︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ | ᠪᠡᠯᠴᠢᠭᠡᠷ ᠤᠨ ᠠᠶᠤᠯ ᠲᠦᠭᠰᠢᠭᠦᠷᠢ ᠶᠡᠬᠡᠲᠡᠶ ᠣᠷᠣᠨ ᠳᠤ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ | ᠬᠡᠷᠡᠭᠵᠢᠭᠦᠯᠬᠦ ᠲᠤᠬᠠᠶ ᠵᠠᠷᠯᠢᠭ︾ ᠤᠨ ᠲᠥᠷᠥ ᠶᠢᠨ ᠪᠣᠳᠣᠯᠭ᠎ᠠ ᠶᠢᠨ ᠲᠠᠶᠢᠯᠤᠮᠵᠢ | ᠨᠢᠭᠡ᠂ ᠲᠣᠭᠲᠠᠭᠠᠭᠰᠠᠨ ᠠᠬᠤᠶ ᠪᠠᠶᠢᠳᠠᠯ | ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠴᠢᠩᠭᠠᠳᠬᠠᠬᠤ ᠶᠢᠨ | ᠲᠥᠯᠥᠭᠡ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠡᠭᠦᠰᠬᠦ ᠶᠢ ᠪᠦᠲᠦᠮᠵᠢᠲᠡᠶ ᠰᠡᠷᠭᠡᠶᠢᠯᠡᠬᠦ ᠪᠠ | ᠬᠢᠵᠠᠭᠠᠷᠯᠠᠵᠤ᠂ ᠠᠮᠢ ᠠᠬᠤᠶ ᠶᠢᠨ ᠠᠮᠤᠷ ᠲᠦᠪᠰᠢᠨ ᠪᠠ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ | ᠲᠦᠪᠰᠢᠨ ᠢ ᠬᠠᠮᠠᠭᠠᠯᠠᠵᠤ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ | ᠪᠡᠯᠴᠢᠭᠡᠷ ᠤᠨ ᠭᠠᠯ ᠰᠡᠷᠭᠡᠶᠢᠯᠡᠬᠦ ᠲᠦᠷᠢᠮ︾ ᠪᠣᠯᠤᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ | ︽ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠳᠤ ᠴᠢᠩᠭ᠎ᠠ ᠰᠡᠷᠭᠡᠶᠢᠯᠡᠯᠲᠡ ᠶᠠᠪᠤᠭᠤᠯᠵᠤ | ᠭᠠᠯ ᠰᠡᠷᠭᠡᠶᠢᠯᠡᠬᠦ ᠲᠤᠬᠠᠶ ᠵᠠᠷᠯᠢᠭ︾ ᠢ ᠦᠨᠳᠦᠰᠦᠯᠡᠨ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠠᠷᠠᠳ ᠤᠨ ᠵᠠᠰᠠᠭ ᠤᠨ ᠣᠷᠳᠣᠨ ᠤ ᠣᠶ ᠰᠢᠭᠤᠶ ᠨᠤᠲᠤᠭ ᠪᠡᠯᠴᠢᠭᠡᠷ ᠤᠨ ᠠᠶᠤᠯ ᠶᠡᠬᠡᠲᠡᠶ ᠪᠠᠶᠢᠳᠠᠯ ᠳᠤ ᠭᠠᠯ | ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢ ᠬᠡᠷᠡᠭᠵᠢᠭᠦᠯᠬᠦ ᠲᠤᠬᠠᠶ ᠵᠠᠷᠯᠢᠭ︾ ︵ᠠᠷᠤ ᠵᠠᠰᠠᠭ ᠲᠠᠷᠬᠠᠭᠠᠭᠰᠠᠨ ﹇ | 2021﹈ 11 ᠳ᠋ᠦᠭᠡᠷ ᠲᠣᠭᠠᠲᠤ︶ ᠢ ᠲᠣᠭᠲᠠᠭᠠᠵᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ᠃ | ᠬᠤᠶᠠᠷ᠂ ᠭᠤᠣᠯ ᠠᠭᠤᠯᠭ᠎ᠠ | ︽ᠵᠠᠷᠯᠢᠭ︾ ᠢ ᠨᠡᠶᠢᠳᠡ ᠲᠦᠷᠪᠡᠨ ᠬᠡᠰᠡᠭ ᠲᠤ ᠬᠤᠪᠢᠶᠠᠵᠤ᠂ ᠲᠡᠭᠦᠨ ᠤ ᠨᠢᠭᠡᠳᠦᠭᠡᠷ ᠬᠡᠰᠡᠭ ᠢ ᠭᠠᠯ ᠢ | ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠬᠤᠭᠤᠴᠠᠭ᠎ᠠ ᠭᠡᠵᠦ ᠬᠤᠪᠢᠶᠠᠪᠠ᠃ ᠬᠤᠶᠠᠳᠤᠭᠠᠷ ᠬᠡᠰᠡᠭ ᠨᠢ ᠭᠠᠯ ᠢ | ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠤ ᠬᠦᠷᠢᠶ᠎ᠡ ᠬᠡᠪᠴᠢᠶ᠎ᠡ᠃ ᠭᠤᠷᠪᠠᠳᠤᠭᠠᠷ ᠬᠡᠰᠡᠭ ᠨᠢ ᠴᠢᠩᠭ᠎ᠠ | ᠰᠡᠷᠭᠡᠶᠢᠯᠡᠯᠲᠡ ᠶᠢᠨ ᠬᠤᠭᠤᠴᠠᠭᠠᠨ ᠳᠠᠬᠢ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠪᠣᠳᠠᠲᠠᠶ ᠠᠷᠭ᠎ᠠ | ᠬᠡᠮᠵᠢᠶ᠎ᠡ᠃ ᠳᠥᠷᠪᠡᠳᠦᠭᠡᠷ ᠬᠡᠰᠡᠭ ᠤᠢ ᠰᠢᠭᠤᠶ ᠶᠢᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠳᠤ | ᠵᠥᠪᠰᠢᠶᠡᠷᠡᠯ ᠣᠯᠤᠭᠰᠠᠨ ᠤᠢᠭᠡᠢ ᠪᠠᠷ ᠳᠤᠷ᠎ᠠ ᠪᠠᠷ ᠢᠶᠠᠨ ᠬᠡᠭᠡᠷ᠎ᠡ ᠭᠠᠳᠠᠨ᠎ᠠ ᠭᠠᠯ ᠬᠡᠷᠡᠭᠯᠡᠭᠰᠡᠨ ᠲᠤᠬᠠᠶ ᠲᠣᠭᠲᠠᠭᠠᠯ | ᠪᠠ ᠰᠢᠳᠬᠡᠯ ᠥᠭᠬᠦ ᠭᠡᠵᠦ ᠬᠤᠪᠢᠶᠠᠨ᠎ᠠ᠃ | ᠭᠤᠷᠪᠠ᠂ ᠪᠠᠲᠤᠯᠠᠭ᠎ᠠ ᠶᠢᠨ ᠠᠷᠭ᠎ᠠ ᠬᠡᠮᠵᠢᠶ᠎ᠡ | 1. ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠲᠠᠢ ᠣᠷᠣᠨ ᠲᠤ ᠠᠲᠠᠷᠰᠢᠭᠤᠯᠬᠤ᠂ ᠭᠤᠤᠷᠰᠤ | ᠰᠢᠲᠠᠭᠠᠬᠤ᠂ ᠭᠠᠯ ᠨᠣᠴᠣᠭᠠᠵᠤ ᠳᠤᠯᠠᠭᠠᠴᠠᠭᠤᠯᠬᠤ᠂ ᠪᠤᠯᠠᠰᠢᠨ ᠲᠤ ᠭᠠᠷᠭᠠᠵᠤ ᠴᠠᠭᠠᠰᠤ ᠰᠢᠲᠠᠭᠠᠬᠤ᠂ ᠲᠠᠮᠠᠬᠢ | ᠲᠠᠲᠠᠬᠤ᠂ ᠬᠡᠭᠡᠷ᠎ᠡ ᠬᠤᠭᠤᠯᠠᠯᠠᠬᠤ ᠵᠢᠴᠢ ᠬᠤᠸᠠᠷ ᠫᠤᠤᠵᠢᠩ ᠲᠠᠯᠪᠢᠬᠤ ᠵᠡᠷᠭᠡ ᠭᠠᠯ ᠬᠡᠷᠡᠭᠯᠡᠬᠦ ᠥᠢᠯᠡ ᠠᠵᠢᠯᠯᠠᠭ᠎ᠠ ᠶᠢ | ᠴᠢᠩᠭ᠎ᠠ ᠴᠠᠭᠠᠵᠠᠯᠠᠵᠤ᠂ ᠭᠠᠯ ᠤᠨ ᠠᠶᠤᠯ ᠲᠠᠢ ᠣᠷᠣᠨ ᠤ ᠰᠠᠭᠤᠭᠠᠯᠢ ᠠᠷᠠᠳ ᠤᠨ ᠭᠠᠯ ᠰᠡᠷᠭᠡᠶᠢᠯᠡᠬᠦ ᠭᠠᠯ | ᠬᠡᠷᠡᠭᠯᠡᠬᠦ ᠵᠢᠴᠢ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠤ | ᠭᠠᠯ ᠬᠡᠷᠡᠭᠯᠡᠬᠦ ᠠᠶᠤᠯ ᠥᠭᠡᠢ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃ ᠤᠷᠢᠳᠤ ᠶᠢᠨ ᠬᠥᠮᠦᠰ ᠢᠶᠠᠨ ᠳᠠᠭᠢᠵᠤ᠂ | ᠮᠣᠳᠣ ᠳᠠᠷᠢᠬᠤ᠂ ᠴᠡᠴᠡᠭ ᠬᠦᠷᠭᠡᠬᠦ ᠵᠡᠷᠭᠡ ᠪᠣᠯᠪᠠᠰᠤᠨ ᠬᠡᠯᠪᠡᠷᠢ ᠪᠠᠷ ᠳᠠᠭᠢᠬᠤ ᠶᠢ ᠡᠷᠬᠢᠮᠯᠡᠨ᠂ ᠤᠯᠠᠮᠵᠢᠯᠠᠯᠲᠤ | ᠳᠠᠬᠢᠯᠭ᠎ᠠ ᠶᠢᠨ ᠮᠠᠭᠤ ᠳᠠᠳᠬᠠᠯ ᠢ ᠲᠠᠶᠠᠭᠳᠠᠳᠠᠭ᠃ | 2. ᠤᠬᠠᠭᠤᠯᠬᠤ ᠰᠠᠯᠠᠭ᠎ᠠ ᠮᠥᠴᠢᠷ᠂ ᠰᠣᠨᠢᠨ ᠮᠡᠳᠡᠭᠡᠨ ᠤ ᠵᠠᠭᠤᠴᠢᠯᠠᠭᠤᠷ᠂ ᠰᠢᠯᠵᠢᠮᠡᠯ ᠬᠤᠯᠪᠣᠭ᠎ᠠ᠂ | ᠰᠤᠷᠭᠠᠨ ᠬᠥᠮᠦᠵᠢᠯ ᠵᠡᠷᠭᠡ ᠰᠠᠯᠠᠭ᠎ᠠ ᠮᠥᠴᠢᠷ ᠤᠳ ᠰᠠᠯᠠᠭ᠎ᠠ ᠮᠥᠴᠢᠷ ᠤᠨ ᠢᠶᠠᠨ ᠳᠠᠪᠠᠭᠤᠯᠢᠭ ᠢ ᠪᠠᠳᠠᠷᠠᠭᠤᠯᠵᠤ᠂ | ᠲᠤᠰᠬᠠᠶ ᠰᠡᠳᠦᠪᠲᠦ ᠫᠷᠤᠭ᠍ᠷᠠᠮ ᠡᠷᠭᠢᠯᠡᠬᠦ ᠠᠷᠭ᠎ᠠ ᠬᠡᠮᠵᠢᠶ᠎ᠡ ᠠᠪᠴᠤ᠂ ᠤᠬᠠᠭᠤᠯᠭ᠎ᠠ ᠶᠢᠨ ᠲᠤᠰᠬᠠᠶ ᠪᠤᠯᠤᠩ ᠵᠣᠬᠢᠶᠠᠬᠤ | ᠂ ᠰᠡᠷᠡᠮᠵᠢᠯᠡᠭᠦᠯᠬᠦ ᠤᠷᠢᠶ᠎ᠠ ᠨᠠᠭᠠᠬᠤ᠂ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠬᠤ ᠪᠠ ᠭᠠᠯ ᠰᠡᠷᠭᠡᠶᠢᠯᠡᠬᠦ ᠬᠢᠴᠢᠶᠡᠯ | ᠣᠷᠣᠬᠤ ᠵᠡᠷᠭᠡ ᠣᠯᠠᠨ ᠵᠦᠢᠯ ᠤᠨ ᠬᠡᠯᠪᠡᠷᠢ ᠪᠠᠷ ︽ᠣᠶ ᠰᠢᠭᠤᠶ ᠶᠢᠨ ᠬᠠᠤᠯᠢ︾᠂ ︽ᠣᠶ ᠰᠢᠭᠤᠶ ᠶᠢᠨ ᠭᠠᠯ | ᠰᠡᠷᠭᠡᠶᠢᠯᠡᠬᠦ ᠳᠦᠷᠢᠮ︾᠂ ︽ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ ᠪᠣᠯᠤᠨ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠬᠦ ᠳᠦᠷᠢᠮ︾ | ︵ᠰᠢᠨ᠎ᠡ ᠬᠡᠪᠯᠡᠯ︶ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠪᠣᠯᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ | ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠭᠠᠯ ᠢ ᠰᠡᠷᠭᠡᠶᠢᠯᠡᠬᠦ ᠤᠬᠠᠭᠤᠯᠭ᠎ᠠ ᠶᠢ ᠴᠥᠬᠦᠷᠡᠰᠢ ᠦᠭᠡᠢ ᠴᠢᠩᠭ᠎ᠠ | ᠠᠳᠬᠤᠵᠤ᠂ ᠭᠠᠯ ᠢ ᠰᠡᠷᠭᠡᠶᠢᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠪᠠᠶᠢᠩᠭᠤᠵᠢᠭᠤᠯᠬᠤ ᠬᠡᠷᠡᠭᠲᠡᠢ᠃ ᠡᠭᠦᠨ ᠤ | ᠵᠡᠷᠭᠡᠴᠡᠭᠡᠪᠡᠷ ᠨᠡᠶᠢᠲᠡᠯᠢᠭ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠬᠡᠷᠡᠭ ᠤᠨ ᠵᠢᠱᠢᠶ᠎ᠡ ᠪᠠᠷ ᠬᠠᠤᠯᠢ ᠶᠢ ᠶᠠᠷᠢᠵᠤ᠂ | ᠭᠠᠯ ᠰᠡᠷᠭᠡᠶᠢᠯᠡᠬᠦ ᠠᠮᠤᠷ ᠲᠦᠪᠰᠢᠨ ᠤ ᠰᠡᠷᠡᠮᠵᠢᠯᠡᠭᠦᠯᠬᠦ ᠬᠥᠮᠦᠵᠢᠯ ᠢ ᠴᠢᠩᠭᠠᠳᠬᠠᠵᠤ᠂ ᠰᠡᠷᠡᠮᠵᠢ ᠶᠢᠨ ᠬᠤᠩᠬᠤ ᠶᠢ | ᠬᠡᠵᠢᠶᠡᠳᠡ ᠳᠤᠤᠭᠠᠷᠭᠠᠬᠤ ᠬᠡᠷᠡᠭᠲᠡᠶ᠃ | 3. ᠤᠬᠠᠭᠤᠯᠭ᠎ᠠ ᠬᠥᠮᠦᠵᠢᠯ ᠤᠨ ᠬᠠᠷᠢᠭᠤᠴᠠᠯᠭ᠎ᠠ ᠶᠢ ᠱᠠᠳᠤ ᠱᠠᠳᠤ ᠪᠠᠷ ᠨᠠᠶᠢᠳᠠᠪᠤᠷᠢᠵᠢᠭᠤᠯᠤᠨ᠂ ᠨᠢᠭᠡᠴᠡ᠂ | ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠨᠢ ᠠᠵᠢᠯᠳᠠᠨ | ᠠᠵᠢᠯᠴᠢᠳ ᠢ ᠬᠠᠷᠢᠭᠤᠴᠠᠬᠤ᠂ ᠰᠤᠷᠭᠠᠭᠤᠯᠢ ᠠᠴᠠ ᠰᠤᠷᠤᠭᠴᠢᠳ ᠢ ᠬᠠᠷᠢᠭᠤᠴᠠᠬᠤ᠂ ᠡᠯ᠎ᠡ ᠰᠤᠮᠤ ᠰᠢᠶᠠᠩ | ᠪᠠᠯᠭᠠᠰᠤ ︵ᠬᠦᠷᠢᠶᠡᠯᠡᠩ ᠲᠣᠭᠤᠷᠢᠭ︶ ᠨᠢ ᠲᠣᠰᠬᠤᠨ ᠤ ᠠᠷᠠᠳ ᠢ ᠬᠠᠷᠢᠭᠤᠴᠠᠬᠤ ᠶᠢ ᠭᠦᠢᠴᠡᠳᠬᠡᠵᠦ᠂ ᠭᠠᠯ | ᠰᠡᠷᠭᠡᠶᠢᠯᠡᠬᠦ ᠮᠡᠳᠡᠯᠭᠡ ᠶᠢ ᠤᠬᠠᠭᠤᠯᠤᠨ ᠲᠦᠭᠡᠮᠡᠯᠵᠢᠭᠦᠯᠵᠦ᠂ ᠭᠠᠯ ᠰᠡᠷᠭᠡᠶᠢᠯᠡᠬᠦ ᠤᠬᠠᠭᠤᠯᠭ᠎ᠠ ᠶᠢ ᠨᠢᠭᠡᠴᠡ᠂ ᠨᠡᠶᠢᠭᠡᠮ | ᠲᠣᠭᠤᠷᠢᠭ᠂ ᠬᠥᠳᠡᠭᠡ ᠲᠣᠰᠬᠤᠨ᠂ ᠰᠤᠷᠭᠠᠭᠤᠯᠢ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ | ᠤᠨ ᠦᠵᠡᠮᠵᠢ ᠶᠢᠨ ᠣᠷᠣᠨ ᠲᠤ ᠣᠷᠣᠭᠤᠯᠵᠤ᠂ ᠠᠷᠠᠳ ᠲᠦᠮᠡᠨ ᠤ ᠭᠠᠯ ᠰᠡᠷᠭᠡᠶᠢᠯᠡᠬᠦ ᠦᠵᠡᠯ ᠤᠬᠠᠮᠰᠠᠷ ᠢ | ᠳᠡᠭᠡᠭᠰᠢᠯᠡᠭᠦᠯᠬᠦ ᠬᠡᠷᠡᠭᠲᠡᠶ᠃ | 4. ᠨᠠᠰᠤᠨ ᠳᠤ ᠥᠯᠥ ᠭᠦᠷᠦᠭᠰᠡᠳ ᠪᠠ ᠲᠡᠨᠡᠭ ᠬᠥᠮᠦᠰ ᠤᠨ ᠳᠠᠭᠠᠳᠬᠠᠯ ᠢ ᠳᠠᠭᠠᠭᠠᠴᠢᠯᠠᠬᠤ | ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠴᠠ | ᠪᠣᠯᠤᠭᠰᠠᠨ ᠬᠢᠨᠠᠨ ᠬᠠᠮᠠᠭᠠᠯᠠᠭᠴᠢ ᠶᠢᠨ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠬᠦ ᠬᠡᠷᠡᠭᠲᠡᠶ᠃ | 5. ᠤᠢ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠶᠡᠬᠡᠲᠡᠶ ᠣᠷᠣᠨ ᠤ ᠡᠯ᠎ᠡ ᠰᠤᠮᠤ ᠰᠢᠶᠠᠩ | ᠪᠠᠯᠭᠠᠰᠤ ︵ᠬᠦᠷᠢᠶᠡᠯᠡᠩ ᠲᠣᠭᠤᠷᠢᠭ︶᠂ ᠤᠯᠤᠰ ᠤᠨ ᠥᠮᠴᠢᠯᠡᠯᠳᠤ ᠤᠢ ᠰᠢᠭᠤᠶ ᠶᠢᠨ ᠲᠠᠯᠠᠪᠠᠢ᠂ ᠵᠤᠯᠵᠠᠭ᠎ᠠ | ᠮᠣᠳᠣᠨ ᠤ ᠬᠦᠷᠢᠶᠡᠯᠡᠩ᠂ ᠦᠢᠯᠡᠳᠪᠦᠷᠢ ᠠᠭᠤᠷᠬᠠᠶ ᠶᠢᠨ ᠠᠵᠤ ᠠᠬᠤᠶᠢᠯᠠᠯ᠂ ᠭᠤᠣᠯᠳᠠᠯᠭ᠎ᠠ ᠲᠠᠢ ᠣᠷᠣᠨ | ᠪᠦᠰᠡ ᠶᠢᠨ ᠨᠣᠭᠤᠭᠠᠷᠠᠭᠤᠯᠤᠯᠲᠠ ᠶᠢᠨ ᠣᠷᠣᠨ ᠤ ᠡᠵᠡᠩᠨᠡᠯᠲᠡ ᠬᠠᠮᠢᠶᠠᠷᠤᠯᠲᠠ ᠶᠢᠨ ᠨᠢᠭᠡᠴᠡ ᠨᠦᠭᠦᠳ ︽ᠬᠡᠨ | ᠬᠠᠷᠢᠶᠠᠯᠠᠪᠠᠯ ᠲᠡᠷᠡ ᠬᠠᠷᠢᠭᠤᠴᠠᠬᠤ︾ ᠵᠠᠷᠴᠢᠮ ᠢ ᠬᠡᠷᠡᠭᠵᠢᠭᠦᠯᠦᠨ᠎ᠡ᠃ ᠴᠢᠬᠤᠯᠠ ᠲᠠᠢ ᠦᠶ᠎ᠡ ᠳᠤ ᠡᠯ᠎ᠡ ᠭᠤᠣᠯ | ᠵᠠᠮ ᠤᠨ ᠠᠭᠤᠯᠵᠠᠷ ᠲᠤ ᠲᠦᠷ ᠴᠠᠭ ᠤᠨ ᠪᠠᠶᠢᠴᠠᠭᠠᠬᠤ ᠦᠷᠳᠡᠭᠡ ᠪᠠᠶᠢᠭᠤᠯᠵᠤ ᠠᠭᠤᠯᠠ ᠶᠢ ᠪᠢᠲᠡᠭᠦᠮᠵᠢᠯᠡᠨ ᠭᠠᠯ ᠢ | ᠰᠡᠷᠭᠡᠶᠢᠯᠡᠬᠦ ᠶᠢ ᠬᠡᠷᠡᠭᠵᠢᠭᠦᠯᠵᠦ᠂ ᠰᠢᠭᠤᠶᠢᠲᠤ ᠣᠷᠣᠨ ᠳᠤ ᠣᠷᠣᠬᠤ ᠬᠥᠮᠦᠰ ᠪᠠ ᠲᠡᠷᠭᠡ ᠬᠥᠰᠬᠡ ᠶᠢ ᠴᠢᠩᠭ᠎ᠠ | ᠪᠠᠶᠢᠴᠠᠭᠠᠨ ᠳᠠᠩᠰᠠᠯᠠᠵᠤ᠂ ᠭᠠᠯ ᠤᠨ ᠲᠦᠷᠦᠯ ᠢ ᠰᠢᠭᠤᠶᠢᠲᠤ ᠣᠷᠣᠨ ᠳᠤ ᠠᠪᠴᠤ ᠣᠷᠣᠬᠤ ᠶᠢ ᠴᠢᠩᠭ᠎ᠠ | ᠴᠠᠭᠠᠵᠠᠯᠠᠬᠤ ᠶᠢᠨ ᠬᠠᠮᠲᠤ ᠰᠢᠭᠤᠶᠢᠲᠤ ᠣᠷᠣᠨ ᠳᠤ ᠣᠷᠣᠬᠤ ᠵᠠᠮ ᠤᠨ ᠠᠭᠤᠯᠵᠠᠷ ᠲᠤ ᠥᠨᠢᠳᠡ ᠶᠢᠨ ᠴᠢᠨᠠᠷᠲᠠᠶ | ᠰᠠᠨᠠᠭᠤᠯᠤᠮᠵᠢ ᠶᠢᠨ ᠫᠠᠶᠢᠰᠠ᠂ ᠰᠡᠷᠡᠮᠵᠢ ᠶᠢᠨ ᠫᠠᠶᠢᠰᠠ ᠭᠠᠷᠭᠠᠬᠤ ᠬᠡᠷᠡᠭᠲᠡᠶ᠃ ︽ᠠᠭᠤᠯᠠ ᠶᠢ ᠴᠡᠪᠡᠷᠯᠡᠬᠦ᠂ ᠭᠤᠤ | ᠰᠤᠪᠠᠭ ᠢ ᠴᠡᠪᠡᠷᠯᠡᠬᠦ᠂ ᠤᠢ ᠰᠢᠭᠤᠶ ᠶᠢ ᠴᠡᠪᠡᠷᠯᠡᠬᠦ︾ ᠠᠵᠢᠯᠯᠠᠭ᠎ᠠ ᠶᠢ ᠬᠢᠨᠠᠮᠠᠭᠠᠶ ᠵᠣᠬᠢᠶᠠᠨ ᠪᠠᠶᠢᠭᠤᠯᠤᠨ | ᠥᠷᠨᠢᠭᠦᠯᠵᠦ᠂ ᠭᠠᠯ ᠤᠨ ᠠᠶᠤᠯ ᠤᠨ ᠳᠠᠯᠳᠠ ᠭᠡᠮ ᠪᠦᠬᠦᠨ ᠢ ᠪᠦᠬᠦ ᠬᠦᠴᠦᠨ ᠢᠶᠠᠷ ᠢᠶᠠᠨ ᠠᠷᠢᠯᠭᠠᠬᠤ ᠬᠡᠷᠡᠭᠲᠡᠶ᠃ | ᠭᠠᠯ ᠲᠦᠢᠮᠡᠷ ᠭᠠᠷᠤᠭᠰᠠᠨ ᠦᠶ᠎ᠡ ᠳᠤ᠂ ᠡᠯ᠎ᠡ ᠬᠠᠷᠢᠶᠠᠯᠠᠯ᠂ ᠡᠵᠡᠩᠨᠡᠯᠲᠡ ᠶᠢᠨ ᠨᠢᠭᠡᠴᠡ ᠶᠢᠨ ᠭᠤᠣᠯ ᠤᠳᠤᠷᠢᠳᠤᠯᠭ᠎ᠠ | ᠨᠠᠷ ᠲᠤᠬᠠᠶ ᠶᠢᠨ ᠲᠠᠯᠠᠪᠠᠢ ᠳᠤ ᠪᠡᠶ᠎ᠡ ᠪᠠᠷ ᠢᠶᠠᠨ ᠬᠦᠷᠴᠦ ᠭᠠᠯ ᠤᠨᠲᠠᠷᠠᠭᠠᠬᠤ ᠶᠢ ᠵᠢᠯᠣᠭᠤᠳᠬᠤ ᠬᠡᠷᠡᠭᠲᠡᠶ᠃ ᠬᠥᠭᠰᠢᠨ | ᠪᠠᠭᠤᠷᠠᠶ ᠡᠪᠡᠳᠴᠢᠨ ᠲᠠᠢ ᠵᠡᠮᠳᠡᠭ ᠵᠢᠷᠮᠦᠰᠦᠨ ᠪᠠ ᠨᠠᠰᠤᠨ ᠳᠤ ᠤᠢᠯᠦ ᠬᠦᠷᠦᠭᠰᠡᠦᠠ ᠢ ᠲᠡᠶᠢᠴᠢᠯᠡᠵᠦ ᠭᠠᠯ | ᠤᠨᠲᠠᠷᠠᠭᠠᠬᠤ ᠳᠤ ᠣᠷᠣᠯᠴᠠᠭᠤᠯᠬᠤ ᠶᠢ ᠴᠠᠭᠠᠵᠠᠯᠠᠨ᠎ᠠ᠃ ᠡᠯ᠎ᠡ ᠰᠤᠮᠤ ᠰᠢᠶᠠᠩ ᠪᠠᠯᠭᠠᠰᠤ ︵ᠬᠦᠷᠢᠶᠡᠯᠡᠩ ᠲᠣᠭᠤᠷᠢᠭ︶ | ᠂ ᠣᠶ ᠰᠢᠭᠤᠶ ᠶᠢᠨ ᠲᠠᠯᠠᠪᠠᠶ᠂ ᠵᠤᠯᠵᠠᠭ᠎ᠠ ᠮᠣᠳᠣᠨ ᠤ ᠬᠦᠷᠢᠶᠡᠯᠡᠩ᠂ ᠦᠢᠯᠡᠳᠪᠣᠷᠢ ᠠᠭᠤᠷᠬᠠᠶ ᠶᠢᠨ ᠠᠵᠤ | ᠠᠬᠤᠶᠢᠯᠠᠯ ᠤᠳ ᠲᠤᠰᠬᠠᠶ ᠮᠡᠷᠭᠡᠵᠢᠯ ᠪᠤᠶᠤ ᠬᠠᠭᠠᠰ ᠲᠤᠰᠬᠠᠶ ᠮᠡᠷᠭᠡᠵᠢᠯ ᠤᠨ ᠭᠠᠯ ᠤᠨᠲᠠᠷᠠᠭᠠᠬᠤ ᠡᠩᠨᠡᠭᠡ ᠶᠢ | ᠵᠣᠬᠢᠶᠠᠨ ᠪᠠᠶᠢᠭᠤᠯᠬᠤ ᠬᠡᠷᠡᠭᠲᠡᠶ᠃ | ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠶᠢ ᠵᠥᠪᠰᠢᠶᠡᠷᠡᠭᠰᠡᠨ ᠲᠡᠷᠭᠡ ᠬᠥᠰᠬᠡ ᠪᠣᠯᠤᠨ ᠬᠤᠪᠢ | ᠬᠥᠮᠦᠨ ᠡᠷᠬᠡᠪᠰᠢ ᠬᠤᠰᠢᠭᠤᠨ ᠣᠶ ᠰᠢᠭᠤᠶ ᠡᠪᠡᠰᠦ ᠪᠡᠯᠴᠢᠭᠡᠷ ᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ | ᠬᠢᠨᠠᠯᠲᠠ ᠬᠠᠮᠢᠶᠠᠷᠤᠯᠲᠠ ᠶᠢ ᠬᠦᠯᠢᠶᠡᠬᠦ ᠶᠢᠨ ᠬᠠᠮᠲᠤ ᠴᠢᠬᠤᠯᠠ ᠪᠥᠬᠦᠶ ᠭᠠᠯ ᠢ ᠰᠡᠷᠭᠡᠶᠢᠯᠡᠬᠦ ᠠᠷᠭ᠎ᠠ ᠬᠡᠮᠵᠢᠶ᠎ᠡ ᠠᠪᠬᠤ | ᠬᠡᠷᠡᠭᠲᠡᠶ᠃ ᠭᠠᠯ ᠤᠨ ᠠᠶᠤᠯ ᠶᠡᠬᠡᠲᠡᠶ ᠣᠷᠣᠨ ᠳᠤ ᠣᠷᠣᠬᠤ ᠡᠯ᠎ᠡ ᠵᠦᠢᠯ ᠤᠨ ᠮᠠᠰᠢᠨ ᠲᠡᠷᠭᠡᠨ ᠳᠤ ᠲᠣᠭᠲᠠᠭᠠᠯ | ᠶᠣᠰᠣᠭᠠᠷ ᠭᠠᠯ ᠢ ᠰᠡᠷᠭᠡᠶᠢᠯᠡᠬᠦ ᠲᠣᠨᠣᠭᠯᠠᠯ ᠤᠭᠰᠠᠷᠠᠵᠤ᠂ ᠭᠠᠯ ᠤᠨᠲᠠᠷᠠᠭᠠᠬᠤ ᠪᠠᠭᠠᠵᠢ ᠬᠡᠷᠡᠭᠰᠡᠯ ᠢ ᠲᠣᠬᠢᠷᠠᠭᠤᠯᠬᠤ | ᠬᠡᠷᠡᠭᠲᠡᠶ᠃ ᠭᠠᠯ ᠰᠡᠷᠭᠡᠶᠢᠯᠡᠯᠲᠡ ᠶᠢᠨ ᠬᠠᠤᠯᠢ ᠬᠡᠷᠡᠭᠵᠢᠭᠦᠯᠬᠦ ᠠᠵᠢᠯᠲᠠᠨ ᠤ ᠬᠢᠨᠠᠯᠲᠠ ᠪᠠᠶᠢᠴᠠᠭᠠᠯᠲᠠ ᠶᠢ ᠡᠷᠬᠡᠪᠰᠢ | ᠬᠦᠯᠢᠶᠡᠬᠦ ᠬᠡᠷᠡᠭᠲᠡᠶ᠃ | 6. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠲᠤ᠂ ᠵᠢᠭᠤᠯᠴᠢᠯᠠᠯ ᠤᠨ ᠲᠡᠷᠭᠡ ᠬᠥᠰᠬᠡ ᠪᠣᠯᠤᠨ | ᠵᠢᠭᠤᠯᠴᠢᠯᠠᠭᠴᠢᠳ ᠤᠨ ᠭᠠᠯ ᠰᠡᠷᠭᠡᠶᠢᠯᠡᠬᠦ ᠴᠢᠩᠭ᠎ᠠ ᠰᠡᠷᠭᠡᠶᠢᠯᠡᠯᠲᠡ ᠶᠢᠨ ᠣᠷᠣᠨ ᠲᠤ ᠣᠷᠣᠵᠤ ᠵᠢᠭᠤᠯᠴᠢᠯᠠᠬᠤ᠂ | ᠲᠡᠷᠭᠡᠨ ᠳᠤ ᠰᠠᠭᠤᠬᠤ ᠶᠢ ᠴᠢᠩᠭ᠎ᠠ ᠴᠠᠭᠠᠵᠠᠯᠠᠨ᠎ᠠ᠃ | 7. ᠴᠢᠩᠭ᠎ᠠ ᠰᠡᠷᠭᠡᠶᠢᠯᠡᠯᠲᠡ ᠶᠢᠨ ᠬᠤᠭᠤᠴᠠᠭᠠᠨ ᠲᠤ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ | ᠵᠠᠰᠠᠭ ᠤᠨ ᠣᠷᠳᠣᠨ᠂ ᠤᠢ ᠰᠢᠭᠤᠶ ᠶᠢᠨ ᠲᠠᠯᠠᠪᠠᠢ᠂ ᠵᠤᠯᠵᠠᠭ᠎ᠠ ᠮᠣᠳᠣᠨ ᠤ ᠬᠦᠷᠢᠶᠡᠯᠡᠩ᠂ ᠦᠢᠯᠡᠳᠪᠦᠷᠢ | ᠠᠭᠤᠷᠬᠠᠶ ᠶᠢᠨ ᠠᠵᠤ ᠠᠬᠤᠶᠢᠯᠠᠯ᠂ ᠵᠢᠭᠤᠯᠴᠢᠯᠠᠯ ᠤᠨ ᠦᠵᠡᠮᠵᠢ ᠶᠢᠨ ᠣᠷᠣᠨ ᠵᠢᠴᠢ ᠭᠠᠯ ᠰᠡᠷᠭᠡᠶᠢᠯᠡᠬᠦ ᠰᠠᠯᠠᠭ᠎ᠠ | ᠮᠥᠴᠢᠷ ᠤᠨ ᠤᠳᠤᠷᠢᠳᠤᠯᠭ᠎ᠠ ᠶᠢᠨ ᠡᠭᠡᠯᠵᠢ ᠳᠠᠭᠠᠭᠤᠯᠬᠤ ᠪᠠ ᠠᠵᠢᠯᠳᠠᠨ ᠠᠵᠢᠯᠴᠢᠳ ᠤᠨ 24 ᠴᠠᠭ ᠢᠶᠠᠷ | ᠵᠢᠵᠢᠭᠦᠷᠯᠡᠬᠦ ᠲᠥᠷᠢᠮ ᠢ ᠴᠢᠩᠭ᠎ᠠ ᠬᠡᠷᠡᠭᠵᠢᠭᠦᠯᠦᠨ᠎ᠡ᠃ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ᠄ http://www.cyhq.gov. | cn/information/cyhq11669/msg2771 | 858346082.html | ᠣᠷᠴᠢᠭᠤᠯᠣᠭᠴᠢ᠄ ᠰᠡᠴᠡᠩᠭᠤᠸ᠎ᠠ |