| ᠭᠤᠣᠯ ᠰᠡᠳᠦᠪ᠄ | ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠵᠦ ᠴᠢᠨᠠᠷ ᠰᠠᠶᠢᠲᠠᠢ ᠬᠥᠭᠵᠢᠯᠲᠡ ᠶᠢ | ᠪᠠᠲᠤᠯᠠᠨ᠎ᠠ | ᠴᠠᠭ᠄ | 2022 ᠣᠨ ᠤ 10 ᠰᠠᠷ᠎ᠠ ᠶᠢᠨ 31 ᠤ ᠡᠳᠦᠷ ᠤᠨ 10 | ᠵᠣᠴᠢᠨ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶᠠᠨ ᠤ | ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠴᠢ ᠯᠢ ᠬᠤᠸᠠ | ᠲᠣᠪᠴᠢᠯᠠᠯ᠄ | ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠨᠢ | ᠪᠦᠭᠦ ᠬᠤᠰᠢᠭᠤᠨ ᠤ ᠭᠤᠣᠯ ᠠᠵᠢᠯ ᠤᠨ ᠲᠣᠭᠤᠷᠢᠨ ᠳᠤ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠪᠠᠶᠢᠭᠠᠯᠢ ᠶᠢᠨ ᠡᠬᠢ ᠪᠠᠶᠠᠯᠢᠭ ᠤᠨ ᠬᠠᠮᠢᠶᠠᠷᠤᠯᠲᠠ ᠶᠢᠨ ᠲᠦᠪᠰᠢᠨ ᠪᠠ ᠦᠢᠯᠡᠴᠢᠯᠡᠭᠡᠨ ᠤ ᠴᠢᠳᠠᠪᠤᠷᠢ ᠪᠠᠨ ᠪᠦᠭᠦ | ᠬᠦᠴᠦᠨ ᠢᠶᠠᠷ ᠳᠡᠭᠡᠭᠰᠢᠯᠡᠭᠦᠯᠵᠦ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠵᠤ ᠠᠬᠤᠶ ᠨᠡᠶᠢᠭᠡᠮ ᠤᠨ | ᠬᠥᠭᠵᠢᠯᠲᠡ ᠳᠤ ᠬᠦᠴᠦᠲᠡᠶ ᠪᠠᠶᠢᠭᠠᠯᠢ ᠶᠢᠨ ᠡᠬᠢ ᠪᠠᠶᠠᠯᠢᠭ ᠤᠨ ᠪᠠᠲᠤᠯᠠᠭ᠎ᠠ ᠬᠠᠩᠭᠠᠨ᠎ᠠ᠃ | ︽ᠬᠥᠲᠥᠯᠥᠭᠴᠢ︾ ᠥᠨᠥᠳᠦᠷ ᠤᠨ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠳᠤ | ᠤᠷᠢᠵᠤ ᠢᠷᠡᠭᠰᠡᠨ ᠵᠣᠴᠢᠨ ᠪᠣᠯ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ ᠴᠢ | ᠯᠢ ᠬᠤᠸᠠ ᠪᠣᠯᠤᠨ᠎ᠠ᠂ ᠴᠢ ᠲᠣᠪᠴᠢᠶᠠᠨ ᠳᠠᠷᠤᠭ᠎ᠠ ᠲᠠ ᠰᠠᠶᠢᠨ ᠤᠤ᠂ ᠮᠠᠨ ᠤ ᠫᠷᠤᠭ᠍ᠷᠠᠮ ᠳᠤ ᠣᠷᠣᠯᠴᠠᠬᠤ ᠶᠢ ᠴᠢᠨᠢ | ᠪᠠᠶᠠᠷᠯᠠᠨ ᠤᠭᠲᠤᠵᠤ ᠪᠠᠶᠢᠨ᠎ᠠ᠃ ᠳᠣᠤᠷ᠎ᠠ ᠪᠢᠳᠡ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠬᠤᠯᠠ | ᠶᠡᠭᠡ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ᠂ ᠬᠤᠲᠠ ᠬᠥᠳᠡᠭᠡ ᠶᠢᠨ ︽ᠨᠡᠮᠡᠭᠳᠡᠯ ᠬᠠᠰᠤᠭᠳᠠᠯ ᠢ | ᠬᠤᠯᠪᠣᠯᠳᠤᠭᠤᠯᠬᠤ︾ ᠠᠵᠢᠯ᠂ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠤ ᠵᠠᠰᠠᠯᠲᠠ ᠵᠡᠷᠭᠡ | ᠭᠤᠤᠯᠳᠠᠯᠭ᠎ᠠ ᠲᠠᠢ ᠠᠵᠢᠯ ᠤᠨ ᠲᠤᠷᠰᠢᠯᠭ᠎ᠠ ᠠᠷᠭ᠎ᠠ ᠬᠡᠮᠵᠢᠶ᠎ᠡ ᠵᠢᠴᠢ ᠣᠯᠤᠭᠰᠠᠨ ᠦᠷ᠎ᠡ ᠪᠦᠲᠦᠮᠵᠢ ᠶᠢᠨ ᠲᠤᠬᠠᠶ | ᠨᠡᠶᠢᠭᠡᠮ ᠤᠨ ᠡᠯ᠎ᠡ ᠡᠲᠡᠭᠡᠳ ᠪᠠ ᠥᠷᠭᠡᠨ ᠣᠯᠠᠨ ᠰᠦᠯᠵᠢᠶᠡᠨ ᠤ ᠢᠷᠭᠡᠳ ᠲᠠᠢ ᠰᠠᠨᠠᠯ ᠢᠶᠠᠨ ᠰᠣᠯᠢᠯᠴᠠᠶ᠎ᠠ᠃ | ︽ᠴᠢ ᠯᠢ ᠬᠤᠸᠠ︾ ᠬᠥᠲᠥᠯᠥᠭᠴᠢ ᠰᠠᠶᠢᠨ ᠤᠤ᠂ ᠰᠦᠯᠵᠢᠶᠡᠨ ᠤ ᠠᠨᠳᠠ ᠨᠠᠷ ᠰᠠᠶᠢᠨ ᠤᠤ᠂ | ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠪᠤᠯᠤᠩ ᠤᠨ ᠰᠢᠭᠤᠳ ᠨᠡᠪᠲᠡᠷᠡᠭᠦᠯᠭᠡ ᠶᠢᠨ ᠲᠠᠰᠤᠭ ᠲᠤ ᠢᠷᠡᠵᠦ᠂ | ᠥᠷᠭᠡᠨ ᠣᠯᠠᠨ ᠰᠦᠯᠵᠢᠶᠡᠨ ᠤ ᠠᠨᠳᠠ ᠨᠠᠷ ᠲᠠᠢ ᠰᠠᠨᠠᠯ ᠢᠶᠠᠨ ᠰᠣᠯᠢᠯᠴᠠᠭᠰᠠᠨ ᠳᠠᠭᠠᠨ ᠮᠠᠰᠢ ᠪᠠᠶᠠᠷᠲᠠᠶ ᠪᠠᠶᠢᠨ᠎ᠠ᠃ | ᠪᠢ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢ ᠲᠥᠯᠥᠭᠡᠯᠡᠵᠦ᠂ ᠮᠠᠨ ᠤ ᠲᠣᠪᠴᠢᠶ᠎ᠠ ᠶᠢᠨ | ᠠᠵᠢᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠡᠯ᠎ᠡ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ | ᠳᠡᠪᠰᠢᠭᠦᠯᠦᠶ᠎ᠡ᠂ ᠲᠠ ᠪᠦᠬᠦᠨ ᠳᠤ ᠲᠠᠯᠠᠷᠬᠠᠵᠤ ᠪᠠᠶᠢᠨ᠎ᠠ︕ | ︽ᠬᠥᠲᠥᠯᠥᠭᠴᠢ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠢᠬᠤᠯᠠ ᠶᠡᠭᠡ ᠲᠥᠷᠥᠯ | ᠵᠦᠢᠯ ᠤᠨ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠠᠲᠤᠯᠠᠬᠤ ᠲᠠᠯ᠎ᠠ ᠪᠠᠷ᠂ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠲᠣᠪᠴᠢᠶ᠎ᠠ ᠳᠤ ᠶᠠᠮᠠᠷ ᠶᠠᠮᠠᠷ ᠬᠢᠯᠠᠰ ᠴᠡᠭ ᠲᠠᠢ ᠠᠵᠢᠯ ᠤᠳ ᠢ ᠠᠬᠢᠭᠤᠯᠵᠤ ᠪᠠᠶᠢᠬᠤ ᠪᠣᠶ︖ | ︽ᠴᠢ ᠯᠢ ᠬᠤᠸᠠ︾ ᠨᠢᠭᠡ ᠳᠤ ᠭᠠᠵᠠᠷ ᠰᠢᠷᠣᠶ ᠶᠢ ᠮᠡᠳᠡᠭᠦᠯᠦᠨ ᠵᠥᠪᠰᠢᠶᠡᠷᠡᠭᠦᠯᠬᠦ ᠡᠷᠴᠢᠮ ᠢᠶᠠᠨ | ᠴᠢᠩᠭᠠᠷᠠᠭᠤᠯᠵᠤ᠂ ᠭᠠᠵᠠᠷ ᠰᠢᠷᠣᠶ ᠬᠡᠷᠡᠭᠯᠡᠬᠦ ᠬᠡᠷᠡᠭᠴᠡᠭᠡ ᠶᠢ ᠪᠠᠲᠤᠯᠠᠨ᠎ᠠ᠃ ᠣᠳᠣᠬᠠᠨ ᠪᠣᠯᠲᠠᠯ᠎ᠠ᠂ ᠥᠪᠡᠷᠲᠡᠭᠡᠨ | ᠵᠠᠰᠠᠬᠤ ᠣᠷᠣᠨ ᠤ ᠪᠥᠲᠥᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ ᠬᠢᠨᠠᠨ ᠵᠥᠪᠰᠢᠶᠡᠷᠡᠭᠦᠯᠬᠦ ᠭᠠᠷᠳᠠᠮ ᠢ ᠨᠢᠭᠡᠨᠲᠡ | ᠣᠯᠤᠭᠰᠠᠨ ᠨᠢ 65.8054 ᠾᠧᠺᠲ᠋ᠠᠷ ᠪᠣᠯᠤᠨ᠎ᠠ︔ ᠨᠢᠭᠡᠨᠲᠡ ᠥᠪᠡᠷᠲᠡᠭᠡᠨ ᠵᠠᠰᠠᠬᠤ ᠣᠷᠣᠨ ᠤ ᠪᠠᠶᠢᠭᠠᠯᠢ ᠶᠢᠨ | ᠡᠬᠢ ᠪᠠᠶᠠᠯᠢᠭ ᠤᠨ ᠲᠢᠩᠬᠢᠮ ᠳᠤ ᠮᠡᠳᠡᠭᠦᠯᠵᠦ᠂ ᠬᠢᠨᠠᠨ ᠬᠠᠷᠭᠤᠭᠤᠯᠵᠤ ᠴᠤᠬᠤᠯᠠᠪᠤᠷᠢᠯᠠᠬᠤ ᠶᠢ ᠬᠦᠯᠢᠶᠡᠭᠰᠡᠨ 8. | 5135 ᠾᠧᠺᠲ᠋ᠠᠷ ᠪᠠᠶᠢᠨ᠎ᠠ᠃ ᠬᠤᠶᠠᠷ ᠲᠤ ᠭᠠᠵᠠᠷ ᠰᠢᠷᠣᠶ ᠶᠢᠨ ᠬᠠᠩᠭᠠᠯᠭ᠎ᠠ ᠶᠢᠨ ᠠᠬᠢᠴᠠ ᠶᠢ ᠲᠦᠷᠭᠡᠳᠬᠡᠵᠦ᠂ | ᠭᠠᠵᠠᠷ ᠰᠢᠷᠣᠶ ᠶᠢ ᠥᠨᠳᠥᠷ ᠪᠦᠲᠦᠮᠵᠢᠲᠡᠶ ᠡᠷᠴᠢᠮᠯᠢᠭ ᠬᠡᠷᠡᠭᠯᠡᠬᠦ ᠶᠢ ᠠᠬᠢᠭᠤᠯᠤᠨ᠎ᠠ᠃ ᠡᠨᠡ ᠵᠢᠯ ᠭᠠᠵᠠᠷ ᠰᠢᠷᠣᠶ ᠶᠢᠨ | ᠬᠠᠩᠭᠠᠯᠭ᠎ᠠ ᠶᠢ ᠨᠢᠭᠡᠨᠲᠡ329.5679 ᠾᠧᠺᠲ᠋ᠠᠷ ︵ᠰᠢᠯᠵᠢᠭᠦᠯᠦᠨ ᠥᠭᠭᠦᠭᠰᠡᠨ ᠲᠠᠯᠠᠪᠠᠢ 106.3629 | ᠾᠧᠺᠲ᠋ᠠᠷ᠂ ᠰᠢᠯᠵᠢᠭᠦᠯᠦᠨ ᠥᠭᠭᠦᠭᠰᠡᠨ ᠲᠠᠯᠠᠪᠠᠢ 223.205 ᠾᠧᠺᠲ᠋ᠠᠷ︶ ᠲᠤ ᠪᠡᠶᠡᠯᠡᠭᠦᠯᠪᠡ᠂ ᠡᠭᠦᠨ ᠳᠤ | ᠥᠩᠭᠡᠷᠡᠭᠰᠡᠨ ᠵᠢᠯ ᠤᠳ ᠤᠨ ᠵᠥᠪᠰᠢᠶᠡᠷᠡᠭᠰᠡᠨ ᠪᠣᠯᠪᠠᠴᠤ ᠬᠠᠩᠭᠠᠭᠰᠠᠨ ᠦᠭᠡᠢ ᠭᠠᠵᠠᠷ ᠰᠢᠷᠣᠶ ᠶᠢᠨ 12.7867 | ᠾᠧᠺᠲ᠋ᠠᠷ ᠨᠢ 1.8138 ᠳ᠋ᠦᠩᠰᠢᠭᠤᠷ ᠲᠥᠭᠦᠷᠢᠭ ᠤᠨ ᠭᠠᠵᠠᠷ ᠰᠢᠷᠣᠶ ᠶᠢ ᠰᠢᠯᠵᠢᠭᠦᠯᠦᠨ ᠥᠭᠭᠦᠭᠰᠡᠨ ᠮᠥᠩᠭᠦ | ᠬᠤᠷᠢᠶᠠᠪᠠ᠃ | ︽ᠬᠥᠲᠥᠯᠥᠭᠴᠢ︾ ᠬᠤᠲᠠ ᠬᠥᠳᠡᠭᠡ ᠶᠢᠨ ︽ᠨᠡᠮᠡᠭᠳᠡᠯ ᠬᠠᠰᠤᠭᠳᠠᠯ ᠢ ᠬᠤᠯᠪᠣᠬᠤ︾ ᠠᠵᠢᠯ ᠤᠨ | ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠴᠢ ᠯᠢ ᠬᠤᠸᠠ︾ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠮᠠᠨ ᠤ | ᠬᠤᠰᠢᠭᠤᠨ ᠤ 2022 ᠣᠨ ᠤ ᠨᠡᠮᠡᠭᠳᠡᠯ ᠬᠠᠰᠤᠭᠳᠠᠯ ᠢ ᠬᠤᠯᠪᠣᠭᠳᠠᠭᠤᠯᠤᠨ ᠬᠠᠭᠤᠴᠢᠨ ᠲᠣᠭᠤᠷᠢᠭ ᠢ ᠨᠤᠷᠠᠭᠠᠵᠤ | ᠳᠠᠬᠢᠨ ᠬᠠᠭᠠᠯᠪᠤᠷᠢᠯᠠᠬᠤ ᠡᠭᠦᠷᠭᠡ ᠶᠢ 1340 ᠮᠥ ᠪᠠᠭᠤᠯᠭᠠᠪᠠ᠂ ᠣᠳᠣᠬᠠᠨ ᠳᠤ 370 ᠮᠥ ᠲᠠᠷᠢᠶᠠᠨ ᠭᠠᠵᠠᠷ ᠢ | ᠨᠢᠭᠡᠨᠲᠡ ᠳᠠᠬᠢᠨ ᠬᠠᠭᠠᠯᠪᠤᠷᠢᠯᠠᠬᠤ ᠶᠢ ᠪᠡᠶᠡᠯᠡᠭᠦᠯᠪᠡ᠂ ᠮᠠᠨ ᠤ ᠲᠣᠪᠴᠢᠶ᠎ᠠ ᠰᠢᠶᠠᠩ ᠪᠠᠯᠭᠠᠰᠤ ᠲᠠᠢ ᠢᠳᠡᠪᠬᠢᠲᠡᠶ | ᠵᠣᠯᠭᠠᠭᠤᠯᠵᠤ ᠪᠠᠶᠢᠭᠠᠳ ᠬᠠᠷᠢᠴᠠᠭᠤᠯᠤᠭᠰᠠᠨ ᠵᠢᠷᠤᠭ ᠳᠦᠷᠰᠦ᠂ ᠪᠣᠳᠠᠲᠠᠶ ᠭᠠᠵᠠᠷ ᠲᠤᠨᠢ ᠬᠠᠶᠢᠨ ᠰᠢᠨᠵᠢᠬᠦ᠂ ᠰᠠᠨᠠᠯ | ᠬᠤᠷᠢᠶᠠᠬᠤ ᠵᠡᠷᠭᠡ ᠠᠷᠭ᠎ᠠ ᠬᠡᠯᠪᠡᠷᠢ ᠪᠠᠷ 1000 ᠮᠥ ᠳᠠᠬᠢᠨ ᠬᠠᠭᠠᠯᠪᠤᠷᠢᠯᠠᠬᠤ ᠡᠭᠦᠷᠭᠡ ᠶᠢ ᠤᠯᠠᠮ ᠨᠢᠭᠡ ᠠᠯᠬᠤᠮ | ᠬᠢᠨᠠᠨ ᠬᠠᠷᠭᠤᠭᠤᠯᠵᠤ᠂ ᠡᠭᠦᠷᠭᠡ ᠪᠠᠨ ᠴᠠᠭ ᠲᠤᠬᠠᠶ ᠳᠤᠨᠢ ᠴᠢᠨᠠᠷ ᠢ ᠪᠠᠲᠤᠯᠠᠨ ᠪᠡᠶᠡᠯᠡᠭᠦᠯᠬᠦ ᠶᠢ ᠦᠨᠡᠨ ᠬᠦ ᠪᠠᠲᠤᠯᠠᠵᠤ | ᠪᠠᠶᠢᠨ᠎ᠠ᠃ ᠨᠢᠭᠡᠨᠲᠡ ᠪᠠᠷᠢᠯᠭ᠎ᠠ ᠳᠠᠭᠤᠰᠴᠤ ᠰᠢᠯᠭᠠᠨ ᠠᠪᠬᠤ ᠶᠢ ᠪᠡᠶᠡᠯᠡᠭᠦᠯᠦᠭᠰᠡᠨ 824.28 ᠮᠥ ᠲᠠᠷᠢᠶᠠᠨ | ᠭᠠᠵᠠᠷ ᠢ ᠣᠷᠣᠨ ᠤ ᠳᠣᠲᠣᠷᠠᠬᠢ ᠨᠡᠮᠡᠭᠳᠡᠯ ᠬᠠᠰᠤᠭᠳᠠᠯ ᠲᠠᠢ ᠬᠤᠯᠪᠣᠭᠳᠠᠭᠤᠯᠬᠤ ᠲᠥᠷᠥᠯ ᠵᠦᠢᠯ ᠠᠴᠠ ᠮᠤᠵᠢ | ᠣᠷᠣᠨ ᠠᠯᠤᠰᠯᠠᠨ ᠳᠣᠭᠢᠷᠠᠭᠤᠯᠬᠤ ᠲᠥᠷᠥᠯ ᠵᠦᠢᠯ ᠪᠣᠯᠭᠠᠨ ᠬᠤᠪᠢᠷᠠᠭᠤᠯᠵᠤ᠂ ᠳᠣᠭᠢᠷᠠᠭᠤᠯᠬᠤ ᠲᠥᠰᠦᠯ ᠵᠡᠷᠭᠡ ᠶᠢ | ᠨᠢᠭᠡᠨᠲᠡ ᠪᠡᠶᠡᠯᠡᠭᠦᠯᠪᠡ᠂ ᠲᠣᠬᠢᠷᠠᠭᠤᠯᠬᠤ ᠶᠢ ᠬᠦᠯᠢᠶᠡᠵᠦ ᠪᠠᠶᠢᠨ᠎ᠠ᠂ ᠵᠢᠱᠢᠯᠲᠡ ᠪᠠᠷ ᠠᠷᠠᠯᠵᠢᠶᠠᠨ ᠤ ᠭᠠᠵᠠᠷ ᠪᠠᠷᠤᠭ | 2.4 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠤᠯᠬᠤ ᠪᠣᠯᠤᠨ᠎ᠠ︔ 1623 ᠮᠥ ᠪᠡᠯᠴᠢᠭᠡᠷ ᠢ ᠨᠢᠭᠡᠨᠲᠡ ᠪᠥᠬᠦ | ᠲᠠᠯ᠎ᠠ ᠪᠠᠷ ᠪᠠᠷᠢᠯᠭ᠎ᠠ ᠡᠬᠢᠯᠡᠭᠦᠯᠦᠨ ᠪᠥᠲᠥᠭᠡᠨ ᠪᠠᠶᠢᠭᠤᠯᠵᠤ᠂ ᠣᠳᠣᠬᠠᠨ ᠳᠤ ᠬᠡᠷ ᠪᠠᠶᠢᠰᠢᠩ ᠤᠨ ᠨᠤᠷᠠᠭᠠᠯᠲᠠ ᠶᠢᠨ | 85% ᠠᠴᠠ ᠳᠡᠭᠡᠭᠰᠢᠬᠢ ᠶᠢ ᠨᠢᠭᠡᠨᠲᠡ ᠪᠡᠶᠡᠯᠡᠭᠦᠯᠵᠦ᠂ ᠪᠤᠰᠤᠳ ᠪᠠᠷᠢᠯᠭ᠎ᠠ ᠶᠢ ᠵᠡᠷᠭᠡᠪᠡᠷ ᠶᠠᠪᠤᠭᠳᠠᠭᠤᠯᠵᠤ᠂ | ᠣᠳᠣᠬᠠᠨ ᠤ ᠣᠷᠣᠨ ᠤ ᠳᠣᠲᠣᠷᠠᠬᠢ ᠠᠷᠠᠯᠵᠢᠶᠠᠨ ᠤ ᠦᠨ᠎ᠡ ᠬᠠᠩᠰᠢ ᠶᠢᠨ ᠮᠥ ᠪᠦᠷᠢ ᠳᠤ 5 ᠲᠦᠮᠡᠨ | ᠲᠥᠭᠦᠷᠢᠭ ᠤᠨ ᠵᠢᠱᠢᠯᠲᠡ ᠪᠠᠷ᠂ ᠠᠷᠠᠯᠵᠢᠶᠠᠨ ᠤ ᠭᠠᠵᠠᠷ ᠪᠠᠷᠤᠭ 0.8 ᠳ᠋ᠦᠩᠰᠢᠭᠤᠷ ᠲᠥᠭᠦᠷᠢᠭ ᠤᠨ ᠪᠠᠯᠠ ᠮᠥᠩᠭᠦ | ᠤᠯᠬᠤ ᠪᠠᠷ ᠵᠢᠱᠢᠵᠦ ᠪᠣᠶ᠃ | ︽ᠬᠥᠲᠥᠯᠥᠭᠴᠢ︾ ᠠᠭᠤᠷᠬᠠᠶ ᠶᠢᠨ ᠭᠠᠵᠠᠷ ᠤᠨ ᠣᠷᠴᠢᠨ ᠲᠣᠭᠤᠷᠢᠨ ᠢ ᠵᠠᠰᠠᠬᠤ ᠲᠠᠯ᠎ᠠ ᠪᠠᠷ ᠪᠢᠳᠡ | ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠴᠢ ᠯᠢ ᠬᠤᠸᠠ︾ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ | ᠪᠠᠶᠢᠴᠠᠭᠠᠯᠲᠠ ᠶᠢᠨ ᠬᠠᠷᠢᠭᠤ ᠲᠤᠰᠬᠠᠭᠰᠠᠨ ᠰᠠᠨᠠᠯ ᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢᠨ | ᠲᠥᠯᠥᠭᠡ᠂ ᠠᠭᠤᠷᠬᠠᠶ ᠶᠢᠨ ᠠᠮᠢ ᠠᠬᠤᠶ ᠶᠢᠨ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭ᠎ᠠ | ᠪᠥᠭᠡᠳ ᠪᠣᠳᠠᠲᠠᠶ ᠪᠠᠷ ᠰᠠᠶᠢᠲᠤᠷ ᠠᠳᠬᠤᠵᠤ᠂ ᠮᠠᠨ ᠤ ᠲᠣᠪᠴᠢᠶ᠎ᠠ ᠬᠠᠮᠢᠶ᠎ᠠ ᠪᠦᠬᠦᠢ ᠲᠠᠰᠤᠭ᠂ ᠬᠠᠤᠯᠢ | ᠬᠡᠷᠡᠭᠵᠢᠭᠦᠯᠦᠯᠲᠡ ᠶᠢᠨ ᠬᠢᠨᠠᠨ ᠪᠠᠶᠢᠴᠠᠭᠠᠬᠤ ᠶᠡᠭᠡ ᠠᠩᠭᠢ᠂ ᠳᠤᠮᠳᠠ ᠠᠩᠭᠢ᠂ ᠡᠯ᠎ᠡ ᠠᠭᠤᠷᠬᠠᠶ ᠶᠢᠨ | ᠬᠠᠷᠢᠭᠤᠴᠠᠯᠭᠠᠲᠠᠨ ᠢ ᠣᠯᠠᠨ ᠤᠳᠠᠭ᠎ᠠ ᠵᠣᠬᠢᠶᠠᠨ ᠪᠠᠶᠢᠭᠤᠯᠵᠤ᠂ ᠠᠭᠤᠷᠬᠠᠶ ᠶᠢᠨ ᠠᠮᠢ ᠠᠬᠤᠶ ᠶᠢᠨ ᠣᠷᠴᠢᠨ | ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠳᠥᠯᠭᠢᠨ ᠠᠬᠢᠭᠤᠯᠬᠤ ᠬᠤᠷᠠᠯ ᠢ ᠬᠤᠷᠠᠯᠳᠤᠭᠤᠯᠵᠤ᠂ ᠲᠤᠰᠬᠠᠶ | ᠮᠡᠷᠭᠡᠵᠢᠯ ᠤᠨ ᠬᠡᠮᠵᠢᠯᠲᠡ ᠶᠢᠨ ᠮᠡᠷᠭᠡᠵᠢᠯ ᠤᠨ ᠨᠢᠭᠡᠴᠡ ᠶᠢ ᠤᠷᠢᠵᠤ᠂ ᠮᠠᠨ ᠤ ᠬᠤᠰᠢᠭᠤᠨ ᠤ ᠣᠳᠣ ᠪᠠᠶᠢᠭ᠎ᠠ 23 | ᠠᠭᠤᠷᠬᠠᠶ ᠳᠤ ᠣᠳᠣᠬᠢ ᠪᠠᠶᠢᠳᠠᠯ ᠤᠨ ᠪᠠᠶᠢᠴᠠᠭᠠᠯᠲᠠ ᠬᠢᠵᠦ᠂ ᠠᠭᠤᠷᠬᠠᠶ ᠶᠢᠨ ᠨᠡᠭᠡᠭᠡᠨ ᠠᠰᠢᠭᠯᠠᠯᠲᠠ᠂ | ᠠᠭᠤᠷᠬᠠᠶ ᠶᠢᠨ ᠭᠠᠵᠠᠷ ᠰᠢᠨᠵᠢᠯᠡᠭᠡᠨ ᠤ ᠣᠷᠴᠢᠨ ᠲᠣᠭᠤᠷᠢᠨ᠂ ᠭᠠᠵᠠᠷ ᠰᠢᠨᠵᠢᠯᠡᠭᠡᠨ ᠤ ᠭᠠᠶ ᠭᠠᠮᠰᠢᠭ ᠵᠡᠷᠭᠡ | ᠭᠤᠷᠪᠠᠨ ᠲᠠᠯ᠎ᠠ ᠪᠠᠷ ᠪᠦᠬᠦ ᠲᠠᠯ᠎ᠠ ᠪᠠᠷ ︽ᠪᠡᠶ᠎ᠡ ᠶᠢᠨ ᠪᠠᠶᠢᠴᠠᠭᠠᠯᠲᠠ︾ ᠬᠢᠵᠦ᠂ ︽ᠪᠡᠶ᠎ᠡ ᠶᠢᠨ ᠪᠠᠶᠢᠴᠠᠭᠠᠯᠲᠠ︾ ᠶᠢᠨ | ᠳᠤᠮᠳᠠ ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠲᠤᠰᠬᠠᠶ ᠮᠡᠷᠭᠡᠵᠢᠯ ᠤᠨ ᠭᠠᠵᠠᠷ ᠰᠢᠨᠵᠢᠯᠡᠭᠡᠨ ᠤ ᠨᠢᠭᠡᠴᠢ | ᠥᠪᠥᠷ ᠮᠣᠩᠭᠤᠯ ᠤᠨ ᠥᠩᠭᠡᠲᠦ ᠲᠡᠮᠦᠷᠯᠢᠭ ᠤᠨ ᠭᠠᠵᠠᠷ ᠰᠢᠨᠵᠢᠯᠡᠭᠡᠨ ᠤ ᠠᠭᠤᠷᠬᠠᠶ ᠶᠢᠨ ᠦᠢᠯᠡᠰ ᠤᠨ ︵ᠪᠦᠯᠦᠭᠯᠡᠯ | ︶ ᠤᠨ 609 ᠬᠢᠵᠠᠭᠠᠷᠲᠤ ᠬᠠᠷᠢᠭᠤᠴᠠᠯᠭᠠᠲᠤ ᠺᠣᠮᠫᠠᠨᠢ ᠳᠤ ᠨᠠᠶᠢᠳᠠᠵᠤ ︽ᠲᠤᠰᠬᠠᠶ ᠵᠠᠰᠠᠬᠤ ᠲᠥᠰᠦᠯ︾ ᠢ | ᠨᠠᠶᠢᠷᠠᠭᠤᠯᠤᠨ ᠵᠣᠬᠢᠶᠠᠯᠭᠠᠵᠠᠶ᠃ ᠡᠭᠦᠨ ᠤ ᠬᠠᠮᠲᠤ ᠡᠯ᠎ᠡ ᠠᠭᠤᠷᠬᠠᠶ ᠶᠢᠨ ᠠᠵᠤ ᠠᠬᠤᠶᠢᠯᠠᠯ ᠤᠨ ᠪᠡᠶᠡᠴᠢ | ᠴᠣᠭᠴᠠ ᠶᠢᠨ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠰᠢᠪᠠᠳᠠᠨ ᠵᠢᠯᠣᠭᠤᠳᠴᠤ᠂ ᠨᠢᠭᠡ ᠠᠭᠤᠷᠬᠠᠶ ᠳᠤ | ᠨᠢᠭᠡ ᠲᠥᠷᠥ ᠶᠢᠨ ᠪᠣᠳᠣᠯᠭ᠎ᠠ ᠪᠠᠷ ︽ᠵᠢᠯ ᠤᠨ ᠵᠠᠰᠠᠬᠤ ᠲᠥᠯᠥᠪᠯᠡᠭᠡ︾ ᠲᠣᠭᠲᠠᠭᠠᠬᠤ ᠶᠢᠨ ᠬᠠᠮᠲᠤ᠂ ᠡᠯ᠎ᠡ | ᠠᠭᠤᠷᠬᠠᠶ ᠶᠢᠨ ︽ᠵᠢᠯ ᠤᠨ ᠵᠠᠰᠠᠬᠤ ᠲᠥᠯᠥᠪᠯᠡᠭᠡ︾ ᠶᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ | ᠲᠣᠪᠴᠢᠶ᠎ᠠ ᠶᠢᠨ ᠰᠦᠯᠵᠢᠶᠡᠨ ᠥᠷᠲᠡᠭᠡ ᠳᠤ ᠵᠠᠷᠯᠠᠨ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠵᠦ᠂ 9 | ᠰᠠᠷ᠎ᠠ ᠶᠢᠨ ᠰᠡᠭᠦᠯᠴᠢ ᠠᠴᠠ ᠡᠬᠢᠯᠡᠨ ᠡᠯ᠎ᠡ ᠠᠭᠤᠷᠬᠠᠶ ᠶᠢᠨ ᠣᠨ ᠤ ᠵᠠᠰᠠᠬᠤ ᠲᠥᠯᠥᠪᠯᠡᠭᠡ ᠶᠢ | ᠨᠠᠶᠢᠳᠠᠪᠤᠷᠢᠵᠢᠭᠤᠯᠤᠭᠰᠠᠨ ᠪᠠᠶᠢᠳᠠᠯ ᠳᠤ ᠲᠤᠰᠬᠠᠶ ᠮᠡᠷᠭᠡᠵᠢᠯᠲᠡᠳ ᠢ ᠵᠣᠬᠢᠶᠠᠨ ᠪᠠᠶᠢᠭᠤᠯᠤᠨ ᠰᠢᠯᠭᠠᠨ ᠠᠪᠬᠤ ᠪᠣᠯᠤᠨ᠎ᠠ | ᠃ ᠣᠲᠣ ᠪᠣᠯᠲᠠᠯ᠎ᠠ᠂ 2022 ᠣᠨ ᠤ 22 ᠠᠭᠤᠷᠬᠠᠶ ᠳᠤ ᠨᠢᠭᠡᠨᠲᠡ 88.52 ᠡᠾᠤᠺᠲ᠋ᠠᠷ ᠲᠠᠯᠠᠪᠠᠶ ᠶᠢ ᠵᠠᠰᠠᠵᠤ | ᠳᠠᠭᠤᠰᠬᠠᠭᠠᠳ᠂ 709.55 ᠲᠦᠮᠡᠨ ᠲᠥᠭᠦᠷᠢᠭ ᠤᠨ ᠪᠠᠯᠠ ᠣᠷᠣᠭᠤᠯᠤᠭᠰᠠᠨ ᠪᠠᠶᠢᠨ᠎ᠠ᠃ | ︽ᠬᠥᠲᠥᠯᠥᠭᠴᠢ︾ ᠲᠡᠤᠬᠡᠨ ᠠᠴᠠ ᠦᠯᠡᠳᠡᠭᠳᠡᠵᠦ ᠢᠷᠡᠭᠰᠡᠨ ᠵᠦᠢᠯᠡᠰ ᠤᠨ ︽ᠦᠨᠡᠮᠯᠡᠯ ᠠᠪᠬᠤ ᠳᠤ | ᠬᠦᠴᠢᠷᠲᠡᠶ︾ ᠠᠰᠠᠭᠤᠳᠠᠯ ᠢ ᠰᠢᠢᠳᠪᠦᠷᠢᠯᠡᠬᠦ ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠴᠢ ᠯᠢ ᠬᠤᠸᠠ︾ ᠨᠢᠭᠡ ᠳᠤ ᠳᠡᠭᠡᠭᠰᠢ ᠮᠡᠳᠡᠭᠦᠯᠦᠭᠰᠡᠨ ᠥᠪᠡᠷᠲᠡᠭᠡᠨ ᠵᠠᠰᠠᠬᠤ ᠣᠷᠣᠨ ᠤ 2 | ᠲᠥᠷᠥᠯ ᠵᠦᠢᠯ᠂ 741 ᠢᠵᠢ ᠣᠷᠣᠨ ᠰᠠᠭᠤᠴᠠ ᠶᠢ ᠪᠦᠬᠦᠨ ᠢ ᠠᠩᠬ᠎ᠠ ᠤᠳᠠᠭ᠎ᠠ ᠳᠡᠩᠰᠡᠯᠡᠵᠦ᠂ ᠰᠢᠯᠵᠢᠭᠦᠯᠦᠨ | ᠳᠡᠩᠰᠡᠯᠡᠵᠦ ᠥᠭᠪᠡ︔ ᠬᠤᠲᠠ ᠶᠢᠨ ᠵᠠᠰᠠᠭ ᠤᠨ ᠣᠷᠳᠣᠨ ᠤ 30 ᠲᠥᠷᠥᠯ ᠵᠦᠢᠯ ᠢ ᠳᠡᠭᠡᠭᠰᠢ ᠮᠡᠳᠡᠭᠦᠯᠵᠦ᠂ | 4080 ᠢᠵᠢ ᠣᠷᠣᠨ ᠰᠠᠭᠤᠴᠠ᠂ ᠨᠢᠭᠡᠨᠲᠡ ᠠᠩᠬ᠎ᠠ ᠤᠳᠠᠭ᠎ᠠ ᠳᠠᠩᠰᠠᠯᠠᠭᠤᠯᠤᠭᠰᠠᠨ ᠪᠦᠲᠦᠭᠡᠨ | ᠪᠠᠶᠢᠭᠤᠯᠤᠯᠲᠠ ᠶᠢᠨ ᠲᠥᠷᠥᠯ ᠵᠦᠢᠯ 29 ᠪᠠᠶᠢᠵᠤ᠂ 3978 ᠢᠵᠢ ᠭᠡᠷ ᠪᠠᠶᠢᠰᠢᠩ ᠤᠨ ᠢᠵᠢ ᠲᠤᠭ᠎ᠠ ᠶᠢ | ᠳᠠᠩᠰᠠᠯᠠᠵᠤ᠂ ᠶᠡᠷᠦᠩᠬᠡᠶ ᠢᠵᠢ ᠲᠤᠭ᠎ᠠ 97.5% ᠶᠢ ᠡᠵᠡᠯᠡᠵᠦ᠂ ᠦᠯᠡᠳᠡᠭᠰᠡᠨ 1 ᠲᠥᠷᠥᠯ ᠵᠦᠢᠯ ︵ᠹᠦ᠋ ᠲᠠᠢ | ᠵᠢᠶᠠ ᠶᠤᠸᠠᠨ ᠵᠢᠵᠢᠭ ᠲᠣᠭᠤᠷᠢᠭ ᠤᠨ 7᠂ 11 ᠳ᠋ᠤᠭᠡᠷ ᠨᠣᠮᠧᠷᠲᠤ ᠠᠰᠠᠷ︶ ᠤᠨ ᠴᠠᠬᠢᠯᠭᠠᠨ ᠱᠠᠲᠤ ᠶᠢᠨ ᠰᠢᠯᠭᠠᠨ | ᠪᠠᠶᠢᠴᠠᠭᠠᠯᠲᠠ ᠶᠢ ᠪᠡᠶᠡᠯᠡᠭᠦᠯᠦᠭᠰᠡᠨ ᠥᠬᠡᠶ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ | ᠪᠠᠶᠢᠭᠤᠯᠤᠯᠲᠠ ᠶᠢᠨ ᠰᠠᠯᠠᠭ᠎ᠠ ᠮᠥᠴᠢᠷ ᠬᠡᠷ ᠪᠠᠶᠢᠰᠢᠩ ᠤᠨ ᠶᠠᠰᠤ ᠴᠢᠨᠠᠷ ᠤᠨ ᠠᠮᠤᠷ ᠲᠦᠪᠰᠢᠨ ᠤ ᠬᠢᠨᠠᠨ | ᠲᠣᠭᠲᠠᠭᠠᠯᠲᠠ ᠶᠢᠨ ᠰᠠᠨᠠᠯ ᠢ ᠭᠠᠷᠭᠠᠭᠰᠠᠨ ᠥᠬᠡᠶ ᠤᠴᠢᠷ ᠠᠴᠠ ᠲᠦᠷ ᠳᠠᠩᠰᠠᠯᠠᠭᠤᠯᠤᠭᠰᠠᠨ ᠥᠬᠡᠶ᠂ | ᠳᠠᠭᠤᠰᠤᠭᠰᠠᠨ ᠤ ᠳᠠᠷᠠᠭ᠎ᠠ ᠳᠠᠷᠤᠶ ᠠᠩᠬ᠎ᠠ ᠤᠳᠠᠭ᠎ᠠ ᠳᠡᠩᠰᠡᠯᠡᠵᠦ᠂ ᠰᠢᠯᠵᠢᠭᠦᠯᠦᠨ ᠳᠡᠩᠰᠡᠯᠡᠵᠦ ᠪᠣᠯᠤᠨ᠎ᠠ᠂ | 3716 ᠢᠵᠢ ᠬᠤᠪᠢ ᠬᠥᠮᠦᠨ ᠤ ᠡᠷᠦᠬᠡ ᠬᠤᠪᠢᠶᠠᠭᠰᠠᠨ 3716 ᠢᠵᠢ ᠰᠢᠯᠵᠢᠭᠦᠯᠦᠨ ᠳᠡᠩᠰᠡᠯᠡᠵᠦ᠂ 91. | 08% ᠶᠢ ᠡᠵᠡᠯᠡᠵᠦ᠂ ᠦᠯᠡᠳᠡᠭᠰᠡᠨ 364 ᠢᠵᠢ ᠨᠢ ᠣᠲᠣ ᠶᠠᠭ ᠱᠠᠯᠠᠪᠳᠠᠨ ᠭᠦᠢᠴᠡᠳᠭᠡᠵᠤ ᠪᠠᠶᠢᠨ᠎ᠠ᠃ | ︽ᠬᠥᠲᠥᠯᠥᠭᠴᠢ︾ ᠪᠠᠶᠢᠭᠠᠯᠢ ᠶᠢᠨ ᠡᠬᠢ ᠪᠠᠶᠠᠯᠢᠭ ᠤᠨ ᠶᠡᠷᠦᠩᠬᠡᠶᠢᠯᠡᠭᠰᠡᠨ ᠬᠠᠤᠯᠢ | ᠬᠡᠷᠡᠭᠵᠢᠭᠦᠯᠦᠯᠲᠡ ᠶᠢᠨ ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ ᠬᠢᠭᠰᠡᠨ ᠪᠣᠶ︖ | ︽ᠴᠢ ᠯᠢ ᠬᠤᠸᠠ︾ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠡᠬᠢ | ᠪᠠᠶᠠᠯᠢᠭ ᠤᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠪᠠᠶᠠᠷ ᠳᠤᠷᠠᠰᠬᠠᠯ | ᠠᠮᠠᠷᠠᠯᠲᠠ ᠶᠢᠨ ᠡᠳᠦᠷ ᠲᠡᠭᠡᠨ ᠠᠮᠠᠷᠠᠬᠤ ᠥᠬᠡᠶ ᠪᠠᠶᠢᠵᠤ᠂ ᠵᠣᠷᠢᠭᠲᠠᠶ ᠪᠠᠷ ᠪᠡᠷᠬᠡ ᠠᠰᠠᠭᠤᠳᠠᠯ ᠳᠤ ᠬᠠᠯᠳᠠᠵᠤ᠂ | ᠳᠠᠯᠳᠠᠭᠤᠷ ᠮᠠᠯᠲᠠᠵᠤ ᠳᠤᠷ᠎ᠠ ᠪᠠᠷ ᠢᠶᠠᠨ ᠮᠠᠯᠲᠠᠬᠤ ᠳᠤ ᠴᠣᠬᠢᠯᠲᠠ ᠥᠭᠴᠦ᠂ 210 ᠤᠳᠠᠭ᠎ᠠ ᠬᠥᠳᠡᠯᠦᠩᠭᠦᠶ ᠪᠠᠷ | ᠲᠣᠭᠤᠷᠢᠨ ᠪᠠᠶᠢᠴᠠᠭᠠᠵᠤ᠂ ᠬᠥᠳᠡᠭᠡ ᠲᠣᠰᠬᠤᠨ ᠤ ᠲᠠᠷᠢᠶᠠᠨ ᠭᠠᠵᠠᠷ ᠢ ᠳᠤᠷ᠎ᠠ ᠪᠠᠷ ᠢᠶᠠᠨ ᠡᠵᠡᠯᠡᠨ ᠬᠡᠷ ᠪᠠᠶᠢᠰᠢᠩ | ᠪᠠᠷᠢᠬᠤ᠂ ᠬᠠᠮᠠᠭᠠᠯᠠᠯᠲᠠ ᠶᠢᠨ ᠹᠢᠯᠢᠮ ᠤᠨ ᠬᠠᠤᠯᠢ ᠬᠡᠷᠡᠭᠵᠢᠭᠦᠯᠬᠦ᠂ ᠲᠥᠪ ᠤᠨ ᠣᠷᠴᠢᠨ ᠠᠬᠤᠶ ᠶᠢᠨ | ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠡᠷᠭᠡ ᠲᠤᠰᠬᠠᠶ ᠠᠵᠢᠯᠯᠠᠭ᠎ᠠ ᠲᠠᠢ ᠤᠶᠠᠯᠳᠤᠭᠤᠯᠵᠠᠶ᠃ ᠣᠲᠣ ᠪᠣᠯᠲᠠᠯ᠎ᠠ | ᠂ ᠨᠡᠶᠢᠲᠡ 51 ᠬᠠᠤᠯᠢ ᠶᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠵᠤ᠂ 376.7667 ᠲᠦᠮᠡᠨ | ᠲᠥᠭᠦᠷᠢᠭ ᠤᠨ ᠲᠣᠷᠭᠠᠵᠤ ᠬᠤᠷᠢᠶᠠᠭᠰᠠᠨ ᠵᠣᠭᠤᠰ ᠢ ᠬᠤᠷᠢᠶᠠᠨ ᠠᠪᠴᠤ᠂ ᠪᠠᠶᠢᠭᠠᠯᠢ ᠶᠢᠨ ᠡᠬᠢ ᠪᠠᠶᠠᠯᠢᠭ ᠤᠨ | ᠬᠠᠤᠯᠢ ᠶᠢ ᠵᠥᠷᠢᠴᠡᠭᠰᠡᠨ ᠪᠠᠶᠢᠳᠠᠯ ᠢ ᠪᠦᠲᠦᠮᠵᠢᠲᠡᠶ ᠬᠤᠷᠢᠭᠯᠠᠪᠠ᠃ | 《ᠬᠥᠲᠥᠯᠥᠭᠴᠢ 》 ᠤᠯᠠᠭᠠᠨᠬᠠᠳᠠ ᠰᠤᠮᠤ ︵ᠬᠠᠯᠠᠭᠤᠨ ᠷᠠᠰᠢᠶᠠᠨ ᠤ ᠵᠢᠵᠢᠭ ᠪᠠᠯᠭᠠᠰᠤ︶ ᠶᠢᠨ | ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠲᠠᠯ᠎ᠠ ᠪᠠᠷ ᠪᠢᠳᠡ ᠶᠠᠮᠠᠷ ᠶᠠᠮᠠᠷ ᠠᠵᠢᠯ ᠤᠳ ᠢ | ᠬᠢᠭᠰᠡᠨ ᠪᠣᠶ︖ | ︽ᠴᠢ ᠯᠢ ᠬᠤᠸᠠ︾ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠬᠠᠯᠠᠭᠤᠨ ᠷᠠᠰᠢᠶᠠᠨ ᠤ | ᠵᠢᠵᠢᠭ ᠪᠠᠯᠭᠠᠰᠤ ᠪᠠᠶᠢᠭᠤᠯᠬᠤ ᠶᠢ ᠪᠠᠲᠤᠯᠠᠵᠤ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠪᠠᠷ | ᠬᠥᠭᠵᠢᠭᠦᠯᠬᠦ ᠠᠵᠤ ᠠᠬᠤᠶ ᠶᠢᠨ ᠬᠥᠭᠵᠢᠯᠲᠡ ᠶᠢᠨ ᠰᠡᠳᠬᠢᠮᠵᠢ ᠪᠠᠷ ᠵᠠᠮᠨᠠᠬᠤ ᠶᠢᠨ ᠲᠥᠯᠥᠭᠡ᠂ ᠴᠠᠬᠠᠷ ᠪᠠᠷᠠᠭᠤᠨ | ᠭᠠᠷᠤᠨ ᠬᠤᠶᠢᠲᠤ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠤᠯᠠᠭᠠᠨᠬᠠᠳᠠ ᠰᠤᠮᠤ ︵ᠬᠠᠯᠠᠭᠤᠨ | ᠷᠠᠰᠢᠶᠠᠨ ᠤ ᠵᠢᠵᠢᠭ ᠪᠠᠯᠭᠠᠰᠤ︶ ᠶᠢᠨ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠠᠵᠢᠯ ᠢ | ᠢᠳᠡᠪᠬᠢᠲᠡᠶ ᠠᠬᠢᠭᠤᠯᠵᠤ ᠪᠠᠶᠢᠨ᠎ᠠ᠃ 2021 ᠣᠨ ᠤ 8 ᠰᠠᠷ᠎ᠠ ᠶᠢᠨ 17 ᠤ ᠡᠳᠦᠷ᠂ ᠬᠤᠰᠢᠭᠤᠨ ᠤ ᠠᠷᠠᠳ ᠤᠨ | ᠵᠠᠰᠠᠭ ᠤᠨ ᠣᠷᠳᠣᠨ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠴᠠᠬᠠᠷ ᠪᠠᠷᠠᠭᠤᠨ ᠭᠠᠷᠤᠨ | ᠬᠤᠶᠢᠲᠤ ᠬᠤᠰᠢᠭᠤᠨ ᠤ ᠤᠯᠠᠭᠠᠨᠬᠠᠳᠠ ᠰᠤᠮᠤ ︵ᠬᠠᠯᠠᠭᠤᠨ ᠷᠠᠰᠢᠶᠠᠨ ᠤ ᠵᠢᠵᠢᠭ ᠪᠠᠯᠭᠠᠰᠤ︶ ᠶᠢᠨ ᠭᠠᠵᠠᠷ ᠤᠨ | ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠲᠥᠷᠥᠯ ᠵᠦᠢᠯ ᠢ ᠭᠤᠶᠤᠴᠢᠯᠠᠪᠠ᠃ 2022 ᠣᠨ ᠤ 3 | ᠰᠠᠷ᠎ᠠ ᠶᠢᠨ 31 ᠤ ᠡᠳᠦᠷ᠂ ᠭᠠᠵᠠᠷ ᠤᠨ ᠢᠯᠴᠢ ᠶᠢᠨ ᠡᠬᠢ ᠪᠠᠶᠠᠯᠢᠭ ᠢ ᠬᠠᠶᠢᠨ ᠪᠠᠶᠢᠴᠠᠭᠠᠬᠤ ᠲᠥᠷᠥᠯ ᠵᠦᠢᠯ ᠢ | ᠵᠢᠩᠬᠢᠨᠢ ᠪᠠᠷ ᠡᠬᠢᠯᠡᠨ ᠥᠷᠥᠮᠳᠡᠵᠦ᠂ 10 ᠰᠠᠷ᠎ᠠ ᠳᠤ 2602 ᠮᠧᠲᠷ ᠭᠦᠨ ᠬᠤᠳᠳᠤᠭ ᠥᠷᠥᠮᠳᠡᠵᠦ᠂ ᠪᠣᠳᠠᠲᠠᠶ | ᠬᠡᠮᠵᠢᠭᠰᠡᠨ ᠬᠤᠳᠳᠤᠭ ᠤᠨ ᠢᠷᠣᠭᠠᠷ ᠤᠨ ᠳᠤᠯᠠᠭᠠᠨ ᠤ ᠬᠡᠮᠵᠢᠶ᠎ᠡ ᠨᠢ 76℃ ᠲᠤ ᠬᠦᠷᠴᠦ᠂ ᠵᠢᠷᠤᠭ | ᠲᠥᠯᠥᠪᠯᠡᠭᠡ ᠶᠢᠨ ᠱᠠᠭᠠᠷᠳᠠᠯᠭ᠎ᠠ ᠳᠤ ᠬᠦᠷᠴᠦ᠂ ᠥᠷᠥᠮᠳᠡᠨ ᠬᠠᠶᠢᠬᠤ ᠠᠵᠢᠯ ᠪᠦᠬᠦᠨ ᠢᠶᠠᠷ ᠢᠶᠠᠨ ᠳᠠᠭᠤᠰᠪᠠ᠃ | ︽ᠬᠥᠲᠥᠯᠥᠭᠴᠢ︾ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠲᠠᠯ᠎ᠠ ᠪᠠᠷ ᠶᠠᠮᠠᠷ ᠶᠠᠮᠠᠷ ᠠᠷᠭ᠎ᠠ | ᠬᠡᠮᠵᠢᠶ᠎ᠡ ᠠᠪᠤᠭᠰᠠᠨ ᠪᠣᠶ︖ | ︽ᠴᠢ ᠯᠢ ᠬᠤᠸᠠ︾ ᠪᠤᠭᠤᠲᠤ ᠬᠤᠯᠪᠣᠭᠠᠲᠤ ᠪᠠᠭ᠎ᠠ ᠲᠣᠭᠤᠷᠢᠭ᠂ ᠲᠣᠰᠬᠤᠨ ᠳᠤ ᠰᠠᠭᠤᠬᠤ | ᠠᠵᠢᠯᠯᠠᠬᠤ ᠠᠩᠭᠢ᠂ ᠪᠠᠶᠢᠭᠠᠯᠢ ᠶᠢᠨ ᠡᠬᠢ ᠪᠠᠶᠠᠯᠢᠭ ᠤᠨ ᠬᠦᠷᠢᠶ᠎ᠡ ᠪᠣᠯᠤᠨ ᠲᠣᠰ ᠨᠢᠭᠡᠴᠡ ᠶᠢᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠷᠢᠨ ᠬᠢᠨᠠᠮᠠᠭᠠᠶ ᠵᠣᠬᠢᠶᠠᠨ ᠪᠠᠶᠢᠭᠤᠯᠤᠨ ᠳᠣᠭᠢᠷᠠᠭᠤᠯᠵᠤ᠂ ᠲᠥᠷᠥ ᠶᠢᠨ | ᠪᠣᠳᠣᠯᠭ᠎ᠠ ᠶᠢᠨ ᠤᠬᠠᠭᠤᠯᠭ᠎ᠠ ᠶᠢ ᠪᠣᠳᠠᠲᠠᠶᠢᠵᠢᠭᠤᠯᠵᠤ᠂ ᠭᠤᠤᠯᠳᠠᠯᠭ᠎ᠠ ᠲᠠᠢ ᠬᠠᠮᠢᠶᠠᠷᠤᠨ ᠡᠵᠡᠮᠳᠡᠬᠦ ᠠᠵᠢᠯᠲᠠᠨ ᠤ | ᠵᠢᠭᠰᠠᠭᠠᠨ ᠪᠠᠶᠢᠴᠠᠭᠠᠯᠲᠠ ᠶᠢ ᠪᠣᠳᠠᠲᠠᠶᠢᠵᠢᠭᠤᠯᠵᠤ᠂ ᠪᠥᠬᠦ ᠠᠵᠢᠯᠲᠠᠨ ᠤ ᠪᠦᠭᠡᠮ ᠬᠦᠴᠢᠯ ᠤᠨ ᠬᠢᠨᠠᠨ ᠬᠡᠮᠵᠢᠯᠲᠡ ᠶᠢ | ᠪᠣᠳᠠᠲᠠᠶᠢᠵᠢᠭᠤᠯᠵᠤ᠂ ᠬᠢᠵᠢᠭ ᠤᠨ ᠪᠠᠶᠢᠳᠠᠯ ᠤᠨ ᠲᠦᠭᠰᠢᠭᠦᠷᠢ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠨ᠎ᠠ᠃ | ᠡᠨᠡ ᠵᠢᠯ ᠤᠨ 8 ᠰᠠᠷ᠎ᠠ ᠳᠤ ᠭᠡᠨᠡᠳᠲᠡ ᠡᠭᠦᠰᠦᠭᠰᠡᠨ ᠰᠢᠨ᠎ᠡ ᠪᠠᠷ ᠳᠡᠯᠭᠡᠷᠡᠭᠰᠡᠨ ᠬᠢᠵᠢᠭ ᠤᠨ ᠪᠠᠶᠢᠳᠠᠯ ᠤᠨ ᠡᠮᠦᠨ᠎ᠡ᠂ | ᠲᠡᠷᠡ ᠳᠠᠷᠤᠢ ᠳᠤᠨᠢ ᠬᠢᠵᠢᠭ ᠰᠡᠷᠭᠡᠶᠢᠯᠡᠬᠦ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ 30 | ᠠᠵᠢᠯᠳᠠᠨ ᠢ ᠲᠠᠲᠠᠵᠤ 5 ᠲᠤᠰᠬᠠᠢ ᠲᠦᠷᠦᠯ ᠤᠨ ᠰᠡᠷᠭᠡᠶᠢᠯᠡᠨ ᠡᠵᠡᠮᠳᠡᠬᠦ ᠠᠵᠢᠯ ᠤᠨ ᠳᠤᠭᠤᠶᠢᠯᠠᠩ ᠢ ᠵᠣᠬᠢᠶᠠᠨ | ᠪᠠᠶᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠨᠢᠭᠡᠳᠦᠭᠡᠷ ᠹᠷᠣᠨᠲ ᠲᠤ ᠢᠳᠡᠵᠦ ᠤᠤᠭᠤᠬᠤ | ᠬᠤᠨᠣᠵᠤ ᠬᠡᠪᠲᠡᠬᠦ ᠶᠢ ᠰᠡᠷᠭᠡᠶᠢᠯᠡᠨ ᠬᠢᠵᠠᠭᠠᠷᠯᠠᠬᠤ ᠠᠵᠢᠯ ᠤᠨ ᠳᠤᠭᠤᠶᠢᠯᠠᠩ ᠢ ᠵᠣᠬᠢᠶᠠᠨ ᠪᠠᠶᠢᠭᠤᠯᠪᠠ᠃ ᠡᠭᠦᠨ ᠠᠴᠠ | ᠭᠠᠳᠠᠨ᠎ᠠ 25 ᠺᠠᠳ᠋ᠷ ᠢ ᠲᠠᠲᠠᠵᠤ ᠬᠤᠰᠢᠭᠤᠨ ᠤ ᠨᠡᠭᠦᠳᠡᠯ ᠳᠤᠭᠤᠶᠢᠯᠠᠩ᠂ ᠠᠷᠤ ᠲᠠᠯ᠎ᠠ ᠶᠢᠨ ᠠᠵᠢᠯ ᠤᠨ | ᠳᠤᠭᠤᠶᠢᠯᠠᠩ ᠤᠨ ᠠᠵᠢᠯᠲᠠᠨ ᠢ ᠲᠡᠭᠦᠯᠳᠡᠷᠵᠢᠭᠦᠯᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠪᠥᠬᠦ | ᠬᠦᠴᠦᠨ ᠢᠶᠠᠷ ᠢᠶᠠᠨ ᠥᠷᠨᠢᠭᠦᠯᠪᠡ᠃ ᠬᠤᠰᠢᠭᠤᠨ ᠤ ᠨᠠᠮ ᠤᠨ ᠬᠤᠷᠢᠶᠠᠨ ᠤ ᠵᠣᠬᠢᠶᠠᠨ ᠪᠠᠶᠢᠭᠤᠯᠬᠤ ᠬᠡᠯᠲᠡᠰ ᠤᠨ | ᠰᠠᠨᠠᠭᠠᠴᠢᠯᠠᠭ᠎ᠠ ᠶᠢ ᠢᠳᠡᠪᠬᠢᠲᠡᠶ ᠳᠠᠭᠠᠵᠤ᠂ ᠪᠥᠬᠦ ᠲᠠᠯ᠎ᠠ ᠶᠢᠨ ᠺᠠᠳ᠋ᠷ 4.1 ᠲᠦᠮᠡᠨ ᠲᠥᠭᠦᠷᠢᠭ ᠬᠠᠨᠳᠢᠪᠯᠠᠬᠤ ᠶᠢᠨ | ᠬᠠᠮᠲᠤ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠣᠯᠠᠨ ᠲᠠᠯ᠎ᠠ ᠪᠠᠷ ᠵᠣᠬᠢᠴᠠᠭᠤᠯᠵᠤ᠂ ᠨᠡᠶᠢᠭᠡᠮ ᠤᠨ | ᠡᠯ᠎ᠡ ᠡᠲᠡᠭᠡᠳ ᠤᠨ ᠬᠠᠶᠢᠷ᠎ᠠ ᠬᠠᠯᠠᠮᠵᠢ ᠶᠢᠨ ᠠᠵᠤ ᠠᠬᠤᠶᠢᠯᠠᠯ ᠢ ᠤᠷᠢᠶᠠᠯᠠᠨ ᠬᠤᠰᠢᠭᠤᠨ ᠤ ᠡᠳ᠋ ᠤᠨ ᠵᠠᠰᠠᠭ ᠲᠤ | 40.6 ᠲᠦᠮᠡᠨ ᠲᠥᠭᠦᠷᠢᠭ ᠬᠠᠨᠳᠢᠪᠯᠠᠵᠤ᠂ ᠬᠢᠵᠢᠭ ᠢ ᠰᠡᠷᠭᠡᠶᠢᠯᠡᠬᠦ ᠡᠳ᠋ ᠪᠣᠳᠠᠰ ᠤᠨ ᠳᠤᠲᠠᠭᠤᠳᠠᠯ ᠢ ᠴᠠᠭ | ᠲᠤᠬᠠᠶ ᠳᠤᠨᠢ ᠨᠥᠬᠦᠪᠥᠷᠢᠯᠡᠪᠡ᠃ | ︽ᠬᠥᠲᠥᠯᠥᠭᠴᠢ︾ ᠴᠢ ᠲᠣᠪᠴᠢᠶᠠᠨ ᠳᠠᠷᠤᠭ᠎ᠠ ᠶᠢᠨ ᠨᠠᠷᠢᠨ ᠲᠠᠨᠢᠯᠴᠠᠭᠤᠯᠭ᠎ᠠ ᠳᠤ ᠲᠠᠯᠠᠷᠬᠠᠵᠤ ᠪᠠᠶᠢᠨ᠎ᠠ | ᠂ ᠥᠨᠥᠳᠦᠷ ᠤᠨ ᠰᠦᠯᠵᠢᠶᠡᠨ ᠳᠡᠭᠡᠷᠡᠬᠢ ᠰᠤᠷᠪᠤᠯᠵᠢᠯᠠᠭ᠎ᠠ ᠶᠢᠨ ᠴᠠᠭ ᠤᠳᠠᠯ ᠥᠬᠡᠶ ᠳᠠᠭᠤᠰᠬᠤ ᠪᠣᠯᠤᠯ᠎ᠠ᠂ ᠮᠠᠨ ᠤ | ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠦᠢᠯᠡᠰ ᠤᠨ ᠨᠠᠩ ᠰᠠᠶᠢᠨ᠂ ᠨᠠᠩ ᠰᠢᠯᠢᠳᠡᠭ ᠲᠠᠪᠰᠢᠯᠳᠠ ᠲᠠᠢ | ᠪᠣᠯᠬᠤ ᠶᠢ ᠢᠷᠥᠭᠡᠶ᠎ᠡ︕ | ︽ᠴᠢ ᠯᠢ ᠬᠤᠸᠠ︾ ᠲᠠᠯᠠᠷᠬᠠᠯ᠎ᠠ ᠨᠡᠶᠢᠭᠡᠮ ᠤᠨ ᠡᠯ᠎ᠡ ᠡᠲᠡᠭᠡᠳ᠂ ᠥᠷᠭᠡᠨ ᠤᠯᠠᠨ ᠨᠡᠶᠢᠲᠡ ᠶᠢᠨ | ᠨᠠᠶᠢᠵᠢ ᠨᠠᠷ ᠤᠨ ᠮᠠᠨ ᠤ ᠠᠵᠢᠯ ᠳᠤ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠬᠤ ᠶᠢ ᠬᠦᠰᠡᠵᠦ ᠪᠠᠶᠢᠨ᠎ᠠ᠃ |