︽ᠰᠣᠶᠣᠯ ᠤᠨ ᠪᠠ ᠪᠠᠶᠢᠭᠠᠯᠢ ᠶᠢᠨ ᠥᠪ ᠤᠨ ᠡᠳᠦᠷ︾ ︽ᠠᠷᠪᠠᠨ ᠬᠤᠶᠠᠷ ᠵᠢᠯ︾ ᠤᠨ ᠴᠠᠭᠠᠰᠤᠨ ᠬᠠᠶᠢᠴᠢᠯᠠᠮᠠᠯ ᠪᠣᠳᠠᠰ ᠤᠨ ᠪᠤᠰᠤ ᠰᠣᠶᠣᠯ ᠤᠨ ᠥᠪ ᠤᠨ ᠤᠷᠠᠯᠢᠭ ᠬᠢᠭᠡᠳ ᠤᠯᠠᠮᠵᠢᠯᠠᠯᠲᠤ ᠰᠣᠶᠣᠯ ᠤᠨ ᠮᠥᠷᠭᠦᠯᠳᠦᠯ
ᠨᠡᠶᠢᠲᠡᠯᠡᠭᠰᠡᠨ ᠴᠠᠭ᠄
2022/12/6
         ᠪᠡᠭᠡᠵᠢᠩ ᠤᠨ 2022 ᠣᠨ ᠤ ᠡᠪᠦᠯ ᠤᠨ ᠣᠯᠧᠮᠫᠢᠺ ᠴᠤᠭᠯᠠᠭᠠᠨ ᠤᠨ ᠲᠡᠭᠦᠰᠬᠦ ᠶᠣᠰᠣᠯᠠᠯ ᠳᠡᠭᠡᠷ᠎ᠡ᠂ 12 ᠠᠷᠪᠠᠨ ᠬᠤᠶᠠᠷ ᠵᠢᠯ ᠤᠨ ᠪᠣᠯᠣᠷ ᠲᠤᠩᠭᠠᠯᠠᠭ ᠮᠥᠰᠥᠨ ᠱᠠᠬᠠᠢ ᠶᠢᠨ ᠲᠡᠷᠭᠡ ᠬᠡᠦᠬᠡᠳ ᠤᠨ ᠬᠦᠷᠢᠶᠡᠯᠡᠯ ᠳᠣᠣᠷ᠎ᠠ ᠰᠢᠪᠠᠭᠤᠨ ᠡᠭᠦᠷ ᠲᠤ ᠲᠦᠯᠬᠢᠭᠳᠡᠨ ᠣᠷᠣᠵᠤ᠂ ᠲᠡᠷᠭᠡᠨ ᠬᠦᠷᠳᠦᠨ ᠤ ᠤᠷᠤᠮ ᠢᠶᠠᠷ ᠯᠤᠲᠤ ᠶᠡᠭᠡ ᠳᠤᠮᠳᠠᠳᠤ ᠤᠯᠤᠰ ᠤᠨ ᠪᠠᠷᠢᠯᠳᠤᠯᠭ᠎ᠠ ᠶᠢᠨ ᠲᠥᠯᠥᠪ ᠢ ᠪᠦᠷᠢᠯᠳᠦᠭᠦᠯᠵᠡᠢ᠃ ᠲᠡᠷᠭᠡᠨ ᠳᠡᠭᠡᠷᠡᠬᠢ ᠠᠷᠪᠠᠨ ᠬᠤᠶᠠᠷ ᠵᠢᠯ ᠤᠨ ᠲᠣᠯᠣᠭᠠᠶ ᠶᠢᠨ ᠬᠥᠷᠥᠭ ᠨᠢ ᠴᠦ ᠭᠠᠵᠠᠷ ᠳᠡᠭᠡᠷᠡᠬᠢ ᠳᠤᠮᠳᠠᠳᠤ ᠤᠯᠤᠰ ᠤᠨ ᠪᠠᠷᠢᠯᠳᠤᠯᠭ᠎ᠠ ᠲᠠᠢ ᠥᠩᠭᠡ ᠢᠯᠭᠠᠷᠠᠨ᠂ ᠳᠤᠮᠳᠠᠳᠤ ᠤᠯᠤᠰ ᠤᠨ ᠰᠣᠶᠣᠯ ᠤᠨ ᠷᠣᠮᠠᠨᠲ᠋ᠢᠭ ᠪᠠ ᠰᠣᠨᠢᠷᠬᠠᠯ ᠢ ᠪᠥᠬᠦ ᠳᠡᠯᠡᠬᠡᠶ ᠶᠢᠨ ᠦᠵᠡᠭᠴᠢᠳ ᠲᠤ ᠳᠠᠬᠢᠨᠲᠠ ᠤᠷᠠᠨ ᠢᠶᠠᠷ ᠳᠡᠯᠭᠡᠨ ᠦᠵᠡᠭᠦᠯᠵᠡᠶ᠃          ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠴᠠᠭᠠᠰᠤᠨ ᠬᠠᠶᠢᠴᠢᠯᠠᠮᠠᠯ ᠨᠢ ᠤᠳᠤᠮᠰᠢᠯ ᠤᠨ ᠪᠤᠰᠤ ᠪᠠᠷ ᠰᠢᠶᠤᠤ ᠵᠧᠨ ᠢᠦᠢ ᠶᠢᠨ ᠰᠡᠳᠬᠢᠯ ᠤᠨ ᠳᠠᠪᠠᠯᠭᠠᠨ ᠳᠤ ᠰᠡᠳᠬᠢᠯ ᠳᠣᠭᠳᠣᠯᠤᠨ ᠳᠣᠭᠳᠣᠯᠵᠤ ᠪᠠᠶᠢᠯ᠎ᠠ᠃ ᠰᠡᠳᠬᠢᠯ ᠳᠠᠬᠢ ᠤᠯᠤᠰ ᠢᠶᠠᠨ ᠬᠠᠶᠢᠷᠠᠯᠠᠬᠤ ᠰᠡᠳᠬᠢᠯᠭᠡ ᠪᠠᠨ ᠢᠯᠡᠳᠬᠡᠵᠦ᠂ ᠳᠤᠮᠳᠠᠳᠤ ᠤᠯᠤᠰ ᠤᠨ ᠤᠯᠠᠮᠵᠢᠯᠠᠯᠲᠤ ᠰᠣᠶᠣᠯ ᠢ ᠪᠠᠳᠠᠷᠠᠭᠤᠯᠤᠨ ᠤᠯᠠᠮᠵᠢᠯᠠᠬᠤ ᠳᠤ ᠬᠦᠴᠦᠨ ᠨᠡᠮᠡᠷᠢᠯᠡᠬᠦ ᠶᠢᠨ ᠲᠥᠯᠥᠭᠡ᠂ ᠡᠨᠡ ᠬᠦ ᠠᠷᠪᠠᠨ ᠬᠤᠶᠠᠷ ᠵᠢᠯ ᠤᠨ ᠴᠠᠭᠠᠰᠤᠨ ᠬᠠᠶᠢᠴᠢᠯᠠᠮᠠᠯ ᠤᠨ ᠪᠦᠲᠦᠭᠡᠯ ᠢ ᠵᠣᠬᠢᠶᠠᠨ ᠪᠦᠲᠦᠭᠡᠵᠡᠢ᠃
         ᠰᠢᠶᠤᠤ ᠵᠧᠨ ᠢᠦᠢ ᠶᠢᠨ ᠡᠨᠡ ᠬᠦ ᠪᠦᠲᠦᠭᠡᠯ ᠨᠢ ︽ᠴᠠᠭᠠᠰᠤᠨ ᠬᠠᠶᠢᠴᠢᠯᠠᠮᠠᠯ︾ ᠤᠨ ᠤᠷᠠᠯᠢᠭ ᠢ ᠠᠷᠪᠠᠨ ᠬᠤᠶᠠᠷ ᠵᠢᠯ ᠲᠠᠢ ᠤᠶᠠᠯᠳᠤᠭᠤᠯᠵᠤ᠂ ︽ᠪᠣᠳᠠᠰ ᠤᠨ ᠪᠤᠰᠤ ᠰᠣᠶᠣᠯ ᠤᠨ ᠥᠪ︾ ᠤᠨ ᠷᠢᠳᠢ ᠰᠢᠳᠢ ᠶᠢ ᠳᠡᠯᠭᠡᠨ ᠦᠵᠡᠭᠦᠯᠬᠦ ᠶᠢᠨ ᠬᠠᠮᠲᠤ ᠳᠤᠮᠳᠠᠳᠤ ᠶᠢᠨ ᠰᠣᠶᠣᠯ ᠢ ᠤᠯᠠᠮᠵᠢᠯᠠᠨ ᠵᠠᠯᠭᠠᠮᠵᠢᠯᠠᠵᠤ᠂ ᠨᠡᠩ ᠣᠯᠠᠨ ᠬᠥᠮᠦᠰ ᠲᠤ ᠴᠠᠭᠠᠰᠤᠨ ᠬᠠᠶᠢᠴᠢᠯᠠᠮᠠᠯ ᠤᠨ ᠤᠷᠠᠯᠢᠭ ᠢ ᠣᠶᠢᠯᠠᠭᠠᠭᠤᠯᠵᠤ᠂ ᠴᠠᠭᠠᠰᠤᠨ ᠬᠠᠶᠢᠴᠢᠯᠠᠮᠠᠯ ᠤᠨ ᠤᠷᠠᠯᠢᠭ ᠢ ᠪᠠᠭ᠋ᠠᠷᠤᠭᠤᠯᠵᠠᠶ᠃
 
ᠢᠷᠡᠯᠲᠡ᠄ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠠᠮ ᠵᠠᠭᠤᠴᠢᠯᠠᠭᠤᠷ ᠤᠨ ᠲᠥᠪ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号