ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/6/7
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ‌‍ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ ᠤᠨ ᠲᠤᠬᠠᠶ ᠲᠠᠶᠢᠯᠤᠮᠵᠢ      ᠨᠢᠭᠡ᠂ ᠲᠥᠰᠦᠯ ᠢ ᠨᠡᠶᠢᠲᠡᠯᠡᠭᠰᠡᠨ ᠠᠬᠤᠶ ᠪᠠᠶᠢᠳᠠᠯ      ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ᠤᠯᠠᠭᠠᠨᠴᠠᠪ ᠠᠯᠪᠠᠨ ᠥᠰᠥᠭ ︹ 2018 ︺ 127 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠵᠠᠰᠠᠭ ᠤᠨ ᠣᠷᠳᠣᠨ ᠠᠴᠠ ︽ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠵᠢᠯᠣᠭᠤᠳᠬᠤ ᠰᠠᠨᠠᠯ︾ ︵ᠤᠯᠠᠭᠠᠨᠴᠠᠪ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠬᠦ ᠲᠤᠬᠠᠶ ᠵᠢᠯᠣᠭᠤᠳᠬᠤ ᠰᠠᠨᠠᠯ︾ ︵ᠤᠯᠠᠭᠠᠨᠴᠠᠪ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠵᠢᠴᠢ ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠪᠠ᠃ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠪᠦᠭᠦ ᠲᠠᠯ᠎ᠠ ᠪᠠᠷ ᠠᠬᠢᠭᠤᠯᠵᠤ᠂ ᠥᠭᠡᠷᠡᠴᠢᠯᠡᠯᠲᠡ ᠶᠢᠨ ᠡᠭᠦᠷᠭᠡ ᠶᠢ ᠴᠢᠨᠠᠷ ᠴᠢᠨᠰᠠᠭ᠎ᠠ ᠶᠢ ᠪᠠᠲᠤᠯᠠᠨ ᠪᠡᠶᠡᠯᠡᠭᠦᠯᠦᠨ᠎ᠡ᠃     ᠬᠤᠶᠠᠷ᠂ ︽ᠬᠡᠷᠡᠭᠵᠢᠭᠦᠯᠬᠦ ᠲᠥᠰᠦᠯ︾ ᠤᠨ ᠭᠤᠣᠯ ᠬᠠᠷᠠᠯᠲᠠ ᠵᠢᠴᠢ ᠡᠭᠦᠷᠭᠡ ᠨᠢ ᠶᠠᠭᠤ ᠪᠤᠢ︖     1. ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠭᠦᠢᠴᠡᠳᠭᠡᠯ ᠲᠤᠭ᠎ᠠ ᠶᠢᠨ ᠶᠣᠰᠣᠭᠠᠷ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢ ᠬᠤᠰᠢᠭᠤ ᠠᠴᠠ ᠰᠤᠮᠤ ᠰᠢᠶᠠᠩ ᠪᠠᠯᠭᠠᠰᠤ ᠬᠦᠷᠲᠡᠯ᠎ᠡ ᠱᠠᠲᠤ ᠳᠠᠷᠠᠭᠠᠯᠠᠨ ᠡᠯ᠎ᠡ ᠤᠰᠤ ᠬᠡᠷᠡᠭᠯᠡᠬᠦ ᠭᠤᠤᠯ ᠴᠣᠭᠴᠠ ᠳᠤ ᠬᠤᠪᠢᠶᠠᠵᠤ᠂ ᠤᠰᠤᠨ ᠤ ᠡᠷᠬᠡ ᠶᠢ ᠲᠣᠭᠲᠠᠭᠠᠬᠤ ᠶᠢᠨ ᠬᠠᠮᠲᠤ ᠤᠰᠤᠯᠠᠯᠲᠠ ᠶᠢᠨ ᠤᠰᠤ ᠬᠡᠷᠡᠭᠯᠡᠬᠦ ᠬᠢᠵᠠᠭᠠᠷ ᠲᠤᠭ᠎ᠠ ᠶᠢ ᠬᠢᠨᠠᠨ ᠵᠥᠪᠰᠢᠶᠡᠷᠡᠵᠦ ᠮᠠᠭᠠᠳᠯᠠᠨ ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠲᠣᠭᠲᠠᠭᠰᠠᠨ ᠨᠣᠷᠮ᠎ᠠ ᠪᠠᠷ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃     2. ᠡᠯ᠎ᠡ ᠤᠰᠤ ᠬᠡᠷᠡᠭᠯᠡᠬᠦ ᠡᠷᠦᠬᠡ ᠨᠦᠭᠦᠳ ᠭᠠᠴᠠᠭ᠎ᠠ ᠲᠣᠰᠬᠤᠨ ᠤ ᠵᠥᠪᠯᠡᠯ ᠵᠢᠴᠢ ᠰᠤᠮᠤ ᠰᠢᠶᠠᠩ ᠪᠠᠯᠭᠠᠰᠤ ᠠᠴᠠ ᠤᠰᠤᠯᠠᠯᠲᠠ ᠶᠢᠨ ᠬᠡᠯᠪᠡᠷᠢ᠂ ᠲᠠᠷᠢᠮᠠᠯ ᠤᠨ ᠲᠥᠷᠥᠯ ᠬᠡᠯᠪᠡᠷᠢ ᠪᠠ ᠳᠠᠷᠢᠬᠤ ᠲᠠᠯᠠᠪᠠᠶ ᠶᠢ ᠦᠨᠳᠦᠰᠦᠯᠡᠨ ᠤᠰᠤ ᠬᠡᠷᠡᠭᠯᠡᠬᠦ ᠲᠥᠯᠥᠪᠯᠡᠭᠡ ᠲᠠᠢ ᠬᠡᠮᠵᠢᠶ᠎ᠡ ᠶᠢ ᠤᠷᠢᠳᠴᠢᠯᠠᠨ ᠭᠤᠶᠤᠴᠢᠯᠠᠵᠤ᠂ ᠭᠠᠴᠠᠭ᠎ᠠ ᠲᠣᠰᠬᠤᠨ ᠤ ᠵᠥᠪᠯᠡᠯ᠂ ᠰᠤᠮᠤ ᠰᠢᠶᠠᠩ ᠪᠠᠯᠭᠠᠰᠤ ᠠᠴᠠ ᠬᠢᠨᠠᠨ ᠪᠠᠶᠢᠴᠠᠭᠠᠭᠰᠠᠨ ᠤ ᠳᠠᠷᠠᠭ᠎ᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠵᠦ᠂ ᠨᠢᠭᠡᠨᠲᠡ ᠨᠠᠶᠢᠷᠠᠭᠤᠯᠤᠨ ᠵᠣᠬᠢᠶᠠᠭᠰᠠᠨ ︽ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠤᠨ ᠤᠰᠤᠯᠠᠯᠲᠠ ᠶᠢᠨ ᠲᠥᠷᠥᠯ ᠵᠣᠶᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ︾ ᠤᠨ ᠶᠣᠰᠣᠭᠠᠷ ᠤᠰᠤ ᠬᠡᠷᠡᠭᠯᠡᠬᠦ ᠡᠷᠦᠬᠡ ᠶᠢᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠳᠤ ᠤᠰᠤ ᠲᠠᠲᠠᠬᠤ ᠵᠥᠪᠰᠢᠶᠡᠷᠡᠯ ᠢ ᠬᠢᠨᠠᠨ ᠣᠯᠭᠤᠨ᠎ᠠ᠃    3. ᠣᠶᠤᠨᠴᠢ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠠᠦ᠋ᠲ᠋ᠣ᠋ ᠬᠡᠮᠵᠢᠯᠲᠡ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢ ᠠᠯᠤᠰ ᠠᠴᠠ ᠳᠠᠮᠵᠢᠭᠤᠯᠬᠤ ᠪᠠ ᠡᠵᠡᠮᠳᠡᠬᠦ ᠳᠤ ᠬᠦᠷᠦᠭᠦᠯᠦᠨ᠎ᠡ᠃ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠨᠥᠬᠦᠴᠡᠯ ᠢ ᠪᠦᠷᠢᠳᠦᠭᠦᠯᠦᠭᠰᠡᠨ ᠥᠬᠡᠶ ᠪᠠ 2022 ᠣᠨ᠂ 2023 ᠣᠨ ᠳᠤ ᠤᠰᠤᠯᠠᠯᠲᠠ ᠶᠢᠨ ᠲᠠᠯᠠᠪᠠᠶ ᠶᠢ ᠪᠠᠭᠠᠰᠬᠠᠨ ᠪᠠᠭᠠᠰᠬᠠᠬᠤ ᠶᠢ ᠬᠡᠷᠡᠭᠵᠢᠭᠦᠯᠦᠭᠰᠡᠨ ᠪᠣᠯ ᠴᠠᠬᠢᠯᠭᠠᠨ ᠢᠶᠠᠷ ᠤᠰᠤ ᠨᠤᠭᠤᠯᠬᠤ ᠠᠷᠭ᠎ᠠ ᠮᠠᠶ᠋ᠢᠭ ᠢᠶᠠᠷ ᠤᠰᠤᠨ ᠤ ᠬᠡᠮᠵᠢᠶ᠎ᠡ ᠶᠢ ᠬᠢᠵᠠᠭᠠᠷᠯᠠᠬᠤ ᠶᠢᠨ ᠬᠠᠮᠲᠤ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠳᠠᠮᠵᠢᠭᠤᠯᠤᠨ᠎ᠠ᠃    4. ᠬᠤᠰᠢᠭᠤ᠂ ᠰᠤᠮᠤ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ ᠭᠤᠷᠪᠠᠨ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠬᠦᠯᠵᠦ᠂ ᠵᠣᠬᠢᠶᠠᠨ ᠪᠠᠶᠢᠭᠤᠯᠤᠯᠲᠠ ᠶᠢᠨ ᠲᠦᠷᠢᠮ ᠲᠣᠭᠲᠠᠭᠠᠯ ᠪᠠ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ᠃    5. ᠤᠰᠤ ᠠᠷᠪᠢᠯᠠᠭᠰᠠᠨ ᠱᠠᠩᠨᠠᠯ ᠤᠨ ᠲᠥᠷᠢᠮ ᠢ ᠪᠠᠶᠢᠭᠤᠯᠤᠨ᠂ ᠨᠡᠶᠢᠭᠡᠮ ᠤᠨ ᠪᠡᠯᠡ ᠮᠥᠩᠭᠦ ᠶᠢ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠲᠤ ᠣᠷᠣᠭᠤᠯᠬᠤ ᠶᠢ ᠵᠣᠷᠢᠭᠵᠢᠭᠤᠯᠤᠨ᠂ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠬᠡᠷᠡᠭᠯᠡᠨ ᠤᠰᠤ ᠶᠢ ᠠᠷᠪᠢᠯᠠᠵᠤ ᠬᠡᠷᠡᠭᠯᠡᠭᠰᠡᠨ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠤᠶᠤ ᠤᠰᠤ ᠬᠡᠷᠡᠭᠯᠡᠬᠦ ᠡᠷᠥᠭᠡ ᠲᠤ ᠵᠣᠬᠢᠬᠤ ᠬᠡᠮᠵᠢᠶᠡᠨ ᠤ ᠤᠰᠤ ᠠᠷᠪᠢᠯᠠᠭᠰᠠᠨ ᠱᠠᠩᠨᠠᠯ ᠣᠯᠭᠤᠨ᠎ᠠ᠃    ᠭᠤᠷᠪᠠ᠂ ︽ᠬᠡᠷᠡᠭᠵᠢᠭᠦᠯᠬᠦ ᠲᠥᠰᠦᠯ︾ ᠳᠤ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠢ ᠬᠡᠷᠬᠢᠨ ᠬᠠᠮᠢᠶᠠᠷᠬᠤ ᠪᠠ ᠲᠡᠭᠦᠨ ᠢ ᠪᠡᠶᠡᠯᠡᠭᠦᠯᠬᠦ ᠴᠠᠭ ᠬᠤᠭᠤᠴᠠᠭ᠎ᠠ ᠶᠢ ᠳᠤᠷᠠᠳᠤᠨ ᠭᠠᠷᠭᠠᠭᠰᠠᠨ ᠪᠤᠢ︖    ᠪᠥᠬᠦ ᠬᠤᠰᠢᠭᠤᠨ ᠤ ᠨᠢᠭᠡᠨᠲᠡ ᠤᠭᠰᠠᠷᠠᠭᠰᠠᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠳᠤ ︽ᠨᠢᠭᠡ ᠬᠤᠳᠳᠤᠭ ᠨᠢᠭᠡ ᠺᠠᠷᠲ︾᠂ ︽ᠨᠢᠭᠡ ᠡᠷᠦᠬᠡ ᠨᠢᠭᠡ ᠺᠠᠷᠲ ︾ ᠤᠨ ᠬᠡᠮᠵᠢᠯᠲᠡ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠮᠡᠳᠡᠭᠡ ᠵᠠᠩᠭᠢ ᠶᠢᠨ ᠲᠠᠪᠴᠠᠩ ᠤᠨ ᠲᠤᠬᠠᠶ ᠶᠢᠨ ᠴᠠᠭ ᠲᠤᠨᠢ ᠬᠢᠨᠠᠨ ᠬᠡᠮᠵᠢᠬᠦ᠂ ᠬᠢᠨᠠᠨ ᠬᠠᠮᠢᠶᠠᠷᠬᠤ ᠶᠢ ᠴᠢᠩᠭᠠᠳᠬᠠᠨ᠂ ᠭᠠᠴᠠᠭ᠎ᠠ ᠲᠣᠰᠬᠤᠨ ᠤ ᠱᠠᠲᠤᠨ ᠤ ᠬᠡᠷᠡᠭᠯᠡᠬᠦ ᠤᠰᠤᠨ ᠤ ᠥᠷᠲᠡᠭ ᠨᠡᠮᠡᠬᠦ ᠶᠢ ᠪᠦᠬᠦᠨ ᠢ ᠪᠡᠶᠡᠯᠡᠭᠦᠯᠵᠦ᠂ ᠭᠠᠴᠠᠭ᠎ᠠ ᠲᠣᠰᠬᠤᠨ ᠤ ᠱᠠᠲᠤᠨ ᠤ ᠬᠡᠷᠡᠭᠯᠡᠬᠦ ᠤᠰᠤ ᠶᠢ ᠵᠣᠬᠢᠶᠠᠨ ᠪᠠᠶᠢᠭᠤᠯᠤᠨ ᠬᠤᠷᠢᠶᠠᠬᠤ ᠶᠢᠨ ᠬᠠᠮᠲᠤ ᠬᠠᠮᠢᠶᠠᠷᠤᠨ᠎ᠠ᠃ ᠲᠣᠭᠲᠠᠭᠰᠠᠨ ᠲᠤᠭ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠭᠰᠡᠨ ᠬᠡᠰᠡᠭ ᠤᠨ ᠤᠰᠤᠨ ᠤ ᠰᠦᠢᠳᠭᠡᠯ ᠢ ᠳᠡᠭᠡᠳᠦ ᠱᠠᠲᠤᠨ ᠤ ᠡᠳ᠋ ᠤᠨ ᠵᠠᠰᠠᠭ ᠤᠨ ᠲᠤᠰᠬᠠᠶ ᠲᠠᠩᠰᠠᠨ ᠡᠷᠦᠬᠡ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠤᠰᠢᠶᠠᠵᠤ ᠬᠠᠮᠢᠶᠠᠷᠤᠭᠤᠯᠤᠨ᠎ᠠ᠃    3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠰᠢᠨ ᠴᠠᠬᠢᠯᠭᠠᠨ ᠤ ᠬᠤᠳᠳᠤᠭ ᠤᠨ ᠤᠰᠤᠯᠠᠯᠲᠠ ᠶᠢᠨ IC ᠺᠠᠷᠲ ᠢ ᠲᠦᠭᠡᠭᠡᠬᠦ ᠠᠵᠢᠯ ᠢ ᠳᠠᠭᠤᠰᠬᠠᠨ᠎ᠠ᠃  ᠲᠦᠷᠪᠡ᠂ ︽ᠬᠡᠷᠡᠭᠵᠢᠭᠦᠯᠬᠦ ᠲᠥᠰᠦᠯ︾ ᠳᠤ ᠶᠠᠮᠠᠷ ᠶᠠᠮᠠᠷ ᠬᠠᠮᠢᠶᠠᠷᠤᠯᠲᠠ ᠶᠢᠨ ᠲᠣᠭᠲᠠᠴᠠ ᠶᠢ ᠳᠤᠷᠠᠳᠤᠭᠰᠠᠨ ᠪᠤᠢ︖    ︽ᠨᠣᠷᠮ᠎ᠠ ᠲᠣᠭᠲᠠᠭᠠᠨ ᠬᠠᠮᠢᠶᠠᠷᠬᠤ᠂ ᠤᠰᠤᠨ ᠤ ᠡᠷᠬᠡ ᠶᠢᠨ ᠬᠢᠵᠠᠭᠠᠷ ᠲᠤᠭ᠎ᠠ᠂ ᠱᠠᠩᠨᠠᠯ ᠢ ᠠᠷᠪᠢᠯᠠᠵᠤ ᠲᠣᠷᠭᠠᠭᠤᠯᠢ ᠠᠴᠠ ᠬᠡᠲᠦᠷᠡᠭᠦᠯᠬᠦ᠂ ᠵᠦᠶ ᠵᠣᠬᠢᠰᠲᠠᠶ ᠪᠠᠷ ᠡᠭᠦᠷᠭᠡᠯᠡᠬᠦ︾ ᠵᠠᠷᠴᠢᠮ ᠶᠣᠰᠣᠭᠠᠷ᠂ ᠲᠠᠷᠢᠶᠠᠴᠢᠳ ᠤᠨ ᠳᠠᠭᠠᠭᠠᠬᠤ ᠴᠢᠳᠠᠪᠤᠷᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠤᠯ ᠤᠨ ᠠᠵᠢᠯᠯᠠᠭᠠᠨ ᠤ ᠥᠪᠡᠷ ᠤᠨ ᠥᠷᠲᠡᠭ ᠠᠴᠠ ᠥᠨᠳᠥᠷ ᠥᠬᠡᠶ ᠪᠤᠶᠤ ᠠᠳᠠᠯᠢ ᠥᠬᠡᠶ ᠪᠠᠶᠢᠳᠠᠯ ᠳᠣᠤᠷ᠎ᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠲᠥᠰᠦᠭᠡᠯᠡᠨ ᠪᠤᠳᠤᠵᠤ᠂ ᠲᠠᠷᠢᠶᠠᠯᠠᠩ ᠤᠨ ᠤᠰᠤᠨ ᠤ ᠦᠨ᠎ᠡ ᠶᠢ ᠲᠥᠰᠦᠭᠡᠯᠡᠨ ᠪᠤᠳᠤᠭᠰᠠᠨ ᠮᠡᠳᠡᠭᠦᠯᠦᠯᠲᠡ ᠶᠢ ᠪᠣᠶ ᠪᠣᠯᠭᠠᠵᠤ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠵᠤ ᠭᠡᠷᠡᠴᠢᠯᠡᠭᠡ ᠰᠣᠨᠣᠰᠤᠭᠰᠠᠨ ᠤ ᠳᠠᠷᠠᠭ᠎ᠠ ᠲᠠᠷᠢᠶᠠᠯᠠᠩ ᠤᠨ ᠤᠰᠤᠨ ᠤ ᠦᠨ᠎ᠡ ᠶᠢ ᠲᠣᠭᠲᠠᠭᠠᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠠᠩᠬᠠᠨ ᠤ ᠤᠰᠤᠨ ᠤ ᠡᠷᠬᠡ ᠪᠠ ᠬᠡᠷᠡᠭᠯᠡᠬᠦ ᠤᠰᠤᠨ ᠤ ᠬᠢᠵᠠᠭᠠᠷ ᠲᠤᠭ᠎ᠠ ᠶᠢ ᠲᠣᠭᠲᠠᠭᠠᠭᠰᠠᠨ ᠰᠠᠭᠤᠷᠢᠨ ᠳᠡᠭᠡᠷ᠎ᠡ᠂ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20% ︵ᠪᠠᠭᠲᠠᠨ᠎ᠠ︶ ᠶᠢᠨ ᠳᠣᠲᠣᠷ᠎ᠠ ᠪᠠᠶᠢᠪᠠᠯ ᠣᠲᠣ ᠶᠢᠨ ᠬᠡᠷᠡᠭᠵᠢᠭᠦᠯᠵᠦ ᠪᠠᠶᠢᠭ᠎ᠠ ᠤᠰᠤᠨ ᠤ ᠦᠨ᠎ᠡ ᠶᠢᠨ 2 ᠳᠠᠬᠢᠨ ᠢᠶᠠᠷ ᠲᠠᠲᠠᠪᠤᠷᠢᠯᠠᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20%~50% ︵ᠪᠠᠭᠲᠠᠨ᠎ᠠ︶ ᠠᠴᠠ ᠬᠡᠲᠦᠷᠡᠭᠦᠯᠦᠨ ᠲᠠᠲᠠᠪᠤᠷᠢᠯᠠᠪᠠᠯ ᠣᠲᠣ ᠶᠢᠨ ᠬᠡᠷᠡᠭᠵᠢᠭᠦᠯᠵᠦ ᠪᠠᠶᠢᠭ᠎ᠠ ᠤᠰᠤᠨ ᠤ ᠦᠨ᠎ᠡ ᠶᠢᠨ 5 ᠳᠠᠬᠢᠨ ᠢᠶᠠᠷ ᠲᠠᠲᠠᠪᠤᠷᠢᠯᠠᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ ᠦᠨ᠎ᠡ ᠶᠢᠨ 50 ᠠᠴᠠ ᠳᠡᠭᠡᠭᠰᠢ ᠲᠠᠲᠠᠪᠤᠷᠢᠯᠠᠪᠠᠯ᠂ ᠰᠢᠰᠲ᠋ᠧᠮ ᠨᠢ ᠤᠰᠤ ᠬᠠᠩᠭᠠᠬᠤ ᠶᠢ ᠠᠶᠠᠨᠳᠠᠭᠠᠨ ᠤᠰᠤᠨ ᠤ ᠦᠨ᠎ᠡ ᠶᠢ ᠲᠣᠭᠲᠠᠭᠠᠳᠤᠶ ᠪᠠᠶᠢᠳᠠᠯ ᠳᠣᠤᠷ᠎ᠠ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20% ︵ᠪᠠᠭᠲᠠᠨ᠎ᠠ︶ ᠶᠢᠨ ᠳᠣᠲᠣᠷ᠎ᠠ ᠪᠠᠶᠢᠪᠠᠯ 1 ᠲᠥᠭᠦᠷᠢᠭ \ ᠪᠣᠰᠤᠭ᠎ᠠ ᠳᠥᠷᠪᠡᠯᠵᠢᠨ ᠮᠧᠲᠷ ᠢᠶᠠᠷ ᠲᠠᠲᠠᠪᠤᠷᠢᠯᠠᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20%~50% ︵ᠪᠠᠭᠲᠠᠨ᠎ᠠ︶ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20%~50% ᠠᠴᠠ ᠬᠡᠲᠦᠷᠡᠭᠦᠯᠦᠨ ᠬᠡᠷᠡᠭᠯᠡᠬᠦ ᠤᠰᠤᠨ ᠤ 2.5 ᠲᠥᠭᠦᠷᠢᠭ \ ᠪᠣᠰᠤᠭ᠎ᠠ ᠳᠥᠷᠪᠡᠯᠵᠢᠨ ᠮᠧᠲᠷ ᠢᠶᠠᠷ ᠲᠠᠲᠠᠪᠤᠷᠢᠯᠠᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠭᠲᠠᠭᠰᠠᠨ ᠨᠣᠷᠮ᠎ᠠ ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠲᠠᠪᠴᠠᠩ ᠤᠨ ᠰᠢᠰᠲ᠋ᠧᠮ ᠢ ᠳᠣᠭᠢᠷᠠᠭᠤᠯᠬᠤ ᠠᠵᠢᠯ ᠢ ᠪᠡᠶᠡᠯᠡᠭᠦᠯᠦᠨ᠎ᠡ᠃      ᠲᠠᠪᠤ᠂ ᠲᠤᠰ ︽ᠬᠡᠷᠡᠭᠵᠢᠭᠦᠯᠬᠦ ᠲᠥᠰᠦᠯ︾ ᠢ ᠬᠡᠷᠬᠢᠨ ᠨᠡᠩ ᠰᠠᠶᠢᠨ ᠵᠣᠬᠢᠶᠠᠨ ᠪᠠᠶᠢᠭᠤᠯᠵᠤ ᠬᠡᠷᠡᠭᠵᠢᠭᠦᠯᠬᠦ ᠪᠤᠢ︖      ᠨᠢᠭᠡ ᠳᠤ᠂ ᠵᠣᠬᠢᠶᠠᠨ ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠎ᠠ᠃ ᠬᠤᠰᠢᠭᠤᠨ ᠤ ᠵᠠᠰᠠᠭ ᠤᠨ ᠣᠷᠳᠣᠨ ᠤ ᠭᠤᠣᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ᠂ ᠬᠤᠪᠢᠳᠠᠨ ᠬᠠᠮᠢᠶᠠᠷᠴᠤ ᠪᠠᠶᠢᠭ᠎ᠠ ᠳᠡᠳ᠋ ᠬᠤᠰᠢᠭᠤᠨ ᠳᠠᠷᠤᠭ᠎ᠠ ᠪᠠᠷ ᠳᠡᠳ᠋ ᠳᠤᠭᠤᠶᠢᠯᠠᠩ ᠤᠨ ᠳᠠᠷᠤᠭ᠎ᠠ ᠶᠢᠨ ᠲᠤᠰᠢᠶᠠᠯ ᠢ ᠡᠭᠦᠷᠭᠡᠯᠡᠭᠦᠯᠵᠦ᠂ ᠪᠦᠷᠢᠯᠳᠦᠬᠦᠨ ᠨᠢ ᠬᠤᠰᠢᠭᠤᠨ ᠤᠰᠤᠨ ᠠᠰᠢᠭᠯᠠᠯᠲᠠ᠂ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠳᠣᠲᠣᠭᠠᠳᠤ ᠶᠢ ᠬᠠᠮᠠᠭᠠᠯᠠᠬᠤ᠂ ᠲᠠᠷᠢᠶᠠᠯᠠᠩ ᠮᠠᠯ ᠠᠵᠤ ᠠᠬᠤᠶ ᠶᠢᠨ ᠰᠢᠨᠵᠢᠯᠡᠬᠦ ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ ᠪᠠᠶᠠᠯᠢᠭ᠂ ᠤᠬᠠᠭᠤᠯᠭ᠎ᠠ ᠪᠠ ᠴᠠᠬᠢᠯᠭᠠᠨ ᠬᠦᠴᠦᠨ ᠤ ᠺᠣᠮᠫᠠᠨᠢ ᠶᠢᠨ ᠭᠤᠤᠯ ᠬᠠᠷᠢᠭᠤᠴᠠᠯᠭᠠᠲᠠᠨ ᠵᠢᠴᠢ ᠰᠤᠮᠤ ᠰᠢᠶᠠᠩ ᠪᠠᠯᠭᠠᠰᠤ ᠶᠢᠨ ᠵᠠᠰᠠᠭ ᠤᠨ ᠣᠷᠳᠣᠨ ᠤ ᠬᠠᠷᠢᠭᠤᠴᠠᠯᠭᠠᠲᠠᠨ ᠢᠶᠠᠷ ᠪᠦᠷᠢᠯᠳᠦᠬᠦᠨ ᠪᠣᠯᠭᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠨᠢ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠵᠣᠬᠢᠴᠠᠭᠤᠯᠤᠨ ᠰᠢᠳᠪᠣᠷᠢᠯᠡᠵᠦ᠂ ᠡᠯ᠎ᠡ ᠵᠣᠶᠢᠯ ᠤᠨ ᠥᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠪᠠᠲᠤᠯᠠᠨ᠎ᠠ᠃               ᠬᠤᠶᠠᠷ ᠲᠤ᠂ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠨ᠎ᠠ᠃ ᠲᠠᠷᠢᠶᠠᠯᠠᠩ ᠤᠨ ᠤᠰᠤᠨ ᠤ ᠦᠨ᠎ᠡ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃     ᠭᠤᠷᠪᠠ ᠳᠤ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠬᠦᠴᠦᠲᠡᠶ ᠠᠷᠭ᠎ᠠ ᠬᠡᠮᠵᠢᠶ᠎ᠡ ᠠᠪᠴᠤ ᠪᠠᠶᠢᠭᠠᠳ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃     ᠬᠠᠮᠢᠶ᠎ᠠ ᠪᠥᠬᠦᠶ ᠪᠢᠴᠢᠭ ᠮᠠᠲ᠋ᠧᠷᠢᠶᠠᠯ᠄ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ                                               ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号