ᠳᠤᠮᠳᠠᠳᠤ ᠤᠯᠤᠰ ᠨᠢᠭᠡᠨᠲᠡ ᠪᠦᠬᠦ ᠪᠥᠮᠪᠥᠷᠴᠡᠭ ᠤᠨ ᠮᠠᠰᠢᠨ ᠬᠥᠮᠦᠨ ᠤ ᠬᠠᠮᠤᠭ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠪᠣᠯᠪᠠ
ᠨᠡᠶᠢᠲᠡᠯᠡᠭᠰᠡᠨ ᠴᠠᠭ᠄
2022/10/24
         ︽ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢᠨ ᠬᠡᠷᠡᠭᠯᠡᠭᠡᠨ ᠤ ᠡᠯ᠎ᠡ ᠡᠲᠡᠭᠡᠳ ᠤᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ᠂ ᠳᠤᠮᠳᠠᠳᠤ ᠤᠯᠤᠰ ᠤᠨ ᠮᠠᠰᠢᠨ ᠬᠥᠮᠦᠨ ᠤ ᠠᠵᠤ ᠦᠢᠯᠡᠰ ᠤᠨ ᠬᠥᠭᠵᠢᠯᠲᠡ ᠰᠢᠨ᠎ᠡ ᠳᠡᠭᠲᠡᠷ ᠲᠤ ᠭᠠᠷᠴᠤ᠂ ᠳᠤᠮᠳᠠᠳᠤ ᠤᠯᠤᠰ ᠨᠢᠭᠡᠨᠲᠡ ᠪᠦᠬᠦ ᠪᠥᠮᠪᠥᠷᠴᠡᠭ ᠤᠨ ᠮᠠᠰᠢᠨ ᠬᠥᠮᠦᠨ ᠤ ᠬᠠᠮᠤᠭ ᠤᠨ ᠶᠡᠭᠡ ᠬᠡᠷᠡᠭᠯᠡᠭᠡᠨ ᠤ ᠵᠠᠬ᠎ᠠ ᠳᠡᠯᠭᠡᠭᠦᠷ ᠪᠣᠯᠤᠭᠰᠠᠨ ᠪᠠᠶᠢᠨ᠎ᠠ︾᠃ ᠰᠤᠷᠪᠤᠯᠵᠢᠯᠠᠭᠴᠢ ᠪᠡᠭᠡᠵᠢᠩ ᠳᠤ ᠶᠠᠪᠤᠭᠳᠠᠵᠤ ᠪᠠᠶᠢᠭ᠎ᠠ 2022 ᠣᠨ ᠤ ᠳᠡᠯᠡᠬᠡᠢ ᠶᠢᠨ ᠮᠠᠰᠢᠨ ᠬᠥᠮᠦᠨ ᠤ ᠶᠡᠭᠡ ᠬᠤᠷᠠᠯ ᠠᠴᠠ ᠤᠢᠢᠯᠠᠭᠠᠭᠰᠠᠨ ᠢᠶᠠᠷ᠂ 2021 ᠣᠨ ᠤ ᠳᠤᠮᠳᠠᠳᠤ ᠤᠯᠤᠰ ᠤᠨ ᠠᠵᠤ ᠦᠢᠯᠡᠳᠪᠦᠷᠢ ᠶᠢᠨ ᠮᠠᠰᠢᠨ ᠬᠥᠮᠦᠨ ᠤ ᠭᠠᠷᠤᠯᠲᠠ 36.6 ᠲᠦᠮᠡ ᠳᠤ ᠬᠦᠷᠴᠦ᠂ ᠳᠡᠭᠡᠷ᠎ᠡ ᠵᠢᠯ ᠤᠨ ᠬᠢ ᠠᠴᠠ 68% ᠢᠶᠠᠷ ᠨᠡᠮᠡᠭᠳᠡᠪᠡ︔ ᠦᠢᠯᠡᠴᠢᠯᠡᠭᠡᠨ ᠤ ᠮᠠᠰᠢᠨ ᠬᠥᠮᠦᠨ ᠤ ᠭᠠᠷᠤᠯᠲᠠ 921.4 ᠲᠦᠮᠡ ᠳᠤ ᠬᠦᠷᠴᠦ᠂ ᠲᠦᠷᠦᠭᠦᠦ ᠵᠢᠯ ᠤᠨ ᠬᠢ ᠠᠴᠠ 47% ᠪᠠᠷ ᠨᠡᠮᠡᠭᠳᠡᠪᠡ︔ ᠣᠨᠴᠠ ᠲᠥᠷᠥᠯ ᠤᠨ ᠮᠠᠰᠢᠨ ᠬᠥᠮᠦᠨ ᠤ ᠵᠠᠬ᠎ᠠ ᠳᠡᠯᠭᠡᠭᠦᠷ ᠤᠨ ᠬᠡᠪᠴᠢᠶ᠎ᠡ ᠴᠦ ᠲᠣᠭᠲᠠᠭᠤᠨ ᠢᠶᠠᠷ ᠨᠡᠮᠡᠭᠳᠡᠵᠦ ᠪᠠᠶᠢᠨ᠎ᠠ᠃ ᠡᠭᠦᠨ ᠤ ᠵᠡᠷᠭᠡ ᠳᠤ᠂ ᠳᠤᠮᠳᠠᠳᠤ ᠤᠯᠤᠰ ᠤᠨ ᠮᠠᠰᠢᠨ ᠬᠥᠮᠦᠨ ᠤ ᠠᠵᠤ ᠤᠶᠢᠯᠡᠰ ᠤᠨ ᠰᠠᠭᠤᠷᠢ ᠴᠢᠳᠠᠪᠤᠷᠢ ᠢᠯᠡᠳᠲᠡ ᠳᠡᠭᠡᠭᠰᠢᠯᠡᠵᠦ᠂ ᠨᠠᠷᠢᠯᠢᠭ ᠤᠳᠠᠭᠠᠰᠢᠷᠠᠭᠤᠯᠤᠭᠴᠢ ᠵᠡᠷᠭᠡ ᠭᠤᠤᠯ ᠰᠡᠯᠪᠢᠭ ᠲᠣᠨᠤᠭ ᠱᠠᠲᠤ ᠦᠶ᠎ᠡ ᠶᠢᠨ ᠴᠢᠨᠠᠷᠲᠠᠶ ᠰᠢᠪᠲᠤᠯᠤᠯᠲᠠ ᠲᠠᠢ ᠪᠣᠯᠵᠣ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠦᠬᠦᠯᠢ ᠮᠠᠰᠢᠨ ᠤ ᠠᠵᠤ ᠠᠬᠤᠶᠢᠯᠠᠯ ᠳᠤ ᠨᠡᠶᠢᠳᠡᠮ ᠮᠡᠳᠡᠷᠡᠭᠳᠡᠵᠦ᠂ ᠮᠠᠰᠢᠨ ᠬᠥᠮᠦᠨ ᠤ ᠠᠵᠢᠯᠯᠠᠭᠤᠯᠬᠤ ᠰᠢᠰᠲ᠋ᠧᠮ ᠢᠶᠠᠷ ᠲᠥᠯᠥᠭᠡᠯᠡᠭᠦᠯᠦᠭᠰᠡᠨ ᠭᠤᠤᠯ ᠵᠥᠭᠡᠯᠡᠨ ᠲᠣᠨᠤᠭ ᠤᠨ ᠬᠡᠰᠡᠭ ᠵᠠᠩᠭᠢᠯᠠᠭ᠎ᠠ ᠶᠢᠨ ᠮᠡᠷᠭᠡᠵᠢᠯ ᠠᠬᠢᠯᠲᠠ ᠲᠠᠢ ᠪᠣᠯᠤᠭᠰᠠᠨ ᠪᠥᠭᠡᠳ ᠪᠣᠳᠠᠲᠠᠶ ᠬᠡᠷᠡᠭᠯᠡᠯᠲᠡ ᠳᠤ ᠣᠷᠣᠪᠠ᠃          ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠶᠠᠮᠤᠨ ᠤ ᠬᠠᠮᠢᠶ᠎ᠠ ᠪᠦᠬᠦᠢ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ ᠣᠳᠣᠬᠠᠨ ᠳᠤ ᠪᠦᠬᠦ ᠪᠥᠮᠪᠥᠷᠴᠡᠭ ᠤᠨ ᠮᠠᠰᠢᠨ ᠬᠥᠮᠦᠨ ᠤ ᠠᠵᠤ ᠦᠢᠯᠡᠰ ᠤᠨ ᠬᠡᠯᠬᠢᠶ᠎ᠡ ᠂ ᠬᠠᠩᠭᠠᠯᠭ᠎ᠠ ᠶᠢᠨ ᠬᠡᠯᠬᠢᠶ᠎ᠡ ᠶᠢᠨ ᠳᠣᠲᠣᠷ᠎ᠠ ᠪᠢ ᠪᠠᠶᠢᠨ᠎ᠠ᠂ ᠮᠢᠨᠦ ᠳᠣᠲᠣᠷ᠎ᠠ ᠴᠢ ᠪᠠᠶᠢᠨ᠎ᠠ ᠭᠡᠬᠦ ᠪᠠᠶᠢᠷᠢᠰᠢᠯ ᠳᠠᠰᠤᠷᠠᠯᠳᠠ ᠦᠭᠡᠢ ᠭᠦᠨᠵᠡᠭᠡᠶᠢᠷᠡᠵᠦ᠂ ᠨᠢᠭᠡ ᠲᠠᠯ᠎ᠠ ᠪᠠᠷ ᠤᠯᠠᠨ ᠤᠯᠤᠰ ᠤᠨ ᠠᠵᠤ ᠠᠬᠤᠶᠢᠯᠠᠯ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠨᠡᠩ ᠭᠦᠨᠵᠡᠭᠡᠢ ᠠᠭᠤᠰᠤᠯᠴᠠᠵᠤ᠂ ᠤᠯᠠᠨ ᠤᠯᠤᠰ ᠤᠨ ᠮᠠᠰᠢᠨ ᠬᠥᠮᠦᠨ ᠤ ᠲᠣᠯᠣᠭᠠᠢ ᠶᠢᠨ ᠠᠵᠤ ᠠᠬᠤᠶᠢᠯᠠᠯ ᠳᠤᠮᠳᠠᠳᠤ ᠤᠯᠤᠰ ᠤᠨ ᠲᠤᠰ ᠭᠠᠵᠠᠷ ᠤᠨ ᠴᠢᠨᠠᠷᠲᠠᠢ ᠰᠤᠳᠤᠯᠤᠨ ᠨᠡᠭᠡᠭᠡᠯᠲᠡ ᠪᠠ ᠦᠢᠯᠡᠳᠪᠦᠷᠢᠯᠡᠯ ᠢ ᠪᠠᠶᠢᠷᠢᠯᠠᠭᠤᠯᠬᠤ ᠪᠠᠨ ᠴᠢᠩᠭᠠᠳᠬᠠᠵᠤ᠂ ᠳᠤᠮᠳᠠᠳᠤ ᠤᠯᠤᠰ ᠤᠨ ᠵᠠᠬ᠎ᠠ ᠳᠡᠯᠭᠡᠭᠦᠷ ᠲᠤ ᠠᠭᠤᠰᠤᠯᠴᠠᠵᠠᠢ᠃ ᠨᠥᠭᠦᠭᠡ ᠲᠠᠯ᠎ᠠ ᠪᠠᠷ᠂ ᠳᠤᠮᠳᠠᠳᠤ ᠤᠯᠤᠰ ᠤᠨ ᠮᠠᠰᠢᠨ ᠬᠥᠮᠦᠨ ᠤ ᠠᠵᠤ ᠠᠬᠤᠶᠢᠯᠠᠯ ᠤᠨ ᠲᠡᠯᠡᠶ ᠳᠤ ᠭᠠᠷᠬᠤ ᠪᠠᠶᠢᠳᠠᠯ ᠬᠦᠴᠦᠲᠡᠶ ᠪᠠᠶᠢᠵᠤ᠂ ᠢᠳᠡᠪᠬᠢᠲᠡᠶ ᠪᠠᠷ ᠳᠡᠯᠡᠬᠡᠶᠢᠴᠢᠯᠡᠯᠲᠡ ᠶᠢᠨ ᠪᠠᠶᠢᠷᠢᠰᠢᠭᠤᠯᠤᠯᠲᠠ ᠶᠢ ᠬᠢᠵᠦ᠂ ᠰᠤᠳᠤᠯᠤᠨ ᠨᠡᠭᠡᠭᠡᠬᠦ ᠲᠥᠪ ᠢ ᠬᠠᠮᠲᠤᠷᠠᠨ ᠪᠠᠶᠢᠭᠤᠯᠵᠤ᠂ ᠤᠳᠠᠭᠠᠰᠢᠷᠠᠭᠤᠯᠤᠭᠴᠢ᠂ ᠤᠶᠢᠯᠡᠴᠢᠯᠡᠬᠡᠨ ᠤ ᠴᠠᠬᠢᠯᠭᠠᠨ ᠮᠠᠰᠢᠨ ᠵᠡᠷᠭᠡ ᠭᠤᠤᠯᠯᠠᠬᠤ ᠰᠡᠯᠪᠢᠭ ᠲᠣᠨᠤᠭ ᠤᠨ ᠠᠵᠤ ᠠᠬᠤᠶᠢᠯᠠᠯ ᠳᠡᠯᠡᠬᠡᠶ ᠶᠢᠨ ᠲᠣᠯᠣᠭᠠᠶ ᠶᠢᠨ ᠬᠡᠰᠡᠭ ᠤᠨ ᠠᠵᠤ ᠠᠬᠤᠶᠢᠯᠠᠯ ᠤᠨ ᠬᠠᠩᠭᠠᠯᠭ᠎ᠠ ᠶᠢᠨ ᠬᠡᠯᠬᠢᠶᠡᠨ ᠤ ᠰᠢᠰᠲ᠋ᠧᠮ ᠳᠤ ᠠᠮᠵᠢᠯᠲᠠᠲᠠᠶ ᠣᠷᠣᠵᠤ᠂ ᠬᠠᠮᠲᠤᠷᠠᠯᠴᠠᠭᠠᠨ ᠤ ᠥᠷᠭᠡᠴᠡ ᠪᠠ ᠭᠦᠨᠴᠡ ᠶᠢ ᠲᠠᠰᠤᠷᠠᠯᠲᠠ ᠥᠬᠡᠶ ᠥᠷᠭᠡᠳᠬᠡᠪᠡ᠃ ︵ᠰᠤᠷᠪᠤᠯᠵᠢᠯᠠᠭᠴᠢ ᠾᠧ ᠶᠦᠩ︶          ︽ᠬᠠᠷᠢᠭᠤᠴᠠᠯᠭᠠᠲᠤ ᠨᠠᠶᠢᠷᠠᠭᠤᠯᠤᠭᠴᠢ᠄ ᠯᠢᠩ ᠵᠢᠶ ᠸᠧᠶ︾
 
ᠢᠷᠡᠯᠲᠡ᠄ ᠠᠷᠠᠳ ᠤᠨ ᠡᠳᠦᠷ ᠤᠨ ᠰᠣᠨᠢᠨ ᠤ ᠭᠠᠳᠠᠭᠠᠳᠤ ᠬᠡᠪᠯᠡᠯ 
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号