︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾ ᠤᠨ ᠨᠡᠷ᠎ᠡ | | 1. ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠠᠠᠴᠠᠵᠢᠭᠤᠯᠥᠨ ᠡᠷᠬᠡ ᠶᠢ ᠨᠤᠲᠠᠯᠠᠨ ᠳᠡᠩᠰᠡᠯᠡᠵᠦ ᠲᠡᠮᠳᠡᠭᠯᠡᠬᠦ᠄ | ᠮᠠᠯᠵᠢᠬᠤ ᠲᠠᠷᠢᠶᠠᠯᠠᠬᠤ ᠣᠷᠣᠨ ᠤ ᠬᠡᠷ ᠪᠠᠶᠢᠰᠢᠩ ᠤᠨ ᠰᠠᠭᠤᠷᠢ ᠭᠠᠵᠠᠷ ᠪᠠ ᠬᠠᠮᠲᠤ ᠶᠢᠨ ᠪᠥᠲᠥᠭᠡᠨ | ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠶ ᠶᠢᠨ ᠬᠡᠷᠡᠭᠯᠡᠬᠦ ᠡᠷᠬᠡ ᠵᠢᠴᠢ ᠭᠠᠵᠠᠷ ᠳᠡᠭᠡᠷᠡᠬᠢ ᠪᠠᠷᠢᠯᠭ᠎ᠠ᠂ | ᠪᠠᠷᠢᠯᠭ᠎ᠠ ᠶᠢᠨ ᠡᠳ᠋ ᠲᠤ ᠨᠢᠭᠡᠳᠦᠯᠲᠡᠶ ᠡᠷᠬᠡ ᠶᠢᠨ ᠬᠠᠷᠢᠶ᠎ᠠ ᠶᠢᠨ ᠪᠠᠶᠢᠴᠠᠭᠠᠯᠲᠠ᠂ ᠨᠢᠭᠡᠳᠦᠯᠲᠡᠶ ᠡᠷᠬᠡ ᠶᠢ ᠨᠤᠲᠠᠯᠠᠨ | ᠳᠡᠩᠰᠡᠯᠡᠵᠦ᠂ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠠᠴᠠᠵᠢᠭᠤᠯᠥᠨ ᠥᠯᠥ ᠬᠥᠳᠡᠯᠬᠦ ᠬᠥᠷᠥᠩᠭᠡ ᠶᠢᠨ | ᠡᠷᠬᠡ ᠶᠢᠨ ᠦᠨᠡᠮᠯᠡᠯ ᠢ ᠨᠢᠭᠡᠳᠦᠯᠲᠡᠶ ᠣᠯᠭᠤᠬᠤ ᠶᠢ ᠵᠢᠭᠠᠵᠤ ᠪᠣᠶ᠃ | 2. ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ ᠥᠭᠡᠷᠡᠴᠢᠯᠡᠯᠲᠡ᠄ ︽ᠪᠠᠭᠤᠯᠭᠠᠬᠤ︾ ᠭᠡᠳᠡᠭ ᠨᠢ | ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠣᠷᠣᠬᠤ ᠵᠥᠪᠰᠢᠶᠡᠷᠡᠯ ᠤᠨ ᠪᠠᠷᠢᠮᠵᠢᠶ᠎ᠠ ᠶᠢ | ᠳᠣᠷᠣᠭᠰᠢᠯᠠᠭᠤᠯᠬᠤ ᠶᠢ ᠬᠡᠯᠡᠵᠦ ᠪᠠᠶᠢᠨ᠎ᠠ ︽ᠬᠠᠮᠢᠶᠠᠷᠬᠤ︾ ᠭᠡᠳᠡᠭ ᠨᠢ ᠳᠠᠷᠤᠶ ᠬᠢᠨᠠᠯᠲᠠ ᠬᠠᠮᠢᠶᠠᠷᠤᠯᠲᠠ ᠶᠢᠨ | ᠲᠠᠯ᠎ᠠ ᠪᠠᠷ ᠰᠢᠨ᠎ᠡ ᠶᠢ ᠡᠭᠦᠳᠴᠦ᠂ ᠭᠤᠣᠯᠴᠢ ᠥᠷᠢᠰᠥᠯᠳᠦᠭᠡᠨ ᠢ ᠠᠬᠢᠭᠤᠯᠬᠤ ᠶᠠᠪᠤᠳᠠᠯ ᠪᠣᠯᠤᠨ᠎ᠠ︔ ︽ | ᠤᠶᠢᠯᠡᠴᠢᠯᠡᠬᠦ︾ ᠭᠡᠳᠡᠭ ᠨᠢ ᠳᠠᠷᠤᠶ ᠥᠨᠳᠥᠷ ᠪᠦᠲᠦᠮᠵᠢᠲᠡᠶ ᠤᠶᠢᠯᠡᠴᠢᠯᠡᠭᠡ ᠬᠠᠩᠭᠠᠵᠤ᠂ ᠳᠥᠭᠦᠮ ᠳᠥᠲᠡ | ᠣᠷᠴᠢᠨ ᠲᠣᠭᠤᠷᠢᠨ ᠢ ᠪᠣᠶ ᠪᠣᠯᠭᠠᠬᠤ ᠶᠢ ᠬᠡᠯᠡᠨ᠎ᠡ᠃ | 3. ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾᠄ ᠵᠠᠰᠠᠭ ᠵᠠᠬᠢᠷᠭᠠᠨ ᠤ ᠬᠢᠨᠠᠨ | ᠵᠥᠪᠰᠢᠶᠡᠷᠡᠬᠦ ᠡᠭᠦᠷᠭᠡ ᠴᠢᠳᠠᠪᠤᠷᠢ ᠶᠢ ᠨᠢᠭᠡ ᠰᠠᠯᠠᠭ᠎ᠠ ᠲᠠᠰᠤᠭ ᠲᠤ ᠲᠥᠪᠯᠡᠷᠡᠭᠦᠯᠬᠦ ᠶᠢ ᠵᠢᠭᠠᠵᠤ ᠪᠣᠶ︔ ᠬᠢᠨᠠᠨ | ᠵᠥᠪᠰᠢᠶᠡᠷᠡᠬᠦ ᠡᠭᠦᠷᠭᠡ ᠴᠢᠳᠠᠪᠤᠷᠢ ᠶᠢ ᠡᠭᠦᠷᠭᠡᠯᠡᠬᠦ ᠰᠠᠯᠠᠭ᠎ᠠ ᠲᠠᠰᠤᠭ ᠢ ᠵᠠᠰᠠᠭ ᠤᠨ ᠶᠠᠪᠤᠳᠠᠯ ᠤᠨ ᠤᠶᠢᠯᠡᠴᠢᠯᠡᠬᠡᠨ ᠤ | ᠶᠡᠭᠡ ᠲᠢᠩᠬᠢᠮ ᠳᠤ ᠲᠥᠪᠯᠡᠷᠡᠭᠦᠯᠦᠨ᠎ᠡ︔ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠤᠶᠢᠯᠡᠰ ᠢ ᠡᠯᠧᠺᠲᠷᠣᠨ | ᠵᠠᠰᠠᠭ ᠤᠨ ᠶᠠᠪᠤᠳᠠᠯ ᠤᠨ ᠤᠴᠢᠷ ᠶᠠᠪᠤᠳᠠᠯ ᠤᠨ ᠶᠡᠭᠡ ᠲᠢᠩᠬᠢᠮ ᠳᠤ ᠣᠷᠣᠵᠤ ᠰᠠᠭᠤᠬᠤ᠂ ᠬᠢᠨᠠᠨ ᠵᠥᠪᠰᠢᠶᠡᠷᠡᠬᠦ | ᠡᠷᠬᠡ ᠣᠯᠭᠤᠬᠤ᠂ ᠴᠣᠩᠬᠤᠪᠴᠢ ᠬᠠᠩᠭᠠᠬᠤ᠂ ᠡᠯᠧᠺᠲᠷᠣᠨ ᠢᠶᠠᠷ ᠬᠢᠨᠠᠨ ᠪᠠᠶᠢᠴᠠᠭᠠᠬᠤ ᠶᠢ ᠪᠣᠳᠠᠲᠠᠶᠢᠵᠢᠭᠤᠯᠤᠨ᠎ᠠ᠃ | 4.ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ᠄ ᠪᠤᠢ ᠪᠣᠯᠤᠭᠰᠠᠨ | ᠳᠤᠮᠳᠠᠳᠤ ᠶᠢᠨ ᠦᠨᠳᠦᠰᠦᠲᠡᠨ ᠤ ᠲᠡᠦᠬᠡ ᠰᠣᠶᠣᠯ ᠤᠨ ᠬᠠᠷᠢᠯᠴᠠᠭ᠎ᠠ ᠲᠠᠢ᠂ ᠠᠵᠤ ᠠᠬᠤᠶ ᠶᠢᠨ ᠠᠵᠢᠯᠯᠠᠭ᠎ᠠ ᠶᠢᠨ | ᠣᠨᠴᠠᠯᠢᠭ ᠪᠠ ᠰᠡᠳᠬᠢᠴᠡ ᠶᠢᠨ ᠬᠡᠪ ᠴᠢᠨᠠᠷ ᠢ ᠲᠣᠭᠲᠠᠪᠤᠷᠢᠵᠢᠭᠤᠯᠤᠭᠰᠠᠨ ᠦᠨᠳᠦᠰᠦᠲᠡᠨ ᠤ ᠶᠡᠷᠦᠩᠬᠡᠶ ᠴᠣᠭᠴᠠ ᠶᠢ | ᠵᠢᠭᠠᠵᠤ ᠪᠠᠶᠢᠨ᠎ᠠ᠃ | 5.︽ᠲᠤᠯᠤᠭᠠᠨ ᠬᠥᠮᠦᠨ ᠢ ᠲᠦᠭᠡᠮᠡᠯᠵᠢᠭᠦᠯᠬᠦ︾᠂ ︽ᠲᠦᠷᠪᠡᠨ ᠠᠵᠤ ᠠᠬᠤᠶ ᠶᠢ ᠲᠦᠭᠡᠮᠡᠯᠵᠢᠭᠦᠯᠬᠦ︾᠄ | ᠪᠦᠬᠦ ᠤᠯᠤᠰ ᠤᠨ ᠳᠣᠯᠣᠳᠤᠭᠠᠷ ᠤᠳᠠᠭᠠᠨ ᠤ ᠬᠥᠮᠦᠨ ᠠᠮᠠ ᠶᠢᠨ ᠨᠡᠶᠢᠳᠡᠮ ᠪᠠᠶᠢᠴᠠᠭᠠᠯᠲᠠ ᠪᠠ ᠪᠦᠬᠦ ᠤᠯᠤᠰ ᠤᠨ | ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠬᠡᠯᠡᠵᠦ ᠪᠠᠶᠢᠨ᠎ᠠ᠃ | 6.︽ᠭᠤᠷᠪᠠᠨ ᠴᠢᠬᠤᠯᠠ ᠨᠢᠭᠡ ᠶᠡᠭᠡ︾ ᠶᠢᠨ ᠵᠦᠢᠯᠡᠰ᠄ ᠴᠢᠬᠤᠯᠠ ᠶᠡᠭᠡ ᠵᠦᠢᠯᠡᠰ ᠤᠨ ᠲᠤᠬᠠᠶ | ᠰᠢᠢᠳᠪᠤᠷᠢᠳᠤ ᠪᠤᠳᠤᠯᠭ᠎ᠠ ᠲᠣᠭᠲᠠᠭᠠᠬᠤ᠂ ᠴᠢᠬᠤᠯᠠ ᠺᠠᠳ᠋ᠷ ᠢ ᠲᠣᠮᠢᠯᠠᠵᠤ ᠪᠠᠭᠤᠯᠭᠠᠬᠤ᠂ ᠴᠢᠬᠤᠯᠠ ᠶᠡᠭᠡ | ᠵᠦᠢᠯᠡᠰ ᠤᠨ ᠪᠡᠯᠡ ᠣᠷᠣᠭᠤᠯᠤᠯᠲᠠ ᠶᠢᠨ ᠲᠤᠬᠠᠶ ᠰᠢᠢᠳᠪᠤᠷᠢᠳᠤ ᠪᠤᠳᠤᠯᠭ᠎ᠠ ᠲᠣᠭᠲᠠᠭᠠᠬᠤ ᠪᠠ ᠶᠡᠭᠡ ᠲᠣᠭᠠᠨ ᠤ | ᠪᠡᠯᠡ ᠮᠥᠩᠭᠦ ᠶᠢᠨ ᠬᠡᠷᠡᠭᠯᠡᠯᠲᠡ ᠶᠢ ᠵᠢᠭᠠᠵᠤ ᠪᠠᠶᠢᠨ᠎ᠠ᠃ | 7. ︽ᠳᠥᠷᠪᠡᠨ ᠤᠬᠠᠮᠰᠠᠷ︾ ᠭᠡᠳᠡᠭ ᠨᠢ ᠤᠯᠤᠰ ᠲᠥᠷᠥ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ | ᠭᠤᠣᠯᠯᠠᠬᠤ ᠤᠬᠠᠮᠰᠠᠷ᠂ ᠨᠢᠭᠡᠳᠦᠯᠲᠡᠶ ᠪᠠᠶᠢᠬᠤ ᠤᠬᠠᠮᠰᠠᠷ ᠢ ᠵᠢᠭᠠᠵᠤ ᠪᠠᠶᠢᠨ᠎ᠠ᠃ | 8. ︽ᠳᠥᠷᠪᠡᠨ ᠢᠲᠡᠭᠡᠯ︾᠄ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠵᠠᠮ ᠤᠨ | ᠢᠲᠡᠭᠡᠯ᠂ ᠣᠨᠣᠯ ᠤᠨ ᠢᠲᠡᠭᠡᠯ᠂ ᠪᠠᠶᠢᠭᠤᠯᠤᠯ ᠤᠨ ᠢᠲᠡᠭᠡᠯ᠂ ᠰᠣᠶᠣᠯ ᠤᠨ ᠢᠲᠡᠭᠡᠯ ᠢ ᠵᠢᠭᠠᠵᠤ ᠪᠠᠶᠢᠨ᠎ᠠ᠃ | 9. ︽ᠬᠤᠶᠠᠷ ᠢ ᠬᠠᠮᠠᠭᠠᠯᠠᠬᠤ︾᠄ ᠰᠢ ᠶᠢᠨ ᠫᠢᠩ ᠶᠡᠷᠦᠩᠬᠡᠢ ᠱᠦᠵᠢ ᠨᠠᠮ ᠤᠨ ᠲᠥᠪ ᠬᠤᠷᠢᠶᠠᠨ ᠤ | ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠡᠷᠡᠰ ᠬᠠᠮᠠᠭᠠᠯᠠᠵᠤ᠂ ᠨᠠᠮ ᠤᠨ ᠲᠥᠪ | ᠬᠤᠷᠢᠶᠠᠨ ᠤ ᠡᠷᠬᠡ ᠰᠦᠷ ᠪᠣᠯᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠶᠢ ᠡᠷᠡᠰ ᠬᠠᠮᠠᠭᠠᠯᠠᠬᠤ ᠶᠢ ᠵᠢᠭᠠᠵᠤ | ᠪᠤᠢ᠃ | 10. ︽ᠬᠤᠣᠰ ᠨᠡᠭᠦᠷᠡᠰᠦᠲᠥ᠋ᠷᠥᠭᠴᠢ︾ ᠶᠢᠨ ᠬᠠᠷᠠᠯᠲᠠ᠄ ᠳᠤᠮᠳᠠᠳᠤ ᠤᠯᠤᠰ ᠤᠨ ᠳᠤᠷᠠᠳᠤᠭᠰᠠᠨ ᠬᠤᠶᠠᠷ | ᠱᠠᠲᠤᠨ ᠤ ᠨᠡᠭᠦᠷᠡᠰᠦᠲᠥ᠋ᠷᠥᠭᠴᠢ ᠶᠢᠨ ᠭᠠᠳᠠᠭᠰᠢᠯᠠᠭᠤᠯᠤᠯᠲᠠ ᠶᠢ ᠪᠠᠭᠠᠰᠬᠠᠬᠤ ᠲᠡᠮᠡᠴᠡᠬᠦ ᠬᠠᠷᠠᠯᠲᠠ ᠶᠢ ᠵᠢᠭᠠᠵᠤ ᠪᠤᠢ᠂ | ᠲᠤᠬᠠᠶᠢᠯᠠᠪᠠᠯ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠪᠠ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠵᠤ᠂ | 2030 ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠤᠷᠬᠢᠯ ᠳᠤ ᠬᠦᠷᠭᠡᠬᠦ ᠶᠢ ᠪᠡᠶᠡᠯᠡᠭᠦᠯᠵᠦ᠂ 2060 | ᠣᠨ ᠠᠴᠠ ᠡᠮᠦᠨ᠎ᠡ ᠨᠡᠭᠦᠷᠡᠰᠦᠲᠥ᠋ᠷᠥᠭᠴᠢ ᠶᠢ ᠰᠠᠭᠠᠷᠮᠠᠭᠵᠢᠭᠤᠯᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃ | 11. ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ᠄ ᠰᠢᠨ᠎ᠡ ᠳᠤᠮᠳᠠᠳᠤ ᠤᠯᠤᠰ ᠪᠠᠶᠢᠭᠤᠯᠤᠭᠳᠠᠭᠰᠠᠨ | 100 ᠵᠢᠯ ᠤᠨ ᠤᠢ ᠪᠣᠯᠬᠤ ᠦᠶ᠎ᠡ ᠳᠤ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ | ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ | ᠪᠠᠶᠢᠭᠤᠯᠬᠤ ᠶᠢ ᠵᠢᠭᠠᠵᠤ ᠪᠤᠢ᠃ | 12. ︽ᠨᠢᠭᠡ ᠪᠦᠰᠡ ᠨᠢᠭᠡ ᠵᠠᠮ︾ ᠪᠣᠯ ︽ᠲᠣᠷᠭᠠᠨ ᠵᠠᠮ ᠤᠨ ᠠᠵᠤ ᠠᠬᠤᠶ ᠶᠢᠨ ᠪᠦᠰᠡ︾ ᠪᠠ ︽21 | ᠳ᠋ᠤᠭᠡᠷ ᠵᠠᠭᠤᠨ ᠤ ᠳᠠᠯᠠᠶ ᠳᠡᠭᠡᠷᠡᠬᠢ ᠲᠣᠷᠭᠠᠨ ᠵᠠᠮ︾ ᠤᠨ ᠲᠣᠪᠴᠢ ᠨᠡᠷᠡᠶᠢᠳᠦᠯ ᠪᠣᠯᠤᠨ᠎ᠠ᠃ ︽ᠨᠢᠭᠡ ᠪᠦᠰᠡ ᠨᠢᠭᠡ | ᠵᠠᠮ︾ ᠨᠢ ᠡᠷᠲᠡᠨ ᠤ ᠲᠣᠷᠭᠠᠨ ᠵᠠᠮ ᠤᠨ ᠲᠡᠦᠬᠡ ᠶᠢᠨ ᠲᠡᠮᠳᠡᠭ ᠢ ᠵᠢᠭᠡᠯᠡᠨ ᠬᠡᠷᠡᠭᠯᠡᠵᠦ᠂ ᠡᠩᠬᠡ ᠲᠠᠶᠢᠪᠤᠩ | ᠬᠥᠭᠵᠢᠯᠲᠡ ᠶᠢᠨ ᠲᠤᠭ ᠢ ᠥᠨᠳᠥᠷ ᠮᠠᠨᠳᠤᠭᠤᠯᠵᠤ᠂ ᠵᠠᠮ ᠳᠠᠭᠠᠤ ᠶᠢᠨ ᠤᠯᠤᠰ ᠯᠤᠭ᠎ᠠ ᠶᠢᠨ ᠠᠵᠤ ᠠᠬᠤᠢ ᠶᠢᠨ | ᠬᠠᠮᠲᠤᠷᠠᠯᠴᠠᠭᠠᠨ ᠤ ᠬᠠᠨᠢᠲᠠᠨ ᠤ ᠬᠠᠷᠢᠯᠴᠠᠭ᠎ᠠ ᠶᠢ ᠢᠳᠡᠪᠬᠢᠲᠡᠢ ᠬᠥᠭᠵᠢᠭᠦᠯᠵᠦ᠂ ᠤᠯᠤᠰ ᠲᠦᠷᠦ ᠶᠢᠨ ᠢᠲᠡᠭᠡᠯᠴᠡᠭᠡ | ᠂ ᠠᠵᠤ ᠠᠬᠤᠢ ᠶᠢᠨ ᠠᠭᠤᠰᠤᠯᠴᠠᠯ᠂ ᠰᠣᠶᠣᠯ ᠤᠨ ᠪᠠᠭᠲᠠᠭᠠᠮᠵᠢᠲᠠᠢ ᠠᠰᠢᠭ ᠲᠤᠰᠠ ᠶᠢᠨ ᠬᠠᠮᠲᠤ ᠶᠢᠨ ᠴᠣᠭᠴᠠ᠂ | ᠬᠤᠪᠢ ᠵᠠᠶᠠᠭᠠᠨ ᠤ ᠬᠠᠮᠲᠤ ᠶᠢᠨ ᠴᠣᠭᠴᠠ ᠪᠣᠯᠤᠨ ᠬᠠᠷᠢᠭᠤᠴᠠᠯᠭ᠎ᠠ ᠶᠢᠨ ᠬᠠᠮᠲᠤ ᠶᠢᠨ ᠴᠣᠭᠴᠠ ᠶᠢ ᠬᠠᠮᠲᠤᠪᠠᠷ | ᠪᠠᠶᠢᠭᠤᠯᠬᠤ ᠪᠠᠷ ᠵᠣᠷᠢᠯᠭ᠎ᠠ ᠪᠣᠯᠭᠠᠭᠰᠠᠨ ᠶᠤᠮ᠃ | 13. ︽ᠬᠤᠶᠠᠷ ᠬᠠᠯᠬᠠᠪᠴᠢ︾᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ | ᠠᠬᠤᠶ ᠶᠢᠨ ᠠᠮᠤᠷ ᠲᠦᠪᠰᠢᠨ ᠤ ᠬᠠᠯᠬᠠᠪᠴᠢ᠂ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ | ᠬᠠᠯᠬᠠᠪᠴᠢ ᠪᠣᠯᠭᠠᠨ ᠪᠥᠲᠥᠭᠡᠨ ᠪᠠᠶᠢᠭᠤᠯᠬᠤ ᠶᠢ ᠵᠢᠭᠠᠵᠤ ᠪᠣᠶ᠃ | 14. ︽ᠬᠤᠶᠠᠷ ᠰᠠᠭᠤᠷᠢᠨ ᠭᠠᠵᠠᠷ︾᠄ ᠥᠪᠥᠷ ᠮᠣᠩᠭᠤᠯ ᠢ ᠮᠠᠨ ᠤ ᠤᠯᠤᠰ ᠤᠨ ᠪᠣᠬᠢᠷᠲᠤᠯ ᠥᠬᠡᠶ | ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠤᠶᠢᠯᠡᠳᠪᠤᠷᠢᠯᠡᠵᠤ ᠡᠳ᠋ᠰᠢᠭᠦᠯᠦᠨ ᠭᠠᠷᠭᠠᠬᠤ ᠴᠢᠬᠤᠯᠠ | ᠰᠠᠭᠤᠷᠢᠨ ᠭᠠᠵᠠᠷ᠂ ᠡᠨᠧᠷᠭᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠤᠨ ᠰᠠᠭᠤᠷᠢᠨ ᠭᠠᠵᠠᠷ ᠪᠣᠯᠭᠠᠨ | ᠪᠥᠲᠥᠭᠡᠨ ᠪᠠᠶᠢᠭᠤᠯᠬᠤ ᠶᠢ ᠵᠢᠭᠠᠵᠤ ᠪᠣᠶ᠃ | 15.︽ᠨᠢᠭᠡ ᠬᠥᠭᠦᠷᠭᠡ ᠶᠢᠨ ᠪᠠᠬᠢᠯᠡᠯᠲᠡ︾᠄ ᠥᠪᠥᠷ ᠮᠣᠩᠭᠤᠯ ᠢ ᠮᠠᠨ ᠤ ᠤᠯᠤᠰ ᠤᠨ ᠤᠮᠠᠷᠠᠰᠢ ᠨᠡᠭᠡᠭᠡᠯᠳᠡ | ᠬᠢᠬᠦ ᠴᠢᠬᠤᠯᠠ ᠪᠠᠬᠢᠯᠡᠯᠲᠡ ᠪᠣᠯᠭᠠᠨ ᠪᠦᠳᠦᠭᠡᠨ ᠪᠠᠶᠢᠭᠤᠯᠬᠤ ᠶᠢ ᠬᠡᠯᠡᠵᠦ ᠪᠠᠶᠢᠨ᠎ᠠ᠃ | 16. ︽ᠭᠤᠷᠪᠠᠨ ᠱᠤᠭᠤᠮ ᠨᠢᠭᠡ ᠬᠠᠭᠤᠳᠠᠰᠤ︾᠄ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ | ᠂ ᠣᠷᠴᠢᠨ ᠠᠬᠤᠶ ᠶᠢᠨ ᠶᠠᠰᠤ ᠴᠢᠨᠠᠷ ᠤᠨ ᠬᠢᠵᠠᠭᠠᠷ ᠱᠤᠭᠤᠮ᠂ ᠡᠬᠢ ᠪᠠᠶᠠᠯᠢᠭ ᠤᠨ ᠠᠰᠢᠭᠯᠠᠯᠲᠠ ᠶᠢᠨ ᠳᠡᠭᠡᠳᠦ | ᠱᠤᠭᠤᠮ ᠪᠠ ᠠᠮᠢ ᠠᠬᠤᠶ ᠶᠢᠨ ᠣᠷᠴᠢᠨ ᠨᠥᠬᠦᠴᠡᠯ ᠤᠨ ᠣᠷᠣᠬᠤ ᠵᠥᠪᠰᠢᠶᠡᠷᠡᠯ ᠤᠨ ᠲᠣᠳᠣᠷᠬᠠᠶ ᠬᠠᠭᠤᠳᠠᠰᠤ ᠶᠢ | ᠵᠢᠭᠠᠵᠤ ᠪᠣᠶ᠂ ᠡᠨᠡ ᠪᠣᠯ ᠠᠮᠢ ᠠᠬᠤᠶ ᠶᠢᠨ ᠣᠷᠴᠢᠨ ᠨᠥᠬᠦᠴᠡᠯ ᠤᠨ ᠬᠠᠮᠠᠭᠠᠯᠠᠯᠲᠠ ᠶᠢᠨ ᠨᠠᠷᠢᠯᠢᠬᠵᠢᠭᠤᠯᠤᠭᠰᠠᠨ | ᠬᠠᠮᠢᠶᠠᠷᠤᠯᠲᠠ ᠶᠢ ᠳᠥᠯᠭᠢᠨ ᠠᠬᠢᠭᠤᠯᠬᠤ᠂ ᠤᠯᠤᠰ ᠤᠨ ᠭᠠᠵᠠᠷ ᠰᠢᠷᠣᠶ ᠶᠢᠨ ᠣᠷᠣᠨ ᠵᠠᠶ ᠶᠢᠨ ᠣᠷᠴᠢᠨ | ᠨᠥᠬᠦᠴᠡᠯ ᠤᠨ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ᠂ ᠪᠣᠬᠢᠷᠲᠤᠯ ᠥᠬᠡᠶ ᠬᠥᠭᠵᠢᠯᠲᠡ ᠶᠢᠨ ᠴᠢᠨᠠᠷ ᠰᠠᠶᠢᠲᠠᠶ | ᠬᠥᠭᠵᠢᠯᠲᠡ ᠶᠢ ᠳᠥᠯᠭᠢᠨ ᠠᠬᠢᠭᠤᠯᠬᠤ ᠨᠢᠭᠡ ᠵᠤᠶᠢᠯ ᠤᠨ ᠴᠢᠬᠤᠯᠠ ᠠᠵᠢᠯ ᠮᠥᠨ᠃ | 17.︽ᠭᠤᠷᠪᠠᠨ ᠣᠷᠣᠨ ᠭᠤᠷᠪᠠᠨ ᠱᠤᠭᠤᠮ︾᠄ ᠬᠤᠲᠠ ᠪᠠᠯᠭᠠᠰᠤ ᠶᠢᠨ ᠣᠷᠣᠨ ᠵᠠᠶ᠂ ᠲᠠᠷᠢᠶᠠᠯᠠᠩ ᠤᠨ | ᠣᠷᠣᠨ ᠵᠠᠶ᠂ ᠠᠮᠢ ᠠᠬᠤᠶ ᠶᠢᠨ ᠣᠷᠣᠨ ᠵᠠᠶ ᠵᠡᠷᠭᠡ ᠭᠤᠷᠪᠠᠨ ᠵᠦᠢᠯ ᠤᠨ ᠲᠥᠷᠥᠯ ᠬᠡᠯᠪᠡᠷᠢ ᠶᠢᠨ ᠣᠷᠣᠨ ᠵᠠᠶ ᠶᠢ | ᠦᠨᠳᠦᠰᠦᠯᠡᠨ᠂ ᠬᠤᠪᠢᠶᠠᠷᠢᠯᠠᠨ ᠲᠣᠭᠲᠠᠭᠠᠭᠰᠠᠨ ᠬᠤᠲᠠ ᠪᠠᠯᠭᠠᠰᠤ ᠶᠢᠨ ᠨᠡᠭᠡᠭᠡᠨ ᠬᠥᠭᠵᠢᠭᠦᠯᠬᠦ ᠵᠠᠭᠠᠭ ᠬᠢᠵᠠᠭᠠᠷ᠂ | ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠤᠯᠠᠭᠠᠨ ᠱᠤᠭᠤᠮ᠂ ᠠᠮᠢ ᠠᠬᠤᠶ ᠶᠢᠨ | ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠬᠢᠵᠠᠭᠠᠷᠯᠠᠬᠤ ᠱᠤᠭᠤᠮ ᠲᠠᠢ ᠲᠤᠰ ᠲᠤᠰ ᠲᠣᠬᠢᠷᠠᠯᠴᠠᠬᠤ ᠶᠢ | ᠵᠢᠭᠠᠵᠤ ᠪᠠᠶᠢᠨ᠎ᠠ᠃ ︵︽ᠭᠤᠷᠪᠠᠨ ᠣᠷᠣᠨ ᠭᠤᠷᠪᠠᠨ ᠱᠤᠭᠤᠮ︾᠄ ᠡᠨᠡ ᠨᠢ ᠬᠤᠲᠠ ᠪᠠᠯᠭᠠᠰᠤ ᠶᠢᠨ ᠣᠷᠣᠨ ᠵᠠᠶ᠂ | ᠲᠠᠷᠢᠶᠠᠯᠠᠩ ᠤᠨ ᠣᠷᠣᠨ ᠵᠠᠶ᠂ ᠠᠮᠢ ᠠᠬᠤᠶ ᠶᠢᠨ ᠬᠠᠮᠠᠭᠠᠯᠠᠯᠲᠠ ᠶᠢᠨ ᠤᠯᠠᠭᠠᠨ ᠱᠤᠭᠤᠮ ᠵᠡᠷᠭᠡ ᠭᠤᠷᠪᠠᠨ ᠵᠦᠢᠯ ᠤᠨ | ᠬᠢᠵᠠᠭᠠᠷᠯᠠᠬᠤ ᠱᠤᠭᠤᠮ ᠢ ᠵᠢᠭᠠᠵᠤ ᠪᠠᠶᠢᠨ᠎ᠠ᠃ | 18.︽ᠡᠬᠢ ᠰᠤᠷᠪᠤᠯᠵᠢ ᠶᠢᠨ ᠲᠣᠣᠷ ᠤᠨ ᠨᠥᠭᠡᠴᠡᠯᠡᠯᠲᠡ︾᠄ ︽ᠴᠠᠬᠢᠯᠭᠠᠨ ᠡᠭᠦᠰᠬᠡᠭᠦᠷ᠂ ᠴᠠᠬᠢᠯᠭᠠᠨ | ᠲᠣᠣᠷ᠂ ᠠᠴᠢᠶ᠎ᠠ᠂ ᠡᠨᠧᠷᠭᠢ ᠬᠠᠳᠠᠭᠠᠯᠠᠬᠤ︾ ᠶᠢ ᠪᠦᠬᠦᠯᠢ ᠴᠣᠭᠴᠠ ᠪᠠᠷ ᠨᠢ ᠰᠢᠢᠳᠪᠤᠷᠢᠯᠡᠬᠦ ᠲᠥᠰᠦᠯ ᠢ | ᠪᠠᠭᠲᠠᠭᠠᠭᠰᠠᠨ ᠡᠵᠡᠩᠨᠡᠯᠲᠡ ᠶᠢᠨ ᠵᠠᠭᠪᠤᠷ ᠢ ᠵᠢᠭᠠᠵᠤ ᠪᠠᠶᠢᠨ᠎ᠠ᠂ ᠲᠡᠷᠡ ᠨᠢ ᠨᠡᠶᠢᠭᠡᠮ ᠤᠨ ᠲᠠᠰᠤᠯᠳᠠᠭᠤᠯᠵᠤ ᠪᠣᠯᠬᠤ | ᠴᠠᠬᠢᠯᠭᠠᠨ ᠬᠡᠷᠡᠭᠯᠡᠬᠦ ᠳᠠᠭᠠᠭᠠᠴᠠ ᠪᠠ ᠡᠨᠧᠷᠭᠢ ᠬᠠᠳᠠᠭᠠᠯᠠᠬᠤ ᠡᠬᠢ ᠪᠠᠶᠠᠯᠢᠭ ᠢ ᠨᠠᠷᠢᠯᠢᠭ ᠣᠨᠣᠴᠠᠲᠠᠶ ᠪᠠᠷ ᠡᠵᠡᠮᠳᠡᠵᠦ᠂ | ᠴᠠᠬᠢᠯᠭᠠᠨ ᠲᠣᠣᠷ ᠤᠨ ᠠᠶᠤᠯᠭᠦᠶ ᠠᠵᠢᠯᠯᠠᠭᠠᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠵᠦ᠂ ᠴᠡᠪᠡᠷ ᠡᠨᠧᠷᠭᠢ ᠶᠢᠨ | ᠰᠤᠷᠪᠤᠯᠵᠢ ᠶᠢ ᠰᠢᠩᠭᠡᠭᠡᠬᠦ ᠶᠠᠪᠤᠴᠠ ᠳᠠᠬᠢ ᠴᠠᠬᠢᠯᠭᠠᠨ ᠲᠣᠣᠷ ᠤᠨ ᠳᠣᠯᠭᠢᠶᠠᠯᠠᠬᠤ ᠴᠢᠨᠠᠷ ᠵᠡᠷᠭᠡ ᠠᠰᠠᠭᠤᠳᠠᠯ ᠢ | ᠰᠢᠢᠳᠪᠤᠷᠢᠯᠡᠵᠤ ᠪᠣᠯᠤᠨ᠎ᠠ᠃ | 19.︽ᠲᠤᠰᠬᠠᠶᠢᠵᠢᠭᠰᠠᠨ᠂ ᠨᠠᠷᠢᠯᠢᠬᠵᠢᠭᠰᠠᠨ᠂ ᠣᠨᠴᠠᠯᠢᠬᠵᠢᠭᠰᠠᠨ᠂ ᠰᠢᠨᠡᠴᠢᠯᠡᠭᠰᠡᠨ︾ ᠣᠨᠴᠠᠯᠢᠭ ᠲᠠᠢ | ᠳᠤᠮᠳᠠ ᠵᠢᠵᠢᠭ ᠠᠵᠤ ᠠᠬᠤᠶᠢᠯᠠᠯ ᠢ ᠵᠢᠭᠠᠵᠤ ᠪᠠᠶᠢᠨ᠎ᠠ᠂ ᠠᠵᠤ ᠠᠬᠤᠶᠢᠯᠠᠯ ᠤᠨ ᠬᠡᠪᠴᠢᠶ᠎ᠡ ᠨᠢ ᠡᠷᠬᠡᠪᠰᠢ ᠤᠯᠤᠰ ᠤᠨ | ︽ᠳᠤᠮᠳᠠ ᠵᠢᠵᠢᠭ ᠠᠵᠤ ᠠᠬᠤᠶᠢᠯᠠᠯ ᠤᠨ ᠬᠡᠯᠪᠡᠷᠢ ᠶᠢ ᠲᠣᠭᠲᠠᠭᠠᠬᠤ ᠪᠠᠷᠢᠮᠵᠢᠶ᠎ᠠ︾ ︵ᠠᠵᠤ ᠦᠢᠯᠡᠳᠪᠦᠷᠢ ᠪᠠ | ᠮᠡᠳᠡᠭᠡ ᠵᠠᠩᠭᠢᠵᠢᠯᠲᠠ ᠶᠢᠨ ᠶᠠᠮᠤᠨ ᠬᠤᠯᠪᠣᠭᠠᠯᠠᠭᠰᠠᠨ ᠠᠵᠤ ᠠᠬᠤᠶᠢᠯᠠᠯ ﹇2011﹈ 300 ᠳ᠋ᠤᠭᠠᠷ ᠲᠣᠭᠠᠲᠤ︶ | ᠶᠢᠨ ᠲᠣᠭᠲᠠᠭᠠᠯ ᠳᠤ ᠨᠡᠶᠢᠴᠡᠭᠰᠡᠨ ᠪᠠᠶᠢᠬᠤ ᠬᠡᠷᠡᠭᠲᠡᠶ᠃ | 20.ᠤᠶᠠᠨ ᠬᠠᠳᠠᠨ ᠴᠢᠨᠠᠷᠲᠠᠶ ᠬᠤᠲᠠ ᠪᠠᠯᠭᠠᠰᠤ᠄ ᠡᠨᠡ ᠨᠢ ᠬᠤᠳᠠ ᠶᠢᠨ ᠥᠪᠡᠷ ᠤᠨ ᠴᠢᠳᠠᠪᠤᠷᠢ ᠪᠠᠷ ᠢᠶᠠᠨ | ᠭᠠᠶ ᠭᠠᠮᠰᠢᠭ ᠢ ᠡᠰᠡᠷᠭᠦᠴᠡᠨ ᠬᠤᠷᠢᠭᠯᠠᠵᠤ᠂ ᠭᠠᠶ ᠭᠠᠮᠰᠢᠭ ᠤᠨ ᠬᠤᠬᠢᠷᠠᠯ ᠢ ᠪᠠᠭᠠᠰᠬᠠᠬᠤ ᠶᠢᠨ ᠬᠠᠮᠲᠤ ᠡᠬᠢ | ᠪᠠᠶᠠᠯᠢᠭ ᠢ ᠵᠦᠢ ᠵᠣᠬᠢᠰᠲᠠᠶ ᠪᠠᠷ ᠲᠣᠬᠢᠷᠠᠭᠤᠯᠵᠤ ᠪᠠᠶᠢᠭᠠᠳ ᠭᠠᠶ ᠭᠠᠮᠰᠢᠭ ᠤᠨ ᠳᠤᠮᠳᠠ ᠠᠴᠠ ᠦᠳᠲᠡᠷ ᠲᠦᠷᠭᠡᠨ | ᠰᠡᠷᠭᠦᠭᠡᠬᠦ ᠶᠢ ᠬᠡᠯᠡᠵᠦ ᠪᠠᠶᠢᠨ᠎ᠠ᠃ | 21. ᠤᠶᠤᠨᠲᠤ ᠬᠤᠲᠠ ᠪᠠᠯᠭᠠᠰᠤ᠄ ︽ᠤᠶᠤᠨᠲᠤ ᠬᠤᠲᠠ᠂ ᠤᠶᠤᠨᠲᠤ ᠠᠵᠤ ᠦᠢᠯᠡᠰ᠂ ᠤᠶᠤᠨᠲᠤ | ᠰᠢᠨᠵᠢᠯᠡᠬᠦ ᠤᠬᠠᠭᠠᠨ︾ ᠭᠡᠬᠦ ᠤᠬᠠᠭᠳᠠᠬᠤᠨ ᠢ ᠬᠤᠲᠠ ᠪᠠᠯᠭᠠᠰᠤᠨ ᠳᠤ ᠣᠷᠣᠭᠤᠯᠤᠨ ᠠᠪᠴᠢᠷᠠᠭᠰᠠᠨ ᠢ ᠵᠢᠭᠠᠵᠤ | ᠪᠠᠶᠢᠨ᠎ᠠ᠃ ᠬᠤᠲᠠ ᠪᠠᠯᠭᠠᠰᠤ ᠶᠢ ᠠᠮᠢ ᠠᠬᠤᠶᠢᠵᠢᠭᠤᠯᠬᠤ᠂ ᠰᠦᠯᠵᠢᠶᠡᠵᠢᠭᠦᠯᠬᠦ᠂ ᠲᠣᠭᠠᠵᠢᠭᠤᠯᠬᠤ᠂ ᠵᠣᠯ ᠵᠢᠷᠭᠠᠯᠲᠤ | ᠲᠥᠷᠥᠭᠳᠡᠯ ᠢᠶᠠᠷ ᠡᠭᠦᠰᠭᠡᠯ ᠪᠣᠯᠭᠠᠵᠤ᠂ ᠤᠶᠤᠨᠲᠤ ᠬᠤᠲᠠ ᠪᠠᠯᠭᠠᠰᠤ ᠶᠢ ᠪᠠᠶᠢᠭᠤᠯᠬᠤ ᠪᠠᠷ ᠳᠠᠮᠵᠢᠭᠤᠯᠤᠨ ᠬᠤᠲᠠ | ᠪᠠᠯᠭᠠᠰᠤᠵᠢᠯᠲᠠ ᠳᠤ ᠣᠷᠣᠰᠢᠨ ᠰᠠᠭᠤᠬᠤ᠂ ᠤᠶᠢᠯᠡᠳᠪᠤᠷᠢᠯᠡᠬᠦ᠂ ᠰᠡᠯᠡᠭᠦᠴᠡᠬᠦ᠂ ᠠᠵᠢᠯᠯᠠᠬᠤ᠂ ᠲᠥᠬᠦᠮ ᠦᠵᠡᠭᠦᠯᠬᠦ | ᠦᠵᠡᠰᠬᠦᠯᠡᠩᠲᠦ ᠰᠠᠶᠢᠬᠠᠨ ᠣᠷᠴᠢᠨ ᠲᠣᠭᠤᠷᠢᠨ ᠢ ᠬᠠᠩᠭᠠᠵᠤ᠂ ᠡᠭᠦᠨ ᠤ ᠤᠯᠠᠮ ᠢᠶᠠᠷ ᠠᠵᠤ ᠤᠶᠢᠯᠡᠰ ᠤᠨ ᠬᠤᠲᠠ | ᠪᠠᠯᠭᠠᠰᠤ᠂ ᠰᠣᠶᠣᠯ ᠤᠨ ᠬᠤᠲᠠ ᠪᠠᠯᠭᠠᠰᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠤᠲᠠ ᠪᠠᠯᠭᠠᠰᠤ ᠶᠢᠨ ᠪᠥᠲᠥᠭᠡᠨ | ᠪᠠᠶᠢᠭᠤᠯᠤᠯᠲᠠ ᠶᠢ ᠲᠦᠷᠭᠡᠳᠬᠡᠵᠦ᠂ ᠬᠤᠲᠠ ᠪᠠᠯᠭᠠᠰᠤ ᠶᠢᠨ ᠠᠵᠤ ᠠᠬᠤᠶ ᠨᠡᠶᠢᠭᠡᠮ ᠤᠨ ᠳᠠᠪᠰᠢᠯᠲᠠ ᠶᠢ | ᠠᠬᠢᠭᠤᠯᠤᠨ᠎ᠠ᠃ | 22.ᠬᠠᠶᠢᠮᠢᠶᠠᠨ ᠬᠤᠲᠠ ᠪᠠᠯᠭᠠᠰᠤ᠄ ᠬᠤᠳᠠ ᠨᠢ ᠬᠠᠶᠢᠮᠢᠶᠠᠨ ᠲᠠᠢ ᠠᠳᠠᠯᠢ ᠪᠠᠷ ᠣᠷᠴᠢᠨ ᠲᠣᠭᠤᠷᠢᠨ ᠤ | ᠬᠤᠪᠢᠷᠠᠯᠲᠠ ᠳᠤ ᠵᠣᠬᠢᠴᠠᠬᠤ ᠪᠠ ᠪᠣᠷᠣᠭᠠᠨ ᠤ ᠤᠰᠤᠨ ᠠᠴᠠ ᠪᠣᠯᠤᠭᠰᠠᠨ ᠪᠠᠶᠢᠭᠠᠯᠢ ᠶᠢᠨ ᠭᠠᠮᠰᠢᠭ ᠢ ᠠᠷᠭᠠᠴᠠᠬᠤ | ᠵᠡᠷᠭᠡ ᠲᠠᠯ᠎ᠠ ᠪᠠᠷ ᠮᠠᠰᠢ ᠰᠠᠶᠢᠨ ᠤᠶᠠᠨ ᠬᠠᠳᠠᠨ ᠴᠢᠨᠠᠷ ᠲᠠᠢ ᠪᠠᠶᠢᠬᠤ ᠶᠢ ᠵᠢᠭᠠᠵᠤ ᠪᠠᠶᠢᠨ᠎ᠠ᠂ ᠡᠭᠦᠨ ᠢ ᠪᠠᠰᠠ ︽ | ᠤᠰᠤᠨ ᠤ ᠤᠶᠠᠨ ᠬᠠᠳᠠᠨ ᠴᠢᠨᠠᠷ ᠲᠠᠢ ᠬᠤᠳᠠ︾ ᠭᠡᠵᠦ ᠬᠡᠯᠡᠵᠦ ᠪᠣᠯᠤᠨ᠎ᠠ᠃ | 23.ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠰᠤᠷᠪᠤᠯᠵᠢ ᠶᠢ ᠪᠠᠷᠢᠮᠵᠢᠶ᠎ᠠ ᠳᠤ ᠬᠦᠷᠦᠭᠦᠯᠦᠨ | ᠭᠠᠳᠠᠭᠰᠢᠯᠠᠭᠤᠯᠬᠤ᠄ ᠣᠷᠴᠢᠨ ᠠᠬᠤᠶ ᠶᠢᠨ ᠵᠠᠰᠠᠯᠲᠠ ᠶᠢᠨ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠵᠦ᠂ ᠠᠮᠢ | ᠠᠬᠤᠶ ᠶᠢᠨ ᠪᠣᠯᠪᠠᠰᠤᠨ ᠤ ᠪᠠᠶᠢᠭᠤᠯᠤᠯ ᠤᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠶᠢᠨ ᠦᠨᠳᠦᠰᠦᠨ | ᠱᠠᠭᠠᠷᠳᠠᠯᠭ᠎ᠠ ᠮᠥᠨ᠃ ᠠᠵᠤ ᠤᠶᠢᠯᠡᠳᠪᠤᠷᠢ ᠶᠢᠨ ᠭᠠᠳᠠᠭᠰᠢᠯᠠᠭᠤᠯᠤᠯᠲᠠ ᠶᠢ ᠪᠥᠬᠦ ᠲᠠᠯ᠎ᠠ ᠪᠠᠷ ᠪᠠᠷᠢᠮᠵᠢᠶ᠎ᠠ ᠳᠤ | ᠬᠦᠷᠦᠭᠦᠯᠬᠦ ᠳᠤ ᠣᠷᠴᠢᠨ ᠲᠣᠭᠤᠷᠢᠨ ᠤ ᠬᠠᠮᠠᠭᠠᠯᠠᠯᠲᠠ ᠶᠢᠨ ᠭᠠᠷᠳᠠᠮ ᠢ ᠪᠠᠷᠢᠮᠵᠢᠶ᠎ᠠ ᠳᠤ ᠬᠦᠷᠦᠭᠦᠯᠵᠦ᠂ ᠪᠣᠬᠢᠷᠲᠤᠯ | ᠪᠣᠳᠠᠰ ᠤᠨ ᠭᠠᠳᠠᠭᠰᠢᠯᠠᠭᠤᠯᠤᠯᠲᠠ ᠶᠢ ᠪᠠᠷᠢᠮᠵᠢᠶ᠎ᠠ ᠳᠤ ᠬᠦᠷᠬᠡᠪᠡ᠃ | 24.︽ᠲᠦᠷᠪᠡ ᠶᠢ ᠤᠰᠤ ᠪᠠᠷ ᠲᠦᠷᠪᠡ ᠶᠢ ᠲᠣᠭᠲᠠᠭᠠᠬᠤ︾᠄ ᠤᠰᠤ ᠪᠠᠷ ᠬᠤᠳᠠ ᠶᠢ ᠲᠣᠭᠲᠠᠭᠠᠬᠤ᠂ | ᠤᠰᠤ ᠪᠠᠷ ᠭᠠᠵᠠᠷ ᠢ ᠲᠣᠭᠲᠠᠭᠠᠬᠤ᠂ ᠤᠰᠤ ᠪᠠᠷ ᠬᠥᠮᠦᠨ ᠢ ᠲᠣᠭᠲᠠᠭᠠᠬᠤ᠂ ᠤᠰᠤ ᠪᠠᠷ ᠭᠠᠷᠤᠯᠲᠠ ᠶᠢ | ᠲᠣᠭᠲᠠᠭᠠᠬᠤ ᠶᠢ ᠬᠡᠯᠡᠵᠦ ᠪᠠᠶᠢᠨ᠎ᠠ᠃ | 25. ︽ᠳᠥᠷᠪᠡ ᠶᠢ ᠠᠪᠴᠤ ᠬᠠᠶᠠᠬᠤ ᠦᠭᠡᠶ︾᠄ ᠮᠠᠯᠠᠭᠠᠶ ᠶᠢ ᠨᠢ ᠠᠪᠴᠤ ᠬᠠᠶᠠᠭᠠᠳ | ᠬᠠᠷᠢᠭᠤᠴᠠᠯᠭ᠎ᠠ ᠶᠢ ᠨᠢ ᠠᠪᠴᠤ ᠬᠠᠶᠠᠬᠤ ᠦᠭᠡᠶ᠂ ᠮᠠᠯᠠᠭᠠᠶ ᠶᠢ ᠨᠢ ᠠᠪᠴᠤ ᠬᠠᠶᠠᠭᠠᠳ ᠲᠥᠷᠥ ᠶᠢᠨ ᠪᠣᠳᠣᠯᠭ᠎ᠠ ᠶᠢ | ᠠᠪᠴᠤ ᠬᠠᠶᠠᠬᠤ ᠦᠭᠡᠶ᠂ ᠮᠠᠯᠠᠭᠠᠶ ᠶᠢ ᠨᠢ ᠠᠪᠴᠤ ᠬᠠᠶᠠᠭᠠᠳ ᠬᠠᠪᠰᠤᠷᠤᠨ ᠲᠡᠳᠬᠦᠬᠦ ᠦᠭᠡᠶ᠂ ᠮᠠᠯᠠᠭᠠᠶ ᠶᠢ ᠨᠢ | ᠠᠪᠴᠤ ᠬᠠᠶᠠᠭᠠᠳ ᠬᠢᠨᠠᠯᠲᠠ ᠬᠠᠮᠢᠶᠠᠷᠤᠯᠲᠠ ᠶᠢ ᠠᠪᠴᠤ ᠬᠠᠶᠠᠬᠤ ᠦᠭᠡᠶ ᠪᠠᠶᠢᠬᠤ ᠶᠢ ᠵᠢᠭᠠᠵᠤ ᠪᠠᠶᠢᠨ᠎ᠠ᠃ | 26.︽ᠲᠦᠷᠪᠡᠨ ᠰᠠᠶᠢᠨᠲᠠᠶ ᠬᠥᠳᠡᠭᠡ ᠲᠣᠰᠬᠤᠨ ᠤ ᠵᠠᠮ︾᠄ ᠶᠡᠷᠦᠩᠬᠡᠶ ᠱᠦᠵᠢ ᠰᠢ ᠶᠢᠨ ᠫᠢᠩ ᠤ | ᠳᠤᠷᠠᠳᠤᠭᠰᠠᠨ ︽ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠤᠯᠲᠠ ᠳᠤ ᠭᠠᠵᠠᠷ ᠣᠷᠣᠨ ᠤ | ᠪᠠᠶᠢᠳᠠᠯ ᠳᠤᠨᠢ ᠲᠣᠬᠢᠷᠠᠭᠤᠯᠵᠤ᠂ ᠬᠥᠮᠦᠨ ᠢᠶᠠᠷ ᠦᠨᠳᠦᠰᠦ ᠪᠣᠯᠭᠠᠵᠤ᠂ ᠭᠠᠴᠠᠭ᠎ᠠ ᠪᠠᠯᠭᠠᠰᠤᠨ ᠤ ᠪᠠᠶᠢᠷᠢᠰᠢᠯ ᠢ | ᠰᠢᠯᠢᠳᠡᠭᠵᠢᠭᠦᠯᠬᠦ᠂ ᠬᠥᠳᠡᠭᠡ ᠲᠣᠰᠬᠤᠨ ᠤ ᠠᠵᠤ ᠠᠬᠤᠶ ᠶᠢᠨ ᠬᠥᠭᠵᠢᠯᠲᠡ ᠪᠠ ᠥᠷᠭᠡᠨ ᠤᠯᠠᠨ ᠲᠠᠷᠢᠶᠠᠴᠢᠳ ᠤᠨ | ᠠᠮᠤᠷ ᠲᠦᠪᠰᠢᠨ ᠪᠥᠭᠡᠳ ᠳᠥᠭᠦᠮ ᠳᠥᠲᠡ ᠶᠠᠪᠤᠵᠤ ᠰᠠᠭᠤᠬᠤ ᠲᠠᠢ ᠵᠣᠬᠢᠴᠠᠭᠤᠯᠵᠤ᠂ ᠬᠥᠳᠡᠭᠡ ᠲᠣᠰᠬᠤᠨ ᠤ | ᠵᠠᠰᠠᠮᠠᠯ ᠵᠠᠮ ᠢ ᠤᠯᠠᠮ ᠨᠢᠭᠡ ᠠᠯᠬᠤᠮ ᠰᠠᠶᠢᠲᠤᠷ ᠪᠦᠳᠦᠭᠡᠨ ᠪᠠᠶᠢᠭᠤᠯᠵᠤ᠂ ᠰᠠᠶᠢᠲᠤᠷ ᠬᠠᠮᠢᠶᠠᠷᠴᠤ᠂ ᠰᠠᠶᠢᠲᠤᠷ | ᠬᠠᠮᠠᠭᠠᠯᠠᠵᠤ᠂ ᠰᠠᠶᠢᠲᠤᠷ ᠡᠵᠡᠩᠨᠡᠬᠦ ᠬᠡᠷᠡᠭᠲᠡᠶ︾ ᠶᠢ ᠵᠢᠭᠠᠵᠤ ᠪᠠᠶᠢᠨ᠎ᠠ᠃ | 27. ︽ᠬᠤᠶᠠᠷ ᠢ ᠬᠥᠩᠭᠡᠯᠡᠬᠦ︾ ᠲᠥᠷᠥ ᠶᠢᠨ ᠪᠣᠳᠣᠯᠭ᠎ᠠ᠄ ᠠᠯᠪᠠᠨ ᠵᠢᠷᠤᠮ ᠤᠨ ᠰᠤᠷᠭᠠᠨ ᠬᠥᠮᠦᠵᠢᠯ ᠤᠨ | ᠱᠠᠲᠤᠨ ᠤ ᠰᠤᠷᠤᠭᠴᠢᠳ ᠤᠨ ᠬᠡᠳᠦ ᠬᠦᠨᠳᠦ ᠳᠠᠰᠬᠠᠯ ᠬᠢᠬᠦ ᠳᠠᠷᠤᠭᠠᠰᠤ ᠪᠠ ᠰᠤᠷᠭᠠᠭᠤᠯᠢ ᠶᠢᠨ ᠭᠠᠳᠠᠨᠠᠬᠢ | ᠪᠣᠯᠪᠠᠰᠤᠷᠠᠯ ᠤᠨ ᠳᠠᠷᠤᠭᠠᠰᠤ ᠶᠢ ᠪᠦᠲᠦᠮᠵᠢᠲᠡᠶ ᠪᠠᠷ ᠬᠥᠩᠭᠡᠷᠡᠭᠦᠯᠬᠦ ᠶᠢ ᠵᠢᠭᠠᠵᠤ ᠪᠠᠶᠢᠨ᠎ᠠ᠃ | 28.︽ᠲᠠᠪᠤᠨ ᠬᠥᠮᠦᠵᠢᠯ ᠢ ᠵᠡᠷᠭᠡᠪᠡᠷ ᠠᠳᠬᠤᠬᠤ︾᠄ ᠶᠣᠰᠣ ᠰᠤᠷᠲᠠᠬᠤᠨ ᠤ ᠬᠥᠮᠦᠵᠢᠯ᠂ ᠤᠶᠤᠨ | ᠤᠬᠠᠭᠠᠨ ᠤ ᠬᠥᠮᠦᠵᠢᠯ᠂ ᠪᠡᠶ᠎ᠡ ᠶᠢᠨ ᠲᠠᠮᠢᠷ᠂ ᠭᠤᠸ᠎ᠠ ᠰᠠᠶᠢᠬᠠᠨ ᠤ ᠬᠥᠮᠦᠵᠢᠯ᠂ ᠬᠥᠳᠡᠯᠮᠦᠷᠢ ᠶᠢᠨ ᠬᠥᠮᠦᠵᠢᠯ ᠢ | ᠬᠠᠮᠲᠤ ᠳᠤᠨᠢ ᠬᠥᠭᠵᠢᠭᠦᠯᠬᠦ ᠶᠢ ᠬᠡᠯᠡᠵᠦ ᠪᠠᠶᠢᠨ᠎ᠠ᠃ | 29. ᠰᠢᠨ᠎ᠡ ᠴᠠᠭ ᠦᠶ᠎ᠡ ᠶᠢᠨ ︽ᠹᠧᠩᠴᠢᠶᠤᠤ ᠶᠢᠨ ᠲᠤᠷᠰᠢᠯᠭ᠎ᠠ︾᠄ ᠭᠤᠣᠯ ᠠᠭᠤᠯᠭ᠎ᠠ ᠨᠢ ᠨᠡᠶᠢᠭᠡᠮ ᠤᠨ | ᠵᠠᠰᠠᠯᠲᠠ ᠶᠢ ᠥᠷᠨᠢᠭᠦᠯᠬᠦ ᠶᠠᠪᠤᠴᠠ ᠳᠤ ︽ᠲᠠᠪᠤ ᠶᠢ ᠪᠠᠷᠢᠮᠲᠠᠯᠠᠬᠤ︾ ᠶᠢ ᠬᠡᠷᠡᠭᠵᠢᠭᠦᠯᠦᠨ᠎ᠡ᠂ ᠲᠤᠬᠠᠶᠢᠯᠠᠪᠠᠯ ᠨᠠᠮ ᠤᠨ | ᠪᠠᠶᠢᠭᠤᠯᠤᠯᠲᠠ ᠪᠠᠷ ᠬᠦᠳᠦᠯᠦᠨ ᠳᠠᠭᠠᠭᠤᠯᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠴᠣᠭᠴᠠ | ᠪᠣᠯᠭᠠᠬᠤ ᠶᠢ ᠪᠠᠷᠢᠮᠲᠠᠯᠠᠵᠤ᠂ ︽ᠭᠤᠷᠪᠠ ᠶᠢ ᠵᠠᠰᠠᠬᠤ ᠶᠢ ᠠᠭᠤᠰᠤᠯᠴᠠᠭᠤᠯᠬᠤ︾ ᠶᠢ ᠪᠠᠷᠢᠮᠲᠠᠯᠠᠵᠤ᠂ ︽ᠲᠦᠷᠪᠡ ᠶᠢ | ᠰᠡᠷᠭᠡᠶᠢᠯᠡᠬᠦ ᠶᠢ ᠵᠡᠷᠭᠡᠪᠡᠷ ᠠᠳᠬᠤᠬᠤ︾ ᠶᠢ ᠪᠠᠷᠢᠮᠲᠠᠯᠠᠵᠤ᠂ ᠬᠠᠮᠲᠤᠪᠠᠷ ᠪᠠᠶᠢᠭᠤᠯᠵᠤ ᠬᠠᠮᠲᠤᠪᠠᠷ ᠡᠳ᠋ᠯᠡᠬᠦ ᠶᠢ | ᠪᠠᠷᠢᠮᠲᠠᠯᠠᠨ᠎ᠠ᠃ | 30.︽ᠬᠤᠶᠠᠷ ᠢ ᠲᠣᠭᠲᠠᠭᠠᠬᠤ︾᠄ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠵᠢᠷᠭᠤᠳᠤᠭᠠᠷ ᠪᠥᠬᠦᠳᠡ ᠬᠤᠷᠠᠯ ᠠᠴᠠ ᠳᠤᠷᠠᠳᠤᠨ ᠭᠠᠷᠭᠠᠭᠰᠠᠨ ᠰᠢ ᠶᠢᠨ ᠫᠢᠩ ᠨᠥᠬᠦᠷ ᠤᠨ ᠨᠠᠮ ᠤᠨ ᠲᠥᠪ | ᠬᠤᠷᠢᠶᠠᠨ ᠤ ᠭᠤᠣᠯᠯᠠᠭᠴᠢ᠂ ᠪᠦᠬᠦ ᠨᠠᠮ ᠤᠨ ᠭᠤᠣᠯᠯᠠᠭᠴᠢ ᠶᠢᠨ ᠪᠠᠶᠢᠷᠢ ᠰᠠᠭᠤᠷᠢ ᠶᠢ ᠲᠣᠭᠲᠠᠭᠠᠵᠤ᠂ ᠰᠢ ᠶᠢᠨ | ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ | ᠰᠠᠨᠠᠭᠠᠨ ᠤ ᠵᠢᠯᠣᠭᠤᠳᠬᠤ ᠪᠠᠶᠢᠷᠢ ᠰᠠᠭᠤᠷᠢ ᠶᠢ ᠲᠣᠭᠲᠠᠭᠠᠬᠤ ᠶᠢ ᠵᠢᠭᠠᠵᠤ ᠪᠠᠶᠢᠨ᠎ᠠ᠃ | 31.︽ᠬᠤᠶᠠᠷ ᠶᠡᠭᠡ ᠲᠠᠯ᠎ᠠ︾᠄ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢ | ᠪᠡᠶᠡᠯᠡᠭᠦᠯᠬᠦ ᠪᠠᠶᠢᠯᠳᠤᠬᠤ ᠪᠤᠳᠤᠯᠭ᠎ᠠ ᠶᠢᠨ ᠪᠦᠬᠦ ᠲᠠᠯ᠎ᠠ ᠪᠠ ᠳᠡᠯᠡᠬᠡᠶ ᠶᠢᠨ ᠵᠠᠭᠤᠨ ᠵᠢᠯ ᠳᠤ ᠭᠠᠷᠤᠭ᠎ᠠ ᠦᠭᠡᠢ ᠶᠡᠭᠡ | ᠬᠤᠪᠢᠰᠤᠯᠲᠠ ᠶᠢ ᠵᠢᠭᠠᠵᠤ ᠪᠠᠶᠢᠨ᠎ᠠ᠃ | 32.︽ᠤᠯᠤᠰ ᠣᠷᠣᠨ ᠤ ᠲᠣᠮᠣᠴᠤᠤᠯ︾᠄ ᠨᠠᠮ ᠪᠠ ᠤᠯᠤᠰ ᠣᠷᠣᠨ ᠤ ᠢᠷᠡᠭᠡᠳᠦᠶ ᠬᠤᠪᠢ ᠵᠠᠶᠠᠭ᠎ᠠ ᠳᠤ | ᠬᠤᠯᠪᠣᠭᠳᠠᠬᠤ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠳᠤ ᠬᠤᠯᠪᠣᠭᠳᠠᠬᠤ᠂ ᠠᠷᠠᠳ | ᠲᠦᠮᠡᠨ ᠤ ᠵᠣᠯ ᠵᠢᠷᠭᠠᠯ ᠠᠮᠤᠷ ᠠᠮᠤᠭᠤᠯᠠᠩ ᠳᠤ ᠬᠤᠯᠪᠣᠭᠳᠠᠬᠤ᠂ ᠨᠡᠶᠢᠭᠡᠮ ᠤᠨ ᠥᠨᠢ ᠤᠳᠠᠭᠠᠨ ᠠᠮᠤᠷ ᠲᠦᠪᠰᠢᠨ | ᠪᠠᠶᠢᠬᠤ ᠳᠤ ᠬᠤᠯᠪᠣᠭᠳᠠᠬᠤ ᠶᠡᠭᠡ ᠶᠠᠪᠤᠳᠠᠯ ᠢ ᠵᠢᠭᠠᠵᠤ ᠪᠠᠶᠢᠨ᠎ᠠ᠃ |