ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠥᠬᠦ ᠰᠢᠰᠲ᠋ᠧᠮ ᠤᠨ ︽ᠳᠣᠲᠣᠷ ᠲᠠᠮᠢᠷ ᠢᠶᠠᠨ ᠰᠢᠷᠭᠠᠭᠤ ᠪᠣᠯᠪᠠᠰᠤᠷᠠᠭᠤᠯᠵᠤ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ︾ ᠶᠢᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/9/26
ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠥᠬᠦ ᠰᠢᠰᠲ᠋ᠧᠮ ᠤᠨ ︽ᠳᠣᠲᠣᠷ ᠲᠠᠮᠢᠷ ᠢᠶᠠᠨ ᠰᠢᠷᠭᠠᠭᠤ ᠪᠣᠯᠪᠠᠰᠤᠷᠠᠭᠤᠯᠵᠤ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ︾ ᠶᠢᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠤᠯᠪᠠ    ᠢᠷᠡᠯᠲᠡ᠄ ᠰᠣᠨᠢᠨ ᠤ ᠬᠤᠷᠢᠶ᠎ᠠ ᠶᠢᠨ ᠬᠠᠮ ᠵᠠᠭᠤᠴᠢᠯᠠᠭᠤᠷ      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︽︿ᠪᠥᠬᠦ ᠣᠷᠣᠨ ᠤ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ︿ᠳᠣᠲᠣᠷ ᠲᠠᠮᠢᠷ ᠢᠶᠠᠨ ᠬᠠᠲᠠᠭᠤᠵᠢᠯᠲᠠᠶ ᠪᠣᠯᠪᠠᠰᠤᠷᠠᠭᠤᠯᠬᠤ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ﹀ ᠥᠷᠨᠢᠭᠦᠯᠬᠦ ᠠᠵᠢᠯ ᠤᠨ ᠲᠥᠰᠦᠯ﹀ ᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ︾ ︵ᠥᠪᠥᠷ ᠰᠠᠬᠢᠯᠭ᠎ᠠ ᠲᠠᠷᠬᠠᠭᠠᠭᠰᠠᠨ ︹ 2021 ︺ 43 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ 9 ᠰᠠᠷ᠎ᠠ ᠶᠢᠨ 17 ᠤ ᠡᠳᠦᠷ ᠤᠨ ᠦᠳᠡ ᠶᠢᠨ ᠬᠤᠶᠢᠨ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠺᠠᠳ᠋ᠷᠴᠤᠳ ᠤᠨ ᠶᠡᠭᠡ ᠬᠤᠷᠠᠯ ᠬᠤᠷᠠᠯᠳᠤᠭᠤᠯᠵᠤ᠂ ︽ᠳᠣᠲᠣᠷ ᠲᠠᠮᠢᠷ ᠢᠶᠠᠨ ᠬᠠᠲᠠᠭᠤᠵᠢᠯᠲᠠᠶ ᠪᠣᠯᠪᠠᠰᠤᠷᠠᠭᠤᠯᠬᠤ ᠵᠠᠭᠤᠨ ᠡᠳᠦᠷ ᠤᠨ ᠪᠡᠷᠬᠡ ᠰᠡᠳᠦᠪ ᠢ  ᠰᠢᠢᠳᠪᠤᠷᠢᠯᠡᠬᠦ ᠠᠵᠢᠯᠯᠠᠭ᠎ᠠ︾ ᠶᠢ ᠪᠠᠶᠢᠷᠢᠯᠠᠭᠤᠯᠤᠨ ᠨᠠᠶᠢᠳᠠᠪᠤᠷᠢᠵᠢᠭᠤᠯᠪᠠ᠃
 ᠲᠣᠰ ᠤᠳᠠᠭᠠᠨ ᠤ ᠲᠤᠰᠬᠠᠶ ᠠᠵᠢᠯᠯᠠᠭ᠎ᠠ ᠶᠢ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠰᠢᠰᠲ᠋ᠧᠮ ᠤᠨ ᠺᠠᠳ᠋ᠷᠴᠤᠳ ᠲᠤ ᠬᠠᠨᠳᠤᠭᠤᠯᠤᠨ᠂ ᠭᠠᠵᠠᠷ ᠣᠷᠣᠨ ᠪᠠ ᠠᠵᠢᠯ ᠤᠨ ᠪᠠᠶᠢᠷᠢ ᠶᠢᠨ ᠪᠠᠶᠢᠳᠠᠯ ᠳᠤᠨᠢ ᠳᠣᠭᠢᠷᠠᠭᠤᠯᠵᠤ᠂ ᠪᠦᠯᠦᠭ ᠤᠳᠠᠭ᠎ᠠ ᠬᠤᠪᠢᠶᠠᠬᠤ ᠥᠬᠡᠶ᠂ ᠱᠠᠲᠤ ᠦᠶ᠎ᠡ ᠬᠤᠪᠢᠶᠠᠬᠤ ᠥᠬᠡᠶ᠂ ᠭᠤᠭᠴᠤᠭ᠎ᠠ ᠭᠠᠷᠭᠠᠬᠤ ᠥᠬᠡᠶ ᠪᠠᠷ ᠴᠠᠭ ᠲᠤᠨᠢ ᠳᠣᠭᠢᠷᠠᠭᠤᠯᠤᠨ ᠶᠠᠪᠤᠭᠳᠠᠭᠤᠯᠤᠨ᠎ᠠ᠃ ᠳᠠᠶᠢᠴᠢᠯᠠᠯᠲᠠ ᠶᠢᠨ ᠬᠤᠷᠠᠯ ᠳᠡᠭᠡᠷ᠎ᠡ᠂ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠨ ᠤ ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠸᠠᠩ ᠵᠢᠶ ᠴᠧᠩ ᠴᠢᠬᠤᠯᠠᠴᠢᠯᠠᠬᠤ ᠳᠠᠭᠠᠨ᠂ ᠲᠣᠰ ᠤᠳᠠᠭᠠᠨ ᠤ ᠲᠤᠰᠬᠠᠶ ᠠᠵᠢᠯᠯᠠᠭ᠎ᠠ ᠨᠢ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠂ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠦᠷ᠎ᠡ ᠳ᠋ᠦᠩ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠎ᠠ᠃ ᠦᠵᠡᠯ ᠰᠠᠨᠠᠭ᠎ᠠ ᠣᠨᠣᠯ᠂ ᠲᠤᠬᠠᠶᠢᠯᠠᠭᠰᠠᠨ ᠠᠵᠢᠯ ᠤᠨ ᠮᠡᠳᠡᠯᠭᠡ᠂ ᠪᠣᠳᠠᠲᠤ ᠪᠠᠶᠢᠯᠳᠤᠭᠠᠨ ᠤ ᠰᠣᠷᠢᠯᠲᠠ᠂ ᠲᠣᠮᠣ ᠳ᠋ᠠᠶᠢᠲ᠋ᠠ ᠶᠢᠨ ᠬᠡᠷᠡᠭᠯᠡᠯᠲᠡ᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠵᠡᠷᠭᠡ ᠲᠠᠯ᠎ᠠ ᠪᠠᠷ ︽ᠵᠠᠭᠤᠨ ᠡᠳᠦᠷ ᠤᠨ ᠳᠣᠲᠣᠷ᠎ᠠ ᠲᠠᠮᠢᠷ ᠢᠶᠠᠨ ᠬᠠᠲᠠᠭᠤᠵᠢᠯᠲᠠᠶ ᠪᠣᠯᠪᠠᠰᠤᠷᠠᠭᠤᠯᠵᠤ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠭᠤᠣᠯ ᠠᠭᠤᠯᠭ᠎ᠠ ᠪᠣᠯᠭᠠᠵᠤ᠂ ︽ᠰᠤᠷᠤᠯᠴᠠᠬᠤ᠂ ᠪᠠᠶᠢᠴᠠᠭᠠᠬᠤ᠂ ᠥᠭᠡᠷᠡᠴᠢᠯᠡᠬᠦ᠂ ᠬᠠᠪᠰᠤᠷᠬᠤ᠂ ᠰᠤᠷᠭᠠᠭᠤᠯᠢᠯᠠᠬᠤ︾ ᠶᠢ ︽ᠳᠣᠲᠣᠷ᠎ᠠ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠭᠤᠯᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠪᠦᠬᠦ ᠶᠠᠪᠤᠴᠠ ᠳᠤ ᠪᠦᠷᠬᠦᠭᠦᠯᠵᠦ᠂ ᠰᠤᠷᠤᠯᠴᠠᠬᠤ ᠳᠤᠮᠳᠠ ᠦᠵᠡᠯ ᠰᠠᠨᠠᠭᠠᠨ ᠤ ᠰᠠᠭᠤᠷᠢ ᠪᠠᠨ ᠪᠠᠲᠤᠳᠬᠠᠬᠤ ᠶᠢ ᠪᠠᠷᠢᠮᠲᠠᠯᠠᠵᠤ᠂ ᠬᠦᠷᠦᠯᠴᠡᠬᠦ ᠦᠭᠡᠢ ᠲᠠᠯ᠎ᠠ ᠪᠠᠨ ᠡᠷᠢᠵᠦ ᠳᠤᠲᠠᠭᠤᠳᠠᠯ ᠢᠶᠠᠨ ᠨᠥᠬᠦᠪᠥᠷᠢᠯᠡᠬᠦ ᠶᠢ ︽ᠳᠣᠲᠣᠷ᠎ᠠ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠭᠤᠯᠬᠤ ᠵᠠᠭᠤᠨ ᠡᠳᠦᠷ ᠤᠨ ᠪᠣᠭᠤᠮᠲᠠ ᠰᠢᠪᠲᠤᠯᠬᠤ ᠠᠵᠢᠯᠯᠠᠭ᠎ᠠ︾ ᠶᠢᠨ ᠪᠦᠬᠦ ᠲᠠᠯ᠎ᠠ ᠳᠤ ᠨᠡᠪᠲᠡᠷᠡᠭᠦᠯᠵᠦ᠂ ᠠᠵᠢᠯᠯᠠᠬᠤ᠂ ᠴᠡᠷᠢᠭ ᠪᠣᠯᠪᠠᠰᠤᠷᠠᠭᠤᠯᠬᠤ ᠶᠢ ᠵᠡᠷᠭᠡᠪᠡᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ᠃ ᠲᠤᠰᠬᠠᠢ ᠠᠵᠢᠯᠯᠠᠭ᠎ᠠ ᠶᠢᠨ ᠳᠤᠮᠳᠠ ᠪᠣᠳᠠᠲᠠᠢ ᠦᠷ᠎ᠡ ᠪᠦᠲᠦᠮᠵᠢ ᠶᠢ ᠴᠢᠬᠤᠯᠠᠴᠢᠯᠠᠵᠤ᠂ ᠰᠤᠷᠤᠯᠴᠠᠬᠤ ᠳᠤᠮᠳᠠ ᠪᠠᠨ ᠠᠵᠢᠯᠯᠠᠬᠤ᠂ ᠺᠠᠳ᠋ᠷ ᠢᠶᠠᠷ ᠳᠤᠮᠳᠠᠳᠤ ᠰᠤᠷᠭᠠᠭᠤᠯᠢ ᠳᠤ ᠰᠤᠷᠤᠯᠴᠠᠬᠤ ᠶᠢ ᠪᠠᠷᠢᠮᠲᠠᠯᠠᠵᠤ᠂ ᠰᠤᠷᠤᠯᠴᠠᠬᠤ ᠪᠠᠷ ᠠᠵᠢᠯᠯᠠᠬᠤ ᠶᠢ ᠠᠬᠢᠭᠤᠯᠵᠤ᠂ ᠠᠵᠢᠯᠯᠠᠬᠤ ᠪᠠᠷ ᠰᠤᠷᠤᠯᠴᠠᠬᠤ ᠶᠢ ᠠᠬᠢᠭᠤᠯᠵᠤ᠂ ᠪᠣᠯᠪᠠᠰᠤᠷᠠᠯ ᠢ ᠪᠦᠬᠦᠨ ᠢ ᠪᠦᠷᠬᠦᠬᠦᠯᠬᠦ᠂ ᠥᠨᠴᠥᠭ ᠪᠤᠯᠤᠩ ᠦᠭᠡᠢ ᠪᠣᠯᠭᠠᠬᠤ᠂ ᠰᠣᠬᠤᠷ ᠪᠠᠯᠠᠢ ᠭᠠᠵᠠᠷ ᠦᠭᠡᠢ ᠪᠠᠶᠢᠬᠤ ᠶᠢ ᠪᠡᠶᠡᠯᠡᠭᠦᠯᠵᠦ᠂ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠤᠯᠴᠠᠬᠤ ᠶᠢ ᠰᠡᠳᠬᠢᠬᠦ ᠬᠡᠷᠡᠭᠯᠡᠬᠦ ᠶᠢ ᠨᠡᠪᠲᠡᠷᠡᠲᠡᠯ᠎ᠡ ᠲᠤᠤᠱᠯᠠᠭᠤᠯᠬᠤ᠂ ᠮᠡᠳᠡᠬᠦ ᠶᠢ ᠢᠲᠡᠭᠡᠬᠦ ᠠᠵᠢᠯᠯᠠᠭ᠎ᠠ ᠶᠢ ᠨᠢᠭᠡᠳᠦᠯᠲᠡᠢ ᠪᠠᠶᠢᠯᠭᠠᠬᠤ ᠶᠢ ᠪᠡᠶᠡᠯᠡᠭᠦᠯᠬᠦ ᠬᠡᠷᠡᠭᠲᠡᠢ᠃  ᠸᠠᠩ ᠵᠢᠶ ᠴᠧᠩ ᠴᠢᠬᠤᠯᠠᠴᠢᠯᠠᠭᠰᠠᠨ ᠨᠢ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ︽ᠳᠣᠲᠣᠷ᠎ᠠ ᠲᠠᠮᠢᠷ ᠢᠶᠠᠨ ᠵᠠᠭᠤᠨ ᠡᠳᠦᠷ ᠤᠨ ᠪᠡᠷᠬᠡ ᠰᠡᠳᠦᠪ ᠢ ᠰᠢᠢᠳᠪᠤᠷᠢᠯᠡᠬᠦ ᠠᠵᠢᠯᠯᠠᠭ᠎ᠠ︾ ᠨᠢ ᠦᠵᠡᠯ ᠰᠠᠨᠠᠭ᠎ᠠ ᠣᠨᠣᠯ ᠤᠨ ᠲᠠᠯ᠎ᠠ ᠪᠠᠷ ︽ᠶᠡᠭᠡ ᠰᠤᠷᠤᠯᠴᠠᠯᠭ᠎ᠠ︾᠂ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠲᠠᠯ᠎ᠠ ᠪᠠᠷ ︽ᠶᠡᠭᠡ ᠰᠤᠳᠤᠯᠤᠨ ᠶᠠᠷᠢᠯᠴᠠᠭ᠎ᠠ︾᠂ ᠪᠣᠳᠠᠲᠤ ᠪᠠᠶᠢᠯᠳᠤᠭᠠᠨ ᠤ ᠤᠷ᠎ᠠ ᠮᠡᠷᠭᠡᠵᠢᠯ ᠤᠨ ᠲᠠᠯ᠎ᠠ ᠪᠠᠷ ︽ᠶᠡᠭᠡ ᠰᠤᠷᠭᠠᠭᠤᠯᠢᠯᠠᠯ︾᠂ ᠰᠦᠯᠵᠢᠶᠡᠨ ᠤ ᠲᠤᠭ᠎ᠠ ᠪᠠᠷᠢᠮᠲᠠ ᠶᠢᠨ ᠲᠠᠯ᠎ᠠ ᠪᠠᠷ ︽ᠶᠡᠭᠡ ᠬᠡᠷᠡᠭᠯᠡᠯᠲᠡ︾᠂ ᠬᠡᠷᠡᠭ ᠢᠶᠠᠷ ᠥᠭᠡᠷᠡᠴᠢᠯᠡᠯᠲᠡ ᠶᠢ ᠠᠬᠢᠭᠤᠯᠬᠤ ᠲᠠᠯ᠎ᠠ ᠪᠠᠷ ︽ᠦᠨᠳᠦᠰᠦᠨ ᠵᠦᠢᠯ ᠢ ᠶᠡᠭᠡ ᠪᠠᠷ ᠳᠡᠭᠡᠭᠰᠢᠯᠡᠭᠦᠯᠬᠦ︾ ᠲᠠᠪᠤᠨ ᠲᠠᠯ᠎ᠠ ᠪᠠᠷ ᠥᠷᠨᠢᠭᠦᠯᠦᠭᠰᠡᠨ ᠪᠠᠶᠢᠨ᠎ᠠ᠃ ᠪᠥᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠲᠣᠰ ᠲᠣᠰ ᠤᠨ ᠬᠠᠷᠢᠭᠤᠴᠠᠯᠭ᠎ᠠ ᠪᠠᠨ ᠭᠦᠶ᠋ᠴᠡᠳᠬᠡᠵᠦ᠂ ︽ᠳᠥᠷᠪᠡᠨ ᠤᠬᠠᠮᠰᠠᠷ︾ ᠢ ᠦᠨᠡᠨ ᠬᠦ ᠪᠣᠶ ᠪᠣᠯᠭᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠨ᠂ ︽ᠬᠤᠶᠠᠷ ᠢ ᠬᠠᠮᠠᠭᠠᠯᠠᠬᠤ︾ ᠶᠢ ᠣᠶᠢᠯᠡᠳᠤᠯᠭᠡᠵᠢᠬᠦᠯᠵᠤ᠂ ᠪᠥᠬᠦ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷᠴᠤᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢᠨ ᠬᠡᠪ ᠴᠢᠨᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠶᠢᠨ ᠲᠥᠯᠥᠭᠡ᠂ ᠰᠢᠨ᠎ᠡ ᠴᠠᠭ ᠦᠶ᠎ᠡ ᠶᠢᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠶ ᠬᠥᠭᠵᠢᠯᠲᠡ ᠶᠢ ᠪᠡᠶᠡᠯᠡᠭᠦᠯᠬᠦ ᠬᠡᠷᠡᠭᠲᠡᠶ᠃  ᠸᠠᠩ ᠵᠢᠢ ᠴᠧᠩ᠂ ᠲᠤᠰ ᠤᠳᠠᠭ᠎ᠠ ᠶᠢᠨ ︽ᠵᠠᠭᠤᠨ ᠡᠳᠦᠷ ᠤᠨ ᠳᠣᠲᠣᠷ᠎ᠠ ᠲᠠᠮᠢᠷ ᠢᠶᠠᠨ ᠬᠠᠲᠠᠭᠤᠵᠢᠯᠲᠠᠢ ᠪᠣᠯᠪᠠᠰᠤᠷᠠᠭᠤᠯᠬᠤ ᠪᠣᠭᠤᠮᠲᠠ ᠰᠢᠪᠲᠤᠯᠬᠤ ᠠᠵᠢᠯᠯᠠᠭ᠎ᠠ︾ ᠨᠢ ᠬᠠᠷᠠᠯᠲᠠ ᠶᠢᠨ ᠤᠬᠠᠭᠠᠨ ᠳᠤ ᠲᠦᠰᠢᠭᠯᠡᠵᠦ᠂ ᠺᠠᠳ᠋ᠷ ᠤᠨ ᠦᠰᠦᠭ ᠪᠢᠴᠢᠭ ᠤᠨ ᠶᠡᠷᠦᠩᠬᠡᠶᠢᠯᠡᠯ᠂ ᠦᠵᠡᠯ ᠰᠠᠨᠠᠭ᠎ᠠ ᠤᠯᠤᠰ ᠲᠦᠷᠦ᠂ ᠶᠠᠷᠢᠯᠴᠠᠭ᠎ᠠ ᠶᠢᠨ ᠰᠢᠪᠲᠤᠯᠤᠯᠲᠠ᠂ ᠭᠡᠷᠡᠴᠢ ᠪᠠᠷᠢᠮᠲᠠ ᠶᠢ ᠰᠢᠯᠵᠢᠭᠦᠯᠦᠨ ᠠᠪᠬᠤ ᠪᠠ ᠬᠢᠨᠠᠨ ᠬᠠᠷᠭᠤᠭᠤᠯᠬᠤ ᠴᠢᠳᠠᠪᠤᠷᠢ ᠶᠢ ᠳᠡᠭᠡᠭᠰᠢᠯᠡᠭᠦᠯᠬᠦ ᠪᠠᠷ ᠬᠠᠷᠠᠯᠲᠠ ᠪᠣᠯᠭᠠᠵᠤ᠂ ᠲᠤᠰ ᠤᠳᠠᠭ᠎ᠠ ᠶᠢᠨ ᠠᠵᠢᠯᠯᠠᠭ᠎ᠠ ᠶᠢᠨ ᠠᠵᠠ ᠲᠣᠬᠢᠶᠠᠯ ᠢ ᠠᠰᠢᠭᠯᠠᠨ᠂ ᠯᠠᠪᠳᠠᠭᠤᠨ ᠪᠠᠲᠤᠲᠠᠢ ᠪᠠᠷ ᠪᠦᠬᠦ ᠰᠢᠰᠲ᠋ᠧᠮ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠶᠢ ᠢᠯᠡᠳᠲᠡ ᠳᠡᠭᠡᠭᠰᠢᠯᠡᠭᠦᠯᠬᠦ ᠬᠡᠷᠡᠭᠲᠡᠢ︔ ᠦᠷ᠎ᠡ ᠳ᠋ᠦᠩ ᠤᠨ ᠰᠤᠷᠤᠯᠴᠠᠯᠭ᠎ᠠ ᠳᠤ ᠵᠢᠳᠬᠦᠵᠦ᠂ ᠦᠷ᠎ᠡ ᠪᠦᠲᠦᠮᠵᠢ ᠶᠢᠨ ᠦᠵᠡᠯᠲᠡ ᠶᠢᠨ ᠤᠬᠠᠮᠰᠠᠷ ᠢ ᠪᠤᠢ ᠪᠣᠯᠭᠠᠵᠤ᠂ ᠥᠨᠳᠥᠷ ᠪᠠᠷᠢᠮᠵᠢᠶ᠎ᠠ᠂ ᠴᠢᠩᠭ᠎ᠠ ᠱᠠᠭᠠᠷᠳᠠᠯᠭ᠎ᠠ ᠶᠢ ᠪᠠᠷᠢᠮᠲᠠᠯᠠᠨ ᠠᠵᠢᠯᠯᠠᠭ᠎ᠠ ᠥᠷᠨᠢᠭᠦᠯᠵᠦ᠂ ᠠᠵᠢᠯᠯᠠᠭ᠎ᠠ ᠪᠦᠬᠦᠨ ᠳᠤ ᠵᠢᠯᠤᠭᠤᠳᠤᠯᠭ᠎ᠠ ᠶᠢ ᠳᠠᠭᠠᠵᠤ᠂ ᠤᠶᠤᠨ ᠤ ᠬᠢᠨᠠᠯᠲᠠ ᠨᠡᠪᠲᠡᠷᠡᠯᠴᠡᠭᠡ᠂ ᠲᠤᠰᠬᠠᠢ ᠬᠡᠷᠡᠭ ᠤᠨ ᠡᠷᠳᠡᠨᠢ ᠵᠡᠷᠭᠡ ᠡᠯ᠎ᠡ ᠲᠦᠷᠦᠯ ᠤᠨ ᠲᠤᠰᠬᠠᠢ ᠮᠡᠷᠭᠡᠵᠢᠯ ᠤᠨ ᠠᠷᠭ᠎ᠠ ᠪᠠᠷᠢᠯ ᠢᠶᠠᠷ ᠲᠤᠮᠤ ᠳ᠋ᠠᠶᠢᠲ᠋ᠠ ᠶᠢᠨ ᠴᠢᠳᠠᠪᠤᠷᠢ ᠶᠢ ᠦᠨᠡᠨᠬᠦ ᠪᠠᠳᠠᠷᠠᠭᠤᠯᠵᠤ᠂ ᠲᠤᠰ ᠤᠳᠠᠭ᠎ᠠ ᠶᠢᠨ ᠠᠵᠢᠯᠯᠠᠭ᠎ᠠ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠳᠡᠮᠵᠢᠬᠦ ᠬᠡᠷᠡᠭᠲᠡᠢ︔ ᠮᠡᠳᠡᠯᠭᠡ ᠶᠢᠨ ᠤᠷᠤᠯᠳᠤᠭᠠᠨ᠂ ᠪᠠᠶᠢᠭᠤᠯᠤᠯᠭ᠎ᠠ ᠶᠢᠨ ᠤᠷᠤᠢ ᠶᠢᠨ ᠰᠤᠷᠭᠠᠭᠤᠯᠢ ᠵᠡᠷᠭᠡ ᠡᠯ᠎ᠡ ᠵᠦᠢᠯ ᠤᠨ ᠬᠡᠯᠪᠡᠷᠢ ᠶᠢ ᠳ᠋ᠦᠩᠨᠡᠬᠦ᠂ ᠳᠡᠭᠡᠭᠰᠢᠯᠡᠭᠦᠯᠬᠦ ᠶᠢ ᠰᠠᠶᠢᠲᠤᠷ ᠬᠢᠵᠦ᠂ ᠰᠤᠷᠤᠯᠴᠠᠯᠭ᠎ᠠ ᠪᠠ ᠦᠢᠯᠡᠳᠦᠯᠭᠡ ᠶᠢ ︽ᠵᠠᠭᠤᠨ ᠡᠳᠦᠷ ᠤᠨ ᠪᠣᠭᠤᠮᠲᠠ ᠰᠢᠪᠲᠤᠯᠬᠤ︾ ᠪᠦᠬᠦ ᠶᠠᠪᠤᠴᠠ ᠳᠤ ᠨᠡᠪᠲᠡᠷᠡᠭᠦᠯᠵᠦ᠂ ᠪᠦᠬᠦ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠤᠪᠢ ᠬᠥᠮᠦᠨ ᠤ ᠴᠢᠳᠠᠪᠤᠷᠢ ᠂ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠶᠠᠰᠤ ᠴᠢᠨᠠᠷ ᠤᠨ ᠳᠡᠭᠡᠭᠰᠢᠯᠡᠯᠲᠡ ᠲᠠᠢ ᠪᠣᠯᠭᠠᠬᠤ ᠬᠡᠷᠡᠭᠲᠡᠢ︔ ᠡᠭᠦᠨ ᠤ ᠬᠠᠮᠲᠤ ᠪᠠᠰᠠ ᠤᠬᠠᠭᠤᠯᠤᠨ ᠮᠡᠳᠡᠭᠡᠯᠡᠬᠦ ᠠᠵᠢᠯ ᠢ ᠰᠠᠶᠢᠲᠤᠷ ᠬᠢᠬᠦ ᠬᠡᠷᠡᠭᠲᠡᠶ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号