ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ‌‍ᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ
ᠨᠡᠶᠢᠲᠡᠯᠡᠭᠰᠡᠨ ᠴᠠᠭ᠄
2022/1/6
    ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ     ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ        ᠬᠤᠸᠠᠷ ᠫᠤᠤᠵᠢᠩ ᠤᠨ ᠠᠭᠠᠷ ᠮᠠᠨᠳᠠᠯ ᠤᠨ ᠣᠷᠴᠢᠨ ᠲᠣᠭᠤᠷᠢᠨ ᠳᠤ ᠦᠵᠡᠭᠦᠯᠬᠦ ᠨᠥᠯᠥᠭᠡ ᠶᠢ ᠦᠨᠡᠨᠬᠦ ᠪᠠᠭᠠᠰᠬᠠᠬᠤ ᠶᠢᠨ ᠲᠥᠯᠥᠭᠡ᠂ ᠣᠷᠴᠢᠨ ᠲᠣᠭᠤᠷᠢᠨ ᠤ ᠠᠭᠠᠷ ᠤᠨ ᠶᠠᠰᠤ ᠴᠢᠨᠠᠷ ᠢ ᠰᠠᠶᠢᠵᠢᠷᠠᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠢ ᠪᠠᠲᠤᠯᠠᠵᠤ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠠᠭᠠᠷ ᠮᠠᠨᠳᠠᠯ ᠤᠨ ᠪᠣᠬᠢᠷᠲᠤᠯ ᠢ ᠰᠡᠷᠭᠡᠶᠢᠯᠡᠨ ᠵᠠᠰᠠᠬᠤ ᠬᠠᠤᠯᠢ︾᠂ ︽ᠲᠥᠷᠥ ᠶᠢᠨ ᠶᠠᠪᠤᠳᠠᠯ ᠤᠨ ᠬᠤᠷᠢᠶᠠᠨ ᠤ ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ︾ ᠵᠡᠷᠭᠡ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠢ ᠦᠨᠳᠦᠰᠦᠯᠡᠪᠡᠯ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠳᠠᠷᠤᠮᠠᠯᠯᠠᠨ ᠲᠠᠷᠬᠠᠭᠠᠭᠰᠠᠨ ︽ᠤᠯᠠᠭᠠᠨᠴᠠᠪ ᠬᠤᠲᠠ ᠶᠢᠨ 2021 — 2022 ᠣᠨ ᠤ ᠨᠠᠮᠤᠷ ᠡᠪᠦᠯ ᠤᠨ ᠤᠯᠠᠷᠢᠯ ᠤᠨ ᠠᠭᠠᠷ ᠮᠠᠨᠳᠠᠯ ᠤᠨ ᠪᠣᠬᠢᠷᠲᠤᠯ ᠢ ᠶᠡᠷᠦᠩᠬᠡᠶᠢᠯᠡᠨ ᠵᠠᠰᠠᠬᠤ ᠰᠢᠪᠲᠤᠯᠤᠯᠲᠠ ᠶᠢᠨ ᠲᠥᠰᠦᠯ︾ ︵ᠤᠯᠠᠭᠠᠨᠴᠠᠪ ᠠᠯᠪᠠᠨ ᠥᠰᠥᠭ ︹ 2021 ︺ 64 ᠳ᠋ᠤᠭᠡᠷ ᠲᠣᠭᠠᠲᠤ︶᠂ ︽ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠪᠥᠬᠦ ᠴᠠᠷᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠲᠤᠬᠠᠶ ᠵᠠᠷᠯᠠᠯ︾ ᠤᠨ ᠱᠠᠭᠠᠷᠳᠠᠯᠭ᠎ᠠ ᠶᠣᠰᠣᠭᠠᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠠᠴᠠ ᠰᠤᠳᠤᠯᠤᠨ ᠲᠣᠭᠲᠠᠭᠠᠬᠤ ᠪᠠᠷ ᠳᠡᠮᠵᠢᠨ᠂ ᠪᠥᠬᠦ ᠬᠤᠰᠢᠭᠤᠨ ᠤ ᠬᠤᠸᠠᠷ ᠫᠤᠤᠵᠢᠩ ᠲᠠᠯᠪᠢᠬᠤ ᠪᠠ ᠭᠠᠯ ᠳᠦᠷᠡᠯᠵᠡᠭᠰᠡᠨ ᠭᠠᠯ ᠢ ᠬᠠᠮᠢᠶᠠᠷᠤᠨ ᠡᠵᠡᠮᠳᠡᠨ᠎ᠡ᠂ ᠡᠳᠦᠭᠡ ᠬᠤᠯᠪᠣᠭᠳᠠᠯ ᠪᠥᠬᠦᠶ ᠵᠤᠶᠢᠯᠡᠰ ᠢ ᠳᠣᠤᠷᠠᠬᠢ ᠮᠡᠲᠦ ᠵᠠᠷᠯᠠᠶ᠎ᠠ᠄ ᠨᠢᠭᠡ᠂ ᠲᠠᠯᠪᠢᠬᠤ ᠶᠢ ᠴᠠᠭᠠᠵᠠᠯᠠᠬᠤ ᠬᠡᠪᠴᠢᠶ᠎ᠡ   ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠦᠬᠦ ᠨᠤᠲᠤᠭ ᠳᠡᠪᠢᠰᠬᠡᠷ ᠤᠨ ᠬᠡᠪᠴᠢᠶᠡᠨ ᠳᠤ᠃ ᠬᠤᠶᠠᠷ᠂ ᠬᠤᠳᠠᠯᠳᠤᠬᠤ ᠶᠢ ᠴᠠᠭᠠᠵᠠᠯᠠᠬᠤ᠂ ᠲᠠᠯᠪᠢᠬᠤ ᠶᠢ ᠴᠠᠭᠠᠵᠠᠯᠠᠬᠤ ᠴᠠᠭ ᠬᠤᠭᠤᠴᠠᠭ᠎ᠠ     2022 ᠣᠨ ᠤ 1 ᠰᠠᠷ᠎ᠠ ᠶᠢᠨ 1 ᠤ ᠡᠳᠦᠷ ᠠᠴᠠ 2022 ᠣᠨ ᠤ 3 ᠰᠠᠷ᠎ᠠ ᠶᠢᠨ 13 ᠤ ᠡᠳᠦᠷ ᠪᠣᠯᠲᠠᠯ᠎ᠠ᠃ ᠭᠤᠷᠪᠠ᠂ ᠬᠤᠯᠪᠣᠭᠳᠠᠯ ᠪᠦᠬᠦᠢ ᠱᠠᠭᠠᠷᠳᠠᠯᠭ᠎ᠠ   ︵ᠨᠢᠭᠡ︶ ᠪᠥᠬᠦ ᠬᠤᠰᠢᠭᠤᠨ ᠤ ᠨᠠᠮ ᠵᠠᠰᠠᠭ ᠤᠨ ᠪᠠᠶᠢᠭᠤᠯᠤᠯᠭ᠎ᠠ᠂ ᠪᠦᠯᠬᠦᠮ᠂ ᠠᠵᠤ ᠠᠬᠤᠶᠢᠯᠠᠯ ᠠᠵᠢᠯ ᠤᠶᠢᠯᠡᠰ ᠤᠨ ᠨᠢᠭᠡᠴᠡ᠂ ᠨᠠᠮ ᠤᠨ ᠭᠡᠰᠢᠭᠦᠨ ᠺᠠᠳ᠋ᠷᠴᠤᠳ ᠲᠣᠰ ᠵᠠᠷᠯᠠᠯ ᠤᠨ ᠡᠯ᠎ᠡ ᠵᠤᠶᠢᠯ ᠤᠨ ᠲᠣᠭᠲᠠᠭᠠᠯ ᠢ ᠲᠦᠷᠦᠭᠦᠯᠡᠨ ᠬᠡᠷᠡᠭᠵᠢᠭᠦᠯᠵᠦ᠂ ᠡᠯ᠎ᠡ ᠰᠤᠮᠤ ᠰᠢᠶᠠᠩ ᠪᠠᠯᠭᠠᠰᠤ᠂ ᠭᠠᠴᠠᠭ᠎ᠠ ᠲᠣᠰᠬᠤᠨ ᠤ ᠠᠵᠢᠯᠲᠠᠳ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠶᠢᠨ ᠠᠵᠢᠯ ᠢ ᠰᠠᠶᠢᠲᠤᠷ ᠬᠢᠵᠦ᠂ ᠣᠯᠠᠨ ᠲᠦᠮᠡᠨ ᠢ ᠢᠳᠬᠠᠨ ᠬᠤᠷᠢᠭᠯᠠᠬᠤ ᠬᠡᠷᠡᠭᠲᠡᠶ᠃ ᠥᠷᠭᠡᠨ ᠣᠯᠠᠨ ᠰᠠᠭᠤᠭᠠᠯᠢ ᠠᠷᠠᠳ ᠵᠠᠩ ᠳᠠᠳᠬᠠᠯ ᠢᠶᠠᠨ ᠥᠭᠡᠷᠡᠴᠢᠯᠡᠵᠦ᠂ ᠬᠠᠤᠯᠢ ᠴᠠᠭᠠᠵᠠ ᠬᠠᠤᠯᠢ ᠲᠣᠭᠲᠠᠭᠠᠯ ᠢ ᠤᠬᠠᠮᠰᠠᠷ ᠠᠴᠠ ᠪᠠᠨ ᠵᠢᠷᠤᠮᠯᠠᠨ᠂ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠵᠤ᠂ ᠪᠥᠬᠦ ᠬᠤᠰᠢᠭᠤᠨ ᠤ ᠣᠯᠠᠨ ᠨᠡᠶᠢᠲᠡ ᠶᠢᠨ ᠣᠷᠴᠢᠨ ᠲᠣᠭᠤᠷᠢᠨ ᠢ ᠬᠠᠮᠲᠤ ᠪᠠᠷ ᠬᠠᠮᠠᠭᠠᠯᠠᠬᠤ ᠬᠡᠷᠡᠭᠲᠡᠶ᠃  ︵ᠬᠤᠶᠠᠷ︶ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠪᠣᠯ ᠬᠤᠸᠠᠷ ᠫᠤᠤᠵᠢᠩ ᠲᠠᠯᠪᠢᠬᠤ ᠪᠠ ᠭᠠᠯ ᠨᠣᠴᠣᠭᠠᠬᠤ ᠶᠢ ᠴᠠᠭᠠᠵᠠᠯᠠᠬᠤ ᠭᠤᠣᠯ ᠬᠠᠮᠢᠶᠠᠷᠤᠯᠲᠠ ᠶᠢᠨ ᠰᠠᠯᠠᠭ᠎ᠠ ᠮᠥᠴᠢᠷ ᠪᠣᠯᠤᠨ᠎ᠠ᠂ ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ ᠬᠠᠷᠢᠶ᠎ᠠ ᠭᠠᠵᠠᠷ ᠤᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠵᠤ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠬᠤᠳᠠ ᠶᠢᠨ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠠᠮᠢ ᠠᠬᠤᠶ ᠶᠢᠨ ᠣᠷᠴᠢᠨ ᠲᠣᠭᠤᠷᠢᠨ᠂ ᠰᠣᠨᠢᠨ ᠮᠡᠳᠡᠭᠡ ᠤᠬᠠᠭᠤᠯᠭ᠎ᠠ ᠵᠡᠷᠭᠡ ᠰᠠᠯᠠᠭ᠎ᠠ ᠮᠥᠴᠢᠷ ᠤᠳ ᠬᠠᠮᠵᠢᠯᠴᠠᠭ᠎ᠠ ᠪᠠᠨ ᠴᠢᠩᠭᠠᠳᠬᠠᠨ᠂ ᠨᠢᠭᠲᠠ ᠬᠠᠮᠵᠢᠯᠴᠠᠵᠤ᠂ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠨᠣᠴᠣᠬᠤ ᠴᠡᠭ ᠤᠨ ᠭᠠᠯ ᠤᠨ ᠬᠠᠮᠢᠶᠠᠷᠤᠯᠲᠠ ᠶᠢᠨ ᠠᠵᠢᠯ ᠢ ᠬᠠᠮᠲᠤᠪᠠᠷ ᠰᠠᠶᠢᠲᠤᠷ ᠬᠢᠵᠦ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠪᠠᠨ ᠴᠢᠩᠭᠠᠳᠬᠠᠨ᠂ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠬᠤ᠂ ᠨᠣᠴᠣᠭᠠᠬᠤ ᠪᠠ ᠨᠣᠴᠣᠬᠤ ᠴᠡᠭ ᠤᠨ ᠭᠠᠯ   ᠤᠨ ᠥᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠤᠷᠢᠯᠡᠬᠦ ᠶᠢᠨ ᠬᠠᠮᠲᠤ ᠵᠠᠭᠤᠴᠢᠯᠠᠭᠤᠷ ᠲᠤ ᠢᠯᠡ ᠪᠠᠷ ᠢᠯᠡᠴᠢᠯᠡᠬᠦ ᠬᠡᠷᠡᠭᠲᠡᠶ᠃   ︵ᠭᠤᠷᠪᠠ︶ ᠪᠥᠬᠦ ᠬᠤᠰᠢᠭᠤᠨ ᠤ ᠣᠨᠴᠠ ᠵᠠᠷᠢᠮ ᠣᠷᠳᠣ ᠬᠤᠭᠤᠴᠠᠭᠠᠨ ᠤ ᠵᠢᠵᠢᠭᠯᠡᠨ ᠬᠤᠳᠠᠯᠳᠤᠬᠤ ᠴᠡᠭ ᠤᠨ ᠬᠤᠸᠠᠷ ᠫᠤᠤᠵᠢᠩ ᠡᠵᠡᠩᠨᠡᠬᠦ ᠵᠥᠪᠰᠢᠶᠡᠷᠡᠯ ᠤᠨ ᠦᠨᠡᠮᠯᠡᠯ ᠤᠨ ᠬᠦᠴᠦᠨ ᠲᠠᠢ ᠬᠤᠭᠤᠴᠠᠭ᠎ᠠ ᠨᠢ ᠬᠠᠮᠢᠶᠠᠷᠤᠨ ᠡᠵᠡᠮᠳᠡᠬᠦ ᠬᠤᠭᠤᠴᠠᠭᠠᠨ ᠳᠤ ᠬᠤᠭᠤᠴᠠᠭ᠎ᠠ ᠲᠤᠯᠬᠤ ᠶᠢ ᠦᠨᠳᠦᠰᠦᠯᠡᠨ᠂ ᠦᠨᠡᠮᠯᠡᠯ ᠰᠣᠯᠢᠬᠤ ᠬᠤᠭᠤᠴᠠᠭ᠎ᠠ ᠶᠢ ᠲᠦᠷ ᠬᠤᠶᠢᠰᠢᠯᠠᠭᠤᠯᠬᠤ ᠥᠬᠡᠶ ᠪᠠᠶᠢᠵᠤ᠂ ᠬᠠᠮᠢᠶᠠᠷᠤᠨ ᠡᠵᠡᠮᠳᠡᠬᠦ ᠬᠤᠭᠤᠴᠠᠭ᠎ᠠ ᠳᠠᠭᠤᠰᠤᠭᠰᠠᠨ ᠤ ᠳᠠᠷᠠᠭ᠎ᠠ ᠠᠰ ᠲᠤᠨᠢ ᠮᠡᠳᠡᠭᠳᠡᠨ ᠬᠦᠢᠴᠡᠳᠬᠡᠨ᠎ᠡ᠃ ᠡᠨᠡ ᠬᠤᠭᠤᠴᠠᠭᠠᠨ ᠳᠤ ᠪᠥᠭᠡᠮ ᠢᠶᠠᠷ ᠬᠤᠳᠠᠯᠳᠤᠬᠤ ᠬᠤᠳᠠᠯᠳᠤᠭᠠᠴᠢᠨ ᠠᠴᠠ ᠵᠢᠵᠢᠭᠯᠡᠨ ᠬᠤᠳᠠᠯᠳᠤᠬᠤ ᠬᠤᠳᠠᠯᠳᠤᠭᠠᠴᠢᠨ ᠳᠤ ᠶᠠᠮᠠᠷ ᠴᠤ ᠬᠤᠸᠠᠷ ᠫᠤᠤᠵᠢᠩ ᠬᠠᠩᠭᠠᠵᠤ ᠪᠣᠯᠬᠤ ᠦᠭᠡᠢ᠃ ᠳᠥᠷᠪᠡ᠂ ᠬᠠᠷᠢᠭᠤᠴᠠᠯᠭ᠎ᠠ ᠨᠡᠬᠡᠮᠵᠢᠯᠡᠬᠦ    ︵ᠨᠢᠭᠡ︶ ᠬᠤᠸᠠᠷ ᠫᠤᠤᠵᠢᠩ ᠤᠨ ᠪᠦᠲᠦᠭᠡᠭᠳᠡᠬᠦᠨ ᠢ ᠲᠣᠭᠲᠠᠭᠠᠯ ᠠᠴᠠ ᠵᠥᠷᠢᠴᠡᠨ ᠡᠵᠡᠩᠨᠡᠭᠰᠡᠨ ᠪᠣᠯ ︽ᠬᠤᠸᠠᠷ ᠫᠤᠤᠵᠢᠩ ᠤᠨ ᠠᠶᠤᠯ ᠥᠭᠡᠢ ᠶᠢᠨ ᠬᠠᠮᠢᠶᠠᠷᠤᠯᠲᠠ ᠶᠢᠨ ᠲᠥᠷᠢᠮ︾ ᠤᠨ ᠭᠤᠴᠢᠨ ᠵᠢᠷᠭᠤᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ   ᠢ ᠦᠨᠳᠦᠰᠦᠯᠡᠨ᠂ 2 ᠲᠦᠮᠡᠨ ᠲᠥᠭᠦᠷᠢᠭ ᠠᠴᠠ ᠳᠡᠭᠡᠭᠰᠢ 10 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠬᠦ ᠶᠢᠨ ᠬᠠᠮᠲᠤ ᠬᠠᠤᠯᠢ ᠪᠤᠰᠤ ᠪᠠᠷ ᠦᠢᠯᠡᠳᠪᠦᠷᠢᠯᠡᠭᠰᠡᠨ᠂ ᠡᠵᠡᠩᠨᠡᠭᠰᠡᠨ ᠪᠠᠷᠠᠭ᠎ᠠ ᠵᠢᠴᠢ ᠬᠠᠤᠯᠢ ᠠᠴᠠ ᠵᠥᠷᠢᠴᠡᠵᠦ ᠣᠯᠤᠭᠰᠠᠨ ᠣᠯᠵᠠᠪᠤᠷᠢ ᠶᠢ ᠨᠢ ᠬᠤᠷᠢᠶᠠᠵᠤ ᠠᠪᠤᠨ᠎ᠠ᠃ ᠬᠤᠸᠠᠷ ᠫᠤᠤᠵᠢᠩ᠂ ᠫᠤᠤᠵᠢᠩ ᠢ ᠬᠠᠤᠯᠢ ᠪᠤᠰᠤ ᠪᠠᠷ ᠡᠵᠡᠩᠨᠡᠵᠦ᠂ ᠵᠥᠭᠡᠭᠡᠪᠦᠷᠢᠯᠡᠭᠡᠳ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠦᠢᠯᠡ ᠠᠵᠢᠯᠯᠠᠭ᠎ᠠ ᠪᠤᠯᠵᠤ ᠪᠦᠷᠢᠯᠳᠦᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃   ︵ᠬᠤᠶᠠᠷ︶ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠲᠠᠯᠪᠢᠭᠰᠠᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠸᠠᠷ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠤᠶᠢᠯ ᠤᠨ ᠬᠤᠶᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ 100 ᠲᠥᠭᠦᠷᠢᠭ ᠠᠴᠠ ᠳᠡᠭᠡᠭᠰᠢ 500 ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ ᠵᠥᠪᠰᠢᠶᠡᠷᠡᠯ ᠦᠭᠡᠢ ᠪᠠᠷ ᠬᠤᠸᠠᠷ ᠫᠤᠤᠵᠢᠩ ᠤᠨ ᠦᠳᠡᠰᠢᠯᠡᠭᠡ ᠵᠢᠴᠢ ᠪᠤᠰᠤᠳ ᠲᠤᠮᠤ ᠬᠡᠯᠪᠡᠷᠢ ᠶᠢᠨ ᠬᠤᠸᠠᠷ ᠫᠤᠤᠵᠢᠩ ᠲᠠᠯᠪᠢᠬᠤ ᠠᠵᠢᠯᠯᠠᠭ᠎ᠠ ᠡᠷᠬᠢᠯᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠸᠠᠷ ᠫᠤᠤᠵᠢᠩ ᠲᠠᠯᠪᠢᠬᠤ ᠶᠢ ᠨᠢ ᠵᠠᠷᠯᠢᠭᠳᠠᠨ ᠵᠣᠭᠰᠣᠭᠠᠵᠤ᠂ ︽ᠬᠤᠸᠠᠷ ᠫᠤᠤᠵᠢᠩ ᠤᠨ ᠠᠮᠤᠷ ᠲᠦᠪᠰᠢᠨ ᠤ ᠬᠠᠮᠢᠶᠠᠷᠤᠯᠲᠠ ᠶᠢᠨ ᠲᠦᠷᠢᠮ︾ ᠤᠨ ᠳᠥᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠬᠠᠷᠢᠭᠤᠴᠠᠯᠭᠠᠲᠤ ᠨᠢᠭᠡᠴᠢ ᠶᠢ 1 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠃ ᠵᠢᠯᠤᠭᠤᠳᠤᠯᠭ᠎ᠠ ᠶᠢ ᠰᠣᠨᠣᠰᠬᠤ ᠦᠭᠡᠢ᠂ ᠢᠳᠬᠠᠨ ᠬᠤᠷᠢᠭᠯᠠᠬᠤ ᠶᠢ ᠰᠣᠨᠣᠰᠬᠤ ᠦᠭᠡᠢ᠂ ᠠᠯᠪᠠᠨ ᠠᠵᠢᠯ ᠭᠦᠢᠴᠡᠳᠬᠡᠬᠦ ᠶᠢ ᠬᠠᠷᠰᠢᠯᠠᠭᠰᠠᠨ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠲᠦᠷ ᠬᠤᠷᠢᠵᠤ᠂ ᠶᠠᠯ᠎ᠠ ᠪᠤᠯᠵᠤ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ︵ᠭᠤᠷᠪᠠ︶ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠬᠠᠤᠯᠢ ᠲᠣᠭᠲᠠᠭᠠᠯ ᠠᠴᠠ ᠵᠥᠷᠢᠴᠡᠨ ᠬᠤᠸᠠᠷ ᠫᠤᠤᠵᠢᠩ ᠪᠣᠷᠣᠯᠠᠭᠤᠯᠬᠤ᠂ ᠲᠠᠯᠪᠢᠬᠤ ᠪᠠ ᠭᠠᠯ ᠨᠣᠴᠣᠭᠠᠬᠤ ᠥᠢᠯᠡ ᠠᠵᠢᠯᠯᠠᠭ᠎ᠠ ᠶᠢ ᠢᠳᠬᠠᠨ ᠬᠤᠷᠢᠭᠯᠠᠬᠤ᠂ ᠬᠤᠷᠢᠭᠯᠠᠨ ᠵᠣᠭᠰᠣᠭᠠᠬᠤ ᠡᠷᠬᠡ ᠲᠠᠢ ᠪᠠᠶᠢᠬᠤ ᠶᠢᠨ ᠬᠠᠮᠲᠤ ᠨᠡᠶᠢᠭᠡᠮ ᠤᠨ ᠡᠯ᠎ᠡ ᠡᠲᠡᠭᠡᠳ ᠤᠨ ᠬᠥᠮᠦᠰ ᠤᠨ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠪᠠ ᠭᠠᠯ ᠨᠣᠴᠣᠭᠠᠬᠤ ᠠᠵᠢᠯ ᠢ ᠢᠳᠡᠪᠬᠢᠲᠡᠶ ᠪᠠᠷ ᠳᠡᠮᠵᠢᠬᠦ ᠪᠠ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠵᠤ᠂ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠶᠢ ᠥᠷᠭᠡᠨ ᠤᠯᠠᠨ ᠲᠦᠮᠡᠨ ᠤ ᠢᠯᠡᠴᠢᠯᠡᠨ ᠮᠡᠳᠡᠭᠦᠯᠬᠦ ᠶᠢ ᠵᠣᠷᠢᠭᠵᠢᠭᠤᠯᠬᠤ ᠬᠡᠷᠡᠭᠲᠡᠶ᠃   ᠢᠯᠡᠴᠢᠯᠡᠨ ᠮᠡᠳᠡᠭᠦᠯᠬᠦ ᠤᠲᠠᠰᠤ᠄ 110᠂ ᠬᠠᠤᠯᠢ ᠠᠴᠠ ᠵᠥᠷᠢᠴᠡᠭᠰᠡᠨ ᠠᠵᠢᠯᠯᠠᠭ᠎ᠠ ᠶᠢ ᠬᠠᠤᠯᠢ ᠶᠣᠰᠣᠭᠠᠷ ᠢᠯᠡᠴᠢᠯᠡᠨ ᠮᠡᠳᠡᠭᠦᠯᠬᠦ ᠶᠢ ᠬᠠᠤᠯᠢ ᠪᠠᠷ ᠬᠠᠮᠠᠭᠠᠯᠠᠨ᠎ᠠ᠃   ᠲᠤᠰ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                  2021 ᠣᠨ ᠤ 12 ᠰᠠᠷ᠎ᠠ     
 
ᠢᠷᠡᠯᠲᠡ᠄ ᠴᠠᠬᠠᠷ ᠪᠠᠷᠠᠭᠤᠨ ᠭᠠᠷᠣᠨ ᠬᠤᠶᠢᠳᠦ ᠬᠤᠰᠢᠭᠤᠨ ᠤ ᠠᠷᠡᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号