ᠡᠯᠪᠡᠭ ᠬᠤᠷᠢᠶᠠᠯᠲᠠ ᠶᠢᠨ ᠶᠢᠰᠦᠨ ᠰᠠᠷ᠎ᠠ ᠶᠢᠨ ᠲᠠᠷᠢᠶᠠᠯᠠᠩ ᠤᠨ ᠠᠵᠢᠯ ᠤᠨ ᠠᠯᠲᠠᠨ ᠨᠠᠮᠤᠷ | | ᠠᠯᠲᠠᠨ ᠨᠠᠮᠤᠷ ᠤᠨ ᠤᠯᠠᠷᠢᠯ ᠳᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠲᠠᠷᠢᠶᠠᠨ ᠭᠠᠵᠠᠷ ᠲᠤ | ᠬᠦᠷᠴᠦ᠂ ᠲᠣᠰᠬᠤᠨ ᠤ ᠠᠷᠠᠳ ᠲᠥᠮᠥᠰᠥ ᠶᠢᠨ ᠲᠠᠷᠢᠶᠠᠨ ᠳᠤ ᠶᠠᠭᠠᠷᠠᠯᠳᠤᠨ᠂ ᠲᠥᠮᠥᠰᠥ ᠲᠡᠭᠦᠵᠦ᠂ ᠲᠥᠮᠥᠰᠥ | ᠰᠠᠪᠠᠯᠠᠵᠤ᠂ ᠲᠥᠮᠥᠰᠥ ᠵᠥᠭᠡᠭᠡᠪᠦᠷᠢᠯᠡᠵᠦ᠂ ᠬᠥᠷ ᠬᠥᠭᠵᠢᠶᠡᠨ ᠢᠶᠠᠷ ᠪᠢᠯᠬᠠᠵᠤ᠂ ᠭᠠᠵᠠᠷ ᠪᠣᠯᠭᠠᠨ ᠳᠤ ᠡᠯᠪᠡᠭ | ᠬᠤᠷᠢᠶᠠᠯᠲᠠ ᠶᠢᠨ ᠪᠠᠶᠠᠷ ᠪᠠᠭ᠋ᠠᠳᠤᠯᠢᠶ᠋ᠠᠷ ᠪᠢᠯᠬᠠᠨ᠎ᠠ᠃ | | ᠣᠳᠣᠬᠠᠨ ᠳᠤ ᠲᠥᠮᠥᠰᠥ ᠶᠢᠨ ᠬᠤᠷᠢᠶᠠᠯᠲᠠ ᠶᠢᠨ ᠤᠯᠠᠷᠢᠯ ᠪᠣᠯᠵᠦ᠂ ᠬᠤᠩᠭᠤᠷ ᠲᠣᠰᠬᠤᠨ ᠴᠤ ᠡᠯᠪᠡᠭ | ᠬᠤᠷᠢᠶᠠᠯᠲᠠ ᠤᠯᠪᠠ᠃ 9 ᠰᠠᠷ᠎ᠠ ᠶᠢᠨ 13 ᠤ ᠡᠳᠦᠷ᠂ ᠬᠤᠩᠭᠤᠯᠲᠤ ᠶᠢᠨ ᠲᠠᠷᠢᠶᠠᠨ ᠳᠤ ᠣᠷᠣᠭᠠᠳ ᠲᠥᠮᠥᠰᠥ | ᠢᠯᠭᠠᠬᠤ ᠮᠠᠰᠢᠨ ᠶᠠᠭᠠᠷᠠᠯᠲᠠᠶ ᠪᠠᠷ ᠠᠵᠢᠯᠯᠠᠵᠤ ᠪᠠᠶᠢᠨ᠎ᠠ᠃ ᠬᠦᠩᠭᠢᠨᠡᠮ᠎ᠡ ᠲᠠᠭᠤᠨ ᠤ ᠳᠠᠭᠠᠤ ᠳᠤ᠂ ᠲᠣᠰᠬᠤᠨ ᠤ | ᠠᠷᠠᠳ ᠤᠳ ᠬᠤᠪᠢᠶᠠᠨ ᠣᠯᠤᠭᠰᠠᠨ ᠲᠥᠮᠥᠰᠥ ᠪᠠᠨ ᠤᠭᠤᠲᠠᠯᠠᠵᠤ᠂ ᠡᠯᠪᠡᠭ ᠬᠤᠷᠢᠶᠠᠯᠲᠠ ᠤᠯᠬᠤ ᠪᠠᠷ | ᠶᠠᠭᠠᠷᠠᠯᠳᠤᠵᠤ ᠪᠠᠶᠢᠯ᠎ᠠ ᠁ ᠡᠨᠡᠬᠦ ᠤᠭᠤᠲᠠ ᠤᠭᠤᠲᠠ᠂ ᠮᠠᠰᠢᠨ ᠲᠡᠷᠭᠡ ᠪᠠᠷ ᠰᠢᠨ᠎ᠡ ᠰᠣᠷᠭᠤᠭ ᠬᠤᠶᠢᠲᠤ | ᠬᠤᠰᠢᠭᠤᠨ ᠤ ᠤᠯᠠᠭᠠᠨ ᠲᠥᠮᠥᠰᠥ ᠨᠢ ᠠᠷᠠᠳ ᠤᠯᠠᠨ ᠤ ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢ ᠬᠠᠷᠠᠭᠤᠯᠵᠤ᠂ | ᠲᠣᠰᠬᠤᠨ ᠤ ᠠᠷᠠᠳ ᠤᠨ ᠶᠠᠳᠠᠭᠤ ᠠᠴᠠ ᠠᠩᠭᠢᠵᠢᠷᠠᠨ ᠪᠠᠶᠠᠵᠢᠬᠤ ᠶᠢᠨ ︽ᠤᠯᠠᠭᠠᠨ ᠪᠤᠷᠴᠠᠭ︾ ᠪᠣᠯᠤᠭᠰᠠᠨ | ᠪᠠᠶᠢᠨ᠎ᠠ᠃ | | ᠣᠶᠢᠯᠠᠭᠠᠭᠰᠠᠨ ᠢᠶᠠᠷ᠂ ᠪᠥᠬᠦ ᠬᠤᠰᠢᠭᠤᠨ ᠤ ᠡᠨᠡ ᠵᠢᠯ ᠤᠨ ᠲᠥᠮᠥᠰᠥ ᠳᠠᠷᠢᠬᠤ ᠲᠠᠯᠠᠪᠠᠶ 22 ᠲᠦᠮᠡᠨ ᠮᠥ ᠳᠤ | ᠬᠦᠷᠴᠦ᠂ ᠵᠢᠱᠢᠯᠲᠡ ᠪᠠᠷ ᠶᠡᠷᠦᠩᠬᠡᠶ ᠤᠨᠠᠯᠲᠠ ᠨᠢ 880 ᠲᠣᠨ ᠪᠣᠯᠤᠨ᠎ᠠ᠃ | ︽ᠯᠢᠩ ᠯᠦᠩ ᠱᠣ᠋ ᠶᠢᠨ ᠤᠯᠠᠭᠠᠨ ᠪᠤᠷᠴᠠᠭ ᠢ ᠶᠠᠰᠤᠨ ᠳᠤᠨᠢ ᠣᠷᠣᠳᠠᠯ᠎ᠠ ᠮᠥᠷᠥᠭᠡᠳᠦᠨ ᠰᠠᠨᠠᠬᠤᠶ ᠶᠢ | ᠮᠡᠳᠡᠮᠦᠢ᠃︾ ᠤᠯᠠᠭᠠᠨ ᠪᠤᠷᠴᠠᠭ ᠢ ᠶᠡᠷᠦ ᠨᠢ ᠮᠥᠷᠥᠭᠡᠳᠦᠯ ᠤᠨ ᠲᠦᠯᠦᠭᠡᠨ ᠤ ᠨᠡᠷ᠎ᠡ ᠭᠡᠵᠦ ᠦᠵᠡᠳᠡᠭ᠃ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠬᠤᠩᠭᠤᠯᠳᠤ ᠲᠣᠰᠬᠤᠨ ᠳᠤ ᠬᠦᠷᠬᠦ ᠳᠤ᠂ ᠨᠠᠮᠤᠷ ᠤᠨ ᠠᠭᠤᠷ ᠠᠮᠢᠰᠬᠤᠯ | ᠰᠡᠩᠭᠢᠨᠡᠵᠦ᠂ ᠲᠣᠰᠬᠤᠨ ᠤ ᠠᠷᠠᠳ ᠤᠯᠠᠭᠠᠨ ᠪᠤᠷᠴᠠᠭ ᠢᠶᠠᠨ ᠬᠠᠳᠤᠵᠤ ᠶᠠᠭᠠᠷᠠᠯᠳᠤᠨ᠂ ᠬᠦᠷ ᠬᠥᠭᠵᠢᠶᠡᠨ ᠲᠠᠢ᠂ | ᠡᠯᠪᠡᠭ ᠬᠤᠷᠢᠶᠠᠯᠲᠠ ᠶᠢᠨ ᠪᠠᠶᠠᠷ ᠪᠠᠭ᠋ᠠᠳᠤᠯ ᠢᠶᠠᠷ ᠪᠢᠯᠬᠠᠨ᠎ᠠ᠃ ᠭᠠᠵᠠᠷ ᠳᠦᠭᠦᠷᠡᠩ ᠤᠯᠠᠭᠠᠨ ᠪᠤᠷᠴᠠᠭ ᠤᠨ | ᠬᠤᠩᠭᠤᠷᠴᠤᠭ ᠠᠴᠠ ᠨᠠᠮᠤᠷ ᠤᠨ ᠷᠣᠮᠠᠨᠲ᠋ᠢᠭ ᠠᠭᠤᠷ ᠭᠠᠷᠴᠤ᠂ ᠤᠯᠠᠭᠠᠨ ᠪᠤᠷᠴᠠᠭ ᠭᠠᠵᠠᠷ ᠳᠦᠭᠦᠷᠡᠩ ᠪᠤᠲᠠᠷᠠᠨ᠂ ᠶᠠᠭ | ᠯᠠ ᠤᠯᠠᠭᠠᠨ ᠮᠠᠨᠤ ᠰᠢᠭ ᠪᠠᠢᠯ᠎ᠠ᠃ | ᠤᠯᠠᠭᠠᠨ ᠪᠤᠷᠴᠠᠭ ᠤᠨ ᠤᠷᠭᠤᠯᠲᠠ ᠶᠢᠨ ᠦᠶᠡᠯᠡᠯ ᠤᠨ ᠬᠤᠭᠤᠴᠠᠭ᠎ᠠ ᠣᠬᠤᠷ᠂ ᠡᠪᠡᠳᠴᠢᠨ ᠬᠤᠷᠣᠬᠠᠶ ᠶᠢᠨ | ᠬᠥᠨᠥᠭᠡᠯ ᠢ ᠡᠰᠡᠷᠭᠦᠴᠡᠬᠦ ᠴᠢᠳᠠᠪᠤᠷᠢ ᠪᠠᠷ ᠴᠢᠩᠭ᠎ᠠ᠂ ᠲᠠᠴᠢᠷ ᠬᠥᠷᠥᠰᠥᠨ ᠳᠤ ᠵᠣᠬᠢᠴᠠᠩᠭᠤᠶ ᠪᠠᠷ ᠵᠣᠬᠢᠴᠠᠵᠤ | ᠴᠢᠳᠠᠨ᠎ᠠ᠂ ᠡᠨᠡ ᠵᠢᠯ ᠤᠨ ᠤᠯᠠᠭᠠᠨ ᠪᠤᠷᠴᠠᠭ ᠡᠯᠪᠡᠭ ᠬᠤᠷᠢᠶᠠᠯᠲᠠ ᠣᠯᠵᠤ᠂ ᠤᠯᠠᠨ ᠲᠦᠮᠡᠨ ᠤ ᠬᠥᠭᠵᠢᠯᠲᠡ ᠶᠢᠨ | ᠣᠮᠤᠭ ᠵᠣᠷᠢᠭ ᠢ ᠲᠦᠢᠯ ᠤᠨ ᠶᠡᠭᠡ ᠪᠠᠷ ᠵᠣᠷᠢᠭᠵᠢᠭᠤᠯᠵᠤ᠂ ᠢᠷᠡᠬᠦ ᠵᠢᠯ ᠳᠤ ᠤᠯᠠᠭᠠᠨ ᠪᠤᠷᠴᠠᠭ ᠤᠨ ᠠᠵᠤ | ᠦᠢᠯᠡᠰ ᠢ ᠦᠷᠭᠦᠯᠵᠢᠯᠡᠨ ᠡᠴᠦᠰ ᠲᠤᠨᠢ ᠲᠤᠯᠲᠠᠯ᠎ᠠ ᠬᠥᠭᠵᠢᠭᠦᠯᠬᠦ ᠪᠣᠯᠤᠨ᠎ᠠ᠃ | ᠡᠪᠦᠭᠡᠨ ᠬᠤᠩᠭᠤᠷ ᠲᠣᠰᠬᠤᠨ ᠤ ᠠᠷᠠᠳ ᠪᠠᠶᠠᠷᠲᠠᠶ ᠪᠠᠷ ᠬᠡᠯᠡᠬᠦ ᠳᠡᠭᠡᠨ᠂ ᠲᠡᠷᠡ ᠨᠡᠶᠢᠲᠡ 40 ᠮᠥ ᠤᠯᠠᠭᠠᠨ | ᠪᠤᠷᠴᠠᠭ ᠳᠠᠷᠢᠵᠤ᠂ ᠮᠥ ᠪᠦᠷᠢ ᠶᠢᠨ ᠤᠨᠠᠯᠲᠠ ᠨᠢ 200 ᠵᠢᠩ ᠪᠠᠶᠢᠵᠤ᠂ ᠨᠢᠭᠡ ᠵᠢᠩ ᠨᠢ ᠵᠠᠬ᠎ᠠ ᠳᠡᠯᠭᠡᠭᠦᠷ ᠤᠨ | ᠦᠨ᠎ᠡ ᠨᠢ 0.4 ᠲᠥᠭᠦᠷᠢᠭ ᠪᠣᠯᠤᠨ᠎ᠠ᠂ ᠥᠩᠭᠡᠷᠡᠭᠰᠡᠨ ᠵᠢᠯ ᠤᠳ ᠲᠠᠢ ᠬᠠᠷᠢᠴᠠᠭᠤᠯᠪᠠᠯ᠂ ᠡᠨᠡ ᠵᠢᠯ ᠤᠨ ᠤᠯᠠᠭᠠᠨ | ᠪᠤᠷᠴᠠᠭ ᠳᠠᠷᠢᠭᠰᠠᠨ ᠨᠢ ᠲᠡᠭᠦᠨ ᠳᠤ ᠮᠡᠳᠡᠭᠳᠡᠬᠦ᠋ᠢᠴᠡ ᠠᠰᠢᠭ ᠲᠤᠰᠠ ᠣᠯᠭᠤᠭᠰᠠᠨ ᠪᠠᠶᠢᠨ᠎ᠠ ᠭᠡᠵᠡᠶ᠃ | ᠵᠣᠬᠢᠶᠠᠭᠴᠢ᠄ ᠯᠢ ᠷᠦᠩ᠂ ᠯᠢ ᠰᠢᠨ | ᠣᠷᠴᠢᠭᠤᠯᠣᠭᠴᠢ᠄ ᠡᠷᠳᠡᠨᠢᠴᠢᠮᠡᠭ |