︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ
ᠨᠡᠶᠢᠲᠡᠯᠡᠭᠰᠡᠨ ᠴᠠᠭ᠄
2022/11/16
         ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄          ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠯᠡᠭᠦᠯᠵᠦ ᠪᠠᠲᠤᠯᠠᠭᠠᠳ᠂ ᠡᠳᠦᠭᠡ ᠳᠠᠷᠤᠮᠠᠯᠯᠠᠨ ᠲᠠᠷᠬᠠᠭᠠᠪᠠ᠂ ᠵᠢᠷᠤᠮᠯᠠᠨ ᠬᠡᠷᠡᠭᠵᠢᠭᠦᠯᠲᠦᠭᠡᠶ᠃          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2022 ᠣᠨ ᠤ 10 ᠰᠠᠷ᠎ᠠ ᠶᠢᠨ 21          ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠡᠮᠳᠡᠭᠲᠦ ᠶᠢᠨ ᠳᠡᠭᠡᠭᠰᠢᠯᠡᠯᠲᠡ ᠶᠢᠨ ᠱᠠᠩᠨᠠᠯ          ᠠᠷᠭ᠎ᠠ ︵ᠲᠤᠷᠰᠢᠨ ᠬᠡᠷᠡᠭᠵᠢᠭᠦᠯᠬᠦ︶          ᠨᠢᠭᠡᠳᠦᠭᠡᠷ ᠪᠦᠯᠦᠭ ᠵᠡᠷᠦᠩᠬᠡᠶ ᠲᠦᠷᠢᠮ          ᠨᠢᠭᠡᠳᠦᠭᠡᠷ ᠵᠤᠶᠢᠯ ᠮᠠᠨ ᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠤᠨ ᠦᠷᠭᠦᠯᠵᠢᠯᠡᠨ ᠲᠦᠷᠭᠡᠨ ᠬᠥᠭᠵᠢᠬᠦ ᠶᠢ ᠳᠡᠮᠵᠢᠵᠦ᠂ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠢ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠤᠶᠢᠯᠡᠰ ᠤᠨ ᠴᠢᠬᠤᠯᠠ ᠲᠤᠯᠭᠠᠭᠤᠷᠢᠯᠠᠯ ᠪᠣᠯᠭᠠᠨ ᠪᠤᠶᠢᠵᠢᠭᠤᠯᠵᠤ᠂ ᠵᠢᠭᠤᠯᠴᠢᠯᠠᠯ ᠤᠨ ᠬᠦᠴᠦᠷᠬᠡᠭ ᠬᠤᠰᠢᠭᠤ ᠪᠠ ᠤᠯᠤᠰ ᠤᠨ ᠳᠣᠲᠣᠭᠠᠳᠤ ᠶᠢᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠪᠠ᠃          ᠬᠤᠶᠠᠳᠤᠭᠠᠷ ᠵᠤᠶᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠱᠠᠩᠨᠠᠯ ᠤᠨ ᠪᠠᠯᠠ ᠮᠥᠩᠭᠦ ︵ᠳᠣᠷᠣᠭᠰᠢ ︽ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ︾ ᠭᠡᠵᠦ ᠲᠣᠪᠴᠢᠯᠠᠨ᠎ᠠ︶ ᠶᠢᠨ ᠢᠷᠡᠯᠲᠡ ᠨᠢ ᠠᠵᠤ ᠠᠬᠤᠶᠢᠯᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ ᠳᠡᠮᠵᠢᠬᠦ ᠪᠡᠯᠡ ᠮᠥᠩᠭᠦ ᠪᠤᠶᠤ ᠡᠳ᠋ ᠤᠨ ᠵᠠᠰᠠᠭ ᠤᠨ ᠪᠠᠯᠠ ᠮᠥᠩᠭᠦ ᠪᠠᠶᠢᠵᠤ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠠ ᠳᠡᠭᠡᠭᠰᠢᠯᠡᠯᠲᠡ ᠳᠤ ᠲᠤᠰᠬᠠᠶ ᠬᠡᠷᠡᠭᠯᠡᠨ᠎ᠡ᠃          ᠭᠤᠷᠪᠠᠳᠤᠭᠠᠷ ᠵᠣᠶᠢᠯ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠨᠢ ᠭᠤᠷᠪᠠᠨ ᠵᠢᠯ ᠪᠣᠯᠤᠨ᠎ᠠ᠃          ᠳᠥᠷᠪᠡᠳᠦᠭᠡᠷ ᠵᠤᠶᠢᠯ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠬᠤᠰᠢᠭᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠠ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠲᠤ ᠪᠠᠷ ᠬᠠᠮᠢᠶᠠᠷᠴᠤ᠂ ᠬᠡᠷᠡᠭᠯᠡᠵᠦ ᠬᠠᠮᠢᠶᠠᠷᠬᠤ ᠳᠤ ︽ᠬᠥᠲᠥᠯᠦᠨ ᠵᠢᠯᠣᠭᠤᠳᠴᠤ ᠤᠷᠮᠠᠰᠢᠭᠤᠯᠬᠤ᠂ ᠢᠯᠡ ᠲᠣᠳᠣ ᠪᠠᠶᠢᠯᠭᠠᠬᠤ︾ ᠵᠠᠷᠴᠢᠮ ᠢ ᠵᠢᠷᠤᠮᠯᠠᠨ᠂ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠱᠠᠭᠠᠷᠳᠠᠯᠭ᠎ᠠ ᠶᠢᠨ ᠲᠣᠭᠤᠷᠢᠨ ᠳᠤ᠂ ︽ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ︾ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠦᠨ ᠪᠥᠲᠥᠭᠡᠨ ᠪᠠᠶᠢᠭᠤᠯᠬᠤ ᠭᠤᠤᠯᠳᠠᠯᠭ᠎ᠠ ᠲᠠᠢ ᠠᠵᠢᠯ ᠢ ᠭᠤᠤᠯᠳᠠᠯᠭ᠎ᠠ ᠲᠠᠢ ᠪᠠᠲᠤᠯᠠᠨ᠎ᠠ          ᠬᠤᠶᠠᠳᠤᠭᠠᠷ ᠪᠦᠯᠦᠭ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ ᠱᠠᠩᠨᠠᠬᠤ          ᠲᠠᠪᠤᠳᠤᠭᠠᠷ ᠵᠤᠶᠢᠯ ᠱᠠᠩᠨᠠᠬᠤ ᠡᠲᠡᠭᠡᠳ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠯᠢ ᠶᠢᠨ ᠳᠣᠲᠣᠷᠠᠬᠢ ᠤᠯᠤᠰ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠡᠵᠡᠩᠨᠡᠭᠴᠢ ᠪᠠᠷ ᠦᠨᠡᠯᠡᠨ ᠲᠣᠭᠲᠠᠭᠠᠭᠰᠠᠨ ᠪᠠᠶᠢᠪᠠᠯ᠂ ᠱᠠᠩᠨᠠᠬᠤ ᠪᠠᠷᠢᠮᠵᠢᠶ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠨ᠎ᠠ᠃          ᠵᠢᠷᠭᠤᠳᠤᠭᠠᠷ ᠵᠤᠶᠢᠯ ᠱᠠᠩᠨᠠᠬᠤ ᠪᠠᠷᠢᠮᠵᠢᠶ᠎ᠠ᠄ ᠤᠯᠤᠰ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠪᠠᠷ ᠰᠢᠨ᠎ᠡ ᠪᠠᠷ ᠦᠨᠡᠯᠡᠨ ᠲᠣᠭᠲᠠᠭᠠᠭᠰᠠᠨ ᠪᠠᠶᠢᠪᠠᠯ᠂ ᠲᠣᠰ ᠲᠣᠰ 15 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠵᠤ᠂ ᠲᠠᠰ ᠳᠡᠪᠰᠢᠭᠰᠡᠨ ᠪᠠᠶᠢᠪᠠᠯ ᠪᠠᠷᠢᠮᠵᠢᠶ᠎ᠠ ᠶᠣᠰᠣᠭᠠᠷ ᠵᠥᠷᠢᠶ᠎ᠡ ᠶᠢ ᠨᠢ ᠨᠥᠬᠦᠵᠦ ᠬᠦᠢᠴᠡᠬᠡᠨ᠎ᠡ᠃          ᠳᠣᠯᠣᠳᠤᠭᠠᠷ ᠵᠤᠶᠢᠯ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠡᠵᠡᠩᠨᠡᠭᠴᠢ ᠶᠢᠨ ᠠᠷᠠᠳ ᠤᠨ ᠪᠠᠶᠢᠷᠢ ᠶᠢᠨ ᠪᠥᠲᠥᠭᠡᠨ ᠪᠠᠶᠢᠭᠤᠯᠤᠯᠲᠠ᠂ ᠳᠦᠷᠢ ᠲᠥᠷᠬᠦ ᠶᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠬᠢᠬᠦ ᠵᠡᠷᠭᠡ ᠪᠤᠯᠤᠨ᠎ᠠ᠃          ᠭᠤᠷᠪᠠᠳᠤᠭᠠᠷ ᠪᠦᠯᠦᠭ ᠮᠡᠳᠡᠭᠦᠯᠬᠦ ᠱᠠᠭᠠᠷᠳᠠᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ          ᠨᠠᠢᠮᠠᠳᠤᠭᠠᠷ ᠵᠦᠢᠯ ᠤᠯᠤᠰ ᠤᠨ ᠬᠥᠬᠡ ᠳᠡᠰ᠂ ᠬᠥᠬᠡᠭᠴᠢᠨ ᠳᠡᠰ᠂ ᠤᠯᠠᠭᠠᠨ ᠳᠡᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠪᠠᠷ ᠦᠨᠡᠯᠡᠨ ᠲᠣᠭᠲᠠᠭᠠᠬᠤ ᠳᠤ ᠮᠡᠳᠡᠭᠦᠯᠬᠦ ᠮᠠᠲ᠋ᠧᠷᠢᠶᠠᠯ ᠳᠤ ᠳᠣᠣᠷᠠᠬᠢ ᠵᠦᠢᠯ ᠪᠠᠭᠲᠠᠨ᠎ᠠ᠄ ① ︽ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ︾ ︵ᠬᠠᠤᠯᠢ ᠶᠢᠨ ᠬᠥᠮᠦᠨ ᠤ ᠲᠥᠯᠥᠭᠡᠯᠡᠭᠴᠢ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ︶ ② ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠡᠮᠳᠡᠭᠲᠦ ᠶᠢ ᠳᠡᠭᠡᠭᠰᠢᠯᠡᠭᠦᠯᠦᠭᠰᠡᠨ ᠢ ᠱᠠᠩᠨᠠᠬᠤ ᠮᠡᠳᠡᠭᠦᠯᠦᠯᠲᠡ ᠶᠢᠨ ᠬᠦᠰᠦᠨᠦᠭᠲᠦ︾︔ ③ ᠡᠵᠡᠩᠨᠡᠯᠲᠡ ᠶᠢᠨ ᠦᠨᠡᠮᠯᠡᠯ ᠵᠢᠴᠢ ᠬᠠᠤᠯᠢ ᠶᠢᠨ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ ︵ᠤᠭ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠬᠦ︶︔ ᠳᠥᠷᠪᠡ᠂ ᠤᠯᠤᠰ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠵᠥᠪᠰᠢᠶᠡᠷᠡᠯ ᠢᠶᠠᠷ ᠨᠤᠲᠠᠯᠠᠨ ᠲᠣᠭᠲᠠᠭᠠᠭᠰᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠰᠢᠨ᠎ᠡ ᠪᠠᠷ ᠦᠨᠡᠯᠡᠨ ᠲᠣᠭᠲᠠᠭᠠᠨ᠎ᠠ᠃          ᠶᠢᠰᠦᠳᠦᠭᠡᠷ ᠵᠤᠶᠢᠯ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠢᠨᠠᠨ ᠲᠣᠭᠲᠠᠭᠠᠨ᠎ᠠ᠃          ᠠᠷᠪᠠᠳᠤᠭᠠᠷ ᠵᠤᠶᠢᠯ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠮᠡᠳᠡᠭᠦᠯᠵᠦ ᠪᠣᠯᠬᠤ ᠥᠬᠡᠶ᠂ ᠨᠢᠭᠡᠨᠲᠡ ᠮᠡᠳᠡᠭᠦᠯᠵᠦ ᠳᠠᠭᠤᠰᠤᠭᠰᠠᠨ ᠪᠠᠶᠢᠪᠠᠯ ᠱᠠᠩᠨᠠᠯ ᠤᠨ ᠪᠠᠯᠠ ᠮᠥᠩᠭᠦ ᠶᠢ ᠠᠯᠪᠠᠲᠠᠨ ᠪᠤᠴᠠᠭᠠᠯᠭᠠᠬᠤ ᠮᠥᠷᠲᠡᠭᠡᠨ ᠱᠠᠩᠨᠠᠵᠤ ᠲᠡᠳᠬᠦᠬᠦ ᠠᠷᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠳᠠᠭᠢᠵᠤ ᠱᠠᠩᠨᠠᠬᠤ ᠪᠠᠷ ᠭᠤᠶᠤᠴᠢᠯᠠᠵᠤ ᠪᠣᠯᠬᠤ ᠥᠬᠡᠶ᠂ ᠲᠣᠰ ᠣᠨ ᠵᠢᠴᠢ ᠲᠠᠷᠠᠭᠠᠴᠢ ᠶᠢᠨ ᠬᠤᠶᠠᠷ ᠵᠢᠯ ᠤᠨ ᠱᠠᠩᠨᠠᠬᠤ ᠪᠠᠷ ᠭᠤᠶᠤᠴᠢᠯᠠᠬᠤ ᠬᠢᠷᠢ ᠬᠡᠮ ᠢ ᠬᠦᠴᠦᠨ ᠥᠬᠡᠶ ᠪᠣᠯᠭᠠᠵᠤ᠂ ᠦᠨᠡᠨᠴᠢ ᠢᠲᠡᠭᠡᠮᠵᠢ ᠶᠢᠨ ︽ᠨᠡᠷ᠎ᠡ ᠶᠢᠨ ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ᠂ ᠤᠶᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠲᠡᠭᠦᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠄          ︵ᠨᠢᠭᠡ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ︔          ︵ᠬᠤᠶᠠᠷ︶ ᠮᠡᠳᠡᠭᠦᠯᠦᠭᠰᠡᠨ ᠨᠢᠭᠡᠴᠡ ᠱᠠᠩᠨᠠᠬᠤ ᠪᠠᠷ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠥᠢᠯᠡ ᠠᠵᠢᠯᠯᠠᠭ᠎ᠠ ᠲᠠᠢ ᠪᠠᠶᠢᠬᠤ︔  ᡾          ︵ᠭᠤᠷᠪᠠ︶ ᠮᠡᠳᠡᠭᠦᠯᠦᠭᠰᠡᠨ ᠨᠢᠭᠡᠴᠡ ᠶᠢᠨ ᠲᠣᠰ ᠪᠡᠶ᠎ᠡ ᠠᠴᠠ ᠪᠣᠯᠤᠭᠰᠠᠨ  ᠣᠶᠢᠯᠡᠴᠢᠯᠡᠬᠡᠨ ᠤ ᠶᠠᠰᠤ ᠴᠢᠨᠠᠷ ᠤᠨ ᠠᠳᠡᠯ ᠠᠴᠠ ᠪᠣᠯᠵᠣ᠂ ᠣᠨ ᠳᠤ 3 ᠤᠳᠠᠭ᠎ᠠ ᠠᠴᠠ ᠳᠡᠭᠡᠭᠰᠢ ︵3 ᠤᠳᠠᠭ᠎ᠠ ᠶᠢ ᠪᠠᠭᠲᠠᠭᠠᠨ᠎ᠠ︶ ᠵᠠᠭᠠᠯᠳᠤᠭᠳᠠᠭᠰᠠᠨ ᠪᠤᠶᠤ ᠴᠢᠬᠤᠯᠠ ᠶᠡᠭᠡ ᠵᠠᠭᠠᠯᠳᠤᠭᠰᠠᠨ ᠬᠡᠷᠡᠭ ᠭᠠᠷᠤᠭᠰᠠᠨ︔          ︵ᠲᠦᠷᠪᠡ︶ ᠣᠨ ᠤ ᠳᠣᠲᠣᠷ᠎ᠠ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠦᠨᠳᠦ ᠶᠡᠭᠡ ᠡ᠊ᠨᠳᠡᠯ ᠭᠠᠷᠤᠭᠰᠠᠨ ᠢ ᠱᠠᠩᠨᠠᠨ ᠬᠥᠬᠢᠭᠦᠯᠦᠭᠰᠡᠨ︔            ︵ᠲᠠᠪᠤ︶ ᠮᠡᠳᠡᠭᠦᠯᠦᠭᠰᠡᠨ ᠨᠢᠭᠡᠴᠡ ᠨᠢ ᠢᠲᠡᠭᠡᠯ ᠢᠶᠠᠨ ᠠᠯᠳᠠᠭᠰᠠᠨ ᠬᠤᠭᠤᠴᠠᠭᠠᠨ ᠳᠤ ᠪᠠᠶᠢᠬᠤ︔            ︵ᠵᠢᠷᠭᠤᠭ᠎ᠠ︶ ᠦᠵᠡᠯ ᠤᠬᠠᠮᠰᠠᠷ ᠤᠨ ᠬᠡᠯᠪᠡᠷᠢ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠮᠢ ᠠᠬᠤᠶ ᠂ ᠶᠠᠳᠠᠭᠤ ᠶᠢ ᠲᠡᠳᠬᠦᠬᠦ ᠵᠡᠷᠭᠡ ᠬᠦᠷᠢᠶᠡᠨ ᠳᠤ ᠬᠦᠨᠳᠦ ᠶᠡᠭᠡ ᠠᠳᠡᠯ ᠵᠢᠴᠢ ᠪᠤᠰᠤᠳ ᠬᠠᠤᠯᠢ ᠰᠠᠬᠢᠯᠭ᠎ᠠ ᠶᠢ ᠵᠥᠷᠢᠴᠡᠭᠰᠡᠨ ᠬᠡᠷᠡᠭ ᠭᠠᠷᠤᠭᠰᠠᠨ ᠠᠵᠤ ᠠᠬᠤᠶᠢᠯᠠᠯ ᠪᠠ ᠲᠥᠷᠥᠯ ᠵᠤᠶᠢᠯ︔          ︵ᠳᠣᠯᠤᠭ᠎ᠠ︶ ᠱᠠᠩᠨᠠᠬᠤ ᠬᠢᠷᠢ ᠬᠡᠮ ᠢ ᠬᠠᠰᠤᠭᠰᠠᠨ ᠪᠤᠰᠤᠳ ᠪᠠᠶᠢᠳᠠᠯ᠃          ᠠᠷᠪᠠᠨ ᠨᠢᠭᠡᠳᠦᠭᠡᠷ ᠵᠣᠶᠢᠯ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠠᠵᠢᠯᠲᠠᠳ ᠲᠣᠭᠲᠠᠭᠠᠯ ᠶᠣᠰᠣᠭᠠᠷ ᠮᠡᠳᠡᠭᠦᠯᠬᠦ᠂ ᠬᠢᠨᠠᠨ ᠬᠠᠷᠭᠤᠭᠤᠯᠬᠤ᠂ ᠲᠠᠷᠬᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠤᠶᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠪᠤᠷᠢᠯᠡᠨ᠎ᠡ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ          ᠠᠷᠪᠠᠨ ᠬᠤᠶᠠᠳᠤᠭᠠᠷ ᠵᠤᠶᠢᠯ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠬᠤᠰᠢᠭᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃          ᠠᠷᠪᠠᠨ ᠭᠤᠷᠪᠠᠳᠤᠭᠠᠷ ᠵᠤᠶᠢᠯ ᠲᠣᠰ ᠠᠷᠭ᠎ᠠ ᠶᠢ 2022 ᠣᠨ ᠤ 10 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠳᠠᠷᠤᠮᠠᠯᠯᠠᠨ ᠲᠠᠷᠬᠠᠭᠠᠬᠤ ᠲᠤᠬᠠᠶ ᠮᠡᠳᠡᠭᠳᠡᠯ          ᠡᠯ᠎ᠡ ᠰᠤᠮᠤ ᠰᠢᠶᠠᠩ ᠪᠠᠯᠭᠠᠰᠤ ᠶᠢᠨ ᠠᠷᠠᠳ ᠤᠨ ᠵᠠᠰᠠᠭ ᠤᠨ ᠣᠷᠳᠣᠨ᠂ ᠬᠤᠰᠢᠭᠤᠨ ᠰᠢᠭᠤᠳ ᠬᠠᠷᠢᠶ᠎ᠠ ᠬᠠᠮᠢᠶ᠎ᠠ ᠪᠥᠬᠦᠶ ᠨᠢᠭᠡᠴᠡ ᠳᠤ᠄          ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ ᠱᠠᠩᠨᠠᠬᠤ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠬᠤᠰᠢᠭᠤᠨ ᠠᠷᠠᠳ ᠤᠨ ᠵᠠᠰᠠᠭ ᠤᠨ ᠣᠷᠳᠣᠨ ᠤ 2022 ᠣᠨ ᠤ 11 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠢᠶ᠎ᠠ ᠪᠠᠷ ᠬᠢᠨᠠᠨ ᠵᠥᠪᠯᠡᠭᠦᠯᠵᠦ ᠪᠠᠲᠤᠯᠠᠭᠠᠳ᠂ ᠡᠳᠦᠭᠡ ᠳᠠᠷᠤᠮᠠᠯᠯᠠᠨ ᠲᠠᠷᠬᠠᠭᠠᠪᠠ᠂ ᠵᠢᠷᠤᠮᠯᠠᠨ ᠬᠡᠷᠡᠭᠵᠢᠭᠦᠯᠲᠦᠭᠡᠶ᠃          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ          2022 ᠣᠨ ᠤ 10 ᠰᠠᠷ᠎ᠠ ᠶᠢᠨ 21          ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠡᠮᠳᠡᠭᠲᠦ ᠶᠢᠨ ᠳᠡᠭᠡᠭᠰᠢᠯᠡᠯᠲᠡ ᠶᠢᠨ ᠱᠠᠩᠨᠠᠯ          ᠠᠷᠭ᠎ᠠ ︵ᠲᠤᠷᠰᠢᠨ ᠬᠡᠷᠡᠭᠵᠢᠭᠦᠯᠬᠦ︶          ᠨᠢᠭᠡᠳᠦᠭᠡᠷ ᠪᠦᠯᠦᠭ ᠵᠡᠷᠦᠩᠬᠡᠶ ᠲᠦᠷᠢᠮ          ᠨᠢᠭᠡᠳᠦᠭᠡᠷ ᠵᠤᠶᠢᠯ ᠮᠠᠨ ᠤ ᠬᠤᠰᠢᠭᠤᠨ ᠤ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠤᠨ ᠦᠷᠭᠦᠯᠵᠢᠯᠡᠨ ᠲᠦᠷᠭᠡᠨ ᠬᠥᠭᠵᠢᠬᠦ ᠶᠢ ᠳᠡᠮᠵᠢᠵᠦ᠂ ᠠᠷᠠᠳ ᠤᠨ ᠣᠷᠣᠨ ᠰᠠᠭᠤᠴᠠ ᠶᠢᠨ ᠠᠵᠤ ᠤᠶᠢᠯᠡᠰ ᠢ ᠮᠠᠨ ᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠤᠶᠢᠯᠡᠰ ᠤᠨ ᠴᠢᠬᠤᠯᠠ ᠲᠤᠯᠭᠠᠭᠤᠷᠢᠯᠠᠯ ᠪᠣᠯᠭᠠᠨ ᠪᠤᠶᠢᠵᠢᠭᠤᠯᠵᠤ᠂ ᠵᠢᠭᠤᠯᠴᠢᠯᠠᠯ ᠤᠨ ᠬᠦᠴᠦᠷᠬᠡᠭ ᠬᠤᠰᠢᠭᠤ ᠪᠠ ᠤᠯᠤᠰ ᠤᠨ ᠳᠣᠲᠣᠭᠠᠳᠤ ᠶᠢᠨ ᠨᠠᠷᠠᠲᠤ ᠵᠢᠭᠤᠯᠴᠢᠯᠠᠯ ᠤᠨ ᠵᠣᠷᠢᠭᠰᠠᠨ ᠭᠠᠵᠠᠷ ᠤᠨ ᠪᠥᠲᠥᠭᠡᠨ ᠪᠠᠶᠢᠭᠤᠯᠤᠯᠲᠠ ᠶᠢᠨ ᠠᠬᠢᠴᠠ ᠶᠢ ᠠᠬᠢᠭᠤᠯᠬᠤ ᠶᠢᠨ ᠲᠤᠰᠠᠳᠠ᠂ ᠮᠠᠨ ᠤ ᠬᠤᠰᠢᠭᠤᠨ ᠤ ᠪᠣᠳᠠᠲᠠᠶ ᠲᠠᠢ ᠪᠠᠨ ᠤᠶᠠᠯᠳᠤᠭᠤᠯᠤᠨ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠲᠣᠭᠲᠠᠭᠠᠪᠠ᠃          ᠬᠤᠶᠠᠳᠤᠭᠠᠷ ᠵᠤᠶᠢᠯ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠬᠦ ᠱᠠᠩᠨᠠᠯ ᠤᠨ ᠪᠠᠯᠠ ᠮᠥᠩᠭᠦ ︵ᠳᠣᠷᠣᠭᠰᠢ ︽ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ︾ ᠭᠡᠵᠦ ᠲᠣᠪᠴᠢᠯᠠᠨ᠎ᠠ︶ ᠶᠢᠨ ᠢᠷᠡᠯᠲᠡ ᠨᠢ ᠠᠵᠤ ᠠᠬᠤᠶᠢᠯᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢ ᠳᠡᠮᠵᠢᠬᠦ ᠪᠡᠯᠡ ᠮᠥᠩᠭᠦ ᠪᠤᠶᠤ ᠡᠳ᠋ ᠤᠨ ᠵᠠᠰᠠᠭ ᠤᠨ ᠪᠠᠯᠠ ᠮᠥᠩᠭᠦ ᠪᠠᠶᠢᠵᠤ᠂ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠡᠵᠡᠩᠨᠡᠯᠲᠡ ᠪᠠ ᠳᠡᠭᠡᠭᠰᠢᠯᠡᠯᠲᠡ ᠳᠤ ᠲᠤᠰᠬᠠᠶ ᠬᠡᠷᠡᠭᠯᠡᠨ᠎ᠡ᠃          ᠭᠤᠷᠪᠠᠳᠤᠭᠠᠷ ᠵᠣᠶᠢᠯ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠬᠡᠷᠡᠭᠵᠢᠭᠦᠯᠬᠦ ᠬᠤᠭᠤᠴᠠᠭ᠎ᠠ ᠬᠢᠵᠠᠭᠠᠷ ᠨᠢ ᠭᠤᠷᠪᠠᠨ ᠵᠢᠯ ᠪᠣᠯᠤᠨ᠎ᠠ᠃          ᠳᠥᠷᠪᠡᠳᠦᠭᠡᠷ ᠵᠤᠶᠢᠯ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠬᠤᠰᠢᠭᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠪᠠ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠠᠴᠠ ᠬᠠᠮᠲᠤ ᠪᠠᠷ ᠬᠠᠮᠢᠶᠠᠷᠴᠤ᠂ ᠬᠡᠷᠡᠭᠯᠡᠵᠦ ᠬᠠᠮᠢᠶᠠᠷᠬᠤ ᠳᠤ ︽ᠬᠥᠲᠥᠯᠦᠨ ᠵᠢᠯᠣᠭᠤᠳᠴᠤ ᠤᠷᠮᠠᠰᠢᠭᠤᠯᠬᠤ᠂ ᠢᠯᠡ ᠲᠣᠳᠣ ᠪᠠᠶᠢᠯᠭᠠᠬᠤ︾ ᠵᠠᠷᠴᠢᠮ ᠢ ᠵᠢᠷᠤᠮᠯᠠᠨ᠂ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠬᠥᠭᠵᠢᠯᠲᠡ ᠶᠢᠨ ᠲᠥᠯᠥᠪᠵᠢᠭᠦᠯᠭᠡ ᠵᠢᠴᠢ ᠱᠠᠭᠠᠷᠳᠠᠯᠭ᠎ᠠ ᠶᠢᠨ ᠲᠣᠭᠤᠷᠢᠨ ᠳᠤ᠂ ︽ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ︾ ᠶᠢᠨ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠦᠨ ᠪᠥᠲᠥᠭᠡᠨ ᠪᠠᠶᠢᠭᠤᠯᠬᠤ ᠭᠤᠤᠯᠳᠠᠯᠭ᠎ᠠ ᠲᠠᠢ ᠠᠵᠢᠯ ᠢ ᠭᠤᠤᠯᠳᠠᠯᠭ᠎ᠠ ᠲᠠᠢ ᠪᠠᠲᠤᠯᠠᠨ᠎ᠠ          ᠬᠤᠶᠠᠳᠤᠭᠠᠷ ᠪᠦᠯᠦᠭ ᠨᠠᠷᠠᠲᠤ ᠲᠥᠷᠥᠯ ᠲᠡᠮᠳᠡᠭᠲᠦ ᠶᠢ ᠳᠡᠭᠡᠭᠰᠢᠯᠡᠭᠦᠯᠵᠦ ᠱᠠᠩᠨᠠᠬᠤ          ᠲᠠᠪᠤᠳᠤᠭᠠᠷ ᠵᠤᠶᠢᠯ ᠱᠠᠩᠨᠠᠬᠤ ᠡᠲᠡᠭᠡᠳ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠯᠢ ᠶᠢᠨ ᠳᠣᠲᠣᠷᠠᠬᠢ ᠤᠯᠤᠰ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠡᠵᠡᠩᠨᠡᠭᠴᠢ ᠪᠠᠷ ᠦᠨᠡᠯᠡᠨ ᠲᠣᠭᠲᠠᠭᠠᠭᠰᠠᠨ ᠪᠠᠶᠢᠪᠠᠯ᠂ ᠱᠠᠩᠨᠠᠬᠤ ᠪᠠᠷᠢᠮᠵᠢᠶ᠎ᠠ ᠶᠣᠰᠣᠭᠠᠷ ᠨᠢᠭᠡ ᠤᠳᠠᠭ᠎ᠠ ᠶᠢᠨ ᠴᠢᠨᠠᠷᠲᠠᠶ ᠪᠠᠷ ᠱᠠᠩᠨᠠᠨ᠎ᠠ᠃          ᠵᠢᠷᠭᠤᠳᠤᠭᠠᠷ ᠵᠤᠶᠢᠯ ᠱᠠᠩᠨᠠᠬᠤ ᠪᠠᠷᠢᠮᠵᠢᠶ᠎ᠠ᠄ ᠤᠯᠤᠰ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠪᠠᠷ ᠰᠢᠨ᠎ᠡ ᠪᠠᠷ ᠦᠨᠡᠯᠡᠨ ᠲᠣᠭᠲᠠᠭᠠᠭᠰᠠᠨ ᠪᠠᠶᠢᠪᠠᠯ᠂ ᠲᠣᠰ ᠲᠣᠰ 15 ᠲᠦᠮᠡᠨ ᠲᠥᠭᠦᠷᠢᠭ᠂ 10 ᠲᠦᠮᠡᠨ ᠲᠥᠭᠦᠷᠢᠭ᠂ 5 ᠲᠦᠮᠡᠨ ᠲᠥᠭᠦᠷᠢᠭ ᠢᠶᠠᠷ ᠱᠠᠩᠨᠠᠵᠤ᠂ ᠲᠠᠰ ᠳᠡᠪᠰᠢᠭᠰᠡᠨ ᠪᠠᠶᠢᠪᠠᠯ ᠪᠠᠷᠢᠮᠵᠢᠶ᠎ᠠ ᠶᠣᠰᠣᠭᠠᠷ ᠵᠥᠷᠢᠶ᠎ᠡ ᠶᠢ ᠨᠢ ᠨᠥᠬᠦᠵᠦ ᠬᠦᠢᠴᠡᠬᠡᠨ᠎ᠡ᠃          ᠳᠣᠯᠣᠳᠤᠭᠠᠷ ᠵᠤᠶᠢᠯ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠡᠵᠡᠩᠨᠡᠭᠴᠢ ᠶᠢᠨ ᠠᠷᠠᠳ ᠤᠨ ᠪᠠᠶᠢᠷᠢ ᠶᠢᠨ ᠪᠥᠲᠥᠭᠡᠨ ᠪᠠᠶᠢᠭᠤᠯᠤᠯᠲᠠ᠂ ᠳᠦᠷᠢ ᠲᠥᠷᠬᠦ ᠶᠢ ᠳᠡᠭᠡᠭᠰᠢᠯᠡᠭᠦᠯᠬᠦ᠂ ᠨᠠᠷᠠᠲᠤ ᠲᠥᠷᠥᠯ ᠲᠡᠮᠳᠡᠭᠲᠦ ᠶᠢᠨ ᠤᠬᠠᠭᠤᠯᠭ᠎ᠠ ᠬᠢᠬᠦ ᠵᠡᠷᠭᠡ ᠪᠤᠯᠤᠨ᠎ᠠ᠃          ᠭᠤᠷᠪᠠᠳᠤᠭᠠᠷ ᠪᠦᠯᠦᠭ ᠮᠡᠳᠡᠭᠦᠯᠬᠦ ᠱᠠᠭᠠᠷᠳᠠᠯᠭ᠎ᠠ ᠪᠠ ᠬᠢᠨᠠᠯᠲᠠ ᠲᠠᠯᠪᠢᠵᠤ ᠪᠠᠶᠢᠴᠠᠭᠠᠬᠤ          ᠨᠠᠢᠮᠠᠳᠤᠭᠠᠷ ᠵᠦᠢᠯ ᠤᠯᠤᠰ ᠤᠨ ᠬᠥᠬᠡ ᠳᠡᠰ᠂ ᠬᠥᠬᠡᠭᠴᠢᠨ ᠳᠡᠰ᠂ ᠤᠯᠠᠭᠠᠨ ᠳᠡᠰ ᠤᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠪᠠᠷ ᠦᠨᠡᠯᠡᠨ ᠲᠣᠭᠲᠠᠭᠠᠬᠤ ᠳᠤ ᠮᠡᠳᠡᠭᠦᠯᠬᠦ ᠮᠠᠲ᠋ᠧᠷᠢᠶᠠᠯ ᠳᠤ ᠳᠣᠣᠷᠠᠬᠢ ᠵᠦᠢᠯ ᠪᠠᠭᠲᠠᠨ᠎ᠠ᠄ ① ︽ᠭᠤᠶᠤᠴᠢᠯᠠᠬᠤ ᠮᠠᠲ᠋ᠧᠷᠢᠶᠠᠯ ᠤᠨ ᠦᠨᠡᠨ ᠪᠣᠳᠠᠲᠤ ᠴᠢᠨᠠᠷ ᠤᠨ ᠠᠮᠠᠯᠠᠯᠲᠠ ᠶᠢᠨ ᠪᠢᠴᠢᠭ︾ ︵ᠬᠠᠤᠯᠢ ᠶᠢᠨ ᠬᠥᠮᠦᠨ ᠤ ᠲᠥᠯᠥᠭᠡᠯᠡᠭᠴᠢ ᠭᠠᠷ ᠤᠨ ᠦᠰᠦᠭ ᠵᠢᠷᠤᠵᠤ ᠲᠠᠮᠠᠭ᠎ᠠ ᠳᠠᠷᠤᠨ᠎ᠠ︶ ② ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠨᠠᠷᠠᠲᠤ ᠲᠡᠮᠳᠡᠭᠲᠦ ᠶᠢ ᠳᠡᠭᠡᠭᠰᠢᠯᠡᠭᠦᠯᠦᠭᠰᠡᠨ ᠢ ᠱᠠᠩᠨᠠᠬᠤ ᠮᠡᠳᠡᠭᠦᠯᠦᠯᠲᠡ ᠶᠢᠨ ᠬᠦᠰᠦᠨᠦᠭᠲᠦ︾︔ ③ ᠡᠵᠡᠩᠨᠡᠯᠲᠡ ᠶᠢᠨ ᠦᠨᠡᠮᠯᠡᠯ ᠵᠢᠴᠢ ᠬᠠᠤᠯᠢ ᠶᠢᠨ ᠬᠥᠮᠦᠨ ᠤ ᠪᠡᠶ᠎ᠡ ᠶᠢᠨ ᠦᠨᠡᠮᠯᠡᠯ ᠤᠨ ᠤᠭ ᠮᠠᠲ᠋ᠧᠷᠢᠶᠠᠯ ᠵᠢᠴᠢ ᠬᠠᠭᠤᠯᠪᠤᠷᠢ ᠮᠠᠲ᠋ᠧᠷᠢᠶᠠᠯ ︵ᠤᠭ ᠮᠠᠲ᠋ᠧᠷᠢᠶᠠᠯ ᠢ ᠪᠠᠶᠢᠴᠠᠭᠠᠬᠤ ᠳᠤ ᠪᠡᠯᠡᠳᠬᠡᠬᠦ︶︔ ᠳᠥᠷᠪᠡ᠂ ᠤᠯᠤᠰ ᠤᠨ ᠬᠥᠬᠡ ᠲᠠᠰ᠂ ᠬᠥᠬᠡᠭᠴᠢᠨ ᠲᠠᠰ᠂ ᠤᠯᠠᠭᠠᠨ ᠲᠠᠰ ᠤᠨ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠵᠥᠪᠰᠢᠶᠡᠷᠡᠯ ᠢᠶᠠᠷ ᠨᠤᠲᠠᠯᠠᠨ ᠲᠣᠭᠲᠠᠭᠠᠭᠰᠠᠨ ᠠᠯᠪᠠᠨ ᠶᠣᠰᠣᠨ ᠤ ᠪᠢᠴᠢᠭ ᠮᠠᠲ᠋ᠧᠷᠢᠶᠠᠯ ᠵᠢᠴᠢ ᠬᠠᠮᠢᠶ᠎ᠠ ᠪᠥᠬᠦᠶ ᠮᠠᠲ᠋ᠧᠷᠢᠶᠠᠯ ᠢ ᠰᠢᠨ᠎ᠡ ᠪᠠᠷ ᠦᠨᠡᠯᠡᠨ ᠲᠣᠭᠲᠠᠭᠠᠨ᠎ᠠ᠃          ᠶᠢᠰᠦᠳᠦᠭᠡᠷ ᠵᠤᠶᠢᠯ ᠵᠢᠭᠤᠯᠴᠢᠯᠠᠯ ᠤᠨ ᠠᠷᠠᠳ ᠤᠨ ᠪᠠᠶᠢᠷᠢ ᠶᠢᠨ ᠨᠠᠷᠠᠲᠤ ᠲᠥᠷᠥᠯ ᠲᠡᠮᠳᠡᠭᠲᠦ ᠶᠢᠨ ᠱᠠᠩᠨᠠᠯ ᠤᠨ ᠪᠠᠯᠠ ᠮᠥᠩᠭᠦ ᠶᠢ ᠭᠤᠶᠤᠴᠢᠯᠠᠨ ᠮᠡᠳᠡᠭᠦᠯᠬᠦ ᠳᠤ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠢᠨᠠᠨ ᠲᠣᠭᠲᠠᠭᠠᠨ᠎ᠠ᠃          ᠠᠷᠪᠠᠳᠤᠭᠠᠷ ᠵᠤᠶᠢᠯ ᠳᠣᠤᠷᠠᠬᠢ ᠪᠠᠶᠢᠳᠠᠯ ᠤᠨ ᠨᠢᠭᠡ ᠨᠢ ᠪᠠᠶᠢᠪᠠᠯ ᠮᠡᠳᠡᠭᠦᠯᠵᠦ ᠪᠣᠯᠬᠤ ᠥᠬᠡᠶ᠂ ᠨᠢᠭᠡᠨᠲᠡ ᠮᠡᠳᠡᠭᠦᠯᠵᠦ ᠳᠠᠭᠤᠰᠤᠭᠰᠠᠨ ᠪᠠᠶᠢᠪᠠᠯ ᠱᠠᠩᠨᠠᠯ ᠤᠨ ᠪᠠᠯᠠ ᠮᠥᠩᠭᠦ ᠶᠢ ᠠᠯᠪᠠᠲᠠᠨ ᠪᠤᠴᠠᠭᠠᠯᠭᠠᠬᠤ ᠮᠥᠷᠲᠡᠭᠡᠨ ᠱᠠᠩᠨᠠᠵᠤ ᠲᠡᠳᠬᠦᠬᠦ ᠠᠷᠭ᠎ᠠ ᠶᠢ ᠬᠡᠷᠡᠭᠵᠢᠭᠦᠯᠬᠦ ᠬᠤᠭᠤᠴᠠᠭᠠᠨ ᠳᠤ ᠳᠠᠭᠢᠵᠤ ᠱᠠᠩᠨᠠᠬᠤ ᠪᠠᠷ ᠭᠤᠶᠤᠴᠢᠯᠠᠵᠤ ᠪᠣᠯᠬᠤ ᠥᠬᠡᠶ᠂ ᠲᠣᠰ ᠣᠨ ᠵᠢᠴᠢ ᠲᠠᠷᠠᠭᠠᠴᠢ ᠶᠢᠨ ᠬᠤᠶᠠᠷ ᠵᠢᠯ ᠤᠨ ᠱᠠᠩᠨᠠᠬᠤ ᠪᠠᠷ ᠭᠤᠶᠤᠴᠢᠯᠠᠬᠤ ᠬᠢᠷᠢ ᠬᠡᠮ ᠢ ᠬᠦᠴᠦᠨ ᠥᠬᠡᠶ ᠪᠣᠯᠭᠠᠵᠤ᠂ ᠦᠨᠡᠨᠴᠢ ᠢᠲᠡᠭᠡᠮᠵᠢ ᠶᠢᠨ ︽ᠨᠡᠷ᠎ᠡ ᠶᠢᠨ ᠬᠠᠷ᠎ᠠ ᠲᠠᠩᠰᠠ︾ ᠳᠤ ᠵᠢᠭᠰᠠᠭᠠᠨ ᠣᠷᠣᠭᠤᠯᠵᠤ᠂ ᠤᠶᠢᠯᠡ ᠪᠠᠶᠢᠳᠠᠯ ᠨᠢ ᠬᠦᠨᠳᠦ ᠨᠣᠴᠢᠲᠠᠶ ᠪᠠᠶᠢᠪᠠᠯ ᠲᠡᠭᠦᠨ ᠠᠴᠠ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠄          ︵ᠨᠢᠭᠡ︶ ᠤᠯᠤᠰ ᠤᠨ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠵᠥᠷᠢᠴᠡᠭᠰᠡᠨ︔          ︵ᠬᠤᠶᠠᠷ︶ ᠮᠡᠳᠡᠭᠦᠯᠦᠭᠰᠡᠨ ᠨᠢᠭᠡᠴᠡ ᠱᠠᠩᠨᠠᠬᠤ ᠪᠠᠷ ᠮᠡᠳᠡᠭᠦᠯᠬᠦ ᠶᠠᠪᠤᠴᠠ ᠳᠤ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠥᠢᠯᠡ ᠠᠵᠢᠯᠯᠠᠭ᠎ᠠ ᠲᠠᠢ ᠪᠠᠶᠢᠬᠤ︔            ︵ᠭᠤᠷᠪᠠ︶ ᠮᠡᠳᠡᠭᠦᠯᠦᠭᠰᠡᠨ ᠨᠢᠭᠡᠴᠡ ᠶᠢᠨ ᠲᠣᠰ ᠪᠡᠶ᠎ᠡ ᠠᠴᠠ ᠪᠣᠯᠤᠭᠰᠠᠨ  ᠣᠶᠢᠯᠡᠴᠢᠯᠡᠬᠡᠨ ᠤ ᠶᠠᠰᠤ ᠴᠢᠨᠠᠷ ᠤᠨ ᠠᠳᠡᠯ ᠠᠴᠠ ᠪᠣᠯᠵᠣ᠂ ᠣᠨ ᠳᠤ 3 ᠤᠳᠠᠭ᠎ᠠ ᠠᠴᠠ ᠳᠡᠭᠡᠭᠰᠢ ︵3 ᠤᠳᠠᠭ᠎ᠠ ᠶᠢ ᠪᠠᠭᠲᠠᠭᠠᠨ᠎ᠠ︶ ᠵᠠᠭᠠᠯᠳᠤᠭᠳᠠᠭᠰᠠᠨ ᠪᠤᠶᠤ ᠴᠢᠬᠤᠯᠠ ᠶᠡᠭᠡ ᠵᠠᠭᠠᠯᠳᠤᠭᠰᠠᠨ ᠬᠡᠷᠡᠭ ᠭᠠᠷᠤᠭᠰᠠᠨ︔          ︵ᠲᠦᠷᠪᠡ︶ ᠣᠨ ᠤ ᠳᠣᠲᠣᠷ᠎ᠠ ᠠᠶᠤᠯ ᠦᠭᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠬᠦᠨᠳᠦ ᠶᠡᠭᠡ ᠡ᠊ᠨᠳᠡᠯ ᠭᠠᠷᠤᠭᠰᠠᠨ ᠢ ᠱᠠᠩᠨᠠᠨ ᠬᠥᠬᠢᠭᠦᠯᠦᠭᠰᠡᠨ︔            ︵ᠲᠠᠪᠤ︶ ᠮᠡᠳᠡᠭᠦᠯᠦᠭᠰᠡᠨ ᠨᠢᠭᠡᠴᠡ ᠨᠢ ᠢᠲᠡᠭᠡᠯ ᠢᠶᠠᠨ ᠠᠯᠳᠠᠭᠰᠠᠨ ᠬᠤᠭᠤᠴᠠᠭᠠᠨ ᠳᠤ ᠪᠠᠶᠢᠬᠤ︔            ︵ᠵᠢᠷᠭᠤᠭ᠎ᠠ︶ ᠦᠵᠡᠯ ᠤᠬᠠᠮᠰᠠᠷ ᠤᠨ ᠬᠡᠯᠪᠡᠷᠢ᠂ ᠲᠣᠭᠲᠠᠭᠤᠨ ᠪᠠᠶᠢᠳᠠᠯ ᠢ ᠬᠠᠮᠠᠭᠠᠯᠠᠬᠤ᠂ ᠠᠮᠢ ᠠᠬᠤᠶ ᠂ ᠶᠠᠳᠠᠭᠤ ᠶᠢ ᠲᠡᠳᠬᠦᠬᠦ ᠵᠡᠷᠭᠡ ᠬᠦᠷᠢᠶᠡᠨ ᠳᠤ ᠬᠦᠨᠳᠦ ᠶᠡᠭᠡ ᠠᠳᠡᠯ ᠵᠢᠴᠢ ᠪᠤᠰᠤᠳ ᠬᠠᠤᠯᠢ ᠰᠠᠬᠢᠯᠭ᠎ᠠ ᠶᠢ ᠵᠥᠷᠢᠴᠡᠭᠰᠡᠨ ᠬᠡᠷᠡᠭ ᠭᠠᠷᠤᠭᠰᠠᠨ ᠠᠵᠤ ᠠᠬᠤᠶᠢᠯᠠᠯ ᠪᠠ ᠲᠥᠷᠥᠯ ᠵᠤᠶᠢᠯ︔          ︵ᠳᠣᠯᠤᠭ᠎ᠠ︶ ᠱᠠᠩᠨᠠᠬᠤ ᠬᠢᠷᠢ ᠬᠡᠮ ᠢ ᠬᠠᠰᠤᠭᠰᠠᠨ ᠪᠤᠰᠤᠳ ᠪᠠᠶᠢᠳᠠᠯ᠃          ᠠᠷᠪᠠᠨ ᠨᠢᠭᠡᠳᠦᠭᠡᠷ ᠵᠣᠶᠢᠯ ᠬᠤᠰᠢᠭᠤᠨ ᠤ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠶᠢᠨ ᠠᠵᠢᠯᠲᠠᠳ ᠲᠣᠭᠲᠠᠭᠠᠯ ᠶᠣᠰᠣᠭᠠᠷ ᠮᠡᠳᠡᠭᠦᠯᠬᠦ᠂ ᠬᠢᠨᠠᠨ ᠬᠠᠷᠭᠤᠭᠤᠯᠬᠤ᠂ ᠲᠠᠷᠬᠠᠭᠠᠬᠤ ᠵᠡᠷᠭᠡ ᠠᠵᠢᠯ ᠢ ᠵᠣᠬᠢᠶᠠᠨ ᠪᠠᠶᠢᠭᠤᠯᠵᠤ᠂ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠢᠶᠠᠷ ᠬᠠᠤᠯᠢ ᠶᠣᠰᠣ ᠶᠢ ᠵᠥᠷᠢᠴᠡᠭᠰᠡᠨ ᠤᠶᠢᠯᠡ ᠠᠵᠢᠯᠯᠠᠭ᠎ᠠ ᠲᠠᠢ ᠪᠠᠶᠢᠪᠠᠯ᠂ ᠬᠠᠤᠯᠢ ᠶᠣᠰᠣᠭᠠᠷ ᠴᠢᠩᠭ᠎ᠠ ᠰᠢᠢᠳᠪᠤᠷᠢᠯᠡᠨ᠎ᠡ᠂ ᠶᠠᠯ᠎ᠠ ᠪᠣᠯᠵᠣ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃          ᠳᠥᠷᠪᠡᠳᠦᠭᠡᠷ ᠪᠦᠯᠦᠭ ᠳᠠᠭᠠᠯᠳᠤᠭᠤᠯᠤᠭᠰᠠᠨ ᠲᠦᠷᠢᠮ          ᠠᠷᠪᠠᠨ ᠬᠤᠶᠠᠳᠤᠭᠠᠷ ᠵᠤᠶᠢᠯ ᠲᠣᠰ ᠠᠷᠭ᠎ᠠ ︵ᠲᠤᠷᠰᠢᠨ ᠬᠡᠷᠡᠭᠵᠢᠭᠦᠯᠬᠦ︶ ᠶᠢ ᠬᠤᠰᠢᠭᠤᠨ ᠰᠣᠶᠣᠯ ᠪᠠ ᠵᠢᠭᠤᠯᠴᠢᠯᠠᠯ ᠤᠨ ᠲᠣᠪᠴᠢᠶ᠎ᠠ ᠠᠴᠠ ᠬᠤᠰᠢᠭᠤᠨ ᠡᠳ᠋ ᠤᠨ ᠵᠠᠰᠠᠭ ᠤᠨ ᠲᠣᠪᠴᠢᠶ᠎ᠠ ᠲᠠᠢ ᠬᠠᠮᠲᠤᠷᠠᠨ ᠬᠠᠷᠢᠭᠤᠴᠠᠨ ᠲᠠᠶᠢᠯᠪᠤᠷᠢᠯᠠᠨ᠎ᠠ᠃          ᠠᠷᠪᠠᠨ ᠭᠤᠷᠪᠠᠳᠤᠭᠠᠷ ᠵᠤᠶᠢᠯ ᠲᠣᠰ ᠠᠷᠭ᠎ᠠ ᠶᠢ 2022 ᠣᠨ ᠤ 10 ᠳ᠋ᠤᠭᠠᠷ ᠰᠠᠷ᠎ᠠ ᠶᠢᠨ 21 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号