ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠬᠠᠤᠯᠢ ᠬᠡᠷᠡᠭᠵᠢᠭᠦᠯᠬᠦ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2021/9/23
         ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ          ᠳᠡᠳ᠋ ᠡᠷᠬᠢᠯᠡᠭᠴᠢ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ          ᠬᠦᠷᠴᠦ ᠬᠠᠤᠯᠢ ᠬᠡᠷᠡᠭᠵᠢᠭᠦᠯᠬᠦ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ          9 ᠰᠠᠷ᠎ᠠ ᠶᠢᠨ 3 ᠤ ᠡᠳᠦᠷ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ᠂ ᠨᠡᠶᠢᠭᠡᠮ ᠤᠨ ᠪᠠᠶᠢᠭᠤᠯᠤᠯᠲᠠ ᠶᠢᠨ ᠵᠥᠪᠯᠡᠯ ᠤᠨ ᠡᠷᠬᠢᠯᠡᠭᠴᠢ ᠭᠡᠰᠢᠭᠦᠨ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠭᠦᠨᠵᠡᠭᠡᠶᠢᠷᠡᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠲᠦᠷᠢᠮ︾ ︵ᠳᠣᠷᠣᠭᠰᠢ ︽ᠨᠢᠭᠡ ᠬᠠᠤᠯᠢ ᠨᠢᠭᠡ ᠲᠦᠷᠢᠮ︾ ᠭᠡᠵᠦ ᠲᠣᠪᠴᠢᠯᠠᠨ᠎ᠠ︶ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠠᠵᠢᠯ ᠳᠤ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠭᠤᠤ ᠮᠢᠩ ᠷᠦ᠂ ᠳᠡᠳ᠋ ᠡᠷᠬᠢᠯᠡᠭᠴᠢ ᠵᠣᠣ ᠵᠧᠨ ᠯᠢ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠺᠣᠮᠢᠰᠰᠠᠷ ᠯᠢ ᠪᠦᠦ ᠸᠧᠶ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ‌‍ᠤᠨ ᠬᠠᠷᠢᠭᠤᠴᠠᠯᠭᠠᠲᠠᠨ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
     ᠪᠠᠶᠢᠴᠠᠭᠠᠨ ᠰᠤᠳᠤᠯᠬᠤ ᠳᠤᠭᠤᠶᠢᠯᠠᠩ ᠤᠷᠢᠳ ᠬᠤᠵᠢᠳ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠲᠣᠮᠢᠯᠠᠭᠰᠠᠨ ᠰᠠᠯᠪᠤᠷᠢ᠂ ᠪᠠᠶᠠᠨᠴᠠᠭᠠᠨ ᠪᠠᠯᠭᠠᠰᠤᠨ ᠤ ᠬᠠᠤᠯᠢ ᠴᠠᠭᠠᠵᠠ ᠶᠢᠨ ᠭᠠᠵᠠᠷ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂  ᠬᠤᠨᠢᠨ ᠲᠡᠯᠡᠶ ᠨᠡᠶᠢᠭᠡᠮ ᠲᠣᠭᠤᠷᠢᠭ᠂ ᠬᠤᠰᠢᠭᠤᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ 110 ᠵᠢᠯᠣᠭᠤᠳᠬᠤ ᠲᠥᠪ ᠵᠡᠷᠭᠡ ᠭᠠᠵᠠᠷ ᠲᠤ ᠭᠦᠨᠵᠡᠭᠡᠶᠢᠷᠡᠨ ︽ᠨᠢᠭᠡ ᠬᠠᠤᠯᠢ ᠨᠢᠭᠡ ᠲᠦᠷᠢᠮ︾ ᠤᠨ ᠬᠠᠮᠢᠶ᠎ᠠ ᠪᠥᠬᠦᠶ ᠠᠵᠢᠯ ᠢ ᠠᠬᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ ᠨᠠᠷᠢᠨ ᠨᠢᠭᠲᠠ ᠨᠡᠪᠲᠡᠷᠡᠯᠴᠡᠵᠦ᠂ ︽ᠨᠢᠭᠡ ᠬᠠᠤᠯᠢ ᠨᠢᠭᠡ ᠲᠦᠷᠢᠮ︾ ᠤᠨ ᠠᠵᠢᠯ ᠢ ᠠᠬᠢᠭᠤᠯᠤᠭᠰᠠᠨ ᠪᠠᠶᠢᠳᠠᠯ ᠢ ᠣᠶᠢᠯᠠᠭᠠᠪᠠ᠃
     ᠶᠠᠷᠢᠯᠴᠠᠬᠤ ᠬᠤᠷᠠᠯ ᠳᠡᠭᠡᠷ᠎ᠡ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠢᠦᠶ ᠯᠢ ᠱᠧᠩ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠠᠴᠠ ᠮᠠᠨ ᠤ ᠬᠤᠰᠢᠭᠤᠨ ᠤ ︽ᠨᠢᠭᠡ ᠬᠠᠤᠯᠢ ᠨᠢᠭᠡ ᠲᠦᠷᠢᠮ︾ ᠤᠨ ᠬᠠᠮᠢᠶ᠎ᠠ ᠪᠥᠬᠦᠶ ᠠᠵᠢᠯ ᠤᠨ ᠪᠠᠶᠢᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃      ᠹᠦ᠋ ᠵᠢᠶᠦ᠋ᠨ ᠹᠧᠩ ᠮᠠᠨ ᠤ ᠬᠤᠰᠢᠭᠤᠨ ᠤ ᠬᠠᠮᠢᠶ᠎ᠠ ᠪᠥᠬᠦᠶ ᠠᠵᠢᠯ ᠥᠷᠨᠢᠭᠦᠯᠦᠭᠰᠡᠨ ᠪᠠᠶᠢᠳᠠᠯ ᠢ ᠨᠤᠲᠠᠯᠠᠵᠤ᠂ ᠰᠠᠨᠠᠯ ᠰᠠᠨᠠᠭᠤᠯᠭ᠎ᠠ ᠳᠤᠷᠠᠳᠪᠠ᠃ ᠲᠡᠷᠡ ᠵᠢᠭᠠᠵᠤ ᠭᠠᠷᠭᠠᠭᠰᠠᠨ ᠨᠢ᠂ ᠬᠡᠷ ᠪᠦᠯᠢ ᠶᠢᠨ ᠬᠦᠴᠦᠷᠬᠡᠭᠯᠡᠯ ᠪᠣᠯ ᠬᠥᠮᠦᠨ ᠲᠥᠷᠥᠯᠬᠢᠲᠡᠨ ᠤ ᠨᠡᠶᠢᠭᠡᠮ ᠳᠤ ᠬᠠᠮᠲᠤ ᠪᠠᠷ ᠲᠤᠯᠭᠠᠷᠠᠵᠤ ᠪᠠᠶᠢᠭ᠎ᠠ ᠪᠡᠷᠬᠡ ᠰᠡᠳᠦᠪ ᠮᠥᠨ᠂ ᠲᠡᠷᠡ ᠨᠢ ᠬᠡᠷ ᠪᠦᠯᠢ ᠶᠢᠨ ᠪᠦᠷᠢᠯᠳᠦᠬᠦᠨ ᠢᠯᠠᠩᠭᠤᠶ᠎ᠠ ᠡᠮᠡᠭᠲᠡᠶᠢᠴᠦᠳ ᠬᠡᠤᠬᠡᠳ ᠤᠨ ᠪᠡᠶ᠎ᠡ ᠰᠡᠳᠬᠢᠯ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠪᠠᠷ ᠪᠠᠷᠠᠬᠤ ᠥᠬᠡᠶ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠪᠠᠶᠢᠳᠠᠯ ᠢ ᠴᠤ ᠨᠥᠯᠥᠭᠡᠯᠡᠳᠡᠭ᠃ ᠰᠢ ᠶᠢᠨ ᠫᠢᠩ ᠶᠡᠷᠦᠩᠬᠡᠶ ᠱᠦᠵᠢ ᠶᠢᠨ ᠰᠢᠷᠢᠰ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ ᠶᠢ ᠲᠤᠤᠱᠯᠠᠭᠤᠯᠤᠨ ᠬᠡᠷᠡᠭᠵᠢᠭᠦᠯᠬᠦ ᠶᠢᠨ ᠴᠢᠬᠤᠯᠠ ᠴᠢᠨᠠᠷ ᠤᠨ ᠲᠤᠬᠠᠶ ᠲᠠᠨᠢᠯᠲᠠ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃      ᠹᠦ᠋ ᠵᠢᠶᠦ᠋ᠨ ᠹᠧᠩ ᠴᠢᠬᠤᠯᠠᠴᠢᠯᠠᠬᠤ ᠳᠠᠭᠠᠨ᠂ ᠲᠠᠨᠢᠯᠲᠠ ᠪᠠᠨ ᠳᠡᠭᠡᠭᠰᠢᠯᠡᠭᠦᠯᠦᠨ ᠤᠬᠠᠭᠤᠯᠭ᠎ᠠ ᠪᠠᠨ ᠴᠢᠩᠭᠠᠳᠬᠠᠵᠤ᠂ ᠬᠡᠷ ᠪᠦᠯᠢ ᠶᠢᠨ ᠬᠦᠴᠦᠷᠬᠡᠭᠯᠡᠯ ᠤᠨ ᠬᠤᠤᠷ ᠠᠮᠰᠠᠭᠴᠢ ᠶᠢᠨ ᠬᠠᠤᠯᠢ ᠶᠣᠰᠣᠨ ᠤ ᠡᠷᠬᠡ ᠪᠠ ᠠᠰᠢᠭ ᠲᠤᠰᠠ ᠶᠢ ᠪᠥᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠶ᠃ ᠤᠷᠢᠳᠴᠢᠯᠠᠨ ᠰᠡᠷᠭᠡᠶᠢᠯᠡᠬᠦ ᠪᠠ ᠠᠷᠢᠯᠭᠠᠬᠤ ᠶᠢ ᠪᠠᠷᠢᠮᠲᠠᠯᠠᠵᠤ᠂ ᠭᠡᠷ ᠪᠦᠯᠢ ᠶᠢᠨ ᠲᠣᠭᠲᠠᠭᠤᠨ ᠪᠠᠶᠢᠳᠠᠯ ᠳᠤ ᠦᠵᠡᠭᠦᠯᠬᠦ ᠨᠠᠵᠠᠭᠠᠶ ᠨᠥᠯᠥᠭᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠭᠡᠷ ᠪᠦᠯᠢ ᠶᠢᠨ ᠬᠦᠴᠦᠷᠬᠡᠭᠯᠡᠯ ᠤᠨ ᠬᠤᠣᠷ ᠠᠮᠰᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠦᠬᠦ ᠬᠦᠴᠦᠨ ᠢᠶᠠᠷ ᠢᠶᠠᠨ ᠬᠠᠮᠠᠭᠠᠯᠠᠨ᠎ᠠ᠃ ︽ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠬᠠᠤᠯᠢ︾ ᠶᠢ ᠢᠳᠡᠪᠬᠢᠲᠡᠶ ᠪᠠᠷ ᠤᠬᠠᠭᠤᠯᠵᠤ᠂ ᠤᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠥᠷᠭᠡᠨ ᠤᠯᠠᠨ ᠲᠦᠮᠡᠨ ᠤ ᠬᠠᠤᠯᠢ ᠪᠠᠷ ᠵᠠᠰᠠᠬᠤ ᠤᠬᠠᠮᠰᠠᠷ ᠪᠠ ᠬᠠᠤᠯᠢ ᠶᠣᠰᠣᠭᠠᠷ ᠡᠷᠬᠡ ᠪᠠᠨ ᠬᠠᠮᠠᠭᠠᠯᠠᠬᠤ ᠴᠢᠳᠠᠪᠤᠷᠢ ᠶᠢ ᠨᠡᠮᠡᠭᠳᠡᠭᠦᠯᠵᠦ᠂ ᠭᠡᠷ ᠪᠦᠯᠢ ᠶᠢᠨ ᠬᠦᠴᠦᠷᠬᠡᠭᠯᠡᠯ ᠢ ᠡᠰᠡᠷᠭᠦᠴᠡᠬᠦ ᠣᠶᠢᠯᠠᠭᠠᠭᠳᠠᠬᠤᠨ᠂ ᠮᠡᠳᠡᠯᠭᠡ᠂ ᠠᠷᠭ᠎ᠠ ᠪᠠ ᠠᠪᠤᠷᠠᠨ ᠲᠤᠰᠠᠯᠠᠬᠤ ᠠᠷᠭ᠎ᠠ ᠵᠠᠮ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠶ᠃ ᠢᠳᠡᠪᠬᠢᠲᠡᠶ ᠵᠢᠭᠰᠠᠭᠠᠨ ᠪᠠᠶᠢᠴᠠᠭᠠᠬᠤ ᠳᠤ ᠰᠠᠨᠠᠭᠠᠴᠢᠯᠠᠭ᠎ᠠ ᠠᠴᠠ ᠪᠠᠨ ᠣᠷᠣᠯᠴᠠᠵᠤ᠂ ᠬᠡᠷ ᠪᠦᠯᠢ ᠶᠢᠨ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠵᠢᠭᠰᠠᠭᠠᠨ ᠪᠠᠶᠢᠴᠠᠭᠠᠬᠤ ᠪᠠ ᠤᠷᠢᠳᠴᠢᠯᠠᠨ ᠰᠡᠷᠭᠡᠶᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠤᠯᠠᠨ ᠲᠦᠮᠡᠨ ᠤ ᠭᠡᠷ ᠪᠦᠯᠢ ᠶᠢᠨ ᠬᠦᠴᠢᠷᠳᠡᠯ ᠪᠠ ᠠᠰᠠᠭᠤᠳᠠᠯ ᠢ ᠴᠠᠭ ᠲᠤᠬᠠᠶ ᠳᠤᠨᠢ ᠣᠶᠢᠯᠠᠭᠠᠵᠤ᠂ ᠭᠡᠷ ᠪᠦᠯᠢ ᠶᠢᠨ ᠵᠢᠭᠤᠷᠠᠯᠳᠤᠭᠠᠨ ᠢ ᠴᠠᠭ ᠲᠤᠬᠠᠶ ᠳᠤᠨᠢ ᠡᠵᠡᠮᠰᠢᠨ ᠡᠶᠡᠳᠡᠭᠦᠯᠵᠦ᠂ ᠭᠡᠷ ᠪᠦᠯᠢ ᠶᠢᠨ ᠵᠥᠷᠢᠴᠡᠯ ᠵᠢᠭᠤᠷᠠᠯᠳᠤᠭᠠᠨ ᠠᠴᠠ ᠪᠣᠯᠤᠭᠰᠠᠨ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠴᠤᠬᠤᠶᠢᠵᠤ ᠪᠠᠶᠢᠭ᠎ᠠ ᠪᠠᠶᠢᠳᠠᠯ ᠳᠤᠨᠢ ᠬᠤᠷᠢᠭᠯᠠᠨ ᠵᠣᠭᠰᠣᠭᠠᠨ᠎ᠠ᠃ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ ᠬᠠᠤᠯᠢ ᠶᠣᠰᠣᠭᠠᠷ ᠰᠢᠢᠳᠪᠦᠷᠢᠯᠡᠵᠦ᠂ ᠭᠡᠷ ᠪᠦᠯᠢ ᠶᠢᠨ ᠬᠦᠴᠦᠷᠬᠡᠭᠯᠡᠯ ᠤᠨ ᠬᠠᠤᠯᠢ ᠠᠴᠠ ᠵᠥᠷᠢᠴᠡᠭᠰᠡᠨ ᠶᠠᠯᠠᠲᠤ ᠬᠡᠷᠡᠭ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠳᠣᠲᠣᠭᠠᠳᠤ ᠶᠢ ᠬᠠᠮᠠᠭᠠᠯᠠᠬᠤ ᠪᠠᠶᠢᠭᠤᠯᠤᠯᠭ᠎ᠠ ᠨᠤᠭᠤᠳ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠬᠦᠢᠴᠡᠳᠬᠡᠵᠤ᠂ ᠣᠯᠠᠨ ᠲᠦᠮᠡᠨ ᠤ ᠬᠡᠷ ᠪᠦᠯᠢ ᠶᠢᠨ ᠬᠦᠴᠦᠷᠬᠡᠭᠯᠡᠯ ᠳᠤ ᠬᠤᠯᠪᠣᠭᠳᠠᠭᠰᠠᠨ ᠰᠡᠷᠡᠮᠵᠢ ᠶᠢᠨ ᠳᠣᠬᠢᠶ᠎ᠠ ᠶᠢᠨ ᠲᠤᠰᠠᠯᠠᠮᠵᠢ ᠭᠤᠶᠤᠴᠢᠯᠠᠬᠤ ᠶᠢ ᠰᠠᠨᠠᠭᠠᠴᠢᠯᠠᠭ᠎ᠠ ᠠᠴᠠ ᠪᠠᠨ ᠣᠯᠵᠤ ᠮᠡᠳᠡᠬᠦ ᠪᠠ ᠴᠠᠭ ᠲᠤᠬᠠᠶ ᠳᠤᠨᠢ ᠭᠥᠯᠢᠶᠡᠨ ᠠᠪᠴᠤ᠂ ᠴᠠᠭᠳᠠᠭᠠᠨ ᠤ ᠳᠣᠬᠢᠶ᠎ᠠ ᠶᠢ ᠲᠦᠷᠭᠡᠨ ᠲᠤᠰᠴᠤ᠂ ᠲᠦᠷᠭᠡᠨ ᠰᠢᠢᠳᠪᠤᠷᠢᠯᠡᠵᠤ᠂ ᠬᠠᠤᠯᠢ ᠶᠣᠰᠣᠭᠠᠷ ᠭᠡᠷᠡᠴᠢ ᠠᠪᠴᠤ᠂ ᠬᠠᠤᠯᠢ ᠶᠣᠰᠣᠭᠠᠷ  ᠰᠢᠢᠳᠪᠤᠷᠢᠯᠡᠵᠤ᠂ ᠴᠠᠭ ᠲᠤᠬᠠᠶ ᠳᠤᠨᠢ ᠠᠪᠤᠷᠠᠨ ᠲᠤᠰᠠᠯᠠᠵᠤ᠂ ᠬᠡᠷ ᠪᠦᠯᠢ ᠶᠢᠨ ᠬᠦᠴᠦᠷᠬᠡᠭᠯᠡᠯ ᠤᠨ ᠴᠠᠭᠳᠠᠭᠠᠨ ᠤ ᠪᠠᠶᠢᠳᠠᠯ ᠢ ᠰᠢᠢᠳᠪᠤᠷᠢᠯᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠶ᠃ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠳᠡᠳ᠋ ᠡᠷᠬᠢᠯᠡᠭᠴᠢ ᠹᠦ᠋ ᠵᠢᠶᠦ᠋ᠨ ᠹᠧᠩ ᠨᠡᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠬᠦᠷᠴᠦ ᠬᠠᠤᠯᠢ ᠬᠡᠷᠡᠭᠵᠢᠭᠦᠯᠬᠦ ᠪᠠᠶᠢᠴᠠᠭᠠᠨ ᠰᠤᠳᠤᠯᠤᠯᠲᠠ ᠶᠢᠨ ᠠᠵᠢᠯ ᠥᠷᠨᠢᠭᠦᠯᠪᠡ᠃                                                               ᠵᠣᠬᠢᠶᠠᠭᠴᠢ᠄ ᠷᠧᠨ ᠱᠢ ᠴᠢᠩ                                                               ᠣᠷᠴᠢᠭᠤᠯᠣᠭᠴᠢ᠄ ᠡᠷᠳᠡᠨᠢᠴᠢᠮᠡᠭ    
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号