︽2020 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ ᠡᠷᠦᠬᠡ ᠶᠢᠨ | ᠵᠣᠷᠯᠣᠩ ᠢ ᠥᠭᠡᠷᠡᠴᠢᠯᠡᠨ ᠪᠠᠶᠢᠭᠤᠯᠬᠤ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ | | ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ | ᠪᠥᠬᠦᠶ ᠨᠢᠭᠡᠴᠡ ᠳᠤ᠄ | ᠡᠳᠦᠭᠡ ︽2020 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠬᠡᠷᠡᠭᠵᠢᠭᠦᠯᠬᠦ ᠲᠥᠰᠦᠯ︾ ᠢ ᠲᠠᠨᠠᠷ ᠲᠤ ᠳᠠᠷᠤᠮᠠᠯᠯᠠᠨ | ᠶᠠᠪᠤᠭᠤᠯᠤᠯ᠎ᠠ᠂ ᠪᠣᠳᠠᠲᠠᠶ ᠲᠠᠢ ᠪᠠᠨ ᠤᠶᠠᠯᠳᠤᠭᠤᠯᠤᠨ᠂ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠲᠦᠭᠡᠶ᠃ | ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ | 2020 ᠣᠨ ᠤ 8 ᠰᠠᠷ᠎ᠠ ᠶᠢᠨ 15 ᠤ ᠡᠳᠦᠷ | | 2020 ᠣᠨ ᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠥᠳᠡᠭᠡ ᠲᠣᠰᠬᠤᠨ ᠤ | ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠬᠡᠷᠡᠭᠵᠢᠭᠦᠯᠦᠯᠲᠡ ᠶᠢᠨ ᠲᠥᠰᠦᠯ | | ᠤᠯᠤᠰ᠂ ᠥᠪᠡᠷᠲᠡᠭᠡᠨ ᠵᠠᠰᠠᠬᠤ ᠣᠷᠣᠨ ᠪᠣᠯᠤᠨ ᠤᠯᠠᠭᠠᠨᠴᠠᠪ ᠬᠤᠲᠠ ᠶᠢᠨ ︽ᠵᠣᠷᠯᠣᠩ ᠤᠨ ᠬᠤᠪᠢᠰᠬᠠᠯ︾ | ᠤᠨ ᠲᠤᠬᠠᠶ ᠴᠢᠬᠤᠯᠠ ᠰᠢᠢᠳᠪᠣᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠤᠯᠤᠰ ᠤᠨ ᠲᠠᠷᠢᠶᠠᠯᠠᠩ | ᠬᠥᠳᠡᠭᠡ ᠲᠣᠰᠬᠤᠨ ᠤ ᠶᠠᠮᠤᠨ ᠤ ᠬᠥᠳᠡᠭᠡ ᠲᠣᠰᠬᠤᠨ ᠤ ᠵᠣᠷᠯᠣᠩ ᠢ ᠥᠭᠡᠷᠡᠴᠢᠯᠡᠬᠦ ᠠᠵᠢᠯ ᠤᠨ ᠪᠣᠳᠠᠲᠤ ᠦᠷ᠎ᠡ | ᠪᠦᠲᠦᠮᠵᠢ ᠶᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠲᠤᠬᠠᠶ ᠮᠡᠳᠡᠭᠳᠡᠯ︾ ᠪᠥᠬᠦ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠤᠨ ᠬᠠᠷᠠᠭᠠᠨ ᠳᠠᠪᠲᠠᠮᠵᠢ ᠶᠢᠨ | ᠬᠤᠷᠠᠯ ᠪᠠ ᠬᠤᠲᠠ ᠶᠢᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ | ᠬᠤᠲᠠ ᠶᠢᠨ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ | ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵2018 — 2020 ᠣᠨ︶︾᠂ ︽2020 ᠣᠨ ᠤ | ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠵᠠᠰᠠᠬᠤ | ᠪᠥᠲᠥᠭᠡᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ︾ ᠢ ᠳᠠᠷᠤᠮᠠᠯᠯᠠᠨ ᠲᠠᠷᠬᠠᠭᠠᠬᠤ ᠲᠤᠬᠠᠶ ᠤᠯᠠᠭᠠᠨᠴᠠᠪ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ ᠵᠡᠷᠭᠡ ᠴᠢᠬᠤᠯᠠ ᠬᠤᠷᠠᠯ ᠤᠨ ᠪᠢᠴᠢᠭ | ᠮᠠᠲ᠋ᠧᠷᠢᠶᠠᠯ ᠤᠨ ᠵᠣᠷᠢᠭ ᠰᠠᠨᠠᠭ᠎ᠠ᠂ ᠮᠠᠨ ᠤ ᠬᠤᠰᠢᠭᠤᠨ ᠤ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠢ | ᠥᠭᠡᠷᠡᠴᠢᠯᠡᠨ ᠪᠠᠶᠢᠭᠤᠯᠬᠤ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠶᠢᠨ ᠲᠤᠰᠠᠳᠠ᠂ ᠮᠠᠨ ᠤ ᠬᠤᠰᠢᠭᠤᠨ ᠤ | ᠪᠣᠳᠠᠲᠠᠶ ᠲᠠᠢ ᠪᠠᠨ ᠤᠶᠠᠯᠳᠤᠭᠤᠯᠤᠨ᠂ ᠣᠨᠴᠠᠭᠠᠶᠢᠯᠠᠨ ᠲᠣᠰ ᠲᠥᠰᠦᠯ ᠢ ᠲᠣᠭᠲᠠᠭᠠᠪᠠ᠃ | ᠨᠢᠭᠡ᠂ ᠬᠠᠷᠠᠯᠲᠠ ᠶᠢᠨ ᠡᠭᠦᠷᠭᠡ | 2020 ᠣᠨ ᠤ 10 ᠰᠠᠷ᠎ᠠ ᠶᠢᠨ ᠰᠡᠭᠦᠯᠴᠢ ᠪᠣᠯᠬᠤ ᠳᠤ᠂ ᠪᠥᠬᠦ ᠬᠤᠰᠢᠭᠤᠨ ᠤ ᠬᠥᠳᠡᠭᠡ ᠲᠣᠰᠬᠤᠨ ᠤ | ᠡᠷᠦᠬᠡ ᠳᠤ ᠬᠡᠷᠡᠭᠯᠡᠬᠦ ᠠᠷᠢᠭᠤᠨ ᠴᠡᠪᠡᠷ ᠵᠣᠷᠯᠣᠩ ᠢ ᠳᠠᠬᠢᠨ 5220 ᠡᠷᠦᠬᠡ ᠪᠠᠶᠢᠭᠤᠯᠵᠤ᠂ ᠶᠡᠷᠦᠩᠬᠡᠶ ᠳᠡᠭᠡᠨ | 32% ᠤᠨ ᠲᠦᠭᠡᠮᠡᠯᠵᠢᠭᠦᠯᠦᠯᠲᠡ ᠶᠢᠨ ᠨᠣᠷᠮ᠎ᠠ ᠳᠤ ᠬᠦᠷᠦᠭᠦᠯᠦᠨ᠎ᠡ᠃ | ᠬᠤᠶᠠᠷ᠂ ᠵᠣᠷᠯᠣᠩ ᠢ ᠥᠭᠡᠷᠡᠴᠢᠯᠡᠬᠦ ᠵᠠᠭᠪᠤᠷ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠥᠲᠥᠭᠡᠨ ᠪᠠᠶᠢᠭᠤᠯᠤᠯᠲᠠ ᠳᠤ ︽ᠠᠷᠢᠭᠤᠨ ᠴᠡᠪᠡᠷ᠂ | ᠬᠢᠮᠳᠠ᠂ ᠲᠣᠬᠢᠷᠠᠮᠵᠢᠲᠠᠶ᠂ ᠣᠷᠴᠢᠨ ᠠᠬᠤᠶ ᠶᠢ ᠬᠠᠮᠠᠭᠠᠯᠠᠬᠤ︾ ᠵᠠᠷᠴᠢᠮ ᠢ ᠪᠠᠷᠢᠮᠲᠠᠯᠠᠵᠤ᠂ ᠤᠰᠤ ᠪᠠᠷ ᠤᠬᠢᠶᠠᠬᠤ | ᠵᠣᠷᠯᠣᠩ ᠢ ᠥᠷᠥᠭᠡᠨ ᠳᠤ ᠣᠷᠣᠭᠤᠯᠬᠤ᠂ ᠠᠷᠢᠭᠤᠨ ᠴᠡᠪᠡᠷ ᠬᠠᠭᠤᠷᠠᠶ ᠵᠣᠷᠯᠣᠩ ᠢ ᠡᠮᠨᠡᠯᠭᠡ ᠳᠤ ᠣᠷᠣᠭᠤᠯᠬᠤ ᠶᠢ | ᠰᠠᠨᠠᠭᠠᠴᠢᠯᠠᠵᠤ᠂ ᠪᠠᠭᠠᠰᠤᠨ ᠪᠣᠷᠳᠣᠭᠤᠷ ᠢ ᠠᠰᠢᠭᠯᠠᠬᠤ ᠶᠢ ᠳᠡᠯᠭᠡᠷᠡᠭᠦᠯᠦᠨ᠎ᠡ᠃ ᠡᠷᠦᠬᠡ ᠶᠢᠨ ᠵᠣᠷᠯᠣᠩ ᠤᠨ | ᠪᠥᠲᠥᠭᠡᠨ ᠪᠠᠶᠢᠭᠤᠯᠤᠯᠲᠠ ᠶᠢᠨ ᠵᠠᠭᠪᠤᠷ ᠨᠢ ᠲᠤᠬᠠᠶ ᠶᠢᠨ ᠭᠠᠵᠠᠷ ᠤᠨ ᠪᠠᠶᠢᠭᠠᠯᠢ ᠶᠢᠨ ᠣᠷᠴᠢᠨ ᠲᠣᠭᠤᠷᠢᠨ ᠤ | ᠨᠥᠬᠦᠴᠡᠯ᠂ ᠠᠵᠤ ᠠᠬᠤᠶ ᠶᠢᠨ ᠬᠥᠭᠵᠢᠯᠲᠡ ᠶᠢᠨ ᠪᠠᠶᠢᠳᠠᠯ᠂ ᠲᠣᠰᠬᠤᠨ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢᠨ ᠲᠥᠯᠥᠪᠵᠢᠭᠦᠯᠭᠡ᠂ ᠰᠠᠭᠤᠭᠠᠯᠢ ᠠᠷᠠᠳ ᠤᠨ ᠠᠮᠢᠳᠤᠷᠠᠯ ᠤᠨ ᠳᠠᠳᠬᠠᠯ ᠵᠡᠷᠭᠡ ᠪᠠᠶᠢᠳᠠᠯ ᠢ | ᠦᠨᠳᠦᠰᠦᠯᠡᠨ᠂ ᠣᠯᠠᠨ ᠲᠦᠮᠡᠨ ᠤ ᠰᠠᠨᠠᠯ ᠢ ᠭᠦᠢᠴᠡᠳ ᠬᠤᠷᠢᠶᠠᠭᠰᠠᠨ ᠰᠠᠭᠤᠷᠢᠨ ᠳᠡᠭᠡᠷ᠎ᠡ᠂ ᠲᠤᠬᠠᠶ ᠶᠢᠨ ᠭᠠᠵᠠᠷ | ᠣᠷᠣᠨ ᠤ ᠪᠠᠶᠢᠳᠠᠯ ᠳᠤᠨᠢ ᠳᠣᠭᠢᠷᠠᠭᠤᠯᠤᠨ ᠲᠥᠬᠦᠮ ᠪᠥᠭᠡᠳ ᠪᠣᠳᠠᠲᠤ ᠬᠡᠷᠡᠭᠴᠡᠭᠡ ᠲᠠᠢ᠂ ᠥᠪᠡᠷ ᠤᠨ ᠥᠷᠲᠡᠭ ᠨᠢ | ᠲᠣᠬᠢᠷᠠᠮᠵᠢᠲᠠᠶ᠂ ᠮᠡᠷᠭᠡᠵᠢᠯ ᠪᠣᠯᠪᠠᠰᠤᠷᠠᠩᠭᠤᠶ ᠪᠣᠯᠤᠭᠰᠠᠨ ᠵᠣᠷᠯᠣᠩ ᠢ ᠥᠭᠡᠷᠡᠴᠢᠯᠡᠬᠦ ᠵᠠᠭᠪᠤᠷ ᠢ ᠰᠣᠩᠭᠤᠬᠤ ᠬᠡᠷᠡᠭᠲᠡᠶ | ᠃ ᠮᠠᠨ ᠤ ᠬᠤᠰᠢᠭᠤᠨ ᠤ ᠳᠡᠯᠭᠡᠷᠡᠭᠦᠯᠦᠨ ᠪᠠᠶᠢᠭᠤᠯᠬᠤ ᠳᠤ ᠲᠣᠬᠢᠷᠠᠮᠵᠢᠲᠠᠶ ᠵᠣᠷᠯᠣᠩ ᠤᠨ ᠥᠭᠡᠷᠡᠴᠢᠯᠡᠯᠲᠡ ᠶᠢᠨ | ᠵᠠᠭᠪᠤᠷ ᠲᠤ ᠭᠤᠤᠯᠳᠠᠭᠤ ᠳᠣᠤᠷᠠᠬᠢ ᠭᠤᠷᠪᠠᠨ ᠵᠣᠶᠢᠯ ᠪᠣᠶ᠄ | ᠨᠢᠭᠡ ᠳᠤ᠂ ᠬᠡᠷ ᠤᠨ ᠭᠠᠳᠠᠨᠠᠬᠢ ᠠᠷᠢᠭᠤᠨ ᠴᠡᠪᠡᠷ ᠬᠠᠭᠤᠷᠠᠶ ᠵᠣᠷᠯᠣᠩ ᠤᠨ ᠵᠠᠭᠪᠤᠷ᠃ ᠭᠤᠣᠯ ᠬᠡᠯᠪᠡᠷᠢ ᠨᠢ | ᠪᠣᠯ ᠬᠤᠣᠰ ᠨᠦᠬᠡ ᠶᠢᠨ ᠡᠭᠡᠯᠵᠢᠯᠡᠬᠦ ᠮᠠᠶ᠋ᠢᠭ ᠤᠨ ᠠᠷᠢᠭᠤᠨ ᠴᠡᠪᠡᠷ ᠬᠠᠭᠤᠷᠠᠢ ᠵᠣᠷᠯᠣᠩ᠂ ᠬᠠᠬᠢᠷ ᠬᠦᠢᠲᠡᠨ ᠤᠰᠤ | ᠳᠤᠲᠠᠬᠤ ᠭᠠᠵᠠᠷ ᠣᠷᠣᠨ ᠳᠤ ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠬᠦᠷᠢᠶᠡᠨ ᠳᠤ ᠪᠦᠲᠦᠭᠡᠨ | ᠪᠠᠶᠢᠭᠤᠯᠬᠤ ᠳᠤ ᠲᠣᠬᠢᠷᠠᠨ᠎ᠠ | ᠬᠤᠶᠠᠷ ᠲᠤ᠂ ᠬᠡᠷ ᠳᠣᠲᠣᠷᠠᠬᠢ ᠡᠷᠦᠬᠡ ᠶᠢᠨ ᠤᠰᠤ ᠪᠠᠷ ᠤᠬᠢᠶᠠᠬᠤ ᠬᠡᠯᠪᠡᠷᠢ ᠶᠢᠨ ᠵᠠᠭᠪᠤᠷ᠃ ᠭᠤᠣᠯ | ᠲᠦᠷᠦᠯ ᠵᠦᠢᠯ ᠳᠤ ᠬᠤᠭᠤᠯᠠᠢ ᠶᠢᠨ ᠲᠣᠣᠷ ᠤᠨ ᠬᠡᠯᠪᠡᠷᠢ ᠶᠢᠨ ᠤᠰᠤ ᠪᠠᠷ ᠤᠬᠢᠶᠠᠬᠤ ᠵᠣᠷᠯᠣᠩ ᠪᠠᠶᠢᠵᠤ᠂ ᠨᠢᠭᠡᠨᠲᠡ | ᠪᠠᠶᠢᠭᠤᠯᠤᠭᠰᠠᠨ ᠲᠦᠭᠡᠭᠡᠯ ᠤᠰᠤᠨ ᠤ ᠬᠤᠭᠤᠯᠠᠢ ᠶᠢᠨ ᠲᠣᠣᠷ ᠪᠠ ᠪᠣᠬᠢᠷᠲᠤᠯ ᠭᠠᠳᠠᠭᠰᠢᠯᠠᠭᠤᠯᠬᠤ ᠬᠤᠭᠤᠯᠠᠢ ᠶᠢᠨ | ᠲᠣᠣᠷ ᠤᠨ ᠠᠶᠢᠯ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠭᠡᠷ ᠲᠤ ᠪᠠᠶᠢᠭᠤᠯᠬᠤ ᠳᠤ | ᠲᠤᠬᠢᠷᠠᠨ᠎ᠠ᠃ ᠭᠤᠷᠪᠠᠨ ᠬᠡᠯᠪᠡᠷᠢᠵᠢᠭᠦᠯᠦᠭᠰᠡᠨ ᠤᠰᠤᠨ ᠴᠥᠭᠦᠷᠥᠮ ᠤᠨ ᠤᠰᠤ ᠪᠠᠷ ᠤᠬᠢᠶᠠᠬᠤ ᠵᠣᠷᠯᠣᠩ᠂ ᠨᠢᠭᠡᠨᠲᠡ | ᠪᠠᠶᠢᠭᠤᠯᠤᠭᠰᠠᠨ ᠲᠦᠭᠡᠭᠡᠯ ᠤᠰᠤᠨ ᠤ ᠬᠤᠭᠤᠯᠠᠶ ᠶᠢᠨ ᠲᠣᠤᠷ ᠲᠤ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠶᠢᠨ | ᠲᠣᠤᠷ ᠢ ᠪᠠᠶᠢᠭᠤᠯᠤᠭᠠᠳᠤᠶ ᠠᠶᠢᠯ ᠲᠣᠰᠬᠤᠨ ᠳᠤ ᠣᠷᠣᠰᠢᠨ ᠰᠠᠭᠤᠵᠤ ᠪᠠᠶᠢᠭ᠎ᠠ ᠲᠠᠷᠢᠶᠠᠴᠢᠨ ᠡᠷᠦᠬᠡ ᠶᠢᠨ ᠬᠡᠷ ᠲᠤ | ᠪᠥᠲᠥᠭᠡᠨ ᠪᠠᠶᠢᠭᠤᠯᠬᠤ ᠳᠤ ᠲᠣᠬᠢᠷᠠᠮᠵᠢᠲᠠᠶ᠃ | ᠭᠤᠷᠪᠠ ᠳᠤ᠂ ᠠᠮᠢᠳᠤ ᠪᠣᠳᠠᠰ ᠤᠨ ᠵᠠᠳᠠᠷᠠᠨ ᠵᠠᠳᠠᠷᠠᠬᠤ ᠵᠠᠭᠪᠤᠷ᠃ ᠨᠠᠰᠤ ᠠᠬᠠᠰᠢᠷᠠᠵᠤ ᠡᠪᠡᠳᠴᠢᠨ ᠣᠯᠠᠨᠲᠠᠶ | ᠂ ᠬᠥᠳᠡᠯᠵᠦ ᠪᠠᠷᠢᠬᠤ ᠳᠤ ᠳᠥᠭᠦᠮ ᠦᠭᠡᠢ᠂ ᠲᠦᠭᠡᠭᠡᠯ ᠤᠰᠤᠨ ᠤ ᠬᠤᠭᠤᠯᠠᠶ ᠶᠢᠨ ᠲᠣᠤᠷ ᠪᠠ ᠪᠣᠬᠢᠷ ᠪᠣᠳᠠᠰ | ᠭᠠᠳᠠᠭᠰᠢᠯᠠᠭᠤᠯᠬᠤ ᠬᠤᠭᠤᠯᠠᠶ ᠶᠢᠨ ᠲᠣᠤᠷ ᠪᠠᠶᠢᠭᠤᠯᠤᠭᠰᠠᠨ ᠦᠭᠡᠢ ᠲᠣᠰᠬᠤᠨ ᠤ ᠲᠠᠷᠢᠶᠠᠴᠢᠨ ᠡᠷᠦᠬᠡ ᠶᠢᠨ ᠭᠡᠷ ᠲᠤ | ᠰᠠᠭᠤᠵᠤ ᠪᠦᠲᠦᠭᠡᠨ ᠪᠠᠢᠭᠤᠯᠬᠤ ᠳᠤ ᠲᠣᠬᠢᠷᠠᠮᠵᠢᠲᠠᠶ᠃ | ᠡᠯ᠎ᠡ ᠭᠠᠵᠠᠷ ᠤᠨ ᠬᠢᠨ ᠵᠣᠷᠯᠣᠩ ᠢ ᠥᠭᠡᠷᠡᠴᠢᠯᠡᠬᠦ ᠵᠠᠭᠪᠤᠷ ᠢ ᠲᠣᠭᠲᠠᠭᠠᠬᠤ ᠳᠠᠭᠠᠨ᠂ ᠲᠤᠰᠬᠠᠶ ᠮᠡᠷᠭᠡᠵᠢᠯ ᠤᠨ | ᠠᠵᠢᠯᠲᠠᠳ ᠢ ᠵᠣᠬᠢᠶᠠᠨ ᠪᠠᠶᠢᠭᠤᠯᠵᠤ ᠡᠷᠦᠬᠡ ᠳᠤ ᠣᠷᠣᠬᠤ ᠵᠣᠷᠯᠣᠩ ᠤᠨ ᠤᠭᠰᠠᠷᠠᠬᠤ ᠪᠠᠶᠢᠷᠢ ᠶᠢ ᠭᠦᠶ᠋ᠴᠡᠳ | ᠪᠠᠶᠢᠴᠠᠭᠠᠨ ᠬᠠᠷᠭᠤᠭᠤᠯᠵᠤ᠂ ᠡᠷᠦᠬᠡ ᠶᠢᠨ ᠤᠰᠤ ᠬᠡᠷᠡᠭᠯᠡᠬᠦ ᠤᠬᠢᠶᠠᠯᠭ᠎ᠠ ᠶᠢᠨ ᠮᠠᠶ᠋ᠢᠭ ᠤᠨ ᠵᠣᠷᠯᠣᠩ ᠢ | ᠤᠭᠰᠠᠷᠠᠭᠰᠠᠨ ᠤ ᠳᠠᠷᠠᠭ᠎ᠠ᠂ ᠳᠠᠭᠠᠯᠲᠠ ᠤᠰᠤ ᠬᠠᠩᠭᠠᠬᠤ ᠪᠠ ᠪᠣᠬᠢᠷᠲᠤᠯ ᠭᠠᠳᠠᠭᠰᠢᠯᠠᠭᠤᠯᠬᠤ ᠬᠤᠭᠤᠯᠠᠶ ᠨᠢ | ᠬᠥᠯᠳᠡᠬᠦ ᠠᠴᠠ ᠰᠡᠷᠭᠡᠶᠢᠯᠡᠬᠦ ᠨᠥᠬᠦᠴᠡᠯ ᠢ ᠪᠦᠷᠢᠳᠦᠭᠦᠯᠵᠦ᠂ ᠪᠥᠬᠦ ᠵᠢᠯ ᠤᠨ ᠬᠡᠪ ᠤᠨ ᠬᠡᠷᠡᠭᠯᠡᠭᠡᠨ ᠤ ᠦᠨᠳᠦᠰᠦᠨ | ᠱᠠᠭᠠᠷᠳᠠᠯᠭ᠎ᠠ ᠶᠢ ᠪᠦᠷᠢᠳᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠥᠯᠳᠡᠬᠦ ᠠᠴᠠ ᠰᠡᠷᠭᠡᠶᠢᠯᠡᠬᠦ ᠨᠥᠬᠦᠴᠡᠯ ᠥᠬᠡᠶ | ᠬᠡᠷ ᠪᠠᠶᠢᠰᠢᠩ ᠳᠤ ᠬᠡᠷ ᠳᠣᠲᠣᠷᠠᠬᠢ ᠤᠰᠤ ᠪᠠᠷ ᠤᠬᠢᠶᠠᠬᠤ ᠵᠣᠷᠯᠣᠩ ᠪᠠᠶᠢᠭᠤᠯᠵᠤ ᠪᠣᠯᠬᠤ ᠥᠬᠡᠶ᠃ ᠡᠷᠦᠬᠡ ᠳᠤ | ᠣᠷᠣᠬᠤ ᠵᠣᠷᠯᠣᠩ ᠢ ᠤᠭᠰᠠᠷᠠᠬᠤ ᠦᠶ᠎ᠡ ᠳᠤ ᠬᠠᠯᠬᠠᠯᠠᠬᠤ ᠲᠤᠰᠠᠭᠠᠷᠯᠠᠬᠤ ᠪᠡᠯᠡᠳᠬᠡᠮᠵᠢ ᠶᠢᠨ ᠣᠷᠣᠨ ᠪᠠᠶᠢᠷᠢ ᠶᠢ | ᠤᠷᠢᠳᠴᠢᠯᠠᠨ ᠦᠯᠡᠳᠡᠭᠡᠵᠦ᠂ ᠲᠠᠩᠰᠠ ᠬᠠᠯᠬᠠᠯᠠᠬᠤ ᠲᠤᠰᠠᠭᠠᠷᠯᠠᠬᠤ ᠪᠡᠯᠡᠳᠬᠡᠮᠵᠢ ᠶᠢ ᠲᠠᠷᠢᠶᠠᠴᠢᠨ ᠡᠷᠦᠬᠡ | ᠥᠪᠡᠷ ᠢᠶᠠᠨ ᠪᠠᠯᠠ ᠮᠥᠩᠭᠦ ᠴᠤᠭᠯᠠᠭᠤᠯᠵᠤ ᠥᠪᠡᠰᠦᠪᠡᠨ ᠰᠣᠩᠭᠤᠵᠤ ᠤᠭᠰᠠᠷᠠᠬᠤ ᠬᠡᠷᠡᠭᠲᠡᠶ᠃ ᠲᠠᠷᠢᠶᠠᠴᠢᠨ | ᠡᠷᠦᠬᠡ ᠶᠢᠨ ᠠᠷᠢᠭᠤᠨ ᠴᠡᠪᠡᠷ ᠤᠨ ᠵᠣᠷᠯᠣᠩ ᠢ ᠥᠭᠡᠷᠡᠴᠢᠯᠡᠬᠦ ᠶᠢ ᠬᠡᠷᠡᠭᠵᠢᠭᠦᠯᠦᠭᠰᠡᠨ ᠤ ᠳᠠᠷᠠᠭ᠎ᠠ᠂ ᠡᠮᠨᠡᠯᠭᠡ ᠶᠢᠨ | ᠬᠤᠷᠢᠶᠠᠨ ᠤ ᠳᠣᠲᠣᠷᠠᠬᠢ ᠬᠠᠭᠤᠴᠢᠨ ᠵᠣᠷᠯᠣᠩ ᠢ ᠨᠤᠷᠠᠭᠠᠬᠤ ᠬᠡᠷᠡᠭᠲᠡᠶ᠃ | ᠭᠤᠷᠪᠠ᠂ ᠪᠥᠳᠥᠭᠡᠨ ᠪᠠᠶᠢᠭᠤᠯᠤᠯᠲᠠ ᠶᠢᠨ ᠦᠢᠯᠡᠳᠦᠭᠰᠡᠨ ᠦᠨ᠎ᠡ ᠪᠠ ᠪᠡᠯᠡ ᠮᠥᠩᠭᠦ ᠶᠢᠨ ᠱᠠᠩᠨᠠᠵᠤ | ᠨᠥᠬᠦᠪᠥᠷᠢᠯᠡᠬᠦ ᠪᠠᠷᠢᠮᠵᠢᠶ᠎ᠠ | ᠬᠢᠨᠠᠨ ᠲᠣᠭᠲᠠᠭᠠᠬᠤ ᠪᠠᠷ ᠳᠡᠮᠵᠢᠨ ᠲᠥᠰᠦᠭᠡᠯᠡᠨ ᠪᠤᠳᠤᠭᠰᠠᠨ ᠢᠶᠠᠷ᠂ ᠬᠡᠷ ᠤᠨ ᠭᠠᠳᠠᠨᠠᠬᠢ ᠠᠷᠢᠭᠤᠨ ᠴᠡᠪᠡᠷ | ᠬᠠᠭᠤᠷᠠᠶ ᠵᠣᠷᠯᠣᠩ ᠤᠨ ᠦᠶ᠋ᠯᠡᠳᠬᠦ ᠦᠨ᠎ᠡ ᠨᠢ ᠡᠷᠦᠬᠡ ᠪᠦᠷᠢ ᠳᠤ 2600 ᠲᠥᠭᠦᠷᠢᠭ᠂ ᠬᠡᠷ ᠳᠣᠲᠣᠷᠠᠬᠢ | ᠡᠷᠦᠬᠡ ᠳᠤ ᠬᠡᠷᠡᠭᠯᠡᠬᠦ ᠭᠤᠷᠪᠠᠨ ᠬᠡᠯᠪᠡᠷᠢᠵᠢᠭᠰᠡᠨ ᠪᠠᠭᠠᠰᠤᠨ ᠲᠠᠲᠠᠭᠠᠯ ᠤᠨ ᠤᠰᠤ ᠪᠠᠷ ᠤᠬᠢᠶᠠᠬᠤ ᠵᠣᠷᠯᠣᠩ ᠤᠨ | ᠦᠶ᠋ᠯᠡᠳᠬᠦ ᠦᠨ᠎ᠡ ᠨᠢ ᠡᠷᠦᠬᠡ ᠪᠦᠷᠢ ᠳᠤ 3000 ᠲᠥᠭᠦᠷᠢᠭ᠂ ᠠᠮᠢᠳᠤ ᠪᠣᠳᠠᠰ ᠤᠨ ᠵᠠᠳᠠᠷᠠᠭᠤᠯᠤᠨ ᠵᠠᠳᠠᠷᠠᠭᠤᠯᠬᠤ | ᠵᠣᠷᠯᠣᠩ ᠤᠨ ᠦᠶ᠋ᠯᠡᠳᠬᠦ ᠦᠨ᠎ᠡ ᠨᠢ ᠡᠷᠦᠬᠡ ᠪᠦᠷᠢ ᠳᠤ 3200 ᠲᠥᠭᠦᠷᠢᠭ ᠪᠣᠯᠤᠨ᠎ᠠ᠃ | ᠳᠥᠷᠪᠡ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠨ᠎ᠠ᠃ | ᠠᠷᠠᠳ ᠤᠨ ᠠᠮᠢᠳᠤᠷᠠᠯ ᠤᠨ ᠴᠢᠬᠤᠯᠠ ᠶᠡᠭᠡ ᠢᠨᠵᠧᠨᠧᠷᠢᠩ ᠪᠣᠯᠤᠭᠰᠠᠨ ᠤ ᠬᠤᠪᠢ ᠳᠤ᠂ ᠡᠯ᠎ᠡ ᠰᠤᠮᠤ ᠰᠢᠶᠠᠩ | ᠪᠠᠯᠭᠠᠰᠤ ᠡᠷᠬᠡᠪᠰᠢ ᠲᠠᠷᠢᠶᠠᠯᠠᠩ ᠤᠨ ᠨᠠᠷᠢᠯᠢᠭ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠠᠵᠢᠯ ᠢ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠡᠨᠡᠬᠦ ᠠᠵᠢᠯ ᠢ ᠡᠳᠦᠷ ᠲᠤᠲᠤᠮ ᠤᠨ ᠴᠢᠬᠤᠯᠠ ᠵᠥᠪᠯᠡᠬᠦ ᠵᠦᠶ᠋ᠯ ᠳᠡᠭᠡᠨ | ᠣᠷᠣᠭᠤᠯᠵᠤ᠂ ᠬᠠᠷᠢᠭᠤᠴᠠᠯᠭ᠎ᠠ ᠶᠢ ᠦᠨᠡᠨᠬᠦ ᠴᠢᠩᠭᠠᠳᠬᠠᠨ᠂ ᠡᠭᠦᠷᠭᠡ ᠶᠢ ᠨᠠᠷᠢᠯᠢᠬᠵᠢᠭᠤᠯᠤᠨ ᠬᠤᠪᠢᠶᠠᠷᠢᠯᠠᠵᠤ᠂ | ᠵᠣᠷᠯᠣᠩ ᠤᠨ ᠭᠠᠵᠠᠷ ᠰᠢᠷᠣᠶ ᠶᠢ ᠥᠭᠡᠷᠡᠴᠢᠯᠡᠨ ᠰᠠᠶᠢᠵᠢᠷᠠᠭᠤᠯᠬᠤ ᠠᠵᠢᠯ ᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ | ᠠᠬᠢᠭᠤᠯᠬᠤ ᠬᠡᠷᠡᠭᠲᠡᠶ᠃ ᠬᠥᠳᠡᠭᠡ ᠲᠣᠰᠬᠤᠨ ᠤ ᠲᠣᠯᠣᠭᠠᠶᠢᠯᠠᠭᠴᠢ ᠶᠢᠨ ᠠᠵᠢᠯ ᠤᠨ ᠱᠠᠭᠠᠷᠳᠠᠯᠭ᠎ᠠ ᠶᠢ ᠴᠢᠩᠭ᠎ᠠ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠭᠤᠤᠯ | ᠤᠳᠤᠷᠢᠳᠤᠯᠭ᠎ᠠ ᠪᠠᠷ ᠠᠵᠢᠯ ᠤᠨ ᠶᠡᠷᠦᠩᠬᠡᠶ ᠵᠢᠯᠣᠭᠤᠳᠣᠯᠭ᠎ᠠ ᠪᠣᠯᠭᠠᠵᠤ᠂ ᠠᠵᠢᠯ ᠢ ᠠᠬᠢᠭᠤᠯᠬᠤ ᠶᠠᠪᠤᠴᠠ ᠳᠤ | ᠲᠣᠬᠢᠶᠠᠯᠳᠤᠭᠰᠠᠨ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ ᠰᠢᠶ᠋ᠳᠪᠦᠷᠢᠯᠡᠬᠦ ᠬᠡᠷᠡᠭᠲᠡᠶ᠃ ᠡᠯ᠎ᠡ | ᠰᠤᠮᠤ ᠰᠢᠶᠠᠩ ᠪᠠᠯᠭᠠᠰᠤ ᠶᠢᠨ ᠨᠠᠮ ᠵᠠᠰᠠᠭ ᠤᠨ ᠭᠤᠤᠯ ᠤᠳᠤᠷᠢᠳᠤᠯᠭ᠎ᠠ ᠨᠢ ᠳᠡᠭᠡᠳᠦ ᠱᠠᠲᠤᠨ ᠠᠴᠠ᠂ ᠣᠶᠤᠨ | ᠴᠢᠳᠠᠯ ᠢᠶᠠᠨ ᠲᠥᠪᠯᠡᠷᠡᠭᠦᠯᠦᠨ ᠠᠵᠢᠯ ᠤᠨ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠠᠳᠬᠤᠵᠤ᠂ ᠡᠯ᠎ᠡ ᠵᠦᠶ᠋ᠯ ᠤᠨ | ᠠᠷᠭ᠎ᠠ ᠬᠡᠮᠵᠢᠶ᠎ᠡ ᠶᠢ ᠪᠣᠳᠠᠲᠠᠶ ᠪᠠᠷ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠮᠡᠷᠭᠡᠵᠢᠯ ᠤᠨ ᠵᠢᠯᠣᠭᠤᠳᠣᠯᠭ᠎ᠠ ᠪᠠ | ᠦᠶ᠋ᠯᠡᠴᠢᠯᠡᠭᠡᠨ ᠤ ᠠᠵᠢᠯ ᠢ ᠪᠥᠬᠦ ᠶᠠᠪᠤᠴᠠ ᠳᠤ ᠰᠠᠶᠢᠲᠤᠷ ᠬᠢᠵᠦ᠂ ᠭᠤᠷᠪᠠᠳᠠᠬᠢ ᠡᠲᠡᠭᠡᠳ ᠤᠨ ᠬᠢᠨᠠᠨ ᠬᠠᠮᠢᠶᠠᠷᠬᠤ | ᠲᠣᠰᠬᠤᠨ ᠤ ᠠᠷᠠᠳ ᠤᠨ ᠲᠥᠯᠥᠭᠡᠯᠡᠭᠴᠢ ᠬᠢᠨᠠᠯᠲᠠ ᠲᠠᠯᠪᠢᠬᠤ ᠬᠠᠷᠢᠭᠤᠴᠠᠯᠭ᠎ᠠ ᠪᠠᠨ ᠦᠨᠡᠨ ᠬᠦ ᠡᠭᠦᠷᠭᠡᠯᠡᠬᠦ ᠬᠡᠷᠡᠭᠲᠡᠶ | ᠃ | ︵ᠬᠤᠶᠠᠷ︶ ᠣᠯᠠᠨ ᠲᠦᠮᠡᠨ ᠤ ᠵᠣᠷᠯᠣᠩ ᠢ ᠥᠭᠡᠷᠡᠴᠢᠯᠡᠬᠦ ᠢᠳᠡᠪᠬᠢᠵᠢᠯ ᠢ ᠳᠠᠶᠢᠴᠢᠯᠠᠨ᠎ᠠ᠃ ᠶᠠᠰᠤ ᠴᠢᠨᠠᠷ ᠢ | ᠲᠡᠷᠢᠭᠦᠨ ᠳᠤ ᠲᠠᠯᠪᠢᠬᠤ᠂ ᠪᠣᠳᠠᠲᠠᠶ ᠶᠢ ᠡᠷᠬᠢᠮᠯᠡᠨ ᠠᠬᠢᠭᠤᠯᠬᠤ ᠶᠢ ᠪᠠᠷᠢᠮᠲᠠᠯᠠᠵᠤ ᠤᠯᠠᠨ ᠲᠦᠮᠡᠨ ᠤ ᠠᠵᠢᠯ ᠢ ᠪᠦᠬᠦ | ᠶᠠᠪᠤᠴᠠ ᠶᠢᠨ ᠡᠯ᠎ᠡ ᠭᠤᠭᠴᠤᠭ᠎ᠠ ᠳᠤ ᠲᠤᠤᠱᠯᠠᠭᠤᠯᠵᠤ᠂ ᠠᠷᠠᠳ ᠤᠯᠠᠨ ᠳᠤ ᠵᠣᠷᠯᠣᠩ ᠢ ᠥᠭᠡᠷᠡᠴᠢᠯᠡᠬᠦ ᠵᠣᠷᠢᠯᠭ᠎ᠠ᠂ | ᠠᠴᠢ ᠬᠤᠯᠪᠣᠭᠳᠠᠯ ᠪᠠ ᠲᠦᠷᠦ ᠶᠢᠨ ᠪᠤᠳᠤᠯᠭ᠎ᠠ ᠶᠢ ᠭᠦᠢᠴᠡᠳ ᠮᠡᠳᠡᠭᠦᠯᠵᠦ᠂ ᠤᠯᠠᠨ ᠲᠦᠮᠡᠨ ᠤ ᠵᠣᠷᠯᠣᠩ ᠢ | ᠥᠭᠡᠷᠡᠴᠢᠯᠡᠬᠦ ᠳᠤ ᠣᠷᠣᠯᠴᠠᠬᠤ ᠤᠬᠠᠮᠰᠠᠷᠲᠤ ᠴᠢᠨᠠᠷ᠂ ᠢᠳᠡᠪᠬᠢᠵᠢᠯ ᠪᠠ ᠰᠠᠨᠠᠭᠠᠴᠢᠯᠠᠭᠠᠲᠤ ᠴᠢᠨᠠᠷ ᠢ ᠪᠦᠲᠦᠮᠵᠢᠲᠡᠢ | ᠳᠠᠶᠢᠴᠢᠯᠠᠬᠤ ᠬᠡᠷᠡᠭᠲᠡᠢ᠃ ᠭᠠᠴᠠᠭᠠᠨ ᠤ ᠠᠷᠠᠳ ᠤᠨ ᠬᠤᠷᠠᠯ ᠪᠤᠶᠤ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ | ᠬᠤᠷᠠᠯ ᠤᠨ ᠵᠥᠪᠰᠢᠶᠡᠷᠡᠯ ᠦᠭᠡᠢ ᠪᠠᠷ ᠪᠦᠬᠦ᠋ᠢᠯᠡ ᠭᠠᠴᠠᠭᠠᠨ ᠤ ᠵᠣᠷᠯᠣᠩ ᠢ ᠥᠭᠡᠷᠡᠴᠢᠯᠡᠬᠦ ᠠᠵᠢᠯ ᠢ ᠲᠦᠯᠬᠢᠨ | ᠠᠬᠢᠭᠤᠯᠵᠤ ᠪᠣᠯᠬᠤ ᠦᠭᠡᠢ᠃ ᠲᠠᠷᠢᠶᠠᠴᠢᠨ ᠡᠷᠦᠬᠡ ᠵᠥᠪᠰᠢᠶᠡᠷᠡᠭᠰᠡᠨ ᠪᠣᠯᠪᠠᠴᠤ ᠥᠭᠡᠷᠡᠴᠢᠯᠡᠬᠦ ᠳᠤ ᠲᠣᠬᠢᠷᠠᠮᠵᠢ | ᠦᠭᠡᠢ ᠪᠠᠶᠢᠪᠠᠯ᠂ ᠠᠯᠪᠠᠳᠠᠯᠭ᠎ᠠ ᠪᠠᠷ ᠲᠦᠯᠬᠢᠨ ᠠᠬᠢᠭᠤᠯᠵᠤ ᠪᠣᠯᠬᠤ ᠦᠭᠡᠢ᠃ ᠰᠤᠮᠤ ᠰᠢᠶᠠᠩ ᠪᠠᠯᠭᠠᠰᠤ ᠪᠣᠯᠤᠨ | ᠲᠠᠷᠢᠶᠠᠯᠠᠩ ᠮᠠᠯ ᠠᠵᠤ ᠠᠬᠤᠶ ᠶᠢᠨ ᠰᠠᠯᠠᠭ᠎ᠠ ᠮᠥᠴᠢᠷ ᠤᠳ ᠵᠣᠬᠢᠶᠠᠨ ᠪᠠᠶᠢᠭᠤᠯᠵᠤ ᠬᠥᠲᠥᠯᠦᠨ ᠵᠢᠯᠣᠭᠤᠳᠬᠤ | ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠵᠦ᠂ ᠪᠦᠬᠦᠨ ᠢ ᠳᠠᠭᠠᠭᠠᠨ ᠠᠪᠴᠤ ᠪᠣᠯᠬᠤ ᠥᠬᠡᠶ᠂ ᠲᠠᠷᠢᠶᠠᠴᠢᠳ ︽ | ᠬᠥᠨᠳᠡᠯᠡᠨ ᠤ ᠬᠥᠮᠦᠨ︾ ᠪᠣᠯᠬᠤ ᠦᠵᠡᠭᠳᠡᠯ ᠭᠠᠷᠬᠤ ᠶᠢ ᠰᠡᠷᠭᠡᠶᠢᠯᠡᠬᠦ ᠬᠡᠷᠡᠭᠲᠡᠶ᠃ | ︵ᠭᠤᠷᠪᠠ︶ ᠲᠠᠩᠰᠠ ᠡᠪᠬᠡᠮᠡᠯ ᠤᠨ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠮᠡᠳᠡᠭᠡ ᠵᠠᠩᠭᠢ ᠶᠢ ᠢᠯᠡ | ᠪᠣᠯᠭᠠᠬᠤ ᠶᠢ ᠰᠠᠶᠢᠲᠤᠷ ᠬᠢᠬᠦ ᠬᠡᠷᠡᠭᠲᠡᠶ᠃ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠥᠲᠥᠭᠡᠨ | ᠪᠠᠶᠢᠭᠤᠯᠤᠯᠲᠠ ᠶᠢᠨ ᠡᠬᠡ ᠲᠠᠩᠰᠠ ᠶᠢ ᠪᠠᠶᠢᠭᠤᠯᠵᠤ᠂ ︽ᠨᠢᠭᠡ ᠡᠷᠦᠬᠡ ᠳᠤ ᠨᠢᠭᠡ ᠲᠠᠩᠰᠠ ᠡᠪᠬᠡᠮᠡᠯ︾᠂ ᠨᠢᠭᠡ | ᠲᠣᠰᠬᠤᠨ ᠳᠤ ᠨᠢᠭᠡ ᠲᠠᠩᠰᠠ ᠡᠪᠬᠡᠮᠡᠯ︾ ᠢ ᠪᠡᠶᠡᠯᠡᠭᠦᠯᠦᠨ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ | ᠪᠥᠲᠥᠭᠡᠨ ᠪᠠᠶᠢᠭᠤᠯᠤᠯᠲᠠ ᠪᠠ ᠬᠡᠷᠡᠭᠯᠡᠯᠲᠡ ᠶᠢᠨ ᠪᠠᠶᠢᠳᠠᠯ ᠢ ᠴᠠᠭ ᠲᠤᠬᠠᠶ ᠳᠤᠨᠢ ᠬᠥᠳᠡᠯᠦᠩᠭᠦᠶ ᠪᠠᠷ ᠡᠵᠡᠮᠰᠢᠵᠦ᠂ | ᠨᠥᠬᠦᠴᠡᠯ ᠲᠠᠢ ᠭᠠᠵᠠᠷ ᠣᠷᠣᠨ ᠤ ᠮᠡᠳᠡᠭᠡ ᠵᠠᠩᠭᠢᠵᠢᠯᠲᠠ ᠶᠢᠨ ᠬᠠᠮᠢᠶᠠᠷᠤᠯᠲᠠ ᠶᠢ ᠬᠡᠷᠡᠭᠵᠢᠭᠦᠯᠬᠦ ᠶᠢ | ᠵᠣᠷᠢᠭᠵᠢᠭᠤᠯᠤᠨ᠎ᠠ᠃ ᠡᠯ᠎ᠡ ᠵᠦᠶ᠋ᠯ ᠤᠨ ᠮᠡᠳᠡᠭᠡ ᠵᠠᠩᠭᠢ ᠶᠢ ᠢᠯᠡ ᠪᠣᠯᠭᠠᠬᠤ ᠠᠵᠢᠯ ᠢ ᠰᠠᠶᠢᠲᠤᠷ ᠬᠢᠵᠦ᠂ ᠱᠠᠩᠨᠠᠵᠤ | ᠨᠥᠬᠦᠪᠥᠷᠢᠯᠡᠬᠦ ᠲᠥᠷᠥ ᠶᠢᠨ ᠪᠣᠳᠣᠯᠭ᠎ᠠ᠂ ᠠᠬᠢᠭᠤᠯᠬᠤ ᠲᠠᠰ ᠳᠠᠷᠠᠭᠠᠯᠠᠯ᠂ ᠪᠠᠯᠠ ᠮᠥᠩᠭᠦ ᠶᠢᠨ ᠬᠡᠷᠡᠭᠯᠡᠯᠲᠡ᠂ | ᠲᠥᠬᠦᠭᠡᠷᠦᠮᠵᠢ ᠬᠤᠳᠠᠯᠳᠤᠨ ᠠᠪᠬᠤ᠂ ᠦᠶ᠋ᠯᠡᠴᠢᠯᠡᠭᠡᠨ ᠤ ᠠᠮᠠᠯᠠᠯᠲᠠ ᠵᠡᠷᠭᠡ ᠶᠢ ᠴᠠᠭ ᠲᠤᠬᠠᠶ ᠳᠤᠨᠢ ᠪᠥᠬᠦ ᠲᠠᠯ᠎ᠠ ᠪᠠᠷ | ᠢᠯᠡ ᠪᠣᠯᠭᠠᠨ᠎ᠠ᠃ ︽ᠵᠣᠷᠯᠣᠩ ᠤᠨ ᠪᠠᠭᠠᠵᠢ︾ ︽ᠵᠣᠷᠯᠣᠩ ᠤᠨ ᠰᠠᠭᠤᠯᠲᠠᠭᠤᠷ︾ ᠢᠶᠠᠷ ︽ᠡᠷᠦᠬᠡ ᠰᠣᠯᠢᠬᠤ | ᠵᠣᠷᠯᠣᠩ︾ ᠢ ᠳᠥᠭᠦᠮᠬᠡᠨ ᠢᠶᠠᠷ ᠣᠷᠣᠯᠠᠭᠤᠯᠬᠤ ᠠᠴᠠ ᠵᠠᠶᠢᠯᠠᠰᠬᠢᠬᠦ ᠬᠡᠷᠡᠭᠲᠡᠶ᠃ | ︵ᠳᠥᠷᠪᠡ︶ ᠮᠠᠲ᠋ᠧᠷᠢᠶᠠᠯ ᠤᠨ ᠶᠠᠰᠤ ᠴᠢᠨᠠᠷ ᠢ ᠡᠵᠡᠮᠳᠡᠬᠦ ᠪᠠ ᠪᠠᠷᠢᠯᠭ᠎ᠠ ᠶᠢᠨ ᠡᠩᠨᠡᠭᠡ ᠶᠢᠨ ᠬᠠᠮᠢᠶᠠᠷᠤᠯᠲᠠ ᠶᠢ | ᠴᠢᠩᠳᠠᠯᠠᠬᠤ ᠬᠡᠷᠡᠭᠲᠡᠶ᠃ ᠮᠠᠲ᠋ᠧᠷᠢᠶᠠᠯ ᠰᠣᠩᠭᠤᠬᠤ ᠶᠠᠰᠤ ᠴᠢᠨᠠᠷ ᠤᠨ ᠪᠠᠷᠢᠮᠵᠢᠶ᠎ᠠ ᠪᠠ ᠮᠡᠷᠭᠡᠵᠢᠯ ᠤᠨ ᠪᠣᠯᠵᠣᠯᠲᠤ | ᠲᠤᠭ᠎ᠠ ᠶᠢ ᠴᠢᠩᠭ᠎ᠠ ᠲᠣᠭᠲᠠᠭᠠᠵᠤ᠂ ᠶᠠᠰᠤ ᠴᠢᠨᠠᠷ ᠢᠶᠠᠷ ᠮᠠᠭᠤ ᠬᠢᠷᠢ ᠲᠡᠩᠴᠡᠭᠦ ᠥᠬᠡᠶ ᠦᠶ᠋ᠯᠡᠳᠬᠦᠨ ᠢ ᠬᠡᠷᠡᠭᠯᠡᠬᠦ ᠶᠢ | ᠲᠠᠰᠤ ᠵᠣᠭᠰᠣᠭᠠᠵᠤ᠂ ᠪᠠᠷᠢᠯᠭ᠎ᠠ ᠶᠢᠨ ᠮᠠᠲ᠋ᠧᠷᠢᠶᠠᠯ ᠪᠠ ᠵᠣᠷᠯᠣᠩ ᠤᠨ ᠦᠶ᠋ᠯᠡᠳᠬᠦᠨ ᠤ ᠪᠠᠬᠢᠯᠢᠭ᠌᠂ ᠪᠥᠬᠡᠯᠢᠭ᠂ | ᠪᠦᠲᠦᠴᠡ ᠶᠢᠨ ᠠᠮᠤᠷ ᠲᠦᠪᠰᠢᠨ ᠪᠠᠶᠢᠬᠤ ᠶᠢ ᠦᠨᠡᠨᠬᠦ ᠪᠠᠲᠤᠯᠠᠵᠤ᠂ ᠠᠷᠢᠭᠤᠨ ᠴᠡᠪᠡᠷ ᠪᠠ ᠡᠨᠧᠷᠭᠢ ᠠᠷᠪᠢᠯᠠᠵᠤ | ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠶ ᠪᠠᠶᠢᠯᠭᠠᠬᠤ ᠶᠢᠨ ᠬᠠᠮᠲᠤ ᠬᠠᠮᠢᠶ᠎ᠠ ᠪᠥᠬᠦᠶ ᠮᠡᠷᠭᠡᠵᠢᠯ ᠤᠨ | ᠱᠠᠭᠠᠷᠳᠠᠯᠭ᠎ᠠ ᠳᠤ ᠨᠡᠶᠢᠴᠡᠭᠦᠯᠬᠦ ᠬᠡᠷᠡᠭᠲᠡᠶ᠃ ᠬᠠᠮᠢᠶ᠎ᠠ ᠪᠥᠬᠦᠶ ᠮᠠᠲ᠋ᠧᠷᠢᠶᠠᠯ ᠲᠥᠬᠦᠭᠡᠷᠦᠮᠵᠢ ᠨᠢ ᠶᠠᠰᠤ ᠴᠢᠨᠠᠷ ᠤᠨ | ᠬᠢᠨᠠᠨ ᠲᠣᠭᠲᠠᠭᠠᠯᠲᠠ ᠶᠢᠨ ᠮᠡᠳᠡᠭᠦᠯᠦᠯᠲᠡ ᠲᠠᠢ ᠪᠠᠶᠢᠵᠤ᠂ ᠭᠠᠵᠠᠷ ᠳᠣᠤᠷᠠᠬᠢ ᠬᠡᠰᠡᠭ ᠤᠨ ᠬᠡᠷᠡᠭᠯᠡᠬᠦ ᠠᠮᠢ ᠨᠠᠰᠤ ᠶᠢ | ᠲᠣᠳᠣᠷᠬᠠᠶᠢᠯᠠᠬᠤ ᠬᠡᠷᠡᠭᠲᠡᠶ᠃ ᠰᠤᠮᠤ ᠰᠢᠶᠠᠩ ᠪᠠᠯᠭᠠᠰᠤ ᠨᠢ ᠮᠠᠲ᠋ᠧᠷᠢᠶᠠᠯ ᠲᠥᠬᠦᠭᠡᠷᠦᠮᠵᠢ ᠶᠢ ᠲᠤᠬᠠᠶ ᠶᠢᠨ | ᠭᠠᠵᠠᠷ ᠲᠤᠨᠢ ᠥᠯᠢᠭᠡᠷ ᠠᠪᠴᠤ ᠪᠠᠶᠢᠴᠠᠭᠠᠯᠭᠠᠬᠤ ᠪᠠᠷ ᠬᠦᠷᠭᠡᠵᠦ᠂ ᠲᠤᠰᠬᠠᠶ ᠬᠥᠮᠦᠨ ᠪᠤᠶᠤ ᠲᠤᠰᠬᠠᠶ | ᠪᠠᠶᠢᠭᠤᠯᠤᠮᠵᠢ ᠠᠴᠠ ᠶᠠᠰᠤ ᠴᠢᠨᠠᠷ ᠤᠨ ᠪᠣᠭᠤᠮᠲᠠ ᠶᠢ ᠡᠵᠡᠮᠳᠡᠬᠦ ᠬᠡᠷᠡᠭᠲᠡᠶ᠃ ᠵᠣᠷᠯᠣᠩ ᠢ ᠥᠭᠡᠷᠡᠴᠢᠯᠡᠬᠦ ᠦᠢᠯᠡᠳᠬᠦᠨ | ᠪᠠ ᠦᠢᠯᠡᠳᠪᠦᠷᠢ ᠶᠢᠨ ᠬᠢᠨ ᠢ ᠰᠢᠯᠭᠠᠷᠠᠭᠤᠯᠬᠤ ᠶᠠᠪᠤᠴᠠ ᠳᠤ᠂ ᠭᠠᠴᠠᠭᠠᠨ ᠤ ᠠᠷᠠᠳ ᠤᠨ ᠲᠥᠯᠥᠭᠡᠯᠡᠭᠴᠢᠳ ᠤᠨ | ᠰᠠᠨᠠᠯ ᠢ ᠥᠷᠭᠡᠨ ᠢᠶᠠᠷ ᠰᠣᠨᠣᠰᠬᠤ ᠬᠡᠷᠡᠭᠲᠡᠶ᠃ ᠳᠠᠭᠠᠭᠠᠴᠢᠯᠠᠯᠲᠠ ᠵᠠᠷᠯᠠᠵᠤ ᠬᠤᠳᠠᠯᠳᠤᠨ ᠠᠪᠬᠤ ᠲᠥᠷᠥᠯ ᠵᠣᠶᠢᠯ ᠢ | ᠥᠷᠨᠢᠭᠦᠯᠬᠦ ᠳᠤ ᠲᠠᠰ ᠳᠠᠷᠠᠭᠠᠯᠠᠯ ᠢ ᠴᠢᠩᠳᠠᠯᠠᠵᠤ᠂ ᠳᠠᠭᠠᠭᠠᠴᠢᠯᠠᠯᠲᠠ ᠣᠯᠤᠭᠰᠠᠨ ᠨᠢᠭᠡᠴᠡ ᠨᠢ ᠲᠥᠬᠦᠭᠡᠷᠦᠮᠵᠢ | ᠤᠭᠰᠠᠷᠠᠬᠤ ᠶᠢ ᠵᠢᠯᠣᠭᠤᠳᠬᠤ ᠦᠶ᠋ᠯᠡᠴᠢᠯᠡᠭᠡᠨ ᠢ ᠪᠥᠬᠦ ᠶᠠᠪᠤᠴᠠ ᠳᠤ ᠬᠠᠩᠭᠠᠬᠤ ᠬᠡᠷᠡᠭᠲᠡᠶ᠃ ᠬᠤᠰᠢᠭᠤᠨ | ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠨᠢ ᠬᠥᠳᠡᠭᠡ ᠲᠣᠰᠬᠤᠨ ᠤ | ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠬᠦ ᠪᠥᠲᠥᠭᠡᠨ ᠪᠠᠶᠢᠭᠤᠯᠤᠯᠲᠠ ᠶᠢᠨ ᠤᠷᠠᠯᠠᠯ ᠤᠨ ᠴᠤᠪᠤᠷᠠᠯ ᠢ | ᠲᠣᠭᠲᠠᠭᠠᠨ ᠲᠠᠷᠬᠠᠭᠠᠨ᠎ᠠ᠃ ᠡᠯ᠎ᠡ ᠭᠠᠵᠠᠷ ᠤᠨ ᠬᠢᠨ ᠪᠠᠷᠢᠯᠭ᠎ᠠ ᠶᠢᠨ ᠠᠵᠢᠯ ᠤᠨ ᠡᠩᠨᠡᠭᠡ ᠳᠤ ᠪᠣᠯᠪᠠᠰᠤᠷᠠᠯ ᠤᠨ | ᠠᠵᠢᠯ ᠢ ᠰᠠᠶᠢᠲᠤᠷ ᠬᠢᠵᠦ᠂ ᠪᠣᠯᠪᠠᠰᠤᠷᠠᠯ ᠳᠤ ᠬᠢᠷᠢ ᠲᠡᠩᠴᠡᠭᠰᠡᠨ ᠪᠠᠷᠢᠯᠭ᠎ᠠ ᠶᠢᠨ ᠠᠵᠢᠯᠲᠠᠳ ᠵᠢᠷᠤᠭ | ᠲᠥᠯᠥᠪᠯᠡᠭᠡ ᠶᠢᠨ ᠲᠥᠰᠦᠯ ᠤᠨ ᠪᠠᠷᠢᠮᠵᠢᠶ᠎ᠠ ᠶᠢᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠵᠣᠷᠯᠣᠩ ᠢ ᠥᠭᠡᠷᠡᠴᠢᠯᠡᠬᠦ | ᠪᠤᠶᠤ ᠲᠤᠰᠬᠠᠶ ᠮᠡᠷᠭᠡᠵᠢᠯ ᠤᠨ ᠠᠵᠢᠯᠲᠠᠨ ᠤ ᠵᠢᠯᠤᠭᠤᠳᠤᠯᠭ᠎ᠠ ᠳᠣᠣᠷ᠎ᠠ ᠲᠣᠰᠬᠤᠨ ᠤ ᠠᠷᠠᠳ ᠢ ᠵᠣᠬᠢᠶᠠᠨ | ᠪᠠᠶᠢᠭᠤᠯᠤᠨ ᠪᠠᠷᠢᠯᠭ᠎ᠠ ᠶᠢᠨ ᠠᠵᠢᠯ ᠢ ᠬᠢᠯᠭᠡᠬᠦ ᠬᠡᠷᠡᠭᠲᠡᠶ᠃ ᠡᠯ᠎ᠡ ᠭᠠᠵᠠᠷ ᠪᠠᠷᠢᠯᠭ᠎ᠠ ᠶᠢᠨ ᠬᠢᠨᠠᠯᠲᠠ ᠬᠠᠮᠢᠶᠠᠷᠤᠯᠲᠠ ᠶᠢ | ᠰᠠᠶᠢᠲᠤᠷ ᠬᠢᠵᠦ᠂ ᠪᠠᠷᠢᠯᠭ᠎ᠠ ᠶᠢᠨ ᠶᠠᠰᠤ ᠴᠢᠨᠠᠷ ᠤᠨ ᠬᠠᠷᠢᠭᠤᠴᠠᠯᠭ᠎ᠠ ᠶᠢᠨ ᠲᠥᠷᠢᠮ ᠢ ᠴᠢᠩᠭ᠎ᠠ | ᠨᠠᠶᠢᠳᠠᠪᠤᠷᠢᠵᠢᠭᠤᠯᠤᠨ᠂ ᠪᠠᠷᠢᠯᠭ᠎ᠠ ᠶᠢᠨ ᠡᠩᠨᠡᠭᠡᠨ ᠤ ᠵᠠᠰᠠᠬᠤ ᠶᠢ ᠪᠠᠲᠤᠯᠠᠬᠤ ᠬᠠᠷᠢᠭᠤᠴᠠᠯᠭ᠎ᠠ ᠶᠢ ᠲᠣᠳᠣᠷᠬᠠᠶᠢᠯᠠᠵᠤ᠂ | ᠳᠤᠷ᠎ᠠ ᠪᠠᠷ ᠢᠶᠠᠨ ᠰᠢᠯᠵᠢᠭᠦᠯᠦᠨ ᠳᠠᠭᠠᠭᠠᠴᠢᠯᠠᠭᠤᠯᠵᠤ ᠬᠤᠪᠢᠶᠠᠨ ᠳᠠᠭᠠᠭᠠᠴᠢᠯᠠᠭᠤᠯᠬᠤ ᠶᠢ ᠴᠢᠩᠭ᠎ᠠ ᠴᠠᠭᠠᠵᠠᠯᠠᠵᠤ᠂ | ᠵᠢᠷᠤᠭᠯᠠᠨ ᠲᠥᠯᠥᠪᠯᠡᠭᠰᠡᠨ ᠠᠭᠤᠯᠭ᠎ᠠ ᠪᠣᠯᠤᠨ ᠪᠠᠷᠢᠯᠭ᠎ᠠ ᠶᠢᠨ ᠬᠡᠮᠵᠢᠶ᠎ᠡ ᠶᠢ ᠳᠤᠷ᠎ᠠ ᠪᠠᠷ ᠢᠶᠠᠨ ᠥᠭᠡᠷᠡᠴᠢᠯᠡᠵᠦ ᠪᠣᠯᠬᠤ | ᠥᠭᠡᠢ᠃ ᠪᠠᠷᠢᠯᠭ᠎ᠠ ᠶᠢᠨ ᠠᠵᠢᠯ ᠤᠨ ᠡᠩᠨᠡᠭᠡ ᠶᠢ ᠵᠠᠷᠯᠢᠭᠳᠠᠵᠤ ᠪᠠᠶᠢᠭᠠᠳ ᠪᠠᠷᠢᠯᠭ᠎ᠠ ᠶᠢᠨ ᠠᠵᠢᠯ ᠤᠨ ᠡᠳᠦᠷ ᠤᠨ | ᠲᠡᠮᠳᠡᠭᠯᠡᠯ ᠢ ᠬᠢᠨᠠᠮᠠᠭᠠᠶ ᠰᠠᠶᠢᠨ ᠬᠢᠯᠭᠡᠬᠦ ᠃ | ︵ᠲᠠᠪᠤ︶ ᠪᠠᠷᠢᠯᠭ᠎ᠠ ᠳᠠᠭᠤᠰᠤᠭᠰᠠᠨ ᠢ ᠰᠢᠯᠭᠠᠨ ᠠᠪᠬᠤ ᠶᠢ ᠰᠠᠶᠢᠲᠤᠷ ᠬᠢᠬᠦ ᠬᠡᠷᠡᠭᠲᠡᠶ᠃ ᠰᠢᠯᠭᠠᠨ ᠠᠪᠬᠤ | ᠠᠵᠢᠯ ᠳᠤ ᠰᠤᠮᠤ ᠰᠢᠶᠠᠩ ᠪᠠᠯᠭᠠᠰᠤ ᠪᠠᠷ ᠨᠢᠭᠡᠴᠡ ᠪᠣᠯᠭᠠᠵᠤ᠂ ᠡᠯ᠎ᠡ ᠰᠤᠮᠤ ᠰᠢᠶᠠᠩ ᠪᠠᠯᠭᠠᠰᠤ ᠨᠢ ᠵᠣᠷᠯᠣᠩ ᠢ | ᠥᠭᠡᠷᠡᠴᠢᠯᠡᠨ ᠰᠠᠶᠢᠵᠢᠷᠠᠭᠤᠯᠬᠤ ᠶᠢ ᠰᠢᠯᠭᠠᠨ ᠠᠪᠬᠤ ᠠᠵᠢᠯ ᠳᠤ ᠭᠤᠤᠯ ᠴᠣᠭᠴᠠ ᠶᠢᠨ ᠬᠠᠷᠢᠭᠤᠴᠠᠯᠭ᠎ᠠ ᠶᠢ | ᠡᠭᠦᠷᠭᠡᠯᠡᠨ᠎ᠡ᠃ ᠰᠢᠯᠭᠠᠨ ᠠᠪᠬᠤ ᠠᠵᠢᠯ ᠢ ᠰᠤᠮᠤ ᠰᠢᠶᠠᠩ ᠪᠠᠯᠭᠠᠰᠤ ᠶᠢᠨ ᠥᠪᠡᠷ ᠢᠶᠠᠨ ᠰᠢᠯᠭᠠᠨ ᠪᠠᠶᠢᠴᠠᠭᠠᠬᠤ᠂ | ᠬᠤᠰᠢᠭᠤ ᠰᠢᠶᠠᠨ ᠤ ᠰᠢᠯᠭᠠᠨ ᠠᠪᠬᠤ᠂ ᠬᠤᠲᠠ ᠶᠢᠨ ᠱᠠᠲᠤᠨ ᠤ ᠰᠤᠭᠤᠴᠢᠨ ᠪᠠᠶᠢᠴᠠᠭᠠᠬᠤ᠂ ᠥᠪᠡᠷᠲᠡᠭᠡᠨ ᠵᠠᠰᠠᠬᠤ | ᠣᠷᠣᠨ ᠤ ᠳᠠᠬᠢᠨ ᠪᠠᠶᠢᠴᠠᠭᠠᠬᠤ ᠠᠷᠭ᠎ᠠ ᠮᠠᠶ᠋ᠢᠭ ᠢᠶᠠᠷ ᠥᠷᠨᠢᠭᠦᠯᠦᠨ᠎ᠡ᠃ ᠣᠯᠠᠨ ᠲᠦᠮᠡᠨ ᠤ ᠬᠡᠷᠡᠭᠯᠡᠭᠰᠡᠨ ᠦᠷ᠎ᠡ | ᠪᠦᠲᠦᠮᠵᠢ᠂ ᠬᠠᠨᠤᠮᠵᠢ ᠶᠢᠨ ᠬᠡᠮᠵᠢᠶ᠎ᠡ ᠵᠡᠷᠭᠡ ᠶᠢ ᠰᠢᠯᠭᠠᠨ ᠠᠪᠬᠤ ᠭᠦᠶ᠋ᠴᠡᠳᠬᠡᠯ ᠲᠤᠭ᠎ᠠ ᠳᠤ ᠣᠷᠣᠭᠤᠯᠤᠨ᠎ᠠ᠃ | ᠲᠠᠷᠢᠶᠠᠴᠢᠨ ᠡᠷᠦᠭᠡ ᠰᠡᠳᠬᠢᠯ ᠬᠠᠨᠤᠮᠵᠢ ᠦᠭᠡᠢ ᠮᠥᠷᠲᠡᠭᠡᠨ ᠤᠴᠢᠷ ᠰᠢᠯᠲᠠᠭᠠᠨ ᠨᠢ ᠵᠦᠢ ᠵᠣᠬᠢᠰᠲᠠᠶ ᠪᠠᠶᠢᠪᠠᠯ᠂ | ᠰᠢᠯᠭᠠᠨ ᠠᠪᠬᠤ ᠳᠤ ᠬᠢᠷᠢ ᠲᠡᠩᠴᠡᠵᠦ ᠪᠣᠯᠬᠤ ᠦᠭᠡᠢ᠃ ᠰᠢᠯᠭᠠᠨ ᠠᠪᠬᠤ ᠳᠤ ᠬᠢᠷᠢ ᠲᠡᠩᠴᠡᠭᠰᠡᠨ ᠥᠬᠡᠶ ᠪᠠᠶᠢᠪᠠᠯ᠂ | ᠡᠳ᠋ ᠤᠨ ᠵᠠᠰᠠᠭ ᠤᠨ ᠱᠠᠩᠨᠠᠯ ᠨᠥᠬᠦᠪᠥᠷᠢ ᠶᠢᠨ ᠪᠠᠯᠠ ᠮᠥᠩᠭᠦ ᠰᠠᠯᠭᠠᠨ ᠥᠭᠬᠦ ᠥᠬᠡᠶ᠃ | ︵ᠵᠢᠷᠭᠤᠭ᠎ᠠ︶ ᠵᠠᠯᠭᠠᠮᠵᠢ ᠬᠠᠮᠠᠭᠠᠯᠠᠯᠲᠠ ᠶᠢᠨ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ | ᠪᠦᠷᠢᠨᠰᠢᠭᠦᠯᠦᠨ᠎ᠡ᠃ ᠡᠯ᠎ᠡ ᠭᠠᠵᠠᠷ ᠤᠨ ᠬᠢᠨ ᠵᠣᠷᠯᠣᠩ ᠤᠨ ᠲᠥᠬᠦᠭᠡᠷᠦᠮᠵᠢ ᠶᠢ ᠬᠠᠮᠢᠶᠠᠷᠴᠤ ᠬᠠᠮᠠᠭᠠᠯᠠᠬᠤ | ᠲᠣᠭᠲᠠᠴᠠ ᠶᠢ ᠪᠠᠶᠢᠭᠤᠯᠵᠤ᠂ ᠵᠣᠬᠢᠬᠤ ᠰᠡᠯᠪᠢᠨ ᠵᠠᠰᠠᠬᠤ ᠦᠶ᠋ᠯᠡᠴᠢᠯᠡᠭᠡᠨ ᠤ ᠰᠢᠰᠲ᠋ᠧᠮᠵᠢ ᠶᠢ ᠢᠵᠢ ᠪᠥᠷᠢᠳᠦᠭᠦᠯᠦᠨ | ᠪᠠᠶᠢᠭᠤᠯᠬᠤ ᠬᠡᠷᠡᠭᠲᠡᠶ᠃ ᠲᠥᠬᠦᠭᠡᠷᠦᠮᠵᠢ ᠬᠠᠩᠭᠠᠬᠤ ᠦᠢᠯᠡᠳᠪᠦᠷᠢ ᠬᠤᠳᠠᠯᠳᠤᠭᠠᠴᠢᠨ ᠯᠤᠭ᠎ᠠ ᠠᠮᠠᠷᠬᠠᠨ ᠡᠪᠳᠡᠷᠡᠬᠦ | ᠪᠡᠯᠡᠳᠬᠡᠯ ᠲᠤᠨᠤᠭ ᠬᠠᠩᠭᠠᠬᠤ ᠦᠢᠯᠡᠴᠢᠯᠡᠭᠡᠨ ᠤ ᠬᠡᠯᠡᠯᠴᠡᠭᠡᠷ ᠪᠠᠶᠢᠭᠤᠯᠵᠤ᠂ ᠵᠣᠬᠢᠴᠠᠩᠭᠤᠶ ᠰᠡᠯᠪᠢᠨ ᠵᠠᠰᠠᠬᠤ | ᠦᠢᠯᠡᠴᠢᠯᠡᠭᠡᠨ ᠤ ᠬᠠᠷᠢᠭᠤᠴᠠᠯᠭ᠎ᠠ ᠶᠢ ᠲᠣᠳᠣᠷᠬᠠᠶᠢᠯᠠᠬᠤ ᠬᠡᠷᠡᠭᠲᠡᠶ᠃ ᠪᠠᠭᠠᠰᠤᠨ ᠪᠣᠬᠢᠷᠲᠤᠯ ᠢ ᠴᠡᠪᠡᠷᠯᠡᠬᠦ ᠲᠡᠷᠭᠡ | ᠬᠥᠰᠬᠡ ᠪᠣᠯᠤᠨ ᠡᠩᠨᠡᠭᠡ ᠶᠢ ᠨᠢᠭᠡᠳᠦᠯᠲᠡᠶ ᠲᠥᠯᠥᠪᠵᠢᠭᠦᠯᠵᠦ᠂ ᠵᠣᠬᠢᠶᠠᠨ ᠪᠠᠶᠢᠭᠤᠯᠬᠤ ᠪᠤᠶᠤ ᠵᠢᠯᠣᠭᠤᠳᠤᠨ ᠵᠣᠬᠢᠶᠠᠨ | ᠪᠠᠶᠢᠭᠤᠯᠵᠤ᠂ ᠲᠠᠷᠢᠶᠠᠴᠢᠨ ᠡᠷᠦᠬᠡ ᠶᠢᠨ ᠲᠣᠭᠲᠠᠮᠠᠯ ᠬᠤᠭᠤᠴᠠᠭ᠎ᠠ ᠲᠠᠢ ᠪᠠᠷ ᠪᠠᠭᠠᠰᠤᠨ ᠪᠣᠬᠢᠷᠲᠤᠯ ᠢ ᠴᠡᠪᠡᠷᠯᠡᠬᠦ | ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠬᠡᠷᠡᠭᠲᠡᠶ᠃ ᠨᠡᠶᠢᠭᠡᠮᠴᠢᠯᠡᠭᠰᠡᠨ᠂ ᠲᠤᠰᠬᠠᠶᠢᠵᠢᠭᠰᠠᠨ᠂ ᠵᠠᠬ᠎ᠠ | ᠳᠡᠯᠭᠡᠭᠦᠷᠴᠢᠯᠡᠭᠰᠡᠨ ᠰᠡᠯᠪᠢᠨ ᠵᠠᠰᠠᠬᠤ ᠦᠢᠯᠡᠴᠢᠯᠡᠭᠡᠨ ᠤ ᠬᠦᠴᠦᠨ ᠢ ᠢᠳᠡᠪᠬᠢᠲᠡᠢ ᠪᠤᠶᠢᠵᠢᠭᠤᠯᠵᠤ᠂ | ᠲᠥᠬᠦᠭᠡᠷᠦᠮᠵᠢ ᠨᠢ ᠡᠪᠳᠡᠷᠡᠪᠡᠯ ᠵᠠᠰᠠᠬᠤ ᠬᠥᠮᠦᠨ ᠲᠠᠢ᠂ ᠬᠤᠭᠤᠯᠠᠢ ᠨᠢ ᠲᠦᠭᠵᠢᠷᠡᠪᠡᠯ ᠨᠡᠪᠲᠡᠷᠡᠬᠦ ᠬᠥᠮᠦᠨ ᠲᠠᠢ | ᠪᠠᠶᠢᠬᠤ ᠶᠢ ᠪᠡᠶᠡᠯᠡᠭᠦᠯᠵᠦ᠂ ᠵᠣᠷᠯᠣᠩ ᠢ ᠬᠡᠪ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠢ᠃ ᠬᠥᠳᠡᠭᠡ ᠲᠣᠰᠬᠤᠨ ᠤ | ᠡᠷᠦᠬᠡ ᠶᠢᠨ ᠵᠣᠷᠯᠣᠩ ᠢ ᠬᠡᠷᠡᠭᠯᠡᠬᠦ ᠪᠠ ᠬᠠᠮᠢᠶᠠᠷᠴᠤ ᠬᠠᠮᠠᠭᠠᠯᠠᠬᠤ ᠮᠡᠳᠡᠯᠭᠡ ᠶᠢᠨ ᠤᠬᠠᠭᠤᠯᠭ᠎ᠠ ᠶᠢ ᠲᠣᠭᠲᠠᠮᠠᠯ | ᠬᠤᠭᠤᠴᠠᠭ᠎ᠠ ᠲᠠᠢ ᠪᠠᠷ ᠥᠷᠨᠢᠭᠦᠯᠵᠦ᠂ ᠬᠥᠳᠡᠭᠡ ᠲᠣᠰᠬᠤᠨ ᠤ ᠰᠠᠭᠤᠭᠠᠯᠢ ᠠᠷᠠᠳ ᠢ ᠵᠢᠯᠣᠭᠤᠳᠤᠨ ᠬᠡᠷᠡᠭᠯᠡᠭᠴᠢ ᠶᠢᠨ | ᠵᠣᠷᠯᠣᠩ ᠢ ᠵᠥᠪ ᠣᠨᠣᠪᠴᠢᠲᠠᠶ ᠪᠠᠶᠢᠯᠭᠠᠵᠤ᠂ ᠡᠳᠦᠷ ᠲᠤᠲᠤᠮ ᠤᠨ ᠬᠠᠮᠠᠭᠠᠯᠠᠯᠲᠠ ᠶᠢᠨ ᠮᠡᠳᠡᠭᠡ ᠵᠠᠩᠭᠢ ᠶᠢ | ᠰᠠᠶᠢᠲᠤᠷ ᠣᠶᠢᠯᠠᠭᠠᠭᠤᠯᠵᠤ᠂ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠡᠷᠦᠬᠡ ᠶᠢᠨ | ᠵᠣᠷᠯᠣᠩ ᠢ ᠴᠡᠪᠡᠷᠯᠡᠬᠦ ᠪᠠ ᠪᠡᠯᠡᠳᠬᠡᠮᠵᠢ ᠶᠢ ᠴᠡᠪᠡᠷᠯᠡᠬᠦ ᠠᠵᠢᠯ ᠢ ᠴᠠᠭ ᠲᠤᠬᠠᠶ ᠳᠤᠨᠢ ᠥᠷᠨᠢᠭᠦᠯᠬᠦ ᠬᠡᠷᠡᠭᠲᠡᠶ᠃ | ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠪᠠᠭᠠᠰᠤᠨ ᠪᠣᠬᠢᠷᠲᠤᠯ ᠤᠨ ᠰᠢᠶ᠋ᠳᠪᠦᠷᠢᠯᠡᠯᠲᠡ ᠶᠢᠨ ᠬᠢᠨᠠᠯᠲᠠ | ᠬᠠᠮᠢᠶᠠᠷᠤᠯᠲᠠ ᠶᠢ ᠴᠢᠩᠭᠠᠳᠬᠠᠵᠤ᠂ ᠳᠤᠷ᠎ᠠ ᠪᠠᠷ ᠢᠶᠠᠨ ᠴᠢᠳᠬᠤᠬᠤ ᠶᠢ ᠴᠠᠭᠠᠵᠠᠯᠠᠵᠤ᠂ ᠲᠠᠷᠢᠶᠠᠴᠢᠨ ᠡᠷᠦᠬᠡ ᠶᠢᠨ | ᠥᠪᠡᠰᠦᠪᠡᠨ ᠣᠷᠭᠠᠨᠢᠭ ᠪᠣᠷᠲᠣᠭᠤᠷ ᠳᠡᠪᠲᠦᠭᠡᠬᠦ ᠶᠢ ᠵᠢᠯᠣᠭᠤᠳᠴᠤ᠂ ᠲᠠᠷᠢᠶᠠᠴᠢᠨ ᠡᠷᠦᠬᠡ ᠶᠢᠨ ᠪᠠᠭᠠᠰᠤ ᠰᠢᠭᠡᠰᠦ ᠶᠢ | ᠡᠬᠢ ᠪᠠᠶᠠᠯᠢᠭᠵᠢᠭᠤᠯᠤᠨ ᠰᠢᠶ᠋ᠳᠪᠦᠷᠢᠯᠡᠬᠦ ᠲᠥᠪ ᠲᠤ ᠵᠥᠭᠡᠭᠡᠪᠦᠷᠢᠯᠡᠨ ᠠᠪᠠᠴᠢᠵᠤ ᠲᠥᠪᠯᠡᠷᠡᠭᠦᠯᠦᠨ | ᠰᠢᠶ᠋ᠳᠪᠦᠷᠢᠯᠡᠭᠰᠡᠨ ᠤ ᠳᠠᠷᠠᠭ᠎ᠠ ᠡᠬᠢ ᠪᠠᠶᠠᠯᠢᠭᠵᠢᠭᠤᠯᠤᠨ ᠠᠰᠢᠭᠯᠠᠬᠤ ᠶᠢ ᠵᠣᠷᠢᠭᠵᠢᠭᠤᠯᠬᠤ ᠬᠡᠷᠡᠭᠲᠡᠶ᠃ | ︵ᠳᠣᠯᠤᠭ᠎ᠠ︶ ᠠᠵᠢᠯ ᠤᠨ ᠰᠢᠮᠳᠠᠭᠤᠯᠤᠨ ᠵᠢᠯᠣᠭᠤᠳᠬᠤ ᠶᠢ ᠴᠢᠩᠭᠠᠳᠬᠠᠬᠤ ᠬᠡᠷᠡᠭᠲᠡᠶ᠃ ᠡᠯ᠎ᠡ | ᠭᠠᠵᠠᠷ ᠤᠨ ᠬᠢᠨ ᠠᠬᠢᠴᠠ ᠶᠢᠨ ᠬᠦᠰᠦᠨᠦᠭᠲᠦ ᠶᠢ ᠲᠣᠭᠲᠠᠭᠠᠨ ᠬᠡᠷᠡᠭᠵᠢᠭᠦᠯᠵᠦ᠂ ᠴᠠᠭ ᠬᠤᠭᠤᠴᠠᠭᠠᠨ ᠤ | ᠵᠠᠩᠭᠢᠯᠠᠭ᠎ᠠ ᠶᠢᠨ ᠴᠡᠭ ᠤᠨ ᠬᠠᠷᠠᠯᠲᠠ ᠪᠠ ᠡᠭᠦᠷᠭᠡ ᠪᠠᠨ ᠲᠣᠳᠣᠷᠬᠠᠶᠢᠯᠠᠵᠤ᠂ ᠲᠤᠰᠬᠠᠶ ᠬᠥᠮᠦᠨ ᠢ ᠵᠣᠬᠢᠶᠠᠨ | ᠪᠠᠶᠢᠭᠤᠯᠤᠨ ᠲᠤᠬᠠᠶ ᠶᠢᠨ ᠲᠠᠯᠠᠪᠤᠷ ᠲᠤᠨᠢ ᠢᠨᠵᠧᠨᠧᠷᠢᠩ ᠤᠨ ᠠᠬᠢᠴᠠ ᠶᠢ ᠬᠢᠨᠠᠨ ᠵᠢᠯᠣᠭᠤᠳᠴᠤ᠂ ᠬᠠᠷᠠᠯᠲᠠ | ᠡᠭᠦᠷᠭᠡ ᠪᠠᠨ ᠴᠠᠭ ᠲᠤᠬᠠᠶ ᠳᠤᠨᠢ ᠪᠡᠶᠡᠯᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠤᠰᠢᠭᠤᠨ ᠲᠠᠷᠢᠶᠠᠯᠠᠩ ᠮᠠᠯ | ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠵᠣᠷᠯᠣᠩ ᠢ ᠥᠭᠡᠷᠡᠴᠢᠯᠡᠬᠦ ᠠᠵᠢᠯ ᠤᠨ ᠬᠢᠨᠠᠨ | ᠵᠢᠯᠣᠭᠤᠳᠬᠤ ᠳᠤᠭᠤᠶᠢᠯᠠᠩ ᠪᠠᠶᠢᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠬᠢᠨᠠᠨ ᠵᠢᠯᠣᠭᠤᠳᠬᠤ ᠠᠵᠢᠯ ᠢ | ᠥᠷᠨᠢᠭᠦᠯᠬᠦ ᠶᠢᠨ ᠬᠠᠮᠲᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠬᠦ ᠪᠥᠲᠥᠭᠡᠨ ᠪᠠᠶᠢᠭᠤᠯᠤᠯᠲᠠ ᠶᠢᠨ | ᠠᠬᠢᠴᠠ ᠶᠢᠨ ᠪᠠᠶᠢᠳᠠᠯ ᠢ ᠭᠠᠷᠠᠭ ᠤᠨ ᠬᠤᠭᠤᠴᠠᠭᠠᠨ ᠳᠤ ᠵᠠᠷᠯᠠᠨ ᠮᠡᠳᠡᠭᠳᠡᠵᠦ᠂ ᠪᠡᠶᠡᠯᠡᠭᠦᠯᠦᠭᠰᠡᠨ ᠠᠬᠢᠴᠠ ᠪᠠᠷ ᠠᠨᠠᠶ | ᠰᠤᠮᠤ ᠰᠢᠶᠠᠩ ᠪᠠᠯᠭᠠᠰᠤ ᠶᠢ ᠬᠤᠰᠢᠭᠤᠨ ᠵᠠᠰᠠᠭ ᠤᠨ ᠣᠷᠳᠣᠨ ᠠᠴᠠ ᠰᠠᠷ᠎ᠠ ᠪᠦᠷᠢ ᠵᠠᠷᠯᠠᠨ ᠰᠢᠭᠦᠮᠵᠢᠯᠡᠨ᠎ᠡ᠃ | ᠵᠢᠯ ᠤᠨ ᠡᠴᠦᠰ ᠪᠣᠯᠬᠤ ᠳᠤ᠂ ᠡᠭᠦᠷᠭᠡ ᠪᠠᠨ ᠪᠡᠶᠡᠯᠡᠭᠦᠯᠦᠭᠰᠡᠨ ᠥᠬᠡᠶ᠂ ᠠᠷᠭ᠎ᠠ ᠬᠡᠮᠵᠢᠶ᠎ᠡ ᠨᠢ ᠬᠦᠴᠦᠨ ᠥᠬᠡᠶ᠂ | ᠠᠵᠢᠯ ᠨᠢ ᠪᠣᠳᠠᠲᠠᠶ ᠪᠢᠰᠢ᠂ ᠬᠤᠳᠠᠯ ᠬᠠᠭᠤᠷᠮᠠᠭ ᠬᠡᠯᠪᠡᠷᠢ ᠶᠢᠨ ᠦᠵᠡᠯ ᠶᠠᠪᠤᠭᠤᠯᠵᠤ᠂ ᠠᠷᠠᠳ ᠢ ᠵᠦᠳᠡᠭᠡᠵᠦ ᠡᠳ᠋ ᠢ | ᠰᠦᠶ᠋ᠳᠬᠡᠭᠡᠳ ᠪᠣᠳᠠᠲᠤ ᠦᠷ᠎ᠡ ᠪᠦᠲᠦᠮᠵᠢ ᠥᠬᠡᠶ ᠰᠤᠮᠤ ᠰᠢᠶᠠᠩ ᠪᠠᠯᠭᠠᠰᠤ ᠶᠢ ᠵᠠᠷᠯᠠᠨ ᠮᠡᠳᠡᠭᠳᠡᠭᠰᠡᠨ ᠰᠠᠭᠤᠷᠢᠨ | ᠳᠡᠭᠡᠷ᠎ᠡ᠂ ᠰᠤᠮᠤ ᠰᠢᠶᠠᠩ ᠪᠠᠯᠭᠠᠰᠤ ᠶᠢᠨ ᠤᠳᠤᠷᠢᠳᠤᠯᠭ᠎ᠠ ᠲᠠᠢ ᠪᠣᠯᠵᠣᠨ ᠶᠠᠷᠢᠯᠴᠠᠬᠤ ᠬᠡᠷᠡᠭᠲᠡᠶ᠃ | ᠣᠷᠴᠢᠭᠤᠯᠣᠭᠴᠢ᠄ ᠰᠡᠴᠡᠩᠭᠤᠸ᠎ᠠ |