ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠲᠥᠷᠥ ᠶᠢᠨ ᠶᠠᠪᠤᠳᠠᠯ ᠤᠨ ᠬᠤᠷᠢᠶᠠᠨ ᠤ | ᠶᠡᠭᠡ ᠰᠢᠪᠠᠳᠠᠨ ᠪᠠᠶᠢᠴᠠᠭᠠᠯᠲᠠ ᠶᠢ ᠤᠭᠲᠤᠬᠤ ᠠᠰᠠᠭᠤᠳᠠᠯ ᠤᠨ ᠰᠦᠪᠡᠭᠴᠢ ᠶᠢ ᠵᠢᠭᠰᠠᠭᠠᠨ | ᠪᠠᠶᠢᠴᠠᠭᠠᠵᠤ ᠴᠡᠭᠴᠡᠯᠡᠨ ᠵᠠᠰᠠᠬᠤ ᠬᠤᠷᠠᠯ ᠬᠤᠷᠠᠯᠳᠤᠭᠤᠯᠪᠠ | | 9 ᠰᠠᠷ᠎ᠠ ᠶᠢᠨ 5 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠼᠦᠢ ᠶᠦᠩ ᠲᠥᠷᠥ ᠶᠢᠨ | ᠶᠠᠪᠤᠳᠠᠯ ᠤᠨ ᠬᠤᠷᠢᠶᠠᠨ ᠤ ᠶᠡᠭᠡ ᠰᠢᠪᠠᠳᠠᠨ ᠪᠠᠶᠢᠴᠠᠭᠠᠯᠲᠠ ᠶᠢ ᠤᠭᠲᠤᠬᠤ ᠠᠰᠠᠭᠤᠳᠠᠯ ᠤᠨ ᠰᠦᠪᠡᠭᠴᠢ ᠶᠢ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠨᠠᠮ ᠤᠨ | ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠪᠠᠶᠢᠩᠭᠤ ᠶᠢᠨ ᠳᠡᠳ᠋ ᠳᠠᠷᠤᠭ᠎ᠠ ᠯᠢ ᠱᠤ ᠸᠧᠶ᠂ | ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋ ᠳᠠᠷᠤᠭ᠎ᠠ ᠵᠠᠩ ᠰᠢᠤ ᠴᠢᠩ᠂ | ᠬᠤᠰᠢᠭᠤᠨ ᠤ ᠬᠠᠮᠢᠶ᠎ᠠ ᠪᠥᠬᠦᠶ ᠰᠠᠯᠠᠭ᠎ᠠ ᠮᠥᠴᠢᠷ ᠵᠢᠴᠢ ᠡᠯ᠎ᠡ ᠰᠤᠮᠤ ᠰᠢᠶᠠᠩ ᠪᠠᠯᠭᠠᠰᠤ ᠶᠢᠨ ᠬᠠᠷᠢᠭᠤᠴᠠᠯᠭᠠᠲᠠᠳ | ᠬᠤᠷᠠᠯ ᠳᠤ ᠣᠷᠣᠯᠴᠠᠵᠠᠶ᠃ | ᠬᠤᠷᠠᠯ ᠠᠴᠠ ᠡᠮᠦᠨ᠎ᠡ᠂ ᠼᠦᠢ ᠶᠦᠩ ᠨᠠᠷ ᠲᠣᠭᠲᠠᠮᠠᠯ ᠬᠦᠷᠤᠩᠬᠡ ᠶᠢᠨ ᠳᠠᠩᠰᠠᠯᠠᠯᠲᠠ ᠶᠢᠨ ᠲᠥᠪ ᠤᠨ | ᠲᠤᠬᠠᠶᠢᠯᠠᠭᠰᠠᠨ ᠠᠵᠢᠯ ᠤᠨ ︽ᠴᠣᠩᠬᠤ︾ ᠶᠢ ᠪᠠᠶᠢᠴᠠᠭᠠᠨ ᠦᠵᠡᠵᠦ᠂ ᠠᠵᠢᠯᠲᠠᠳ ᠲᠠᠢ ᠨᠠᠷᠢᠨ ᠶᠠᠷᠢᠯᠴᠠᠵᠤ᠂ ︽ | ᠴᠣᠩᠬᠤ︾ ᠶᠢᠨ ᠪᠠᠶᠢᠷᠢᠯᠠᠭᠤᠯᠤᠯᠲᠠ᠂ ᠤᠯᠠᠨ ᠲᠦᠮᠡᠨ ᠤ ᠦᠨᠡᠮᠯᠡᠯ ᠭᠦᠢᠴᠡᠳᠬᠡᠬᠦ ᠶᠠᠪᠤᠴᠠ᠂ ᠪᠣᠳᠠᠲᠠᠢ ᠴᠠᠭ ᠤᠨ | ᠬᠢᠵᠠᠭᠠᠷ ᠵᠡᠷᠭᠡ ᠪᠠᠶᠢᠳᠠᠯ ᠢ ᠣᠶᠢᠯᠠᠭᠠᠬᠤ ᠶᠢᠨ ᠬᠠᠮᠲᠤ ᠬᠤᠯᠪᠣᠭᠳᠠᠯ ᠪᠦᠬᠦᠢ ᠲᠡᠷᠢᠭᠦᠨ ᠤ ᠠᠷᠭ᠎ᠠ ᠬᠢᠳᠡᠯ ᠪᠣᠯᠤᠨ | ᠲᠤᠷᠰᠢᠯᠭ᠎ᠠ ᠶᠢ ᠬᠠᠮᠲᠤᠪᠠᠷ ᠰᠤᠳᠤᠯᠤᠨ ᠶᠠᠷᠢᠯᠴᠠᠪᠠ᠃ | ᠬᠠᠷᠢᠭᠤᠴᠠᠯᠭᠠᠲᠠᠳ ᠲᠣᠰ ᠲᠣᠰ ᠤᠨ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ | ᠬᠢᠵᠦ ᠲᠣᠳᠣᠷᠬᠠᠶᠢᠯᠠᠯᠲᠠ ᠬᠢᠵᠡᠶ᠂ ᠬᠤᠷᠠᠯ ᠳᠤ ᠣᠷᠣᠯᠴᠠᠭᠰᠠᠳ ᠣᠷᠣᠰᠢᠵᠤ ᠪᠠᠶᠢᠭ᠎ᠠ ᠨᠡᠶᠢᠲᠡᠴᠢ ᠴᠢᠨᠠᠷᠲᠠᠶ | ᠠᠰᠠᠭᠤᠳᠠᠯ ᠳᠤ ᠴᠢᠭᠯᠡᠭᠦᠯᠦᠨ ᠶᠠᠷᠢᠯᠴᠠᠭ᠎ᠠ ᠥᠷᠨᠢᠭᠦᠯᠵᠦ᠂ ᠰᠢᠢᠳᠪᠤᠷᠢᠯᠡᠬᠦ ᠲᠥᠰᠦᠯ ᠢ ᠰᠤᠳᠤᠯᠤᠭᠰᠠᠨ ᠪᠥᠭᠡᠳ | ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠠᠵᠢᠯ ᠢ ᠭᠤᠤᠯᠳᠠᠯᠭ᠎ᠠ ᠲᠠᠢ ᠰᠠᠶᠢᠲᠤᠷ ᠬᠢᠬᠦ ᠲᠤᠬᠠᠶ ᠲᠣᠬᠢᠷᠠᠭᠤᠯᠤᠯᠲᠠ | ᠪᠠᠶᠢᠷᠢᠯᠠᠭᠤᠯᠤᠯᠲᠠ ᠬᠢᠵᠡᠶ᠃ | ᠼᠦᠢ ᠶᠦᠩ᠂ ᠤᠯᠤᠰ ᠲᠦᠷᠦ ᠶᠢᠨ ᠬᠤᠷᠴᠠ ᠰᠡᠷᠭᠡᠭ ᠴᠢᠨᠠᠷ ᠢ ᠦᠨᠡᠨᠬᠦ ᠳᠡᠭᠡᠭᠰᠢᠯᠡᠭᠦᠯᠵᠦ᠂ ᠪᠠᠶᠢᠳᠠᠯ ᠢ | ᠲᠣᠳᠣᠷᠬᠠᠢ ᠲᠠᠨᠢᠵᠤ᠂ ᠣᠳᠣᠬᠢ ᠪᠠᠶᠢᠳᠠᠯ ᠢ ᠡᠵᠡᠮᠳᠡᠵᠦ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ | ᠪᠠᠷᠢᠮᠲᠠᠯᠠᠵᠤ᠂ ᠭᠤᠣᠯᠳᠠᠯᠭᠠᠲ᠋ᠠᠢ ᠬᠦᠷᠢᠶ᠎ᠡ ᠪᠣᠯᠤᠨ ᠵᠠᠩᠭᠢᠯᠠᠭ᠎ᠠ ᠶᠢᠨ ᠭᠤᠭᠴᠤᠭ᠎ᠠ ᠳᠤ ᠠᠩᠬᠠᠷᠤᠯ ᠢᠶᠠᠨ | ᠲᠥᠪᠯᠡᠷᠡᠭᠦᠯᠵᠦ᠂ ᠪᠠᠷᠢᠮᠵᠢᠶ᠎ᠠ ᠶᠢ ᠬᠠᠷᠭᠤᠭᠤᠯᠤᠨ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠶᠢ ᠬᠠᠷᠭᠤᠭᠤᠯᠵᠤ᠂ | ᠬᠠᠷᠢᠴᠠᠭᠤᠯᠤᠨ ᠡᠮᠬᠢᠯᠡᠵᠦ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠠᠰᠠᠭᠤᠳᠠᠯ ᠢ ᠦᠨᠡᠨᠬᠦ ᠰᠠᠶᠢᠲᠤᠷ | ᠴᠡᠭᠴᠡᠯᠡᠨ ᠰᠠᠶᠢᠵᠢᠷᠠᠭᠤᠯᠵᠤ᠂ ᠦᠷ᠎ᠡ ᠪᠦᠲᠦᠭᠡᠯ ᠢ ᠰᠠᠶᠢᠲᠤᠷ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃ ᠠᠵᠢᠯ ᠤᠨ | ᠰᠠᠬᠢᠯᠭ᠎ᠠ ᠪᠠᠲᠤ ᠶᠢ ᠴᠢᠩᠳᠠᠯᠠᠵᠤ᠂ ᠦᠨᠡᠨ ᠠᠴᠠ ᠵᠥᠪ ᠢ ᠡᠷᠢᠬᠦ ᠶᠢ ᠪᠠᠷᠢᠮᠲᠠᠯᠠᠵᠤ᠂ ᠠᠵᠠ ᠵᠠᠪᠰᠢᠶᠠᠨ ᠢ ᠡᠷᠢᠬᠦ | ᠰᠡᠳᠬᠢᠴᠡ ᠶᠢ ᠲᠡᠪᠴᠢᠵᠦ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠳᠡᠭᠡᠳᠦ ᠬᠡᠮᠵᠢᠶ᠎ᠡ ᠪᠠᠷ | ᠬᠠᠷᠢᠭᠤᠴᠠᠬᠤ ᠠᠵᠢᠯ ᠤᠨ ᠰᠤᠷᠲᠠᠯ ᠢᠶᠠᠷ ᠴᠡᠭᠴᠡᠯᠡᠨ ᠰᠠᠶᠢᠵᠢᠷᠠᠭᠤᠯᠬᠤ ᠬᠠᠷᠢᠭᠤᠴᠠᠯᠭ᠎ᠠ ᠶᠢ ᠪᠣᠳᠠᠲᠠᠢ ᠵᠦᠢᠯ᠂ | ᠠᠭᠤᠯᠭ᠎ᠠ᠂ ᠪᠠᠷᠢᠮᠵᠢᠶ᠎ᠠ᠂ ᠴᠠᠭ᠂ ᠠᠷᠭ᠎ᠠ ᠬᠡᠮᠵᠢᠶ᠎ᠡ ᠳᠡᠭᠡᠷ᠎ᠡ ᠨᠠᠶᠢᠳᠠᠪᠤᠷᠢᠵᠢᠭᠤᠯᠵᠤ᠂ ᠪᠦᠬᠦ ᠲᠠᠯ᠎ᠠ ᠪᠠᠷ ᠴᠢᠩᠭ᠎ᠠ | ᠬᠠᠷᠢᠭᠤᠴᠠᠯᠭ᠎ᠠ ᠶᠢᠨ ᠰᠢᠰᠲ᠋ᠧᠮ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠶᠠᠰᠤ ᠴᠢᠨᠠᠷ ᠢ ᠳᠡᠭᠡᠭᠰᠢᠯᠡᠭᠦᠯᠵᠦ᠂ | ᠤᠷᠳᠤ ᠬᠤᠭᠤᠴᠠᠭᠠᠨ ᠤ ᠪᠦᠲᠦᠮᠵᠢᠲᠡᠢ ᠪᠠᠶᠢᠬᠤ ᠶᠢ ᠠᠬᠢᠭᠤᠯᠬᠤ ᠬᠡᠷᠡᠭᠲᠡᠢ᠃ | ᠼᠦᠢ ᠶᠦᠩ᠂ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ᠦᠢᠯᠡᠴᠢᠯᠡᠭᠡᠨ ᠤ ᠤᠬᠠᠮᠰᠠᠷ ᠢᠶᠠᠨ | ᠴᠢᠩᠭᠠᠳᠬᠠᠵᠤ᠂ ᠦᠢᠯᠡᠴᠢᠯᠡᠭᠡᠨ ᠤ ᠰᠠᠨᠠᠭᠠᠴᠢᠯᠠᠭᠠᠲᠤ ᠴᠢᠨᠠᠷ ᠢᠶᠠᠨ ᠴᠢᠩᠭᠠᠳᠬᠠᠵᠤ᠂ ᠲᠤᠬᠠᠶᠢᠯᠠᠭᠰᠠᠨ ᠠᠵᠢᠯ ᠤᠨ | ᠶᠠᠪᠤᠴᠠ ᠶᠢ ᠡᠮᠬᠢᠯᠡᠵᠦ ᠲᠠᠬᠢᠨ ᠱᠤᠭᠤᠵᠤ᠂ ᠠᠵᠢᠯ ᠤᠨ ᠠᠷᠭ᠎ᠠ ᠬᠡᠯᠪᠡᠷᠢ ᠶᠢᠨ ᠰᠢᠨ᠎ᠡ ᠶᠢ ᠡᠭᠦᠳᠴᠦ᠂ ᠬᠡᠷᠡᠭ | ᠡᠷᠬᠢᠯᠡᠬᠦ ᠲᠡᠰ ᠳᠠᠷᠠᠭᠠᠯᠠᠯ ᠢ ᠳᠥᠭᠦᠮᠴᠢᠯᠡᠵᠦ᠂ ᠡᠬᠢ ᠪᠠᠶᠠᠯᠢᠭ ᠢ ᠬᠠᠮᠲᠤᠪᠠᠷ ᠡᠳ᠋ᠯᠡᠬᠦ ᠶᠢ ᠠᠯᠬᠤᠮ ᠠᠯᠬᠤᠮ ᠢᠶᠠᠷ | ᠪᠡᠶᠡᠯᠡᠭᠦᠯᠵᠦ᠂ ᠤᠯᠠᠨ ᠲᠦᠮᠡᠨ ᠢ ᠨᠢᠭᠡ ᠯᠡ ᠡᠭᠦᠳᠡᠨ ᠳᠤ ᠣᠷᠣᠭᠤᠯᠵᠤ᠂ ᠠᠯᠢᠪᠠ ᠶᠠᠪᠤᠳᠠᠯ ᠢ ᠰᠠᠶᠢᠲᠤᠷ ᠬᠢᠬᠦ ᠪᠠᠷ | ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ ᠤᠳᠤᠷᠢᠳᠬᠤ ᠳᠤᠭᠤᠶᠢᠯᠠᠩ ᠪᠠᠶᠢᠭᠤᠯᠵᠤ᠂ ᠭᠤᠣᠯ ᠠᠵᠢᠯ ᠤᠨ | ᠲᠣᠭᠤᠷᠢᠨ ᠳᠤ ᠦᠷᠭᠦᠯᠵᠢᠯᠡᠨ ᠳᠠᠭᠠᠵᠤ᠂ ᠬᠢᠨᠠᠯᠲᠠ ᠲᠠᠯᠪᠢᠬᠤ ᠪᠠᠨ ᠴᠢᠩᠭᠠᠳᠬᠠᠵᠤ᠂ ᠴᠠᠭ ᠤᠨ ᠬᠢᠵᠠᠭᠠᠷ ᠢ | ᠲᠣᠳᠣᠷᠬᠠᠶᠢᠯᠠᠵᠤ᠂ ᠪᠣᠳᠠᠲᠠᠢ ᠠᠵᠢᠯ ᠢ ᠪᠣᠳᠠᠲᠠᠢ ᠳᠤ ᠬᠦᠷᠲᠡᠯ᠎ᠡ ᠰᠤᠳᠤᠯᠵᠤ᠂ ᠭᠦᠨᠵᠡᠭᠡᠢ ᠪᠥᠭᠡᠳ ᠨᠠᠷᠢᠯᠢᠭ ᠬᠢᠬᠦ | ᠬᠡᠷᠡᠭᠲᠡᠢ᠃ ᠡᠭᠦᠨ ᠤ ᠬᠠᠮᠲᠤ ᠰᠡᠭᠦᠯᠴᠢ ᠶᠢᠨ ᠬᠤᠭᠤᠴᠠᠭᠠᠨ ᠤ ᠴᠡᠭᠴᠡᠯᠡᠨ ᠰᠠᠶᠢᠵᠢᠷᠠᠭᠤᠯᠬᠤ ᠶᠠᠪᠤᠴᠠ ᠳᠠᠬᠢ | ᠬᠢᠨᠠᠯᠲᠠ ᠪᠠᠶᠢᠴᠠᠭᠠᠯᠲᠠ ᠶᠢ ᠴᠢᠩᠭᠠᠳᠬᠠᠵᠤ᠂ ᠠᠰᠠᠭᠤᠳᠠᠯ ᠢ ᠵᠤᠶᠢᠯ ᠳᠠᠷᠠᠭᠠᠯᠠᠨ ᠴᠡᠭᠴᠡᠯᠡᠨ ᠰᠠᠶᠢᠵᠢᠷᠠᠭᠤᠯᠬᠤᠶᠢ | ᠦᠨᠡᠨ ᠬᠦ ᠪᠠᠲᠤᠯᠠᠵᠤ᠂ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠠᠯᠬᠤᠮ ᠠᠯᠬᠤᠮ ᠢᠶᠠᠷ | ᠪᠦᠷᠢᠯᠳᠦᠭᠦᠯᠵᠦ᠂ ᠮᠠᠨ ᠤ ᠬᠤᠰᠢᠭᠤᠨ ᠤ ᠡᠯ᠎ᠡ ᠵᠤᠶᠢᠯ ᠤᠨ ᠠᠵᠢᠯ ᠤᠨ ᠶᠠᠰᠤ ᠴᠢᠨᠠᠷ ᠢ ᠲᠣᠭᠲᠠᠭᠤᠨ ᠢᠶᠠᠷ | ᠳᠡᠭᠡᠭᠰᠢᠯᠡᠭᠦᠯᠬᠦ ᠶᠢ ᠪᠠᠲᠤᠯᠠᠨ᠎ᠠ᠃ | ᠵᠣᠬᠢᠶᠠᠭᠴᠢ᠄ ᠰᠦᠨ ᠶᠢᠩ | ᠣᠷᠴᠢᠭᠤᠯᠣᠭᠴᠢ᠄ ᠡᠷᠳᠡᠨᠢᠴᠢᠮᠡᠭ | | |