ᠬᠤᠰᠢᠭᠤᠨ ᠨᠠᠮ ᠤᠨ ᠬᠤᠷᠢᠶ᠎ᠠ ᠶᠢᠨ ᠱᠦᠵᠢ ᠼᠦᠢ ᠶᠦᠩ ᠬᠤᠰᠢᠭᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠬᠤᠷᠢᠶ᠎ᠠ ᠵᠢᠴᠢ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ | ᠳᠤᠭᠤᠶᠢᠯᠠᠩ ᠤᠨ ᠬᠤᠷᠠᠯ ︵ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠢ | ᠠᠬᠢᠭᠤᠯᠬᠤ ᠬᠤᠷᠠᠯ︶ ᠢ ᠡᠷᠭᠢᠯᠡᠨ ᠬᠤᠷᠠᠯᠳᠤᠭᠤᠯᠪᠠ | | 9 ᠰᠠᠷ᠎ᠠ ᠶᠢᠨ 3 ᠤ ᠡᠳᠦᠷ᠂ ᠬᠤᠰᠢᠭᠤᠨ ᠨᠠᠮ ᠤᠨ ᠬᠤᠷᠢᠶᠠᠨ ᠤ ᠱᠦᠵᠢ ᠼᠦᠢ ᠶᠦᠩ ᠬᠤᠰᠢᠭᠤᠨ ᠨᠠᠮ ᠤᠨ | ᠬᠤᠷᠢᠶᠠᠨ ᠤ ᠪᠠᠶᠢᠩᠭᠤ ᠶᠢᠨ ᠬᠤᠷᠢᠶᠠᠨ ᠤ 2021 ᠣᠨ ᠤ 7 ᠳ᠋ᠤᠭᠠᠷ ᠤᠳᠠᠭ᠎ᠠ ᠶᠢᠨ ᠬᠤᠷᠠᠯ ᠵᠢᠴᠢ ᠮᠠᠯᠵᠢᠬᠤ | ᠲᠠᠷᠢᠶᠠᠯᠠᠬᠤ ᠣᠷᠣᠨ ᠤ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ︵ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠠᠵᠢᠯ ᠢ ᠠᠬᠢᠭᠤᠯᠬᠤ ᠬᠤᠷᠠᠯ︶ ᠢ ᠡᠷᠭᠢᠯᠡᠨ ᠬᠤᠷᠠᠯᠳᠤᠭᠤᠯᠵᠤ᠂ ᠬᠤᠰᠢᠭᠤᠨ | ᠱᠠᠲᠤᠨ ᠤ ᠬᠠᠮᠢᠶ᠎ᠠ ᠪᠥᠬᠦᠶ ᠤᠳᠤᠷᠢᠳᠤᠯᠭ᠎ᠠ᠂ ᠳᠥᠷᠪᠡᠨ ᠶᠡᠭᠡ ᠪᠠᠭ ᠤᠨ ᠠᠯᠪᠠᠨ ᠬᠡᠷ ᠤᠨ ᠬᠠᠷᠢᠭᠤᠴᠠᠯᠭᠠᠲᠠᠨ᠂ | ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠵᠢᠴᠢ | ᠡᠯ᠎ᠡ ᠰᠤᠮᠤ ᠰᠢᠶᠠᠩ ᠪᠠᠯᠭᠠᠰᠤᠨ ᠤ ᠨᠠᠮ ᠤᠨ ᠬᠤᠷᠢᠶᠠᠨ ᠤ ᠱᠦᠵᠢ ᠬᠤᠷᠠᠯ ᠳᠤ ᠣᠷᠣᠯᠴᠠᠵᠠᠶ᠃ | ᠬᠤᠷᠠᠯ ᠠᠴᠠ ᠪᠥᠬᠦ ᠬᠤᠰᠢᠭᠤᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠷᠥᠯ ᠵᠤᠶᠢᠯ ᠤᠨ | ᠲᠣᠬᠢᠷᠠᠭᠤᠯᠤᠯᠲᠠ ᠶᠢᠨ ᠪᠠᠶᠢᠳᠠᠯ ᠵᠢᠴᠢ ᠪᠠᠯᠠ ᠮᠥᠩᠭᠦ ᠶᠢᠨ ᠬᠤᠪᠢᠶᠠᠷᠢᠯᠠᠯᠲᠠ ᠶᠢᠨ ᠲᠥᠰᠦᠯ ᠢ ᠵᠠᠷᠯᠠᠨ ᠮᠡᠳᠡᠭᠳᠡᠪᠡ᠃ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠤᠪᠴᠢᠶ᠎ᠠ ᠶᠢᠨ ᠲᠣᠭᠲᠠᠭᠠᠭᠰᠠᠨ ᠭᠤᠷᠪᠠᠨ ᠵᠢᠱᠢᠶ᠎ᠡ | ᠦᠵᠡᠭᠦᠯᠬᠦ ᠲᠣᠰᠬᠤᠨ ᠤ ᠪᠦᠳᠦᠬᠡᠨ ᠪᠠᠶᠢᠭᠤᠯᠤᠯᠲᠠ ᠶᠢᠨ ᠲᠥᠰᠦᠯ ᠵᠢᠴᠢ 2021 ᠣᠨ ᠤ ᠪᠦᠬᠦ ᠣᠷᠣᠨ ᠤ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠭᠡᠯ ᠢ ᠪᠠᠬᠢᠵᠢᠭᠦᠯᠦᠨ ᠥᠷᠭᠡᠳᠬᠡᠬᠦ ᠲᠤᠬᠠᠢ | ᠬᠢᠨᠠᠨ ᠵᠢᠯᠣᠭᠤᠳᠴᠤ ᠪᠠᠶᠢᠴᠠᠭᠠᠨ ᠰᠤᠳᠤᠯᠤᠯᠲᠠ ᠬᠢᠵᠦ ᠪᠠᠶᠢᠴᠠᠭᠠᠯᠲᠠ ᠶᠢ ᠤᠭᠲᠤᠬᠤ ᠬᠠᠮᠢᠶ᠎ᠠ ᠪᠦᠬᠦᠢ ᠪᠠᠶᠢᠳᠠᠯ᠂ | ᠲᠦᠷᠦ ᠶᠢᠨ ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠬᠤ ᠪᠡᠯᠡᠳᠬᠡᠯ ᠠᠵᠢᠯ ᠤᠨ | ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠠᠢ᠃ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ | ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠲᠤᠬᠠᠶ | ᠮᠡᠳᠡᠭᠳᠡᠯ︾ ᠢ ᠬᠢᠨᠠᠨ ᠵᠥᠪᠯᠡᠪᠡ᠃ | ᠼᠦᠢ ᠶᠦᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠂ ᠬᠤᠯᠪᠣᠭᠳᠠᠯ ᠪᠦᠬᠦᠢ ᠰᠠᠯᠠᠭ᠎ᠠ | ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠱᠠᠯᠠᠪᠳᠠᠭᠤᠯᠤᠨ ᠪᠠᠶᠢᠴᠠᠭᠠᠬᠤ | ᠭᠤᠣᠯᠳᠠᠯᠭ᠎ᠠ ᠲᠠᠢ ᠠᠭᠤᠯᠭ᠎ᠠ ᠲᠠᠢ ᠬᠠᠷᠢᠴᠠᠭᠤᠯᠤᠨ ᠣᠳᠣᠬᠠᠨ ᠤ ᠠᠵᠢᠯ ᠳᠤ ᠣᠷᠣᠰᠢᠵᠤ ᠪᠠᠶᠢᠭ᠎ᠠ ᠳᠤᠲᠠᠭᠤᠳᠠᠯ | ᠪᠣᠯᠤᠨ ᠬᠦᠷᠦᠯᠴᠡᠬᠦ ᠦᠭᠡᠢ ᠲᠠᠯ᠎ᠠ ᠪᠠᠨ ᠲᠦᠷᠭᠡᠨ ᠨᠥᠬᠦᠪᠥᠷᠢᠯᠡᠵᠦ᠂ ᠱᠠᠯᠠᠪᠳᠠᠭᠤᠯᠤᠨ ᠪᠠᠶᠢᠴᠠᠭᠠᠬᠤ ᠠᠵᠢᠯ ᠢ | ᠤᠭᠲᠤᠬᠤ ᠠᠵᠢᠯ ᠢ ᠥᠨᠳᠥᠷ ᠪᠠᠷᠢᠮᠵᠢᠶ᠎ᠠ ᠪᠠᠷ᠂ ᠴᠢᠨᠠᠷ ᠰᠠᠶᠢᠲᠠᠢ ᠲᠡᠭᠦᠰ ᠠᠮᠵᠢᠯᠲᠠ ᠲᠠᠢ ᠪᠡᠶᠡᠯᠡᠭᠦᠯᠬᠦ ᠶᠢ ᠪᠠᠲᠤᠯᠠᠬᠤ | ᠬᠡᠷᠡᠭᠲᠡᠢ ᠭᠡᠵᠦ ᠴᠢᠬᠤᠯᠠᠴᠢᠯᠠᠪᠠ᠃ ᠪᠡᠭᠡᠵᠢᠩ ᠥᠪᠥᠷ ᠮᠣᠩᠭᠤᠯ ᠤᠨ ᠠᠵᠢᠯ ᠲᠥᠷᠥᠯ ᠤᠨ ᠰᠢᠰᠲ᠋ᠧᠮ ᠢᠶᠠᠷ ᠢᠶᠠᠨ | ᠬᠠᠪᠰᠤᠷᠤᠨ ᠲᠡᠳᠬᠦᠬᠦ ᠠᠵᠢᠯ ᠢ ᠰᠠᠶᠢᠲᠤᠷ ᠬᠢᠵᠦ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ ᠤᠳ ᠴᠥᠮ ᠲᠣᠰ | ᠲᠣᠰ ᠤᠨ ᠪᠣᠳᠠᠲᠠᠶ ᠲᠠᠢ ᠪᠠᠨ ᠤᠶᠠᠯᠳᠤᠭᠤᠯᠤᠨ᠂ ᠬᠠᠪᠰᠤᠷᠤᠨ ᠲᠡᠳᠬᠦᠬᠦ ᠬᠡᠷᠡᠭᠴᠡᠭᠡ ᠱᠠᠭᠠᠷᠳᠠᠯᠭ᠎ᠠ ᠪᠠᠨ ᠳᠤᠷᠠᠳᠴᠤ᠂ | ᠢᠯᠠᠩᠭᠤᠶ᠎ᠠ ᠰᠤᠷᠭᠠᠨ ᠬᠥᠮᠦᠵᠢᠯ᠂ ᠡᠮᠴᠢᠯᠡᠭᠡ᠂ ᠵᠢᠭᠤᠯᠴᠢᠯᠠᠯ᠂ ᠲᠡᠵᠢᠭᠡᠨ ᠦᠷᠡᠵᠢᠭᠦᠯᠬᠦ᠂ ᠨᠠᠰᠤᠵᠢᠯ ᠤᠨ ᠠᠰᠠᠷᠠᠮᠵᠢ | ᠵᠡᠷᠭᠡ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠲᠠᠯ᠎ᠠ ᠪᠠᠷ᠂ ᠴᠤᠤᠶᠠᠩ ᠲᠣᠭᠤᠷᠢᠭ ᠤᠨ ᠳᠡᠮᠵᠢᠯᠭᠡ ᠪᠠ | ᠬᠠᠪᠰᠤᠷᠤᠯᠭ᠎ᠠ ᠶᠢ ᠤᠯᠬᠤ ᠪᠠᠷ ᠴᠢᠷᠮᠠᠶᠢᠬᠤ ᠬᠡᠷᠡᠭᠲᠡᠶ᠃ ᠲᠥᠷᠥᠯ ᠵᠤᠶᠢᠯ ᠤᠨ ᠲᠥᠯᠥᠪᠵᠢᠭᠦᠯᠭᠡ ᠶᠢ ᠰᠠᠶᠢᠲᠤᠷ ᠬᠢᠵᠦ᠂ | ᠡᠯ᠎ᠡ ᠰᠤᠮᠤ ᠰᠢᠶᠠᠩ ᠪᠠᠯᠭᠠᠰᠤ ᠨᠤᠭᠤᠳ ᠲᠣᠰ ᠲᠣᠰ ᠤᠨ ᠠᠵᠤ ᠤᠶᠢᠯᠡᠰ ᠤᠨ ᠪᠣᠳᠠᠲᠠᠶ ᠲᠠᠢ ᠪᠠᠨ | ᠤᠶᠠᠯᠳᠤᠭᠤᠯᠤᠨ᠂ ᠰᠠᠭᠤᠷᠢ ᠲᠠᠯᠪᠢᠬᠤ᠂ ᠠᠯᠤᠰ ᠬᠡᠲᠦ ᠳᠤ ᠠᠰᠢᠭᠲᠠᠶ ᠠᠵᠤ ᠤᠶᠢᠯᠡᠰ ᠤᠨ ᠲᠥᠷᠥᠯ ᠵᠤᠶᠢᠯ ᠢ | ᠱᠠᠯᠠᠪᠳᠠᠨ ᠲᠥᠯᠥᠪᠵᠢᠭᠦᠯᠵᠦ᠂ ᠢᠷᠡᠬᠦ ᠵᠢᠯ ᠤᠨ ᠪᠡᠭᠡᠵᠢᠩ ᠥᠪᠥᠷ ᠮᠣᠩᠭᠤᠯ ᠤᠨ ᠬᠠᠪᠰᠤᠷᠤᠨ ᠲᠡᠳᠬᠦᠬᠦ ᠠᠵᠢᠯ ᠳᠤ | ᠨᠢᠭᠡ ᠪᠦᠯᠦᠭ ᠰᠠᠶᠢᠨ ᠲᠥᠷᠥᠯ ᠵᠤᠶᠢᠯ ᠢ ᠨᠥᠭᠡᠴᠡᠯᠡᠬᠦ ᠬᠡᠷᠡᠭᠲᠡᠶ᠃ ᠵᠢᠱᠢᠶ᠎ᠡ ᠦᠵᠡᠭᠦᠯᠬᠦ ᠲᠣᠰᠬᠤᠨ ᠤ ᠪᠥᠲᠥᠭᠡᠨ | ᠪᠠᠶᠢᠭᠤᠯᠤᠯᠲᠠ ᠶᠢ ᠰᠠᠶᠢᠲᠤᠷ ᠬᠢᠵᠦ᠂ ᠬᠠᠮᠢᠶ᠎ᠠ ᠪᠥᠬᠦᠶ ᠰᠤᠮᠤ ᠰᠢᠶᠠᠩ ᠪᠠᠯᠭᠠᠰᠤ ᠪᠥᠲᠥᠭᠡᠨ ᠪᠠᠶᠢᠭᠤᠯᠤᠯᠲᠠ ᠶᠢᠨ | ᠲᠥᠰᠦᠯ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ︽ᠲᠠᠪᠤ ᠶᠢ ᠬᠥᠭᠵᠢᠭᠦᠯᠦᠨ | ᠮᠠᠨᠳᠤᠭᠤᠯᠬᠤ︾ ᠲᠠᠯ᠎ᠠ ᠠᠴᠠ ᠪᠥᠬᠦ ᠬᠦᠴᠦᠨ ᠢᠶᠠᠷ ᠢᠶᠠᠨ ᠡᠬᠢᠯᠡᠨ ᠪᠠᠶᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ | ᠪᠥᠬᠦ ᠬᠤᠰᠢᠭᠤᠨ ᠳᠤ ᠠᠯᠬᠤᠮ ᠠᠯᠬᠤᠮ ᠢᠶᠠᠷ ᠳᠡᠯᠭᠡᠷᠡᠭᠦᠯᠬᠦ ᠬᠡᠷᠡᠭᠲᠡᠶ᠃ ᠡᠷᠦᠬᠡ ᠶᠢᠨ ᠵᠣᠷᠯᠣᠩ ᠢ ᠴᠡᠭᠴᠡᠯᠡᠨ | ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠨᠠᠷᠢᠨ ᠬᠢᠨᠠᠮᠠᠭᠠᠶ ᠬᠠᠷᠢᠭᠤᠴᠠᠬᠤ ᠣᠪᠣᠷ ᠢᠶᠠᠷ ᠡᠷᠦᠬᠡ ᠶᠢᠨ | ᠵᠣᠷᠯᠣᠩ ᠤᠨ ᠵᠠᠯᠭᠠᠮᠵᠢ ᠬᠠᠮᠢᠶᠠᠷᠤᠯᠲᠠ ᠶᠢ ᠴᠢᠩᠭᠠᠳᠬᠠᠬᠤ ᠪᠠᠷ ᠪᠠᠷᠠᠬᠤ ᠥᠬᠡᠶ ᠪᠠᠰᠠ ᠡᠷᠦᠬᠡ ᠶᠢᠨ ᠵᠣᠷᠯᠣᠩ ᠤᠨ | ᠬᠡᠷᠡᠭᠯᠡᠯᠲᠡ ᠶᠢᠨ ᠨᠣᠷᠮ᠎ᠠ ᠶᠢ ᠪᠠᠲᠤᠯᠠᠬᠤ ᠬᠡᠷᠡᠭᠲᠡᠶ᠃ | ᠼᠦᠢ ᠶᠦᠩ᠂ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠂ ᠡᠯ᠎ᠡ ᠱᠠᠳᠤ ᠡᠯ᠎ᠡ ᠰᠠᠯᠠᠭ᠎ᠠ | ᠮᠥᠴᠢᠷ ᠤᠨ ᠬᠢᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠳᠠᠶᠢᠨ ᠳᠤ ᠪᠡᠯᠡᠳᠬᠡᠬᠦ ᠣᠪᠣᠷ ᠢᠶᠠᠷ ᠲᠦᠷᠦ ᠶᠢᠨ | ᠶᠠᠪᠤᠳᠠᠯ ᠤᠨ ᠬᠤᠷᠢᠶᠠᠨ ᠤ ᠶᠡᠭᠡ ᠱᠠᠯᠠᠪᠳᠠᠭᠤᠯᠤᠨ ᠪᠠᠶᠢᠴᠠᠭᠠᠯᠲᠠ ᠶᠢ ᠤᠭᠲᠤᠵᠤ᠂ ᠭᠤᠣᠯᠳᠠᠯᠭ᠎ᠠ ᠲᠠᠢ | ᠱᠠᠯᠠᠪᠳᠠᠭᠤᠯᠤᠨ ᠪᠠᠶᠢᠴᠠᠭᠠᠬᠤ ᠠᠭᠤᠯᠭ᠎ᠠ ᠲᠠᠢ ᠬᠠᠷᠢᠴᠠᠭᠤᠯᠤᠨ ᠨᠠᠷᠢᠨ ᠬᠢᠨᠠᠮᠠᠭᠠᠢ ᠡᠮᠬᠢᠯᠡᠨ ᠳ᠋ᠦᠩᠨᠡᠵᠦ᠂ | ᠳᠤᠲᠠᠭᠤᠳᠠᠯ ᠢᠶᠠᠨ ᠣᠨᠣᠪᠴᠢᠲᠠᠢ ᠡᠷᠢᠵᠦ᠂ ᠠᠰᠠᠭᠤᠳᠠᠯ ᠳᠤ ᠰᠢᠭᠤᠳ ᠬᠠᠨᠳᠤᠵᠤ᠂ ᠲᠦᠷᠦᠯ ᠵᠦᠢᠯ ᠬᠤᠪᠢᠶᠠᠨ | ᠴᠡᠭᠴᠡᠯᠡᠨ ᠰᠠᠶᠢᠵᠢᠷᠠᠭᠤᠯᠬᠤ ᠨᠠᠷᠢᠨ ᠳᠠᠩᠰᠠ ᠶᠢ ᠵᠢᠭᠰᠠᠭᠠᠵᠤ᠂ ᠨᠢᠭᠡᠳ ᠨᠢᠭᠡ ᠪᠠᠷ ᠬᠠᠷᠢᠴᠠᠭᠤᠯᠤᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠶᠠᠪᠤᠳᠠᠯ ᠪᠣᠯᠭᠠᠨ ᠳᠤ ᠨᠠᠶᠢᠳᠠᠪᠤᠷᠢᠵᠢᠭᠤᠯᠬᠤ᠂ ᠶᠠᠪᠤᠳᠠᠯ | ᠪᠣᠯᠭᠠᠨ ᠳᠤ ᠬᠠᠷᠢᠭᠤ ᠥᠭᠬᠦ ᠶᠢ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ ᠠᠵᠢᠯ ᠤᠨ ᠲᠠᠰ ᠳᠠᠷᠠᠭᠠᠯᠠᠯ ᠢ | ᠴᠢᠩᠭ᠎ᠠ ᠵᠢᠷᠤᠮᠵᠢᠭᠤᠯᠵᠤ᠂ ᠲᠢᠩᠬᠢᠮ ᠳᠤ ᠰᠠᠭᠤᠭ᠎ᠠ ᠡᠯ᠎ᠡ ᠨᠢᠭᠡᠴᠡ ᠨᠦᠭᠦᠳ ᠠᠵᠢᠯ ᠡᠷᠭᠢᠯᠡᠬᠦ ᠠᠵᠢᠯᠲᠠᠨ ᠤ | ᠠᠵᠢᠯ ᠤᠨ ᠶᠠᠪᠤᠴᠠ ᠵᠢᠴᠢ ᠤᠶᠢᠯᠡᠴᠢᠯᠡᠬᠦ ᠣᠪᠣᠷ ᠢ ᠴᠢᠩᠭ᠎ᠠ ᠵᠢᠷᠤᠮᠵᠢᠭᠤᠯᠵᠤ᠂ ︽ᠢᠳᠡᠬᠦ ᠠᠪᠬᠤ ᠭᠠᠴᠢᠬᠤ ᠠᠪᠬᠤ | ︾᠂ ᠲᠣᠭᠲᠠᠭᠠᠯ ᠠᠴᠠ ᠵᠥᠷᠢᠴᠡᠨ ᠵᠠᠭᠤᠴᠢᠯᠠᠬᠤ ᠰᠤᠶᠢᠳᠬᠡᠯ ᠬᠤᠷᠢᠶᠠᠬᠤ ᠵᠡᠷᠭᠡ ᠦᠵᠡᠭᠳᠡᠯ ᠭᠠᠷᠬᠤ ᠶᠢ ᠡᠷᠡᠰ | ᠬᠤᠷᠢᠭᠯᠠᠬᠤ ᠬᠡᠷᠡᠭᠲᠡᠶ᠃ ᠭᠠᠶᠢᠯᠢ ᠶᠢ ᠬᠥᠩᠭᠡᠯᠡᠵᠦ ᠰᠦᠢᠳᠬᠡᠯ ᠢ ᠪᠠᠭᠤᠷᠠᠭᠤᠯᠬᠤ᠂ ᠳᠣᠲᠣᠭᠠᠳᠤ ᠬᠡᠷᠡᠭᠴᠡᠭᠡ ᠶᠢ | ᠥᠷᠭᠡᠳᠬᠡᠨ ᠠᠵᠢᠯ ᠣᠯᠭᠤᠯᠲᠠ ᠶᠢ ᠪᠠᠲᠤᠯᠠᠵᠤ ᠠᠷᠠᠳ ᠤᠨ ᠠᠮᠢᠳᠤᠷᠠᠯ ᠢ ᠪᠠᠲᠤᠯᠠᠬᠤ᠂ ︽ᠲᠠᠯᠪᠢᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠬᠢᠵᠦ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠵᠢᠴᠢ | ᠪᠤᠰᠤᠳ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢ ᠬᠢᠨᠠᠨ ᠪᠤᠳᠤᠬᠤ᠂ ᠬᠥᠳᠡᠭᠡ ᠲᠣᠰᠬᠤᠨ ᠤ ᠤᠤᠭᠤᠬᠤ | ᠤᠰᠤ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠵᠡᠷᠭᠡ ᠲᠠᠯ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠢ᠃ | ᠵᠣᠬᠢᠶᠠᠭᠴᠢ᠄ ᠵᠣᠣ ᠪᠣᠣ ᠲᠦᠩ | ᠣᠷᠴᠢᠭᠤᠯᠣᠭᠴᠢ᠄ ᠡᠷᠳᠡᠨᠢᠴᠢᠮᠡᠭ |