ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/23
        ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ         ᠠᠵᠢᠯ ᠤᠨ ᠶᠠᠷᠢᠯᠴᠠᠬᠤ ᠬᠤᠷᠠᠯ ᠬᠤᠷᠠᠯᠳᠤᠭᠤᠯᠪᠠ     9 ᠰᠠᠷ᠎ᠠ ᠶᠢᠨ 6 ᠤ ᠡᠳᠦᠷ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠴᠢᠦᠶ ᠯᠢ ᠱᠧᠩ ᠪᠥᠬᠦ ᠬᠤᠰᠢᠭᠤᠨ ᠤ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠠᠵᠢᠯ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠪᠠ᠃ ᠬᠤᠰᠢᠭᠤᠨ ᠤ ᠰᠤᠷᠭᠠᠨ ᠬᠥᠮᠦᠵᠢᠯ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠤᠳᠤᠷᠢᠳᠤᠯᠭ᠎ᠠ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠵᠠᠶ᠃
    ᠬᠤᠷᠠᠯ ᠳᠡᠭᠡᠷ᠎ᠡ᠂ ᠡᠯ᠎ᠡ ᠰᠤᠷᠭᠠᠭᠤᠯᠢ ᠶᠢᠨ ᠬᠠᠷᠢᠭᠤᠴᠠᠯᠭᠠᠲᠠᠨ ᠲᠣᠰ ᠰᠤᠷᠭᠠᠭᠤᠯᠢ ᠶᠢᠨ ᠲᠣᠭᠤᠷᠢᠭ ᠤᠨ ᠦᠨᠳᠦᠰᠦᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠲᠤᠬᠠᠶ ᠶᠠᠷᠢᠶ᠎ᠠ ᠲᠠᠯᠪᠢᠪᠠ᠃
    ᠴᠢᠦᠶ ᠯᠢ ᠱᠧᠩ ᠵᠢᠭᠠᠵᠤ ᠭᠠᠷᠭᠠᠭᠰᠠᠨ ᠨᠢ᠂ ᠰᠤᠷᠭᠠᠨ ᠬᠥᠮᠦᠵᠢᠯ ᠪᠣᠯ ᠤᠯᠤᠰ ᠤᠨ ᠶᠡᠭᠡ ᠪᠤᠳᠤᠯᠭ᠎ᠠ᠂ ᠨᠠᠮ ᠤᠨ ᠶᠡᠭᠡ ᠪᠤᠳᠤᠯᠭ᠎ᠠ ᠮᠥᠨ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠨᠠᠮ ᠪᠠ ᠤᠯᠤᠰ ᠤᠨ ᠠᠵᠢᠯ ᠤᠶᠢᠯᠡᠰ ᠤᠨ ᠬᠥᠭᠵᠢᠯᠲᠡ ᠶᠢᠨ ᠪᠥᠬᠦ ᠲᠠᠯ᠎ᠠ ᠶᠢᠨ ᠦᠨᠳᠦᠷᠴᠡ ᠠᠴᠠ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠬᠢᠬᠦ ᠶᠢᠨ ᠴᠢᠬᠤᠯᠠ ᠴᠢᠨᠠᠷ ᠪᠠ ︽ᠬᠤᠶᠠᠷ ᠢ ᠪᠠᠭᠠᠰᠬᠠᠬᠤ︾ ᠠᠵᠢᠯ ᠢ ᠳᠥᠯᠭᠢᠨ ᠠᠬᠢᠭᠤᠯᠬᠤ ᠶᠢᠨ ᠲᠤᠯᠭᠠᠮ᠎ᠠ ᠴᠢᠨᠠᠷ ᠢ ᠭᠦᠨᠵᠡᠭᠡᠶ ᠲᠠᠨᠢᠵᠤ᠂ ᠬᠠᠷᠢᠭᠤᠴᠠᠯᠭ᠎ᠠ ᠶᠢ ᠡᠭᠦᠷᠭᠡᠯᠡᠨ᠂ ᠠᠵᠢᠯ ᠢ ᠠᠳᠬᠤᠵᠤ᠂ ᠰᠤᠷᠭᠠᠭᠤᠯᠢ ᠡᠬᠢᠯᠡᠭᠰᠡᠨ ᠤ ᠳᠠᠷᠠᠭ᠎ᠠ ︽ᠬᠤᠶᠠᠷ ᠢ ᠪᠠᠭᠠᠰᠬᠠᠬᠤ︾ ᠠᠵᠢᠯ‌ᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠵᠤ᠂ ᠪᠥᠬᠦ ᠬᠤᠰᠢᠭᠤᠨ ᠤ ᠰᠤᠷᠭᠠᠨ ᠬᠥᠮᠦᠵᠢᠯ‌‍ᠤᠨ ᠤᠶᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠬᠦᠴᠦ ᠪᠠᠨ ᠬᠠᠮᠲᠤᠳᠬᠠᠨ ᠳᠥᠯᠭᠢᠨ ᠠᠬᠢᠭᠤᠯᠬᠤ ᠬᠡᠷᠡᠭᠲᠡᠶ᠃      ᠴᠢᠦᠶ ᠯᠢ ᠱᠧᠩ ᠴᠢᠬᠤᠯᠠᠴᠢᠯᠠᠬᠤ ᠳᠠᠭᠠᠨ᠂ ︽ᠬᠤᠶᠠᠷ ᠢ ᠪᠠᠭᠠᠰᠬᠠᠬᠤ︾ ᠠᠵᠢᠯ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠶᠡᠭᠡ ᠰᠢᠢᠳᠪᠤᠷᠢᠳᠤ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠡᠨᠡ ᠨᠢ ᠰᠤᠷᠤᠭᠴᠢᠳ ᠤᠨ ᠪᠥᠬᠦ ᠲᠠᠯ᠎ᠠ ᠪᠠᠷ ᠬᠥᠭᠵᠢᠬᠦ᠂ ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ᠂ ᠰᠤᠷᠭᠠᠨ ᠬᠥᠮᠦᠵᠢᠯ ᠤᠨ ᠰᠠᠶᠢᠨ ᠰᠠᠶᠢᠬᠠᠨ ᠠᠮᠢ ᠠᠬᠤᠶ ᠶᠢ ᠪᠠᠶᠢᠭᠤᠯᠬᠤ ᠳᠤ ᠴᠢᠬᠤᠯᠠ ᠶᠡᠭᠡ ᠪᠠᠶᠢᠯᠳᠤᠬᠤ ᠪᠣᠳᠣᠯᠭ᠎ᠠ ᠶᠢᠨ ᠠᠴᠢ ᠬᠤᠯᠪᠣᠭᠳᠠᠯ ᠲᠠᠢ ᠶᠤᠮ᠃ ᠡᠯ᠎ᠡ ᠱᠠᠳᠤ ᠡᠯ᠎ᠡ ᠰᠠᠯᠠᠭ᠎ᠠ ᠮᠥᠴᠢᠷ ᠤᠨ ᠬᠢᠨ ︽ᠬᠤᠶᠠᠷ ᠢ ᠪᠠᠭᠠᠰᠬᠠᠬᠤ︾ ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠤᠯᠠᠮ ᠨᠢᠭᠡ ᠠᠯᠬᠤᠮ ᠲᠠᠨᠢᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠷᠠᠭᠤᠯᠵᠤ᠂ ᠠᠵᠢᠯ ᠤᠨ ᠦᠷ᠎ᠡ ᠪᠦᠲᠦᠮᠵᠢ ᠪᠠᠨ ᠪᠠᠲᠤᠳᠬᠠᠬᠤ ᠬᠡᠷᠡᠭᠲᠡᠶ᠃ ᠬᠠᠮᠵᠢᠯᠴᠠᠨ ᠬᠠᠮᠵᠢᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠮᠡᠯ ᠬᠦᠴᠦᠨ ᠢ ᠪᠣᠶ ᠪᠣᠯᠭᠠᠵᠤ᠂ ᠰᠤᠷᠭᠠᠭᠤᠯᠢ ᠶᠢᠨ ᠭᠠᠳᠠᠨᠠᠬᠢ ᠪᠣᠯᠪᠠᠰᠤᠷᠠᠭᠤᠯᠤᠯ ᠤᠨ ᠪᠠᠶᠢᠭᠤᠯᠤᠮᠵᠢ ᠶᠢᠨ ᠲᠤᠰᠬᠠᠶ ᠴᠡᠭᠴᠡᠯᠡᠨ ᠵᠠᠰᠠᠯᠲᠠ ᠶᠢ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ︽ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠬᠦ︾ ᠭᠤᠤᠯᠳᠠᠯᠭ᠎ᠠ ᠲᠠᠢ ᠡᠭᠦᠷᠭᠡ ᠪᠣᠯᠭᠠᠨ ᠨᠢᠭᠡᠳᠦᠯᠲᠡᠶ ᠲᠥᠯᠥᠪᠯᠡᠨ ᠠᠬᠢᠭᠤᠯᠵᠤ᠂ ᠪᠣᠳᠠᠲᠤ ᠦᠷ᠎ᠡ ᠪᠦᠲᠦᠮᠵᠢ ᠶᠢ ᠦᠨᠡᠨ ᠬᠦ ᠪᠠᠲᠤᠯᠠᠬᠤ ᠬᠡᠷᠡᠭᠲᠡᠶ᠃       ᠴᠢᠦᠶ ᠯᠢ ᠱᠧᠩ ᠱᠠᠭᠠᠷᠳᠠᠭᠰᠠᠨ ᠨᠢ᠂ ᠤᠯᠤᠰ ᠲᠦᠷᠦ ᠶᠢ ᠡᠷᠬᠢᠮᠯᠡᠬᠦ ᠳᠡᠭᠡᠳᠦ ᠬᠡᠮᠵᠢᠶᠡᠨ ᠠᠴᠠ ᠨᠠᠮ ᠤᠨ ᠰᠤᠷᠭᠠᠨ ᠬᠥᠮᠦᠵᠢᠯ ᠤᠨ ᠠᠵᠢᠯ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠠᠷᠠᠯᠲᠠ ᠪᠠᠷ ᠤᠳᠤᠷᠢᠳᠤᠮᠵᠢ ᠪᠣᠯᠭᠠᠬᠤ ᠪᠠ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠥᠭᠡᠷᠡᠴᠢᠯᠡᠯᠲᠡ ᠬᠢᠵᠦ ᠰᠢᠨ᠎ᠡ ᠶᠢ ᠡᠭᠦᠳᠬᠦ ᠶᠢ ᠴᠢᠩᠭᠠᠳᠬᠠᠵᠤ᠂ ᠰᠤᠷᠭᠠᠭᠤᠯᠢ ᠶᠢᠨ ᠵᠠᠬᠢᠷᠤᠯ ᠤᠨ ᠡᠩᠨᠡᠭᠡ᠂ ᠪᠠᠭᠰᠢ ᠶᠢᠨ ᠡᠩᠨᠡᠭᠡ᠂ ᠵᠢᠭᠠᠨ ᠰᠤᠳᠤᠯᠤᠭᠴᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠵᠤ᠂ ᠰᠠᠭᠤᠷᠢ ᠶᠢ ᠤᠯᠠᠮ ᠴᠢᠨᠠᠭᠰᠢᠳᠠ ᠠᠳᠬᠤᠵᠤ᠂ ᠳᠤᠲᠠᠭᠤᠳᠠᠯ ᠢ ᠨᠥᠬᠦᠪᠥᠷᠢᠯᠡᠵᠦ᠂ ᠬᠦᠴᠦᠷᠬᠡᠭ ᠪᠠᠭᠤᠷᠠᠢ ᠵᠦᠢᠯ ᠢ ᠤᠯᠠᠮ ᠴᠢᠨᠠᠭᠰᠢᠳᠠ ᠴᠢᠩᠭᠠᠳᠬᠠᠵᠤ᠂ ᠰᠤᠷᠭᠠᠨ ᠬᠥᠮᠦᠵᠢᠯ ᠤᠨ ᠦᠢᠯᠡᠰ ᠤᠨ ᠬᠥᠭᠵᠢᠯᠲᠡ ᠶᠢ ᠬᠢᠵᠠᠭᠠᠷᠯᠠᠵᠤ ᠪᠠᠶᠢᠭ᠎ᠠ ᠪᠠᠶᠢᠭᠤᠯᠤᠮᠵᠢ ᠲᠣᠭᠲᠠᠴᠠ ᠶᠢᠨ ᠬᠠᠷᠰᠢ ᠰᠠᠭᠠᠳ ᠢ ᠬᠦᠴᠦᠯᠡᠨ ᠠᠷᠢᠯᠭᠠᠵᠤ᠂ ᠰᠤᠷᠭᠠᠨ ᠬᠥᠮᠦᠵᠢᠯ ᠤᠨ ᠴᠢᠨᠠᠷ ᠰᠠᠶᠢᠲᠠᠢ ᠬᠥᠭᠵᠢᠯᠲᠡ ᠶᠢ ᠴᠢᠷᠮᠠᠶᠢᠨ ᠠᠬᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠨ᠎ᠠ᠃                                                         ᠵᠣᠬᠢᠶᠠᠭᠴᠢ᠄ ᠪᠣᠣ ᠯᠦᠩ  ᠯᠢᠨ᠎ᠠ                                                         ᠣᠷᠴᠢᠭᠤᠯᠣᠭᠴᠢ᠄ ᠡᠷᠳᠡᠨᠢᠴᠢᠮᠡᠭ  
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠬᠠᠮ ᠵᠠᠭᠤᠴᠢᠯᠠᠭᠤᠷ ᠤᠨ ᠲᠦᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号