︽ᠰᠢ ᠶᠢᠨ ᠫᠢᠩ ᠶᠡᠷᠦᠩᠬᠡᠢ ᠱᠦᠵᠢ ᠶᠢᠨ ︿ᠲᠤᠯᠤᠭᠠᠨ ᠰᠠᠷ᠎ᠠ ᠶᠢᠨ ᠨᠢᠭᠡᠨ﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠬᠤᠳᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ  ᠬᠤᠨᠢᠨ ᠳᠠᠯᠠᠢ ᠨᠡᠶᠢᠭᠡᠮ ᠲᠣᠭᠤᠷᠢᠭ ᠲᠤ ᠶᠠᠪᠤᠭᠳᠠᠪᠠ
ᠨᠡᠶᠢᠲᠡᠯᠡᠭᠰᠡᠨ ᠴᠠᠭ᠄
2021/9/26
︽ᠰᠢ ᠶᠢᠨ ᠫᠢᠩ ᠶᠡᠷᠦᠩᠬᠡᠢ ᠱᠦᠵᠢ ᠶᠢᠨ ︿ᠲᠤᠯᠤᠭᠠᠨ ᠰᠠᠷ᠎ᠠ ᠶᠢᠨ ᠨᠢᠭᠡᠨ﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠬᠤᠳᠠ ᠶᠢᠨ ᠨᠠᠮ ᠤᠨ ᠬᠤᠷᠢᠶᠠᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ  ᠬᠤᠨᠢᠨ ᠳᠠᠯᠠᠢ ᠨᠡᠶᠢᠭᠡᠮ ᠲᠣᠭᠤᠷᠢᠭ ᠲᠤ ᠶᠠᠪᠤᠭᠳᠠᠪᠠ ᠵᠣᠬᠢᠶᠠᠭᠴᠢ᠄ ᠵᠣᠣ ᠱᠤ᠋ ᠵᠢᠶᠧ᠂ ᠲᠤᠩᠭᠠᠯᠠᠭ ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ  9 ᠰᠠᠷ᠎ᠠ ᠶᠢᠨ 16 ᠤ ᠡᠳᠦᠷ ᠤᠨ ᠦᠳᠡ ᠶᠢᠨ ᠡᠮᠦᠨ᠎ᠡ᠂ ︽ᠰᠢ ᠶᠢᠨ ᠫᠢᠩ ᠶᠡᠷᠦᠩᠬᠡᠶ ᠱᠦᠵᠢ ᠶᠢᠨ ︿ᠲᠤᠯᠤᠭᠠᠨ ᠰᠠᠷ᠎ᠠ ᠶᠢᠨ ᠨᠢᠭᠡᠨ﹀ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ︾ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠮᠡᠳᠡᠭᠦᠯᠦᠯᠲᠡ ᠶᠢᠨ ᠬᠤᠷᠠᠯ ᠪᠠᠶᠠᠨᠴᠠᠭᠠᠨ ᠪᠠᠯᠭᠠᠰᠤᠨ ᠤ ᠬᠤᠨᠢᠨ ᠳᠠᠯᠠᠢ ᠨᠡᠶᠢᠭᠡᠮ ᠲᠣᠭᠤᠷᠢᠭ ᠲᠤ ᠬᠦᠷᠴᠦ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠰᠤᠷᠭᠠᠭᠤᠯᠢ ᠶᠢᠨ ᠣᠯᠠᠨ ᠨᠡᠶᠢᠲᠡ ᠶᠢᠨ ᠬᠠᠮᠢᠶᠠᠷᠤᠯᠲᠠ ᠶᠢᠨ ᠵᠢᠭᠠᠨ ᠰᠤᠳᠤᠯᠬᠤ ᠲᠠᠰᠤᠭ ᠤᠨ ᠳᠡᠳ᠋ ᠡᠷᠬᠢᠯᠡᠭᠴᠢ᠂ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠤᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ ᠭᠤᠤ ᡁᠢ ᠮᠢᠨ ᠯᠧᠺᠲ᠋ᠣᠷ ᠲᠤᠰᠬᠠᠶ ᠰᠡᠳᠦᠪᠲᠦ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠲᠡ ᠬᠢᠪᠠ᠃ ᠬᠤᠰᠢᠭᠤᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠤᠨ ᠤᠨᠤᠯ ᠤᠨ ᠲᠠᠰᠤᠭ ᠤᠨ ᠳᠠᠷᠤᠭ᠎ᠠ᠂  ᠬᠤᠨᠢᠨ ᠳᠠᠯᠠᠢ ᠨᠡᠶᠢᠭᠡᠮ ᠲᠣᠭᠤᠷᠢᠭ ᠤᠨ ᠡᠷᠬᠢᠯᠡᠭᠴᠢ᠂ ᠨᠢᠭᠡᠳᠦᠭᠡᠷ ᠱᠦᠵᠢ ᠤᠬᠠᠭᠤᠯᠤᠨ ᠲᠠᠶᠢᠯᠪᠤᠷᠢᠯᠠᠬᠤ ᠳᠤ ᠣᠷᠣᠯᠴᠠᠪᠠ᠃
 ᠮᠡᠳᠡᠭᠦᠯᠦᠯᠲᠡ ᠶᠢᠨ ᠬᠤᠷᠠᠯ ᠳᠡᠭᠡᠷ᠎ᠡ᠂ ᠭᠤᠤ ᡁᠢ ᠮᠢᠨ ᠯᠢᠺᠲ᠋ᠧᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠢ ᠳᠠᠭᠠᠭᠤᠯᠤᠨ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠵᠠᠭᠤᠨ ᠵᠢᠯ ᠤᠨ ᠲᠤᠷᠰᠢᠬᠢ ᠲᠡᠮᠡᠴᠡᠯ ᠤᠨ ᠥᠩᠭᠡᠷᠡᠯᠲᠡ ᠪᠣᠯᠤᠨ ᠡᠭᠦᠳᠦᠨ ᠪᠦᠲᠦᠭᠡᠭᠰᠡᠨ ᠠᠭᠤᠤ ᠶᠡᠭᠡ ᠠᠮᠵᠢᠯᠲᠠ ᠶᠢ ᠡᠷᠭᠢᠴᠡᠭᠦᠯᠬᠦ ᠶᠢᠨ ᠬᠠᠮᠲᠤ᠂ ᠲᠤᠰ ᠪᠡᠶ᠎ᠡ ᠶᠢᠨ ᠲᠦᠷᠦᠭᠳᠡᠯ ᠲᠠᠢ ᠪᠠᠨ ᠤᠶᠠᠯᠳᠤᠭᠤᠯᠵᠤ᠂ ᠡᠭᠡᠯ ᠪᠣᠷᠣᠭᠵᠢᠭᠤᠨ᠂ ᠣᠶᠢᠯᠠᠭᠠᠮᠵᠢᠲᠠᠢ ᠦᠭᠡ ᠬᠡᠯᠡ ᠪᠠᠷ ᠨᠡᠶᠢᠭᠡᠮ ᠲᠣᠭᠤᠷᠢᠭ ᠤᠨ ᠰᠠᠭᠤᠭᠠᠯᠢ ᠠᠷᠠᠳ᠂ ᠨᠠᠮ ᠤᠨ ᠭᠡᠰᠢᠭᠦᠨ ᠳᠤ ᠵᠣᠯ ᠵᠢᠷᠭᠠᠯᠲᠤ ᠠᠮᠢᠳᠤᠷᠠᠯ ᠬᠢᠯᠪᠠᠷ ᠪᠤᠰᠤ ᠪᠠᠷ ᠢᠷᠡᠭᠰᠡᠨ ᠢ ᠭᠦᠨᠵᠡᠭᠡᠢ ᠮᠡᠳᠡᠷᠡᠭᠦᠯᠵᠡᠢ᠃  ᠳᠠᠷᠠᠭᠠᠴᠢ ᠶᠢᠨ ᠠᠯᠬᠤᠮ ᠳᠤ᠂ ᠨᠡᠶᠢᠭᠡᠮ ᠲᠣᠭᠤᠷᠢᠭ ᠤᠨ ᠬᠢᠨ ᠶᠡᠷᠦᠩᠬᠡᠢ ᠱᠦᠵᠢ ᠰᠢ ᠶᠢᠨ ᠫᠢᠩ ᠤ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢ ᠡᠯ᠎ᠡ ᠲᠦᠷᠦᠯ ᠤᠨ ᠨᠡᠶᠢᠭᠡᠮ ᠲᠣᠭᠤᠷᠢᠭ ᠤᠨ ᠠᠵᠢᠯ ᠳᠤ ᠲᠤᠤᠱᠯᠠᠭᠤᠯᠵᠤ᠂ ᠤᠯᠠᠨ ᠲᠦᠮᠡᠨ ᠳᠤ ᠦᠢᠯᠡᠴᠢᠯᠡᠬᠦ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠵᠤ᠂ ᠨᠡᠶᠢᠭᠡᠮ ᠲᠣᠭᠤᠷᠢᠭ ᠤᠨ ᠡᠯ᠎ᠡ ᠲᠦᠷᠦᠯ ᠤᠨ ᠠᠵᠢᠯ ᠢ ᠭᠦᠨᠵᠡᠭᠡᠶᠢᠷᠡᠭᠦᠯᠵᠦ᠂ ᠪᠣᠳᠠᠲᠠᠶᠢᠵᠢᠭᠤᠯᠵᠤ᠂ ᠰᠡᠳᠬᠢᠯ ᠳᠤ ᠬᠠᠳᠠᠩᠰᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ︽ᠲᠤᠯᠤᠭᠠᠨ ᠰᠠᠷ᠎ᠠ ᠶᠢᠨ ᠨᠢᠭᠡᠨ︾ ᠤ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠤᠨᠢᠨ ᠳᠠᠯᠠᠢ ᠨᠡᠶᠢᠭᠡᠮ ᠲᠣᠭᠤᠷᠢᠭ ᠲᠤ ᠦᠨᠳᠦᠰᠦᠯᠡᠭᠦᠯᠬᠦ ᠪᠣᠯᠤᠨ᠎ᠠ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号