ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ ᠲᠣᠪᠴᠢᠶ᠎ᠠ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠳᠤ ᠢᠷᠡᠵᠦ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠶ | ᠣᠶᠢᠯᠡᠳᠪᠤᠷᠢᠯᠡᠯ ᠤᠨ ᠬᠠᠤᠯᠢ︾ ᠶᠢᠨ ᠲᠣᠭᠤᠷᠢᠨ ᠤᠬᠠᠭᠤᠯᠬᠤ ᠪᠣᠯᠪᠠᠰᠤᠷᠠᠭᠤᠯᠤᠯ ᠤᠨ ᠬᠤᠷᠠᠯ ᠬᠢᠪᠠ | | ᠵᠣᠬᠢᠶᠠᠭᠴᠢ᠄ ᠪᠦᠦ ᠯᠦᠩ | ᠰᠤᠷᠪᠤᠯᠵᠢᠯᠠᠭᠴᠢ᠄ ᠯᠢᠶᠠᠩ ᠸᠧᠨ ᠯᠦᠩ | ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ | | 9 ᠰᠠᠷ᠎ᠠ ᠶᠢᠨ 15 ᠤ ᠡᠳᠦᠷ᠂ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠢᠷᠡᠵᠦ ︽ᠪᠥᠬᠦᠳᠡ ᠨᠠᠶᠢᠷᠠᠮᠳᠠᠬᠤ ᠳᠤᠮᠳᠠᠳᠤ | ᠠᠷᠠᠳ ᠤᠯᠤᠰ ᠤᠨ ᠠᠶᠤᠯᠭᠦᠶ ᠤᠶᠢᠯᠡᠳᠪᠤᠷᠢᠯᠡᠯ ᠤᠨ ᠬᠠᠤᠯᠢ︾ ᠶᠢᠨ ᠲᠣᠭᠤᠷᠢᠨ ᠤᠬᠠᠭᠤᠯᠬᠤ | ᠪᠣᠯᠪᠠᠰᠤᠷᠠᠭᠤᠯᠤᠯ ᠤᠨ ᠬᠤᠷᠠᠯ ᠬᠢᠪᠠ᠃ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ ᠶᠢᠨ | ᠲᠣᠪᠴᠢᠶ᠎ᠠ ᠶᠢᠨ ᠬᠠᠮᠢᠶ᠎ᠠ ᠪᠥᠬᠦᠶ ᠬᠥᠮᠦᠰ᠂ ᠬᠤᠰᠢᠭᠤᠨ ᠠᠶᠤᠯᠭᠦᠶ ᠤᠶᠢᠯᠡᠳᠪᠤᠷᠢᠯᠡᠯ ᠤᠨ ᠵᠥᠪᠯᠡᠯ ᠤᠨ ᠬᠠᠮᠢᠶ᠎ᠠ | ᠪᠥᠬᠦᠶ ᠪᠦᠷᠢᠯᠳᠦᠬᠦᠨ ᠨᠢᠭᠡᠴᠡ᠂ ᠡᠯ᠎ᠡ ᠤᠶᠢᠯᠡᠳᠪᠤᠷᠢᠯᠡᠯ ᠡᠵᠡᠩᠨᠡᠯᠲᠡ ᠶᠢᠨ ᠨᠢᠭᠡᠴᠡ ᠶᠢᠨ ᠬᠠᠮᠢᠶ᠎ᠠ ᠪᠥᠬᠦᠶ ᠬᠥᠮᠦᠰ | ᠬᠤᠷᠠᠯ ᠳᠤ ᠣᠷᠣᠯᠴᠠᠵᠠᠶ᠃ ᠬᠤᠷᠠᠯ ᠠᠴᠠ ᠤᠯᠠᠭᠠᠨᠴᠠᠪ ᠬᠤᠲᠠ ᠶᠢᠨ ᠪᠠᠴᠢᠮ ᠪᠠᠶᠢᠳᠠᠯ ᠢ ᠠᠷᠭᠠᠴᠠᠬᠤ | ᠬᠠᠮᠢᠶᠠᠷᠤᠯᠲᠠ ᠶᠢᠨ ᠲᠣᠪᠴᠢᠶ᠎ᠠ ᠶᠢᠨ ᠬᠠᠤᠯᠢ ᠴᠠᠭᠠᠵᠠ ᠶᠢᠨ ᠵᠥᠪᠯᠡᠭᠴᠢ ᠬᠤᠸᠠᠩ ᠾᠦᠤ ᠴᠢᠩ ᠬᠠᠤᠯᠢᠴᠢ ᠶᠢ | ᠤᠷᠢᠨ ᠪᠣᠯᠪᠠᠰᠤᠷᠠᠭᠤᠯᠤᠯ ᠳᠤ ᠣᠷᠣᠯᠴᠠᠭᠤᠯᠪᠠ᠃ | | | | | ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ | ᠥᠭᠦᠯᠡᠯᠲᠡ ᠪᠣᠯᠤᠨ ᠰᠢᠷᠢᠰ ᠴᠢᠬᠤᠯᠠ ᠶᠠᠷᠢᠶ᠎ᠠ᠂ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ | ᠲᠥᠪᠯᠡᠷᠡᠩᠭᠦᠢ ᠰᠤᠷᠤᠯᠴᠠᠵᠤ᠂ ᠰᠢᠨ᠎ᠡ ︽ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠶᠤᠯᠭᠦᠢ | ᠦᠢᠯᠡᠳᠪᠦᠷᠢᠯᠡᠯ ᠤᠨ ᠬᠠᠤᠯᠢ︾ ᠳᠤ ᠵᠠᠰᠠᠪᠤᠷᠢ ᠣᠷᠣᠭᠤᠯᠤᠭᠰᠠᠨ ᠠᠬᠤᠢ ᠪᠠᠶᠢᠳᠠᠯ᠂ ᠵᠠᠰᠠᠪᠤᠷᠢ ᠣᠷᠣᠭᠤᠯᠤᠭᠰᠠᠨ | ᠭᠤᠣᠯᠳᠠᠯᠭ᠎ᠠ ᠵᠢᠴᠢ ᠭᠤᠣᠯ ᠠᠭᠤᠯᠭ᠎ᠠ ᠶᠢ ᠭᠤᠣᠯᠳᠠᠯᠭ᠎ᠠ ᠲᠠᠢ ᠲᠠᠶᠢᠯᠪᠤᠷᠢᠯᠠᠪᠠ᠃ | ᠬᠤᠷᠠᠯ ᠠᠴᠠ᠂ ᠦᠵᠡᠯ ᠰᠠᠨᠠᠭ᠎ᠠ ᠪᠠᠨ ᠴᠢᠨᠠᠭᠰᠢᠳᠠ ᠨᠢᠭᠡᠳᠬᠡᠵᠦ᠂ ︽ᠬᠡᠨ ᠭᠤᠣᠯᠯᠠᠨ ᠬᠠᠮᠢᠶᠠᠷᠪᠠᠯ ᠬᠡᠨ | ᠬᠠᠷᠢᠭᠤᠴᠠᠬᠤ︾ ᠵᠠᠷᠴᠢᠮ ᠢ ᠪᠠᠷᠢᠮᠲᠠᠯᠠᠵᠤ᠂ ᠠᠮᠤᠷ ᠲᠦᠪᠰᠢᠨ ᠪᠠᠶᠢᠬᠤ ᠦᠶ᠎ᠡ ᠳᠡᠭᠡᠨ ᠠᠶᠤᠯ ᠲᠦᠭᠰᠢᠭᠦᠷᠢ ᠶᠢ | ᠪᠣᠳᠣᠯᠬᠢᠯᠠᠵᠤ᠂ ᠪᠣᠷᠣᠭᠠᠨ ᠠᠴᠠ ᠡᠮᠦᠨ᠎ᠡ ᠪᠡᠯᠡᠳᠬᠡᠯ ᠬᠢᠵᠦ᠂ ᠬᠤᠶᠢᠰᠢᠳᠠ ᠶᠢᠨ ᠠᠵᠢᠯ ᠤᠨ ᠳᠤᠮᠳᠠ ᠪᠠᠨ ᠬᠠᠤᠯᠢ ᠶᠢ | ᠰᠤᠷᠤᠯᠴᠠᠬᠤ᠂ ᠬᠠᠤᠯᠢ ᠶᠢ ᠮᠡᠳᠡᠬᠦ᠂ ᠬᠠᠤᠯᠢ ᠶᠢ ᠬᠡᠷᠡᠭᠯᠡᠬᠦ ᠪᠠᠷ ᠴᠢᠷᠮᠠᠶᠢᠵᠤ᠂ ᠬᠠᠤᠯᠢᠵᠢᠯ ᠤᠨ ᠤᠬᠠᠮᠰᠠᠷ ᠪᠣᠯᠤᠨ | ᠬᠠᠤᠯᠢᠵᠢᠯ ᠤᠨ ᠰᠡᠳᠬᠢᠬᠦᠢ ᠶᠢ ᠪᠠᠲᠤ ᠪᠤᠢ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃ ᠬᠠᠷᠢᠭᠤᠴᠠᠯᠭ᠎ᠠ ᠶᠢ ᠤᠯᠠᠮ | ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠰᠤᠷᠤᠯᠴᠠᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠰᠤᠷᠤᠯᠴᠠᠯᠭ᠎ᠠ ᠪᠠᠷ ᠳᠠᠮᠵᠢᠭᠤᠯᠤᠨ ᠰᠣᠯᠢᠯᠴᠠᠭ᠎ᠠ ᠪᠠᠨ ᠴᠢᠩᠭᠠᠳᠬᠠᠵᠤ᠂ ᠥᠨᠥᠳᠦᠷ ᠤᠨ ᠪᠣᠯᠪᠠᠰᠤᠷᠠᠭᠤᠯᠤᠯ ᠤᠨ | ᠠᠭᠤᠯᠭ᠎ᠠ ᠶᠢ ᠦᠨᠡᠨᠬᠦ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠰᠤᠷᠴᠤ᠂ ᠤᠯᠠᠭᠠᠨᠴᠠᠪ ᠬᠤᠲᠠ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠶᠤᠯᠭᠦᠶ ᠤᠶᠢᠯᠡᠳᠪᠤᠷᠢᠯᠡᠯ ᠤᠨ ᠠᠵᠢᠯ ᠢ ᠶᠡᠭᠡ ᠬᠡᠮᠵᠢᠶ᠎ᠡ ᠪᠠᠷ | ᠳᠡᠭᠡᠭᠰᠢᠯᠡᠭᠦᠯᠬᠦ ᠪᠠᠷ ᠴᠢᠷᠮᠠᠶᠢᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠪᠠ ᠣᠷᠣᠨ | ᠨᠤᠲᠤᠭ ᠤᠨ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠂ ᠤᠯᠠᠭᠠᠨᠴᠠᠪ ᠬᠤᠲᠠ ᠶᠢᠨ | ᠨᠡᠶᠢᠭᠡᠮ ᠤᠨ ᠬᠥᠭᠵᠢᠯᠲᠡ ᠳᠤ ᠬᠠᠮᠤᠭ ᠤᠨ ᠦᠨᠳᠦᠰᠦᠨ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ | ᠭᠡᠵᠡᠶ᠃ | ᠬᠤᠷᠠᠯ ᠠᠴᠠ ᠱᠠᠭᠠᠷᠳᠠᠭᠰᠠᠨ ᠨᠢ᠂ ᠰᠤᠷᠤᠯᠴᠠᠯᠭ᠎ᠠ ᠪᠠᠷ ᠳᠡᠮᠵᠢᠨ ᠪᠣᠯᠪᠠᠰᠤᠷᠠᠯ ᠳᠤ ᠣᠷᠣᠯᠴᠠᠭᠰᠠᠨ ᠪᠦᠬᠦ ᠬᠥᠮᠦᠰ | ᠥᠪᠡᠷ ᠢᠶᠠᠨ ᠰᠤᠷᠤᠯᠴᠠᠬᠤ ᠪᠠᠨ ᠦᠷᠭᠦᠯᠵᠢᠯᠡᠨ ᠴᠢᠩᠭᠠᠳᠬᠠᠵᠤ᠂ ᠥᠨᠥᠳᠦᠷ ᠤᠨ ᠪᠣᠯᠪᠠᠰᠤᠷᠠᠭᠤᠯᠤᠯ ᠤᠨ | ᠠᠭᠤᠯᠭ᠎ᠠ ᠶᠢ ᠦᠨᠡᠨᠬᠦ ᠰᠤᠷᠤᠯᠴᠠᠨ ᠣᠶᠢᠯᠠᠭᠠᠵᠤ᠂ ᠨᠡᠪᠲᠡᠷᠡᠲᠡᠯ᠎ᠡ ᠰᠤᠷᠴᠤ᠂ ᠰᠣᠷᠣᠭᠰᠠᠨ ᠮᠡᠳᠡᠯᠭᠡ ᠪᠠᠨ ᠠᠶᠤᠯᠭᠦᠶ | ᠦᠢᠯᠡᠳᠪᠦᠷᠢᠯᠡᠯ ᠤᠨ ᠪᠣᠳᠠᠲᠤ ᠠᠵᠢᠯ ᠤᠨ ᠳᠤᠮᠳᠠ ᠬᠡᠷᠡᠬᠯᠡᠵᠦ᠂ ᠡᠯ᠎ᠡ ᠵᠦᠢᠯ ᠤᠨ ᠠᠮᠤᠷ ᠲᠦᠪᠰᠢᠨ ᠤ ᠳᠦᠷᠢᠮ ᠢ | ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠮᠤᠷ ᠲᠦᠪᠰᠢᠨ ᠤ ᠬᠠᠮᠢᠶᠠᠷᠤᠯᠲᠠ ᠶᠢᠨ ᠲᠣᠭᠲᠠᠴᠠ ᠶᠢ | ᠲᠡᠭᠦᠯᠳᠡᠷᠵᠢᠭᠦᠯᠵᠦ᠂ ᠡᠯ᠎ᠡ ᠵᠦᠢᠯ ᠤᠨ ᠠᠮᠤᠷ ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠰᠠᠶᠢᠲᠤᠷ | ᠨᠠᠶᠢᠳᠠᠪᠤᠷᠢᠵᠢᠭᠤᠯᠤᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠬᠠᠮᠤᠭ ᠤᠨ ᠪᠠᠲᠤ ᠪᠠᠬᠢ ᠠᠮᠤᠷ ᠲᠦᠪᠰᠢᠨ ᠤ ᠪᠠᠲᠤᠯᠠᠭ᠎ᠠ ᠶᠢ ᠬᠠᠩᠭᠠᠬᠤ ᠬᠡᠷᠡᠭᠲᠡᠶ᠃ |