ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠠᠯ ᠡᠮᠨᠡᠯᠭᠡ ᠶᠢᠨ ᠲᠣᠪᠴᠢᠶ᠎ᠠ ᠰᠢᠨ᠎ᠡ ᠪᠠᠷ ᠵᠠᠰᠠᠪᠤᠷᠢ | ᠣᠷᠣᠭᠤᠯᠤᠭᠰᠠᠨ ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠤᠬᠠᠭᠤᠯᠭ᠎ᠠ ᠶᠢᠨ ᠠᠵᠢᠯᠯᠠᠭ᠎ᠠ ᠶᠢ ᠵᠣᠬᠢᠶᠠᠨ | ᠪᠠᠶᠢᠭᠤᠯᠵᠤ ᠥᠷᠨᠢᠭᠦᠯᠪᠡ | | ᠠᠮᠢᠲᠠᠨ ᠤ ᠬᠢᠵᠢᠭ ᠢ ᠰᠡᠷᠭᠡᠶᠢᠯᠡᠬᠦ ᠠᠵᠢᠯ ᠢ ᠤᠯᠠᠮ ᠨᠢᠭᠡ ᠠᠯᠬᠤᠮ ᠴᠢᠩᠬᠠᠳᠬᠠᠵᠤ᠂ ᠠᠮᠢᠲᠠᠨ ᠤ ᠬᠢᠵᠢᠭ | ᠡᠪᠡᠳᠴᠢᠨ ᠢ ᠪᠦᠲᠦᠮᠵᠢᠲᠡᠶ ᠪᠠᠷ ᠰᠡᠷᠭᠡᠶᠢᠯᠡᠨ ᠬᠢᠵᠠᠭᠠᠷᠯᠠᠵᠤ᠂ ᠮᠠᠨ ᠤ ᠬᠤᠰᠢᠭᠤᠨ ᠤ ᠮᠠᠯ ᠠᠵᠤ ᠠᠬᠤᠶ ᠶᠢᠨ | ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠥᠯᠥᠭᠡ᠂ ᠬᠤᠰᠢᠭᠤᠨ ᠤ ᠮᠠᠯ ᠡᠮᠨᠡᠯᠭᠡ ᠶᠢᠨ ᠲᠣᠪᠴᠢᠶ᠎ᠠ 6 | ᠰᠠᠷ᠎ᠠ ᠶᠢᠨ 1 ᠤ ᠡᠳᠦᠷ ᠪᠦᠭᠦ ᠬᠤᠰᠢᠭᠤᠨ ᠤ ᠬᠡᠪᠴᠢᠶᠡᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢ ᠰᠤᠷᠤᠯᠴᠠᠨ | ᠤᠬᠠᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠪᠡ᠃ | | ᠨᠢᠭᠡ ᠳᠤ᠂ ᠪᠦᠬᠦ ᠺᠠᠳ᠋ᠷ ᠠᠵᠢᠯᠳᠡᠨ ᠠᠵᠢᠯᠴᠢᠨ ᠢ ᠵᠣᠬᠢᠶᠠᠨ ᠪᠠᠶᠢᠭᠤᠯᠵᠤ ︽ᠠᠮᠢᠳᠠᠨ ᠤ ᠬᠢᠵᠢᠭ ᠢ | ᠰᠡᠷᠭᠡᠶᠢᠯᠡᠬᠦ ᠬᠠᠤᠯᠢ︾ ᠶᠢ ᠰᠤᠷᠤᠯᠴᠠᠭᠤᠯᠤᠨ᠎ᠠ᠃ ᠡᠯ᠎ᠡ ᠰᠤᠳᠤᠯᠭᠠᠨ ᠤ ᠭᠠᠵᠠᠷ ᠤᠨ ᠭᠤᠣᠯ ᠺᠠᠳ᠋ᠷ ᠠᠵᠢᠯᠳᠠᠨ | ᠠᠵᠢᠯᠴᠢᠨ ᠢ ᠵᠣᠬᠢᠶᠠᠨ ᠪᠠᠶᠢᠭᠤᠯᠵᠤ ᠰᠢᠨ᠎ᠡ ᠬᠡᠪᠯᠡᠯ ᠤᠨ ︽ᠠᠮᠢᠳᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢ | ᠲᠤᠰᠬᠠᠶ ᠰᠡᠳᠦᠪ ᠢᠶᠠᠷ ᠰᠤᠷᠤᠯᠴᠠᠭᠤᠯᠤᠨ ᠰᠤᠳᠤᠯᠤᠨ ᠶᠠᠷᠢᠯᠴᠠᠭᠤᠯᠵᠤ᠂ ᠰᠤᠳᠤᠯᠤᠨ ᠶᠠᠷᠢᠯᠴᠠᠭᠤᠯᠬᠤ ᠪᠠᠷ | ᠳᠠᠮᠵᠢᠭᠤᠯᠤᠨ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠮᠢᠳᠠᠨ ᠤ ᠬᠢᠵᠢᠭ ᠢ ᠰᠡᠷᠭᠡᠶᠢᠯᠡᠬᠦ ᠬᠠᠤᠯᠢ︾ ᠳᠤ | ᠵᠠᠰᠠᠪᠤᠷᠢ ᠣᠷᠣᠭᠤᠯᠤᠭᠰᠠᠨ ᠠᠬᠤᠶ ᠪᠠᠶᠢᠳᠠᠯ᠂ ᠬᠤᠯᠪᠣᠭᠳᠠᠯ ᠪᠦᠬᠦᠢ ᠬᠠᠤᠯᠢ ᠴᠠᠭᠠᠵᠠ ᠶᠢᠨ ᠵᠦᠢᠯ ᠵᠤᠷᠪᠤᠰ ᠵᠢᠴᠢ | ᠤᠤᠯ ᠬᠠᠤᠯᠢ ᠲᠠᠢ ᠬᠠᠷᠢᠴᠠᠭᠤᠯᠤᠨ ᠢᠯᠭᠠᠬᠤ ᠵᠡᠷᠭᠡ ᠳᠤ ᠭᠦᠨᠵᠡᠭᠡᠶ ᠣᠶᠢᠯᠠᠭᠠᠯᠲᠠ ᠲᠠᠢ ᠪᠣᠯᠵᠠᠶ᠃ | ᠬᠤᠶᠠᠷ ᠲᠤ᠂ ᠤᠬᠠᠭᠤᠯᠭ᠎ᠠ ᠶᠢᠨ ᠭᠠᠷ ᠳᠡᠪᠲᠡᠷ᠂ ᠡᠯᠭᠦᠭᠡ ᠵᠢᠷᠤᠭ ᠢ ᠳᠠᠷᠤᠮᠠᠯᠯᠠᠨ ᠲᠠᠷᠬᠠᠭᠠᠵᠤ᠂ | ᠤᠬᠠᠭᠤᠯᠭ᠎ᠠ ᠶᠢᠨ ᠡᠯᠭᠦᠭᠡ ᠪᠢᠴᠢᠭᠡᠰᠦ ᠵᠣᠬᠢᠶᠠᠨ᠎ᠠ᠃ ᠪᠥᠬᠦ ᠬᠤᠰᠢᠭᠤᠨ ᠤ ᠡᠯ᠎ᠡ ᠰᠤᠮᠤ ᠰᠢᠶᠠᠩ ᠪᠠᠯᠭᠠᠰᠤ ᠶᠢᠨ | ᠭᠤᠤᠯᠳᠠᠯᠭ᠎ᠠ ᠲᠠᠢ ᠲᠡᠵᠢᠭᠡᠨ ᠦᠷᠡᠵᠢᠭᠦᠯᠬᠦ ᠭᠠᠴᠠᠭ᠎ᠠ ᠲᠣᠰᠬᠤᠨ ᠳᠤ ᠭᠦᠨᠵᠡᠭᠡᠶᠢᠷᠡᠨ᠂ ᠠᠶᠢᠯ ᠡᠷᠦᠬᠡ ᠳᠤ ᠬᠦᠷᠴᠦ᠂ | ᠰᠢᠨ᠎ᠡ ᠬᠠᠭᠤᠴᠢᠨ ᠬᠡᠪᠯᠡᠯ ᠤᠨ ︽ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠲᠠᠢ ᠬᠠᠷᠢᠴᠠᠭᠤᠯᠤᠨ ᠪᠦᠯᠦᠭ | ᠪᠦᠯᠦᠭ᠂ ᠦᠭᠡ ᠥᠭᠦᠯᠡᠪᠦᠷᠢ ᠳᠠᠷᠠᠭᠠᠯᠠᠨ ᠲᠠᠶᠢᠯᠪᠤᠷᠢᠯᠠᠨ ᠤᠬᠠᠭᠤᠯᠬᠤ ᠶᠢᠨ ᠬᠠᠮᠲᠤ ᠤᠬᠠᠭᠤᠯᠭ᠎ᠠ ᠶᠢᠨ ᠮᠠᠲ᠋ᠧᠷᠢᠶᠠᠯ | ᠲᠠᠷᠬᠠᠭᠠᠵᠤ᠂ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠪᠠᠲᠤᠯᠠᠨ᠎ᠠ᠃ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ | ᠠᠮᠢᠲᠠᠨ ᠤ ᠬᠢᠵᠢᠭ ᠢ ᠰᠡᠷᠭᠡᠶᠢᠯᠡᠬᠦ ᠬᠠᠤᠯᠢ︾ ᠶᠢᠨ ᠲᠣᠪᠬᠢᠮᠠᠯ 800 ᠳᠡᠪᠲᠡᠷ᠂ ︽ᠪᠠᠭᠯᠠᠭᠴᠢ ᠬᠤᠷᠣᠬᠠᠶ ᠶᠢᠨ | ᠡᠪᠡᠳᠴᠢᠨ ᠢ ᠰᠡᠷᠭᠡᠶᠢᠯᠡᠨ ᠵᠠᠰᠠᠬᠤ ᠮᠡᠳᠡᠯᠭᠡ ᠶᠢᠨ ᠭᠠᠷ ᠳᠡᠪᠲᠡᠷ︾ ︽ᠦᠬᠡᠷ ᠤᠨ ᠠᠷᠠᠰᠤᠨ ᠤ ᠵᠠᠩᠭᠢᠯᠠᠭᠠᠲᠤ | ᠡᠪᠡᠳᠴᠢᠨ ᠢ ᠰᠡᠷᠭᠡᠶᠢᠯᠡᠨ ᠡᠵᠡᠮᠳᠡᠬᠦ ᠮᠡᠳᠡᠯᠭᠡ ᠶᠢᠨ ᠤᠬᠠᠭᠤᠯᠭ᠎ᠠ ᠶᠢᠨ ᠡᠯᠭᠦᠭᠡ ᠵᠢᠷᠤᠭ︾ ᠵᠡᠷᠭᠡ ᠤᠬᠠᠭᠤᠯᠭ᠎ᠠ ᠶᠢᠨ | ᠮᠠᠲ᠋ᠧᠷᠢᠶᠠᠯ ᠢ ᠨᠡᠶᠢᠲᠡ 800 ᠬᠤᠪᠢ ᠲᠠᠷᠬᠠᠭᠠᠭᠰᠠᠨ ᠪᠥᠭᠡᠳ ᠲᠡᠵᠢᠭᠡᠨ ᠦᠷᠡᠵᠢᠭᠦᠯᠬᠦ ᠲᠠᠯᠠᠪᠠᠶ᠂ ᠲᠡᠵᠢᠭᠡᠨ | ᠦᠷᠡᠵᠢᠭᠦᠯᠬᠦ ᠡᠷᠦᠬᠡ ᠳᠤ 0.2 ᠲᠣᠨ ᠠᠷᠢᠭᠤᠳᠬᠠᠬᠤ ᠡᠮ ᠤᠨ ᠵᠣᠶᠢᠯ ᠢ ᠬᠤᠪᠢᠶᠠᠨ ᠲᠠᠷᠬᠠᠭᠠᠪᠠ᠃ | ᠠᠯᠢ ᠣᠯᠠᠨ ᠰᠤᠷᠤᠯᠴᠠᠨ ᠤᠬᠠᠭᠤᠯᠵᠤ ᠲᠤᠤᠱᠯᠠᠭᠤᠯᠬᠤ ᠠᠵᠢᠯ ᠢ ᠥᠷᠨᠢᠭᠦᠯᠬᠦ ᠪᠠᠷ ᠳᠡᠮᠵᠢᠨ᠂ ᠮᠠᠯ | ᠡᠮᠨᠡᠯᠭᠡ ᠶᠢᠨ ᠲᠣᠪᠴᠢᠶ᠎ᠠ ᠶᠢᠨ ᠺᠠᠳ᠋ᠷ ᠠᠵᠢᠯᠲᠠᠨ ᠤ ᠬᠠᠤᠯᠢ ᠴᠠᠭᠠᠵᠠ ᠶᠢᠨ ᠬᠡᠪ ᠴᠢᠨᠠᠷ ᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠥᠷᠭᠡᠨ ᠣᠯᠠᠨ ᠠᠷᠠᠳ ᠲᠦᠮᠡᠨ ᠳᠤ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠠᠮᠢᠲᠠᠨ ᠤ | ᠬᠢᠵᠢᠭ ᠢ ᠰᠡᠷᠭᠡᠶᠢᠯᠡᠬᠦ ᠬᠠᠤᠯᠢ︾ ᠶᠢᠨ ᠬᠠᠮᠢᠶ᠎ᠠ ᠪᠥᠬᠦᠶ ᠠᠭᠤᠯᠭ᠎ᠠ ᠶᠢ ᠤᠯᠠᠮ ᠨᠢᠭᠡ ᠠᠯᠬᠤᠮ ᠣᠶᠢᠯᠠᠭᠠᠭᠤᠯᠵᠤ᠂ | ᠥᠷᠭᠡᠨ ᠣᠯᠠᠨ ᠮᠠᠯᠴᠢᠨ ᠲᠠᠷᠢᠶᠠᠴᠢᠨ ᠤ ᠠᠮᠢᠲᠠᠨ ᠤ ᠬᠢᠵᠢᠭ ᠢ ᠰᠡᠷᠭᠡᠶᠢᠯᠡᠬᠦ ᠮᠡᠳᠡᠯᠭᠡ ᠶᠢ ᠪᠠᠶᠠᠯᠢᠭᠵᠢᠭᠤᠯᠤᠨ᠂ ᠪᠥᠬᠦ | ᠬᠤᠰᠢᠭᠤᠨ ᠤ ᠠᠷᠠᠳ ᠲᠦᠮᠡᠨ ᠤ ᠠᠮᠢᠲᠠᠨ ᠤ ᠬᠢᠵᠢᠭ ᠢ ᠰᠡᠷᠭᠡᠶᠢᠯᠡᠬᠦ ᠦᠵᠡᠯ ᠤᠬᠠᠮᠰᠠᠷ ᠪᠠ ᠬᠠᠤᠯᠢ ᠲᠦᠷᠢᠮ ᠤᠨ | ᠦᠵᠡᠯᠲᠡ ᠶᠢ ᠳᠡᠭᠡᠭᠰᠢᠯᠡᠭᠦᠯᠵᠦ᠂ ᠬᠤᠶᠢᠰᠢᠳᠠ ᠶᠢᠨ ᠮᠠᠨ ᠤ ᠬᠤᠰᠢᠭᠤᠨ ᠤ ᠠᠮᠢᠲᠠᠨ ᠤ ᠬᠢᠵᠢᠭ ᠢ ᠰᠡᠷᠭᠡᠶᠢᠯᠡᠬᠦ | ᠠᠵᠢᠯ ᠢ ᠥᠷᠨᠢᠭᠦᠯᠬᠦ ᠵᠢᠴᠢ ᠮᠠᠯ ᠠᠵᠤ ᠠᠬᠤᠶ ᠶᠢᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠪᠡᠶᠡᠯᠡᠭᠦᠯᠬᠦ ᠳᠤ | ᠰᠠᠭᠤᠷᠢ ᠲᠠᠯᠪᠢᠵᠤ ᠥᠭᠭᠦᠭᠰᠡᠨ ᠪᠠᠶᠢᠨ᠎ᠠ᠃ | ᠵᠣᠬᠢᠶᠠᠭᠴᠢ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠮᠠᠯ ᠡᠮᠨᠡᠯᠭᠡ ᠶᠢᠨ ᠲᠣᠪᠴᠢᠶ᠎ᠠ | ᠣᠷᠴᠢᠭᠤᠯᠣᠭᠴᠢ᠄ ᠰᠡᠴᠡᠩᠭᠤᠸ᠎ᠠ |