︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ ᠬᠤᠳᠠᠯᠳᠤᠭ᠎ᠠ ᠡᠷᠬᠢᠯᠡᠬᠦ | ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠦᠨ᠎ᠡ | 2022 ᠣᠨ ᠤ 09 ᠰᠠᠷ᠎ᠠ ᠶᠢᠨ 23 ᠤ ᠡᠳᠦᠷ ᠤᠨ 10 ᠴᠠᠭ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠵᠧᠨ | ᠲᠣᠪᠴᠢᠯᠠᠯ | ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠶᠠᠰᠤ ᠴᠢᠨᠠᠷ ᠢ ᠳᠡᠭᠡᠭᠰᠢᠯᠡᠭᠦᠯᠬᠦ ᠶᠢ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠶᠢᠨ ᠴᠢᠬᠤᠯᠠ | ᠭᠠᠷᠳᠠᠴᠠ ᠪᠣᠯᠭᠠᠵᠤ᠂ ᠠᠵᠤ ᠠᠬᠤᠶᠢᠯᠠᠯ ᠪᠠ ᠣᠯᠠᠨ ᠲᠦᠮᠡᠨ ᠤ ︽ᠪᠠᠴᠢᠮ ᠪᠡᠷᠬᠡ ᠵᠣᠪᠠᠨᠢᠯ︾ ᠠᠰᠠᠭᠤᠳᠠᠯ ᠳᠤ | ᠠᠩᠬᠠᠷᠤᠯ ᠢᠶᠠᠨ ᠲᠥᠪᠯᠡᠷᠡᠭᠦᠯᠦᠨ᠂ ︽ᠨᠢᠭᠡ ᠰᠦᠯᠵᠢᠶ᠎ᠡ ᠪᠠᠷ ᠭᠦᠢᠴᠡᠳᠭᠡᠬᠦ᠂ ᠠᠯᠠᠭᠠᠨ ᠳᠡᠭᠡᠷ᠎ᠡ ᠠᠴᠠ | ᠭᠦᠢᠴᠡᠳᠭᠡᠬᠦ᠂ ᠨᠢᠭᠡ ᠯᠡ ᠤᠳᠠᠭ᠎ᠠ ᠳᠤ ᠭᠦᠢᠴᠡᠳᠭᠡᠬᠦ᠂ ᠲᠠᠨ ᠢ ᠬᠠᠪᠰᠤᠷᠤᠨ ᠭᠦᠢᠴᠡᠳᠭᠡᠬᠦ︾ ᠶᠢ ᠪᠥᠬᠦ ᠲᠠᠯ᠎ᠠ ᠪᠠᠷ | ᠳᠥᠯᠭᠢᠨ ᠠᠬᠢᠭᠤᠯᠬᠤ ᠪᠠᠷ ᠭᠠᠷᠳᠠᠴᠠ ᠪᠣᠯᠭᠠᠵᠤ᠂ ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠶᠡᠭᠡ ᠪᠠᠷ | ᠳᠡᠭᠡᠭᠰᠢᠯᠡᠭᠦᠯᠬᠦ ᠶᠢ ᠪᠥᠬᠦ ᠬᠦᠴᠦᠨ ᠢᠶᠠᠷ ᠢᠶᠠᠨ ᠠᠬᠢᠭᠤᠯᠤᠨ᠎ᠠ᠃ | | | ︽ᠬᠥᠲᠥᠯᠥᠭᠴᠢ︾᠄ ᠥᠨᠥᠳᠦᠷ ᠤᠨ ︽ᠰᠦᠯᠵᠢᠶᠡᠨ ᠤ ᠰᠤᠷᠪᠤᠯᠵᠢᠯᠠᠭ᠎ᠠ︾ ᠪᠤᠯᠤᠩ ᠳᠤ ᠤᠷᠢᠵᠤ | ᠢᠷᠡᠭᠰᠡᠨ ᠵᠣᠴᠢᠨ ᠪᠣᠯ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠳᠠᠷᠤᠭ᠎ᠠ ᠵᠠᠩ | ᠵᠧᠨ ᠪᠣᠯᠤᠨ᠎ᠠ᠂ ᠵᠠᠩ ᠲᠣᠪᠴᠢᠶᠠᠨ ᠳᠠᠷᠤᠭ᠎ᠠ ᠲᠠ ᠰᠠᠶᠢᠨ ᠤᠤ᠂ ᠮᠠᠨ ᠤ ᠫᠷᠤᠭ᠍ᠷᠠᠮ ᠳᠤ ᠣᠷᠣᠯᠴᠠᠬᠤ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠳᠣᠤᠷ᠎ᠠ ᠪᠢᠳᠡ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ | ᠥᠭᠡᠷᠡᠴᠢᠯᠡᠯᠲᠡ ᠶᠢ ᠭᠦᠨᠵᠡᠭᠡᠶ ᠳᠥᠯᠭᠢᠨ ᠠᠬᠢᠭᠤᠯᠬᠤ᠂ ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ | ᠬᠡᠷ ᠤᠨ ︽ᠳᠥᠷᠪᠡ ᠶᠢ ᠡᠷᠭᠢᠯᠡᠬᠦ︾ ᠠᠵᠢᠯ ᠢ ᠭᠦᠨᠵᠡᠭᠡᠶ ᠳᠥᠯᠭᠢᠨ ᠠᠬᠢᠭᠤᠯᠬᠤ᠂ ︽ᠨᠢᠭᠡ ᠴᠣᠩᠬᠤ ᠪᠠᠷ | ᠭᠥᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠬᠡᠷᠡᠭᠵᠢᠭᠦᠯᠬᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ | ᠴᠢᠨᠠᠷ ᠦᠷ᠎ᠡ ᠪᠦᠲᠦᠮᠵᠢ ᠶᠢ ᠳᠡᠭᠡᠭᠰᠢᠯᠡᠭᠦᠯᠬᠦ ᠵᠡᠷᠭᠡ ᠭᠤᠤᠯᠳᠠᠯᠭ᠎ᠠ ᠲᠠᠢ ᠠᠵᠢᠯ ᠤᠨ ᠲᠤᠷᠰᠢᠯᠭ᠎ᠠ ᠪᠠ ᠠᠷᠭ᠎ᠠ | ᠬᠡᠮᠵᠢᠶ᠎ᠡ ᠵᠢᠴᠢ ᠣᠯᠤᠭᠰᠠᠨ ᠦᠷ᠎ᠡ ᠪᠦᠲᠦᠮᠵᠢ ᠶᠢᠨ ᠲᠤᠬᠠᠶ ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ | ᠰᠦᠯᠵᠢᠶᠡᠨ ᠤ ᠠᠷᠠᠳ ᠲᠠᠢ ᠰᠠᠨᠠᠯ ᠢᠶᠠᠨ ᠰᠣᠯᠢᠯᠴᠠᠶ᠎ᠠ᠃ | ︽ᠵᠠᠩ ᠵᠧᠨ︾ ᠄ ᠬᠥᠲᠥᠯᠥᠭᠴᠢ ᠰᠠᠶᠢᠨ ᠪᠠᠶᠢᠨ᠎ᠠ᠂ ᠰᠦᠯᠵᠢᠶᠡᠨ ᠤ ᠠᠨᠳᠠ ᠨᠠᠷ ᠰᠠᠶᠢᠨ ᠪᠠᠶᠢᠨ᠎ᠠ ᠤᠤ | ᠂ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠤᠨ ᠰᠢᠭᠤᠳ ᠨᠡᠪᠲᠡᠷᠡᠭᠦᠯᠭᠡ ᠶᠢᠨ ᠳᠠᠰᠤᠭ ᠲᠤ ᠢᠷᠡᠵᠤ᠂ | ᠥᠷᠭᠡᠨ ᠤᠯᠠᠨ ᠰᠦᠯᠵᠢᠶᠡᠨ ᠤ ᠠᠨᠳᠠ ᠨᠠᠷ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷ ᠲᠠᠢ ᠪᠠᠶᠢᠨ᠎ᠠ᠃ | ᠪᠢ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢ ᠲᠥᠯᠥᠭᠡᠯᠡᠵᠦ᠂ ᠮᠠᠨ ᠤ | ᠲᠣᠪᠴᠢᠶ᠎ᠠ ᠶᠢᠨ ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠨᠠᠶᠢᠵᠠ ᠨᠠᠷ ᠲᠤ ᠴᠢᠩ ᠰᠡᠳᠬᠢᠯ ᠤᠨ | ᠲᠠᠯᠠᠷᠬᠠᠯ ᠢᠶᠠᠨ ᠳᠡᠪᠰᠢᠭᠦᠯᠦᠶ᠎ᠡ᠂ ᠲᠠ ᠪᠦᠬᠦᠨ ᠳᠤ ᠲᠠᠯᠠᠷᠬᠠᠵᠤ ᠪᠠᠶᠢᠨ᠎ᠠ︕ | ︽ᠬᠥᠲᠥᠯᠥᠭᠴᠢ︾᠄ ᠦᠢᠯᠡᠴᠢᠯᠡᠭᠡᠨ ᠤ ᠠᠴᠢᠶᠠᠯᠠᠪᠤᠷᠢ ᠶᠢᠨ ᠰᠢᠨ᠎ᠡ ᠶᠢ ᠡᠭᠦᠳᠬᠦ᠂ ︽ᠪᠠᠭᠤᠯᠭᠠᠬᠤ | ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠬᠦ ᠲᠠᠯ᠎ᠠ ᠪᠠᠷ᠂ ᠬᠤᠰᠢᠭᠤᠨ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ ᠶᠢᠨ ᠶᠠᠮᠠᠷ ᠶᠠᠮᠠᠷ ᠬᠢᠯᠠᠰ ᠴᠡᠭ ᠲᠠᠢ ᠠᠵᠢᠯ ᠢ ᠠᠬᠢᠭᠤᠯᠵᠤ | ᠪᠠᠶᠢᠬᠤ ᠪᠣᠶ︖ | ︽ᠵᠠᠩ ᠵᠧᠨ︾᠄ ᠨᠢᠭᠡ ᠳᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ | ᠲᠡᠷᠢᠭᠦᠨ ᠤ ᠬᠢ ᠶᠢ ᠢᠳᠡᠪᠬᠢᠲᠡᠶ ᠬᠠᠷᠭᠤᠭᠤᠯᠵᠤ᠂ ᠠᠵᠢᠯ ᠤᠨ ᠰᠡᠳᠬᠢᠮᠵᠢ ᠪᠠᠨ ᠲᠠᠰᠤᠷᠠᠯᠲᠠ ᠥᠬᠡᠶ | ᠪᠠᠶᠠᠯᠢᠭᠵᠢᠭᠤᠯᠤᠨ᠂ ᠳᠣᠭᠢᠷᠠᠭᠤᠯᠤᠨ ᠰᠢᠯᠢᠳᠡᠭᠵᠢᠭᠦᠯᠵᠦ᠂ ᠡᠯ᠎ᠡ ᠰᠠᠯᠠᠭ᠎ᠠ ᠮᠥᠴᠢᠷ ᠤᠨ ︽ᠪᠠᠭᠤᠯᠭᠠᠬᠤ ᠬᠠᠮᠢᠶᠠᠷᠬᠤ | ᠦᠢᠯᠡᠴᠢᠯᠡᠬᠦ︾ ᠥᠭᠡᠷᠡᠴᠢᠯᠡᠯᠲᠡ ᠶᠢᠨ ᠰᠢᠪᠲᠤᠯᠤᠯᠲᠠ ᠶᠢᠨ ᠡᠷᠴᠢᠮ ᠢ ᠴᠢᠩᠭᠠᠷᠠᠭᠤᠯᠬᠤ ᠶᠢ ᠬᠦᠴᠦᠯᠡᠨ | ᠠᠬᠢᠭᠤᠯᠤᠨ᠎ᠠ᠃ ᠵᠢᠯ ᠤᠨ ᠡᠬᠢᠨ ᠳᠤ ᠵᠠᠰᠠᠭ ᠵᠠᠬᠢᠷᠭᠠᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ | ᠲᠥᠪᠯᠡᠷᠡᠭᠦᠯᠬᠦ ᠥᠭᠡᠷᠡᠴᠢᠯᠡᠯᠲᠡ ᠶᠢ ᠡᠬᠢᠯᠡᠭᠦᠯᠵᠦ᠂ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠤᠨ᠂ ︽ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠥᠪᠰᠢᠶᠡᠷᠡᠯ ᠤᠨ ᠡᠷᠬᠡ ᠶᠢ ᠬᠠᠷᠢᠴᠠᠩᠭᠤᠶ ᠪᠠᠷ ᠲᠥᠪᠯᠡᠷᠡᠭᠦᠯᠬᠦ | ᠥᠭᠡᠷᠡᠴᠢᠯᠡᠯᠲᠡ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠵᠤ᠂ ᠬᠤᠪᠢᠶᠠᠷᠢᠯᠠᠨ ᠰᠢᠯᠵᠢᠭᠦᠯᠬᠦ ᠪᠠᠷ ᠪᠠᠶᠢᠭ᠎ᠠ | ᠵᠦᠢᠯᠡᠰ ᠤᠨ ᠨᠠᠷᠢᠨ ᠲᠠᠩᠰᠠ ᠶᠢ ᠠᠩᠬ᠎ᠠ ᠠᠯᠬᠤᠮ ᠲᠣᠭᠲᠠᠭᠠᠭᠰᠠᠨ ᠪᠥᠭᠡᠳ ᠲᠥᠰᠦᠯ ᠤᠨ ᠨᠠᠷᠢᠨ ᠲᠠᠩᠰᠠ ᠶᠢ | ᠳᠡᠭᠡᠭᠰᠢ ᠮᠡᠳᠡᠭᠦᠯᠪᠡ᠃ ︽ᠦᠨᠡᠮᠯᠡᠯ ᠪᠠ ᠭᠡᠷᠡᠴᠢ ᠶᠢ ᠰᠠᠯᠭᠠᠬᠤ︾ ᠥᠭᠡᠷᠡᠴᠢᠯᠡᠯᠲᠡ ᠶᠢ ᠤᠷᠤᠭᠰᠢᠲᠠᠶ ᠲᠦᠯᠬᠢᠨ | ᠠᠬᠢᠭᠤᠯᠵᠤ᠂ 16 ᠰᠠᠯᠠᠭ᠎ᠠ ᠮᠥᠴᠢᠷ ᠤᠨ 71 ᠵᠦᠢᠯ ᠤᠨ ᠠᠵᠤ ᠠᠬᠤᠶᠢᠯᠠᠯ ᠤᠨ ᠡᠵᠡᠩᠨᠡᠯᠲᠡ ᠳᠤ ᠬᠤᠯᠪᠣᠭᠳᠠᠬᠤ | ᠵᠥᠪᠰᠢᠶᠡᠷᠡᠯ ᠤᠨ ᠵᠦᠢᠯᠡᠰ ᠤᠨ ᠥᠭᠡᠷᠡᠴᠢᠯᠡᠯᠲᠡ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠠᠷ ᠪᠡᠶᠡᠯᠡᠭᠦᠯᠪᠡ᠃ | ᠳᠤᠲᠠᠭᠳᠠᠵᠤ ᠪᠠᠶᠢᠭ᠎ᠠ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠦᠢᠯᠡᠴᠢᠯᠡᠭᠡᠨ ᠤ ᠲᠣᠭᠲᠠᠴᠠ ᠶᠢ ᠪᠦᠬᠦ | ᠲᠠᠯ᠎ᠠ ᠪᠠᠷ ᠬᠡᠷᠡᠭᠵᠢᠭᠦᠯᠵᠦ᠂ 18 ᠰᠠᠯᠠᠭ᠎ᠠ ᠮᠥᠴᠢᠷ ᠤᠨ 104 ᠵᠦᠢᠯ ᠤᠨ ᠵᠦᠢᠯᠡᠰ ᠤᠨ 207 ᠮᠠᠲ᠋ᠧᠷᠢᠶᠠᠯ ᠳᠤ | ᠳᠤᠲᠠᠭᠳᠠᠵᠤ ᠪᠠᠶᠢᠭ᠎ᠠ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠵᠤ ᠪᠣᠯᠤᠨ᠎ᠠ᠃ ᠬᠤᠶᠠᠷ ᠲᠤ ︽ᠭᠤᠷᠪᠠ ᠶᠢ | ᠲᠥᠪᠯᠡᠷᠡᠭᠦᠯᠵᠦ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠶᠡᠭᠡ ᠪᠠᠷ ᠲᠦᠯᠬᠢᠨ ᠠᠬᠢᠭᠤᠯᠵᠤ᠂ ᠡᠯ᠎ᠡ | ᠰᠠᠯᠠᠭ᠎ᠠ ᠮᠥᠴᠢᠷ ᠤᠨ ᠨᠡᠶᠢᠳᠡ 1041 ᠵᠦᠢᠯ ᠤᠨ ᠤᠴᠢᠷ ᠶᠠᠪᠤᠳᠠᠯ ᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠢᠩᠬᠢᠮ ᠳᠤ ᠰᠠᠭᠤᠯᠭᠠᠨ ᠲᠥᠪᠯᠡᠷᠡᠭᠦᠯᠦᠨ ᠭᠦᠢᠴᠡᠳᠬᠡᠵᠦ᠂ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ | ᠪᠣᠳᠠᠲᠠᠶᠢᠵᠢᠭᠤᠯᠬᠤ︾ ᠥᠭᠡᠷᠡᠴᠢᠯᠡᠯᠲᠡ ᠶᠢ ᠦᠨᠳᠦᠰᠦᠨ ᠳᠡᠭᠡᠨ ᠪᠡᠶᠡᠯᠡᠭᠦᠯᠪᠡ᠃ ᠭᠤᠷᠪᠠ ᠳᠤ ︽ᠨᠢᠭᠡ | ᠰᠦᠯᠵᠢᠶ᠎ᠡ ᠪᠠᠷ ᠨᠡᠶᠢᠳᠡᠮ ᠰᠢᠢᠳᠪᠦᠷᠢᠯᠡᠬᠦ︾ ︽ᠣᠷᠣᠯᠠᠨ ᠬᠤᠷᠢᠶᠠᠵᠤ ᠣᠷᠣᠯᠠᠨ ᠭᠦᠢᠴᠡᠳᠭᠡᠬᠦ︾ ︽ᠣᠯᠠᠨ | ᠭᠠᠵᠠᠷ ᠬᠠᠮᠲᠤᠷᠠᠨ ᠭᠦᠢᠴᠡᠳᠭᠡᠬᠦ︾ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ 39 ᠵᠦᠢᠯ ᠤᠨ ᠵᠠᠰᠠᠭ ᠤᠨ | ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ︽ᠮᠤᠵᠢ ᠠᠯᠤᠰᠯᠠᠨ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠪᠡ︔ | ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ — ᠡᠷᠢᠶᠡᠨ ᠬᠤᠲᠠ︾ ᠶᠢᠨ 97 ᠤᠴᠢᠷ ᠶᠠᠪᠤᠳᠠᠯ᠂ ︽ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ — ᠰᠥᠨᠢᠳ ᠪᠠᠷᠠᠭᠤᠨ ᠬᠤᠰᠢᠭᠤ︾ ᠶᠢᠨ 92 ᠤᠴᠢᠷ | ᠶᠠᠪᠤᠳᠠᠯ ᠨᠢ ︽ᠬᠤᠲᠠ ᠠᠯᠤᠰᠯᠠᠨ ᠨᠡᠶᠢᠳᠡᠮ ᠰᠢᠢᠳᠪᠦᠷᠢᠯᠡᠬᠦ︔ ᠣᠯᠠᠨ ᠲᠦᠮᠡᠨ ᠤ ᠦᠢᠯᠡᠳᠪᠦᠷᠢᠯᠡᠯ | ᠠᠮᠢᠳᠤᠷᠠᠯ ᠲᠠᠢ ᠨᠢᠭᠲᠠ ᠬᠠᠷᠢᠴᠠᠭ᠎ᠠ ᠲᠠᠢ ᠥᠨᠳᠥᠷ ᠲᠠᠪᠳᠠᠮᠵᠢᠳᠤ ᠤᠴᠢᠷ ᠶᠠᠪᠤᠳᠠᠯ ᠳᠤ ᠠᠩᠬᠠᠷᠤᠯ ᠢᠶᠠᠨ | ᠲᠥᠪᠯᠡᠷᠡᠭᠦᠯᠵᠦ᠂ ᠪᠥᠬᠦ ᠶᠠᠪᠤᠴᠠ ᠶᠢ ᠰᠦᠯᠵᠢᠶ᠎ᠡ ᠪᠠᠷ ᠭᠦᠢᠴᠡᠳᠭᠡᠬᠦ᠂ ᠣᠨᠳᠣᠤ ᠭᠠᠵᠠᠷ ᠲᠤ ᠣᠷᠣᠯᠠᠨ ᠬᠤᠷᠢᠶᠠᠵᠤ | ᠣᠷᠣᠯᠠᠨ ᠭᠦᠢᠴᠡᠳᠭᠡᠬᠦ ᠵᠢᠴᠢ ᠣᠯᠠᠨ ᠭᠠᠵᠠᠷ ᠬᠠᠮᠲᠤᠷᠠᠨ ᠭᠦᠢᠴᠡᠳᠭᠡᠬᠦ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠲᠦᠷᠦᠭᠦᠤ ᠪᠦᠯᠦᠭ ᠤᠨ 97 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠥᠨᠳᠥᠷ ᠲᠠᠪᠳᠠᠮᠵᠢᠳᠤ | ᠤᠴᠢᠷ ᠶᠠᠪᠤᠳᠠᠯ ᠢ ︽ᠪᠥᠬᠦ ᠬᠤᠲᠠ ᠳᠤ ᠨᠡᠶᠢᠳᠡᠮ ᠰᠢᠢᠳᠪᠦᠷᠢᠯᠡᠬᠦ︾ ᠶᠢ ᠪᠡᠶᠡᠯᠡᠭᠦᠯᠪᠡ᠃ | ︽ᠬᠥᠲᠥᠯᠥᠭᠴᠢ︾᠄ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾ ᠢ ᠭᠦᠨᠵᠡᠭᠡᠶ ᠳᠥᠯᠭᠢᠨ ᠠᠬᠢᠭᠤᠯᠬᠤ | ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠵᠠᠩ ᠵᠧᠨ︾᠄ ︽ᠨᠢᠭᠡ ᠰᠦᠯᠵᠢᠶ᠎ᠡ ᠪᠠᠷ ᠰᠢᠢᠳᠪᠦᠷᠢᠯᠡᠬᠦ︾ ᠵᠦᠢᠯᠡᠰ ᠢ ᠪᠥᠬᠦ ᠲᠠᠯ᠎ᠠ ᠪᠠᠷ ᠡᠮᠬᠢᠯᠡᠨ | ᠳᠢᠭᠯᠡᠵᠦ᠂ ᠲᠣᠳᠣᠷᠬᠠᠶ ᠬᠠᠭᠤᠳᠠᠰᠤᠨ ᠳᠠᠬᠢ ᠵᠦᠢᠯᠡᠰ ᠢ ᠬᠥᠳᠡᠯᠦᠩᠭᠦᠶ ᠪᠠᠷ ᠡᠮᠬᠢᠯᠡᠨ ᠳᠣᠭᠢᠷᠠᠭᠤᠯᠵᠤ᠂ 1435 | ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ ᠨᠡᠶᠢᠲᠡᠯᠡᠪᠡ᠃ ︽ᠺᠣᠳ᠋ ᠰᠢᠷᠪᠢᠵᠦ ᠦᠨᠡᠮᠯᠡᠯ | ᠨᠡᠶᠢᠲᠡᠯᠡᠬᠦ︾ ᠶᠢ ᠢᠳᠡᠪᠬᠢᠲᠡᠶ ᠬᠡᠷᠡᠭᠵᠢᠭᠦᠯᠵᠦ᠂ ︽ᠮᠦᠩᠭᠡ ᠰᠤᠪᠠᠭ ᠭᠡᠷᠡᠭ ᠡᠷᠭᠢᠯᠡᠬᠦ ᠭᠠᠵᠠᠷ︾ ᠤᠨ APP ᠪᠠᠷ | ᠳᠠᠮᠵᠢᠭᠤᠯᠤᠨ ᠡᠯᠧᠺᠲᠷᠣᠨ ᠬᠤᠶᠠᠷ ᠬᠡᠮᠵᠢᠯᠳᠦ ᠲᠡᠮᠳᠡᠭ ᠢᠶᠠᠨ ᠦᠵᠡᠭᠦᠯᠦᠭᠰᠡᠨ ᠤ ᠳᠠᠷᠠᠭ᠎ᠠ᠂ ᠠᠵᠢᠯ ᠶᠠᠪᠤᠳᠠᠯ | ᠭᠦᠢᠴᠡᠳᠭᠡᠬᠦ ᠠᠵᠤ ᠠᠬᠤᠶᠢᠯᠠᠯ ᠪᠠ ᠣᠯᠠᠨ ᠲᠦᠮᠡᠨ ᠴᠠᠭᠠᠰᠤᠨ ᠮᠠᠲ᠋ᠧᠷᠢᠶᠠᠯ ᠲᠤᠰᠢᠶᠠᠬᠤ ᠥᠬᠡᠶ ᠪᠠᠷ ᠵᠠᠰᠠᠭ ᠤᠨ | ᠶᠠᠪᠤᠳᠠᠯ ᠤᠨ ᠦᠢᠯᠡᠴᠢᠯᠡᠭᠡ ᠶᠢ ᠴᠠᠭᠠᠰᠤᠵᠢᠭᠤᠯᠵᠤ ᠪᠠᠶᠢᠭᠰᠠᠨ ᠠᠴᠠ ᠪᠠᠨ ᠡᠯᠤᠺᠲᠷᠤᠨᠴᠢᠯᠠᠬᠤ ᠳᠠᠰᠢ | ᠬᠤᠪᠢᠷᠠᠭᠤᠯᠬᠤ ᠶᠢ ᠤᠯᠠᠮ ᠨᠢᠭᠡ ᠠᠯᠬᠤᠮ ᠳᠥᠯᠭᠢᠨ ᠠᠬᠢᠭᠤᠯᠵᠤ᠂ ᠣᠳᠣᠬᠠᠨ ᠳᠤ 48 ᠵᠦᠢᠯ ᠤᠨ ᠵᠦᠢᠯᠡᠰ ᠲᠤ | ᠺᠣᠳ᠋ ᠰᠢᠷᠪᠢᠵᠦ ᠦᠨᠡᠮᠯᠡᠯ ᠨᠡᠶᠢᠲᠡᠯᠡᠬᠦ ᠶᠢ ᠪᠡᠶᠡᠯᠡᠭᠦᠯᠦᠨ᠎ᠡ᠃ 28 ᠰᠠᠯᠠᠭ᠎ᠠ ᠮᠥᠴᠢᠷ ᠤᠨ 256 ᠲᠦᠷᠦᠯ ᠤᠨ | ᠡᠯᠧᠺᠲᠷᠣᠨ ᠦᠨᠡᠮᠯᠡᠯ ᠢ ᠴᠤᠭᠯᠠᠭᠤᠯᠵᠤ᠂ 52 ᠡᠯᠧᠺᠲᠷᠣᠨ ᠲᠠᠮᠠᠭ᠎ᠠ ᠶᠢ ᠦᠢᠯᠡᠳᠴᠦ᠂ ᠲᠡᠦᠬᠡ ᠶᠢᠨ ᠡᠯᠧᠺᠲᠷᠣᠨ | ᠦᠨᠡᠮᠯᠡᠯ ᠤᠨ 175884 ᠭᠠᠷ ᠤᠨ ᠦᠰᠦᠭ ᠵᠢᠷᠤᠵᠤ ᠲᠠᠮᠠᠭ᠎ᠠ ᠳᠠᠷᠤᠬᠤ ᠶᠢ ᠪᠡᠶᠡᠯᠡᠭᠦᠯᠪᠡ᠃ 29 ᠰᠠᠯᠠᠭ᠎ᠠ | ᠮᠥᠴᠢᠷ ᠲᠤ ︽ᠶᠡᠷᠦᠩᠬᠡᠶᠢᠯᠡᠭᠰᠡᠨ ᠴᠣᠩᠬᠤᠨ ᠤ ᠰᠢᠰᠲ᠋ᠧᠮ︾ ᠢ ᠳᠡᠯᠭᠡᠷᠡᠭᠦᠯᠦᠨ ᠬᠡᠷᠡᠭᠯᠡᠵᠦ᠂ 647 ᠵᠦᠢᠯ ᠤᠨ | ᠵᠦᠢᠯᠡᠰ ᠢ ︽ᠶᠡᠷᠦᠩᠬᠡᠶᠢᠯᠡᠭᠰᠡᠨ ᠨᠢᠭᠡ ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ︾ ᠰᠢᠰᠲ᠋ᠧᠮ ᠳᠤ | ᠣᠷᠣᠭᠤᠯᠵᠤ᠂ ᠲᠦᠷᠦᠭᠦᠤ ᠬᠠᠭᠠᠰ ᠵᠢᠯ ᠠᠴᠠ ᠨᠠᠰᠢ᠂ ︽ᠶᠡᠷᠦᠩᠬᠡᠶᠢᠯᠡᠭᠰᠡᠨ ᠨᠢᠭᠡ ᠴᠣᠩᠬᠤᠨ ᠤ︾ ᠭᠥᠯᠢᠶᠡᠨ | ᠠᠪᠴᠤ ᠰᠢᠢᠳᠪᠦᠷᠢᠯᠡᠬᠦ ᠲᠤᠬᠠᠶᠢᠯᠠᠭᠰᠠᠨ ᠠᠵᠢᠯ 9472 ᠪᠣᠯᠵᠣ᠂ 8986 ᠵᠦᠢᠯ ᠢ ᠰᠢᠢᠳᠪᠦᠷᠢᠯᠡᠵᠤ | ᠳᠠᠭᠤᠰᠬᠠᠪᠠ᠃ | ︽ᠬᠥᠲᠥᠯᠥᠭᠴᠢ︾᠄ ︽ᠠᠯᠠᠭᠠᠨ ᠲᠡᠭᠡᠷ᠎ᠡ ᠠᠵᠢᠯᠯᠠᠬᠤ︾ ᠢ ᠭᠦᠨᠵᠡᠭᠡᠶ ᠳᠥᠯᠭᠢᠨ ᠠᠬᠢᠭᠤᠯᠬᠤ | ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠵᠠᠩ ᠵᠧᠨ︾᠄ ᠪᠥᠬᠦ ᠬᠤᠰᠢᠭᠤᠨ ᠤ ︽ᠮᠦᠩᠭᠡ ᠰᠤᠪᠠᠭ ᠭᠡᠷᠡᠭ ᠡᠷᠭᠢᠯᠡᠬᠦ ᠭᠠᠵᠠᠷ︾ ᠤᠨ | APP ᠳᠤ ᠨᠡᠶᠢᠲᠡ 75458 ᠬᠥᠮᠦᠨ ᠳᠠᠩᠰᠠᠯᠠᠭᠤᠯᠵᠤ᠂ ᠪᠠᠶᠢᠩᠭᠤ ᠰᠠᠭᠤᠭ᠎ᠠ ᠬᠥᠮᠦᠨ ᠠᠮᠠ ᠶᠢᠨ 72. | 83% ᠶᠢ ᠡᠵᠡᠯᠡᠪᠡ᠃ ︽ᠭᠠᠷ ᠤᠲᠠᠰᠤ ᠪᠠᠷ ᠠᠵᠢᠯ ᠶᠠᠪᠤᠳᠠᠯ ᠭᠦᠢᠴᠡᠳᠭᠡᠬᠦ︾ ᠣᠨᠴᠠᠯᠢᠭ ᠤᠨ ᠲᠣᠭᠤᠷᠢᠨ ᠳᠤ᠂ | ︽ᠠᠯᠠᠭᠠᠨ ᠳᠡᠭᠡᠷ᠎ᠡ ᠠᠴᠠ ᠠᠵᠢᠯ ᠶᠠᠪᠤᠳᠠᠯ ᠭᠦᠢᠴᠡᠳᠭᠡᠬᠦ︾ ᠶᠢᠨ ᠬᠡᠷᠡᠭᠯᠡᠯᠲᠡ ᠶᠢ ᠶᠡᠭᠡ ᠪᠠᠷ ᠳᠥᠯᠭᠢᠨ ᠠᠬᠢᠭᠤᠯᠵᠤ | ᠂ ᠨᠠᠩ ᠣᠯᠠᠨ ᠠᠷᠠᠳ ᠤᠨ ᠠᠮᠢᠳᠤᠷᠠᠯ ᠤᠨ ᠲᠥᠷᠥᠯ ᠤᠨ ᠥᠨᠳᠥᠷ ᠳᠠᠪᠲᠠᠮᠵᠢ ᠲᠠᠢ ᠵᠦᠢᠯᠡᠰ ᠢ ᠮᠦᠩᠭᠡ ᠰᠤᠪᠠᠭ | ᠭᠡᠷᠡᠭ ᠡᠷᠭᠢᠯᠡᠬᠦ ᠭᠠᠵᠠᠷ ᠤᠨ APP ᠳᠤ ᠣᠷᠣᠭᠤᠯᠬᠤ ᠶᠢ ᠳᠥᠯᠭᠢᠨ ᠠᠬᠢᠭᠤᠯᠵᠤ᠂ ᠣᠳᠣᠬᠠᠨ ᠳᠤ ᠠᠯᠠᠭᠠᠨ | ᠳᠡᠭᠡᠷ᠎ᠡ ᠠᠴᠠ ᠠᠵᠢᠯ ᠶᠠᠪᠤᠳᠠᠯ ᠭᠦᠢᠴᠡᠳᠭᠡᠬᠦ 490 ᠵᠦᠢᠯᠡᠰ ᠲᠠᠢ ᠬᠤᠯᠪᠣᠭᠳᠠᠭᠤᠯᠤᠨ᠂ ᠨᠢᠭᠡᠨᠲᠡ ︽ᠴᠠᠬᠢᠯᠭᠠᠨ | ᠬᠦᠴᠦᠨ ᠢ ᠮᠡᠳᠡᠭᠦᠯᠦᠨ ᠤᠭᠰᠠᠷᠠᠬᠤ ᠪᠠ ᠪᠠᠶᠢᠴᠠᠭᠠᠨ ᠯᠠᠪᠯᠠᠬᠤ ᠳᠤ ᠰᠦᠢᠳᠭᠡᠯ ᠲᠤᠰᠢᠶᠠᠬᠤ᠂ ᠢᠯᠴᠢ ᠬᠠᠩᠭᠠᠬᠤ | ᠰᠦᠢᠳᠭᠡᠯ ᠲᠤᠰᠢᠶᠠᠬᠤ᠂ ᠤᠷᠢᠳᠴᠢᠯᠠᠨ ᠳ᠋ᠤᠭᠠᠷᠯᠠᠬᠤ᠂ ᠤᠰᠤᠨ ᠤ ᠰᠦᠢᠳᠭᠡᠯ ᠲᠤᠰᠢᠶᠠᠬᠤ᠂ ᠨᠡᠶᠢᠭᠡᠮ ᠤᠨ | ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ︾ ᠵᠡᠷᠭᠡ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ | ᠵᠦᠢᠯᠡᠰ ᠢ 40 ᠭᠠᠷᠤᠶ ᠵᠠᠯᠭᠠᠨ ᠣᠷᠣᠭᠤᠯᠤᠭᠰᠠᠨ ᠪᠠᠶᠢᠨ᠎ᠠ᠃ | ︽ᠬᠥᠲᠥᠯᠥᠭᠴᠢ︾᠄ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠭᠦᠨᠵᠡᠭᠡᠶ ᠠᠬᠢᠭᠤᠯᠬᠤ | ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠵᠠᠩ ᠵᠧᠨ︾᠄ ᠨᠠᠷᠢᠨ ᠲᠠᠩᠰᠠ ᠳᠣᠲᠣᠷᠠᠬᠢ 115 ᠵᠦᠢᠯ ᠤᠨ ︽ᠨᠢᠭᠡ ᠤᠴᠢᠷ ᠢ ᠨᠢᠭᠡ | ᠤᠳᠠᠭ᠎ᠠ ᠳᠤ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠭᠦᠨᠵᠡᠭᠡᠶ ᠥᠷᠨᠢᠭᠦᠯᠵᠦ᠂ ᠪᠤᠭᠤᠲᠤ ᠬᠤᠲᠠ ᠶᠢᠨ 103 | ᠵᠦᠢᠯ ᠤᠨ ︽ᠮᠦᠩᠭᠡ ᠰᠤᠪᠠᠭ ᠭᠡᠷᠡᠭ ᠡᠷᠭᠢᠯᠡᠬᠦ ᠭᠠᠵᠠᠷ ᠊ ᠨᠢᠭᠡ ᠯᠡ ᠤᠳᠠᠭ᠎ᠠ ᠳᠤ ᠭᠦᠢᠴᠡᠳᠭᠡᠬᠦ︾ ᠤᠴᠢᠷ | ᠶᠠᠪᠤᠳᠠᠯ︽ᠡᠷᠡᠭᠦᠯ ᠮᠡᠨᠳᠦ ᠶᠢᠨ ᠦᠨᠡᠮᠯᠡᠯ ᠢ ᠨᠢᠭᠡ ᠯᠡ ᠤᠴᠢᠷ ᠢᠶᠠᠷ ᠨᠢᠭᠡ ᠯᠡ ᠤᠴᠢᠷ ᠲᠤ ᠭᠦᠢᠴᠡᠳᠭᠡᠬᠦ︾ ᠶᠢ | ᠰᠦᠯᠵᠢᠶᠡᠨ ᠠᠴᠠ ᠳᠣᠷᠣᠭᠰᠢ ᠬᠦᠷᠭᠡᠬᠦ ᠠᠴᠠ ᠰᠦᠯᠵᠢᠶᠡᠨ ᠠᠴᠠ ᠰᠦᠯᠵᠢᠶᠡᠨ ᠳᠡᠭᠡᠷ᠎ᠡ ᠭᠦᠢᠴᠡᠳᠭᠡᠬᠦ᠂ ᠡᠷᠡᠭᠦᠯ | ᠮᠡᠨᠳᠦ ᠶᠢᠨ ᠦᠨᠡᠮᠯᠡᠯ ᠢ ᠭᠦᠢᠴᠡᠳᠭᠡᠬᠦ ᠳᠤ ︽ᠨᠢᠭᠡ ᠯᠡ ᠤᠳᠠᠭ᠎ᠠ ᠳᠤ ᠭᠦᠢᠴᠡᠳᠭᠡᠬᠦ︾ ᠶᠢ ᠦᠨᠡᠨ ᠬᠦ ᠪᠡᠶᠡᠯᠡᠭᠦᠯᠵᠦ | ᠂ ᠣᠯᠠᠨ ᠲᠦᠮᠡᠨ ᠤ ᠤᠴᠢᠷ ᠶᠠᠪᠤᠳᠠᠯ ᠰᠢᠢᠳᠪᠦᠷᠢᠯᠡᠬᠦ ᠳᠤ ᠲᠦᠢᠯ ᠤᠨ ᠶᠡᠭᠡ ᠲᠥᠬᠦᠮ ᠦᠵᠡᠭᠦᠯᠦᠭᠰᠡᠨ ᠪᠠᠶᠢᠨ᠎ᠠ᠃ | ᠲᠦᠷᠦᠭᠦᠤ ᠬᠠᠭᠠᠰ ᠵᠢᠯ ᠠᠴᠠ ᠨᠠᠰᠢ ᠡᠷᠡᠭᠦᠯ ᠮᠡᠨᠳᠦ ᠶᠢᠨ ᠦᠨᠡᠮᠯᠡᠯ᠂ ᠡᠮᠨᠡᠯᠭᠡ ᠳᠤ ᠰᠠᠭᠤᠭᠰᠠᠨ ᠵᠠᠷᠤᠳᠠᠯ ᠤᠨ | ᠲᠠᠩᠰᠠ ᠲᠠᠶᠢᠯᠬᠤ᠂ ᠠᠵᠤ ᠠᠬᠤᠶᠢᠯᠠᠯ ᠪᠠ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠶᠢᠨ ᠡᠷᠭᠢᠯᠡᠭᠰᠡᠨ | ᠵᠡᠷᠭᠡ ︽ᠨᠢᠭᠡ ᠯᠡ ᠤᠳᠠᠭ᠎ᠠ ᠳᠤ ᠭᠦᠢᠴᠡᠳᠭᠡᠬᠦ︾ ᠲᠤᠬᠠᠶᠢᠯᠠᠭᠰᠠᠨ ᠠᠵᠢᠯ ᠢ ᠨᠡᠶᠢᠲᠡ 3217 ᠬᠤᠪᠢ | ᠬᠦᠢᠴᠡᠳᠭᠡᠵᠠᠢ᠃ | ︽ᠬᠥᠲᠥᠯᠥᠭᠴᠢ︾ ︽ᠲᠠᠨ ᠢ ᠬᠠᠪᠰᠤᠷᠤᠨ ᠭᠦᠢᠴᠡᠳᠭᠡᠬᠦ︾ ᠶᠢ ᠭᠦᠨᠵᠡᠭᠡᠶ ᠠᠬᠢᠭᠤᠯᠬᠤ ᠲᠠᠯ᠎ᠠ ᠪᠠᠷ | ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠵᠠᠩ ᠵᠧᠨ︾᠄ ᠦᠢᠯᠡᠴᠢᠯᠡᠭᠡᠨ ᠤ ᠠᠵᠤ ᠠᠬᠤᠶᠢᠯᠠᠯ ᠢᠶᠠᠷ ︽ᠲᠠᠨ ᠢ ᠬᠠᠪᠰᠤᠷᠤᠨ ᠭᠦᠢᠴᠡᠳᠭᠡᠬᠦ︾ | ᠠᠯᠢᠪᠠ ᠠᠵᠢᠯ ᠤᠨ ᠡᠬᠢᠯᠡᠯᠲᠡ ᠪᠠ ᠲᠡᠭᠦᠰᠬᠡᠯ ᠪᠣᠯᠭᠠᠬᠤ ᠶᠢ ᠪᠠᠷᠢᠮᠲᠠᠯᠠᠵᠤ᠂ ᠪᠥᠬᠦ ᠬᠤᠰᠢᠭᠤᠨ ᠤ 26 ᠴᠢᠬᠤᠯᠠ | ᠶᠡᠭᠡ ᠲᠥᠷᠥᠯ ᠵᠦᠢᠯ ᠤᠨ ᠲᠣᠭᠤᠷᠢᠨ ᠳᠤ ᠤᠲᠠᠰᠤ ᠪᠠᠷ ᠰᠤᠷᠪᠤᠯᠵᠢᠯᠠᠬᠤ᠂ ᠬᠥᠳᠡᠭᠡ ᠪᠠᠭᠤᠵᠤ ᠰᠤᠷᠪᠤᠯᠵᠢᠯᠠᠬᠤ | ᠵᠡᠷᠭᠡ ᠬᠡᠯᠪᠡᠷᠢ ᠪᠠᠷ ᠲᠥᠷᠥᠯ ᠵᠦᠢᠯ ᠤᠨ ᠭᠠᠷ ᠬᠦᠢᠴᠡᠳᠭᠡᠯ ᠢ ᠭᠦᠢᠴᠡᠳᠭᠡᠭᠰᠡᠨ ᠪᠠᠶᠢᠳᠠᠯ ᠢ ᠵᠣᠯᠭᠠᠭᠤᠯᠵᠤ᠂ | ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠦᠢᠯᠡᠴᠢᠯᠡᠭᠡ ᠶᠢ ᠤᠬᠠᠭᠤᠯᠵᠤ᠂ ᠠᠵᠤ ᠠᠬᠤᠶᠢᠯᠠᠯ ᠤᠨ | ᠣᠶᠢᠯᠠᠭᠠᠬᠤ ᠨᠣᠷᠮ᠎ᠠ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃ ᠣᠲᠣ ᠪᠣᠯᠲᠠᠯ᠎ᠠ᠂ 13 ᠴᠢᠬᠤᠯᠠ ᠶᠡᠭᠡ | ᠲᠥᠷᠥᠯ ᠵᠦᠢᠯ ᠤᠨ ᠠᠵᠤ ᠠᠬᠤᠶᠢᠯᠠᠯ ᠲᠠᠢ ᠬᠠᠪᠰᠤᠷᠤᠨ ᠭᠦᠢᠴᠡᠳᠭᠡᠬᠦ ᠣᠷᠣᠯᠠᠨ ᠭᠦᠢᠴᠡᠳᠭᠡᠬᠦ ᠬᠡᠯᠡᠯᠴᠡᠭᠡᠷ | ᠲᠣᠭᠲᠠᠵᠤ᠂ 9 ᠠᠵᠤ ᠠᠬᠤᠶᠢᠯᠠᠯ ᠳᠤ ᠭᠠᠵᠠᠷ ᠬᠡᠷᠡᠭᠯᠡᠬᠦ ᠶᠢ ᠤᠷᠢᠳᠴᠢᠯᠠᠨ ᠬᠢᠨᠠᠬᠤ ᠪᠠ ᠭᠠᠵᠠᠷ ᠰᠣᠩᠭᠤᠬᠤ | ᠰᠠᠨᠠᠯ ᠤᠨ ᠪᠢᠴᠢᠭ᠂ ᠭᠠᠵᠠᠷ ᠬᠡᠷᠡᠭᠯᠡᠬᠦ ᠲᠥᠯᠥᠪᠵᠢᠭᠦᠯᠭᠡ ᠶᠢᠨ ᠵᠥᠪᠰᠢᠶᠡᠷᠡᠯ᠂ ᠢᠨᠵᠧᠨᠧᠷᠢᠩ ᠤᠨ | ᠲᠥᠯᠥᠪᠵᠢᠭᠦᠯᠭᠡ ᠶᠢᠨ ᠵᠥᠪᠰᠢᠶᠡᠷᠡᠯ ᠵᠡᠷᠭᠡ ᠶᠢ ᠪᠠᠭᠲᠠᠭᠠᠭᠰᠠᠨ 25 ᠵᠦᠢᠯ ᠤᠨ ᠭᠠᠷᠳᠠᠮ ᠢ ᠭᠦᠢᠴᠡᠳᠭᠡᠬᠦ | ᠥᠭᠭᠦᠭᠰᠡᠨ ᠪᠥᠭᠡᠳ ︽ᠨᠢᠭᠡ ᠠᠵᠤ ᠠᠬᠤᠶᠢᠯᠠᠯ ᠨᠢᠭᠡ ᠲᠠᠩᠰᠠ ᠡᠪᠬᠡᠮᠡᠯ︾ ᠢ ᠪᠠᠶᠢᠭᠤᠯᠤᠭᠰᠠᠨ ᠪᠠᠶᠢᠨ᠎ᠠ᠃ | ᠡᠭᠦᠨ ᠤ ᠬᠠᠮᠲᠤ᠂ ᠲᠠᠨ ᠢ ᠬᠠᠪᠰᠤᠷᠤᠨ ᠭᠦᠢᠴᠡᠳᠬᠡᠬᠦ ᠦᠢᠯᠡᠴᠢᠯᠡᠭᠡᠨ ᠤ ᠬᠦᠷᠢᠶ᠎ᠡ ᠬᠡᠪᠴᠢᠶ᠎ᠡ ᠪᠠ ᠦᠢᠯᠡᠴᠢᠯᠡᠭᠡᠨ ᠤ | ᠰᠢᠰᠲ᠋ᠧᠮ ᠢ ᠲᠠᠰᠤᠷᠠᠯᠲᠠ ᠦᠭᠡᠶ ᠥᠷᠭᠡᠳᠬᠡᠵᠦ᠂ ᠴᠢᠬᠤᠯᠠ ᠶᠡᠭᠡ ᠲᠥᠷᠥᠯ ᠵᠦᠢᠯ ᠠᠴᠠ ᠭᠠᠳᠠᠨ᠎ᠠ᠂ ᠳᠤᠮᠳᠠ | ᠵᠢᠵᠢᠭ ᠠᠵᠤ ᠠᠬᠤᠶᠢᠯᠠᠯ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ ᠳᠤ ᠪᠠᠰᠠ ᠬᠠᠪᠰᠤᠷᠤᠨ ᠡᠷᠭᠢᠯᠡᠬᠦ | ᠦᠢᠯᠡᠴᠢᠯᠡᠭᠡ ᠥᠷᠨᠢᠭᠦᠯᠵᠦ᠂ ︽ᠵᠠᠰᠠᠭ ᠪᠠᠩᠬᠢ ᠬᠠᠮᠲᠤᠷᠠᠯᠴᠠᠬᠤ︾ ᠠᠷᠭ᠎ᠠ ᠮᠠᠶ᠋ᠢᠭ ᠢᠶᠠᠷ ᠳᠠᠮᠵᠢᠭᠤᠯᠤᠨ ᠰᠢᠨ᠎ᠡ ᠪᠠᠷ | ᠡᠷᠭᠢᠯᠡᠭᠰᠡᠨ ᠠᠵᠤ ᠠᠬᠤᠶᠢᠯᠠᠯ ᠳᠤ ︽ᠠᠵᠤ ᠠᠬᠤᠶᠢᠯᠠᠯ ᠤᠨ ᠲᠣᠮᠣ ᠪᠡᠯᠡᠭ︾ ᠢ ᠦᠨ᠎ᠡ ᠲᠥᠯᠥᠪᠦᠷᠢ ᠥᠬᠡᠶ ᠪᠠᠷ | ᠲᠠᠷᠬᠠᠭᠠᠨ ᠥᠭᠴᠦ᠂ ᠡᠵᠡᠩᠨᠡᠯᠲᠡ ᠶᠢᠨ ᠦᠨᠡᠮᠯᠡᠯ᠂ ᠠᠵᠤ ᠠᠬᠤᠶᠢᠯᠠᠯ ᠤᠨ ᠠᠯᠪᠠᠨ ᠲᠠᠮᠠᠭ᠎ᠠ᠂ ᠡᠳ᠋ ᠤᠨ | ᠶᠠᠪᠤᠳᠠᠯ ᠤᠨ ᠲᠠᠮᠠᠭ᠎ᠠ᠂ ᠪᠠᠷᠢᠮᠲᠠ ᠶᠢᠨ ᠲᠠᠮᠠᠭ᠎ᠠ᠂ ᠭᠡᠷ᠎ᠡ ᠶᠢᠨ ᠲᠠᠮᠠᠭ᠎ᠠ᠂ ᠬᠠᠤᠯᠢ ᠶᠢᠨ ᠡᠷᠬᠡᠲᠡᠨ ᠤ ᠲᠠᠮᠠᠭ᠎ᠠ᠂ | ᠭᠠᠶᠢᠯᠢ ᠶᠢᠨ ᠶᠠᠪᠤᠳᠠᠯ ᠤᠨ Ukey ᠵᠢᠴᠢ ᠡᠷᠭᠢᠯᠡᠭᠰᠡᠨ ᠠᠵᠤ ᠠᠬᠤᠶᠢᠯᠠᠯ ᠤᠨ ᠲᠥᠷᠥ ᠶᠢᠨ ᠪᠣᠳᠣᠯᠭ᠎ᠠ ᠶᠢᠨ | ᠤᠬᠠᠭᠤᠯᠭ᠎ᠠ ᠶᠢᠨ ᠪᠣᠭᠤᠳᠠᠯ ᠢ ᠨᠢᠭᠡ ᠯᠡ ᠤᠳᠠᠭ᠎ᠠ ᠶᠢᠨ ᠴᠢᠨᠠᠷᠲᠠᠶ ᠪᠠᠷ ᠠᠵᠤ ᠠᠬᠤᠶᠢᠯᠠᠯ ᠳᠤ ᠲᠠᠷᠬᠠᠭᠠᠨ ᠥᠭᠴᠦ᠂ | ᠡᠷᠭᠢᠯᠡᠭᠰᠡᠨ ᠠᠵᠤ ᠠᠬᠤᠶᠢᠯᠠᠯ ᠳᠤ ︽ᠥᠪᠡᠷ ᠤᠨ ᠥᠷᠲᠡᠭ ᠥᠬᠡᠶ︾ ᠪᠣᠯᠭᠠᠨ᠎ᠠ᠃ ᠣᠲᠣ ᠪᠣᠯᠲᠠᠯ᠎ᠠ᠂ ᠨᠡᠶᠢᠲᠡ | 30 ︽ᠠᠵᠤ ᠠᠬᠤᠶᠢᠯᠠᠯ ᠡᠷᠭᠢᠯᠡᠬᠦ ᠲᠣᠮᠣ ᠪᠡᠯᠡᠭ︾ ᠲᠠᠷᠬᠠᠭᠠᠭᠰᠠᠨ ᠪᠠᠶᠢᠨ᠎ᠠ᠃ | ︽ᠬᠥᠲᠥᠯᠥᠭᠴᠢ︾᠄ ︽ᠨᠢᠭᠡ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠳᠥᠯᠭᠢᠨ | ᠠᠬᠢᠭᠤᠯᠬᠤ ᠲᠠᠯ᠎ᠠ ᠪᠠᠷ ᠬᠡᠷᠬᠢᠨ ᠬᠢᠭᠰᠡᠨ ᠪᠣᠶ︖ | ︽ᠵᠠᠩ ᠵᠧᠨ︾᠄ ︽ᠲᠣᠮᠣ ᠶᠡᠷᠦᠩᠬᠡᠶᠢᠯᠡᠭᠰᠡᠨ ᠴᠣᠩᠬᠤ + ᠲᠤᠰᠬᠠᠶ ᠣᠷᠣᠨ ᠤ ᠶᠡᠷᠦᠩᠬᠡᠶᠢᠯᠡᠭᠰᠡᠨ | ᠴᠣᠩᠬᠤ︾ ᠶᠢᠨ ᠬᠡᠯᠪᠡᠷᠢ ᠪᠠᠷ᠂ ︽ᠨᠢᠭᠡ ᠯᠡ ᠴᠣᠩᠬᠤ ᠪᠠᠷ ᠬᠦᠯᠢᠶᠡᠨ ᠠᠪᠴᠤ ᠰᠢᠢᠳᠪᠦᠷᠢᠯᠡᠬᠦ︾ ᠵᠠᠭᠪᠤᠷ ᠢ ᠪᠦᠬᠦ | ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠦᠨᠳᠦᠰᠦᠯᠡᠨ ᠴᠣᠩᠬᠤ ᠪᠠᠨ ᠳᠠᠬᠢᠨ | ᠡᠮᠬᠢᠯᠡᠨ ᠨᠡᠶᠢᠯᠡᠭᠦᠯᠵᠦ᠂ ︽ᠵᠠᠬ᠎ᠠ ᠳᠡᠯᠭᠡᠭᠦᠷ ᠲᠤ ᠣᠷᠣᠬᠤ ᠵᠥᠪᠰᠢᠶᠡᠷᠡᠯ ᠤᠨ ᠲᠥᠷᠥᠯ︾ ︽ᠨᠡᠶᠢᠭᠡᠮ ᠤᠨ ᠬᠡᠷᠡᠭ | ᠶᠠᠪᠤᠳᠠᠯ ᠤᠨ ᠲᠥᠷᠥᠯ︾ ︽ᠪᠠᠯᠠ ᠣᠷᠣᠭᠤᠯᠤᠯᠲᠠ ᠪᠥᠲᠥᠭᠡᠨ ᠪᠠᠶᠢᠭᠤᠯᠤᠯᠲᠠ ᠶᠢᠨ ᠲᠥᠷᠥᠯ︾ ᠵᠡᠷᠭᠡ | ᠬᠦᠷᠢᠶᠡᠨ ᠳᠠᠬᠢ ᠲᠥᠷᠥᠯ ᠵᠦᠢᠯ ᠤᠨ ᠭᠤᠶᠤᠴᠢᠯᠠᠯ ᠤᠨ 551 ᠵᠦᠢᠯ ᠤᠨ ᠠᠮᠠᠯᠠᠯᠲᠠ ᠶᠢᠨ ᠵᠦᠢᠯᠡᠰ ᠢ ᠪᠦᠬᠦᠨ ᠢ | 10 ︽ᠲᠣᠮᠣ ᠶᠡᠷᠦᠩᠬᠡᠶᠢᠯᠡᠭᠰᠡᠨ ᠴᠣᠩᠬᠤ︾ ᠳᠤ ᠣᠷᠣᠭᠤᠯᠤᠨ ᠭᠥᠯᠢᠶᠡᠨ ᠠᠪᠴᠤ ᠰᠢᠢᠳᠪᠦᠷᠢᠯᠡᠨ᠎ᠡ᠂ ᠪᠤᠰᠤᠳ | ᠵᠦᠢᠯᠡᠰ ᠢ ︽ᠰᠠᠯᠠᠭ᠎ᠠ ᠮᠥᠴᠢᠷ ᠤᠨ ᠶᠡᠷᠦᠩᠬᠡᠶᠢᠯᠡᠭᠰᠡᠨ ᠴᠣᠩᠬᠤ︾ ᠳᠤ ᠣᠷᠣᠭᠤᠯᠤᠨ ᠭᠥᠯᠢᠶᠡᠨ ᠠᠪᠴᠤ | ᠰᠢᠢᠳᠪᠦᠷᠢᠯᠡᠨ᠎ᠡ᠂ ᠳᠣᠲᠣᠭᠠᠳᠤ ᠳᠠᠭᠠᠨ ᠡᠷᠭᠢᠯᠳᠦᠭᠦᠯᠬᠦ ᠪᠠᠷ ᠳᠠᠮᠵᠢᠭᠤᠯᠤᠨ᠂ ᠲᠤᠭ᠎ᠠ ᠪᠠᠷᠢᠮᠲᠠ᠂ ᠰᠠᠯᠠᠭ᠎ᠠ | ᠮᠥᠴᠢᠷ ᠢ ᠢᠯᠡᠭᠦᠬᠡᠨ ᠭᠦᠶᠦᠯᠭᠡᠵᠦ᠂ ᠠᠵᠤ ᠠᠬᠤᠶᠢᠯᠠᠯ᠂ ᠣᠯᠠᠨ ᠲᠦᠮᠡᠨ ᠨᠢᠭᠡ ᠯᠡ ᠴᠣᠩᠬᠤᠨ ᠳᠤ ᠪᠠᠶᠢᠪᠠᠯ | ᠳᠠᠷᠤᠶ ︽ᠲᠤᠰᠢᠶᠠᠬᠤ᠂ ᠭᠦᠢᠴᠡᠳᠭᠡᠬᠦ︾ ᠶᠢ ᠪᠡᠶᠡᠯᠡᠭᠦᠯᠵᠦ᠂ ᠭᠦᠢᠴᠡᠳᠭᠡᠬᠦ ᠴᠢᠬᠤᠯᠠᠲᠠᠶ ᠵᠦᠢᠯᠡᠰ ᠢ ᠨᠢᠭᠡ ᠯᠡ | ᠤᠳᠠᠭ᠎ᠠ ᠶᠢᠨ ᠴᠢᠨᠠᠷᠲᠠᠶ ᠪᠠᠷ ᠭᠦᠢᠴᠡᠳᠭᠡᠨ᠎ᠡ᠃ ᠥᠩᠭᠡᠷᠡᠭᠰᠡᠨ ᠤ ᠬᠢ ᠲᠠᠢ ᠬᠠᠷᠢᠴᠠᠭᠤᠯᠪᠠᠯ᠂ ᠵᠠᠰᠠᠭ ᠵᠠᠬᠢᠷᠭᠠᠨ ᠤ | ᠬᠢᠨᠠᠨ ᠵᠥᠪᠰᠢᠶᠡᠷᠡᠬᠦ ᠲᠥᠷᠥᠯ ᠤᠨ ᠬᠡᠷᠡᠭ ᠡᠷᠭᠢᠯᠡᠬᠦ ᠴᠣᠩᠬᠤ ᠨᠢ ᠤᠤᠯ ᠤᠨ ᠡᠯ᠎ᠡ ᠬᠢᠨᠠᠨ ᠵᠥᠪᠰᠢᠶᠡᠷᠡᠬᠦ ᠰᠠᠯᠠᠭ᠎ᠠ | ᠮᠥᠴᠢᠷ ᠤᠨ ᠠᠰ ᠲᠤᠨᠢ ᠲᠣᠬᠢᠷᠠᠭᠤᠯᠤᠭᠰᠠᠨ 26 ᠴᠣᠩᠬᠤ ᠪᠠᠶᠢᠭᠰᠠᠨ ᠠᠴᠠ ᠪᠠᠨ ᠬᠠᠰᠤᠭᠳᠠᠭᠠᠳ 10 ᠪᠣᠯᠵᠣ᠂ | ᠡᠮᠦᠨ᠎ᠡ ᠲᠠᠪᠴᠠᠩ ᠤᠨ ᠠᠵᠢᠯᠲᠠᠨ ᠨᠢ ᠤᠤᠯ ᠤᠨ 48 ᠬᠥᠮᠦᠨ ᠪᠠᠶᠢᠭᠰᠠᠨ ᠠᠴᠠ ᠪᠠᠨ ᠬᠠᠰᠤᠭᠳᠠᠭᠠᠳ 10 | ᠬᠥᠮᠦᠨ ᠪᠣᠯᠵᠣ᠂ ᠵᠠᠰᠠᠭ ᠵᠠᠬᠢᠷᠭᠠᠨ ᠤ ᠥᠪᠡᠷ ᠤᠨ ᠥᠷᠲᠡᠭ ᠨᠢ ᠶᠡᠭᠡ ᠪᠠᠷ ᠬᠠᠰᠤᠭᠳᠠᠵᠤ᠂ ᠣᠲᠣ ᠪᠣᠯᠲᠠᠯ᠎ᠠ | ᠨᠡᠶᠢᠲᠡ 11654 ᠬᠤᠪᠢ ᠬᠡᠷᠡᠭ ᠡᠷᠭᠢᠯᠡᠬᠦ ᠮᠠᠲ᠋ᠧᠷᠢᠶᠠᠯ ᠪᠣᠶ ᠪᠣᠯᠵᠠᠶ᠃ | ︽ᠬᠥᠲᠥᠯᠥᠭᠴᠢ︾᠄ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠦᠷ᠎ᠡ ᠪᠦᠲᠦᠮᠵᠢ ᠶᠢ | ᠳᠡᠭᠡᠭᠰᠢᠯᠡᠭᠦᠯᠬᠦ ᠲᠠᠯ᠎ᠠ ᠪᠠᠷ ᠶᠠᠮᠠᠷ ᠶᠠᠮᠠᠷ ᠠᠷᠭ᠎ᠠ ᠬᠡᠮᠵᠢᠶ᠎ᠡ ᠠᠪᠤᠭᠰᠠᠨ ᠪᠣᠶ︖ | ︽ᠵᠠᠩ ᠵᠧᠨ︾᠄ ᠨᠢᠭᠡ ᠳᠤ ︽ᠤᠷᠢᠳᠴᠢᠯᠠᠨ ᠪᠣᠯᠵᠣᠵᠤ ᠴᠠᠭ ᠢ ᠤᠷᠲᠤᠳᠬᠠᠬᠤ ᠦᠢᠯᠡᠴᠢᠯᠡᠭᠡ︾ ᠶᠢ | ᠢᠳᠡᠪᠬᠢᠲᠡᠶ ᠬᠡᠷᠡᠭᠵᠢᠭᠦᠯᠵᠦ᠂ 680 ᠵᠦᠢᠯ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠦᠢᠯᠡᠰ ᠢ | ᠤᠷᠢᠳᠴᠢᠯᠠᠨ ᠪᠣᠯᠵᠣᠵᠤ ᠴᠠᠭ ᠢ ᠤᠷᠲᠤᠳᠬᠠᠨ ᠭᠦᠢᠴᠡᠳᠭᠡᠬᠦ ᠶᠢ ᠪᠡᠶᠡᠯᠡᠭᠦᠯᠪᠡ᠃ ᠬᠤᠶᠠᠷ ᠲᠤ ᠵᠠᠰᠠᠭ ᠪᠠ | ᠪᠠᠩᠬᠢ ᠶᠢᠨ ᠬᠠᠮᠲᠤᠷᠠᠯᠴᠠᠭ᠎ᠠ᠂ ᠵᠠᠰᠠᠭ ᠪᠠ ᠰᠢᠤᠳᠠᠨ ᠤ ᠬᠠᠮᠲᠤᠷᠠᠯᠴᠠᠭ᠎ᠠ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ | ᠰᠦᠢᠳᠭᠡᠯ ᠬᠤᠷᠢᠶᠠᠬᠤ ᠥᠬᠡᠶ ᠪᠠᠷ ᠠᠮᠠᠪᠴᠢ᠂ ᠰᠦᠢᠳᠭᠡᠯ ᠬᠤᠷᠢᠶᠠᠬᠤ ᠥᠬᠡᠶ ᠪᠠᠷ ᠰᠢᠭᠤᠳ ᠤᠤᠭᠤᠬᠤ ᠤᠰᠤ᠂ | ᠰᠦᠢᠳᠭᠡᠯ ᠬᠤᠷᠢᠶᠠᠬᠤ ᠥᠬᠡᠶ ᠪᠠᠷ ᠳᠠᠷᠤᠮᠠᠯᠯᠠᠬᠤ᠂ ᠰᠦᠢᠳᠭᠡᠯ ᠬᠤᠷᠢᠶᠠᠬᠤ ᠥᠬᠡᠶ ᠪᠠᠷ ᠰᠢᠤᠳᠠᠨ ᠢᠶᠠᠷ ᠢᠯᠡᠭᠡᠬᠦ | ᠵᠡᠷᠭᠡ ᠰᠦᠢᠳᠭᠡᠯ ᠬᠤᠷᠢᠶᠠᠬᠤ ᠥᠬᠡᠶ ᠪᠠᠷ ᠦᠢᠯᠡᠴᠢᠯᠡᠬᠦ ᠵᠢᠴᠢ ᠠᠵᠤ ᠠᠬᠤᠶᠢᠯᠠᠯ ᠤᠨ ᠲᠣᠮᠣ ᠪᠡᠯᠡᠭ ᠰᠡᠯᠲᠡ | ᠡᠷᠭᠢᠯᠡᠬᠦ ᠵᠡᠷᠭᠡ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ ᠬᠦᠷᠲᠡᠭᠡᠬᠦ ᠠᠷᠭ᠎ᠠ ᠬᠡᠮᠵᠢᠶ᠎ᠡ ᠶᠢ | ᠭᠠᠷᠭᠠᠵᠤ᠂ ᠬᠠᠮᠤᠭ ᠤᠨ ᠶᠡᠭᠡ ᠬᠡᠮᠵᠢᠶ᠎ᠡ ᠪᠠᠷ ᠠᠷᠠᠳ ᠲᠤ ᠲᠥᠬᠦᠮ ᠦᠵᠡᠭᠦᠯᠵᠦ ᠠᠵᠤ ᠠᠬᠤᠶᠢᠯᠠᠯ ᠳᠤ ᠠᠰᠢᠭ | ᠬᠦᠷᠲᠡᠭᠡᠨ᠎ᠡ᠃ ᠭᠤᠷᠪᠠ ᠳᠤ ᠵᠠᠭᠠᠯᠳᠤᠯᠭ᠎ᠠ ᠶᠢ ᠭᠥᠯᠢᠶᠡᠨ ᠠᠪᠴᠤ ᠰᠢᠢᠳᠪᠦᠷᠢᠯᠡᠬᠦ ᠠᠷᠭ᠎ᠠ ᠵᠠᠮ ᠢ ᠤᠯᠠᠮ ᠨᠢᠭᠡ | ᠠᠯᠬᠤᠮ ᠰᠠᠭᠠᠳ ᠥᠬᠡᠶ ᠨᠡᠪᠲᠡᠷᠡᠭᠦᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠢᠩᠬᠢᠮ ᠤᠨ 76 | ᠴᠣᠩᠬᠤ ᠪᠠᠷ ︽ᠰᠠᠶᠢᠨ ᠮᠠᠭᠤ ᠶᠢᠨ ᠦᠨᠡᠯᠡᠯᠲᠡ︾ ᠶᠢ ᠨᠡᠶᠢᠳᠡᠮ ᠬᠡᠷᠡᠭᠵᠢᠭᠦᠯᠬᠦ ᠶᠢ ᠪᠡᠶᠡᠯᠡᠭᠦᠯᠵᠦ᠂ ᠣᠲᠣ ᠪᠣᠯᠲᠠᠯ᠎ᠠ | ︽ᠰᠠᠶᠢᠨ ᠮᠠᠭᠤ ᠶᠢᠨ ᠦᠨᠡᠯᠡᠯᠲᠡ︾ ᠶᠢᠨ ᠲᠤᠭ᠎ᠠ ᠪᠠᠷᠢᠮᠲᠠ ᠶᠢ 10809 ᠣᠯᠵᠤ᠂ ᠰᠠᠶᠢᠨ ᠦᠨᠡᠯᠡᠯᠲᠡ ᠶᠢᠨ | ᠨᠣᠷᠮ᠎ᠠ ᠶᠢ 100% ᠳᠤ ᠬᠦᠷᠭᠡᠨ᠎ᠡ᠃ ᠡᠭᠦᠨ ᠤ ᠬᠠᠮᠲᠤ᠂ ︽ᠡᠯᠧᠺᠲᠷᠣᠨ ᠢᠶᠠᠷ ᠬᠢᠨᠠᠨ ᠪᠠᠶᠢᠴᠠᠭᠠᠬᠤ︾ | ᠰᠢᠰᠲ᠋ᠧᠮ ᠢ ᠰᠦᠯᠵᠢᠶᠡᠨ ᠳᠤ ᠣᠷᠣᠭᠤᠯᠵᠤ᠂ ᠥᠪᠡᠷᠲᠡᠭᠡᠨ ᠵᠠᠰᠠᠬᠤ ᠣᠷᠣᠨ ᠤ ︽ᠶᠡᠷᠦᠩᠬᠡᠶᠢᠯᠡᠭᠰᠡᠨ ᠨᠢᠭᠡ | ᠴᠣᠩᠬᠤᠨ ᠤ ᠭᠥᠯᠢᠶᠡᠨ ᠠᠪᠴᠤ ᠰᠢᠢᠳᠪᠦᠷᠢᠯᠡᠬᠦ ᠰᠢᠰᠲ᠋ᠧᠮ︾ ᠪᠠ ︽ᠵᠠᠰᠠᠭ ᠤᠨ ᠶᠠᠪᠤᠳᠠᠯ ᠤᠨ ᠬᠢᠨᠠᠨ | ᠵᠥᠪᠰᠢᠶᠡᠷᠡᠬᠦ ᠰᠢᠰᠲ᠋ᠧᠮ︾ ᠳᠤ ᠣᠷᠣᠭᠤᠯᠤᠭᠰᠠᠨ 733 ᠬᠡᠷᠡᠭ ᠶᠠᠪᠤᠳᠠᠯ ᠢ ᠭᠦᠢᠴᠡᠳᠭᠡᠭᠰᠡᠨ ᠪᠠᠶᠢᠳᠠᠯ᠂ ᠶᠡᠭᠡ | ᠲᠢᠩᠬᠢᠮ ᠤᠨ ᠠᠵᠢᠯᠯᠠᠭᠠᠨ ᠤ ᠪᠠᠶᠢᠳᠠᠯ ᠪᠠ ︽ᠰᠠᠶᠢᠨ ᠮᠠᠭᠤ ᠶᠢᠨ ᠦᠨᠡᠯᠡᠯᠲᠡ︾ ᠶᠢᠨ ᠬᠠᠨᠤᠮᠵᠢ ᠶᠢᠨ ᠬᠡᠮᠵᠢᠶ᠎ᠡ ᠶᠢ | ᠴᠠᠭ ᠲᠤᠬᠠᠶ ᠳᠤᠨᠢ ᠬᠢᠨᠠᠨ ᠡᠵᠡᠮᠳᠡᠵᠦ ᠬᠠᠮᠢᠶᠠᠷᠤᠨ᠂ ᠠᠵᠢᠯ ᠶᠠᠪᠤᠳᠠᠯ ᠭᠦᠢᠴᠡᠳᠭᠡᠬᠦ ᠶᠢ ᠨᠠᠩ ᠢᠯᠡ ᠲᠣᠳᠣ | ᠪᠣᠯᠭᠠᠨ᠎ᠠ᠃ ᠳᠥᠷᠪᠡ ᠳᠤ᠂ ᠬᠤᠰᠢᠭᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ | ᠵᠥᠪᠯᠡᠯ ᠲᠠᠢ ᠬᠠᠮᠵᠢᠯᠴᠠᠨ ᠶᠡᠭᠡ ᠲᠢᠩᠬᠢᠮ ᠳᠤ ︽ᠤᠴᠢᠷ ᠶᠠᠪᠤᠳᠠᠯ ᠢ ᠪᠦᠲᠦᠭᠡᠵᠦ ᠳᠡᠶᠢᠯᠬᠦ ᠥᠬᠡᠶ︾ ᠪᠠᠶᠢᠳᠠᠯ ᠢ | ᠲᠤᠰᠬᠠᠬᠤ ᠴᠣᠩᠬᠤ᠂ ᠵᠠᠰᠠᠭ ᠤᠨ ᠶᠠᠪᠤᠳᠠᠯ ᠤᠨ ᠰᠠᠬᠢᠯᠭ᠎ᠠ ᠪᠠᠲᠤ ᠶᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ | ᠴᠣᠩᠬᠤ ᠭᠠᠷᠭᠠᠵᠤ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠵᠠᠷᠯᠠᠨ ᠮᠡᠳᠡᠭᠳᠡᠬᠦ᠂ ᠵᠠᠭᠤᠴᠢᠯᠠᠭᠤᠷ ᠢᠶᠠᠷ | ᠢᠯᠡᠴᠢᠯᠡᠬᠦ ᠵᠡᠷᠭᠡ ᠠᠷᠭ᠎ᠠ ᠮᠠᠶ᠋ᠢᠭ ᠢᠶᠠᠷ ᠠᠷᠠᠳ ᠤᠨ ᠠᠮᠢᠳᠤᠷᠠᠯ ᠤᠨ ᠪᠠᠭ᠎ᠠ ᠶᠠᠪᠤᠳᠠᠯ ᠪᠦᠬᠦᠨ ᠢ ᠵᠠᠪᠠᠯ | ᠭᠦᠢᠴᠡᠳᠭᠡᠬᠦ ᠶᠢ ᠭᠡᠳᠡᠷᠭᠦ ᠰᠢᠬᠠᠮᠳᠠᠭᠤᠯᠤᠨ᠎ᠠ᠃ ᠲᠠᠪᠤ ᠳᠤ ︽ᠡᠯᠧᠺᠲᠷᠣᠨ ᠵᠠᠭᠤᠴᠢ ᠬᠡᠳᠦ ᠳᠡᠯᠭᠡᠭᠦᠷ︾ ᠢ ᠶᠡᠭᠡ ᠪᠠᠷ | ᠳᠡᠯᠭᠡᠷᠡᠭᠦᠯᠦᠨ᠎ᠡ᠃ ᠵᠠᠰᠠᠭ ᠤᠨ ᠶᠠᠪᠤᠳᠠᠯ ᠤᠨ ᠶᠡᠭᠡ ᠲᠢᠩᠬᠢᠮ ᠤᠨ ᠨᠢᠭᠡᠳᠦᠭᠡᠷ᠂ ᠬᠤᠶᠠᠳᠤᠭᠠᠷ ᠳᠠᠪᠬᠤᠷᠯᠢᠭ ᠲᠤ | ᠲᠣᠰ ᠲᠣᠰ ︽ᠡᠯᠧᠺᠲᠷᠣᠨ ᠵᠠᠭᠤᠴᠢ ᠬᠡᠲᠦ ᠳᠡᠯᠭᠡᠭᠦᠷ︾ ᠤᠨ ᠥᠪᠡᠰᠦᠪᠡᠨ ᠦᠢᠯᠡᠴᠢᠯᠡᠬᠦ ᠲᠤᠰᠬᠠᠶ ᠲᠣᠭᠤᠷᠢᠭ | ᠭᠠᠷᠭᠠᠵᠤ᠂ 86 ᠠᠵᠤ ᠠᠬᠤᠶᠢᠯᠠᠯ ︽ᠡᠯᠧᠺᠲᠷᠣᠨ ᠵᠠᠭᠤᠴᠢ ᠬᠡᠲᠦ ᠳᠡᠯᠭᠡᠭᠦᠷ︾ ᠲᠤ ᠣᠷᠣᠵᠤ᠂ ᠣᠷᠣᠯᠠᠨ | ᠭᠦᠢᠴᠡᠳᠭᠡᠬᠦ᠂ ᠪᠠᠷᠢᠯᠭ᠎ᠠ ᠪᠠᠷᠢᠬᠤ᠂ ᠦᠨᠡᠯᠡᠨ ᠵᠢᠱᠢᠬᠦ᠂ ᠰᠢᠯᠭᠠᠨ ᠬᠡᠮᠵᠢᠬᠦ᠂ ᠬᠡᠮᠵᠢᠨ ᠵᠢᠷᠤᠬᠤ ᠵᠡᠷᠭᠡ 6 ᠶᠡᠭᠡ | ᠲᠥᠷᠥᠯ ᠢ ᠬᠠᠮᠤᠷᠴᠤ᠂ ᠠᠵᠤ ᠠᠬᠤᠶᠢᠯᠠᠯ ᠪᠠ ᠣᠯᠠᠨ ᠲᠦᠮᠡᠨ ᠤ ᠴᠢᠯᠥᠭᠡᠲᠡᠶ ᠰᠣᠩᠭᠤᠬᠤ ᠳᠤ ᠲᠥᠬᠦᠮ | ᠦᠵᠡᠭᠦᠯᠪᠡ᠃ | ︽ᠬᠥᠲᠥᠯᠥᠭᠴᠢ︾᠄ ᠲᠠᠷᠠᠭᠠᠴᠢ ᠶᠢᠨ ᠠᠯᠬᠤᠮ ᠳᠤ᠂ ᠬᠤᠰᠢᠭᠤᠨ ᠵᠠᠰᠠᠭ ᠤᠨ ᠶᠠᠪᠤᠳᠠᠯ ᠤᠨ | ᠦᠢᠯᠡᠴᠢᠯᠡᠭᠡᠨ ᠤ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠡᠵᠡᠩᠨᠡᠯᠲᠡ ᠶᠢᠨ | ᠣᠷᠴᠢᠨ ᠲᠣᠭᠤᠷᠢᠨ ᠢ ᠰᠢᠯᠢᠳᠡᠭᠵᠢᠭᠦᠯᠬᠦ ᠠᠯᠢ ᠣᠯᠠᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠶ ᠲᠤᠤᠱᠯᠠᠭᠤᠯᠤᠨ | ᠨᠠᠶᠢᠳᠠᠪᠤᠷᠢᠵᠢᠭᠤᠯᠵᠤ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶ | ᠳᠥᠯᠭᠢᠨ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠬᠦ ᠳᠤ ᠶᠠᠮᠠᠷ | ᠶᠠᠩᠵᠤ ᠶᠢᠨ ᠠᠵᠢᠯ ᠤᠨ ᠲᠣᠬᠢᠷᠠᠭᠤᠯᠤᠯᠲᠠ ᠪᠠᠶᠢᠬᠤ ᠪᠣᠶ︖ | ︽ᠵᠠᠩ ᠵᠧᠨ︾᠄ ᠳᠠᠷᠠᠭ᠎ᠠ ᠠᠯᠬᠤᠮ ᠳᠤ᠂ ᠬᠤᠰᠢᠭᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠣᠪᠴᠢᠶ᠎ᠠ ᠥᠪᠡᠷᠲᠡᠭᠡᠨ ᠵᠠᠰᠠᠬᠤ ᠣᠷᠣᠨ᠂ ᠬᠤᠲᠠ ᠪᠠ ᠬᠤᠰᠢᠭᠤᠨ ᠤ ᠬᠤᠳᠠᠯᠳᠤᠭ᠎ᠠ ᠡᠵᠡᠩᠨᠡᠬᠦ ᠣᠷᠴᠢᠨ | ᠲᠣᠭᠤᠷᠢᠨ ᠢ ᠰᠢᠯᠢᠳᠡᠭᠵᠢᠭᠦᠯᠬᠦ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠵᠤ᠂ | ᠡᠵᠡᠩᠨᠡᠯᠲᠡ ᠶᠢᠨ ᠣᠷᠴᠢᠨ ᠲᠣᠭᠤᠷᠢᠨ ᠢ ᠰᠢᠯᠢᠳᠡᠭᠵᠢᠭᠦᠯᠦᠨ ᠳᠡᠰ ᠳᠡᠪᠰᠢᠭᠦᠯᠬᠦ ᠶᠢ ᠪᠦᠬᠦ ᠬᠦᠴᠦᠨ ᠢᠶᠠᠷ ᠢᠶᠠᠨ ᠪᠤᠶ | ᠪᠣᠯᠭᠠᠵᠤ᠂ ︽ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠨᠡᠩ ᠣᠨᠣᠪᠴᠢᠲᠠᠶ ᠪᠣᠯᠭᠠᠬᠤ︾ ᠱᠠᠭᠠᠷᠳᠠᠯᠭ᠎ᠠ ᠲᠠᠢ | ᠨᠢᠭᠲᠠ ᠤᠶᠠᠯᠳᠤᠭᠤᠯᠤᠨ᠂ ᠵᠠᠬ᠎ᠠ ᠳᠡᠯᠭᠡᠭᠦᠷ ᠤᠨ ᠭᠤᠣᠯ ᠴᠣᠭᠴᠠ ᠪᠣᠯᠤᠨ ᠨᠡᠶᠢᠭᠡᠮ ᠤᠨ ᠣᠯᠠᠨ ᠨᠡᠶᠢᠲᠡ ᠶᠢᠨ | ᠬᠡᠷᠡᠭᠴᠡᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠶᠢᠨ ᠬᠤᠣᠰ | ᠴᠢᠭᠯᠡᠯ ᠢᠶᠠᠷ ᠬᠦᠴᠦᠯᠡᠬᠦ ᠶᠢ ᠪᠠᠷᠢᠮᠲᠠᠯᠠᠵᠤ᠂ ︽ᠪᠠᠭᠤᠯᠭᠠᠬᠤ ᠤᠶᠠᠯᠳᠤᠭᠤᠯᠬᠤ ᠰᠢᠯᠢᠳᠡᠭᠵᠢᠭᠦᠯᠬᠦ︾ | ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠥᠪᠥᠷ ᠮᠣᠩᠭᠤᠯ ᠤᠨ ᠲᠦᠷᠭᠡᠨ ᠬᠥᠭᠵᠢᠯᠲᠡ ᠶᠢᠨ | ᠠᠯᠪᠠᠨ ᠬᠡᠷ ᠤᠨ ︽ᠨᠢᠭᠡ ᠰᠦᠯᠵᠢᠶ᠎ᠡ ᠪᠠᠷ ᠠᠵᠢᠯ ᠡᠷᠬᠢᠯᠡᠬᠦ᠂ ᠨᠢᠭᠡ ᠯᠡ ᠳᠡᠭᠡᠷ᠎ᠡ ᠠᠵᠢᠯᠯᠠᠬᠤ᠂ ᠲᠠᠨ ᠳᠤ | ᠬᠠᠪᠰᠤᠷᠴᠤ ᠠᠵᠢᠯ ᠬᠢᠵᠤ ᠦᠭᠬᠦᠶ᠎ᠡ᠂ ᠠᠯᠠᠭᠠᠨ ᠲᠡᠭᠡᠷ᠎ᠡ ᠠᠵᠢᠯᠯᠠᠬᠤ︾ ᠢᠶᠠᠷ ᠭᠠᠷᠳᠠᠴᠠ ᠪᠣᠯᠭᠠᠵᠤ᠂ | ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠪᠠᠷ ᠤᠳᠤᠷᠢᠳᠤᠮᠵᠢ ᠪᠣᠯᠭᠠᠬᠤ᠂ ᠦᠷ᠎ᠡ ᠪᠦᠲᠦᠮᠵᠢ ᠪᠠᠷ | ᠤᠳᠤᠷᠢᠳᠤᠮᠵᠢ ᠪᠣᠯᠭᠠᠬᠤ ᠶᠢ ᠪᠠᠷᠢᠮᠲᠠᠯᠠᠨ᠂ ᠰᠠᠭᠤᠷᠢ ᠶᠢ ᠪᠠᠲᠤᠳᠬᠠᠬᠤ᠂ ᠦᠷ᠎ᠡ ᠪᠦᠲᠦᠮᠵᠢ ᠶᠢ ᠳᠡᠭᠡᠭᠰᠢᠯᠡᠭᠦᠯᠬᠦ᠂ | ᠬᠤᠳᠠᠯᠳᠤᠭ᠎ᠠ ᠡᠷᠭᠢᠯᠡᠬᠦ ᠣᠷᠴᠢᠨ ᠲᠣᠭᠤᠷᠢᠨ ᠢ ᠰᠢᠯᠢᠳᠡᠭᠵᠢᠭᠦᠯᠬᠦ ᠲᠠᠯ᠎ᠠ ᠪᠠᠷ ᠦᠷᠭᠦᠯᠵᠢᠯᠡᠨ ᠬᠦᠴᠦ ᠲᠠᠯᠪᠢᠵᠤ᠂ | ᠴᠣᠮᠬᠠᠨ ᠪᠥᠭᠡᠳ ᠥᠨᠳᠥᠷ ᠪᠦᠲᠦᠮᠵᠢᠲᠡᠶ᠂ ᠠᠵᠤ ᠠᠬᠤᠶᠢᠯᠠᠯ ᠳᠤ ᠠᠰᠢᠭ ᠬᠦᠷᠲᠡᠭᠡᠵᠦ ᠠᠷᠠᠳ ᠲᠤ ᠲᠥᠬᠦᠮ | ᠦᠵᠡᠭᠦᠯᠬᠦ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠣᠷᠴᠢᠨ ᠲᠣᠭᠤᠷᠢᠨ ᠢ ᠬᠦᠴᠦᠯᠡᠨ ᠪᠣᠶ ᠪᠣᠯᠭᠠᠵᠤ᠂ ᠴᠠᠬᠠᠷ | ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ | ᠬᠤᠪᠢ ᠨᠡᠮᠡᠷᠢ ᠦᠵᠡᠭᠦᠯᠦᠨ᠎ᠡ᠃ | ︽ᠬᠥᠲᠥᠯᠥᠭᠴᠢ︾᠄ ᠵᠠᠩ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠵᠤ | ᠪᠠᠶᠢᠨ᠎ᠠ᠂ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠴᠠᠭ ᠤᠳᠠᠯ ᠥᠬᠡᠶ ᠲᠡᠭᠦᠰᠬᠦ ᠪᠣᠯᠤᠯ᠎ᠠ᠂ | ᠮᠠᠨ ᠤ ᠬᠤᠰᠢᠭᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠦᠢᠯᠡᠰ ᠤᠨ ᠨᠠᠩ ᠰᠠᠶᠢᠨ᠂ ᠨᠠᠩ ᠰᠢᠯᠢᠳᠡᠭ | ᠲᠠᠪᠰᠢᠯᠳᠠ ᠲᠠᠢ ᠪᠣᠯᠬᠤ ᠶᠢ ᠢᠷᠥᠭᠡᠶ᠎ᠡ︕ | ︽ᠵᠠᠩ ᠵᠧᠨ︾᠄ ᠪᠠᠶᠠᠷᠯᠠᠯ᠎ᠠ︕ ᠨᠡᠶᠢᠭᠡᠮ ᠤᠨ ᠡᠯ᠎ᠡ ᠡᠲᠡᠭᠡᠳ᠂ ᠥᠷᠭᠡᠨ ᠤᠯᠠᠨ ᠨᠡᠶᠢᠲᠡ ᠶᠢᠨ | ᠨᠠᠶᠢᠵᠢ ᠨᠠᠷ ᠤᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ᠃ |