︽ᠤᠯᠠᠭᠠᠨᠴᠠᠪ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ
ᠨᠡᠶᠢᠲᠡᠯᠡᠭᠰᠡᠨ ᠴᠠᠭ᠄
2021/6/8
︽ᠤᠯᠠᠭᠠᠨᠴᠠᠪ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠬᠡᠷᠡᠭᠵᠢᠭᠦᠯᠬᠦ ᠲᠥᠰᠦᠯ︾ ᠤᠨ ᠲᠤᠬᠠᠶ ᠲᠠᠶᠢᠯᠤᠮᠵᠢ      ᠨᠢᠭᠡ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ      2021 ᠣᠨ ᠤ 1 ᠰᠠᠷ᠎ᠠ ᠶᠢᠨ 25 ᠤ ᠡᠳᠦᠷ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ︽ᠤᠯᠠᠭᠠᠨᠴᠠᠪ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠬᠡᠷᠡᠭᠵᠢᠭᠦᠯᠬᠦ ᠲᠥᠰᠦᠯ︾ ︵ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ﹇2021﹈ 5 ᠳ᠋ᠤᠭᠠᠷ ᠲᠣᠭᠠᠲᠤ᠂ ᠳᠣᠷᠣᠭᠰᠢ ︽ᠲᠥᠰᠦᠯ︾ ᠭᠡᠵᠦ ᠲᠣᠪᠴᠢᠯᠠᠨ᠎ᠠ︶ ᠢ ᠳᠠᠷᠤᠮᠠᠯᠯᠠᠨ ᠲᠠᠷᠬᠠᠭᠠᠪᠠ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠲᠤᠬᠠᠶ ᠠᠯᠢ ᠣᠯᠠᠨ ᠴᠢᠬᠤᠯᠠ ᠶᠡᠭᠡ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠬᠤ ᠶᠢᠨ ᠲᠥᠯᠥᠭᠡ᠂ ︽ᠠᠮᠢ ᠠᠬᠤᠶ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠪᠥᠬᠦ ᠲᠠᠯ᠎ᠠ ᠪᠠᠷ ᠴᠢᠩᠭᠠᠳᠬᠠᠵᠤ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠬᠡᠷᠡᠭᠵᠢᠭᠦᠯᠬᠦ ᠰᠠᠨᠠᠯ︾ ᠵᠢᠴᠢ ᠥᠪᠡᠷᠲᠡᠭᠡᠨ ᠵᠠᠰᠠᠬᠤ ᠣᠷᠣᠨ ᠤ ᠠᠭᠠᠷ ᠮᠠᠨᠳᠠᠯ᠂ ᠤᠰᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠵᠤ᠂ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠴᠢᠳᠠᠪᠤᠷᠢ ᠪᠠᠨ ᠤᠯᠠᠮ ᠨᠢᠭᠡ ᠣᠷᠴᠢᠨ ᠲᠣᠭᠤᠷᠢᠨ ᠤ ᠪᠣᠬᠢᠷᠲᠤᠯ ᠢ ᠦᠨᠡᠨᠬᠦ ᠪᠠᠭᠠᠰᠬᠠᠵᠤ᠂ ᠥᠷᠭᠡᠨ ᠣᠯᠠᠨ ᠲᠦᠮᠡᠨ ᠤ ᠪᠡᠶ᠎ᠡ ᠮᠠᠬᠠᠪᠣᠳ᠂ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠨᠡᠶᠢᠲᠡ ᠶᠢᠨ ᠠᠮᠤᠷ ᠲᠦᠪᠰᠢᠨ ᠢ ᠪᠠᠲᠤᠯᠠᠨ᠂ ᠬᠤᠸᠠᠷ ᠫᠤᠤᠵᠢᠩ ᠦᠢᠯᠡᠳᠪᠣᠷᠢᠯᠡᠬᠦ᠂ ᠪᠣᠷᠣᠯᠠᠭᠤᠯᠬᠤ᠂ ᠰᠢᠲᠠᠭᠠᠬᠤ ᠪᠥᠬᠦ ᠶᠠᠪᠤᠴᠠ᠂ ᠪᠥᠬᠦ ᠬᠡᠯᠬᠢᠶᠡᠰᠦ ᠶᠢᠨ ᠬᠠᠮᠢᠶᠠᠷᠤᠯᠲᠠ ᠶᠢ ᠴᠢᠩᠭᠠᠳᠬᠠᠵᠤ᠂ ᠮᠠᠨ ᠤ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ︽ᠵᠠᠰᠠᠭ ᠤᠨ ᠣᠷᠳᠣᠨ ᠤᠳᠤᠷᠢᠳᠬᠤ᠂ ᠬᠠᠷᠢᠶ᠎ᠠ ᠭᠠᠵᠠᠷ ᠬᠠᠮᠢᠶᠠᠷᠬᠤ᠂ ᠰᠠᠯᠠᠭ᠎ᠠ ᠮᠥᠴᠢᠷ ᠬᠠᠮᠲᠤᠷᠠᠨ ᠬᠥᠳᠡᠯᠦᠯᠴᠡᠬᠦ᠂ ᠪᠥᠬᠦ ᠠᠷᠠᠳ ᠢᠶᠠᠷ ᠢᠶᠠᠨ ᠣᠷᠣᠯᠴᠠᠬᠤ︾ ᠵᠠᠷᠴᠢᠮ ᠢ ᠪᠠᠷᠢᠮᠲᠠᠯᠠᠨ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠲᠤᠰᠬᠠᠶ ᠲᠣᠭᠲᠠᠭᠠᠭᠰᠠᠨ ᠲᠥᠰᠦᠯ ᠢ ᠰᠠᠶᠢᠲᠤᠷ ᠬᠢᠬᠦ ᠬᠡᠷᠡᠭᠲᠡᠶ᠃ ᠡᠭᠦᠨ ᠤ ᠭᠤᠣᠯ ᠵᠣᠷᠢᠯᠭ᠎ᠠ ᠪᠣᠯ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠪᠣᠯᠤᠨ ᠨᠡᠶᠢᠭᠡᠮ ᠤᠨ ᠨᠢᠭᠡᠴᠡ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠤᠬᠠᠭᠤᠯᠤᠨ ᠳᠠᠶᠢᠴᠢᠯᠠᠬᠤ᠂ ᠲᠣᠭᠤᠷᠢᠨ ᠪᠠᠶᠢᠴᠠᠭᠠᠵᠤ ᠰᠡᠷᠭᠡᠶᠢᠯᠡᠨ ᠡᠵᠡᠮᠳᠡᠬᠦ᠂ ᠬᠠᠤᠯᠢ ᠬᠡᠷᠡᠭᠵᠢᠭᠦᠯᠵᠦ ᠪᠠᠶᠢᠴᠠᠭᠠᠨ ᠰᠢᠢᠳᠪᠣᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠪᠠᠶᠢᠭᠠᠳ ᠴᠠᠭᠠᠵᠠᠯᠠᠬᠤ ᠬᠢᠵᠠᠭᠠᠷᠯᠠᠬᠤ ᠲᠠᠯᠪᠢᠬᠤ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠭᠤᠯᠵᠤ᠂ ᠣᠷᠴᠢᠨ ᠠᠬᠤᠶ ᠶᠢᠨ ᠪᠣᠬᠢᠷᠲᠤᠯ ᠢ ᠪᠦᠲᠦᠮᠵᠢᠲᠡᠶ ᠪᠠᠷ ᠪᠠᠭᠠᠰᠬᠠᠨ᠂ ᠠᠭᠠᠷ ᠤᠨ ᠴᠢᠨᠠᠷ ᠴᠢᠨᠰᠠᠭ᠎ᠠ ᠶᠢ ᠰᠠᠶᠢᠵᠢᠷᠠᠭᠤᠯᠵᠤ᠂ ᠣᠷᠣᠰᠢᠨ ᠰᠠᠭᠤᠬᠤ ᠳᠤ ᠲᠣᠬᠢᠷᠠᠮᠵᠢᠲᠠᠶ ᠬᠥᠮᠦᠨ ᠨᠡᠶᠢᠭᠡᠮ ᠤᠨ ᠣᠷᠴᠢᠨ ᠨᠥᠬᠦᠴᠡᠯ ᠢ ᠪᠤᠶ ᠪᠣᠯᠭᠠᠬᠤ ᠶᠢᠨ ᠲᠥᠯᠥᠭᠡ ᠶᠤᠮ᠃      ︽ᠲᠥᠰᠦᠯ︾ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠴᠠᠭ ᠪᠠ ᠣᠷᠣᠨ ᠪᠦᠰᠡ ᠪᠠ ᠲᠠᠯᠠᠪᠤᠷ ᠭᠠᠵᠠᠷ ᠢ ᠲᠣᠳᠣᠷᠬᠠᠶ ᠲᠣᠭᠲᠠᠭᠠᠵᠠᠶ᠄ ᠨᠢᠭᠡ ᠳᠤ ᠪᠥᠬᠦ ᠬᠤᠲᠠ ᠶᠢᠨ ᠭᠠᠯ ᠰᠡᠷᠭᠡᠶᠢᠯᠡᠬᠦ ᠬᠤᠭᠤᠴᠠᠭ᠎ᠠ᠂ ᠤᠯᠤᠰ ᠪᠠ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠲᠣᠭᠲᠠᠭᠠᠭᠰᠠᠨ ᠨᠢᠭᠡᠳᠦᠯᠲᠡᠶ ᠰᠢᠯᠭᠠᠯᠲᠠ ᠶᠢᠨ ᠬᠤᠭᠤᠴᠠᠭ᠎ᠠ᠂ ᠫᠤᠤᠵᠢᠩ ᠲᠠᠯᠪᠢᠬᠤ ᠶᠢ ᠴᠠᠭᠠᠵᠠᠯᠠᠬᠤ ᠣᠷᠣᠨ᠂ ᠫᠤᠤᠵᠢᠩ ᠲᠠᠯᠪᠢᠬᠤ ᠶᠢ ᠬᠢᠵᠠᠭᠠᠷᠯᠠᠬᠤ ᠣᠷᠣᠨ ᠤ ᠪᠣᠶ ᠪᠥᠬᠦᠶ ᠴᠠᠭ ᠲᠤ ᠬᠤᠸᠠᠷ ᠫᠤᠤᠵᠢᠩ ᠲᠠᠯᠪᠢᠬᠤ ᠶᠢ ᠴᠥᠮ ᠴᠠᠭᠠᠵᠠᠯᠠᠨ᠎ᠠ  ᠃ ᠬᠤᠶᠠᠷ ᠲᠤ ᠬᠡᠰᠡᠭ ᠭᠤᠣᠯᠳᠠᠯᠭ᠎ᠠ ᠲᠠᠢ ᠣᠷᠣᠨ ᠳᠤ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ᠂ ᠵᠠᠮ ᠬᠠᠷᠢᠯᠴᠠᠭᠠᠨ ᠤ ᠵᠠᠩᠭᠢᠯᠠᠭ᠎ᠠ᠂ ᠬᠥᠮᠦᠨ ᠬᠠᠷ᠎ᠠ ᠬᠤᠷᠠᠨ ᠴᠤᠭᠯᠠᠷᠠᠳᠠᠭ ᠲᠠᠯᠠᠪᠤᠷ᠂ ᠡᠮ ᠡᠮᠨᠡᠯᠭᠡ᠂ ᠰᠤᠷᠭᠠᠨ ᠬᠥᠮᠦᠵᠢᠯ᠂ ᠨᠠᠰᠤᠵᠢᠯ ᠤᠨ ᠠᠰᠠᠷᠠᠮᠵᠢ᠂ ᠤᠯᠠᠨ ᠨᠡᠶᠢᠲᠡ ᠶᠢᠨ ᠰᠣᠶᠣᠯ᠂ ᠪᠠᠶᠢᠭᠤᠯᠭ᠎ᠠ ᠶᠢᠨ ᠠᠯᠪᠠᠯᠠᠬᠤ ᠲᠣᠭᠤᠷᠢᠭ ᠵᠡᠷᠭᠡ ᠣᠷᠣᠨ ᠪᠦᠰᠡ ᠪᠠ ᠨᠣᠴᠣᠮᠠᠲᠠᠭᠠᠶ ᠳᠡᠯᠪᠡᠷᠡᠮᠡᠲᠡᠭᠡᠶ᠂ ᠭᠠᠯ ᠢ ᠰᠡᠷᠭᠡᠶᠢᠯᠡᠬᠦ ᠭᠤᠣᠯᠳᠠᠯᠭ᠎ᠠ ᠲᠠᠢ ᠨᠢᠭᠡᠴᠢ ᠵᠡᠷᠭᠡ ᠶᠢ ᠪᠠᠭᠲᠠᠭᠠᠭᠰᠠᠨ ᠣᠷᠣᠨ ᠪᠦᠰᠡ ᠳᠤ ᠫᠤᠤᠵᠢᠩ ᠲᠠᠯᠪᠢᠬᠤ ᠶᠢ ᠪᠦᠬᠦ ᠲᠠᠯ᠎ᠠ ᠪᠠᠷ ᠴᠠᠭᠠᠵᠠᠯᠠᠨ᠎ᠠ᠂ ᠡᠳᠡᠭᠡᠷ ᠣᠷᠣᠨ ᠪᠦᠰᠡ ᠳᠤ ᠪᠦᠬᠦ ᠵᠢᠯ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠃ ᠭᠤᠷᠪᠠ ᠳᠤ᠂ ᠰᠠᠭᠤᠭᠠᠯᠢ ᠠᠷᠠᠳ ᠤᠨ ᠣᠷᠣᠶ ᠶᠢᠨ 10 ᠴᠠᠭ ᠠᠴᠠ ᠳᠠᠷᠠᠭ᠎ᠠ ᠡᠳᠦᠷ ᠤᠨ ᠥᠷᠯᠥᠭᠡ ᠶᠢᠨ 8 ᠴᠠᠭ ᠪᠣᠯᠲᠠᠯᠠᠬᠢ ᠠᠮᠠᠷᠠᠯᠲᠠ ᠶᠢᠨ ᠬᠤᠭᠤᠴᠠᠭᠠᠨ ᠳᠤ᠂ ᠲᠠᠯᠪᠢᠬᠤ ᠶᠢ ᠴᠠᠭᠠᠵᠠᠯᠠᠬᠤ ᠣᠷᠣᠨ᠂ ᠲᠠᠯᠪᠢᠬᠤ ᠶᠢ ᠬᠢᠵᠠᠭᠠᠷᠯᠠᠬᠤ ᠣᠷᠣᠨ ᠤ ᠪᠣᠶ ᠪᠥᠬᠦᠶ ᠴᠠᠭ ᠲᠤ ᠬᠤᠸᠠᠷ ᠫᠤᠤᠵᠢᠩ ᠲᠠᠯᠪᠢᠬᠤ ᠶᠢ ᠴᠥᠮ ᠴᠠᠭᠠᠵᠠᠯᠠᠨ᠎ᠠ᠃      ︽ᠲᠥᠰᠦᠯ︾ ᠳᠤ ᠳᠥᠷᠪᠡᠨ ᠲᠠᠯ᠎ᠠ ᠶᠢᠨ ᠠᠵᠢᠯ ᠤᠨ ᠠᠷᠭ᠎ᠠ ᠬᠡᠮᠵᠢᠶ᠎ᠡ ᠶᠢ ᠲᠣᠳᠣᠷᠬᠠᠶ ᠲᠣᠭᠲᠠᠭᠠᠪᠠ᠃ ᠨᠢᠭᠡ ᠳᠤ ᠪᠥᠬᠦ ᠲᠠᠯ᠎ᠠ ᠪᠠᠷ ᠤᠬᠠᠭᠤᠯᠤᠨ ᠳᠠᠶᠢᠴᠢᠯᠠᠬᠤ ᠬᠡᠷᠡᠭᠲᠡᠶ᠄ ᠡᠯ᠎ᠡ ᠰᠠᠯᠠᠭ᠎ᠠ ᠮᠥᠴᠢᠷ ᠤᠳ ᠴᠤᠭᠭᠠᠷ ᠠᠳᠬᠤᠨ ᠬᠠᠮᠲᠤᠪᠠᠷ ᠬᠠᠮᠢᠶᠠᠷᠴᠤ᠂ ᠬᠠᠮᠲᠤᠪᠠᠷ ᠴᠢᠷᠮᠠᠶᠢᠵᠤ᠂ ᠰᠣᠨᠢᠨ ᠮᠡᠳᠡᠭᠡᠨ ᠤ ᠵᠠᠭᠤᠴᠢᠯᠠᠭᠤᠷ᠂ ᠨᠡᠶᠢᠭᠡᠮ ᠲᠣᠭᠤᠷᠢᠭ ᠲᠣᠰᠬᠤᠨ ᠤ ᠣᠷᠣᠨ ᠰᠠᠭᠤᠴᠠ᠂ ᠰᠤᠷᠭᠠᠭᠤᠯᠢ ᠶᠢᠨ ᠬᠦᠷᠢᠶ᠎ᠡ᠂ ᠵᠠᠮ ᠬᠠᠷᠢᠯᠴᠠᠭ᠎ᠠ᠂ ᠣᠬᠤᠷ ᠮᠡᠳᠡᠭᠡ᠂ ᠵᠡᠭᠡᠯᠢ ᠭᠤᠳᠤᠮᠵᠢ᠂ ᠭᠤᠤᠯᠳᠠᠯᠭ᠎ᠠ ᠲᠠᠢ ᠰᠠᠯᠠᠭ᠎ᠠ ᠮᠥᠴᠢᠷ᠂ ᠨᠢᠭᠡᠴᠡ ᠶᠢᠨ ᠳᠣᠲᠣᠭᠠᠳᠤ ᠵᠡᠷᠭᠡ ᠣᠯᠠᠨ ᠠᠷᠭ᠎ᠠ ᠮᠠᠶ᠋ᠢᠭ᠂ ᠣᠯᠠᠨ ᠲᠠᠯ᠎ᠠ ᠶᠢᠨ ᠤᠬᠠᠭᠤᠯᠭ᠎ᠠ ᠪᠠᠷ ᠳᠠᠮᠵᠢᠭᠤᠯᠤᠨ᠂ ᠬᠥᠮᠦᠨ ᠪᠣᠯᠭᠠᠨ ᠮᠡᠳᠡᠵᠦ᠂ ᠬᠥᠮᠦᠨ ᠪᠣᠯᠭᠠᠨ ᠵᠢᠷᠤᠮᠯᠠᠬᠤ ᠭᠦᠨ ᠵᠤᠵᠠᠭᠠᠨ ᠠᠭᠤᠷ ᠠᠮᠢᠰᠬᠤᠯ ᠢ ᠪᠣᠶ ᠪᠣᠯᠭᠠᠬᠤ ᠪᠠᠷ ᠴᠢᠷᠮᠠᠶᠢᠨ᠎ᠠ᠃ ᠬᠤᠶᠠᠷ ᠲᠤ ᠲᠣᠭᠤᠷᠢᠨ ᠴᠠᠭᠳᠠᠵᠤ ᠪᠠᠶᠢᠴᠠᠭᠠᠨ ᠡᠵᠡᠮᠳᠡᠬᠦ ᠶᠢ ᠴᠢᠩᠭᠠᠳᠬᠠᠨ᠎ᠠ᠄ ᠨᠢᠭᠡᠴᠡ ᠶᠢᠨ ᠳᠣᠲᠣᠭᠠᠳᠤ᠂ ᠡᠳᠦᠷ ᠲᠤᠲᠤᠮ ᠤᠨ ᠴᠠᠭ᠂ ᠭᠤᠤᠯᠳᠠᠯᠭ᠎ᠠ ᠲᠠᠢ ᠴᠠᠭ ᠤᠨ ᠭᠤᠤᠯᠳᠠᠯᠭ᠎ᠠ ᠲᠠᠢ ᠬᠡᠰᠡᠭ ᠢᠶᠠᠷ ᠳᠡᠮᠵᠢᠨ᠂ ᠲᠠᠰᠤᠷᠠᠯᠲᠠ ᠥᠬᠡᠶ ᠲᠣᠭᠤᠷᠢᠨ ᠴᠠᠭᠳᠠᠵᠤ ᠂ ᠡᠷᠲᠡ ᠠᠴᠠ ᠢᠯᠡᠷᠡᠭᠦᠯᠵᠦ᠂ ᠡᠷᠲᠡ ᠠᠴᠠ ᠬᠤᠷᠢᠭᠯᠠᠨ᠂ ᠡᠷᠲᠡ ᠠᠴᠠ ᠰᠢᠢᠳᠪᠣᠷᠢᠯᠡᠨ᠎ᠡ᠃ ᠭᠤᠷᠪᠠ ᠳᠤ ᠣᠯᠠᠨ ᠰᠠᠯᠠᠭ᠎ᠠ ᠮᠥᠴᠢᠷ ᠬᠠᠮᠲᠤᠷᠠᠨ ᠴᠡᠭᠴᠡᠯᠡᠨ ᠵᠠᠰᠠᠬᠤ ᠶᠢ ᠥᠷᠨᠢᠭᠦᠯᠦᠨ᠎ᠡ᠄ ᠲᠣᠰ ᠲᠣᠰ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ᠂ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡ ᠪᠠᠷ ᠢᠯᠡᠴᠢᠯᠡᠵᠦ᠂ ᠡᠵᠡᠩᠨᠡᠯᠲᠡ᠂ ᠲᠡᠭᠡᠭᠡᠪᠦᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠂ ᠣᠯᠠᠨ ᠨᠡᠶᠢᠲᠡ ᠶᠢᠨ ᠠᠮᠤᠷ ᠲᠦᠪᠰᠢᠨ ᠢ ᠦᠨᠡᠨᠬᠦ ᠪᠠᠲᠤᠯᠠᠨ᠎ᠠ᠃ ᠳᠥᠷᠪᠡ ᠳᠤ ᠬᠠᠤᠯᠢ ᠶᠢ ᠴᠢᠩᠭ᠎ᠠ ᠬᠡᠷᠡᠭᠵᠢᠭᠦᠯᠵᠦ ᠬᠢᠨᠠᠯᠲᠠ ᠲᠠᠯᠪᠢᠨ᠎ᠠ᠄ ᠠᠵᠢᠯ ᠤᠨ ᠳᠤᠮᠳᠠ ᠢᠯᠡᠷᠡᠭᠦᠯᠦᠭᠰᠡᠨ ᠬᠤᠸᠠᠷ ᠫᠤᠤᠵᠢᠩ ᠬᠠᠤᠯᠢ ᠪᠤᠰᠤ ᠪᠠᠷ ᠦᠢᠯᠡᠳᠪᠣᠷᠢᠯᠡᠭᠰᠡᠨ᠂ ᠪᠣᠷᠣᠯᠠᠭᠤᠯᠤᠭᠰᠠᠨ᠂ ᠬᠠᠳᠠᠭᠠᠯᠠᠭᠰᠠᠨ᠂ ᠵᠥᠭᠡᠭᠡᠪᠦᠷᠢᠯᠡᠭᠰᠡᠨ᠂ ᠬᠠᠤᠯᠢ ᠶᠢ ᠵᠥᠷᠢᠴᠡᠨ ᠬᠤᠸᠠᠷ ᠫᠤᠤᠵᠢᠩ ᠲᠠᠯᠪᠢᠭᠰᠠᠨ ᠦᠢᠯᠡ ᠠᠵᠢᠯᠯᠠᠭ᠎ᠠ ᠵᠢᠴᠢ ᠡᠯ᠎ᠡ ᠰᠠᠯᠠᠭ᠎ᠠ ᠮᠥᠴᠢᠷ᠂ ᠨᠢᠭᠡᠴᠡ ᠶᠢᠨ ᠰᠢᠯᠵᠢᠭᠦᠯᠦᠨ ᠲᠤᠰᠢᠶᠠᠭᠰᠠᠨ ᠬᠠᠤᠯᠢ ᠲᠣᠭᠲᠠᠭᠠᠯ ᠢ ᠵᠥᠷᠢᠴᠡᠭᠰᠡᠨ ᠰᠦᠪᠡᠭᠴᠢ ᠶᠢ ᠴᠠᠭ ᠲᠤᠬᠠᠶ ᠳᠤᠨᠢ ᠪᠠᠶᠢᠴᠠᠭᠠᠨ ᠰᠢᠢᠳᠪᠣᠷᠢᠯᠡᠵᠦ᠂ ᠴᠢᠩᠭ᠎ᠠ ᠴᠣᠬᠢᠯᠲᠠ ᠥᠭᠴᠦ᠂ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠲᠥᠷᠥ ᠶᠢᠨ ᠪᠣᠳᠣᠯᠭ᠎ᠠ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠨ᠎ᠠ᠃      ︽ᠲᠥᠰᠦᠯ︾ ᠳᠤ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠪᠠᠷ ᠲᠦᠷᠦᠭᠦᠯᠡᠭᠦᠯᠦᠭᠰᠡᠨ ᠪᠥᠬᠦ ᠬᠤᠲᠠ ᠶᠢᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠶᠢᠨ ᠠᠵᠢᠯ ᠤᠨ ᠳᠤᠮᠳᠠᠬᠢ ᠡᠭᠦᠷᠭᠡ ᠬᠠᠷᠢᠭᠤᠴᠠᠯᠭ᠎ᠠ ᠶᠢ ᠲᠣᠳᠣᠷᠬᠠᠶ ᠲᠣᠭᠲᠠᠭᠠᠪᠠ᠃ ᠬᠤᠲᠠ ᠶᠢᠨ ᠨᠠᠮ ᠤᠨ ᠬᠤᠷᠢᠶ᠎ᠠ ᠶᠢᠨ ᠢᠨᠲ᠋ᠤᠷ ᠰᠦᠯᠵᠢᠶᠡᠨ ᠤ ᠮᠡᠳᠡᠭᠡ ᠵᠠᠩᠭᠢ ᠶᠢᠨ ᠠᠯᠪᠠᠨ ᠬᠡᠷ᠂ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠤᠲᠠ ᠶᠢᠨ ᠠᠮᠢ ᠠᠬᠤᠶ ᠶᠢᠨ ᠣᠷᠴᠢᠨ ᠲᠣᠭᠤᠷᠢᠨ ᠤ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠡᠷᠭᠡ 25 ᠰᠠᠯᠠᠭ᠎ᠠ ᠮᠥᠴᠢᠷ᠂ ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠪᠦᠷᠢᠯᠳᠦᠬᠦᠨ ᠨᠢᠭᠡᠴᠡ ᠪᠣᠯᠭᠠᠵᠤ᠂ ᠤᠳᠤᠷᠢᠳᠬᠤ ᠳᠤᠭᠤᠶᠢᠯᠠᠩ ᠤᠨ ᠠᠯᠪᠠᠨ ᠬᠡᠷ ᠢ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠠᠯᠪᠤᠷᠢ ᠠᠩᠭᠢ ᠳᠤ ᠡᠯ᠎ᠡ ᠰᠢᠶᠠᠨ ︵ᠬᠤᠲᠠ᠂ ᠲᠣᠭᠤᠷᠢᠭ︶᠂ ᠬᠤᠲᠠ ᠶᠢᠨ ᠰᠢᠭᠤᠳ ᠬᠠᠷᠢᠶ᠎ᠠ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ︽ᠲᠥᠰᠦᠯ︾ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠬᠤ ᠶᠢᠨ ᠬᠠᠮᠲᠤ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠶ ᠭᠡᠵᠦ ᠱᠠᠭᠠᠷᠳᠠᠪᠠ᠃ ᠡᠭᠦᠨ ᠤ ᠬᠠᠮᠲᠤ᠂ ᠶᠡᠭᠡ ᠲᠠᠯ᠎ᠠ ᠶᠢᠨ ᠦᠵᠡᠯ ᠤᠬᠠᠮᠰᠠᠷ᠂ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠵᠤ᠂ ᠠᠵᠢᠯ ᠬᠤᠪᠢᠶᠠᠷᠢᠯᠠᠨ ᠬᠠᠷᠢᠭᠤᠴᠠᠬᠤ ᠮᠥᠷᠲᠡᠭᠡᠨ ᠪᠠᠰᠠ ᠬᠠᠮᠵᠢᠯᠴᠠᠨ ᠬᠠᠮᠵᠢᠯᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠬᠢᠵᠠᠭᠠᠷᠯᠠᠬᠤ ᠠᠵᠢᠯ ᠤᠨ ᠦᠷ᠎ᠡ ᠪᠦᠲᠦᠮᠵᠢ ᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃      ᠴᠠᠭᠠᠵᠠᠯᠠᠬᠤ ᠬᠢᠵᠠᠭᠠᠷᠯᠠᠬᠤ ᠪᠠᠭᠤᠯᠭᠠᠬᠤ ᠲᠣᠭᠲᠠᠭᠠᠯ ᠢ ᠨᠠᠶᠢᠳᠠᠪᠤᠷᠢᠵᠢᠭᠤᠯᠬᠤ ᠪᠣᠯ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠠ ᠡᠭᠦᠷᠭᠡ ᠮᠥᠨ᠂ ᠪᠣᠯᠪᠠᠰᠤᠨ ᠠᠮᠤᠷ ᠲᠦᠪᠰᠢᠨ ᠠᠮᠢᠳᠤᠷᠠᠯ ᠤᠨ ᠣᠷᠴᠢᠨ ᠨᠥᠬᠦᠴᠡᠯ ᠢ ᠤᠯᠠᠨ ᠤ ᠳᠡᠮᠵᠢᠯᠭᠡ ᠳᠤ ᠲᠦᠰᠢᠭᠯᠡᠵᠦ᠂ ᠤᠬᠠᠮᠰᠠᠷ ᠠᠴᠠ ᠪᠠᠨ ᠵᠢᠷᠤᠮᠯᠠᠨ ᠰᠠᠬᠢᠬᠤ ᠪᠠ ᠬᠠᠮᠲᠤ ᠪᠠᠷ ᠬᠠᠮᠠᠭᠠᠯᠠᠬᠤ ᠬᠡᠷᠡᠭᠲᠡᠶ᠃ ᠵᠠᠰᠠᠭ ᠤᠨ ᠣᠷᠳᠣᠨ ᠵᠢᠴᠢ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠠᠤᠯᠢ ᠶᠣᠰᠣᠭᠠᠷ ᠬᠤᠸᠠᠷ ᠫᠤᠤᠵᠢᠩ ᠲᠠᠯᠪᠢᠬᠤ ᠤᠬᠠᠭᠤᠯᠭ᠎ᠠ ᠶᠢ ᠥᠷᠨᠢᠭᠦᠯᠬᠦ ᠶᠢᠨ ᠬᠠᠮᠲᠤ ᠴᠢᠬᠤᠯᠠ ᠶᠡᠭᠡ ᠪᠠᠶᠠᠷ ᠤᠨ ᠡᠳᠦᠷ ᠤᠨ ᠬᠤᠭᠤᠴᠠᠭᠠᠨ ᠳᠤ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ ᠬᠡᠷᠡᠭᠲᠡᠶ᠃ ᠷᠠᠳᠢᠣ᠋ ᠨᠡᠪᠲᠡᠷᠡᠭᠦᠯᠭᠡ ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠵᠠᠭᠤᠴᠢ ᠨᠢᠭᠡᠴᠢ ᠪᠠ ᠭᠡᠷ ᠤᠨ ᠭᠠᠳᠠᠨᠠᠬᠢ ᠵᠠᠷ ᠡᠵᠡᠩᠨᠡᠭᠴᠢ᠂ ᠨᠡᠶᠢᠲᠡᠯᠡᠭᠴᠢ ᠬᠠᠤᠯᠢ ᠶᠣᠰᠣᠭᠠᠷ ᠬᠤᠸᠠᠷ ᠫᠤᠤᠵᠢᠩ ᠲᠠᠯᠪᠢᠬᠤ ᠪᠠ ᠵᠠᠩ ᠳᠠᠳᠬᠠᠯ ᠢ ᠥᠭᠡᠷᠡᠴᠢᠯᠡᠬᠦ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠥᠷᠨᠢᠭᠦᠯᠬᠦ ᠬᠡᠷᠡᠭᠲᠡᠢ᠃ ᠣᠷᠴᠢᠨ ᠲᠣᠭᠤᠷᠢᠨ ᠤ ᠬᠠᠮᠠᠭᠠᠯᠠᠯᠲᠠ ᠵᠡᠷᠭᠡ ᠨᠡᠶᠢᠭᠡᠮ ᠤᠨ ᠵᠣᠬᠢᠶᠠᠨ ᠪᠠᠶᠢᠭᠤᠯᠤᠯᠲᠠ ᠵᠢᠴᠢ ᠰᠠᠶᠢᠨ ᠳᠤᠷ᠎ᠠ ᠶᠢᠨ ᠠᠵᠢᠯᠯᠠᠭᠰᠠᠳ ᠤᠨ ᠬᠠᠤᠯᠢ ᠶᠣᠰᠣᠭᠠᠷ ᠬᠤᠸᠠᠷ ᠫᠤᠤᠵᠢᠩ ᠲᠠᠯᠪᠢᠬᠤ ᠰᠠᠶᠢᠨ ᠳᠤᠷ᠎ᠠ ᠶᠢᠨ ᠦᠢᠯᠡᠴᠢᠯᠡᠭᠡᠨ ᠤ ᠠᠵᠢᠯᠯᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠢᠯᠠᠩᠭᠤᠶ᠎ᠠ ᠠᠳᠠᠯ ᠠᠬᠤᠶ ᠶᠢᠨ ᠦᠢᠯᠡᠴᠢᠯᠡᠭᠡᠨ ᠤ ᠠᠵᠤ ᠠᠬᠤᠶᠢᠯᠠᠯ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠤ ᠠᠬᠤᠶᠢᠯᠠᠯ᠂ ᠵᠣᠴᠢᠳ ᠤᠨ ᠪᠠᠭᠤᠳᠠᠯ ᠵᠡᠷᠭᠡ ᠨᠢᠭᠡᠴᠡ ᠬᠤᠸᠠᠷ ᠫᠤᠤᠵᠢᠩ ᠲᠠᠯᠪᠢᠬᠤ ᠬᠠᠮᠢᠶᠠᠷᠤᠯᠲᠠ ᠶᠢᠨ ᠠᠵᠢᠯ ᠢ ᠬᠠᠮᠵᠢᠨ ᠥᠷᠨᠢᠭᠦᠯᠵᠦ᠂ ᠬᠠᠤᠯᠢ ᠶᠢ ᠵᠥᠷᠢᠴᠡᠨ ᠬᠤᠸᠠᠷ ᠫᠤᠤᠵᠢᠩ ᠲᠠᠯᠪᠢᠵᠤ ᠪᠣᠯᠬᠤ ᠤᠢᠭᠡᠢ ᠭᠡᠳᠡᠭ ᠢ ᠬᠡᠷᠡᠭᠯᠡᠭᠴᠢᠳ ᠲᠤ ᠮᠡᠳᠡᠭᠳᠡᠵᠦ᠂ ᠦᠢᠯᠡᠴᠢᠯᠡᠬᠦ ᠡᠲᠡᠭᠡᠳ ᠢ ᠰᠢᠪᠠᠳᠠᠨ ᠬᠤᠸᠠᠷ ᠫᠤᠤᠵᠢᠩ ᠲᠠᠯᠪᠢᠬᠤ ᠬᠤᠯᠪᠣᠭᠳᠠᠯ ᠪᠦᠬᠦᠢ ᠲᠣᠭᠲᠠᠭᠠᠯ ᠢ ᠬᠠᠤᠯᠢ ᠶᠣᠰᠣᠭᠠᠷ ᠵᠢᠷᠤᠮᠯᠠᠭᠤᠯᠬᠤ ᠶᠢᠨ ᠬᠠᠮᠲᠤ ᠬᠠᠤᠯᠢ ᠶᠢ ᠵᠥᠷᠢᠴᠡᠨ ᠬᠤᠸᠠᠷ ᠫᠤᠤᠵᠢᠩ ᠲᠠᠯᠪᠢᠬᠤ ᠬᠠᠮᠢᠶᠠᠷᠤᠯᠲᠠ ᠶᠢᠨ ᠲᠣᠭᠲᠠᠭᠠᠯ ᠤᠨ ᠠᠵᠢᠯᠯᠠᠭ᠎ᠠ ᠶᠢ ᠴᠠᠭ ᠲᠤᠬᠠᠶ ᠳᠤᠨᠢ ᠢᠳᠬᠠᠨ ᠬᠤᠷᠢᠭᠯᠠᠬᠤ ᠬᠡᠷᠡᠭᠲᠡᠶ᠂ ᠢᠳᠬᠠᠨ ᠬᠤᠷᠢᠭᠯᠠᠭᠠᠳ ᠲᠤᠰᠠ ᠭᠠᠷᠬᠤ ᠤᠢᠭᠡᠢ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠬᠤᠶᠠᠷ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠲᠠᠶᠢᠯᠤᠮᠵᠢ      1. ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾      ᠨᠠᠶᠠᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠳᠤ ᠶᠠᠰᠤ ᠴᠢᠨᠠᠷ ᠤᠨ ᠪᠠᠷᠢᠮᠵᠢᠶ᠎ᠠ ᠳᠤ ᠤᠢᠯᠦ ᠨᠡᠶᠢᠴᠡᠬᠦ ᠬᠤᠸᠠᠷ ᠫᠤᠤᠵᠢᠩ ᠦᠢᠯᠡᠳᠪᠦᠷᠢᠯᠡᠬᠦ᠂ ᠪᠣᠷᠣᠯᠠᠭᠤᠯᠬᠤ ᠪᠠ ᠲᠠᠯᠪᠢᠬᠤ ᠶᠢ ᠴᠠᠭᠠᠵᠠᠯᠠᠨ᠎ᠠ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠴᠠᠭᠠᠵᠠᠯᠠᠭᠰᠠᠨ ᠴᠠᠭ ᠬᠤᠭᠤᠴᠠᠭ᠎ᠠ ᠪᠣᠯᠤᠨ ᠣᠷᠣᠨ ᠪᠦᠰᠡ ᠶᠢᠨ ᠳᠣᠲᠣᠷ᠎ᠠ ᠬᠤᠸᠠᠷ ᠫᠤᠤᠵᠢᠩ ᠲᠠᠯᠪᠢᠵᠤ ᠪᠣᠯᠬᠤ ᠤᠢᠭᠡᠢ᠃      ᠶᠡᠷᠡᠨ ᠵᠢᠷᠭᠤᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠬᠦᠨᠳᠦ ᠪᠣᠬᠢᠷᠲᠤᠯ ᠲᠠᠢ ᠴᠠᠭ ᠠᠭᠤᠷ ᠤᠨ ᠰᠡᠷᠡᠮᠵᠢ ᠶᠢᠨ ᠳᠡᠰ ᠢ ᠪᠠᠴᠢᠮ ᠪᠠᠶᠢᠳᠠᠯ ᠢ ᠠᠷᠭᠠᠴᠠᠬᠤ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠬᠡᠷᠡᠭᠴᠡᠭᠡ ᠶᠢ ᠦᠨᠳᠦᠰᠦᠯᠡᠨ ᠬᠤᠯᠪᠣᠭᠳᠠᠯ ᠪᠦᠬᠦᠢ ᠠᠵᠤ ᠠᠬᠤᠶᠢᠯᠠᠯ ᠢ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠢ ᠨᠢ ᠵᠣᠭᠰᠣᠭᠠᠬᠤ ᠪᠤᠶᠤ ᠦᠢᠯᠡᠳᠪᠦᠷᠢᠯᠡᠯ ᠢ ᠨᠢ ᠬᠢᠵᠠᠭᠠᠷᠯᠠᠬᠤ᠂ ᠬᠡᠰᠡᠭ ᠮᠠᠰᠢᠨᠲᠤ ᠲᠡᠷᠭᠡ ᠶᠢᠨ ᠶᠠᠪᠤᠬᠤ ᠶᠢ ᠬᠢᠵᠠᠭᠠᠷᠯᠠᠬᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ᠂ ᠪᠠᠷᠢᠯᠭ᠎ᠠ ᠶᠢᠨ ᠭᠠᠵᠠᠷ ᠤᠨ ᠰᠢᠷᠣᠶ ᠴᠢᠯᠠᠭᠤᠨ ᠤ ᠠᠵᠢᠯ ᠪᠠ ᠪᠠᠷᠢᠯᠭ᠎ᠠ ᠶᠢ ᠨᠤᠷᠠᠭᠠᠨ ᠨᠤᠷᠠᠭᠠᠬᠤ ᠠᠵᠢᠯ ᠢ ᠵᠣᠭᠰᠣᠭᠠᠬᠤ᠂ ᠵᠠᠳᠠᠭᠠᠶ ᠰᠢᠷᠠᠬᠤ ᠶᠢ ᠵᠣᠭᠰᠣᠭᠠᠬᠤ᠂ ᠬᠡᠦᠬᠡᠳ ᠤᠨ ᠴᠡᠴᠡᠷᠯᠢᠭ ᠪᠠ ᠰᠤᠷᠭᠠᠭᠤᠯᠢ ᠶᠢᠨ ᠵᠣᠬᠢᠶᠠᠨ ᠪᠠᠶᠢᠭᠤᠯᠤᠭᠰᠠᠨ ᠭᠡᠷ ᠤᠨ ᠭᠠᠳᠠᠨᠠᠬᠢ ᠠᠵᠢᠯᠯᠠᠭ᠎ᠠ ᠶᠢ ᠵᠣᠭᠰᠣᠭᠠᠬᠤ᠂ ᠬᠥᠮᠦᠨ ᠤ ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠤᠨ ᠪᠠᠴᠢᠮ ᠪᠠᠶᠢᠳᠠᠯ ᠢ ᠠᠷᠭᠠᠴᠠᠬᠤ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠥᠷᠨᠢᠭᠦᠯᠵᠦ ᠪᠣᠯᠤᠨ᠎ᠠ᠃      ᠵᠠᠭᠤ ᠠᠷᠪᠠ ᠶᠢᠰᠦᠳᠦᠭᠡᠷ ᠵᠦᠢᠯ ᠤᠨ ᠭᠤᠷᠪᠠᠳᠤᠭᠠᠷ ᠪᠠᠳᠠᠭ ᠤᠨ ᠲᠣᠭᠲᠠᠭᠠᠯ ᠳᠤ᠂ ᠲᠤᠰ ᠬᠠᠤᠯᠢ ᠶᠢᠨ ᠲᠣᠭᠲᠠᠭᠠᠯ ᠢ ᠵᠥᠷᠢᠴᠡᠵᠦ᠂ ᠬᠤᠳᠠ ᠶᠢᠨ ᠠᠷᠠᠳ ᠤᠨ ᠵᠠᠰᠠᠭ ᠤᠨ ᠣᠷᠳᠣᠨ ᠤ ᠴᠠᠭᠠᠵᠠᠯᠠᠭᠰᠠᠨ ᠴᠠᠭ ᠪᠠ ᠣᠷᠣᠨ ᠪᠦᠰᠡ ᠳᠤ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠢᠨᠠᠵᠤ ᠬᠠᠮᠢᠶᠠᠷᠬᠤ ᠰᠠᠯᠠᠭ᠎ᠠ ᠮᠥᠴᠢᠷ ᠠᠴᠠ ᠬᠠᠤᠯᠢ ᠶᠣᠰᠣᠭᠠᠷ ᠰᠢᠳᠬᠡᠨ᠎ᠡ᠃      2. ︽ᠬᠤᠸᠠᠷ ᠫᠤᠤᠵᠢᠩ ᠤᠨ ᠠᠶᠤᠯᠭᠦᠶ ᠶᠢᠨ ᠬᠠᠮᠢᠶᠠᠷᠤᠯᠲᠠ ᠶᠢᠨ ᠳᠦᠷᠢᠮ︾      ᠬᠤᠷᠢᠨ ᠨᠠᠢᠮᠠᠳᠤᠭᠠᠷ ᠵᠦᠢᠯ ᠤᠨ ᠲᠣᠭᠲᠠᠭᠠᠯ ᠳᠤ᠂ ᠬᠤᠸᠠᠷ ᠫᠤᠤᠵᠢᠩ ᠲᠠᠯᠪᠢᠬᠤ ᠳᠠᠭᠠᠨ ᠬᠤᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠳᠦᠷᠢᠮ ᠲᠣᠭᠲᠠᠭᠠᠯ ᠤᠨ ᠲᠣᠭᠲᠠᠭᠠᠯ ᠢ ᠵᠢᠷᠤᠮᠯᠠᠬᠤ ᠬᠡᠷᠡᠭᠲᠡᠶ᠃ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠲᠤᠰ ᠵᠠᠰᠠᠭ ᠵᠠᠬᠢᠷᠭᠠᠨ ᠤ ᠣᠷᠣᠨ ᠤ ᠪᠠᠨ ᠪᠣᠳᠠᠲᠤ ᠪᠠᠶᠢᠳᠠᠯ ᠢ ᠦᠨᠳᠦᠰᠦᠯᠡᠨ᠂ ᠬᠤᠸᠠᠷ ᠫᠤᠤᠵᠢᠩ ᠲᠠᠯᠪᠢᠬᠤ ᠶᠢ ᠬᠢᠵᠠᠭᠠᠷᠯᠠᠬᠤ ᠪᠤᠶᠤ ᠴᠠᠭᠠᠵᠠᠯᠠᠬᠤ ᠴᠠᠭ᠂ ᠭᠠᠵᠠᠷ ᠪᠣᠯᠤᠨ ᠲᠦᠷᠦᠯ ᠵᠦᠢᠯ ᠢ ᠲᠣᠭᠲᠠᠭᠠᠵᠤ ᠪᠣᠯᠤᠨ᠎ᠠ᠃        ᠭᠤᠴᠢᠳᠤᠭᠠᠷ ᠵᠦᠢᠯ ᠤᠨ ᠲᠣᠭᠲᠠᠭᠠᠯ ᠳᠤ᠂ ᠳᠣᠣᠷ᠎ᠠ ᠵᠢᠭᠰᠠᠭᠠᠭᠰᠠᠨ ᠭᠠᠵᠠᠷ ᠲᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠨ᠎ᠠ᠄      ︵ᠨᠢᠭᠡ︶ ᠲᠡᠦᠬᠡ ᠶᠢᠨ ᠳᠤᠷᠠᠰᠬᠠᠯᠲᠤ ᠵᠦᠢᠯ ᠢᠶᠠᠷ ᠬᠠᠮᠠᠭᠠᠯᠠᠭᠳᠠᠬᠤ ᠨᠢᠭᠡᠴᠢ      ︵ᠬᠤᠶᠠᠷ︶ ᠲᠡᠷᠭᠡᠨ ᠥᠷᠳᠡᠭᠡ᠂ ᠭᠠᠷᠠᠮ᠂ ᠨᠢᠰᠬᠡᠯ ᠤᠨ ᠪᠠᠭᠤᠳᠠᠯ ᠵᠡᠷᠭᠡ ᠵᠠᠮ ᠬᠠᠷᠢᠯᠴᠠᠭᠠᠨ ᠤ ᠵᠠᠩᠭᠢᠯᠠᠭ᠎ᠠ ᠵᠢᠴᠢ ᠲᠡᠮᠥᠷ ᠵᠠᠮ ᠤᠨ ᠱᠤᠭᠤᠮ ᠤᠨ ᠠᠶᠤᠯ ᠥᠭᠡᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ      ︵ᠭᠤᠷᠪᠠ︶ ᠨᠣᠴᠣᠮᠠᠲᠠᠭᠠᠶ ᠳᠡᠯᠪᠡᠷᠡᠮᠡᠲᠡᠭᠡᠶ ᠪᠣᠳᠠᠰ ᠢ ᠦᠢᠯᠡᠳᠪᠦᠷᠢᠯᠡᠬᠦ᠂ ᠬᠠᠳᠠᠭᠠᠯᠠᠬᠤ ᠨᠢᠭᠡᠴᠢ      ︵ᠲᠥᠷᠪᠡ︶ ᠴᠠᠬᠢᠯᠭᠠᠨ ᠬᠦᠷᠭᠡᠬᠦ ᠬᠦᠴᠦᠳᠡᠯ ᠥᠭᠡᠷᠡᠴᠢᠯᠡᠬᠦ ᠪᠡᠯᠡᠳᠬᠡᠮᠵᠢ ᠶᠢᠨ ᠠᠶᠤᠯ ᠥᠭᠡᠢ ᠶᠢᠨ ᠬᠠᠮᠠᠭᠠᠯᠠᠯᠲᠠ ᠶᠢᠨ ᠣᠷᠣᠨ ᠤ ᠳᠣᠲᠣᠷ᠎ᠠ      ︵ᠲᠠᠪᠤ︶ ᠡᠮ ᠡᠮᠨᠡᠯᠭᠡ ᠶᠢᠨ ᠪᠠᠶᠢᠭᠤᠯᠤᠮᠵᠢ᠂ ᠬᠡᠦᠬᠡᠳ ᠤᠨ ᠴᠡᠴᠡᠷᠯᠢᠭ᠂ ᠳᠤᠮᠳᠠᠳᠤ ᠪᠠᠭ᠎ᠠ ᠰᠤᠷᠭᠠᠭᠤᠯᠢ᠂ ᠨᠠᠰᠤᠲᠠᠨ ᠢ ᠠᠰᠠᠷᠠᠬᠤ ᠬᠦᠷᠢᠶᠡᠯᠡᠩ      ︵ᠵᠢᠷᠭᠤᠭ᠎ᠠ︶ ᠠᠭᠤᠯᠠᠨ ᠤᠢ᠂ ᠨᠤᠲᠤᠭ ᠪᠡᠯᠴᠢᠭᠡᠷ ᠵᠡᠷᠭᠡ ᠭᠤᠣᠯᠳᠠᠯᠭ᠎ᠠ ᠲᠠᠢ ᠭᠠᠯ ᠰᠡᠷᠭᠡᠶᠢᠯᠡᠬᠦ ᠣᠷᠣᠨ      ︵ᠲᠤᠯᠤᠭ᠎ᠠ︶ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠠᠷᠠᠳ ᠤᠨ ᠵᠠᠰᠠᠭ ᠤᠨ ᠣᠷᠳᠣᠨ ᠤ ᠲᠣᠭᠲᠠᠭᠠᠭᠰᠠᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠤᠰᠤᠳ ᠭᠠᠵᠠᠷ᠃      ᠳᠥᠴᠢᠨ ᠬᠤᠶᠠᠳᠤᠭᠠᠷ ᠵᠦᠢᠯ ᠤᠨ ᠬᠤᠶᠠᠳᠤᠭᠠᠷ ᠪᠠᠳᠠᠭ ᠤᠨ ᠲᠣᠭᠲᠠᠭᠠᠯ ᠳᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠴᠠᠭ᠂ ᠭᠠᠵᠠᠷ ᠲᠤ ᠬᠤᠸᠠᠷ ᠫᠤᠤᠵᠢᠩ ᠲᠠᠯᠪᠢᠭᠰᠠᠨ᠂ ᠡᠰᠡᠬᠦᠯ᠎ᠡ ᠤᠯᠠᠨ ᠨᠡᠶᠢᠲᠡ ᠶᠢᠨ ᠠᠮᠤᠷ ᠲᠦᠪᠰᠢᠨ ᠪᠠ ᠬᠥᠮᠦᠨ ᠤ ᠪᠡᠶ᠎ᠡ᠂ ᠡᠳ᠋ ᠬᠦᠷᠦᠩᠭᠡ ᠶᠢᠨ ᠠᠮᠤᠷ ᠲᠦᠪᠰᠢᠨ ᠳᠤ ᠬᠤᠣᠷ ᠬᠥᠨᠥᠭᠡᠯ ᠤᠴᠠᠷᠠᠭᠤᠯᠬᠤ ᠠᠷᠭ᠎ᠠ ᠮᠠᠶ᠋ᠢᠭ ᠢᠶᠠᠷ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠸᠠᠷ ᠫᠤᠤᠵᠢᠩ ᠲᠠᠯᠪᠢᠬᠤ ᠶᠢ ᠨᠢ ᠵᠣᠭᠰᠣᠭᠠᠵᠤ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠂ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ᠃                                                  ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号