︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2021/6/9
︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ    ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠤ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄      ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃        ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ    2021 ᠣᠨ ᠤ 1 ᠰᠠᠷ᠎ᠠ ᠶᠢᠨ 25                  ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ 2021 ᠣᠨ ᠤ              ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ    ᠬᠡᠷᠡᠭᠵᠢᠭᠦᠯᠬᠦ ᠲᠥᠰᠦᠯ      ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ︽ᠤᠯᠠᠭᠠᠨᠴᠠᠪ ᠬᠤᠲᠠ ᠶᠢᠨ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ︵ᠤᠯᠠᠭᠠᠨᠴᠠᠪ ᠠᠯᠪᠠᠨ ᠥᠰᠥᠭ ︹ 2018 ︺ 127 ᠳ᠋ᠤᠭᠠᠷ ᠲᠣᠭᠠᠲᠤ︶ ᠢ ᠳᠠᠷᠤᠮᠠᠯᠯᠠᠨ ᠲᠠᠷᠬᠠᠭᠠᠵᠤ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ︽ᠲᠠᠷᠢᠶᠠᠯᠠᠩ ᠤᠨ ᠤᠰᠤᠨ ᠤ ᠦᠨ᠎ᠡ ᠶᠢᠨ ᠠᠵᠢᠯᠯᠠᠭᠠᠨ ᠤ ᠲᠣᠭᠲᠠᠴᠠ ᠶᠢ ᠪᠠᠶᠢᠭᠤᠯᠤᠨ ᠪᠦᠷᠢᠨᠰᠢᠬᠦᠯᠬᠦ ᠲᠤᠬᠠᠶ ᠵᠢᠯᠣᠭᠤᠳᠬᠤ ᠰᠠᠨᠠᠯ︾ ︵ᠤᠯᠠᠭᠠᠨᠴᠠᠪ ᠬᠤᠲᠠ ᠲᠠᠷᠬᠠᠭᠠᠭᠰᠠᠨ ︹ 2020 ︺ 68 ᠳ᠋ᠤᠭᠠᠷ ᠲᠣᠭᠠᠲᠤ︶ ᠵᠢᠴᠢ ᠬᠤᠲᠠ ᠶᠢᠨ ᠵᠠᠰᠠᠭ ᠤᠨ ᠣᠷᠳᠣᠨ ᠤ ᠲᠤᠰᠬᠠᠶ ᠰᠡᠳᠦᠪᠲᠦ ᠬᠤᠷᠠᠯ ᠤᠨ ᠵᠣᠷᠢᠭ ᠰᠠᠨᠠᠭ᠎ᠠ ᠶᠢ ᠳᠠᠷᠤᠮᠠᠯᠯᠠᠨ ᠲᠠᠷᠬᠠᠭᠠᠵᠤ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ᠂ ᠬᠡᠷᠡᠭᠵᠢᠭᠦᠯᠬᠦ ᠲᠥᠰᠦᠯ ᠢ ᠣᠨᠴᠠᠭᠠᠶᠢᠯᠠᠨ ᠳᠣᠤᠷᠠᠬᠢ ᠮᠡᠲᠦ ᠲᠣᠭᠲᠠᠭᠠᠪᠠ᠃      ᠨᠢᠭᠡ᠂ ᠶᠡᠷᠦᠩᠬᠡᠶ ᠬᠠᠷᠠᠯᠲᠠ ᠪᠠ ᠡᠭᠦᠷᠭᠡ      1. ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢᠨ ᠭᠦᠢᠴᠡᠳᠭᠡᠯ ᠲᠤᠭ᠎ᠠ ᠶᠢᠨ ᠶᠣᠰᠣᠭᠠᠷ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢ ᠬᠤᠰᠢᠭᠤ ᠠᠴᠠ ᠰᠤᠮᠤ ᠰᠢᠶᠠᠩ ᠪᠠᠯᠭᠠᠰᠤ ᠬᠦᠷᠲᠡᠯ᠎ᠡ ᠱᠠᠲᠤ ᠳᠠᠷᠠᠭᠠᠯᠠᠨ ᠡᠯ᠎ᠡ ᠤᠰᠤ ᠬᠡᠷᠡᠭᠯᠡᠬᠦ ᠭᠤᠤᠯ ᠴᠣᠭᠴᠠ ᠳᠤ ᠬᠤᠪᠢᠶᠠᠵᠤ᠂ ᠤᠰᠤᠨ ᠤ ᠡᠷᠬᠡ ᠶᠢ ᠲᠣᠭᠲᠠᠭᠠᠬᠤ ᠶᠢᠨ ᠬᠠᠮᠲᠤ ᠤᠰᠤᠯᠠᠯᠲᠠ ᠶᠢᠨ ᠤᠰᠤ ᠬᠡᠷᠡᠭᠯᠡᠬᠦ ᠬᠢᠵᠠᠭᠠᠷ ᠲᠤᠭ᠎ᠠ ᠶᠢ ᠬᠢᠨᠠᠨ ᠵᠥᠪᠰᠢᠶᠡᠷᠡᠵᠦ ᠮᠠᠭᠠᠳᠯᠠᠨ ᠲᠣᠭᠲᠠᠭᠠᠵᠤ᠂ ᠶᠡᠷᠦᠩᠬᠡᠶ ᠬᠡᠮᠵᠢᠶ᠎ᠡ ᠶᠢ ᠡᠵᠡᠮᠳᠡᠬᠦ ᠪᠠ ᠲᠣᠭᠲᠠᠭᠰᠠᠨ ᠨᠣᠷᠮ᠎ᠠ ᠪᠠᠷ ᠬᠠᠮᠢᠶᠠᠷᠬᠤ ᠶᠢ ᠬᠡᠷᠡᠭᠵᠢᠭᠦᠯᠬᠦ ᠬᠡᠷᠡᠭᠲᠡᠶ᠃      2. ᠡᠯ᠎ᠡ ᠤᠰᠤ ᠬᠡᠷᠡᠭᠯᠡᠬᠦ ᠡᠷᠦᠬᠡ ᠨᠦᠭᠦᠳ ᠭᠠᠴᠠᠭ᠎ᠠ ᠲᠣᠰᠬᠤᠨ ᠤ ᠵᠥᠪᠯᠡᠯ ᠵᠢᠴᠢ ᠰᠤᠮᠤ ᠰᠢᠶᠠᠩ ᠪᠠᠯᠭᠠᠰᠤ ᠠᠴᠠ ᠤᠰᠤᠯᠠᠯᠲᠠ ᠶᠢᠨ ᠬᠡᠯᠪᠡᠷᠢ᠂ ᠲᠠᠷᠢᠮᠠᠯ ᠤᠨ ᠲᠥᠷᠥᠯ ᠬᠡᠯᠪᠡᠷᠢ ᠪᠠ ᠳᠠᠷᠢᠬᠤ ᠲᠠᠯᠠᠪᠠᠶ ᠶᠢ ᠦᠨᠳᠦᠰᠦᠯᠡᠨ ᠤᠰᠤ ᠬᠡᠷᠡᠭᠯᠡᠬᠦ ᠲᠥᠯᠥᠪᠯᠡᠭᠡ ᠲᠠᠢ ᠬᠡᠮᠵᠢᠶ᠎ᠡ ᠶᠢ ᠤᠷᠢᠳᠴᠢᠯᠠᠨ ᠭᠤᠶᠤᠴᠢᠯᠠᠵᠤ᠂ ᠭᠠᠴᠠᠭ᠎ᠠ ᠲᠣᠰᠬᠤᠨ ᠤ ᠵᠥᠪᠯᠡᠯ᠂ ᠰᠤᠮᠤ ᠰᠢᠶᠠᠩ ᠪᠠᠯᠭᠠᠰᠤ ᠠᠴᠠ ᠬᠢᠨᠠᠨ ᠪᠠᠶᠢᠴᠠᠭᠠᠭᠰᠠᠨ ᠤ ᠳᠠᠷᠠᠭ᠎ᠠ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠮᠡᠳᠡᠭᠦᠯᠵᠦ᠂ ᠨᠢᠭᠡᠨᠲᠡ ᠨᠠᠶᠢᠷᠠᠭᠤᠯᠤᠨ ᠵᠣᠬᠢᠶᠠᠭᠰᠠᠨ ︽ᠤᠯᠠᠭᠠᠨᠴᠠᠪ ᠬᠤᠲᠠ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠮᠠᠰᠢᠨ ᠴᠠᠬᠢᠯᠭᠠᠨ ᠬᠤᠳᠳᠤᠭ ᠤᠨ ᠤᠰᠤᠯᠠᠯᠲᠠ ᠶᠢᠨ ᠲᠥᠷᠥᠯ ᠵᠣᠶᠢᠯ ᠤᠨ ᠤᠰᠤᠨ ᠤ ᠡᠬᠢ ᠪᠠᠶᠠᠯᠢᠭ ᠤᠨ ᠨᠤᠲᠠᠯᠠᠯᠲᠠ ᠶᠢᠨ ᠮᠡᠳᠡᠭᠦᠯᠦᠯᠲᠡ ᠶᠢᠨ ᠪᠢᠴᠢᠭ︾ ᠤᠨ ᠶᠣᠰᠣᠭᠠᠷ ᠤᠰᠤ ᠬᠡᠷᠡᠭᠯᠡᠬᠦ ᠡᠷᠦᠬᠡ ᠶᠢᠨ ᠤᠰᠤᠯᠠᠯᠲᠠ ᠳᠤ ᠬᠡᠷᠡᠭᠯᠡᠬᠦ ᠤᠰᠤᠨ ᠤ ᠬᠡᠮᠵᠢᠶ᠎ᠡ ᠳᠤ ᠤᠰᠤ ᠲᠠᠲᠠᠬᠤ ᠵᠥᠪᠰᠢᠶᠡᠷᠡᠯ ᠢ ᠬᠢᠨᠠᠨ ᠣᠯᠭᠤᠨ᠎ᠠ᠃      3. ᠣᠶᠤᠨᠴᠢ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢᠵᠢᠯᠲᠠ ᠶᠢᠨ ᠠᠦ᠋ᠲ᠋ᠣ᠋ ᠬᠡᠮᠵᠢᠯᠲᠡ ᠶᠢ ᠪᠡᠶᠡᠯᠡᠭᠦᠯᠦᠨ᠂ ᠲᠤᠭ᠎ᠠ ᠪᠠᠷᠢᠮᠲᠠ ᠶᠢ ᠠᠯᠤᠰ ᠠᠴᠠ ᠳᠠᠮᠵᠢᠭᠤᠯᠬᠤ ᠪᠠ ᠡᠵᠡᠮᠳᠡᠬᠦ ᠳᠤ ᠬᠦᠷᠦᠭᠦᠯᠦᠨ᠎ᠡ᠃ ᠬᠡᠮᠵᠢᠯᠲᠡ ᠶᠢᠨ ᠪᠡᠯᠡᠳᠬᠡᠮᠵᠢ ᠶᠢ ᠤᠭᠰᠠᠷᠠᠬᠤ ᠨᠥᠬᠦᠴᠡᠯ ᠢ ᠪᠦᠷᠢᠳᠦᠭᠦᠯᠦᠭᠰᠡᠨ ᠥᠬᠡᠶ ᠪᠠ 2022 ᠣᠨ᠂ 2023 ᠣᠨ ᠳᠤ ᠤᠰᠤᠯᠠᠯᠲᠠ ᠶᠢᠨ ᠲᠠᠯᠠᠪᠠᠶ ᠶᠢ ᠪᠠᠭᠠᠰᠬᠠᠨ ᠪᠠᠭᠠᠰᠬᠠᠬᠤ ᠶᠢ ᠬᠡᠷᠡᠭᠵᠢᠭᠦᠯᠦᠭᠰᠡᠨ ᠪᠣᠯ ᠴᠠᠬᠢᠯᠭᠠᠨ ᠢᠶᠠᠷ ᠤᠰᠤ ᠨᠤᠭᠤᠯᠬᠤ ᠠᠷᠭ᠎ᠠ ᠮᠠᠶ᠋ᠢᠭ ᠢᠶᠠᠷ ᠤᠰᠤᠨ ᠤ ᠬᠡᠮᠵᠢᠶ᠎ᠡ ᠶᠢ ᠬᠢᠵᠠᠭᠠᠷᠯᠠᠬᠤ ᠶᠢᠨ ᠬᠠᠮᠲᠤ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠮᠡᠳᠡᠭᠡ ᠵᠠᠩᠭᠢᠵᠢᠯᠲᠠ ᠶᠢᠨ ᠲᠠᠪᠴᠠᠩ ᠢ ᠳᠠᠮᠵᠢᠭᠤᠯᠤᠨ᠎ᠠ᠃      4. ᠬᠤᠰᠢᠭᠤ᠂ ᠰᠤᠮᠤ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ ᠭᠤᠷᠪᠠᠨ ᠱᠠᠲᠤᠨ ᠤ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠪᠦᠷᠢᠨᠰᠢᠬᠦᠯᠵᠦ᠂ ᠵᠣᠬᠢᠶᠠᠨ ᠪᠠᠶᠢᠭᠤᠯᠤᠯᠲᠠ ᠶᠢᠨ ᠲᠦᠷᠢᠮ ᠲᠣᠭᠲᠠᠭᠠᠯ ᠪᠠ ᠠᠵᠢᠯᠯᠠᠭᠠᠨ ᠤ ᠲᠣᠭᠲᠠᠴᠠ ᠶᠢ ᠲᠡᠭᠦᠯᠳᠡᠷᠵᠢᠭᠦᠯᠦᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠲᠠᠷᠢᠶᠠᠯᠠᠩ ᠳᠤ ᠬᠡᠷᠡᠭᠯᠡᠬᠦ ᠤᠰᠤᠨ ᠤ ᠦᠨ᠎ᠡ ᠬᠠᠩᠰᠢ ᠶᠢ ᠵᠦᠶ ᠵᠣᠬᠢᠰᠲᠠᠶ ᠲᠣᠭᠲᠠᠭᠠᠬᠤ ᠶᠢᠨ ᠬᠠᠮᠲᠤ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠦᠷᠢᠮ ᠢ ᠬᠡᠷᠡᠭᠵᠢᠭᠦᠯᠦᠨ᠎ᠡ᠃      5. ᠤᠰᠤ ᠠᠷᠪᠢᠯᠠᠭᠰᠠᠨ ᠱᠠᠩᠨᠠᠯ ᠤᠨ ᠲᠥᠷᠢᠮ ᠢ ᠪᠠᠶᠢᠭᠤᠯᠤᠨ᠂ ᠨᠡᠶᠢᠭᠡᠮ ᠤᠨ ᠪᠡᠯᠡ ᠮᠥᠩᠭᠦ ᠶᠢ ᠤᠰᠤᠨ ᠠᠰᠢᠭᠯᠠᠯᠲᠠ ᠶᠢᠨ ᠪᠥᠳᠥᠭᠡᠨ ᠪᠠᠶᠢᠭᠤᠯᠤᠯᠲᠠ ᠲᠤ ᠣᠷᠣᠭᠤᠯᠬᠤ ᠶᠢ ᠵᠣᠷᠢᠭᠵᠢᠭᠤᠯᠤᠨ᠂ ᠤᠰᠤ ᠠᠷᠪᠢᠯᠠᠬᠤ ᠤᠰᠤᠯᠠᠯᠲᠠ ᠶᠢᠨ ᠠᠷᠭ᠎ᠠ ᠮᠠᠶ᠋ᠢᠭ ᠢ ᠬᠡᠷᠡᠭᠯᠡᠨ ᠤᠰᠤ ᠶᠢ ᠠᠷᠪᠢᠯᠠᠵᠤ ᠬᠡᠷᠡᠭᠯᠡᠭᠰᠡᠨ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠪᠤᠶᠤ ᠤᠰᠤ ᠬᠡᠷᠡᠭᠯᠡᠬᠦ ᠡᠷᠥᠭᠡ ᠲᠤ ᠵᠣᠬᠢᠬᠤ ᠬᠡᠮᠵᠢᠶᠡᠨ   ᠤ ᠤᠰᠤ ᠠᠷᠪᠢᠯᠠᠭᠰᠠᠨ ᠱᠠᠩᠨᠠᠯ ᠣᠯᠭᠤᠨ᠎ᠠ᠃      ᠬᠤᠶᠠᠷ᠂ ᠭᠤᠣᠯ ᠪᠣᠯᠬᠤ ᠠᠵᠢᠯ ᠤᠨ ᠠᠷᠭ᠎ᠠ ᠬᠡᠮᠵᠢᠶ᠎ᠡ      ︵ᠨᠢᠭᠡ︶ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠡᠬᠡ ᠲᠠᠩᠰᠠ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠪᠠᠷ ᠲᠦᠷᠦᠭᠦᠯᠡᠭᠦᠯᠦᠨ᠂ ᠡᠯ᠎ᠡ ᠰᠤᠮᠤ ᠰᠢᠶᠠᠩ ᠪᠠᠯᠭᠠᠰᠤ ᠬᠠᠮᠵᠢᠯᠴᠠᠨ᠂ ᠪᠥᠬᠦ ᠬᠤᠰᠢᠭᠤᠨ ᠤ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠤ ᠬᠤᠳᠳᠤᠭ ᠤᠨ ᠰᠠᠭᠤᠷᠢ ᠮᠡᠳᠡᠭᠡ ᠵᠠᠩᠭᠢ ᠶᠢ ᠳᠡᠭᠡᠭᠰᠢ ᠳᠠᠮᠵᠢᠭᠤᠯᠬᠤ ᠠᠵᠢᠯ ᠢ ᠪᠡᠶᠡᠯᠡᠭᠦᠯᠵᠦ᠂ ᠲᠥᠷᠥᠯ ᠬᠤᠪᠢᠶᠠᠨ ᠳᠡᠩᠰᠡᠯᠡᠨ ᠳᠡᠪᠲᠡᠷᠯᠡᠵᠦ᠂ ᠰᠦᠯᠵᠢᠶᠡᠨ ᠳᠡᠭᠡᠷ᠎ᠡ ᠪᠠ ᠰᠦᠯᠵᠢᠶᠡᠨ ᠭᠠᠳᠠᠨᠠᠬᠢ ᠶᠢ ᠨᠢᠭᠡᠳᠦᠯᠲᠡᠶ ᠪᠠᠶᠢᠯᠭᠠᠨ᠎ᠠ᠃ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠳᠠᠭᠤᠰᠬᠠᠨ᠎ᠠ᠃      ︵ᠬᠤᠶᠠᠷ︶ ᠤᠰᠤ ᠬᠠᠩᠭᠠᠬᠤ ᠬᠡᠮᠵᠢᠯᠲᠡ ᠶᠢᠨ ᠬᠠᠮᠢᠶᠠᠷᠤᠯᠲᠠ ᠶᠢ ᠲᠦᠷᠭᠡᠳᠬᠡᠨ ᠲᠡᠭᠦᠯᠳᠡᠷᠵᠢᠭᠦᠯᠦᠨ᠎ᠡ᠃ ᠪᠥᠬᠦ ᠬᠤᠰᠢᠭᠤᠨ ᠤ ᠨᠢᠭᠡᠨᠲᠡ ᠤᠭᠰᠠᠷᠠᠭᠰᠠᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠤᠰᠤ ᠬᠠᠩᠭᠠᠬᠤ ᠬᠡᠮᠵᠢᠯᠲᠡ ᠶᠢᠨ ᠪᠡᠯᠡᠳᠬᠡᠮᠵᠢ ᠳᠤ ︽ᠨᠢᠭᠡ ᠬᠤᠳᠳᠤᠭ ᠨᠢᠭᠡ ᠺᠠᠷᠲ︾᠂ ︽ᠨᠢᠭᠡ ᠡᠷᠦᠬᠡ ᠨᠢᠭᠡ ᠺᠠᠷᠲ ︾ ᠤᠨ ᠬᠡᠮᠵᠢᠯᠲᠡ ᠶᠢᠨ ᠬᠠᠮᠢᠶᠠᠷᠤᠯᠲᠠ ᠶᠢᠨ ᠠᠷᠭ᠎ᠠ ᠮᠠᠶ᠋ᠢᠭ ᠢ ᠬᠡᠷᠡᠭᠵᠢᠭᠦᠯᠵᠦ᠂ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠮᠡᠳᠡᠭᠡ ᠵᠠᠩᠭᠢ ᠶᠢᠨ ᠲᠠᠪᠴᠠᠩ ᠤᠨ ᠲᠤᠬᠠᠶ ᠶᠢᠨ ᠴᠠᠭ ᠲᠤᠨᠢ ᠬᠢᠨᠠᠨ ᠬᠡᠮᠵᠢᠬᠦ᠂ ᠬᠢᠨᠠᠨ ᠬᠠᠮᠢᠶᠠᠷᠬᠤ ᠶᠢ ᠴᠢᠩᠭᠠᠳᠬᠠᠨ᠂ ᠭᠠᠴᠠᠭ᠎ᠠ ᠲᠣᠰᠬᠤᠨ ᠤ ᠱᠠᠲᠤᠨ ᠤ ᠬᠡᠷᠡᠭᠯᠡᠬᠦ ᠤᠰᠤᠨ ᠤ ᠥᠷᠲᠡᠭ ᠨᠡᠮᠡᠬᠦ ᠶᠢ ᠪᠦᠬᠦᠨ ᠢ ᠪᠡᠶᠡᠯᠡᠭᠦᠯᠵᠦ᠂ ᠭᠠᠴᠠᠭ᠎ᠠ ᠲᠣᠰᠬᠤᠨ ᠤ ᠱᠠᠲᠤᠨ ᠤ ᠬᠡᠷᠡᠭᠯᠡᠬᠦ ᠤᠰᠤ ᠶᠢ ᠵᠣᠬᠢᠶᠠᠨ ᠪᠠᠶᠢᠭᠤᠯᠤᠨ ᠬᠤᠷᠢᠶᠠᠬᠤ ᠶᠢᠨ ᠬᠠᠮᠲᠤ ᠬᠠᠮᠢᠶᠠᠷᠤᠨ᠎ᠠ᠃ ᠲᠣᠭᠲᠠᠭᠰᠠᠨ ᠲᠤᠭ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠭᠰᠡᠨ ᠬᠡᠰᠡᠭ ᠤᠨ ᠤᠰᠤᠨ ᠤ ᠰᠦᠢᠳᠭᠡᠯ ᠢ ᠳᠡᠭᠡᠳᠦ ᠱᠠᠲᠤᠨ ᠤ ᠡᠳ᠋ ᠤᠨ ᠵᠠᠰᠠᠭ ᠤᠨ ᠲᠤᠰᠬᠠᠶ ᠲᠠᠩᠰᠠᠨ ᠡᠷᠦᠬᠡ ᠳᠤ ᠴᠠᠭ ᠲᠤᠬᠠᠶ ᠳᠤᠨᠢ ᠭᠦᠢᠴᠡᠳ ᠲᠤᠭ᠎ᠠ ᠪᠠᠷ ᠲᠤᠰᠢᠶᠠᠵᠤ ᠬᠠᠮᠢᠶᠠᠷᠤᠭᠤᠯᠤᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠮᠠᠰᠢᠨ ᠴᠠᠬᠢᠯᠭᠠᠨ ᠤ ᠬᠤᠳᠳᠤᠭ ᠤᠨ ᠤᠰᠤᠯᠠᠯᠲᠠ ᠶᠢᠨ IC ᠺᠠᠷᠲ ᠢ ᠲᠦᠭᠡᠭᠡᠬᠦ ᠠᠵᠢᠯ ᠢ ᠳᠠᠭᠤᠰᠬᠠᠨ᠎ᠠ᠃      ︵ᠭᠤᠷᠪᠠ︶ ᠤᠰᠤᠨ ᠤ ᠡᠷᠬᠡ ᠶᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠵᠤ᠂ ᠤᠰᠤᠨ ᠤ ᠡᠷᠬᠡ ᠶᠢᠨ ᠲᠦᠷᠢᠮ ᠢ ᠪᠠᠶᠢᠭᠤᠯᠤᠨ᠎ᠠ᠃ ᠲᠠᠷᠢᠶᠠᠯᠠᠩ ᠤᠨ ᠤᠰᠤᠯᠠᠯᠲᠠ ᠶᠢᠨ ᠮᠠᠰᠢᠨ ᠴᠠᠬᠢᠯᠭᠠᠨ ᠬᠤᠳᠳᠤᠭ ᠤᠨ ᠮᠡᠳᠡᠭᠡ ᠵᠠᠩᠭᠢ ᠶᠢ ᠲᠡᠭᠦᠯᠳᠡᠷᠵᠢᠭᠦᠯᠦᠭᠰᠡᠨ ᠰᠠᠭᠤᠷᠢᠨ ᠳᠡᠭᠡᠷ᠎ᠡ᠂ ︽ᠥᠪᠥᠷ ᠮᠣᠩᠭᠤᠯ ᠟ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠤᠨ ᠤᠰᠤᠯᠠᠯᠲᠠ ᠶᠢᠨ ᠤᠰᠤᠨ ᠤ ᠡᠷᠬᠡ ᠶᠢ ᠬᠤᠪᠢᠶᠠᠷᠢᠯᠠᠬᠤ ᠪᠠ ᠬᠢᠵᠠᠭᠠᠷᠯᠠᠭᠰᠠᠨ ᠲᠤᠭ᠎ᠠ ᠶᠢ ᠲᠣᠭᠲᠠᠭᠠᠭᠰᠠᠨ ᠵᠢᠯᠣᠭᠤᠳᠬᠤ ᠰᠠᠨᠠᠯ︾ ᠤᠨ ᠶᠣᠰᠣᠭᠠᠷ᠂ ᠡᠯ᠎ᠡ ᠰᠤᠮᠤ ᠰᠢᠶᠠᠩ ᠪᠠᠯᠭᠠᠰᠤ ᠶᠢᠨ ᠲᠠᠷᠢᠶᠠᠯᠠᠩ ᠤᠨ ᠬᠡᠷᠡᠭᠯᠡᠬᠦ ᠤᠰᠤᠨ ᠤ ᠶᠡᠷᠦᠩᠬᠡᠶ ᠬᠡᠮᠵᠢᠶ᠎ᠡ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠲᠣᠭᠲᠠᠭᠠᠬᠤ ᠠᠵᠢᠯ ᠢ ᠪᠡᠶᠡᠯᠡᠭᠦᠯᠬᠦ ᠶᠢᠨ ᠬᠠᠮᠲᠤ ᠭᠠᠵᠠᠷ ᠳᠣᠣᠷᠠᠬᠢ ᠤᠰᠤᠨ ᠤ ᠡᠬᠢ ᠪᠠᠶᠠᠯᠢᠭ ᠤᠨ ᠲᠠᠷᠢᠶᠠᠯᠠᠩ ᠤᠨ ᠤᠰᠤᠯᠠᠯᠲᠠ ᠶᠢᠨ ᠬᠡᠷᠡᠭᠯᠡᠬᠦ ᠤᠰᠤ ᠶᠢ ᠬᠢᠵᠠᠭᠠᠷᠯᠠᠬᠤ ᠭᠦᠢᠴᠡᠳᠬᠡᠬᠦ ᠲᠤᠭ᠎ᠠ ᠶᠢ ᠱᠠᠳᠤ ᠳᠠᠷᠠᠭᠠᠯᠠᠨ ᠰᠤᠮᠤ ᠰᠢᠶᠠᠩ ᠪᠠᠯᠭᠠᠰᠤ ᠳᠤ ᠬᠦᠷᠲᠡᠯ᠎ᠡ ᠲᠣᠰᠬᠤᠨ ᠤ ᠠᠷᠠᠳ ᠤᠨ ᠵᠥᠪᠯᠡᠯ ᠲᠤ ᠬᠦᠷᠲᠡᠯ᠎ᠡ ᠡᠷᠥᠭᠡ ︵ᠬᠤᠳᠳᠤᠭ︶ ᠲᠤ ᠬᠦᠷᠲᠡᠯ᠎ᠡ ᠬᠤᠪᠢᠶᠠᠷᠢᠯᠠᠵᠤ᠂ ᠲᠠᠷᠢᠶᠠᠯᠠᠩ ᠟ ᠤᠨ ᠬᠡᠷᠡᠭᠯᠡᠬᠦ ᠤᠰᠤᠨ ᠤ ᠬᠢᠵᠠᠭᠠᠷ ᠲᠤᠭ᠎ᠠ ᠶᠢᠨ ᠬᠠᠮᠢᠶᠠᠷᠤᠯᠲᠠ ᠶᠢ ᠪᠡᠶᠡᠯᠡᠭᠦᠯᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ᠨᠢ ᠬᠤᠰᠢᠭᠤᠨ ᠤ ᠵᠠᠰᠠᠭ ᠤᠨ ᠣᠷᠳᠣᠨ ᠤ ᠪᠠᠭᠤᠯᠭᠠᠭᠰᠠᠨ ᠤᠰᠤ ᠬᠡᠷᠡᠭᠯᠡᠬᠦ ᠬᠡᠮᠵᠢᠶ᠎ᠡ ᠶᠢ ᠡᠵᠡᠮᠳᠡᠬᠦ ᠭᠦᠢᠴᠡᠳᠭᠡᠯ ᠲᠤᠭ᠎ᠠ ᠶᠣᠰᠣᠭᠠᠷ᠂ ᠲᠣᠰ ᠭᠠᠵᠠᠷ ᠤᠨ ᠲᠠᠷᠢᠮᠠᠯ ᠤᠨ ᠲᠠᠷᠢᠮᠠᠯ ᠤᠨ ᠪᠦᠲᠦᠴᠡ ᠪᠠ ᠤᠰᠤᠯᠠᠯᠲᠠ ᠶᠢᠨ ᠠᠷᠭ᠎ᠠ ᠮᠠᠶ᠋ᠢᠭ ᠲᠠᠢ ᠤᠶᠠᠯᠳᠤᠭᠤᠯᠤᠨ᠂ ᠡᠯ᠎ᠡ ᠲᠣᠰᠬᠤᠨ ᠤ ᠠᠷᠠᠳ ᠤᠨ ᠵᠥᠪᠯᠡᠯ ᠤᠨ ᠤᠰᠤ ᠬᠡᠷᠡᠭᠯᠡᠬᠦ ᠲᠥᠯᠥᠪᠯᠡᠭᠡ ᠶᠢ ᠵᠦᠶ ᠵᠣᠬᠢᠰᠲᠠᠶ ᠲᠣᠭᠲᠠᠭᠠᠨ᠎ᠠ᠃ ᠵᠠᠷᠴᠢᠮ ᠳᠡᠭᠡᠷ᠎ᠡ ᠪᠠᠨ ᠲᠠᠷᠢᠶᠠᠯᠠᠩ ᠤᠨ ᠤᠰᠤᠯᠠᠯᠲᠠ ᠶᠢᠨ ᠮᠤ᠋ ᠪᠦᠷᠢ ᠶᠢᠨ ᠵᠢᠯ ᠪᠦᠷᠢ ᠶᠢᠨ ᠤᠰᠤ ᠬᠡᠷᠡᠭᠯᠡᠬᠦ ᠨᠤᠷᠮ᠎ᠠ ᠶᠢ 116 ᠪᠣᠰᠤᠭ᠎ᠠ ᠳᠥᠷᠪᠡᠯᠵᠢᠨ ᠮᠧᠲᠷ ᠠᠴᠠ ᠳᠠᠪᠠᠭᠤᠯᠬᠤ ᠦᠭᠡᠢ᠃ ᠤᠰᠤᠨ ᠤ ᠡᠷᠬᠡ ᠶᠢ ᠬᠤᠪᠢᠶᠠᠷᠢᠯᠠᠬᠤ ᠪᠠ ᠬᠢᠵᠠᠭᠠᠷᠯᠠᠭᠰᠠᠨ ᠲᠤᠭ᠎ᠠ ᠶᠢ ᠲᠣᠭᠲᠠᠭᠠᠬᠤ ᠠᠵᠢᠯ ᠢ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠪᠡᠶᠡᠯᠡᠭᠦᠯᠦᠨ᠎ᠡ᠃      ︵ᠳᠥᠷᠪᠡ︶ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠦᠨ᠎ᠡ᠃ ︽ᠨᠣᠷᠮ᠎ᠠ ᠲᠣᠭᠲᠠᠭᠠᠨ ᠬᠠᠮᠢᠶᠠᠷᠬᠤ᠂ ᠤᠰᠤᠨ ᠤ ᠡᠷᠬᠡ ᠶᠢᠨ ᠬᠢᠵᠠᠭᠠᠷ ᠲᠤᠭ᠎ᠠ᠂ ᠱᠠᠩᠨᠠᠯ ᠢ ᠠᠷᠪᠢᠯᠠᠵᠤ ᠲᠣᠷᠭᠠᠭᠤᠯᠢ ᠠᠴᠠ ᠬᠡᠲᠦᠷᠡᠭᠦᠯᠬᠦ᠂ ᠵᠦᠶ ᠵᠣᠬᠢᠰᠲᠠᠶ ᠪᠠᠷ ᠡᠭᠦᠷᠭᠡᠯᠡᠬᠦ︾ ᠵᠠᠷᠴᠢᠮ ᠶᠣᠰᠣᠭᠠᠷ᠂ ᠲᠠᠷᠢᠶᠠᠴᠢᠳ ᠤᠨ ᠳᠠᠭᠠᠭᠠᠬᠤ ᠴᠢᠳᠠᠪᠤᠷᠢ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠭᠦᠷᠭᠡ ᠶᠢᠨ ᠱᠠᠭᠠᠷᠳᠠᠯᠭ᠎ᠠ ᠶᠢ ᠦᠨᠳᠦᠰᠦᠯᠡᠨ᠂ ᠤᠤᠯ ᠤᠨ ᠠᠵᠢᠯᠯᠠᠭᠠᠨ ᠤ ᠥᠪᠡᠷ ᠤᠨ ᠥᠷᠲᠡᠭ ᠠᠴᠠ ᠥᠨᠳᠥᠷ ᠥᠬᠡᠶ ᠪᠤᠶᠤ ᠠᠳᠠᠯᠢ ᠥᠬᠡᠶ ᠪᠠᠶᠢᠳᠠᠯ ᠳᠣᠤᠷ᠎ᠠ ᠲᠤᠬᠠᠶ ᠶᠢᠨ ᠭᠠᠵᠠᠷ ᠲᠤᠨᠢ ᠪᠠᠶᠢᠴᠠᠭᠠᠯᠲᠠ ᠬᠢᠵᠦ ᠲᠥᠰᠦᠭᠡᠯᠡᠨ ᠪᠤᠳᠤᠵᠤ᠂ ᠲᠠᠷᠢᠶᠠᠯᠠᠩ ᠤᠨ ᠤᠰᠤᠨ ᠤ ᠦᠨ᠎ᠡ ᠶᠢ ᠲᠥᠰᠦᠭᠡᠯᠡᠨ ᠪᠤᠳᠤᠭᠰᠠᠨ ᠮᠡᠳᠡᠭᠦᠯᠦᠯᠲᠡ ᠶᠢ ᠪᠣᠶ ᠪᠣᠯᠭᠠᠵᠤ᠂ ᠦᠨ᠎ᠡ ᠬᠠᠩᠰᠢ ᠶᠢᠨ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠢᠶᠠᠵᠤ ᠭᠡᠷᠡᠴᠢᠯᠡᠭᠡ ᠰᠣᠨᠣᠰᠤᠭᠰᠠᠨ ᠤ ᠳᠠᠷᠠᠭ᠎ᠠ ᠲᠠᠷᠢᠶᠠᠯᠠᠩ ᠤᠨ ᠤᠰᠤᠨ ᠤ ᠦᠨ᠎ᠡ ᠶᠢ ᠲᠣᠭᠲᠠᠭᠠᠨ᠎ᠠ᠃ ᠲᠠᠷᠢᠶᠠᠯᠠᠩ ᠳᠤ ᠬᠡᠷᠡᠭᠯᠡᠬᠦ ᠤᠰᠤᠨ ᠤ ᠠᠩᠬᠠᠨ ᠤ ᠤᠰᠤᠨ ᠤ ᠡᠷᠬᠡ ᠪᠠ ᠬᠡᠷᠡᠭᠯᠡᠬᠦ ᠤᠰᠤᠨ ᠤ ᠬᠢᠵᠠᠭᠠᠷ ᠲᠤᠭ᠎ᠠ ᠶᠢ ᠲᠣᠭᠲᠠᠭᠠᠭᠰᠠᠨ ᠰᠠᠭᠤᠷᠢᠨ ᠳᠡᠭᠡᠷ᠎ᠡ᠂ ᠲᠣᠭᠲᠠᠭᠰᠠᠨ ᠨᠣᠷᠮ᠎ᠠ ᠠᠴᠠ ᠬᠡᠲᠦᠷᠡᠭᠦᠯᠦᠨ ᠠᠬᠢᠭᠤᠯᠤᠨ ᠪᠤᠳᠤᠵᠤ ᠦᠨ᠎ᠡ ᠨᠡᠮᠡᠬᠦ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠵᠠᠭᠪᠤᠷ ᠢ ᠬᠡᠷᠡᠭᠵᠢᠭᠦᠯᠦᠨ᠎ᠡ᠂ ᠲᠤᠬᠠᠶᠢᠯᠠᠪᠠᠯ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20% ︵ᠪᠠᠭᠲᠠᠨ᠎ᠠ︶ ᠶᠢᠨ ᠳᠣᠲᠣᠷ᠎ᠠ ᠪᠠᠶᠢᠪᠠᠯ ᠣᠲᠣ ᠶᠢᠨ ᠬᠡᠷᠡᠭᠵᠢᠭᠦᠯᠵᠦ ᠪᠠᠶᠢᠭ᠎ᠠ ᠤᠰᠤᠨ ᠤ ᠦᠨ᠎ᠡ ᠶᠢᠨ 2 ᠳᠠᠬᠢᠨ ᠢᠶᠠᠷ ᠲᠠᠲᠠᠪᠤᠷᠢᠯᠠᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20%~50% ︵ᠪᠠᠭᠲᠠᠨ᠎ᠠ︶ ᠠᠴᠠ ᠬᠡᠲᠦᠷᠡᠭᠦᠯᠦᠨ ᠲᠠᠲᠠᠪᠤᠷᠢᠯᠠᠪᠠᠯ ᠣᠲᠣ ᠶᠢᠨ ᠬᠡᠷᠡᠭᠵᠢᠭᠦᠯᠵᠦ ᠪᠠᠶᠢᠭ᠎ᠠ ᠤᠰᠤᠨ ᠤ ᠦᠨ᠎ᠡ ᠶᠢᠨ 5 ᠳᠠᠬᠢᠨ ᠢᠶᠠᠷ ᠲᠠᠲᠠᠪᠤᠷᠢᠯᠠᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ ᠦᠨ᠎ᠡ ᠶᠢᠨ 50 ᠠᠴᠠ ᠳᠡᠭᠡᠭᠰᠢ ᠲᠠᠲᠠᠪᠤᠷᠢᠯᠠᠪᠠᠯ᠂ ᠰᠢᠰᠲ᠋ᠧᠮ ᠨᠢ ᠤᠰᠤ ᠬᠠᠩᠭᠠᠬᠤ ᠶᠢ ᠠᠶᠠᠨᠳᠠᠭᠠᠨ ᠤᠰᠤᠨ ᠤ ᠦᠨ᠎ᠡ ᠶᠢ ᠲᠣᠭᠲᠠᠭᠠᠳᠤᠶ ᠪᠠᠶᠢᠳᠠᠯ ᠳᠣᠤᠷ᠎ᠠ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20% ︵ᠪᠠᠭᠲᠠᠨ᠎ᠠ︶ ᠶᠢᠨ ᠳᠣᠲᠣᠷ᠎ᠠ ᠪᠠᠶᠢᠪᠠᠯ 1 ᠲᠥᠭᠦᠷᠢᠭ \ ᠪᠣᠰᠤᠭ᠎ᠠ ᠳᠥᠷᠪᠡᠯᠵᠢᠨ ᠮᠧᠲᠷ ᠢᠶᠠᠷ ᠲᠠᠲᠠᠪᠤᠷᠢᠯᠠᠵᠤ᠂ ᠬᠢᠵᠠᠭᠠᠷᠯᠠᠭᠰᠠᠨ ᠲᠤᠭ᠎ᠠ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20%~50% ︵ᠪᠠᠭᠲᠠᠨ᠎ᠠ︶ ᠠᠴᠠ ᠬᠡᠲᠦᠷᠡᠭᠦᠯᠦᠨ ᠬᠡᠷᠡᠭᠯᠡᠬᠦ ᠤᠰᠤᠨ ᠤ 20%~50% ᠠᠴᠠ ᠬᠡᠲᠦᠷᠡᠭᠦᠯᠦᠨ ᠬᠡᠷᠡᠭᠯᠡᠬᠦ ᠤᠰᠤᠨ ᠤ 2.5 ᠲᠥᠭᠦᠷᠢᠭ \ ᠪᠣᠰᠤᠭ᠎ᠠ ᠳᠥᠷᠪᠡᠯᠵᠢᠨ ᠮᠧᠲᠷ ᠢᠶᠠᠷ ᠲᠠᠲᠠᠪᠤᠷᠢᠯᠠᠨ᠎ᠠ᠃ 3 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠣᠭᠲᠠᠭᠰᠠᠨ ᠨᠣᠷᠮ᠎ᠠ ᠠᠴᠠ ᠳᠠᠪᠠᠭᠤᠯᠤᠨ ᠠᠬᠢᠭᠤᠯᠤᠨ ᠪᠤᠳᠤᠵᠤ ᠦᠨ᠎ᠡ ᠨᠡᠮᠡᠬᠦ ᠲᠠᠪᠴᠠᠩ ᠤᠨ ᠰᠢᠰᠲ᠋ᠧᠮ ᠢ ᠳᠣᠭᠢᠷᠠᠭᠤᠯᠬᠤ ᠠᠵᠢᠯ ᠢ ᠪᠡᠶᠡᠯᠡᠭᠦᠯᠦᠨ᠎ᠡ᠃      ︵ᠲᠠᠪᠤ︶ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ᠬᠤᠰᠢᠭᠤ᠂ ᠰᠤᠮᠤ ᠰᠢᠶᠠᠩ ᠪᠠᠯᠭᠠᠰᠤ᠂ ᠲᠣᠰᠬᠤᠨ ᠭᠤᠷᠪᠠᠨ ᠱᠠᠲᠤᠨ ᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠶᠢ ᠪᠠᠶᠢᠭᠤᠯᠤᠨ᠎ᠠ᠃ ᠬᠤᠰᠢᠭᠤᠨ ᠱᠠᠲᠤᠨ ᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠪᠥᠬᠦ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠢ ᠬᠠᠷᠢᠭᠤᠴᠠᠨ ᠵᠢᠯᠣᠭᠤᠳᠴᠤ᠂ ᠰᠤᠮᠤ ᠰᠢᠶᠠᠩ ᠪᠠᠯᠭᠠᠰᠤ᠂ ᠲᠣᠰᠬᠤᠨ ᠤ ᠵᠥᠪᠯᠡᠯ ᠬᠤᠶᠠᠷ ᠱᠠᠲᠤᠨ ᠤ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠤᠯᠲᠠ ᠨᠢ ᠲᠡᠭᠦᠨ ᠤ ᠡᠭᠦᠷᠭᠡ ᠴᠢᠳᠠᠪᠤᠷᠢ ᠶᠢᠨ ᠦᠢᠯᠡᠳᠣᠯ ᠢ ᠭᠦᠢᠴᠡᠳ ᠪᠠᠳᠠᠷᠠᠭᠤᠯᠤᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠴᠠᠭ ᠲᠤᠬᠠᠶ ᠳᠤᠨᠢ ᠪᠡᠶᠡᠯᠡᠭᠦᠯᠬᠦ ᠶᠢ ᠪᠠᠲᠤᠯᠠᠵᠤ᠂ ᠲᠠᠷᠢᠶᠠᠨ ᠭᠠᠵᠠᠷ ᠤᠨ ᠤᠰᠤᠯᠠᠯᠲᠠ ᠶᠢᠨ ᠢᠨᠵᠧᠨᠧᠷᠢᠩ ᠤᠨ ᠬᠠᠮᠢᠶᠠᠷᠴᠤ ᠬᠠᠮᠠᠭᠠᠯᠠᠬᠤ ᠵᠠᠭᠪᠤᠷ ᠢ ᠪᠠᠶᠢᠭᠤᠯᠤᠨ ᠲᠡᠭᠦᠯᠳᠡᠷᠵᠢᠭᠦᠯᠵᠦ᠂ ᠭᠠᠵᠠᠷ ᠳᠣᠤᠷᠠᠬᠢ ᠤᠰᠤ ᠶᠢ ᠴᠢᠩᠭ᠎ᠠ ᠬᠠᠮᠢᠶᠠᠷᠤᠨ ᠡᠵᠡᠮᠳᠡᠵᠦ᠂ ᠲᠠᠷᠢᠶᠠᠯᠠᠩ ᠤᠨ ᠥᠨᠳᠥᠷ ᠦᠷ᠎ᠡ ᠠᠰᠢᠭ ᠲᠠᠢ ᠤᠰᠤ ᠠᠷᠪᠢᠯᠠᠬᠤ ᠶᠢ ᠠᠬᠢᠭᠤᠯᠤᠨ᠎ᠠ᠃ 2 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠲᠠᠷᠢᠶᠠᠯᠠᠩ ᠤᠨ ᠤᠰᠤ ᠬᠡᠷᠡᠭᠯᠡᠬᠦ ᠬᠠᠮᠢᠶᠠᠷᠤᠯᠲᠠ ᠶᠢᠨ ᠵᠣᠬᠢᠶᠠᠨ ᠪᠠᠶᠢᠭᠤᠯᠵᠤ ᠪᠥᠲᠥᠭᠡᠨ ᠪᠠᠶᠢᠭᠤᠯᠬᠤ ᠠᠵᠢᠯ ᠢ ᠪᠡᠶᠡᠯᠡᠭᠦᠯᠬᠦ ᠬᠡᠷᠡᠭᠲᠡᠶ᠃      ᠭᠤᠷᠪᠠ᠂ ᠠᠵᠢᠯ ᠤᠨ ᠱᠠᠭᠠᠷᠳᠠᠯᠭ᠎ᠠ      ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠮᠠᠨ ᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠥᠭᠡᠷᠡᠴᠢᠯᠡᠯᠲᠡ ᠶᠢᠨ ᠠᠵᠢᠯ ᠢ ᠪᠦᠭᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠡᠯ᠎ᠡ ᠰᠤᠮᠤ ᠰᠢᠶᠠᠩ ᠪᠠᠯᠭᠠᠰᠤ ᠴᠤ ᠵᠣᠬᠢᠬᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠪᠠᠶᠢᠭᠤᠯᠬᠤ ᠬᠡᠷᠡᠭᠲᠡᠶ᠃ ᠳᠤᠭᠤᠶᠢᠯᠠᠩ ᠤᠨ ᠳᠠᠷᠤᠭ᠎ᠠ᠄ ᠭᠤᠤ ᠶᠦᠩ ᠪᠢᠨ᠂ ᠬᠤᠰᠢᠭᠤᠨ ᠤ ᠨᠠᠮ ᠤᠨ ᠬᠤᠷᠢᠶᠠᠨ ᠤ ᠳᠡᠳ᠋ ᠱᠦᠵᠢ᠂ ᠵᠠᠰᠠᠭ ᠤᠨ ᠣᠷᠳᠣᠨ ᠤ ᠬᠤᠰᠢᠭᠤᠨ ᠳᠠᠷᠤᠭ᠎ᠠ ᠳᠤᠭᠤᠶᠢᠯᠠᠩ ᠤᠨ ᠳᠡᠳ᠋ ᠳᠠᠷᠤᠭ᠎ᠠ᠄ ᠰᠥᠩ ᠵᠢᠶ ᠴᠢᠩ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋  ᠬᠤᠰᠢᠭᠤᠨ ᠳᠠᠷᠤᠭ᠎ᠠ ᠪᠦᠷᠢᠯᠳᠦᠬᠦᠨ᠄ ᠯᠢᠦ ᠬᠤᠸᠠᠨ ᠰᠥᠸᠧ᠂  ᠵᠠᠰᠠᠭ ᠤᠨ ᠣᠷᠳᠣᠨ ᠤ ᠠᠯᠪᠠᠨ ᠬᠡᠷ ᠤᠨ ᠡᠷᠬᠢᠯᠡᠭᠴᠢ ᠶᠠᠩ ᠼᠠᠢ ᠳ᠋ᠦᠩ  ᠂ ᠵᠠᠰᠠᠭ ᠤᠨ ᠣᠷᠳᠣᠨ ᠤ ᠠᠯᠪᠠᠨ ᠬᠡᠷ ᠤᠨ ᠳᠡᠳ᠋ ᠡᠷᠬᠢᠯᠡᠭᠴᠢ ᠠᠭᠤᠯᠠ᠂ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠪᠠᠶᠢᠩᠭᠤ ᠶᠢᠨ ᠳᠡᠳ᠋ ᠳᠠᠷᠤᠭ᠎ᠠ ᠸᠠᠩ ᠵᠢᠶᠠᠩ᠂ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶᠠᠨ ᠤ ᠳᠠᠷᠤᠭ᠎ᠠ ᠵᠠᠩ ᠳ᠋ᠧᠩ ᠹᠧᠩ᠂ ᠬᠤᠰᠢᠭᠤᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ ᠯᠢᠦᠶ ᠵᠢᠶᠦ᠋ᠨ ᠲᠢᠩ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶᠠᠨ ᠤ ᠳᠠᠷᠤᠭ᠎ᠠ ᠫᠠᠩ ᠵᠥᠩ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶᠠᠨ ᠤ ᠳᠠᠷᠤᠭ᠎ᠠ ᠴᠢ ᠯᠢ ᠬᠤᠸᠠ  ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ ᠳᠠᠷᠤᠭ᠎ᠠ ᠯᠢᠦ ᠱᠧᠩ ᠯᠢᠶᠠᠩ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠺᠣᠮᠢᠰᠰᠠᠷ ᠰᠥᠩ  ᠳ᠋ᠧ ᠬᠤᠩ  ᠂ ᠬᠤᠰᠢᠭᠤᠨ ᠤ ᠴᠠᠬᠢᠯᠭᠠᠨ ᠬᠠᠩᠭᠠᠬᠤ ᠬᠤᠪᠢᠶᠠᠷᠢ ᠲᠣᠪᠴᠢᠶᠠᠨ ᠤ ᠳᠠᠷᠤᠭ᠎ᠠ ᠬᠤ᠋ ᠿᠢ ᠴᠧᠩ᠂ ᠪᠠᠶᠠᠨᠴᠠᠭᠠᠨ ᠪᠠᠯᠭᠠᠰᠤᠨ ᠤ ᠳᠠᠷᠤᠭ᠎ᠠ ᠴᠧᠨ ᡁᠢ ᠭᠥᠸᠧ᠂ ᠲᠡᠮᠣᠷᠳᠡᠢ ᠪᠠᠯᠭᠠᠰᠤᠨ ᠤ ᠳᠠᠷᠤᠭ᠎ᠠ ᠵᠠᠩ ᠢᠦᠢ ᠱᠧᠩ᠂ ᠬᠤᠩᠬᠢᠯᠳᠦ ᠪᠠᠯᠭᠠᠰᠤᠨ ᠤ ᠳᠠᠷᠤᠭ᠎ᠠ ᠯᠢ ᠰᠢᠶᠠ  ᠂ ᠪᠣᠩᠬᠤᠨ ᠪᠠᠯᠭᠠᠰᠤᠨ ᠤ ᠳᠠᠷᠤᠭ᠎ᠠ ᠷᠧᠨ ᠯᠢ  ᠂ ᠳ᠋ᠠ ᠯᠢᠦ ᠬᠤᠣ ᠪᠠᠯᠭᠠᠰᠤᠨ ᠤ ᠳᠠᠷᠤᠭ᠎ᠠ ᠸᠠᠩ ᠰᠢᠶᠤᠤ ᠰᠢᠶᠠ᠂ ᠲᠣᠯᠣᠭᠠᠨ ᠬᠤᠳᠳᠤᠭ ᠰᠤᠮᠤ ᠶᠢᠨ ᠰᠤᠮᠤᠨ ᠳᠠᠷᠤᠭ᠎ᠠ ᠶᠦᠨ ᠱᠧᠩ᠂ ᠤᠯᠠᠭᠠᠨᠬᠠᠳᠠ ᠰᠤᠮᠤ ᠶᠢᠨ ᠰᠤᠮᠤᠨ ᠳᠠᠷᠤᠭ᠎ᠠ ᠸᠴᠢᠷᠬᠤᠶᠠᠭ᠂ ᠰᠢᠯᠢ ᠰᠢᠶᠠᠩ ᠤᠨ ᠳᠠᠷᠤᠭ᠎ᠠ       ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠬᠡᠷ ᠭᠠᠷᠭᠠᠵᠤ᠂ ᠠᠯᠪᠠᠨ ᠬᠡᠷ ᠢ ᠬᠤᠰᠢᠭᠤᠨ ᠤ ᠤᠰᠤᠨ ᠠᠰᠢᠭᠯᠠᠯᠲᠠ ᠶᠢᠨ ᠲᠣᠪᠴᠢᠶ᠎ᠠ ᠳᠤ ᠳᠣᠭᠢᠷᠠᠭᠤᠯᠤᠨ᠂ ᠠᠯᠪᠠᠨ ᠬᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠵᠢᠶᠠᠩ ᠬᠠᠪᠰᠤᠷᠭᠠᠨ ᠬᠠᠷᠢᠭᠤᠴᠠᠵᠤ᠂ ᠵᠣᠬᠢᠴᠠᠭᠤᠯᠬᠤ᠂ ᠳᠣᠭᠢᠷᠠᠭᠤᠯᠬᠤ ᠵᠡᠷᠭᠡ ᠲᠠᠯ᠎ᠠ ᠶᠢᠨ ᠠᠵᠢᠯ ᠢ ᠬᠠᠷᠢᠭᠤᠴᠠᠨ᠂ ᠠᠵᠢᠯ ᠢ ᠠᠬᠢᠭᠤᠯᠬᠤ ᠶᠠᠪᠤᠴᠠ ᠳᠤ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠰᠢᠢᠳᠪᠣᠷᠢᠯᠡᠵᠦ᠂ ᠡᠯ᠎ᠡ ᠵᠣᠶᠢᠯ ᠤᠨ ᠥᠭᠡᠷᠡᠴᠢᠯᠡᠯᠲᠡ ᠶᠢᠨ ᠠᠵᠢᠯ ᠢ ᠪᠣᠳᠠᠲᠠᠶᠢᠵᠢᠭᠤᠯᠬᠤ ᠶᠢ ᠪᠠᠲᠤᠯᠠᠨ᠎ᠠ᠃      ︵ᠬᠤᠶᠠᠷ︶ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠬᠤ ᠬᠡᠷᠡᠭᠲᠡᠶ᠃ ᠤᠰᠤᠨ ᠠᠰᠢᠭᠯᠠᠯᠲᠠ ᠶᠢᠨ ᠰᠠᠯᠠᠭ᠎ᠠ ᠮᠥᠴᠢᠷ ᠲᠤᠰᠬᠠᠶ ᠮᠡᠷᠭᠡᠵᠢᠯ   ᠤᠨ ᠠᠵᠢᠯᠲᠠᠳ ᠢ ᠢᠳᠡᠪᠬᠢᠲᠡᠶ ᠪᠠᠷ ᠵᠣᠬᠢᠶᠠᠨ ᠪᠠᠶᠢᠭᠤᠯᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠬᠢᠯᠭᠡᠵᠦ᠂ ᠬᠤᠰᠢᠭᠤ᠂ ᠰᠤᠮᠤ ᠰᠢᠶᠠᠩ ᠪᠠᠯᠭᠠᠰᠤ᠂ ᠲᠣᠰᠬᠤᠨ ᠤ ᠠᠷᠠᠳ ᠤᠨ ᠵᠥᠪᠯᠡᠯ   ᠤᠨ ᠬᠠᠮᠢᠶ᠎ᠠ ᠪᠥᠬᠦᠢ ᠬᠥᠮᠦᠰ   ᠤᠨ ᠦᠵᠡᠯ ᠰᠠᠨᠠᠭ᠎ᠠ ᠲᠠᠨᠢᠯᠲᠠ ᠪᠣᠯᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ᠂ ᠰᠦᠯᠵᠢᠶ᠎ᠡ ᠵᠡᠷᠭᠡ ᠵᠠᠭᠤᠴᠢᠯᠠᠭᠤᠷ ᠢ ᠭᠦᠢᠴᠡᠳ ᠠᠰᠢᠭᠯᠠᠨ ᠤᠬᠠᠭᠤᠯᠭ᠎ᠠ ᠶᠢᠨ ᠠᠵᠢᠯ ᠥᠷᠨᠢᠭᠦᠯᠵᠦ᠂ ᠶᠠᠷᠢᠶ᠎ᠠ ᠬᠡᠯᠡᠯᠴᠡᠭᠡ ᠪᠠᠷ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠤᠰᠤᠨ ᠤ ᠪᠠᠶᠢᠳᠠᠯ ᠤᠨ ᠬᠥᠮᠦᠵᠢᠯ ᠢ ᠴᠢᠩᠭᠠᠷᠠᠭᠤᠯᠵᠤ᠂ ᠪᠥᠬᠦ ᠨᠡᠶᠢᠭᠡᠮ ᠢᠶᠠᠷ ᠢᠶᠠᠨ ᠦᠨ᠎ᠡ ᠲᠥᠯᠥᠪᠦᠷᠢ ᠲᠠᠢ ᠪᠠᠷ ᠤᠰᠤ ᠬᠡᠷᠡᠭᠯᠡᠬᠦ ᠪᠠ ᠤᠰᠤ ᠠᠷᠪᠢᠯᠠᠬᠤ ᠤᠬᠠᠮᠰᠠᠷᠲᠤ ᠴᠢᠨᠠᠷ ᠢ ᠨᠡᠮᠡᠭᠳᠡᠭᠦᠯᠦᠨ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠪᠦᠷᠢᠯᠳᠦᠬᠦ ᠲᠣᠭᠲᠠᠴᠠ ᠶᠢ ᠲᠡᠭᠦᠯᠳᠡᠷᠵᠢᠭᠦᠯᠬᠦ᠂ ᠲᠠᠷᠢᠶᠠᠯᠠᠩ ᠤᠨ ᠤᠰᠤᠨ ᠤ ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠰᠠᠶᠢᠨ ᠰᠠᠶᠢᠬᠠᠨ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠢᠳᠡᠪᠬᠢᠲᠡᠶ ᠪᠠᠷ ᠪᠣᠶ ᠪᠣᠯᠭᠠᠬᠤ ᠬᠡᠷᠡᠭᠲᠡᠶ᠃      ︵ᠭᠤᠷᠪᠠ︶ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠷᠠᠭᠤᠯᠤᠨ᠎ᠠ᠃ ᠡᠯ᠎ᠡ ᠰᠠᠯᠠᠭ᠎ᠠ ᠮᠥᠴᠢᠷ ᠤᠨ ᠬᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠭᠦᠢᠴᠡᠳ ᠪᠠᠳᠠᠷᠠᠭᠤᠯᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠵᠦ᠂ ᠬᠠᠷᠢᠯᠴᠠᠨ ᠬᠠᠮᠵᠢᠯᠴᠠᠵᠤ᠂ ᠬᠠᠮᠲᠤᠷᠠᠯ ᠤᠨ ᠬᠦᠴᠦᠨ ᠢ ᠪᠦᠷᠢᠯᠳᠦᠭᠦᠯᠬᠦ ᠬᠡᠷᠡᠭᠲᠡᠢ᠃ ᠡᠯ᠎ᠡ ᠰᠤᠮᠤ ᠰᠢᠶᠠᠩ ᠪᠠᠯᠭᠠᠰᠤ ᠨᠤᠭᠤᠳ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠵᠤ᠂ ᠴᠢᠩᠭ᠎ᠠ ᠬᠦᠴᠦᠲᠡᠶ ᠠᠷᠭ᠎ᠠ ᠬᠡᠮᠵᠢᠶ᠎ᠡ ᠠᠪᠴᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠡᠭᠦᠷᠭᠡ ᠶᠢ ᠲᠣᠭᠲᠠᠭᠰᠠᠨ ᠬᠤᠭᠤᠴᠠᠭᠠᠨ ᠳᠤ ᠪᠥᠬᠦ ᠲᠠᠯ᠎ᠠ ᠪᠠᠷ ᠪᠡᠶᠡᠯᠡᠭᠦᠯᠬᠦ ᠬᠡᠷᠡᠭᠲᠡᠶ᠃                                                ᠣᠷᠴᠢᠭᠤᠯᠣᠭᠴᠢ᠄ ᠰᠡᠴᠡᠩᠭᠤᠸ᠎ᠠ
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号