ᠮᠠᠨ ᠤ ᠬᠤᠰᠢᠭᠤᠨ ᠤ ᠭᠠᠯᠲᠤ ᠠᠭᠤᠯᠠ ᠶᠢᠨ ᠲᠠᠯ᠎ᠠ ᠨᠤᠲᠤᠭ ᠤᠨ ᠵᠢᠭᠤᠯᠴᠢᠯᠠᠯ ᠤᠨ ᠡᠬᠢ ᠪᠠᠶᠠᠯᠢᠭ ᠢ | ᠰᠠᠶᠢᠲᠤᠷ ᠨᠡᠭᠡᠭᠡᠨ ᠠᠰᠢᠭᠯᠠᠬᠤ ᠶᠢᠨ ᠲᠥᠯᠥᠭᠡ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ᠭᠠᠯᠲᠤ | ᠠᠭᠤᠯᠠ ᠶᠢᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠲᠥᠯᠥᠪᠵᠢᠭᠦᠯᠭᠡ ᠶᠢ ᠥᠨᠳᠥᠷ ᠪᠠᠷᠢᠮᠵᠢᠶ᠎ᠠ ᠪᠠᠷ | ᠨᠠᠶᠢᠷᠠᠭᠤᠯᠤᠨ ᠵᠣᠬᠢᠶᠠᠭᠰᠠᠨ ᠪᠥᠭᠡᠳ ᠭᠠᠯᠲᠤ ᠠᠭᠤᠯᠠ ᠶᠢᠨ ᠬᠠᠯᠠᠭᠤᠨ ᠷᠠᠰᠢᠶᠠᠨ ᠢ ᠬᠠᠶᠢᠨ ᠰᠢᠨᠵᠢᠯᠡᠬᠦ | ᠢᠨᠵᠧᠨᠧᠷᠢᠩ ᠢ ᠬᠡᠷᠡᠭᠵᠢᠭᠦᠯᠵᠦ᠂ ᠬᠠᠯᠠᠭᠤᠨ ᠷᠠᠰᠢᠶᠠᠨ ᠤ ᠤᠰᠤᠨ ᠠᠴᠠ ᠭᠠᠷᠬᠤ ᠳᠤᠯᠠᠭᠠᠨ ᠤ ᠬᠡᠮᠵᠢᠶ᠎ᠡ 76 | ᠭᠷᠠᠳᠦ᠋ᠰ ᠲᠤ ᠬᠦᠷᠴᠦ᠂ ᠡᠳᠦᠷ ᠠᠴᠠ ᠭᠠᠷᠬᠤ ᠤᠰᠤᠨ ᠤ ᠬᠡᠮᠵᠢᠶ᠎ᠡ 200 ᠭᠠᠷᠤᠶ ᠲᠣᠨ ᠳᠤ ᠬᠦᠷᠴᠦ᠂ ᠡᠷᠡᠭᠦᠯ | ᠮᠡᠨᠳᠦ ᠠᠰᠠᠷᠠᠨ ᠲᠡᠵᠢᠭᠡᠬᠦ ᠠᠮᠠᠷᠠᠯᠲᠠ ᠶᠢᠨ ᠬᠤᠭᠤᠴᠠᠭᠠᠨ ᠤ ︽ᠬᠠᠯᠠᠭᠤᠨ ᠷᠠᠰᠢᠶᠠᠨ ᠤ ᠵᠢᠵᠢᠭ ᠪᠠᠯᠭᠠᠰᠤ︾ ᠶᠢ | ᠪᠠᠶᠢᠭᠤᠯᠬᠤ ᠳᠤ ᠰᠠᠭᠤᠷᠢ ᠲᠠᠯᠪᠢᠪᠠ᠃ 4 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ ᠡᠮᠦᠨᠡᠲᠦ | ᠤᠮᠠᠷᠠᠲᠤ ᠶᠢᠨ ᠬᠤᠶᠠᠷ ᠵᠤᠭᠠᠴᠠᠭᠴᠢ ᠶᠢᠨ ᠲᠥᠪ ᠤᠨ ᠲᠥᠷᠥᠯ ᠵᠦᠢᠯ ᠢ ᠬᠡᠷᠡᠭᠵᠢᠭᠦᠯᠵᠦ᠂ ᠲᠡᠷᠭᠡ ᠵᠣᠭᠰᠣᠬᠤ | ᠪᠠᠶᠢᠷᠢ 3000 ᠪᠣᠯᠪᠠ᠃ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠬᠥᠭᠵᠢᠯᠲᠡ ᠶᠢᠨ | ᠵᠢᠯᠣᠭᠤᠳᠬᠤ ᠰᠠᠨᠠᠯ᠂ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠮᠥᠩᠭᠦᠨ ᠭᠦᠢᠯᠭᠡᠭᠡᠨ ᠢᠶᠠᠷ ᠠᠷᠠᠳ ᠤᠨ | ᠣᠷᠣᠨ ᠰᠠᠭᠤᠴᠠ ᠶᠢᠨ ᠠᠵᠤ ᠦᠢᠯᠡᠰ ᠢ ᠲᠡᠳᠬᠦᠬᠦ ᠳᠠᠮ ᠬᠦᠤ ᠥᠭᠬᠦ ᠲᠥᠷᠥ ᠶᠢᠨ ᠪᠣᠳᠣᠯᠭ᠎ᠠ ᠶᠢ ᠨᠡᠶᠢᠲᠡᠯᠡᠨ | ᠬᠡᠷᠡᠭᠵᠢᠭᠦᠯᠵᠦ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠡᠷᠡᠭᠦᠯ ᠢᠶᠠᠷ 28 ᠠᠷᠠᠳ ᠤᠨ ᠣᠷᠣᠨ | ᠰᠠᠭᠤᠴᠠ ᠶᠢ ᠪᠠᠶᠢᠭᠤᠯᠵᠤ᠂ ᠣᠲᠣ 700 ᠭᠠᠷᠤᠶ ᠣᠷᠣ ᠲᠠᠢ ᠪᠣᠯᠪᠠ︔ 6 ᠠᠷᠠᠳ ᠤᠨ ᠰᠠᠭᠤᠴᠠ᠂ 140 | ᠣᠷᠣ ᠲᠠᠢ᠃ |