ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ ︽ᠶᠡᠭᠡ ᠲᠠᠭᠰᠢᠭᠤᠷ︾ ᠪᠢᠰᠢ᠂ ᠠᠨᠲ᠋ᠢᠭᠧᠡ ᠤ ᠪᠠᠶᠢᠴᠠᠭᠠᠯᠲᠠ ᠪᠠᠷ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠣᠯᠬᠤ ᠦᠭᠡᠢ ᠁ ᠡᠷᠬᠡ ᠰᠦᠷᠲᠦ ᠬᠠᠷᠢᠭᠤᠯᠲᠠ︕
  
2022/3/31

    ᠰᠢᠨ᠎ᠡ ᠲᠢᠲᠢᠮᠯᠢᠭ ᠠᠭᠤᠰᠬᠢᠨ ᠦᠷᠪᠢᠰᠦᠯ ᠪᠣᠯ  

ᠶᠡᠭᠡ ᠲᠠᠭᠰᠢᠭᠤᠷ

     ᠪᠢᠰᠢ᠂ ᠠᠨᠲ᠋ᠢᠭᠧᠡ ᠤ ᠪᠠᠶᠢᠴᠠᠭᠠᠯᠲᠠ ᠪᠠᠷ

48 ᠴᠠᠭ ᠤᠨ ᠪᠥᠭᠡᠮ

    ᠬᠦᠴᠢᠯ ᠤᠨ ᠪᠠᠶᠢᠴᠠᠭᠠᠯᠲᠠ ᠶᠢ

ᠣᠷᠣᠯᠠᠭᠤᠯᠵᠤ ᠪᠣᠯᠬᠤ ᠦᠭᠡᠢ ᠁

    ᠡᠷᠬᠡ ᠰᠦᠷᠲᠦ ᠬᠠᠷᠢᠭᠤᠯᠲᠠ

   

     3 ᠳ᠋ᠤᠭᠠᠷ ᠰᠠᠷ᠎ᠠ ᠶᠢᠨ 25 ᠤ ᠡᠳᠦᠷ ᠤᠨ

ᠦᠳᠡ ᠶᠢᠨ ᠬᠤᠶᠢᠨ᠎ᠠ᠂ ᠲᠥᠷᠥ ᠶᠢᠨ

ᠶᠠᠪᠤᠳᠠᠯ ᠤᠨ ᠬᠤᠷᠢᠶᠠᠨ ᠤ ᠬᠤᠯᠪᠣᠭᠠᠯᠠᠨ

ᠰᠡᠷᠭᠡᠶᠢᠯᠡᠵᠦ ᠬᠤᠯᠪᠤᠭᠠᠯᠠᠨ ᠡᠵᠡᠮᠳᠡᠬᠦ

ᠲᠣᠭᠲᠠᠴᠠ ᠰᠣᠨᠢᠨ ᠮᠡᠳᠡᠭᠡ ᠨᠡᠶᠢᠲᠡᠯᠡᠬᠦ

ᠬᠤᠷᠠᠯ ᠢ ᠬᠤᠷᠠᠯᠳᠤᠭᠤᠯᠵᠤ᠂ ᠬᠢᠵᠢᠭ ᠤᠨ

ᠪᠠᠶᠢᠳᠠᠯ ᠢ ᠰᠡᠷᠭᠡᠶᠢᠯᠡᠨ ᠡᠵᠡᠮᠳᠡᠬᠦ

ᠠᠵᠢᠯ ᠢ ᠰᠢᠨᠵᠢᠯᠡᠬᠦ ᠤᠬᠠᠭᠠᠨᠴᠢ ᠨᠠᠷᠢᠯᠢᠭ

ᠣᠨᠣᠴᠠᠲᠠᠢ᠂ ᠴᠥᠬᠦᠷᠡᠰᠢ ᠦᠭᠡᠢ ᠰᠠᠶᠢᠲᠤᠷ

ᠠᠳᠬᠤᠵᠤ ᠪᠠᠶᠢᠭ᠎ᠠ ᠬᠤᠯᠪᠣᠭᠳᠠᠯ ᠪᠦᠬᠦᠢ

ᠪᠠᠶᠢᠳᠠᠯ ᠢ ᠲᠠᠨᠢᠯᠴᠠᠭᠤᠯᠪᠠ᠃

ᠣᠯᠠᠨ ᠢᠶᠠᠷ ᠢᠶᠠᠨ ᠦᠵᠡᠵᠡᠭᠡᠶ᠎ᠡ

     ᠣᠳᠣᠬᠠᠨ ᠳᠤ ᠪᠦᠬᠦ ᠤᠯᠤᠰ ᠤᠨ ᠬᠢᠵᠢᠭ ᠤᠨ

ᠪᠠᠶᠢᠳᠠᠯ ᠰᠢᠪᠲᠤᠯᠤᠯᠲᠠ ᠶᠢᠨ ᠱᠠᠲᠤᠨ ᠳᠤ

ᠣᠷᠣᠪᠠ

     3 ᠳ᠋ᠤᠭᠠᠷ ᠰᠠᠷ᠎ᠠ ᠶᠢᠨ 1 ᠤ ᠡᠳᠦᠷ ᠠᠴᠠ 24 ᠤ

ᠡᠳᠦᠷ ᠪᠣᠯᠲᠠᠯ᠎ᠠ᠂ ᠪᠥᠬᠦ ᠤᠯᠤᠰ ᠤᠨ

ᠲᠤᠬᠠᠢ ᠶᠢᠨ ᠭᠠᠵᠠᠷ ᠤᠨ

ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ

56000 ᠶᠢ ᠳᠠᠪᠠᠵᠤ᠂ 28

ᠮᠤᠵᠢ ᠶᠢ ᠬᠠᠮᠤᠷᠪᠠ᠃

     ᠡᠭᠦᠨ ᠳᠤ ᠭᠢᠷᠢᠨ ᠮᠤᠵᠢ ᠶᠢᠨ ᠬᠢᠵᠢᠭ ᠤᠨ ᠪᠠᠶᠢᠳᠠᠯ ᠮᠥᠨ ᠬᠦ ᠬᠦᠨᠳᠦ ᠨᠣᠴᠢᠲᠠᠢ

ᠪᠠᠶᠢᠳᠠᠯ ᠳᠤ ᠪᠠᠶᠢᠭᠰᠠᠭᠠᠷ᠂ 3 ᠳ᠋ᠤᠭᠠᠷ ᠰᠠᠷ᠎ᠠ ᠶᠢᠨ 1 ︱ 24 ᠤ ᠡᠳᠦᠷ ᠪᠣᠯᠲᠠᠯ᠎ᠠ᠂

ᠬᠠᠯᠳᠠᠪᠤᠷᠢᠯᠠᠭᠳᠠᠭᠴᠢᠳ ᠤᠨ ᠲᠤᠭ᠎ᠠ ᠨᠡᠶᠢᠲᠡ 29000 ᠶᠢ ᠳᠠᠪᠠᠵᠤ᠂ ᠡᠳᠦᠷ ᠪᠦᠷᠢ ᠶᠢᠨ

ᠰᠢᠨ᠎ᠡ ᠪᠠᠷ ᠨᠡᠮᠡᠭᠳᠡᠭᠰᠡᠨ ᠬᠥᠮᠥᠨ ᠤ ᠲᠤᠭ᠎ᠠ 1000 ᠶᠢ ᠳᠠᠪᠠᠭᠰᠠᠨ ᠪᠠᠶᠢᠳᠠᠯ ᠬᠡᠳᠦᠨ ᠡᠳᠦᠷ

ᠦᠷᠭᠦᠯᠵᠢᠯᠡᠵᠦ᠂ ᠭᠢᠷᠢᠨ ᠬᠤᠲᠠ ᠪᠣᠯᠣᠨ ᠴᠠᠩᠴᠦ᠋ᠨ ᠬᠤᠲᠠ ᠶᠢᠨ ᠬᠢᠵᠢᠭ ᠤᠨ ᠪᠠᠶᠢᠳᠠᠯ

ᠦᠷᠭᠦᠯᠵᠢᠯᠡᠨ ᠬᠦᠨᠳᠦᠷᠡᠬᠦ ᠱᠠᠲᠤᠨ ᠳᠤ ᠣᠷᠣᠰᠢᠵᠤ ᠪᠠᠶᠢᠨ᠎ᠠ᠃

     ᠱᠠᠩᠬᠠᠢ ᠬᠤᠲᠠ᠂ ᠾᠧᠪᠧᠢ ᠮᠤᠵᠢ᠂ ᠹᠦᠵᠢᠶᠠᠨ ᠮᠤᠵᠢ᠂ ᠯᠢᠶᠣᠤᠨᠢᠩ ᠮᠤᠵᠢ ᠶᠢᠨ ᠬᠢᠵᠢᠭ ᠤᠨ

ᠪᠠᠶᠢᠳᠠᠯ ᠣᠷᠴᠢᠮᠬᠠᠨ ᠳᠤ ᠲᠦᠷᠭᠡᠨ ᠢᠶᠠᠷ ᠨᠡᠮᠡᠭᠳᠡᠵᠦ᠂ ᠬᠢᠵᠢᠭ ᠤᠨ ᠪᠠᠶᠢᠳᠠᠯ ᠡᠭᠦᠰᠦᠭᠰᠡᠨ

ᠭᠠᠵᠠᠷ ᠤᠨ ᠨᠡᠶᠢᠭᠡᠮ ᠲᠣᠭᠤᠷᠢᠭ ᠲᠤ ᠳᠡᠯᠭᠡᠷᠡᠬᠦ ᠲᠦᠭᠰᠢᠭᠦᠷᠢ ᠦᠷᠭᠦᠯᠵᠢᠯᠡᠨ ᠣᠷᠣᠰᠢᠵᠤ

ᠪᠠᠶᠢᠨ᠎ᠠ᠃

     ᠱᠠᠨᠳᠦ᠋ᠩ ᠮᠤᠵᠢ ᠶᠢᠨ ᠴᠢᠩᠳᠣᠣ᠂ ᠸᠧᠢ ᠬᠠᠢ᠂ ᠽᠢ ᠪᠥᠸᠧ᠂ ᠭᠤᠸᠠᠩᠳᠦ᠋ᠩ ᠮᠤᠵᠢ ᠶᠢᠨ ᠱᠧᠨᠵᠧᠨ᠂

ᠳ᠋ᠦᠩ ᠭᠤᠸᠠᠨ ᠵᠡᠷᠭᠡ ᠭᠠᠵᠠᠷ ᠬᠢᠵᠢᠭ ᠤᠨ ᠪᠠᠶᠢᠳᠠᠯ ᠢ ᠠᠩᠬ᠎ᠠ ᠠᠯᠬᠤᠮ ᠡᠵᠡᠮᠳᠡᠵᠡᠢ᠃

     ᠪᠡᠭᠡᠵᠢᠩ ᠬᠤᠲᠠ᠂ ᠴᠦᠩᠴᠢᠩ ᠬᠤᠲᠠ᠂ ᠵᠧᠵᠢᠶᠠᠩ ᠮᠤᠵᠢ ᠵᠡᠷᠭᠡ ᠭᠠᠵᠠᠷ ᠤᠨ ᠬᠢᠵᠢᠭ ᠤᠨ

ᠪᠠᠶᠢᠳᠠᠯ ᠲᠣᠭᠲᠠᠭᠤᠨ ᠪᠣᠯᠵᠤ ᠪᠠᠶᠢᠨ᠎ᠠ᠃

     ᠶᠡᠷᠦᠩᠬᠡᠶᠢᠯᠡᠪᠡᠯ᠂ ᠣᠳᠣᠬᠠᠨ ᠳᠤ ᠪᠦᠬᠦ ᠤᠯᠤᠰ ᠤᠨ ᠬᠢᠵᠢᠭ ᠤᠨ ᠪᠠᠶᠢᠳᠠᠯ

ᠰᠢᠪᠲᠤᠯᠤᠯᠲᠠ ᠶᠢᠨ ᠱᠠᠲᠤᠨ ᠳᠤ ᠣᠷᠣᠰᠢᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ

ᠪᠠᠶᠢᠳᠠᠯ ᠮᠥᠨ ᠬᠦ ᠬᠦᠨᠳᠦ ᠬᠡᠴᠡᠭᠦᠦ ᠪᠥᠭᠡᠳ ᠨᠠᠷᠢᠨ ᠪᠤᠳᠤᠯᠢᠶᠠᠨᠲᠠᠢ ᠪᠠᠶᠢᠨ᠎ᠠ᠃

     ᠰᠢᠨ᠎ᠡ ᠲᠢᠲᠢᠮᠯᠢᠭ ᠠᠭᠤᠰᠬᠢᠨ ᠤ ᠦᠷᠪᠢᠰᠦᠯ ᠨᠢ ᠶᠡᠭᠡ ᠲᠠᠭᠰᠢᠭᠤᠷ ᠪᠢᠰᠢ

     ᠬᠥᠮᠥᠰ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠸᠠᠺᠼᠢᠨ ᠲᠠᠷᠢᠭᠤᠯᠤᠭᠰᠠᠨ

ᠬᠠᠷᠢᠴᠠᠯ ᠤᠯᠠᠮ ᠥᠨᠳᠥᠷᠵᠢᠬᠦ ᠶᠢ ᠳᠠᠭᠠᠯᠳᠤᠨ᠂ ᠬᠥᠮᠥᠰ ᠤᠨ ᠰᠢᠨ᠎ᠡ ᠲᠢᠲᠢᠮᠯᠢᠭ ᠠᠭᠤᠰᠬᠢᠨ

ᠦᠷᠪᠢᠰᠦᠯ ᠤᠨ ᠸᠢᠷᠦ᠋ᠰ ᠤᠨ ᠡᠭᠡᠯᠢᠯᠡᠭᠡ ᠶᠢᠨ ᠴᠢᠳᠠᠪᠤᠷᠢ ᠲᠠᠰᠤᠷᠠᠯᠲᠠ ᠦᠭᠡᠢ ᠳᠡᠭᠡᠭᠰᠢᠯᠡᠵᠦ

ᠪᠠᠶᠢᠨ᠎ᠠ᠃ ᠡᠭᠦᠨ ᠤ ᠳᠡᠭᠡᠷ᠎ᠡ ᠣᠮᠢᠺᠷᠣᠨ ᠣᠨᠳᠣᠣᠰᠢᠭᠰᠠᠨ ᠬᠤᠣᠷᠲᠤ ᠸᠢᠷᠦ᠋ᠰ ᠤᠨ ᠲᠣᠰ

ᠪᠡᠶ᠎ᠡ ᠶᠢᠨ ᠡᠪᠡᠳᠴᠢᠯᠡᠭᠦᠯᠬᠦ ᠴᠢᠨᠠᠷ ᠨᠢ ᠪᠤᠰᠤᠳ ᠬᠤᠣᠷᠲᠤ ᠸᠢᠷᠦ᠋ᠰ ᠤᠨ ᠬᠢᠷᠢ ᠴᠢᠩᠭ᠎ᠠ ᠪᠢᠰᠢ

ᠪᠣᠯᠬᠤᠷ ᠬᠠᠯᠳᠠᠪᠤᠷᠢᠯᠠᠭᠳᠠᠭᠴᠢᠳ ᠤᠨ ᠡᠮᠴᠢᠯᠡᠭᠡᠨ ᠤ ᠬᠦᠨᠳᠦ ᠨᠣᠴᠢᠲᠠᠢ ᠴᠢᠨᠠᠷ ᠢ ᠵᠠᠭᠤᠨ

ᠬᠥᠮᠥᠨ ᠪᠦᠷᠢ ᠶᠢᠨ ᠡᠪᠡᠳᠴᠢᠯᠡᠬᠦ ᠬᠥᠮᠥᠨ ᠤ ᠲᠣᠭᠠᠨ ᠤ ᠬᠠᠷᠢᠴᠠᠯ ᠢᠶᠠᠷ ᠪᠦᠷᠢᠳᠬᠡᠭᠰᠡᠨ ᠶᠢ

ᠦᠵᠡᠪᠡᠯ᠂ ᠦᠨᠡᠬᠡᠷ ᠵᠣᠬᠢᠬᠤ ᠬᠡᠮᠵᠢᠶ᠎ᠡ ᠪᠠᠷ ᠪᠠᠭᠤᠷᠠᠭᠰᠠᠨ ᠪᠠᠶᠢᠨ᠎ᠠ᠃ ᠣᠮᠢᠺᠷᠣᠨ ᠬᠤᠣᠷᠲᠤ

ᠸᠢᠷᠦ᠋ᠰ ᠨᠢ ᠲᠠᠷᠬᠠᠬᠤ ᠬᠤᠷᠳᠤᠴᠠ ᠨᠢ ᠲᠦᠷᠭᠡᠨ᠂ ᠬᠠᠯᠳᠠᠪᠤᠷᠢᠯᠠᠬᠤ ᠬᠥᠮᠥᠨ ᠤ ᠲᠤᠭ᠎ᠠ ᠨᠢ

ᠣᠯᠠᠨ᠂ ᠬᠢᠵᠢᠭ ᠤᠨ ᠪᠠᠶᠢᠳᠠᠯ ᠠᠴᠠ ᠪᠣᠯᠤᠭᠰᠠᠨ ᠦᠬᠦᠯ ᠤᠨ ᠶᠡᠷᠦᠩᠬᠡᠢ ᠲᠤᠭ᠎ᠠ ᠵᠢᠴᠢ

ᠨᠡᠶᠢᠭᠡᠮ ᠤᠨ ᠬᠤᠣᠷ ᠬᠥᠨᠥᠭᠡᠯ ᠪᠠ ᠨᠥᠯᠥᠭᠡ ᠨᠢ ᠡᠭᠦᠨ ᠠᠴᠠ ᠪᠣᠯᠵᠤ ᠬᠥᠩᠭᠡᠷᠡᠭᠰᠡᠨ ᠦᠭᠡᠢ

ᠶᠤᠮ᠃

         ᠵᠠᠷᠢᠮ ᠰᠤᠳᠤᠯᠭᠠᠨ ᠳᠤ ᠬᠤᠯᠪᠣᠭᠳᠠᠯ ᠪᠦᠬᠦᠢ ᠤᠯᠤᠰ ᠤᠨ 2021 ᠣᠨ ᠤ 8 ︱ 10 ᠳ᠋ᠤᠭᠠᠷ ᠰᠠᠷ᠎ᠠ

ᠪᠣᠯᠣᠨ 11 ᠳ᠋ᠦ᠋ᠭᠡᠷ ᠰᠠᠷ᠎ᠠ ᠠᠴᠠ ᠡᠨᠡ ᠵᠢᠯ ᠤᠨ 1 ᠳ᠋ᠦ᠋ᠭᠡᠷ ᠰᠠᠷ᠎ᠠ ᠪᠣᠯᠲᠠᠯᠠᠬᠢ ᠬᠤᠶᠠᠷ

ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ ᠨᠣᠷᠮ᠎ᠠ ᠪᠠ ᠦᠬᠦᠭᠰᠡᠨ ᠨᠣᠷᠮ᠎ᠠ ᠶᠢ

ᠬᠠᠷᠢᠴᠠᠭᠤᠯᠤᠨ ᠵᠠᠳᠠᠯᠵᠤ᠂ ᠲᠦᠷᠦᠭᠦᠸ ᠭᠤᠷᠪᠠᠨ ᠰᠠᠷ᠎ᠠ ᠳᠤ ᠳ᠋ᠧᠯᠲᠨ ᠬᠤᠣᠷᠲᠤ ᠸᠢᠷᠦ᠋ᠰ

ᠳᠡᠯᠭᠡᠷᠡᠬᠦ ᠪᠠᠷ ᠭᠤᠣᠯᠯᠠᠵᠤ᠂ ᠰᠡᠭᠦᠯ ᠤᠨ ᠭᠤᠷᠪᠠᠨ ᠰᠠᠷ᠎ᠠ ᠳᠤ ᠤᠮᠢᠺᠷᠤᠨ ᠬᠤᠣᠷᠲᠤ ᠸᠢᠷᠦ᠋ᠰ

ᠳᠡᠯᠭᠡᠷᠡᠬᠦ ᠪᠠᠷ ᠭᠤᠣᠯᠯᠠᠭᠰᠠᠨ ᠶᠤᠮ᠃ ᠣᠮᠢᠺᠷᠣᠨ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ

ᠬᠤᠭᠤᠴᠠᠭᠠᠨ ᠳᠠᠬᠢ ᠡᠪᠡᠳᠴᠢᠨ ᠢᠶᠠᠷ ᠦᠬᠦᠭᠰᠡᠨ ᠨᠣᠷᠮ᠎ᠠ ᠨᠢ ᠦᠨᠡᠨ ᠬᠦ ᠪᠠᠭᠤᠷᠠᠭᠰᠠᠨ

ᠪᠣᠯᠪᠠᠴᠤ ᠠᠳᠠᠯᠢ ᠬᠤᠭᠤᠴᠠᠭᠠᠨ ᠤ ᠬᠢᠵᠢᠭ ᠤᠨ ᠪᠠᠶᠢᠳᠠᠯ ᠠᠴᠠ ᠪᠣᠯᠵᠤ ᠦᠬᠦᠭᠰᠡᠨ ᠪᠥᠬᠦ ᠲᠤᠭ᠎ᠠ

ᠪᠤᠶᠤ ᠦᠬᠦᠭᠰᠡᠨ ᠨᠣᠷᠮ᠎ᠠ ᠨᠢ ᠬᠠᠷᠢᠨ ᠳ᠋ᠧᠯᠲ᠋ᠠ ᠬᠤᠣᠷᠲᠤ ᠸᠢᠷᠦ᠋ᠰ ᠳᠡᠯᠭᠡᠷᠡᠵᠦ ᠪᠠᠶᠢᠭᠰᠠᠨ

ᠠᠳᠠᠯᠢ ᠬᠤᠭᠤᠴᠠᠭᠠᠨ ᠤ ᠦᠬᠦᠭᠰᠡᠨ ᠲᠤᠭ᠎ᠠ ᠠᠴᠠ ᠥᠨᠳᠥᠷ ᠪᠠᠶᠢᠳᠠᠭ᠃ ᠡᠨᠡ ᠨᠢ ᠣᠮᠢᠺᠷᠣᠨ ᠬᠤᠣᠷᠲᠤ

ᠸᠢᠷᠦ᠋ᠰ ᠤᠨ ᠨᠢᠭᠡ ᠤᠯᠤᠰ ᠲᠤ ᠤᠴᠠᠷᠠᠭᠤᠯᠬᠤ ᠬᠤᠣᠷ ᠬᠥᠨᠥᠭᠡᠯ ᠨᠢ ᠶᠡᠷᠦᠩᠬᠡᠢ ᠳᠤ ᠪᠠᠨ

ᠪᠠᠭᠠᠰᠤᠭᠰᠠᠨ ᠦᠭᠡᠢ ᠭᠡᠳᠡᠭ ᠢ ᠬᠠᠷᠠᠭᠤᠯᠵᠤ ᠪᠠᠶᠢᠨ᠎ᠠ᠃ 2 ᠳ᠋ᠤᠭᠠᠷ ᠰᠠᠷ᠎ᠠ ᠶᠢᠨ

ᠳᠤᠮᠳᠠᠴᠢ ᠠᠴᠠ ᠨᠠᠭᠠᠰᠢ᠂ ᠮᠠᠨ ᠤ ᠤᠯᠤᠰ ᠤᠨ ᠰᠢᠶᠠᠩᠭᠠᠩ ᠳᠤ ᠢᠯᠡᠷᠡᠭᠰᠡᠨ ᠰᠢᠨ᠎ᠡ ᠲᠢᠲᠢᠮᠯᠢᠭ

ᠠᠭᠤᠰᠬᠢᠨ ᠦᠷᠪᠢᠰᠦᠯ ᠢᠶᠠᠷ ᠦᠬᠦᠭᠰᠡᠳ ᠤᠨ ᠵᠢᠱᠢᠶ᠎ᠡ ᠬᠠᠮᠤᠭ ᠤᠨ ᠥᠨᠳᠥᠷ ᠲᠤ ᠪᠠᠨ ᠡᠳᠦᠷ ᠪᠦᠷᠢ

300 ᠰᠢᠬᠠᠮ ᠪᠠᠶᠢᠵᠤ᠂

ᠣᠳᠣᠬᠠᠨ ᠳᠤ ᠮᠥᠨ ᠯᠡ ᠡᠳᠦᠷ ᠪᠦᠷᠢ 200 ᠣᠷᠴᠢᠮ ᠪᠠᠶᠢᠭᠰᠠᠭᠠᠷ᠃ ᠡᠨᠡ ᠨᠢ ᠣᠮᠢᠺᠷᠣᠨ ᠬᠤᠣᠷᠲᠤ

ᠸᠢᠷᠦ᠋ᠰ ᠲᠠᠷᠬᠠᠭᠰᠠᠨ ᠤ ᠬᠤᠣᠷ ᠬᠥᠨᠥᠭᠡᠯ ᠨᠢ ᠮᠥᠨ ᠬᠦ ᠬᠦᠨᠳᠦ ᠨᠣᠴᠢᠲᠠᠢ ᠪᠠᠶᠢᠵᠤ᠂ ᠰᠢᠨ᠎ᠡ

ᠲᠢᠲᠢᠮᠯᠢᠭ ᠠᠭᠤᠰᠬᠢᠨ ᠦᠷᠪᠢᠰᠦᠯ ᠨᠢ ᠶᠡᠭᠡ ᠲᠠᠭᠰᠢᠭᠤᠷ ᠪᠢᠰᠢ ᠭᠡᠰᠡᠨ ᠢ ᠢᠯᠡᠷᠬᠡᠶᠢᠯᠡᠵᠦ

ᠪᠠᠶᠢᠨ᠎ᠠ᠃

         ᠮᠠᠨ ᠤ ᠤᠯᠤᠰ ᠪᠣᠯ ᠬᠥᠮᠥᠨ ᠠᠮᠠ ᠶᠢᠨ ᠶᠡᠭᠡ ᠤᠯᠤᠰ ᠮᠥᠨ᠂ ᠲᠤᠶᠢᠯ ᠤᠨ ᠪᠠᠭ᠎ᠠ ᠡᠪᠡᠳᠴᠢᠯᠡᠬᠦ

ᠨᠤᠷᠮ᠎ᠠ ᠪᠤᠶᠤ ᠦᠬᠦᠬᠦ ᠨᠤᠷᠮ᠎ᠠ ᠶᠢ 14 ᠳ᠋ᠦᠩᠰᠢᠭᠤᠷ ᠬᠥᠮᠥᠨ ᠠᠮᠠ ᠶᠢᠨ ᠸᠢᠷᠦ᠋ᠰ ᠲᠤᠭ᠎ᠠ ᠪᠠᠷ

ᠦᠷᠡᠵᠢᠭᠦᠯᠪᠡᠯ᠂ ᠬᠠᠷᠢᠴᠠᠯᠠᠰᠢ ᠦᠭᠡᠢ ᠲᠤᠭ᠎ᠠ ᠨᠢ ᠮᠠᠰᠢ ᠶᠡᠭᠡ ᠪᠣᠯᠴᠢᠬᠠᠬᠤ ᠶᠤᠮ᠃ ᠭᠠᠭᠴᠠ ᠬᠦ

ᠬᠥᠳᠡᠯᠦᠩᠭᠦᠢ ᠪᠠᠷ ᠲᠡᠭ ᠪᠣᠯᠭᠠᠪᠠᠯ ᠰᠠᠶ᠋ᠢ ᠬᠢᠵᠢᠭ ᠤᠨ ᠪᠠᠶᠢᠳᠠᠯ ᠤᠨ ᠳᠠᠯᠳᠠ ᠬᠡᠮ ᠢ

ᠠᠷᠢᠯᠭᠠᠵᠤ᠂ ᠶᠡᠭᠡ ᠬᠡᠪᠴᠢᠶᠡᠨ ᠤ ᠬᠥᠮᠥᠰ ᠤᠨ ᠬᠠᠯᠳᠠᠪᠤᠷᠢᠯᠠᠯ ᠠᠴᠠ ᠪᠣᠯᠵᠤ ᠮᠡᠳᠡᠬᠦ

ᠡᠮᠴᠢᠯᠡᠭᠡᠨ ᠤ ᠡᠬᠢ ᠪᠠᠶᠠᠯᠢᠭ ᠢ ᠰᠢᠬᠠᠨ ᠰᠣᠯᠢᠬᠤ ᠠᠴᠠ ᠵᠠᠶᠢᠯᠠᠰᠬᠢᠵᠦ᠂ ᠶᠡᠭᠡ ᠬᠡᠮᠵᠢᠶᠡᠨ ᠤ

ᠨᠠᠰᠤᠲᠠᠶᠢᠴᠤᠳ ᠪᠤᠶᠤ ᠰᠠᠭᠤᠷᠢ ᠡᠪᠡᠳᠴᠢᠲᠡᠨ ᠵᠡᠷᠭᠡ ᠡᠭᠦᠰᠴᠦ ᠮᠡᠳᠡᠬᠦ ᠦᠬᠦᠯ ᠠᠴᠠ

ᠰᠡᠷᠭᠡᠶᠢᠯᠡᠵᠦ ᠴᠢᠳᠠᠨ᠎ᠠ᠃

         ᠠᠨᠲ᠋ᠢᠭᠧᠡ ᠤ ᠪᠠᠶᠢᠴᠠᠭᠠᠯᠲᠠ ᠪᠠᠷ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ

ᠣᠷᠣᠯᠠᠭᠤᠯᠵᠤ ᠪᠣᠯᠬᠤ ᠦᠭᠡᠢ

         ᠠᠨᠲ᠋ᠢᠭᠧᠡ ᠤ ᠪᠠᠶᠢᠴᠠᠭᠠᠯᠲᠠ ᠪᠣᠯ ᠸᠢᠷᠦ᠋ᠰ ᠤᠨ ᠪᠥᠭᠡᠮ ᠬᠦᠴᠢᠯ ᠢ ᠪᠠᠶᠢᠴᠠᠭᠠᠬᠤ ᠶᠢᠨ

ᠴᠢᠬᠤᠯᠠ ᠨᠢᠭᠡᠨ ᠨᠥᠬᠦᠪᠦᠷᠢ ᠪᠠᠶᠢᠵᠤ᠂ ᠣᠨᠴᠠᠭᠠᠶᠢᠯᠠᠨ ᠤᠮᠢᠺᠷᠤᠨ ᠮᠡᠲᠦ ᠶᠢᠨ ᠶᠡᠭᠡ

ᠬᠡᠪᠴᠢᠶ᠎ᠡ ᠪᠠᠷ ᠲᠦᠷᠭᠡᠨ ᠲᠠᠷᠬᠠᠭᠰᠠᠨ ᠡᠪᠡᠳᠴᠢᠨ ᠤ ᠪᠠᠶᠢᠳᠠᠯ ᠳᠣᠣᠷ᠎ᠠ᠂ ᠪᠥᠭᠡᠮ ᠬᠦᠴᠢᠯ ᠢ

ᠪᠠᠶᠢᠴᠠᠭᠠᠬᠤ ᠴᠢᠳᠠᠪᠤᠷᠢ ᠬᠦᠷᠦᠯᠴᠡᠬᠦ ᠦᠭᠡᠢ ᠦᠶ᠎ᠡ ᠳᠤ᠂ ᠠᠨᠲ᠋ᠢᠭᠧᠡ ᠢ ᠪᠠᠶᠢᠴᠠᠭᠠᠬᠤ ᠪᠣᠯ

ᠲᠤᠶᠢᠯ ᠤᠨ ᠴᠢᠬᠤᠯᠠ ᠨᠥᠬᠦᠪᠦᠷᠢ ᠪᠣᠯᠣᠨ᠎ᠠ᠃ ᠭᠡᠪᠡᠴᠦ ᠠᠨᠲ᠋ᠢᠭᠧᠡ ᠤ ᠪᠠᠶᠢᠴᠠᠭᠠᠯᠲᠠ ᠶᠢ ᠪᠢᠳᠡ

ᠮᠥᠨ ᠯᠡ ᠬᠠᠮᠢᠶᠠᠷᠤᠭᠳᠠᠨ ᠡᠵᠡᠮᠳᠡᠭᠳᠡᠵᠦ ᠪᠠᠶᠢᠭ᠎ᠠ ᠬᠥᠮᠥᠰ᠂ ᠲᠤᠰᠠᠭᠠᠷᠯᠠᠭᠳᠠᠵᠤ ᠪᠠᠶᠢᠭ᠎ᠠ

ᠬᠥᠮᠥᠰ᠂ ᠨᠢᠭᠲᠠ ᠣᠶᠢᠷᠠᠲᠤᠭᠰᠠᠳ ᠳᠡᠭᠡᠷ᠎ᠡ ᠬᠢᠵᠠᠭᠠᠷᠯᠠᠵᠤ᠂ ᠡᠩ ᠤᠨ ᠠᠷᠠᠳ ᠲᠤ ᠠᠨᠲ᠋ᠢᠭᠧᠡ ᠤ

ᠪᠠᠶᠢᠴᠠᠭᠠᠯᠲᠠ ᠬᠢᠬᠦ ᠶᠢ ᠰᠠᠨᠠᠭᠤᠯᠬᠤ ᠦᠭᠡᠢ᠃

         ᠠᠨᠲ᠋ᠢᠭᠧᠡ ᠤ ᠪᠠᠶᠢᠴᠠᠭᠠᠯᠲᠠ ᠪᠠᠷ ᠡᠪᠡᠳᠴᠢᠨ ᠢ ᠠᠷᠢᠯᠭᠠᠬᠤ ᠣᠨᠣᠰᠢᠯᠠᠯᠲᠠ ᠪᠣᠯᠭᠠᠵᠤ

ᠪᠣᠯᠬᠤ ᠦᠭᠡᠢ᠂ 48 ᠴᠠᠭ ᠤᠨ ᠪᠥᠭᠡᠮ ᠬᠦᠴᠢᠯ ᠤᠨ ᠪᠠᠶᠢᠴᠠᠭᠠᠯᠲᠠ ᠶᠢ ᠣᠷᠣᠯᠠᠭᠤᠯᠵᠤ ᠪᠠᠰᠠ ᠪᠣᠯᠬᠤ

ᠦᠭᠡᠢ᠃ ᠤᠴᠢᠷ ᠨᠢ ᠠᠨᠲ᠋ᠢᠭᠧᠡ ᠢ ᠰᠢᠯᠭᠠᠨ ᠪᠠᠶᠢᠴᠠᠭᠠᠬᠤ ᠨᠢ ᠵᠣᠬᠢᠬᠤ ᠬᠡᠮᠵᠢᠶᠡᠨ ᠤ

ᠬᠠᠭᠤᠷᠮᠠᠭ ᠠᠷᠭ᠎ᠠ ᠴᠢᠨᠠᠷ ᠪᠠ ᠬᠠᠭᠤᠷᠮᠠᠭ ᠪᠢᠯᠢᠭ ᠴᠢᠨᠠᠷ ᠣᠷᠣᠰᠢᠵᠤ᠂ ᠠᠨᠲ᠋ᠢᠭᠧᠡ ᠤ

ᠪᠠᠶᠢᠴᠠᠭᠠᠯᠲᠠ ᠠᠷᠭ᠎ᠠ ᠴᠢᠨᠠᠷ ᠲᠠᠢ ᠪᠠᠶᠢᠳᠠᠯ ᠳᠣᠣᠷ᠎ᠠ᠂ ᠡᠴᠦᠰ ᠲᠤ ᠨᠢ ᠪᠠᠰᠠ ᠪᠥᠭᠡᠮ

ᠬᠦᠴᠢᠯ ᠢ ᠨᠢ ᠪᠠᠶᠢᠴᠠᠭᠠᠬᠤ ᠴᠢᠬᠤᠯᠠᠲᠠᠢ᠃ ᠭᠡᠪᠡᠴᠦ ᠪᠠᠶᠢᠴᠠᠭᠠᠯᠲᠠ ᠠᠷᠭ᠎ᠠ ᠴᠢᠨᠠᠷ ᠲᠠᠢ

ᠪᠠᠶᠢᠳᠠᠯ ᠳᠣᠣᠷ᠎ᠠ᠂ ᠪᠢᠳᠡ ᠴᠠᠭ ᠲᠤᠬᠠᠢ ᠳᠤ ᠨᠢ ᠬᠠᠮᠢᠶᠠᠷᠤᠨ ᠡᠵᠡᠮᠳᠡᠵᠦ᠂ ᠤᠯᠠᠮ ᠨᠢᠭᠡ ᠠᠯᠬᠤᠮ

ᠲᠠᠷᠬᠠᠭᠠᠬᠤ ᠠᠶᠤᠯ ᠲᠦᠭᠰᠢᠭᠦᠷᠢ ᠠᠴᠠ ᠵᠠᠶᠢᠯᠠᠰᠬᠢᠵᠦ ᠴᠢᠳᠠᠨ᠎ᠠ᠃

         ︽ᠴᠠᠭ ᠪᠠ ᠣᠷᠣᠨ ᠵᠠᠢ ᠶᠢᠨ ᠳᠠᠭᠠᠯᠳᠤᠭᠴᠢ ᠶᠢ ᠰᠢᠭᠰᠢᠨ ᠪᠠᠶᠢᠴᠠᠭᠠᠪᠠᠯ ᠳᠠᠯᠳᠠ

ᠬᠠᠯᠳᠠᠪᠤᠷᠢᠯᠠᠭᠳᠠᠭᠴᠢᠳ ᠢ ᠬᠠᠮᠤᠭ ᠤᠨ ᠶᠡᠭᠡ ᠬᠡᠮᠵᠢᠶ᠎ᠡ ᠪᠠᠷ ᠢᠯᠡᠷᠡᠭᠦᠯᠵᠦ ᠪᠣᠯᠣᠨ᠎ᠠ

         ︽ᠴᠠᠭ ᠪᠠ ᠣᠷᠣᠨ ᠵᠠᠢ ᠶᠢᠨ ᠳᠠᠭᠠᠯᠳᠤᠭᠴᠢᠳ ᠢ ᠵᠠᠷᠢᠮ ᠳᠤ ᠪᠠᠨ ᠴᠠᠭ ᠪᠠ ᠣᠷᠣᠨ ᠵᠠᠢ

ᠣᠭᠲᠠᠯᠤᠯᠴᠠᠭᠰᠠᠳ ᠭᠡᠳᠡᠭ᠂ ᠶᠡᠷᠦ ᠳᠤ ᠪᠠᠨ 14 ᠡᠳᠦᠷ ᠤᠨ ᠳᠣᠲᠣᠷ᠎ᠠ ᠰᠢᠨ᠎ᠡ ᠲᠢᠲᠢᠮᠯᠢᠭ

ᠠᠭᠤᠰᠬᠢᠨ ᠦᠷᠪᠢᠰᠦᠯ ᠤᠨ ᠲᠣᠳᠣᠯᠠᠭᠳᠠᠭᠰᠠᠨ ᠡᠪᠡᠳᠴᠢᠲᠡᠨ ᠲᠠᠢ ᠠᠳᠠᠯᠢ ᠴᠠᠭ ᠪᠠ ᠣᠷᠣᠨ ᠵᠠᠢ ᠳᠤ

ᠬᠡᠰᠡᠭ ᠬᠤᠭᠤᠴᠠᠭ᠎ᠠ ᠬᠠᠮᠲᠤ ᠪᠠᠶᠢᠭᠰᠠᠨ ᠬᠥᠮᠥᠨ ᠢ ᠵᠢᠭᠠᠨ᠎ᠠ᠃ ᠴᠠᠭ ᠪᠠ ᠣᠷᠣᠨ ᠵᠠᠢ ᠶᠢᠨ

ᠳᠠᠭᠠᠯᠳᠤᠭᠴᠢ ᠶᠢ ᠰᠢᠭᠰᠢᠨ ᠪᠠᠶᠢᠴᠠᠭᠠᠪᠠᠯ ᠳᠠᠯᠳᠠ ᠬᠠᠯᠳᠠᠪᠤᠷᠢᠯᠠᠭᠳᠠᠭᠴᠢᠳ ᠢ ᠬᠠᠮᠤᠭ ᠤᠨ

ᠶᠡᠭᠡ ᠬᠡᠮᠵᠢᠶ᠎ᠡ ᠪᠠᠷ ᠢᠯᠡᠷᠡᠭᠦᠯᠵᠦ᠂ ᠴᠠᠭ ᠪᠠ ᠣᠷᠣᠨ ᠵᠠᠢ ᠳᠠᠪᠬᠤᠴᠠᠭᠰᠠᠨ ᠠᠴᠠ ᠪᠣᠯᠵᠤ

ᠬᠠᠯᠳᠠᠪᠤᠷᠢᠯᠠᠭᠳᠠᠵᠤ ᠮᠡᠳᠡᠬᠦ ᠬᠥᠮᠥᠰ ᠢ ᠭᠤᠣᠯᠳᠠᠯᠭ᠎ᠠ ᠲᠠᠢ ᠵᠢᠭᠰᠠᠭᠠᠨ ᠪᠠᠶᠢᠴᠠᠭᠠᠯᠲᠠ ᠳᠤ

ᠣᠷᠣᠭᠤᠯᠵᠤ᠂ ᠡᠷᠲᠡᠬᠡᠨ ᠢᠯᠡᠷᠡᠭᠦᠯᠬᠦ ᠪᠠ ᠰᠡᠷᠭᠡᠶᠢᠯᠡᠨ ᠡᠵᠡᠮᠳᠡᠬᠦ ᠪᠣᠭᠤᠮᠲᠠ ᠶᠢ ᠤᠷᠤᠭᠰᠢ

ᠰᠢᠯᠵᠢᠭᠦᠯᠬᠦ ᠶᠢ ᠪᠡᠶᠡᠯᠡᠭᠦᠯᠵᠦ ᠳᠡᠶᠢᠯᠦᠨ᠎ᠡ᠃ ᠶᠡᠷᠦ ᠳᠤ ᠪᠠᠨ ᠨᠢᠭᠡᠨᠲᠡ ᠲᠣᠭᠲᠠᠭᠰᠠᠨ ᠴᠠᠭ

ᠪᠠ ᠣᠷᠣᠨ ᠵᠠᠢ ᠶᠢᠨ ᠳᠠᠭᠠᠯᠳᠤᠭᠴᠢ ᠶᠢ ᠤᠯᠠᠮ ᠨᠢᠭᠡ ᠠᠯᠬᠤᠮ ᠵᠢᠭᠰᠠᠭᠠᠨ ᠪᠠᠶᠢᠴᠠᠭᠠᠵᠤ᠂ ᠴᠠᠭ ᠪᠠ

ᠣᠷᠣᠨ ᠵᠠᠢ ᠶᠢᠨ ᠳᠠᠭᠠᠯᠳᠤᠭᠴᠢ ᠶᠢᠨ ᠠᠷᠭ᠎ᠠ ᠮᠠᠶ᠋ᠢᠭ᠂ ᠪᠣᠳᠠᠲᠠᠢ ᠴᠠᠭ ᠪᠠ ᠪᠣᠳᠠᠲᠠᠢ ᠵᠠᠢ ᠶᠢ

ᠲᠣᠳᠣᠷᠬᠠᠶᠢᠯᠠᠵᠤ᠂ ᠬᠠᠯᠳᠠᠪᠤᠷᠢᠯᠠᠬᠤ ᠲᠦᠭᠰᠢᠭᠦᠷᠢ ᠶᠢ ᠰᠤᠳᠤᠯᠤᠨ ᠮᠠᠭᠠᠳᠯᠠᠳᠠᠭ᠃ ᠬᠡᠷᠪᠡ

ᠵᠢᠭᠰᠠᠭᠠᠨ ᠪᠠᠶᠢᠴᠠᠭᠠᠬᠤ ᠳᠤ ᠨᠢᠭᠡᠨᠲᠡ ᠲᠣᠳᠣᠷᠬᠠᠢ ᠪᠣᠯᠤᠭᠰᠠᠨ ᠪᠥᠭᠡᠳ ᠨᠢᠭᠲᠠ

ᠣᠶᠢᠷᠠᠲᠤᠭᠰᠠᠳ ᠪᠢᠰᠢ ᠮᠥᠷᠲᠡᠭᠡᠨ ᠳᠠᠮ ᠨᠢᠭᠲᠠ ᠣᠶᠢᠷᠠᠲᠤᠭᠰᠠᠳ ᠴᠦ ᠪᠢᠰᠢ ᠶᠤᠮ ᠪᠣᠯ ᠳᠠᠷᠤᠢ

ᠰᠢᠨ᠎ᠡ ᠲᠢᠲᠢᠮᠯᠢᠭ ᠠᠭᠤᠰᠬᠢᠨ ᠦᠷᠪᠢᠰᠦᠯ ᠳᠤ ᠨᠡᠷᠪᠡᠭᠳᠡᠬᠦ ᠲᠦᠭᠰᠢᠭᠦᠷᠢ ᠦᠭᠡᠢ ᠶᠤᠮ᠃

ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠳᠠᠲᠠᠢ ᠶᠠᠪᠤᠴᠠ ᠳᠤ᠂ ᠣᠬᠤᠷᠬᠠᠨ

ᠬᠤᠭᠤᠴᠠᠭᠠᠨ ᠤ ᠳᠣᠲᠣᠷ᠎ᠠ ᠶᠡᠭᠡ ᠬᠡᠮᠵᠢᠶᠡᠨ ᠤ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ

ᠢᠯᠡᠷᠡᠭᠦᠯᠵᠦ᠂ ᠴᠠᠭ ᠪᠠ ᠣᠷᠣᠨ ᠵᠠᠢ ᠶᠢᠨ ᠳᠠᠭᠠᠯᠳᠤᠭᠴᠢ ᠪᠣᠯᠭᠠᠨ ᠢ ᠴᠠᠭ ᠲᠤᠬᠠᠢ ᠳᠤ ᠨᠢ

ᠵᠢᠭᠰᠠᠭᠠᠨ ᠪᠠᠶᠢᠴᠠᠭᠠᠬᠤ ᠶᠢᠨ ᠠᠷᠭ᠎ᠠ ᠦᠭᠡᠢ ᠪᠠᠶᠢᠳᠠᠭ᠃ ᠲᠦᠭᠰᠢᠭᠦᠷᠢ ᠶᠢ ᠵᠢᠭᠰᠠᠭᠠᠨ

ᠪᠠᠶᠢᠴᠠᠭᠠᠬᠤ ᠶᠢ ᠪᠡᠶᠡᠯᠡᠭᠦᠯᠦᠭᠰᠡᠨ ᠦᠭᠡᠢ ᠴᠠᠭ ᠪᠠ ᠣᠷᠣᠨ ᠵᠠᠢ ᠶᠢᠨ ᠳᠠᠭᠠᠯᠳᠤᠭᠴᠢ ᠶᠢ

ᠰᠡᠷᠭᠡᠶᠢᠯᠡᠨ ᠡᠵᠡᠮᠳᠡᠬᠦ ᠱᠠᠭᠠᠷᠳᠠᠯᠭ᠎ᠠ ᠶᠣᠰᠣᠭᠠᠷ᠂ ᠭᠡᠷ ᠲᠤ ᠨᠢ ᠲᠤᠰᠠᠭᠠᠷᠯᠠᠭᠤᠯᠬᠤ ᠪᠤᠶᠤ

ᠲᠣᠭᠲᠠᠭᠠᠭᠰᠠᠨ ᠭᠠᠵᠠᠷ ᠲᠤ ᠲᠤᠰᠠᠭᠠᠷᠯᠠᠭᠤᠯᠵᠤ᠂ ᠵᠢᠭᠰᠠᠭᠠᠨ ᠪᠠᠶᠢᠴᠠᠭᠠᠬᠤ ᠶᠢ

ᠳᠠᠭᠤᠰᠲᠠᠯ᠎ᠠ᠂ ᠡᠰᠡᠬᠦᠯ᠎ᠡ ᠴᠠᠭ ᠪᠠ ᠣᠷᠣᠨ ᠵᠠᠢ ᠶᠢᠨ ᠳᠠᠭᠠᠯᠳᠤᠭᠰᠠᠨ ᠪᠠᠶᠢᠳᠠᠯ ᠢ ᠬᠦᠴᠦᠨ

ᠦᠭᠡᠢ ᠪᠣᠯᠭᠠᠲᠠᠯ᠎ᠠ ᠲᠤᠰᠠᠭᠠᠷᠯᠠᠭᠤᠯᠤᠨ᠎ᠠ᠃

         60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠠᠭᠤᠰᠬᠢᠨ

ᠦᠷᠪᠢᠰᠦᠯ ᠤᠨ ᠸᠠᠺᠼᠢᠨ ᠲᠠᠷᠢᠬᠤ ᠡᠷᠡᠭᠦᠯ ᠪᠤᠰᠤ ᠲᠤᠰᠬᠠᠯ ᠡᠭᠦᠰᠬᠦ ᠨᠣᠷᠮ᠎ᠠ ᠨᠢ ᠪᠤᠰᠤᠳ

ᠨᠠᠰᠤᠨ ᠤ ᠬᠢ ᠠᠴᠠ ᠳᠣᠣᠷ᠎ᠠ

         ᠨᠠᠰᠤᠲᠠᠶᠢᠴᠤᠳ ᠪᠣᠯ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠤ ᠲᠠᠷᠢᠯᠭ᠎ᠠ ᠶᠢ

ᠤᠷᠢᠳ ᠢᠶᠠᠷ ᠲᠠᠷᠢᠬᠤ ᠬᠥᠮᠥᠰ ᠤᠨ ᠨᠢᠭᠡ ᠪᠣᠯᠣᠨ᠎ᠠ᠃ ᠣᠳᠣᠬᠠᠨ ᠳᠤ ᠰᠢᠨ᠎ᠡ ᠲᠢᠲᠢᠮᠯᠢᠭ

ᠸᠢᠷᠦ᠋ᠰ ᠤᠨ ᠸᠠᠺᠼᠢᠨ ᠤ ᠨᠠᠰᠤᠨ ᠤ ᠳᠣᠣᠷᠠᠳᠤ ᠬᠢᠵᠠᠭᠠᠷ ᠤᠨ ᠲᠤᠬᠠᠢ ᠱᠠᠭᠠᠷᠳᠠᠯᠭ᠎ᠠ ᠲᠠᠢ᠂

ᠨᠠᠰᠤᠨ ᠤ ᠳᠡᠭᠡᠳᠦ ᠬᠢᠵᠠᠭᠠᠷ ᠤᠨ ᠲᠤᠬᠠᠢ ᠲᠣᠭᠲᠠᠭᠠᠯ ᠦᠭᠡᠢ᠂ 3 ᠨᠠᠰᠤᠨ ᠠᠴᠠ ᠳᠡᠭᠡᠭᠰᠢᠬᠢ

ᠬᠥᠮᠥᠰ ᠪᠦᠷ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠴᠥᠮ ᠲᠠᠷᠢᠭᠤᠯᠵᠤ ᠪᠣᠯᠣᠨ᠎ᠠ᠃

         ᠣᠳᠣᠬᠠᠨ ᠳᠤ ᠮᠠᠨ ᠤ ᠤᠯᠤᠰ ᠤᠨ 60 ᠨᠠᠰᠤ ᠵᠢᠴᠢ 60 ᠨᠠᠰᠤᠨ ᠠᠴᠠ ᠳᠡᠭᠡᠭᠰᠢᠬᠢ ᠨᠠᠰᠤᠲᠠᠶᠢᠴᠤᠳ

2.64 ᠳ᠋ᠦᠩᠰᠢᠭᠤᠷ ᠢ ᠳᠠᠪᠠᠵᠤ᠂ ᠡᠭᠦᠨ ᠤ ᠳᠣᠲᠣᠷ᠎ᠠ 2.12 ᠳ᠋ᠦᠩᠰᠢᠭᠤᠷ ᠭᠠᠷᠤᠢ ᠨᠠᠰᠤᠲᠠᠶᠢᠴᠤᠳ

ᠨᠢᠭᠡᠨᠲᠡ ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠪᠠ᠃ ᠣᠳᠣᠬᠠᠨ ᠤ

ᠮᠠᠨ ᠤ ᠬᠢᠨᠠᠨ ᠰᠢᠨᠵᠢᠯᠡᠭᠰᠡᠨ ᠳ᠋ᠦᠩ ᠠᠴᠠ ᠦᠵᠡᠪᠡᠯ᠂ 60 ᠨᠠᠰᠤᠨ ᠠᠴᠠ ᠳᠡᠭᠡᠭᠰᠢᠬᠢ

ᠨᠠᠰᠤᠲᠠᠶᠢᠴᠤᠳ ᠤᠨ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠨᠢ ᠪᠤᠰᠤᠳ ᠨᠠᠰᠤᠨ ᠤ ᠱᠠᠲᠤᠨ

᠍ ᠤ ᠡᠷᠡᠭᠦᠯ ᠪᠤᠰᠤ ᠲᠤᠰᠬᠠᠯ ᠭᠠᠷᠬᠤ ᠨᠣᠷᠮ᠎ᠠ ᠠᠴᠠ ᠳᠣᠣᠷ᠎ᠠ ᠪᠠᠶᠢᠨ᠎ᠠ᠃

         ᠰᠢᠨ᠎ᠡ ᠲᠢᠲᠢᠮᠯᠢᠭ ᠸᠢᠷᠦ᠋ᠰ ᠤᠨ ᠸᠠᠺᠼᠢᠨ ᠢ ᠪᠥᠬᠦᠨ ᠢ ᠲᠠᠷᠢᠭᠤᠯᠤᠭᠰᠠᠨ ᠬᠥᠮᠥᠨ ᠤ ᠲᠤᠭ᠎ᠠ

ᠤᠯᠤᠰ ᠤᠨ ᠪᠥᠬᠦ ᠬᠥᠮᠥᠨ ᠠᠮᠠ ᠶᠢᠨ 88.01% ᠶᠢ ᠡᠵᠡᠯᠡᠪᠡ

         3 ᠳ᠋ᠤᠭᠠᠷ ᠰᠠᠷ᠎ᠠ ᠶᠢᠨ 24 ᠤ ᠡᠳᠦᠷ ᠪᠣᠯᠲᠠᠯ᠎ᠠ᠂ ᠪᠥᠬᠦ ᠤᠯᠤᠰ ᠲᠤ ᠨᠡᠶᠢᠲᠡ 32 ᠳ᠋ᠦᠩᠰᠢᠭᠤᠷ

4359.9 ᠲᠦᠮᠡᠨ ᠤᠳᠠᠭᠠᠨ ᠤ

ᠲᠠᠷᠢᠯᠭ᠎ᠠ ᠬᠢᠵᠦ᠂ ᠸᠠᠺᠼᠢᠨ ᠲᠠᠷᠢᠭᠤᠯᠤᠭᠰᠠᠨ ᠪᠥᠬᠦ ᠬᠥᠮᠥᠨ ᠤ ᠲᠤᠭ᠎ᠠ 12 ᠳ᠋ᠦᠩᠰᠢᠭᠤᠷ 7554.1

ᠲᠦᠮᠡ ᠳᠤ ᠬᠦᠷᠴᠦ᠂

ᠬᠠᠮᠤᠷᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ 90.47% ᠶᠢ ᠡᠵᠡᠯᠡᠵᠦ᠂

ᠨᠢᠭᠡᠨᠲᠡ 12 ᠳ᠋ᠦᠩᠰᠢᠭᠤᠷ 4077.7 ᠲᠦᠮᠡᠨ ᠬᠥᠮᠥᠨ ᠪᠥᠬᠦ ᠲᠠᠷᠢᠯᠭ᠎ᠠ ᠶᠢ ᠲᠠᠷᠢᠭᠤᠯᠵᠤ᠂ ᠪᠥᠬᠦ

ᠲᠠᠷᠢᠯᠭ᠎ᠠ ᠶᠢ ᠲᠠᠷᠢᠭᠤᠯᠤᠭᠰᠠᠨ ᠬᠥᠮᠥᠨ ᠤ ᠲᠤᠭ᠎ᠠ ᠨᠢ ᠤᠯᠤᠰ ᠤᠨ ᠪᠥᠬᠦ ᠬᠥᠮᠥᠨ ᠠᠮᠠ ᠶᠢᠨ 88.

01% ᠶᠢ ᠡᠵᠡᠯᠡᠪᠡ᠃ 6 ᠳ᠋ᠦᠩᠰᠢᠭᠤᠷ 7127 ᠲᠦᠮᠡᠨ ᠬᠥᠮᠥᠨ ᠡᠭᠡᠯᠢᠯᠡᠭᠡ ᠴᠢᠩᠭᠠᠳᠬᠠᠬᠤ ᠲᠠᠷᠢᠯᠭ᠎ᠠ

ᠲᠠᠷᠢᠭᠤᠯᠵᠤ᠂ ᠡᠭᠦᠨ ᠳᠤ 1219.1 ᠲᠦᠮᠡᠨ ᠬᠥᠮᠥᠨ ᠬᠡᠯᠬᠢᠶᠡᠮᠡᠯ ᠡᠭᠡᠯᠢᠯᠡᠭᠡ ᠴᠢᠩᠭᠠᠳᠬᠠᠬᠤ

ᠲᠠᠷᠢᠯᠭ᠎ᠠ ᠲᠠᠷᠢᠭᠤᠯᠪᠠ᠃

         60 ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ ᠰᠢᠨ᠎ᠡ ᠲᠢᠲᠢᠮᠯᠢᠭ ᠸᠢᠷᠦ᠋ᠰ ᠤᠨ

ᠸᠠᠺᠼᠢᠨ ᠲᠠᠷᠢᠭᠤᠯᠤᠭᠰᠠᠨ ᠬᠥᠮᠥᠨ ᠤ ᠲᠤᠭ᠎ᠠ 2 ᠳ᠋ᠦᠩᠰᠢᠭᠤᠷ 2271.9 ᠲᠦᠮᠡ ᠳᠤ ᠬᠦᠷᠴᠦ᠂ 2

ᠳ᠋ᠦᠩᠰᠢᠭᠤᠷ 1215.3 ᠲᠦᠮᠡᠨ

ᠬᠥᠮᠥᠨ ᠳᠤ ᠲᠠᠷᠢᠯᠭ᠎ᠠ ᠲᠠᠷᠢᠵᠤ᠂ 1 ᠳ᠋ᠦᠩᠰᠢᠭᠤᠷ 3823.7 ᠲᠦᠮᠡᠨ ᠬᠥᠮᠥᠨ ᠳᠤ ᠡᠭᠡᠯᠢᠯᠡᠭᠡ

ᠴᠢᠩᠭᠠᠳᠬᠠᠬᠤ ᠲᠠᠷᠢᠯᠭ᠎ᠠ ᠲᠠᠷᠢᠭᠤᠯᠪᠠ᠃ ᠣᠲᠣ ᠪᠣᠯᠲᠠᠯ᠎ᠠ᠂ ᠵᠢᠶᠠᠩᠰᠢ᠂ ᠠᠨᠾᠦ᠋ᠢ᠂ ᠱᠠᠨᠳᠦ᠋ᠩ 3

ᠮᠤᠵᠢ ᠶᠢᠨ 60 ᠨᠠᠰᠤᠨ ᠠᠴᠠ

ᠳᠡᠭᠡᠭᠰᠢᠬᠢ ᠨᠠᠰᠤᠲᠠᠶᠢᠴᠤᠳ ᠤᠨ ᠲᠠᠷᠢᠭᠤᠯᠤᠭᠰᠠᠨ ᠨᠣᠷᠮ᠎ᠠ ᠨᠢᠭᠡᠨᠲᠡ 90% ᠶᠢ ᠳᠠᠪᠠᠪᠠ᠃

ᠴᠦᠩᠴᠢᠩ᠂ ᠾᠧᠨᠠᠨ᠂ ᠬᠤᠪᠧᠢ᠂ ᠭᠦᠢᠵᠧᠦ᠂ ᠾᠧᠪᠧᠢ᠂ ᠰᠧᠴᠤᠸᠠᠨ᠂ ᠶᠦᠨᠨᠠᠨ ᠵᠡᠷᠭᠡ 7 ᠮᠤᠵᠢ ᠬᠤᠲᠠ ᠳᠤ

85% ᠶᠢ ᠳᠠᠪᠠᠵᠠᠢ᠃

   

   

 
   
 
 
  
 
2014-2015 ©                      蒙ICP备05070829号