【ᠪᠢ ᠣᠯᠠᠨ ᠲᠦᠮᠡᠨ ᠳᠤ ᠪᠣᠳᠠᠲᠠᠶ ᠠᠵᠢᠯ ᠬᠢᠵᠦ ᠥᠭᠭᠦᠶ᠎ᠡ 】 ᠪᠠᠶᠠᠨᠴᠠᠭᠠᠨ ᠪᠠᠯᠭᠠᠰᠤᠨ ᠤ ᠨᠢᠭᠡᠳᠦᠭᠡᠷ | ᠲᠣᠮᠢᠯᠠᠭᠰᠠᠨ ᠰᠠᠯᠪᠤᠷᠢ ᠶᠢᠨ ᠴᠠᠭᠳᠠᠭ᠎ᠠ ᠵᠥᠨᠥᠭ ᠨᠠᠰᠤᠲᠠᠨ ᠢ ᠬᠠᠯᠠᠭᠤᠨ ᠢᠶᠠᠷ ᠬᠠᠪᠰᠤᠷᠴᠤ ᠭᠡᠷ ᠲᠤ ᠨᠢ | ᠬᠠᠷᠢᠭᠤᠯᠵᠠᠶ | | ᠵᠣᠬᠢᠶᠠᠭᠴᠢ᠄ ᠰᠦᠨ ᠬᠠᠶ ᠷᠦᠩ | ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ | 2021 ᠣᠨ ᠤ 9 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨᠡᠬᠢ 9 ᠴᠠᠭ ᠤᠨ ᠦᠶ᠎ᠡ ᠪᠠᠷ᠂ | ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ᠶᠢᠨ ᠵᠢᠵᠢᠭᠦᠷ ᠤᠨ ᠴᠠᠭᠳᠠᠭ᠎ᠠ ᠣᠯᠠᠨ ᠲᠦᠮᠡᠨ ᠤ ᠴᠠᠭᠳᠠᠭ᠎ᠠ ᠳᠤ | ᠮᠡᠳᠡᠭᠦᠯᠦᠭᠰᠡᠨ ᠢᠶᠠᠷ᠄ ᠪᠠᠶᠠᠨᠴᠠᠭᠠᠨ ᠪᠠᠯᠭᠠᠰᠤᠨ ᠤ ᠨᠡᠷᠡᠨ ᠭᠡᠷᠡᠯᠲᠦ ᠡᠷᠳᠡᠨᠢ ᠶᠢᠨ ᠥᠷᠯᠥᠭᠡ ᠶᠢᠨ ᠰᠤᠷᠭᠠᠨ | ᠬᠥᠮᠦᠵᠢᠯ ᠤᠨ ᠲᠥᠪ ᠤᠨ ᠡᠭᠦᠳᠡᠨ ᠳᠤ ᠨᠢᠭᠡ ᠨᠠᠰᠤᠲᠠᠨ ᠡᠷᠭᠢᠴᠡᠭᠡᠳ ᠨᠡᠯᠢᠶᠡᠳ ᠤᠳᠠᠪᠠ᠂ ᠲᠡᠭᠦᠨ ᠲᠠᠢ ᠦᠭᠡ | ᠶᠠᠷᠢᠭᠰᠠᠨ ᠤ ᠳᠠᠷᠠᠭ᠎ᠠ ᠨᠠᠰᠤᠲᠠᠨ ᠵᠥᠨᠥᠭᠰᠢᠬᠦ ᠡᠪᠡᠳᠴᠢᠨ ᠲᠠᠢ ᠪᠠᠶᠢᠵᠤ ᠮᠡᠳᠡᠬᠦ ᠶᠢ ᠣᠯᠵᠤ ᠮᠡᠳᠡᠭᠡᠳ᠂ ᠬᠡᠷ ᠲᠡᠭᠡᠨ | ᠬᠠᠷᠢᠬᠤ ᠵᠠᠮ ᠢᠶᠠᠨ ᠮᠠᠷᠲᠠᠴᠢᠬᠠᠵᠠᠶ᠂ ᠡᠭᠦᠨ ᠳᠤ ᠬᠠᠪᠰᠤᠷᠤᠯᠭ᠎ᠠ ᠬᠡᠷᠡᠭᠲᠡᠶ ᠭᠡᠵᠡᠶ᠃ | | | | | ᠵᠢᠵᠢᠭᠦᠷ ᠤᠨ ᠴᠠᠭᠳᠠᠭ᠎ᠠ ᠲᠡᠷᠡ ᠳᠠᠷᠤᠶ ᠳᠤᠨᠢ ᠲᠤᠬᠠᠶ ᠶᠢᠨ ᠲᠠᠯᠠᠪᠠᠶ ᠳᠤ ᠬᠦᠷᠴᠦ᠂ ᠨᠠᠰᠤᠲᠠᠨ ᠤ ᠨᠠᠰᠤ | ᠠᠬᠠᠰᠢᠷᠠᠭᠰᠠᠨ ᠤᠴᠢᠷ ᠠᠴᠠ ᠥᠪᠡᠷ ᠤᠨ ᠪᠡᠶ᠎ᠡ ᠶᠢᠨ ᠭᠠᠷᠤᠯ ᠢ ᠲᠣᠳᠣᠷᠬᠠᠶ ᠬᠡᠯᠡᠵᠦ ᠴᠢᠳᠠᠬᠤ ᠦᠭᠡᠶ᠂ ᠪᠡᠶ᠎ᠡ ᠳᠤᠨᠢ | ᠴᠦ ᠥᠪᠡᠷ ᠤᠨ ᠪᠡᠶ᠎ᠡ ᠶᠢᠨ ᠭᠠᠷᠤᠯ ᠢ ᠭᠡᠷᠡᠴᠢᠯᠡᠬᠦ ᠶᠠᠮᠠᠷ ᠴᠤ ᠦᠨᠡᠮᠯᠡᠯ ᠪᠠᠶᠢᠬᠤ ᠦᠭᠡᠶ᠂ ᠠᠷᠠᠳ ᠤᠨ ᠴᠠᠭᠳᠠᠭ᠎ᠠ | ᠳᠣᠲᠣᠨᠣᠰᠤᠭ ᠢᠶᠠᠷ ᠨᠠᠰᠤᠲᠠᠨ ᠲᠠᠢ ᠶᠠᠷᠢᠯᠴᠠᠭᠰᠠᠨ ᠤ ᠳᠠᠷᠠᠭ᠎ᠠ᠂ ᠬᠦᠴᠦᠨ ᠪᠦᠬᠦᠢ ᠮᠡᠳᠡᠭᠡ ᠵᠠᠩᠭᠢ ᠶᠢ ᠨᠢ | ᠦᠨᠳᠦᠰᠦᠯᠡᠨ ᠰᠦᠯᠵᠢᠶᠡᠨ ᠳᠡᠭᠡᠷ᠎ᠡ ᠪᠠᠶᠢᠴᠠᠭᠠᠨ ᠯᠠᠪᠯᠠᠬᠤ ᠪᠠ ᠣᠶᠢᠷ᠎ᠠ ᠬᠠᠪᠢ ᠶᠢᠨ ᠵᠠᠮ ᠤᠨ ᠬᠢᠨᠠᠨ ᠡᠵᠡᠮᠳᠡᠯ ᠢᠶᠠᠷ | ᠬᠢᠨᠠᠨ ᠬᠠᠷᠭᠤᠭᠤᠯᠤᠭᠠᠳ᠂ ᠡᠴᠦᠰ ᠲᠡᠭᠡᠨ ᠠᠮᠤᠷ ᠮᠡᠨᠳᠦ ᠪᠠᠷ ᠨᠠᠰᠤᠲᠠᠨ ᠢ ᠭᠡᠷ ᠲᠤᠨᠢ ᠬᠦᠷᠭᠡᠵᠦ ᠥᠭᠭᠦᠭᠰᠡᠨ | ᠪᠠᠶᠢᠨ᠎ᠠ᠃ | | | | | ᠤᠯᠠᠨ ᠲᠦᠮᠡᠨ ᠢ ᠬᠠᠪᠰᠤᠷᠬᠤ ᠳᠤ ᠬᠦᠴᠢᠷ ᠲᠠᠢ᠂ ᠤᠯᠠᠨ ᠲᠦᠮᠡᠨ ᠤ ᠬᠦᠴᠢᠷᠳᠡᠯ ᠢ ᠰᠢᠢᠳᠪᠤᠷᠢᠯᠡᠶᠡ︕ | ᠪᠠᠶᠠᠨᠴᠠᠭᠠᠨ ᠨᠢᠭᠡᠳᠦᠭᠡᠷ ᠲᠣᠮᠢᠯᠠᠭᠰᠠᠨ ᠰᠠᠯᠪᠤᠷᠢ ︽ᠪᠢ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ ᠥᠭᠬᠦ︾ | ᠦᠢᠯᠡᠳᠦᠯᠭᠡ ᠶᠢᠨ ᠠᠵᠢᠯᠯᠠᠭ᠎ᠠ ᠶᠢ ᠦᠷᠭᠦᠯᠵᠢᠯᠡᠨ ᠦᠢᠯᠡᠳᠦᠯᠭᠡᠵᠢᠭᠦᠯᠦᠨ᠎ᠡ᠃ ︽ᠪᠢ ᠤᠯᠠᠨ ᠲᠦᠮᠡᠨ ᠳᠤ ᠪᠣᠳᠠᠲᠠᠶ | ᠠᠵᠢᠯ ᠬᠢᠵᠦ ᠥᠭᠬᠦ︾ ᠶᠠᠪᠤᠳᠠᠯ ᠢ ᠪᠣᠳᠠᠲᠠᠶ ᠠᠵᠢᠯ ᠤᠨ ᠳᠤᠮᠳᠠ ᠪᠠᠨ ᠦᠨᠡᠨ ᠬᠦ ᠨᠠᠶᠢᠳᠠᠪᠤᠷᠢᠵᠢᠭᠤᠯᠵᠤ᠂ ᠪᠣᠳᠠᠲᠤ | ᠠᠵᠢᠯᠯᠠᠭ᠎ᠠ ᠪᠠᠷ ᠢᠶᠠᠨ ᠤᠯᠠᠨ ᠲᠦᠮᠡᠨ ᠤ ᠬᠦᠴᠢᠷ ᠵᠣᠪᠠᠭᠤᠷᠢ ᠶᠢ ᠰᠢᠢᠳᠪᠤᠷᠢᠯᠡᠨ ᠥᠭᠴᠦ᠂ ᠤᠯᠠᠨ ᠲᠦᠮᠡᠨ ᠢ | ᠯᠠᠪᠳᠠᠭᠤᠨ ᠪᠠᠲᠤᠲᠠᠶ ᠪᠠᠷ ᠬᠠᠪᠰᠤᠷᠤᠨ ︽ᠪᠠᠴᠢᠮᠳᠠᠬᠤ᠂ ᠬᠦᠴᠢᠷᠳᠡᠬᠦ᠂ ᠵᠣᠪᠠᠭ᠋ᠤ᠂ ᠬᠦᠰᠡᠬᠦ︾ ᠶᠠᠪᠤᠳᠠᠯ ᠢ ᠨᠢ | ᠰᠢᠢᠳᠪᠤᠷᠢᠯᠡᠵᠤ ᠥᠭᠬᠦ ᠬᠡᠷᠡᠭᠲᠡᠶ᠃ |