᠴᠠᠵᠠᠶ᠃ | | ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠧᠩ | ᠵᠢᠶᠦ᠋ᠨ ᠬᠤᠷᠠᠯ ᠡᠷᠭᠢᠯᠡᠵᠦ᠂ ︽ᠰᠢᠨ᠎ᠡ ᠴᠠᠭ ᠦᠶ᠎ᠡ ᠳᠤ ᠦᠵᠡᠯ ᠰᠠᠨᠠᠭ᠎ᠠ ᠤᠯᠤᠰ ᠲᠥᠷᠥ ᠶᠢᠨ ᠠᠵᠢᠯ ᠢ | ᠴᠢᠩᠭᠠᠳᠬᠠᠨ ᠰᠠᠶᠢᠵᠢᠷᠠᠭᠤᠯᠬᠤ ᠲᠤᠬᠠᠶ ᠰᠠᠨᠠᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ᠃ | ᠬᠤᠰᠢᠭᠤᠨ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠰᠢᠤ | ᠴᠢᠩ ᠰᠢ ᠶᠢᠨ ᠫᠢᠩ ᠶᠡᠷᠦᠩᠬᠡᠶ ᠱᠦᠵᠢ ᠶᠢᠨ 2021 ᠣᠨ ᠤ 5 ᠰᠠᠷ᠎ᠠ ᠶᠢᠨ 14 ᠤ ᠡᠳᠦᠷ ᠤᠨ ᠡᠮᠦᠨᠡᠲᠦ ᠶᠢᠨ | ᠤᠰᠤ ᠶᠢ ᠤᠮᠠᠷᠠᠰᠢ ᠲᠠᠲᠠᠬᠤ ᠵᠠᠯᠭᠠᠮᠵᠢ ᠢᠨᠵᠧᠨᠧᠷᠢᠩ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ | ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠪᠠ᠃ ᠤᠯᠤᠰ ᠲᠥᠷᠥ ᠶᠢᠨ | ᠵᠥᠪᠯᠡᠯᠭᠡᠨ ᠤ ᠳᠡᠳ᠋ ᠲᠡᠷᠢᠭᠦᠯᠡᠭᠴᠢ ᠵᠢᠶᠠ ᡁᠢ ᠷᠦᠩ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠶᠠᠩ ᠢᠦᠶ ᠮᠢᠩ ᠵᠡᠷᠭᠡ ᠭᠤᠤᠯ ᠳᠤᠭᠤᠶᠢᠯᠠᠩ ᠤᠨ ᠪᠦᠷᠢᠯᠳᠦᠬᠦᠨ | ᠨᠡᠷ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠲᠣᠭᠤᠷᠢᠨ ᠳᠤ ᠲᠣᠰ ᠲᠣᠰ ᠰᠤᠳᠤᠯᠤᠨ ᠶᠠᠷᠢᠯᠴᠠᠬᠤ | ᠶᠠᠷᠢᠶ᠎ᠠ ᠲᠠᠯᠪᠢᠪᠠ᠃ | ᠵᠣᠬᠢᠶᠠᠭᠴᠢ᠄ ᠯᠢ ᠰᠢᠤᠸᠠᠨ᠂ ᠨᠠᠬᠢᠶ᠎ᠡ | ᠣᠷᠴᠢᠭᠤᠯᠣᠭᠴᠢ᠄ ᠰᠡᠴᠡᠩᠭᠤᠸ᠎ᠠ | | |