ᠵᠠᠰᠠᠭ ᠤᠨ ᠣᠷᠳᠣᠨ ᠤ ᠠᠵᠢᠯ ᠤᠨ ᠢᠯᠡᠳᠬᠡᠯ
ᠨᠡᠶᠢᠲᠡᠯᠡᠭᠰᠡᠨ ᠴᠠᠭ᠄
2022/4/12
           ᠵᠠᠰᠠᠭ ᠤᠨ ᠣᠷᠳᠣᠨ ᠤ ᠠᠵᠢᠯ ᠤᠨ ᠢᠯᠡᠳᠬᠡᠯ            — — 2022 ᠣᠨ ᠤ 1 ᠰᠠᠷ᠎ᠠ ᠶᠢᠨ 6 ᠤ ᠡᠳᠦᠷ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠪᠠᠨ ᠵᠢᠷᠭᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯᠳᠤᠭᠠᠨ        ᠵᠠᠩ ᠵᠢᠶᠠᠨ ᠪᠢᠨ                ᠲᠥᠯᠥᠭᠡᠯᠡᠭᠴᠢᠳ ᠡ᠄        ᠤᠲᠤ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠥᠪᠯᠡᠬᠦ ᠪᠣᠯᠪᠠᠤ᠂ ᠲᠡᠷᠡᠴᠢᠯᠡᠨ ᠬᠤᠰᠢᠭᠤᠨ ᠤ ᠤᠯᠤᠰ ᠳᠦᠷᠤ ᠶᠢᠨ ᠵᠦᠪᠯᠠᠯᠭᠠ ᠤ ᠭᠡᠰᠢᠭᠦᠳ ᠪᠠ ᠬᠤᠷᠠᠯ ᠳᠤ ᠰᠤᠯᠠ ᠣᠷᠣᠯᠴᠠᠭᠰᠠᠨ ᠨᠥᠬᠦᠳ ᠰᠠᠨᠠᠯ ᠢᠶᠠᠨ ᠳᠤᠷᠠᠳᠬᠤ ᠪᠣᠯᠪᠠᠤ᠃        ᠨᠢᠭᠡ᠂ ᠬᠤᠰᠢᠭᠤᠨ ᠤ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠩᠬᠠᠳᠤᠭᠠᠷ ᠬᠤᠷᠠᠯ ᠠᠴᠠ ᠨᠠᠰᠢᠬᠢ ᠠᠵᠢᠯ ᠤᠨ ᠡᠷᠭᠢᠴᠡᠭᠦᠯᠦᠯ    2018 ᠣᠨ ᠠᠴᠠ ᠨᠠᠰᠢ᠂ ᠨᠠᠷᠢᠨ ᠪᠤᠳᠤᠯᠢᠶᠠᠨᠲᠠᠶ ᠬᠤᠷᠸ᠎ᠠ ᠠᠵᠤ ᠠᠬᠤᠶ ᠶᠢᠨ ᠪᠠᠶᠢᠳᠠᠯ ᠪᠣᠯᠤᠨ ᠥᠭᠡᠷᠡᠴᠢᠯᠡᠯᠲᠡ ᠬᠥᠭᠵᠢᠯᠲᠡ ᠲᠣᠭᠲᠠᠭᠤᠨ ᠪᠠᠶᠢᠳᠠᠯ ᠤᠨ ᠪᠡᠷᠬᠡ ᠬᠠᠲᠠᠭᠤᠵᠢᠯᠲᠠᠶ ᠨᠦᠰᠡᠷ ᠬᠦᠨᠳᠦ ᠡᠭᠦᠷᠭᠡ ᠶᠢᠨ ᠡᠮᠦᠨ᠎ᠡ᠂ ᠢᠯᠠᠩᠭᠤᠶ᠎ᠠ ᠰᠢᠨ᠎ᠡ ᠲᠢᠲᠢᠮ ᠤᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠬᠦᠨᠳᠦ ᠨᠣᠴᠢᠲᠠᠶ ᠳᠠᠭᠠᠷᠢᠯᠲᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠰᠢᠭᠤᠨ ᠠᠷᠠᠳ ᠤᠨ ᠵᠠᠰᠠᠭ ᠤᠨ ᠣᠷᠳᠣᠨ ᠰᠢ ᠶᠢᠨ ᠫᠢᠩ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤ ᠥᠪᠥᠷ ᠮᠣᠩᠭᠤᠯ ᠤᠨ ᠴᠢᠬᠤᠯᠠ ᠶᠠᠷᠢᠶᠠᠨ ᠤ ᠲᠤᠬᠠᠢ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠵᠤ᠂ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ︽ᠠᠷᠪᠠᠨ ᠭᠤᠷᠪᠠᠳᠤᠭᠠᠷ ᠲᠠᠪᠤᠨ ᠵᠢᠯ︾ ᠤᠨ ᠲᠥᠯᠥᠪᠵᠢᠭᠦᠯᠭᠡ ᠶᠢ ᠲᠡᠭᠦᠰ ᠠᠮᠵᠢᠯᠲᠠ ᠲᠠᠢ ᠲᠡᠭᠦᠰᠬᠡᠵᠦ᠂ ︽ᠠᠷᠪᠠᠨ ᠳᠥᠷᠪᠡᠳᠦᠭᠡᠷ ᠲᠠᠪᠤᠨ ᠵᠢᠯ︾ ᠤᠨ ᠵᠢᠷᠤᠭ ᠲᠥᠯᠥᠪᠯᠡᠭᠡ ᠶᠢ ᠤᠷᠤᠭᠰᠢᠲᠠᠢ ᠡᠬᠢᠯᠡᠭᠦᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠲᠡᠦᠬᠡᠲᠦ ᠴᠢᠨᠠᠷᠲᠠᠢ ᠠᠮᠵᠢᠯᠲᠠ ᠤᠯᠪᠠ᠃        ︵ᠨᠢᠭᠡ︶ ᠭᠤᠷᠪᠠᠨ ᠶᠡᠭᠡ ᠪᠡᠷᠬᠡ ᠰᠡᠳᠦᠪ ᠢ ᠰᠢᠢᠳᠪᠦᠷᠢᠯᠡᠬᠦ ᠳᠠᠶᠢᠯᠠᠯᠳᠤᠭᠠᠨ ᠢᠯᠡᠳᠲᠡ ᠦᠷ᠎ᠡ ᠪᠦᠲᠦᠮᠵᠢ ᠤᠯᠪᠠ᠃ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ ᠠᠵᠢᠯ ᠪᠦᠬᠦ ᠲᠠᠯ᠎ᠠ ᠪᠠᠷ ᠢᠯᠠᠯᠲᠠ ᠤᠯᠪᠠ᠃ 89 ᠲᠣᠰᠬᠤᠨ ᠳᠤ ᠰᠠᠭᠤᠭ᠎ᠠ ᠠᠵᠢᠯᠯᠠᠬᠤ ᠠᠩᠬᠢ᠂ 3544 ᠡᠷᠦᠬᠡ ᠳᠠᠭᠠᠭᠠᠴᠢᠯᠠᠭᠰᠠᠨ ᠺᠠᠳ᠋ᠷ ᠠᠯᠢ ᠴᠢᠳᠠᠬᠤ ᠪᠠᠷ ᠪᠠᠶᠢᠯᠳᠤᠭᠠᠨ ᠳᠤ ᠣᠷᠣᠯᠴᠠᠵᠤ᠂ 44 ᠬᠠᠪᠰᠤᠷᠤᠨ ᠲᠡᠳᠬᠦᠬᠦ ᠨᠢᠭᠡᠴᠡ᠂ 29 ᠠᠵᠤ ᠠᠬᠤᠶᠢᠯᠠᠯ ᠤᠨ ᠬᠢᠨ ᠪᠦᠬᠦ ᠬᠦᠴᠦᠨ ᠢᠶᠠᠷ ᠢᠶᠠᠨ ᠬᠠᠪᠰᠤᠷᠤᠯᠴᠠᠪᠠ᠃ ᠨᠡᠶᠢᠲᠡ 16.82 ᠳ᠋ᠦᠩᠰᠢᠭᠤᠷ ᠲᠥᠭᠦᠷᠢᠭ ᠤᠨ ᠪᠠᠯᠠ ᠮᠥᠩᠭᠦ ᠣᠷᠣᠭᠤᠯᠵᠤ᠂ 196 ᠰᠠᠭᠤᠷᠢ ᠪᠡᠯᠡᠳᠬᠡᠮᠵᠢ ᠶᠢᠨ ᠲᠥᠷᠥᠯ ᠵᠣᠶᠢᠯ᠂ 151 ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠲᠥᠷᠥᠯ ᠵᠣᠶᠢᠯ ᠢ ᠬᠡᠷᠡᠭᠵᠢᠭᠦᠯᠦᠨ᠂ 66 ᠭᠠᠴᠠᠭ᠎ᠠ ᠲᠣᠰᠬᠤᠨ ᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠨᠢ 20 ᠲᠦᠮᠡᠨ ᠲᠥᠭᠦᠷᠢᠭ ᠠᠴᠠ ᠳᠡᠭᠡᠭᠰᠢ ᠳᠤ ᠬᠦᠷᠴᠦ᠂ ᠡᠭᠦᠨ ᠳᠤ 54 ᠨᠢ 60 ᠲᠦᠮᠡᠨ ᠲᠥᠭᠦᠷᠢᠭ ᠢ ᠳᠠᠪᠠᠪᠠ᠃ 18766 ᠶᠠᠳᠠᠭᠤ ᠬᠦᠴᠢᠷᠳᠡᠯᠲᠡᠢ ᠬᠥᠮᠦᠨ ᠠᠮᠠ ᠶᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ 66 ᠭᠤᠣᠯᠳᠠᠯᠭ᠎ᠠ ᠲᠠᠢ ᠶᠠᠳᠠᠭᠤ ᠬᠦᠴᠢᠷᠳᠡᠯᠲᠡᠢ ᠲᠣᠰᠬᠤᠨ ᠢ ᠪᠦᠬᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠂ ᠡᠨᠡ ᠪᠣᠯ ᠤᠯᠠᠭᠠᠨᠴᠠᠪ ᠬᠤᠳᠠ ᠶᠢᠨ ᠠᠩᠬᠠᠳᠠᠭᠴᠢ ᠶᠠᠳᠠᠭᠤ ᠠᠴᠠ ᠠᠩᠭᠢᠵᠢᠷᠠᠭᠤᠯᠤᠭᠰᠠᠨ ᠤᠯᠤᠰ ᠤᠨ ᠶᠠᠳᠠᠭᠤ ᠬᠦᠴᠢᠷᠳᠡᠯᠲᠡᠢ ᠬᠤᠰᠢᠭᠤ ᠪᠣᠯᠤᠨ᠎ᠠ᠂ ᠦᠨᠳᠦᠰᠦᠲᠡᠨ ᠨᠦᠭᠦᠳ ᠤᠨ ᠤᠯᠠᠨ ᠲᠦᠮᠡᠨ ᠭᠠᠷ ᠬᠤᠯᠪᠣᠨ ᠪᠦᠬᠦ ᠲᠠᠯ᠎ᠠ ᠶᠢᠨ ᠴᠢᠨᠡᠭᠡᠯᠢᠭ ᠨᠡᠶᠢᠭᠡᠮ ᠳᠤ ᠲᠠᠪᠰᠢᠨ ᠣᠷᠣᠵᠠᠢ᠃ ᠠᠮᠢ ᠠᠬᠤᠶ ᠶᠢᠨ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠪᠠ᠃ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠵᠢᠴᠢ ︽ᠡᠷᠭᠢᠵᠦ ᠬᠠᠷᠠᠬᠤ︾ ᠶᠢᠨ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠪᠡ᠃ ᠬᠤᠲᠠ ᠶᠢᠨ ᠲᠣᠭᠤᠷᠢᠭ ᠤᠨ ᠨᠡᠭᠦᠷᠡᠰᠦ ᠰᠢᠲᠠᠭᠠᠬᠤ 38 ᠵᠢᠵᠢᠭ ᠭᠦᠸᠧᠯᠦ ᠶᠢ ᠪᠦᠬᠦᠨ ᠢ ᠴᠠᠭᠠᠵᠠᠯᠠᠪᠠ᠃ ᠡᠵᠡᠨ ᠦᠭᠡᠢ 73 ᠠᠭᠤᠷᠬᠠᠶ ᠪᠠ ᠬᠤᠭᠤᠴᠠᠭᠠᠨ ᠳᠠᠭᠠᠨ ᠪᠠᠶᠢᠭ᠎ᠠ 23 ᠠᠭᠤᠷᠬᠠᠶ ᠶᠢ ᠪᠦᠲᠦᠮᠵᠢᠲᠡᠶ ᠪᠠᠷ ᠵᠠᠰᠠᠪᠠ᠃ 3 ᠠᠭᠤᠷᠬᠠᠶ ᠨᠢ ᠪᠣᠬᠢᠷᠲᠤᠯ ᠥᠬᠡᠶ ᠠᠭᠤᠷᠬᠠᠶ ᠶᠢᠨ ᠪᠥᠲᠥᠭᠡᠨ ᠪᠠᠶᠢᠭᠤᠯᠤᠯᠲᠠ ᠶᠢᠨ ᠡᠭᠦᠷᠭᠡ ᠪᠠᠨ ᠪᠡᠶᠡᠯᠡᠭᠦᠯᠪᠡ᠃ ᠨᠤᠲᠤᠭ ᠪᠡᠯᠴᠢᠭᠡᠷ ᠤᠨ ᠣᠶᠢᠲᠤ ᠭᠠᠵᠠᠷ ᠢ ᠡᠪᠳᠡᠵᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ‌ᠠᠵᠢᠯᠯᠠᠭ᠎ᠠ ᠶᠢ ᠲᠤᠰᠬᠠᠶᠢᠯᠠᠨ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠣᠶ ᠰᠢᠭᠤᠶ ᠶᠢᠨ ᠪᠦᠷᠬᠦᠴᠡ ᠶᠢᠨ ᠨᠣᠷᠮ᠎ᠠ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠪᠦᠷᠬᠦᠴᠡ ᠶᠢᠨ ᠬᠡᠮᠵᠢᠶ᠎ᠡ ᠶᠢ ᠲᠣᠰ ᠲᠣᠰ 22% ᠪᠠ 40% ᠳᠤ ᠴᠠᠭᠠᠨ ᠨᠠᠭᠤᠷ ᠤᠨ ᠰᠠᠪᠠ ᠭᠠᠵᠠᠷ ᠢ ᠶᠡᠷᠦᠩᠬᠡᠶᠢᠯᠡᠨ ᠵᠠᠰᠠᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠤᠰᠤᠨ ᠠᠰᠢᠭᠯᠠᠯᠲᠠ ᠶᠢᠨ ᠲᠢᠩᠬᠢᠮ ᠤᠨ ᠬᠢᠨᠠᠨ ᠬᠡᠮᠵᠢᠵᠦ ᠬᠠᠷᠢᠭᠤ ᠲᠤᠰᠬᠠᠭᠰᠠᠨ ᠭᠠᠵᠠᠷ ᠳᠣᠤᠷᠠᠬᠢ ᠤᠰᠤᠨ ᠤ ᠲᠦᠪᠰᠢᠨ ᠠᠳᠠᠯᠢ ᠬᠤᠭᠤᠴᠠᠭᠠᠨ ᠤ ᠬᠢ ᠠᠴᠠ 1.48 ᠮᠧᠲᠷ ᠳᠡᠭᠡᠭᠰᠢᠯᠡᠵᠦ᠂ ᠤᠯᠤᠰ ᠤᠨ ᠠᠩᠬᠠᠳᠠᠭᠴᠢ ᠪᠦᠯᠦᠭ ᠤᠰᠤ ᠠᠷᠪᠢᠯᠠᠬᠤ ᠬᠡᠯᠪᠡᠷᠢ ᠶᠢᠨ ᠨᠡᠶᠢᠭᠡᠮ ᠤᠨ ᠪᠠᠷᠢᠮᠵᠢᠶ᠎ᠠ ᠳᠤ ᠬᠦᠷᠦᠭᠰᠡᠨ ᠬᠤᠰᠢᠭᠤ ᠰᠢᠶᠠᠨ ᠳᠤ ᠣᠷᠣᠵᠤ᠂ 2021 ᠣᠨ ᠳᠤ ᠪᠥᠬᠦ ᠤᠯᠤᠰ ᠤᠨ ᠭᠤᠤᠯ ︵ᠨᠠᠭᠤᠷ︶ ᠤᠨ ᠳᠠᠷᠤᠭ᠎ᠠ ᠶᠢᠨ ᠲᠦᠷᠢᠮ ᠤᠨ ᠠᠵᠢᠯ ᠤᠨ ᠲᠡᠷᠢᠭᠦᠨ ᠤ ᠬᠠᠮᠲᠤ ᠨᠡᠶᠢᠲᠡ ᠪᠠᠷ ᠦᠨᠡᠯᠡᠭᠳᠡᠪᠡ᠃ ᠵᠠᠰᠠᠭ ᠤᠨ ᠣᠷᠳᠣᠨ ᠤ ᠥᠷᠢ ᠥᠭᠴᠡᠭᠡ ᠶᠢ ᠢᠳᠡᠪᠬᠢᠲᠡᠶ ᠪᠥᠭᠡᠳ ᠯᠠᠪᠳᠠᠭᠤᠨ ᠢᠶᠠᠷ  ᠰᠢᠢᠳᠪᠦᠷᠢᠯᠡᠵᠤ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠳᠤᠮᠳᠠ ᠵᠢᠵᠢᠭ ᠠᠵᠤ ᠠᠬᠤᠶᠢᠯᠠᠯ ᠤᠨ ᠵᠥᠷᠢᠯᠳᠦᠭᠡᠨ ᠥᠬᠡᠶ ᠲᠠᠩᠰᠠᠨ ᠵᠣᠭᠤᠰ ᠢ ᠠᠷᠢᠯᠭᠠᠬᠤ ᠡᠭᠦᠷᠭᠡ ᠶᠢ ᠪᠥᠬᠦ ᠲᠠᠯ᠎ᠠ ᠪᠠᠷ        ︵ᠬᠤᠶᠠᠷ︶ ᠠᠵᠤ ᠠᠬᠤᠶ ᠶᠢᠨ ᠬᠡᠯᠪᠡᠷᠢ ᠶᠢᠨ ᠬᠤᠪᠢᠷᠠᠭᠤᠯᠤᠯᠲᠠ ᠶᠢ ᠭᠦᠨᠵᠡᠭᠡᠶᠢᠷᠡᠭᠦᠯᠦᠨ ᠠᠬᠢᠭᠤᠯᠪᠠ᠃ 2021 ᠣᠨ ᠳᠤ ᠭᠠᠵᠠᠷ ᠣᠷᠣᠨ ᠤ ᠦᠢᠯᠡᠳᠪᠦᠷᠢᠯᠡᠯ ᠤᠨ ᠪᠥᠬᠦ ᠥᠷᠲᠡᠭ ᠵᠢᠱᠢᠯᠲᠡ ᠪᠠᠷ 72 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠵᠢᠯ ᠪᠦᠷᠢ ᠳᠤᠮᠳᠠᠴᠢ ᠪᠠᠷ 6.5% ᠪᠠᠷ ᠠᠬᠢᠨ ᠨᠡᠮᠡᠭᠳᠡᠨ᠎ᠡ᠃ ᠭᠤᠷᠪᠠᠨ ᠠᠵᠤ ᠦᠢᠯᠡᠰ‌‍ᠤᠨ ᠬᠤᠪᠢ ᠶᠢᠨ ᠵᠢᠩ ᠨᠢ 15᠄ 58᠄ 27 ᠪᠠᠶᠢᠭᠰᠠᠨ ᠠᠴᠠ ᠪᠠᠨ 12᠄ 50᠄ 38 ᠪᠣᠯᠵᠣ ᠬᠤᠪᠢᠷᠠᠪᠠ᠃ ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ︽ᠬᠤᠶᠠᠷ ᠪᠦᠲᠦᠭᠡᠭᠳᠡᠬᠦᠨ ᠨᠢᠭᠡ ᠲᠡᠮᠳᠡᠭ︾ ᠤᠨ ᠭᠡᠷᠡᠴᠢᠯᠡᠯ 27 ᠪᠣᠯᠵᠣ᠂ ︽ᠬᠤᠶᠢᠲᠤ ᠬᠤᠰᠢᠭᠤᠨ ᠤ ᠤᠯᠠᠭᠠᠨ︾ ᠲᠥᠮᠥᠰᠥ ᠳᠤᠮᠳᠠᠳᠤ ᠤᠯᠤᠰ ᠤᠨ ᠪᠣᠬᠢᠷᠲᠤᠯ ᠥᠬᠡᠶ ᠢᠳᠡᠭᠡᠨ ᠤ ᠦᠵᠡᠰᠬᠦᠯᠡᠩ ᠤᠨ ᠠᠯᠲᠠᠨ ᠮᠧᠳᠠᠯ ᠢ ᠣᠯᠠᠨᠲᠠ ᠭᠥᠷᠳᠡᠪᠡ᠃ ᠰᠢᠮᠧᠨ᠋ᠲ᠋ᠠᠷ᠂ ᠠᠩᠭᠧᠰ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠦᠢᠯᠡᠰ ᠠᠩᠬ᠎ᠠ ᠠᠯᠬᠤᠮ ᠬᠡᠪᠴᠢᠶᠡᠵᠢᠵᠦ᠂ ᠵᠡᠭᠡᠷ᠎ᠡ ᠶᠢᠨ ᠬᠤᠲᠠ ᠭᠠᠴᠠᠭ᠎ᠠ ᠨᠢ ᠥᠪᠡᠷᠲᠡᠭᠡᠨ ᠵᠠᠰᠠᠬᠤ ᠣᠷᠣᠨ ᠤ ︽ᠨᠢᠭᠡ ᠲᠣᠰᠬᠤᠨ ᠨᠢᠭᠡ ᠲᠥᠷᠥᠯ︾ ᠤᠨ ᠠᠯᠠᠰᠢᠨ ᠦᠬᠡᠷ ᠲᠡᠵᠢᠭᠡᠨ ᠦᠷᠡᠵᠢᠭᠦᠯᠬᠦ ᠵᠢᠱᠢᠶ᠎ᠡ ᠦᠵᠡᠭᠦᠯᠬᠦ ᠲᠣᠰᠬᠤᠨ ᠳᠤ ᠰᠣᠩᠭᠤᠭᠳᠠᠪᠠ᠃ ᠠᠵᠤ ᠦᠢᠯᠡᠳᠪᠦᠷᠢ ᠬᠡᠯᠪᠡᠷᠢ ᠪᠠᠨ ᠬᠤᠪᠢᠷᠠᠭᠤᠯᠤᠨ ᠬᠥᠭᠵᠢᠪᠡ᠃ PVA ᠶᠢᠨ ᠵᠢᠯ ᠤᠨ  ᠦᠢᠯᠡᠳᠪᠦᠷᠢᠯᠡᠬᠦ ᠴᠢᠳᠠᠪᠤᠷᠢ 20 ᠲᠦᠮᠡᠨ ᠲᠣᠨ ᠳᠤ ᠬᠦᠷᠴᠦ᠂ ᠲᠠᠩ ᠪᠡᠶᠡᠲᠦ ᠦᠢᠯᠡᠳᠪᠦᠷᠢᠯᠡᠬᠦ ᠴᠢᠳᠠᠪᠤᠷᠢ ᠪᠥᠬᠦ ᠤᠯᠤᠰ ᠤᠨ ᠡᠮᠦᠨ᠎ᠡ ᠡᠩᠨᠡᠭᠡᠨ ᠳᠤ ᠣᠷᠣᠪᠠ᠃ ᠯᠢᠲ᠋ᠢ ᠴᠠᠬᠢᠯᠭᠠᠨ ᠴᠡᠨᠡᠭ ᠤᠨ ᠪᠢᠯᠢᠭ ᠲᠦᠢᠯ ᠤᠨ ᠮᠠᠲ᠋ᠧᠷᠢᠶᠠᠯ ᠤᠨ ᠶᠡᠷᠦᠩᠬᠡᠶᠢᠯᠡᠭᠰᠡᠨ ᠦᠢᠯᠡᠳᠪᠦᠷᠢᠯᠡᠬᠦ ᠴᠢᠳᠠᠪᠤᠷᠢ ᠶᠢ 7 ᠲᠦᠮᠡᠨ ᠲᠣᠨ ᠳᠤ ᠬᠦᠷᠦᠭᠦᠯᠵᠦ᠂ ᠯᠢᠲ᠋ᠢ ᠴᠠᠬᠢᠯᠭᠠᠨ ᠴᠡᠨᠡᠭ ᠤᠨ ᠠᠵᠤ  ᠦᠢᠯᠡᠰ ᠢ ᠥᠪᠡᠷᠲᠡᠭᠡᠨ ᠵᠠᠰᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ ᠠᠵᠤ  ᠦᠢᠯᠡᠰ ᠤᠨ ᠪᠦᠯᠦᠭᠯᠡᠯ ᠳᠤ ᠰᠣᠩᠭᠤᠨ᠎ᠠ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠤᠰᠤ ᠬᠠᠩᠭᠠᠬᠤ ᠦᠢᠯᠡᠳᠪᠦᠷᠢ᠂ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ᠂ ᠬᠠᠲᠠᠭᠤ ᠬᠠᠶᠠᠭᠳᠠᠮᠠᠯ ᠰᠢᠭᠠᠷᠤ ᠶᠢᠨ ᠲᠠᠯᠠᠪᠠᠢ ᠵᠡᠷᠭᠡ ᠰᠠᠭᠤᠷᠢ ᠲᠥᠬᠦᠭᠡᠷᠦᠮᠵᠢ ᠶᠢ ᠦᠨᠳᠦᠰᠦᠨ ᠳᠡᠭᠡᠨ ᠪᠠᠶᠢᠭᠤᠯᠵᠤ ᠳᠠᠭᠤᠰᠬᠠᠪᠠ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ 5 ᠪᠤᠯᠵᠤ᠂ ᠠᠵᠤ ᠦᠢᠯᠡᠳᠪᠦᠷᠢ ᠶᠢᠨ ᠦᠢᠯᠡᠳᠬᠦᠨ ᠤ ᠶᠡᠷᠦᠩᠬᠡᠢ ᠦᠷᠳᠡᠭ ᠲᠦᠷᠪᠡᠨ ᠵᠢᠯ ᠳᠠᠷᠠᠭᠠᠯᠠᠨ 150 ᠳ᠋ᠦᠩᠰᠢᠭᠤᠷ ᠲᠥᠭᠦᠷᠢᠭ ᠢ ᠳᠠᠪᠠᠵᠤ᠂ ᠥᠪᠡᠷᠲᠡᠭᠡᠨ ᠵᠠᠰᠠᠬᠤ ᠣᠷᠣᠨ ᠠᠴᠠ ᠠᠩᠬᠠᠨ ᠤ ᠪᠦᠯᠦᠭ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠢᠶᠠᠷ ᠦᠨᠡᠯᠡᠭᠳᠡᠪᠡ᠃ ᠰᠠᠯᠬᠢᠨ ᠭᠡᠷᠡᠯ ᠤᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ 771 ᠲᠦᠮᠡᠨ ᠺᠢᠯᠣᠸᠠᠲ ᠲᠤ ᠬᠦᠷᠪᠡ᠃ ᠣᠲᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠲᠠᠩᠰᠠ ᠤᠯᠤᠰ ᠤᠨ ᠡᠯᠧᠺᠲᠷᠣᠨ ᠬᠤᠳᠠᠯᠳᠤᠭᠠᠨ ᠤ ᠶᠠᠪᠤᠳᠠᠯ ᠢ ᠬᠥᠳᠡᠭᠡ ᠲᠣᠰᠬᠤᠨ ᠳᠤ ᠣᠷᠣᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠬᠤᠰᠢᠭᠤ ᠶᠢ ᠠᠮᠵᠢᠯᠲᠠᠲᠠᠶ ᠡᠭᠦᠳᠦᠨ ᠪᠠᠶᠢᠭᠤᠯᠪᠠ᠃ ᠨᠤᠲᠤᠭ ᠪᠡᠯᠴᠢᠭᠡᠷ ᠤᠨ ᠵᠢᠭᠤᠯᠴᠢᠯᠠᠯ ‍ᠤᠨ‌‍ᠲ᠋ᠤᠰᠬᠠᠶ ᠵᠦᠢᠯ ‍ᠤᠨ‌‍ᠲ᠋ᠥ᠋ᠯᠥᠪᠵᠢᠭᠦᠯᠭᠡ᠂ ᠠᠷᠠᠳ ᠤᠨ ᠣᠷᠣᠨ ᠰᠠᠭᠤᠴᠠ   ᠶᠢᠨ ᠠᠵᠤ ᠦᠢᠯᠡᠰ ᠤᠨ ᠬᠥᠭᠵᠢᠯᠲᠡ ᠵᠢᠨ‌‍ᠲ᠋ᠥ᠋ᠯᠥᠪᠵᠢᠭᠦᠯᠭᠡ ᠶᠢ ᠨᠠᠶᠢᠷᠠᠭᠤᠯᠤᠨ ᠵᠣᠬᠢᠶᠠᠵᠤ ᠳᠠᠭᠤᠰᠬᠠᠨ᠎ᠠ᠃ 9 ᠭᠠᠴᠠᠭ᠎ᠠ ᠲᠣᠰᠬᠤᠨ ᠤᠯᠤᠰ ᠤᠨ ︽ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ ᠭᠤᠤᠯᠳᠠᠯᠭ᠎ᠠ ᠲᠠᠢ ᠲᠣᠰᠬᠤᠨ︾ ᠳᠤ ᠰᠣᠩᠭᠤᠭᠳᠠᠨ ᠣᠷᠣᠵᠤ᠂ 14 ᠨᠤᠲᠤᠭ ᠤᠨ ᠲᠣᠰᠬᠤᠨ ᠤ ᠠᠷᠠᠳ ᠤᠨ ᠪᠠᠶᠢᠷᠢ ᠶᠢ ᠪᠠᠶᠢᠭᠤᠯᠤᠨ ᠠᠰᠢᠭᠯᠠᠯᠲᠠ ᠳᠤ ᠣᠷᠣᠭᠤᠯᠪᠠ᠃ ᠤᠯᠠᠭᠠᠨᠬᠠᠳᠠ ᠭᠠᠯᠲᠤ ᠠᠭᠤᠯᠠ ᠨᠢ ᠤᠯᠤᠰ ᠤᠨ ᠲᠠᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠬᠢᠷᠢ ᠬᠡᠮ ᠢᠶᠠᠷ ᠵᠥᠪᠰᠢᠶᠡᠷᠡᠭᠳᠡᠵᠦ᠂ 2A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠪᠠᠶᠢᠭᠤᠯᠤᠨ ᠪᠦᠲᠦᠭᠡᠵᠦ᠂ ᠪᠥᠬᠦ ᠤᠯᠤᠰ ᠲᠤ ᠨᠡᠷ᠎ᠡ ᠠᠯᠳᠠᠷᠰᠢᠭᠰᠠᠨ ︽ᠰᠦᠯᠵᠢᠶᠡᠨ ᠤ ᠺᠠᠷᠲ ᠴᠣᠬᠢᠬᠤ ᠭᠠᠵᠠᠷ︾ ᠪᠣᠯᠵᠣ᠂ ᠭᠠᠵᠠᠷ ᠣᠷᠣᠨ ᠤ ᠠᠯᠳᠠᠷᠰᠢᠯ᠂ ᠠᠯᠳᠠᠷᠰᠢᠯ ᠤᠨ ᠬᠡᠮᠵᠢᠶ᠎ᠡ ᠢᠯᠡᠳᠲᠡ ᠳᠡᠭᠡᠭᠰᠢᠯᠡᠪᠡ᠃        ︵ᠭᠤᠷᠪᠠ︶ ᠥᠭᠡᠷᠡᠴᠢᠯᠡᠯᠲᠡ ᠨᠡᠭᠡᠭᠡᠯᠳᠡ ᠶᠢ ᠦᠷᠭᠦᠯᠵᠢᠯᠡᠨ ᠭᠦᠨᠵᠡᠭᠡᠶᠢᠷᠡᠭᠦᠯᠪᠡ᠃ ᠰᠤᠮᠤ ᠰᠢᠶᠠᠩ ᠪᠠᠯᠭᠠᠰᠤ᠂ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ᠂ ᠠᠵᠢᠯ  ᠦᠢᠯᠡᠰ ᠤᠨ ᠨᠢᠭᠡᠴᠡ ᠶᠢᠨ ᠥᠭᠡᠷᠡᠴᠢᠯᠡᠯᠲᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠮᠠᠯᠵᠢᠬᠤ ᠲᠠᠷᠢᠶᠠᠯᠠᠬᠤ ᠣᠷᠣᠨ ᠤ ᠭᠠᠵᠠᠷ ᠰᠢᠷᠣᠶ ᠬᠠᠳᠤᠯᠠᠩ ᠪᠡᠯᠴᠢᠭᠡᠷ ᠤᠨ ᠡᠷᠬᠡ ᠶᠢ ᠨᠤᠲᠠᠯᠠᠨ ᠲᠣᠭᠲᠠᠭᠠᠬᠤ ᠪᠠ ᠬᠡᠷ ᠪᠠᠶᠢᠰᠢᠩ ᠭᠠᠵᠠᠷ ᠰᠢᠷᠣᠶ ᠶᠢ ᠨᠢᠭᠡ ᠴᠣᠠᠠᠴᠠᠵᠢᠭᠤᠯᠥᠠᠠᠰᠠᠨ ᠡᠷᠬᠡ ᠶᠢ ᠨᠤᠲᠠᠯᠠᠨ ᠳᠠᠩᠰᠠᠯᠠᠬᠤ ᠠᠵᠢᠯ ᠢ ᠦᠨᠳᠦᠰᠦᠨ ᠳᠡᠭᠡᠨ ᠪᠡᠶᠡᠯᠡᠭᠦᠯᠪᠡ᠃ ᠬᠠᠮᠲᠤ ᠶᠢᠨ ᠥᠮᠴᠢᠯᠡᠯ ᠤᠨ ᠡᠷᠬᠡ ᠶᠢᠨ ᠲᠦᠷᠢᠮ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠰᠢᠨ᠎ᠡ ᠦᠷ᠎ᠡ ᠪᠦᠲᠦᠮᠵᠢ ᠤᠯᠪᠠ᠃ ᠲᠦᠮᠡᠯᠲᠡᠶ ᠶᠢᠨ ᠲᠦᠭᠡᠭᠡᠯ ᠤᠰᠤᠨ ᠤ ᠬᠡᠮᠵᠢᠯᠲᠡ ᠶᠢᠨ ᠦᠨ᠎ᠡ ᠪᠤᠳᠤᠬᠤ ᠲᠤᠷᠰᠢᠯᠲᠠ ᠶᠢᠨ ᠥᠭᠡᠷᠡᠴᠢᠯᠡᠯᠲᠡ ᠶᠢ ᠲᠣᠭᠲᠠᠭᠤᠨ ᠢᠶᠠᠷ ᠬᠡᠷᠡᠭᠵᠢᠭᠦᠯᠪᠡ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠡᠮᠬᠢ ᠵᠢᠷᠤᠮ ᠲᠠᠢ ᠲᠦᠯᠬᠢᠨ ᠠᠬᠢᠭᠤᠯᠪᠠ᠃ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠥᠷᠨᠢᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠦᠷᠭᠦᠯᠵᠢᠯᠡᠨ ᠰᠢᠯᠢᠳᠡᠭᠵᠢᠭᠦᠯᠪᠡ᠃ 857 ᠵᠣᠶᠢᠯ ᠤᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ  ᠦᠢᠯᠡᠴᠢᠯᠡᠭᠡᠨ ᠤ ᠵᠣᠶᠢᠯᠡᠰ ᠲᠤ ︽ᠭᠤᠷᠪᠠ ᠶᠢ ᠲᠥᠪᠯᠡᠷᠡᠭᠦᠯᠵᠦ᠂ ᠭᠤᠷᠪᠠ ᠶᠢ ᠪᠣᠳᠠᠲᠠᠶᠢᠵᠢᠭᠤᠯᠬᠤ︾ ᠶᠢ ᠪᠡᠶᠡᠯᠡᠭᠦᠯᠵᠦ᠂ ᠬᠢᠨᠠᠨ ᠵᠥᠪᠰᠢᠶᠡᠷᠡᠬᠦ ᠵᠣᠶᠢᠯᠡᠰ ᠢ ᠰᠦᠯᠵᠢᠶᠡᠨ ᠳᠡᠭᠡᠷ᠎ᠡ ᠭᠦᠢᠴᠡᠳᠭᠡᠵᠤ ᠪᠣᠯᠬᠤ ᠨᠣᠷᠮ᠎ᠠ 99% ᠳᠤ ᠬᠥᠷᠪᠡ᠃ 599 ᠵᠦᠢᠯ ᠢ ︽ᠶᠡᠷᠦᠩᠬᠡᠶᠢᠯᠡᠭᠰᠡᠨ ᠴᠣᠩᠬᠤᠨ ᠤ ᠰᠢᠰᠲ᠋ᠧᠮ︾ ᠳᠤ ᠣᠷᠣᠭᠤᠯᠤᠨ ᠬᠦᠯᠢᠶᠡᠨ ᠠᠪᠴᠤ  ᠰᠢᠢᠳᠪᠦᠷᠢᠯᠡᠵᠤ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠯ ᠤᠨ ᠶᠡᠷᠦᠩᠬᠡᠶᠢᠯᠡᠭᠰᠡᠨ ᠴᠣᠩᠬᠤᠨ ᠤ ᠬᠦᠯᠢᠶᠡᠨ ᠠᠪᠴᠤ  ᠰᠢᠢᠳᠪᠦᠷᠢᠯᠡᠬᠦ ᠨᠤᠷᠮ᠎ᠠ ᠶᠢ 70% ᠳᠤ ᠬᠦᠷᠭᠡᠪᠡ᠃ ︽ᠥᠪᠥᠷ ᠮᠣᠩᠭᠤᠯ ᠤᠨ ᠲᠦᠷᠭᠡᠨ ᠬᠤᠷᠳᠤᠴᠠ ᠶᠢᠨ ᠠᠯᠪᠠᠨ ᠬᠡᠷ︾ ᠤᠨ ᠳᠠᠩᠰᠠᠯᠠᠭᠤᠯᠤᠭᠰᠠᠨ ᠨᠣᠷᠮ᠎ᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠪᠠ᠃ ᠭᠡᠷᠡᠴᠢᠯᠡᠬᠦ ᠵᠦᠢᠯᠡᠰ ᠢ ᠬᠦᠴᠦᠨ ᠦᠭᠡᠢ ᠪᠣᠯᠭᠠᠬᠤ᠂ ᠠᠮᠠᠯᠠᠯᠲᠠ ᠪᠠᠨ ᠮᠡᠳᠡᠭᠳᠡᠬᠦ᠂ ᠳᠤᠲᠠᠭᠤ ᠶᠢ ᠬᠦᠯᠢᠶᠡᠨ ᠠᠪᠴᠤ  ᠰᠢᠢᠳᠪᠦᠷᠢᠯᠡᠬᠦ ᠵᠡᠷᠭᠡ ᠥᠭᠡᠷᠡᠴᠢᠯᠡᠯᠲᠡ ᠶᠢᠨ ᠠᠵᠢᠯ ᠢ ᠶᠡᠭᠡ ᠪᠠᠷ ᠲᠦᠯᠬᠢᠨ ᠠᠬᠢᠭᠤᠯᠵᠤ᠂ ︽ᠲᠣᠪᠴᠢᠶᠠᠨ ᠳᠠᠷᠤᠭ᠎ᠠ ᠶᠢᠨ ᠲᠤᠰᠢᠶᠠᠯ ᠳᠤ ᠰᠠᠭᠤᠬᠤ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠢᠨᠠᠨ ᠵᠥᠪᠰᠢᠶᠡᠷᠡᠬᠦ ᠴᠣᠩᠬᠤᠨ ᠤ ᠲᠦᠭᠵᠢᠷᠡᠯ ᠤᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠯᠠᠪᠳᠠᠭᠤᠨ ᠪᠠᠲᠤᠲᠠᠶ ᠥᠷᠨᠢᠭᠦᠯᠵᠦ᠂ ᠪᠣᠳᠠᠲᠤ ᠴᠣᠭᠴᠠ ᠶᠢᠨ ᠠᠵᠤ ᠠᠬᠤᠶ ᠶᠢᠨ ᠬᠥᠭᠵᠢᠯᠲᠡ ᠶᠢᠨ ᠠᠮᠢᠳᠤᠯᠢᠭ ᠬᠦᠴᠦᠨ ᠢ ᠲᠠᠰᠤᠷᠠᠯᠳᠠ 3000 ᠲᠦᠮᠡᠨ ᠲᠥᠭᠦᠷᠢᠭ ᠠᠴᠠ ᠳᠡᠭᠡᠭᠰᠢᠬᠢ ᠲᠥᠷᠥᠯ ᠵᠣᠶᠢᠯ ᠢ 36 ᠣᠷᠣᠭᠤᠯᠤᠨ ᠠᠪᠴᠢᠷᠠᠵᠤ᠂ ᠨᠡᠶᠢᠲᠡ 45 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠤᠨ᠎ᠠ᠃ ᠭᠠᠳᠠᠭᠠᠳᠤ ᠠᠷᠠᠯᠵᠢᠶᠠᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠶᠢ ᠳᠠᠩᠰᠠᠯᠠᠭᠤᠯᠤᠭᠰᠠᠨ ᠠᠵᠤ ᠠᠬᠤᠶᠢᠯᠠᠯ 16 ᠪᠤᠯᠵᠤ᠂ ᠭᠠᠳᠠᠭᠠᠳᠤ ᠠᠷᠠᠯᠵᠢᠶ᠎ᠠ ᠵᠢᠯ ᠪᠦᠷᠢ ᠳᠤᠮᠳᠠᠴᠢ ᠪᠠᠷ 144% ᠪᠠᠷ ᠨᠡᠮᠡᠭᠳᠡᠪᠡ᠃        ︵ᠲᠦᠷᠪᠡ︶ ᠬᠤᠳᠠ ᠬᠥᠳᠡᠭᠡ ᠶᠢᠨ ᠳᠦᠷᠰᠦ ᠪᠠᠶᠢᠳᠠᠯ ᠴᠣ᠋ ᠰᠢᠨ᠎ᠡ ᠪᠣᠯᠪᠠ᠃ ︽ᠲᠠᠪᠤᠨ ᠬᠤᠲᠠ ᠨᠢᠭᠡ ᠲᠡᠷᠢᠭᠦᠨ ᠤ︾ ᠬᠤᠯᠪᠣᠭᠠᠯᠠᠨ ᠰᠢᠨ᠎ᠡ ᠶᠢ ᠡᠭᠦᠳᠬᠦ ᠶᠢ ᠡᠮᠬᠢ ᠵᠢᠷᠤᠮ ᠲᠠᠢ ᠪᠠᠷ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠤ ᠴᠡᠴᠡᠷᠯᠢᠭᠵᠢᠭᠦᠯᠦᠭᠰᠡᠨ ᠰᠢᠶᠠᠨ ᠤ ᠬᠤᠲᠠ ᠪᠠ ᠡᠷᠡᠭᠦᠯ ᠬᠠᠮᠠᠭᠠᠯᠠᠯ ᠤᠨ ᠰᠢᠶᠠᠨ ᠤ ᠬᠤᠲᠠ ᠶᠢ ᠠᠮᠵᠢᠯᠲᠠ ᠲᠠᠢ ᠪᠠᠷ ᠡᠭᠦᠳᠦᠨ ᠪᠠᠶᠢᠭᠤᠯᠤᠨ᠎ᠠ᠃ ᠴᠠᠭᠠᠨ ᠪᠠᠯᠭᠠᠰᠤ ᠶᠢ ᠪᠠᠶᠢᠭᠤᠯᠤᠭᠰᠠᠨ ᠣᠷᠣᠨ ᠪᠦᠰᠡ ᠶᠢᠨ ᠲᠠᠯᠠᠪᠠᠢ ᠶᠢ 11.6 ᠲᠡᠭᠰᠢ ᠳᠥᠷᠪᠡᠯᠵᠢᠨ ᠺᠢᠯᠤᠮᠧᠳ᠋ᠷ ᠬᠦᠷᠲᠡᠯ᠎ᠡ ᠥᠷᠭᠡᠳᠬᠡᠵᠦ᠂ ᠨᠣᠭᠤᠭᠠᠨ ᠭᠠᠵᠠᠷ ᠤᠨ ᠲᠠᠯᠠᠪᠠᠢ ᠶᠢ 449 ᠲᠦᠮᠡᠨ ᠲᠡᠭᠰᠢ ᠳᠥᠷᠪᠡᠯᠵᠢᠨ ᠺᠢᠯᠤᠮᠧᠳ᠋ᠷ ᠲᠤ ᠬᠦᠷᠭᠡᠵᠡᠢ᠃ 32 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠵᠠᠰᠠᠬᠤ ᠶᠢ ᠪᠡᠶᠡᠯᠡᠭᠦᠯᠵᠦ᠂ 2926 ᠡᠷᠤᠭᠡ ᠶᠢ ᠲᠦᠬᠦᠮ ᠪᠦᠳᠦᠴᠡᠳᠦ ᠣᠷᠣᠨ ᠰᠠᠭᠤᠴᠠ ᠶᠢᠨ ᠲᠣᠭᠤᠷᠢᠭ ᠲᠤ ᠨᠡᠭᠦᠯᠭᠡᠪᠡ᠃ 2021 ᠣᠨ ᠳᠤ ᠪᠠᠶ ᠵᠧᠨ ᠪᠠᠯᠭᠠᠰᠤᠨ ᠤ ᠲᠣᠭᠤᠷᠢᠭ ᠤᠨ ᠵᠠᠮ ᠳᠤ 12 ᠲᠦᠮᠡᠨ ᠲᠡᠭᠰᠢ ᠳᠥᠷᠪᠡᠯᠵᠢᠨ ᠮᠧᠲᠷ ᠤᠨ ᠲᠣᠰᠣ ᠳᠡᠪᠢᠰᠴᠦ᠂ ᠵᠡᠭᠡᠯᠢ ᠭᠤᠳᠤᠮᠵᠢ ᠶᠢᠨ ᠵᠥᠷᠢᠭ ᠵᠠᠮ ᠳᠤ 5 ᠲᠦᠮᠡᠨ ᠲᠡᠭᠰᠢ ᠳᠥᠷᠪᠡᠯᠵᠢᠨ ᠮᠧᠲᠷ ᠤᠨ ᠬᠠᠶᠢᠷ ᠴᠢᠯᠠᠭᠤ ᠳᠡᠪᠢᠰᠴᠦ᠂ 1900 ᠲᠡᠷᠭᠡ ᠵᠣᠭᠰᠣᠬᠤ ᠪᠠᠶᠢᠷᠢ ᠶᠢ ᠰᠢᠨ᠎ᠡ ᠪᠠᠷ ᠬᠤᠪᠢᠶᠠᠷᠢᠯᠠᠨ ᠭᠠᠷᠭᠠᠵᠤ᠂ 5 ᠰᠡᠯᠪᠢᠨ ᠵᠠᠰᠠᠵᠤ ᠪᠡᠶ᠎ᠡ ᠴᠢᠭᠢᠷᠠᠭᠵᠢᠭᠤᠯᠬᠤ ᠠᠵᠢᠯᠯᠠᠭᠠᠨ ᠤ ᠲᠠᠯᠠᠪᠠᠶ ᠶᠢ ᠵᠠᠰᠠᠨ ᠰᠡᠯᠪᠢᠵᠦ᠂ ᠬᠤᠲᠠ ᠪᠠᠯᠭᠠᠰᠤᠨ ᠤ ᠣᠷᠣᠰᠢᠨ ᠰᠠᠭᠤᠬᠤ ᠳᠤ ᠲᠣᠬᠢᠷᠠᠮᠵᠢᠲᠠᠶ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠪᠡ᠃ 7827 ᠡᠷᠦᠬᠡ ᠶᠢᠨ ᠨᠤᠷᠠᠬᠤ ᠠᠶᠤᠯᠲᠠᠶ ᠭᠡᠷ ᠪᠠᠶᠢᠰᠢᠩ ᠢ ᠥᠭᠡᠷᠡᠴᠢᠯᠡᠨ ᠵᠠᠰᠠᠬᠤ ᠶᠢ ᠬᠡᠷᠡᠭᠵᠢᠭᠦᠯᠵᠦ᠂ 3020 ᠡᠷᠦᠬᠡ ᠶᠢ ᠣᠨᠳᠣᠣ ᠭᠠᠵᠠᠷ ᠲᠤ ᠨᠡᠭᠦᠯᠭᠡᠪᠡ᠃ ᠮᠠᠯᠵᠢᠬᠤ ᠲᠠᠷᠢᠶᠠᠯᠠᠬᠤ ᠣᠷᠣᠨ ᠤ 5707 ᠵᠣᠷᠯᠣᠩ ᠢ ᠥᠭᠡᠷᠡᠴᠢᠯᠡᠨ ᠵᠠᠰᠠᠵᠤ᠂ ᠠᠮᠢᠳᠤᠷᠠᠯ ᠤᠨ ᠬᠤᠭ ᠨᠣᠪᠰᠢ ᠶᠢᠨ ᠬᠠᠶᠢᠷᠴᠠᠭ᠂ ᠴᠡᠪᠡᠷᠯᠡᠨ ᠲᠡᠭᠡᠭᠡᠪᠦᠷᠢᠯᠡᠬᠦ ᠲᠡᠷᠭᠡ ᠶᠢ ᠪᠣᠶ ᠪᠥᠬᠦᠶ ᠠᠶᠢᠯ ᠲᠣᠰᠬᠤᠨ ︵ᠬᠤᠲᠠ︶ ᠳᠤ ᠪᠦᠷᠬᠦᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭ᠎ᠠ ᠲᠡᠭᠦᠰ ᠠᠮᠵᠢᠯᠲᠠ ᠲᠠᠢ ᠲᠡᠭᠦᠰᠪᠡ᠃ 87 ᠭᠠᠴᠠᠭ᠎ᠠ ᠲᠣᠰᠬᠤᠨ ᠳᠤ ᠴᠥᠮ ᠱᠦᠢᠨᠢ ᠵᠠᠮ ᠨᠡᠪᠲᠡᠷᠡᠭᠦᠯᠵᠦ᠂ ᠰᠢᠨ᠎ᠡ ᠪᠠᠷ ᠨᠡᠮᠡᠭᠳᠡᠭᠰᠡᠨ ᠵᠠᠰᠠᠮᠠᠯ ᠵᠠᠮ ᠤᠨ ᠲᠡᠷᠭᠡ ᠨᠡᠪᠲᠡᠷᠡᠭᠰᠡᠨ ᠵᠠᠮ ᠤᠨ ᠤᠷᠳᠤ 580 ᠭᠠᠷᠤᠶ ᠺᠢᠯᠣᠮᠧᠲᠷ ᠲᠤ ᠬᠦᠷᠴᠦ᠂ ᠬᠤᠳᠠ ᠬᠥᠳᠡᠭᠡ ᠶᠢᠨ ᠤᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠨᠢᠭᠡ ᠴᠤᠭᠴᠠᠵᠢᠭᠤᠯᠤᠨ ᠡᠵᠡᠩᠨᠡᠬᠦ ᠶᠢ ᠪᠡᠶᠡᠯᠡᠭᠦᠯᠪᠡ᠃  ︵ᠲᠠᠪᠤ︶ ᠨᠡᠶᠢᠭᠡᠮ ᠤᠨ ᠦᠢᠯᠡᠰ ᠴᠡᠴᠡᠭᠯᠡᠨ ᠬᠥᠭᠵᠢᠪᠡ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠶ ᠦᠢᠯᠡᠳᠦᠯᠭᠡᠵᠢᠭᠦᠯᠵᠦ᠂ ᠡᠳ᠋ ᠤᠨ ᠵᠠᠰᠠᠭ ᠤᠨ ᠶᠡᠷᠦᠩᠬᠡᠶ ᠵᠠᠷᠤᠯᠭ᠎ᠠ ᠶᠢᠨ 85% ᠶᠢ ᠠᠷᠠᠳ ᠤᠨ ᠠᠮᠢᠳᠤᠷᠠᠯ ᠤᠨ ᠬᠦᠷᠢᠶᠡᠨ ᠳᠤ ᠬᠡᠷᠡᠭᠯᠡᠵᠦ᠂ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ 20 ᠵᠦᠢᠯᠡᠰ ᠢ ᠭᠤᠷᠪᠠᠨ ᠵᠢᠯ ᠳᠠᠷᠠᠭᠠᠯᠠᠨ ᠬᠡᠷᠡᠭᠵᠢᠭᠦᠯᠵᠦ᠂ ᠤᠯᠠᠨ ᠲᠦᠮᠡᠨ ᠤ ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠬᠤ ᠠᠷᠠᠳ ᠤᠨ ᠠᠮᠢᠳᠤᠷᠠᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠪᠡ᠃ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ᠂ ᠡᠮ ᠡᠮᠨᠡᠯᠭᠡ ᠶᠢᠨ ᠳᠠᠭᠠᠳᠬᠠᠯ ᠳᠤ ᠣᠷᠣᠯᠴᠠᠭᠰᠠᠨ ᠨᠤᠷᠮ᠎ᠠ ᠶᠢ ᠴᠥᠮ 90% ᠠᠴᠠ ᠳᠡᠭᠡᠭᠰᠢ ᠳᠤ ᠬᠦᠷᠭᠡᠨ᠎ᠡ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠶᠢᠨ ᠡᠷᠦᠬᠡ᠂ ᠵᠡᠮᠳᠡᠭᠴᠦᠳ ᠵᠡᠷᠭᠡ ᠡᠯ᠎ᠡ ᠲᠥᠷᠥᠯ ᠤᠨ ᠬᠦᠴᠢᠷᠳᠡᠯᠲᠡᠶ ᠣᠯᠠᠨ ᠲᠦᠮᠡᠨ ᠳᠤ ᠵᠢᠯ ᠪᠦᠷᠢ ᠳᠤᠮᠳᠠᠴᠢ ᠪᠠᠷ 1.63 ᠳ᠋ᠦᠩᠰᠢᠭᠤᠷ ᠲᠥᠭᠦᠷᠢᠭ ᠤᠨ ᠨᠥᠬᠦᠪᠥᠷᠢ ᠣᠯᠭᠤᠪᠠ᠃ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠤᠭᠰᠠᠨ ᠬᠥᠮᠦᠨ ᠤᠳᠠᠭ᠎ᠠ ᠨᠡᠶᠢᠲᠡ 30 ᠭᠠᠷᠤᠶ ᠲᠦᠮᠡᠨ ᠬᠥᠮᠦᠨ ᠤᠳᠠᠭ᠎ᠠ ᠳᠤ ᠬᠦᠷᠴᠦ᠂ ᠵᠢᠯ ᠪᠦᠷᠢ ᠳᠤᠮᠳᠠᠴᠢ ᠪᠠᠷ 2 ᠳ᠋ᠦᠩᠰᠢᠭᠤᠷ ᠲᠥᠭᠦᠷᠢᠭ ᠤᠨ ᠲᠠᠩᠰᠠ ᠲᠠᠶᠢᠯᠤᠭᠰᠠᠨ ᠪᠠᠶᠢᠨ᠎ᠠ᠃ ᠰᠤᠷᠭᠠᠨ ᠬᠥᠮᠦᠵᠢᠯ ᠵᠢᠭᠠᠨ ᠰᠤᠷᠭᠠᠯᠲᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠦᠨᠳᠦᠰᠦᠨ ᠳᠡᠭᠡᠨ ᠲᠡᠩᠴᠡᠭᠦᠷᠢᠲᠡᠢ ᠪᠣᠯᠭᠠᠵᠤ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠭᠤᠷᠪᠠᠨ ᠵᠢᠯ ᠤᠨ ᠰᠤᠷᠭᠠᠭᠤᠯᠢ ᠳᠤ ᠤᠷᠤᠭᠰᠠᠨ ᠪᠦᠬᠦ ᠨᠤᠷᠮ᠎ᠠ 96% ᠠᠴᠠ ᠳᠡᠭᠡᠭᠰᠢ ᠳᠤ ᠬᠦᠷᠴᠦ᠂ ᠥᠨᠳᠥᠷ ᠵᠡᠷᠭᠡ ᠶᠢᠨ ᠳᠤᠮᠳᠠᠳᠤ ᠰᠤᠷᠭᠠᠭᠤᠯᠢ ᠶᠢᠨ ᠰᠢᠯᠭᠠᠯᠲᠠ ᠶᠢᠨ ᠬᠢᠷᠢ ᠪᠦᠲᠦᠮᠵᠢ 4 ᠵᠢᠯ ᠳᠠᠷᠠᠭᠠᠯᠠᠨ ᠪᠦᠬᠦ ᠬᠤᠳᠠ ᠶᠢᠨ ᠡᠮᠦᠨ᠎ᠡ ᠡᠩᠨᠡᠭᠡᠨ ᠳᠤ ᠲᠣᠭᠲᠠᠪᠤᠷᠢᠵᠢᠪᠠ᠃ 2021 ᠣᠨ ᠳᠤ ᠪᠠᠭᠰᠢ ᠶᠢᠨ ᠮᠡᠷᠭᠡᠵᠢᠯ ᠤᠨ ᠴᠣᠯᠠ ᠶᠢᠨ ᠴᠠᠯᠢᠩ᠂ ᠠᠩᠭᠢ ᠶᠢᠨ ᠡᠷᠬᠢᠯᠡᠭᠴᠢ ᠶᠢᠨ ᠨᠡᠮᠡᠭᠦᠷᠢ ᠵᠡᠷᠭᠡ ᠶᠢ ᠪᠡᠶᠡᠯᠡᠭᠦᠯᠵᠦ᠂ 72 ᠪᠠᠭᠰᠢ ᠶᠢ ᠰᠢᠨ᠎ᠡ ᠪᠠᠷ ᠤᠷᠢᠨ ᠡᠯᠰᠡᠵᠦ᠂ ᠪᠠᠭᠰᠢ ᠶᠢᠨ ᠡᠩᠨᠡᠭᠡ ᠶᠢᠨ ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠨ᠂ ᠪᠠᠭᠰᠢᠯᠠᠬᠤ ᠢᠳᠡᠪᠬᠢᠵᠢᠯ ᠨᠢ ᠦᠷᠭᠦᠯᠵᠢᠯᠡᠨ ᠳᠡᠭᠡᠭᠰᠢᠯᠡᠪᠡ᠃ ᠨᠡᠶᠢᠲᠡ 5094 ᠲᠦᠮᠡᠨ ᠲᠥᠭᠦᠷᠢᠭ ᠤᠨ ᠪᠠᠯᠠ ᠣᠷᠣᠭᠤᠯᠵᠤ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠲᠣᠮᠣ ᠠᠰᠠᠷ᠂ ᠡᠷᠡᠭᠦᠯ ᠬᠠᠮᠠᠭᠠᠯᠠᠯ ᠤᠨ ᠶᠡᠷᠦᠩᠬᠡᠶᠢᠯᠡᠭᠰᠡᠨ ᠲᠣᠮᠣ ᠠᠰᠠᠷ᠂ ᠲᠦᠮᠠᠯᠲᠠᠶ ᠶᠢᠨ ᠬᠤᠯᠤᠭᠠᠨ᠎ᠠ ᠶᠢᠨ ᠬᠢᠵᠢᠭ ᠢ ᠬᠢᠨᠠᠨ ᠬᠡᠮᠵᠢᠬᠦ ᠥᠷᠲᠡᠭᠡ ᠪᠠ 3 ᠰᠠᠭᠤᠷᠢ P C R ᠲᠤᠷᠰᠢᠯᠲᠠ ᠶᠢᠨ ᠲᠠᠰᠤᠭ ᠢ ᠪᠠᠶᠢᠭᠤᠯᠵᠤ᠂ ᠡᠮᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠪᠡ᠃ ᠬᠤᠰᠢᠭᠤᠨ ᠡᠮᠨᠡᠯᠭᠡ ᠶᠢᠨ ᠬᠤᠷᠢᠶ᠎ᠠ᠂ ᠮᠣᠩᠭᠤᠯ ᠡᠮᠨᠡᠯᠭᠡ ᠶᠢᠨ ᠬᠤᠷᠢᠶ᠎ᠠ ᠬᠤᠶᠠᠳᠤᠭᠠᠷ ᠳᠡᠰ ᠤᠨ ᠬᠥᠬᠡ ᠲᠠᠰ᠂ ᠬᠤᠶᠠᠳᠤᠭᠠᠷ ᠳᠡᠰ ᠤᠨ ᠬᠥᠬᠡᠭᠴᠢᠨ ᠲᠠᠰ ᠤᠨ ᠰᠢᠯᠭᠠᠨ ᠪᠠᠶᠢᠴᠠᠭᠠᠯᠲᠠ ᠶᠢ ᠥᠩᠭᠡᠷᠡᠭᠡᠵᠦ᠂ ᠡᠷᠡᠭᠦᠯ ᠬᠠᠮᠠᠭᠠᠯᠠᠯ ᠤᠨ ᠬᠤᠷᠢᠶ᠎ᠠ ᠶᠢᠨ ᠲᠤᠰᠬᠠᠶ ᠮᠡᠷᠭᠡᠵᠢᠯ ᠤᠨ ᠠᠵᠢᠯᠲᠠᠨ ᠢ 90 ᠰᠢᠨ᠎ᠡ ᠪᠠᠷ ᠤᠷᠢᠨ ᠲᠣᠮᠢᠯᠠᠵᠤ᠂ ᠬᠤᠰᠢᠭᠤ ᠬᠥᠳᠡᠭᠡ ᠲᠣᠰᠬᠤᠨ ᠤ ᠭᠤᠷᠪᠠᠳᠤᠭᠠᠷ ᠳᠡᠰ ᠤᠨ ᠡᠮ ᠡᠮᠨᠡᠯᠭᠡ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠣᠤᠷ ᠰᠦᠯᠵᠢᠶ᠎ᠡ ᠶᠢ ᠪᠦᠬᠦᠨ ᠢ ᠬᠠᠮᠤᠷᠬᠤ ᠶᠢ ᠪᠡᠶᠡᠯᠡᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠦᠨ᠎ᠡ᠃ ᠠᠷᠠᠳ ᠲᠦᠮᠡᠨ ᠢ ᠳᠡᠭᠡᠳᠦᠯᠡᠬᠦ᠂ ᠠᠮᠢ ᠨᠠᠰᠤ ᠶᠢ ᠳᠡᠭᠡᠳᠦᠯᠡᠬᠦ ᠶᠢ ᠪᠠᠷᠢᠮᠲᠠᠯᠠᠵᠤ᠂ ᠰᠢᠨ᠎ᠡ ᠲᠢᠲᠢᠮ ᠲᠠᠢ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ᠂ ᠬᠤᠯᠤᠭᠠᠨ᠎ᠠ ᠶᠢᠨ ᠬᠢᠵᠢᠭ ᠤᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠪᠠᠶᠢᠩᠭᠤᠵᠢᠭᠤᠯᠤᠨ ᠰᠠᠶᠢᠲᠤᠷ ᠠᠳᠬᠤᠵᠤ᠂ ᠪᠠᠴᠢᠮ ᠪᠠᠶᠢᠳᠠᠯ ᠢ ᠠᠷᠭᠠᠴᠠᠬᠤ ᠵᠢᠯᠣᠭᠤᠳᠬᠤ ᠰᠢᠰᠲ᠋ᠧᠮ ᠪᠠ ᠬᠠᠮᠲᠤᠷᠠᠨ ᠰᠡᠷᠭᠡᠶᠢᠯᠡᠵᠦ ᠬᠠᠮᠲᠤᠷᠠᠨ ᠬᠢᠵᠠᠭᠠᠷᠯᠠᠬᠤ ᠲᠣᠭᠲᠠᠴᠠ ᠶᠢ ᠲᠠᠰᠤᠷᠠᠯᠳᠠ ᠦᠭᠡᠢ ᠲᠡᠭᠦᠯᠳᠡᠷᠵᠢᠭᠦᠯᠵᠦ᠂ ᠠᠷᠠᠳ ᠤᠯᠠᠨ ᠤ ᠠᠮᠢ ᠨᠠᠰᠤᠨ ᠤ ᠠᠮᠤᠷ ᠲᠦᠪᠰᠢᠨ ᠪᠠ ᠪᠡᠶ᠎ᠡ ᠮᠠᠬᠠᠪᠣᠳ ᠤᠨ ᠡᠷᠡᠭᠦᠯ ᠮᠡᠨᠳᠤ ᠶᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠪᠠ᠃ ᠰᠣᠶᠣᠯ ᠤᠨ ᠦᠢᠯᠡᠰ ᠴᠡᠴᠡᠭᠯᠡᠨ ᠬᠥᠭᠵᠢᠪᠡ᠃ ᠪᠥᠬᠦ ᠤᠯᠤᠰ ᠤᠨ ᠬᠥᠳᠡᠭᠡ ᠲᠣᠰᠬᠤᠨ ᠤ ᠴᠠᠭᠠᠨ ᠰᠠᠷ᠎ᠠ ᠶᠢᠨ ᠦᠳᠡᠰᠢᠯᠡᠭᠡ ᠶᠢᠨ ᠵᠢᠱᠢᠶ᠎ᠡ ᠦᠵᠡᠭᠦᠯᠬᠦ ᠦᠵᠡᠭᠦᠯᠦᠯᠭᠡ ᠶᠢᠨ ᠴᠡᠭ ᠲᠤ ᠠᠮᠵᠢᠯᠲᠠ ᠲᠠᠢ ᠪᠠᠷ ᠰᠣᠩᠭᠤᠭᠳᠠᠵᠤ᠂ ︽ᠤᠮᠠᠷᠠᠲᠤ ᠬᠢᠯᠢ ᠶᠢ ᠪᠥᠵᠢᠭᠯᠡᠬᠦ︾ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠬᠤᠭᠤᠴᠠᠭᠠᠨ ᠤ ᠲᠠᠯᠠᠪᠠᠶ ᠶᠢᠨ ᠪᠥᠵᠢᠭ ᠤᠨ ᠤᠷᠤᠯᠳᠤᠭᠠᠨ ᠢ ᠤᠯᠠᠭᠠᠨᠮᠥ᠋ᠴᠢᠷ᠂ ᠰᠣᠶᠣᠯ ᠤᠨ ᠣᠷᠳᠣᠨ ᠲᠤᠰ ᠲᠤᠰ ᠪᠦᠬᠦ ᠣᠷᠣᠨ ᠤ ᠠᠷᠪᠠᠨ ᠰᠢᠯᠢᠳᠡᠭ ᠴᠣᠯᠠ ᠬᠦᠷᠳᠡᠪᠡ᠃ ᠨᠣᠣᠰᠣᠨ ᠬᠠᠳᠬᠤᠮᠠᠯ ᠤᠯᠤᠰ ᠤᠨ ᠳᠡᠰ ᠤᠨ ᠪᠣᠳᠠᠰ ᠤᠨ ᠪᠤᠰᠤ ᠰᠣᠶᠣᠯ ᠤᠨ ᠥᠪ ᠤᠨ ᠨᠡᠷᠡᠰ ᠲᠤ ᠰᠣᠩᠭᠤᠭᠳᠠᠪᠠ᠃ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ ᠶᠢ ᠪᠦᠬᠦ ᠲᠠᠯ᠎ᠠ ᠪᠠᠷ ᠳᠡᠯᠭᠡᠷᠡᠭᠦᠯᠵᠦ᠂ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠳᠡᠯᠭᠡᠷᠡᠭᠦᠯᠦᠨ ᠲᠦᠭᠡᠮᠡᠯᠵᠢᠭᠦᠯᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠨᠡᠩ ᠪᠠᠲᠤᠳᠬᠠᠪᠠ᠃ ᠤᠯᠤᠰ ᠤᠨ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 1᠂ ᠥᠪᠡᠷᠲᠡᠭᠡᠨ ᠵᠠᠰᠠᠬᠤ ᠣᠷᠣᠨ ᠤ ᠲᠠᠰ ᠤᠨ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢᠨ ᠵᠢᠱᠢᠶ᠎ᠡ ᠦᠵᠡᠭᠦᠯᠬᠦ ᠨᠢᠭᠡᠴᠡ 3 ᠶᠢ ᠡᠭᠦᠳᠦᠨ ᠪᠠᠶᠢᠭᠤᠯᠤᠨ᠎ᠠ᠃ ᠬᠤᠶᠠᠷ ᠭᠠᠴᠠᠭ᠎ᠠ ᠨᠢ ᠪᠦᠬᠦ ᠤᠯᠤᠰ ᠤᠨ ᠴᠥᠭᠡᠨ ᠲᠣᠭᠠᠲᠤ ᠦᠨᠳᠦᠰᠦᠲᠡᠨ ᠤ ᠤᠨᠴᠠᠯᠢᠭᠳᠤ ᠲᠣᠰᠬᠤᠨ ᠢᠶᠠᠷ ᠦᠨᠡᠯᠡᠭᠳᠡᠪᠡ᠃ ᠡᠯ᠎ᠡ ᠵᠣᠶᠢᠯ ᠤᠨ ᠠᠰᠠᠷᠠᠨ ᠬᠠᠷᠠᠭᠠᠯᠵᠠᠬᠤ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠤᠰᠬᠠᠶ  ᠵᠣᠶᠢᠯ ᠤᠨ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ 190 ᠳᠣᠭᠢᠷᠠᠭᠤᠯᠤᠨ᠂ ᠴᠡᠷᠢᠭ ᠠᠴᠠ ᠬᠠᠯᠠᠭᠳᠠᠭᠰᠠᠳ ᠤᠨ  ᠦᠢᠯᠡᠴᠢᠯᠡᠬᠡᠨ ᠤ ᠪᠠᠲᠤᠯᠠᠭ᠎ᠠ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠵᠠᠯᠭᠠᠭ᠎ᠠ ᠪᠠᠷ ᠲᠠᠪᠤ ᠤᠳᠠᠭ᠎ᠠ ︽ᠪᠥᠬᠦ ᠣᠷᠣᠨ ᠤ ᠬᠤᠶᠠᠷ ᠢ ᠬᠦᠷᠢᠶᠡᠯᠡᠭᠰᠡᠨ ᠵᠢᠱᠢᠶᠡᠴᠢ ᠬᠤᠰᠢᠭᠤ︾ ᠶᠢᠨ ᠢᠷᠠᠭᠤ ᠠᠯᠳᠠᠷ ᠢ ᠭᠥᠷᠳᠡᠪᠡ᠃ 4037 ᠡᠷᠦᠬᠡ ᠰᠠᠭᠤᠭᠠᠯᠢ ᠠᠷᠠᠳ ᠦᠯᠦ ᠬᠥᠳᠡᠯᠬᠦ ᠬᠦᠷᠦᠩᠭᠡ ᠶᠢᠨ ᠡᠷᠬᠡ ᠶᠢᠨ ᠦᠨᠡᠮᠯᠡᠯ ᠢ ᠤᠷᠤᠭᠰᠢᠲᠠᠶ ᠭᠦᠢᠴᠡᠳᠬᠡᠵᠦ᠂ ᠭᠡᠷ ᠪᠠᠶᠢᠰᠢᠩ ᠭᠠᠵᠠᠷ ᠰᠢᠷᠣᠶ ᠶᠢᠨ ᠬᠦᠷᠦᠩᠭᠡ ᠶᠢᠨ ︽ᠭᠤᠷᠪᠠᠨ ᠬᠦᠴᠢᠷᠳᠡᠯ︾ ᠤᠨ ᠠᠰᠠᠭᠤᠳᠠᠯ ᠢ ᠪᠦᠲᠦᠮᠵᠢᠲᠡᠶ ᠪᠠᠷ ᠰᠢᠢᠳᠪᠦᠷᠢᠯᠡᠪᠡ᠃ ᠡᠩ ᠤᠨ ᠦᠨ᠎ᠡ ᠶᠢᠨ ︽ᠳᠤᠯᠠᠭᠠᠨ ᠨᠡᠭᠦᠷᠡᠰᠦ︾ ᠶᠢ ᠲᠥᠪᠯᠡᠷᠡᠭᠦᠯᠦᠨ ᠬᠤᠳᠠᠯᠳᠤᠨ ᠠᠪᠴᠤ ᠲᠠᠷᠬᠠᠭᠠᠵᠤ᠂ ᠬᠤᠲᠠ ᠪᠠᠯᠭᠠᠰᠤ ᠶᠢᠨ ᠰᠠᠭᠤᠭᠠᠯᠢ ᠠᠷᠠᠳ ᠪᠣᠯᠤᠨ ᠮᠠᠯᠴᠢᠨ ᠲᠠᠷᠢᠶᠠᠴᠢᠨ ᠤ ᠳᠤᠯᠠᠭᠠᠨ ᠪᠦᠯᠢᠶᠡᠨ ᠡᠪᠦᠯᠵᠢᠬᠦ ᠶᠢ ᠦᠨᠡᠨᠬᠦ ᠪᠠᠲᠤᠯᠠᠨ᠎ᠠ᠃ ︽ᠲᠤᠯᠤᠭᠠᠨ ᠬᠥᠮᠦᠨ ᠢ ᠲᠦᠭᠡᠮᠡᠯᠵᠢᠭᠦᠯᠬᠦ︾᠂ ︽ᠲᠦᠷᠪᠡᠨ ᠠᠵᠤ ᠠᠬᠤᠶ ᠶᠢ ᠲᠦᠭᠡᠮᠡᠯᠵᠢᠭᠦᠯᠬᠦ︾ ᠪᠠ ᠶᠠᠳᠠᠭᠤ ᠠᠴᠠ ᠠᠩᠭᠢᠵᠢᠷᠠᠭᠤᠯᠬᠤ ᠪᠡᠷᠬᠡ ᠰᠡᠳᠦᠪ ᠢ ᠰᠢᠢᠳᠪᠦᠷᠢᠯᠡᠬᠦ‌ᠨᠡᠶᠢᠳᠡᠮ ᠪᠠᠶᠢᠴᠠᠭᠠᠯᠲᠠ ᠶᠢᠨ ᠡᠭᠦᠷᠭᠡ ᠶᠢ ᠲᠡᠭᠦᠰ ᠠᠮᠵᠢᠯᠲᠠ ᠲᠠᠢ ᠪᠡᠶᠡᠯᠡᠭᠦᠯᠪᠡ᠃ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠶᠡᠷᠦᠩᠬᠡᠶᠢᠯᠡᠭᠰᠡᠨ ᠬᠢᠨᠠᠨ ᠰᠢᠯᠭᠠᠯᠲᠠ ᠳᠥᠷᠪᠡᠨ ᠵᠢᠯ ᠳᠠᠷᠠᠭᠠᠯᠠᠨ ᠪᠦᠬᠦ ᠬᠤᠲᠠ ᠶᠢᠨ ᠡᠮᠦᠨ᠎ᠡ ᠡᠩᠨᠡᠭᠡᠨ ᠳᠤ ᠣᠷᠣᠵᠤ᠂ ᠤᠯᠤᠰ ᠤᠨ ᠵᠠᠬᠢᠳᠠᠯ ᠰᠤᠷᠪᠤᠯᠵᠢᠯᠠᠭ᠎ᠠ ᠶᠢᠨ ᠠᠵᠢᠯ ᠤᠨ ᠵᠢᠱᠢᠶ᠎ᠡ ᠦᠵᠡᠭᠦᠯᠬᠦ ᠬᠤᠰᠢᠭᠤ ᠰᠢᠶᠠᠨ ᠳᠤ ᠠᠮᠵᠢᠯᠲᠠ ᠲᠠᠢ ᠪᠠᠷ ᠭᠤᠶᠤᠴᠢᠯᠠᠨ ᠮᠡᠳᠡᠭᠦᠯᠪᠡ᠃ ︽ᠠᠮᠤᠷ ᠠᠮᠤᠭᠤᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ︾ ᠶᠢᠨ ᠪᠥᠲᠥᠭᠡᠨ ᠪᠠᠶᠢᠭᠤᠯᠤᠯᠲᠠ ᠯᠠᠪᠳᠠᠭᠤᠨ ᠢᠶᠠᠷ ᠠᠭᠢᠪᠠ᠃ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠳᠤᠷ᠎ᠠ ᠪᠠᠷ ᠢᠶᠠᠨ ᠰᠦᠢᠳᠬᠡᠯ ᠬᠤᠷᠢᠶᠠᠬᠤ ᠶᠢ ᠴᠡᠭᠴᠡᠯᠡᠨ ᠵᠠᠰᠠᠬᠤ ᠢᠳᠡᠭᠡᠨ ᠪᠠ ᠡᠮ ᠤᠨ ᠵᠦᠢᠯ ᠤᠨ ᠠᠶᠤᠯᠭᠦᠶ ᠶᠢᠨ ᠬᠢᠨᠠᠯᠲᠠ ᠬᠠᠮᠢᠶᠠᠷᠤᠯᠲᠠ ᠶᠢᠨ ᠡᠷᠴᠢᠮ ᠢ ᠦᠷᠭᠦᠯᠵᠢᠯᠡᠨ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ ᠭᠠᠷᠤᠭᠰᠠᠨ ᠲᠤᠭ᠎ᠠ ᠂ ᠠᠳᠡᠭᠰᠡᠨ ᠬᠥᠮᠦᠨ ᠤ ᠲᠤᠭ᠎ᠠ ᠴᠥᠮ ᠪᠦᠬᠦ ᠬᠤᠲᠠ ᠶᠢᠨ ᠳᠤᠮᠳᠠᠴᠢ ᠲᠦᠪᠰᠢᠨ ᠠᠴᠠ ᠳᠣᠣᠷ᠎ᠠ ᠪᠠᠶᠢᠵᠤ᠂ ᠤᠯᠠᠨ ᠲᠦᠮᠡᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ ᠲᠠᠰᠤᠷᠠᠯᠲᠠ ᠦᠭᠡᠢ ᠳᠡᠭᠡᠭᠰᠢᠯᠡᠪᠡ᠃︵ᠵᠢᠷᠭᠤᠭ᠎ᠠ︶ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠡᠷᠡᠰ ᠲᠤᠤᠱᠯᠠᠭᠤᠯᠤᠨ ᠨᠠᠶᠢᠳᠠᠪᠤᠷᠢᠵᠢᠭᠤᠯᠵᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠦᠵᠢᠯ ᠢ ᠦᠷᠭᠦᠯᠵᠢᠯᠡᠨ ᠠᠬᠢᠭᠤᠯᠵᠤ᠂ ︽ᠤᠭ ᠰᠠᠨᠠᠭ᠎ᠠ ᠪᠠᠨ ᠥᠯᠥ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠣᠯ ᠰᠡᠳᠦᠪᠲᠦ ᠬᠥᠮᠦᠵᠢᠯ ᠢ ᠪᠠᠶᠢᠩᠭᠤᠵᠢᠭᠤᠯᠤᠨ ᠳᠦᠷᠢᠮᠵᠢᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠪᠦᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠭᠳᠠᠭᠰᠠᠨ 70 ᠵᠢᠯ ᠤᠨ ᠤᠢ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠬᠠᠯᠠᠭᠤᠨ ᠢᠶᠠᠷ ᠪᠡᠯᠭᠡᠯᠡᠵᠦ᠂ ᠵᠠᠰᠠᠭ ᠤᠨ ᠣᠷᠳᠣᠨ ᠤ ᠰᠢᠰᠲ᠋ᠧᠮ ᠤᠨ ᠤᠬᠠᠮᠰᠠᠷ ᠠᠴᠠ ᠪᠠᠨ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠣᠯᠣᠭᠠᠢ ᠪᠠᠨ ᠵᠡᠪᠰᠡᠭᠯᠡᠬᠦ᠂ ᠦᠢᠯᠡᠳᠦᠯᠭᠡ ᠪᠠᠨ ᠵᠢᠯᠤᠭᠤᠳᠤᠭᠤᠯᠬᠤ᠂ ᠠᠵᠢᠯ ᠢᠶᠠᠨ ᠠᠬᠢᠭᠤᠯᠬᠤ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠪᠡ᠃ ᠲᠥᠪ ᠬᠤᠷᠢᠶᠠᠨ ᠤ ᠨᠠᠢᠮᠠᠨ ᠵᠦᠢᠯ ᠤᠨ ᠲᠣᠭᠲᠠᠭᠠᠯ ᠵᠢᠴᠢ ᠲᠡᠭᠦᠨ ᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ ᠶᠢ ᠦᠷᠭᠦᠯᠵᠢᠯᠡᠨ ᠲᠦᠯᠬᠢᠨ ᠠᠬᠢᠭᠤᠯᠵᠤ᠂ ᠳᠣᠯᠣᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠡᠭᠦᠷᠭᠡ ᠶᠢ ᠪᠦᠬᠦ ᠲᠠᠯ᠎ᠠ ᠪᠠᠷ ᠪᠡᠶᠡᠯᠡᠭᠦᠯᠵᠦ᠂ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠳᠦᠷᠢᠮ᠂ ᠵᠠᠰᠠᠭ ᠤᠨ ᠣᠷᠳᠣᠨ ᠤ ᠠᠵᠢᠯ ᠤᠨ ᠳᠦᠷᠢᠮ᠂ ︽ᠭᠤᠷᠪᠠᠨ ᠴᠢᠬᠤᠯᠠ ᠨᠢᠭᠡ ᠶᠡᠭᠡ︾ ᠶᠢᠨ ᠬᠡᠷᠡᠭ ᠶᠠᠪᠤᠳᠠᠯ ᠳᠤ ᠬᠠᠮᠲᠤ ᠪᠠᠷ  ᠰᠢᠢᠳᠪᠦᠷᠢᠳᠦ ᠪᠤᠳᠤᠯᠭ᠎ᠠ ᠲᠣᠭᠲᠠᠭᠠᠬᠤ ᠵᠡᠷᠭᠡ ᠳᠦᠷᠢᠮ ᠲᠣᠭᠲᠠᠭᠠᠯ ᠢ ᠲᠡᠭᠦᠯᠳᠡᠷᠵᠢᠭᠦᠯᠵᠦ᠂ ᠬᠠᠤᠯᠢ ᠶᠣᠰᠣᠭᠠᠷ ᠵᠠᠰᠠᠭ ᠶᠠᠪᠤᠭᠤᠯᠬᠤ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠪᠡ᠃ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠥᠷᠥ ᠶᠢᠨ ᠵᠥᠪᠯᠡᠯᠭᠡᠨ ᠤ ᠠᠷᠠᠳᠴᠢᠯᠠᠯ ᠢᠶᠠᠷ ᠬᠢᠨᠠᠯᠲᠠ ᠲᠠᠯᠪᠢᠬᠤ ᠶᠢ ᠤᠬᠠᠮᠰᠠᠷ ᠠᠴᠠ ᠪᠠᠨ ᠬᠦᠯᠢᠶᠡᠵᠦ᠂ 261 ᠬᠤᠪᠢ ᠠᠷᠠᠳ ᠤᠨ ᠲᠥᠯᠥᠭᠡᠯᠡᠭᠴᠢᠳ ᠤᠨ ᠰᠠᠨᠠᠭᠤᠯᠭ᠎ᠠ᠂ ᠵᠥᠪᠯᠡᠯᠭᠡ ᠪᠠ 408 ᠬᠤᠪᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ ᠤ ᠳᠤᠷᠠᠳᠤᠯᠭ᠎ᠠ ᠶᠢ ᠪᠦᠬᠦᠨ ᠢ ᠰᠢᠢᠳᠪᠦᠷᠢᠯᠡᠵᠤ ᠳᠠᠭᠤᠰᠬᠠᠨ᠂ ᠰᠢᠢᠳᠪᠦᠷᠢᠯᠡᠵᠤ ᠳᠠᠭᠤᠰᠬᠠᠭᠰᠠᠨ ᠨᠣᠷᠮ᠎ᠠ᠂ ᠬᠠᠨᠤᠮᠵᠢᠲᠠᠶ ᠨᠣᠷᠮ᠎ᠠ ᠲᠠᠰᠤᠷᠠᠯᠲᠠ ᠥᠬᠡᠶ ᠳᠡᠭᠡᠭᠰᠢᠯᠡᠪᠡ᠃ ︽ᠦᠬᠡᠨᠴᠡ ᠲᠤᠷᠤᠢ ᠠᠯᠵᠠᠭᠤ ᠬᠤᠶᠢᠷᠭᠤ ᠰᠤᠯᠠ ᠵᠠᠳᠠᠭᠠᠶ᠂ ᠲᠦᠯᠬᠢᠵᠦ ᠤᠳᠠᠭᠠᠰᠢᠷᠠᠭᠤᠯᠬᠤ᠂ ᠬᠤᠶᠢᠷᠭᠤᠰᠢᠨ ᠬᠤᠶᠢᠷᠭᠤᠰᠢᠬᠤ︾ ᠲᠤᠰᠬᠠᠶ ᠵᠦᠢᠯ ᠤᠨ ᠰᠤᠷᠲᠠᠯ ᠢ ᠴᠡᠭᠴᠡᠯᠡᠨ ᠵᠠᠰᠠᠬᠤ ᠠᠵᠢᠯ ᠢ ᠲᠥᠪᠯᠡᠷᠡᠭᠦᠯᠦᠨ ᠥᠷᠨᠢᠭᠦᠯᠵᠦ᠂ ᠵᠠᠰᠠᠭ ᠤᠨ ᠣᠷᠳᠣᠨ ᠤ ᠰᠢᠰᠲ᠋ᠧᠮ ᠤᠨ ᠨᠠᠮ ᠤᠨ ᠰᠤᠷᠲᠠᠯ ᠤᠨ ᠪᠠ ᠠᠷᠢᠭᠤᠨ ᠴᠢᠬᠡᠴᠢ ᠪᠠᠷ ᠵᠠᠰᠠᠭ ᠪᠠᠷᠢᠬᠤ ᠪᠠᠶᠢᠭᠤᠯᠤᠯᠲᠠ ᠶᠢ ᠲᠠᠰᠤᠷᠠᠯᠳᠠ ᠦᠭᠡᠢ ᠴᠢᠩᠭᠠᠳᠬᠠᠪᠠ᠃ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠭᠦᠨᠵᠡᠭᠡᠶ ᠲᠦᠯᠬᠢᠨ ᠠᠬᠢᠭᠤᠯᠤᠨ᠎ᠠ᠃ ᠱᠠᠰᠢᠨ ᠰᠤᠷᠲᠠᠬᠤᠨ ᠤ ᠲᠤᠬᠠᠶ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠲᠤᠭ᠎ᠠ ᠪᠦᠷᠢᠳᠬᠡᠯ᠂ ᠬᠢᠨᠠᠨ ᠪᠤᠳᠤᠯᠳᠠ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠳᠠᠨ ᠤ ᠨᠡᠶᠢᠭᠡᠮᠯᠢᠭ ᠵᠡᠷᠭᠡ ᠡᠯ᠎ᠡ ᠵᠦᠢᠯ ᠤᠨ ᠠᠵᠢᠯ ᠦᠢᠯᠡᠰ ᠰᠢᠨ᠎ᠡ ᠲᠠᠪᠰᠢᠯᠳᠠ ᠲᠠᠢ ᠪᠣᠯᠪᠠ᠃        ᠲᠥᠯᠥᠭᠡᠯᠡᠭᠴᠢᠳ ᠡ︕ ᠥᠩᠭᠡᠷᠡᠭᠰᠡᠨ ᠳᠥᠷᠪᠡᠨ ᠵᠢᠯ ᠪᠣᠯ ᠬᠠᠲᠠᠭᠤ ᠪᠡᠷᠬᠡᠰᠢᠶᠡᠯ ᠢᠶᠠᠷ ᠪᠢᠯᠬᠠᠵᠤ᠂ ᠡᠷᠡᠮᠡᠬᠡᠶᠢᠯᠡᠨ ᠤᠷᠤᠭᠰᠢᠯᠠᠭᠰᠠᠨ ᠳᠥᠷᠪᠡᠨ ᠵᠢᠯ ᠮᠥᠨ᠂ ᠮᠠᠨ ᠤ ᠬᠤᠰᠢᠭᠤᠨ ᠤ ᠶᠡᠷᠦᠩᠬᠡᠶᠢᠯᠡᠭᠰᠡᠨ ᠪᠣᠳᠠᠲᠤ ᠬᠦᠴᠦᠨ ᠲᠦᠷᠭᠡᠨ ᠳᠡᠭᠡᠭᠰᠢᠯᠡᠭᠰᠡᠨ ᠳᠥᠷᠪᠡᠨ ᠵᠢᠯ ᠮᠥᠨ᠂ ᠪᠠᠰᠠ ᠴᠤ ᠬᠤᠲᠠ ᠬᠥᠳᠡᠭᠡ ᠶᠢᠨ ᠳᠦᠷᠰᠦ ᠪᠠᠶᠢᠳᠠᠯ ᠤᠨ ᠬᠤᠪᠢᠷᠠᠯᠲᠠ ᠬᠠᠮᠤᠭ ᠤᠨ ᠶᠡᠭᠡ᠂ ᠠᠷᠠᠳ ᠣᠯᠠᠨ ᠤ ᠠᠰᠢᠭ ᠲᠤᠰᠠ ᠬᠠᠮᠤᠭ ᠤᠨ ᠠᠷᠪᠢᠨ ᠭᠥᠷᠳᠡᠭᠰᠡᠨ ᠳᠥᠷᠪᠡᠨ ᠵᠢᠯ ᠮᠥᠨ᠃ ᠲᠦᠷᠪᠡᠨ ᠵᠢᠯ ᠤᠨ ᠲᠤᠷᠰᠢ᠂ ᠪᠢᠳᠡ ᠠᠵᠤ ᠠᠬᠤᠶ ᠪᠠᠭᠤᠷᠠᠬᠤ ᠳᠠᠷᠤᠯᠲᠠ ᠪᠠ ᠡᠳ᠋ ᠤᠨ ᠬᠦᠴᠦᠨ ᠪᠠᠭᠤᠷᠠᠶ᠂ ᠬᠢᠵᠢᠭ ᠤᠨ ᠪᠠᠶᠢᠳᠠᠯ ᠤᠨ ᠨᠥᠯᠥᠭᠡ ᠵᠡᠷᠭᠡ ᠠᠰᠢᠭ ᠦᠭᠡᠢ ᠬᠦᠴᠦᠨ ᠵᠦᠢᠯ ᠢ ᠡᠷᠡᠰ ᠢᠯᠠᠨ ᠳᠠᠪᠠᠵᠤ᠂ ᠬᠥᠭᠵᠢᠯᠲᠡ ᠶᠢᠨ ᠪᠡᠷᠬᠡ ᠰᠡᠳᠦᠪ ᠤᠳ ᠢ ᠤᠳᠠᠭ᠎ᠠ ᠳᠠᠷᠠᠭᠠᠯᠠᠨ‌‍ᠰᠢᠢᠳᠪᠦᠷᠢᠯᠡᠵᠤ᠂ ᠬᠥᠭᠵᠢᠯᠲᠡ ᠶᠢᠨ ᠰᠢᠨ᠎ᠡ ᠪᠠᠶᠢᠳᠠᠯ ᠤᠳ ᠢ ᠤᠳᠠᠭ᠎ᠠ ᠳᠠᠷᠠᠭᠠᠯᠠᠨ ᠪᠤᠢ ᠪᠣᠯᠭᠠᠪᠠ᠃ ᠡᠳᠡᠭᠡᠷ ᠠᠮᠵᠢᠯᠲᠠ ᠶᠢ ᠣᠯᠤᠭᠰᠠᠨ ᠨᠢ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠣᠯᠤᠨ ᠬᠤᠰᠢᠭᠤᠨ ᠤ ᠨᠠᠮ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ᠂ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠭᠰᠡᠨ ᠤ ᠦᠷ᠎ᠡ ᠳ᠋ᠦᠩ ᠮᠥᠨ᠂ ᠬᠤᠭᠤᠴᠠᠭ᠎ᠠ ᠪᠦᠷᠢ ᠶᠢᠨ ᠤᠳᠤᠷᠢᠳᠬᠤ ᠪᠠᠭ ᠤᠨ ᠦᠷᠭᠦᠯᠵᠢᠯᠡᠨ ᠲᠡᠮᠡᠴᠡᠵᠦ᠂ ᠰᠠᠭᠤᠷᠢ ᠲᠠᠯᠪᠢᠭᠰᠠᠨ ᠤ ᠦᠷ᠎ᠡ ᠳ᠋ᠦᠩ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠤᠰ ᠲᠥᠷᠥ ᠶᠢᠨ ᠵᠥᠪᠯᠡᠯᠭᠡᠨ ᠤ ᠬᠢᠨᠠᠯᠲᠠ ᠳᠡᠮᠵᠢᠯᠭᠡ᠂ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠭᠰᠠᠨ ᠤ ᠦᠷ᠎ᠡ ᠳ᠋ᠦᠩ᠂ ᠲᠥᠪ ᠤᠨ ᠰᠢᠭᠤᠳ ᠬᠠᠷᠢᠶ᠎ᠠ ᠪᠠᠶᠢᠭᠤᠯᠭ᠎ᠠ᠂ ᠪᠡᠭᠡᠵᠢᠩ ᠤᠨ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠬᠦ ᠭᠠᠵᠠᠷ ᠣᠷᠣᠨ ᠪᠠ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ᠂ ᠬᠤᠲᠠ ᠶᠢᠨ ᠰᠢᠭᠤᠳ ᠬᠠᠷᠢᠶ᠎ᠠ ᠪᠠᠶᠢᠭᠤᠯᠭ᠎ᠠ ᠶᠢᠨ ᠪᠥᠬᠦ ᠬᠦᠴᠦᠨ ᠢᠶᠠᠷ ᠢᠶᠠᠨ ᠬᠠᠪᠰᠤᠷᠤᠨ ᠲᠡᠳᠬᠦᠵᠦ᠂ ᠬᠦᠴᠦᠲᠡᠶ ᠳᠡᠮᠵᠢᠭᠰᠡᠨ ᠤ ᠦᠷ᠎ᠡ ᠳ᠋ᠦᠩ᠂ ᠨᠠᠩ ᠴᠤ ᠪᠥᠬᠦ ᠬᠤᠰᠢᠭᠤᠨ ᠤ ᠥᠷᠭᠡᠨ ᠣᠯᠠᠨ ᠺᠠᠳ᠋ᠷ ᠣᠯᠠᠨ ᠲᠦᠮᠡᠨ ᠤ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠡᠷᠡᠯᠬᠡᠭᠯᠡᠨ ᠲᠡᠮᠡᠴᠡᠭᠰᠡᠨ ᠤ ᠦᠷ᠎ᠡ ᠳ᠋ᠦᠩ ᠪᠣᠯᠤᠨ᠎ᠠ᠃ ᠠᠳᠡ ᠪᠢ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠭᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠦᠭᠵᠢᠯᠲᠡ ᠶᠢ ᠬᠠᠯᠠᠮᠵᠢᠯᠠᠨ ᠲᠠᠮᠵᠢᠵᠤ ᠪᠠᠶᠢᠭ᠎ᠠ ᠨᠡᠶᠢᠭᠡᠮ ᠤᠨ ᠡᠯ᠎ᠡ ᠡᠲᠠᠭᠤᠠ ᠤᠨ ᠬᠦᠮᠦᠰ ᠪᠠ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠪᠠ ᠡᠷᠬᠢᠮ ᠳᠡᠭᠡᠳᠦ  ᠬᠦᠨᠳᠣᠳᠭᠡᠯ ᠢᠶᠠᠨ ᠳᠡᠪᠰᠢᠭᠦᠯᠦᠶ᠎ᠡ︕        ᠲᠦᠷᠪᠡᠨ ᠵᠢᠯ ᠡᠷᠡᠮᠡᠬᠡᠶᠢᠯᠡᠨ ᠲᠠᠪᠰᠢᠵᠤ᠂ ᠰᠢᠨ᠎ᠡ ᠴᠠᠭ ᠦᠶ᠎ᠡ ᠶᠢᠨ ᠵᠠᠰᠠᠭ ᠤᠨ ᠣᠷᠳᠣᠨ ᠤ ᠠᠵᠢᠯ ᠢ ᠰᠠᠶᠢᠲᠤᠷ ᠬᠢᠬᠦ ᠶᠢ ᠪᠢᠳᠡ ᠭᠦᠨᠵᠡᠭᠡᠢ ᠣᠶᠢᠯᠠᠭᠠᠪᠠ᠄ ᠡᠷᠬᠡᠪᠰᠢ ᠭᠤᠣᠯᠯᠠᠭᠴᠢ ᠶᠢ ᠬᠠᠮᠠᠭᠠᠯᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢᠶᠠᠨ ᠴᠢᠩᠭᠠᠳᠬᠠᠵᠤ᠂ ︽ᠲᠦᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠬᠦ ᠬᠡᠷᠡᠭᠲᠡᠢ᠃ ᠡᠷᠬᠡᠪᠰᠢ ᠤᠭ ᠰᠠᠨᠠᠭ᠎ᠠ ᠪᠠᠨ ᠦᠯᠦ ᠮᠠᠷᠲᠠᠵᠤ᠂ ᠠᠷᠠᠳ ᠲᠦᠮᠡᠨ ᠤ ᠠᠰᠢᠭ ᠲᠤᠰᠠ ᠶᠢ ᠬᠠᠮᠤᠭ ᠤᠨ ᠳᠡᠭᠡᠳᠦ ᠪᠠᠶᠢᠷᠢᠨ ᠳᠤ ᠲᠠᠯᠪᠢᠵᠤ᠂ ᠠᠷᠭ᠎ᠠ ᠪᠦᠬᠦᠨ ᠢ ᠰᠦᠪᠡᠭᠴᠢᠯᠡᠨ ᠠᠷᠠᠳ ᠤᠯᠠᠨ ᠤ ︽ᠪᠠᠴᠢᠮ᠂ ᠬᠦᠴᠢᠷ᠂ ᠵᠣᠪᠠᠨᠢᠯ︾ ᠤᠨ ᠠᠰᠠᠭᠤᠳᠠᠯ ᠢ ᠰᠢᠢᠳᠪᠦᠷᠢᠯᠡᠵᠦ᠂ ᠥᠭᠡᠷᠡᠴᠢᠯᠡᠯᠲᠡ ᠬᠥᠭᠵᠢᠯᠲᠡ ᠶᠢᠨ ᠦᠷ᠎ᠡ ᠪᠦᠲᠦᠭᠡᠯ ᠢ ᠪᠦᠬᠦ ᠠᠷᠠᠳ ᠲᠦᠮᠡᠨ ᠳᠤ ᠨᠡᠩ ᠢᠯᠡᠭᠦᠦ ᠨᠡᠩ ᠭᠤᠣᠯᠴᠢ ᠪᠠᠷ ᠬᠦᠷᠲᠡᠭᠡᠬᠦ ᠬᠡᠷᠡᠭᠲᠡᠢ᠃ ᠡᠷᠬᠡᠪᠰᠢ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤ ᠨᠠᠨᠳᠢᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠤᠱᠯᠠᠭᠤᠯᠵᠤ᠂ ᠠᠮᠢ ᠠᠬᠤᠢ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠢ ᠬᠥᠭᠵᠢᠭᠦᠯᠬᠦ ᠶᠢ ᠪᠠᠷᠢᠮᠲᠠᠯᠠᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠪᠣᠳᠠᠲᠤ ᠪᠠᠶᠢᠳᠠᠯ ᠳᠤ ᠨᠡᠶᠢᠴᠡᠭᠰᠡᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠵᠠᠮᠨᠠᠬᠤ ᠬᠡᠷᠡᠭᠲᠡᠢ᠃ ᠡᠷᠬᠡᠪᠰᠢ ᠪᠠᠲᠤ ᠴᠢᠩᠭ᠎ᠠ ᠵᠣᠷᠢᠭ ᠰᠠᠨᠠᠭ᠎ᠠ ᠪᠠᠨ ᠪᠠᠲᠤᠳᠬᠠᠵᠤ᠂ ᠥᠨᠢ ᠤᠳᠠᠭᠠᠨ ᠴᠢᠷᠮᠠᠶᠢᠨ ᠠᠵᠢᠯᠯᠠᠬᠤ ᠪᠠᠶᠢᠯᠳᠤᠬᠤ ᠪᠤᠳᠤᠯᠭ᠎ᠠ ᠶᠢᠨ ᠲᠣᠭᠲᠠᠯ ᠬᠦᠴᠦᠨ ᠢ ᠪᠠᠲᠤᠯᠠᠵᠤ᠂ ᠰᠤᠷᠲᠠᠯ ᠤᠨ ᠪᠠᠲᠤᠯᠠᠭ᠎ᠠ ᠶᠢ ᠴᠢᠩᠭᠠᠳᠬᠠᠵᠤ᠂ ᠨᠠᠶᠢᠳᠠᠪᠤᠷᠢᠵᠢᠭᠤᠯᠤᠯᠲᠠ ᠶᠢ ᠲᠤᠤᠱᠲᠠᠢ ᠠᠳᠬᠤᠵᠤ᠂ ᠨᠢᠭᠡᠨ ᠵᠢᠷᠤᠭ ᠲᠥᠰᠦᠪ ᠢ ᠡᠴᠦᠰ ᠲᠤᠨᠢ ᠲᠤᠯᠲᠠᠯ᠎ᠠ ᠵᠢᠷᠤᠭᠯᠠᠬᠤ ᠬᠡᠷᠡᠭᠲᠡᠢ᠃ ᠡᠷᠬᠡᠪᠰᠢ ᠬᠥᠮᠦᠰ ᠤᠨ ᠰᠡᠳᠬᠢᠯ ᠢ ᠨᠢᠭᠲᠠᠷᠠᠭᠤᠯᠵᠤ᠂ ᠪᠦᠯᠬᠦᠮᠳᠡᠯ ᠢ ᠡᠷᠬᠢᠮᠯᠡᠬᠦ᠂ ᠶᠡᠭᠡ ᠲᠠᠯ᠎ᠠ ᠶᠢ ᠬᠠᠷᠠᠭᠠᠯᠵᠠᠬᠤ ᠶᠢ ᠪᠠᠷᠢᠮᠲᠠᠯᠠᠵᠤ᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠵᠠᠮ ᠨᠡᠭᠡᠭᠡᠨ ᠤᠷᠤᠭᠰᠢᠯᠠᠵᠤ᠂ ᠬᠦᠴᠦᠯᠡᠨ ᠴᠢᠷᠮᠠᠶᠢᠵᠤ᠂ ᠨᠠᠮ ᠤᠨ ᠲᠥᠪ ᠬᠤᠷᠢᠶᠠᠨ ᠤ ᠡᠯ᠎ᠡ ᠵᠦᠢᠯ ᠤᠨ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠳᠤ ᠦᠨᠳᠦᠰᠦᠯᠡᠭᠦᠯᠵᠦ᠂ ᠴᠡᠴᠡᠭᠯᠡᠨ ᠵᠢᠮᠢᠰᠯᠡᠭᠦᠯᠬᠦ ᠬᠡᠷᠡᠭᠲᠡᠢ᠃        ᠠᠮᠵᠢᠯᠲᠠ ᠪᠦᠲᠦᠮᠵᠢ ᠶᠢ ᠨᠤᠲᠠᠯᠠᠭᠤᠰᠢᠲᠠᠶ᠂ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ᠂ ᠠᠰᠠᠭᠤᠳᠠᠯ ᠢ ᠴᠤ ᠣᠮᠲᠣᠭᠠᠶᠢᠯᠠᠵᠤ ᠪᠣᠯᠤᠰᠢ ᠦᠭᠡᠢ ᠶᠤᠮ᠃ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠪᠠᠰᠠ ᠮᠠᠰᠢ ᠣᠯᠠᠨ ᠬᠦᠴᠢᠷᠳᠡᠯ ᠪᠠ ᠠᠰᠠᠭᠤᠳᠠᠯ ᠲᠤᠯᠭᠠᠷᠠᠵᠤ ᠪᠠᠶᠢᠨ᠎ᠠ᠄ ᠬᠤᠰᠢᠭᠤᠨ ᠤ ᠠᠵᠤ ᠠᠬᠤᠶ ᠶᠢᠨ ᠰᠠᠭᠤᠷᠢ ᠨᠢᠮᠭᠡᠨ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠲᠣᠪᠤᠶᠢᠮ᠎ᠠ᠂ ᠥᠷᠢ ᠰᠢᠷᠢ ᠶᠢ ᠰᠢᠢᠳᠪᠦᠷᠢᠯᠡᠬᠦ ᠳᠠᠷᠤᠯᠲᠠ ᠨᠡᠯᠢᠶᠡᠳ ᠶᠡᠭᠡ᠂ ᠬᠥᠭᠵᠢᠯᠲᠡ ᠪᠠᠷ ᠠᠨᠠᠶ ᠦᠨᠳᠦᠰᠦᠨ ᠪᠠᠶᠢᠳᠠᠯ ᠢ ᠦᠨᠳᠦᠰᠦᠨ ᠠᠴᠠ ᠨᠢ ᠬᠤᠪᠢᠷᠠᠭᠤᠯᠵᠤ ᠳᠡᠶᠢᠯᠦᠭᠡᠳᠦᠶ ᠪᠠᠶᠢᠭᠰᠠᠭᠠᠷ︔ ᠤᠯᠤᠰ ᠤᠨ ︽ᠬᠤᠤᠰ ᠨᠡᠭᠦᠷᠡᠰᠦᠲᠥ᠋ᠷᠥᠭᠴᠢ︾ ᠶᠢᠨ ᠬᠠᠷᠠᠯᠲᠠ ᠶᠢ ᠳᠤᠷᠠᠳᠬᠤ ᠶᠢ ᠳᠠᠭᠠᠯᠳᠤᠨ᠂ ᠠᠵᠤ ᠦᠢᠯᠡᠰ ᠤᠨ ᠬᠥᠭᠵᠢᠯᠲᠡ ᠶᠢ ᠲᠠᠩ ᠴᠤᠯᠭᠤᠶ ᠪᠣᠯᠭᠠᠬᠤ᠂ ᠠᠩᠬ᠎ᠠ ᠱᠠᠲᠤᠨ ᠤ ᠪᠣᠯᠭᠠᠬᠤ ᠠᠰᠠᠭᠤᠳᠠᠯ ᠲᠣᠪᠤᠶᠢᠮ᠎ᠠ ᠪᠣᠯᠵᠣ᠂ ᠡᠨᠧᠷᠭᠢ ᠶᠢᠨ ᠬᠤᠷᠣᠭᠳᠠᠯ ᠤᠨ ︽ᠬᠤᠶᠠᠷ ᠢ ᠬᠢᠵᠠᠭᠠᠷᠯᠠᠬᠤ︾ ᠳᠠᠷᠤᠯᠲᠠ ᠨᠡᠯᠢᠶᠡᠳ ᠶᠡᠭᠡ ᠪᠣᠯᠵᠣ᠂ ᠪᠣᠬᠢᠷᠲᠤᠯ ᠥᠬᠡᠶ ᠪᠠᠷ ᠬᠡᠯᠪᠡᠷᠢ ᠪᠠᠨ ᠬᠤᠪᠢᠷᠠᠭᠤᠯᠬᠤ ᠠᠯᠬᠤᠴᠠ ᠶᠢ ᠲᠦᠷᠭᠡᠳᠬᠡᠬᠦ ᠴᠢᠬᠤᠯᠠᠲᠠᠶ ᠪᠠᠶᠢᠨ᠎ᠠ︔ ᠬᠥᠮᠦᠨ ᠠᠮᠠ ᠶᠢᠨ ᠭᠠᠳᠠᠭᠰᠢ ᠤᠷᠤᠰᠬᠤ ᠶᠠᠪᠤᠳᠠᠯ ᠬᠦᠨᠳᠦ ᠨᠣᠴᠢᠲᠠᠶ᠂ ᠨᠠᠰᠤᠵᠢᠯᠲᠠ ᠶᠢᠨ ᠬᠡᠮᠵᠢᠶ᠎ᠡ ᠥᠨᠳᠥᠷ ᠪᠠᠶᠢᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠳᠤ ᠪᠠᠰᠠ ᠴᠥᠭᠡᠨ ᠪᠤᠰᠤ ᠳᠤᠲᠠᠭᠤᠳᠠᠯ ᠪᠠᠭᠤᠷᠠᠶ ᠵᠦᠢᠯ ᠣᠷᠣᠰᠢᠵᠤ᠂ ᠤᠯᠠᠨ ᠨᠡᠶᠢᠲᠡ ᠶᠢᠨ ᠦᠢᠯᠡᠴᠢᠯᠡᠭᠡ ᠪᠠ ᠰᠠᠭᠤᠷᠢ ᠲᠥᠬᠦᠭᠡᠷᠦᠮᠵᠢ ᠶᠢᠨ ᠥᠷᠢᠲᠦᠯ ᠨᠡᠯᠢᠶᠡᠳ ᠤᠯᠠᠨ ᠪᠠᠶᠢᠨ᠎ᠠ︔ ᠵᠠᠷᠢᠮ ᠺᠠᠳ᠋ᠷ ᠪᠠᠰᠠ ᠰᠢᠨ᠎ᠡ ᠬᠥᠭᠵᠢᠯᠲᠡ ᠶᠢᠨ ᠱᠠᠲᠤᠨ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ ᠳᠡᠶᠢᠯᠬᠦ ᠦᠭᠡᠢ᠂ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠬᠦᠷᠦᠯᠴᠡᠬᠦ ᠦᠭᠡᠢ᠂ ᠬᠠᠷᠢᠭᠤᠴᠠᠯᠭ᠎ᠠ ᠡᠭᠦᠷᠭᠡᠯᠡᠬᠦ ᠪᠠᠷ ᠬᠦᠷᠦᠯᠴᠡᠬᠦ ᠦᠭᠡᠢ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠪᠠᠰᠠ ᠰᠢᠯᠢᠳᠡᠭᠵᠢᠭᠦᠯᠬᠦ ᠴᠢᠬᠤᠯᠠᠲᠠᠢ ᠪᠠᠶᠢᠬᠤ ᠵᠡᠷᠭᠡ ᠪᠣᠯᠤᠨ᠎ᠠ᠃ ᠡᠳᠡᠭᠡᠷ ᠠᠰᠠᠭᠤᠳᠠᠯ ᠢ ᠪᠢᠳᠡ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠥᠭᠡᠷᠡᠴᠢᠯᠡᠯᠲᠡ ᠬᠢᠬᠦ ᠪᠠ ᠰᠢᠨ᠎ᠡ ᠶᠢ ᠡᠭᠦᠳᠬᠦ ᠰᠡᠳᠬᠢᠬᠦᠶ ᠪᠠᠷ ᠬᠤᠶᠢᠰᠢᠳᠠ ᠶᠢᠨ ᠠᠵᠢᠯ ᠤᠨ ᠳᠤᠮᠳᠠ ᠪᠠᠨ ᠬᠢᠨᠠᠮᠠᠭᠠᠶ ᠰᠢᠢᠳᠪᠦᠷᠢᠯᠡᠬᠦ ᠪᠣᠯᠤᠨ᠎ᠠ᠃    ᠬᠤᠶᠠᠷ᠂ ᠬᠤᠶᠢᠰᠢᠳᠠ ᠶᠢᠨ ᠲᠠᠪᠤᠨ ᠵᠢᠯ ᠤᠨ ᠬᠥᠭᠵᠢᠯᠲᠡ ᠶᠢᠨ ᠬᠠᠷᠠᠯᠲᠠ ᠪᠠ ᠭᠤᠣᠯ ᠡᠭᠦᠷᠭᠡ        ᠲᠥᠯᠥᠭᠡᠯᠡᠭᠴᠢᠳ ᠡ᠂ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢ ᠴᠢᠷᠮᠠᠶᠢᠨ ᠡᠬᠢᠯᠡᠭᠦᠯᠬᠦ ᠵᠠᠩᠭᠢᠯᠠᠭ᠎ᠠ ᠶᠢᠨ ᠴᠡᠭ ᠲᠤ ᠵᠠᠷᠯᠢᠭ ᠬᠦᠯᠢᠶᠡᠵᠦ᠂ ᠪᠥᠬᠦ ᠬᠤᠰᠢᠭᠤᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠶ ᠬᠠᠮᠲᠤ ᠶᠢᠨ ᠬᠦᠰᠡᠯ ᠡᠷᠡᠮᠡᠯᠵᠡᠯ ᠢ ᠠᠴᠢᠶᠠᠯᠠᠵᠤ᠂ ᠢᠷᠡᠭᠡᠳᠦᠶ ᠶᠢᠨ ᠲᠠᠪᠤᠨ ᠵᠢᠯ ᠤᠨ ᠴᠢᠨᠠᠷ ᠰᠠᠶᠢᠲᠠᠶ ᠬᠥᠭᠵᠢᠯᠲᠡ ᠶᠢᠨ ᠲᠡᠤᠬᠡᠨ ᠬᠦᠨᠳᠦ ᠡᠭᠦᠷᠭᠡ ᠶᠢ ᠡᠭᠦᠷᠭᠡᠯᠡᠵᠦ ᠪᠠᠶᠢᠨ᠎ᠠ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠡ ᠬᠤᠷᠠᠯ ᠠᠴᠠ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ ᠪᠡᠶᠡᠯᠡᠭᠦᠯᠬᠦ᠂ ᠳᠤᠮᠳᠠᠳᠤ ᠶᠢᠨ ᠦᠨᠳᠦᠰᠦᠲᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠶᠢᠨ ᠲᠥᠯᠥᠭᠡ ᠴᠥᠬᠦᠷᠡᠰᠢ ᠦᠭᠡᠢ ᠲᠡᠮᠡᠴᠡᠬᠦ ᠠᠭᠤᠤ ᠶᠡᠭᠡ ᠤᠷᠢᠶᠠᠯᠠᠭ᠎ᠠ ᠶᠢ ᠭᠠᠷᠭᠠᠵᠤ᠂ ᠪᠢᠳᠡᠨ ᠳᠤ ᠤᠷᠤᠭᠰᠢᠯᠠᠯᠲᠠ ᠶᠢᠨ ᠴᠢᠭᠯᠡᠯ ᠢ ᠲᠣᠳᠣᠷᠬᠠᠢ ᠵᠢᠭᠠᠵᠤ ᠥᠭᠴᠡᠢ᠃ ᠥᠪᠡᠷᠲᠡᠭᠡᠨ ᠵᠠᠰᠠᠬᠤ ᠣᠷᠣᠨ ᠤ ᠠᠷᠪᠠᠨ ᠨᠢᠭᠡᠳᠦᠭᠡᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠤᠯᠠᠭᠠᠨᠴᠠᠪ ᠬᠤᠳᠠ ᠶᠢᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠨᠢ ᠪᠢᠳᠡᠨ ᠳᠤ ᠴᠢᠨᠠᠷ ᠰᠠᠶᠢᠲᠠᠢ ᠬᠥᠭᠵᠢᠯᠲᠡ ᠶᠢᠨ ᠠᠤᠭ᠎ᠠ ᠵᠢᠷᠤᠭ ᠲᠥᠯᠥᠪᠯᠡᠭᠡ ᠶᠢ ᠵᠢᠷᠤᠭᠯᠠᠵᠠᠢ᠃ ᠢᠷᠡᠭᠡᠳᠦᠶ ᠶᠢᠨ ᠲᠠᠪᠤᠨ ᠵᠢᠯ ᠪᠣᠯ ᠪᠢᠳᠡᠨ ᠤ ᠠᠭᠤᠤ ᠶᠡᠭᠡ ᠤᠷᠢᠶᠠᠯᠠᠭ᠎ᠠ ᠶᠢ ᠴᠤᠤᠷᠢᠶᠠᠲᠤᠨ ᠳᠠᠭᠠᠵᠤ᠂ ᠠᠭᠤᠤ ᠶᠡᠭᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠠᠩᠬᠠᠨ ᠤ ᠲᠠᠪᠤᠨ ᠵᠢᠯ ᠮᠥᠨ᠂ ᠪᠠᠰᠠ ᠴᠤ ᠮᠠᠨ ᠤ ᠬᠤᠰᠢᠭᠤᠨ ᠤ ᠶᠡᠭᠡ ᠦᠢᠯᠡᠰ ᠢ ᠪᠦᠲᠦᠭᠡᠵᠦ ᠪᠣᠯᠬᠤ ᠪᠠᠶᠢᠯᠳᠤᠬᠤ ᠪᠤᠲᠤᠯᠭ᠎ᠠ ᠶᠢᠨ ᠠᠵᠠ ᠲᠣᠬᠢᠶᠠᠯᠳᠤ ᠬᠤᠭᠤᠴᠠᠭ᠎ᠠ᠂ ᠬᠥᠭᠵᠢᠯᠲᠡ ᠶᠢᠨ ᠰᠢᠵᠢᠷ ᠠᠯᠲᠠᠨ ᠬᠤᠭᠤᠴᠠᠭ᠎ᠠ ᠮᠥᠨ᠃ ᠬᠥᠭᠵᠢᠯᠲᠡ ᠶᠢᠨ ᠴᠢᠭᠯᠡᠯ ᠠᠴᠠ ᠦᠵᠡᠪᠡᠯ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠥᠬᠡᠶ ᠬᠥᠭᠵᠢᠭᠦᠯᠬᠦ᠂ ᠴᠢᠨᠠᠷ ᠰᠠᠶᠢᠲᠠᠶ ᠬᠥᠭᠵᠢᠭᠦᠯᠬᠦ ᠶᠢ ᠪᠠᠷᠢᠮᠲᠠᠯᠠᠬᠤ ᠪᠣᠯ ᠮᠠᠨ ᠤ ᠬᠤᠰᠢᠭᠤᠨ ᠤ ᠢᠷᠡᠭᠡᠳᠦᠶ ᠶᠢᠨ ᠬᠥᠭᠵᠢᠯᠲᠡ ᠶᠢᠨ ᠦᠨᠳᠦᠰᠦᠨ ᠵᠢᠷᠤᠮᠯᠠᠯ ᠮᠥᠨ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠨᠢ ᠬᠡᠯᠪᠡᠷᠢ ᠪᠠᠨ ᠬᠤᠪᠢᠷᠠᠭᠤᠯᠤᠨ ᠬᠥᠭᠵᠢᠬᠦ ᠶᠢᠨ ᠬᠠᠲᠠᠭᠤ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠤᠬᠢᠷᠠᠭᠤᠯᠬᠤ ᠠᠵᠠ ᠲᠣᠬᠢᠶᠠᠯ ᠪᠣᠯᠤᠨ᠎ᠠ᠃ ᠬᠥᠭᠵᠢᠯᠲᠡ ᠶᠢᠨ ᠠᠵᠠ ᠲᠣᠬᠢᠶᠠᠯ ᠠᠴᠠ ᠦᠵᠡᠪᠡᠯ᠂ ᠤᠯᠤᠰ ᠤᠨ ︽ᠨᠢᠭᠡ ᠪᠦᠰᠡ ᠨᠢᠭᠡ ᠵᠠᠮ︾᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠰᠢᠨ᠎ᠡ ᠨᠢᠭᠡ ᠡᠭᠡᠯᠵᠢ ᠶᠢᠨ ᠪᠡᠭᠡᠵᠢᠩ ᠥᠪᠥᠷ ᠮᠣᠩᠭᠤᠯ ᠤᠨ ᠬᠠᠮᠵᠢᠯᠴᠠᠭ᠎ᠠ ᠵᠡᠷᠭᠡ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠲᠠᠭᠠᠯᠳᠤᠨ᠂ ᠢᠯᠠᠩᠭᠤᠶ᠎ᠠ ᠨᠠᠮ ᠤᠨ ᠲᠥᠪ ᠬᠤᠷᠢᠶ᠎ᠠ ᠬᠠᠮᠲᠤᠪᠠᠷ ᠪᠠᠶᠠᠵᠢᠬᠤ ᠶᠢ ᠠᠬᠢᠭᠤᠯᠬᠤ ᠶᠢ ᠨᠡᠩ ᠴᠢᠬᠤᠯᠠ ᠪᠠᠶᠢᠷᠢᠨ ᠳᠤ ᠲᠠᠯᠪᠢᠵᠤ ᠠᠬᠢᠭᠤᠯᠵᠤ᠂ ᠮᠠᠨ ᠤ ᠬᠥᠭᠵᠢᠭᠡᠳᠦᠢ ᠭᠠᠵᠠᠷ ᠣᠷᠣᠨ ᠤ ᠵᠦᠷᠢᠶ᠎ᠠ ᠶᠢ ᠪᠠᠭᠠᠰᠬᠠᠬᠤ᠂ ᠬᠥᠭᠵᠢᠯᠲᠡ ᠶᠢ ᠲᠦᠷᠭᠡᠳᠬᠡᠬᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠯᠤᠲᠤ ᠶᠡᠭᠡ ᠲᠦᠷᠦ ᠶᠢᠨ ᠪᠤᠳᠤᠯᠭ᠎ᠠ ᠶᠢᠨ ᠠᠰᠢᠭ ᠲᠤᠰᠠ ᠶᠢ ᠠᠪᠴᠢᠷᠠᠭᠰᠠᠨ ᠪᠠᠶᠢᠨ᠎ᠠ᠃ ᠬᠥᠭᠵᠢᠯᠲᠡ ᠶᠢᠨ ᠣᠷᠣᠨ ᠵᠠᠶ ᠠᠴᠠ ᠦᠵᠡᠪᠡᠯ᠂ ᠮᠠᠨ ᠤ ᠬᠤᠰᠢᠭᠤ ᠪᠣᠯ ᠤᠯᠠᠭᠠᠨᠴᠠᠪ ᠬᠤᠲᠠ ᠶᠢᠨ ᠤᠮᠠᠷᠠᠰᠢ ᠨᠡᠭᠡᠭᠡᠯᠲᠡ ᠬᠢᠬᠦ ᠶᠢᠨ ︽ᠬᠤᠰᠢᠭᠤᠴᠢ ᠴᠡᠷᠢᠭ︾᠂ ᠡᠮᠦᠨᠡᠰᠢ ᠬᠤᠯᠪᠣᠭᠠᠯᠠᠵᠤ ᠤᠮᠠᠷᠠᠰᠢ ᠨᠡᠭᠡᠭᠡᠭᠰᠡᠨ ᠵᠠᠩᠭᠢᠯᠠᠭ᠎ᠠ ᠶᠢᠨ ᠴᠡᠭ ᠤᠨ ᠬᠤᠰᠢᠭᠤ ᠪᠣᠯᠤᠨ᠎ᠠ᠃ ᠤᠯᠤᠰ ᠠᠴᠠ ᠪᠡᠭᠡᠵᠢᠩ ᠲᠢᠶᠠᠨᠵᠢᠨ ᠡᡁᠧᠪᠸᠢ ᠶᠢᠨ ᠬᠠᠮᠵᠢᠯᠴᠠᠨ ᠬᠥᠭᠵᠢᠬᠦ ᠶᠢ ᠠᠬᠢᠭᠤᠯᠵᠤ᠂ ᠥᠪᠡᠷᠲᠡᠭᠡᠨ ᠵᠠᠰᠠᠬᠤ ᠣᠷᠣᠨ ᠠᠴᠠ ᠬᠥᠬᠡᠬᠤᠲᠠ ᠪᠤᠭᠤᠲᠤ ᠤᠷᠳᠤᠰ ᠤᠯᠠᠭᠠᠨᠴᠠᠪ ᠢ ᠨᠢᠭᠡ ᠴᠤᠬᠴᠠᠵᠢᠭᠤᠯᠬᠤ ᠪᠦᠳᠦᠬᠡᠨ ᠪᠠᠶᠢᠭᠤᠯᠤᠯᠲᠠ᠂ ᠤᠯᠠᠭᠠᠨᠴᠠᠪ ᠠᠴᠠ ᠡᠷᠢᠶᠡᠨ ᠬᠤᠳᠠ ᠬᠦᠷᠬᠦ ᠤᠯᠤᠰ ᠤᠨ ᠪᠠᠷᠠᠭᠠᠨ ᠤ ᠭᠦᠢᠯᠭᠡᠭᠡᠨ ᠤ ᠬᠦᠢᠰᠦ ᠪᠣᠯᠤᠨ ᠪᠣᠭᠤᠮᠲᠠ ᠶᠢ ᠨᠢᠭᠡ ᠴᠤᠬᠴᠠᠵᠢᠭᠤᠯᠬᠤ ᠬᠥᠭᠵᠢᠯᠲᠡ ᠶᠢ ᠠᠬᠢᠭᠤᠯᠬᠤ ᠵᠢᠴᠢ ︽ᠤᠯᠠᠭᠠᠨᠴᠠᠪ ᠶᠡᠭᠡ ᠵᠠᠩᠭᠤᠢ︾ ᠶᠢᠨ ᠣᠷᠣᠨ ᠪᠦᠰᠡ ᠶᠢᠨ ᠬᠠᠮᠲᠤᠷᠠᠯᠴᠠᠭᠠᠨ ᠤ ᠪᠠᠶᠢᠯᠳᠤᠬᠤ ᠪᠤᠳᠤᠯᠭ᠎ᠠ ᠶᠢ ᠭᠦᠨᠵᠡᠭᠡᠢ ᠬᠡᠷᠡᠭᠵᠢᠭᠦᠯᠬᠦ ᠶᠢ ᠠᠬᠢᠭᠤᠯᠵᠤ᠂ ᠮᠠᠨ ᠤ ᠣᠷᠣᠨ ᠪᠠᠶᠢᠷᠢ ᠶᠢᠨ ᠵᠠᠮ ᠬᠠᠷᠢᠯᠴᠠᠭᠠᠨ ᠤ ᠳᠠᠪᠠᠭᠤᠯᠢᠭ ᠢᠶᠠᠨ ᠪᠠᠳᠠᠷᠠᠭᠤᠯᠵᠤ᠂ ᠵᠤᠭᠠᠴᠠᠯ ᠤᠨ ᠦᠢᠯᠡᠰ᠂ ᠤᠳᠤ ᠦᠶ᠎ᠡ ᠶᠢᠨ ᠪᠠᠷᠠᠭᠠᠨ ᠤ ᠭᠦᠢᠯᠭᠡᠭᠡᠨ ᠤ ᠦᠢᠯᠡᠰ ᠤᠨ ᠬᠥᠭᠵᠢᠯᠲᠡ ᠶᠢᠨ ᠣᠷᠣᠨ ᠵᠠᠢ ᠶᠢ ᠥᠷᠭᠡᠳᠬᠡᠬᠦ ᠳᠤ ᠴᠢᠬᠤᠯᠠ ᠶᠡᠭᠡ ᠠᠵᠠ ᠲᠣᠬᠢᠶᠠᠯ ᠣᠯᠭᠤᠵᠠᠢ᠃ ᠪᠢᠳᠡ ᠴᠠᠭ ᠦᠶ᠎ᠡ ᠠᠴᠠ ᠣᠯᠭᠤᠭᠰᠠᠨ ᠠᠵᠠ ᠲᠣᠬᠢᠶᠠᠯ ᠢ ᠬᠤᠪᠢ ᠲᠠᠬᠢᠨ ᠨᠠᠨᠳᠢᠩᠨᠠᠵᠤ᠂ ᠰᠡᠳᠬᠢᠬᠦᠢ ᠶᠢᠨ ᠲᠣᠭᠲᠠᠭᠰᠠᠨ ᠬᠠᠨᠳᠤᠰᠢ᠂ ᠵᠠᠮ ᠱᠤᠭᠤᠮ ᠤᠨ ᠲᠦᠰᠢᠭᠯᠡᠯ ᠠᠴᠠ ᠠᠩᠭᠢᠵᠢᠷᠠᠵᠤ᠂ ᠨᠠᠮ ᠤᠨ ᠵᠠᠭᠤᠨ ᠵᠢᠯ ᠤᠨ ᠲᠡᠮᠡᠴᠡᠯ ᠤᠨ ᠴᠢᠬᠤᠯᠠ ᠶᠡᠭᠡ ᠠᠮᠵᠢᠯᠲᠠ ᠪᠦᠲᠦᠮᠵᠢ ᠪᠣᠯᠤᠨ ᠲᠡᠦᠬᠡ ᠶᠢᠨ ᠲᠤᠷᠰᠢᠯᠭ᠎ᠠ ᠠᠴᠠ ᠤᠶᠤᠨ ᠤᠬᠠᠭᠠᠨ ᠤ ᠬᠦᠴᠦᠨ ᠴᠢᠳᠠᠯ ᠣᠯᠵᠤ᠂ ᠰᠢᠨ᠎ᠡ ᠰᠡᠳᠬᠢᠬᠦᠢ ᠪᠠᠷ ᠰᠢᠨ᠎ᠡ ᠪᠠᠶᠢᠷᠢ ᠲᠣᠭᠲᠠᠭᠠᠯᠲᠠ ᠶᠢ ᠪᠤᠢ ᠪᠣᠯᠭᠠᠵᠤ᠂ ᠰᠢᠨ᠎ᠡ ᠰᠡᠳᠬᠢᠴᠡ ᠪᠠᠷ ︽ᠰᠢᠨ᠎ᠡ ᠡᠬᠡ ᠬᠠᠭᠤᠷᠠᠢ︾ ᠶᠢ ᠨᠡᠭᠡᠭᠡᠨ ᠬᠥᠭᠵᠢᠭᠦᠯᠵᠦ᠂ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠬᠦ ᠬᠡᠷᠡᠭᠲᠡᠢ︕        ᠬᠤᠰᠢᠭᠤᠨ ᠤ ᠠᠷᠪᠠᠨ ᠲᠠᠪᠤᠳᠤᠭᠠᠷ ᠤᠳᠠᠭ᠎ᠠ ᠶᠢᠨ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠶᠡᠷᠦᠩᠬᠡᠶ ᠪᠠᠶᠢᠷᠢᠯᠠᠭᠤᠯᠤᠯᠲᠠ ᠶᠣᠰᠣᠭᠠᠷ᠂ ᠬᠤᠶᠢᠰᠢᠳᠠ ᠶᠢᠨ ᠲᠠᠪᠤᠨ ᠵᠢᠯ ᠤᠨ ᠵᠠᠰᠠᠭ ᠤᠨ ᠣᠷᠳᠣᠨ ᠤ ᠠᠵᠢᠯ ᠤᠨ ᠶᠡᠷᠦᠩᠬᠡᠶ ᠰᠡᠳᠬᠢᠴᠡ ᠪᠣᠯ᠄ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠥᠨᠳᠥᠷ ᠮᠠᠨᠳᠤᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠰᠢ ᠶᠢᠨ ᠫᠢᠩ ᠶᠡᠷᠦᠩᠬᠡᠶ ᠱᠦᠵᠢ ᠶᠢᠨ ᠥᠪᠥᠷ ᠮᠣᠩᠭᠤᠯ ᠳᠤ ᠲᠠᠯᠪᠢᠭᠰᠠᠨ ᠴᠢᠬᠤᠯᠠ ᠶᠠᠷᠢᠶ᠎ᠠ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠪᠦᠷᠢᠨ ᠭᠦᠢᠴᠡᠳ ᠣᠨᠣᠪᠴᠢᠲᠠᠶ ᠪᠦᠬᠦ ᠲᠠᠯ᠎ᠠ ᠪᠠᠷ ᠲᠤᠤᠱᠯᠠᠭᠤᠯᠵᠤ᠂ ᠦᠢᠯᠡᠴᠢᠯᠡᠭᠡ ᠶᠢᠨ ᠰᠢᠨ᠎ᠡ ᠬᠥᠭᠵᠢᠯᠲᠡ ᠶᠢᠨ ᠪᠠᠶᠢᠷᠢᠰᠢᠯ ᠳᠤ ᠠᠭᠤᠰᠤᠯᠴᠠᠬᠤ ᠶᠢ ᠲᠦᠷᠭᠡᠳᠬᠡᠵᠦ᠂ ᠠᠮᠢ ᠠᠬᠤᠶ ᠶᠢ ᠲᠡᠷᠢᠭᠦᠨ ᠳᠤ ᠲᠠᠯᠪᠢᠬᠤ᠂ ᠪᠣᠬᠢᠷᠲᠤᠯ ᠦᠭᠡᠶ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠯᠠᠪᠳᠠᠭᠤᠨ ᠪᠠᠲᠤᠲᠠᠶ ᠵᠠᠮᠨᠠᠵᠤ᠂ ︽ᠠᠮᠢ ᠠᠬᠤᠶ ᠭᠤᠶᠣ᠂ ᠠᠵᠤ ᠦᠢᠯᠡᠰ ᠬᠦᠴᠦᠷᠬᠡᠭ᠂ ᠬᠥᠳᠡᠭᠡ ᠲᠣᠰᠬᠤᠨ ᠬᠥᠭᠵᠢᠨ ᠮᠠᠨᠳᠤᠭᠰᠠᠨ᠂ ᠬᠤᠲᠠ ᠪᠠᠯᠭᠠᠰᠤ ᠬᠡᠭᠡᠨᠴᠢᠷ︾ ᠳᠥᠷᠪᠡᠨ ᠫᠠᠶᠢᠰᠠ ᠶᠢ ᠰᠠᠶᠢᠲᠤᠷ ᠡᠷᠭᠦᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠰᠤᠳᠤᠯᠤᠨ ᠰᠤᠷᠤᠯᠴᠠᠬᠤ ᠺᠠᠩ ᠰᠤᠪᠢᠯᠠᠯᠲᠠ ᠰᠡᠯᠡᠭᠦᠴᠡᠯ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠵᠤ᠂ ︽ᠬᠤᠶᠠᠷ ᠬᠠᠯᠬᠠᠪᠴᠢ︾ ︽ᠬᠤᠶᠠᠷ ᠰᠠᠭᠤᠷᠢᠨ ᠭᠠᠵᠠᠷ︾ ︽ᠨᠢᠭᠡ ᠪᠠᠬᠢᠯᠡᠯᠲᠡ︾ ᠶᠢ ᠪᠥᠲᠥᠭᠡᠨ ᠪᠠᠶᠢᠭᠤᠯᠬᠤ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠨ᠎ᠡ᠃        ᠵᠢᠷᠤᠭ ᠲᠥᠰᠦᠪ ᠢ ᠨᠢᠭᠡᠨᠲᠡ ᠵᠢᠷᠤᠭᠯᠠᠵᠤ᠂ ᠲᠡᠮᠡᠴᠡᠯ ᠤᠨ ᠴᠠᠭ ᠦᠶ᠎ᠡ ᠳᠡᠭᠡᠨ ᠲᠤᠬᠢᠷᠠᠯ᠎ᠠ᠃ ᠪᠢᠳᠡ ᠰᠢᠯᠭᠠᠯᠲᠠ ᠳᠤ ᠣᠷᠣᠯᠴᠠᠬᠤ ᠣᠪᠣᠷ᠂ ᠮᠡᠷᠡᠶᠢᠨ ᠲᠡᠮᠡᠴᠡᠬᠦ ᠣᠪᠣᠷ ᠢᠶᠠᠷ ᠲᠦᠷᠭᠡᠨ ᠬᠥᠳᠡᠯᠦᠯᠴᠡᠵᠦ᠂ ᠤᠷᠢᠳ ᠢᠶᠠᠷ ᠨᠢᠭᠡ ᠠᠯᠬᠤᠮ ᠤᠷᠤᠭᠰᠢᠯᠠᠵᠤ᠂ ᠪᠣᠳᠠᠲᠠᠢ ᠠᠵᠢᠯᠯᠠᠵᠤ᠂ ᠡᠮᠦᠨ᠎ᠡ ᠡᠩᠨᠡᠭᠡᠨ ᠳᠤ ᠶᠠᠪᠤᠵᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠨᠢᠭᠡ ᠵᠢᠯ ᠳᠤ ᠨᠢᠭᠡ ᠬᠤᠪᠢᠷᠠᠯᠲᠠ ᠲᠠᠢ᠂ ᠲᠠᠪᠤᠨ ᠵᠢᠯ ᠳᠤ ᠶᠡᠭᠡ ᠳᠠᠪᠠᠯᠲᠠ ᠲᠠᠢ ᠪᠣᠯᠬᠤ ᠶᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ︵ᠨᠢᠭᠡ︶ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠳᠤ ᠰᠢᠨ᠎ᠡ ᠰᠢᠪᠲᠤᠯᠤᠯᠲᠠ ᠲᠠᠢ ᠪᠣᠯᠪᠠ᠃ ᠬᠥᠬᠡᠮᠳᠦᠭ ᠨᠣᠭᠤᠭᠠᠨ ᠠᠭᠤᠯᠠ ᠤᠰᠤ ᠪᠣᠯ ᠠᠯᠲᠠ ᠮᠥᠩᠭᠦᠨ ᠠᠭᠤᠯᠠ ᠮᠥᠨ ᠭᠡᠬᠦ ᠣᠶᠢᠯᠠᠭᠠᠭᠳᠠᠬᠤᠨ ᠢ ᠭᠦᠨᠵᠡᠭᠡᠶ ᠦᠢᠯᠡᠳᠦᠯᠭᠡᠵᠢᠭᠦᠯᠵᠦ᠂ ᠪᠣᠬᠢᠷᠲᠤᠯ ᠢ ᠰᠡᠷᠭᠡᠶᠢᠯᠡᠨ ᠵᠠᠰᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠢ ᠡᠷᠡᠰ ᠰᠠᠶᠢᠲᠤᠷ ᠬᠢᠵᠦ᠂ ︽ᠭᠤᠷᠪᠠᠨ ᠱᠤᠭᠤᠮ ᠨᠢᠭᠡ ᠬᠠᠭᠤᠳᠠᠰᠤ︾ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠂ ︽ᠭᠤᠷᠪᠠᠨ ᠣᠷᠣᠨ ᠭᠤᠷᠪᠠᠨ ᠱᠤᠭᠤᠮ︾ ᠢ ᠰᠢᠨᠵᠢᠯᠡᠬᠦ ᠤᠬᠠᠭᠠᠨᠴᠢ ᠪᠠᠷ ᠬᠤᠪᠢᠶᠠᠷᠢᠯᠠᠨ ᠲᠣᠭᠲᠠᠭᠠᠵᠤ᠂ ᠠᠭᠤᠯᠠ ᠤᠰᠤ ᠣᠶ ᠰᠢᠭᠤᠶ ᠲᠠᠷᠢᠶᠠᠨ ᠭᠠᠵᠠᠷ ᠨᠠᠭᠤᠷ ᠪᠡᠯᠴᠢᠭᠡᠷ ᠡᠯᠡᠰᠦ ᠶᠢ ᠨᠢᠭᠡ ᠴᠤᠭᠴᠠᠵᠢᠭᠤᠯᠤᠭᠰᠠᠨ ᠠᠮᠢ ᠠᠬᠤᠶ ᠶᠢ ᠬᠠᠮᠠᠭᠠᠯᠠᠨ ᠰᠡᠷᠭᠦᠭᠡᠬᠦ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠠᠳᠬᠤᠵᠤ᠂ ᠣᠶ ᠰᠢᠭᠤᠶ ︵ᠡᠪᠡᠰᠦ︶ ᠶᠢᠨ ᠣᠷᠳᠣ ᠬᠤᠭᠤᠴᠠᠭᠠᠨ ᠤ ᠲᠦᠷᠢᠮ᠂ ᠭᠤᠤᠯ ᠮᠥᠷᠡᠨ ︵ᠨᠠᠭᠤᠷ︶ ᠤ ᠣᠷᠳᠣ ᠬᠤᠭᠤᠴᠠᠭᠠᠨ ᠤ ᠲᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠤᠨ᠂ ᠪᠠᠶᠢᠭᠠᠯᠢ ᠶᠢᠨ ᠡᠬᠢ ᠪᠠᠶᠠᠯᠢᠭ ᠤᠨ ᠬᠠᠤᠯᠢ ᠬᠡᠷᠡᠭᠵᠢᠭᠦᠯᠦᠯᠲᠡ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠴᠢᠬᠤᠯᠠ ᠠᠮᠢ ᠠᠬᠤᠶ ᠶᠢᠨ ᠣᠷᠣᠨ ᠵᠠᠶ ᠶᠢᠨ ᠠᠮᠢ ᠠᠬᠤᠶ ᠶᠢᠨ ᠴᠢᠳᠠᠮᠵᠢ ᠶᠢ ᠪᠠᠭᠤᠷᠠᠭᠤᠯᠬᠤ ᠥᠬᠡᠶ᠂ ᠲᠠᠯᠠᠪᠠᠶ ᠶᠢ ᠪᠠᠭᠠᠰᠬᠠᠬᠤ ᠥᠬᠡᠶ᠂ ᠰᠢᠨᠵᠢ ᠴᠢᠨᠠᠷ ᠢ ᠬᠤᠪᠢᠷᠠᠭᠤᠯᠬᠤ ᠥᠬᠡᠶ ᠪᠠᠶᠢᠬᠤ ᠶᠢ ᠦᠨᠡᠨᠬᠦ ᠪᠠᠲᠤᠯᠠᠨ᠎ᠠ᠃ 2025 ᠣᠨ ᠪᠣᠯᠬᠤ ᠳᠤ᠂ ᠨᠤᠲᠤᠭ ᠪᠡᠯᠴᠢᠭᠡᠷ ᠤᠨ ᠶᠡᠷᠦᠩᠬᠡᠶᠢᠯᠡᠭᠰᠡᠨ ᠤᠷᠭᠤᠮᠠᠯ ᠤᠨ ᠬᠤᠴᠢᠯᠭ᠎ᠠ ᠶᠢᠨ ᠪᠦᠷᠬᠦᠴᠡ ᠶᠢ 46% ᠳᠤ ᠬᠦᠷᠦᠭᠦᠯᠦᠨ᠎ᠡ᠃ ᠨᠡᠭᠦᠷᠡᠰᠦᠲᠥ᠋ᠷᠥᠭᠴᠢ ᠭᠠᠳᠠᠭᠰᠢᠯᠠᠭᠤᠯᠬᠤ ᠶᠡᠷᠦᠩᠬᠡᠶ ᠬᠡᠮᠵᠢᠶ᠎ᠡ ᠪᠠ ᠡᠷᠴᠢᠮ ᠤᠨ ︽ᠬᠤᠶᠠᠷ ᠢ ᠡᠵᠡᠮᠳᠡᠬᠦ︾ ᠪᠠᠷ ᠵᠢᠯᠣᠭᠤᠳᠣᠯᠭ᠎ᠠ ᠪᠣᠯᠭᠠᠵᠤ᠂ ᠪᠣᠬᠢᠷᠲᠤᠯ ᠥᠬᠡᠶ ᠠᠵᠤ ᠠᠬᠤᠶ ᠶᠢ ᠶᠡᠬᠡᠪᠡᠷ ᠬᠥᠭᠵᠢᠭᠦᠯᠦᠨ᠂ ᠠᠵᠤ  ᠦᠢᠯᠡᠰ ᠤᠨ ᠠᠮᠢ ᠠᠬᠤᠶᠢᠵᠢᠯᠲᠠ᠂ ᠠᠮᠢ ᠠᠬᠤᠶ ᠶᠢᠨ ᠠᠵᠤ ᠦᠶᠢᠯᠡᠰᠵᠢᠯᠲᠡ ᠶᠢ ᠠᠬᠢᠭᠤᠯᠵᠤ᠂ ᠠᠮᠢ ᠠᠬᠤᠶ ᠶᠢᠨ ᠥᠷᠲᠡᠭ ᠢ ᠠᠵᠤ ᠠᠬᠤᠶ ᠶᠢᠨ ᠥᠷᠲᠡᠭ ᠳᠠᠰᠢ ᠬᠤᠪᠢᠷᠠᠭᠤᠯᠤᠨ ᠥᠷᠲᠡᠭ ᠨᠡᠮᠡᠭᠳᠡᠭᠦᠯᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠲᠦᠮᠡᠨ ᠲᠥᠭᠦᠷᠢᠭ ᠤᠨ GDP ᠶᠢᠨ ᠡᠨᠧᠷᠭᠢ ᠶᠢᠨ ᠬᠤᠷᠣᠭᠳᠠᠭᠤᠯᠤᠯ ᠢ 17.5% ᠪᠠᠷ ᠪᠠᠭᠤᠷᠠᠭᠤᠯᠵᠤ᠂ ᠠᠵᠤ  ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠨᠣᠷᠮ᠎ᠠ ᠶᠢ 57% ᠠᠴᠠ ᠳᠡᠭᠡᠭᠰᠢ ᠳᠤ ᠬᠦᠷᠦᠭᠦᠯᠬᠦ ᠪᠠᠷ ᠴᠢᠷᠮᠠᠶᠢᠨ᠎ᠠ᠃        ︵ᠬᠤᠶᠠᠷ︶ ᠠᠵᠤ ᠦᠢᠯᠡᠰ‌‍ᠤᠨ ᠬᠡᠯᠪᠡᠷᠢ ᠶᠢᠨ ᠬᠤᠪᠢᠷᠠᠭᠤᠯᠤᠯᠲᠠ ᠰᠢᠨ᠎ᠡ ᠰᠢᠪᠲᠤᠯᠤᠯᠲᠠ ᠲᠠᠢ ᠪᠣᠯᠪᠠ᠃ ᠲᠠᠷᠢᠶᠠᠨ ᠭᠠᠵᠠᠷ ᠢ ᠬᠠᠮᠠᠭᠠᠯᠠᠬᠤ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠤᠨ᠂ ︽ᠠᠮᠤ ᠪᠤᠳᠠᠭ᠎ᠠ ᠶᠢ ᠬᠠᠳᠠᠭᠠᠯᠠᠬᠤ ᠳᠤ ᠭᠠᠵᠠᠷ ᠰᠢᠷᠣᠶ ᠶᠢ ᠲᠦᠰᠢᠭᠯᠡᠬᠦ᠂ ᠠᠮᠤ ᠪᠤᠳᠠᠭ᠎ᠠ ᠶᠢ ᠬᠠᠳᠠᠭᠠᠯᠠᠬᠤ ᠳᠤ ᠮᠡᠷᠭᠡᠵᠢᠯ ᠢ ᠡᠷᠬᠢᠮᠯᠡᠬᠦ︾ ᠪᠠᠶᠢᠯᠳᠤᠬᠤ ᠪᠤᠳᠤᠯᠭ᠎ᠠ ᠶᠢ ᠭᠦᠨᠵᠡᠭᠡᠶ ᠬᠡᠷᠡᠭᠵᠢᠭᠦᠯᠵᠦ᠂ ᠲᠠᠷᠢᠶᠠᠨ ᠭᠠᠵᠠᠷ ᠢ ︽ᠲᠠᠷᠢᠶᠠᠯᠠᠩ ᠤᠨ ᠪᠤᠰᠤ ᠪᠣᠯᠭᠠᠬᠤ︾ ᠶᠢ ᠡᠷᠡᠰ ᠬᠤᠷᠢᠭᠯᠠᠵᠤ᠂ ᠲᠠᠷᠢᠶᠠᠨ ᠭᠠᠵᠠᠷ ᠢ ︽ᠠᠮᠤ ᠪᠤᠳᠠᠭᠠᠨ ᠤ ᠪᠤᠰᠤ ᠪᠣᠯᠭᠠᠬᠤ︾ ᠶᠢ ᠰᠡᠷᠭᠡᠶᠢᠯᠡᠨ ᠬᠤᠷᠢᠭᠯᠠᠨ᠎ᠠ᠃ ᠤᠰᠤ ᠠᠷᠪᠢᠯᠠᠬᠤ ᠲᠠᠷᠢᠶᠠᠯᠠᠩ ᠮᠠᠯ ᠠᠵᠤ ᠠᠬᠤᠶ᠂ ᠠᠮᠢ ᠠᠬᠤᠶ ᠶᠢᠨ ᠲᠠᠷᠢᠶᠠᠯᠠᠩ ᠮᠠᠯ ᠠᠵᠤ ᠠᠬᠤᠶ᠂ ᠨᠠᠷᠠᠲᠤ ᠲᠡᠮᠳᠡᠭᠲᠦ ᠲᠠᠷᠢᠶᠠᠯᠠᠩ ᠮᠠᠯ ᠠᠵᠤ ᠠᠬᠤᠶ ᠶᠢ ᠲᠦᠷᠭᠡᠳᠬᠡᠨ ᠬᠥᠭᠵᠢᠭᠦᠯᠵᠦ᠂ ᠠᠯᠠᠰᠢᠨ ᠦᠬᠡᠷ ᠤᠨ ᠰᠦᠷᠦᠭᠵᠢᠯ ᠢ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠪᠠ ᠲᠥᠮᠥᠰᠥ ᠶᠢᠨ ᠡᠭᠦᠯᠳᠡᠷ ‍ᠤᠨ‌ᠦᠢᠯᠡᠰ ᠢ ᠳᠡᠭᠡᠭᠰᠢᠯᠡᠭᠦᠯᠬᠦ ᠠᠵᠢᠯᠯᠠᠭ᠎ᠠ ᠶᠢ ᠬᠡᠷᠡᠭᠵᠢᠭᠦᠯᠦᠨ᠂ ᠣᠲᠣ ᠦᠶ᠎ᠡ ᠶᠢᠨ ᠲᠠᠷᠢᠶᠠᠯᠠᠩ ᠮᠠᠯ ᠠᠵᠤ ᠠᠬᠤᠶ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ 2025 ᠣᠨ ᠪᠣᠯᠬᠤ ᠳᠤ᠂ ᠪᠥᠬᠦ ᠬᠤᠰᠢᠭᠤᠨ ᠤ ᠠᠮᠤ ᠪᠤᠳᠠᠭᠠᠨ ᠤ ᠤᠨᠠᠯᠲᠠ ᠶᠢ 2 ᠳ᠋ᠦᠩᠰᠢᠭᠤᠷ ᠵᠢᠩ ᠠᠴᠠ ᠳᠡᠭᠡᠭᠰᠢ ᠬᠡᠮᠵᠢᠶᠡᠨ ᠳᠤ ᠲᠣᠭᠲᠠᠪᠤᠷᠢᠵᠢᠭᠤᠯᠵᠤ᠂ ᠠᠯᠠᠰᠢᠨ ᠦᠬᠡᠷ ᠤᠨ ᠲᠤᠭ᠎ᠠ ᠶᠢ 15 ᠲᠦᠮᠡ ᠳᠤ ᠬᠦᠷᠭᠡᠵᠦ᠂ ᠲᠥᠮᠥᠰᠥ ᠶᠢᠨ ᠤᠤᠯ ᠡᠭᠦᠯᠳᠡᠷ᠂ ᠤᠤᠯ ᠡᠭᠦᠯᠳᠡᠷ ᠤᠨ ᠦᠢᠯᠡᠳᠪᠦᠷᠢᠯᠡᠯ ᠤᠨ ᠴᠢᠳᠠᠪᠤᠷᠢ ᠶᠢ ᠶᠡᠬᠡᠪᠡᠷ ᠳᠡᠭᠡᠭᠰᠢᠯᠡᠭᠦᠯᠦᠨ᠎ᠡ᠃ ᠠᠵᠤ ᠦᠢᠯᠡᠳᠪᠦᠷᠢ ᠪᠠᠷ ᠬᠤᠰᠢᠭᠤ ᠪᠠᠨ ᠬᠦᠴᠦᠷᠬᠡᠭᠵᠢᠭᠦᠯᠬᠦ ᠶᠢ ᠭᠤᠶᠢᠪᠢᠰᠢ ᠥᠬᠡᠶ ᠪᠠᠷᠢᠮᠲᠠᠯᠠᠵᠤ᠂ ᠬᠡᠯᠬᠢᠶᠡᠰᠦ ᠶᠢ ᠤᠷᠲᠤᠳᠬᠠᠨ ᠬᠡᠯᠬᠢᠶᠡᠰᠦ ᠶᠢ ᠨᠥᠬᠦᠪᠥᠷᠢᠯᠡᠵᠦ ᠬᠡᠯᠬᠢᠶᠡᠰᠦ ᠶᠢ ᠴᠢᠩᠭᠠᠳᠬᠠᠬᠤ ᠶᠢᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ‌‍ᠤᠨ ᠪᠣᠬᠢᠷᠲᠤᠯ ᠥᠬᠡᠶ ᠪᠣᠯᠭᠠᠬᠤ ᠥᠭᠡᠷᠡᠴᠢᠯᠡᠯᠲᠡ ᠶᠢᠨ ᠡᠷᠴᠢᠮ ᠢ ᠴᠢᠩᠭᠠᠷᠠᠭᠤᠯᠤᠨ᠂ ᠠᠵᠤ ᠠᠬᠤᠶᠢᠯᠠᠯ ᠤᠨ ᠬᠤᠭᠤᠷᠣᠨᠳᠣᠬᠢ ᠭᠦᠨᠵᠡᠭᠡᠶ ᠠᠭᠤᠰᠤᠯᠴᠠᠯ ᠢ ᠠᠬᠢᠭᠤᠯᠵᠤ᠂ ︽ᠰᠢᠨ᠎ᠡ ᠡᠨᠧᠷᠭᠢ + ᠬᠡᠰᠡᠭ ᠬᠡᠪᠴᠢᠶᠡᠨ ᠤ ᠴᠠᠬᠢᠯᠭᠠᠨ ᠲᠣᠤᠷ + ᠡᠨᠧᠷᠭᠢ ᠬᠠᠳᠠᠭᠠᠯᠠᠬᠤ︾ ᠡᠬᠢ ᠰᠤᠷᠪᠤᠯᠵᠢ ᠶᠢᠨ ᠲᠣᠤᠷ ᠤᠨ ᠨᠥᠭᠡᠴᠡᠯᠡᠨ ᠬᠠᠳᠠᠭᠠᠯᠠᠬᠤ ᠵᠠᠭᠪᠤᠷ ᠢ ᠳᠡᠯᠭᠡᠷᠡᠭᠦᠯᠦᠨ᠂ ᠰᠢᠨ᠎ᠡ ᠡᠨᠧᠷᠭᠢ ᠶᠢᠨ ᠰᠢᠩᠭᠡᠭᠡᠨ ᠠᠪᠬᠤ ᠬᠤᠪᠢ ᠶᠢᠨ ᠵᠢᠩ ᠢ ᠳᠡᠭᠡᠭᠰᠢᠯᠡᠭᠦᠯᠵᠦ᠂ ᠰᠢᠨ᠎ᠡ ᠡᠨᠧᠷᠭᠢ ᠰᠢᠨ᠎ᠡ ᠮᠠᠲ᠋ᠧᠷᠢᠶᠠᠯ ᠤᠨ ᠠᠵᠤ ᠦᠢᠯᠡᠰ ᠤᠨ ᠭᠦᠢᠯᠬᠡᠬᠡᠨ ᠤ ᠬᠥᠭᠵᠢᠯᠲᠡ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ 2025 ᠣᠨ ᠪᠣᠯᠬᠤ ᠳᠤ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠦᠢᠯᠡᠳᠪᠦᠷᠢᠯᠡᠬᠦ ᠴᠢᠳᠠᠪᠤᠷᠢ ᠶᠢ 50 ᠲᠦᠮᠡᠨ ᠲᠣᠨ ᠳᠤ ᠬᠦᠷᠦᠭᠦᠯᠵᠦ᠂ ᠳᠤᠮᠳᠠ ᠳᠡᠭᠡᠳᠦ ᠲᠠᠰ ᠤᠨ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠦᠢᠯᠡᠳᠭᠦᠨ ᠢ ᠶᠡᠷᠦᠩᠬᠡᠶ ᠭᠠᠷᠤᠯᠲᠠ ᠶᠢᠨ 40% ᠳᠤ ᠬᠦᠷᠦᠭᠦᠯᠵᠦ᠂ ᠠᠵᠤ ᠦᠢᠯᠡᠳᠪᠦᠷᠢ ᠶᠢᠨ ᠡᠨᠧᠷᠭᠢ ᠶᠢᠨ ᠬᠡᠷᠡᠭᠯᠡᠭᠡᠨ ᠤ ᠪᠦᠲᠦᠴᠡ ᠳᠠᠬᠢ ᠨᠣᠭᠤᠭᠠᠨ ᠡᠨᠧᠷᠭᠢ ᠶᠢᠨ ᠡᠵᠡᠯᠡᠬᠦ ᠬᠠᠷᠢᠴᠠᠯ ᠢ 40% ᠳᠤ ᠬᠦᠷᠦᠭᠦᠯᠦᠨ᠎ᠡ᠃ ᠬᠠᠮᠠᠭᠠᠯᠠᠬᠤ ᠶᠢ ᠲᠡᠷᠢᠭᠦᠨ ᠳᠤ ᠲᠠᠯᠪᠢᠬᠤ᠂ ᠵᠦᠶ ᠵᠣᠬᠢᠰᠲᠠᠶ ᠨᠡᠭᠡᠭᠡᠨ ᠬᠥᠭᠵᠢᠭᠦᠯᠬᠦ᠂ ᠡᠭᠦᠷᠢᠳᠡ ᠦᠷᠭᠦᠯᠵᠢᠯᠡᠨ ᠠᠰᠢᠭᠯᠠᠬᠤ᠂ ᠠᠰᠢᠭ ᠲᠤᠰᠠ ᠶᠢ ᠬᠠᠮᠲᠤᠪᠠᠷ ᠭᠥᠷᠳᠡᠬᠦ ᠵᠠᠷᠴᠢᠮ ᠢ ᠵᠢᠷᠤᠮᠯᠠᠨ᠂ ︽ᠵᠢᠭᠤᠯᠴᠢᠯᠠᠯ +︾ ︽+ ᠵᠢᠭᠤᠯᠴᠢᠯᠠᠯ︾ ᠤᠨ ᠠᠭᠤᠰᠤᠯᠴᠠᠨ ᠬᠥᠭᠵᠢᠬᠦ ᠶᠢ ᠲᠦᠷᠭᠡᠳᠬᠡᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠰᠤᠳᠤᠯᠤᠨ ᠰᠤᠷᠤᠯᠴᠠᠬᠤ ᠡᠷᠡᠭᠦᠯᠵᠢᠯ ᠰᠤᠪᠢᠯᠠᠯᠲᠠ ᠰᠡᠯᠡᠭᠦᠴᠡᠯ ᠤᠨ ᠵᠢᠭᠤᠯᠴᠢᠯᠠᠯ ᠤᠨ ᠵᠢᠱᠢᠶ᠎ᠡ ᠦᠵᠡᠭᠦᠯᠬᠦ ᠰᠠᠭᠤᠷᠢᠨ ᠭᠠᠵᠠᠷ ᠢ ᠪᠥᠲᠥᠭᠡᠨ ᠪᠠᠶᠢᠭᠤᠯᠤᠨ᠎ᠠ᠃ 2025 ᠣᠨ ᠪᠣᠯᠬᠤ ᠳᠤ ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠢ ᠤᠯᠤᠰ ᠤᠨ 5A ᠲᠠᠰ ᠤᠨ ᠦᠵᠡᠮᠵᠢ ᠶᠢᠨ ᠣᠷᠣᠨ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠵᠢᠯ ᠳᠤ 130 ᠲᠦᠮᠡᠨ ᠵᠤᠭᠠᠴᠠᠭᠰᠠᠳ ᠢ ᠭᠥᠯᠢᠶᠡᠨ ᠠᠪᠴᠤ᠂ ᠵᠢᠭᠤᠯᠴᠢᠯᠠᠯ ᠤᠨ ᠣᠷᠣᠯᠭ᠎ᠠ ᠶᠢ 9 ᠳ᠋ᠦᠩᠰᠢᠭᠤᠷ ᠲᠥᠭᠦᠷᠢᠭ ᠠᠴᠠ ᠳᠠᠪᠠᠭᠤᠯᠤᠨ᠎ᠠ᠃        ︵ᠭᠤᠷᠪᠠ︶ ᠥᠭᠡᠷᠡᠴᠢᠯᠡᠯᠲᠡ ᠨᠡᠭᠡᠭᠡᠯᠳᠡ ᠶᠢᠨ ᠲᠠᠯ᠎ᠠ ᠪᠠᠷ ᠰᠢᠨ᠎ᠡ ᠰᠢᠪᠲᠤᠯᠤᠯᠲᠠ ᠭᠠᠷᠭᠠᠪᠠ᠃ ︽ᠪᠠᠭᠤᠯᠭᠠᠬᠤ ᠬᠠᠮᠢᠶᠠᠷᠬᠤ  ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠬᠢᠨᠠᠨ ᠵᠥᠪᠰᠢᠶᠡᠷᠡᠬᠦ ᠴᠤᠪᠤᠷᠠᠯ ᠢ ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠦ᠂ ︽ᠳᠣᠲᠣᠨᠣ︾ ︽ᠠᠷᠢᠭᠤᠨ︾ ᠵᠠᠰᠠᠭ ᠤᠨ ᠣᠷᠳᠣᠨ ᠪᠠ ᠬᠤᠳᠠᠯᠳᠤᠭᠠᠴᠢᠨ ᠤ ᠬᠠᠷᠢᠴᠠᠭ᠎ᠠ ᠶᠢ ᠪᠠᠶᠢᠭᠤᠯᠵᠤ᠂ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠤᠨ ᠲᠠᠰ ᠳᠡᠪᠰᠢᠭᠰᠡᠨ ᠬᠡᠪ ᠢ ᠪᠣᠶ ᠪᠣᠯᠭᠠᠨ᠎ᠠ᠃ ︽ᠰᠢᠨᠵᠢᠯᠡᠬᠦ ᠤᠬᠠᠭᠠᠨ ᠮᠡᠷᠭᠡᠵᠢᠯ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠪᠠᠶᠢᠯᠳᠤᠬᠤ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ ᠤᠨ ︽ᠬᠤᠶᠠᠷ ᠳᠠᠬᠢᠨ ᠢᠶᠠᠷ ᠨᠡᠮᠡᠭᠳᠡᠭᠦᠯᠬᠦ︾ ᠠᠵᠢᠯᠯᠠᠭ᠎ᠠ ᠶᠢ ᠬᠡᠷᠡᠭᠵᠢᠭᠦᠯᠦᠨ᠂ ᠭᠤᠤᠯᠯᠠᠬᠤ ᠠᠵᠤ ᠦᠢᠯᠡᠰ ᠤᠨ ᠬᠡᠯᠬᠢᠶᠡᠰᠦ ᠶᠢᠨ ᠰᠤᠳᠤᠯᠤᠨ ᠨᠡᠭᠡᠭᠡᠬᠦ ᠬᠢᠷᠢ ᠬᠡᠮᠵᠢᠶ᠎ᠡ ᠶᠢ ᠪᠦᠬᠦᠯᠢ ᠴᠣᠭᠴᠠ ᠪᠠᠷ ᠳᠡᠭᠡᠭᠰᠢᠯᠡᠭᠦᠯᠬᠦ ᠶᠢ ᠠᠬᠢᠭᠤᠯᠤᠨ᠎ᠠ᠃ 2025 ᠣᠨ ᠪᠣᠯᠬᠤ ᠳᠤ᠂ ᠥᠪᠡᠷᠲᠡᠭᠡᠨ ᠵᠠᠰᠠᠬᠤ ᠣᠷᠣᠨ ᠤ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ 1᠂ ᠬᠤᠲᠠ ᠶᠢᠨ ᠲᠠᠰ ᠤᠨ ᠭᠤᠤᠯᠳᠠᠯᠭ᠎ᠠ ᠲᠠᠢ ᠲᠤᠷᠰᠢᠯᠲᠠ ᠶᠢᠨ ᠲᠠᠰᠤᠭ 3 ᠶᠢ ᠪᠠᠶᠢᠭᠤᠯᠵᠤ᠂ ︽ᠲᠤᠰᠬᠠᠶ ᠨᠠᠷᠢᠯᠢᠭ ᠣᠨᠴᠠ ᠰᠢᠨ᠎ᠡ︾ ᠳᠤᠮᠳᠠ ᠵᠢᠵᠢᠭ ᠠᠵᠤ ᠠᠬᠤᠶᠢᠯᠠᠯ 5 ᠶᠢ ᠪᠤᠶᠢᠵᠢᠭᠤᠯᠤᠨ᠎ᠠ᠃ ᠤᠯᠠᠭᠠᠨᠴᠠᠪ ᠬᠤᠲᠠ ᠶᠢᠨ ᠤᠮᠠᠷᠠᠰᠢ ᠨᠡᠭᠡᠭᠡᠯᠲᠡ ᠬᠢᠬᠦ ︽ᠬᠥᠭᠦᠷᠭᠡᠨ ᠪᠠᠬᠢᠯᠡᠯᠲᠡ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠳᠤ ᠢᠳᠡᠪᠬᠢᠲᠡᠶ ᠪᠠᠷ ᠠᠭᠤᠰᠤᠯᠴᠠᠨ᠂ ᠡᠷᠢᠶᠡᠨ ᠬᠤᠲᠠ ᠵᠢᠴᠢ ᠡᠷᠬᠢᠨ ᠲᠣᠭᠤᠷᠢᠨ ᠤ ᠭᠠᠵᠠᠷ ᠣᠷᠣᠨ ᠯᠤᠭ᠎ᠠ ᠶᠢᠨ ᠬᠠᠮᠵᠢᠯᠴᠠᠨ ᠬᠠᠮᠲᠤᠷᠠᠯᠴᠠᠬᠤ᠂ ᠭᠦᠨᠵᠡᠭᠡᠶ ᠬᠤᠷᠰᠢᠯᠴᠠᠬᠤ ᠶᠢ ᠴᠢᠩᠭᠠᠳᠬᠠᠵᠤ᠂ ᠬᠦᠴᠦᠨ ᠵᠣᠶᠢᠯ ᠢ ᠬᠠᠮᠲᠤᠪᠠᠷ ᠭᠥᠷᠳᠡᠵᠦ ᠬᠠᠮᠲᠤᠪᠠᠷ ᠬᠡᠷᠡᠭᠯᠡᠬᠦ᠂ ᠣᠷᠣᠨ ᠪᠦᠰᠡ ᠶᠢᠨ ᠪᠠᠶᠢᠷᠢ ᠰᠣᠯᠪᠢᠴᠠᠨ ᠬᠥᠭᠵᠢᠬᠦ ᠶᠢ ᠴᠢᠩᠭᠠᠷᠠᠭᠤᠯᠤᠨ᠂ ᠪᠠᠷᠠᠭᠠᠨ ᠤ ᠭᠦᠢᠯᠭᠡᠭᠡᠨ‌‍ᠤ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠭᠦᠯᠦᠨ᠎ᠡ᠃ 2025 ᠣᠨ ᠪᠣᠯᠬᠤ ᠳᠤ᠂ ᠳᠤᠮᠳᠠᠳᠤ ᠮᠣᠩᠭᠤᠯ ᠣᠷᠣᠰ ᠤᠨ ᠠᠵᠤ ᠠᠬᠤᠶ ᠶᠢᠨ ᠬᠤᠩᠭᠢᠯ ᠤᠨ ᠴᠢᠬᠤᠯᠠ ᠵᠠᠩᠭᠢᠯᠠᠭ᠎ᠠ ᠶᠢᠨ ᠬᠤᠲᠠ ᠪᠠᠯᠭᠠᠰᠤ ᠪᠣᠯᠭᠠᠨ ᠪᠥᠲᠥᠭᠡᠨ ᠪᠠᠶᠢᠭᠤᠯᠤᠨ᠎ᠠ᠃   ︵ᠳᠥᠷᠪᠡ︶ ᠬᠤᠲᠠ ᠬᠥᠳᠡᠭᠡ ᠶᠢᠨ ᠠᠭᠤᠰᠤᠯᠴᠠᠯ ᠤᠨ ᠰᠢᠨ᠎ᠡ ᠰᠢᠪᠲᠤᠯᠤᠯᠲᠠ ᠶᠢ ᠪᠡᠶᠡᠯᠡᠭᠦᠯᠦᠨ᠎ᠡ᠃ ᠬᠤᠳᠠ ᠬᠥᠳᠡᠭᠡ ᠶᠢ ᠨᠢᠭᠡ ᠬᠥᠯᠭᠡ ᠰᠢᠳᠠᠷ᠎ᠠ ᠮᠡᠲᠦ ᠪᠠᠶᠢᠯᠭᠠᠬᠤ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠪᠠ ᠰᠢᠨ᠎ᠡ ᠮᠠᠶ᠋ᠢᠭ ᠤᠨ ᠬᠤᠳᠠ ᠪᠠᠯᠭᠠᠰᠤᠵᠢᠯᠳᠠ ᠶᠢ ᠵᠣᠬᠢᠴᠠᠭᠤᠯᠤᠨ ᠠᠬᠢᠭᠤᠯᠵᠤ᠂ ᠬᠤᠳᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠬᠤᠲᠠ ᠪᠠᠯᠭᠠᠰᠤ ᠶᠢ ᠰᠢᠨᠡᠳᠬᠡᠬᠦ ᠠᠵᠢᠯᠯᠠᠭ᠎ᠠ ᠶᠢ ᠬᠡᠷᠡᠭᠵᠢᠭᠦᠯᠵᠦ᠂ ᠤᠶᠠᠨ ᠬᠠᠳᠠᠨ ᠴᠢᠨᠠᠷᠲᠠᠶ ᠬᠤᠲᠠ ᠪᠠᠯᠭᠠᠰᠤ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠪᠴᠢᠯᠡᠨ ᠠᠬᠢᠭᠤᠯᠵᠤ᠂ ᠣᠯᠠᠨ ᠨᠡᠶᠢᠲᠡ ᠶᠢᠨ ᠠᠮᠤᠷ ᠲᠦᠪᠰᠢᠨ ᠤ ᠴᠢᠬᠤᠯᠠ ᠶᠡᠭᠡ ᠬᠡᠷᠡᠭ ᠢ ᠰᠡᠷᠭᠡᠶᠢᠯᠡᠬᠦ ᠪᠠ ᠠᠷᠭᠠᠴᠠᠬᠤ ᠴᠢᠳᠠᠪᠤᠷᠢ ᠪᠠᠨ ᠳᠡᠭᠡᠭᠰᠢᠯᠡᠭᠦᠯᠦᠨ᠎ᠡ︔ ᠤᠶᠤᠨᠲᠤ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠨᠡᠶᠢᠭᠡᠮ ᠤᠨ ᠨᠠᠷᠢᠯᠢᠬᠵᠢᠭᠤᠯᠬᠤ᠂ ᠪᠠᠷᠢᠮᠵᠢᠶᠠᠵᠢᠭᠤᠯᠬᠤ  ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ︔ ᠬᠠᠶᠢᠮᠢᠶᠠᠨ ᠬᠤᠲᠠ ᠪᠠᠯᠭᠠᠰᠤ ᠶᠢᠨ ᠪᠥᠲᠥᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠵᠤ᠂ ᠬᠤᠲᠠ ᠪᠠᠯᠭᠠᠰᠤ ᠶᠢᠨ ᠦᠶᠡᠷ ᠢ ᠰᠡᠷᠭᠡᠶᠢᠯᠡᠵᠦ ᠤᠰᠤᠲᠤᠯ ᠢ ᠵᠠᠯᠠᠬᠤ ᠢᠨᠵᠧᠨᠧᠷᠢᠩ ᠤᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ 2025 ᠣᠨ ᠪᠣᠯᠬᠤ ᠳᠤ᠂ ᠬᠤᠲᠠ ᠪᠠᠯᠭᠠᠰᠤ ᠶᠢᠨ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠵᠦ᠂ ᠬᠤᠲᠠ ᠬᠥᠳᠡᠭᠡ ᠶᠢ ᠠᠭᠤᠰᠤᠯᠴᠠᠭᠤᠯᠤᠨ ᠬᠥᠭᠵᠢᠭᠦᠯᠬᠦ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ ᠪᠠᠶᠢᠩᠭᠤ ᠰᠠᠭᠤᠭ᠎ᠠ ᠬᠥᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠣᠷᠮ᠎ᠠ ᠶᠢ 69% ᠣᠷᠴᠢᠮ ᠳᠤ ᠬᠦᠷᠦᠭᠦᠯᠵᠦ᠂ ᠨᠣᠭᠤᠭᠠᠨ ᠬᠥᠷᠥᠰᠥ ᠶᠢᠨ ᠨᠣᠷᠮ᠎ᠠ ᠶᠢ 42% ᠲᠤ ᠬᠦᠷᠦᠭᠦᠯᠦᠨ᠎ᠡ᠃ ᠬᠥᠳᠡᠭᠡ ᠲᠣᠰᠬᠤᠨ ᠤ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠥᠮᠦᠰ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠵᠤ ᠳᠡᠭᠡᠭᠰᠢᠯᠡᠭᠦᠯᠬᠦ ᠲᠠᠪᠤᠨ ᠵᠢᠯ ᠤᠨ ᠠᠵᠢᠯᠯᠠᠭ᠎ᠠ ᠶᠢ ᠬᠡᠷᠡᠭᠵᠢᠭᠦᠯᠦᠨ᠂ ᠤᠰᠤ᠂ ᠴᠠᠬᠢᠯᠭᠠᠨ᠂ ᠵᠠᠮ᠂ ᠴᠢᠮᠡᠭᠡ ᠬᠤᠯᠪᠣᠭ᠎ᠠ ᠪᠠ ᠪᠠᠷᠠᠭᠠᠨ ᠤ ᠭᠦᠢᠯᠭᠡᠭᠡᠨ ᠵᠡᠷᠭᠡ ᠰᠠᠭᠤᠷᠢ ᠪᠡᠯᠡᠳᠬᠡᠮᠵᠢ ᠶᠢ ᠲᠡᠭᠦᠯᠳᠡᠷᠵᠢᠭᠦᠯᠵᠦ᠂ ᠭᠤᠤᠯ ᠲᠣᠰᠬᠤᠨ ᠪᠠᠯᠭᠠᠰᠤ ᠶᠢᠨ ᠳᠠᠭᠠᠭᠠᠬᠤ ᠴᠢᠳᠠᠪᠤᠷᠢ ᠶᠢ ᠨᠡᠮᠡᠭᠳᠡᠭᠦᠯᠦᠨ᠎ᠡ᠃ ᠮᠠᠯᠵᠢᠬᠤ ᠲᠠᠷᠢᠶᠠᠯᠠᠬᠤ ᠣᠷᠣᠨ ᠤ ᠬᠥᠭᠵᠢᠯᠲᠡ ᠶᠢᠨ ᠬᠠᠨᠳᠤᠰᠢ ᠳᠤ ᠵᠣᠬᠢᠴᠠᠭᠤᠯᠤᠨ᠂ ᠭᠠᠵᠠᠷ ᠰᠢᠷᠣᠶ ᠶᠢ ᠡᠷᠭᠢᠯᠳᠦᠭᠦᠯᠬᠦ᠂ ᠬᠡᠪᠴᠢᠶᠡᠵᠢᠭᠦᠯᠦᠨ ᠡᠵᠡᠩᠨᠡᠬᠦ᠂ ᠥᠮᠴᠢᠯᠡᠬᠦ ᠡᠷᠬᠡ ᠶᠢ ᠳᠠᠩᠰᠠᠯᠠᠬᠤ ᠵᠡᠷᠭᠡ ᠲᠥᠷᠥ ᠶᠢᠨ ᠪᠣᠳᠣᠯᠭ᠎ᠠ ᠶᠢ ᠨᠢᠭᠡᠳᠦᠯᠲᠡᠶ ᠲᠥᠯᠥᠪᠯᠡᠵᠦ᠂ ᠬᠥᠮᠦᠨ ᠠᠮᠠ ᠶᠢ ᠬᠥᠲᠥᠯᠦᠨ ᠵᠢᠯᠣᠭᠤᠳᠴᠤ ᠪᠠᠶᠢᠭᠠᠳ ᠭᠤᠤᠯ ᠲᠣᠰᠬᠤᠨ ᠪᠠᠯᠭᠠᠰᠤ ᠳᠠᠰᠢ ᠴᠤᠭᠯᠠᠷᠠᠭᠤᠯᠤᠨ᠎ᠠ᠃ 2025 ᠣᠨ ᠪᠣᠯᠬᠤ ᠳᠤ᠂ ᠮᠠᠯᠵᠢᠬᠤ ᠲᠠᠷᠢᠶᠠᠯᠠᠬᠤ ᠣᠷᠣᠨ ᠢ ᠬᠤᠭᠤᠰᠣᠷᠠᠭᠤᠯᠬᠤ᠂ ᠲᠠᠷᠢᠶᠠᠯᠠᠩ ᠮᠠᠯ ᠠᠵᠤ ᠠᠬᠤᠶ ᠶᠢ ᠵᠠᠬ᠎ᠠ ᠬᠥᠪᠡᠭᠡᠳᠡᠭᠦᠯᠬᠦ᠂ ᠮᠠᠯᠴᠢᠨ ᠲᠠᠷᠢᠶᠠᠴᠢᠨ ᠤ ᠨᠠᠰᠤᠵᠢᠯᠲᠠ ᠪᠠ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠤ ︽ᠨᠠᠰᠤᠵᠢᠯ ᠤᠨ ᠠᠰᠠᠷᠠᠮᠵᠢ ᠶᠢᠨ ᠬᠦᠴᠢᠷᠳᠡᠯ︾ ᠤᠨ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠨ᠎ᠡ᠃          ︵ᠲᠠᠪᠤ︶ ᠠᠷᠠᠳ ᠤᠨ ᠠᠮᠢᠳᠤᠷᠠᠯ ᠤᠨ ᠠᠵᠠ ᠵᠢᠷᠭᠠᠯ ᠰᠢᠨ᠎ᠡ ᠰᠢᠪᠲᠤᠯᠤᠯᠲᠠ ᠲᠠᠢ ᠪᠣᠯᠪᠠ᠃ ᠬᠠᠮᠲᠤ ᠪᠠᠷ ᠴᠢᠨᠡᠭᠡᠯᠢᠭᠵᠢᠬᠦ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠯᠠᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠰᠢᠨ᠎ᠡ ᠬᠦᠰᠡᠯ ᠡᠷᠡᠮᠡᠯᠵᠡᠯ ᠳᠤ ᠵᠣᠬᠢᠴᠠᠭᠤᠯᠤᠨ᠂ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠵᠠᠷᠤᠯᠭ᠎ᠠ ᠶᠢᠨ ᠦᠷᠭᠦᠯᠵᠢᠯᠡᠨ ᠬᠦᠴᠦ ᠨᠡᠮᠡᠨ ᠦᠷ᠎ᠡ ᠠᠰᠢᠭ ᠢ ᠨᠡᠮᠡᠭᠳᠡᠭᠦᠯᠬᠦ ᠶᠢ ᠪᠠᠲᠤᠯᠠᠵᠤ᠂ ᠠᠷᠠᠳ ᠤᠨ ᠠᠮᠢᠳᠤᠷᠠᠯ ᠤᠨ ᠪᠠᠲᠤᠯᠠᠭ᠎ᠠ ᠶᠢ ᠨᠠᠷᠢᠯᠢᠭ ᠣᠨᠣᠴᠠᠵᠢᠭᠤᠯᠬᠤ᠂ ᠤᠯᠠᠨ ᠨᠡᠶᠢᠲᠡ ᠶᠢᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠨᠡᠶᠢᠭᠡᠮ ᠤᠨ ᠵᠠᠰᠠᠯᠲᠠ ᠶᠢ ᠣᠳᠣᠬᠢᠴᠢᠯᠠᠬᠤ ᠶᠢ ᠠᠬᠢᠭᠤᠯᠤᠨ᠎ᠠ᠃ ᠰᠢᠨ᠎ᠡ ᠴᠠᠭ ᠦᠶ᠎ᠡ ᠶᠢᠨ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠪᠥᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠷᠠᠳ ᠲᠦᠮᠡᠨ ᠳᠤ ᠲᠠᠭᠠᠰᠢᠶᠠᠭᠳᠠᠭᠰᠠᠨ ᠰᠤᠷᠭᠠᠨ ᠬᠥᠮᠦᠵᠢᠯ ᠢ ᠴᠢᠷᠮᠠᠶᠢᠨ ᠰᠠᠶᠢᠲᠤᠷ ᠡᠷᠭᠢᠯᠡᠨ᠎ᠡ᠃ 2025 ᠣᠨ ᠪᠣᠯᠬᠤ ᠳᠤ᠂ ᠲᠦᠷᠢᠮ ᠢ ᠨᠡᠩ ᠪᠦᠷᠢᠨ ᠲᠡᠭᠦᠯᠳᠡᠷ᠂ ᠪᠦᠲᠦᠴᠡ ᠶᠢ ᠨᠡᠩ ᠰᠢᠯᠢᠳᠡᠭᠵᠢᠭᠰᠡᠨ᠂ ᠪᠠᠲᠤᠯᠠᠭ᠎ᠠ ᠶᠢ ᠨᠡᠩ ᠪᠦᠬᠦ ᠲᠠᠯ᠎ᠠ ᠶᠢᠨ᠂ ᠦᠢᠯᠡᠴᠢᠯᠡᠭᠡ ᠶᠢ ᠨᠡᠩ ᠥᠨᠳᠥᠷ ᠪᠦᠲᠦᠮᠵᠢᠲᠡᠢ ᠪᠣᠯᠭᠠᠭᠰᠠᠨ ᠴᠢᠨᠠᠷ ᠰᠠᠶᠢᠲᠠᠢ ᠰᠤᠷᠭᠠᠨ ᠬᠥᠮᠦᠵᠢᠯ ᠤᠨ ᠰᠢᠰᠲ᠋ᠧᠮ ᠢ ᠦᠨᠳᠦᠰᠦᠨ ᠳᠡᠭᠡᠨ ᠪᠠᠶᠢᠭᠤᠯᠵᠤ᠂ ᠠᠷᠠᠳ ᠤᠯᠠᠨ ᠳᠤ ᠨᠡᠩ ᠡᠷᠬᠡ ᠲᠡᠭᠰᠢ ᠴᠢᠨᠠᠷ ᠰᠠᠶᠢᠲᠠᠢ ᠰᠤᠷᠭᠠᠨ ᠬᠥᠮᠦᠵᠢᠯ ᠢ ᠡᠳ᠋ᠯᠡᠭᠦᠯᠦᠨ᠎ᠡ᠃ ᠡᠮᠴᠢᠯᠡᠭᠡ ᠡᠷᠡᠭᠦᠯ ᠬᠠᠮᠠᠭᠠᠯᠠᠯ᠂ ᠪᠡᠶ᠎ᠡ ᠶᠢᠨ ᠲᠠᠮᠢᠷ ᠪᠡᠶ᠎ᠡ ᠴᠢᠭᠢᠷᠠᠭᠵᠢᠭᠤᠯᠤᠯᠲᠠ᠂ ᠨᠠᠰᠤᠵᠢᠯ ᠤᠨ ᠠᠰᠠᠷᠠᠮᠵᠢ ᠪᠠ ᠬᠡᠤᠬᠡᠳ ᠰᠠᠭᠠᠲᠠᠭᠤᠯᠬᠤ ᠬᠥᠮᠦᠵᠢᠯ ᠵᠡᠷᠭᠡ ᠣᠯᠠᠨ ᠨᠡᠶᠢᠲᠡ ᠶᠢᠨ ᠦᠢᠯᠡᠴᠢᠯᠡᠭᠡᠨ ᠤ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠥᠮᠦᠨ ᠠᠮᠠ ᠶᠢᠨ ᠨᠠᠰᠤᠵᠢᠯᠲᠠ ᠶᠢ ᠠᠷᠭᠠᠴᠠᠬᠤ ᠤᠯᠤᠰ ᠤᠨ ᠪᠠᠶᠢᠯᠳᠤᠬᠤ ᠪᠣᠳᠣᠯᠭ᠎ᠠ ᠶᠢ ᠢᠳᠡᠪᠬᠢᠲᠡᠶ ᠨᠠᠶᠢᠳᠠᠪᠤᠷᠢᠵᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠰᠢᠰᠲ᠋ᠧᠮᠵᠢ ᠶᠢ ᠲᠠᠰᠤᠷᠠᠯᠲᠠ ᠥᠬᠡᠶ ᠲᠡᠭᠦᠯᠳᠡᠷᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠬᠢᠷᠢ ᠬᠡᠮᠵᠢᠶ᠎ᠡ ᠶᠢ ᠰᠠᠶᠢᠵᠢᠷᠠᠭᠤᠯᠤᠨ᠂ ᠠᠷᠠᠳ ᠣᠯᠠᠨ ᠳᠤ ᠪᠥᠬᠦ ᠲᠠᠯ᠎ᠠ ᠶᠢᠨ ᠪᠠ ᠪᠥᠬᠦ ᠦᠶᠡᠯᠡᠯ ᠤᠨ ᠬᠤᠭᠤᠴᠠᠭᠠᠨ ᠤ ᠡᠷᠡᠭᠦᠯ ᠮᠡᠨᠳᠦ ᠶᠢᠨ ᠦᠢᠯᠡᠴᠢᠯᠡᠭᠡ ᠶᠢ ᠴᠢᠷᠮᠠᠶᠢᠨ ᠬᠠᠩᠭᠠᠨ᠎ᠠ᠃ 2025 ᠣᠨ ᠪᠣᠯᠬᠤ ᠳᠤ᠂ ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ ᠢ ᠪᠦᠬᠦᠨ ᠢ ᠬᠠᠮᠤᠷᠬᠤ ᠶᠢ ᠴᠢᠷᠮᠠᠶᠢᠨ ᠪᠡᠶᠡᠯᠡᠭᠦᠯᠵᠦ᠂ ᠬᠤᠰᠢᠭᠤᠨ ᠬᠡᠪᠴᠢᠶᠡᠨ ᠳᠤ ᠡᠮᠨᠡᠭᠦᠯᠬᠦ ᠨᠣᠷᠮ᠎ᠠ ᠶᠢ ᠢᠯᠡᠳᠲᠡ ᠳᠡᠭᠡᠭᠰᠢᠯᠡᠭᠦᠯᠦᠨ᠂ ᠨᠠᠰᠤᠵᠢᠯ ᠤᠨ ᠠᠰᠠᠷᠠᠮᠵᠢ ᠶᠢᠨ ᠣᠷᠣ ᠶᠢ 600 ᠰᠢᠨ᠎ᠡ ᠪᠠᠷ ᠨᠡᠮᠡᠭᠳᠡᠭᠦᠯᠵᠦ᠂ ᠵᠢᠱᠢᠶ᠎ᠡ ᠦᠵᠡᠭᠦᠯᠬᠦ ᠴᠢᠨᠠᠷᠲᠠᠶ ᠨᠢᠯᠬ᠎ᠠ ᠬᠡᠤᠬᠡᠳ ᠢ 2300 ᠨᠠᠶᠢᠳᠠᠨ᠎ᠠ᠃ ᠢᠳᠡᠭᠡᠨ ᠪᠠ ᠡᠮ ᠤᠨ ᠵᠣᠶᠢᠯ ᠤᠨ ᠠᠮᠤᠷ ᠲᠦᠪᠰᠢᠨ ᠤ ᠵᠠᠰᠠᠯᠲᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠵᠦ᠂ ᠢᠳᠡᠭᠡᠨ ᠪᠠ ᠡᠮ ᠤᠨ ᠵᠣᠶᠢᠯ ᠤᠨ ᠠᠮᠤᠷ ᠲᠦᠪᠰᠢᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠢᠳᠡᠭᠡᠨ ᠤ ᠠᠮᠤᠷ ᠲᠦᠪᠰᠢᠨ ᠤ ᠵᠢᠱᠢᠶ᠎ᠡ ᠦᠵᠡᠭᠦᠯᠬᠦ ᠨᠡᠶᠢᠭᠡᠮ ᠵᠢᠷᠤᠮ ᠤᠨ ᠭᠤᠣᠯᠯᠠᠬᠤ ᠦᠷᠳᠡᠭ ᠤᠨ ᠦᠵᠡᠯᠲᠡ ᠪᠠᠷ ᠰᠣᠶᠣᠯ ᠤᠨ ᠪᠠᠶᠢᠭᠤᠯᠤᠯᠲᠠ ᠶᠢ ᠬᠥᠲᠥᠯᠥᠨ ᠳᠠᠭᠠᠭᠤᠯᠬᠤ ᠶᠢ ᠪᠠᠷᠢᠮᠲᠠᠯᠠᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠵᠤ᠂ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠪᠠ ᠠᠷᠠᠳ ᠢᠷᠭᠡᠳ ᠤᠨ ᠶᠣᠰᠣ ᠮᠣᠷᠠᠯ ᠤᠨ ᠪᠠᠶᠢᠭᠤᠯᠤᠯᠲᠠ ᠶᠢᠨ ᠢᠨᠵᠧᠨᠧᠷᠢᠩ ᠢ ᠰᠢᠨ᠎ᠡ ᠪᠠᠷ ᠡᠭᠦᠳᠦᠨ ᠥᠷᠨᠢᠭᠦᠯᠦᠨ᠎ᠡ᠃ ᠥᠪᠡᠷᠲᠡᠭᠡᠨ ᠵᠠᠰᠠᠬᠤ᠂ ᠮᠣᠷᠠᠯ ᠢᠶᠠᠷ ᠵᠠᠰᠠᠬᠤ᠂ ᠬᠠᠤᠯᠢ ᠪᠠᠷ ᠵᠠᠰᠠᠬᠤ ︽ᠭᠤᠷᠪᠠᠨ ᠵᠠᠰᠠᠯᠲᠠ ᠶᠢ ᠠᠭᠤᠰᠤᠯᠴᠠᠭᠤᠯᠬᠤ︾ ᠶᠢ ᠭᠦᠨᠵᠡᠭᠡᠶᠢᠷᠡᠭᠦᠯᠵᠦ᠂ ᠨᠠᠩ ᠥᠨᠳᠥᠷ ᠬᠢᠷᠢ ᠲᠦᠪᠰᠢᠨ ᠪᠥᠬᠦᠶ ︽ᠠᠮᠤᠷ ᠠᠮᠤᠭᠤᠯᠠᠩ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ︾ ᠶᠢᠨ ᠪᠥᠲᠥᠭᠡᠨ ᠪᠠᠶᠢᠭᠤᠯᠤᠯᠲᠠ ᠶᠢ ᠠᠬᠢᠭᠤᠯᠤᠨ᠎ᠠ᠃ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃  ᠭᠤᠷᠪᠠ᠂ 2022 ᠣᠨ ᠤ ᠬᠠᠷᠠᠯᠲᠠ ᠡᠭᠦᠷᠭᠡ ᠪᠣᠯᠤᠨ ᠭᠤᠣᠯᠳᠠᠯᠭ᠎ᠠ ᠲᠠᠢ ᠠᠵᠢᠯ        ᠲᠥᠯᠥᠭᠡᠯᠡᠭᠴᠢᠳ ᠡ᠂ 2022 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ᠂ ᠬᠤᠰᠢᠭᠤᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠣᠷᠢᠭ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠨᠢᠭᠡ ᠵᠢᠯ ᠮᠥᠨ᠂ ᠪᠠᠰᠠ ᠴᠤ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠡᠭᠦᠷᠭᠡ ᠲᠤᠰᠢᠶᠠᠯ ᠢᠶᠠᠨ ᠭᠦᠢᠴᠡᠳᠭᠡᠬᠦ ᠡᠬᠢᠯᠡᠯᠲᠡ ᠶᠢᠨ ᠵᠢᠯ ᠮᠥᠨ᠃ ᠲᠠᠪᠤᠨ ᠵᠢᠯ ᠤᠨ ᠲᠦᠷᠦᠭᠦᠦ ᠵᠢᠯ ᠢ ᠦᠵᠡᠬᠦ ᠳᠤ᠂ ᠡᠬᠢᠯᠡᠯᠲᠡ ᠶᠢᠨ ᠬᠠᠮᠤᠭ ᠤᠨ ᠵᠠᠩᠭᠢᠯᠠᠭ᠎ᠠ ᠪᠣᠯᠤᠨ᠎ᠠ᠃ ᠬᠤᠰᠢᠭᠤᠨ ᠠᠷᠠᠳ ᠤᠨ ᠵᠠᠰᠠᠭ ᠤᠨ ᠣᠷᠳᠣᠨ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠥᠪᠵᠢᠭᠦᠯᠭᠡ ᠶᠢᠨ ᠶᠡᠷᠦᠩᠬᠡᠶ ᠪᠠᠶᠢᠷᠢᠰᠢᠭᠤᠯᠤᠯᠲᠠ ᠶᠢᠨ ᠲᠣᠭᠤᠷᠢᠨ ᠳᠤ ᠲᠥᠪ ᠤᠨ ᠠᠵᠤ ᠠᠬᠤᠶ ᠶᠢᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠲᠣᠭᠲᠠᠭᠤᠨ ᠪᠠᠶᠢᠯᠭᠠᠬᠤ ᠶᠢ ᠲᠡᠷᠢᠭᠦᠨ ᠳᠤ ᠲᠠᠯᠪᠢᠬᠤ᠂ ᠲᠣᠭᠲᠠᠭᠤᠨ ᠪᠠᠶᠢᠯᠭᠠᠬᠤ ᠶᠢᠨ ᠵᠡᠷᠭᠡ ᠳᠤ ᠤᠷᠤᠭᠰᠢᠯᠠᠭᠤᠯᠬᠤ ᠠᠵᠢᠯ ᠤᠨ ᠶᠡᠷᠦᠩᠬᠡᠶ ᠬᠥᠭ ᠠᠶᠠᠰ ᠢ ᠪᠠᠷᠢᠮᠲᠠᠯᠠᠨ᠂ ᠵᠣᠷᠢᠭᠲᠠᠶ ᠪᠠᠷ ᠤᠷᠤᠭᠰᠢᠯᠠᠨ ᠳᠡᠪᠰᠢᠵᠦ᠂ ᠵᠠᠮ ᠨᠡᠭᠡᠭᠡᠨ ᠰᠢᠨ᠎ᠡ ᠶᠢ ᠡᠭᠦᠳᠴᠦ᠂ ᠠᠵᠤ ᠠᠬᠤᠶ ᠶᠢᠨ ᠠᠵᠢᠯᠯᠠᠭᠠᠨ ᠢ ᠵᠦᠶ ᠵᠣᠬᠢᠰᠲᠠᠶ ᠣᠷᠣᠨ ᠵᠠᠶ ᠳᠤ ᠪᠠᠶᠢᠯᠭᠠᠬᠤ ᠶᠢ ᠪᠠᠲᠤᠯᠠᠵᠤ᠂ ᠰᠢᠯᠢᠳᠡᠭ ᠬᠢᠷᠢ ᠪᠦᠲᠦᠮᠵᠢ ᠪᠠᠷ ᠢᠶᠠᠨ ᠨᠠᠮ ᠤᠨ ᠬᠤᠷᠢᠳᠤᠭᠠᠷ ᠶᠡᠭᠡ ᠬᠤᠷᠠᠯ ᠤᠨ ᠠᠮᠵᠢᠯᠲᠠ ᠲᠠᠢ ᠬᠤᠷᠠᠯᠳᠤᠬᠤ ᠶᠢ ᠤᠭᠲᠤᠨ᠎ᠠ᠃        ᠡᠨᠡ ᠵᠢᠯ ᠤᠨ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠣᠯ ᠭᠤᠣᠯ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ  ᠦᠢᠯᠡᠳᠪᠦᠷᠢᠯᠡᠯ‌‍ᠤᠨ ᠶᠡᠷᠦᠩᠬᠡᠶ ᠥᠷᠲᠡᠭ ᠢ 8.5% ᠣᠷᠴᠢᠮ ᠨᠡᠮᠡᠭᠳᠡᠭᠦᠯᠵᠦ᠂ ᠲᠣᠭᠲᠠᠮᠠᠯ ᠬᠥᠷᠥᠩᠭᠡ ᠶᠢᠨ ᠪᠠᠯᠠ ᠣᠷᠣᠭᠤᠯᠤᠯᠲᠠ ᠶᠢ 12% ᠣᠷᠴᠢᠮ ᠨᠡᠮᠡᠭᠳᠡᠭᠦᠯᠵᠦ᠂ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠢ 7.5% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡᠨ ᠤ ᠵᠣᠶᠢᠯ‌‍ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠬᠡᠮᠵᠢᠶ᠎ᠡ ᠶᠢ 6.5% ᠣᠷᠴᠢᠮ ᠨᠡᠮᠡᠭᠳᠡᠭᠦᠯᠵᠦ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠶᠢ ᠲᠣᠰ ᠲᠣᠰ 6%᠂ 8% ᠣᠷᠴᠢᠮ ᠨᠡᠮᠡᠭᠳᠡᠭᠦᠯᠵᠦ᠂ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ ᠠᠳᠠᠯᠢ ᠬᠤᠭᠤᠴᠠᠭᠠᠨ ᠤ ᠬᠢ ᠠᠴᠠ 6% ᠨᠡᠮᠡᠭᠳᠡᠭᠦᠯᠵᠦ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠪᠠᠭᠤᠯᠭᠠᠭᠰᠠᠨ ᠪᠤᠰᠤᠳ ᠬᠢᠵᠠᠭᠠᠷᠯᠠᠬᠤ ᠴᠢᠨᠠᠷᠲᠠᠶ ᠭᠦᠢᠴᠡᠳᠭᠡᠯ ᠲᠤᠭ᠎ᠠ ᠶᠢ ᠪᠥᠬᠦ ᠲᠠᠯ᠎ᠠ ᠪᠠᠷ ᠪᠡᠶᠡᠯᠡᠭᠦᠯᠦᠨ᠎ᠡ᠃        ᠳᠡᠭᠡᠷ᠎ᠡ ᠳᠤᠷᠠᠳᠤᠭᠰᠠᠨ ᠬᠠᠷᠠᠯᠲᠠ ᠶᠢ ᠪᠡᠶᠡᠯᠡᠭᠦᠯᠬᠦ ᠳᠤ ᠲᠤᠯᠤᠭᠠᠨ ᠲᠠᠯ᠎ᠠ ᠶᠢᠨ ᠠᠵᠢᠯ ᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠶ᠄        ︵ᠨᠢᠭᠡ︶ ᠠᠮᠢ ᠠᠬᠤᠶ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠠᠮᠢ ᠠᠬᠤᠶ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠭᠦᠯᠦᠨ᠎ᠡ        ᠠᠮᠢ ᠠᠬᠤᠢ ᠶᠢᠨ ᠣᠷᠴᠢᠨ ᠲᠣᠭᠤᠷᠢᠨ ᠢ ᠰᠠᠶᠢᠲᠤᠷ ᠬᠠᠮᠠᠭᠠᠯᠠᠬᠤ ᠪᠣᠯ ᠣᠳᠣᠬᠠᠨ ᠤ ᠬᠠᠮᠤᠭ ᠤᠨ ᠶᠡᠭᠡ ᠲᠡᠦᠬᠡᠲᠦ ᠡᠭᠦᠷᠭᠡ ᠪᠣᠯᠬᠤ ᠪᠥᠭᠡᠳ ᠪᠠᠰᠠ ᠴᠤ ᠬᠠᠮᠤᠭ ᠤᠨ ᠲᠦᠭᠡᠮᠡᠯ ᠠᠰᠢᠭ ᠬᠦᠷᠲᠡᠭᠡᠬᠦ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠪᠣᠯᠤᠨ᠎ᠠ᠃ ᠠᠮᠢ ᠠᠬᠤᠢ ᠶᠢᠨ ᠬᠠᠮᠠᠭᠠᠯᠠᠯᠲᠠ ᠪᠣᠯᠤᠨ ᠠᠵᠤ ᠠᠬᠤᠢ ᠶᠢᠨ ᠬᠥᠭᠵᠢᠯᠲᠡ ᠶᠢᠨ ᠬᠠᠷᠢᠴᠠᠭ᠎ᠠ ᠶᠢ ᠵᠥᠪ ᠢᠶᠠᠷ ᠰᠢᠢᠳᠪᠦᠷᠢᠯᠡᠵᠦ᠂ ᠪᠣᠬᠢᠷᠲᠤᠯ ᠦᠭᠡᠢ ᠬᠡᠯᠪᠡᠷᠢ ᠶᠢ ᠬᠤᠪᠢᠷᠠᠭᠤᠯᠬᠤ ᠶᠢ ᠪᠦᠬᠦ ᠬᠦᠷᠢᠶᠡᠨ ᠳᠤ ᠠᠬᠢᠭᠤᠯᠵᠤ᠂ ᠪᠦᠬᠦ ᠣᠷᠣᠨ ᠪᠦᠰᠡ ᠪᠠᠷ ᠠᠮᠢ ᠠᠬᠤᠢ ᠶᠢᠨ ᠬᠠᠮᠠᠭᠠᠯᠠᠯᠲᠠ ᠶᠢ ᠴᠢᠩᠭᠠᠳᠬᠠᠵᠤ᠂ ᠬᠦᠬᠡ ᠣᠭᠲᠠᠷᠭᠤᠢ᠂ ᠴᠡᠩᠬᠡᠷ ᠤᠰᠤ᠂ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠬᠦ ᠬᠡᠷᠡᠭᠲᠡᠢ᠃        ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠲᠦᠷᠭᠡᠪᠴᠢᠯᠡᠨ ᠠᠬᠢᠭᠤᠯᠤᠨ᠎ᠠ᠃ ᠠᠵᠤ ᠠᠬᠤᠶᠢᠯᠠᠯ ᠤᠨ ᠴᠢᠨᠠᠷ ᠰᠠᠶᠢᠲᠠᠶ ᠬᠥᠭᠵᠢᠯᠲᠡ ᠶᠢ ᠦᠨᠡᠯᠡᠬᠦ ᠰᠢᠰᠲ᠋ᠧᠮ ᠤᠨ ᠪᠠᠶᠢᠭᠤᠯᠤᠯᠲᠠ ᠶᠢ ᠯᠠᠪᠳᠠᠭᠤᠨ ᠢᠶᠠᠷ ᠠᠬᠢᠭᠤᠯᠵᠤ᠂ ᠡᠨᠧᠷᠭᠢ ᠶᠢᠨ ᠬᠤᠷᠣᠭᠳᠠᠯ ᠤᠨ ᠲᠥᠰᠦᠪᠴᠢᠯᠡᠭᠰᠡᠨ ᠬᠠᠮᠢᠶᠠᠷᠤᠯᠲᠠ ᠶᠢ ᠬᠡᠷᠡᠭᠵᠢᠭᠦᠯᠦᠨ᠂ ︽ᠬᠤᠶᠠᠷ ᠶᠡᠭᠡ︾ ᠲᠥᠷᠥᠯ ᠵᠣᠶᠢᠯ‌ᠢ ᠬᠢᠨᠠᠨ ᠵᠥᠪᠰᠢᠶᠡᠷᠡᠬᠦ ᠶᠢ ᠴᠢᠩᠭ᠎ᠠ ᠴᠠᠭᠠᠵᠠᠯᠠᠵᠤ᠂ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠬᠤ ᠪᠠᠨ ᠲᠦᠷᠭᠡᠳᠬᠡᠬᠦ ᠶᠢ ᠭᠡᠳᠡᠷᠭᠦ ᠰᠢᠬᠠᠮᠳᠠᠭᠤᠯᠤᠨ᠎ᠠ᠃ ︽ᠨᠡᠭᠦᠷᠡᠰᠦᠲᠥ᠋ᠷᠥᠭᠴᠢ ᠠᠷᠠᠯᠵᠢᠶᠠᠯᠠᠬᠤ︾ ᠶᠢᠨ ᠵᠠᠬ᠎ᠠ ᠳᠡᠯᠭᠡᠭᠦᠷ ᠢ ᠰᠦᠪᠡᠭᠴᠢᠯᠡᠨ ᠪᠠᠶᠢᠭᠤᠯᠵᠤ᠂ ᠪᠣᠬᠢᠷᠲᠤᠯ ᠥᠬᠡᠶ ᠡᠨᠧᠷᠭᠢ ᠪᠠᠷ ᠣᠷᠣᠯᠠᠭᠤᠯᠬᠤ ᠠᠯᠬᠤᠴᠠ ᠶᠢ ᠲᠦᠷᠭᠡᠳᠬᠡᠨ᠂ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ ᠶᠢ ᠠᠬᠢᠭᠤᠯᠵᠤ᠂ ᠡᠨᠧᠷᠭᠢ ᠬᠡᠷᠡᠭᠯᠡᠬᠦ ᠪᠦᠲᠦᠴᠡ ᠶᠢ ᠰᠢᠯᠢᠳᠡᠭᠵᠢᠭᠦᠯᠦᠨ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠂ ᠪᠣᠬᠢᠷᠲᠤᠯ ᠥᠬᠡᠶ  ᠦᠢᠯᠡᠳᠪᠦᠷᠢ ᠶᠢ ᠪᠥᠲᠥᠭᠡᠨ ᠪᠠᠶᠢᠭᠤᠯᠤᠨ᠎ᠠ᠃ ᠳᠥᠭᠦᠮ ᠪᠥᠭᠡᠳ ᠲᠣᠬᠢᠷᠠᠮᠵᠢᠲᠠᠶ᠂ ᠪᠣᠬᠢᠷᠲᠤᠯ ᠥᠬᠡᠶ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠵᠤ᠂ ᠪᠣᠬᠢᠷᠲᠤᠯ ᠥᠬᠡᠶ ᠰᠤᠷᠭᠠᠭᠤᠯᠢ᠂ ᠪᠣᠬᠢᠷᠲᠤᠯ ᠥᠬᠡᠶ ᠨᠡᠶᠢᠭᠡᠮ ᠲᠣᠭᠤᠷᠢᠭ᠂ ᠪᠣᠬᠢᠷᠲᠤᠯ ᠥᠬᠡᠶ ᠬᠡᠷ ᠪᠦᠯᠢ᠂ ᠪᠣᠬᠢᠷᠲᠤᠯ ᠥᠬᠡᠶ ᠶᠠᠪᠤᠵᠤ ᠰᠠᠭᠤᠬᠤ ᠵᠡᠷᠭᠡ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠭᠡᠶ ᠥᠷᠨᠢᠭᠦᠯᠦᠨ᠎ᠡ᠃        ᠪᠣᠬᠢᠷᠲᠤᠯ ᠢ ᠰᠡᠷᠭᠡᠶᠢᠯᠡᠨ ᠵᠠᠰᠠᠬᠤ ᠪᠡᠷᠬᠡ ᠰᠡᠳᠦᠪ ᠢ ᠰᠢᠢᠳᠪᠦᠷᠢᠯᠡᠬᠦ ᠲᠠᠶᠢᠨ ᠢ ᠦᠷᠭᠦᠯᠵᠢᠯᠡᠨ ᠰᠠᠶᠢᠲᠤᠷ ᠬᠢᠨ᠎ᠠ ᠃ ᠠᠵᠤ  ᠦᠢᠯᠡᠳᠪᠦᠷᠢ ᠶᠢᠨ ᠪᠣᠬᠢᠷᠲᠤᠯ ᠤᠨ ᠡᠬᠢ ᠶᠢ ᠪᠠᠷᠢᠮᠵᠢᠶ᠎ᠠ ᠳᠤ ᠬᠦᠷᠦᠭᠦᠯᠦᠨ ᠭᠠᠳᠠᠭᠰᠢᠯᠠᠭᠤᠯᠬᠤ ᠲᠥᠯᠥᠪᠯᠡᠭᠡ ᠶᠢ ᠬᠡᠷᠡᠭᠵᠢᠭᠦᠯᠵᠦ᠂ ᠰᠢᠲᠠᠭᠠᠯᠭ᠎ᠠ ᠶᠢᠨ ᠨᠡᠭᠦᠷᠡᠰᠦ ᠶᠢ ᠰᠤᠯᠠ ᠰᠢᠲᠠᠭᠠᠬᠤ ᠶᠢ ᠶᠡᠷᠦᠩᠬᠡᠶᠢᠯᠡᠨ ᠵᠠᠰᠠᠬᠤ ᠶᠢ ᠴᠢᠩᠭᠠᠳᠬᠠᠨ᠂ ᠲᠠᠷᠢᠶᠠᠯᠠᠩ ᠤᠨ ᠵᠤᠯᠤᠮ᠎ᠠ ᠪᠦᠷᠬᠦᠪᠴᠢ᠂ ᠡᠰᠢ ᠰᠦᠷᠡᠯ ᠢ ᠰᠢᠲᠠᠭᠠᠬᠤ ᠶᠢ ᠴᠡᠭᠴᠡᠯᠡᠨ ᠵᠠᠰᠠᠬᠤ ᠶᠢ ᠴᠢᠩᠭᠠᠳᠬᠠᠵᠤ᠂ ᠪᠥᠬᠦ ᠴᠠᠷᠠᠭᠠᠨ ᠳᠤ ᠬᠤᠸᠠᠷ ᠫᠤᠤᠵᠢᠩ ᠲᠠᠯᠪᠢᠬᠤ ᠶᠢ ᠴᠠᠭᠠᠵᠠᠯᠠᠬᠤ ᠠᠵᠢᠯ ᠢ ᠥᠷᠨᠢᠭᠦᠯᠵᠦ᠂ ᠪᠥᠬᠦ ᠵᠢᠯ ᠤᠨ ᠠᠭᠠᠷ ᠤᠨ ᠶᠠᠰᠤ ᠴᠢᠨᠠᠷ ᠤᠨ ᠰᠢᠯᠢᠳᠡᠭ ᠰᠠᠶᠢᠨ ᠡᠳᠦᠷ ᠤᠨ ᠲᠤᠭ᠎ᠠ ᠶᠢ 90% ᠠᠴᠠ ᠳᠡᠭᠡᠭᠰᠢ ᠳᠤ ᠬᠦᠷᠦᠭᠦᠯᠬᠦ ᠶᠢ ᠠᠬᠢᠭᠤᠯᠵᠤ᠂ ︽ᠡᠪᠦᠯ ᠤᠨ ᠣᠯᠧᠮᠫᠢᠺ ᠴᠤᠭᠯᠠᠭᠠᠨ︾᠂ ︽ᠡᠪᠦᠯ ᠤᠨ ᠵᠡᠮᠳᠡᠭᠴᠦᠳ ᠤᠨ ᠣᠯᠠᠮᠫᠢᠺ ᠶᠢᠨ ᠴᠤᠭᠯᠠᠭᠠᠨ︾ ᠤᠨ ᠠᠭᠠᠷ ᠤᠨ ᠶᠠᠰᠤ ᠴᠢᠨᠠᠷ ᠢ ᠪᠠᠲᠤᠯᠠᠬᠤ ᠡᠭᠦᠷᠭᠡ ᠶᠢ ᠡᠷᠡᠰ ᠪᠡᠶᠡᠯᠡᠭᠦᠯᠦᠨ᠎ᠡ᠃ ᠬᠦᠷᠢᠶᠡᠯᠡᠩ ᠲᠣᠭᠤᠷᠢᠭ ‍ᠤᠨ‌ᠤᠰᠤᠨ  ‍ᠣ‌ᠣᠷᠴᠢᠨ ᠲᠣᠭᠤᠷᠢᠨ ᠢ ᠬᠢᠨᠠᠨ ᠬᠡᠮᠵᠢᠬᠦ ᠶᠢ ᠪᠦᠬᠦ ᠲᠠᠯ᠎ᠠ ᠪᠠᠷ ᠴᠢᠩᠭᠠᠳᠬᠠᠨ᠎ᠠ᠃ ᠪᠠᠶᠠᠨᠴᠠᠭᠠᠨ ᠪᠠᠯᠭᠠᠰᠤᠨ ᠤ ᠨᠢᠭᠡᠳᠦᠭᠡᠷ ᠤᠰᠤᠨ ᠰᠤᠷᠪᠤᠯᠵᠢ ᠶᠢᠨ ᠣᠷᠣᠨ ᠤ ᠬᠠᠮᠠᠭᠠᠯᠠᠯᠲᠠ ᠶᠢᠨ ᠣᠷᠣᠨ ᠢ ᠵᠠᠭᠠᠭᠯᠠᠨ ᠲᠣᠭᠲᠠᠭᠠᠬᠤ ᠶᠢ ᠪᠡᠶᠡᠯᠡᠭᠦᠯᠵᠦ᠂ ᠬᠤᠶᠠᠳᠤᠭᠠᠷ ᠤᠰᠤᠨ ᠰᠤᠷᠪᠤᠯᠵᠢ ᠶᠢᠨ ᠣᠷᠣᠨ ᠢ ᠨᠡᠭᠡᠭᠡᠨ᠎ᠡ᠃ ᠠᠵᠤ ᠦᠢᠯᠡᠳᠪᠦᠷᠢ ᠶᠢᠨ ᠬᠠᠲᠠᠭᠤ ᠪᠡᠶᠡᠲᠦ ᠬᠠᠶᠠᠭᠳᠠᠮᠠᠯ ᠪᠣᠳᠠᠰ ᠢ ᠶᠡᠷᠦᠩᠬᠡᠶᠢᠯᠡᠨ ᠠᠰᠢᠭᠯᠠᠬᠤ ᠵᠦᠢᠯᠡᠰ ᠢ ᠬᠡᠷᠡᠭᠵᠢᠭᠦᠯᠵᠦ᠂ ᠲᠠᠷᠢᠶᠠᠯᠠᠩ ᠤᠨ ᠤᠯᠠᠨ ᠡᠬᠢᠳᠤ ᠪᠣᠬᠢᠷᠲᠤᠯ ᠢ ᠴᠢᠩᠭ᠎ᠠ ᠬᠢᠵᠠᠭᠠᠷᠯᠠᠵᠤ᠂ ᠬᠥᠷᠥᠰᠥ ᠰᠢᠷᠣᠶ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠠᠵᠢᠯ ᠢ ᠴᠢᠩᠭᠠᠳᠬᠠᠨ᠎ᠠ᠃ ᠬᠤᠶᠠᠳᠤᠭᠠᠷ ᠡᠭᠡᠯᠵᠢ ᠶᠢᠨ ᠲᠥᠪ ᠤᠨ ᠣᠷᠴᠢᠨ ᠠᠬᠤᠶ ᠶᠢᠨ ᠬᠠᠮᠠᠭᠠᠯᠠᠯᠲᠠ ᠶᠢᠨ ᠰᠢᠪᠠᠳᠠᠨ ᠪᠠᠶᠢᠴᠠᠭᠠᠯᠲᠠ ᠶᠢᠨ ᠠᠮᠢ ᠠᠬᠤᠶ ᠶᠢᠨ ᠰᠢᠰᠲ᠋ᠧᠮ ᠤᠨ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠦᠨ᠎ᠡ᠃ ᠦᠨᠳᠦᠰᠦᠨ ᠨᠤᠲᠤᠭ ᠪᠡᠯᠴᠢᠭᠡᠷ ᠤᠨ ᠬᠠᠮᠠᠭᠠᠯᠠᠯᠲᠠ ᠶᠢᠨ ᠲᠦᠷᠢᠮ ᠢ ᠴᠢᠩᠭ᠎ᠠ ᠬᠡᠷᠡᠭᠵᠢᠭᠦᠯᠵᠦ᠂ ᠣᠶ ᠰᠢᠭᠤᠶ ᠡᠪᠡᠰᠦᠲᠦ ᠭᠠᠵᠠᠷ ᠢ ᠬᠠᠤᠯᠢ ᠪᠤᠰᠤ ᠪᠠᠷ ᠡᠵᠡᠯᠡᠨ ᠬᠡᠷᠡᠭᠯᠡᠬᠦ᠂ ᠬᠠᠭᠠᠯᠪᠤᠷᠢᠯᠠᠬᠤ᠂ ᠪᠣᠬᠢᠷᠲᠤᠭᠤᠯᠬᠤ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠭᠦᠨ᠎ᠡ᠃ 1 ᠲᠦᠮᠡᠨ‌ᠮᠦ‌ᠥᠨᠳᠦᠷᠯᠢᠭ ᠤᠨ ᠠᠮᠢ ᠠᠬᠤᠶ ᠶᠢ ᠬᠠᠮᠠᠭᠠᠯᠠᠬᠤ ᠪᠠ ᠵᠠᠰᠠᠨ ᠰᠡᠷᠭᠦᠭᠡᠬᠦ ᠢᠨᠵᠧᠨᠧᠷᠢᠩ᠂ 5000ᠮᠦ ᠮᠠᠭᠤᠳᠠᠭᠰᠠᠨ ᠨᠤᠲᠤᠭ ᠪᠡᠯᠴᠢᠭᠡᠷ ᠢ ᠵᠠᠰᠠᠨ ᠰᠡᠷᠭᠦᠭᠡᠬᠦ ᠢᠨᠵᠧᠨᠧᠷᠢᠩ᠂ 5000 ᠮᠦ ᠭᠤᠣᠯᠳᠠᠯᠭ᠎ᠠ ᠲᠠᠢ ᠣᠷᠣᠨ ᠪᠦᠰᠡ ᠶᠢᠨ ᠨᠣᠭᠤᠭᠠᠷᠠᠭᠤᠯᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠢᠨᠵᠧᠨᠧᠷᠢᠩ ᠪᠠ 5000 ᠮᠦ ᠤᠯᠤᠰ ᠤᠨ ᠥᠮᠴᠢᠯᠡᠯ ᠤᠨ ᠤᠢ ᠰᠢᠭᠤᠶ ᠶᠢᠨ ᠲᠠᠯᠠᠪᠠᠢ ᠶᠢ ᠰᠢᠨᠡᠳᠬᠡᠨ ᠥᠭᠡᠷᠡᠴᠢᠯᠡᠬᠦ ᠢᠨᠵᠧᠨᠧᠷᠢᠩ ᠢ ᠬᠡᠷᠡᠭᠵᠢᠭᠦᠯᠦᠨ᠎ᠡ᠃ ᠣᠶ ᠰᠢᠭᠤᠶ ᠨᠤᠲᠤᠭ ᠪᠡᠯᠴᠢᠭᠡᠷ ᠤᠨ ᠭᠠᠯ ᠤᠨ ᠠᠶᠤᠯ ᠢ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠰᠢᠰᠲ᠋ᠧᠮ ᠢ ᠲᠡᠭᠦᠯᠳᠡᠷᠵᠢᠭᠦᠯᠵᠦ᠂ ᠣᠶ ᠰᠢᠭᠤᠶ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠪᠠ ᠪᠠᠴᠢᠮ ᠪᠠᠶᠢᠳᠠᠯ ᠢ ᠠᠷᠭᠠᠴᠠᠨ  ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠳᠥᠷᠪᠡ ᠶᠢ ᠤᠰᠤᠵᠢᠭᠤᠯᠤᠨ ᠳᠥᠷᠪᠡ ᠶᠢ ᠲᠣᠭᠲᠠᠭᠠᠬᠤ︾ ᠱᠠᠭᠠᠷᠳᠠᠯᠭ᠎ᠠ ᠪᠠ ᠤᠰᠤᠨ ᠤ ᠡᠬᠢ ᠪᠠᠶᠠᠯᠢᠭ ᠤᠨ ᠬᠠᠮᠢᠶᠠᠷᠤᠯᠲᠠ ᠶᠢᠨ ᠬᠠᠮᠤᠭ ᠤᠨ ᠴᠢᠩᠭ᠎ᠠ ᠲᠦᠷᠢᠮ ᠢ ᠨᠠᠶᠢᠳᠠᠪᠤᠷᠢᠵᠢᠭᠤᠯᠵᠤ᠂ ᠶᠡᠷᠦᠩᠬᠡᠶᠢᠯᠡᠭᠰᠡᠨ ᠲᠥᠷᠥ ᠶᠢᠨ ᠪᠣᠳᠣᠯᠭ᠎ᠠ ᠶᠢ ᠬᠡᠷᠡᠭᠯᠡᠨ ᠴᠠᠭᠠᠨ ᠨᠠᠭᠤᠷ ᠤᠨ ᠰᠠᠪᠠ ᠭᠠᠵᠠᠷ ᠢ ᠵᠠᠰᠠᠵᠤ᠂ ᠪᠠᠶᠠᠨᠨᠠᠭᠤᠷ᠂ ᠤᠯᠠᠭᠠᠨᠨᠠᠭᠤᠷ ᠪᠠᠭᠠᠴᠤᠳ ᠤᠨ ᠠᠮᠢ ᠠᠬᠤᠶ ᠶᠢᠨ ᠬᠠᠮᠠᠭᠠᠯᠠᠯᠲᠠ ᠪᠠ ᠳᠤᠮᠳᠠ ᠵᠢᠵᠢᠭ ᠭᠤᠤᠯ ᠮᠥᠷᠡᠨ ᠤ ᠵᠠᠰᠠᠯᠲᠠ ᠶᠢ ᠴᠢᠩᠭᠠᠳᠬᠠᠨ᠎ᠠ᠃ ᠤᠰᠤ ᠲᠠᠲᠠᠬᠤ ᠵᠥᠪᠰᠢᠶᠡᠷᠡᠯ ᠤᠨ ᠬᠠᠮᠢᠶᠠᠷᠤᠯᠲᠠ ᠶᠢᠨ ᠠᠵᠢᠯ ᠢ ᠵᠢᠷᠤᠮᠵᠢᠭᠤᠯᠵᠤ᠂ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠠᠬᠢ ᠤᠰᠤ ᠶᠢ ᠡᠭᠡᠭᠦᠯᠦᠨ ᠬᠡᠷᠡᠭᠯᠡᠬᠦ ᠶᠢ ᠨᠡᠶᠢᠳᠡᠮ ᠪᠦᠷᠬᠦᠭᠦᠯᠬᠦ ᠶᠢ ᠲᠦᠯᠬᠢᠨ ᠠᠬᠢᠭᠤᠯᠤᠨ᠎ᠠ᠃ ᠲᠠᠷᠢᠶᠠᠯᠠᠩ ‍ᠤᠨ‌ᠤᠰᠤᠨ ‍ᠣ‌ᠦᠨ᠎ᠡ ᠬᠠᠩᠰᠢ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠲᠦᠷᠭᠡᠳᠬᠡᠨ᠂ ᠨᠥᠬᠦᠴᠡᠯ ᠲᠠᠢ ᠭᠠᠴᠠᠭ᠎ᠠ ᠲᠣᠰᠬᠤᠨ   ᠢ ᠡᠷᠥᠭᠡ  ᠲᠤ ᠬᠦᠷᠦᠭᠦᠯᠬᠦ᠂ ᠬᠡᠮᠵᠢᠶ᠎ᠡ ᠪᠠᠷ ᠰᠦᠢᠳᠬᠡᠯ ᠬᠤᠷᠢᠶᠠᠬᠤ ᠶᠢ ᠲᠥᠯᠬᠢᠨ ᠠᠬᠢᠭᠤᠯᠵᠤ᠂ ᠲᠠᠷᠢᠶᠠᠯᠠᠬᠤ ᠮᠠᠯᠵᠢᠬᠤ ᠣᠷᠣᠨ ‍ᠣ‌‍ᠲ᠋ᠦ᠋ᠭᠡᠭᠡᠯ ᠤᠰᠤᠨ ᠤ ᠬᠠᠩᠭᠠᠯᠭ᠎ᠠ ᠶᠢᠨ ᠪᠠᠲᠤᠯᠠᠭ᠎ᠠ ᠶᠢᠨ ᠨᠤᠷᠮ᠎ᠠ ᠶᠢ ᠳᠡᠭᠡᠭᠰᠢᠯᠡᠭᠦᠯᠦᠨ᠎ᠡ᠃  ︵ᠬᠤᠶᠠᠷ︶ ᠬᠠᠮᠠᠭᠠᠯᠠᠬᠤ ᠶᠢ ᠲᠡᠷᠢᠭᠦᠨ  ᠲᠤ ᠲᠠᠯᠪᠢᠬᠤ ᠶᠢ ᠪᠠᠷᠢᠮᠲᠠᠯᠠᠨ᠂ ᠵᠢᠭᠤᠯᠴᠢᠯᠠᠯ ‍ᠤᠨ‌ᠠᠵᠤ ᠦᠢᠯᠡᠰ  ᠢ‌‍ᠲ᠋ᠦ᠋ᠷᠭᠡᠳᠬᠡᠨ ᠬᠥᠭᠵᠢᠭᠦᠯᠦᠨ᠎ᠡ        ᠭᠠᠯᠲᠤ ᠠᠭᠤᠯᠠ ᠶᠢᠨ ᠬᠡᠭᠡᠷ᠎ᠡ ᠲᠠᠯ᠎ᠠ ᠪᠣᠯ ᠲᠡᠦᠬᠡ ᠠᠴᠠ ᠪᠢᠳᠡᠨ ᠳᠤ ᠦᠯᠡᠳᠡᠭᠡᠵᠦ ᠥᠭᠭᠦᠭᠰᠡᠨ ᠡᠷᠬᠢᠮ ᠨᠠᠨᠳᠢᠨ ᠥᠪ ᠬᠦᠷᠦᠩᠭᠡ ᠮᠥᠨ᠂ ᠭᠠᠯᠲᠤ ᠠᠭᠤᠯᠠ ᠶᠢᠨ ᠬᠡᠭᠡᠷ᠎ᠡ ᠲᠠᠯ᠎ᠠ ᠶᠢ ᠰᠠᠶᠢᠲᠤᠷ ᠬᠠᠮᠠᠭᠠᠯᠠᠬᠤ ᠪᠣᠯ ᠪᠢᠳᠡᠨ ᠤ ᠵᠠᠶᠢᠯᠠᠭᠤᠯᠵᠤ ᠪᠣᠯᠤᠰᠢ ᠦᠭᠡᠢ ᠬᠠᠷᠢᠭᠤᠴᠠᠯᠭ᠎ᠠ ᠮᠥᠨ᠃ ᠬᠠᠮᠠᠭᠠᠯᠠᠯᠲᠠ ᠶᠢᠨ ᠬᠡᠯᠪᠡᠷᠢ ᠪᠠᠷ ᠨᠡᠭᠡᠭᠡᠨ ᠬᠥᠭᠵᠢᠭᠦᠯᠬᠦ᠂ ᠥᠨᠳᠥᠷ ᠡᠬᠢᠯᠡᠯᠲᠡ ᠲᠠᠢ ᠪᠠᠷ ᠲᠥᠯᠥᠪᠵᠢᠭᠦᠯᠬᠦ᠂ ᠥᠨᠳᠥᠷ ᠪᠠᠷᠢᠮᠵᠢᠶ᠎ᠠ ᠪᠠᠷ ᠴᠣᠭᠴᠠᠯᠠᠨ ᠪᠠᠶᠢᠭᠤᠯᠬᠤ᠂ ᠴᠢᠨᠠᠷ ᠰᠠᠶᠢᠲᠠᠶ ᠠᠭᠤᠰᠤᠯᠴᠠᠬᠤ ᠶᠢ ᠪᠠᠷᠢᠮᠲᠠᠯᠠᠵᠤ᠂ ᠵᠢᠭᠤᠯᠴᠢᠯᠠᠯ ᠤᠨ ᠠᠵᠤ  ᠦᠢᠯᠡᠰ ᠢ ᠪᠥᠬᠦ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠨᠡᠮᠡᠭᠳᠡᠯ ᠤᠨ ᠲᠦᠢᠯ ᠪᠣᠯᠭᠠᠬᠤ ᠶᠢ ᠲᠠᠰᠤᠷᠠᠯᠲᠠ ᠥᠬᠡᠶ ᠠᠬᠢᠭᠤᠯᠤᠨ᠎ᠠ᠃        ᠪᠦᠬᠦ ᠣᠷᠣᠨ ᠪᠦᠰᠡ ᠪᠦᠬᠦ ᠤᠯᠠᠷᠢᠯ ᠤᠨ ᠵᠢᠭᠤᠯᠴᠢᠯᠠᠯ ᠢ ᠲᠦᠷᠭᠡᠪᠴᠢᠯᠡᠨ ᠬᠥᠭᠵᠢᠭᠦᠯᠦᠨ᠎ᠡ᠃ ᠪᠠᠶᠢᠭᠠᠯᠢᠯᠢᠭ᠂ ᠰᠣᠶᠣᠯ ᠵᠢᠭᠤᠯᠴᠢᠯᠠᠯ ᠤᠨ ᠠᠭᠤᠰᠤᠯᠴᠠᠯ ᠢ ᠡᠷᠬᠢᠮᠯᠡᠬᠦ ᠶᠢ ᠳᠣᠪᠤᠶᠢᠯᠭᠠᠨ᠂ ᠭᠠᠯᠲᠤ ᠠᠭᠤᠯᠠ ᠶᠢᠨ ᠤᠤᠯ ᠳᠦᠷᠰᠦ᠂ ᠭᠠᠵᠠᠷ ᠣᠷᠣᠨ ᠤ ᠣᠨᠴᠠᠯᠢᠭ᠂ ᠰᠣᠶᠣᠯ ᠤᠨ ᠣᠨᠴᠠᠯᠢᠭ ᠢ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠵᠢᠷᠤᠭ ᠲᠥᠯᠥᠪᠯᠡᠭᠡ ᠶᠢᠨ ᠣᠨᠣᠯᠵᠢᠬᠤᠨ ᠳᠤ ᠭᠦᠨᠵᠡᠭᠡᠶ ᠠᠭᠤᠰᠤᠯᠴᠠᠭᠤᠯᠬᠤ ᠶᠢ ᠠᠬᠢᠭᠤᠯᠵᠤ᠂ ᠦᠵᠡᠮᠵᠢ ᠶᠢᠨ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠮᠡᠳᠡᠷᠡᠮᠵᠢ᠂ ᠨᠢᠭᠤᠴᠠ ᠳᠠᠯᠳᠠ ᠮᠡᠳᠡᠷᠡᠮᠵᠢ᠂ ᠪᠡᠶᠡᠴᠢᠯᠡᠨ ᠣᠶᠢᠯᠠᠭᠠᠬᠤ ᠮᠡᠳᠡᠷᠡᠮᠵᠢ ᠶᠢ ᠨᠡᠮᠡᠭᠳᠡᠭᠦᠯᠦᠨ᠎ᠡ᠃ ︽ᠵᠣᠨ ᠤ ᠤᠯᠠᠷᠢᠯ ᠳᠤ ᠲᠠᠯ᠎ᠠ ᠨᠤᠲᠤᠭ ᠢᠶᠠᠷ ᠵᠤᠭᠠᠴᠠᠵᠤ᠂ ᠡᠪᠦᠯ ᠤᠨ ᠤᠯᠠᠷᠢᠯ ᠳᠤ ᠮᠥᠰᠥ ᠴᠠᠰᠤ ᠪᠠᠷ ᠨᠠᠭᠠᠳᠬᠤ︾ ᠠᠵᠢᠯ ᠢ ᠭᠦᠢᠴᠡᠳ ᠬᠢᠵᠦ᠂ ᠺᠠᠩ ᠶᠠᠩ ᠬᠠᠯᠠᠭᠤᠨ ᠷᠠᠰᠢᠶᠠᠨ ᠤ ᠵᠢᠵᠢᠭ ᠪᠠᠯᠭᠠᠰᠤ ᠶᠢ ᠲᠦᠷᠭᠡᠳᠬᠡᠨ ᠪᠠᠶᠢᠭᠤᠯᠵᠤ᠂ ᠳᠣᠤᠷ᠎ᠠ ᠠᠭᠠᠷ ᠤᠨ ᠨᠢᠰᠦᠯᠲᠡ᠂ ᠴᠠᠰᠤᠨ ᠳᠤ ᠭᠤᠯᠭᠤᠬᠤ ᠲᠠᠯᠠᠪᠠᠶ ᠵᠡᠷᠭᠡ ᠲᠥᠷᠥᠯ ᠵᠣᠶᠢᠯ‌‍ᠤᠨ ᠡᠮᠦᠨᠡᠬᠢ ᠬᠤᠭᠤᠴᠠᠭᠠᠨ ᠤ ᠠᠵᠢᠯ ᠢ ᠥᠷᠨᠢᠭᠦᠯᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠠᠮᠢ ᠠᠬᠤᠶ ᠶᠢᠨ ᠵᠢᠭᠤᠯᠴᠢᠯᠠᠯ ᠢᠶᠠᠷ ᠭᠤᠤᠯ ᠪᠣᠯᠭᠠᠭᠰᠠᠨ᠂ ᠰᠤᠳᠤᠯᠤᠨ ᠰᠤᠷᠤᠯᠴᠠᠬᠤ᠂ ᠺᠠᠩ ᠶᠠᠩ ᠰᠤᠪᠢᠯᠠᠯᠲᠠ᠂ ᠰᠡᠯᠡᠭᠦᠴᠡᠯ ᠵᠢᠭᠤᠯᠴᠢᠯᠠᠯ ᠢ ᠵᠣᠬᠢᠴᠠᠯᠳᠤᠭᠤᠯᠤᠨ ᠬᠥᠭᠵᠢᠭᠦᠯᠬᠦ ᠪᠠᠶᠢᠷᠢᠰᠢᠯ ᠢ ᠪᠠᠶᠢᠭᠤᠯᠤᠨ᠎ᠠ᠃        ᠦᠵᠡᠮᠵᠢ ᠶᠢᠨ ᠣᠷᠣᠨ ᠤ ᠰᠠᠭᠤᠷᠢ ᠲᠥᠬᠦᠭᠡᠷᠦᠮᠵᠢ ᠶᠢᠨ ᠢᠵᠢ ᠪᠠᠷᠢᠮᠵᠢᠶᠠᠲᠤ ᠤᠯᠤᠰ ᠤᠨ ᠲᠠᠰ ᠤᠨ ᠭᠠᠵᠠᠷ ᠰᠢᠨᠵᠢᠯᠡᠭᠡᠨ ᠤ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢᠨ ᠱᠠᠭᠠᠷᠳᠠᠯᠭ᠎ᠠ ᠳᠤ ᠴᠢᠭᠯᠡᠭᠦᠯᠦᠨ᠂ ᠵᠢᠭᠤᠯᠴᠢᠯᠠᠭᠴᠢᠳ ᠤᠨ ᠦᠢᠯᠡᠴᠢᠯᠡᠭᠡᠨ ᠤ ᠲᠥᠪ᠂ ᠲᠡᠷᠭᠡᠨ ᠵᠣᠭᠰᠣᠭᠠᠯ᠂ ᠵᠢᠭᠤᠯᠴᠢᠯᠠᠯ ᠤᠨ ᠲᠡᠮᠳᠡᠭ ᠤᠨ ᠰᠢᠰᠲ᠋ᠧᠮ ᠢ ᠠᠵᠢᠯ ᠭᠠᠯᠲᠤ ᠠᠭᠤᠯᠠᠨ   ᠤ ᠲᠠᠯ᠎ᠠ ᠨᠤᠲᠤᠭ ‍ᠤᠨ‌ᠵᠢᠭᠤᠯᠴᠢᠯᠠᠯ ᠟   ᠤᠨ ᠵᠡᠭᠦᠨ ᠵᠠᠮ ᠤᠨ ᠲᠥᠷᠥᠯ ᠵᠦᠢᠯ ᠢ‌‍ᠡᠷᠡᠭᠵᠢᠭᠦᠯᠦᠨ᠎ᠡ᠃ ︽5.1︾ ᠠᠴᠠ ᠡᠮᠦᠨ᠎ᠡ ᠬᠠᠮᠠᠭᠠᠯᠠᠯᠲᠠ ᠶᠢᠨ ᠪᠡᠯᠡᠳᠬᠡᠮᠵᠢ᠂ ᠦᠨᠳᠦᠰᠦᠨ  ᠦᠢᠯᠡᠴᠢᠯᠡᠭᠡᠨ ᠤ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ᠪᠡᠶᠡᠯᠡᠭᠦᠯᠵᠦ᠂ ᠵᠢᠯ ᠤᠨ ᠳᠣᠲᠣᠷ᠎ᠠ 3A ᠲᠠᠰ ᠤᠨ ᠦᠵᠡᠮᠵᠢ ᠶᠢᠨ ᠣᠷᠣᠨ ᠢ ᠭᠤᠶᠤᠴᠢᠯᠠᠨ ᠮᠡᠳᠡᠭᠦᠯᠬᠦ ᠠᠵᠢᠯ ᠢ ᠪᠡᠶᠡᠯᠡᠭᠦᠯᠵᠦ᠂ ᠭᠠᠯᠲᠤ ᠠᠭᠤᠯᠠ ᠶᠢᠨ ᠲᠠᠯ᠎ᠠ ᠨᠤᠲᠤᠭ ᠤᠨ ᠦᠵᠡᠮᠵᠢ ᠶᠢᠨ ᠣᠷᠣᠨ ᠤ ᠵᠢᠭᠤᠯᠴᠢᠯᠠᠯ ᠤᠨ ᠡᠮᠬᠢ ᠳᠢᠭᠯᠢᠮ ᠢ ᠪᠥᠬᠦ ᠲᠠᠯ᠎ᠠ ᠪᠠᠷ ᠵᠢᠷᠤᠮᠵᠢᠭᠤᠯᠤᠨ᠎ᠠ᠃        ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ︽ᠠᠵᠤ ᠠᠬᠤᠶ ᠶᠢᠨ ᠬᠦᠷᠢᠶ᠎ᠡ︾ ᠶᠢ ᠪᠠᠶᠢᠭᠤᠯᠤᠨ᠎ᠠ᠃ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠵᠢᠯᠣᠭᠤᠳᠬᠤ ᠰᠠᠨᠠᠯ᠂ ᠬᠠᠮᠢᠶᠠᠷᠤᠯᠲᠠ ᠶᠢᠨ ᠠᠷᠭ᠎ᠠ᠂ ᠲᠡᠳᠬᠦᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠨᠡᠶᠢᠲᠡᠯᠡᠵᠦ᠂ ᠠᠷᠠᠳ ᠤᠨ ᠣᠷᠣᠨ ᠰᠠᠭᠤᠴᠠ ᠶᠢᠨ ᠡᠵᠡᠩᠨᠡᠭᠴᠢᠳ ᠢ ᠬᠥᠲᠥᠯᠦᠨ ᠵᠢᠯᠣᠭᠤᠳᠴᠤ ᠪᠠᠶᠢᠭᠠᠳ ᠰᠢᠯᠢ ᠥᠨᠳᠥᠷ ᠠᠭᠤᠯᠠ ᠶᠢᠨ ᠨᠤᠭᠤ ᠶᠢᠨ ᠲᠠᠯ᠎ᠠ ᠨᠤᠲᠤᠭ — ᠤᠯᠠᠭᠠᠨᠬᠠᠳᠠ ᠭᠠᠯᠲᠤ ᠠᠭᠤᠯᠠ ᠶᠢᠨ ᠲᠠᠯ᠎ᠠ ᠨᠤᠲᠤᠭ — ᠲᠦᠮᠠᠯᠲᠠᠶ ᠶᠢᠨ ᠬᠠᠲᠠᠨ ᠥᠰᠥᠭ ᠤᠨ ᠬᠠᠲᠠᠨ ᠵᠢᠷᠤᠭ ᠤᠨ ᠵᠢᠭᠤᠯᠴᠢᠯᠠᠯ ᠤᠨ ᠵᠠᠮ ᠱᠤᠭᠤᠮ ᠤᠨ ᠲᠣᠭᠤᠷᠢᠨ ᠳᠤ ᠴᠤᠭᠯᠠᠷᠠᠭᠤᠯᠤᠨ ᠬᠥᠭᠵᠢᠭᠦᠯᠦᠨ᠎ᠡ᠃ ᠪᠦᠬᠦ ᠲᠣᠰᠬᠤᠨ ᠢᠶᠠᠷ ᠢᠶᠠᠨ ᠮᠠ ᠵᠢᠶᠠ ᠼᠦᠨ᠂ ᠶᠠᠩ ᠭᠤᠤ ᠹᠠᠩ᠂ ᠭᠠᠩ ᠬᠠᠢ ᠽᠢ᠂ ᠮᠦᠸᠧᠭᠠᠢᠢᠲᠤ ᠵᠡᠷᠭᠡ ᠠᠷᠠᠳ ᠤᠨ ᠣᠷᠣᠨ ᠰᠠᠭᠤᠴᠠ ᠶᠢᠨ ᠥᠭᠡᠷᠡᠴᠢᠯᠡᠯᠲᠡ ᠶᠢ ᠠᠬᠢᠭᠤᠯᠵᠤ᠂ ᠴᠢ ᠴᠢᠩ ᠳ᠋ᠢ᠂ ᠨᠢᠦ ᠮᠢᠩ ᠲᠣᠰᠬᠤᠨ ᠤ ᠤᠳᠤ ᠪᠠᠶᠢᠭ᠎ᠠ ᠠᠷᠠᠳ ᠤᠨ ᠣᠷᠣᠨ ᠰᠠᠭᠤᠴᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠤᠷᠲᠤᠳᠬᠠᠨ ᠥᠷᠭᠡᠳᠬᠡᠬᠦ ᠶᠢ ᠳᠡᠮᠵᠢᠵᠦ᠂ ︽ᠬᠤᠨᠤᠭ ᠤᠨ ᠠᠵᠤ ᠠᠬᠤᠶ︾ ︽ᠬᠦᠷᠢᠶ᠎ᠡ ᠬᠠᠰᠢᠶ᠎ᠠ ᠶᠢᠨ ᠠᠵᠤ ᠠᠬᠤᠶ︾ ︽ᠪᠡᠯᠡᠳᠬᠡᠯ ᠠᠪᠳᠠᠷ᠎ᠠ ᠶᠢᠨ ᠠᠵᠤ ᠠᠬᠤᠶ︾ ᠪᠠ ︽ᠠᠷᠠᠳ ᠤᠨ ᠵᠠᠩ ᠦᠢᠯᠡ ᠶᠢᠨ ᠰᠣᠶᠣᠯ ᠤᠨ ᠠᠵᠤ ᠠᠬᠤᠶ︾ ᠶᠢ ᠬᠥᠭᠵᠢᠭᠦᠯᠵᠦ᠂ ᠴᠢᠨᠠᠷ ᠰᠠᠶᠢᠲᠠᠶ ︽ᠠᠷᠠᠳ ᠤᠨ ᠣᠷᠣᠨ ᠰᠠᠭᠤᠴᠠ ᠶᠢᠨ ᠠᠵᠤ ᠠᠬᠤᠶ ᠶᠢᠨ ᠲᠣᠭᠤᠷᠢᠭ︾ ᠢ ᠪᠠᠶᠢᠭᠤᠯᠤᠨ᠎ᠠ᠃        ︵ᠭᠤᠷᠪᠠ︶ ᠥᠨᠳᠥᠷ ᠪᠦᠲᠦᠮᠵᠢᠲᠡᠢ ᠬᠥᠭᠵᠢᠯᠲᠡ ᠶᠢ ᠪᠠᠷᠢᠮᠲᠠᠯᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠲᠦᠷᠭᠡᠳᠬᠡᠨ ᠠᠬᠢᠭᠤᠯᠤᠨ᠎ᠠ        ᠨᠡᠶᠢᠭᠡᠮ ᠵᠢᠷᠤᠮ ᠤᠨ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠳᠦᠭᠡᠨ ᠪᠠᠶᠢᠭᠤᠯᠬᠤ ᠳᠤ ᠴᠢᠨᠠᠷ ᠰᠠᠶᠢᠲᠠᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠠᠴᠠ ᠰᠠᠯᠵᠤ ᠴᠢᠳᠠᠬᠤ ᠦᠭᠡᠢ ᠶᠤᠮ᠃ ᠮᠠᠯᠵᠢᠬᠤ ᠲᠠᠷᠢᠶᠠᠯᠠᠬᠤ ᠣᠷᠣᠨ ᠤ ᠣᠳᠣᠬᠢᠴᠢᠯᠠᠯᠲᠠ ᠶᠢᠨ ᠬᠡᠮᠵᠢᠶ᠎ᠡ ᠶᠢ ᠲᠦᠷᠭᠡᠳᠬᠡᠨ ᠳᠡᠭᠡᠭᠰᠢᠯᠡᠭᠦᠯᠵᠦ᠂ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠥᠨᠳᠥᠷ ᠦᠷ᠎ᠡ ᠪᠦᠲᠦᠮᠵᠢᠲᠡᠶ᠂ ᠮᠠᠯᠵᠢᠬᠤ ᠲᠠᠷᠢᠶᠠᠯᠠᠬᠤ ᠣᠷᠣᠨ ᠤ ᠣᠷᠣᠰᠢᠨ ᠰᠠᠭᠤᠬᠤ ᠳᠤ ᠲᠣᠬᠢᠷᠠᠮᠵᠢᠲᠠᠶ᠂ ᠮᠠᠯᠴᠢᠨ ᠲᠠᠷᠢᠶᠠᠴᠢᠨ ᠤ ᠪᠠᠶᠠᠨ ᠴᠢᠨᠡᠭᠡᠯᠢᠭ ᠪᠠᠶᠢᠬᠤ ᠶᠢ ᠠᠬᠢᠭᠤᠯᠬᠤ ᠬᠡᠷᠡᠭᠲᠡᠶ᠃        ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ︽ᠳᠥᠷᠪᠡ ᠶᠢ ᠥᠯᠥ ᠰᠠᠯᠭᠠᠬᠤ︾ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠪᠠᠶᠢᠳᠠᠯ ᠢ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠬᠦᠯᠵᠦ᠂ ᠬᠠᠪᠰᠤᠷᠤᠨ ᠲᠡᠳᠬᠦᠬᠦ ᠠᠷᠭ᠎ᠠ ᠬᠡᠮᠵᠢᠶ᠎ᠡ ᠶᠢ ᠲᠥᠷᠥᠯ ᠬᠤᠪᠢᠶᠠᠨ ᠳᠠᠭᠠᠵᠤ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠶᠢ ᠥᠯᠥ ᠡᠭᠦᠰᠭᠡᠬᠦ ᠬᠢᠵᠠᠭᠠᠷ ᠱᠤᠭᠤᠮ ᠢ ᠪᠠᠲᠤ ᠰᠠᠬᠢᠨ᠎ᠠ᠃ ᠠᠯᠠᠰᠢᠨ ᠦᠬᠡᠷ ᠲᠡᠵᠢᠭᠡᠨ ᠦᠷᠡᠵᠢᠭᠦᠯᠬᠦ ᠶᠡᠷᠦᠩᠬᠡᠶᠢᠯᠡᠭᠰᠡᠨ ᠦᠢᠯᠡᠴᠢᠯᠡᠭᠡᠨ ᠤ ᠰᠢᠨᠵᠢᠯᠡᠬᠦ ᠤᠬᠠᠭᠠᠨ ᠮᠡᠷᠭᠡᠵᠢᠯ ᠤᠨ ᠬᠦᠷᠢᠶᠡᠯᠡᠩ ᠤᠨ ᠭᠤᠷᠪᠠᠳᠤᠭᠠᠷ ᠬᠤᠭᠤᠴᠠᠭ᠎ᠠ᠂ ᠠᠮᠤ ᠪᠤᠳᠠᠭᠠᠨ ᠤ ᠠᠷᠠᠯᠵᠢᠶ᠎ᠠ ᠶᠢᠨ ᠵᠠᠬ᠎ᠠ ᠳᠡᠯᠭᠡᠭᠦᠷ ᠤᠨ ᠬᠤᠶᠠᠳᠤᠭᠠᠷ ᠬᠤᠭᠤᠴᠠᠭᠠᠨ ᠤ ᠲᠥᠷᠥᠯ ᠵᠦᠶ᠋ᠯ ᠢ ᠲᠦᠷᠭᠡᠳᠬᠡᠨ ᠬᠡᠷᠡᠭᠵᠢᠭᠦᠯᠵᠦ᠂ ᠬᠥᠲᠥᠴᠢ ᠠᠵᠤ ᠠᠬᠤᠶᠢᠯᠠᠯ ᠤᠨ ᠳᠠᠶᠢᠴᠢᠯᠠᠬᠤ ᠲᠣᠭᠲᠠᠴᠠ ᠶᠢ ᠪᠦᠷᠢᠨᠰᠢᠬᠦᠯᠦᠨ᠂ ᠬᠠᠮᠲᠤ ᠶᠢᠨ ᠠᠵᠤ ᠠᠬᠤᠶ ᠶᠢ ᠦᠷᠭᠦᠯᠵᠢᠯᠡᠨ ᠪᠤᠵᠠᠭᠠᠶᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠲᠣᠭᠲᠠᠭᠤᠨ ᠢᠶᠠᠷ ᠨᠡᠮᠡᠭᠳᠡᠭᠦᠯᠬᠦ ᠶᠢ ᠠᠬᠢᠭᠤᠯᠤᠨ᠎ᠠ᠃ ᠪᠠᠩᠬᠢ ᠳᠠᠭᠠᠳᠬᠠᠯ ᠤᠨ ᠬᠢᠨᠠᠯᠲᠠ ᠬᠠᠮᠢᠶᠠᠷᠤᠯᠲᠠ ᠶᠢᠨ ᠨᠡᠶᠢᠭᠡᠮᠯᠢᠭ ᠤᠨ ᠴᠢᠬ ᠲᠣᠭᠲᠠᠭᠠᠨ ᠬᠠᠪᠰᠤᠷᠤᠨ ᠲᠡᠳᠬᠦᠬᠦ᠂ ᠪᠡᠭᠡᠵᠢᠩ ᠥᠪᠥᠷ ᠮᠣᠩᠭᠤᠯ ᠤᠨ ᠬᠠᠮᠵᠢᠯᠴᠠᠨ ᠬᠠᠪᠰᠤᠷᠤᠨ ᠲᠡᠳᠬᠦᠬᠦ ᠶᠢ ᠭᠦᠨᠵᠡᠭᠡᠶᠢᠷᠡᠭᠦᠯᠦᠨ ᠥᠷᠭᠡᠳᠬᠡᠵᠦ᠂ ᠴᠢᠳᠠᠪᠤᠷᠢᠲᠠᠨ᠂ ᠰᠤᠷᠭᠠᠨ ᠬᠥᠮᠦᠵᠢᠯ᠂ ᠡᠮᠴᠢᠯᠡᠭᠡ᠂ ᠠᠵᠤ ᠦᠢᠯᠡᠰ᠂ ᠬᠡᠷᠡᠭᠯᠡᠭᠡ ᠵᠡᠷᠭᠡ ᠶᠢᠨ ᠪᠥᠬᠦ ᠲᠠᠯ᠎ᠠ ᠶᠢᠨ ᠰᠣᠯᠢᠯᠴᠠᠭ᠎ᠠ ᠬᠠᠮᠵᠢᠯᠴᠠᠭ᠎ᠠ ᠶᠢ ᠠᠬᠢᠭᠤᠯᠤᠨ᠎ᠠ᠃ ᠣᠨᠳᠣᠣ ᠭᠠᠵᠠᠷ ᠲᠤ ᠨᠡᠭᠦᠯᠭᠡᠭᠰᠡᠨ ᠤ ᠳᠠᠷᠠᠭᠠᠬᠢ ᠲᠡᠳᠬᠦᠮᠵᠢ ᠶᠢ ᠰᠠᠶᠢᠲᠤᠷ ᠬᠢᠵᠦ᠂ ᠲᠥᠪᠬᠢᠨᠡᠭᠦᠯᠬᠦ ᠣᠷᠣᠨ ᠤ ᠤᠯᠠᠨ ᠨᠡᠶᠢᠲᠡ ᠶᠢᠨ ᠦᠢᠯᠡᠴᠢᠯᠡᠭᠡ ᠪᠠ ᠢᠵᠢ ᠪᠦᠷᠢᠳᠦᠭᠰᠡᠨ ᠲᠥᠬᠦᠭᠡᠷᠦᠮᠵᠢ ᠶᠢ ᠲᠡᠭᠦᠯᠳᠡᠷᠵᠢᠭᠦᠯᠵᠦ᠂ ᠨᠡᠭᠦᠯᠭᠡᠭᠰᠡᠨ ᠤᠯᠠᠨ ᠲᠦᠮᠡᠨ ᠢ ᠯᠠᠪᠳᠠᠭᠤᠨ ᠲᠣᠭᠲᠠᠭᠤᠨ᠂ ᠠᠵᠢᠯ ᠣᠯᠵᠤ ᠳᠡᠶᠢᠯᠬᠦ᠂ ᠪᠠᠶᠠᠵᠢᠵᠤ ᠳᠡᠶᠢᠯᠬᠦ ᠪᠣᠯᠭᠠᠨ᠎ᠠ᠃        ᠲᠠᠷᠢᠶᠠᠯᠠᠩ ᠮᠠᠯ ᠠᠵᠤ ᠠᠬᠤᠶ ᠶᠢᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠮᠠᠨ ᠤ ᠬᠤᠰᠢᠭᠤᠨ ᠤ ᠰᠢᠯᠢᠳᠡᠭ ᠰᠠᠶᠢᠨ ᠠᠮᠢ ᠠᠬᠤᠶ ᠶᠢᠨ ᠠᠭᠤᠷ ᠠᠮᠢᠰᠬᠤᠯ ᠪᠠ ᠪᠣᠬᠢᠷᠲᠤᠯ ᠥᠬᠡᠶ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠳᠠᠪᠠᠭᠤᠯᠢᠭ ᠲᠤ ᠲᠦᠰᠢᠭᠯᠡᠨ᠂ ᠦᠢᠯᠡᠳᠪᠦᠷᠢᠯᠡᠯ ᠡᠵᠡᠩᠨᠡᠯᠲᠡ ᠶᠢᠨ ᠠᠷᠭ᠎ᠠ ᠮᠠᠶ᠋ᠢᠭ ᠢ ᠲᠦᠷᠭᠡᠳᠬᠡᠨ ᠬᠤᠪᠢᠷᠠᠭᠤᠯᠵᠤ᠂ ᠲᠥᠮᠥᠰᠥ᠂ ᠠᠯᠠᠰᠢᠨ ᠦᠬᠡᠷ ᠠᠯᠠᠰᠢᠨ ᠬᠤᠨᠢ ᠵᠡᠷᠭᠡ ᠳᠠᠪᠠᠭᠤᠯᠢᠭ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠤ ᠡᠬᠢ ᠰᠤᠷᠪᠤᠯᠵᠢ ᠶᠢ ᠡᠷᠢᠬᠦ ᠰᠢᠰᠲ᠋ᠧᠮᠵᠢ ᠶᠢ ᠪᠦᠷᠢᠨᠰᠢᠬᠦᠯᠦᠨ ᠲᠡᠭᠦᠯᠳᠡᠷᠵᠢᠭᠦᠯᠵᠦ᠂ ︽ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠭᠠᠯ ᠢᠶᠠᠷ ᠰᠣᠩᠭᠤᠬᠤ︾ ᠣᠷᠣᠨ ᠪᠦᠰᠡ ᠶᠢᠨ ᠣᠯᠠᠨ ᠨᠡᠶᠢᠲᠡ ᠶᠢᠨ ᠨᠠᠷᠠᠲᠤ ᠲᠥᠷᠥᠯ ᠲᠡᠮᠳᠡᠭᠲᠦ ᠶᠢᠨ ᠠᠯᠳᠠᠷᠰᠢᠯ ᠢ ᠦᠷᠭᠦᠯᠵᠢᠯᠡᠨ ᠥᠷᠭᠡᠳᠬᠡᠨ᠎ᠡ᠃ ᠠᠮᠤ ᠪᠤᠳᠠᠭᠠᠨ ᠤ ᠠᠮᠤᠷ ᠲᠦᠪᠰᠢᠨ ᠤ ᠴᠢᠬᠤᠯᠠ ᠶᠡᠭᠡ ᠬᠠᠷᠢᠭᠤᠴᠠᠯᠭ᠎ᠠ ᠶᠢ ᠡᠷᠡᠰ ᠨᠠᠶᠢᠳᠠᠪᠤᠷᠢᠵᠢᠭᠤᠯᠵᠤ᠂ 1 ᠲᠦᠮᠡᠨ ᠮᠥ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠥᠲᠥᠭᠡᠨ ᠪᠠᠶᠢᠭᠤᠯᠤᠯᠲᠠ ᠪᠠ 10 ᠲᠦᠮᠡᠨ ᠮᠥ ᠲᠠᠷᠢᠶᠠᠯᠠᠩ ᠤᠨ ᠮᠠᠰᠢᠨ ᠢ ᠰᠤᠯᠠᠷᠠᠭᠤᠯᠬᠤ ᠲᠥᠷᠥᠯ ᠵᠣᠶᠢᠯ ᠢ ᠰᠠᠶᠢᠲᠤᠷ ᠬᠡᠷᠡᠭᠵᠢᠭᠦᠯᠵᠦ᠂ ᠠᠮᠤ ᠪᠤᠳᠠᠭᠠᠨ ᠤ ᠠᠮᠤᠷ ᠲᠦᠪᠰᠢᠨ ᠤ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠣᠷᠭᠠᠨᠢᠭ ᠬᠠᠭᠤᠷᠠᠶ ᠪᠠᠷ ᠳᠠᠷᠢᠬᠤ ᠲᠠᠷᠢᠶᠠᠯᠠᠩ ᠢ ᠶᠡᠬᠡᠪᠡᠷ ᠬᠥᠭᠵᠢᠭᠦᠯᠵᠦ᠂ ᠡᠭᠡᠯᠵᠢᠯᠡᠨ ᠳᠠᠷᠢᠵᠤ ᠲᠣᠩᠭᠤᠷᠠᠭᠤᠯᠬᠤ ᠲᠥᠷᠥᠯ  ᠵᠣᠶᠢᠯ ᠢ ᠬᠡᠷᠡᠭᠵᠢᠭᠦᠯᠦᠨ᠂ ᠵᠢᠯ ᠤᠨ ᠳᠣᠲᠣᠷ᠎ᠠ ᠰᠢᠬᠢᠷ ᠯᠤᠤᠪᠠᠩ᠂ ᠨᠡᠷᠡᠨ ᠬᠤᠸᠠᠷ ᠵᠡᠷᠭᠡ ᠤᠰᠤ ᠶᠡᠭᠡ ᠬᠤᠷᠣᠭᠳᠠᠭᠤᠯᠬᠤ ᠲᠠᠷᠢᠮᠠᠯ ᠢ 2.3 ᠲᠦᠮᠡᠨ ᠮᠥ ᠪᠠᠭᠠᠰᠬᠠᠵᠤ᠂ ᠲᠠᠷᠢᠶᠠᠯᠠᠩ ᠤᠨ ᠤᠰᠤᠯᠠᠯᠲᠠ ᠳᠤ ᠬᠡᠷᠡᠭᠯᠡᠬᠦ ᠭᠠᠵᠠᠷ ᠳᠣᠤᠷᠠᠬᠢ ᠤᠰᠤ ᠶᠢ 2439 ᠲᠦᠮᠡᠨ ᠪᠣᠰᠤᠭ᠎ᠠ ᠳᠥᠷᠪᠡᠯᠵᠢᠨ ᠮᠧᠲᠷ ᠲᠤ ᠬᠢᠵᠠᠭᠠᠷᠯᠠᠵᠤ᠂ ᠲᠠᠷᠢᠶᠠᠯᠠᠩ ᠤᠨ  ᠦᠢᠯᠡᠳᠪᠦᠷᠢᠯᠡᠯ ᠤᠨ ᠤᠰᠤ ᠠᠷᠪᠢᠯᠠᠬᠤ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠠᠯᠠᠰᠢᠨ ᠦᠬᠡᠷ ᠤᠨ ᠰᠦᠷᠦᠭ ᠢᠶᠠᠨ ᠥᠷᠭᠡᠳᠬᠡᠨ ᠳᠠᠬᠢᠨ ᠢᠶᠠᠷ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠳ᠋ᠢᠩ ᠱᠧᠩ ᠠᠬ᠎ᠠ ᠳᠡᠭᠦᠤ᠂ ᠭᠠᠯᠲᠤ ᠠᠭᠤᠯᠠ ᠶᠢᠨ ᠬᠡᠭᠡᠷ᠎ᠡ ᠲᠠᠯ᠎ᠠ ᠵᠡᠷᠭᠡ 5 ᠠᠯᠠᠰᠢᠨ ᠦᠬᠡᠷ ᠲᠡᠵᠢᠭᠡᠨ ᠦᠷᠡᠵᠢᠭᠦᠯᠬᠦ ᠲᠥᠷᠥᠯ ᠵᠦᠶ᠋ᠯ ᠤᠨ ᠭᠠᠷᠤᠯᠲᠠ ᠦᠷ᠎ᠡ ᠪᠦᠲᠦᠮᠵᠢ ᠳᠤ ᠬᠦᠷᠦᠭᠦᠯᠬᠦ ᠶᠢ ᠠᠬᠢᠭᠤᠯᠵᠤ᠂ ᠣᠳᠣᠬᠢᠴᠢᠯᠠᠭᠰᠠᠨ ᠠᠯᠠᠰᠢᠨ ᠦᠬᠡᠷ ᠪᠠ ᠨᠠᠷᠢᠯᠢᠭ ᠡᠳ᠋ᠰᠢᠭᠦᠯᠬᠦ ᠲᠥᠷᠥᠯ ᠵᠦᠶ᠋ᠯ ᠢ ᠢᠵᠢ ᠪᠥᠷᠢᠳᠦᠭᠦᠯᠦᠨ ᠬᠡᠷᠡᠭᠵᠢᠭᠦᠯᠵᠦ᠂ ᠲᠢᠶᠠᠨ ᠷᠦᠨ ᠮᠠᠯ ᠲᠡᠵᠢᠭᠡᠪᠦᠷᠢ ᠶᠢᠨ ᠪᠣᠷᠳᠣᠭᠠᠨ ᠤ ᠦᠢᠯᠡᠳᠪᠦᠷᠢ ᠶᠢ ᠠᠮᠢᠳᠤᠯᠢᠭᠵᠢᠭᠤᠯᠤᠨ‌ᠥᠭᠡᠷᠡᠴᠢᠯᠡᠵᠦ᠂ ᠳᠣᠯᠣᠭᠤᠨᠬᠤᠳᠤᠭ‌ᠠᠯᠠᠰᠢᠨ ᠦᠬᠡᠷ ᠲᠡᠵᠢᠭᠡᠨ ᠦᠷᠡᠵᠢᠭᠦᠯᠬᠦ ᠠᠵᠤ ᠦᠢᠯᠡᠰ‌‍ᠤᠨ ᠬᠦᠷᠢᠶᠡᠯᠡᠩ ᠢᠶᠠᠷ ᠲᠥᠪ ᠪᠣᠯᠭᠠᠭᠰᠠᠨ᠂ ᠲᠦᠮᠠᠯᠲᠠᠶ ᠶᠢᠨ ᠠᠮᠢᠳᠤ ᠮᠠᠯ ᠤᠨ ᠠᠷᠠᠯᠵᠢᠶ᠎ᠠ᠂ ᠶᠡᠭᠡ ᠵᠢᠷᠭᠤᠳᠤᠭᠠᠷ ᠨᠣᠮᠧᠷᠲᠤ ᠰᠢᠨᠵᠢᠯᠡᠬᠦ ᠤᠬᠠᠭᠠᠨ ᠮᠡᠷᠭᠡᠵᠢᠯ ᠤᠨ ᠦᠶ᠋ᠯᠡᠴᠢᠯᠡᠭᠡᠨ ᠤ ᠢᠵᠢ ᠪᠥᠷᠢᠳᠦᠭᠰᠡᠨ ᠠᠯᠠᠰᠢᠨ ᠦᠬᠡᠷ ᠲᠡᠵᠢᠭᠡᠨ ᠦᠷᠡᠵᠢᠭᠦᠯᠬᠦ ︽ᠬᠤᠶᠠᠷ ᠬᠦᠷᠢᠶᠡᠯᠡᠩ ᠨᠢᠭᠡ ᠲᠥᠪ︾ ᠢ ᠪᠥᠲᠥᠭᠡᠨ ᠪᠠᠶᠢᠭᠤᠯᠤᠨ᠎ᠠ᠃ ︽ᠲᠥᠮᠥᠰᠥ ᠵᠢᠨ‌ᠦᠢᠯᠡᠰ ᠤᠨ ᠦᠷ᠎ᠡ ᠠᠰᠢᠭ ᠢ ᠳᠡᠭᠡᠭᠰᠢᠯᠡᠭᠦᠯᠦᠨ ᠥᠷᠲᠡᠭ ᠢ ᠨᠡᠮᠡᠭᠳᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠲᠥᠮᠥᠰᠥ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠭᠦᠯᠬᠦ ᠬᠦᠷᠢᠶᠡᠯᠡᠩ ᠤᠨ ᠬᠤᠶᠠᠳᠤᠭᠠᠷ ᠬᠤᠭᠤᠴᠠᠭᠠᠨ ᠤ ᠲᠥᠷᠥᠯ  ᠵᠣᠶᠢᠯ ᠢ ᠪᠠᠶᠢᠭᠤᠯᠤᠨ ᠳᠠᠭᠤᠰᠬᠠᠵᠤ ᠠᠰᠢᠭᠯᠠᠯᠲᠠ ᠳᠤ ᠣᠷᠣᠭᠤᠯᠬᠤ ᠶᠢ ᠠᠬᠢᠭᠤᠯᠵᠤ᠂ ᠲᠥᠮᠥᠰᠥ ᠶᠢᠨ ᠦᠷ᠎ᠡ ᠲᠥᠮᠥᠰᠥ ᠶᠢᠨ ᠠᠵᠤ ᠦᠢᠯᠡᠰ ᠢ ᠶᠡᠬᠡᠪᠡᠷ ᠬᠥᠭᠵᠢᠭᠦᠯᠦᠨ᠎ᠡ᠃ ︽ᠠᠯᠠᠰᠢᠨ ᠬᠤᠨᠢ ᠶᠢ ᠰᠠᠶᠢᠵᠢᠷᠠᠭᠤᠯᠤᠨ ᠶᠠᠰᠤ ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ︾ ᠶᠢ ᠬᠡᠷᠡᠭᠵᠢᠭᠦᠯᠵᠦ᠂ ᠪᠠᠶ ᠰᠠ ᠹᠦ᠋ ᠺᠧ ᠵᠡᠷᠭᠡ ᠰᠢᠯᠢᠳᠡᠭ ᠠᠯᠠᠰᠢᠨ ᠬᠤᠨᠢᠨ ᠤ ᠡᠭᠦᠯᠳᠡᠷ ᠢ ᠣᠷᠣᠭᠤᠯᠤᠨ ᠠᠪᠴᠢᠷᠠᠵᠤ᠂ ᠡᠷᠯᠢᠰᠡᠵᠢᠭᠦᠯᠦᠨ ᠰᠠᠶᠢᠵᠢᠷᠠᠭᠤᠯᠬᠤ ᠪᠠᠷ ᠳᠠᠮᠵᠢᠭᠤᠯᠤᠨ ᠠᠯᠠᠰᠢᠨ ᠬᠤᠨᠢᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃        ᠬᠥᠳᠡᠭᠡ ᠲᠣᠰᠬᠤᠨ ᠤ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠦᠨ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠲᠥᠯᠥᠪᠵᠢᠭᠦᠯᠭᠡ ᠪᠠ ᠠᠶᠢᠯ ᠲᠣᠰᠬᠤᠨ ᠤ ᠲᠥᠯᠥᠪᠵᠢᠭᠦᠯᠭᠡ ᠶᠢ ᠰᠢᠨᠵᠢᠯᠡᠬᠦ ᠤᠬᠠᠭᠠᠨᠴᠢ ᠪᠠᠷ ᠨᠠᠶᠢᠷᠠᠭᠤᠯᠤᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ ᠲᠠᠢ ᠲᠣᠰᠬᠤᠨ᠂ ᠵᠢᠱᠢ᠊ ᠡᠶ᠎ᠡ ᠦᠵᠡᠭᠦᠯᠬᠦ ᠲᠣᠰᠬᠤᠨ ᠢ ᠡᠮᠬᠢ ᠮᠠᠯᠵᠢᠬᠤ ᠲᠠᠷᠢᠶᠠᠯᠠᠬᠤ ᠣᠷᠣᠨ ᠤ ᠪᠣᠬᠢᠷ ᠤᠰᠤ ᠶᠢ ᠰᠢᠢᠳᠪᠦᠷᠢᠯᠡᠬᠦ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ᠂ ᠴᠡᠪᠡᠷ ᠢᠯᠴᠢ ᠬᠠᠩᠭᠠᠬᠤ ᠭᠦᠸᠧᠯᠦ ᠶᠢ ᠥᠭᠡᠷᠡᠴᠢᠯᠡᠬᠦ ᠢᠨᠵᠧᠨᠧᠷᠢᠩ ᠢ ᠡᠬᠢᠯᠡᠭᠦᠯᠦᠨ᠎ᠡ᠃ ︽ᠬᠥᠳᠡᠭᠡ ᠲᠣᠰᠬᠤᠨ ᠤ ᠳᠥᠷᠪᠡᠨ ᠰᠠᠶᠢᠨᠲᠠᠶ ᠵᠠᠮ︾ ᠤᠨ ᠪᠥᠲᠥᠭᠡᠨ ᠪᠠᠶᠢᠭᠤᠯᠤᠯᠲᠠ ᠶᠢ ᠰᠠᠶᠢᠲᠤᠷ ᠠᠳᠬᠤᠵᠤ᠂ ᠪᠠᠶᠢᠭᠤᠯᠤᠯᠳᠤ ᠲᠣᠰᠬᠤᠨ ᠤ ᠬᠤᠤᠰ ᠲᠡᠷᠭᠡᠨ ᠵᠠᠮ ᠢ ᠥᠭᠡᠷᠡᠴᠢᠯᠡᠬᠦ᠂ ᠬᠥᠳᠡᠭᠡ ᠲᠣᠰᠬᠤᠨ ᠤ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠪᠠ ᠨᠡᠯᠢᠶᠡᠳ ᠶᠡᠭᠡ ᠪᠠᠶᠢᠭᠠᠯᠢ ᠶᠢᠨ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠭᠦᠯᠬᠦ ᠢᠨᠵᠧᠨᠧᠷᠢᠩ ᠢ ᠬᠡᠷᠡᠭᠵᠢᠭᠦᠯᠵᠦ᠂ ᠪᠣᠬᠢᠷᠲᠤᠯ ᠥᠬᠡᠶ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠲᠤᠰᠬᠠᠶ ᠱᠤᠭᠤᠮ ᠢ ᠠᠯᠬᠤᠮ ᠠᠯᠬᠤᠮ ᠢᠶᠠᠷ ᠨᠡᠪᠲᠡᠷᠡᠭᠦᠯᠦᠨ᠎ᠡ᠃        ᠬᠥᠳᠡᠭᠡ ᠲᠣᠰᠬᠤᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠳᠡᠭᠡᠭᠰᠢᠯᠡᠭᠦᠯᠬᠦ ᠢᠨᠵᠧᠨᠧᠷᠢᠩ ᠢ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠳᠠᠭᠠᠭᠠᠴᠢᠯᠠᠭᠰᠠᠨ ᠭᠠᠵᠠᠷ ᠤᠨ ︽ᠭᠤᠷᠪᠠᠨ ᠡᠷᠬᠡ ᠶᠢ ᠰᠠᠯᠭᠠᠬᠤ︾ ᠥᠭᠡᠷᠡᠴᠢᠯᠡᠯᠲᠡ ᠶᠢ ᠠᠬᠢᠭᠤᠯᠵᠤ᠂ ᠭᠠᠵᠠᠷ ᠰᠢᠷᠣᠶ ᠶᠢᠨ ᠡᠵᠡᠩᠨᠡᠯᠲᠡ ᠶᠢᠨ ᠡᠷᠬᠡ ᠶᠢ ᠴᠢᠯᠥᠭᠡᠲᠡᠶ ᠪᠣᠯᠭᠠᠵᠤ᠂ ᠬᠡᠪᠴᠢᠶᠡᠵᠢᠭᠦᠯᠦᠨ ᠡᠵᠡᠩᠨᠡᠬᠦ ᠭᠤᠤᠯ ᠴᠣᠭᠴᠠ ᠶᠢ ᠵᠣᠬᠢᠬᠤ ᠬᠡᠮᠵᠢᠶ᠎ᠡ ᠪᠠᠷ ᠪᠤᠶᠢᠵᠢᠭᠤᠯᠤᠨ᠎ᠠ᠃ ᠡᠯ᠎ᠡ ᠲᠥᠷᠥᠯ ᠤᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ ᠠᠵᠢᠯ ᠣᠯᠵᠤ ᠠᠳᠠᠯ ᠦᠢᠯᠡᠰ ᠴᠣᠭᠴᠠᠯᠠᠬᠤ ᠶᠢ ᠵᠠᠩ ᠳᠠᠳᠬᠠᠯ ᠢ ᠥᠭᠡᠷᠡᠴᠢᠯᠡᠬᠦ ᠶᠢ ᠦᠷᠭᠦᠯᠵᠢᠯᠡᠨ ᠠᠬᠢᠭᠤᠯᠵᠤ᠂ ᠲᠣᠰᠬᠤᠨ ᠤ ᠲᠦᠷᠢᠮ ᠠᠷᠠᠳ ᠤᠨ ᠭᠡᠷ᠎ᠡ ᠶᠢ ᠲᠡᠭᠦᠯᠳᠡᠷᠵᠢᠭᠦᠯᠵᠦ᠂ ᠬᠤᠷᠢᠮ ᠪᠡᠯᠪᠡᠰᠦᠷᠡᠯ ᠤᠨ ᠶᠠᠪᠤᠳᠠᠯ ᠢ ᠶᠡᠬᠡᠪᠡᠷ ᠬᠢᠬᠦ᠂ ᠬᠦᠨᠳᠦ ᠪᠠᠷ ᠣᠷᠣᠰᠢᠭᠤᠯᠬᠤ ᠶᠢ ᠬᠥᠩᠭᠡᠪᠴᠢᠯᠡᠵᠦ ᠠᠰᠠᠷᠠᠨ ᠲᠡᠵᠢᠭᠡᠬᠦ ᠵᠡᠷᠭᠡ ᠮᠠᠭᠤ ᠳᠠᠳᠬᠠᠯ ᠢ ᠶᠡᠬᠡᠪᠡᠷ ᠴᠡᠭᠴᠡᠯᠡᠨ ᠵᠠᠰᠠᠵᠤ᠂ ᠪᠣᠯᠪᠠᠰᠤᠨ ᠲᠣᠰᠬᠤᠨ ᠪᠠᠯᠭᠠᠰᠤ᠂ ᠣᠳᠣᠨ ᠲᠠᠰ ᠤᠨ ᠪᠣᠯᠪᠠᠰᠤᠨ ᠡᠷᠦᠬᠡ ᠶᠢ ᠰᠢᠯᠭᠠᠷᠠᠭᠤᠯᠬᠤ ᠠᠵᠢᠯᠯᠠᠭ᠎ᠠ ᠶᠢ ᠪᠠᠶᠢᠩᠭᠤᠵᠢᠭᠤᠯᠤᠨ ᠥᠷᠨᠢᠭᠦᠯᠵᠦ᠂ ᠪᠣᠯᠪᠠᠰᠤᠨ ᠲᠣᠰᠬᠤᠨ ᠤ ᠰᠤᠷᠲᠠᠯ᠂ ᠰᠠᠶᠢᠨ ᠰᠠᠶᠢᠬᠠᠨ ᠬᠡᠷ ᠤᠨ ᠰᠤᠷᠲᠠᠯ᠂ ᠪᠣᠷᠣᠭᠵᠢᠭᠤᠨ ᠠᠷᠠᠳ ᠤᠨ ᠰᠤᠷᠲᠠᠯ ᠢ ᠪᠤᠶᠢᠵᠢᠭᠤᠯᠤᠨ᠎ᠠ᠃  ︵ᠳᠥᠷᠪᠡ︶ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠶᠢ ᠪᠠᠷᠢᠮᠲᠠᠯᠠᠵᠤ᠂ ᠠᠵᠤ ᠦᠢᠯᠡᠳᠪᠦᠷᠢ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠤᠨ᠎ᠠ        ᠠᠵᠤ ᠦᠢᠯᠡᠳᠪᠦᠷᠢ ᠶᠢᠨ ᠠᠵᠤ ᠦᠢᠯᠡᠰ ᠨᠢ ᠮᠠᠨ ᠤ ᠬᠤᠰᠢᠭᠤᠨ ᠤ ᠤᠯᠠᠮᠵᠢᠯᠠᠯᠲᠤ ᠠᠵᠤ ᠦᠢᠯᠡᠰ ᠪᠣᠯᠬᠤ ᠮᠥᠷᠲᠡᠭᠡᠨ ᠪᠠᠰᠠ ᠬᠥᠭᠵᠢᠯᠲᠡ ᠶᠢ ᠬᠥᠭᠡᠭᠡᠵᠦ ᠭᠦᠢᠴᠡᠨ ᠳᠠᠪᠠᠭ᠋ᠤ ᠲᠤᠯᠭᠠᠭᠤᠷᠢ ᠠᠵᠤ ᠦᠢᠯᠡᠰ ᠪᠣᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢᠨ ᠴᠢᠭᠯᠡᠯ ᠤᠨ ᠲᠣᠭᠤᠷᠢᠨ ᠳᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠬᠦ ᠶᠢ ᠠᠬᠢᠭᠤᠯᠵᠤ᠂ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠢᠨ᠎ᠡ ᠶᠢ ᠡᠭᠦᠳᠬᠦ ᠴᠢᠳᠠᠪᠤᠷᠢ ᠶᠢ ᠳᠡᠭᠡᠭᠰᠢᠯᠡᠭᠦᠯᠵᠦ᠂ ᠰᠢᠨ᠎ᠡ ᠡᠨᠧᠷᠭᠢ ᠶᠢᠨ ᠠᠵᠤ ᠦᠢᠯᠡᠰ ᠤᠨ ᠨᠢᠭᠡ ᠴᠤᠬᠴᠠᠵᠢᠬᠰᠠᠨ ᠬᠥᠭᠵᠢᠯᠲᠡ ᠶᠢ ᠠᠬᠢᠭᠤᠯᠵᠤ᠂ ᠠᠵᠤ ᠦᠢᠯᠡᠳᠪᠦᠷᠢ ᠶᠢᠨ ᠠᠵᠤ ᠠᠬᠤᠢ ᠶᠢᠨ ᠬᠥᠭᠵᠢᠯᠲᠡ ᠶᠢᠨ ᠶᠠᠰᠤ ᠴᠢᠨᠠᠷ ᠢ ᠳᠡᠭᠡᠭᠰᠢᠯᠡᠭᠦᠯᠬᠦ ᠬᠡᠷᠡᠭᠲᠡᠢ᠃        ᠤᠯᠠᠮᠵᠢᠯᠠᠯᠲᠤ ᠠᠵᠤ ᠦᠢᠯᠡᠰ ᠤᠨ ᠳᠡᠭᠡᠳᠦ ᠲᠡᠰ ᠤᠨ ᠬᠥᠭᠵᠢᠯᠲᠡ ᠶᠢ ᠲᠦᠯᠬᠢᠨ ᠠᠬᠢᠭᠤᠯᠤᠨ᠎ᠠ᠃ ᠴᠣᠬᠤᠶ ᠶᠢᠨ ᠴᠢᠯᠠᠭᠤ ᠶᠢᠨ ᠡᠬᠢ ᠪᠠᠶᠠᠯᠢᠭ ᠢᠶᠠᠷ ᠲᠥᠯᠥᠭᠡᠯᠡᠭᠦᠯᠦᠭᠰᠡᠨ ᠡᠬᠢ ᠪᠠᠶᠠᠯᠢᠭ ᠢ ᠢᠯᠭᠠᠨ ᠰᠣᠩᠭᠤᠵᠤ ᠶᠡᠷᠦᠩᠬᠡᠶᠢᠯᠡᠨ ᠠᠰᠢᠭᠯᠠᠬᠤ ᠠᠯᠬᠤᠴᠠ ᠶᠢ ᠲᠦᠷᠭᠡᠳᠬᠡᠨ ᠠᠬᠢᠭᠤᠯᠵᠤ᠂ ᠪᠣᠬᠢᠷᠲᠤᠯ ᠥᠬᠡᠶ ᠠᠭᠤᠷᠬᠠᠶ᠂ ᠡᠶ᠎ᠡ ᠵᠣᠬᠢᠴᠠᠯ ᠲᠠᠢ ᠠᠭᠤᠷᠬᠠᠶ ᠶᠢ ᠪᠥᠲᠥᠭᠡᠨ ᠪᠠᠶᠢᠭᠤᠯᠤᠨ᠎ᠠ᠃ ᠴᠠᠬᠢᠯᠠᠭᠤᠷ ᠴᠢᠯᠠᠭᠤ ᠶᠢᠨ ᠬᠢᠮᠢ ᠶᠢᠨ ᠠᠵᠤ  ᠦᠢᠯᠡᠳᠪᠦᠷᠢ ᠶᠢᠨ ᠠᠵᠤ ᠦᠢᠯᠡᠰ ᠤᠨ ᠤᠶᠤᠨᠴᠢᠯᠠᠬᠤ᠂ ᠲᠣᠭᠠᠵᠢᠭᠤᠯᠬᠤ ᠥᠭᠡᠷᠡᠴᠢᠯᠡᠯᠲᠡ ᠶᠢᠨ ᠠᠬᠢᠴᠠ ᠶᠢ ᠠᠬᠢᠭᠤᠯᠵᠤ᠂ ᠠᠵᠤ ᠠᠬᠤᠶᠢᠯᠠᠯ ᠤᠨ ᠡᠨᠧᠷᠭᠢ ᠶᠢ ᠱᠠᠲᠤᠯᠠᠨ ᠠᠰᠢᠭᠯᠠᠬᠤ᠂ ᠦᠯᠡᠳᠡᠪᠦᠷᠢ ᠬᠡᠶ ᠦᠯᠡᠳᠡᠪᠦᠷᠢ ᠢᠯᠴᠢ ᠶᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠤᠨ᠂ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠤᠷᠠᠳᠤ ᠤᠷᠤᠰᠬᠠᠯ ᠢ ᠵᠣᠯᠭᠠᠭᠤᠯᠬᠤ᠂ ᠡᠷᠭᠢᠯᠲᠡ ᠶᠢᠨ ᠮᠠᠶ᠋ᠢᠭ ᠤᠨ ᠬᠥᠭᠵᠢᠯᠲᠡ ᠶᠢᠨ ᠪᠠᠶᠢᠷᠢᠰᠢᠯ ᠢ ᠪᠣᠶ ᠪᠣᠯᠭᠠᠨ᠎ᠠ᠃ ᠨᠠᠷᠢᠯᠢᠭ ᠬᠢᠮᠢ ᠶᠢᠨ ᠠᠵᠤ ᠦᠢᠯᠡᠳᠪᠦᠷᠢ ᠶᠢᠨ ᠲᠥᠷᠥᠯ ᠵᠣᠶᠢᠯ ᠤᠨ ᠵᠥᠪᠰᠢᠶᠡᠷᠡᠨ ᠣᠷᠣᠭᠤᠯᠬᠤ ᠪᠠᠷᠢᠮᠵᠢᠶ᠎ᠠ ᠶᠢ ᠴᠢᠩᠭ᠎ᠠ ᠵᠢᠷᠤᠮᠵᠢᠭᠤᠯᠵᠤ᠂ ᠴᠡᠴᠡᠷᠯᠢᠭ ᠲᠤ ᠣᠷᠣᠭᠤᠯᠬᠤ ᠲᠥᠷᠥᠯ ᠵᠣᠶᠢᠯ ᠤᠨ ᠲᠠᠰ ᠳᠠᠪᠬᠤᠷᠭ᠎ᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠂ ᠪᠢᠲᠡᠭᠦᠦ ᠴᠠᠭᠠᠷᠢᠭ ᠤᠨ ᠬᠥᠭᠵᠢᠯᠲᠡ ᠶᠢᠨ ᠵᠠᠭᠪᠤᠷ ᠢ        ᠰᠢᠨ᠎ᠡ ᠪᠠᠷ ᠬᠥᠭᠵᠢᠭᠰᠡᠨ ᠠᠵᠤ ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠲᠦᠯᠬᠢᠨ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢᠨ ᠠᠷᠭ᠎ᠠ ᠵᠠᠮ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠵᠦ᠂ ᠪᠠᠯ ᠴᠢᠯᠠᠭᠤᠨ ᠤ ᠰᠢᠨ᠎ᠡ ᠮᠠᠲ᠋ᠧᠷᠢᠶᠠᠯ ᠤᠨ ᠠᠵᠤ  ᠦᠢᠯᠡᠰ ᠤᠨ ᠬᠥᠭᠵᠢᠯᠲᠡ ᠶᠢᠨ ᠰᠠᠭᠤᠷᠢ ᠮᠥᠩᠭᠦ ᠶᠢ ᠰᠦᠪᠡᠭᠴᠢᠯᠡᠨ ᠪᠠᠶᠢᠭᠤᠯᠵᠤ᠂ ᠠᠵᠤ ᠠᠬᠤᠶᠢᠯᠠᠯ ᠤᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠳᠡᠮᠵᠢᠵᠦ᠂ ᠯᠢᠲ᠋ᠢ ᠴᠠᠬᠢᠯᠭᠠᠨ ᠴᠡᠨᠡᠭ ᠤᠨ ᠠᠵᠤ ᠦᠢᠯᠡᠰ ᠤᠨ ᠣᠳᠣᠨ ᠪᠥᠮᠪᠥᠷᠴᠡᠭ ᠤᠨ ᠪᠠᠯ ᠴᠢᠯᠠᠭᠤ᠂ ᠰᠢᠨ᠎ᠡ ᠮᠠᠲ᠋ᠧᠷᠢᠶᠠᠯ ᠪᠠᠶᠢᠭᠤᠯᠬᠤ ᠬᠤᠶᠠᠷ ᠲᠥᠷᠥᠯ ᠵᠣᠶᠢᠯ ᠢ ᠪᠥᠬᠦ ᠠᠵᠤ  ᠦᠢᠯᠡᠰ‌‍ᠤᠨ ᠬᠡᠯᠬᠢᠶ᠎ᠡ ᠳᠠᠰᠢ ᠤᠷᠲᠤᠳᠬᠠᠬᠤ ᠶᠢ ᠠᠬᠢᠭᠤᠯᠤᠨ᠎ᠠ᠃ ᠱᠧᠨᠵᠧᠨ ᠤ ᠪᠤᠲᠷᠦ᠋ᠢ᠂ ᠱᠠᠩᠬᠠᠶ ᠶᠢᠨ ᠱᠠᠨ ᠱᠠᠨ ᠰᠢᠨᠵᠢᠯᠡᠬᠦ ᠤᠬᠠᠭᠠᠨ ᠮᠡᠷᠭᠡᠵᠢᠯ᠂ ᠳᠤᠮᠳᠠᠳᠤ ᠤᠯᠤᠰ ᠤᠨ ᠪᠤᠯᠤᠳ ᠲᠡᠮᠤᠷ ᠤᠨ ᠺᠣᠮᠫᠠᠨᠢ ᠶᠢᠨ ᠢᠯᠴᠢ ᠶᠢᠨ ᠡᠨᠧᠷᠭᠢ ᠶᠢᠨ ᠬᠦᠷᠢᠶᠡᠯᠡᠩ ᠤᠨ ᠵᠢᠯ ᠳᠤ 10 ᠲᠦᠮᠡᠨ ᠲᠣᠨ ᠯᠢᠲ᠋ᠢ ᠳ᠋ᠢᠶᠠᠨ ᡂᠢ ᠶᠢᠨ ᠪᠢᠯᠢᠭ ᠲᠦᠢᠯ ᠤᠨ ᠮᠠᠲ᠋ᠧᠷᠢᠶᠠᠯ ᠦᠢᠯᠡᠳᠪᠦᠷᠢᠯᠡᠬᠦ 3 ᠵᠦᠢᠯᠡᠰ ᠢ ᠬᠡᠷᠡᠭᠵᠢᠭᠦᠯᠪᠡ᠃        ᠰᠢᠨ᠎ᠡ ᠡᠨᠧᠷᠭᠢ ᠶᠢᠨ ᠠᠵᠤ ᠦᠢᠯᠡᠰ ᠢ ᠨᠢᠭᠡ ᠴᠤᠭᠴᠠᠵᠢᠭᠤᠯᠤᠨ ᠬᠥᠭᠵᠢᠭᠦᠯᠬᠦ ᠶᠢ ᠲᠦᠯᠬᠢᠨ ᠠᠬᠢᠭᠤᠯᠤᠨ᠎ᠠ᠃ ᠡᠨᠧᠷᠭᠢ ᠬᠡᠷᠡᠭᠯᠡᠬᠦ ᠠᠵᠤ ᠠᠬᠤᠶᠢᠯᠠᠯ ᠬᠢᠭᠡᠳ ᠰᠢᠨ᠎ᠡ ᠡᠨᠧᠷᠭᠢ ᠶᠢᠨ ᠠᠵᠤ ᠠᠬᠤᠶᠢᠯᠠᠯ ᠤᠨ ︽ᠬᠦᠴᠦᠷᠬᠡᠭ ᠨᠢ ᠬᠦᠴᠦᠷᠬᠡᠭ ᠲᠠᠢ ᠪᠠᠨ ᠬᠠᠮᠲᠤᠷᠠᠯᠴᠠᠬᠤ︾᠂ ᠲᠤᠬᠠᠶ ᠶᠢᠨ ᠭᠠᠵᠠᠷ ᠲᠤᠨᠢ ᠰᠢᠩᠭᠡᠭᠡᠨ ᠠᠪᠬᠤ ᠶᠢ ᠵᠣᠷᠢᠭᠵᠢᠭᠤᠯᠵᠤ᠂ ᠥᠩᠭᠡ ᠦᠵᠡᠮᠵᠢ ᠶᠢᠨ ᠡᠨᠧᠷᠭᠢ ᠶᠢᠨ ︽ᠨᠡᠭᠦᠷᠡᠰᠦᠲᠥ᠋ᠷᠥᠭᠴᠢ ᠥᠬᠡᠶ ᠨᠣᠭᠤᠭᠠᠨ ᠴᠠᠬᠢᠯᠭᠠᠨ︾ ᠢ ᠠᠵᠤ  ᠦᠢᠯᠡᠳᠪᠦᠷᠢ ᠶᠢᠨ ᠬᠦᠷᠢᠶᠡᠯᠡᠩ ᠲᠣᠭᠤᠷᠢᠭ ᠲᠤ ᠬᠦᠷᠭᠡᠨ᠎ᠡ᠃ ᠰᠢᠨ᠎ᠡ ᠡᠨᠧᠷᠭᠢ ᠶᠢᠨ ᠠᠵᠤ  ᠦᠢᠯᠡᠰ ᠤᠨ ᠰᠦᠷᠦᠭᠵᠢᠯ ᠢ ᠪᠤᠵᠠᠭᠠᠶᠢᠷᠠᠭᠤᠯᠤᠨ᠂ ᠴᠠᠬᠢᠯᠭᠠᠨ ᠤ ᠲᠣᠤᠷ ᠤᠨ ᠬᠠᠵᠠᠭᠤ ᠶᠢᠨ ᠡᠨᠧᠷᠭᠢ ᠬᠠᠳᠠᠭᠠᠯᠠᠬᠤ ᠴᠠᠬᠢᠯᠭᠠᠨ ᠥᠷᠲᠡᠭᠡ ᠶᠢᠨ ᠵᠢᠱᠢᠶ᠎ᠡ ᠦᠵᠡᠭᠦᠯᠬᠦ ᠲᠥᠷᠥᠯ  ᠵᠣᠶᠢᠯ᠂ ᠡᠬᠢ ᠰᠤᠷᠪᠤᠯᠵᠢ ᠪᠠ ᠴᠡᠨᠡᠭ ᠬᠠᠷᠢᠯᠴᠠᠨ ᠣᠶᠠᠯᠳᠣᠭᠰᠠᠨ ᠪᠣᠬᠢᠷᠲᠤᠯ ᠥᠬᠡᠶ ᠲᠣᠮᠣ ᠳ᠋ᠠᠶᠢᠲ᠋ᠠ ᠶᠢᠨ ᠲᠥᠪ ᠤᠨ ᠵᠢᠱᠢᠶ᠎ᠡ ᠦᠵᠡᠭᠦᠯᠬᠦ ᠲᠥᠷᠥᠯ ᠵᠣᠶᠢᠯ ᠢ ᠬᠡᠷᠡᠭᠵᠢᠭᠦᠯᠵᠦ᠂ ᠰᠠᠯᠬᠢ ᠭᠡᠷᠡᠯ ᠤᠨ ᠴᠠᠬᠢᠯᠭᠠᠨ ᠤ ᠮᠠᠰᠢᠨ ᠴᠣᠭᠴᠠᠯᠠᠪᠤᠷᠢ ᠶᠢᠨ ᠪᠠᠭᠲᠠᠭᠠᠮᠵᠢ ᠶᠢ ᠵᠠᠭᠤᠨ ᠲᠦᠮᠡᠨ ᠺᠢᠯᠣᠸᠠᠲ ᠠᠴᠠ ᠳᠠᠪᠠᠭᠤᠯᠬᠤ ᠪᠠᠷ ᠴᠢᠷᠮᠠᠶᠢᠨ᠎ᠠ᠃        ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠲᠥᠪᠯᠡᠷᠡᠨ ᠬᠥᠭᠵᠢᠬᠦ ᠶᠢ ᠲᠦᠯᠬᠢᠨ ᠠᠬᠢᠭᠤᠯᠤᠨ᠎ᠠ᠃ ᠥᠪᠡᠷᠲᠡᠭᠡᠨ ᠵᠠᠰᠠᠬᠤ ᠣᠷᠣᠨ ᠤ ᠬᠢᠮᠢ ᠶᠢᠨ ᠠᠵᠤ ᠦᠢᠯᠡᠳᠪᠦᠷᠢ ᠶᠢᠨ ᠲᠥᠪᠯᠡᠷᠡᠭᠰᠡᠨ ᠣᠷᠣᠨ ᠤ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠠᠷᠭᠤᠭᠤᠯᠵᠤ᠂ ᠬᠦᠷᠢᠶᠡᠯᠡᠩ ᠲᠣᠭᠤᠷᠢᠭ ᠤᠨ ᠰᠠᠭᠤᠷᠢ ᠪᠡᠯᠡᠳᠬᠡᠮᠵᠢ ᠶᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠠᠭᠠᠷ ᠮᠠᠨᠳᠠᠯ   ᠢ ᠬᠢᠨᠠᠨ ᠬᠡᠮᠵᠢᠬᠦ ᠲᠠᠪᠴᠠᠩ᠂ ᠭᠠᠵᠠᠷ ᠳᠣᠣᠷᠠᠬᠢ ᠤᠰᠤᠨ ‍ᠣ‌ᠣᠷᠴᠢᠨ ᠲᠣᠭᠤᠷᠢᠨ ᠤ ᠲᠣᠣᠷ ᠰᠦᠯᠵᠢᠶᠡᠨ ᠤ ᠬᠢᠨᠠᠨ ᠬᠡᠮᠵᠢᠬᠦ ᠲᠥᠷᠥᠯ ᠵᠦᠢᠯ   ᠢ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠢᠯᠴᠢ ᠬᠠᠩᠭᠠᠬᠤ᠂ ᠤᠰᠤ ᠬᠠᠩᠭᠠᠬᠤ᠂ ᠪᠣᠬᠢᠷ ᠤᠰᠤᠨ ᠤ ᠬᠤᠭᠤᠯᠠᠶ ᠶᠢᠨ ᠲᠣᠤᠷ ᠪᠠ ᠭᠠᠯ ᠤᠨᠲᠠᠷᠠᠭᠠᠬᠤ ᠥᠷᠲᠡᠭᠡ ᠶᠢᠨ ᠲᠥᠷᠥᠯ ᠵᠤᠶᠢᠯ ᠢ ᠨᠢᠭᠡᠳᠦᠯᠲᠡᠶ ᠲᠥᠯᠥᠪᠯᠡᠨ ᠪᠥᠲᠥᠭᠡᠨ ᠪᠠᠶᠢᠭᠤᠯᠵᠤ᠂ ᠲᠦᠮᠠᠯᠲᠠᠶ ᠶᠢᠨ ᠬᠦᠷᠢᠶᠡᠯᠡᠩ ᠲᠣᠭᠤᠷᠢᠭ ᠤᠨ ᠪᠣᠬᠢᠷ ᠤᠰᠤ  ᠰᠢᠢᠳᠪᠦᠷᠢᠯᠡᠬᠦ ᠦᠢᠯᠡᠳᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠦᠨ ᠥᠭᠡᠷᠡᠴᠢᠯᠡᠬᠦ ᠢᠨᠵᠧᠨᠧᠷᠢᠩ᠂ ᠪᠠᠷᠢᠯᠭ᠎ᠠ ᠶᠢᠨ ᠮᠠᠲ᠋ᠧᠷᠢᠶᠠᠯ ᠤᠨ ᠬᠢᠮᠢ ᠶᠢᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠤᠨ ᠠᠶᠤᠯᠲᠠᠶ ᠬᠢᠮᠢ ᠶᠢᠨ ᠮᠠᠰᠢᠨ ᠲᠡᠷᠭᠡᠨ ᠤ ᠵᠣᠭᠰᠣᠭᠠᠯ ᠤᠨ ᠢᠨᠵᠧᠨᠧᠷᠢᠩ ᠢ ᠡᠬᠢᠯᠡᠭᠦᠯᠦᠨ ᠬᠡᠷᠡᠭᠵᠢᠭᠦᠯᠦᠨ᠎ᠡ᠃ ᠬᠦᠷᠢᠶᠡᠯᠡᠩ ᠲᠣᠭᠤᠷᠢᠭ ᠤᠨ ᠣᠷᠣᠨ ᠪᠦᠰᠡ ᠶᠢᠨ ᠬᠢᠨᠠᠨ ᠲᠣᠭᠲᠠᠭᠠᠬᠤ ᠠᠵᠢᠯ ᠢ ᠰᠠᠶᠢᠲᠤᠷ ᠠᠳᠬᠤᠵᠤ᠂ ᠬᠦᠷᠢᠶᠡᠯᠡᠩ ᠳᠤ ᠤᠷᠤᠭᠰᠠᠨ ᠠᠵᠤ ᠠᠬᠤᠶᠢᠯᠠᠯ ᠤᠨ ︽ᠲᠠᠩ ᠴᠣᠭᠴᠠ ᠶᠢᠨ ᠦᠨᠡᠯᠡᠯᠲᠡ︾ ᠠᠴᠠ ︽ᠪᠦᠬᠦᠯᠢ ᠴᠣᠭᠴᠠ ᠶᠢᠨ ᠦᠨᠡᠯᠡᠯᠲᠡ︾ ᠳᠠᠰᠢ ᠬᠤᠪᠢᠷᠠᠭᠤᠯᠬᠤ ᠶᠢ ᠠᠬᠢᠭᠤᠯᠵᠤ᠂ ᠲᠥᠷᠥᠯ ᠵᠣᠶᠢᠯ ᠤᠨ ᠪᠥᠲᠥᠭᠡᠨ ᠪᠠᠶᠢᠭᠤᠯᠤᠯᠲᠠ ᠶᠢᠨ ᠦᠶᠡᠯᠡᠯ ᠤᠨ ᠬᠤᠭᠤᠴᠠᠭ᠎ᠠ ᠶᠢ ᠪᠣᠭᠤᠨᠢᠰᠬᠠᠨ᠎ᠠ᠃        ︵ᠲᠠᠪᠤ︶ ᠥᠭᠡᠷᠡᠴᠢᠯᠡᠯᠲᠡ ᠨᠡᠭᠡᠭᠡᠯᠳᠡ ᠶᠢ ᠪᠠᠷᠢᠮᠲᠠᠯᠠᠵᠤ᠂ ᠠᠵᠤ ᠠᠬᠤᠶ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠬᠥᠭᠵᠢᠭᠡᠪᠡ        ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠪᠣᠯ ᠨᠢᠭᠡ ᠭᠠᠵᠠᠷ ᠣᠷᠣᠨ ᠤ ᠠᠵᠤ ᠠᠬᠤᠶ ᠶᠢᠨ ᠵᠥᠭᠡᠯᠡᠨ ᠪᠣᠳᠠᠲᠤ ᠬᠦᠴᠦᠨ ᠪᠠ ᠶᠡᠷᠦᠩᠬᠡᠶᠢᠯᠡᠭᠰᠡᠨ ᠥᠷᠢᠰᠥᠯᠳᠦᠬᠦ ᠬᠦᠴᠦᠨ ᠤ ᠲᠥᠪᠯᠡᠷᠡᠩᠭᠦᠶ ᠢᠯᠡᠷᠡᠯ ᠮᠥᠨ᠃ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠪᠠᠷ ᠭᠤᠣᠯᠳᠠᠯᠭ᠎ᠠ ᠪᠣᠯᠭᠠᠭᠰᠠᠨ ᠥᠭᠡᠷᠡᠴᠢᠯᠡᠯᠲᠡ ᠨᠡᠭᠡᠭᠡᠯᠳᠡ ᠶᠢ ᠲᠦᠷᠭᠡᠪᠴᠢᠯᠡᠨ ᠠᠬᠢᠭᠤᠯᠵᠤ᠂ ᠨᠡᠩ ᠭᠦᠨ ᠳᠠᠪᠬᠤᠷᠭ᠎ᠠ ᠶᠢᠨ ᠥᠭᠡᠷᠡᠴᠢᠯᠡᠯᠲᠡ᠂ ᠨᠡᠩ ᠥᠨᠳᠥᠷ ᠲᠦᠪᠰᠢᠨ ᠤ ᠨᠡᠭᠡᠭᠡᠯᠳᠡ ᠪᠠᠷ ᠨᠡᠩ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠬᠡᠷᠡᠭᠲᠡᠶ᠃        ᠥᠭᠡᠷᠡᠴᠢᠯᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠪᠡ᠃ ︽ᠭᠤᠷᠪᠠ ᠶᠢ ᠲᠥᠪᠯᠡᠷᠡᠭᠦᠯᠬᠦ᠂ ᠭᠤᠷᠪᠠ ᠶᠢ ᠪᠣᠳᠠᠲᠠᠶᠢᠵᠢᠭᠤᠯᠬᠤ︾ ᠥᠭᠡᠷᠡᠴᠢᠯᠡᠯᠲᠡ ᠶᠢᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠵᠦ᠂ ︽ᠰᠦᠯᠵᠢᠶᠡᠨ ᠳᠡᠭᠡᠷ᠎ᠡ ᠭᠦᠢᠴᠡᠳᠭᠡᠬᠦ︾︾ ︽ᠠᠯᠠᠭᠠᠨ ᠳᠡᠭᠡᠷ᠎ᠡ ᠪᠠᠨ ᠭᠦᠢᠴᠡᠳᠭᠡᠬᠦ︾︾ ︽ᠨᠢᠭᠡ ᠯᠡ ᠤᠳᠠᠭ᠎ᠠ ᠳᠤ ᠭᠦᠢᠴᠡᠳᠭᠡᠬᠦ︾ ︽ᠲᠠᠨ ᠢ ᠬᠠᠪᠰᠤᠷᠤᠨ ᠭᠦᠢᠴᠡᠳᠭᠡᠬᠦ︾︾ ᠠᠵᠢᠯ ᠢ ᠲᠡᠭᠦᠯᠳᠡᠷᠵᠢᠭᠦᠯᠦᠨ᠂ ︽ᠨᠢᠭᠡ ᠲᠠᠮᠠᠭ᠎ᠠ ᠪᠠᠷ ᠬᠢᠨᠠᠨ ᠵᠥᠪᠰᠢᠶᠡᠷᠡᠬᠦ ᠶᠢ ᠬᠠᠮᠢᠶᠠᠷᠬᠤ︾ ᠥᠭᠡᠷᠡᠴᠢᠯᠡᠯᠲᠡ ᠶᠢ ᠡᠮᠬᠢ ᠵᠢᠷᠤᠮ ᠲᠠᠢ ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠪᠠ ᠦᠨᠳᠦᠰᠦᠨ ᠱᠠᠲᠤᠨ ᠤ ᠠᠷᠠᠳ ᠲᠤ ᠲᠥᠬᠦᠮ ᠦᠵᠡᠭᠦᠯᠬᠦ ᠦᠢᠯᠡᠴᠢᠯᠡᠭᠡᠨ ᠤ ᠴᠢᠬ ᠤᠨ ᠪᠠᠷᠢᠮᠵᠢᠶᠠᠵᠢᠭᠤᠯᠬᠤ ᠪᠠᠶᠢᠭᠤᠯᠤᠯᠲᠠ ᠶᠢ ᠬᠡᠷᠡᠭᠵᠢᠭᠦᠯᠦᠨ᠎ᠡ᠃ ᠪᠠᠷᠢᠯᠭ᠎ᠠ ᠶᠢᠨ ᠪᠦᠳᠦᠭᠡᠨ ᠪᠠᠶᠢᠭᠤᠯᠤᠯᠲᠠ ᠶᠢᠨ ᠵᠦᠢᠯᠡᠰ ᠢ ᠬᠢᠨᠠᠨ ᠵᠥᠪᠰᠢᠶᠡᠷᠡᠬᠦ ᠲᠦᠷᠢᠮ ᠤᠨ ᠥᠭᠡᠷᠡᠴᠢᠯᠡᠯᠲᠡ ᠶᠢ ᠪᠦᠬᠦ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠭᠦᠷᠭᠡ ᠴᠢᠳᠠᠪᠤᠷᠢ ᠶᠢᠨ ᠪᠠᠶᠢᠷᠢ ᠲᠣᠭᠲᠠᠭᠠᠯᠲᠠ ᠶᠢ ᠰᠢᠯᠢᠳᠡᠭᠵᠢᠭᠦᠯᠦᠨ᠂ ᠡᠳ᠋ ᠬᠦᠷᠦᠩᠭᠡ ᠶᠢ ᠬᠢᠨᠠᠨ ᠬᠠᠮᠢᠶᠠᠷᠬᠤ᠂ ᠠᠵᠢᠯ ᠤᠨ ᠠᠮᠵᠢᠯᠲᠠ ᠶᠢ ᠬᠢᠨᠠᠨ ᠰᠢᠯᠭᠠᠬᠤ ᠵᠡᠷᠭᠡ ᠲᠦᠷᠢᠮ ᠢ ᠲᠡᠭᠦᠯᠳᠡᠷᠵᠢᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠡᠵᠡᠩᠨᠡᠯᠲᠡ ᠶᠢᠨ ᠴᠢᠳᠠᠪᠤᠷᠢ ᠪᠠ ᠲᠥᠷᠥᠯ ᠵᠣᠶᠢᠯ ᠢᠶᠠᠷ ᠳᠠᠶᠢᠴᠢᠯᠠᠬᠤ ᠶᠢ ᠴᠢᠩᠭᠠᠷᠠᠭᠤᠯᠤᠨ᠎ᠠ᠃ ᠳᠡᠭᠡᠳᠦ ᠱᠠᠲᠤᠨ ᠤ ᠲᠥᠷᠥ ᠶᠢᠨ ᠪᠣᠳᠣᠯᠭ᠎ᠠ ᠶᠢᠨ ᠤᠳᠤᠷᠢᠳᠤᠮᠵᠢ᠂ ᠪᠠᠯᠠ ᠣᠷᠣᠭᠤᠯᠤᠯᠲᠠ ᠶᠢᠨ ᠴᠢᠭᠯᠡᠯ ᠢ ᠭᠦᠨᠵᠡᠭᠡᠶ ᠰᠤᠳᠤᠯᠵᠤ᠂ ᠴᠢᠬᠤᠯᠠ ᠶᠡᠭᠡ ᠲᠥᠷᠥᠯ  ᠵᠣᠶᠢᠯ ᠢ ᠬᠥᠳᠡᠯᠦᠩᠭᠦᠶ ᠪᠠᠷ ᠨᠥᠭᠡᠴᠡᠯᠡᠬᠦ ᠪᠠ ᠲᠣᠭᠲᠠᠮᠠᠯ ᠬᠤᠭᠤᠴᠠᠭ᠎ᠠ ᠲᠠᠢ ᠪᠠᠷ ᠳᠣᠭᠢᠷᠠᠭᠤᠯᠬᠤ ᠲᠣᠭᠲᠠᠴᠠ ᠶᠢ ᠪᠦᠷᠢᠨᠰᠢᠬᠦᠯᠦᠨ᠂ ᠵᠢᠯ ᠤᠨ ᠳᠣᠲᠣᠷ᠎ᠠ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠲᠥᠰᠦᠪ ᠤᠨ ᠳᠣᠲᠣᠷᠠᠬᠢ 35 ᠲᠥᠷᠥᠯ ᠵᠦᠶ᠋ᠯ ᠢ ᠭᠤᠶᠤᠴᠢᠯᠠᠨ ᠮᠡᠳᠡᠭᠦᠯᠬᠦ ᠪᠠᠷ ᠴᠢᠷᠮᠠᠶᠢᠨ᠎ᠠ᠃ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠪᠠ ᠱᠠᠩᠨᠠᠨ ᠬᠥᠬᠢᠭᠦᠯᠬᠦ ᠠᠷᠭ᠎ᠠ ᠶᠢ ᠨᠡᠶᠢᠲᠡᠯᠡᠵᠦ᠂ ᠲᠠᠪᠴᠠᠩ ᠢᠶᠠᠷ ᠠᠷᠠᠯᠵᠢᠶᠠᠴᠢᠨ ᠤᠷᠢᠬᠤ᠂ ᠠᠷᠠᠯᠵᠢᠶᠠᠴᠢᠨ ᠢᠶᠠᠷ ᠠᠷᠠᠯᠵᠢᠶᠠᠴᠢᠨ ᠤᠷᠢᠬᠤ᠂ ᠠᠵᠤ ᠦᠢᠯᠡᠰ ᠤᠨ ᠬᠡᠯᠬᠢᠶ᠎ᠡ ᠪᠠᠷ ᠠᠷᠠᠯᠵᠢᠶᠠᠴᠢᠨ ᠤᠷᠢᠬᠤ ᠶᠢ ᠦᠷᠭᠦᠯᠵᠢᠯᠡᠨ ᠥᠷᠨᠢᠭᠦᠯᠵᠦ᠂ ︽ᠪᠥᠬᠦ ᠠᠷᠠᠳ ᠢᠶᠠᠷ ᠢᠶᠠᠨ ᠠᠷᠠᠯᠵᠢᠶᠠᠴᠢᠨ ᠤᠷᠢᠬᠤ᠂ ᠪᠥᠬᠦ ᠲᠠᠯ᠎ᠠ ᠪᠠᠷ ᠠᠷᠠᠯᠵᠢᠶᠠᠴᠢᠨ ᠤᠷᠢᠬᠤ︾ ᠰᠠᠶᠢᠨ ᠰᠠᠶᠢᠬᠠᠨ ᠠᠭᠤᠷ ᠠᠮᠢᠰᠬᠤᠯ ᠢ ᠪᠣᠶ ᠪᠣᠯᠭᠠᠬᠤ ᠶᠢ ᠠᠬᠢᠭᠤᠯᠤᠨ᠎ᠠ᠃ ᠬᠤᠰᠢᠭᠤᠨ ᠱᠠᠲᠤᠨ ᠤ ᠤᠳᠤᠷᠢᠳᠤᠯᠭ᠎ᠠ ᠭᠤᠤᠯᠳᠠᠯᠭ᠎ᠠ ᠲᠠᠢ ᠲᠥᠷᠥᠯ  ᠵᠣᠶᠢᠯ ᠢ ᠳᠠᠭᠠᠭᠠᠴᠢᠯᠠᠨ ᠬᠤᠯᠪᠣᠭᠠᠯᠠᠬᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ︽ᠨᠢᠭᠡ ᠥᠷᠲᠡᠭᠡ ᠮᠠᠶ᠋ᠢᠭ︾ ᠤᠨ  ᠦᠢᠯᠡᠴᠢᠯᠡᠭᠡᠨ ᠤ ᠲᠣᠭᠲᠠᠴᠠ ᠶᠢ ᠪᠦᠷᠢᠨᠰᠢᠬᠦᠯᠦᠨ᠂ ᠭᠠᠶᠢᠯᠢ ᠬᠥᠩᠭᠡᠯᠡᠵᠦ ᠰᠦᠢᠳᠭᠡᠯ ᠪᠠᠭᠤᠷᠠᠭᠤᠯᠬᠤ ᠡᠯ᠎ᠡ ᠵᠣᠶᠢᠯ ᠤᠨ ᠠᠵᠤ ᠠᠬᠤᠶᠢᠯᠠᠯ ᠳᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠬᠠᠮᠤᠭ ᠤᠨ ᠰᠢᠯᠢᠳᠡᠭ  ᠦᠢᠯᠡᠴᠢᠯᠡᠭᠡ ᠪᠠᠷ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠤᠨ᠎ᠠ᠃        ᠨᠡᠭᠡᠭᠡᠯᠳᠡ ᠬᠢᠵᠦ ᠬᠠᠮᠵᠢᠯᠴᠠᠬᠤ ᠶᠢ ᠲᠦᠷᠭᠡᠳᠬᠡᠨ᠎ᠡ᠃ ᠤᠯᠠᠭᠠᠨᠴᠠᠪ ᠠᠴᠠ ᠡᠷᠢᠶᠡᠨ ᠬᠤᠲᠠ ᠬᠥᠷᠬᠦ ᠤᠯᠤᠰ ᠤᠨ ᠪᠠᠷᠠᠭᠠᠨ ᠤ  ᠭᠦᠢᠯᠭᠡᠭᠡᠨ ᠤ ᠭᠦᠢᠰᠣ ᠪᠠ ᠪᠣᠭᠤᠮᠲᠠ ᠶᠢᠨ ᠨᠢᠭᠡ ᠴᠤᠭᠴᠠᠵᠢᠭᠰᠠᠨ ᠬᠥᠭᠵᠢᠯᠲᠡ ᠶᠢᠨ ᠪᠠᠶᠢᠷᠢᠰᠢᠭᠤᠯᠤᠯᠲᠠ ᠳᠤ ᠢᠳᠡᠪᠬᠢᠲᠡᠶ ᠠᠭᠤᠰᠤᠯᠴᠠᠨ᠂ ᠵᠢᠶ ᠡᠯ  ᠵᠢᠶ ᠲᠦᠩ ᠲᠡᠮᠦᠷ ᠵᠠᠮ ᠤᠨ ᠥᠭᠡᠷᠡᠴᠢᠯᠡᠯᠲᠡ ᠶᠢᠨ ᠠᠵᠢᠯ ᠢ ᠬᠠᠮᠵᠢᠯᠴᠠᠨ ᠰᠠᠶᠢᠲᠤᠷ ᠬᠢᠵᠦ᠂ ᠪᠤᠩᠬᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠲᠣᠭᠤᠷᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠠᠵᠤ ᠠᠬᠤᠶ ᠶᠢᠨ ᠨᠡᠪᠲᠡᠷᠡᠬᠦ ᠵᠠᠮ︾ ᠢ ︽ᠨᠡᠪᠲᠡᠷᠡᠬᠦ ᠵᠠᠮ ᠤᠨ ᠠᠵᠤ ᠠᠬᠤᠶ︾ ᠳᠠᠰᠢ ᠬᠤᠪᠢᠷᠠᠭᠤᠯᠬᠤ᠂ ︽ᠥᠩᠭᠡᠷᠡᠬᠦ ᠠᠵᠤ ᠠᠬᠤᠶ︾ ᠶᠢ ︽ᠪᠣᠳᠠᠲᠠᠶᠢᠵᠢᠭᠰᠠᠨ ᠠᠵᠤ ᠠᠬᠤᠶ︾ ᠳᠠᠰᠢ ᠬᠤᠪᠢᠷᠠᠭᠤᠯᠬᠤ ᠶᠢ ᠠᠬᠢᠭᠤᠯᠵᠤ᠂ 2022 ᠣᠨ ᠤ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠠᠷᠠᠯᠵᠢᠶᠠᠨ ᠤ ᠶᠡᠷᠦᠩᠬᠡᠶ ᠬᠡᠮᠵᠢᠶ᠎ᠡ ᠶᠢ 1300 ᠲᠦᠮᠡᠨ ᠳ᠋ᠣᠯᠯᠠᠷ ᠠᠴᠠ ᠳᠠᠪᠠᠭᠤᠯᠬᠤ ᠪᠠᠷ ᠴᠢᠷᠮᠠᠶᠢᠨ᠎ᠠ᠃  ︵ᠵᠢᠷᠭᠤᠭ᠎ᠠ︶ ᠡᠷᠴᠢᠮᠵᠢᠭᠦᠯᠦᠨ ᠬᠥᠭᠵᠢᠭᠦᠯᠬᠦ ᠶᠢ ᠪᠠᠷᠢᠮᠲᠠᠯᠠᠵᠤ᠂ ᠬᠤᠲᠠ ᠪᠠᠯᠭᠠᠰᠤ ᠶᠢᠨ ᠴᠢᠳᠠᠮᠵᠢ ᠶᠠᠰᠤ ᠴᠢᠨᠠᠷ ᠢ ᠳᠡᠭᠡᠭᠰᠢᠯᠡᠭᠦᠯᠦᠨ᠎ᠡ        ᠬᠤᠲᠠ ᠪᠠᠯᠭᠠᠰᠤᠨ ᠤ ᠪᠥᠲᠥᠭᠡᠨ ᠪᠠᠶᠢᠭᠤᠯᠤᠯᠲᠠ ᠪᠣᠯ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠢ ᠳᠡᠭᠡᠭᠰᠢᠯᠡᠭᠦᠯᠬᠦ ᠬᠠᠮᠤᠭ ᠤᠨ ᠬᠦᠴᠦᠲᠡᠶ ᠭᠠᠷᠳᠠᠴᠠ ᠮᠥᠨ᠃ ︽ᠲᠠᠪᠤᠨ ᠬᠤᠲᠠ ᠨᠢᠭᠡ ᠲᠡᠷᠢᠭᠦᠨ ᠤ︾ ᠬᠤᠯᠪᠣᠭᠠᠯᠠᠨ ᠰᠢᠨ᠎ᠡ ᠶᠢ ᠡᠭᠦᠳᠬᠦ ᠶᠢ ᠭᠦᠨᠵᠡᠭᠡᠶ ᠳᠥᠯᠭᠢᠨ ᠠᠬᠢᠭᠤᠯᠵᠤ᠂ ᠬᠥᠮᠦᠨ ᠢᠶᠠᠷ ᠭᠤᠤᠯᠯᠠᠭᠤᠯᠤᠭᠰᠠᠨ ᠰᠢᠨ᠎ᠡ ᠮᠠᠶ᠋ᠢᠭ ᠤᠨ ᠬᠤᠲᠠ ᠪᠠᠯᠭᠠᠰᠤᠵᠢᠯᠲᠠ ᠶᠢ ᠶᠡᠬᠡᠪᠡᠷ ᠳᠥᠯᠭᠢᠨ ᠠᠬᠢᠭᠤᠯᠵᠤ᠂ ᠴᠢᠳᠠᠮᠵᠢ ᠶᠢᠨ ᠲᠥᠬᠦᠷᠵᠢᠭᠦᠯᠦᠯᠲᠡ ᠶᠢ ᠲᠡᠭᠦᠯᠳᠡᠷᠵᠢᠭᠦᠯᠦᠨ᠂ ᠬᠤᠲᠠ ᠪᠠᠯᠭᠠᠰᠤ ᠶᠢᠨ ᠬᠥᠮᠦᠨ ᠠᠮᠠ ᠶᠢᠨ ᠳᠠᠭᠠᠭᠠᠴᠠ ᠶᠢᠨ ᠬᠦᠴᠦᠨ᠂ ᠳᠣᠲᠣᠭᠠᠳᠤ ᠬᠡᠷᠡᠭᠴᠡᠭᠡ ᠶᠢᠨ ᠳᠠᠶᠢᠴᠢᠯᠠᠬᠤ ᠬᠦᠴᠦᠨ ᠪᠠ ᠬᠥᠭᠵᠢᠯᠲᠡ ᠶᠢᠨ ᠥᠷᠢᠰᠦᠯᠳᠦᠬᠦ ᠬᠦᠴᠦᠨ ᠢ ᠴᠢᠩᠭᠠᠷᠠᠭᠤᠯᠬᠤ ᠬᠡᠷᠡᠭᠲᠡᠶ᠃        ᠲᠥᠯᠥᠪᠵᠢᠭᠦᠯᠭᠡ ᠶᠢ ᠵᠣᠬᠢᠰᠲᠠᠶ ᠪᠠᠷ ᠤᠷᠢᠳᠴᠢᠯᠠᠨ ᠠᠳᠬᠤᠬᠤ ᠶᠢ ᠪᠠᠷᠢᠮᠲᠠᠯᠠᠨ᠎ᠠ᠃ ᠤᠯᠤᠰ ᠤᠨ ᠨᠤᠲᠤᠭ ᠳᠡᠪᠢᠰᠬᠡᠷ ᠤᠨ ᠣᠷᠣᠨ ᠵᠠᠶ ᠶᠢᠨ ᠶᠡᠷᠦᠩᠬᠡᠶ ᠲᠥᠯᠥᠪᠵᠢᠭᠦᠯᠭᠡ ᠶᠢ ᠨᠠᠶᠢᠷᠠᠭᠤᠯᠤᠨ ᠲᠡᠭᠦᠯᠳᠡᠷᠵᠢᠭᠦᠯᠵᠦ᠂ ᠬᠢᠵᠠᠭᠠᠷᠯᠠᠬᠤ ᠴᠢᠨᠠᠷᠲᠠᠶ ᠨᠠᠷᠢᠨ ᠲᠥᠯᠥᠪᠵᠢᠭᠦᠯᠭᠡ ᠳᠤ ᠵᠠᠰᠠᠪᠤᠷᠢ ᠣᠷᠣᠭᠤᠯᠤᠨ ᠨᠠᠶᠢᠷᠠᠭᠤᠯᠵᠤ᠂ ᠬᠥᠮᠦᠨ ᠠᠮᠠ ᠶᠢᠨ ᠲᠠᠷᠬᠠᠯᠲᠠ᠂ ᠠᠵᠤ ᠠᠬᠤᠶ ᠶᠢᠨ ᠪᠠᠶᠢᠷᠢᠰᠢᠯ᠂ ᠤᠯᠤᠰ ᠤᠨ ᠨᠤᠲᠤᠭ ᠳᠡᠪᠢᠰᠬᠡᠷ ᠤᠨ ᠠᠰᠢᠭᠯᠠᠯᠲᠠ᠂ ᠠᠮᠢ ᠠᠬᠤᠶ ᠶᠢᠨ ᠬᠠᠮᠠᠭᠠᠯᠠᠯᠲᠠ ᠵᠡᠷᠭᠡ ᠡᠯ᠎ᠡ ᠵᠣᠶᠢᠯ ᠤᠨ ᠬᠦᠴᠦᠨ ᠵᠣᠶᠢᠯ ᠢ ᠨᠢᠭᠡᠳᠦᠯᠲᠡᠶ ᠲᠥᠯᠥᠪᠯᠡᠨ᠂ ᠴᠠᠭᠠᠨ ᠪᠠᠯᠭᠠᠰᠤᠨ ᠤ ᠣᠷᠣᠨ ᠵᠠᠶ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠨᠠᠷ ᠰᠠᠶᠢᠲᠠᠶ ᠬᠥᠭᠵᠢᠯᠲᠡ ᠶᠢ ᠪᠦᠲᠦᠮᠵᠢᠲᠡᠶ ᠲᠤᠯᠭᠠᠭᠤᠷᠢᠯᠠᠬᠤ ᠬᠤᠲᠠ ᠪᠠᠯᠭᠠᠰᠤᠨ ᠤ ᠣᠷᠣᠨ ᠵᠠᠶ ᠶᠢ ᠤᠷᠢᠳᠴᠢᠯᠠᠨ ᠦᠯᠡᠳᠡᠭᠡᠨ᠎ᠡ᠃ ᠴᠥᠭᠡᠨ ᠵᠥᠪᠰᠢᠶᠡᠷᠡᠨ ᠣᠯᠠᠨ ᠪᠠᠶᠢᠭᠤᠯᠬᠤ᠂ ᠬᠡᠯᠪᠡᠷᠢ ᠶᠢ ᠨᠢ ᠥᠭᠡᠷᠡᠲᠦᠭᠦᠯᠦᠨ ᠲᠣᠭᠲᠠᠭᠠᠯ ᠠᠴᠠ ᠵᠥᠷᠢᠴᠡᠨ ᠪᠠᠶᠢᠭᠤᠯᠬᠤ᠂ ᠵᠥᠪᠰᠢᠶᠡᠷᠡᠬᠦ ᠠᠴᠠ ᠡᠮᠦᠨ᠎ᠡ ᠤᠷᠢᠳᠠᠪᠠᠷ ᠪᠠᠶᠢᠭᠤᠯᠬᠤ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠲᠥᠯᠥᠪᠵᠢᠭᠦᠯᠭᠡ ᠶᠢᠨ ᠲᠥᠪ ᠴᠢᠩᠭ᠎ᠠ ᠴᠢᠨᠠᠷ ᠢ ᠬᠠᠮᠠᠭᠠᠯᠠᠨ᠂ ᠬᠡᠷ ᠪᠠᠶᠢᠰᠢᠩ ᠭᠠᠵᠠᠷ ᠬᠥᠷᠥᠩᠭᠡ ᠶᠢᠨ ᠰᠢᠨ᠎ᠡ ᠦᠯᠡᠳᠡᠭᠳᠡᠯ ᠠᠰᠠᠭᠤᠳᠠᠯ ᠪᠣᠶ ᠪᠣᠯᠬᠤ ᠶᠢ ᠴᠢᠩᠭ᠎ᠠ ᠡᠵᠡᠮᠳᠡᠨ᠎ᠡ᠃        ᠤᠷᠠᠨ ᠲᠠᠷᠬᠠᠨ ᠤ ᠵᠣᠷᠢᠭ ᠰᠠᠨᠠᠭ᠎ᠠ ᠶᠢ ᠪᠠᠷᠢᠮᠲᠠᠯᠠᠨ ᠪᠦᠳᠦᠭᠡᠨ ᠪᠠᠶᠢᠭᠤᠯᠤᠯᠲᠠ ᠶᠢ ᠠᠳᠬᠤᠪᠠ᠃ ᠪᠠᠶ ᠵᠧᠨ ᠪᠠᠯᠭᠠᠰᠤᠨ ᠤ ᠲᠦᠭᠡᠭᠡᠯ ᠤᠰᠤᠨ ᠤ ᠬᠤᠭᠤᠯᠠᠶ ᠶᠢᠨ ᠲᠣᠤᠷ ᠢ ᠥᠭᠡᠷᠡᠴᠢᠯᠡᠬᠦ᠂ ᠶᠠᠪᠠᠭᠠᠨ ᠬᠥᠮᠦᠨ ᠤ ᠵᠠᠮ ᠢ ᠥᠭᠡᠷᠡᠴᠢᠯᠡᠬᠦ᠂ ᠬᠤᠲᠠ ᠪᠠᠯᠭᠠᠰᠤ ᠶᠢᠨ ᠪᠣᠬᠢᠷ ᠤᠰᠤ ᠶᠢ  ᠰᠢᠢᠳᠪᠦᠷᠢᠯᠡᠬᠦ ᠦᠢᠯᠡᠳᠪᠦᠷᠢ ᠶᠢᠨ ᠪᠣᠬᠢᠷ ᠰᠢᠪᠠᠷ ᠢ ᠰᠢᠢᠳᠪᠦᠷᠢᠯᠡᠬᠦ ᠵᠡᠷᠭᠡ ᠲᠥᠷᠥᠯ ᠵᠣᠶᠢᠯ ᠢ ᠨᠢᠭᠡᠳᠦᠯᠲᠡᠶ ᠲᠥᠯᠥᠪᠯᠡᠨ ᠬᠡᠷᠡᠭᠵᠢᠭᠦᠯᠦᠨ᠎ᠡ᠃ ᠬᠤᠲᠠ ᠶᠢᠨ ᠲᠣᠭᠤᠷᠢᠭ ᠤᠨ ᠢᠯᠴᠢ ᠴᠠᠬᠢᠯᠭᠠᠨ ᠤ ᠬᠤᠯᠪᠣᠭᠠᠯᠠᠨ ᠦᠢᠯᠡᠳᠪᠦᠷᠢᠯᠡᠬᠦ ᠲᠦᠷᠦᠯ ᠵᠦᠢᠯ ᠢ ᠪᠠᠶᠢᠭᠤᠯᠤᠨ ᠪᠦᠲᠦᠭᠡᠵᠦ ᠡᠵᠡᠩᠨᠡᠬᠦ ᠶᠢ ᠲᠦᠯᠬᠢᠨ ᠠᠬᠢᠭᠤᠯᠤᠨ᠎ᠠ᠃ ᠤᠰᠤ ᠬᠠᠩᠭᠠᠬᠤ ᠤᠰᠤ ᠵᠠᠯᠠᠬᠤ ᠬᠤᠭᠤᠯᠠᠶ ᠶᠢᠨ ᠲᠣᠣᠷ ᠢ 32 ᠺᠢᠯᠣᠮᠧᠲᠷ ᠰᠢᠨᠡᠳᠬᠡᠵᠦ᠂ ᠵᠠᠮ ᠤᠨ ᠭᠠᠳᠠᠷᠭᠤ ᠳᠤ 112 ᠲᠦᠮᠡᠨ ᠲᠡᠭᠰᠢ ᠳᠥᠷᠪᠡᠯᠵᠢᠨ ᠮᠧᠲᠷ ᠤᠨ ᠲᠤᠰᠤ ᠳᠡᠪᠢᠰᠪᠡ᠃ 13 ᠬᠠᠭᠤᠴᠢᠨ ᠵᠢᠵᠢᠭ ᠲᠣᠭᠤᠷᠢᠭ ᠢ ᠥᠭᠡᠷᠡᠴᠢᠯᠡᠨ ᠪᠠᠶᠢᠭᠤᠯᠵᠤ᠂ 317 ᠢᠵᠢ ᠪᠦᠷᠢᠨ ᠪᠤᠰᠤ ᠣᠷᠣᠨ ᠰᠠᠭᠤᠴᠠ ᠶᠢ ᠥᠭᠡᠷᠡᠴᠢᠯᠡᠨ ᠪᠠᠶᠢᠭᠤᠯᠪᠠ᠃ ᠰᠢᠨ᠎ᠡ ᠪᠠᠷ ᠪᠠᠶᠢᠭᠤᠯᠬᠤ ᠬᠤᠭ ᠨᠣᠪᠰᠢ ᠶᠢ ᠲᠥᠷᠥᠯ ᠬᠤᠪᠢᠶᠠᠨ ᠶᠡᠷᠦᠩᠬᠡᠶᠢᠯᠡᠨ ᠰᠢᠢᠳᠪᠦᠷᠢᠯᠡᠬᠦ ᠲᠠᠯᠠᠪᠠᠶ 1᠂ ᠶᠡᠷᠦᠩᠬᠡᠶᠢᠯᠡᠭᠰᠡᠨ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ 1 ᠂ ᠲᠡᠷᠭᠡ ᠵᠣᠭᠰᠣᠬᠤ ᠲᠠᠯᠠᠪᠠᠶ 5 ᠶᠢ ᠲᠥᠯᠥᠪᠵᠢᠭᠦᠯᠦᠨ᠎ᠡ᠃ 5G ᠶᠢᠨ ᠰᠦᠯᠵᠢᠶ᠎ᠡ᠂ ᠮᠢᠩᠭᠠᠨ ᠰᠠᠶ᠎ᠠ ᠬᠡᠷᠡᠯ ᠤᠨ ᠰᠦᠯᠵᠢᠶ᠎ᠡ ᠶᠢᠨ ᠪᠠᠶᠢᠭᠤᠯᠤᠯᠲᠠ ᠶᠢᠨ ᠬᠠᠮᠤᠷᠬᠤ ᠡᠷᠴᠢᠮ ᠢ ᠴᠢᠩᠭᠠᠷᠠᠭᠤᠯᠤᠨ᠎ᠠ᠃ ᠰᠢᠨ᠎ᠡ ᠡᠨᠧᠷᠭᠢ ᠶᠢᠨ ᠴᠠᠬᠢᠯᠭᠠᠨ ᠬᠥᠳᠡᠯᠭᠡᠭᠦᠷᠲᠦ ᠨᠡᠶᠢᠲᠡ ᠶᠢᠨ ᠵᠠᠮ ᠬᠠᠷᠢᠯᠴᠠᠭᠠᠨ ᠤ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ᠬᠤᠲᠠ ᠪᠠᠯᠭᠠᠰᠤ ᠶᠢᠨ ᠨᠡᠶᠢᠲᠡ ᠶᠢᠨ ᠵᠠᠮ ᠬᠠᠷᠢᠯᠴᠠᠭᠠᠨ ᠤ ᠦᠢᠯᠡᠴᠢᠯᠡᠭᠡᠨ ᠤ  ᠬᠤᠸᠠᠷ ᠬᠠᠳᠬᠤᠬᠤ ᠠᠵᠢᠯ ᠢ ᠭᠦᠢᠴᠡᠳ ᠬᠢᠵᠦ ᠬᠠᠮᠢᠶᠠᠷᠤᠯᠲᠠ ᠶᠢ ᠠᠳᠬᠤᠨ᠎ᠠ᠃ ᠥᠪᠡᠷᠲᠡᠭᠡᠨ ᠵᠠᠰᠠᠬᠤ ᠣᠷᠣᠨ ᠤ ᠪᠣᠯᠪᠠᠰᠤᠨ ᠬᠤᠲᠠ ᠪᠠᠯᠭᠠᠰᠤ ᠶᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ ᠨᠡᠭᠦᠷᠡᠰᠦ ᠪᠣᠷᠣᠯᠠᠭᠤᠯᠬᠤ᠂ ᠬᠠᠶᠠᠭᠳᠠᠮᠠᠯ ᠡᠳ᠋ ᠢ ᠬᠤᠳᠠᠯᠳᠤᠨ ᠠᠪᠴᠤ ᠡᠵᠡᠩᠨᠡᠬᠦ ᠥᠷᠲᠡᠭᠡ ᠴᠢᠬ ᠢ ᠲᠤᠰᠬᠠᠶ ᠵᠤᠶᠢᠯ ᠢᠶᠠᠷ ᠴᠡᠭᠴᠡᠯᠡᠨ ᠵᠠᠰᠠᠬᠤ ᠶᠢ ᠭᠦᠨᠵᠡᠭᠡᠶ ᠥᠷᠨᠢᠭᠦᠯᠵᠦ᠂ ᠳᠤᠷ᠎ᠠ‌‍ᠪᠠᠷ ᠢᠶᠠᠨ ᠵᠣᠭᠰᠣᠭᠠᠵᠤ ᠳᠤᠷ᠎ᠠ ᠪᠠᠷ ᠢᠶᠠᠨ ᠲᠠᠯᠪᠢᠬᠤ᠂ ᠳᠤᠷ᠎ᠠ ᠪᠠᠷ ᠢᠶᠠᠨ ᠪᠠᠶᠢᠭᠤᠯᠵᠤ ᠳᠤᠷ᠎ᠠ ᠪᠠᠷ ᠢᠶᠠᠨ ᠪᠠᠶᠢᠭᠤᠯᠬᠤ᠂ ᠵᠠᠮ ᠡᠵᠡᠯᠡᠨ ᠡᠵᠡᠩᠨᠡᠬᠦ᠂ ᠳᠤᠷ᠎ᠠ ᠪᠠᠷ ᠢᠶᠠᠨ ᠠᠯᠠᠵᠤ ᠨᠢᠲᠤᠯᠬᠤ ᠵᠡᠷᠭᠡ ᠬᠤᠲᠠ ᠪᠠᠯᠭᠠᠰᠤ ᠶᠢᠨ ︽ᠠᠷᠬᠠᠭ ᠬᠡᠮ︾ ᠢ ᠬᠦᠴᠦᠲᠡᠶ ᠵᠠᠰᠠᠨ᠎ᠠ᠃ ᠠᠳᠠᠯ ᠠᠬᠤᠶ ᠶᠢᠨ ᠬᠠᠮᠢᠶᠠᠷᠤᠯᠲᠠ ᠶᠢ ᠳᠡᠭᠡᠭᠰᠢᠯᠡᠭᠦᠯᠬᠦ ᠭᠤᠷᠪᠠᠨ ᠵᠢᠯ ᠤᠨ ᠠᠵᠢᠯᠯᠠᠭ᠎ᠠ ᠶᠢ ᠬᠡᠷᠡᠭᠵᠢᠭᠦᠯᠵᠦ᠂ ᠲᠠᠩ ᠪᠡᠶᠡᠲᠦ ᠠᠰᠠᠷ ᠢ ᠣᠶᠢᠷ᠎ᠠ ᠬᠠᠪᠢ ᠳᠤᠨᠢ ᠡᠮᠬᠢᠯᠡᠨ ᠨᠡᠶᠢᠯᠡᠭᠦᠯᠬᠦ ᠶᠢ ᠳᠥᠯᠭᠢᠨ ᠠᠬᠢᠭᠤᠯᠵᠤ᠂ ᠠᠳᠠᠯ ᠠᠬᠤᠶ ᠶᠢᠨ ᠬᠠᠮᠢᠶᠠᠷᠤᠯᠲᠠ ᠶᠢᠨ ᠠᠷᠭ᠎ᠠ ᠶᠢ ᠢᠵᠢ ᠪᠥᠷᠢᠳᠦᠭᠦᠯᠦᠨ ᠨᠡᠶᠢᠲᠡᠯᠡᠵᠦ᠂ ︽ᠨᠡᠶᠢᠭᠡᠮ ᠲᠣᠭᠤᠷᠢᠭ + ᠠᠵᠢᠯ ᠦᠢᠯᠡᠰ ᠤᠨ ᠵᠥᠪᠯᠡᠯ + ᠠᠳᠠᠯ ᠠᠬᠤᠶ ᠶᠢᠨ ᠺᠣᠮᠫᠠᠨᠢ + ᠳᠠᠭᠠᠭᠠᠴᠢᠯᠠᠨ ᠬᠤᠯᠪᠣᠭᠠᠯᠠᠬᠤ ᠨᠢᠭᠡᠴᠡ︾ ᠶᠢᠨ ᠬᠠᠮᠵᠢᠯᠴᠠᠨ ᠬᠠᠮᠢᠶᠠᠷᠬᠤ ᠲᠣᠭᠲᠠᠴᠠ ᠶᠢ ᠬᠡᠷᠡᠭᠵᠢᠭᠦᠯᠦᠨ᠂ ᠵᠢᠵᠢᠭ ᠲᠣᠭᠤᠷᠢᠭ ᠤᠨ ᠠᠳᠠᠯ ᠠᠬᠤᠶ ᠶᠢᠨ ᠪᠦᠷᠬᠦᠴᠡ ᠶᠢᠨ ᠨᠣᠷᠮ᠎ᠠ ᠪᠠ ᠦᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠦᠨ᠎ᠡ᠃        ︵ᠲᠤᠯᠤᠭ᠎ᠠ︶ ᠠᠷᠠᠳ ᠲᠦᠮᠡᠨ ᠢ ᠳᠡᠭᠡᠳᠦᠯᠡᠬᠦ ᠶᠢ ᠪᠠᠷᠢᠮᠲᠠᠯᠠᠵᠤ᠂ ᠠᠷᠠᠳ ᠤᠨ ᠠᠮᠢᠳᠤᠷᠠᠯ ᠤᠨ ᠠᠵᠠ ᠵᠢᠷᠭᠠᠯ ᠢ ᠴᠢᠷᠮᠠᠶᠢᠨ ᠨᠡᠮᠡᠭᠳᠡᠭᠦᠯᠦᠨ᠎ᠡ        ᠠᠷᠠᠳ ᠤᠨ ᠠᠮᠢᠳᠤᠷᠠᠯ ᠢ ᠤᠷᠲᠤ ᠬᠤᠭᠤᠴᠠᠭ᠎ᠠ ᠪᠠᠷ ᠪᠠᠷᠢᠮᠲᠠᠯᠠᠨ ᠰᠠᠶᠢᠵᠢᠷᠠᠭᠤᠯᠬᠤ ᠪᠣᠯ ᠵᠠᠰᠠᠭ‌‍ᠤᠨ ᠣᠷᠳᠣᠨ ᠤ ᠬᠠᠮᠤᠭ ᠤᠨ ᠶᠡᠭᠡ ᠬᠠᠷᠢᠭᠤᠴᠠᠯᠭ᠎ᠠ ᠮᠥᠨ᠃ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠨᠡᠩ ᠳᠤᠯᠠᠭᠠᠬᠠᠨ ᠪᠥᠭᠡᠳ ᠵᠤᠵᠠᠭᠠᠨ ᠤ ᠬᠡᠮᠵᠢᠶ᠎ᠡ ᠲᠠᠢ ᠠᠷᠠᠳ ᠤᠨ ᠠᠮᠢᠳᠤᠷᠠᠯ ᠤᠨ ᠢᠨᠵᠧᠨᠧᠷᠢᠩ ᠢ ᠬᠡᠷᠡᠭᠵᠢᠭᠦᠯᠵᠦ᠂ ᠠᠷᠠᠳ ᠲᠤ ᠠᠰᠢᠭ ᠬᠦᠷᠲᠡᠭᠡᠬᠦ ᠪᠣᠳᠠᠲᠤ ᠶᠠᠪᠤᠳᠠᠯ ᠢ ᠬᠢᠵᠦ᠂ ᠠᠷᠠᠳ ᠤᠯᠠᠨ ᠤ ᠬᠦᠷᠲᠡᠮᠵᠢ ᠶᠢᠨ ᠲᠦᠷᠦᠭᠳᠡᠯ ᠢ ᠨᠡᠩ ᠲᠡᠭᠦᠯᠳᠡᠷ ᠪᠣᠯᠭᠠᠵᠤ᠂ ᠵᠣᠯ ᠵᠢᠷᠭᠠᠯᠲᠤ ᠲᠦᠷᠦᠭᠳᠡᠯ ᠢ ᠨᠡᠩ ᠦᠷᠭᠦᠯᠵᠢᠯᠡᠭᠦᠯᠵᠦ ᠂ ᠠᠮᠤᠷ ᠲᠦᠪᠰᠢᠨ ᠤ ᠲᠦᠷᠦᠭᠳᠡᠯ ᠢ ᠨᠡᠩ ᠪᠠᠲᠤᠯᠠᠭ᠎ᠠ ᠲᠠᠢ ᠪᠣᠯᠭᠠᠬᠤ ᠬᠡᠷᠡᠭᠲᠡᠢ᠃        ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠪᠦᠬᠦ ᠬᠦᠴᠦᠨ ᠢᠶᠠᠷ ᠢᠶᠠᠨ ᠰᠠᠶᠢᠲᠤᠷ ᠲᠥᠯᠥᠭᠡᠯᠡᠭᠴᠢᠳ ᠡ᠂ ᠠᠷᠠᠳ ᠤᠨ ᠠᠮᠢᠳᠤᠷᠠᠯ ᠨᠢ ᠠᠷᠠᠳ ᠤᠨ ᠰᠠᠨᠠᠭ᠎ᠠ ᠲᠠᠢ ᠬᠤᠯᠪᠣᠭᠳᠠᠵᠤ᠂ ᠠᠷᠠᠳ ᠤᠨ ᠰᠠᠨᠠᠭ᠎ᠠ ᠨᠢ ᠠᠷᠠᠳ ᠤᠨ ᠬᠦᠴᠦᠨ ᠢ ᠨᠢᠭᠲᠠᠷᠠᠭᠤᠯᠵᠤ ᠪᠠᠶᠢᠳᠠᠭ᠃ ᠡᠨᠡ ᠵᠢᠯ᠂ ᠬᠤᠰᠢᠭᠤᠨ ᠤ ᠵᠠᠰᠠᠭ ᠤᠨ ᠣᠷᠳᠣᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠥᠷᠥ ᠶᠢᠨ ᠵᠥᠪᠯᠡᠯᠭᠡᠨ ᠤ ᠭᠡᠰᠢᠭᠦᠨ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠥᠷᠭᠡᠨ ᠢᠶᠠᠷ ᠬᠤᠷᠢᠶᠠᠭᠰᠠᠨ ᠰᠠᠭᠤᠷᠢᠨ ᠳᠡᠭᠡᠷ᠎ᠡ᠂ 12 ᠵᠣᠶᠢᠯ ᠤᠨ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠤᠨ ᠲᠥᠷᠥᠯ ᠵᠤᠶᠢᠯ‌ᠢ ᠲᠣᠭᠲᠠᠭᠠᠵᠤ᠂ ᠶᠡᠭᠡ ᠬᠤᠷᠠᠯ ᠳᠤ ᠳᠡᠪᠰᠢᠭᠦᠯᠵᠦ ᠪᠢᠯᠧᠲ ᠥᠭᠭᠦᠭᠦᠯᠵᠦ ᠰᠣᠩᠭᠤᠨ ᠲᠣᠭᠲᠠᠭᠠᠭᠰᠠᠨ ᠤ ᠳᠠᠷᠠᠭ᠎ᠠ ᠬᠡᠷᠡᠭᠵᠢᠭᠦᠯᠦᠨ᠎ᠡ᠃ ᠪᠢᠳᠡ ᠪᠦᠬᠦ ᠬᠦᠴᠦᠨ ᠢᠶᠠᠷ ᠢᠶᠠᠨ ᠡᠳᠡᠭᠡᠷ ᠠᠷᠠᠳ ᠤᠨ ᠠᠮᠢᠳᠤᠷᠠᠯ ᠤᠨ ᠪᠣᠳᠠᠲᠤ ᠶᠠᠪᠤᠳᠠᠯ ᠢ ᠰᠠᠶᠢᠲᠤᠷ ᠪᠣᠳᠠᠲᠠᠢ ᠬᠢᠵᠦ᠂ ᠤᠯᠠᠨ ᠲᠦᠮᠡᠨ ᠳᠤ ᠬᠤᠪᠢᠷᠠᠯᠲᠠ ᠶᠢ ᠬᠠᠷᠠᠭᠤᠯᠵᠤ᠂ ᠪᠣᠳᠠᠲᠠᠢ ᠠᠰᠢᠭ ᠬᠦᠷᠲᠡᠭᠡᠨ᠎ᠡ᠃        ᠠᠷᠠᠳ ᠤᠨ ᠠᠮᠢᠳᠤᠷᠠᠯ ᠤᠨ ᠦᠨᠳᠦᠰᠦᠨ ᠬᠤᠷᠢᠭ᠎ᠠ ᠱᠤᠭᠤᠮ ᠢ ᠪᠠᠲᠤ ᠰᠠᠬᠢᠨ᠎ᠠ᠃ ᠰᠢᠨ᠎ᠡ ᠶᠢ ᠡᠭᠦᠳᠬᠦ ᠠᠳᠠᠯ ᠦᠢᠯᠡᠰ ᠴᠣᠭᠴᠠᠯᠠᠬᠤ ᠶᠢ ᠲᠡᠳᠬᠦᠨ ᠳᠡᠮᠵᠢᠬᠦ ᠲᠥᠷᠥ ᠶᠢᠨ ᠪᠣᠳᠣᠯᠭ᠎ᠠ ᠶᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢᠨ ᠪᠠᠷᠢᠮᠵᠢᠶ᠎ᠠ‌‍ᠶᠢ ᠳᠡᠭᠡᠭᠰᠢᠯᠡᠭᠦᠯᠦᠨ ᠬᠡᠪᠴᠢᠶ᠎ᠡ ᠶᠢ ᠥᠷᠭᠡᠳᠬᠡᠬᠦ ᠶᠢ ᠦᠷᠭᠦᠯᠵᠢᠯᠡᠨ ᠠᠬᠢᠭᠤᠯᠵᠤ᠂ ︽ᠨᠢᠭᠡ ᠴᠦ ᠠᠵᠢᠯ ᠣᠯᠤᠭᠰᠠᠨ ᠥᠬᠡᠶ︾ ᠬᠡᠷ ᠪᠦᠯᠢ ᠶᠢ ᠬᠥᠳᠡᠯᠦᠩᠭᠦᠶ ᠪᠠᠷ ᠪᠦᠬᠦ ᠠᠷᠠᠳ ᠢᠶᠠᠷ ᠢᠶᠠᠨ ᠳᠠᠭᠠᠳᠬᠠᠯ ᠳᠤ ᠣᠷᠣᠯᠴᠠᠬᠤ ᠲᠥᠯᠥᠪᠯᠡᠭᠡ ᠶᠢ ᠭᠦᠨᠵᠡᠭᠡᠶ ᠬᠡᠷᠡᠭᠵᠢᠭᠦᠯᠵᠦ᠂ ᠤᠯᠠᠨ ᠳᠡᠰ ᠳᠠᠪᠬᠤᠷᠭ᠎ᠠ᠂ ᠤᠯᠠᠨ ᠲᠤᠯᠭᠠᠭᠤᠷᠢᠲᠤ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠰᠢᠰᠲ᠋ᠧᠮ ᠢ ᠬᠥᠭᠵᠢᠭᠦᠯᠦᠨ᠎ᠡ᠃ ᠶᠠᠳᠠᠭᠤ ᠠᠴᠠ ᠠᠩᠭᠢᠵᠢᠷᠠᠭᠤᠯᠤᠭᠰᠠᠨ ᠲᠣᠭᠲᠠᠭᠤᠨ ᠪᠤᠰᠤ ᠡᠷᠦᠬᠡ ᠂ ᠵᠠᠬ᠎ᠠ ᠬᠢᠵᠠᠭᠠᠷ ᠤᠨ ᠠᠮᠠᠷᠬᠠᠨ ᠡᠭᠦᠰᠬᠦ ᠶᠠᠳᠠᠭᠤ ᠬᠦᠴᠢᠷᠳᠡᠯᠲᠡᠶ ᠡᠷᠦᠬᠡ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠡᠲᠡᠭᠡᠳ ᠵᠡᠷᠭᠡ 9 ᠲᠦᠷᠦᠯ ᠤᠨ ᠬᠥᠮᠦᠰ ᠢ ᠬᠠᠪᠰᠤᠷᠤᠨ ᠲᠡᠳᠬᠦᠵᠦ ᠠᠪᠤᠷᠠᠨ ᠲᠤᠰᠠᠯᠠᠬᠤ ᠡᠷᠴᠢᠮ ᠢ ᠴᠢᠩᠭᠠᠷᠠᠭᠤᠯᠤᠨ᠎ᠠ᠃ ᠡᠮ ᠡᠮᠨᠡᠯᠭᠡ ᠶᠢᠨ ᠪᠠᠲᠤᠯᠠᠭ᠎ᠠ ᠶᠢᠨ ᠲᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠡᠮ ᠡᠮᠨᠡᠯᠭᠡ ᠶᠢᠨ ᠳᠠᠭᠠᠳᠬᠠᠯ ᠤᠨ ᠰᠠᠭᠤᠷᠢ ᠬᠥᠮᠦᠨ ᠠᠮᠠ ᠶᠢᠨ ᠨᠠᠰᠤᠵᠢᠯᠲᠠ ᠶᠢ ᠢᠳᠡᠪᠬᠢᠲᠡᠶ ᠪᠠᠷ ᠠᠷᠭᠠᠴᠠᠵᠤ᠂ ᠭᠤᠷᠪᠠᠨ ᠬᠡᠦᠬᠡᠳ ᠠᠪᠬᠤ ᠲᠦᠷᠤ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠨ᠂ ᠭᠡᠷ ᠲᠡᠭᠡᠨ ᠰᠠᠭᠤᠵᠤ ᠪᠠᠶᠢᠭ᠎ᠠ ᠨᠡᠶᠢᠭᠡᠮ ᠲᠣᠭᠤᠷᠢᠭ ᠤᠨ ᠬᠠᠷᠢᠯᠴᠠᠨ ᠵᠣᠬᠢᠴᠠᠯᠳᠤᠭᠰᠠᠨ᠂ ᠡᠮᠨᠡᠬᠦ ᠰᠤᠪᠢᠯᠠᠬᠤ ᠡᠷᠡᠭᠦᠯᠵᠢᠭᠦᠯᠬᠦ ᠰᠤᠪᠢᠯᠠᠬᠤ ᠶᠢ ᠤᠶᠠᠯᠳᠤᠭᠤᠯᠤᠭᠰᠠᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠪᠴᠢᠯᠡᠨ ᠪᠠᠶᠢᠭᠤᠯᠤᠨ᠎ᠠ᠃ ᠠᠮᠤ ᠪᠤᠳᠠᠭ᠎ᠠ ᠳᠤᠰᠤ᠂ ᠮᠢᠬᠠᠨ ᠤ ᠵᠦᠢᠯ᠂ ᠢᠳᠡᠰᠢᠨ ᠨᠣᠭᠤᠭ᠎ᠠ ᠵᠡᠷᠭᠡ ᠲᠠᠷᠢᠶᠠᠯᠠᠩ ᠲᠤᠰᠠᠯᠠᠬᠤ ᠠᠵᠤ ᠠᠬᠤᠶ ᠶᠢᠨ ᠴᠢᠬᠤᠯᠠ ᠪᠦᠲᠦᠭᠡᠭᠳᠡᠬᠦᠨ ᠤ ᠬᠠᠩᠭᠠᠯᠭ᠎ᠠ ᠶᠢ ᠪᠠᠲᠤᠯᠠᠵᠤ ᠦᠨ᠎ᠡ ᠬᠠᠩᠰᠢ ᠶᠢ ᠲᠣᠭᠲᠠᠪᠤᠷᠢᠵᠢᠭᠤᠯᠬᠤ ᠠᠵᠢᠯ ᠢ ᠰᠠᠶᠢᠲᠤᠷ ᠬᠢᠨ᠎ᠡ᠃        ᠤᠯᠠᠨ ᠨᠡᠶᠢᠲᠡ ᠶᠢᠨ ᠦᠢᠯᠡᠴᠢᠯᠡᠭᠡᠨ ᠤ ᠬᠠᠩᠭᠠᠯᠭ᠎ᠠ ᠶᠢ ᠰᠤᠷᠭᠠᠨ ᠬᠥᠮᠦᠵᠢᠯ ᠢ ᠡᠩ ᠲᠡᠷᠢᠭᠦᠨ ᠳᠤ ᠬᠥᠭᠵᠢᠭᠦᠯᠬᠦ ᠶᠢ ᠪᠠᠷᠢᠮᠲᠠᠯᠠᠵᠤ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠪᠠ ᠤᠯᠤᠰ ᠤᠨ ᠨᠡᠶᠢᠳᠡᠮ ᠬᠡᠷᠡᠭᠯᠡᠬᠦ ᠦᠭᠡ ᠬᠡᠯᠡ ᠦᠰᠦᠭ ᠪᠢᠴᠢᠭ ᠢ ᠬᠡᠷᠡᠭᠯᠡᠬᠦ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠠᠵᠢᠯ ᠤᠨ ᠦᠷ᠎ᠡ ᠪᠦᠲᠦᠭᠡᠯ ᠢ ᠦᠷᠭᠦᠯᠵᠢᠯᠡᠨ ᠪᠠᠬᠢᠵᠢᠭᠦᠯᠦᠨ ᠬᠡᠷᠡᠭᠵᠢᠭᠦᠯᠵᠦ᠂ ᠳᠤᠮᠳᠠᠳᠤ ᠪᠠᠭ᠎ᠠ ᠰᠤᠷᠭᠠᠭᠤᠯᠢ ᠶᠢᠨ ᠦᠵᠡᠯ ᠰᠠᠨᠠᠭ᠎ᠠ ᠤᠯᠤᠰ ᠲᠦᠷᠦ ᠶᠢᠨ ᠬᠢᠴᠢᠶᠡᠯ ᠢ ᠨᠢᠭᠡ ᠴᠤᠭᠴᠠᠵᠢᠭᠤᠯᠬᠤ ᠪᠠᠶᠢᠭᠤᠯᠤᠯᠲᠠ ᠶᠢ ᠲᠦᠯᠬᠢᠨ ᠠᠬᠢᠭᠤᠯᠵᠤ᠂ ︽ᠬᠤᠶᠠᠷ ᠢ ᠪᠠᠭᠠᠰᠬᠠᠬᠤ︾ ᠲᠦᠷᠦ ᠶᠢᠨ ᠪᠤᠳᠤᠯᠭ᠎ᠠ ᠶᠢ ᠰᠠᠶᠢᠲᠤᠷ ᠨᠠᠶᠢᠳᠠᠪᠤᠷᠢᠵᠢᠭᠤᠯᠤᠨ᠂ ︽ᠲᠠᠪᠤᠨ ᠬᠥᠮᠦᠵᠢᠯ ᠢ ᠵᠡᠷᠭᠡ ᠪᠠᠷ ᠠᠳᠬᠤᠬᠤ︾ ᠬᠥᠮᠦᠨ ᠬᠥᠮᠦᠵᠢᠭᠦᠯᠬᠦ ᠰᠢᠰᠲ᠋ᠧᠮ ᠢ ᠪᠦᠷᠢᠨᠰᠢᠬᠦᠯᠵᠤ᠂ ᠰᠤᠷᠤᠭᠴᠢᠳ ᠤᠨ ᠶᠣᠰᠣ ᠮᠣᠷᠠᠯ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢᠨ ᠪᠦᠬᠦ ᠲᠠᠯ᠎ᠠ ᠶᠢᠨ ᠬᠥᠭᠵᠢᠯᠲᠡ ᠶᠢ ᠠᠬᠢᠭᠤᠯᠤᠨ᠎ᠠ᠃ ᠰᠤᠷᠭᠠᠭᠤᠯᠢ ᠶᠢᠨ ᠪᠠᠶᠢᠷᠢᠰᠢᠯ ᠢ ᠳᠣᠭᠢᠷᠠᠭᠤᠯᠤᠨ ᠰᠢᠯᠢᠳᠡᠭᠵᠢᠭᠦᠯᠵᠦ᠂ ᠠᠯᠪᠠᠨ ᠠᠴᠠ ᠪᠠᠶᠢᠭᠤᠯᠤᠭᠰᠠᠨ ᠬᠤᠶᠠᠷ ᠬᠡᠤᠬᠡᠳ ᠤᠨ ᠴᠡᠴᠡᠷᠯᠢᠭ ᠤᠨ ᠪᠥᠲᠥᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠵᠤ᠂ ︽ᠠᠨᠠᠷ ᠤᠨ ᠦᠷ᠎ᠡ︾ ᠶᠢᠨ ᠦᠨᠳᠦᠰᠦᠲᠡᠨ ᠤ ᠪᠦᠯᠬᠦᠮᠳᠡᠯ ᠤᠨ ᠵᠢᠱᠢᠶ᠎ᠡ ᠦᠵᠡᠭᠦᠯᠬᠦ ᠰᠤᠷᠭᠠᠭᠤᠯᠢ ᠶᠢ ᠰᠢᠨ᠎ᠡ ᠪᠠᠷ ᠪᠠᠶᠢᠭᠤᠯᠤᠨ᠎ᠠ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠰᠤᠷᠭᠠᠨ ᠬᠥᠮᠦᠵᠢᠯ ᠤᠨ ᠥᠭᠡᠷᠡᠴᠢᠯᠡᠯᠲᠡ ᠬᠥᠭᠵᠢᠯᠲᠡ ᠶᠢᠨ ᠡᠯ᠎ᠡ ᠵᠣᠶᠢᠯ ᠤᠨ ᠭᠤᠤᠯᠳᠠᠯᠭ᠎ᠠ ᠲᠠᠢ ᠡᠭᠦᠷᠭᠡ ᠶᠢ ᠨᠢᠭᠡᠳᠦᠯᠲᠡᠶ ᠲᠥᠯᠥᠪᠯᠡᠨ ᠨᠠᠶᠢᠳᠠᠪᠤᠷᠢᠵᠢᠭᠤᠯᠵᠤ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠪᠥᠭᠡᠳ ᠲᠡᠩᠴᠡᠭᠦᠷᠢᠲᠡᠶ ᠬᠥᠭᠵᠢᠯᠲᠡ ᠶᠢᠨ ᠬᠤᠰᠢᠭᠤ ᠰᠢᠶᠠᠨ ᠳᠤ ᠦᠨᠡᠯᠡᠨ ᠵᠢᠱᠢᠵᠦ ᠰᠢᠯᠭᠠᠨ ᠠᠪᠬᠤ ᠶᠢ ᠵᠢᠨᠢᠩ ᠪᠠᠭᠰᠢ ᠶᠢᠨ ᠳᠡᠭᠡᠳᠦ ᠰᠤᠷᠭᠠᠭᠤᠯᠢ ᠶᠢᠨ ᠰᠢᠨᠵᠢᠯᠡᠭᠡᠨ ᠤ ᠰᠠᠯᠠᠭ᠎ᠠ ᠶᠢᠨ ᠪᠠᠶᠢᠭᠤᠯᠤᠯᠲᠠ ᠶᠢᠨ ᠦᠷ᠎ᠡ ᠪᠦᠲᠦᠭᠡᠯ ᠪᠠ ᠲᠠᠪᠴᠠᠩ ᠤᠨ ᠳᠠᠪᠠᠭᠤᠯᠢᠭ ᠲᠤ ᠲᠦᠰᠢᠭᠯᠡᠨ᠂ ᠰᠤᠷᠭᠠᠨ ᠬᠥᠮᠦᠵᠢᠯ ᠵᠢᠭᠠᠨ ᠰᠤᠷᠭᠠᠯᠲᠠ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠤ ᠰᠤᠳᠤᠯᠭᠠᠨ᠂ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠵᠡᠷᠭᠡ ᠲᠠᠯ᠎ᠠ ᠶᠢᠨ ᠬᠠᠮᠲᠤᠷᠠᠯᠴᠠᠭ᠎ᠠ ᠶᠢ ᠴᠢᠩᠭᠠᠳᠬᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠪᠡᠭᠡᠵᠢᠩ ᠵᠡᠷᠭᠡ ᠭᠠᠵᠠᠷ ᠤᠨ ᠴᠢᠨᠠᠷ ᠰᠠᠶᠢᠲᠠᠶ ᠡᠮ ᠡᠮᠨᠡᠯᠭᠡ ᠶᠢᠨ ᠡᠬᠢ ᠪᠠᠶᠠᠯᠢᠭ ᠲᠠᠢ ᠤᠯᠠᠮ ᠨᠢᠭᠡ ᠠᠯᠬᠤᠮ ᠵᠣᠯᠭᠠᠭᠤᠯᠵᠤ᠂ ᠲᠤᠰᠬᠠᠶ ᠮᠡᠷᠭᠡᠵᠢᠯᠲᠡᠨ ᠤ ᠰᠠᠭᠤᠵᠤ ᠡᠮᠴᠢᠯᠡᠬᠦ᠂ ᠪᠣᠯᠵᠣᠵᠤ ᠡᠮᠴᠢᠯᠡᠭᠦᠯᠬᠦ᠂ ᠠᠯᠤᠰ ᠠᠴᠠ ᠡᠮᠴᠢᠯᠡᠬᠦ ᠠᠵᠢᠯ ᠢ ᠭᠦᠨᠵᠡᠭᠡᠶ ᠥᠷᠨᠢᠭᠦᠯᠵᠦ᠂ ᠤᠯᠠᠨ ᠲᠦᠮᠡᠨ ᠳᠤ ᠴᠢᠨᠠᠷ ᠰᠠᠶᠢᠲᠠᠶ ᠡᠮ ᠡᠮᠨᠡᠯᠭᠡ ᠶᠢᠨ ᠦᠢᠯᠡᠴᠢᠯᠡᠭᠡ ᠡᠳ᠋ᠯᠡᠭᠦᠯᠦᠨ᠎ᠡ᠃ ᠵᠢᠯ ᠤᠨ ᠳᠣᠲᠣᠷ᠎ᠠ ᠬᠠᠯᠳᠠᠪᠤᠷᠢᠲᠤ ᠡᠪᠡᠳᠴᠢᠨ ᠤ ᠠᠰᠠᠷ ᠪᠠ ᠬᠤᠰᠢᠭᠤᠨ ᠤ ᠡᠮᠨᠡᠯᠭᠡ ᠶᠢᠨ ᠬᠤᠷᠢᠶᠠᠨ ᠤ ᠡᠭᠦᠳᠡᠨ ᠡᠮᠨᠡᠯᠭᠡ ᠶᠢᠨ ᠠᠰᠠᠷ ᠤᠨ ᠪᠥᠲᠥᠭᠡᠨ ᠪᠠᠶᠢᠭᠤᠯᠤᠯᠲᠠ ᠶᠢᠨ ᠲᠥᠷᠥᠯ ᠵᠣᠶᠢᠯ‌ᠢ ᠪᠡᠶᠡᠯᠡᠭᠦᠯᠵᠦ᠂ ᠮᠣᠩᠭᠤᠯ ᠬᠢᠲᠠᠳ ᠡᠮᠨᠡᠯᠭᠡ ᠶᠢᠨ ᠬᠤᠷᠢᠶᠠᠨ ᠤ ᠪᠥᠲᠥᠭᠡᠨ ᠪᠠᠶᠢᠭᠤᠯᠤᠯᠲᠠ ᠶᠢ ᠠᠬᠢᠭᠤᠯᠤᠨ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠪᠠᠶᠢᠩᠭᠤᠵᠢᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭ᠎ᠠ ᠪᠥᠭᠡᠳ ᠴᠢᠩᠭ᠎ᠠ ᠰᠠᠶᠢᠲᠤᠷ ᠬᠢᠵᠦ᠂ ᠬᠤᠯᠤᠭᠠᠨ᠎ᠠ ᠶᠢᠨ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠴᠢᠩᠭᠠᠳᠬᠠᠨ᠂ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠲᠡᠦᠬᠡ ᠶᠢᠨ ᠳᠤᠷᠠᠰᠬᠠᠯᠲᠤ ᠵᠦᠢᠯ ᠪᠠ ᠪᠣᠳᠠᠰ ᠤᠨ ᠪᠤᠰᠤ ᠰᠣᠶᠣᠯ ᠤᠨ ᠥᠪ ᠢ ᠬᠠᠮᠠᠭᠠᠯᠠᠬᠤ ᠡᠷᠴᠢᠮ ᠢ ᠴᠢᠩᠭᠠᠳᠬᠠᠨ᠎ᠠ᠃ ᠤᠯᠠᠨ ᠨᠡᠶᠢᠳᠡ   ᠶᠢᠨ ᠰᠣᠶᠣᠯ ‍ᠤᠨ‌ᠦᠢᠯᠡᠴᠢᠯᠡᠭᠡᠨ ᠤ ᠪᠡᠯᠡᠳᠬᠡᠮᠵᠢ ᠶᠢ ᠲᠡᠭᠦᠯᠳᠡᠷᠵᠢᠭᠦᠯᠦᠨ᠂ ᠶᠡᠷᠦᠩᠬᠡᠶᠢᠯᠡᠭᠰᠡᠨ ᠰᠣᠶᠣᠯ ‍ᠤᠨ‌‍ᠪᠡᠶ᠎ᠡ ᠶᠢᠨ ᠲᠠᠮᠢᠷ ᠤᠨ ᠣᠷᠳᠣᠨ ‍ᠣ‌‍ᠲ᠋ᠦ᠋ᠷᠦᠯ ᠵᠦᠢᠯ ᠢ ᠴᠢᠷᠮᠠᠶᠢᠨ ᠬᠡᠷᠡᠭᠵᠢᠭᠦᠯᠦᠨ᠎ᠡ᠃ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠪᠠ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠢ ᠶᠡᠬᠡᠪᠡᠷ ᠥᠷᠨᠢᠭᠦᠯᠵᠦ᠂ ᠤᠯᠠᠭᠠᠨᠮᠥ᠋ᠴᠢᠷ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠎ᠠ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠲᠣᠭᠲᠠᠭᠠᠯ ᠠᠴᠠ ᠵᠥᠷᠢᠴᠡᠨ ᠪᠤᠩᠬᠤᠨ ᠤ ᠭᠠᠵᠠᠷ ᠪᠠᠶᠢᠭᠤᠯᠬᠤ ᠶᠢ ᠲᠤᠰᠬᠠᠶ ᠴᠡᠭᠴᠡᠯᠡᠨ ᠵᠠᠰᠠᠬᠤ ᠶᠢ ᠦᠷᠭᠦᠯᠵᠢᠯᠡᠨ ᠠᠬᠢᠭᠤᠯᠵᠤ᠂ ᠬᠤᠰᠢᠭᠤᠨ ᠤ ᠣᠷᠣᠰᠢᠭᠤᠯᠭ᠎ᠠ ᠶᠢᠨ ᠭᠠᠵᠠᠷ ᠵᠢᠴᠢ ᠢᠵᠢ ᠪᠥᠷᠢᠳᠦᠭᠰᠡᠨ ᠲᠥᠷᠥᠯ ᠵᠣᠶᠢᠯ‌ᠢ ᠪᠠᠶᠢᠭᠤᠯᠵᠤ ᠳᠠᠭᠤᠰᠬᠠᠨ ᠬᠡᠷᠡᠭᠯᠡᠬᠦ ᠶᠢ ᠠᠬᠢᠭᠤᠯᠤᠨ᠎ᠠ᠃        ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠨᠡᠶᠢᠭᠡᠮ ᠤᠨ ᠵᠠᠰᠠᠯᠲᠠ ᠶᠢᠨ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠪᠠᠬᠢ ᠪᠤᠢ ᠪᠣᠯᠭᠠᠬᠤ ᠪᠠᠷ ᠭᠤᠣᠯ ᠰᠢᠵᠢᠮ ᠪᠣᠯᠭᠠᠵᠤ᠂ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ︽ᠨᠠᠢᠮᠠ ᠳᠤ ᠲᠠᠪᠰᠢᠬᠤ︾ ᠠᠵᠢᠯᠯᠠᠭ᠎ᠠ ᠶᠢ ᠭᠦᠨᠵᠡᠭᠡᠢ ᠥᠷᠨᠢᠭᠦᠯᠵᠦ᠂ ᠪᠦᠬᠦ ᠤᠯᠤᠰ ᠤᠨ ᠦᠨᠳᠦᠰᠦᠲᠡᠨ ᠤ ᠪᠦᠯᠬᠦᠮᠳᠡᠯ ᠲᠠᠪᠰᠢᠯᠳᠠ ᠶᠢᠨ  ᠵᠢᠱᠢᠶ᠎ᠡ‌ᠦᠵᠡᠭᠦᠯᠬᠦ ᠲᠤᠭ ᠢ ᠴᠢᠷᠮᠠᠶᠢᠨ ᠡᠭᠦᠳᠦᠨ᠎ᠡ᠃ ᠦᠨᠳᠦᠰᠦᠨ ᠱᠠᠲᠤᠨ ᠤ ᠠᠮᠤᠷ ᠲᠦᠪᠰᠢᠨ ᠢ ᠡᠭᠦᠳᠦᠨ ᠪᠠᠶᠢᠭᠤᠯᠬᠤ ᠠᠵᠢᠯᠯᠠᠭ᠎ᠠ ᠶᠢ ᠰᠠᠶᠢᠲᠤᠷ ᠠᠳᠬᠤᠵᠤ᠂ ᠤᠯᠠᠨ ᠲᠦᠮᠡᠨ ᠤ ᠠᠮᠢ ᠨᠠᠰᠤ ᠡᠳ᠋ ᠬᠦᠷᠦᠩᠭᠡ ᠶᠢᠨ ᠠᠮᠤᠷ ᠲᠦᠪᠰᠢᠨ ᠢ ᠰᠢᠨ᠎ᠡ ᠴᠠᠭ ᠦᠶ᠎ᠡ ᠶᠢᠨ ︽ᠹᠤᠩᠴᠢᠶᠤᠤ ᠶᠢᠨ ᠲᠤᠷᠰᠢᠯᠭ᠎ᠠ︾ ᠶᠢ ᠳᠡᠯᠭᠡᠷᠡᠭᠦᠯᠵᠦ᠂ ᠨᠡᠶᠢᠭᠡᠮ ᠤᠨ ᠵᠥᠷᠢᠴᠡᠯ ᠵᠢᠭᠤᠷᠠᠯᠳᠤᠭᠠᠨ ᠢ ᠤᠯᠠᠨ ᠡᠰᠢᠴᠢᠯᠡᠨ ᠤᠷᠢᠳᠴᠢᠯᠠᠨ ᠰᠡᠷᠭᠡᠶᠢᠯᠡᠬᠦ᠂ ᠡᠶᠡᠳᠡᠭᠦᠯᠦᠨ ᠰᠢᠢᠳᠪᠦᠷᠢᠯᠡᠬᠦ᠂ ᠠᠷᠢᠯᠭᠠᠬᠤ ᠶᠡᠷᠦᠩᠬᠡᠶᠢᠯᠡᠭᠰᠡᠨ ᠲᠣᠭᠲᠠᠴᠠ ᠶᠢ ᠲᠡᠭᠦᠯᠳᠡᠷᠵᠢᠭᠦᠯᠵᠦ᠂ ᠤᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠶᠣᠰᠣᠭᠠᠷ ᠡᠷᠬᠡ ᠪᠠᠨ ᠵᠥᠪ ᠬᠡᠷᠡᠭᠵᠢᠭᠦᠯᠵᠦ᠂ ᠭᠤᠮᠣᠳᠠᠯ ᠱᠠᠭᠠᠷᠳᠠᠯᠭ᠎ᠠ ᠪᠠᠨ ᠢᠯᠡᠳᠬᠡᠵᠦ᠂ ᠵᠢᠭᠤᠷᠠᠯᠳᠤᠭᠠᠨ ᠢ ᠰᠢᠢᠳᠪᠦᠷᠢᠯᠡᠬᠦ ᠪᠣᠯᠭᠠᠨ᠎ᠠ᠃        ᠠᠶᠤᠯᠭᠦᠶ ᠦᠢᠯᠡᠳᠪᠦᠷᠢᠯᠡᠯ ᠤᠨ ᠬᠤᠷᠢᠭ᠎ᠠ ᠱᠤᠭᠤᠮ ᠢ ᠪᠠᠲᠤ ᠴᠣᠭᠴᠠᠯᠠᠨ᠎ᠠ᠃ ︽ᠠᠶᠤᠯᠭᠦᠶ ᠦᠢᠯᠡᠳᠪᠦᠷᠢᠯᠡᠯ ᠤᠨ ᠬᠠᠤᠯᠢ︾ ᠪᠣᠯᠤᠨ ᠠᠶᠤᠯᠭᠦᠶ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠤᠨ ᠬᠤᠯᠪᠣᠭᠳᠠᠯ ᠪᠦᠬᠦᠢ ᠲᠣᠭᠲᠠᠭᠠᠯ ᠢ ᠴᠢᠩᠭ᠎ᠠ ᠨᠠᠶᠢᠳᠠᠪᠤᠷᠢᠵᠢᠭᠤᠯᠤᠨ᠎ᠠ᠃ ᠠᠶᠤᠯᠭᠦᠶ ᠦᠢᠯᠡᠳᠪᠦᠷᠢᠯᠡᠯ ᠤᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ᠂ ᠬᠤᠲᠠ ᠪᠠᠯᠭᠠᠰᠤᠨ ᠤ ᠰᠢᠲᠠᠮᠠᠬᠠᠶ ᠬᠡᠢ ᠶᠢᠨ ᠠᠶᠤᠯᠭᠦᠶ ᠶᠢᠨ ᠲᠤᠰᠬᠠᠶ ᠵᠦᠢᠯ ᠢᠶᠠᠷ ᠴᠡᠭᠴᠡᠯᠡᠨ ᠵᠠᠰᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠦᠨ᠎ᠡ᠃ ᠦᠢᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶ᠎ᠠ᠂ ᠨᠡᠭᠦᠷᠡᠰᠦᠨ ᠤ ᠪᠤᠰᠤ ᠠᠭᠤᠷᠬᠠᠶ᠂ ᠠᠶᠤᠯ ᠲᠠᠢ ᠬᠢᠮᠢ ᠶᠢᠨ ᠠᠵᠤ ᠠᠬᠤᠶᠢᠯᠠᠯ᠂ ᠵᠠᠮ ᠬᠠᠷᠢᠯᠴᠠᠭ᠎ᠠ ᠵᠡᠷᠭᠡ ᠬᠦᠷᠢᠶᠡᠨ ‍ᠣ‌ᠠᠵᠢᠯ ᠲᠥᠷᠥᠯ  ᠲᠤ ᠠᠩᠬᠠᠷᠤᠯ ᠢᠶᠠᠨ ᠲᠥᠪᠯᠡᠷᠡᠭᠦᠯᠵᠦ᠂ ᠡ᠊ᠨᠳᠡᠯ ‍ᠤᠨ‌‍ᠲ᠋ᠠᠯᠳᠠ ᠭᠡᠮ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠵᠤ᠂ ᠭᠠᠯ ᠤᠨᠲᠠᠷᠠᠭᠠᠵᠤ ᠠᠶᠤᠯ ᠠᠴᠠ ᠬᠠᠮᠠᠭᠠᠯᠠᠬᠤ ᠬᠠᠮᠢᠶᠠᠷᠤᠯᠲᠠ ᠶᠢ ᠴᠢᠩᠭᠠᠳᠬᠠᠨ᠂ ᠬᠠᠤᠯᠢ ᠪᠤᠰᠤ ᠪᠠ ᠬᠠᠤᠯᠢ ᠠᠴᠠ ᠵᠥᠷᠢᠴᠡᠨ ᠦᠢᠯᠡᠳᠪᠦᠷᠢᠯᠡᠬᠦ ᠥᠢᠯᠡ ᠠᠵᠢᠯᠯᠠᠭ᠎ᠠ ᠲᠤ ᠴᠣᠬᠢᠯᠲᠠ ᠥᠭᠬᠦ ᠡᠷᠴᠢᠮ ᠢᠶᠠᠨ ᠨᠡᠮᠡᠭᠳᠡᠭᠦᠯᠵᠦ᠂ ᠰᠤᠷᠭᠠᠭᠤᠯᠢ ᠵᠢᠨ‌‍ᠬᠦ᠋ᠷᠢᠶ᠎ᠡ ᠵᠢᠴᠢ ᠡᠷᠬᠢᠨ ᠲᠣᠭᠤᠷᠢᠨ ‍ᠣ‌ᠣᠷᠴᠢᠨ ᠲᠣᠭᠤᠷᠢᠨ ᠢ ᠶᠡᠷᠦᠩᠬᠡᠶᠢᠯᠡᠨ ᠴᠡᠭᠴᠡᠯᠡᠨ ᠵᠠᠰᠠᠬᠤ ᠠᠵᠢᠯ   ᠢ ᠲᠥᠪᠯᠡᠷᠡᠭᠦᠯᠦᠨ ᠥᠷᠨᠢᠭᠦᠯᠵᠦ᠂ ᠠᠮᠤᠷ ᠲᠦᠪᠰᠢᠨ ᠤ ᠲᠦᠭᠰᠢᠭᠦᠷᠢ ᠶᠢ ᠪᠦᠲᠦᠮᠵᠢᠲᠡᠶ ᠬᠠᠮᠢᠶᠠᠷᠤᠨ ᠡᠵᠡᠮᠳᠡᠨ᠎ᠡ᠃ ᠦᠶᠡᠷ ᠢ ᠰᠡᠷᠭᠡᠶᠢᠯᠡᠨ ᠭᠠᠩ ᠲᠠᠢ ᠲᠡᠮᠡᠴᠡᠬᠦ᠂ ᠤᠢ ᠰᠢᠭᠤᠶ ᠨᠤᠲᠤᠭ ᠪᠡᠯᠴᠢᠭᠡᠷ ᠤᠨ ᠭᠠᠯ ᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠨ᠎ᠡ᠃ ᠢᠳᠡᠭᠡᠨ ᠪᠠ ᠡᠮ ᠤᠨ ᠵᠤᠶᠢᠯ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠪᠥᠬᠦ ᠲᠠᠯ᠎ᠠ ᠪᠠᠷ ᠴᠢᠩᠭᠠᠳᠬᠠᠵᠤ᠂ ᠣᠯᠠᠨ ᠲᠦᠮᠡᠨ ᠤ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠦᠨᠡᠨᠬᠦ ᠪᠠᠲᠤᠯᠠᠨ᠎ᠠ᠃        ᠴᠡᠷᠢᠭ ᠠᠴᠠ ᠬᠠᠯᠠᠭᠳᠠᠭᠰᠠᠳ ᠲᠤ ᠦᠢᠯᠡᠴᠢᠯᠡᠬᠦ ᠪᠠᠲᠤᠯᠠᠭ᠎ᠠ ᠶᠢᠨ ᠠᠵᠢᠯ ᠢ ᠱᠠᠰᠢᠨ ᠰᠤᠷᠲᠠᠬᠤᠨ ᠤ ᠲᠤᠬᠠᠶ ᠨᠠᠮ ᠤᠨ ᠲᠦᠷᠦ ᠶᠢᠨ ᠪᠤᠳᠤᠯᠭ᠎ᠠ ᠶᠢ ᠪᠦᠬᠦ ᠶᠠᠰᠤ ᠴᠢᠨᠠᠷ ᠢᠶᠠᠷ ᠬᠤᠰᠢᠭᠤ ᠪᠠᠨ ᠬᠦᠴᠦᠷᠬᠡᠭᠵᠢᠭᠦᠯᠬᠦ ᠪᠠᠶᠢᠭᠤᠯᠤᠯᠲᠠ ᠶᠢ ᠯᠠᠪᠳᠠᠭᠤᠨ ᠪᠠᠲᠤᠲᠠᠶ ᠠᠬᠢᠭᠤᠯᠤᠨ᠎ᠠ᠃ ᠤᠯᠤᠰ ᠤᠨ ᠠᠮᠤᠷ ᠲᠦᠪᠰᠢᠨ᠂ ᠬᠤᠶᠠᠷ ᠢ ᠬᠦᠷᠢᠶᠡᠯᠡᠨ ᠬᠠᠮᠲᠤᠪᠠᠷ ᠪᠠᠶᠢᠭᠤᠯᠬᠤ᠂ ᠭᠠᠳᠠᠭᠠᠳᠤ ᠶᠠᠪᠤᠳᠠᠯ ᠬᠠᠷᠢᠶᠠᠲᠤ ᠨᠠᠷ ᠤᠨ ᠶᠠᠪᠤᠳᠠᠯ᠂ ᠴᠠᠭ ᠠᠭᠤᠷ ᠭᠠᠵᠠᠷ ᠬᠥᠳᠡᠯᠦᠯᠲᠡ ᠵᠡᠷᠭᠡ ᠠᠵᠢᠯ ᠢ ᠴᠢᠩᠭᠠᠳᠬᠠᠵᠤ᠂ ᠠᠵᠢᠯᠴᠢᠨ ᠤ ᠡᠪᠯᠡᠯ᠂ ᠡᠪ ᠬᠠᠮᠲᠤ ᠵᠠᠯᠠᠭᠤᠴᠤᠳ ᠤᠨ ᠡᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠨᠡᠶᠢᠭᠡᠮᠯᠢᠭ᠂ ᠡᠮᠡᠭᠲᠡᠶᠢᠴᠦᠳ ᠤᠨ ᠬᠤᠯᠪᠣᠭ᠎ᠠ᠂ ᠤᠳᠬ᠎ᠠ ᠤᠷᠠᠯᠢᠭ ᠤᠨ ᠬᠢᠨ ᠤ ᠬᠤᠯᠪᠣᠭ᠎ᠠ ᠂ ᠵᠡᠮᠳᠡᠭᠴᠦᠳ ᠤᠨ ᠬᠤᠯᠪᠣᠭ᠎ᠠ᠂ ᠤᠯᠠᠭᠠᠨ ᠵᠠᠭᠠᠯᠮᠠᠶᠢᠲᠠᠨ ᠤ ᠨᠡᠶᠢᠭᠡᠮᠯᠢᠭ ᠵᠡᠷᠭᠡ ᠠᠵᠢᠯ ᠦᠢᠯᠡᠰ ᠤᠨ ᠬᠥᠭᠵᠢᠯᠲᠡ ᠶᠢ ᠳᠡᠮᠵᠢᠨ᠎ᠡ᠃   ᠳᠥᠷᠪᠡ᠂ ᠵᠠᠰᠠᠭ ᠤᠨ ᠣᠷᠳᠣᠨ ᠤ ᠲᠣᠰ ᠪᠡᠶ᠎ᠡ ᠶᠢᠨ ᠪᠠᠶᠢᠭᠤᠯᠤᠯᠲᠠ ᠶᠢ ᠪᠥᠬᠦ ᠲᠠᠯ᠎ᠠ ᠪᠠᠷ ᠪᠦᠳᠦᠭᠡᠨ ᠪᠠᠶᠢᠭᠤᠯᠬᠤ   ᠲᠥᠯᠥᠭᠡᠯᠡᠭᠴᠢᠳ ᠡ︕ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠡᠭᠦᠷᠭᠡ ᠲᠤᠰᠢᠶᠠᠯ ᠢᠶᠠᠨ ᠦᠨᠡᠨᠴᠢ ᠰᠢᠳᠤᠷᠭᠤ ᠪᠠᠷ ᠭᠦᠢᠴᠡᠳᠬᠡᠵᠦ᠂ ᠡᠷᠡᠰ ᠰᠢᠭᠤᠷᠬᠠᠢ ᠪᠠᠷ ᠤᠷᠤᠭᠰᠢᠯᠠᠨ ᠲᠠᠪᠰᠢᠵᠥ᠂ ᠵᠠᠰᠠᠭ ᠤᠨ ᠣᠷᠳᠣᠨ ᠤ ︽ᠰᠢᠷᠭᠠᠭᠤ ᠬᠥᠳᠡᠯᠮᠦᠷᠢ ᠶᠢᠨ ᠵᠢᠭᠠᠯᠲᠠ ᠲᠤᠭ᠎ᠠ︾ ᠪᠠᠷ ᠠᠷᠠᠳ ᠤᠯᠠᠨ ᠤ ︽ᠵᠣᠯ ᠵᠢᠷᠭᠠᠯ ᠤᠨ ᠵᠢᠭᠠᠯᠲᠠ ᠲᠤᠭ᠎ᠠ︾ ᠶᠢ ᠰᠤᠯᠢᠨ ᠠᠪᠴᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠦᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠣᠷᠳᠣᠨ ᠢ ᠴᠢᠷᠮᠠᠶᠢᠨ ᠪᠠᠶᠢᠭᠤᠯᠤᠨ᠎ᠠ᠃    ᠲᠤᠭ ᠲᠡᠮᠳᠡᠭ ᠲᠣᠳᠣᠷᠬᠠᠶ ᠪᠠᠷ ᠤᠯᠤᠰ ᠲᠦᠷᠦ ᠶᠢ ᠡᠷᠬᠢᠮᠯᠡᠨ᠎ᠡ᠃ ᠠᠭᠤᠤ ᠶᠡᠭᠡ ᠨᠠᠮ ᠪᠠᠶᠢᠭᠤᠯᠬᠤ ᠵᠣᠷᠢᠭ ᠰᠠᠨᠠᠭ᠎ᠠ ᠶᠢ ᠶᠡᠬᠡᠪᠡᠷ ᠪᠠᠳᠠᠷᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠤᠷᠳᠤ ᠬᠤᠭᠤᠴᠠᠭ᠎ᠠ ᠪᠠᠷ ᠰᠤᠷᠤᠯᠴᠠᠨ ᠣᠶᠢᠯᠠᠭᠠᠵᠤ ᠨᠡᠪᠲᠡᠷᠬᠡᠢ ᠣᠶᠢᠯᠠᠭᠠᠵᠤ ᠪᠣᠳᠠᠲᠠᠶᠢᠵᠢᠭᠤᠯᠵᠤ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠵᠢᠷᠭᠤᠳᠤᠭᠠᠷ ᠪᠦᠬᠦᠳᠠ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠤᠱᠯᠠᠭᠤᠯᠬᠤ ᠬᠡᠷᠡᠭᠲᠡᠢ᠃ ︽ᠬᠤᠶᠠᠷ ᠢ ᠲᠣᠭᠲᠠᠭᠠᠬᠤ︾ ᠶᠢ ᠪᠠᠷᠢᠮᠲᠠᠯᠠᠨ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠬᠡᠬᠦᠳᠡᠭ ᠴᠡᠭᠡᠵᠢᠨ ᠳᠡᠭᠡᠨ ︽ᠬᠤᠶᠠᠷ ᠶᠡᠭᠡ ᠲᠠᠯ᠎ᠠ︾ ᠶᠢ ᠪᠠᠭᠲᠠᠭᠠᠵᠤ᠂ ︽ᠤᠯᠤᠰ ᠤᠨ ᠶᠡᠭᠡ ᠲᠠᠯ᠎ᠠ︾ ᠶᠢ ᠪᠠᠲᠤ ᠴᠡᠭᠡᠵᠢᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠤᠬᠠᠪᠤᠷᠢᠯᠠᠬᠤ ᠴᠢᠳᠠᠪᠤᠷᠢ᠂ ᠤᠯᠤᠰ ᠲᠦᠷᠦ ᠶᠢᠨ ᠭᠦᠢᠴᠡᠳᠬᠡᠬᠦ ᠴᠢᠳᠠᠪᠤᠷᠢ ᠪᠠᠨ ᠲᠠᠰᠤᠷᠠᠯᠳᠠ ᠦᠭᠡᠢ ᠳᠡᠭᠡᠭᠰᠢᠯᠡᠭᠦᠯᠵᠦ᠂ ᠪᠣᠳᠠᠲᠤ ᠠᠵᠢᠯᠯᠠᠭ᠎ᠠ ᠪᠠ ᠪᠣᠳᠠᠲᠤ ᠦᠷ᠎ᠡ ᠪᠦᠲᠦᠮᠵᠢ ᠪᠠᠷ ᠢᠶᠠᠨ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ ᠪᠠᠶᠢᠬᠤ ᠶᠢ ᠲᠠᠶᠢᠯᠪᠤᠷᠢᠯᠠᠨ᠎ᠠ᠃        ᠬᠠᠤᠯᠢ ᠪᠠᠷ ᠵᠠᠰᠠᠬᠤ ᠶᠢ ᠡᠷᠡᠰ ᠭᠤᠶᠢᠪᠢᠰᠢ ᠦᠭᠡᠢ ᠡᠷᠬᠢᠮᠯᠡᠨ᠎ᠡ᠃ ᠰᠢ ᠶᠢᠨ ᠫᠢᠩ ᠬᠠᠤᠯᠢ ᠪᠠᠷ ᠵᠠᠰᠠᠬᠤ ᠦᠵᠡᠯ ᠰᠠᠨᠠᠭ᠎ᠠ ᠶᠢ ᠵᠠᠰᠠᠭ ᠤᠨ ᠣᠷᠳᠣᠨ ᠤ ᠠᠵᠢᠯ ᠤᠨ ᠪᠦᠬᠦ ᠶᠠᠪᠤᠴᠠ ᠳᠤ ᠲᠤᠤᠱᠯᠠᠭᠤᠯᠵᠤ᠂ ᠬᠠᠤᠯᠢ ᠪᠠᠷ ᠵᠠᠰᠠᠬᠤ ᠵᠠᠰᠠᠭ ᠤᠨ ᠣᠷᠳᠣᠨ᠂ ᠦᠨᠡᠨᠴᠢ ᠢᠲᠡᠭᠡᠮᠵᠢᠲᠡᠶ ᠵᠠᠰᠠᠭ ᠤᠨ ᠣᠷᠳᠣᠨ ᠤ ᠪᠠᠶᠢᠭᠤᠯᠤᠯᠲᠠ ᠶᠢ ᠭᠦᠨᠵᠡᠭᠡᠶ ᠲᠦᠯᠬᠢᠨ ᠠᠬᠢᠭᠤᠯᠤᠨ᠎ᠠ᠃ ᠴᠢᠬᠤᠯᠠ ᠶᠡᠭᠡ ᠵᠠᠰᠠᠭ ᠵᠠᠬᠢᠷᠭᠠᠨ ᠤ  ᠰᠢᠢᠳᠪᠦᠷᠢᠳᠦ ᠪᠤᠳᠤᠯᠭ᠎ᠠ ᠲᠣᠭᠲᠠᠭᠠᠬᠤ ᠵᠢᠷᠤᠮ ᠢ ᠴᠢᠩᠭ᠎ᠠ ᠵᠢᠷᠤᠮᠯᠠᠵᠤ᠂ ᠵᠠᠰᠠᠭ ᠵᠠᠬᠢᠷᠭᠠᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠯᠲᠠ ᠶᠢ ︽12345︾ ᠵᠠᠰᠠᠭ ᠤᠨ ᠣᠷᠳᠣᠨ ᠤ ᠦᠢᠯᠡᠴᠢᠯᠡᠭᠡᠨ ᠤ ᠬᠠᠯᠠᠭᠤᠨ ᠤᠲᠠᠰᠤ ᠪᠠ ᠰᠦᠯᠵᠢᠶᠡᠨ ᠳᠡᠭᠡᠷᠡᠬᠢ ᠬᠦᠯᠢᠶᠡᠨ ᠠᠪᠴᠤ ᠰᠢᠢᠳᠪᠦᠷᠢᠯᠡᠬᠦ ᠲᠠᠪᠴᠠᠩ ᠢ ᠰᠠᠶᠢᠲᠤᠷ ᠬᠡᠷᠡᠭᠯᠡᠵᠦ᠂ ᠤᠯᠠᠨ ᠲᠦᠮᠡᠨ ᠤ ᠲᠤᠰᠬᠠᠭᠰᠠᠨ ᠪᠤᠬᠢᠨᠢᠳᠤᠯ ᠲᠠᠢ ᠶᠠᠪᠤᠳᠠᠯ᠂ ᠰᠠᠨᠠᠭᠠᠰᠢᠷᠠᠯ ᠲᠠᠢ ᠶᠠᠪᠤᠳᠠᠯ ᠢ ᠴᠠᠭ ᠲᠤᠬᠠᠶ ᠳᠤᠨᠢ  ᠰᠢᠢᠳᠪᠦᠷᠢᠯᠡᠨ᠎ᠡ᠃ ᠨᠠᠢᠮᠠᠳᠤᠭᠠᠷ ᠲᠠᠪᠤᠨ ᠵᠢᠯ ᠤᠨ ᠬᠠᠤᠯᠢ ᠴᠠᠭᠠᠵᠠ ᠶᠢᠨ ᠶᠡᠷᠦ ᠶᠢᠨ ᠮᠡᠳᠡᠯᠭᠡ ᠶᠢ ᠲᠦᠭᠡᠮᠡᠯᠵᠢᠭᠦᠯᠬᠦ ᠠᠵᠢᠯ ᠢ ᠦᠷᠭᠦᠯᠵᠢᠯᠡᠨ ᠰᠠᠶᠢᠲᠤᠷ ᠠᠳᠬᠤᠵᠤ᠂ ᠺᠠᠳ᠋ᠷᠴᠤᠳ ᠢ ᠬᠥᠲᠥᠯᠥᠨ ᠵᠢᠯᠣᠭᠤᠳᠴᠤ ᠪᠠᠶᠢᠭᠠᠳ ᠬᠠᠤᠯᠢ ᠪᠠᠷ ᠵᠠᠰᠠᠬᠤ ᠰᠡᠳᠬᠢᠬᠦᠶ ᠪᠠ ᠬᠠᠤᠯᠢ ᠪᠠᠷ ᠵᠠᠰᠠᠬᠤ ᠠᠷᠭ᠎ᠠ ᠮᠠᠶ᠋ᠢᠭ ᠢᠶᠠᠷ ᠠᠵᠢᠯ ᠢ ᠨᠢ ᠲᠦᠯᠬᠢᠨ ᠠᠬᠢᠭᠤᠯᠵᠤ᠂ ᠠᠰᠠᠭᠤᠳᠠᠯ ᠢ ᠨᠢ ᠰᠢᠢᠳᠪᠦᠷᠢᠯᠡᠬᠦᠯᠦᠨ᠎ᠡ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠠᠤᠯᠢ ᠴᠠᠭᠠᠵᠠ ᠶᠢᠨ ᠬᠢᠨᠠᠯᠲᠠ ᠪᠠ ᠤᠯᠤᠰ ᠲᠦᠷᠦ ᠶᠢᠨ ᠵᠥᠪᠯᠡᠯᠭᠡᠨ ᠤ ᠠᠷᠠᠳᠴᠢᠯᠠᠭᠰᠠᠨ ᠬᠢᠨᠠᠯᠲᠠ ᠶᠢ ᠤᠬᠠᠮᠰᠠᠷ ᠠᠴᠠ ᠪᠠᠨ ᠬᠦᠯᠢᠶᠡᠵᠦ᠂ ᠬᠢᠨᠠᠨ ᠪᠠᠶᠢᠴᠠᠭᠠᠬᠤ ᠬᠢᠨᠠᠯᠲᠠ᠂ ᠬᠢᠨᠠᠨ ᠪᠤᠳᠤᠬᠤ ᠬᠢᠨᠠᠯᠲᠠ᠂ ᠨᠡᠶᠢᠭᠡᠮ ᠤᠨ ᠬᠢᠨᠠᠯᠲᠠ ᠪᠠ ᠶᠠᠷᠢᠶ᠎ᠠ ᠬᠡᠯᠡᠯᠴᠡᠭᠡᠨ ᠤ ᠬᠢᠨᠠᠯᠲᠠ ᠶᠢ ᠰᠠᠨᠠᠭᠠᠴᠢᠯᠠᠭ᠎ᠠ ᠠᠴᠠ ᠪᠠᠨ ᠬᠦᠯᠢᠶᠡᠵᠦ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠤᠨ ᠬᠠᠤᠯᠢ ᠪᠠᠷ ᠵᠠᠰᠠᠬᠤ ᠵᠠᠮ ᠢᠶᠠᠷ ᠶᠠᠪᠤᠭᠳᠠᠬᠤ ᠶᠢ ᠦᠨᠡᠨ ᠬᠦ ᠪᠠᠲᠤᠯᠠᠨ᠎ᠠ᠃ᠦᠨᠡᠨᠬᠦ ᠠᠳᠬᠤᠨ ᠪᠣᠳᠠᠲᠠᠢ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠶᠢ ᠡᠷᠬᠢᠮᠯᠡᠨ᠎ᠡ᠃ ᠲᠡᠷᠢᠭᠦᠨ ᠳᠤ ᠣᠷᠣᠬᠤ ᠪᠠᠷ ᠴᠢᠷᠮᠠᠶᠢᠬᠤ ᠰᠥᠰᠥ ᠵᠣᠷᠢᠭ᠂ ᠥᠪᠡᠷ ᠤᠨ ᠪᠡᠶ᠎ᠡ ᠳᠡᠭᠡᠨ ᠳᠠᠷᠤᠯᠲᠠ ᠥᠭᠬᠦ ᠰᠥᠰᠥ ᠵᠣᠷᠢᠭ᠂ ᠵᠠᠮ ᠨᠡᠭᠡᠭᠡᠨ ᠡᠷᠡᠯᠬᠡᠭᠯᠡᠨ ᠤᠷᠤᠭᠰᠢᠯᠠᠬᠤ ᠣᠮᠤᠭ ᠵᠣᠷᠢᠭ ᠢ ᠢᠮᠠᠭᠲᠠ ᠪᠠᠷᠢᠮᠲᠠᠯᠠᠵᠤ᠂ ᠰᠠᠨᠠᠭᠠᠴᠢᠯᠠᠭ᠎ᠠ ᠠᠴᠠ ᠪᠠᠨ ︽ᠲᠠᠭᠠᠯᠠᠮᠵᠢᠲᠠᠢ ᠣᠷᠣᠨ︾ ᠠᠴᠠ ᠪᠠᠨ ᠦᠰᠦᠷᠦᠨ ᠭᠠᠷᠴᠤ᠂ ︽ᠬᠥᠮᠦᠨ ᠦᠭᠡᠢ ᠣᠷᠣᠨ︾ ᠳᠤ ᠵᠣᠷᠢᠭᠲᠠᠢ ᠣᠷᠣᠵᠤ᠂ ᠠᠶᠤᠯ ᠲᠦᠭᠰᠢᠭᠦᠷᠢ ᠶᠢᠨ ᠡᠮᠦᠨ᠎ᠡ ᠵᠣᠷᠢᠭᠲᠠᠢ ᠬᠢᠵᠦ ᠵᠣᠷᠢᠭᠲᠠᠢ ᠬᠢᠵᠦ᠂ ᠵᠥᠷᠢᠴᠡᠯ ᠤᠨ ᠡᠮᠦᠨ᠎ᠡ ᠵᠣᠷᠢᠭᠲᠠᠢ ᠠᠳᠬᠤᠵᠤ ᠵᠣᠷᠢᠭᠲᠠᠢ ᠬᠠᠮᠢᠶᠠᠷᠬᠤ ᠬᠡᠷᠡᠭᠲᠡᠢ᠃ ᠠᠵᠢᠯ ᠤᠨ ᠪᠦᠲᠦᠮᠵᠢ ᠶᠢᠨ ᠲᠤᠬᠠᠶ ᠵᠥᠪ ᠦᠵᠡᠯᠲᠡ ᠶᠢ ᠪᠠᠲᠤ ᠪᠠᠬᠢ ᠪᠤᠢ ᠪᠣᠯᠭᠠᠵᠤ᠂ ᠶᠡᠭᠡ ᠶᠢ ᠬᠥᠭᠡᠭᠡᠴᠡᠯᠳᠦᠵᠦ ᠬᠠᠷᠢ ᠶᠢᠨ ᠬᠢ ᠶᠢ ᠬᠥᠭᠡᠭᠡᠴᠡᠯᠳᠦᠬᠦ ᠦᠭᠡᠢ᠂ ᠰᠣᠬᠤᠷ ᠪᠠᠯᠠᠶ ᠪᠠᠷ ᠰᠢᠢᠳᠪᠦᠷᠢᠳᠦ ᠪᠤᠳᠤᠯᠭ᠎ᠠ ᠲᠣᠭᠲᠠᠭᠠᠬᠤ ᠦᠭᠡᠢ᠂ ᠪᠠᠶᠢᠴᠠᠭᠠᠨ ᠰᠤᠳᠤᠯᠤᠯᠲᠠ‌‍ᠶᠢ ᠭᠦᠨᠵᠡᠭᠡᠶ ᠥᠷᠨᠢᠭᠦᠯᠵᠦ᠂ ᠡᠯ᠎ᠡ ᠵᠦᠢᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠪᠤᠰᠤᠳᠴᠢ ᠵᠢᠮ᠎ᠡ ᠶᠣᠰᠣᠨ ᠳᠤ ᠨᠡᠩ ᠨᠡᠶᠢᠴᠡᠭᠦᠯᠵᠦ᠂ ᠴᠠᠭ ᠦᠶ᠎ᠡ ᠶᠢᠨ ᠱᠠᠭᠠᠷᠳᠠᠯᠭ᠎ᠠ ᠳᠤ ᠨᠡᠶᠢᠴᠡᠭᠦᠯᠵᠦ᠂ ᠤᠯᠠᠨ ᠲᠦᠮᠡᠨ ᠤ ᠬᠦᠰᠡᠯ ᠡᠷᠡᠮᠡᠯᠵᠡᠯ ᠳᠤ ᠨᠡᠶᠢᠴᠡᠭᠦᠯᠵᠦ᠂ ᠠᠵᠢᠯ ᠬᠢᠬᠦ ᠳᠤᠷᠠᠲᠠᠶ᠂ ᠠᠵᠢᠯ ᠬᠢᠬᠦ ᠳᠤᠷᠠᠲᠠᠶ᠂ ᠠᠵᠢᠯ ᠬᠢᠬᠦ ᠶᠠᠪᠤᠳᠠᠯ ᠢ ᠰᠢᠨ᠎ᠡ ᠨᠢᠭᠡ ᠬᠤᠭᠤᠴᠠᠭᠠᠨ ᠤ ᠵᠠᠰᠠᠭ ᠤᠨ ᠣᠷᠳᠣᠨ ᠤ ᠦᠷᠳᠡᠭ ᠤᠨ ᠬᠥᠭᠡᠭᠡᠴᠡᠯᠳᠦᠯ ᠪᠣᠯᠭᠠᠬᠤ ᠬᠡᠷᠡᠭᠲᠡᠶ᠃        ᠪᠢᠰᠢᠷᠡᠨ ᠵᠢᠷᠦᠬᠡᠰᠢᠶᠡᠬᠦ ᠰᠡᠳᠬᠢᠯᠭᠡ ᠲᠠᠢ ᠪᠠᠶᠢᠵᠤ ᠠᠷᠢᠭᠤᠨ ᠴᠢᠬᠡᠴᠢ ᠶᠢ ᠡᠷᠬᠢᠮᠯᠡᠨ᠎ᠡ᠃ ᠪᠡᠶ᠎ᠡ ᠪᠠᠨ ᠲᠣᠭᠲᠠᠨᠢᠭᠤᠯᠬᠤ ᠳᠤ ᠬᠥᠮᠦᠨ ᠪᠣᠯᠬᠤ ᠶᠢᠨ ᠦᠨᠳᠦᠰᠦ ᠪᠠᠨ ᠦᠯᠦ ᠮᠠᠷᠲᠠᠬᠤ᠂ ᠵᠠᠰᠠᠭ ᠪᠠᠷᠢᠬᠤ ᠳᠤ ᠠᠯᠪᠠᠨ ᠵᠠᠷᠤᠴᠠ ᠶᠢᠨ ᠰᠡᠳᠬᠢᠯ ᠢᠶᠠᠨ ᠦᠯᠦ ᠬᠤᠪᠢᠷᠠᠭᠤᠯᠬᠤ᠂ ᠡᠷᠬᠡ ᠪᠠᠨ ᠬᠡᠷᠡᠭᠯᠡᠬᠦ ᠳᠤ ᠬᠤᠪᠢ ᠶᠢᠨ ᠠᠰᠢᠭ ᠲᠤᠰᠠ ᠪᠠᠨ ᠦᠯᠦ ᠪᠤᠳᠤᠬᠤ ᠶᠢ ᠪᠠᠷᠢᠮᠲᠠᠯᠠᠵᠤ᠂ ᠲᠥᠪ ᠬᠤᠷᠢᠶᠠᠨ ᠤ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ︽ᠲᠦᠷᠪᠡᠨ ᠰᠤᠷᠲᠠᠯ︾ ᠢ ᠴᠥᠬᠦᠷᠡᠰᠢ ᠦᠭᠡᠢ ᠵᠠᠯᠠᠷᠠᠭᠤᠯᠵᠤ᠂ ᠰᠤᠷᠲᠠᠯ ᠢᠶᠠᠨ ᠬᠤᠪᠢᠷᠠᠭᠤᠯᠵᠤ᠂ ᠰᠢᠨ᠎ᠡ ᠰᠤᠷᠲᠠᠯ ᠢ ᠪᠤᠢ ᠪᠣᠯᠭᠠᠨ᠎ᠠ᠃ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠶᠢ ᠲᠦᠷᠦᠭᠦᠯᠡᠨ ᠰᠠᠬᠢᠵᠤ᠂ ᠭᠤᠣᠯᠳᠠᠯᠭ᠎ᠠ ᠲᠠᠢ ᠬᠦᠷᠢ᠊ ᠡᠶ᠎ᠡ ᠪᠣᠯᠤᠨ ᠵᠠᠩᠭᠢᠯᠠᠭ᠎ᠠ ᠶᠢᠨ ᠠᠵᠢᠯ ᠤᠨ ᠪᠠᠶᠢᠷᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠤᠯᠠᠨ ᠲᠦᠮᠡᠨ ᠤ ᠠᠰᠢᠭ ᠲᠤᠰᠠ ᠶᠢ ᠬᠤᠬᠢᠷᠠᠭᠤᠯᠤᠭᠰᠠᠨ᠂ ᠬᠤᠳᠠᠯᠳᠤᠭ᠎ᠠ ᠡᠷᠬᠢᠯᠡᠬᠦ ᠣᠷᠴᠢᠨ ᠲᠣᠭᠤᠷᠢᠨ ᠢ ᠡᠪᠳᠡᠭᠰᠡᠨ ᠵᠡᠷᠭᠡ ᠲᠣᠭᠲᠠᠭᠠᠯ ᠠᠴᠠ ᠵᠥᠷᠢᠴᠡᠵᠦ ᠰᠠᠬᠢᠯᠭ᠎ᠠ ᠪᠠᠲᠤ ᠠᠴᠠ ᠵᠥᠷᠢᠴᠡᠭᠰᠡᠨ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠥᠴᠦᠬᠡᠨ ᠴᠦ ᠢᠯᠳᠠᠷ ᠬᠠᠶᠠᠬᠤ ᠦᠭᠡᠢ ᠣᠪᠣᠷ ᠢᠶᠠᠷ ᠢᠯᠵᠢᠷᠡᠯ ᠢ ᠵᠠᠯᠬᠠᠭᠠᠨ ᠰᠢᠳᠬᠡᠵᠦ᠂ ᠬᠤᠷᠢᠭ᠎ᠠ ᠱᠤᠭᠤᠮ ᠢ ᠪᠠᠲᠤ ᠰᠠᠬᠢᠵᠤ᠂ ︽ᠤᠯᠠᠭᠠᠨ ᠱᠤᠭᠤᠮ︾ ᠢ ᠳᠠᠪᠠᠭ᠋ᠤ ᠦᠭᠡᠢ᠂ ︽ᠥᠨᠳᠥᠷ ᠬᠦᠴᠦᠳᠡᠯᠲᠦ ᠴᠠᠬᠢᠯᠭᠠᠨ ᠱᠤᠭᠤᠮ︾ ᠢ ᠬᠦᠨᠳᠡᠬᠦ ᠦᠭᠡᠢ ᠪᠠᠶᠢᠬᠤ ᠬᠡᠷᠡᠭᠲᠡᠢ᠃        ᠲᠥᠯᠥᠭᠡᠯᠡᠭᠴᠢᠳ ᠡ᠂ ᠭᠠᠭᠴᠠᠬᠦ ᠪᠣᠳᠠᠲᠠᠢ ᠪᠠᠷ ᠠᠵᠢᠯᠯᠠᠪᠠᠯ ᠰᠠᠶ᠋ᠢ ᠵᠢᠷᠤᠭ ᠲᠥᠰᠦᠪ ᠢᠶᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠂ ᠭᠠᠭᠴᠠᠬᠦ ᠲᠡᠮᠡᠴᠡᠪᠡᠯ ᠰᠠᠶᠢ ᠬᠦᠰᠡᠯ ᠡᠷᠡᠮᠡᠯᠵᠡᠯ ᠢᠶᠠᠨ ᠪᠣᠳᠠᠲᠤ ᠠᠬᠤᠢ ᠪᠣᠯᠭᠠᠨ ᠬᠤᠪᠢᠷᠠᠭᠤᠯᠵᠤ ᠴᠢᠳᠠᠨ᠎ᠠ᠃ ᠪᠢᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠢᠭᠲᠠᠷᠠᠨ ᠪᠦᠯᠬᠦᠮᠳᠡᠵᠦ᠂ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠪᠠ ᠬᠤᠰᠢᠭᠤᠨ ᠤ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠡᠭᠦᠷᠭᠡ ᠬᠠᠷᠢᠭᠤᠴᠠᠯᠭ᠎ᠠ ᠶᠢ ᠵᠣᠷᠢᠭᠲᠠᠶ ᠪᠠᠷ ᠡᠭᠦᠷᠭᠡᠯᠡᠵᠦ᠂ ᠤᠷᠢᠳᠤᠬᠢ ᠶᠢ ᠵᠠᠯᠭᠠᠮᠵᠢᠯᠠᠨ ᠬᠤᠶᠢᠰᠢᠬᠢ ᠳᠤ ᠵᠠᠮ ᠨᠡᠭᠡᠭᠡᠵᠦ᠂ ᠣᠳᠣᠬᠢᠴᠢᠯᠠᠭᠰᠠᠨ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ ᠶᠢ ᠪᠦᠭᠦ ᠲᠠᠯ᠎ᠠ ᠪᠠᠷ ᠪᠠᠶᠢᠭᠤᠯᠬᠤ ᠰᠢᠨ᠎ᠡ ᠬᠠᠭᠤᠳᠠᠰᠤ ᠶᠢ ᠡᠷᠴᠢᠮᠲᠡᠶ ᠨᠡᠭᠡᠭᠡᠶ᠎ᠡ︕
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05070829号